| ᠰᠤᠷᠪᠤᠯᠵᠢᠯᠠᠭᠰᠠᠨ ᠴᠠᠭ᠄ | 2017 ᠣᠨ ᠤ 6 ᠳ᠋ᠤᠭᠠᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨᠠᠬᠢ 3 ᠴᠠᠭ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠶᠢᠨ ᠫᠢᠩ | ᠰᠤᠷᠪᠤᠯᠵᠢᠯᠠᠭ᠎ᠠ ᠤᠨ ᠲᠣᠪᠴᠢ ᠲᠠᠨᠢᠯᠴᠠᠭᠤᠯᠭ᠎ᠠ᠄ | ᠦᠢᠷ᠎ᠠ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠶᠢᠨ ᠫᠢᠩ ᠢ ︽ᠳᠤᠮᠳᠠᠳᠤ | ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ | ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠤᠬᠠᠶ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ | ᠪᠣᠯᠤᠨ᠎ᠠ᠃ ᠲᠤᠬᠠᠶ ᠶᠢᠨ ᠴᠠᠭ ᠲᠤ᠂ ᠥᠷᠭᠡᠨ ᠣᠯᠠᠨ ᠰᠦᠯᠵᠢᠶᠡᠨ ᠤ ᠠᠨᠳᠠ ᠨᠠᠷ ᠮᠢᠨᠢ ᠢᠳᠡᠪᠬᠢᠲᠡᠶ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | ᠬᠥᠲᠥᠯᠥᠭᠴᠢ᠄ | ᠰᠦᠯᠵᠢᠶᠡᠨ ᠠᠨᠳᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ ᠂ ᠲᠣᠰ ᠬᠤᠭᠤᠴᠠᠭᠠᠨ ᠤ ︽ᠳᠤᠮᠳᠠᠳᠤ | ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ | ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡ ᠥᠪᠡᠷᠲᠡᠭᠡᠨ ᠵᠠᠰᠠᠬᠤ ᠣᠷᠣᠨ ᠤ ᠵᠠᠬᠢᠳᠠᠯ | ᠰᠤᠷᠪᠤᠯᠵᠢᠯᠠᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ | ᠵᠠᠩ ᠶᠢᠨ ᠫᠢᠩ ᠢ ᠤᠷᠢᠵᠤ᠂ ᠵᠠᠬᠢᠳᠠᠯ ᠰᠤᠷᠪᠤᠯᠵᠢᠯᠠᠯ ᠶᠢᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢ | ᠠᠬᠢᠭᠤᠯᠬᠤ ᠠᠵᠢᠯ ᠤᠨ ᠲᠣᠬᠠᠢ ᠥᠷᠭᠡᠨ ᠣᠯᠠᠨ ᠰᠦᠯᠵᠢᠶᠡᠨ ᠠᠨᠳᠠ ᠨᠠᠷ ᠲᠠᠢ ᠰᠦᠯᠵᠢᠶᠡᠨ ᠳᠡᠭᠡᠷ᠎ᠡ ᠰᠠᠨᠠᠯ ᠢᠶᠠᠨ | ᠰᠣᠯᠢᠯᠴᠠᠬᠤ ᠪᠣᠯᠣᠯ᠎ᠠ᠃ ᠵᠠᠩ ᠳᠠᠷᠤᠭ᠎ᠠ ᠡ᠂ ᠲᠠᠨ ᠢ ᠪᠠᠶᠠᠷᠯᠠᠨ ᠤᠭᠲᠤᠵᠤ ᠪᠠᠶᠢᠨ᠎ᠠ︕ | ᠵᠠᠩ ᠶᠢᠨ ᠫᠢᠩ᠄ | ᠬᠥᠲᠥᠯᠥᠭᠴᠢ ᠰᠠᠶᠢᠨ ᠤᠤ᠂ ᠰᠦᠯᠵᠢᠶᠡᠨ ᠨᠠᠶᠢᠵᠠ ᠨᠠᠷ ᠲᠠ ᠪᠦᠬᠦᠨ ᠰᠠᠶᠢᠨ ᠪᠠᠶᠢᠵᠠᠭᠠᠨ᠎ᠠ ᠤᠤ︕ | ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠫᠣᠷᠲ᠋ᠧᠯ ᠰᠦᠯᠵᠢᠶ᠎ᠡ ᠶᠢᠨ ᠲᠠᠪᠴᠠᠩ ᠳᠡᠭᠡᠷ᠎ᠡ ᠣᠯᠠᠨ ᠲᠠᠢ | ᠰᠠᠨᠠᠯ ᠢᠶᠠᠨ ᠰᠣᠯᠢᠯᠴᠠᠬᠤ ᠪᠣᠯᠣᠭᠰᠠᠨ ᠳᠠᠭᠠᠨ ᠰᠡᠳᠬᠢᠯ ᠮᠠᠰᠢ ᠶᠡᠭᠡ ᠦᠨᠳᠦᠷ ᠪᠠᠶᠢᠨ᠎ᠠ᠃ ᠥᠷᠭᠡᠨ ᠣᠯᠠᠨ | ᠰᠦᠯᠵᠢᠶᠡᠨ ᠠᠨᠳᠠ ᠨᠠᠷ ᠤᠨ ᠤᠷᠳᠤ ᠬᠤᠭᠤᠴᠠᠭᠠᠨ ᠤ ᠲᠤᠷᠰᠢ ᠥᠪᠡᠷᠲᠡᠭᠡᠨ ᠵᠠᠰᠠᠬᠤ ᠣᠷᠣᠨ ᠤ ᠵᠠᠬᠢᠳᠠᠯ | ᠰᠤᠷᠪᠤᠯᠵᠢᠯᠠᠯ ᠤᠨ ᠲᠣᠪᠴᠢᠶ᠎ᠠ ᠶᠢᠨ ᠠᠵᠢᠯ ᠳᠤ ᠰᠡᠳᠬᠢᠯ ᠲᠠᠯᠪᠢᠵᠤ ᠲᠡᠮᠵᠢᠯᠭᠡ ᠦᠵᠡᠭᠦᠯᠦᠭᠰᠡᠨ ᠳᠤ ᠮᠠᠰᠢ ᠶᠡᠭᠡ | ᠲᠠᠯᠠᠷᠬᠠᠵᠤ ᠪᠠᠶᠢᠨ᠎ᠠ︕ | ᠬᠥᠲᠥᠯᠥᠭᠴᠢ᠄ | ᠵᠠᠩ ᠳᠠᠷᠤᠭ᠎ᠠ᠂ ︽ ᠨᠠᠷᠠᠨ ᠭᠡᠷᠡᠯᠲᠦ ᠰᠤᠷᠪᠣᠯᠵᠢᠯᠠᠯ︾᠂ ︽ᠬᠠᠷᠢᠭᠤᠴᠠᠯᠭᠠᠲᠤ ᠵᠠᠬᠢᠳᠠᠯ ᠰᠤᠷᠪᠣᠯᠵᠢᠯᠠᠯ︾ | ︽ᠬᠠᠤᠯᠢ ᠪᠠᠷ ᠵᠠᠰᠠᠬᠤ ᠵᠠᠬᠢᠳᠠᠯ ᠰᠤᠷᠪᠣᠯᠵᠢᠯᠠᠯ︾ ᠪᠣᠯ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ | ᠥᠭᠡᠷᠡᠴᠢᠯᠡᠯᠲᠡ ᠶᠢᠨ ᠬᠦᠴᠦᠯᠡᠬᠦ ᠴᠡᠭ ᠪᠣᠯᠤᠨ᠎ᠠ᠂ ᠣᠶᠢᠷ᠎ᠠ ᠶᠢᠨ ᠵᠢᠯ ᠤᠳ ᠲᠤ᠂ ᠮᠠᠨ ᠤ ᠣᠷᠣᠨ ᠵᠠᠬᠢᠳᠠᠯ | ᠰᠤᠷᠪᠤᠯᠵᠢᠯᠠᠯ ᠤᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢ ᠬᠡᠷᠬᠢᠨ ᠠᠬᠢᠭᠤᠯᠤᠭᠰᠠᠨ ᠪᠤᠢ︖ | ᠵᠠᠩ ᠶᠢᠨ ᠫᠢᠩ᠄ | ᠵᠠᠬᠢᠳᠠᠯ ᠰᠤᠷᠪᠤᠯᠵᠢᠯᠠᠯ ᠶᠢᠨ ᠠᠵᠢᠯ ᠤᠨ ᠳᠦᠷᠢᠮ ᠤᠨ ᠥᠭᠡᠷᠡᠴᠢᠯᠡᠯᠲᠡ ᠶᠢ ᠡᠬᠢᠯᠡᠭᠦᠯᠦᠭᠰᠡᠨ ᠠᠴᠠ ᠨᠠᠰᠢ᠂ | ᠮᠠᠨ ᠤ ᠣᠷᠣᠨ ᠳᠡᠭᠡᠳᠦ ᠱᠠᠲᠤᠨ ᠤ ᠪᠠᠶᠢᠷᠢᠯᠠᠭᠤᠯᠤᠯᠲᠠ ᠪᠣᠯᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠵᠤ᠂ | ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠭᠡᠷᠡᠴᠢᠯᠡᠯᠲᠡ ᠶᠢ ᠳᠥᠯᠭᠢᠨ ᠠᠬᠢᠭᠤᠯᠤᠭᠠᠳ | ᠢᠯᠡᠳᠲᠡ ᠦᠷ᠎ᠡ ᠪᠦᠲᠦᠮᠵᠢ ᠣᠯᠵᠠᠶ᠃ | ᠨᠢᠭᠡ ᠳᠤ ︽ᠨᠠᠷᠠᠨ ᠭᠡᠷᠡᠯᠲᠦ ᠵᠠᠬᠢᠳᠠᠯ ᠰᠤᠷᠪᠤᠯᠵᠢᠯᠠᠯ︾ ᠤᠨ ᠪᠦᠷᠬᠦᠬᠦ ᠬᠡᠪᠴᠢᠶ᠎ᠡ ᠨᠢ ᠨᠡᠩ ᠥᠷᠭᠡᠨ ᠳᠡᠯᠭᠡᠷ | ᠪᠣᠯᠵᠠᠢ᠃ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ︽ᠪᠦᠷᠢᠨ | ᠪᠥᠷᠬᠦᠭᠦᠯᠬᠦ︾ ᠶᠢ ᠦᠨᠳᠦᠰᠦᠨ ᠳᠡᠭᠡᠨ ᠪᠡᠶᠡᠯᠡᠭᠦᠯᠵᠦ᠂ ᠪᠦᠬᠦ ᠣᠷᠣᠨ ᠤ ᠭᠤᠷᠪᠠᠨ ᠱᠠᠲᠤᠨ ᠤ ᠰᠦᠯᠵᠢᠶᠡᠨ ᠳᠡᠭᠡᠷ᠎ᠡ | ᠭᠤᠮᠣᠳᠠᠯ ᠲᠣᠭᠠᠴᠢᠬᠤ ᠬᠡᠮᠵᠢᠶ᠎ᠡ ᠵᠢᠯ ᠳᠠᠷᠠᠭᠠᠯᠠᠨ ᠨᠡᠮᠡᠭᠳᠡᠵᠦ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠴᠠᠭ | ᠲᠤᠬᠠᠶ ᠳᠤᠨᠢ ᠬᠦᠯᠢᠶᠡᠨ ᠠᠪᠴᠤ ᠰᠢᠶᠳᠪᠦᠷᠢᠯᠡᠬᠦ ᠨᠤᠷᠮ᠎ᠠ᠂ ᠬᠤᠭᠤᠴᠠᠭ᠎ᠠ ᠶᠣᠰᠣᠭᠠᠷ ᠰᠢᠶᠳᠪᠦᠷᠢᠯᠡᠵᠦ ᠳᠠᠭᠤᠰᠬᠠᠬᠤ | ᠨᠤᠷᠮ᠎ᠠ᠂ ᠤᠯᠠᠨ ᠲᠦᠮᠡᠨ ᠳᠤ ᠲᠠᠭᠠᠰᠢᠶᠠᠭᠳᠠᠬᠤ ᠨᠤᠷᠮ᠎ᠠ ᠢᠯᠡᠳᠲᠡ ᠳᠡᠭᠡᠭᠰᠢᠯᠡᠨ᠂ ︽ᠰᠦᠯᠵᠢᠶᠡᠨ ᠳᠡᠭᠡᠷ᠎ᠡ | ᠵᠠᠭᠠᠯᠳᠤᠬᠤ ᠨᠢ ᠪᠦᠲᠦᠮᠵᠢᠲᠡᠢ ᠪᠠᠶᠢᠬᠤ︾ ᠭᠡᠰᠡᠨ ᠦᠵᠡᠯᠲᠡ ᠬᠥᠮᠦᠰ ᠤᠨ ᠰᠡᠳᠬᠢᠯ ᠳᠤ ᠢᠳᠡᠭ ᠢᠳᠡᠭ ᠢᠶᠠᠷ ᠭᠦᠨ | ᠰᠠᠭᠤᠭᠳᠠᠪᠠ᠃ ᠪᠦᠬᠦ ᠣᠷᠣᠨ ᠤ ᠭᠤᠷᠪᠠᠨ ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠳ ᠴᠥᠮ | ᠸᠢᠴᠠᠲ ᠤᠨ ᠵᠢᠷᠭᠢᠭᠡ ᠨᠡᠭᠡᠭᠡᠵᠦ᠂ ︽ᠡᠳᠦᠷ ᠪᠦᠷᠢ ᠶᠢᠨ ᠴᠢᠬᠤᠯᠠ ᠮᠡᠳᠡᠭᠡ︾ ᠶᠢ ᠨᠡᠶᠢᠲᠡᠯᠡᠵᠦ᠂ ᠥᠪᠡᠷᠮᠢᠴᠡ | ᠣᠨᠴᠠᠯᠢᠭ ᠪᠦᠬᠦᠢ ᠵᠠᠬᠢᠳᠠᠯ ᠰᠤᠷᠪᠤᠯᠵᠢᠯᠠᠯ ᠤᠨ ᠤᠬᠠᠭᠤᠯᠭ᠎ᠠ ᠶᠢᠨ ᠰᠢᠨ᠎ᠡ ᠵᠠᠭᠤᠴᠢ ᠶᠢᠨ ᠵᠢᠭᠰᠠᠭᠠᠯ ᠪᠣᠢ ᠪᠣᠯᠵᠤ᠂ | ᠵᠠᠬᠢᠳᠠᠯ ᠰᠤᠷᠪᠤᠯᠵᠢᠯᠠᠯ ᠤᠨ ᠠᠵᠢᠯ ᠤᠨ ᠢᠯᠡ ᠲᠣᠳᠣ ᠶᠢᠨ ᠬᠡᠮᠵᠢᠶ᠎ᠡ ᠪᠣᠯᠣᠨ ᠤᠯᠠᠨ ᠨᠡᠶᠢᠲᠡ ᠳᠤ ᠢᠲᠡᠭᠡᠭᠦᠯᠬᠦ | ᠬᠦᠴᠦᠨ ᠤᠯᠠᠮ ᠨᠢᠭᠡ ᠠᠯᠬᠤᠮ ᠴᠢᠩᠭᠠᠷᠠᠪᠠ᠃ | ᠬᠤᠶᠠᠷ ᠲᠤ ︽ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ︾ ᠢ ᠤᠯᠠᠮ ᠨᠠᠷᠢᠨ ᠤᠯᠠᠮ ᠪᠣᠳᠠᠲᠠᠶ ᠪᠣᠯᠭᠠᠵᠠᠢ᠃ | ︽ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠠᠯᠲᠠᠲᠤ ᠬᠠᠮᠢᠶᠠᠷᠤᠯᠲᠠ ᠶᠢᠨ ᠬᠢᠨᠠᠨ ᠦᠨᠡᠯᠡᠬᠦ ᠠᠷᠭ᠎ᠠ︾ ᠳᠤ | ᠵᠠᠰᠠᠪᠤᠷᠢ ᠣᠷᠣᠭᠤᠯᠵᠤ᠂ ︽ᠵᠠᠬᠢᠳᠠᠯ ᠰᠤᠷᠪᠤᠯᠵᠢᠯᠠᠯ ᠤᠨ ᠰᠢᠮᠳᠠᠭᠤᠯᠤᠨ ᠪᠠᠶᠢᠴᠠᠭᠠᠬᠤ ᠠᠵᠢᠯ ᠤᠨ ᠲᠤᠬᠠᠶ ᠠᠷᠭ᠎ᠠ︾ | ᠶᠢ ᠨᠡᠶᠢᠲᠡᠯᠡᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ ᠰᠤᠷᠪᠤᠯᠵᠢᠯᠠᠯ ᠤᠨ | ᠠᠵᠢᠯ ᠤᠨ ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ︾ ᠢ ᠨᠣᠣᠷᠠᠭᠯᠠᠪᠠ᠃ ᠴᠡᠭ ᠤᠨ | ᠬᠤᠭᠤᠷᠣᠨᠳᠤ ᠨᠡᠪᠲᠡᠷᠡᠭᠦᠯᠬᠦ ᠪᠠ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠪᠣᠯᠵᠣᠨ ᠶᠠᠷᠢᠯᠴᠠᠬᠤ ᠬᠡᠯᠪᠡᠷᠢ ᠪᠠᠷ | ᠠᠶᠢᠮᠠᠭ ᠬᠤᠳᠠ᠂ ᠭᠤᠣᠯᠳᠠᠯᠭ᠎ᠠ ᠲᠠᠢ ᠠᠵᠤ ᠠᠬᠤᠶᠢᠯᠠᠯ ᠲᠠᠢ ᠪᠣᠯᠵᠣᠵᠤ ᠶᠠᠷᠢᠯᠴᠠᠬᠤ ᠪᠣᠯᠣᠭᠰᠠᠨ ᠪᠠᠶᠢᠨ᠎ᠠ᠃ | ᠰᠢᠮᠳᠠᠭᠤᠯᠤᠨ ᠵᠢᠯᠣᠭᠤᠳᠬᠤ ᠪᠠᠶᠢᠴᠠᠭᠠᠨ ᠰᠤᠳᠤᠯᠬᠤ ᠳᠤᠭᠤᠶᠢᠯᠠᠩ ᠢ ᠣᠯᠠᠨᠲᠠ ᠵᠣᠬᠢᠶᠠᠨ ᠪᠠᠶᠢᠭᠤᠯᠤᠨ | ᠦᠨᠳᠦᠰᠦᠨ ᠱᠠᠲᠤᠨ ᠳᠤ ᠭᠦᠨᠵᠡᠭᠡᠶᠢᠷᠡᠨ ᠰᠢᠮᠳᠠᠭᠤᠯᠤᠨ ᠪᠠᠶᠢᠴᠠᠭᠠᠨ ᠵᠢᠯᠣᠭᠤᠳᠴᠦ᠂ ᠠᠰᠠᠭᠤᠳᠠᠯ ᠢ | ᠰᠢᠢᠳᠪᠦᠷᠢᠯᠡᠬᠦ ᠶᠢ ᠪᠦᠲᠦᠮᠵᠢᠲᠡᠶ ᠪᠠᠷ ᠠᠬᠢᠭᠤᠯᠪᠠ᠃ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ | ᠬᠡᠷᠡᠭ ᠢ ᠲᠥᠪᠯᠡᠷᠡᠭᠦᠯᠵᠦ ᠪᠠᠶᠢᠭᠠᠳ ᠰᠢᠪᠲᠤᠯᠤᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ | ᠦᠯᠡᠮᠵᠢ ᠤᠯᠠᠨ ᠰᠢᠢᠳᠪᠦᠷᠢᠯᠡᠬᠦ ᠳᠤ ᠲᠦᠪᠡᠭᠲᠡᠢ ᠬᠡᠷᠡᠭ ᠢ ᠪᠦᠲᠦᠮᠵᠢᠲᠡᠶ ᠪᠠᠷ ᠰᠢᠶᠳᠪᠦᠷᠢᠯᠡᠬᠦ ᠶᠢ ᠲᠦᠯᠬᠢᠨ | ᠠᠬᠢᠭᠤᠯᠪᠠ᠃ | ᠭᠤᠷᠪᠠ ᠳᠤ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ᠤᠨ ᠣᠶᠢᠯᠠᠭᠠᠭᠳᠠᠬᠤᠨ ᠢ ᠬᠥᠮᠦᠰ ᠤᠨ | ᠰᠡᠳᠬᠢᠯ ᠳᠤ ᠨᠡᠩ ᠭᠦᠨ ᠰᠠᠭᠤᠭᠳᠠᠭᠤᠯᠪᠠ᠃ ︽ᠰᠤᠷᠪᠤᠯᠵᠢᠯᠠᠯ ᠪᠣᠯᠣᠨ ᠵᠠᠭᠠᠯᠳᠤᠯᠭ᠎ᠠ ᠶᠢ ᠰᠠᠯᠭᠠᠬᠤ︾ ᠲᠦᠷᠢᠮ ᠢ | ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠤᠯᠠᠨ ᠲᠦᠮᠡᠨ ᠬᠠᠤᠯᠢ ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠯ | ᠬᠢᠬᠦ ᠶᠢ ᠤᠯᠠᠮ ᠢᠶᠠᠷ ᠪᠠᠶᠢᠩᠭᠤᠵᠢᠭᠤᠯᠵᠤ᠂ ᠬᠠᠤᠯᠢ ᠳᠤ ᠲᠣᠭᠲᠠᠭᠠᠭᠰᠠᠨ ᠠᠷᠭ᠎ᠠ ᠵᠠᠮ ᠢᠶᠠᠷ ᠳᠠᠮᠵᠢᠭᠤᠯᠤᠨ ᠵᠠᠬᠢᠳᠠᠯ | ᠰᠤᠷᠪᠤᠯᠵᠢᠯᠠᠯ ᠤᠨ ᠵᠠᠭᠠᠯᠳᠤᠯᠭ᠎ᠠ ᠭᠤᠮᠣᠳᠠᠯ ᠲᠣᠭᠠᠴᠢᠯᠲᠠ ᠶᠢ ᠲᠥᠷᠥᠯ ᠬᠤᠪᠢᠶᠠᠨ ᠰᠢᠢᠳᠪᠦᠷᠢᠯᠡᠬᠦ ᠠᠵᠢᠯ ᠢ | ᠯᠠᠪᠳᠠᠭᠤᠨ ᠪᠠᠲᠤᠲᠠᠶ ᠲᠦᠯᠬᠢᠨ ᠠᠬᠢᠭᠤᠯᠪᠠ᠃ ᠥᠪᠡᠷᠲᠡᠭᠡᠨ ᠵᠠᠰᠠᠬᠤ ᠣᠷᠣᠨ ᠤ ᠲᠤᠰ ᠱᠠᠲᠤ ᠪᠠ ᠠᠶᠢᠮᠠᠭ ᠬᠤᠳᠠ | ᠴᠥᠮ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠬᠤ ᠶᠢᠨ ᠬᠠᠮᠲᠤ | ᠵᠠᠷᠯᠠᠨ ᠨᠡᠶᠢᠲᠡᠯᠡᠪᠡ᠃ | ᠬᠥᠲᠥᠯᠥᠭᠴᠢ᠄ | ᠣᠶᠢᠷ᠎ᠠ ᠶᠢᠨ ᠬᠡᠳᠦᠨ ᠵᠢᠯ ᠤᠳ ᠲᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠨᠢ ᠶᠡᠭᠡ | ᠬᠡᠮᠵᠢᠶᠡᠨ ᠤ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠦᠷᠭᠡᠨ ᠪᠥᠭᠡᠳ ᠥᠨᠳᠥᠷ ᠪᠦᠲᠦᠮᠵᠢᠲᠡᠶ ᠪᠠᠷ | ᠰᠢᠶᠳᠪᠦᠷᠢᠯᠡᠵᠦ᠂ ᠣᠳᠣᠬᠠᠨ ᠳᠤ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠨᠢ ᠶᠠᠭ ᠠᠯᠬᠤᠮ ᠠᠯᠬᠤᠮ ᠢᠶᠠᠷ | ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠶᠢᠨ ᠭᠤᠣᠯ ᠠᠷᠭ᠎ᠠ ᠵᠠᠮ ᠪᠣᠯᠵᠤ ᠪᠠᠶᠢᠨ᠎ᠠ᠃ ᠲᠡᠭᠡᠪᠡᠯ ᠮᠠᠨ ᠤ ᠣᠷᠣᠨ | ᠬᠡᠷᠬᠢᠨ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠶᠢᠨ ᠭᠤᠣᠯ ᠠᠷᠭ᠎ᠠ ᠵᠠᠮ ᠢ ᠨᠡᠭᠡᠭᠡᠵᠦ᠂ ᠤᠯᠠᠨ ᠲᠦᠮᠡᠨ ᠤ | ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠭᠰᠠᠨ ᠪᠤᠢ︖ | ᠵᠠᠩ ᠶᠢᠨ ᠫᠢᠩ᠄ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠪᠦᠬᠦ ᠣᠷᠣᠨ ᠰᠦᠯᠵᠢᠶᠡᠨ ᠳᠡᠭᠡᠷᠡᠬᠢ ᠵᠠᠬᠢᠳᠠᠯ | ᠰᠤᠷᠪᠤᠯᠵᠢᠯᠠᠯ ᠤᠨ ᠠᠵᠢᠯ ᠤᠨ ᠬᠥᠮᠦᠨ ᠤ ᠬᠦᠴᠦ ᠪᠣᠳᠠᠰ ᠤᠨ ᠬᠦᠴᠦᠨ ᠤ ᠣᠷᠣᠭᠤᠯᠤᠯᠲᠠ ᠶᠢ ᠲᠠᠰᠤᠷᠠᠯᠲᠠ ᠦᠭᠡᠢ | ᠨᠡᠮᠡᠭᠳᠡᠭᠦᠯᠵᠦ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠠᠵᠢᠯ ᠤᠨ ᠵᠢᠷᠤᠮᠵᠢᠭᠤᠯᠤᠯᠲᠠ᠂ | ᠳᠦᠷᠢᠮᠵᠢᠭᠦᠯᠦᠯᠲᠡ᠂ ᠪᠠᠶᠢᠩᠭᠤᠵᠢᠭᠤᠯᠤᠯᠲᠠ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠰᠦᠯᠵᠢᠶᠡᠨ ᠳᠡᠭᠡᠷᠡᠬᠢ | ᠵᠠᠬᠢᠳᠠᠯ ᠰᠤᠷᠪᠤᠯᠵᠢᠯᠠᠯ ᠢ ᠦᠨᠡᠮᠰᠢᠯ ᠤᠨ ᠬᠡᠮᠵᠢᠶ᠎ᠡ ᠪᠣᠯᠤᠨ ᠲᠠᠭᠠᠰᠢᠶᠠᠯ ᠤᠨ ᠬᠡᠮᠵᠢᠶ᠎ᠡ ᠶᠢ ᠶᠡᠬᠡᠪᠡᠷ | ᠳᠡᠭᠡᠭᠰᠢᠯᠡᠭᠦᠯᠵᠡᠢ᠃ | ᠨᠢᠭᠡ ᠳᠤ᠂ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠢ ︽ | ᠪᠦᠷᠢᠨ ᠪᠥᠷᠬᠦᠭᠦᠯᠬᠦ︾ ᠶᠢ ᠦᠨᠳᠦᠰᠦᠨ ᠳᠡᠭᠡᠨ ᠪᠡᠶᠡᠯᠡᠭᠦᠯᠪᠡ᠃ ᠪᠦᠬᠦ ᠣᠷᠣᠨ ᠤ ᠰᠦᠯᠵᠢᠶᠡᠨ ᠳᠡᠭᠡᠷᠡᠬᠢ ᠵᠠᠬᠢᠳᠠᠯ | ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠪᠠᠶᠢᠭᠤᠯᠤᠯᠲᠠ ᠨᠢ ᠵᠠᠬᠢᠳᠠᠯ ᠰᠤᠷᠪᠤᠯᠵᠢᠯᠠᠯ ᠤᠨ ᠬᠡᠯᠪᠡᠷᠢ᠂ | ᠠᠵᠢᠯ ᠤᠨ ᠴᠤᠪᠤᠷᠠᠯ᠂ ᠠᠵᠢᠯ ᠤᠨ ᠬᠡᠪᠴᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠵᠦ᠂ ᠪᠦᠬᠦ ᠣᠷᠣᠨ ᠤ | ᠰᠢᠰᠲ᠋ᠧᠮ ᠳᠤ ᠣᠷᠣᠭᠤᠯᠤᠭᠰᠠᠨ ᠨᠢᠭᠡᠴᠡ 6912 ᠪᠠᠶᠢᠵᠤ᠂ ︽ᠲᠤᠭ᠎ᠠ ᠪᠠᠷᠢᠮᠲᠠ ᠶᠢ ᠢᠯᠡᠭᠦᠬᠡᠨ ᠨᠡᠪᠲᠡᠷᠡᠭᠦᠯᠵᠦ᠂ | ᠤᠯᠠᠨ ᠲᠦᠮᠡᠨ ᠢ ᠳᠤᠲᠠᠭᠤ ᠭᠦᠶᠦᠯᠭᠡᠬᠦ︾ ᠠᠵᠢᠯ ᠤᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠪᠡ᠃ | ᠬᠤᠶᠠᠷ ᠲᠤ᠂ ᠵᠠᠬᠢᠳᠠᠯ ᠰᠤᠷᠪᠤᠯᠵᠢᠯᠠᠯ ᠤᠨ ︽ᠭᠤᠷᠪᠠᠨ ᠨᠣᠷᠮ᠎ᠠ︾ ᠶᠢᠨ ᠬᠢᠷᠢ ᠲᠥᠪᠰᠢᠨ ᠢ ᠤᠯᠠᠮ ᠨᠢᠭᠡ | ᠠᠯᠬᠤᠮ ᠳᠡᠭᠡᠭᠰᠢᠯᠡᠭᠦᠯᠪᠡ᠃ ᠪᠦᠬᠦ ᠣᠷᠣᠨ ᠤ ᠵᠠᠬᠢᠳᠠᠯ ᠰᠤᠷᠪᠣᠯᠵᠢᠯᠠᠯ ᠤᠨ ᠰᠠᠯᠠᠭ᠎ᠠ ᠮᠦᠴᠢᠷ ᠵᠢᠴᠢ | ᠬᠠᠷᠢᠭᠤᠴᠠᠯᠭᠠᠲᠤ ᠨᠢᠭᠡᠴᠡ ᠨᠦᠭᠦᠳ ᠤᠨ ᠴᠠᠭ ᠲᠣᠬᠠᠢ ᠳᠤᠨᠢ ᠬᠦᠯᠢᠶᠡᠨ ᠠᠪᠴᠤ ᠭᠦᠢᠴᠡᠳᠬᠡᠬᠦ ᠨᠣᠷᠮ᠎ᠠ᠂ | ᠬᠤᠭᠤᠴᠠᠭ᠎ᠠ ᠶᠣᠰᠣᠭᠠᠷ ᠰᠢᠢᠳᠪᠦᠷᠢᠯᠡᠵᠦ ᠳᠠᠭᠤᠰᠬᠠᠬᠤ ᠨᠣᠷᠮ᠎ᠠ᠂ ᠣᠯᠠᠨ ᠲᠦᠮᠡᠨ ᠳᠤ ᠲᠠᠭᠠᠰᠢᠶᠠᠭᠳᠠᠬᠤ ᠨᠣᠷᠮ᠎ᠠ | ᠶᠡᠭᠡ ᠬᠡᠮᠵᠢᠶ᠎ᠡ ᠪᠠᠷ ᠳᠡᠭᠡᠭᠰᠢᠯᠡᠵᠦ᠂ ︽ᠰᠦᠯᠵᠢᠶᠡᠨ ᠳᠡᠭᠡᠷ᠎ᠡ ᠵᠠᠭᠠᠯᠳᠤᠬᠤ ᠨᠢ ᠪᠦᠲᠦᠮᠵᠢᠲᠡᠢ ᠪᠠᠶᠢᠬᠤ︾ ᠦᠵᠡᠯᠲᠡ | ᠬᠦᠮᠦᠰ ᠤᠨ ᠰᠡᠳᠬᠢᠯ ᠳᠤ ᠤᠯᠠᠮ ᠰᠠᠭᠤᠭᠳᠠᠵᠤ᠂ ᠰᠦᠯᠵᠢᠶᠡᠨ ᠳᠡᠭᠡᠷᠡᠬᠢ ᠰᠤᠷᠪᠤᠯᠵᠢᠯᠠᠯ ᠤᠨ ᠠᠵᠢᠯ ᠤᠨ ᠦᠷ᠎ᠡ | ᠪᠦᠲᠦᠮᠵᠢ ᠢᠳᠡᠭ ᠢᠳᠡᠭ ᠢᠶᠠᠷ ᠳᠡᠭᠡᠭᠰᠢᠯᠡᠪᠡ᠃ | ᠬᠥᠲᠥᠯᠥᠭᠴᠢ᠄ | ᠮᠠᠨ ᠤ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ ︾ | ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠣᠯᠠᠨ ᠲᠦᠮᠡᠨ ᠤ ᠦᠨᠡᠮᠰᠢᠯ ᠢ | ᠤᠯᠤᠭᠰᠠᠨ ᠪᠠᠶᠢᠨ᠎ᠠ᠂ ᠲᠠ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ᠤᠨ ᠥᠭᠡᠷᠡᠴᠢᠯᠡᠯᠲᠡ ᠶᠢᠨ ᠦᠷ᠎ᠡ | ᠪᠦᠲᠦᠭᠡᠯ ᠤᠳ ᠢ ᠲᠠᠨᠢᠯᠴᠠᠭᠤᠯᠤᠭᠠᠳ ᠥᠭᠭᠦᠨ᠎ᠡ ᠤᠤ︖ | ᠵᠠᠩ ᠶᠢᠨ ᠫᠢᠩ᠄ | ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠲᠥᠪ ᠤᠨ ︽ᠵᠠᠬᠢᠳᠠᠯ ᠰᠤᠷᠪᠤᠯᠵᠢᠯᠠᠯ ᠤᠨ ᠠᠵᠢᠯ ᠢ | ᠬᠠᠤᠯᠢ ᠪᠠᠷ ᠵᠠᠰᠠᠬᠤ ᠵᠠᠮ ᠳᠤ ᠤᠷᠤᠭᠤᠯᠬᠤ︾ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ | ᠦᠢᠯᠡᠳᠦᠯᠭᠡᠵᠢᠭᠦᠯᠵᠦ᠂ ᠬᠠᠤᠯᠢ ᠪᠠᠷ ᠵᠠᠰᠠᠬᠤ ᠰᠡᠳᠬᠢᠮᠵᠢ ᠪᠠᠷ ᠵᠠᠬᠢᠳᠠᠯ ᠰᠤᠷᠪᠤᠯᠵᠢᠯᠠᠯ ᠤᠨ ᠠᠵᠢᠯ ᠢ ᠦᠨᠡᠨᠬᠦ | ᠰᠠᠶᠢᠲᠤᠷ ᠬᠢᠵᠦ᠂ ᠠᠯᠢ ᠤᠯᠠᠨ ᠠᠷᠭ᠎ᠠ ᠬᠡᠮᠵᠢᠶ᠎ᠡ ᠠᠪᠴᠤ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ᠤᠨ | ᠥᠭᠡᠷᠡᠴᠢᠯᠡᠯᠲᠡ ᠶᠢᠨ ᠠᠯᠬᠤᠴᠠ ᠶᠢ ᠠᠬᠢᠭᠤᠯᠤᠭᠰᠠᠨ ᠪᠠᠶᠢᠨ᠎ᠠ᠃ | ᠨᠢᠭᠡ ᠳᠤ ︽ᠰᠤᠷᠪᠤᠯᠵᠢᠯᠠᠯ ᠪᠤᠯᠤᠨ ᠵᠠᠭᠠᠯᠳᠤᠯᠭ᠎ᠠ ᠶᠢ ᠰᠠᠯᠭᠠᠬᠤ︾ ᠲᠦᠷᠢᠮ ᠢ ᠤᠯᠠᠮ ᠨᠢᠭᠡ ᠠᠯᠬᠤᠮ | ᠬᠦᠨᠵᠡᠭᠡᠶᠢᠷᠡᠬᠦᠯᠪᠡ᠃ ᠪᠢᠳᠡ ᠵᠠᠬᠢᠳᠠᠯ ᠰᠤᠷᠪᠤᠯᠵᠢᠯᠠᠯ ᠤᠨ ᠭᠤᠮᠤᠳᠠᠯ ᠲᠤᠭᠠᠴᠢᠯᠲᠠ ᠶᠢ ᠬᠠᠤᠯᠢ ᠶᠣᠰᠣᠭᠠᠷ ᠳᠦᠷᠦᠯ | ᠬᠤᠪᠢᠶᠠᠨ ᠰᠢᠢᠳᠪᠦᠷᠢᠯᠡᠬᠦ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠵᠠᠬᠢᠳᠠᠯ ᠰᠤᠷᠪᠤᠯᠵᠢᠯᠠᠯ ᠢ ᠵᠠᠭᠠᠯᠳᠤᠯᠭ᠎ᠠ᠂ | ᠬᠥᠨᠳᠡᠯᠡᠨ ᠤ ᠲᠠᠰᠤᠯᠤᠯᠳᠠ᠂ ᠵᠠᠰᠠᠭ ᠵᠠᠬᠢᠷᠭᠠᠨ ᠤ ᠳᠠᠬᠢᠨ ᠵᠦᠪᠯᠡᠯᠭᠡ ᠵᠡᠷᠭᠡ ᠬᠠᠤᠯᠢ ᠪᠠᠷ ᠲᠣᠭᠲᠠᠭᠠᠭᠰᠠᠨ ᠠᠷᠭ᠎ᠠ | ᠵᠠᠮ ᠢᠶᠠᠷ ᠬᠦᠯᠢᠶᠡᠨ ᠠᠪᠬᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠢᠯᠭᠠᠷᠠᠭᠤᠯᠵᠤ᠂ ᠡᠯ᠎ᠡ ᠱᠠᠲᠤᠨ ᠤ ᠬᠢᠨ | ᠵᠠᠬᠢᠲᠠᠯ ᠰᠤᠷᠪᠤᠯᠵᠢᠯᠠᠯ ᠢ ᠬᠠᠮᠲᠤᠷᠠᠨ ᠬᠦᠯᠢᠶᠡᠨ ᠠᠪᠬᠤ ᠲᠢᠩᠬᠢᠮ ᠳᠤ ᠬᠠᠤᠯᠢ ᠴᠠᠭᠠᠵᠠ ᠪᠤᠯᠤᠨ ᠵᠠᠷᠭᠤ ᠳᠤ | ᠬᠤᠯᠪᠣᠭᠳᠠᠬᠤ ᠠᠰᠠᠭᠤᠳᠠᠯ ᠤᠨ ᠴᠣᠩᠬᠤ ᠭᠠᠷᠭᠠᠨ᠂ ᠳᠣᠲᠣᠭᠠᠳᠤ ᠶᠢ ᠬᠠᠮᠠᠭᠠᠯᠠᠬᠤ ᠪᠠᠢᠴᠠᠭᠠᠬᠤ ᠰᠢᠭᠦᠬᠦ ᠬᠠᠤᠯᠢ | ᠴᠠᠭᠠᠵᠠ ᠶᠢᠨ ᠰᠠᠯᠠᠭ᠎ᠠ ᠮᠥᠴᠢᠷ ᠢ ᠰᠠᠭᠤᠯᠭᠠᠵᠤ᠂ ᠬᠠᠤᠯᠢ ᠴᠠᠭᠠᠵᠠ ᠪᠤᠯᠤᠨ ᠵᠠᠷᠭᠤ ᠳᠤ ᠬᠤᠯᠪᠣᠭᠳᠠᠬᠤ ᠵᠠᠬᠢᠳᠠᠯ | ᠰᠤᠷᠪᠤᠯᠵᠢᠯᠠᠯ ᠤᠨ ᠠᠰᠠᠭᠤᠳᠠᠯ ᠢ ᠤᠯᠤᠰ ᠲᠦᠷᠦ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠠᠤᠯᠢ ᠪᠠᠷ | ᠲᠣᠭᠲᠠᠭᠠᠭᠰᠠᠨ ᠳᠡᠰ ᠳᠠᠷᠠᠭᠠᠯᠠᠯ ᠳᠤ ᠴᠠᠭ ᠲᠤᠬᠠᠶ ᠳᠤᠨᠢ ᠬᠥᠲᠥᠯᠥᠨ ᠤᠷᠤᠭᠤᠯᠵᠤ ᠰᠢᠢᠳᠪᠦᠷᠢᠯᠡᠭᠦᠯᠪᠡ᠃ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠥᠪᠡᠷᠲᠡᠭᠡᠨ ᠵᠠᠰᠠᠬᠤ ᠣᠷᠣᠨ ᠤ ᠵᠠᠬᠢᠲᠠᠯ ᠰᠤᠷᠪᠤᠯᠵᠢᠯᠠᠯ ᠢ ᠬᠠᠮᠲᠤᠷᠠᠨ | ᠬᠦᠯᠢᠶᠡᠨ ᠠᠪᠬᠤ ᠲᠢᠩᠬᠢᠮ ᠳᠤ ᠰᠢᠯᠢᠳᠡᠭ ᠬᠠᠤᠯᠢᠴᠢ ᠶᠢ ᠤᠷᠢᠨ ᠰᠠᠭᠤᠯᠭᠠᠵᠤ᠂ ᠤᠯᠠᠨ ᠲᠦᠮᠡᠨ ᠤ ᠰᠤᠷᠪᠤᠯᠵᠢᠯᠠᠯ ᠢ | ᠬᠦᠯᠢᠶᠡᠨ ᠠᠪᠬᠤ ᠳᠤ ᠤᠷᠤᠯᠴᠠᠭᠤᠯᠵᠤ᠂ ᠵᠠᠬᠢᠳᠠᠯ ᠰᠤᠷᠪᠤᠯᠵᠢᠯᠠᠯ ᠤᠨ ᠲᠦᠪᠡᠭ ᠮᠠᠳᠠᠭ ᠲᠠᠢ ᠨᠠᠷᠢᠨ ᠪᠤᠳᠤᠯᠢᠶᠠᠨᠲᠠᠶ | ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠪᠡ᠃ | ᠬᠤᠶᠠᠷ ᠲᠤ ᠵᠠᠬᠢᠳᠠᠯ ᠰᠤᠷᠪᠤᠯᠵᠢᠯᠠᠯ ᠤᠨ ᠵᠠᠭᠠᠯᠳᠤᠯᠭ᠎ᠠ ᠭᠤᠮᠤᠳᠠᠯ ᠲᠤᠭᠠᠴᠢᠯᠲᠠ ᠶᠢᠨ ᠠᠵᠢᠯ ᠢ ᠬᠠᠤᠯᠢ ᠳᠤ | ᠲᠣᠭᠲᠠᠭᠠᠭᠰᠠᠨ ᠠᠷᠭ᠎ᠠ ᠵᠠᠮ ᠢᠶᠠᠷ ᠲᠥᠷᠥᠯ ᠬᠤᠪᠢᠶᠠᠨ ᠰᠢᠢᠳᠪᠦᠷᠢᠯᠡᠬᠦ ᠶᠢ ᠯᠠᠪᠳᠠᠭᠤᠨ ᠪᠠᠲᠤᠲᠠᠶ ᠲᠦᠯᠬᠢᠨ | ᠠᠬᠢᠭᠤᠯᠪᠠ᠃ 2016 ᠣᠨ ᠤ ᠵᠢᠯ ᠤᠨ ᠡᠴᠦᠰ ᠪᠤᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ | ᠵᠥᠪᠯᠡᠯ ᠠᠯᠪᠠᠨ ᠭᠡᠷ ᠲᠢᠩᠬᠢᠮ ᠲᠣᠪᠴᠢᠶ᠎ᠠ ᠶᠢᠨ 36 ᠨᠢ ᠱᠠᠭᠠᠷᠳᠠᠯᠭ᠎ᠠ ᠶᠣᠰᠣᠭᠠᠷ ᠬᠠᠤᠯᠢ ᠪᠠᠷ ᠲᠣᠭᠲᠠᠭᠠᠭᠰᠠᠨ | ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠰᠤᠳᠤᠯᠤᠨ ᠲᠤᠭᠲᠠᠭᠠᠭᠰᠠᠨ ᠤ ᠬᠠᠮᠲᠤ ᠨᠡᠶᠢᠭᠡᠮ ᠨᠡᠶᠢᠲᠡ ᠳᠤ | ᠢᠯᠡ ᠨᠡᠶᠢᠲᠡᠯᠡᠪᠡ᠃ ᠪᠢᠳᠡ ᠡᠳᠡᠭᠡᠷ ᠨᠠᠷᠢᠨ ᠳᠠᠩᠰᠠ ᠶᠢ ᠳᠡᠪᠲᠡᠷ ᠪᠣᠯᠭᠠᠨ ᠨᠠᠶᠢᠷᠠᠭᠤᠯᠵᠤ᠂ ᠵᠠᠬᠢᠳᠠᠯ ᠰᠤᠷᠪᠤᠯᠵᠢᠯᠠᠯ | ᠬᠢᠬᠦ ᠣᠯᠠᠨ ᠲᠦᠮᠡᠨ ᠳᠤ ᠪᠠᠶᠢᠴᠠᠭᠠᠨ ᠦᠵᠡᠬᠦ ᠪᠠ ᠠᠰᠠᠭᠤᠨ ᠯᠠᠪᠯᠠᠬᠤ ᠳᠤ ᠬᠠᠨᠭ᠍ᠭᠠᠨ ᠦᠭᠴᠦ᠂ ᠤᠯᠠᠨ ᠲᠦᠮᠡᠨ ᠤ | ︽ᠨᠠᠷᠢᠨ ᠳᠠᠩᠰᠠ ᠪᠠᠷ ᠬᠠᠷᠭᠤᠭᠤᠯᠵᠤ᠂ ᠬᠠᠤᠯᠢ ᠶᠣᠰᠣᠭᠠᠷ ᠵᠠᠬᠢᠳᠠᠯ ᠰᠤᠷᠪᠤᠯᠵᠢᠯᠠᠯ ᠬᠢᠬᠦ︾ ᠳᠤ ᠳᠦᠭᠦᠮ | ᠦᠵᠡᠬᠦᠯᠪᠡ᠃ 2017 ᠤᠨ ᠤ 1 ᠳ᠋ᠤᠭᠡᠷ ᠰᠠᠷ᠎ᠠ ᠶᠢᠨ 5 ᠤ ᠡᠳᠦᠷ ᠪᠣᠯᠲᠠᠯ᠎ᠠ᠂ ᠪᠥᠬᠦ ᠣᠷᠣᠨ ᠤ 12 ᠠᠶᠢᠮᠠᠭ | ᠬᠤᠳᠠ ᠴᠥᠮ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠲᠣᠭᠲᠠᠭᠠᠨ | ᠨᠡᠶᠢᠲᠡᠯᠡᠪᠡ᠃ | ᠭᠤᠷᠪᠠ ᠳᠤ ᠤᠯᠠᠨ ᠲᠦᠮᠡᠨ ᠤ ᠬᠠᠤᠯᠢ ᠶᠣᠰᠣᠭᠠᠷ ᠱᠠᠲᠤ ᠳᠠᠷᠠᠭᠠᠯᠠᠨ ᠰᠤᠷᠪᠤᠯᠵᠢᠯᠠᠯ ᠬᠢᠬᠦ ᠶᠢ ᠢᠳᠡᠭ | ᠢᠳᠡᠭ ᠢᠶᠠᠷ ᠬᠡᠪ ᠪᠠᠶᠢᠳᠠᠯ ᠪᠤᠯᠭᠠᠪᠠ᠃ ᠪᠦᠬᠦ ᠣᠷᠣᠨ ᠤ ᠡᠯ᠎ᠡ ᠭᠠᠵᠠᠷ ᠵᠠᠬᠢᠳᠠᠯ ᠰᠤᠷᠪᠤᠯᠵᠢᠯᠠᠯ ᠤᠨ | ᠤᠬᠠᠭᠤᠯᠭ᠎ᠠ ᠶᠢᠨ ᠰᠠᠷ᠎ᠠ᠂ ᠤᠬᠠᠭᠤᠯᠭ᠎ᠠ ᠶᠢᠨ ᠭᠠᠷᠠᠭ ᠵᠡᠷᠭᠡ ᠠᠵᠢᠯᠯᠠᠭ᠎ᠠ ᠶᠢ ᠦᠷᠨᠢᠬᠦᠯᠬᠦ᠂ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠬᠤ᠂ ᠰᠤᠷᠪᠤᠯᠵᠢᠯᠠᠯ ᠢ ᠬᠦᠯᠢᠶᠡᠨ ᠠᠪᠬᠤ ᠲᠢᠩᠬᠢᠮ ᠳᠤ LED ᠳᠡᠯᠭᠡᠴᠡ ᠪᠠᠷ ᠨᠡᠪᠲᠡᠷᠡᠭᠦᠯᠬᠦ | ᠵᠡᠷᠭᠡ ᠬᠡᠯᠪᠡᠷᠢ ᠪᠠᠷ ᠳᠠᠮᠵᠢᠭᠤᠯᠤᠨ᠂ ᠫᠤᠷᠲ᠋ᠧᠯ ᠰᠦᠯᠵᠢᠶ᠎ᠡ ᠪᠣᠯᠤᠨ ᠸᠢᠴᠠᠲ ᠤᠨ ᠤᠯᠠᠨ ᠨᠡᠶᠢᠲᠡ ᠶᠢᠨ ᠵᠢᠷᠬᠢᠭᠡ | ᠵᠡᠷᠭᠡ ᠰᠢᠨ᠎ᠡ ᠵᠠᠭᠤᠴᠢᠯᠠᠭᠤᠷ ᠢ ᠠᠰᠢᠭᠯᠠᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ | ᠪᠤᠳᠤᠯᠭ᠎ᠠ ᠶᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠤ ᠬᠠᠤᠯᠢ ᠶᠣᠰᠣᠭᠠᠷ ᠱᠠᠳᠤ ᠳᠠᠷᠠᠭᠠᠯᠠᠨ | ᠰᠤᠷᠪᠤᠯᠵᠢᠯᠠᠬᠤ᠂ ᠭᠤᠮᠤᠳᠠᠯ ᠢᠶᠠᠨ ᠣᠶᠤᠨᠴᠢ ᠪᠠᠷ ᠢᠯᠡᠳᠬᠡᠬᠦ ᠶᠢ ᠨᠢ ᠬᠦᠮᠦᠵᠢᠬᠦᠯᠦᠨ ᠵᠢᠯᠤᠭᠤᠳᠪᠠ᠃ | ᠬᠥᠲᠥᠯᠥᠭᠴᠢ᠄ | ᠨᠢᠳᠤᠨᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ᠂ ᠲᠦᠪ ᠬᠤᠷᠢᠶ᠎ᠠ ᠶᠢᠨ ᠠᠯᠪᠠᠨ | ᠲᠢᠩᠬᠢᠮ ︽ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢ | ᠨᠡᠶᠢᠲᠡᠯᠡᠭᠰᠡᠨ ᠪᠠᠶᠢᠨ᠎ᠠ᠂ ᠲᠡᠭᠡᠪᠡᠯ ᠮᠠᠨ ᠤ ᠣᠷᠣᠨ ᠲᠣᠰ ᠬᠡᠷᠡᠭᠵᠢᠭᠦᠯᠬᠦ ᠠᠷᠭ᠎ᠠ ᠶᠢ ᠬᠡᠷᠬᠢᠨ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢ ᠬᠡᠷᠬᠢᠨ ᠤᠯᠠᠮ ᠨᠢᠭᠡ ᠠᠯᠬᠤᠮ | ᠪᠤᠳᠠᠲᠠᠶᠢᠵᠢᠭᠤᠯᠤᠭᠰᠠᠨ ᠪᠤᠶ︖ | ᠵᠠᠩ ᠶᠢᠨ ᠫᠢᠡᠭ᠄ | ᠨᠢᠭᠡ ᠳᠤ ︽ᠶᠤᠰᠤ ᠳᠦᠷᠢᠮ ᠲᠤᠭᠲᠠᠭᠠᠵᠤ︾᠂ ᠬᠠᠷᠢᠭᠤᠴᠠᠯᠭ᠎ᠠ ᠶᠢ ᠪᠠᠲᠤᠳᠬᠠᠨ ︽ᠲᠠᠰᠤᠯᠳᠠᠬᠤ︾ ᠶᠢ | ᠰᠡᠷᠭᠡᠶᠢᠯᠡᠪᠡ᠃ ᠠᠶᠢᠮᠠᠭ ᠬᠤᠲᠠ᠂ ᠠᠵᠤ ᠠᠬᠤᠶᠢᠯᠠᠯ ᠤᠨ ︽ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠠᠯᠲᠠᠲᠤ | ᠬᠠᠮᠢᠶᠠᠷᠤᠯᠲᠠ ᠶᠢᠨ ᠰᠢᠯᠭᠠᠨ ᠦᠨᠡᠯᠡᠬᠦ ᠠᠷᠭ᠎ᠠ︾ ᠳᠤ ᠵᠠᠰᠠᠪᠤᠷᠢ ᠣᠷᠣᠭᠤᠯᠵᠤ᠂ ︽ᠵᠠᠬᠢᠳᠠᠯ ᠰᠤᠷᠪᠤᠯᠵᠢᠯᠠᠯ ᠤᠨ | ᠰᠢᠮᠳᠠᠭᠤᠯᠤᠨ ᠪᠠᠶᠢᠴᠠᠭᠠᠬᠤ ᠠᠵᠢᠯ ᠢ ᠴᠢᠩᠭᠠᠳᠬᠠᠬᠤ ᠲᠤᠬᠠᠶ ᠠᠷᠭ᠎ᠠ︾ ᠶᠢ ᠨᠡᠶᠢᠲᠡᠯᠡᠵᠦ᠂ ᠵᠠᠬᠢᠳᠠᠯ | ᠰᠤᠷᠪᠤᠯᠵᠢᠯᠠᠯ ᠤᠨ ᠰᠠᠯᠠᠭ᠎ᠠ ᠮᠥᠴᠢᠷ ᠤᠳ ᠤᠨ ︽ᠰᠢᠮᠳᠠᠭᠤᠯᠬᠤ︾ ᠡᠭᠦᠷᠭᠡ ᠴᠢᠳᠠᠮᠵᠢ ᠪᠤᠯᠤᠨ ︽ᠪᠠᠶᠢᠴᠠᠭᠠᠬᠤ︾ | ᠦᠢᠯᠡᠳᠦᠯ ᠢ ᠭᠦᠢᠴᠡᠳ ᠪᠠᠳᠠᠷᠠᠭᠤᠯᠪᠠ᠃ ᠬᠤᠶᠠᠷ ᠲᠤ ︽ᠤᠷᠢᠨ ᠠᠪᠴᠢᠷᠠᠵᠤ︾᠂ ᠲᠤᠶᠢᠯ ᠤᠨ ᠤᠨᠤᠪᠴᠢᠲᠠᠢ ᠪᠠᠷ | ᠵᠤᠯᠭᠠᠭᠤᠯᠤᠨ ᠳᠠᠷᠤᠯᠲᠠ ᠶᠢ ᠤᠯᠠᠮᠵᠢᠯᠠᠪᠠ᠃ ᠴᠢᠭ᠋ ᠠᠴᠠ ᠴᠢᠭ᠋ ᠬᠦᠷᠲᠡᠯ᠎ᠡ ᠮᠡᠳᠡᠭᠳᠡᠬᠦ ᠪᠠ ᠲᠣᠭᠲᠠᠮᠠᠯ ᠪᠤᠰᠤ | ᠬᠤᠭᠤᠴᠠᠭ᠎ᠠ ᠲᠠᠢ ᠪᠣᠯᠵᠣᠨ ᠶᠠᠷᠢᠯᠴᠠᠬᠤ ᠬᠡᠯᠪᠡᠷᠢ ᠪᠠᠷ ᠦᠨᠳᠦᠰᠦᠨ ᠱᠠᠲᠤᠨ ᠤ ᠬᠠᠷᠢᠭᠤᠴᠠᠯᠭᠠᠲᠠᠨ ᠨᠥᠬᠦᠳ ᠢ | ᠴᠠᠭ ᠲᠤᠬᠠᠶ ᠳᠤᠨᠢ ︽ᠤᠷᠢᠵᠤ ᠠᠪᠴᠢᠷᠠᠨ︾ ᠶᠠᠷᠢᠯᠴᠠᠵᠤ᠂ ᠬᠠᠨᠳᠤᠯᠭᠠᠲᠤ ᠴᠢᠨᠠᠷᠲᠠᠶ ᠪᠠᠷ ᠱᠠᠭᠠᠷᠳᠠᠯᠭ᠎ᠠ | ᠳᠤᠷᠠᠳᠴᠤ᠂ ᠦᠨᠳᠦᠰᠦᠨ ᠱᠠᠲᠤᠨ ᠤ ᠠᠰᠠᠭᠤᠳᠠᠯ ᠢ ᠰᠢᠢᠳᠪᠦᠷᠢᠯᠡᠬᠦ᠂ ᠵᠥᠷᠢᠴᠡᠯ ᠢ ᠠᠷᠢᠯᠭᠠᠬᠤ ᠴᠢᠳᠠᠪᠤᠷᠢ ᠪᠤᠯᠤᠨ | ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠵᠥᠷᠢᠴᠡᠯ ᠬᠤᠷᠴᠠᠳᠴᠤ ᠲᠡᠰ ᠳᠡᠪᠰᠢᠬᠦ ᠶᠢ ᠪᠦᠲᠦᠮᠵᠢᠲᠡᠶ ᠪᠠᠷ | ᠰᠡᠷᠭᠡᠶᠢᠯᠡᠪᠡ᠃ ᠭᠤᠷᠪᠠ ᠳᠤ ︽ᠳᠤᠷᠤᠭᠰᠢ ᠪᠠᠭᠤᠵᠤ︾᠂ ᠰᠢᠮᠳᠠᠭᠤᠯᠤᠨ ᠪᠠᠶᠢᠴᠠᠭᠠᠬᠤ ᠪᠠᠷ ᠳᠠᠮᠵᠢᠭᠤᠯᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃ ᠬᠢᠨᠠᠨ ᠵᠢᠯᠣᠭᠤᠳᠴᠤ ᠪᠠᠶᠢᠴᠠᠭᠠᠨ ᠰᠤᠳᠤᠯᠬᠤ ᠳᠤᠭᠤᠶᠢᠯᠠᠩ ᠢ ᠤᠯᠠᠨᠲᠠ | ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ ᠬᠦᠨᠵᠡᠭᠡᠶᠢᠷᠡᠭᠦᠯᠦᠨ ᠵᠢᠯᠤᠭᠤᠳᠤᠨ ᠪᠠᠶᠢᠴᠠᠭᠠᠵᠤ᠂ ᠠᠰᠠᠭᠤᠳᠠᠯ ᠢ | ᠪᠦᠲᠦᠮᠵᠢᠲᠡᠶ ᠰᠢᠢᠳᠪᠦᠷᠢᠯᠡᠪᠡ᠃ ᠪᠦᠬᠦ ᠣᠷᠣᠨ ᠤ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠠᠷᠢᠯᠭᠠᠨ | ᠰᠢᠶᠳᠪᠦᠷᠢᠯᠡᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠤᠳᠤᠷᠢᠳᠬᠤ ᠺᠠᠳ᠋ᠷ ᠤᠨ ᠰᠤᠷᠪᠤᠯᠵᠢᠯᠠᠯ ᠬᠦᠯᠢᠶᠡᠨ ᠠᠪᠬᠤ | ᠂ ᠳᠣᠷᠣᠭᠰᠢ ᠰᠤᠷᠪᠤᠯᠵᠢᠯᠠᠬᠤ ᠪᠠ ᠬᠡᠷᠡᠭ ᠢ ᠳᠠᠭᠠᠭᠠᠨ ᠠᠪᠬᠤ ᠬᠠᠷᠢᠭᠤᠴᠠᠯᠭ᠎ᠠ ᠶᠢ ᠨᠢ ᠪᠦᠲᠦᠮᠵᠢᠲᠠᠢ ᠪᠠᠷ | ᠴᠢᠩᠭᠠᠳᠬᠠᠵᠤ᠂ ᠦᠯᠡᠮᠵᠢ ᠤᠯᠠᠨ ᠦᠯᠡᠳᠡᠭᠳᠡᠮᠡᠯ ᠬᠡᠷᠡᠭ ᠪᠤᠯᠤᠨ ᠬᠦᠴᠢᠷ ᠲᠦᠪᠡᠭᠲᠠᠢ ᠬᠡᠷᠡᠭ ᠢ ᠰᠢᠢᠳᠪᠦᠷᠢᠯᠡᠪᠡ᠃ | ᠬᠥᠲᠥᠯᠥᠭᠴᠢ᠄ | ᠣᠶᠢᠯᠠᠭᠠᠭᠰᠠᠨ ᠢᠶᠠᠷ᠂ ᠮᠠᠨ ᠤ ᠣᠷᠣᠨ ︽ᠳᠦᠷᠪᠡᠨ ᠳᠠᠩᠰᠠ ᠲᠦᠷᠪᠡᠨ ᠲᠤᠲᠤᠷᠬᠠᠢ︾ ᠲᠣᠭᠲᠠᠴᠠ ᠶᠢ | ᠪᠠᠶᠢᠭᠤᠯᠤᠨ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠤᠳ ᠢ ᠰᠢᠢᠳᠪᠦᠷᠢᠯᠵᠤ ᠮᠠᠰᠢ ᠰᠠᠶᠢᠨ ᠦᠷ᠎ᠡ | ᠪᠦᠲᠦᠮᠵᠢ ᠤᠯᠤᠭᠰᠠᠨ ᠪᠠᠶᠢᠨ᠎ᠠ᠂ ᠤᠳᠤᠬᠠᠨ ᠤ ᠲᠣᠭᠲᠠᠴᠠ ᠶᠢ ᠬᠡᠷᠡᠭᠵᠢᠬᠦᠯᠦᠭᠰᠡᠨ ᠦᠷ᠎ᠡ ᠪᠦᠲᠦᠭᠡᠯ ᠢ | ᠲᠠᠨᠢᠯᠴᠠᠭᠤᠯᠤᠭᠠᠳ ᠥᠭᠭᠦᠨ᠎ᠡ ᠤᠤ︖ | ᠵᠠᠩ ᠶᠢᠨ ᠫᠢᠩ᠄ | ︽ᠲᠤᠶᠢᠷᠪᠡᠠ ᠨᠠᠷᠢᠨ ᠳᠠᠩᠰᠠ ᠲᠦᠷᠪᠡᠨ ᠲᠤᠲᠤᠷᠬᠠᠢ︾ ᠲᠣᠭᠲᠠᠴᠠ ᠨᠢ ᠳᠠᠷᠤᠶ ᠲᠤᠰ ᠭᠠᠵᠠᠷ | ᠣᠷᠣᠨ ᠤ ᠪᠠᠨ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠤᠳ ᠢ ᠳᠠᠷᠠᠭᠠᠯᠠᠨ ᠪᠠᠶᠢᠴᠠᠭᠠᠨ ᠤᠶᠢᠯᠠᠭᠠᠵᠤ᠂ | ︽ᠳᠥᠷᠪᠡᠨ ᠨᠠᠷᠢᠨ ᠲᠠᠩᠰᠠ︾ ᠶᠢ ᠲᠦᠷᠦᠯ ᠬᠤᠪᠢᠶᠠᠨ ᠪᠠᠶᠢᠭᠤᠯᠤᠭᠰᠠᠨ ᠤ ᠬᠠᠮᠲᠤ ᠨᠠᠷᠢᠨ ᠳᠠᠩᠰᠠ ᠲᠠᠢ | ᠬᠠᠷᠭᠤᠭᠤᠯᠤᠨ ᠨᠠᠷᠢᠨ ᠳᠠᠩᠰᠠ ᠶᠢᠨ ︽ᠲᠦᠷᠪᠡᠨ ᠲᠤᠲᠤᠷᠬᠠᠢ︾ ᠱᠠᠭᠠᠷᠳᠠᠯᠭ᠎ᠠ ᠶᠣᠰᠣᠭᠠᠷ᠂ ᠠᠵᠢᠯ ᠢᠶᠠᠨ | ᠯᠠᠪᠳᠠᠭᠤᠨ ᠪᠠᠲᠤᠲᠠᠶ ᠪᠠᠷ ᠦᠷᠨᠢᠬᠦᠯᠵᠤ᠂ ᠠᠰᠠᠭᠤᠳᠠᠯ ᠰᠢᠶᠳᠪᠦᠷᠢᠯᠡᠬᠦ ᠶᠢ ᠠᠬᠢᠭᠤᠯᠤᠭᠰᠠᠨ ᠪᠠᠶᠢᠨ᠎ᠠ᠃ ︽ᠳᠦᠷᠪᠡᠨ | ᠨᠠᠷᠢᠨ ᠳᠠᠩᠰᠠ︾ ᠭᠡᠳᠡᠭ ᠨᠢ ᠵᠦᠢ ᠵᠤᠬᠢᠰᠲᠠᠢ ᠭᠤᠮᠤᠳᠠᠯ ᠲᠤᠭᠠᠴᠢᠬᠤ ᠨᠠᠷᠢᠨ ᠳᠠᠩᠰᠠ᠂ ᠰᠤᠷᠭᠠᠨ ᠬᠦᠮᠦᠵᠢᠭᠦᠯᠦᠨ | ᠵᠢᠯᠤᠭᠤᠳᠬᠤ ᠨᠠᠷᠢᠨ ᠳᠠᠩᠰᠠ᠂ ᠬᠠᠪᠰᠤᠷᠤᠨ ᠲᠡᠳᠬᠦᠵᠤ ᠲᠡᠩᠭᠡᠷᠡᠬᠦᠯᠦᠨ ᠲᠤᠰᠠᠯᠠᠬᠤ ᠨᠠᠷᠢᠨ ᠳᠠᠩᠰᠠ ᠪᠤᠯᠤᠨ | ᠬᠠᠤᠯᠢ ᠶᠤᠰᠤᠭᠠᠷ ᠰᠢᠢᠳᠪᠦᠷᠢᠯᠡᠬᠦ ᠨᠠᠷᠢᠨ ᠳᠠᠩᠰᠠ ᠶᠢ ᠵᠢᠭᠠᠵᠤ ᠪᠤᠢ᠃ ︽ᠳᠦᠷᠪᠡᠨ ᠲᠤᠲᠤᠷᠬᠠᠢ︾ ᠬᠡᠳᠡᠭ ᠨᠢ | ᠰᠠᠭᠤᠷᠢ ᠲᠤᠭ᠎ᠠ ᠨᠢ ᠲᠣᠳᠣᠷᠬᠠᠶ᠂ ᠬᠠᠷᠢᠭᠤᠴᠠᠯᠭ᠎ᠠ ᠨᠢ ᠲᠣᠳᠣᠷᠬᠠᠶ᠂ ᠠᠷᠭ᠎ᠠ ᠬᠡᠮᠵᠢᠶ᠎ᠡ ᠨᠢ ᠲᠣᠳᠣᠷᠬᠠᠶ ᠪᠤᠯᠤᠨ | ᠦᠷ᠎ᠡ ᠳ᠋ᠦᠡᠭ ᠨᠢ ᠲᠤᠲᠤᠷᠬᠠᠢ ᠪᠠᠶᠢᠬᠤ ᠶᠢ ᠵᠢᠭᠠᠵᠤ ᠪᠤᠢ᠃ 2016 ᠣᠨ ᠳᠤ᠂ ᠪᠢᠳᠡ ᠵᠠᠬᠢᠳᠠᠯ | ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠢ ᠨᠡᠶᠢᠲᠡ ᠬᠤᠶᠠᠷ ᠤᠳᠠᠭ᠎ᠠ ᠡᠮᠬᠢᠳᠭᠡᠨ ᠲᠤᠰᠢᠶᠠᠨ ᠰᠢᠢᠳᠪᠦᠷᠢᠯᠡᠬᠦᠯᠵᠤ | ᠂ ᠡᠯ᠎ᠡ ᠭᠠᠵᠠᠷ ᠲᠤ ︽ᠭᠤᠷᠪᠠ ᠶᠢ ᠨᠠᠶᠢᠳᠠᠪᠤᠷᠢᠵᠢᠭᠤᠯᠵᠤ᠂ ᠨᠢᠭᠡ ᠶᠢ ᠰᠢᠶᠳᠪᠦᠷᠢᠯᠡᠬᠦ︾ ᠱᠠᠭᠠᠷᠳᠠᠯᠭ᠎ᠠ ᠶᠣᠰᠣᠭᠠᠷ᠂ | ︽ᠲᠦᠷᠪᠡᠨ ᠨᠠᠷᠢᠨ ᠳᠠᠩᠰᠠ︾ ᠶᠢ ᠪᠠᠶᠢᠭᠤᠯᠵᠤ᠂ ᠨᠠᠷᠢᠨ ᠳᠠᠩᠰᠠ ᠨᠢᠭᠡᠪᠦᠷᠢ ᠳᠤ ︽ᠳᠦᠷᠪᠡᠨ ᠲᠤᠲᠤᠷᠬᠠᠢ︾ ᠶᠢ | ᠪᠡᠶᠡᠯᠡᠬᠦᠯᠬᠦ ᠬᠡᠷᠡᠭᠲᠠᠢ ᠬᠡᠵᠤ ᠱᠠᠭᠠᠷᠳᠠᠪᠠ᠂ ᠨᠢᠭᠡ ᠵᠢᠯ ᠤᠨ ᠲᠤᠷᠰᠢ᠂ ᠡᠯ᠎ᠡ ᠭᠠᠵᠠᠷ ᠤᠨ ︽ᠳᠦᠷᠪᠡᠨ ᠨᠠᠷᠢᠨ | ᠲᠠᠩᠰᠠ︾ ᠶᠢᠨ ᠵᠠᠬᠢᠳᠠᠯ ᠰᠤᠷᠪᠤᠯᠵᠢᠯᠠᠯ ᠤᠨ ᠵᠦᠢᠯᠡᠰ ᠤᠨ 97.1% ᠳᠤᠨᠢ ︽ᠳᠦᠷᠪᠡᠨ ᠲᠤᠲᠤᠷᠬᠠᠢ︾ ᠶᠢ | ᠪᠡᠶᠡᠯᠡᠭᠦᠯᠵᠦ᠂ ᠤᠯᠠᠨ ᠲᠦᠮᠡᠨ ᠤ ᠲᠤᠰᠬᠠᠯ ᠶᠡᠬᠡᠲᠠᠢ ᠪᠡᠷᠭᠡ ᠠᠰᠠᠭᠤᠳᠠᠯ ᠤᠳ ᠢ ᠠᠷᠢᠯᠭᠠᠬᠤ ᠶᠢ ᠲᠦᠯᠬᠢᠨ | ᠠᠬᠢᠭᠤᠯᠪᠠ᠃ | ᠬᠥᠲᠥᠯᠥᠭᠴᠢ᠄ | ᠵᠥᠪ ᠲᠠᠯ᠎ᠠ ᠶᠢᠨ ᠨᠥᠯᠥᠭᠡᠯᠡᠬᠦ ᠬᠦᠴᠦᠨ ᠢ ᠤᠯᠠᠮᠵᠢᠯᠠᠵᠤ᠂ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ | ᠭᠤᠮᠣᠳᠠᠯ ᠱᠠᠭᠠᠷᠳᠠᠯᠭ᠎ᠠ ᠪᠠᠨ ᠲᠤᠰᠬᠠᠬᠤ ᠳᠤ ᠳᠦᠭᠦᠮ ᠦᠵᠡᠭᠦᠯᠬᠦ ᠶᠢᠨ ᠲᠤᠯᠠᠳᠠ᠂ ᠥᠪᠡᠷᠲᠡᠭᠡᠨ ᠵᠠᠰᠠᠬᠤ | ᠣᠷᠣᠨ ᠤ ᠵᠠᠬᠢᠳᠠᠯ ᠰᠤᠷᠪᠤᠯᠵᠢᠯᠠᠯ ᠤᠨ ᠰᠢᠰᠲ᠋ᠧᠮ ᠵᠠᠬᠢᠳᠠᠯ ᠰᠤᠷᠪᠤᠯᠵᠢᠯᠠᠯ ᠤᠨ ᠰᠢᠨ᠎ᠡ ᠵᠠᠭᠤᠴᠢᠯᠠᠭᠤᠷ ᠨᠤᠭᠤᠳ ᠢ | ᠪᠠᠶᠢᠭᠤᠯᠪᠠ᠂ ᠲᠡᠭᠡᠪᠡᠯ ᠵᠠᠬᠢᠳᠠᠯ ᠰᠤᠷᠪᠤᠯᠵᠢᠯᠠᠯ ᠤᠨ ᠤᠬᠠᠭᠤᠯᠭ᠎ᠠ ᠶᠢᠨ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ | ᠣᠯᠤᠭᠰᠠᠨ ᠪᠤᠢ︖ | ᠵᠠᠩ ᠶᠢᠨ ᠫᠢᠩ᠄ | 2016 ᠤᠨ ᠤ ᠵᠢᠯ ᠤᠨ ᠡᠬᠢᠨ ᠳᠤ᠂ ᠪᠢᠳᠡ ᠵᠠᠬᠢᠳᠠᠯ ᠰᠤᠷᠪᠤᠯᠵᠢᠯᠠᠯ ᠤᠨ ᠰᠢᠨ᠎ᠡ ᠵᠠᠭᠤᠴᠢᠯᠠᠭᠤᠷ ᠤᠨ | ᠲᠤᠮᠤ ᠵᠢᠭᠰᠠᠭᠠᠯ ᠢ ᠪᠠᠶᠢᠭᠤᠯᠵᠤ᠂ ᠥᠪᠥᠷ ᠮᠣᠩᠭᠤᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠰᠢᠨ᠎ᠡ ᠨᠡᠷ᠎ᠡ ᠶᠢᠨ | ᠬᠠᠭᠤᠳᠠᠰᠤ ᠶᠢ ᠴᠤᠭᠴᠠᠯᠠᠬᠤ ᠪᠠᠷ ᠳᠤᠷᠠᠳᠪᠠ᠃ 2016 ᠣᠨ ᠳᠤ᠂ ᠥᠪᠥᠷ ᠮᠣᠩᠭᠤᠯ ᠤᠨ ᠵᠠᠬᠢᠳᠠᠯ | ᠰᠤᠷᠪᠤᠯᠵᠢᠯᠠᠯ ᠤᠨ ᠭᠤᠷᠪᠠᠨ ᠱᠠᠲᠤᠨ ᠤ ᠸᠢᠴᠠᠲ ᠤᠨ ᠤᠯᠠᠨ ᠨᠡᠶᠢᠲᠡ ᠶᠢᠨ ᠵᠢᠷᠬᠢᠬᠡ ᠨᠡᠶᠢᠲᠡ ᠵᠢᠷᠭᠤᠭᠠᠨ ᠲᠦᠮᠡ | ᠭᠠᠷᠤᠶ ᠮᠡᠳᠡᠭᠡ ᠵᠠᠩᠭᠢ ᠶᠢ ᠨᠡᠶᠢᠲᠡᠯᠡᠵᠤ᠂ ᠤᠩᠰᠢᠯᠭ᠎ᠠ ᠶᠢᠨ ᠬᠡᠮᠵᠢᠶ᠎ᠡ ᠲᠠᠪᠤᠨ ᠵᠠᠭᠤᠨ ᠲᠦᠮᠡᠨ ᠬᠥᠮᠦᠨ ᠤᠳᠠᠭ᠎ᠠ ᠳᠤ | ᠬᠦᠷᠴᠦ᠂ ᠨᠡᠶᠢᠭᠡᠮ ᠨᠡᠶᠢᠲᠡ ᠶᠢᠨ ᠬᠢᠨ ᠤ ᠵᠠᠬᠢᠳᠠᠯ ᠰᠤᠷᠪᠤᠯᠵᠢᠯᠠᠯ ᠤᠨ ᠠᠵᠢᠯ ᠤᠨ ᠲᠠᠯ᠎ᠠ ᠪᠠᠷ ᠬᠢ ᠣᠶᠢᠯᠠᠭᠠᠯᠲᠠ ᠶᠢ | ᠨᠢ ᠪᠦᠲᠦᠮᠵᠢᠲᠡᠶ ᠨᠡᠮᠡᠭᠳᠡᠭᠦᠯᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ ᠨᠡᠶᠢᠭᠡᠮ ᠨᠡᠶᠢᠲᠡ ᠳᠠᠬᠢ ᠨᠥᠯᠥᠭᠡᠯᠡᠬᠦ | ᠬᠦᠴᠦᠨ ᠢ ᠶᠡᠬᠡᠪᠡᠷ ᠳᠡᠭᠡᠭᠰᠢᠯᠡᠭᠦᠯᠦᠭᠰᠡᠨ ᠪᠠᠶᠢᠨ᠎ᠠ᠃ ︽ᠥᠪᠥᠷ ᠮᠣᠩᠭᠤᠯ ᠤᠨ ᠵᠠᠬᠢᠳᠠᠯ ᠰᠤᠷᠪᠤᠯᠵᠢᠯᠠᠯ︾ | ᠸᠢᠴᠠᠲ ᠤᠨ ᠤᠯᠠᠨ ᠨᠡᠶᠢᠲᠡ ᠶᠢᠨ ᠵᠢᠷᠬᠢᠭᠡ ᠶᠢᠨ ᠲᠣᠪᠶᠤᠭ ᠲᠤ ︽ᠭᠠᠷ ᠤᠲᠠᠰᠤ ᠶᠢᠨ ᠵᠠᠬᠢᠳᠠᠯ ᠰᠤᠷᠪᠤᠯᠵᠢᠯᠠᠯ︾ | ᠤᠨ ᠪᠤᠯᠤᠩ ᠢ ᠲᠤᠬᠢᠷᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬᠢᠳᠠᠯ | ᠰᠤᠷᠪᠤᠯᠵᠢᠯᠠᠯ ᠤᠨ ᠲᠤᠪᠴᠢᠶ᠎ᠠ ᠶᠢᠨ ᠫᠤᠷᠲ᠋ᠧᠯ ᠰᠦᠯᠵᠢᠶ᠎ᠡ ᠶᠢᠨ ︽ᠰᠦᠯᠵᠢᠶᠡᠨ ᠳᠡᠭᠡᠷ᠎ᠡ ᠭᠤᠮᠤᠳᠠᠯ ᠲᠤᠭᠠᠴᠢᠬᠤ︾ | ᠪᠤᠯᠤᠩ ᠲᠠᠢ ᠴᠦᠷᠭᠡᠯᠡᠵᠤ᠂ ᠥᠷᠭᠡᠨ ᠤᠯᠠᠨ ᠲᠦᠮᠡᠨ ᠭᠡᠷ ᠠᠴᠠ ᠪᠠᠨ ᠭᠠᠷᠬᠤ ᠦᠭᠡᠢ ᠪᠠᠷ ᠲᠤᠶ᠋ᠢᠭᠤᠷ ᠢᠶᠠᠨ | ᠳᠠᠷᠤᠵᠤ ᠸᠢᠴᠠᠲ ᠲᠤ ᠭᠠᠷᠪᠠᠯ ᠳᠠᠷᠤᠢ ᠭᠤᠮᠤᠳᠠᠯ ᠰᠠᠨᠠᠭᠤᠯᠭ᠎ᠠ ᠪᠠᠨ ᠳᠤᠷᠠᠳᠴᠦ ᠪᠤᠯᠬᠤ ᠪᠤᠯᠭᠠᠪᠠ᠂ ᠰᠢᠶᠳᠪᠦᠷᠢᠯᠡᠬᠦ | ᠶᠠᠪᠤᠴᠠ ᠶᠢ ᠮᠥᠷᠳᠡᠨ ᠤᠯᠠᠨ ᠲᠦᠮᠡᠨ ᠳᠤ ᠲᠦᠭᠦᠮ ᠦᠵᠡᠭᠦᠯᠵᠤ᠂ ᠠᠵᠢᠯ ᠤᠨ ᠶᠠᠰᠤ ᠴᠢᠨᠠᠷ ᠪᠤᠯᠤᠨ ᠦᠷ᠎ᠡ | ᠪᠦᠲᠦᠮᠵᠢ ᠶᠢ ᠦᠨᠡᠨ ᠬᠦ ᠳᠡᠭᠡᠭᠰᠢᠯᠡᠭᠦᠯᠦᠭᠰᠡᠨ ᠪᠠᠶᠢᠨ᠎ᠠ᠃ ᠲᠡᠷᠡᠴᠢᠯᠡᠨ ᠪᠦᠬᠦ ᠣᠷᠣᠨ ᠤ ᠭᠤᠷᠪᠠᠨ ᠱᠠᠲᠤᠨ ᠤ | ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ︽ᠦᠨᠦᠳᠦᠷ ᠤᠨ ᠴᠢᠬᠤᠯᠠ ᠮᠡᠳᠡᠭᠡ︾ ᠳᠤ ᠲᠥᠪᠯᠡᠷᠡᠨ ᠤᠷᠤᠵᠤ᠂ | ᠵᠠᠬᠢᠳᠠᠯ ᠰᠤᠷᠪᠤᠯᠵᠢᠯᠠᠯ ᠤᠨ ᠤᠬᠠᠭᠤᠯᠭ᠎ᠠ ᠶᠢᠨ ᠨᠥᠯᠥᠭᠡ ᠶᠢ ᠤᠯᠠᠮ ᠨᠢᠭᠡ ᠠᠯᠬᠤᠮ ᠥᠷᠭᠡᠳᠬᠡᠵᠦ᠂ ᠵᠠᠬᠢᠳᠠᠯ | ᠰᠤᠷᠪᠤᠯᠵᠢᠯᠠᠯ ᠤᠨ ᠰᠢᠨ᠎ᠡ ᠵᠠᠭᠤᠴᠢᠯᠠᠭᠤᠷ ᠤᠨ ᠲᠠᠪᠴᠠᠩ ᠤᠨ ᠦᠢᠯᠡᠳᠦᠯ ᠢ ᠤᠯᠠᠮ ᠨᠢᠭᠡ ᠠᠯᠬᠤᠮ | ᠳᠤᠪᠤᠶᠢᠯᠭᠠᠭᠰᠠᠨ ᠪᠠᠶᠢᠨ᠎ᠠ᠃ | ᠬᠦᠲᠦᠯᠦᠭᠴᠢ᠄ | ᠮᠠᠨ ᠤ ᠣᠷᠣᠨ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ᠂ ᠨᠡᠶᠢᠭᠡᠮ ᠤᠨ ᠲᠥᠪ | ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠲᠠᠯ᠎ᠠ ᠪᠠᠷ ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠠᠪᠤᠭᠰᠠᠨ | ᠪᠤᠢ︖ | ᠵᠠᠩ ᠶᠢᠨ ᠫᠢᠩ᠄ | ᠥᠪᠡᠷᠲᠡᠭᠡᠨ ᠵᠠᠰᠠᠬᠤ ᠣᠷᠣᠨ ᠵᠠᠬᠢᠳᠠᠯ ᠰᠤᠷᠪᠤᠯᠵᠢᠯᠠᠯ ᠤᠨ ᠠᠵᠢᠯ ᠤᠨ ᠬᠤᠯᠪᠤᠭᠠᠲᠤ ᠬᠤᠷᠠᠯ ᠢ ᠤᠯᠠᠨ | ᠤᠳᠠᠭ᠎ᠠ ᠬᠤᠷᠠᠯᠳᠤᠭᠤᠯᠵᠤ᠂ ᠲᠥᠪ ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ | ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ ᠲᠤᠤᠱᠯᠠᠭᠤᠯᠵᠤ᠂ ᠠᠵᠢᠯ ᠤᠨ ᠰᠡᠳᠬᠢᠴᠡ ᠶᠢ ᠲᠣᠭᠲᠠᠭᠠᠨ᠂ | ᠤᠳᠤᠷᠢᠳᠬᠤ ᠺᠠᠳ᠋ᠷ ᠰᠤᠷᠪᠤᠯᠵᠢᠯᠠᠯ ᠬᠦᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ᠂ ᠤᠳᠤᠷᠢᠳᠤᠯᠭ᠎ᠠ | ᠬᠡᠷᠡᠭ ᠢ ᠳᠠᠭᠠᠴᠢᠯᠠᠬᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠶᠠᠪᠤᠳᠠᠯ ᠢ ᠲᠥᠪᠯᠡᠷᠡᠭᠦᠯᠦᠨ | ᠢᠯᠭᠠᠷᠠᠭᠤᠯᠵᠦ ᠲᠤᠰᠢᠶᠠᠨ ᠰᠢᠢᠳᠪᠦᠷᠢᠯᠡᠭᠦᠯᠬᠦ᠂ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠲᠦᠷᠦ ᠶᠢᠨ | ᠪᠤᠳᠤᠯᠭ᠎ᠠ ᠶᠢᠨ ᠲᠠᠯ᠎ᠠ ᠪᠠᠷ ᠪᠦᠯᠦᠭᠴᠢᠯᠡᠨ ᠠᠷᠢᠯᠭᠠᠬᠤ ᠵᠡᠷᠭᠡ ᠠᠷᠭ᠎ᠠ ᠬᠡᠮᠵᠢᠶ᠎ᠡ ᠶᠢ ᠲᠥᠯᠬᠢᠨ ᠠᠬᠢᠭᠤᠯᠬᠤ ᠪᠠᠷ | ᠳᠠᠮᠵᠢᠵᠤ᠂ ᠵᠠᠬᠢᠳᠠᠯ ᠰᠤᠷᠪᠤᠯᠵᠢᠯᠠᠯ ᠤᠨ ᠲᠣᠪᠤᠶᠢᠮ᠎ᠠ ᠠᠰᠠᠭᠤᠳᠠᠯ ᠢ ᠬᠦᠴᠦ ᠲᠠᠯᠪᠢᠨ ᠰᠢᠢᠳᠪᠦᠷᠢᠯᠡᠪᠡ᠃ ᠤᠷᠲᠤ | ᠬᠤᠭᠤᠴᠠᠭᠠᠨ ᠤ ᠴᠤᠴᠠᠯᠲᠠ ᠦᠭᠡᠢ ᠴᠢᠷᠮᠠᠶᠢᠯᠭ᠎ᠠ ᠪᠠᠷ ᠳᠠᠮᠵᠢᠨ᠂ ᠪᠦᠬᠦ ᠣᠷᠣᠨ ᠤ ᠭᠤᠷᠪᠠᠨ ᠱᠠᠲᠤᠨ ᠤ ᠵᠠᠬᠢᠳᠠᠯ | ᠰᠤᠷᠪᠤᠯᠵᠢᠯᠠᠯ ᠤᠨ ᠶᠡᠷᠦᠩᠬᠡᠶ ᠬᠡᠮᠵᠢᠶ᠎ᠡ ᠵᠢᠯ ᠳᠠᠷᠠᠭᠠᠯᠠᠨ ᠶᠡᠭᠡ ᠬᠡᠮᠵᠢᠶ᠎ᠡ ᠪᠠᠷ ᠪᠠᠭᠤᠷᠠᠵᠤ᠂ ᠵᠠᠬᠢᠳᠠᠯ ︵ᠰᠦᠯᠵᠢᠶ᠎ᠡ︶ | ᠤᠨ ᠰᠤᠷᠪᠤᠯᠵᠢᠯᠠᠯ ᠢᠯᠡᠳᠲᠡ ᠬᠠᠰᠤᠭᠳᠠᠵᠤ᠂ ᠵᠠᠬᠢᠳᠠᠯ ᠰᠤᠷᠪᠤᠯᠵᠢᠯᠠᠯ ᠤᠨ ᠪᠦᠲᠦᠴᠡ ᠰᠢᠯᠢᠳᠡᠭᠵᠢᠪᠡ᠃ | ᠥᠪᠡᠷᠲᠡᠭᠡᠨ ᠵᠠᠰᠠᠬᠤ ᠣᠷᠣᠨ ᠤ ᠬᠤᠯᠪᠤᠭᠠᠲᠤ ᠬᠤᠷᠠᠯ ᠨᠢ ᠵᠢᠯ ᠪᠦᠷᠢ ᠵᠠᠬᠢᠳᠠᠯ ᠰᠤᠷᠪᠤᠯᠵᠢᠯᠠᠯ ᠤᠨ ︽ᠴᠡᠪᠡᠷ | ᠬᠡᠷᠡᠭ︾ ᠢ ᠲᠥᠪᠯᠡᠷᠡᠩᠭᠦᠢ ᠪᠠᠷ ᠳᠣᠷᠣᠭᠰᠢ ᠡᠮᠬᠢᠯᠡᠨ ᠲᠤᠰᠢᠶᠠᠨ ᠰᠢᠢᠳᠪᠦᠷᠢᠯᠡᠭᠦᠯᠵᠦ᠂ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠠᠵᠢᠯ ᠤᠨ ᠬᠠᠷᠢᠭᠤᠴᠠᠯᠭ᠎ᠠ ᠶᠢ ᠪᠦᠲᠦᠮᠵᠢᠲᠡᠶ ᠴᠢᠩᠭᠠᠳᠬᠠᠵᠤ᠂ ᠵᠠᠬᠢᠳᠠᠯ ᠰᠤᠷᠪᠤᠯᠵᠢᠯᠠᠯ ᠳᠠᠷᠤᠭᠳᠠᠬᠤ | ᠲᠤᠭ᠎ᠠ ᠬᠡᠮᠵᠢᠶ᠎ᠡ ᠶᠢ ᠪᠠᠭᠠᠰᠬᠠᠪᠠ᠃ ᠲᠡᠷᠡᠴᠢᠯᠡᠨ ᠪᠡᠯᠡ ᠮᠦᠩᠭᠦᠨ ᠤ ᠣᠷᠣᠭᠤᠯᠤᠯᠲᠠ ᠪᠠᠨ ᠨᠡᠮᠡᠭᠳᠡᠭᠦᠯᠵᠦ᠂ ᠣᠯᠠᠨ | ᠵᠢᠯ ᠤᠨ ᠲᠤᠷᠰᠢᠳᠠ ᠬᠤᠷᠠᠮᠳᠤᠭᠰᠠᠨ ᠣᠨᠴᠣᠭᠤᠢ ᠲᠦᠪᠡᠭ ᠮᠠᠳᠠᠭ ᠲᠠᠢ ᠨᠠᠷᠢᠨ ᠪᠤᠳᠤᠯᠢᠶᠠᠨᠲᠠᠶ ᠵᠠᠬᠢᠳᠠᠯ | ᠰᠤᠷᠪᠤᠯᠵᠢᠯᠠᠯ ᠤᠨ ᠬᠡᠷᠡᠭ ᠢ ᠰᠢᠢᠳᠪᠦᠷᠢᠯᠡᠭᠡᠳ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ | ᠬᠠᠮᠠᠭᠠᠯᠠᠪᠠ᠃ | ᠬᠦᠲᠦᠯᠦᠭᠴᠢ᠄ | ᠮᠠᠨ ᠤ ᠣᠷᠣᠨ ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠲᠠᠯ᠎ᠠ ᠪᠠᠷ | ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠤᠢ︖ | ᠵᠠᠩ ᠶᠢᠨ ᠫᠢᠩ᠄ | ᠦᠨᠳᠦᠰᠦᠨ ᠱᠠᠲᠤᠨ ᠤ ᠰᠠᠭᠤᠷᠢ ᠪᠦᠳᠦᠭᠡᠨ ᠪᠠᠶᠢᠭᠤᠯᠤᠯᠲᠠ ᠶᠢ ᠴᠢᠩᠭᠠᠳᠬᠠᠬᠤ ᠪᠣᠯ ᠶᠡᠷᠦ ᠠᠴᠠ ᠥᠪᠥᠷ | ᠮᠣᠩᠭᠤᠯ ᠤᠨ ᠵᠠᠬᠢᠳᠠᠯ ᠰᠤᠷᠪᠤᠯᠵᠢᠯᠠᠯ ᠤᠨ ᠠᠵᠢᠯ ᠤᠨ ᠭᠤᠣᠯᠳᠠᠯᠭ᠎ᠠ ᠪᠣᠯᠣᠭᠰᠠᠭᠠᠷ ᠢᠷᠡᠪᠡ᠂ ᠪᠢᠳᠡ ᠤᠯᠠᠨ | ᠵᠢᠯ ᠤᠨ ᠲᠤᠷᠰᠢ ᠦᠨᠳᠦᠰᠦᠨ ᠱᠠᠲᠤᠨ ᠤ ᠦᠢᠯᠡᠴᠢᠯᠡᠭᠡᠨ ᠤ ᠬᠢᠷᠢ ᠲᠥᠪᠰᠢᠨ ᠢ ᠳᠡᠭᠡᠭᠰᠢᠯᠡᠭᠦᠯᠬᠦ ᠶᠢ ᠢᠮᠠᠭᠲᠠ | ᠴᠥᠬᠦᠷᠡᠰᠢ ᠦᠭᠡᠢ ᠪᠠᠷᠢᠮᠳᠠᠯᠠᠭᠰᠠᠨ ᠪᠥᠭᠡᠳ ᠬᠠᠲᠠᠭᠤ ᠳᠤᠨᠤᠭ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ᠂ | ᠠᠵᠢᠯᠲᠠᠨ ᠤ ᠲᠣᠬᠢᠷᠠᠭᠤᠯᠤᠯᠲᠠ ᠵᠡᠷᠭᠡ ᠲᠠᠯ᠎ᠠ ᠪᠠᠷ ᠮᠠᠰᠢ ᠤᠯᠠᠨ ᠬᠦᠴᠦᠲᠡᠶ ᠠᠷᠭ᠎ᠠ ᠬᠡᠮᠵᠢᠶ᠎ᠡ ᠳᠤᠷᠠᠳᠤᠭᠰᠠᠨ | ᠪᠠᠶᠢᠨ᠎ᠠ᠃ | ᠨᠢᠭᠡ ᠳᠤ ᠡᠯ᠎ᠡ ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠦᠨᠳᠦᠰᠦᠨ ᠱᠠᠲᠤᠨ ᠤ | ᠵᠠᠬᠢᠳᠠᠯ ᠰᠤᠷᠪᠤᠯᠵᠢᠯᠠᠯ ᠬᠦᠯᠢᠶᠡᠨ ᠠᠪᠬᠤ ᠣᠷᠴᠢᠨ ᠲᠣᠭᠤᠷᠢᠨ ᠪᠣᠯᠣᠨ ᠨᠥᠬᠦᠴᠡᠯ ᠢ ᠤᠯᠠᠮ ᠰᠠᠶᠢᠵᠢᠷᠠᠭᠤᠯᠵᠤ᠂ | ᠠᠶᠢᠮᠠᠭ ᠬᠤᠲᠠ᠂ ᠬᠤᠰᠢᠭᠤ ᠰᠢᠶᠠᠨ ︵ᠬᠤᠳᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ︶ | ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠵᠡᠷᠭᠡ ᠳᠦᠷᠪᠡᠨ ᠱᠠᠲᠤᠨ ᠤ ᠤᠯᠠᠨ ᠲᠦᠮᠡᠨ ᠤ ᠠᠵᠢᠯ ᠤᠨ | ᠲᠣᠣᠷ ᠰᠦᠯᠵᠢᠶ᠎ᠡ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠢᠶᠠᠨ ᠬᠠᠮᠤᠭ ᠤᠨ | ᠦᠨᠳᠦᠰᠦᠨ ᠱᠠᠲᠤᠨ ᠳᠤ ᠬᠦᠷᠲᠡᠯ᠎ᠡ ᠥᠷᠭᠡᠳᠬᠡᠵᠦ᠂ ᠶᠡᠭᠡ ᠬᠡᠮᠵᠢᠶᠡᠨ ᠤ ᠵᠥᠷᠢᠴᠡᠯ ᠵᠢᠭᠤᠷᠠᠯᠳᠤᠭᠠᠨ ᠪᠣᠯᠣᠨ | ᠠᠰᠠᠭᠤᠳᠠᠯ ᠤᠨ ᠲᠡᠯᠳᠠ ᠭᠡᠮ ᠢ ᠦᠨᠳᠦᠰᠦᠨ ᠱᠠᠲᠤᠨ ᠳᠤᠨᠢ ᠰᠡᠷᠭᠡᠶᠢᠯᠡᠵᠦ᠂ ᠬᠠᠷᠢᠶ᠎ᠠ ᠭᠠᠵᠠᠷ ᠲᠤᠨᠢ | ᠰᠢᠢᠳᠪᠦᠷᠢᠯᠡᠪᠡ᠃ | ᠬᠤᠶᠠᠷ ᠲᠤ ᠵᠠᠬᠢᠳᠠᠯ ᠰᠤᠷᠪᠤᠯᠵᠢᠯᠠᠯ ᠤᠨ ᠠᠵᠢᠯᠯᠠᠬᠤ ᠡᠳᠦᠷ ᠤᠨ ᠳᠦᠷᠢᠮ ᠢ ᠦᠷᠭᠦᠯᠵᠢᠯᠡᠨ ᠪᠠᠷᠢᠮᠲᠠᠯᠠᠵᠤ᠂ | ᠡᠯ᠎ᠡ ᠱᠠᠲᠤᠨ ᠤ ᠤᠳᠤᠷᠢᠳᠬᠤ ᠺᠠᠳ᠋ᠷ ᠤᠨ ᠰᠤᠷᠪᠤᠯᠵᠢᠯᠠᠯ ᠬᠦᠯᠢᠶᠡᠨ ᠠᠪᠬᠤ ᠪᠠ ᠳᠣᠷᠣᠭᠰᠢ ᠪᠠᠭᠤᠵᠤ | ᠰᠤᠷᠪᠤᠯᠵᠢᠯᠠᠬᠤ ᠶᠢ ᠨᠢ ᠬᠡᠪ ᠤᠨ ᠪᠠᠶᠢᠳᠠᠯ ᠪᠣᠯᠭᠠᠵᠤ᠂ ᠠᠵᠢᠯ ᠤᠨ ᠡᠷᠬᠡ ᠶᠢᠨ ᠬᠡᠪᠴᠢᠶᠡᠨ ᠳᠠᠬᠢ ᠨᠢᠭᠡ ᠪᠦᠯᠦᠭ | ᠲᠦᠪᠡᠭ ᠮᠠᠳᠠᠭ ᠲᠠᠢ ᠨᠠᠷᠢᠨ ᠪᠤᠳᠤᠯᠢᠶᠠᠨᠲᠠᠶ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠰᠢᠢᠳᠪᠦᠷᠢᠯᠡᠪᠡ᠃ | ᠭᠤᠷᠪᠠ ᠳᠤ ︽ᠭᠤᠷᠪᠠ ᠦᠬᠡᠢ︾ ᠬᠤᠰᠢᠭᠤ ᠰᠢᠶᠠᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ | ᠥᠷᠨᠢᠭᠦᠯᠵᠦ᠂ ᠦᠨᠳᠦᠰᠦᠨ ᠱᠠᠲᠤ ᠶᠢ ᠬᠥᠲᠥᠯᠥᠨ ᠵᠢᠯᠣᠭᠤᠳᠴᠤ ᠪᠠᠶᠢᠭᠠᠳ ᠦᠵᠡᠯᠲᠡ ᠲᠠᠨᠢᠯᠲᠠ ᠶᠢ ᠨᠢ ᠦᠨᠡᠨ | ᠬᠦ ᠬᠤᠪᠢᠷᠠᠭᠤᠯᠤᠨ᠂ ᠠᠵᠢᠯ ᠤᠨ ᠭᠤᠣᠯᠳᠠᠯᠭ᠎ᠠ ᠪᠠᠨ ᠵᠠᠬᠢᠳᠠᠯ ᠰᠤᠷᠪᠤᠯᠵᠢᠯᠠᠯ ᠤᠨ ᠠᠰᠠᠭᠤᠳᠠᠯ ᠢ ᠬᠠᠤᠯᠢ ᠶᠣᠰᠣᠭᠠᠷ | ᠴᠠᠭ ᠲᠤᠬᠠᠶ ᠳᠤᠨᠢ ᠲᠤᠬᠠᠶ ᠶᠢᠨ ᠭᠠᠵᠠᠷ ᠲᠤᠨᠢ ᠰᠢᠶᠳᠪᠦᠷᠢᠯᠡᠬᠦ ᠳᠡᠭᠡᠷ᠎ᠡ ᠲᠥᠪᠯᠡᠷᠡᠭᠦᠯᠪᠡ᠃ | ᠲᠦᠷᠪᠡ ᠳᠤ ᠵᠠᠬᠢᠳᠠᠯ ᠰᠤᠷᠪᠤᠯᠵᠢᠯᠠᠯ ᠤᠨ ᠰᠠᠭᠤᠷᠢ ᠲᠤᠬᠠᠶᠢᠯᠠᠭᠰᠠᠨ ᠠᠵᠢᠯ ᠤᠨ ᠬᠦᠯᠢᠶᠡᠨ ᠠᠪᠴᠤ | ᠰᠢᠶᠳᠪᠦᠷᠢᠯᠡᠬᠦ ᠬᠢᠷᠢ ᠲᠥᠪᠰᠢᠨ ᠢᠶᠠᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠦᠯᠢᠶᠡᠨ | ᠠᠪᠴᠤ ᠰᠢᠶᠳᠪᠦᠷᠢᠯᠡᠬᠦ ᠲᠣᠭᠲᠠᠭᠠᠯ ᠢ ᠪᠦᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠤᠭᠰᠠᠨ ᠰᠠᠭᠤᠷᠢᠨ ᠳᠡᠭᠡᠷ᠎ᠡ᠂ | ᠠᠩᠬ᠎ᠠ ᠤᠳᠠᠭᠠᠨ ᠤ ᠵᠠᠬᠢᠳᠠᠯ ᠰᠤᠷᠪᠤᠯᠵᠢᠯᠠᠯ ᠢ ᠬᠦᠯᠢᠶᠡᠨ ᠠᠪᠴᠤ ᠰᠢᠶᠳᠪᠦᠷᠢᠯᠡᠬᠦ ᠠᠴᠠ ᠭᠠᠷᠳᠠᠵᠤ᠂ ᠡᠯ᠎ᠡ | ᠵᠦᠢᠯ ᠤᠨ ᠲᠡᠰ ᠳᠠᠷᠠᠭᠠᠯᠠᠯ᠂ ᠪᠠᠷᠢᠮᠵᠢᠶ᠎ᠠ᠂ ᠬᠠᠷᠢᠭᠤᠴᠠᠯᠭ᠎ᠠ ᠪᠣᠯᠣᠨ ᠱᠠᠭᠠᠷᠳᠠᠯᠭ᠎ᠠ ᠶᠢ ᠨᠠᠷᠢᠯᠢᠭ ᠪᠣᠳᠣᠯᠬᠢᠯᠠᠵᠤ᠂ | ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠬᠢᠭᠡᠳ ᠰᠢᠶᠳᠪᠦᠷᠢᠯᠡᠬᠦ ᠡᠷᠬᠡ ᠲᠠᠢ ᠪᠠᠶᠢᠭᠤᠯᠭ᠎ᠠ ᠯᠤᠭ᠎ᠠ ᠶᠢᠨ | ᠠᠵᠢᠯ ᠤᠨ ᠵᠣᠯᠭᠠᠯᠲᠠ ᠶᠢ ᠴᠢᠩᠭᠠᠳᠬᠠᠨ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠬᠦᠯᠢᠶᠡᠨ ᠠᠪᠴᠤ | ᠰᠢᠶᠳᠪᠦᠷᠢᠯᠡᠬᠦ ᠵᠡᠷᠭᠡ ᠡᠯ᠎ᠡ ᠵᠦᠢᠯ ᠤᠨ ᠠᠵᠢᠯ ᠢ ᠴᠥᠮ ᠨᠢᠭᠲᠠ ᠬᠤᠯᠪᠤᠯᠳᠤᠭᠤᠯᠤᠨ᠂ ᠠᠵᠢᠯᠯᠠᠭᠠᠨ ᠢ ᠡᠮᠬᠢ | ᠵᠢᠷᠤᠮ ᠲᠠᠢ᠂ ᠨᠠᠷᠢᠨ ᠵᠢᠷᠤᠮᠵᠢᠯ ᠲᠠᠢ ᠪᠠᠶᠢᠬᠤ ᠶᠢ ᠦᠨᠡᠨ ᠬᠦ ᠪᠠᠲᠤᠯᠠᠪᠠ᠃ | ᠲᠠᠪᠤ ᠳᠤ ᠵᠠᠬᠢᠳᠠᠯ ᠰᠤᠷᠪᠤᠯᠵᠢᠯᠠᠯ ᠤᠨ ᠰᠠᠭᠤᠷᠢ ᠲᠤᠬᠠᠶᠢᠯᠠᠭᠰᠠᠨ ᠠᠵᠢᠯ ᠢ ᠵᠢᠷᠤᠮᠵᠢᠭᠤᠯᠬᠤ | ᠪᠣᠯᠪᠠᠰᠤᠷᠠᠭᠤᠯᠤᠯ ᠢ ᠴᠢᠩᠭᠠᠳᠬᠠᠨ᠂ ᠦᠨᠳᠦᠰᠦᠨ ᠱᠠᠲᠤᠨ ᠤ ᠵᠠᠬᠢᠳᠠᠯ ᠰᠤᠷᠪᠤᠯᠵᠢᠯᠠᠯ ᠤᠨ ᠠᠵᠢᠯᠲᠠᠨ ᠤ | ᠲᠤᠬᠠᠶᠢᠯᠠᠭᠰᠠᠨ ᠠᠵᠢᠯ ᠤᠨ ᠬᠢᠷᠢ ᠲᠥᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠣᠷᠣᠨ ᠤ ᠡᠯ᠎ᠡ | ᠱᠠᠲᠤᠨ ᠤ ᠵᠠᠬᠢᠳᠠᠯ ᠰᠤᠷᠪᠤᠯᠵᠢᠯᠠᠯ ᠤᠨ ᠰᠠᠯᠠᠭ᠎ᠠ ᠮᠥᠴᠢᠷ ᠤᠨ ᠰᠠᠭᠤᠷᠢ ᠲᠤᠬᠠᠶᠢᠯᠠᠭᠰᠠᠨ ᠠᠵᠢᠯ ᠤᠨ | ᠪᠠᠶᠢᠭᠤᠯᠤᠯᠲᠠ ᠶᠢ ᠠᠳᠬᠤᠬᠤ ᠤᠬᠠᠮᠰᠠᠷᠲᠤ ᠴᠢᠨᠠᠷ ᠪᠣᠯᠣᠨ ᠰᠠᠨᠠᠭᠠᠴᠢᠯᠠᠭᠠᠲᠤ ᠴᠢᠨᠠᠷ ᠢ ᠨᠢ ᠤᠯᠠᠮ ᠨᠢᠭᠡ ᠠᠯᠬᠤᠮ | ᠨᠡᠮᠡᠭᠳᠡᠭᠦᠯᠵᠦ᠂ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠨ᠂ ᠨᠡᠶᠢᠭᠡᠮ ᠤᠨ ᠵᠥᠷᠢᠴᠡᠯ ᠢ ᠠᠷᠢᠯᠭᠠᠬᠤ ᠳᠤ ᠪᠠᠲᠤ | ᠪᠠᠬᠢ ᠰᠠᠭᠤᠷᠢ ᠲᠠᠯᠪᠢᠵᠤ ᠥᠭᠪᠡ᠃ | ᠬᠦᠲᠦᠯᠦᠭᠴᠢ᠄ | 2017 ᠣᠨ ᠳᠤ᠂ ᠮᠠᠨ ᠤ ᠣᠷᠣᠨ ᠵᠠᠬᠢᠳᠠᠯ ᠰᠤᠷᠪᠤᠯᠵᠢᠯᠠᠯ ᠤᠨ ᠠᠵᠢᠯ ᠤᠨ ᠳᠦᠷᠢᠮ ᠤᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠲᠠᠯ᠎ᠠ ᠪᠠᠷ ᠶᠠᠮᠠᠷ ᠶᠠᠮᠠᠷ ᠡᠷᠴᠢᠮᠲᠡᠢ ᠠᠷᠭ᠎ᠠ ᠬᠡᠮᠵᠢᠶ᠎ᠡ ᠪᠠᠶᠢᠬᠤ | ᠪᠤᠢ︖ | ᠵᠠᠩ ᠶᠢᠨ ᠫᠢᠩ᠄ | ᠨᠢᠭᠡ ᠳᠤ ︽ᠨᠠᠷᠠᠨ ᠭᠡᠷᠡᠯᠲᠦ ᠵᠠᠬᠢᠳᠠᠯ ᠰᠤᠷᠪᠤᠯᠵᠢᠯᠠᠯ︾ ᠢ ᠬᠥᠮᠦᠰ ᠤᠨ ᠰᠡᠳᠬᠢᠯ ᠳᠤ ᠨᠡᠩ ᠭᠦᠨ | ᠰᠠᠭᠤᠭᠳᠠᠭᠤᠯᠣᠨᠠ᠃ ᠪᠥᠬᠦ ᠣᠷᠣᠨ ᠤ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠨᠢ ᠬᠡᠳᠦᠨ | ᠵᠢᠯ ᠤᠨ ᠪᠦᠳᠦᠭᠡᠨ ᠪᠠᠶᠢᠭᠤᠯᠤᠯᠲᠠ ᠪᠣᠯᠣᠨ ᠪᠦᠷᠢᠨᠰᠢᠭᠦᠯᠦᠯᠲᠡ ᠪᠠᠷ ᠳᠠᠮᠵᠢᠨ᠂ ᠭᠤᠮᠣᠳᠠᠯ ᠲᠣᠭᠠᠴᠠᠯ ᠢ | ᠴᠤᠭᠯᠠᠭᠤᠯᠬᠤ᠂ ᠪᠠᠶᠢᠴᠠᠭᠠᠬᠤ᠂ ᠮᠥᠷᠳᠡᠬᠦ᠂ ᠬᠢᠨᠠᠯᠲᠠ ᠲᠠᠯᠪᠢᠬᠤ᠂ ᠦᠨᠡᠯᠡᠬᠦ ᠪᠠ ᠲᠤᠭ᠎ᠠ ᠪᠠᠷᠢᠮᠲᠠ ᠶᠢᠨ | ᠬᠡᠷᠡᠭᠯᠡᠯᠲᠡ ᠶᠢ ᠵᠠᠳᠠᠯᠬᠤ ᠶᠢ ᠨᠢᠭᠡ ᠴᠣᠭᠴᠠᠵᠢᠭᠤᠯᠤᠭᠰᠠᠨ ᠵᠠᠬᠢᠳᠠᠯ ᠰᠤᠷᠪᠤᠯᠵᠢᠯᠠᠯ ᠤᠨ ᠶᠡᠷᠦᠩᠬᠡᠶᠢᠯᠡᠭᠰᠡᠨ | ᠠᠵᠢᠯᠯᠠᠭᠠᠨ ᠤ ᠬᠠᠮᠢᠶᠠᠷᠤᠯᠲᠠ ᠶᠢᠨ ᠲᠠᠪᠴᠠᠩ ᠢ ᠪᠣᠢ ᠪᠣᠯᠭᠠᠵᠤ᠂ ᠵᠠᠬᠢᠳᠠᠯ ᠰᠤᠷᠪᠤᠯᠵᠢᠯᠠᠯ ᠤᠨ ᠲᠤᠬᠠᠶᠢᠯᠠᠭᠰᠠᠨ | ᠠᠵᠢᠯ ᠪᠣᠯᠣᠨ ᠬᠠᠮᠢᠶᠠᠷᠤᠯᠲᠠ ᠶᠢᠨ ᠴᠣᠪᠤᠷᠠᠯ ᠢ ᠲᠣᠭᠠᠴᠢᠯᠠᠨ ᠨᠡᠶᠢᠯᠡᠭᠦᠯᠬᠦ ᠶᠢ ᠪᠡᠶᠡᠯᠡᠭᠦᠯᠪᠡ᠃ ᠲᠡᠷᠠᠭ᠎ᠠ ᠠᠯᠬᠤᠮ ᠳᠤ | ᠂ ᠵᠠᠬᠢᠳᠠᠯ ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠤᠨ ᠭᠦᠨᠵᠡᠭᠡᠶ ᠬᠡᠷᠡᠭᠯᠡᠯᠲᠡ ᠶᠢ ᠠᠬᠢᠭᠤᠯᠵᠤ᠂ ᠮᠡᠳᠡᠭᠡ | ᠵᠠᠩᠭᠢᠵᠢᠯᠲᠠ ᠶᠢᠨ ᠵᠠᠬᠢᠳᠠᠯ ᠰᠤᠷᠪᠤᠯᠵᠢᠯᠠᠯ ᠤᠨ ᠠᠵᠢᠯ ᠳᠤ ᠲᠤᠯᠭᠠᠭᠤᠷᠢᠯᠠᠬᠤ ᠪᠠ ᠪᠠᠲᠤᠯᠠᠬᠤ ᠦᠢᠯᠡᠳᠦᠯ ᠢ ᠨᠡᠩ | ᠰᠠᠶᠢᠲᠤᠷ ᠪᠠᠳᠠᠷᠠᠭᠤᠯᠤᠨ᠎ᠠ᠃ ᠲᠣᠣᠷ ᠰᠦᠯᠵᠢᠶ᠎ᠡ ᠶᠢᠨ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ | ᠨᠡᠶᠢᠯᠡᠭᠦᠯᠵᠦ᠂ ᠤᠯᠠᠨ ᠲᠦᠮᠡᠨ ᠤ ᠵᠠᠬᠢᠳᠠᠯ ᠢᠷᠡᠭᠦᠯᠬᠦ᠂ ᠰᠤᠷᠪᠤᠯᠵᠢᠯᠠᠯ᠂ ᠰᠦᠯᠵᠢᠶᠡᠨ ᠳᠡᠭᠡᠷ᠎ᠡ ᠭᠤᠮᠣᠳᠠᠯ | ᠲᠣᠭᠠᠴᠢᠬᠤ᠂ ᠬᠠᠷᠠᠭᠠᠨ ᠳᠠᠪᠲᠠᠮᠵᠢ ᠶᠢᠨ ᠵᠠᠬᠢᠳᠠᠯ ᠰᠤᠷᠪᠤᠯᠵᠢᠯᠠᠯ᠂ ᠤᠳᠤᠷᠢᠳᠤᠯᠭ᠎ᠠ ᠶᠢᠨ ᠵᠠᠬᠢᠳᠠᠯ ᠤᠨ ᠬᠠᠶᠢᠷᠴᠠᠭ | ᠵᠡᠷᠭᠡ ᠡᠯ᠎ᠡ ᠵᠦᠢᠯ ᠤᠨ ᠠᠷᠭ᠎ᠠ ᠵᠠᠮ ᠢᠶᠠᠷ ᠳᠤᠷᠠᠳᠤᠭᠰᠠᠨ ᠵᠠᠬᠢᠳᠠᠯ ᠰᠤᠷᠪᠤᠯᠵᠢᠯᠠᠯ ᠤᠨ ᠵᠦᠢᠯᠡᠰ ᠪᠥᠬᠦᠨ ᠢ ᠵᠠᠬᠢᠳᠠᠯ | ᠰᠤᠷᠪᠤᠯᠵᠢᠯᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠣᠷᠤᠭᠤᠯᠵᠤ᠂ ᠦᠢᠯᠡᠳᠦᠯ ᠴᠢᠳᠠᠪᠤᠷᠢ ᠨᠢ ᠪᠦᠷᠢᠨ ᠪᠦᠭᠡᠳ | ᠡᠬᠢ ᠪᠠᠶᠠᠯᠢᠭ ᠢ ᠬᠠᠮᠲᠤᠪᠠᠷ ᠡᠳ᠋ᠯᠡᠬᠦ ︽ᠨᠢᠭᠡ ᠦᠷᠳᠡᠭᠡᠯᠢᠭ︾ ᠮᠠᠶ᠋ᠢᠭ ᠤᠨ ᠰᠦᠯᠵᠢᠶᠡᠨ ᠳᠡᠭᠡᠷᠡᠬᠢ ᠵᠠᠬᠢᠳᠠᠯ | ᠰᠤᠷᠪᠤᠯᠵᠢᠯᠠᠯ ᠢ ᠬᠦᠯᠢᠶᠠᠨ ᠠᠪᠴᠤ ᠰᠢᠶᠳᠪᠦᠷᠢᠯᠡᠬᠦ ᠶᠡᠷᠦᠩᠬᠡᠶᠢᠯᠡᠭᠰᠡᠨ ᠲᠠᠪᠴᠠᠩ ᠢ ᠪᠠᠶᠢᠭᠤᠯᠵᠤ᠂ ᠤᠯᠠᠨ | ᠲᠦᠮᠡᠨ ᠳᠤ ᠳᠦᠭᠦᠮ ᠦᠵᠡᠭᠦᠯᠬᠦ ᠵᠢᠷᠤᠮᠵᠢᠭᠤᠯᠬᠤ ᠥᠨᠳᠥᠷ ᠦᠷ᠎ᠡ ᠪᠦᠲᠦᠮᠵᠢᠲᠡᠶ ᠪᠠᠶᠢᠯᠭᠠᠬᠤ ᠲᠠᠯ᠎ᠠ ᠪᠠᠷ ᠰᠢᠨ᠎ᠡ | ᠰᠢᠪᠲᠤᠯᠤᠯᠲᠠ ᠭᠠᠷᠭᠠᠨ᠎ᠠ᠃ ᠡᠭᠦᠨ ᠤ ᠬᠠᠮᠲᠤ᠂ ᠲᠣᠣᠷ ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠢ | ᠰᠦᠯᠵᠢᠶᠡᠨ ᠠᠴᠠ ᠭᠠᠳᠠᠨ᠎ᠠ ᠰᠢᠶᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠦᠰᠢᠲᠡᠢ ᠪᠦᠭᠡᠳ ᠲᠤᠰᠠᠲᠠᠢ | ᠤᠳᠤᠷᠢᠳᠤᠮᠵᠢ ᠶᠢ ᠪᠣᠢ ᠪᠣᠯᠭᠠᠨ᠎ᠠ᠂ ᠡᠨᠡ ᠵᠢᠯ᠂ ᠪᠢᠳᠡ ᠤᠯᠠᠨ ᠵᠦᠢᠯ ᠤᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠰᠦᠯᠵᠢᠶᠡᠨ ᠳᠡᠭᠡᠷᠡᠬᠢ ᠵᠠᠬᠢᠳᠠᠯ ᠰᠤᠷᠪᠤᠯᠵᠢᠯᠠᠯ ᠤᠨ ᠠᠵᠢᠯ ᠢ ᠪᠠᠶᠢᠳᠠᠯ ᠪᠣᠯᠤᠨ ᠡᠭᠦᠷᠭᠡ ᠶᠢᠨ ᠬᠥᠭᠵᠢᠯᠲᠡ ᠶᠢᠨ | ᠬᠡᠷᠡᠭᠴᠡᠭᠡᠨ ᠳᠤ ᠠᠯᠢ ᠲᠦᠷᠭᠡᠨ ᠢᠶᠠᠷ ᠵᠣᠬᠢᠴᠠᠭᠤᠯᠬᠤ ᠶᠢ ᠡᠷᠴᠢᠮᠲᠡᠢ ᠠᠬᠢᠭᠤᠯᠵᠤ᠂ ᠰᠦᠯᠵᠢᠶᠡᠨ ᠳᠡᠭᠡᠷᠡᠬᠢ ᠵᠠᠬᠢᠳᠠᠯ | ᠰᠤᠷᠪᠤᠯᠵᠢᠯᠠᠯ ᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠯ ᠤᠨ ᠭᠤᠣᠯ ᠠᠷᠭ᠎ᠠ ᠵᠠᠮ ᠪᠣᠯᠭᠠᠬᠤ ᠶᠢ ᠲᠦᠯᠬᠢᠨ | ᠠᠬᠢᠭᠤᠯᠤᠨ᠎ᠠ᠃ | ᠬᠤᠶᠠᠷ ᠲᠤ ︽ᠬᠠᠷᠢᠭᠤᠴᠠᠯᠭᠠᠲᠤ ᠵᠠᠬᠢᠳᠠᠯ ᠰᠤᠷᠪᠤᠯᠵᠢᠯᠠᠯ︾ ᠢ ᠠᠵᠢᠯᠯᠠᠬᠤ ᠤᠬᠠᠮᠰᠠᠷ ᠪᠣᠯᠭᠠᠨ᠎ᠠ᠃ ︽ | ᠵᠠᠬᠢᠳᠠᠯ ᠰᠤᠷᠪᠤᠯᠵᠢᠯᠠᠯ ᠤᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠠᠷᠭ᠎ᠠ︾ ᠶᠢ | ᠲᠤᠤᠱᠯᠠᠭᠤᠯᠤᠨ ᠨᠠᠶᠢᠳᠠᠪᠤᠷᠢᠵᠢᠭᠤᠯᠬᠤ ᠪᠠᠷ ᠠᠵᠠ ᠲᠣᠬᠢᠶᠠᠯ ᠪᠣᠯᠭᠠᠵᠤ᠂ ᠵᠠᠬᠢᠳᠠᠯ ᠰᠤᠷᠪᠤᠯᠵᠢᠯᠠᠯ ᠤᠨ ᠠᠵᠢᠯ ᠤᠨ | ᠡᠭᠦᠷᠭᠡ ᠶᠢ ᠱᠠᠳᠤ ᠱᠠᠲᠤ ᠪᠠᠷ ᠢᠯᠭᠠᠨ ᠰᠠᠯᠭᠠᠵᠤ᠂ ᠬᠠᠷᠢᠭᠤᠴᠠᠯᠭ᠎ᠠ ᠶᠢᠨ ᠲᠦᠷᠢᠮ ᠢ ᠰᠢᠯᠭᠠᠨ ᠬᠢᠨᠠᠬᠤ ᠪᠠ | ᠬᠠᠷᠢᠭᠤᠴᠠᠯᠭ᠎ᠠ ᠨᠡᠬᠡᠮᠵᠢᠯᠡᠬᠦ ᠵᠡᠷᠭᠡ ᠢᠵᠢ ᠪᠦᠷᠢᠳᠦᠭᠰᠡᠨ ᠲᠦᠷᠢᠮ ᠢ ᠪᠥᠷᠢᠨᠰᠢᠭᠦᠯᠵᠦ᠂ ᠴᠢᠩᠭ᠎ᠠ ᠲᠣᠳᠣᠷᠬᠠᠶ | ᠬᠠᠷᠢᠭᠤᠴᠠᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠱᠠᠲᠤᠨ ᠤ ᠨᠠᠮ ᠵᠠᠰᠠᠭ ᠤᠨ | ᠪᠠᠶᠢᠭᠤᠯᠭ᠎ᠠ ᠵᠢᠴᠢ ᠲᠡᠭᠦᠨ ᠤ ᠤᠳᠤᠷᠢᠳᠬᠤ ᠺᠠᠳ᠋ᠷ᠂ ᠠᠵᠢᠯᠲᠠᠳ ᠢ ᠵᠠᠬᠢᠳᠠᠯ ᠰᠤᠷᠪᠤᠯᠵᠢᠯᠠᠯ ᠤᠨ ᠠᠵᠢᠯ ᠤᠨ | ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠰᠡᠳᠬᠢᠯ ᠳᠡᠭᠡᠨ ᠪᠤᠳᠤᠵᠥ᠂ ᠮᠥᠷᠥᠨ ᠳᠡᠭᠡᠨ ᠡᠭᠦᠷᠭᠡᠯᠡᠨ᠂ ᠠᠵᠢᠯᠯᠠᠭ᠎ᠠ | ᠳᠡᠭᠡᠷ᠎ᠡ ᠪᠠᠨ ᠨᠠᠶᠢᠳᠠᠪᠤᠷᠢᠵᠢᠭᠤᠯᠬᠤ ᠪᠤᠯᠭᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠪᠠᠷ ᠤᠯᠠᠨ | ᠲᠦᠮᠡᠨ ᠤ ᠢᠲᠡᠭᠡᠯ ᠢ ᠣᠯᠣᠨ᠎ᠠ᠃ | ᠭᠤᠷᠪᠠ ᠳᠤ ︽ᠬᠠᠤᠯᠢ ᠪᠠᠷ ᠵᠠᠰᠠᠬᠤ ᠵᠠᠬᠢᠳᠠᠯ ᠰᠤᠷᠪᠤᠯᠵᠢᠯᠠᠯ︾ ᠢᠶᠠᠷ ᠪᠦᠲᠦᠮᠵᠢᠲᠡᠶ ᠪᠠᠲᠤᠯᠠᠭ᠎ᠠ ᠪᠣᠯᠭᠠᠨ᠎ᠠ᠃ | ᠵᠠᠬᠢᠳᠠᠯ ᠰᠤᠷᠪᠤᠯᠵᠢᠯᠠᠯ ᠤᠨ ᠭᠤᠮᠣᠳᠠᠯ ᠲᠣᠭᠠᠴᠢᠯ ᠢ ᠬᠠᠤᠯᠢ ᠶᠣᠰᠣ ᠪᠠᠷ ᠳᠦᠷᠦᠯ ᠬᠤᠪᠢᠶᠠᠨ ᠰᠢᠢᠳᠪᠦᠷᠢᠯᠡᠬᠦ | ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ ᠪᠦᠷᠢᠨᠰᠢᠭᠦᠯᠵᠦ᠂ ᠵᠠᠬᠢᠳᠠᠯ ᠰᠤᠷᠪᠤᠯᠵᠢᠯᠠᠯ ᠤᠨ ᠠᠵᠢᠯ ᠳᠤ | ᠬᠠᠤᠯᠢᠴᠢ ᠶᠢ ᠣᠷᠤᠯᠴᠠᠭᠤᠯᠬᠤ ᠠᠮᠵᠢᠯᠲᠠᠲᠠᠶ ᠲᠤᠷᠰᠢᠯᠭ᠎ᠠ ᠶᠢ ᠪᠦᠬᠦ ᠲᠠᠯ᠎ᠠ ᠪᠠᠷ ᠳᠡᠯᠭᠡᠷᠡᠭᠦᠯᠦᠨ᠂ ᠵᠠᠬᠢᠳᠠᠯ | ᠰᠤᠷᠪᠤᠯᠵᠢᠯᠠᠯ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠷᠭ᠎ᠠ ᠮᠠᠶ᠋ᠢᠭ ᠢ ᠲᠡᠰᠦᠷᠡᠯᠳᠠ ᠦᠭᠡᠢ | ᠰᠢᠨᠡᠴᠢᠯᠡᠵᠦ᠂ ᠤᠯᠠᠨ ᠲᠦᠮᠡᠨ ᠢ ᠬᠦᠲᠦᠯᠦᠨ ᠵᠢᠯᠣᠭᠤᠳᠴᠤ ᠪᠠᠶᠢᠭᠠᠳ ᠵᠠᠬᠢᠳᠠᠯ ᠰᠤᠷᠪᠤᠯᠵᠢᠯᠠᠯ ᠤᠨ ᠡᠷᠬᠡ ᠪᠠᠨ | ᠵᠥᠪ ᠢᠶᠠᠷ ᠲᠠᠨᠢᠵᠤ ᠬᠡᠷᠡᠭᠯᠡᠬᠦ᠂ ᠬᠠᠤᠯᠢ ᠳᠤ ᠲᠣᠭᠲᠠᠭᠠᠭᠰᠠᠨ ᠳᠡᠰ ᠳᠠᠷᠠᠭᠠᠯᠠᠯ ᠵᠢᠷᠤᠮᠯᠠᠬᠤ᠂ ᠠᠷᠠᠳ ᠢᠷᠭᠡᠨ ᠤ | ᠡᠭᠦᠷᠭᠡ ᠪᠠᠨ ᠭᠦᠢᠴᠡᠳᠬᠡᠬᠦ᠂ ᠵᠦᠢ ᠵᠣᠬᠢᠰᠲᠠᠢ ᠪᠦᠭᠡᠳ ᠬᠠᠤᠯᠢ ᠶᠣᠰᠣᠨ ᠤ ᠰᠢᠢᠳᠪᠦᠷᠢᠯᠡᠯᠲᠡ ᠶᠢᠨ ᠦᠷ᠎ᠡ | ᠳ᠋ᠦᠩ ᠢ ᠳᠠᠭᠠᠬᠤ ᠪᠣᠯᠭᠠᠵᠤ᠂ ᠵᠠᠬᠢᠳᠠᠯ ᠰᠤᠷᠪᠤᠯᠵᠢᠯᠠᠯ ᠤᠨ ᠬᠠᠤᠯᠢᠵᠢᠭᠤᠯᠤᠯᠲᠠ ᠶᠢ ᠬᠥᠮᠦᠰ ᠤᠨ ᠰᠡᠳᠬᠢᠯ ᠳᠤ ᠨᠡᠩ | ᠭᠦᠨ ᠰᠠᠭᠤᠭᠳᠠᠭᠤᠯᠤᠨ᠎ᠠ᠃ | ᠬᠥᠲᠥᠯᠥᠭᠴᠢ᠄ | ᠵᠠ ᠰᠠᠶᠢᠨ ᠪᠣᠯᠤᠯ᠎ᠠ᠂ ᠵᠠᠩ ᠲᠣᠪᠴᠢᠶᠠᠨ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ | ᠲᠠᠯᠠᠷᠬᠠᠵᠤ ᠪᠠᠶᠢᠨ᠎ᠠ᠃ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠰᠦᠯᠵᠢᠶᠡᠨ | ᠠᠨᠳᠠ ᠨᠠᠷ ᠤᠨ ᠬᠦᠯᠢᠶᠡᠨ ᠠᠪᠴᠤ ᠦᠵᠡᠭᠰᠡᠨ ᠳᠤ ᠲᠠᠯᠠᠷᠬᠠᠵᠤ ᠪᠠᠶᠢᠨ᠎ᠠ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ | ᠵᠣᠯᠭᠠᠶ᠎ᠠ︕ | | |