ᠥᠪᠥᠷ ᠮᠣᠩᠭᠤᠯ ᠳᠤ 19 ᠲᠦᠮᠡ ᠭᠠᠷᠤᠢ ᠰᠢᠯᠭᠠᠭᠤᠯᠤᠭᠴᠢ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠤᠷᠤᠯᠴᠠᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/6/5
     ᠡᠨᠡ ᠵᠢᠯ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ︵ᠡᠭᠦᠨ ᠳᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠬᠡᠭᠰᠡᠨ ᠰᠤᠷᠤᠭᠴᠢᠳ ᠢ ᠲᠤᠰᠬᠠᠶ ᠮᠡᠷᠭᠡᠵᠢᠯ ᠢᠶᠠᠷ ᠨᠢ ᠡᠯᠰᠡᠬᠦ ᠲᠤᠰᠠᠭᠠᠷ ᠰᠢᠯᠭᠠᠯᠲᠠ ᠪᠠᠭᠲᠠᠨ᠎ᠠ︶ 6 ᠳ᠋ᠤᠭᠠᠷ ᠰᠠᠷ᠎ᠠ ᠶᠢᠨ 7᠎ ᠤ ᠡᠳᠦᠷ ᠡᠬᠢᠯᠡᠨ᠎ᠡ᠃ 6 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠡᠮᠦᠨ᠎ᠡ 9 ᠴᠠᠭ ᠠᠴᠠ 11 ᠴᠠᠭ 30 ᠮᠢᠨᠦ᠋ᠲ ᠪᠤᠯᠲᠠᠯ᠎ᠠ᠂ ᠬᠡᠯᠡ ᠪᠢᠴᠢᠭ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠡᠯᠡ ᠪᠢᠴᠢᠭ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠮᠣᠩᠭᠤᠯ ᠬᠡᠯᠡ ᠪᠢᠴᠢᠭ᠂ ᠮᠣᠩᠭᠤᠯ ᠬᠡᠯᠡ ᠪᠢᠴᠢᠭ ᠤᠨ ᠬᠥᠬᠡ᠂ ᠰᠣᠯᠣᠩᠭᠤᠰ ᠬᠡᠯᠡᠨ ᠤ ᠰᠢᠯᠭᠠᠯᠲᠠ ᠶᠢ ᠲᠤᠬᠢᠷᠠᠭᠤᠯᠪᠠ︔ 6 ᠳ᠋ᠤᠭᠠᠷ ᠰᠠᠷ᠎ᠠ ᠶᠢᠨ 7᠎ ᠤ ᠡᠳᠦᠷ ᠤᠨ ᠦᠳᠡ ᠶᠢᠨ ᠬᠤᠶᠢᠨᠠᠬᠢ 15 ᠴᠠᠭ ᠠᠴᠠ 17 ᠴᠠᠭ ᠪᠤᠯᠲᠠᠯ᠎ᠠ᠂ ᠲᠣᠭᠠᠨ ᠤ ᠤᠬᠠᠭᠠᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠣᠭᠠᠨ ᠤ ᠤᠬᠠᠭᠠᠨ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠣᠭᠠᠨ ᠤ ᠤᠬᠠᠭᠠᠨ ︵ᠮᠣᠩᠭᠤᠯ︶᠎ ᠤ ᠰᠢᠯᠭᠠᠯᠲᠠ ᠶᠢ ᠲᠤᠬᠢᠷᠠᠭᠤᠯᠪᠠ᠃ 6 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠡᠮᠦᠨ᠎ᠡ 9 ᠴᠠᠭ ᠠᠴᠠ 11 ᠴᠠᠭ 30 ᠮᠢᠨᠦ᠋ᠲ ᠪᠤᠯᠲᠠᠯ᠎ᠠ᠂ ᠨᠡᠶᠢᠭᠡᠮ ᠤᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠷᠦᠩᠬᠡᠶᠢᠯᠡᠭᠰᠡᠨ ᠬᠢᠴᠢᠶᠡᠯ ᠲᠦᠷᠦᠯ ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠲᠤᠰᠬᠠᠶ ᠮᠡᠷᠭᠡᠵᠢᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠰᠢᠯᠭᠠᠯᠲᠠ ᠶᠢ ᠲᠤᠬᠢᠷᠠᠭᠤᠯᠪᠠ︔ 6 ᠳ᠋ᠤᠭᠠᠷ ᠰᠠᠷ᠎ᠠ ᠶᠢᠨ 8᠎ ᠤ ᠡᠳᠦᠷ ᠤᠨ ᠦᠳᠡ ᠶᠢᠨ ᠬᠤᠶᠢᠨᠠᠬᠢ 15᠎ ᠠᠴᠠ 17 ᠴᠠᠭ ᠪᠤᠯᠲᠠᠯ᠎ᠠ᠂ ᠭᠠᠳᠠᠭᠠᠳᠤ ᠬᠡᠯᠡ ︵ᠰᠣᠨᠣᠷ ᠤᠨ ᠰᠢᠯᠭᠠᠯᠲᠠ ᠪᠠᠭᠲᠠᠨ᠎ᠠ︶᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠠᠩᠭ᠍ᠯᠢ ᠬᠡᠯᠡᠨ ︵ᠰᠣᠨᠣᠷ ᠤᠨ ᠰᠢᠯᠭᠠᠯᠲᠠ ᠪᠠᠭᠲᠠᠬᠤ ᠦᠭᠡᠢ︶᠎ ᠤ ᠰᠢᠯᠭᠠᠯᠲᠠ ᠶᠢ ᠲᠤᠬᠢᠷᠠᠭᠤᠯᠪᠠ᠃ 6 ᠳ᠋ᠤᠭᠠᠷ ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ 9 ᠴᠠᠭ ᠠᠴᠠ 11 ᠴᠠᠭ 30 ᠮᠢᠨᠦ᠋ᠲ ᠪᠤᠯᠲᠠᠯ᠎ᠠ᠂ ᠮᠣᠩᠭᠤᠯ ᠬᠡᠯᠡᠨ ᠤ ᠬᠥᠬᠡᠭᠴᠢᠨ ᠰᠢᠯᠭᠠᠯᠲᠠ ᠶᠢ ᠲᠤᠬᠢᠷᠠᠭᠤᠯᠪᠠ᠃ ᠡᠭᠦᠨ ᠳᠤ᠂ ᠭᠠᠳᠠᠭᠠᠳᠤ ᠬᠡᠯᠡᠨ ︵ᠰᠣᠨᠣᠷ ᠤᠨ ᠰᠢᠯᠭᠠᠯᠲᠠ ᠪᠠᠭᠲᠠᠨ᠎ᠠ︶᠎ ᠤ ᠬᠢᠴᠢᠶᠡᠯ ᠲᠦᠷᠦᠯ ᠳᠤ ᠤᠷᠢᠳᠠᠪᠠᠷ ᠪᠢᠷ ᠤᠨ ᠰᠢᠯᠭᠠᠯᠲᠠ ᠬᠢᠵᠦ᠂ ᠳᠠᠷᠠᠭ᠎ᠠ ᠨᠢ ᠰᠣᠨᠣᠷ ᠤᠨ ᠰᠢᠯᠭᠠᠯᠲᠠ ᠬᠢᠨ᠎ᠡ︔ ᠪᠢᠷ ᠤᠨ ᠰᠢᠯᠭᠠᠯᠲᠠ ᠶᠢᠨ ᠴᠠᠭ ᠨᠢ 100 ᠮᠢᠨᠦ᠋ᠲ᠂ ᠰᠣᠨᠣᠷ ᠤᠨ ᠰᠢᠯᠭᠠᠯᠲᠠ ᠶᠢᠨ ᠴᠠᠭ ᠨᠢ ᠪᠠᠷᠤᠭ 20 ᠮᠢᠨᠦ᠋ᠲ ᠪᠤᠯᠤᠨ᠎ᠠ᠃      ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠬᠡᠭᠰᠡᠨ ᠰᠤᠷᠤᠭᠴᠢᠳ ᠢ ᠲᠤᠰᠬᠠᠶ ᠮᠡᠷᠭᠡᠵᠢᠯ ᠢᠶᠠᠷ ᠨᠢ ᠡᠯᠰᠡᠬᠦ ᠲᠤᠰᠠᠭᠠᠷ ᠰᠢᠯᠭᠠᠯᠲᠠ ᠶᠢᠨ ᠪᠡᠶ᠎ᠡ ᠶᠢᠨ ᠲᠠᠮᠢᠷ ᠤᠨ ᠲᠥᠷᠥᠯ ᠤᠨ ᠲᠤᠰᠬᠠᠶ ᠮᠡᠷᠭᠡᠵᠢᠯ ᠤᠨ ᠶᠡᠷᠦᠩᠬᠡᠶᠢᠯᠡᠭᠰᠡᠨ ᠬᠢᠴᠢᠶᠡᠯ ᠲᠥᠷᠥᠯ ᠤᠨ ᠰᠢᠯᠭᠠᠯᠲᠠ ᠶᠢ 6 ᠳ᠋ᠤᠭᠠᠷ ᠰᠠᠷ᠎ᠠ ᠶᠢᠨ 11᠎ ᠤ ᠡᠳᠦᠷ᠂ ᠥᠪᠥᠷ ᠮᠣᠩᠭᠤᠯ ᠤᠨ ᠪᠡᠶ᠎ᠡ ᠶᠢᠨ ᠲᠠᠮᠢᠷ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠴᠢᠩᠭᠢᠰ ᠬᠠᠭᠠᠨ ᠶᠡᠭᠡ ᠵᠡᠭᠡᠯᠢ ᠶᠢᠨ 19 ᠳ᠋ᠦ᠋ᠭᠡᠷ ᠨᠤᠮᠧᠷ ᠲᠤ ᠶᠠᠪᠤᠭᠳᠠᠭᠤᠯᠤᠨ᠎ᠠ᠃ ᠡᠩ ᠤᠨ ᠶᠡᠭᠡ ᠳᠡᠭᠡᠳᠦ ᠰᠤᠷᠭᠠᠭᠤᠯᠢ ᠶᠢᠨ ᠰᠤᠷᠤᠭᠴᠢ ᠡᠯᠰᠡᠬᠦ ᠭᠠᠳᠠᠭᠠᠳᠤ ᠬᠡᠯᠡᠨ ᠤ ᠶᠠᠷᠢᠶᠠᠨ ᠤ ᠰᠢᠯᠭᠠᠯᠲᠠ ᠶᠢ 6 ᠳ᠋ᠤᠭᠠᠷ ᠰᠠᠷ᠎ᠠ ᠶᠢᠨ 9᠎ ᠤ ᠡᠳᠦᠷ ᠤᠨ 8 ᠴᠠᠭ ᠲᠤ ᠡᠬᠢᠯᠡᠵᠦ 6 ᠳ᠋ᠤᠭᠠᠷ ᠰᠠᠷ᠎ᠠ ᠶᠢᠨ 14᠎ ᠤ ᠡᠳᠦᠷ ᠤᠨ 18 ᠴᠠᠭ ᠠᠴᠠ ᠡᠮᠦᠨ᠎ᠡ ᠪᠠᠷᠠᠭᠠᠨ᠎ᠠ᠂ ᠰᠢᠯᠭᠠᠯᠲᠠ ᠶᠢᠨ ᠭᠠᠵᠠᠷ ᠵᠢᠴᠢ ᠪᠣᠳᠠᠲᠠᠶ ᠴᠠᠭ ᠬᠤᠭᠤᠴᠠᠭ᠎ᠠ ᠶᠢ ᠬᠤᠰᠢᠭᠤ ᠰᠢᠶᠠᠨ ᠲᠣᠭᠤᠷᠢᠭ ᠤᠨ ᠰᠣᠷᠣᠭᠴᠢ ᠡᠯᠰᠡᠬᠦ ᠠᠯᠪᠠᠨ ᠭᠡᠷ ᠲᠤᠭᠲᠠᠭᠠᠨ ᠰᠢᠯᠭᠠᠭᠤᠯᠤᠭᠴᠢ ᠶᠢᠨ ᠲᠤᠰ ᠬᠥᠮᠦᠨ ᠳᠤ ᠮᠡᠳᠡᠭᠳᠡᠨ᠎ᠡ᠃      ᠣᠶᠢᠯᠠᠭᠠᠭᠰᠠᠨ ᠢᠶᠠᠷ᠂ ᠡᠨᠡ ᠵᠢᠯ ᠬᠦᠬᠡᠬᠤᠲᠠ ᠶᠢᠨ ᠳᠥᠷᠪᠡᠨ ᠲᠣᠭᠤᠷᠢᠭ ᠲᠤ 13 ᠰᠢᠯᠭᠠᠯᠲᠠ ᠶᠢᠨ ᠭᠠᠵᠠᠷ ᠲᠤᠬᠢᠷᠠᠭᠤᠯᠵᠤ᠂ ᠬᠤᠰᠢᠭᠤ ᠰᠢᠶᠠᠨ ᠳᠤ 6 ᠰᠢᠯᠭᠠᠯᠲᠠ ᠶᠢᠨ ᠭᠠᠵᠠᠷ ᠲᠤᠬᠢᠷᠠᠭᠤᠯᠵᠤ᠂ ᠨᠡᠶᠢᠲᠡ 698 ᠰᠢᠯᠭᠠᠯᠲᠠ ᠶᠢᠨ ᠲᠠᠯᠠᠪᠠᠢ ᠲᠤᠬᠢᠷᠠᠭᠤᠯᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号