ᠦᠪᠦᠷ ᠵᠠᠰᠠᠭ ᠠᠯᠪᠠᠨ ᠲᠠᠷᠬᠠᠭᠠᠭᠰᠠᠨ ﹇2016﹈ 210 ᠳ᠋ᠤᠭᠠᠷ ᠲᠤᠭᠠᠳᠤ | 2016 ᠣᠨ ᠤ 12 ᠳ᠋ᠤᠭᠠᠷ ᠰᠠᠷ᠎ᠠ ᠶᠢᠨ 29 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠭᠢᠮ ᠤᠨ ᠲᠣᠭᠲᠠᠭᠠᠭᠰᠠᠨ ︽ᠦᠪᠦᠷ | ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢᠨ ᠦᠪᠡᠷᠲᠡᠭᠡᠨ ᠵᠠᠰᠠᠬᠤ | ᠣᠷᠣᠨ ᠤ ᠲᠣᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠦᠰᠦᠯ︾ ᠢ ᠦᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ | ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | ᠦᠪᠦᠷ ᠮᠣᠩᠭᠤᠯ ᠤᠨ ᠦᠪᠡᠷᠲᠡᠭᠡᠨ ᠵᠠᠰᠬᠠᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢᠨ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠦᠰᠦᠯ | ︵ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠭᠢᠮ 2016 ᠣᠨ ᠤ 12 ᠳ᠋ᠤᠭᠠᠷ | ᠰᠠᠷ᠎ᠠ︶ | ︽ᠤᠯᠤᠰ ᠤᠨ ᠤᠷᠲᠤᠪᠲᠤᠷ ᠪᠠ ᠤᠷᠲᠤ ᠬᠤᠭᠤᠴᠠᠭᠠᠨ ᠤ ᠰᠤᠷᠭᠠᠨ ᠬᠦᠮᠦᠵᠢᠯ ᠤᠨ ᠦᠭᠡᠷᠡᠴᠢᠯᠡᠯᠲᠡ ᠪᠠ | ᠬᠥᠭᠵᠢᠯᠲᠡ ᠶᠢᠨ ᠲᠦᠯᠦᠪᠵᠢᠭᠦᠯᠭᠡ ᠶᠢᠨ ᠬᠦᠲᠦᠯᠪᠦᠷᠢ ᠶᠢᠨ ᠲᠣᠪᠴᠢ ︵2010 — 2020︶︾ ᠪᠣᠯᠣᠨ ︽ | ᠬᠦᠳᠡᠭᠡ ᠲᠤᠰᠬᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠦᠯᠦᠪᠯᠡᠭᠡ ᠶᠢ ᠬᠡᠷᠡᠭᠵᠢᠭᠦᠯᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠭᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2011﹈ 54 ᠳ᠋ᠤᠭᠡᠷ ᠲᠣᠭᠠᠲᠤ᠂ ᠳᠣᠷᠤᠭᠰᠢ ︽ | ᠰᠠᠨᠠᠯ︾ ᠭᠡᠵᠦ ᠲᠣᠪᠴᠢᠯᠠᠨ᠎ᠠ︶ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠰᠤᠷᠭᠠᠨ | ᠬᠦᠮᠦᠵᠢᠯ ᠤᠨ ᠶᠠᠮᠤᠨ ᠤ ᠠᠯᠪᠠᠨ ᠲᠢᠩᠭᠢᠮ᠂ ᠤᠯᠤᠰ ᠤᠨ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ ᠤᠨ | ᠠᠯᠪᠠᠨ ᠲᠢᠩᠬᠢᠮ᠂ ᠡᠳ᠋ ᠤᠨ ᠵᠠᠰᠠᠭ ᠤᠨ ᠶᠠᠮᠦᠨ ᠤ ᠠᠯᠪᠠᠨ ᠲᠢᠩᠬᠢᠮ ᠤᠨ ︽ᠰᠤᠷᠤᠭᠴᠢᠳ ᠤᠨ ᠰᠢᠮ᠎ᠡ ᠲᠡᠵᠢᠭᠡᠯ ᠢ | ᠰᠠᠶᠢᠵᠢᠷᠠᠭᠤᠯᠬᠤ ᠲᠦᠯᠦᠪᠯᠡᠭᠡ ᠶᠢᠨ ᠣᠷᠣᠨ ᠨᠤᠲᠤᠭ ᠤᠨ ᠲᠣᠷᠰᠢᠯᠲᠠ ᠶᠢᠨ ᠴᠢᠬ ᠤᠨ ᠬᠡᠪᠴᠢᠶ᠎ᠡ ᠶᠢ ᠤᠯᠠᠮ ᠨᠢᠭᠡ | ᠠᠯᠬᠤᠮ ᠥᠷᠭᠡᠳᠭᠡᠵᠦ ᠤᠯᠤᠰ ᠤᠨ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠰᠢᠶᠠᠨ ᠢ | ᠪᠦᠷᠢᠨ ᠪᠦᠷᠭᠦᠬᠦᠯᠬᠦ ᠶᠢ ᠪᠡᠶᠡᠯᠡᠭᠦᠯᠬᠦ ᠲᠣᠬᠠᠢ ᠰᠠᠨᠠᠯ︾ ︵ᠰᠤᠷᠭᠠᠨ ᠰᠢᠮᠳᠠᠭᠤᠯᠬᠤ ᠲᠢᠩᠭᠢᠮ ᠵᠠᠬᠢᠳᠠᠯ ﹇2016﹈ | 6 ᠳ᠋ᠤᠭᠠᠷ ᠲᠣᠭᠠᠲᠤ︶ ᠪᠠ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 2016 ᠣᠨ ᠤ | 13 ᠳ᠋ᠤᠭᠠᠷ ᠤᠳᠠᠭᠠᠨ ᠤ ᠲᠡᠷᠢᠭᠦᠯᠡᠭᠴᠢ ᠶᠢᠨ ᠠᠯᠪᠠᠨ ᠠᠵᠢᠯ ᠤᠨ ᠬᠤᠷᠠᠯ ᠤᠨ ᠱᠠᠭᠠᠷᠳᠠᠯᠭ᠎ᠠ ᠶᠤᠰᠤᠭᠠᠷ ᠲᠤᠰ | ᠲᠦᠰᠦᠯ ᠢ ᠲᠣᠭᠲᠠᠭᠠᠪᠠ᠃ | ᠨᠢᠭᠡ᠂ ᠠᠵᠢᠯ ᠤᠨ ᠬᠠᠷᠠᠯᠲᠠ | ︽ᠰᠠᠨᠠᠯ︾ ᠤᠨ ᠱᠠᠭᠠᠷᠳᠠᠯᠭ᠎ᠠ ᠶᠤᠰᠤᠭᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠶᠠᠳᠠᠭᠤ ᠠᠴᠠ ᠠᠩᠬᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ | ᠢᠯᠠᠯᠲᠠ ᠶᠢ ᠣᠯᠬᠤ ᠲᠣᠬᠠᠢ ᠲᠣᠭᠲᠠᠭᠠᠯ︾ ︵ᠲᠦᠪ ᠲᠠᠷᠬᠠᠭᠠᠭᠰᠠᠨ ﹇2015﹈ 34 ᠳ᠋ᠤᠭᠡᠷ ᠲᠣᠭᠠᠲᠤ︶ | ᠪᠣᠯᠣᠨ ︽ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠰᠤᠷᠭᠠᠨ ᠬᠦᠮᠦᠵᠢᠯ ᠤᠨ ᠬᠥᠭᠵᠢᠯᠲᠡ ᠶᠢ | ᠲᠦᠷᠭᠡᠳᠭᠡᠬᠦ ᠲᠣᠬᠠᠢ ᠠᠵᠢᠯᠯᠠᠭᠠᠨ ᠤ ᠲᠦᠯᠦᠪᠯᠡᠭᠡ ︵2016 — 2020 ᠣᠨ︶︾ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠢᠶᠠᠷ ᠶᠠᠳᠠᠭᠤ ᠶᠢ ᠲᠡᠳᠭᠦᠬᠦ | ᠠᠵᠢᠯ ᠤᠨ ᠲᠦᠢᠯ ᠤᠨ ᠣᠨᠣᠪᠴᠢᠲᠦ ᠬᠡᠮᠵᠢᠶ᠎ᠡ ᠪᠠ ᠦᠷ᠎ᠡ ᠪᠦᠲᠦᠮᠵᠢᠲᠦ ᠴᠢᠨᠠᠷ ᠢ ᠳᠡᠭᠡᠭᠰᠢᠯᠡᠭᠦᠯᠦᠨ᠂ ᠮᠠᠨ ᠤ | ᠣᠷᠣᠨ ᠤ ᠤᠯᠤᠰ ᠤᠨ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠭᠤᠣᠯᠳᠠᠯᠭ᠎ᠠ ᠲᠠᠢ ᠬᠤᠰᠢᠭᠤ ᠰᠢᠶᠠᠨ ᠳᠤ | ᠪᠦᠬᠦᠨ ᠢ ᠪᠦᠷᠭᠦᠬᠦᠯᠬᠦ ᠪᠠᠷ ᠬᠠᠷᠠᠯᠲᠠ ᠪᠣᠯᠭᠠᠵᠤ᠂ ᠮᠠᠯᠵᠢᠬᠤ ᠲᠠᠷᠢᠶᠠᠯᠠᠬᠤ ᠣᠷᠣᠨ ᠤ ᠨᠡᠩ ᠣᠯᠠᠨ | ᠰᠤᠷᠤᠭᠴᠢᠳ ᠲᠤ ᠰᠢᠮ᠎ᠡ ᠲᠡᠵᠢᠭᠡᠯ ᠢ ᠰᠠᠶᠢᠵᠢᠷᠠᠭᠤᠯᠬᠤ ᠶᠢᠨ ᠠᠷᠠᠳ ᠲᠤ ᠠᠰᠢᠭ ᠬᠦᠷᠲᠡᠭᠡᠬᠦ ᠤᠯᠤᠰ ᠤᠨ | ᠲᠥᠷᠥ ᠶᠢᠨ ᠪᠣᠳᠣᠯᠭ᠎ᠠ ᠶᠢ ᠬᠦᠷᠲᠡᠭᠡᠬᠦ ᠪᠠᠷ ᠵᠠᠷᠴᠢᠮ ᠪᠣᠯᠭᠠᠨ᠂ ᠪᠦᠬᠦ ᠣᠷᠣᠨ ᠤ ᠤᠯᠤᠰ ᠤᠨ ᠶᠠᠳᠠᠭᠤ ᠶᠢ | ᠲᠡᠳᠭᠦᠵᠦ ᠨᠡᠭᠡᠭᠡᠨ ᠬᠥᠭᠵᠢᠭᠦᠯᠬᠦ 23 ᠭᠤᠣᠯᠳᠠᠯᠭ᠎ᠠ ᠲᠠᠢ ᠬᠤᠰᠢᠭᠤ ᠰᠢᠶᠠᠨ ᠳᠤ ᠮᠠᠯᠵᠢᠬᠤ ᠲᠠᠷᠢᠶᠠᠯᠠᠬᠤ ᠣᠷᠣᠨ ᠤ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠦᠯᠦᠪᠯᠡᠭᠡ ᠶᠢᠨ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ︵ᠳᠣᠷᠤᠭᠰᠢ ︽ᠦᠪᠡᠷᠲᠡᠭᠡᠨ ᠵᠠᠰᠠᠬᠤ | ᠣᠷᠣᠨ ᠤ ᠲᠣᠷᠰᠢᠯᠲᠠ ᠶᠢᠨ ᠴᠢᠬ︾ ᠭᠡᠵᠦ ᠲᠣᠪᠴᠢᠯᠠᠨ᠎ᠠ︶ ᠠᠵᠢᠯ ᠢ ᠬᠡᠷᠡᠭᠵᠢᠭᠦᠯᠦᠨ᠎ᠡ᠃ ᠢᠳᠡᠭᠡᠨ ᠤ ᠵᠦᠢᠯ ᠤᠨ | ᠠᠮᠦᠷ ᠲᠥᠪᠰᠢᠨ ᠪᠠ ᠪᠡᠯᠡ ᠮᠦᠩᠭᠦ ᠶᠢᠨ ᠠᠮᠦᠷ ᠲᠥᠪᠰᠢᠨ᠂ ᠰᠢᠨᠵᠢᠯᠡᠬᠦ ᠤᠬᠠᠭᠠᠨᠴᠢ ᠪᠦᠭᠡᠳ ᠰᠢᠮ᠎ᠡ ᠲᠡᠵᠢᠭᠡᠯ ᠢ | ᠦᠨᠡᠨᠬᠦ ᠪᠠᠲᠤᠯᠠᠭᠰᠠᠨ ᠤᠷᠢᠳᠠᠯ ᠳᠣᠣᠷ᠎ᠠ᠂ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠢ ᠢᠳᠡᠪᠬᠢᠲᠡᠢ | ᠪᠦᠭᠡᠳ ᠯᠠᠪᠳᠠᠭᠤᠨ᠂ ᠠᠮᠦᠷ ᠲᠥᠪᠰᠢᠨ ᠪᠦᠭᠡᠳ ᠡᠮᠬᠢ ᠲᠢᠭᠯᠢᠮ ᠲᠠᠢ ᠦᠷᠨᠢᠭᠦᠯᠵᠦ᠂ ᠰᠢᠨ᠎ᠡ ᠶᠢ ᠡᠭᠦᠳᠬᠦ | ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠰᠦᠪᠡᠭᠴᠢᠯᠡᠨ᠂ ᠠᠮᠵᠢᠯᠲᠠ ᠤᠯᠤᠬᠰᠠᠨ ᠲᠣᠷᠰᠢᠯᠭ᠎ᠠ ᠪᠠᠨ | ᠳ᠋ᠥᠩᠨᠡᠨ ᠳᠡᠯᠭᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠰᠢᠮ᠎ᠡ ᠲᠡᠵᠢᠭᠡᠯ ᠤᠨ ᠪᠠᠶᠢᠳᠠᠯ ᠢ | ᠤᠯᠠᠮ ᠨᠢᠭᠡ ᠠᠯᠬᠤᠮ ᠰᠠᠶᠢᠵᠢᠷᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠡᠷᠡᠭᠦᠯ | ᠮᠡᠨᠳᠦ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠦᠮᠦᠵᠢᠯ ᠤᠨ | ᠬᠥᠭᠵᠢᠯᠲᠡ ᠶᠢ ᠲᠦᠷᠭᠡᠳᠭᠡᠨ᠂ ᠰᠤᠷᠭᠠᠨ ᠬᠦᠮᠦᠵᠢᠯ ᠤᠨ ᠲᠥᠪ ᠭᠤᠣᠯᠴᠢ ᠶᠢ ᠠᠬᠢᠭᠤᠯᠬᠤ ᠬᠠᠷᠠᠯᠲᠠ ᠶᠢ ᠠᠯᠬᠤᠮ | ᠠᠯᠬᠤᠮ ᠢᠶᠠᠷ ᠪᠡᠶᠡᠯᠡᠭᠦᠯᠦᠨ᠎ᠡ᠃ | ᠬᠤᠶᠠᠷ᠂ ᠲᠦᠯᠦᠪᠯᠡᠭᠡ ᠶᠢᠨ ᠠᠭᠤᠯᠭ᠎ᠠ | ︽ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠤᠯᠭᠠᠬᠤ᠂ ᠲᠣᠷᠰᠢᠯᠲᠠ ᠶᠢᠨ ᠴᠢᠬ ᠲᠤ ᠤᠷᠢᠳᠠᠪᠠᠷ | ᠬᠡᠷᠡᠭᠵᠢᠭᠦᠯᠬᠦ᠂ ᠲᠣᠬᠠᠢ ᠶᠢᠨ ᠭᠠᠵᠠᠷ ᠤᠨ ᠪᠤᠳᠠᠳᠤ ᠪᠠᠶᠢᠳᠠᠯ ᠳᠤᠨᠢ ᠲᠣᠬᠢᠷᠠᠭᠤᠯᠬᠤ᠂ ᠭᠤᠣᠯᠳᠠᠯᠭ᠎ᠠ ᠶᠢ | ᠳᠤᠪᠤᠶᠢᠯᠭᠠᠬᠤ︾ ᠵᠠᠷᠴᠢᠮ ᠶᠤᠰᠤᠭᠠᠷ᠂ ᠤᠯᠤᠰ ᠤᠨ ᠡᠭᠦᠷᠭᠡ ᠶᠢ ᠯᠠᠪᠳᠠᠭᠤᠨ ᠪᠠᠲᠤᠲᠠᠢ ᠨᠠᠶᠢᠳᠠᠪᠤᠷᠢᠵᠢᠭᠤᠯᠵᠤ᠂ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠲᠣᠭᠲᠠᠭᠤᠨ ᠢᠶᠠᠷ | ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠰᠤᠷᠤᠭᠴᠢᠳ ᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠬᠢᠷᠢ | ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠨᠢᠭᠡ︶ ᠬᠠᠮᠤᠷᠬᠤ ᠬᠦᠷᠢᠶ᠎ᠡ ᠬᠡᠪᠴᠢᠶ᠎ᠡ᠃ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠨᠢ ᠮᠠᠨ ᠤ ᠣᠷᠣᠨ ᠤ ᠤᠯᠤᠰ ᠤᠨ | ᠲᠣᠷᠰᠢᠯᠲᠠ ᠶᠢᠨ ᠴᠢᠬ ᠪᠣᠯᠬᠤ 8 ᠬᠤᠰᠢᠭᠤ ᠰᠢᠶᠠᠨ ︵ᠬᠤᠲᠠ︶᠂ ᠳᠠᠷᠤᠢ ᠬᠢᠩᠭᠠᠨ ᠠᠶᠢᠮᠠᠭ ᠤᠨ ᠷᠠᠰᠢᠶᠠᠨ | ᠬᠤᠲᠠ᠂ ᠬᠤᠷᠴᠢᠨ ᠪᠠᠷᠠᠭᠤᠨ ᠭᠠᠷᠤᠨ ᠡᠮᠦᠨᠡᠲᠦ ᠬᠤᠰᠢᠭᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ | ᠵᠠᠯᠠᠶᠢᠳ ᠬᠤᠰᠢᠭᠤ᠂ ᠲᠦᠴᠢᠦᠸᠠᠨ ᠰᠢᠶᠠᠨ᠂ ᠤᠯᠠᠭᠠᠨᠴᠠᠪ ᠬᠤᠲᠠ ᠶᠢᠨ ᠬᠤᠸᠠᠳᠧ ᠰᠢᠶᠠᠨ᠂ ᠱᠠᠩᠲᠤ ᠰᠢᠶᠠᠨ᠂ | ᠰᠢᠩ ᠡᠾᠧ ᠰᠢᠶᠠᠨ ᠠᠴᠠ ᠪᠤᠰᠤᠳ ᠤᠯᠤᠰ ᠤᠨ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ 23 | ᠭᠤᠣᠯᠳᠠᠯᠭ᠎ᠠ ᠲᠠᠢ ᠬᠤᠰᠢᠭᠤ ᠰᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ | ᠬᠦᠮᠦᠵᠢᠯ ᠤᠨ ᠰᠤᠷᠤᠭᠴᠢᠳ ︵ᠬᠤᠰᠢᠭᠤ ᠰᠢᠶᠠᠨ ᠤ ᠵᠠᠰᠠᠭ ᠤᠨ ᠣᠷᠳᠣᠨ ᠤ ᠰᠠᠭᠤᠭ᠎ᠠ ᠪᠠᠯᠭᠠᠰᠤ ᠳᠤ | ᠰᠤᠷᠤᠯᠴᠠᠵᠤ ᠪᠠᠶᠢᠭ᠎ᠠ ᠰᠤᠷᠤᠭᠴᠢᠳ ᠪᠠᠭᠲᠠᠬᠤ ᠦᠭᠡᠢ︶ ᠢ ᠬᠠᠮᠤᠷᠴᠤ᠂ ᠨᠡᠶᠢᠲᠡ 956 ᠳᠤᠮᠳᠠᠳᠤ ᠪᠠᠭ᠎ᠠ | ᠰᠤᠷᠭᠠᠭᠤᠯᠢ ︵ᠵᠢᠭᠠᠨ ᠰᠤᠷᠭᠠᠯᠲᠠ ᠶᠢᠨ ᠴᠢᠬ ᠢ ᠪᠠᠭᠲᠠᠭᠠᠨ᠎ᠠ︶᠂ 236805 ᠰᠤᠷᠤᠭᠴᠢᠳ ᠲᠤ ᠰᠢᠮ᠎ᠡ | ᠲᠡᠵᠢᠭᠡᠯᠲᠦ ᠬᠤᠭᠤᠯᠠ ᠢᠳᠡᠰᠢ ᠶᠢᠨ ᠨᠦᠬᠦᠪᠦᠷᠢ ᠬᠠᠩᠭᠠᠨ᠎ᠠ᠃ ᠪᠣᠲᠠᠲᠠᠢ ᠬᠤᠰᠢᠭᠤ ᠰᠢᠶᠠᠨ ᠨᠢ᠄ ᠬᠦᠬᠡᠬᠤᠲᠠ ᠶᠢᠨ | ᠦᠴᠦᠸᠠᠨ ᠰᠢᠶᠠᠨ︔ ᠬᠦᠯᠦᠨ ᠪᠤᠶᠢᠷ ᠬᠤᠲᠠ ᠶᠢᠨ ᠮᠣᠷᠢᠨ ᠳᠠᠪᠠᠭ᠎ᠠ ᠳᠠᠭᠤᠷ ᠦᠨᠳᠦᠰᠦᠲᠡᠨ ᠤ ᠦᠪᠡᠷᠲᠡᠭᠡᠨ | ᠵᠠᠰᠠᠬᠤ ᠬᠤᠰᠢᠭᠤ᠂ ᠣᠷᠴᠤᠨ ᠤ ᠦᠪᠡᠷᠲᠡᠭᠡᠨ ᠵᠠᠰᠠᠬᠤ ᠬᠤᠰᠢᠭᠤ︔ ᠳᠦᠩᠯᠢᠶᠤᠤ ᠬᠤᠲᠠ ᠶᠢᠨ ᠬᠤᠷᠴᠢᠨ ᠵᠡᠭᠦᠨ | ᠭᠠᠷᠤᠨ ᠳᠤᠮᠳᠠᠳᠤ ᠬᠤᠰᠢᠭᠤ᠂ ᠬᠤᠷᠴᠢᠨ ᠵᠡᠭᠦᠨ ᠭᠠᠷᠤᠨ ᠬᠤᠶᠢᠲᠤ ᠬᠤᠰᠢᠭᠤ᠂ ᠬᠦᠷᠢᠶ᠎ᠡ ᠬᠤᠰᠢᠭᠤ᠂ ᠨᠠᠢᠮᠠᠨ | ᠬᠤᠰᠢᠭᠤ︔ ᠤᠯᠠᠭᠠᠠᠬᠠᠳᠠ ᠬᠤᠲᠠ ᠶᠢᠨ ᠠᠷᠤ ᠬᠤᠷᠴᠢᠨ ᠬᠤᠰᠢᠭᠤ᠂ ᠪᠠᠭᠠᠷᠢᠨ ᠵᠡᠭᠦᠨ ᠬᠤᠰᠢᠭᠤ᠂ ᠪᠠᠭᠠᠷᠢᠨ | ᠪᠠᠷᠠᠭᠤᠨ ᠬᠤᠰᠢᠭᠤ᠂ ᠯᠢᠨᠰᠢ ᠰᠢᠶᠠᠨ᠂ ᠣᠩᠨᠢᠭᠤᠳ ᠬᠤᠰᠢᠭᠤ᠂ ᠬᠠᠷᠠᠴᠢᠨ ᠬᠤᠰᠢᠭᠤ᠂ ᠨᠢᠩᠴᠧᠩ ᠰᠢᠶᠠᠨ᠂ | ᠠᠤᠬᠠᠨ ᠬᠤᠰᠢᠭᠤ︔ ᠰᠢᠯᠢ ᠶᠢᠨ ᠭᠤᠣᠯ ᠠᠶᠢᠮᠠᠭ ᠤᠨ ᠰᠦᠨᠢᠳ ᠪᠠᠷᠠᠭᠤᠨ ᠬᠤᠰᠢᠭᠤ᠂ ᠲᠠᠶᠢᠫᠦᠰᠧ ᠬᠤᠰᠢᠭᠤ᠂ | ᠰᠢᠯᠤᠭᠤᠨ ᠬᠦᠪᠡᠭᠡᠲᠦ ᠴᠠᠭᠠᠨ ᠬᠤᠰᠢᠭᠤ︔ ᠤᠯᠠᠭᠠᠨᠴᠠᠪ ᠬᠤᠲᠠ ᠶᠢᠨ ᠵᠥᠧᠧᠽᠢ ᠰᠢᠶᠠᠨ᠂ ᠴᠠᠬᠠᠷ ᠪᠠᠷᠠᠭᠤᠨ | ᠭᠠᠷᠤᠨ ᠡᠮᠦᠨᠡᠲᠦ ᠬᠤᠰᠢᠭᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤ᠂ ᠳᠥᠷᠪᠡᠳ ᠬᠤᠰᠢᠭᠤ ᠪᠣᠯᠣᠨ᠎ᠠ᠃ | ︵ᠬᠤᠶᠠᠷ︶ ᠨᠦᠬᠦᠪᠦᠷᠢ ᠣᠯᠭᠤᠬᠤ ᠪᠠᠷᠢᠮᠵᠢᠶ᠎ᠠ ᠵᠢᠴᠢ ᠬᠡᠷᠡᠭᠰᠡᠬᠦ ᠵᠠᠷᠤᠳᠠᠯ᠃ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠤᠨ ᠰᠢᠮ᠎ᠡ ᠲᠡᠵᠢᠭᠡᠯᠲᠦ ᠬᠤᠭᠤᠯᠠᠨ ᠤ | ᠨᠦᠬᠦᠪᠦᠷᠢ ᠶᠢᠨ ᠪᠠᠷᠢᠮᠵᠢᠶ᠎ᠠ ᠶᠢ ᠤᠯᠤᠰ ᠤᠨ ᠲᠣᠷᠰᠢᠯᠲᠠ ᠶᠢᠨ ᠴᠢᠬ ᠤᠨ ᠪᠠᠷᠢᠮᠵᠢᠶ᠎ᠠ ᠪᠠᠷ ᠯᠠᠪᠯᠠᠯᠲᠠ ᠪᠣᠯᠭᠠᠨ | ᠬᠡᠷᠡᠭᠵᠢᠭᠦᠯᠵᠦ᠂ ᠰᠤᠷᠣᠭᠴᠢ ᠨᠢᠭᠡᠪᠦᠷᠢ ᠳᠤ ᠡᠳᠦᠷ ᠲᠤ 4 ᠲᠥᠭᠦᠷᠢᠭ᠂ ᠵᠢᠯ ᠳᠤ 200 ᠡᠳᠦᠷ ᠤᠨ ᠬᠤᠭᠤᠯᠠ | ᠬᠠᠩᠭᠠᠬᠤ ᠪᠠᠷ ᠪᠣᠳᠣᠵᠣ᠂ ᠰᠤᠷᠤᠭᠴᠢ ᠨᠢᠭᠡᠪᠦᠷᠢ ᠳᠤ ᠵᠢᠯ ᠳᠤ 800 ᠲᠦᠭᠦᠷᠢᠭ ᠤᠨ ᠨᠦᠬᠦᠪᠦᠷᠢ ᠣᠯᠭᠤᠨ᠎ᠠ᠃ | 1. ᠦᠪᠡᠷᠲᠡᠭᠡᠨ ᠵᠠᠰᠬᠠᠤ ᠣᠷᠣᠨ ᠤ ᠲᠣᠷᠰᠢᠯᠲᠠ ᠶᠢᠨ ᠴᠢᠬ ᠤᠨ ᠬᠡᠷᠡᠭᠰᠡᠬᠦ ᠰᠢᠮ᠎ᠡ ᠲᠡᠵᠢᠭᠡᠯᠲᠦ ᠬᠤᠭᠤᠯᠠᠨ | ᠨᠦᠬᠦᠪᠦᠷᠢ ᠮᠦᠩᠭᠦ ᠳᠤ ᠦᠪᠡᠷᠲᠡᠭᠡᠨ ᠵᠠᠰᠠᠬᠤ ᠣᠷᠣᠨ ᠪᠣᠯᠣᠨ ᠣᠷᠤᠨ ᠨᠤᠲᠤᠭ ᠤᠨ ᠡᠳ᠋ ᠤᠨ ᠵᠠᠰᠠᠭ ᠠᠴᠠ ᠱᠠᠲᠤ | ᠬᠤᠪᠢᠶᠠᠨ ᠬᠠᠷᠢᠭᠤᠴᠠᠬᠤ ᠲᠣᠭᠲᠠᠴᠠ ᠶᠢ ᠬᠡᠷᠡᠭᠵᠢᠭᠦᠯᠵᠦ᠂ ᠦᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ | ᠬᠤᠲᠠ ᠨᠢ 5᠄ 5 ᠪᠠᠷ ᠬᠤᠪᠢᠳᠠᠨ ᠡᠭᠦᠷᠭᠡᠯᠡᠨ᠎ᠡ᠃ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠨᠢ ᠲᠥᠪ | ᠬᠤᠷᠢᠶ᠎ᠠ ᠶᠢᠨ ᠡᠳ᠋ ᠤᠨ ᠵᠠᠰᠠᠭ ᠤᠨ ᠳᠡᠮᠵᠢᠯᠭᠡ ᠶᠢ ᠢᠳᠡᠪᠬᠢᠲᠡᠢ ᠪᠠᠷ ᠴᠢᠷᠮᠠᠶᠢᠨ ᠣᠯᠵᠤ᠂ ᠲᠥᠪ ᠬᠤᠷᠢᠶ᠎ᠠ ᠶᠢᠨ | ᠡᠳ᠋ ᠤᠨ ᠵᠠᠰᠠᠭ ᠠᠴᠠ ᠮᠠᠨ ᠤ ᠣᠷᠣᠨ ᠤ ᠰᠢᠮ᠎ᠡ ᠲᠡᠵᠢᠭᠡᠯᠲᠦ ᠬᠤᠭᠤᠯᠠᠨ ᠤ ᠱᠠᠩᠨᠠᠯ ᠨᠦᠬᠦᠪᠦᠷᠢ ᠶᠢᠨ ᠪᠡᠯᠡ | ᠮᠦᠩᠭᠦ ᠶᠢ ᠰᠢᠯᠵᠢᠭᠦᠯᠦᠨ ᠣᠯᠭᠤᠭᠰᠠᠨ ᠤ ᠳᠠᠷᠠᠭ᠎ᠠ᠂ ᠦᠯᠡᠳᠡᠭᠰᠡᠨ ᠢ ᠣᠷᠣᠨ ᠨᠤᠲᠤᠭ ᠠᠴᠠ ᠨᠢᠭᠡ ᠬᠡᠰᠡᠭ ᠢ | ᠡᠭᠦᠷᠭᠡᠯᠡᠨ᠂ ᠦᠪᠡᠷᠲᠡᠭᠡᠨ ᠵᠠᠰᠠᠬᠤ ᠣᠷᠣᠨ ᠪᠣᠯᠣᠨ ᠠᠶᠢᠮᠠᠭ ᠬᠤᠲᠠ ᠶᠢᠨ ᠬᠤᠪᠢᠳᠠᠨ ᠡᠭᠦᠷᠭᠡᠯᠡᠬᠦ ᠬᠠᠷᠢᠴᠠᠯ ᠨᠢ | ᠬᠤᠪᠢᠷᠠᠬᠤ ᠦᠭᠡᠢ᠃ | 2. ᠦᠪᠡᠷᠲᠡᠭᠡᠨ ᠵᠠᠰᠬᠠᠤ ᠣᠷᠣᠨ ᠤ ᠲᠣᠷᠰᠢᠯᠲᠠ ᠶᠢᠨ ᠴᠢᠬ ᠤᠨ ᠬᠡᠷᠡᠭᠰᠡᠬᠦ ᠰᠢᠮ᠎ᠡ ᠲᠡᠵᠢᠭᠡᠯᠲᠦ | ᠬᠤᠭᠤᠯᠠᠨ ᠤ ᠨᠦᠬᠦᠪᠦᠷᠢ ᠮᠦᠩᠭᠦ ᠶᠢ ᠲᠣᠷᠰᠢᠯᠲᠠ ᠶᠢᠨ ᠴᠢᠬ ᠤᠨ ᠰᠤᠷᠭᠠᠭᠤᠯᠢ ᠶᠢᠨ ᠦᠨᠡᠨ ᠨᠡᠷ᠎ᠡ ᠶᠢᠨ | ᠳᠦᠷᠢᠮ ᠤᠨ ᠰᠤᠷᠤᠭᠴᠢᠳ ᠤᠨ ᠬᠦᠮᠦᠨ ᠤ ᠲᠤᠭ᠎ᠠ ᠪᠠᠷ ᠨᠢ ᠬᠦᠳᠡᠯᠦᠩᠭᠦᠢ ᠪᠠᠷ ᠰᠢᠯᠵᠢᠭᠦᠯᠦᠨ ᠣᠯᠭᠤᠬᠤ ᠪᠠ | ᠬᠠᠮᠢᠶᠠᠷᠤᠨ᠎ᠠ᠃ | 3. ᠦᠪᠡᠷᠲᠡᠭᠡᠨ ᠵᠠᠰᠬᠠᠤ ᠣᠷᠣᠨ ᠤ ᠲᠣᠷᠰᠢᠯᠲᠠ ᠶᠢᠨ ᠴᠢᠬ ᠤᠨ ᠬᠡᠷᠡᠭᠰᠡᠬᠦ ᠰᠢᠮ᠎ᠡ ᠲᠡᠵᠢᠭᠡᠯᠲᠦ | ᠬᠤᠭᠤᠯᠠᠨ ᠤ ᠨᠦᠬᠦᠪᠦᠷᠢ ᠮᠦᠩᠭᠦ ᠶᠢ ᠰᠤᠷᠤᠭᠴᠢᠳ ᠲᠤ ᠠᠳᠠᠯᠢᠬᠠᠨ ᠥᠷᠲᠡᠭ ᠲᠠᠢ ᠪᠦᠭᠡᠳ ᠴᠢᠨᠠᠷ ᠰᠠᠶᠢᠲᠠᠢ | ᠢᠳᠡᠭᠡᠨ ᠤ ᠵᠦᠢᠯ ᠢ ᠬᠠᠩᠭᠠᠬᠤ ᠳᠤ ᠬᠡᠷᠡᠭᠯᠡᠨ᠎ᠡ᠂ ᠪᠡᠯᠡᠨ ᠵᠤᠭᠤᠰ ᠤᠨ ᠬᠡᠯᠪᠡᠷᠢ ᠪᠠᠷ ᠰᠢᠭᠤᠳ ᠲᠠᠷᠬᠠᠭᠠᠵᠤ ᠪᠣᠯᠬᠤ | ᠦᠭᠡᠢ᠂ ᠵᠢᠭᠠᠨ ᠰᠤᠷᠭᠠᠯᠲᠠ ᠶᠢᠨ ᠠᠵᠢᠯᠲᠠᠨ ᠠᠵᠢᠯᠴᠢᠳ ᠤᠨ ᠬᠤᠭᠤᠯᠠᠨ ᠳᠤ ᠨᠡᠮᠡᠭᠦᠷᠢ ᠥᠭᠬᠦ ᠪᠠ | ᠰᠤᠷᠭᠠᠭᠤᠯᠢ ᠶᠢᠨ ᠠᠯᠪᠠᠨ ᠤ ᠵᠠᠷᠤᠳᠠᠯ ᠳᠤ ᠬᠡᠷᠡᠭᠯᠡᠵᠦ ᠪᠣᠯᠬᠤ ᠦᠭᠡᠢ᠂ ᠬᠦᠳᠡᠯᠮᠦᠷᠢ ᠦᠢᠯᠡᠴᠢᠯᠡᠭᠡᠨ ᠤ ᠵᠠᠷᠤᠳᠠᠯ᠂ | ᠤᠬᠠᠭᠤᠯᠭ᠎ᠠ ᠶᠢᠨ ᠵᠠᠷᠤᠳᠠᠯ᠂ ᠲᠡᠭᠡᠭᠡᠪᠦᠷᠢ ᠶᠢᠨ ᠵᠠᠷᠤᠳᠠᠯ ᠵᠡᠷᠭᠡ ᠠᠵᠢᠯ ᠤᠨ ᠵᠠᠷᠤᠳᠠᠯ ᠳᠤ ᠬᠡᠷᠡᠭᠯᠡᠵᠦ ᠪᠣᠯᠬᠤ | ᠦᠭᠡᠢ᠃ | ︵ᠭᠤᠷᠪᠠ︶ ᠬᠤᠭᠤᠯᠠ ᠬᠠᠨᠭ᠍ᠭᠠᠬᠤ ᠵᠠᠭᠪᠤᠷ ᠢ ᠲᠣᠭᠲᠠᠭᠠᠨ᠎ᠠ᠃ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠤᠨ ᠬᠤᠰᠢᠭᠤ ᠰᠢᠶᠠᠨ ᠨᠢ ᠣᠷᠣᠨ ᠨᠤᠲᠤᠭ ᠤᠨ | ᠣᠨᠴᠠᠯᠢᠭ ᠢ ᠦᠨᠳᠦᠰᠦᠯᠡᠵᠦ᠂ ᠲᠣᠬᠠᠢ ᠶᠢᠨ ᠭᠠᠵᠠᠷ ᠣᠷᠣᠨ ᠤ ᠪᠣᠳᠠᠳᠤ ᠪᠠᠶᠢᠳᠠᠯ ᠳᠤᠨᠢ ᠲᠣᠬᠢᠷᠠᠭᠤᠯᠤᠨ ᠵᠣᠬᠢᠴᠠᠬᠤ | ᠬᠤᠭᠤᠯᠠ ᠬᠠᠩᠭᠠᠬᠤ ᠠᠭᠤᠯᠭ᠎ᠠ ᠶᠢ ᠲᠣᠭᠲᠠᠭᠠᠬᠤ ᠪᠦᠭᠡᠳ ᠣᠷᠣᠨ ᠨᠤᠲᠤᠭ ᠤᠨ ᠠᠮᠲᠠ ᠰᠢᠮᠲᠡ ᠶᠢᠨ ᠦᠪᠡᠷᠮᠢᠴᠡ | ᠣᠨᠴᠠᠯᠢᠭ ᠢ ᠳᠤᠪᠤᠶᠢᠯᠭᠠᠵᠤ ᠪᠣᠯᠣᠨ᠎ᠠ᠃ ᠬᠤᠭᠤᠯᠠ ᠬᠠᠩᠭᠠᠬᠤ ᠵᠠᠭᠪᠤᠷ ᠢ ᠰᠤᠩᠭᠤᠬᠤ ᠵᠠᠷᠴᠢᠮ ᠨᠢ᠄ ᠠᠮᠦᠷ | ᠲᠥᠪᠰᠢᠨ᠂ ᠠᠷᠢᠭᠤᠨ ᠴᠡᠪᠡᠷ᠂ ᠰᠢᠮ᠎ᠡ ᠲᠡᠵᠢᠭᠡᠯ ᠲᠠᠢ᠂ ᠳᠦᠭᠦᠮ ᠳᠦᠳᠡ ᠪᠠᠶᠢᠯᠭᠠᠬᠤ ᠬᠡᠷᠡᠭᠲᠡᠢ᠃ ᠬᠤᠭᠤᠯᠠ | ᠬᠠᠩᠭᠠᠬᠤ ᠪᠠᠶᠢᠭᠤᠯᠤᠮᠵᠢ ᠶᠢ ᠰᠤᠩᠭᠤᠬᠤ ᠵᠠᠷᠴᠢᠮ ᠨᠢ᠄ ᠪᠡᠯᠡᠨ ᠬᠤᠭᠤᠯᠠ ᠬᠠᠩᠭᠠᠬᠤ ᠵᠠᠭᠪᠤᠷ ᠲᠠᠢ ᠪᠦᠭᠡᠳ | ᠪᠣᠯᠪᠠᠰᠤᠷᠠᠩᠭᠤᠢ ᠰᠢᠬ ᠠᠵᠤ ᠠᠬᠤᠶᠢᠯᠠᠯ ᠢ ᠤᠷᠢᠳᠠᠪᠠᠷ ᠰᠤᠩᠭᠤᠵᠤ᠂ ᠬᠤᠭᠤᠯᠠ ᠬᠠᠩᠭᠠᠬᠤ ᠦᠢᠯᠡᠴᠢᠯᠡᠭᠡ ᠶᠢ | ᠨᠠᠶᠢᠲᠡ ᠶᠢᠨ ᠠᠰᠠᠷᠠᠮᠵᠢ ᠶᠢᠨ ᠴᠢᠨᠠᠷ ᠲᠠᠢ ᠪᠠᠶᠢᠬᠤ ᠪᠠᠷ ᠭᠤᠣᠯ ᠪᠣᠯᠭᠠᠬᠤ ᠪᠠᠷ ᠱᠠᠭᠠᠷᠳᠠᠨ᠂ ᠦᠨ᠎ᠡ ᠬᠠᠩᠰᠢ ᠶᠢ ᠨᠢ | ᠵᠦᠢ ᠵᠣᠬᠢᠰᠲᠠᠢ ᠪᠠᠶᠢᠯᠭᠠᠬᠤ ᠬᠡᠷᠡᠭᠲᠡᠢ᠃ | 1. ᠬᠠᠩᠭᠠᠬᠤ ᠬᠤᠭᠤᠯᠠ ᠢᠳᠡᠭᠡᠨ᠃ ᠡᠷᠭᠡᠪᠰᠢ ᠢᠳᠡᠭᠡᠨ ᠤ ᠠᠮᠦᠷ ᠲᠥᠪᠰᠢᠨ ᠤ ᠬᠤᠯᠪᠣᠭᠳᠠᠯ ᠪᠦᠬᠦᠢ | ᠪᠠᠷᠢᠮᠵᠢᠶ᠎ᠠ ᠪᠣᠯᠣᠨ ᠱᠠᠭᠠᠷᠳᠠᠯᠭ᠎ᠠ ᠳᠤ ᠨᠡᠶᠢᠴᠡᠭᠦᠯᠵᠦ᠂ ᠢᠳᠡᠭᠡᠨ ᠤ ᠲᠦᠭᠦᠬᠡᠢ ᠮᠠᠲ᠋ᠧᠷᠢᠶᠠᠯ ᠤᠨ ᠰᠢᠨ᠎ᠡ ᠰᠤᠷᠭᠤᠭ | ᠪᠦᠭᠡᠳ ᠠᠷᠢᠭᠤᠨ ᠴᠡᠪᠡᠷ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠬᠠᠩᠭᠠᠬᠤ ᠬᠤᠭᠤᠯᠠ ᠢᠯᠠᠩᠭᠤᠶ᠎ᠠ ᠨᠡᠮᠡᠯᠲᠡ | ᠬᠤᠭᠤᠯᠠ ᠨᠢ ᠮᠢᠬ᠎ᠠ᠂ ᠥᠨᠳᠡᠭᠡ᠂ ᠰᠦ᠂ ᠢᠳᠡᠰᠢᠨ ᠨᠤᠭᠤᠭ᠎ᠠ᠂ ᠵᠢᠮᠢᠰ ᠵᠡᠷᠭᠡ ᠢᠳᠡᠰᠢ ᠬᠠᠩᠭᠠᠬᠤ ᠪᠠᠷ ᠭᠤᠣᠯ | ᠪᠣᠯᠭᠠᠵᠤ᠂ ᠡᠷᠡᠭᠦᠯᠵᠢᠯ ᠤᠨ ᠵᠦᠢᠯ᠂ ᠰᠦ ᠲᠠᠢ ᠤᠮᠳᠠᠭᠠᠨ ᠵᠡᠷᠭᠡ ᠪᠠᠷ ᠣᠷᠤᠯᠠᠭᠤᠯᠵᠤ ᠪᠣᠯᠬᠤ ᠦᠭᠡᠢ᠃ | ᠢᠳᠡᠭᠡᠨ ᠤ ᠲᠥᠭᠦᠬᠡᠢ ᠮᠠᠲ᠋ᠧᠷᠢᠶᠠᠯ ᠢ ᠭᠠᠳᠠᠨ᠎ᠠ ᠠᠴᠠ ᠬᠤᠳᠠᠯᠳᠤᠵᠤ ᠠᠪᠬᠤ ᠠᠴᠠ ᠪᠤᠰᠤᠳ᠂ ᠨᠦᠬᠦᠴᠡᠯ ᠲᠠᠢ | ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠨᠢ ᠠᠵᠢᠯᠴᠢ ᠠᠷᠪᠢᠴᠢ ᠪᠠᠷ ᠰᠤᠷᠤᠯᠴᠠᠬᠤ ᠠᠵᠢᠯ ᠢ ᠵᠣᠬᠢᠬᠤ | ᠬᠡᠮᠵᠢᠶ᠎ᠡ ᠪᠠᠷ ᠦᠷᠨᠢᠭᠦᠯᠵᠦ᠂ ᠢᠳᠡᠭᠡᠨ ᠤ ᠲᠥᠭᠦᠬᠡᠢ ᠮᠠᠲ᠋ᠧᠷᠢᠶᠠᠯ ᠤᠨ ᠬᠠᠩᠭᠠᠯᠭ᠎ᠠ ᠪᠠᠨ ᠨᠦᠬᠦᠪᠦᠷᠢᠯᠡᠵᠦ ᠪᠣᠯᠣᠨ᠎ᠠ | ᠃ | 2. ᠬᠠᠨᠭ᠍ᠭᠠᠬᠤ ᠬᠤᠭᠤᠯᠠ ᠢᠳᠡᠭᠡᠨ ᠤ ᠵᠣᠷ᠃ ᠡᠯ᠎ᠡ ᠭᠠᠵᠠᠷ ᠣᠷᠣᠨ ᠨᠢ ᠦᠰᠪᠦᠷᠢ ᠶᠢᠨ ᠵᠠᠯᠠᠭᠤ ᠪᠠᠭᠠᠴᠤᠳ | ᠰᠤᠷᠤᠭᠴᠢᠳ ᠤᠨ ᠰᠢᠮ᠎ᠡ ᠲᠡᠵᠢᠭᠡᠯ ᠤᠨ ᠬᠤᠯᠪᠣᠭᠳᠠᠯ ᠪᠦᠬᠦᠢ ᠪᠠᠷᠢᠮᠵᠢᠶ᠎ᠠ ᠪᠠᠷ ᠯᠠᠪᠯᠠᠯᠲᠠ ᠪᠣᠯᠭᠠᠵᠤ᠂ | ᠰᠤᠷᠤᠭᠴᠢᠳ ᠤᠨ ᠪᠡᠶ᠎ᠡ ᠮᠠᠬᠠᠪᠤᠳ ᠤᠨ ᠪᠠᠶᠢᠳᠠᠯ᠂ ᠲᠣᠬᠠᠢ ᠶᠢᠨ ᠭᠠᠵᠠᠷ ᠤᠨ ᠢᠳᠡᠭᠡᠨ ᠤᠮᠳᠠᠭᠠᠨ ᠤ ᠵᠠᠩ ᠳᠠᠳᠬᠠᠯ | ᠪᠠ ᠡᠳ᠋ ᠭᠠᠷᠤᠯᠲᠠ ᠶᠢᠨ ᠣᠨᠴᠠᠯᠢᠭ ᠯᠤᠭ᠎ᠠ ᠤᠶᠠᠯᠳᠤᠭᠤᠯᠤᠨ᠂ ᠬᠠᠩᠭᠠᠬᠤ ᠬᠤᠭᠤᠯᠠ ᠢᠳᠡᠭᠡᠨ ᠤ ᠵᠣᠷ ᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠵᠦᠢ ᠵᠣᠬᠢᠰᠲᠠᠢ ᠪᠠᠷ ᠲᠣᠬᠢᠷᠠᠭᠤᠯᠬᠤ᠂ ᠰᠢᠮ᠎ᠡ ᠲᠡᠵᠢᠭᠡᠯ ᠢ | ᠲᠡᠩᠴᠡᠭᠦᠷᠢᠲᠡᠢ ᠪᠠᠶᠢᠯᠭᠠᠬᠤ᠂ ᠶᠠᠰᠤ ᠴᠢᠨᠠᠷ ᠢ ᠪᠠᠲᠤᠯᠠᠬᠤ ᠶᠢ ᠭᠦᠢᠴᠡᠳᠭᠡᠬᠦ ᠬᠡᠷᠡᠭᠲᠡᠢ᠃ | 3. ᠬᠤᠭᠤᠯᠠ ᠬᠠᠩᠭᠠᠬᠤ ᠵᠠᠭᠪᠤᠷ᠃ ᠬᠤᠭᠤᠯᠠᠨ ᠭᠡᠷ ᠤᠨ ᠪᠡᠯᠡᠳᠭᠡᠮᠵᠢ ᠨᠢ ᠪᠦᠷᠢᠨ ᠲᠡᠭᠦᠯᠳᠡᠷ ᠪᠦᠬᠦᠢ | ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠨᠢ ᠰᠤᠷᠭᠠᠭᠤᠯᠢ ᠶᠢᠨ ᠬᠤᠭᠤᠯᠠᠨ ᠭᠡᠷ ᠠᠴᠠ ᠬᠤᠭᠤᠯᠠ ᠬᠠᠩᠭᠠᠬᠤ | ᠠᠷᠭ᠎ᠠ ᠮᠠᠶ᠋ᠢᠭ ᠢ ᠠᠪᠴᠤ᠂ ᠰᠢᠨᠵᠢᠯᠡᠬᠦ ᠤᠬᠠᠭᠠᠨᠴᠢ ᠰᠢᠮ᠎ᠡ ᠲᠡᠵᠢᠭᠡᠯᠲᠦ ᠬᠤᠭᠤᠯᠠ ᠢᠳᠡᠭᠡᠨ ᠤ ᠵᠣᠷ ᠢ ᠲᠣᠭᠲᠠᠭᠠᠵᠤ | ᠪᠣᠯᠣᠨ᠎ᠠ᠂ ᠦᠳᠡ ᠶᠢᠨ ᠬᠤᠭᠤᠯᠠ᠂ ᠥᠷᠯᠦᠭᠡᠨ ᠤ ᠬᠤᠭᠤᠯᠠ᠂ ᠨᠡᠮᠡᠯᠲᠡ ᠬᠤᠭᠤᠯᠠ᠂ ᠬᠢᠴᠢᠶᠡᠯ ᠤᠨ | ᠵᠠᠪᠰᠠᠷᠯᠠᠭ᠎ᠠ ᠶᠢᠨ ᠬᠤᠭᠤᠯᠠ ᠶᠢᠨ ᠵᠠᠭᠪᠤᠷ ᠢᠶᠠᠷ ᠳᠠᠮᠵᠢᠭᠤᠯᠤᠨ ᠲᠣᠬᠠᠢ ᠶᠢᠨ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠬᠤᠭᠤᠯᠠ ᠬᠠᠩᠭᠠᠬᠤ ᠠᠭᠤᠯᠭ᠎ᠠ ᠶᠢ ᠲᠣᠭᠲᠠᠭᠠᠨ᠎ᠠ᠃ ᠬᠤᠭᠤᠯᠠᠨ ᠭᠡᠷ ᠤᠨ ᠨᠦᠬᠦᠴᠡᠯ ᠨᠢ ᠰᠢᠮ᠎ᠡ | ᠲᠡᠵᠢᠭᠡᠯᠲᠦ ᠬᠤᠭᠤᠯᠠ ᠬᠠᠩᠭᠠᠬᠤ ᠱᠠᠭᠠᠷᠳᠠᠯᠭ᠎ᠠ ᠶᠢ ᠲᠦᠷ ᠬᠠᠩᠭᠠᠵᠤ ᠳᠡᠶᠢᠯᠬᠦ ᠦᠭᠡᠢ ᠪᠠᠶᠢᠪᠠᠯ᠂ ᠭᠤᠣᠯᠳᠠᠭᠤ | ᠥᠨᠳᠡᠭᠡ᠂ ᠰᠦ᠂ ᠵᠢᠮᠢᠰ᠂ ᠪᠣᠣᠪᠤ ᠪᠣᠭᠤᠷᠰᠤᠭ ᠵᠡᠷᠭᠡ ᠪᠡᠯᠡᠨ ᠢᠳᠡᠭᠡᠨ ᠬᠤᠳᠠᠯᠳᠤᠨ ᠠᠪᠴᠤ ᠨᠡᠮᠡᠯᠲᠡ ᠬᠤᠭᠤᠯᠠ | ᠪᠣᠶᠣ ᠵᠠᠪᠰᠠᠷᠯᠠᠭ᠎ᠠ ᠶᠢᠨ ᠬᠤᠭᠤᠯᠠ ᠪᠣᠯᠭᠠᠭᠰᠠᠨ ᠠᠵᠤ ᠠᠬᠤᠶᠢᠯᠠᠯ ᠠᠴᠠ ᠬᠤᠭᠤᠯᠠ ᠬᠠᠩᠭᠠᠬᠤ ᠠᠷᠭ᠎ᠠ ᠮᠠᠶ᠋ᠢᠭ ᠢ | ᠬᠡᠷᠡᠭᠯᠡᠨ᠎ᠡ᠃ | ︵ᠳᠥᠷᠪᠡ︶ ᠬᠤᠭᠤᠯᠠ ᠬᠠᠩᠭᠠᠬᠤ ᠨᠦᠬᠦᠴᠡᠯ ᠢ ᠰᠠᠶᠢᠵᠢᠷᠠᠭᠤᠯᠤᠨ᠎ᠠ᠃ | ᠡᠯ᠎ᠡ ᠭᠠᠵᠠᠷ ᠣᠷᠣᠨ ᠨᠢ ᠪᠣᠲᠠᠲᠠᠢ ᠲᠠᠢ ᠪᠠᠨ ᠤᠶᠠᠯᠳᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠳᠤᠮᠳᠠᠳᠤ ᠪᠠᠭ᠎ᠠ ᠰᠤᠷᠭᠠᠭᠤᠯᠢ ᠶᠢᠨ ᠪᠠᠶᠢᠷᠢ ᠶᠢᠨ ᠭᠡᠷ ᠢ ᠰᠡᠯᠪᠢᠨ ᠵᠠᠰᠠᠵᠤ ᠰᠢᠨᠡᠳᠭᠡᠬᠦ ᠶᠢᠨ ᠤᠷᠲᠤ ᠬᠤᠭᠤᠴᠠᠭ᠎ᠠ | ᠬᠦᠴᠦᠨ ᠲᠠᠢ ᠲᠣᠭᠲᠠᠴᠠ ᠶᠢᠨ ᠪᠠᠶᠢᠭᠤᠯᠤᠯᠲᠠ ᠪᠠ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠬᠦᠳᠡᠭᠡ | ᠲᠤᠰᠬᠤᠨ ᠤ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠭᠡᠷ ᠢ ᠰᠢᠨᠡᠳᠭᠡᠨ ᠵᠠᠰᠠᠬᠤ ᠢᠨᠵᠧᠨᠧᠷᠢᠩ ᠤᠨ ᠪᠡᠯᠡ | ᠮᠦᠩᠭᠦ ᠶᠢ ᠨᠢᠭᠡᠲᠦᠯᠲᠡᠢ ᠲᠦᠯᠦᠪᠯᠡᠵᠦ᠂ ᠰᠤᠷᠤᠭᠴᠢᠳ ᠤᠨ ᠬᠤᠭᠤᠯᠠᠨ ᠭᠡᠷ ᠢ ᠭᠤᠣᠯᠳᠠᠯᠭ᠎ᠠ ᠲᠠᠢ ᠪᠦᠲᠦᠭᠡᠨ | ᠪᠠᠶᠢᠭᠤᠯᠬᠤ ᠠᠭᠤᠯᠭ᠎ᠠ ᠪᠣᠯᠭᠠᠨ᠎ᠠ᠃ ᠪᠠᠷᠢᠮᠵᠢᠶᠠᠵᠢᠭᠤᠯᠤᠨ ᠪᠦᠲᠦᠭᠡᠨ ᠪᠠᠶᠢᠭᠤᠯᠬᠤ᠂ ᠪᠠᠭᠤᠷᠠᠢ ᠰᠤᠷᠭᠠᠭᠤᠯᠢ ᠶᠢ | ᠰᠢᠨᠡᠳᠭᠡᠨ ᠵᠠᠰᠠᠬᠤ᠂ ᠢᠯᠠᠩᠭᠤᠶ᠎ᠠ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠬᠤ ᠪᠠᠷ ᠳᠠᠮᠵᠢᠨ᠂ ᠰᠤᠷᠭᠠᠭᠤᠯᠢ ᠶᠢᠨ | ᠬᠤᠭᠤᠯᠠᠨ ᠭᠡᠷ ᠤᠨ ᠨᠦᠬᠦᠴᠡᠯ ᠢ ᠢᠳᠡᠭᠡᠨ ᠤ ᠡᠵᠡᠩᠨᠡᠯᠲᠡ ᠶᠢᠨ ᠵᠥᠪᠰᠢᠶᠡᠷᠡᠯ ︵ᠢᠳᠡᠭᠡᠨ ᠤᠮᠳᠠᠭᠠᠨ ᠤ | ᠦᠢᠯᠡᠴᠢᠯᠡᠭᠡ ᠶᠢᠨ ᠲᠦᠷᠦᠯ︶ ᠤᠨ ᠪᠠᠷᠢᠮᠵᠢᠶ᠎ᠠ ᠪᠠ ᠱᠠᠭᠠᠷᠳᠠᠯᠭ᠎ᠠ ᠳᠤ ᠬᠦᠷᠦᠭᠦᠯᠦᠨ᠎ᠡ᠃ ᠬᠤᠭᠤᠯᠠᠨ ᠭᠡᠷ ᠤᠨ | ᠪᠦᠲᠦᠭᠡᠨ ᠪᠠᠶᠢᠭᠤᠯᠤᠯᠲᠠ ᠵᠢᠴᠢ ᠰᠢᠨᠡᠳᠭᠡᠨ ᠵᠠᠰᠠᠬᠤ ᠠᠵᠢᠯ ᠳᠤ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠰᠠᠯᠠᠭ᠎ᠠ ᠮᠦᠴᠢᠷ ᠢ ᠤᠷᠢᠨ ᠤᠷᠢᠳᠴᠢᠯᠠᠨ ᠣᠷᠤᠯᠴᠠᠭᠤᠯᠵᠤ᠂ ᠢᠳᠡᠭᠡᠨ ᠤᠮᠳᠠᠭᠠᠨ ᠤ | ᠠᠵᠢᠯᠯᠠᠬᠤ ᠶᠠᠪᠤᠴᠠ ᠳᠤ ᠨᠡᠶᠢᠴᠡᠭᠦᠯᠦᠭᠰᠡᠨ ᠰᠢᠨᠡᠳᠭᠡᠨ ᠵᠠᠰᠠᠬᠤ ᠰᠠᠨᠠᠯ ᠢ ᠳᠤᠷᠠᠳᠤᠨ᠎ᠠ᠃ ᠬᠤᠭᠤᠯᠠᠨ ᠭᠡᠷ ᠤᠨ | ᠪᠦᠲᠦᠭᠡᠨ ᠪᠠᠶᠢᠭᠤᠯᠤᠯᠲᠠ ᠨᠢ ᠠᠷᠪᠢᠲᠠᠢ ᠭᠠᠮᠲᠠᠢ᠂ ᠠᠮᠦᠷ ᠲᠥᠪᠰᠢᠨ᠂ ᠠᠷᠢᠭᠤᠨ ᠴᠡᠪᠡᠷ᠂ ᠬᠡᠷᠡᠭᠯᠡᠭᠦᠰᠢᠲᠡᠢ | ᠪᠠᠶᠢᠯᠭᠠᠬᠤ ᠵᠠᠷᠴᠢᠮ ᠢᠶᠠᠷ ᠪᠦᠲᠦᠭᠡᠨ ᠪᠠᠶᠢᠭᠤᠯᠵᠤ ᠰᠢᠨᠡᠳᠭᠡᠨ ᠵᠠᠰᠬᠠᠤ ᠠᠵᠢᠯ ᠤᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠪᠠᠷᠢᠮᠵᠢᠶ᠎ᠠ ᠠᠴᠠ ᠬᠡᠲᠦᠷᠡᠭᠦᠯᠬᠦ ᠪᠠ ᠬᠡᠭᠡᠨᠴᠢᠷ ᠪᠠᠶᠢᠭᠤᠯᠬᠤ ᠶᠢ ᠡᠷᠡᠰ ᠴᠠᠭᠠᠵᠠᠯᠠᠨ᠎ᠠ᠃ | ᠬᠡᠪᠴᠢᠶ᠎ᠡ ᠪᠠᠷ ᠨᠡᠯᠢᠶᠡᠳ ᠪᠠᠭ᠎ᠠ ᠮᠠᠯᠵᠢᠬᠤ ᠲᠠᠷᠢᠶᠠᠯᠠᠬᠤ ᠣᠷᠤᠨ ᠤ ᠰᠤᠷᠭᠠᠭᠤᠯᠢ ᠨᠢ ᠪᠣᠲᠠᠲᠠᠢ ᠲᠠᠢ ᠪᠠᠨ | ᠤᠶᠠᠯᠳᠤᠭᠤᠯᠤᠨ ᠰᠤᠯᠠ ᠠᠩᠭᠢ ᠶᠢᠨ ᠭᠡᠷ ᠢᠶᠠᠨ ᠬᠤᠭᠤᠯᠠᠨ ᠭᠡᠷ ᠪᠣᠯᠭᠠᠨ ᠰᠢᠨᠡᠳᠭᠡᠨ ᠵᠠᠰᠠᠵᠤ᠂ ᠰᠤᠷᠤᠭᠴᠢᠳ ᠤᠨ | ᠰᠤᠷᠭᠠᠭᠤᠯᠢ ᠳᠤ ᠬᠤᠭᠤᠯᠠᠯᠠᠬᠤ ᠳᠤ ᠦᠨᠳᠦᠰᠦᠨ ᠨᠦᠬᠦᠴᠡᠯ ᠢ ᠬᠠᠩᠭᠠᠵᠤ ᠪᠣᠯᠣᠨ᠎ᠠ᠃ ᠲᠣᠬᠠᠢ ᠶᠢᠨ ᠭᠠᠵᠠᠷ ᠤᠨ | ᠵᠠᠰᠠᠭ ᠤᠨ ᠣᠷᠳᠣᠨ ᠨᠢ ᠪᠣᠲᠠᠲᠠᠢ ᠲᠠᠢ ᠪᠠᠨ ᠤᠶᠠᠯᠳᠤᠭᠤᠯᠤᠨ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ | ᠬᠤᠭᠤᠯᠠᠨ ᠭᠡᠷ ᠲᠤ ᠬᠢᠷᠢ ᠲᠡᠩᠴᠡᠭᠰᠡᠨ ᠠᠵᠢᠯᠲᠠᠨ ᠢ ᠲᠣᠬᠢᠷᠠᠭᠤᠯᠬᠤ ᠶᠢᠨ ᠬᠠᠮᠲᠤ᠂ ᠣᠯᠭᠤᠮᠵᠢ ᠪᠣᠯᠣᠨ ᠲᠤᠰᠬᠠᠢ | ᠠᠵᠢᠯ ᠤᠨ ᠪᠣᠯᠪᠠᠰᠤᠷᠠᠭᠤᠯᠤᠯ ᠵᠡᠷᠭᠡ ᠠᠰᠠᠭᠤᠳᠠᠯ ᠢ ᠲᠣᠬᠢᠲᠠᠢ ᠰᠢᠢᠳᠪᠦᠷᠢᠯᠡᠨ᠎ᠡ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠬᠠᠮᠢᠶ᠎ᠠ ᠪᠦᠬᠦᠢ ᠠᠶᠢᠮᠠᠭ ᠬᠤᠲᠠ ᠵᠢᠴᠢ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠦᠪᠡᠷᠲᠡᠭᠡᠨ | ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠯᠦᠭᠡ ᠬᠠᠷᠢᠴᠠᠭᠤᠯᠵᠤ᠂ ᠲᠤᠬᠠᠢ ᠶᠢᠨ ᠭᠠᠵᠠᠷ ᠣᠷᠣᠨ ᠤ ᠰᠤᠷᠭᠠᠨ ᠬᠦᠮᠦᠵᠢᠯ᠂ | ᠡᠳ᠋ ᠤᠨ ᠵᠠᠰᠠᠭ᠂ ᠡᠷᠡᠭᠦᠯ ᠬᠠᠮᠠᠭᠠᠯᠠᠯ ᠲᠦᠯᠦᠪᠯᠡᠭᠡᠲᠦ ᠦᠷᠡᠵᠢᠯ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ᠂ ᠬᠥᠭᠵᠢᠭᠦᠯᠦᠯᠲᠡ ᠦᠭᠡᠷᠡᠴᠢᠯᠡᠯᠲᠡ᠂ ᠲᠠᠷᠢᠶᠠᠯᠠᠩ ᠮᠠᠯ ᠠᠵᠤ ᠠᠬᠤᠢ᠂ ᠠᠵᠤ ᠦᠢᠯᠡᠳᠪᠦᠷᠢ | ᠬᠤᠳᠠᠯᠳᠤᠭ᠎ᠠ ᠪᠠ ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ᠂ ᠡᠪ ᠬᠠᠮᠲᠤ ᠵᠠᠯᠠᠭᠤᠴᠤᠳ ᠤᠨ ᠡᠪᠯᠡᠯ ᠤᠨ | ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠰᠠᠯᠠᠭ᠎ᠠ ᠮᠦᠴᠢᠷ ᠢᠶᠠᠷ ᠪᠦᠷᠢᠯᠳᠦᠭᠰᠡᠨ ᠲᠣᠷᠰᠢᠯᠲᠠ ᠶᠢᠨ | ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ | ᠤᠳᠤᠷᠢᠳᠤᠯᠭ᠎ᠠ ᠪᠠᠷ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠲᠤᠰ ᠭᠠᠵᠠᠷ | ᠣᠷᠣᠨ ᠤ ᠲᠣᠷᠰᠢᠯᠲᠠ ᠶᠢᠨ ᠠᠵᠢᠯ ᠤᠨ ᠴᠢᠬᠤᠯᠠ ᠶᠡᠭᠡ ᠵᠦᠢᠯᠡᠰ ᠢ ᠰᠤᠳᠤᠯᠤᠨ ᠲᠣᠭᠲᠠᠭᠠᠨ᠎ᠠ᠃ ᠤᠳᠤᠷᠢᠳᠬᠤ | ᠳᠤᠭᠤᠶᠢᠯᠠᠩ ᠨᠢ ᠳᠣᠣᠷ᠎ᠠ ᠪᠠᠨ ᠠᠯᠪᠠᠨ ᠭᠡᠷ ᠪᠠᠶᠢᠭᠤᠯᠵᠤ᠂ ᠲᠣᠷᠰᠢᠯᠲᠠ ᠶᠢᠨ ᠴᠢᠬ ᠤᠨ ᠬᠠᠮᠢᠶ᠎ᠠ ᠪᠦᠬᠦᠢ | ᠲᠥᠷᠥ ᠶᠢᠨ ᠪᠣᠳᠣᠯᠭ᠎ᠠ ᠶᠢ ᠬᠠᠷᠢᠭᠤᠴᠠᠨ ᠨᠠᠶᠢᠳᠠᠪᠤᠷᠢᠵᠢᠭᠤᠯᠵᠤ᠂ ᠠᠵᠢᠯ ᠤᠨ ᠵᠢᠯᠤᠭᠤᠳᠤᠯᠭ᠎ᠠ ᠪᠠᠨ ᠴᠢᠩᠭᠠᠳᠬᠠᠨ᠂ | ᠲᠣᠷᠰᠢᠯᠭ᠎ᠠ ᠪᠠᠨ ᠳ᠋ᠥᠩᠨᠡᠨ ᠳᠡᠯᠭᠡᠷᠡᠭᠦᠯᠵᠦ᠂ ᠠᠰᠠᠭᠤᠳᠠᠯ ᠢ ᠴᠠᠭ ᠲᠣᠬᠠᠢ ᠳᠤᠨᠢ ᠢᠯᠡᠷᠡᠭᠦᠯᠦᠨ᠂ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠎ᠡ᠃ ᠠᠯᠪᠠᠨ ᠭᠡᠷ ᠨᠢ ᠡᠷᠬᠢᠯᠡᠭᠴᠢ ᠶᠢᠨ ᠠᠯᠪᠠᠨ ᠠᠵᠢᠯ ᠤᠨ | ᠬᠤᠷᠠᠯ᠂ ᠰᠠᠷ᠎ᠠ ᠶᠢᠨ ᠮᠡᠳᠡᠭᠡᠯᠡᠯ᠂ ᠲᠣᠪᠴᠢ ᠮᠡᠳᠡᠭᠡ᠂ ᠲᠤᠰᠬᠠᠶᠢᠯᠠᠨ ᠰᠢᠮᠳᠠᠭᠤᠯᠤᠨ ᠪᠠᠶᠢᠴᠠᠭᠠᠬᠤ ᠠᠵᠢᠯ ᠪᠠ | ᠲᠤᠰᠬᠠᠢ ᠲᠤᠬᠢᠷᠠᠭᠤᠯᠤᠯᠲᠠ ᠬᠢᠬᠦ ᠵᠡᠷᠭᠡ ᠶᠢᠨ ᠳᠦᠷᠢᠮ ᠢ ᠬᠡᠷᠡᠭᠵᠢᠭᠦᠯᠦᠨ᠎ᠡ᠃ | ᠳᠥᠷᠪᠡ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ | ︵ᠨᠢᠭᠡ︶ ᠬᠡᠷᠡᠭᠵᠢᠭᠦᠯᠬᠦ ᠭᠤᠣᠯ ᠴᠤᠭᠴᠠ ᠶᠢ ᠲᠤᠳᠤᠷᠬᠠᠶᠢᠯᠠᠨ᠎ᠠ᠃ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠪᠣᠯ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠢ ᠬᠡᠷᠡᠭᠵᠢᠭᠦᠯᠬᠦ ᠭᠤᠣᠯ | ᠴᠤᠭᠴᠠ ᠪᠣᠯᠣᠨ᠎ᠠ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠲᠤᠳᠤᠷᠬᠠᠶᠢᠯᠠᠵᠤ᠂ ᠡᠷᠬᠡ ᠬᠠᠷᠢᠭᠤᠴᠠᠯᠭ᠎ᠠ | ᠨᠢᠭᠡᠲᠦᠯᠲᠡᠢ ᠪᠠᠶᠢᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ | ᠪᠤᠳᠠᠳᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ | ᠭᠤᠣᠯ ᠬᠠᠷᠢᠭᠤᠴᠠᠯᠭᠠᠲᠠᠨ ᠨᠢ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠢ ᠬᠡᠷᠡᠭᠵᠢᠭᠦᠯᠬᠦ ᠠᠵᠢᠯ ᠳᠤ | ᠶᠡᠷᠦᠩᠬᠡᠢ ᠬᠠᠷᠢᠭᠤᠴᠠᠯᠭ᠎ᠠ ᠡᠭᠦᠷᠭᠡᠯᠡᠵᠦ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ ᠨᠢ ᠪᠣᠲᠠᠲᠠᠢ | ᠬᠠᠷᠢᠭᠤᠴᠠᠨ᠎ᠠ᠃ | ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠦᠪᠡᠷᠲᠡᠭᠡᠨ ᠵᠠᠰᠠᠬᠤ ᠣᠷᠣᠨ ᠤ | ᠲᠣᠷᠰᠢᠯᠲᠠ ᠶᠢᠨ ᠴᠢᠬ ᠢ ᠠᠬᠢᠭᠤᠯᠬᠤ ᠠᠵᠢᠯ ᠢ ᠨᠢᠭᠡᠲᠦᠯᠲᠡᠢ ᠲᠦᠯᠦᠪᠯᠡᠨ ᠲᠦᠯᠦᠪᠵᠢᠭᠦᠯᠬᠦ ᠶᠢ ᠬᠠᠷᠢᠭᠤᠴᠠᠵᠤ᠂ | ᠪᠡᠯᠡ ᠮᠦᠩᠭᠦ ᠶᠢᠨ ᠬᠡᠷᠡᠭᠯᠡᠯᠲᠡ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠬᠤᠭᠤᠯᠠᠯᠠᠬᠤ ᠨᠦᠬᠦᠴᠡᠯ ᠢ | ᠨᠢᠭᠡᠲᠦᠯᠲᠡᠢ ᠲᠦᠯᠦᠪᠯᠡᠨ ᠰᠠᠶᠢᠵᠢᠷᠠᠭᠤᠯᠵᠤ᠂ ᠢᠳᠡᠭᠡᠨ ᠤ ᠠᠮᠦᠷ ᠲᠥᠪᠰᠢᠨ ᠤ ᠬᠠᠮᠢᠶᠠᠷᠤᠯᠲᠠ ᠶᠢᠨ ᠠᠵᠢᠯ ᠢ | ᠵᠢᠯᠤᠭᠤᠳᠤᠨ᠂ ᠬᠠᠮᠢᠶ᠎ᠠ ᠪᠦᠬᠦᠢ ᠬᠠᠮᠢᠶᠠᠷᠤᠯᠲᠠ ᠶᠢᠨ ᠳᠦᠷᠢᠮ ᠢ ᠲᠣᠭᠲᠠᠭᠠᠵᠤ᠂ ᠠᠶᠢᠮᠠᠭ ᠬᠤᠲᠠ᠂ ᠬᠤᠰᠢᠭᠤ | ᠰᠢᠶᠠᠨ ᠢ ᠰᠢᠮᠳᠠᠭᠤᠯᠤᠨ ᠦᠪᠡᠷᠲᠡᠭᠡᠨ ᠵᠠᠰᠬᠠᠤ ᠣᠷᠣᠨ ᠤ ᠲᠣᠷᠰᠢᠯᠲᠠ ᠶᠢᠨ ᠴᠢᠬ ᠢ ᠬᠡᠷᠡᠭᠵᠢᠭᠦᠯᠦᠨ᠎ᠡ᠃ | ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠤᠰ ᠭᠠᠵᠠᠷ ᠣᠷᠣᠨ ᠤ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠤᠨ ᠬᠡᠷᠡᠭᠵᠢᠭᠦᠯᠬᠦ ᠶᠢᠨ ᠵᠢᠯᠤᠭᠤᠳᠬᠤ ᠪᠠ ᠵᠣᠬᠢᠴᠠᠭᠤᠯᠬᠤ | ᠠᠵᠢᠯ ᠢ ᠬᠠᠷᠢᠭᠤᠴᠠᠨ᠎ᠠ᠃ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯᠣᠨ ᠡᠯ᠎ᠡ ᠬᠤᠯᠪᠣᠭᠳᠠᠯ | ᠪᠦᠬᠦᠢ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠬᠡᠷᠡᠭᠵᠢᠭᠦᠯᠬᠦ ᠶᠢ ᠰᠢᠮᠳᠠᠭᠤᠯᠵᠤ᠂ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠠᠵᠢᠯ ᠢ ᠬᠢᠨᠠᠮᠠᠭᠠᠢ ᠬᠡᠷᠡᠭᠵᠢᠭᠦᠯᠬᠦ ᠶᠢᠨ ᠬᠠᠮᠲᠤ᠂ ᠬᠤᠯᠪᠤᠭᠳᠠᠯ | ᠪᠦᠬᠦᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠶᠤᠰᠤᠭᠠᠷ᠂ ᠲᠣᠷᠰᠢᠯᠲᠠ ᠶᠢᠨ ᠴᠢᠬ ᠤᠨ ᠭᠠᠵᠠᠷ ᠣᠷᠣᠨ ᠪᠠ | ᠰᠤᠷᠭᠠᠭᠤᠯᠢ ᠳᠤ ᠪᠡᠯᠡ ᠮᠦᠩᠭᠦ ᠪᠣᠯᠣᠨ ᠮᠡᠷᠭᠡᠵᠢᠯ ᠤᠨ ᠳᠡᠮᠵᠢᠯᠭᠡ ᠶᠢ ᠬᠠᠩᠭᠠᠨ᠎ᠠ᠃ | ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠪᠣᠯ ᠦᠪᠡᠷᠲᠡᠭᠡᠨ ᠵᠠᠰᠠᠬᠤ ᠣᠷᠣᠨ ᠤ | ᠲᠣᠷᠰᠢᠯᠲᠠ ᠶᠢᠨ ᠠᠵᠢᠯ ᠤᠨ ᠠᠵᠢᠯᠯᠠᠭᠠᠨ ᠤ ᠭᠤᠣᠯ ᠴᠤᠭᠴᠠ ᠪᠠ ᠬᠠᠷᠢᠭᠤᠴᠠᠯᠭ᠎ᠠ ᠶᠢᠨ ᠭᠤᠣᠯ ᠴᠤᠭᠴᠠ ᠪᠣᠯᠬᠤᠷ᠂ | ᠪᠤᠲᠠᠲᠠᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ ᠪᠣᠲᠠᠲᠠᠢ ᠪᠠᠷ ᠬᠡᠯᠡᠪᠡᠯ᠂ ᠬᠡᠷᠡᠭᠵᠢᠭᠦᠯᠬᠦ ᠲᠦᠰᠦᠯ ᠢ | ᠲᠣᠭᠲᠠᠭᠠᠨ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠬᠤᠭᠤᠯᠠ | ᠬᠠᠩᠭᠠᠬᠤ ᠵᠠᠭᠪᠤᠷ ᠪᠣᠯᠣᠨ ᠠᠭᠤᠯᠭ᠎ᠠ ᠶᠢ ᠲᠣᠭᠲᠠᠭᠠᠨ᠂ ᠰᠤᠷᠤᠭᠴᠢᠳ ᠤᠨ ᠬᠤᠭᠤᠯᠠᠨ ᠭᠡᠷ ᠤᠨ ᠪᠦᠲᠦᠭᠡᠨ | ᠪᠠᠶᠢᠭᠤᠯᠤᠯᠲᠠ ᠪᠠ ᠬᠤᠭᠤᠯᠠ ᠲᠣᠬᠢᠷᠠᠭᠤᠯᠬᠤ ᠵᠦᠭᠯᠡᠭᠦᠷ ᠢ ᠲᠣᠭᠲᠠᠭᠠᠬᠤ ᠠᠵᠢᠯ ᠢ ᠠᠬᠢᠭᠤᠯᠵᠤ᠂ ᠪᠡᠯᠡ | ᠮᠦᠩᠭᠦ ᠶᠢᠨ ᠬᠠᠮᠢᠶᠠᠷᠤᠯᠲᠠ ᠬᠡᠷᠡᠭᠯᠡᠯᠲᠡ ᠶᠢ ᠲᠣᠬᠢᠷᠠᠭᠤᠯᠤᠨ᠂ ᠰᠢᠮ᠎ᠡ ᠲᠡᠵᠢᠭᠡᠯᠲᠦ ᠬᠤᠭᠤᠯᠠ ᠶᠢ ᠬᠡᠷᠡᠭᠵᠢᠭᠦᠯᠬᠦ | ᠠᠵᠢᠯᠯᠠᠭᠠᠨ ᠤ ᠵᠠᠷᠤᠳᠠᠯ ᠢ ᠲᠣᠬᠢᠲᠠᠢ ᠰᠢᠢᠳᠪᠦᠷᠢᠯᠡᠵᠦ᠂ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠳᠡᠭᠡᠨ ᠤ ᠠᠮᠦᠷ ᠲᠥᠪᠰᠢᠨ ᠪᠠ ᠪᠡᠯᠡ ᠮᠦᠩᠭᠦ ᠶᠢᠨ ᠠᠮᠦᠷ ᠲᠥᠪᠰᠢᠨ ᠤ | ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠂ ᠲᠤᠰ ᠭᠠᠵᠠᠷ ᠣᠷᠣᠨ ᠤ ᠦᠪᠡᠷᠲᠡᠭᠡᠨ ᠵᠠᠰᠠᠬᠤ ᠣᠷᠣᠨ ᠤ | ᠲᠣᠷᠰᠢᠯᠲᠠ ᠶᠢᠨ ᠠᠵᠢᠯ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠦᠨᠡᠨᠬᠦ ᠪᠠᠲᠤᠯᠠᠬᠤ ᠵᠡᠷᠭᠡ ᠪᠠᠭᠲᠠᠨ᠎ᠠ᠃ | ︵ᠬᠤᠶᠠᠷ︶ ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢ ᠴᠢᠩᠭᠠᠷᠠᠭᠤᠯᠤᠨ᠎ᠠ᠃ | ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠨᠢ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠤᠨ | ᠬᠡᠷᠡᠭᠵᠢᠭᠦᠯᠦᠯᠲᠡ ᠶᠢ ᠰᠤᠷᠭᠠᠨ ᠬᠦᠮᠦᠵᠢᠯ ᠤᠨ ᠲᠦᠯᠦᠪᠵᠢᠭᠦᠯᠭᠡ ᠶᠢᠨ ᠬᠦᠲᠦᠯᠪᠦᠷᠢ ᠶᠢᠨ ᠲᠣᠪᠴᠢ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠴᠢᠬᠤᠯᠠ ᠠᠵᠢᠯ ᠪᠣᠯᠭᠠᠵᠤ᠂ ᠲᠦᠷᠦᠭᠦᠯᠡᠨ ᠬᠠᠷᠢᠭᠤᠴᠠᠵᠤ᠂ ᠵᠣᠬᠢᠶᠠᠨ | ᠪᠠᠶᠢᠭᠤᠯᠤᠨ ᠬᠡᠷᠡᠭᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠦᠴᠢᠷ ᠯᠦᠭᠡ ᠬᠠᠮᠵᠢᠯᠴᠠᠨ ᠬᠡᠷᠡᠭᠵᠢᠭᠦᠯᠬᠦ | ᠲᠦᠰᠦᠯ ᠢ ᠲᠣᠭᠲᠠᠭᠠᠵᠤ᠂ ᠬᠠᠮᠢᠶᠠᠷᠤᠯᠲᠠ ᠶᠢᠨ ᠲᠣᠭᠲᠠᠴᠠ ᠪᠠ ᠬᠢᠨᠠᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠡᠳ᠋ ᠤᠨ ᠵᠠᠰᠠᠭ ᠪᠣᠯᠣᠨ ᠬᠢᠨᠠᠨ ᠪᠣᠳᠣᠯᠲᠠ ᠵᠡᠷᠭᠡ ᠰᠠᠯᠠᠭ᠎ᠠ ᠮᠦᠴᠢᠷ ᠯᠦᠭᠡ ᠬᠠᠮᠵᠢᠯᠴᠠᠨ ᠪᠡᠯᠡ | ᠮᠦᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ︔ ᠡᠳ᠋ ᠤᠨ ᠵᠠᠰᠠᠭ᠂ ᠬᠥᠭᠵᠢᠭᠦᠯᠦᠯᠲᠡ | ᠦᠭᠡᠷᠡᠴᠢᠯᠡᠯᠲᠡ ᠶᠢᠨ ᠰᠠᠯᠠᠭ᠎ᠠ ᠮᠦᠴᠢᠷ ᠯᠦᠭᠡ ᠬᠠᠮᠵᠢᠯᠴᠠᠨ ᠰᠤᠷᠭᠠᠭᠤᠯᠢ ᠶᠢᠨ ᠬᠤᠭᠤᠯᠠᠨ ᠭᠡᠷ ᠤᠨ ᠪᠦᠲᠦᠭᠡᠨ | ᠪᠠᠶᠢᠭᠤᠯᠤᠯᠲᠠ ᠶᠢᠨ ᠲᠦᠯᠦᠪᠵᠢᠭᠦᠯᠭᠡ ᠶᠢ ᠲᠣᠭᠲᠠᠭᠠᠵᠤ᠂ ᠰᠤᠷᠭᠠᠭᠤᠯᠢ ᠶᠢᠨ ᠬᠤᠭᠤᠯᠠᠯᠠᠬᠤ ᠨᠦᠬᠦᠴᠡᠯ ᠢ | ᠰᠠᠶᠢᠵᠢᠷᠠᠭᠤᠯᠤᠨ᠎ᠠ᠃ ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠯᠦᠭᠡ | ᠬᠠᠮᠵᠢᠯᠴᠠᠨ ᠢᠳᠡᠭᠡᠨ ᠤ ᠠᠮᠦᠷ ᠲᠥᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠢᠳᠡᠭᠡᠨ ᠤ ᠠᠮᠦᠷ | ᠲᠥᠪᠰᠢᠨ ᠤ ᠬᠢᠨᠠᠯᠲᠠ ᠪᠠᠶᠢᠴᠠᠭᠠᠯᠲᠠ ᠶᠢ ᠦᠷᠨᠢᠭᠦᠯᠦᠨ᠎ᠡ︔ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠯᠦᠭᠡ | ᠬᠠᠮᠵᠢᠯᠴᠠᠨ ᠰᠤᠷᠤᠭᠴᠢᠳ ᠤᠨ ᠰᠢᠮ᠎ᠡ ᠲᠡᠵᠢᠭᠡᠯ ᠡᠷᠡᠭᠦᠯ ᠮᠡᠨᠳᠦ ᠶᠢᠨ ᠪᠠᠶᠢᠳᠠᠯ ᠢ ᠬᠢᠨᠠᠨ ᠰᠢᠯᠭᠠᠵᠤ ᠦᠨᠡᠯᠡᠨ ᠵᠢᠱᠢᠬᠦ | ᠠᠵᠢᠯ ᠢ ᠦᠷᠨᠢᠭᠦᠯᠦᠨ᠎ᠡ︔ ᠡᠷᠡᠭᠦᠯ ᠬᠠᠮᠠᠭᠠᠯᠠᠯ᠂ ᠢᠳᠡᠭᠡᠨ ᠤ ᠠᠮᠦᠷ ᠲᠥᠪᠰᠢᠨ᠂ ᠤᠬᠠᠭᠤᠯᠭ᠎ᠠ ᠵᠡᠷᠭᠡ ᠰᠠᠯᠠᠭ᠎ᠠ | ᠮᠦᠴᠢᠷ ᠯᠦᠭᠡ ᠬᠠᠮᠵᠢᠯᠴᠠᠨ ᠰᠢᠮ᠎ᠡ ᠲᠡᠵᠢᠭᠡᠯ ᠪᠠ ᠢᠳᠡᠭᠡᠨ ᠤ ᠠᠮᠦᠷ ᠲᠥᠪᠰᠢᠨ ᠤ ᠤᠬᠠᠭᠤᠯᠭ᠎ᠠ ᠬᠦᠮᠦᠵᠢᠯ ᠢ | ᠦᠷᠨᠢᠭᠦᠯᠦᠨ᠎ᠡ᠃ | ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠣᠯᠠᠨ ᠨᠡᠶᠢᠲᠡ ᠶᠢᠨ ᠡᠳ᠋ ᠤᠨ ᠵᠠᠰᠠᠭ ᠤᠨ ᠡᠭᠦᠷᠭᠡ | ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠪᠡᠯᠡ ᠮᠦᠩᠭᠦ ᠶᠢᠨ ᠣᠷᠤᠭᠤᠯᠤᠯᠲᠠ ᠪᠣᠯᠣᠨ ᠬᠡᠷᠡᠭᠯᠡᠯᠲᠡ ᠶᠢᠨ | ᠲᠥᠷᠥ ᠶᠢᠨ ᠪᠣᠳᠣᠯᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠣᠷᠤᠭᠤᠯᠤᠯᠲᠠ ᠶᠢ ᠦᠨᠡᠨᠬᠦ ᠨᠡᠮᠡᠭᠳᠡᠭᠦᠯᠦᠨ᠂ | ᠲᠤᠰᠬᠠᠢ ᠪᠡᠯᠡ ᠮᠦᠩᠭᠦ ᠶᠢ ᠨᠠᠶᠢᠳᠠᠪᠤᠷᠢᠵᠢᠭᠤᠯᠵᠤ᠂ ᠪᠡᠯᠡ ᠮᠦᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ | ᠪᠡᠯᠡ ᠮᠦᠩᠭᠦ ᠶᠢᠨ ᠬᠡᠷᠡᠭᠯᠡᠬᠦ ᠦᠷ᠎ᠡ ᠠᠰᠢᠭ ᠢ ᠳᠡᠭᠡᠭᠰᠢᠯᠡᠭᠦᠯᠦᠨ᠎ᠡ᠃ | ᠬᠥᠭᠵᠢᠭᠦᠯᠦᠯᠲᠡ ᠦᠭᠡᠷᠡᠴᠢᠯᠡᠯᠲᠡ ᠶᠢᠨ ᠰᠠᠯᠠᠭ᠎ᠠ ᠮᠦᠴᠢᠷ ᠨᠢ ᠦᠪᠡᠷᠲᠡᠭᠡᠨ ᠵᠠᠰᠠᠬᠤ ᠣᠷᠣᠨ ᠤ | ᠲᠣᠷᠰᠢᠯᠲᠠ ᠶᠢᠨ ᠴᠢᠬ ᠢ ᠤᠯᠤᠰ ᠠᠷᠠᠳ ᠤᠨ ᠠᠵᠤ ᠠᠬᠤᠢ ᠪᠣᠯᠣᠨ ᠨᠡᠶᠢᠭᠡᠮ ᠤᠨ ᠬᠥᠭᠵᠢᠯᠲᠡ ᠶᠢᠨ | ᠲᠦᠯᠦᠪᠵᠢᠭᠦᠯᠭᠡ ᠳᠤ ᠤᠷᠤᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠬᠤᠭᠤᠯᠠᠯᠠᠬᠤ | ᠨᠦᠬᠦᠴᠡᠯ ᠢᠶᠠᠨ ᠰᠠᠶᠢᠵᠢᠷᠠᠭᠤᠯᠬᠤ ᠶᠢ ᠳᠡᠮᠵᠢᠨ᠎ᠡ᠃ | ᠢᠳᠡᠭᠡᠨ ᠪᠠ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠢᠳᠡᠭᠡᠨ ᠤ ᠠᠮᠦᠷ | ᠲᠥᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠠᠳᠠᠯᠢ ᠪᠤᠰᠤ ᠬᠤᠭᠤᠯᠠ ᠬᠠᠩᠭᠠᠬᠤ | ᠵᠠᠭᠪᠤᠷ ᠤᠨ ᠵᠥᠪᠰᠢᠶᠡᠷᠡᠨ ᠣᠷᠤᠭᠤᠯᠬᠤ ᠠᠷᠭ᠎ᠠ ᠶᠢ ᠲᠣᠭᠲᠠᠭᠠᠨ᠂ ᠰᠢᠭᠤᠳ ᠬᠤᠭᠤᠯᠠ ᠬᠠᠩᠭᠠᠬᠤ ᠢᠳᠡᠭᠡᠨ ᠤ | ᠦᠢᠯᠡᠳᠪᠦᠷᠢᠯᠡᠯ ᠤᠨ ᠠᠵᠤ ᠠᠬᠤᠶᠢᠯᠠᠯ ᠵᠢᠴᠢ ᠢᠳᠡᠭᠡᠨ ᠤ ᠭᠦᠢᠯᠭᠡᠭᠡᠨ ᠤ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ | ᠬᠠᠷᠢᠭᠤᠴᠠᠵᠤ᠂ ᠢᠳᠡᠭᠡᠨ ᠤ ᠡᠳ᠋ᠰᠢᠭᠦᠯᠬᠦ ᠶᠠᠪᠤᠴᠠ ᠳᠠᠬᠢ ᠶᠠᠰᠤ ᠴᠢᠨᠠᠷ ᠤᠨ ᠠᠰᠠᠭᠤᠳᠠᠯ ᠵᠢᠴᠢ ᠬᠠᠤᠯᠢ ᠠᠴᠠ | ᠵᠦᠷᠢᠴᠡᠭᠰᠡᠨ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠨ᠎ᠡ᠃ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠦᠴᠢᠷ ᠲᠠᠢ ᠬᠠᠮᠵᠢᠯᠴᠠᠨ ᠢᠳᠡᠭᠡᠨ ᠤ ᠳᠠᠭᠠᠭᠠᠴᠢᠯᠠᠯᠲᠠ ᠵᠠᠷᠯᠠᠬᠤ ᠪᠠ ᠬᠤᠳᠠᠯᠳᠤᠨ ᠠᠪᠬᠤ ᠠᠵᠢᠯ ᠢ | ᠰᠠᠶᠢᠲᠤᠷ ᠬᠢᠵᠦ᠂ ᠳᠠᠭᠠᠭᠠᠴᠢᠯᠠᠯᠲᠠ ᠵᠠᠷᠯᠠᠨ ᠳᠠᠭᠠᠭᠠᠴᠢᠯᠠᠯᠲᠠ ᠬᠦᠯᠢᠶᠡᠬᠦ ᠠᠵᠤ ᠠᠬᠤᠶᠢᠯᠠᠯ ᠤᠨ ᠬᠢᠷᠢ ᠴᠢᠳᠠᠮᠵᠢ ᠶᠢ | ᠬᠢᠨᠠᠨ ᠪᠤᠳᠤᠬᠤ ᠪᠠ ᠬᠠᠤᠯᠢ ᠶᠤᠰᠤᠨ ᠤ ᠪᠦᠭᠡᠳ ᠬᠠᠤᠯᠢ ᠲᠣᠭᠲᠠᠭᠠᠯ ᠳᠤ ᠨᠡᠶᠢᠴᠡᠬᠦ ᠴᠢᠨᠠᠷ ᠢ ᠬᠢᠨᠠᠨ | ᠪᠠᠶᠢᠴᠠᠭᠠᠬᠤ ᠳᠤ ᠬᠢᠨᠠᠯᠲᠠ ᠲᠠᠯᠪᠢᠵᠤ᠂ ᠰᠤᠷᠭᠠᠭᠤᠯᠢ ᠠᠵᠤ ᠠᠬᠤᠶᠢᠯᠠᠯ ᠬᠤᠶᠠᠷ ᠡᠲᠡᠭᠡᠳ ᠤᠨ ᠶᠠᠰᠤ ᠴᠢᠨᠠᠷ ᠤᠨ | ᠪᠠᠲᠤᠯᠠᠭ᠎ᠠ ᠶᠢᠨ ᠬᠡᠯᠡᠯᠴᠡᠭᠡᠷ ᠲᠣᠭᠲᠠᠬᠤ ᠳᠤ ᠬᠢᠨᠠᠯᠲᠠ ᠲᠠᠯᠪᠢᠬᠤ ᠶᠢᠨ ᠬᠠᠮᠲᠤ᠂ ᠰᠤᠷᠭᠠᠭᠤᠯᠢ ᠯᠤᠭ᠎ᠠ ᠬᠠᠮᠲᠤᠪᠠᠷ | ᠳᠠᠭᠠᠭᠠᠴᠢᠯᠠᠯᠲᠠ ᠣᠯᠣᠭᠰᠠᠨ ᠪᠠᠷᠠᠭ᠎ᠠ ᠬᠠᠩᠭᠠᠬᠤ ᠨᠢᠭᠡᠴᠡ ᠶᠢᠨ ᠡᠮᠦᠨᠡᠬᠢ ᠬᠤᠭᠤᠴᠠᠭᠠᠨ ᠤ ᠬᠢᠨᠠᠨ ᠬᠠᠷᠭᠤᠭᠤᠯᠬᠤ | ᠪᠠ ᠲᠤᠰᠬᠠᠶᠢᠯᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠠᠷᠢᠶ᠎ᠠ ᠭᠠᠵᠠᠷ ᠤᠨ ᠢᠳᠡᠭᠡᠨ ᠪᠠ ᠡᠮ ᠤᠨ | ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠦᠴᠢᠷ ᠨᠢ ᠰᠤᠷᠭᠠᠭᠠᠤᠯᠢ ᠳᠤ ᠬᠢᠨᠠᠯᠲᠠ ᠲᠠᠯᠪᠢᠵᠤ ᠪᠠᠶᠢᠭᠠᠳ | ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢᠨ ᠬᠠᠮᠢᠶᠠᠷᠤᠨ ᠡᠵᠡᠮᠳᠡᠵᠦ ᠪᠦᠬᠦᠢ ᠡᠯ᠎ᠡ ᠵᠦᠢᠯ ᠤᠨ | ᠪᠠᠶᠢᠴᠠᠭᠠᠨ ᠰᠢᠯᠭᠠᠬᠤ ᠪᠠ ᠲᠡᠮᠲᠡᠭᠯᠡᠬᠦ ᠳᠦᠷᠢᠮ ᠢ ᠲᠣᠭᠲᠠᠭᠠᠬᠤ ᠶᠢᠨ ᠬᠠᠮᠲᠤ ᠴᠢᠩᠭ᠎ᠠ ᠬᠡᠷᠡᠭᠵᠢᠭᠦᠯᠵᠦ᠂ | ᠰᠤᠷᠭᠠᠭᠤᠯᠢ ᠶᠢ ᠡᠷᠬᠡᠪᠰᠢ ᠬᠢᠷᠢ ᠴᠢᠳᠠᠮᠵᠢ ᠨᠢ ᠬᠠᠤᠯᠢ ᠶᠤᠰᠤᠨ ᠳᠤ ᠨᠡᠶᠢᠴᠡᠬᠦ᠂ ᠵᠠᠮ ᠮᠥᠷ ᠨᠢ ᠵᠢᠩᠬᠢᠨᠢ᠂ | ᠭᠠᠷᠳᠠᠮ ᠨᠢ ᠪᠦᠷᠢᠨ ᠭᠦᠢᠴᠡᠳ ᠪᠠᠶᠢᠬᠤ ᠢᠳᠡᠭᠡᠨ ᠤ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠠᠴᠠ ᠢᠳᠡᠭᠡᠨ | ᠬᠤᠳᠠᠯᠳᠤᠨ ᠠᠪᠬᠤ ᠪᠠᠷ ᠱᠠᠭᠠᠷᠳᠠᠵᠤ᠂ ᠢᠳᠡᠭᠡᠨ ᠤ ᠢᠷᠡᠯᠲᠡ ᠶᠢᠨ ᠪᠣᠭᠤᠮᠲᠠ ᠶᠢ ᠴᠢᠩᠭ᠎ᠠ ᠠᠳᠬᠤᠨ᠎ᠠ᠃ ᠡᠭᠦᠨ ᠤ | ᠬᠠᠮᠲᠤ᠂ ᠰᠤᠷᠭᠠᠭᠤᠯᠢ ᠳᠤ ᠬᠢᠨᠠᠯᠲᠠ ᠲᠠᠯᠪᠢᠵᠤ ᠪᠠᠶᠢᠭᠠᠳ ᠫᠢᠶᠤᠤ ᠪᠠᠷᠢᠮᠲᠠ ᠠᠪᠬᠤ᠂ ᠣᠷᠤᠭᠤᠯᠬᠤ ᠪᠠᠷᠠᠭ᠎ᠠ ᠶᠢ | ᠪᠠᠶᠢᠴᠠᠭᠠᠨ ᠰᠢᠯᠭᠠᠬᠤ᠂ ᠢᠳᠡᠭᠡᠨ ᠢ ᠬᠠᠳᠠᠭᠠᠯᠠᠬᠤ᠂ ᠡᠳ᠋ᠰᠢᠭᠦᠯᠦᠨ ᠦᠢᠯᠡᠳᠬᠦ ᠵᠡᠷᠭᠡ ᠵᠠᠩᠬᠢᠯᠠᠭ᠎ᠠ ᠶᠢᠨ ᠲᠠᠯ᠎ᠠ ᠶᠢᠨ | ᠠᠵᠢᠯ ᠢ ᠰᠠᠶᠢᠲᠤᠷ ᠬᠢᠨ᠎ᠡ᠃ ᠰᠤᠷᠭᠠᠨ ᠬᠦᠮᠦᠵᠢᠯ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ ᠮᠦᠴᠢᠷ ᠯᠦᠭᠡ | ᠬᠠᠮᠵᠢᠯᠴᠠᠨ ᠰᠤᠷᠭᠠᠭᠤᠯᠢ᠂ ᠬᠤᠭᠤᠯᠠ ᠬᠠᠩᠭᠠᠬᠤ ᠠᠵᠤ ᠠᠬᠤᠶᠢᠯᠠᠯ ᠯᠤᠭ᠎ᠠ ᠢᠳᠡᠭᠡᠨ ᠤ ᠠᠮᠦᠷ ᠲᠥᠪᠰᠢᠨ ᠤ | ᠬᠠᠷᠢᠭᠤᠴᠠᠯᠭ᠎ᠠ ᠶᠢᠨ ᠪᠢᠴᠢᠭ ᠢ ᠲᠣᠭᠲᠠᠨ᠂ ᠲᠤᠰᠬᠠᠢ ᠬᠦᠮᠦᠨ ᠲᠣᠬᠢᠷᠠᠭᠤᠯᠤᠨ ᠬᠠᠷᠢᠭᠤᠴᠠᠭᠤᠯᠵᠤ᠂ ᠢᠳᠡᠭᠡᠨ ᠤ | ᠲᠥᠭᠦᠬᠡᠢ ᠮᠠᠲ᠋ᠧᠷᠢᠶᠠᠯ ᠤᠨ ᠬᠤᠳᠠᠯᠳᠤᠨ ᠠᠪᠬᠤ᠂ ᠡᠳ᠋ᠰᠢᠭᠦᠯᠬᠦ᠂ ᠬᠠᠳᠠᠭᠠᠯᠠᠬᠤ᠂ ᠬᠤᠭᠤᠯᠠᠨ ᠤ ᠪᠠᠭᠠᠵᠢ ᠬᠡᠷᠡᠭᠰᠡᠯ ᠢ | ᠠᠷᠢᠭᠤᠳᠬᠠᠬᠤ᠂ ᠲᠥᠭᠦᠭᠡᠷᠦᠮᠵᠢ ᠶᠢ ᠴᠡᠪᠡᠷᠯᠡᠬᠦ ᠵᠡᠷᠭᠡ ᠲᠠᠯ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ | ᠢᠳᠡᠭᠡᠨ ᠤ ᠠᠮᠦᠷ ᠲᠥᠪᠰᠢᠨ ᠤ ᠪᠠᠶᠢᠴᠠᠭᠠᠯᠲᠠ ᠪᠣᠯᠣᠨ ᠠᠵᠢᠯ ᠡᠷᠬᠢᠯᠡᠭᠰᠡᠳ ᠤᠨ ᠢᠳᠡᠭᠡᠨ ᠤ ᠠᠮᠦᠷ ᠲᠥᠪᠰᠢᠨ ᠤ | ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ ᠦᠷᠨᠢᠭᠦᠯᠵᠦ᠂ ᠢᠳᠡᠭᠡᠨ ᠤ ᠠᠮᠦᠷ ᠲᠥᠪᠰᠢᠨ ᠤ | ᠤᠬᠠᠭᠤᠯᠭ᠎ᠠ ᠬᠦᠮᠦᠵᠢᠯ ᠤᠨ ᠲᠦᠰᠦᠯ ᠢ ᠲᠣᠭᠲᠠᠭᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠨ | ᠢᠳᠡᠭᠡᠨ ᠤ ᠠᠮᠦᠷ ᠲᠥᠪᠰᠢᠨ ᠤ ᠤᠬᠠᠭᠤᠯᠭ᠎ᠠ ᠬᠦᠮᠦᠵᠢᠯ ᠦᠷᠨᠢᠭᠦᠯᠬᠦ ᠶᠢ ᠵᠢᠯᠤᠭᠤᠳᠤᠨ᠎ᠠ᠃ ᠢᠳᠡᠭᠡᠨ ᠤ ᠠᠮᠦᠷ | ᠲᠥᠪᠰᠢᠨ ᠤ ᠠᠳᠡᠯ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠭᠡᠯ ᠲᠦᠰᠦᠪ ᠢ ᠲᠣᠭᠲᠠᠭᠠᠬᠤ ᠪᠠ ᠰᠤᠷᠢᠯᠲᠠ ᠬᠢᠬᠦ | ᠠᠵᠢᠯ ᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠰᠤᠷᠭᠠᠭᠤᠯᠢ ᠶᠢᠨ ᠢᠳᠡᠭᠡᠨ ᠤ ᠠᠮᠦᠷ ᠲᠥᠪᠰᠢᠨ ᠤ ᠠᠳᠡᠯ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠦᠷᠨᠢᠭᠦᠯᠦᠨ᠎ᠡ᠃ | ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠨᠢ ᠰᠤᠷᠭᠠᠭᠤᠯᠢ ᠶᠢᠨ ᠢᠳᠡᠭᠡᠨ ᠤ ᠠᠮᠦᠷ ᠲᠥᠪᠰᠢᠨ ᠤ | ᠠᠳᠡᠯ ᠳᠠᠬᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠦᠷᠨᠢᠭᠦᠯᠵᠦ᠂ | ᠰᠤᠷᠭᠠᠭᠤᠯᠢ ᠶᠢᠨ ᠤᠤᠭᠤᠬᠤ ᠤᠰᠤᠨ ᠤ ᠠᠮᠦᠷ ᠲᠥᠪᠰᠢᠨ ᠤ ᠬᠡᠷᠡᠭᠯᠡᠯᠲᠡ ᠳᠤ ᠬᠢᠨᠠᠯᠲᠠ ᠲᠠᠯᠪᠢᠨ᠎ᠠ᠃ | ᠰᠤᠷᠭᠠᠭᠤᠯᠢ ᠶᠢᠨ ᠰᠢᠮ᠎ᠡ ᠲᠡᠵᠢᠭᠡᠯ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠬᠦᠮᠦᠵᠢᠯ ᠦᠷᠨᠢᠭᠦᠯᠬᠦ ᠶᠢ | ᠵᠢᠯᠤᠭᠤᠳᠴᠤ᠂ ᠰᠤᠷᠤᠭᠴᠢᠳ ᠤᠨ ᠰᠢᠮ᠎ᠡ ᠲᠡᠵᠢᠭᠡᠯ ᠤᠨ ᠪᠠᠶᠢᠳᠠᠯ ᠢ ᠬᠢᠨᠠᠨ ᠰᠢᠯᠭᠠᠵᠤ ᠦᠨᠡᠯᠡᠨ ᠵᠢᠱᠢᠬᠦ ᠪᠠᠷᠢᠮᠵᠢᠶ᠎ᠠ | ᠪᠣᠯᠣᠨ ᠳᠦᠷᠢᠮ ᠢ ᠲᠣᠭᠲᠠᠭᠠᠨ᠂ ᠰᠤᠷᠤᠭᠴᠢᠳ ᠤᠨ ᠰᠢᠮ᠎ᠡ ᠲᠡᠵᠢᠭᠡᠯ ᠤᠨ ᠪᠠᠶᠢᠳᠠᠯ ᠢ ᠬᠢᠨᠠᠨ ᠰᠢᠯᠭᠠᠵᠤ ᠦᠨᠡᠯᠡᠨ | ᠵᠢᠱᠢᠬᠦ ᠠᠵᠢᠯ ᠢ ᠦᠷᠨᠢᠭᠦᠯᠵᠦ᠂ ᠰᠤᠷᠤᠭᠴᠢᠳ ᠤᠨ ᠰᠢᠮ᠎ᠡ ᠲᠡᠵᠢᠭᠡᠯᠲᠦ ᠢᠳᠡᠭᠡᠨ ᠤ ᠵᠣᠷ ᠪᠣᠯᠣᠨ ᠰᠢᠮ᠎ᠡ | ᠲᠡᠵᠢᠭᠡᠯ ᠢ ᠰᠠᠶᠢᠵᠢᠷᠠᠭᠤᠯᠬᠤ ᠳᠤ ᠵᠢᠯᠤᠭᠤᠳᠬᠤ ᠰᠠᠨᠠᠯ ᠢ ᠳᠤᠷᠠᠳᠤᠨ᠎ᠠ᠃ | ᠠᠵᠤ ᠦᠢᠯᠡᠳᠪᠦᠷᠢ ᠬᠤᠳᠠᠯᠳᠤᠭᠠᠨ ᠤ ᠰᠠᠯᠠᠭ᠎ᠠ ᠮᠦᠴᠢᠷ ᠨᠢ ᠬᠤᠭᠤᠯᠠ ᠢᠳᠡᠰᠢ ᠬᠠᠩᠭᠠᠬᠤ ᠠᠵᠤ | ᠠᠬᠤᠶᠢᠯᠠᠯ ᠤᠨ ᠭᠤᠣᠯ ᠴᠤᠭᠴᠠ ᠶᠢᠨ ᠬᠢᠷᠢ ᠭᠡᠮ ᠢ ᠳᠠᠩᠰᠠᠯᠠᠨ ᠲᠡᠮᠲᠡᠭᠯᠡᠬᠦ ᠪᠠ ᠬᠠᠮᠢᠶᠠᠷᠬᠤ ᠠᠵᠢᠯ ᠢ | ᠬᠠᠷᠢᠭᠤᠴᠠᠨ᠎ᠠ᠃ | ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠨᠢ ᠢᠳᠡᠰᠢᠨ ᠤ ᠲᠠᠷᠢᠶᠠᠯᠠᠩ ᠮᠠᠯ ᠤᠨ ᠠᠰᠢᠭ | ᠰᠢᠮ᠎ᠡ ᠶᠢᠨ ᠪᠦᠲᠦᠭᠡᠭᠳᠡᠭᠦᠨ ᠤ ᠲᠠᠷᠢᠵᠤ ᠤᠷᠭᠤᠭᠤᠯᠬᠤ᠂ ᠲᠡᠵᠢᠭᠡᠨ ᠦᠷᠡᠵᠢᠭᠦᠯᠬᠦ ᠲᠠᠯ᠎ᠠ ᠳᠤ ᠬᠢᠨᠠᠯᠲᠠ ᠲᠠᠯᠪᠢᠵᠤ | ᠪᠠᠶᠢᠴᠠᠭᠠᠯᠲᠠ ᠬᠢᠬᠦ ᠶᠢ ᠬᠠᠷᠢᠭᠤᠴᠠᠨ᠎ᠠ᠃ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ᠂ ᠮᠠᠯᠵᠢᠬᠤ | ᠲᠠᠷᠢᠶᠠᠯᠠᠬᠤ ᠣᠷᠣᠨ ᠤ ᠠᠵᠤ ᠠᠬᠤᠢ ᠶᠢᠨ ᠬᠤᠯᠪᠣᠭᠠᠲᠤ ᠴᠤᠭᠴᠠ ᠪᠣᠯᠣᠨ ᠮᠠᠯᠵᠢᠬᠤ ᠲᠠᠷᠢᠶᠠᠯᠠᠬᠤ ᠡᠷᠦᠬᠡ ᠶᠢᠨ | ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠳᠤ ᠬᠠᠨᠳᠤᠭᠤᠯᠤᠭᠰᠠᠨ ᠲᠣᠭᠲᠠᠭᠰᠠᠨ ᠴᠢᠬ ᠲᠤ ᠢᠳᠡᠭᠡᠨ ᠳᠤ | ᠬᠡᠷᠡᠭᠯᠡᠬᠦ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠭᠦᠨ ᠦᠢᠯᠡᠳᠪᠦᠷᠢᠯᠡᠬᠦ᠂ ᠡᠳ᠋ᠰᠢᠭᠦᠯᠬᠦ ᠪᠠ | ᠲᠦᠪᠯᠡᠷᠡᠭᠦᠯᠦᠨ ᠲᠣᠬᠢᠷᠠᠭᠤᠯᠤᠨ ᠬᠦᠷᠭᠡᠬᠦ ᠶᠢ ᠵᠢᠯᠤᠭᠤᠳᠤᠨ᠎ᠠ᠃ ᠰᠤᠷᠭᠠᠭᠤᠯᠢ ᠶᠢᠨ ᠲᠠᠷᠢᠵᠤ ᠤᠷᠭᠤᠭᠤᠯᠬᠤ᠂ | ᠲᠡᠵᠢᠭᠡᠨ ᠦᠷᠡᠵᠢᠭᠦᠯᠬᠦ ᠵᠡᠷᠭᠡ ᠠᠵᠢᠯᠴᠢ ᠠᠷᠪᠢᠴᠢ ᠪᠠᠷ ᠰᠤᠷᠤᠯᠴᠠᠬᠤ ᠠᠵᠢᠯᠯᠠᠭ᠎ᠠ ᠦᠷᠨᠢᠭᠦᠯᠬᠦ ᠶᠢ ᠵᠢᠯᠤᠭᠤᠳᠤᠨ | ᠳᠡᠮᠵᠢᠨ᠎ᠡ᠃ | ᠤᠬᠠᠭᠤᠯᠬᠤ ᠰᠠᠯᠠᠭ᠎ᠠ ᠮᠦᠴᠢᠷ ᠨᠢ ᠤᠬᠠᠭᠤᠯᠵᠤ ᠬᠦᠲᠦᠯᠦᠨ ᠵᠢᠯᠤᠭᠤᠳᠬᠤ ᠠᠵᠢᠯ ᠢ ᠬᠠᠷᠢᠭᠤᠴᠠᠨ᠎ᠠ᠃ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠤᠨ ᠬᠡᠷᠡᠭᠵᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ᠂ | ᠪᠤᠰᠤᠳᠴᠢ ᠪᠠᠷ ᠲᠤᠰᠬᠠᠵᠤ᠂ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠨ᠎ᠠ᠃ | ︵ᠭᠤᠷᠪᠠ︶ ᠰᠤᠷᠭᠠᠭᠤᠯᠢ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠤᠨ ᠰᠤᠷᠭᠠᠭᠤᠯᠢ ᠨᠢ ᠰᠤᠷᠭᠠᠭᠤᠯᠢ ᠶᠢᠨ | ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠰᠤᠷᠭᠠᠭᠤᠯᠢ ᠠᠴᠠ ᠪᠣᠲᠠᠲᠠᠢ ᠵᠣᠬᠢᠶᠠᠨ ᠪᠠᠶᠢᠭᠤᠯᠵᠤ | ᠬᠡᠷᠡᠭᠵᠢᠭᠦᠯᠬᠦ ᠠᠵᠢᠯ ᠪᠠ ᠬᠠᠮᠢᠶ᠎ᠠ ᠪᠦᠬᠦᠢ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃ ᠬᠤᠯᠪᠣᠭᠳᠠᠯ | ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠪᠣᠯᠣᠨ ᠪᠠᠷᠢᠮᠵᠢᠶ᠎ᠠ ᠶᠤᠰᠤᠭᠠᠷ᠂ ᠬᠤᠭᠤᠯᠠᠨ ᠭᠡᠷ ᠤᠨ ᠪᠦᠲᠦᠭᠡᠨ | ᠪᠠᠶᠢᠭᠤᠯᠤᠯᠲᠠ ᠪᠣᠯᠣᠨ ᠪᠡᠯᠡᠳᠭᠡᠮᠵᠢ ᠲᠥᠭᠦᠭᠡᠷᠦᠮᠵᠢ ᠶᠢ ᠲᠣᠬᠢᠷᠠᠭᠤᠯᠬᠤ ᠠᠵᠢᠯ ᠢ ᠰᠠᠶᠢᠲᠤᠷ ᠬᠢᠵᠦ᠂ ᠴᠢᠩᠭ᠎ᠠ | ᠬᠠᠮᠢᠶᠠᠷᠤᠨ᠂ ᠵᠢᠷᠤᠮᠵᠢᠭᠤᠨ ᠠᠵᠢᠯᠯᠠᠭᠤᠯᠵᠤ᠂ ᠡᠯ᠎ᠡ ᠲᠠᠯ᠎ᠠ ᠶᠢᠨ ᠢᠳᠡᠭᠡᠨ ᠤ ᠡᠷᠡᠭᠦᠯ ᠬᠠᠮᠠᠭᠠᠯᠠᠯ ᠤᠨ ᠠᠮᠦᠷ | ᠲᠥᠪᠰᠢᠨ ᠢ ᠪᠠᠲᠤᠯᠠᠵᠤ᠂ ᠰᠤᠷᠤᠭᠴᠢᠳ ᠤᠨ ᠬᠤᠭᠤᠯᠠᠯᠠᠬᠤ ᠶᠢ ᠲᠣᠬᠢᠲᠠᠢ ᠵᠣᠬᠢᠶᠠᠨ ᠪᠠᠶᠢᠭᠤᠯᠬᠤ ᠪᠠ ᠬᠠᠮᠢᠶᠠᠷᠤᠨ᠎ᠠ | ᠃ ᠬᠤᠭᠤᠯᠠ ᠬᠠᠩᠭᠠᠬᠤ ᠵᠠᠭᠪᠤᠷ᠂ ᠬᠤᠭᠤᠯᠠ ᠲᠣᠬᠢᠷᠠᠭᠤᠯᠬᠤ ᠢᠳᠡᠭᠡᠨ ᠤ ᠵᠣᠷ ᠢ ᠲᠣᠭᠲᠠᠭᠠᠬᠤ ᠪᠠ ᠡᠳᠦᠷ | ᠲᠤᠳᠤᠮ ᠤᠨ ᠬᠠᠮᠢᠶᠠᠷᠤᠯᠲᠠ ᠵᠡᠷᠭᠡ ᠲᠠᠯ᠎ᠠ ᠪᠠᠷ ᠬᠢ ᠰᠤᠷᠤᠭᠴᠢ ᠶᠢᠨ ᠭᠡᠷ ᠤᠨ ᠠᠬᠠᠮᠠᠳ ᠤᠨ ᠦᠢᠯᠡᠳᠦᠯ ᠢ | ᠭᠦᠢᠴᠡᠳ ᠪᠠᠳᠠᠷᠠᠭᠤᠯᠤᠨ᠎ᠠ᠃ | ︵ᠳᠥᠷᠪᠡ︶ ᠨᠡᠶᠢᠭᠡᠮ ᠤᠨ ᠬᠢᠨ ᠤ ᠣᠷᠤᠯᠴᠠᠬᠤ ᠶᠢ ᠵᠣᠷᠢᠬᠵᠢᠭᠤᠯᠤᠨ᠎ᠠ᠃ | ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ᠂ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠵᠡᠷᠭᠡ | ᠬᠤᠯᠪᠣᠭᠳᠠᠯ ᠪᠦᠬᠦᠢ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠵᠢᠴᠢ ᠠᠵᠤ ᠠᠬᠤᠶᠢᠯᠠᠯ᠂ ᠰᠠᠭᠤᠷᠢ | ᠮᠦᠩᠭᠦ ᠶᠢᠨ ᠵᠦᠪᠯᠡᠯ᠂ ᠨᠢᠭᠦᠯᠡᠰᠦᠩᠭᠦᠢ ᠶᠢᠨ ᠪᠠᠶᠢᠭᠤᠯᠤᠮᠵᠢ ᠶᠢ ᠵᠣᠷᠢᠬᠵᠢᠭᠤᠯᠵᠤ ᠪᠠᠶᠢᠭᠠᠳ᠂ ᠣᠷᠣᠨ ᠨᠤᠲᠤᠭ ᠤᠨ | ᠠᠷᠠᠳ ᠤᠨ ᠵᠠᠰᠠᠭ ᠤᠨ ᠣᠷᠳᠤᠨ ᠤ ᠨᠢᠭᠡᠲᠦᠯᠲᠡᠢ ᠲᠦᠯᠦᠪᠯᠡᠭᠡ ᠶᠢᠨ ᠳᠣᠣᠷ᠎ᠠ᠂ ᠮᠠᠯᠵᠢᠬᠤ ᠲᠠᠷᠢᠶᠠᠯᠠᠬᠤ ᠣᠷᠣᠨ ᠤ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠠᠵᠢᠯ ᠢ | ᠠᠬᠢᠭᠤᠯᠬᠤ ᠳᠤ ᠢᠳᠡᠪᠬᠢᠲᠡᠢ ᠣᠷᠤᠯᠴᠠᠭᠤᠯᠵᠤ᠂ ᠬᠤᠭᠤᠯᠠᠯᠠᠬᠤ ᠨᠦᠬᠦᠴᠡᠯ ᠢ ᠰᠠᠶᠢᠵᠢᠷᠠᠭᠤᠯᠬᠤ᠂ ᠬᠤᠭᠤᠯᠠ | ᠢᠳᠡᠰᠢ ᠬᠠᠩᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠬᠦ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠴᠢᠩᠭᠠᠳᠬᠠᠬᠤ | ᠵᠡᠷᠭᠡ ᠲᠠᠯ᠎ᠠ ᠪᠠᠷ ᠦᠢᠯᠡᠳᠦᠯ ᠢ ᠨᠢ ᠢᠳᠡᠪᠬᠢᠲᠡᠢ ᠪᠠᠷ ᠪᠠᠳᠠᠷᠠᠭᠤᠯᠤᠨ᠎ᠠ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠰᠤᠷᠭᠠᠭᠤᠯᠢ ᠪᠣᠯᠣᠨ ᠬᠤᠯᠪᠣᠭᠳᠠᠯ | ᠪᠦᠬᠦᠢ ᠠᠵᠤ ᠠᠬᠤᠶᠢᠯᠠᠯ ᠤᠨ ᠬᠤᠭᠤᠷᠤᠨᠳᠤ ᠪᠠᠨ ᠳᠡᠰ ᠳᠡᠰ ᠢᠶᠠᠷ ᠬᠠᠷᠠᠯᠲᠠ ᠶᠢᠨ ᠬᠠᠷᠢᠭᠤᠴᠠᠯᠭ᠎ᠠ ᠶᠢᠨ ᠪᠢᠴᠢᠭ ᠢ | ᠲᠣᠭᠲᠠᠵᠤ᠂ ᠡᠭᠦᠷᠭᠡ ᠬᠠᠷᠢᠭᠤᠴᠠᠯᠭ᠎ᠠ ᠶᠢ ᠲᠤᠳᠤᠷᠬᠠᠶᠢᠯᠠᠨ᠂ ᠡᠭᠦᠷᠭᠡ ᠶᠢ ᠨᠠᠶᠢᠳᠠᠪᠤᠷᠢᠵᠢᠭᠤᠯᠵᠤ᠂ | ᠬᠠᠷᠢᠭᠤᠴᠠᠯᠭ᠎ᠠ ᠶᠢ ᠬᠦᠮᠦᠨ ᠨᠢᠭᠡᠪᠦᠷᠢ ᠳᠤ ᠪᠣᠲᠠᠲᠠᠶᠢᠵᠢᠭᠤᠯᠤᠨ᠎ᠠ᠃ | ᠲᠠᠪᠤ᠂ ᠢᠳᠡᠭᠡᠨ ᠤ ᠠᠮᠦᠷ ᠲᠥᠪᠰᠢᠨ | ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠭᠦᠷᠭᠡ ᠴᠢᠳᠠᠪᠤᠷᠢ ᠪᠠᠨ ᠬᠢᠨᠠᠮᠠᠭᠠᠢ ᠭᠦᠢᠴᠡᠳᠭᠡᠵᠦ᠂ ︽ | ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠳᠡᠭᠡᠨ ᠤ ᠠᠮᠦᠷ ᠲᠥᠪᠰᠢᠨ ᠤ ᠬᠠᠤᠯᠢ︾᠂ ︽ᠬᠦᠳᠡᠭᠡ | ᠲᠤᠰᠬᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ | ᠲᠦᠯᠦᠪᠯᠡᠭᠡ ᠶᠢᠨ ᠬᠡᠷᠡᠭᠵᠢᠭᠦᠯᠬᠦ ᠨᠠᠷᠢᠨ ᠳᠦᠷᠢᠮ︾ ᠵᠡᠷᠭᠡ ᠢᠳᠡᠭᠡᠨ ᠤ ᠶᠠᠰᠤ ᠴᠢᠨᠠᠷ ᠪᠣᠯᠣᠨ ᠠᠮᠦᠷ ᠲᠥᠪᠰᠢᠨ ᠤ | ᠲᠣᠬᠠᠢ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠵᠢᠷᠤᠮᠯᠡᠨ᠂ ᠬᠠᠮᠢᠶ᠎ᠠ ᠪᠦᠬᠦᠢ ᠢᠳᠡᠭᠡᠨ ᠤ ᠠᠮᠦᠷ ᠲᠥᠪᠰᠢᠨ ᠤ | ᠬᠠᠮᠢᠶᠠᠷᠤᠯᠲᠠ ᠶᠢᠨ ᠳᠦᠷᠢᠮ ᠢ ᠰᠤᠳᠤᠯᠤᠨ ᠲᠣᠭᠲᠠᠭᠠᠵᠤ᠂ ᠢᠳᠡᠭᠡᠨ ᠤ ᠠᠮᠦᠷ ᠲᠥᠪᠰᠢᠨ ᠤ ᠪᠠᠲᠤᠯᠠᠭ᠎ᠠ ᠶᠢᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠲᠣᠷᠰᠢᠯᠲᠠ ᠶᠢᠨ ᠴᠢᠬ ᠤᠨ ᠬᠤᠰᠢᠭᠤ ᠰᠢᠶᠠᠨ ᠤ ᠠᠷᠠᠳ ᠤᠨ | ᠵᠠᠰᠠᠭ ᠤᠨ ᠣᠷᠳᠣᠨ ᠵᠢᠴᠢ ᠰᠤᠷᠭᠠᠭᠤᠯᠢ ᠨᠢ ᠲᠤᠰᠬᠠᠢ ᠪᠠᠶᠢᠭᠤᠯᠤᠮᠵᠢ ᠶᠢ ᠵᠢᠭᠠᠨ ᠲᠣᠭᠲᠠᠭᠠᠵᠤ᠂ ᠲᠤᠰᠬᠠᠢ | ᠬᠦᠮᠦᠨ ᠢ ᠲᠣᠬᠢᠷᠠᠭᠤᠯᠤᠨ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠤᠨ ᠢᠳᠡᠭᠡᠨ ᠤ ᠠᠮᠦᠷ | ᠲᠥᠪᠰᠢᠨ ᠤ ᠠᠵᠢᠯ ᠢ ᠬᠠᠷᠢᠭᠤᠴᠠᠭᠤᠯᠤᠨ᠂ ᠠᠵᠢᠯ ᠤᠨ ᠲᠦᠰᠦᠯ ᠪᠣᠯᠣᠨ ᠪᠠᠴᠢᠮ ᠪᠠᠶᠢᠳᠠᠯ ᠢ ᠠᠷᠭᠠᠴᠠᠬᠤ | ᠪᠡᠯᠡᠳᠭᠡᠯ ᠲᠦᠰᠦᠪ ᠢ ᠱᠠᠲᠤ ᠳᠠᠷᠠᠭᠠᠯᠠᠨ ᠨᠠᠷᠢᠯᠢᠬᠵᠢᠭᠤᠯᠤᠨ᠎ᠠ᠃ ᠢᠳᠡᠭᠡᠨ ᠤ ᠠᠮᠦᠷ ᠲᠥᠪᠰᠢᠨ ᠤ ᠶᠡᠷᠦᠩᠬᠡᠶᠢᠯᠡᠨ | ᠵᠣᠬᠢᠴᠠᠭᠤᠯᠬᠤ ᠰᠠᠯᠠᠭ᠎ᠠ ᠮᠦᠴᠢᠷ ᠪᠣᠯᠣᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠨᠢ ᠰᠤᠷᠭᠠᠭᠤᠯᠢ ᠶᠢᠨ | ᠬᠤᠭᠤᠯᠠᠨ ᠭᠡᠷ ᠵᠢᠴᠢ ᠬᠤᠭᠤᠯᠠ ᠢᠳᠡᠰᠢ ᠬᠠᠩᠭᠠᠬᠤ ᠨᠢᠭᠡᠴᠡ ᠶᠢᠨ ᠢᠳᠡᠭᠡᠨ ᠤ ᠠᠮᠦᠷ ᠲᠥᠪᠰᠢᠨ ᠤ ᠬᠢᠨᠠᠯᠲᠠ | ᠬᠠᠮᠢᠶᠠᠷᠤᠯᠲᠠ ᠶᠢ ᠭᠤᠣᠯᠴᠢᠯᠠᠨ ᠬᠠᠷᠢᠭᠤᠴᠠᠵᠤ᠂ ᠠᠳᠠᠯᠢ ᠪᠤᠰᠤ ᠬᠤᠭᠤᠯᠠ ᠬᠠᠩᠭᠠᠯᠭ᠎ᠠ ᠶᠢᠨ ᠵᠠᠭᠪᠤᠷ ᠤᠨ | ᠵᠥᠪᠰᠢᠶᠡᠷᠡᠨ ᠣᠷᠤᠭᠤᠯᠬᠤ ᠠᠷᠭ᠎ᠠ ᠶᠢ ᠲᠣᠭᠲᠠᠭᠠᠨ᠂ ᠡᠳᠦᠷ ᠲᠣᠳᠤᠮ ᠤᠨ ᠶᠡᠷᠦᠩᠬᠡᠶᠢᠯᠡᠭᠰᠡᠨ ᠬᠢᠨᠠᠯᠲᠠ | ᠪᠠᠶᠢᠴᠠᠭᠠᠯᠲᠠ ᠪᠣᠯᠣᠨ ᠠᠵᠢᠯ ᠡᠷᠬᠢᠯᠡᠭᠰᠡᠳ ᠤᠨ ᠪᠣᠯᠪᠠᠰᠤᠷᠠᠭᠤᠯᠤᠯ ᠢ ᠦᠨᠡᠨᠬᠦ ᠰᠠᠶᠢᠲᠤᠷ ᠬᠢᠵᠦ᠂ ᠢᠳᠡᠭᠡᠨ ᠤ ᠠᠮᠦᠷ | ᠲᠥᠪᠰᠢᠨ ᠤ ᠠᠳᠡᠯ ᠢ ᠵᠣᠬᠢᠶᠠᠨ ᠪᠠᠶᠢᠭᠤᠯᠤᠨ ᠪᠠᠶᠢᠴᠠᠭᠠᠨ ᠰᠢᠢᠳᠪᠦᠷᠢᠯᠡᠨ᠎ᠡ᠃ | ᠵᠢᠷᠭᠤᠭ᠎ᠠ᠂ ᠰᠢᠮ᠎ᠡ ᠲᠡᠵᠢᠭᠡᠯᠲᠦ ᠢᠳᠡᠰᠢ ᠶᠢ ᠲᠣᠬᠢᠷᠠᠭᠤᠯᠬᠤ ᠪᠠ ᠬᠢᠨᠠᠨ ᠰᠢᠯᠭᠠᠬᠤ | ᠠᠶᠢᠮᠠᠭ ᠬᠤᠲᠠ ᠶᠢᠨ ᠰᠤᠷᠭᠠᠨ ᠬᠦᠮᠦᠵᠢᠯ ᠪᠣᠯᠣᠨ ᠡᠷᠡᠭᠦᠯ ᠬᠠᠮᠠᠭᠠᠯᠠᠯ ᠤᠨ ᠰᠠᠯᠠᠭ᠎ᠠ ᠮᠦᠴᠢᠷ ᠨᠢ | ᠦᠪᠡᠷᠲᠡᠭᠡᠨ ᠵᠠᠰᠠᠬᠤ ᠣᠷᠣᠨ ᠤ ᠲᠤᠷᠰᠢᠯᠲᠠ ᠶᠢᠨ ᠴᠢᠬ ᠤᠨ ᠮᠡᠷᠭᠡᠵᠢᠯᠲᠡᠨ ᠤ ᠳᠤᠭᠤᠶᠢᠯᠠᠩ ᠢ ᠲᠦᠷᠦᠭᠦᠯᠡᠨ | ᠪᠠᠶᠢᠭᠤᠯᠵᠤ᠂ ᠰᠢᠮ᠎ᠡ ᠲᠡᠵᠢᠭᠡᠯᠲᠦ ᠢᠳᠡᠰᠢ ᠲᠣᠬᠢᠷᠠᠭᠤᠯᠬᠤ ᠵᠦᠭᠯᠡᠭᠦᠷ ᠢ ᠬᠠᠷᠢᠭᠤᠴᠠᠨ ᠲᠣᠭᠲᠠᠭᠠᠵᠤ᠂ ᠰᠢᠮ᠎ᠡ | ᠲᠡᠵᠢᠭᠡᠯ ᠢ ᠦᠨᠡᠯᠡᠨ ᠵᠢᠱᠢᠬᠦ ᠬᠢᠨᠠᠯᠲᠠ ᠶᠢᠨ ᠰᠢᠰᠲ᠋ᠧᠮᠵᠢ ᠶᠢ ᠪᠠᠶᠢᠭᠤᠯᠤᠨ᠂ ᠤᠬᠠᠭᠤᠯᠭ᠎ᠠ ᠬᠦᠮᠦᠵᠢᠯ ᠤᠨ ᠵᠢᠭᠠᠬᠤ | ᠮᠠᠲ᠋ᠧᠷᠢᠶᠠᠯ ᠢ ᠨᠠᠶᠢᠷᠠᠭᠤᠯᠤᠨ᠎ᠠ᠃ ᠲᠣᠷᠰᠢᠯᠲᠠ ᠶᠢᠨ ᠴᠢᠬ ᠤᠨ ᠬᠤᠰᠢᠭᠤ ᠰᠢᠶᠠᠨ ᠤ ᠰᠢᠮ᠎ᠡ ᠲᠡᠵᠢᠭᠡᠯ ᠪᠣᠯᠣᠨ | ᠢᠳᠡᠭᠡᠨ ᠤ ᠠᠮᠦᠷ ᠲᠥᠪᠰᠢᠨ ᠤ ᠬᠦᠮᠦᠵᠢᠯ ᠪᠠ ᠬᠢᠨᠠᠨ ᠰᠢᠯᠭᠠᠬᠤ ᠠᠵᠢᠯ ᠦᠷᠨᠢᠭᠦᠯᠬᠦ ᠶᠢ ᠵᠣᠬᠢᠶᠠᠨ ᠪᠠᠶᠢᠭᠤᠯᠤᠨ | ᠵᠢᠯᠤᠭᠤᠳᠤᠨ᠎ᠠ᠃ ᠰᠤᠷᠭᠠᠭᠤᠯᠢ ᠨᠢ ᠲᠤᠰᠬᠠᠢ ᠪᠠ ᠲᠤᠰᠢᠶᠠᠯ ᠬᠠᠪᠰᠤᠷᠭᠠᠭᠰᠠᠨ ᠡᠷᠡᠭᠦᠯ ᠮᠡᠨᠳᠦ ᠶᠢᠨ ᠪᠠᠭᠰᠢ ᠪᠤᠶᠤ | ᠰᠢᠮ᠎ᠡ ᠲᠡᠵᠢᠭᠡᠯᠴᠢ ᠶᠢ ᠲᠣᠬᠢᠷᠠᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠦᠴᠢᠷ ᠯᠦᠭᠡ ᠬᠠᠮᠵᠢᠯᠴᠠᠨ ᠵᠣᠬᠢᠶᠠᠨ | ᠪᠠᠶᠢᠭᠤᠯᠵᠤ ᠬᠢᠨᠠᠨ ᠰᠢᠨᠵᠢᠬᠦ ᠶᠢᠨ ᠬᠠᠮᠲᠤ ᠲᠤᠭ᠎ᠠ ᠪᠠᠷᠢᠮᠲᠠ ᠶᠢ ᠳᠡᠭᠡᠭᠰᠢ ᠮᠡᠳᠡᠭᠦᠯᠦᠨ᠎ᠡ᠃ | ᠳᠤᠯᠤᠭ᠎ᠠ᠂ ᠤᠬᠠᠭᠤᠯᠬᠤ ᠪᠠ ᠬᠢᠨᠠᠯᠲᠠ ᠲᠠᠯᠪᠢᠬᠤ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠡᠭᠦᠷᠭᠡ ᠬᠠᠷᠢᠭᠤᠴᠠᠯᠭ᠎ᠠ ᠶᠢᠨ ᠠᠵᠢᠯ ᠤᠨ | ᠬᠤᠪᠢᠶᠠᠷᠢᠯᠠᠯ ᠶᠤᠰᠤᠭᠠᠷ᠂ ᠳᠡᠭᠡᠳᠦ ᠱᠠᠲᠤ ᠨᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠬᠤ᠂ ᠲᠤᠰ | ᠱᠠᠲᠤᠨ ᠤ ᠬᠢᠨ ᠦᠷᠭᠦᠯᠵᠢ ᠦᠪᠡᠰᠦᠪᠡᠨ ᠪᠠᠶᠢᠴᠠᠭᠠᠬᠤ᠂ ᠨᠢᠭᠡ ᠱᠠᠲᠤ ᠨᠢ ᠨᠢᠭᠡ ᠱᠠᠲᠤ ᠪᠠᠨ ᠠᠳᠬᠤᠨ᠂ ᠳᠡᠰ | ᠳᠡᠰ ᠢᠶᠠᠷ ᠨᠠᠶᠢᠳᠠᠪᠤᠷᠢᠵᠢᠭᠤᠯᠬᠤ ᠶᠢ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠦᠴᠢᠷ ᠤᠨ ᠡᠭᠦᠷᠭᠡ ᠴᠢᠳᠠᠪᠤᠷᠢ ᠪᠠᠨ | ᠭᠦᠢᠴᠡᠳᠭᠡᠬᠦ᠂ ᠬᠤᠭᠤᠯᠠᠨ ᠭᠡᠷ ᠤᠨ ᠪᠦᠲᠦᠭᠡᠨ ᠪᠠᠶᠢᠭᠤᠯᠤᠯᠲᠠ ᠪᠣᠯᠣᠨ ᠠᠵᠢᠯ ᠡᠷᠬᠢᠯᠡᠭᠰᠡᠳ ᠤᠨ ᠬᠠᠮᠢᠶᠠᠷᠤᠯᠲᠠ᠂ | ᠢᠳᠡᠭᠡᠨ ᠬᠤᠳᠠᠯᠳᠤᠨ ᠠᠪᠬᠤ᠂ ᠲᠣᠬᠢᠷᠠᠭᠤᠯᠤᠨ ᠬᠦᠷᠭᠡᠬᠦ ᠵᠡᠷᠭᠡ ᠲᠠᠯ᠎ᠠ ᠪᠠ ᠪᠡᠯᠡ ᠮᠦᠩᠭᠦ ᠶᠢᠨ ᠬᠡᠷᠡᠭᠯᠡᠯᠲᠡ ᠵᠡᠷᠭᠡ | ᠲᠠᠯ᠎ᠠ ᠪᠠᠷ ᠬᠢ ᠬᠢᠨᠠᠯᠲᠠ ᠪᠠᠶᠢᠴᠠᠭᠠᠯᠲᠠ ᠶᠢ ᠭᠤᠣᠯᠳᠠᠯᠭ᠎ᠠ ᠲᠠᠢ ᠰᠠᠶᠢᠲᠤᠷ ᠬᠢᠵᠦ᠂ ᠦᠪᠡᠷᠲᠡᠭᠡᠨ ᠵᠠᠰᠠᠬᠤ ᠣᠷᠣᠨ ᠤ | ᠲᠣᠷᠰᠢᠯᠲᠠ ᠶᠢᠨ ᠴᠢᠬ ᠢ ᠬᠡᠷᠡᠭᠵᠢᠭᠦᠯᠬᠦ ᠶᠢᠨ ᠪᠦᠬᠦ ᠶᠠᠪᠤᠴᠠ ᠳᠤ ᠬᠢᠨᠠᠯᠲᠠ ᠲᠠᠯᠪᠢᠨ᠎ᠠ᠃ ᠰᠤᠷᠭᠠᠭᠤᠯᠢ ᠨᠢ | ᠰᠤᠷᠤᠭᠴᠢ ᠶᠢᠨ ᠭᠡᠷ ᠤᠨ ᠠᠬᠠᠮᠠᠳ᠂ ᠰᠤᠷᠤᠭᠴᠢ᠂ ᠪᠠᠭᠰᠢ ᠶᠢᠨ ᠲᠦᠯᠦᠭᠡᠯᠡᠭᠴᠢ ᠶᠢᠨ ᠣᠷᠤᠯᠴᠠᠭᠰᠠᠨ ᠬᠤᠭᠤᠯᠠ | ᠢᠳᠡᠭᠡᠨ ᠤ ᠺᠤᠮᠢᠰ ᠢ ᠪᠠᠶᠢᠭᠤᠯᠵᠤ᠂ ᠰᠤᠷᠭᠠᠭᠤᠯᠢ ᠶᠢᠨ ᠬᠤᠭᠤᠯᠠ ᠬᠠᠩᠭᠠᠬᠤ ᠶᠠᠪᠤᠴᠠ ᠶᠢ ᠬᠢᠨᠠᠨ ᠬᠠᠮᠢᠶᠠᠷᠤᠨ᠎ᠠ᠃ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠬᠠᠮᠢᠶ᠎ᠠ ᠪᠦᠬᠦᠢ ᠰᠠᠯᠠᠭ᠎ᠠ ᠮᠦᠴᠢᠷ ᠨᠢ ᠬᠢᠨᠠᠯᠲᠠ | ᠲᠠᠯᠪᠢᠵᠤ ᠢᠯᠡᠴᠢᠯᠡᠨ ᠮᠡᠳᠡᠭᠦᠯᠬᠦ ᠤᠲᠠᠰᠤ ᠪᠠ ᠣᠯᠠᠨ ᠲᠦᠮᠡᠨ ᠤ ᠰᠠᠨᠠᠯ ᠢ ᠬᠤᠷᠢᠶᠠᠬᠤ ᠬᠠᠶᠢᠷᠴᠠᠭ ᠢ | ᠲᠣᠬᠢᠷᠠᠭᠤᠯᠵᠤ᠂ ᠨᠡᠶᠢᠭᠡᠮ ᠤᠨ ᠬᠢᠨᠠᠯᠲᠠ ᠲᠠᠯᠪᠢᠯᠲᠠ ᠶᠢ ᠥᠷᠭᠡᠨ ᠳᠡᠯᠭᠡᠷ ᠢᠶᠠᠷ ᠬᠦᠯᠢᠶᠡᠨ᠎ᠡ᠃ | ᠤᠬᠠᠭᠤᠯᠬᠤ ᠰᠠᠯᠠᠭ᠎ᠠ ᠮᠦᠴᠢᠷ ᠨᠢ ᠬᠡᠷᠡᠭᠵᠢᠭᠦᠯᠦᠭᠦᠰᠢᠲᠡᠢ ᠤᠬᠠᠭᠤᠯᠬᠤ ᠲᠦᠰᠦᠯ ᠢ ᠲᠣᠭᠲᠠᠭᠠᠵᠤ᠂ ᠡᠯ᠎ᠡ | ᠵᠦᠢᠯ ᠤᠨ ᠵᠠᠭᠤᠴᠢᠯᠠᠭᠤᠷ ᠢ ᠭᠦᠢᠴᠡᠳ ᠠᠰᠢᠭᠯᠠᠨ᠂ ᠣᠯᠠᠨ ᠵᠦᠢᠯ ᠤᠨ ᠬᠡᠯᠪᠡᠷᠢ ᠮᠠᠶ᠋ᠢᠭ ᠢᠶᠠᠷ ᠡᠨᠡᠬᠦ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠡᠶᠢᠭᠡᠮ ᠲᠠᠶᠠᠭᠠᠷ ᠲᠤ ᠣᠨᠣᠪᠴᠢᠲᠠᠢ ᠪᠦᠭᠡᠳ ᠭᠦᠨᠵᠡᠭᠡᠢ ᠪᠠᠷ | ᠤᠬᠠᠭᠤᠯᠤᠨ᠎ᠠ᠃ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠵᠠᠳᠠᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠲᠣᠷᠰᠢᠯᠭ᠎ᠠ ᠪᠠᠨ ᠬᠢᠨᠠᠮᠠᠭᠠᠢ ᠳ᠋ᠥᠩᠨᠡᠨ᠂ ᠨᠡᠶᠢᠭᠡᠮ ᠳᠠᠶᠠᠭᠠᠷ ᠢᠶᠠᠨ ᠬᠠᠮᠲᠤᠪᠠᠷ ᠳᠡᠮᠵᠢᠵᠦ᠂ ᠬᠠᠮᠲᠤᠪᠠᠷ ᠬᠢᠨᠠᠯᠲᠠ | ᠲᠠᠯᠪᠢᠬᠤ ᠪᠠ ᠬᠠᠮᠲᠤᠪᠠᠷ ᠠᠬᠢᠭᠤᠯᠤᠭᠰᠠᠨ ᠰᠠᠶᠢᠨ ᠰᠠᠶᠢᠬᠠᠨ ᠠᠭᠤᠷ ᠠᠮᠢᠰᠬᠤᠯ ᠢ ᠴᠢᠷᠮᠠᠶᠢᠨ ᠪᠣᠢ ᠪᠣᠯᠭᠠᠵᠤ᠂ | ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢ ᠵᠢᠩᠬᠢᠨᠢ ᠠᠷᠠᠳ ᠤᠨ ᠰᠡᠳᠭᠢᠯ ᠤᠨ ᠢᠨᠵᠧᠨᠧᠷᠢᠩ᠂ ᠲᠤᠰᠠᠲᠤ | ᠵᠠᠰᠠᠭ ᠤᠨ ᠢᠨᠵᠧᠨᠧᠷᠢᠩ ᠪᠠ ᠬᠠᠯᠠᠮᠵᠢ ᠶᠢᠨ ᠢᠨᠵᠧᠨᠧᠷᠢᠩ ᠪᠣᠯᠭᠠᠨ᠎ᠠ᠃ | ᠨᠠᠢᠮᠠ᠂ ᠠᠬᠢᠴᠠ ᠶᠢᠨ ᠲᠣᠬᠢᠷᠠᠭᠤᠯᠤᠯᠲᠠ | ︵ᠨᠢᠭᠡ︶ ᠪᠡᠯᠡᠳᠭᠡᠯ ᠱᠠᠲᠤ ᠦᠶ᠎ᠡ᠃ | ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠬᠢᠮ ᠠᠴᠠ ᠲᠦᠷᠦᠭᠦᠯᠡᠵᠦ᠂ ᠦᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠭᠢᠮ᠂ ᠢᠳᠡᠭᠡᠨ ᠪᠠ ᠡᠮ ᠤᠨ ᠵᠦᠢᠯ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠥᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠡᠷᠡᠭᠦᠯ ᠬᠠᠮᠠᠭᠠᠯᠠᠯ | ᠲᠦᠯᠦᠪᠯᠡᠭᠡᠲᠦ ᠦᠷᠡᠵᠢᠯ ᠵᠡᠷᠭᠡ ᠰᠠᠯᠠᠭ᠎ᠠ ᠮᠦᠴᠢᠷ ᠯᠦᠭᠡ ᠬᠠᠮᠵᠢᠯᠴᠠᠨ ᠦᠪᠡᠷᠲᠡᠭᠡᠨ ᠵᠠᠰᠠᠬᠤ ᠣᠷᠣᠨ ᠤ | ᠲᠣᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠦᠰᠦᠯ ᠢ ᠰᠤᠳᠤᠯᠤᠨ ᠲᠣᠭᠲᠠᠭᠠᠵᠤ᠂ ᠦᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ ᠬᠠᠮᠢᠶ᠎ᠠ | ᠪᠦᠬᠦᠢ ᠠᠶᠢᠮᠠᠭ ᠬᠤᠲᠠ ᠳᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠰᠤᠷᠭᠠᠨ ᠬᠦᠮᠦᠵᠢᠯ ᠤᠨ ᠶᠠᠮᠦᠨ ᠳᠤ | ᠮᠡᠳᠡᠭᠦᠯᠦᠨ ᠪᠦᠷᠢᠳᠭᠡᠨ ᠳᠠᠩᠰᠠᠯᠠᠨ᠎ᠠ᠃ | ᠲᠣᠷᠰᠢᠯᠲᠠ ᠶᠢᠨ ᠴᠢᠬ ᠤᠨ ᠠᠶᠢᠮᠠᠭ ᠬᠤᠲᠠ᠂ ᠬᠤᠰᠢᠭᠤ ᠰᠢᠶᠠᠨ ᠵᠢᠴᠢ ᠰᠤᠷᠭᠠᠭᠤᠯᠢ ᠶᠢ ᠵᠣᠬᠢᠶᠠᠨ | ᠪᠠᠶᠢᠭᠤᠯᠵᠤ ᠪᠠᠶᠢᠭᠠᠳ ᠵᠣᠬᠢᠬᠤ ᠲᠣᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠵᠢᠴᠢ ᠠᠯᠪᠠᠨ ᠭᠡᠷ ᠢ | ᠪᠠᠶᠢᠭᠤᠯᠵᠤ᠂ ᠠᠵᠢᠯ ᠤᠨ ᠲᠠᠯᠠᠪᠤᠷ ᠭᠠᠵᠠᠷ ᠢ ᠨᠠᠶᠢᠳᠠᠪᠤᠷᠢᠵᠢᠭᠤᠯᠤᠨ᠂ ᠠᠵᠢᠯᠲᠠᠳ ᠢ ᠭᠦᠢᠴᠡᠳ ᠲᠣᠬᠢᠷᠠᠭᠤᠯᠵᠤ᠂ | ᠲᠤᠰ ᠭᠠᠵᠠᠷ ᠣᠷᠣᠨ ᠤ ᠲᠣᠷᠰᠢᠯᠲᠠ ᠶᠢᠨ ᠴᠢᠬ ᠤᠨ ᠲᠦᠰᠦᠯ ᠢ ᠲᠣᠭᠲᠠᠭᠠᠨ᠎ᠠ᠃ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ | ᠬᠤᠷᠠᠯᠳᠤᠭᠤᠯᠵᠤ᠂ ᠡᠯ᠎ᠡ ᠰᠠᠯᠠᠭ᠎ᠠ ᠮᠦᠴᠢᠷ ᠤᠨ ᠠᠵᠢᠯ ᠤᠨ ᠬᠠᠷᠢᠭᠤᠴᠠᠯᠭ᠎ᠠ ᠶᠢ ᠲᠤᠳᠤᠷᠬᠠᠶᠢᠯᠠᠨ᠂ ᠦᠪᠡᠷᠲᠡᠭᠡᠨ | ᠵᠠᠰᠠᠬᠤ ᠣᠷᠣᠨ ᠤ ᠲᠣᠷᠰᠢᠯᠲᠠ ᠶᠢᠨ ᠴᠢᠬ ᠤᠨ ᠰᠢᠮ᠎ᠡ ᠲᠡᠵᠢᠭᠡᠯᠲᠦ ᠬᠤᠭᠤᠯᠠ ᠶᠢᠨ ᠨᠦᠬᠦᠪᠦᠷᠢ ᠥᠭᠬᠦ ᠵᠠᠷᠤᠳᠠᠯ ᠢ | ᠬᠢᠨᠠᠨ ᠬᠠᠷᠭᠤᠭᠤᠯᠬᠤ ᠪᠠ ᠤᠷᠢᠳᠴᠢᠯᠠᠨ ᠰᠢᠯᠵᠢᠭᠦᠯᠦᠨ ᠥᠭᠬᠦ ᠠᠵᠢᠯ ᠢ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ | ᠬᠠᠮᠢᠶᠠᠷᠤᠯᠲᠠ ᠶᠢᠨ ᠠᠷᠭ᠎ᠠ ᠪᠣᠯᠣᠨ ᠳᠦᠷᠢᠮ ᠢ ᠲᠣᠭᠲᠠᠭᠠᠨ᠎ᠠ᠃ | ᠲᠣᠷᠰᠢᠯᠲᠠ ᠶᠢᠨ ᠴᠢᠬ ᠤᠨ ᠠᠶᠢᠮᠠᠭ ᠬᠤᠲᠠ ᠵᠢᠴᠢ ᠬᠤᠰᠢᠭᠤ ᠰᠢᠶᠠᠨ ᠤ ᠬᠠᠮᠢᠶ᠎ᠠ ᠪᠦᠬᠦᠢ ᠰᠠᠯᠠᠭ᠎ᠠ | ᠮᠦᠴᠢᠷ ᠤᠨ ᠬᠠᠷᠢᠭᠤᠴᠠᠯᠭᠠᠲᠠᠨ ᠤ ᠪᠣᠯᠪᠠᠰᠤᠷᠠᠭᠤᠯᠤᠯ ᠤᠨ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ︔ | ᠤᠯᠤᠰ ᠤᠨ ᠲᠤᠷᠰᠢᠯᠲᠠ ᠶᠢᠨ ᠴᠢᠬ ᠤᠨ ᠭᠠᠵᠠᠷ ᠣᠷᠣᠨ ᠳᠤ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ | ᠠᠵᠢᠯ ᠤᠨ ᠠᠵᠢᠯ ᠤᠨ ᠪᠠᠶᠢᠷᠢ ᠶᠢᠨ ᠬᠤᠷᠠᠯ ᠢ ᠬᠤᠷᠠᠯᠳᠤᠭᠤᠯᠬᠤ ᠶᠢᠨ ᠬᠠᠮᠲᠤ᠂ ᠤᠯᠤᠰ ᠤᠨ ᠲᠣᠷᠰᠢᠯᠲᠠ ᠶᠢᠨ | ᠴᠢᠬ ᠤᠨ ᠬᠤᠰᠢᠭᠤ ᠰᠢᠶᠠᠨ ᠳᠤ ᠲᠣᠭᠤᠷᠢᠨ ᠦᠵᠡᠬᠦ᠂ ᠰᠤᠷᠤᠯᠴᠠᠬᠤ᠂ ᠠᠵᠢᠯ ᠤᠨ ᠲᠣᠷᠰᠢᠯᠭ᠎ᠠ ᠪᠠᠨ ᠰᠤᠯᠢᠯᠴᠠᠬᠤ | ᠵᠡᠷᠭᠡ ᠶᠢ ᠵᠣᠬᠢᠶᠠᠨ ᠪᠠᠶᠢᠭᠤᠯᠤᠨ ᠬᠢᠨ᠎ᠡ᠃ | ︵ᠬᠤᠶᠠᠷ︶ ᠡᠬᠢᠯᠡᠭᠦᠯᠬᠦ ᠱᠠᠲᠤ ᠦᠶ᠎ᠡ᠃ | 2017 ᠣᠨ ᠤ ᠬᠠᠪᠤᠷ ᠤᠨ ᠤᠯᠠᠷᠢᠯ ᠳᠤ ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠭᠠᠭᠤᠯᠢ | ᠡᠬᠢᠯᠡᠭᠰᠡᠨ ᠤ ᠳᠠᠷᠠᠭ᠎ᠠ᠂ ᠬᠠᠮᠢᠶ᠎ᠠ ᠪᠦᠬᠦᠢ ᠠᠶᠢᠮᠠᠭ ᠬᠤᠲᠠ ᠳᠤ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ | ᠴᠢᠬ ᠤᠨ ᠪᠡᠯᠡᠳᠭᠡᠯ ᠠᠵᠢᠯ ᠢ ᠰᠠᠶᠢᠲᠤᠷ ᠬᠢᠭᠰᠡᠨ ᠰᠠᠭᠤᠷᠢᠨ ᠳᠡᠭᠡᠷ᠎ᠡ᠂ ᠦᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠨᠢ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠠᠵᠢᠯ ᠤᠨ ᠲᠧᠯᠸᠢᠰ | ᠳ᠋ᠢᠶᠠᠩᠬᠤᠸᠠ ᠬᠤᠷᠠᠯ ᠢ ᠬᠤᠷᠠᠯᠳᠤᠭᠤᠯᠵᠤ᠂ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠠᠵᠢᠯ ᠢ ᠪᠦᠬᠦ | ᠲᠠᠯ᠎ᠠ ᠪᠠᠷ ᠡᠬᠢᠯᠡᠭᠦᠯᠦᠨ᠎ᠡ᠃ | ︵ᠭᠤᠷᠪᠠ︶ ᠪᠠᠶᠢᠴᠠᠭᠠᠵᠤ ᠬᠢᠨᠠᠨ ᠵᠢᠯᠤᠭᠤᠳᠬᠤ ᠱᠠᠲᠤ᠃ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠠᠵᠢᠯ ᠢ ᠡᠬᠢᠯᠡᠭᠦᠯᠦᠭᠰᠡᠨ ᠤ ᠳᠠᠷᠠᠭ᠎ᠠ᠂ ᠦᠪᠡᠷᠲᠡᠭᠡᠨ | ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ | ᠰᠤᠷᠤᠭᠴᠢᠳ ᠤᠨ ᠰᠢᠮ᠎ᠡ ᠲᠡᠵᠢᠭᠡᠯ ᠢ ᠰᠠᠶᠢᠵᠢᠷᠠᠭᠤᠯᠬᠤ ᠲᠦᠯᠦᠪᠯᠡᠭᠡ ᠶᠢᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠨᠢᠭᠡᠴᠡ ᠪᠣᠯᠣᠨ ᠤᠯᠤᠰ ᠤᠨ ᠲᠣᠷᠰᠢᠯᠲᠠ ᠶᠢᠨ ᠴᠢᠬ ᠤᠨ ᠭᠠᠵᠠᠷ ᠣᠷᠣᠨ ᠤ | ᠬᠠᠮᠢᠶ᠎ᠠ ᠪᠦᠬᠦᠢ ᠬᠦᠮᠦᠰ ᠢᠶᠠᠷ ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠤᠨ ᠪᠠᠶᠢᠴᠠᠭᠠᠵᠤ ᠬᠢᠨᠠᠨ | ᠵᠢᠯᠤᠭᠤᠳᠬᠤ ᠳᠤᠭᠤᠶᠢᠯᠠᠩ ᠢ ᠪᠦᠷᠢᠯᠳᠦᠭᠦᠯᠵᠦ᠂ ᠲᠣᠷᠰᠢᠯᠲᠠ ᠶᠢᠨ ᠴᠢᠬ ᠤᠨ ᠠᠶᠢᠮᠠᠭ ᠬᠤᠲᠠ ᠵᠢᠴᠢ ᠬᠤᠰᠢᠭᠤ | ᠰᠢᠶᠠᠨ ᠤ ᠠᠵᠢᠯ ᠢᠶᠠᠨ ᠦᠷᠨᠢᠭᠦᠯᠦᠭᠰᠡᠨ ᠪᠠᠶᠢᠳᠠᠯ ᠢ ᠪᠠᠶᠢᠴᠠᠭᠠᠬᠤ ᠪᠠ ᠬᠢᠨᠠᠨ ᠵᠢᠯᠤᠭᠤᠳᠤᠨ᠎ᠠ᠃ ᠠᠵᠢᠯ | ᠦᠷᠨᠢᠭᠦᠯᠦᠭᠰᠡᠨ ᠪᠠᠶᠢᠳᠠᠯ ᠢ ᠪᠦᠬᠦ ᠲᠠᠯ᠎ᠠ ᠪᠠᠷ ᠣᠶᠢᠯᠠᠭᠠᠵᠤ᠂ ᠠᠵᠢᠯ ᠤᠨ ᠲᠣᠷᠰᠢᠯᠭ᠎ᠠ ᠪᠠᠨ ᠳ᠋ᠥᠩᠨᠡᠨ᠂ ᠣᠷᠤᠰᠢᠵᠤ | ᠪᠠᠶᠢᠭ᠎ᠠ ᠠᠰᠠᠭᠤᠳᠠᠯ ᠢ ᠪᠠᠶᠢᠴᠠᠭᠠᠨ ᠡᠷᠢᠵᠦ᠂ ᠴᠡᠭᠴᠡᠯᠡᠨ ᠰᠠᠶᠢᠵᠢᠷᠠᠭᠤᠯᠬᠤ ᠰᠠᠨᠠᠯ ᠢ ᠴᠢᠩᠭ᠎ᠠ ᠨᠠᠶᠢᠳᠠᠪᠤᠷᠢᠵᠢᠭᠤᠯᠤᠨ | ᠂ ᠬᠠᠮᠢᠶ᠎ᠠ ᠪᠦᠬᠦᠢ ᠳᠦᠷᠢᠮ ᠪᠣᠯᠣᠨ ᠬᠠᠮᠢᠶᠠᠷᠤᠯᠲᠠ ᠶᠢᠨ ᠠᠷᠭ᠎ᠠ ᠶᠢ ᠪᠠᠶᠢᠭᠤᠯᠤᠨ ᠪᠦᠷᠢᠨᠰᠢᠭᠦᠯᠦᠨ᠎ᠡ᠃ | ︵ᠳᠥᠷᠪᠡ︶ ᠠᠬᠢᠭᠤᠯᠬᠤ ᠱᠠᠲᠤ ᠦᠶ᠎ᠡ᠃ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠢ ᠬᠡᠷᠡᠭᠵᠢᠭᠦᠯᠬᠦ ᠶᠠᠪᠤᠴᠠ ᠳᠤ ᠡᠯ᠎ᠡ ᠱᠠᠲᠤᠨ ᠤ | ᠡᠯ᠎ᠡ ᠲᠦᠷᠦᠯ ᠤᠨ ᠪᠣᠯᠪᠠᠰᠤᠷᠠᠭᠤᠯᠤᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯ ᠤᠨ ᠠᠬᠢᠴᠠ ᠶᠢᠨ | ᠮᠡᠳᠡᠭᠡᠯᠡᠯ ᠢ ᠢᠳᠡᠪᠬᠢᠲᠡᠢ ᠪᠠᠷ ᠰᠠᠶᠢᠲᠤᠷ ᠬᠢᠵᠦ᠂ ᠲᠡᠷᠢᠭᠦᠨ ᠤ ᠲᠣᠷᠰᠢᠯᠭ᠎ᠠ ᠶᠢ ᠳᠡᠯᠭᠡᠷᠡᠭᠦᠯᠦᠨ᠎ᠡ︔ ᠠᠵᠢᠯ ᠤᠨ ᠳᠡᠰ | ᠳᠠᠷᠠᠭᠠᠯᠠᠯ ᠪᠣᠯᠣᠨ ᠳᠦᠷᠢᠮ ᠢ ᠵᠢᠷᠤᠮᠵᠢᠭᠤᠯᠵᠤ᠂ ᠢᠳᠡᠭᠡᠨ ᠤ ᠠᠮᠦᠷ ᠲᠥᠪᠰᠢᠨ ᠪᠠ ᠪᠡᠯᠡ ᠮᠦᠩᠭᠦ ᠶᠢᠨ ᠠᠮᠦᠷ | ᠲᠥᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠬᠡᠪᠰᠢᠭᠰᠡᠨ ᠬᠢᠨᠠᠯᠲᠠ ᠪᠠᠶᠢᠴᠠᠭᠠᠯᠲᠠ ᠬᠢᠬᠦ ᠶᠢ ᠪᠠᠷᠢᠮᠲᠠᠯᠠᠵᠤ᠂ | ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠠᠵᠢᠯ ᠢ ᠯᠠᠪᠳᠠᠭᠤᠨ ᠢᠶᠠᠷ ᠠᠬᠢᠭᠤᠯᠤᠨ᠎ᠠ᠃ | | ᠳᠠᠭᠠᠯᠳᠤᠭᠤᠯᠤᠯ᠄ | 1. ᠦᠪᠡᠷᠲᠡᠭᠡᠨ ᠵᠠᠰᠠᠬᠤ ᠣᠷᠣᠨ ᠤ ᠤᠯᠤᠰ ᠤᠨ ᠶᠠᠳᠠᠭᠤ ᠶᠢ ᠲᠡᠳᠭᠦᠵᠦ ᠨᠡᠭᠡᠭᠡᠨ ᠬᠥᠭᠵᠢᠭᠦᠯᠬᠦ ᠠᠵᠢᠯ ᠤᠨ | ᠭᠤᠣᠯᠳᠠᠯᠭ᠎ᠠ ᠲᠠᠢ ᠰᠢᠶᠠᠨ ᠤ ᠨᠡᠷᠡᠰ | ᠬᠦᠰᠦᠨᠦᠭᠲᠦ ᠨᠢᠭᠡ | ᠬᠦᠰᠦᠨᠦᠭᠲᠦ ᠬᠤᠶᠠᠷ | 2. ᠦᠪᠡᠷᠲᠡᠭᠡᠨ ᠵᠠᠰᠠᠬᠤ ᠣᠷᠣᠨ ᠤ ᠲᠣᠷᠰᠢᠯᠲᠠ ᠶᠢᠨ ᠴᠢᠬ ᠤᠨ ᠰᠤᠷᠭᠠᠭᠤᠯᠢ᠂ ᠰᠤᠷᠤᠭᠴᠢ ᠶᠢᠨ | ᠬᠦᠮᠦᠨ ᠤ ᠲᠤᠭ᠎ᠠ ᠵᠢᠴᠢ ᠰᠢᠮ᠎ᠡ ᠲᠡᠵᠢᠭᠡᠯᠲᠦ ᠬᠤᠭᠤᠯᠠ ᠶᠢᠨ ᠨᠦᠬᠦᠪᠦᠷᠢ ᠥᠭᠬᠦ ᠪᠡᠯᠡ ᠮᠦᠩᠭᠦ ᠶᠢᠨ ᠲᠤᠭ᠎ᠠ | ᠪᠦᠷᠢᠳᠭᠡᠯ ᠤᠨ ᠬᠦᠰᠦᠨᠦᠭᠲᠦ | ᠬᠦᠰᠦᠨᠦᠭᠲᠦ ᠨᠢᠭᠡ | ᠬᠦᠰᠦᠨᠦᠭᠲᠦ ᠬᠤᠶᠠᠷ | |