ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠳᠢᠩᠬᠢᠮ ᠠᠴᠠ ᠤᠶᠢᠯᠠᠭᠠᠭᠰᠠᠨ ᠢᠶᠠᠷ᠂ ᠤᠶᠢᠷ᠎ᠠ ᠳᠤ | ᠡᠳ᠋ ᠤᠨ ᠵᠠᠰᠠᠭ ᠤᠨ ᠶᠠᠮᠤᠨ ᠮᠠᠨ ᠤ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠭᠠᠩ ᠬᠠᠭᠰᠠᠷᠠᠭᠠᠨ ᠤ | ᠭᠠᠮᠰᠢᠭ ᠢ ᠳᠤᠰᠠᠯᠠᠬᠤ ᠪᠠᠷ 1.3 ᠳ᠋ᠦᠩᠰᠢᠭᠤᠷ ᠲᠦᠬᠦᠷᠢᠭ ᠤᠨ ᠪᠡᠯᠡ ᠮᠦᠩᠭᠦ ᠪᠠᠴᠢᠮ ᠪᠠᠭᠤᠯᠭᠠᠪᠠ᠃ ᠡᠭᠦᠨ ᠳᠤ᠂ | ᠭᠠᠩ ᠬᠠᠭᠰᠠᠷᠠᠭᠠᠨ ᠤ ᠭᠠᠮᠰᠢᠭ ᠢ ᠡᠰᠡᠷᠭᠦᠴᠡᠭᠦ ᠵᠠᠷᠤᠳᠠᠯ ᠰᠦᠢᠳᠭᠡᠯ 3000 ᠲᠦᠮᠡᠨ ᠲᠦᠭᠦᠷᠢᠭ᠂ ᠮᠠᠯ ᠠᠵᠤ | ᠠᠬᠤᠢ ᠳᠠᠷᠢᠶᠠᠯᠠᠩ ᠦᠢᠯᠡᠳᠪᠦᠷᠢᠯᠡᠯ ᠤᠨ ᠭᠠᠮᠰᠢᠭ ᠲᠤ ᠳᠤᠰᠠᠯᠠᠨ ᠭᠠᠮᠰᠢᠭ ᠠᠴᠠ ᠠᠪᠤᠷᠠᠬᠤ ᠪᠡᠯᠡ ᠮᠦᠩᠭᠦ 1 | ᠳ᠋ᠦᠩᠰᠢᠭᠤᠷ ᠲᠦᠭᠦᠷᠢᠭ ᠪᠤᠯᠤᠨ᠎ᠠ᠃ | ᠡᠨᠡ ᠵᠢᠯ ᠤᠨ ᠬᠠᠪᠤᠷ ᠠᠴᠠ ᠨᠠᠰᠢ᠂ ᠮᠠᠨ ᠤ ᠤᠷᠤᠨ ᠤ ᠶᠡᠬᠡᠩᠬᠢ ᠠᠶᠢᠮᠠᠭ ᠬᠤᠳᠠ ᠳᠤ ᠬᠤᠷ᠎ᠠ ᠪᠤᠷᠤᠭᠠᠨ | ᠪᠠᠭ᠎ᠠ᠂ ᠤᠨᠴᠠᠭᠠᠶᠢᠯᠠᠨ ᠬᠢᠩᠭᠠᠨ ᠠᠶᠢᠮᠠᠭ᠂ ᠲᠦᠩᠯᠢᠶᠤᠤ ᠬᠤᠳᠠ᠂ ᠤᠯᠠᠭᠠᠨᠬᠠᠳᠠ ᠬᠤᠳᠠ ᠵᠡᠷᠭᠡ ᠠᠶᠢᠮᠠᠭ | ᠬᠤᠳᠠ ᠶᠢᠨ ᠭᠠᠩ ᠬᠠᠭᠰᠠᠷᠠᠭᠠᠨ ᠤ ᠪᠠᠶᠢᠳᠠᠯ ᠬᠦᠨᠳᠦ ᠨᠤᠴᠢᠳᠠᠢ ᠮᠦᠷᠳᠡᠭᠡᠨ ᠰᠠᠯᠬᠢ ᠶᠡᠭᠡ᠂ ᠠᠭᠠᠷ ᠤᠨ ᠳᠤᠯᠠᠭᠠᠨ | ᠲᠡᠩᠴᠡᠭᠦᠷᠢ ᠦᠭᠡᠢ ᠪᠤᠯᠬᠤᠷ ᠬᠦᠷᠤᠰᠤ ᠰᠢᠷᠤᠢ ᠴᠢᠬᠢᠭ ᠠᠯᠳᠠᠵᠤ᠂ ᠭᠠᠩ ᠬᠠᠭᠰᠠᠷᠠᠭᠠᠨ ᠳᠤ ᠲᠠᠭᠠᠷᠢᠭᠳᠠᠭᠰᠠᠨ | ᠳᠠᠯᠠᠪᠠᠢ ᠳᠠᠰᠤᠷᠠᠯᠳᠠ ᠦᠭᠡᠢ ᠦᠷᠭᠡᠵᠢᠨ᠂ ᠪᠦᠬᠦ ᠤᠷᠤᠨ ᠳᠤ ᠤᠰᠤ ᠳᠤᠳᠠᠨ ᠴᠢᠬᠢᠭ ᠠᠯᠳᠠᠭᠰᠠᠨ ᠳᠠᠯᠠᠪᠠᠢ | 2630 ᠲᠦᠮᠡᠨ ᠮᠦ ᠳᠤ ᠬᠦᠷᠴᠦ᠂ ᠳᠠᠷᠢᠮᠠᠯ ᠤᠨ ᠭᠠᠮᠰᠢᠭᠳᠠᠭᠰᠠᠨ ᠳᠠᠯᠠᠪᠠᠢ 647 ᠲᠦᠮᠡᠨ ᠮᠦ ᠳᠤ ᠬᠦᠷᠴᠠᠢ᠂ | ᠭᠠᠮᠰᠢᠭ ᠠᠴᠠ ᠪᠤᠯᠵᠤ 12 ᠲᠦᠮᠡᠨ ᠬᠦᠮᠦᠨ ᠠᠮᠠ᠂ 101 ᠲᠦᠮᠡᠨ ᠳᠡᠵᠢᠭᠡᠪᠦᠷᠢ ᠤᠰᠤ ᠲᠤᠳᠠᠬᠤ | ᠬᠦᠴᠢᠷᠳᠡᠯ ᠳᠤ ᠳᠤᠯᠭᠠᠷᠠᠭᠰᠠᠨ ᠪᠠᠶᠢᠨ᠎ᠠ᠃ | ᠬᠦᠨᠳᠦ ᠨᠤᠴᠢᠳᠠᠢ ᠭᠠᠩ ᠬᠠᠭᠰᠠᠷᠠᠭᠠᠨ ᠤ ᠪᠠᠶᠢᠳᠠᠯ ᠢ ᠠᠷᠭᠠᠴᠠᠬᠤ ᠶᠢᠨ ᠲᠦᠯᠦᠭᠡ᠂ ᠦᠪᠡᠷᠳᠡᠭᠡᠨ ᠵᠠᠰᠠᠬᠤ | ᠤᠷᠤᠨ ᠤ ᠡᠳ᠋ ᠤᠨ ᠵᠠᠰᠠᠭ ᠤᠨ ᠳᠢᠩᠬᠢᠮ ᠠᠴᠠ ᠪᠠᠴᠢᠮ ᠠᠵᠢᠯᠯᠠᠭ᠎ᠠ ᠦᠷᠨᠢᠭᠦᠯᠵᠤ᠂ ᠡᠳ᠋ ᠤᠨ ᠵᠠᠰᠠᠭ ᠤᠨ | ᠶᠠᠮᠤᠨ ᠳᠤ ᠬᠠᠷᠢᠭᠤ ᠮᠡᠳᠡᠭᠦᠯᠦᠯᠳᠡ ᠬᠢᠭᠰᠡᠨ ᠪᠠ ᠮᠠᠨ ᠤ ᠤᠷᠤᠨ ᠤ ᠭᠠᠩ ᠬᠠᠭᠰᠠᠷᠠᠭᠠᠨ ᠤ ᠪᠠᠶᠢᠳᠠᠯ ᠢ ᠳᠤᠰᠬᠠᠵᠤ᠂ | ᠳᠡᠭᠡᠳᠦ ᠱᠠᠳᠤᠨ ᠤ ᠡᠳ᠋ ᠤᠨ ᠵᠠᠰᠠᠭ ᠤᠨ ᠳᠡᠮᠵᠢᠯᠭᠡ ᠶᠢ ᠤᠯᠤᠭᠰᠠᠨ ᠪᠠᠶᠢᠨ᠎ᠠ᠃ ᠤᠶᠢᠯᠠᠭᠠᠭᠰᠠᠨ ᠢᠶᠠᠷ᠂ | ᠤᠳᠤᠬᠠᠨ ᠳᠤ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠳᠢᠩᠬᠢᠮ ᠬᠠᠮᠢᠶ᠎ᠠ ᠪᠦᠬᠦᠢ ᠰᠠᠯᠠᠭ᠎ᠠ | ᠮᠦᠴᠢᠷ ᠲᠠᠢ ᠵᠦᠪᠳᠡᠯᠴᠡᠨ ᠪᠡᠯᠡ ᠮᠦᠩᠭᠦ ᠶᠢ ᠬᠤᠪᠢᠶᠠᠷᠢᠯᠠᠬᠤ ᠠᠷᠭ᠎ᠠ ᠶᠢ ᠵᠦᠪᠳᠡᠵᠤ᠂ ᠦᠪᠡᠷᠳᠡᠭᠡᠨ ᠵᠠᠰᠠᠬᠤ | ᠤᠷᠤᠨ ᠤ ᠵᠠᠰᠠᠭ ᠤᠨ ᠤᠷᠳᠤᠨ ᠢᠶᠠᠷ ᠬᠢᠨᠠᠨ ᠳᠤᠭᠳᠠᠭᠠᠯᠭᠠᠭᠰᠠᠨ ᠤ ᠲᠠᠷᠠᠭ᠎ᠠ ᠪᠠᠴᠢᠮ ᠶᠠᠪᠤᠳᠠᠯ ᠢ ᠪᠠᠴᠢᠮ | ᠰᠢᠢᠳᠪᠦᠷᠢᠯᠡᠭᠦ᠂ ᠤᠨᠴᠠ ᠶᠠᠪᠤᠳᠠᠯ ᠢ ᠤᠨᠴᠠᠭᠠᠢ ᠪᠠᠷ ᠰᠢᠢᠳᠪᠦᠷᠢᠯᠡᠭᠦ ᠵᠠᠷᠴᠢᠮ ᠢᠶᠠᠷ᠂ ᠪᠡᠯᠡ ᠮᠦᠩᠭᠦ ᠶᠢ | ᠭᠠᠮᠰᠢᠭᠳᠠᠭᠰᠠᠨ ᠠᠶᠢᠢᠮᠠᠭ ᠬᠤᠳᠠ ᠳᠤ ᠠᠯᠢ ᠲᠦᠷᠭᠡᠨ ᠢᠶᠠᠷ ᠪᠠᠭᠤᠯᠭᠠᠬᠤ ᠪᠤᠯᠤᠨ᠎ᠠ᠃ ᠡᠭᠦᠨ ᠤ ᠬᠠᠮᠳᠤ᠂ ᠠᠶᠢᠮᠠᠭ | ᠬᠤᠳᠠ ᠶᠢᠨ ᠡᠳ᠋ ᠤᠨ ᠵᠠᠰᠠᠭ ᠤᠨ ᠰᠠᠯᠠᠭ᠎ᠠ ᠮᠦᠴᠢᠷ ᠴᠠᠭ ᠳᠤᠬᠠᠢ ᠳᠤᠨᠢ ᠪᠡᠯᠡ ᠮᠦᠩᠭᠦ ᠶᠢ ᠪᠠᠭᠤᠯᠭᠠᠵᠤ᠂ ᠳᠤᠰᠬᠠᠢ | ᠮᠦᠩᠭᠦ ᠶᠢ ᠳᠤᠰᠬᠠᠢ ᠵᠦᠢᠯ ᠢᠶᠠᠷ ᠬᠡᠷᠡᠭᠯᠡᠭᠦ ᠶᠢ ᠪᠠᠳᠤᠯᠠᠬᠤ ᠬᠡᠷᠡᠭᠳᠠᠢ ᠬᠡᠵᠤ ᠱᠠᠭᠠᠷᠳᠠᠭᠰᠠᠨ ᠪᠠᠶᠢᠨ᠎ᠠ᠃ |