ᠪᠠᠶᠠᠨᠨᠠᠭᠤᠷ ᠬᠤᠲᠠ ᠭᠠᠳᠠᠭᠠᠳᠤ ᠭᠠᠷᠭᠠᠯᠲᠠ ᠶᠢᠨ ᠢᠳᠡᠭᠡᠨ ᠤ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠵᠢᠱᠢᠶ᠎ᠡ ᠦᠵᠡᠭᠦᠯᠬᠦ ᠤᠯᠤᠰ ᠤᠨ ᠲᠡᠰ ᠤᠨ  ᠬᠤᠳᠠ ᠶᠢ ᠪᠠᠶᠢᠭᠤᠯᠵᠤ ᠪᠤᠢ
ᠨᠡᠶᠢᠲᠡᠯᠡᠭᠰᠡᠨ ᠴᠠᠭ᠄
2017/6/7
     6 ᠳ᠋ᠤᠭᠠᠷ ᠰᠠᠷ᠎ᠠ ᠶᠢᠨ 5᠎ ᠤ ᠡᠳᠦᠷ᠂ ᠪᠠᠶᠠᠨᠨᠠᠭᠤᠷ ᠬᠤᠳᠠ ᠶᠢᠨ ᠵᠠᠰᠠᠭ ᠤᠨ ᠣᠷᠳᠣᠨ ᠥᠪᠥᠷ ᠮᠣᠩᠭᠤᠯ ᠤᠨ ᠬᠢᠯᠢ ᠪᠠᠷ ᠭᠠᠷᠴᠤ ᠣᠷᠣᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠯᠤᠭ᠎ᠠ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠤ᠂ ᠭᠠᠳᠠᠭᠠᠳᠤ ᠭᠠᠷᠭᠠᠯᠲᠠ ᠶᠢᠨ ᠢᠳᠡᠭᠡᠨ ᠤ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠵᠢᠱᠢᠶ᠎ᠡ ᠦᠵᠡᠭᠦᠯᠬᠦ ᠤᠯᠤᠰ ᠤᠨ ᠲᠡᠰ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢ ᠬᠠᠮᠲᠤ ᠪᠠᠷ ᠲᠦᠯᠬᠢᠨ ᠠᠬᠢᠭᠤᠯᠬᠤ ᠪᠠᠷ ᠪᠣᠯᠪᠠ᠃      ᠪᠠᠶᠠᠨᠨᠠᠭᠤᠷ ᠪᠣᠯ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠦᠬᠦ ᠤᠯᠤᠰ ᠤᠨ ᠢᠳᠡᠭᠡᠨ ᠤ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠠᠳᠤ ᠭᠠᠷᠭᠠᠯᠲᠠ ᠶᠢᠨ ᠴᠢᠬᠤᠯᠠ ᠰᠠᠭᠤᠷᠢᠨ ᠭᠠᠵᠠᠷ ᠪᠣᠯᠣᠨ᠎ᠠ᠃ 2016 ᠣᠨ ᠳᠤ 31.09 ᠲᠦᠮᠡᠨ ᠲᠣᠨ᠂ 4.2 ᠳ᠋ᠦᠩᠰᠢᠭᠤᠷ ᠳ᠋ᠣᠯᠯᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠳᠤ ᠭᠠᠷᠭᠠᠨ᠂ 40 ᠭᠠᠷᠤᠶ ᠤᠯᠤᠰ ᠪᠣᠯᠣᠨ ᠭᠠᠵᠠᠷ ᠣᠷᠣᠨ ᠳᠤ ᠪᠣᠷᠣᠯᠠᠭᠤᠯᠵᠤ᠂ 7 ᠵᠢᠯ ᠳᠠᠷᠠᠭᠠᠯᠠᠨ ᠪᠦᠬᠦ ᠣᠷᠣᠨ ᠳᠠᠭᠠᠨ ᠣᠷᠣᠶᠢᠯᠠᠪᠠ᠃ ᠣᠳᠣᠬᠠᠨ ᠳᠤ᠂ ᠪᠠᠶᠠᠨᠨᠠᠭᠤᠷ ᠲᠥᠪᠡᠳ ᠬᠠᠰᠢ᠂ ᠦᠷ᠎ᠡ ᠶᠢᠨ ᠴᠦᠮ᠎ᠡ ᠶᠢᠨ ᠭᠠᠳᠠᠭᠠᠳᠤ ᠭᠠᠷᠭᠠᠯᠲᠠ ᠶᠢᠨ ᠤᠯᠤᠰ ᠤᠨ ᠲᠡᠰ ᠤᠨ  ᠬᠤᠶᠠᠷ ᠰᠠᠭᠤᠷᠢᠨ ᠭᠠᠵᠠᠷ ᠪᠠᠶᠢᠭᠤᠯᠤᠨ᠂  ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠣᠯᠠᠨ ᠤᠯᠤᠰ ᠤᠨ ᠵᠠᠬ᠎ᠠ ᠳᠡᠯᠭᠡᠭᠦᠷ ᠲᠠᠬᠢ ᠨᠥᠯᠥᠭᠡᠯᠡᠬᠦ ᠬᠦᠴᠦᠨ ᠨᠢ ᠲᠠᠰᠤᠷᠠᠯᠳᠠ ᠦᠭᠡᠢ ᠥᠷᠭᠡᠳᠴᠦ ᠪᠠᠶᠢᠨ᠎ᠠ᠃      ᠢᠳᠡᠭᠡᠨ ᠤ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠪᠣᠯ ᠵᠢᠱᠢᠶ᠎ᠡ ᠦᠵᠡᠭᠦᠯᠬᠦ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠳᠡᠰ ᠳᠡᠪᠰᠢᠭᠦᠯᠦᠭᠰᠡᠨ ᠵᠠᠭᠪᠤᠷ ᠶᠤᠮ᠂ ᠶᠠᠰᠤ ᠴᠢᠨᠠᠷ ᠢ ᠳᠡᠭᠡᠭᠰᠢᠯᠡᠭᠦᠯᠦᠨ᠂ ᠭᠠᠳᠠᠭᠠᠳᠤ ᠭᠠᠷᠭᠠᠯᠲᠠ ᠶᠢ ᠥᠷᠭᠡᠳᠬᠡᠵᠦ᠂ ᠲᠠᠷᠢᠶᠠᠯᠠᠩ ᠤᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠣᠯᠣᠨ᠎ᠠ᠃ ᠵᠢᠱᠢᠶ᠎ᠡ ᠦᠵᠡᠭᠦᠯᠬᠦ ᠬᠤᠲᠠ ᠨᠢ  ᠣᠯᠠᠨ ᠤᠯᠤᠰ ᠤᠨ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠪᠠᠷᠢᠮᠵᠢᠶ᠎ᠠ ᠪᠠᠷ ᠬᠠᠷᠠᠯᠲᠠ ᠪᠣᠯᠭᠠᠵᠤ᠂ ︽ᠵᠠᠰᠠᠭ ᠤᠨ ᠣᠷᠳᠣᠨ ᠵᠠᠬ᠎ᠠ ᠳᠡᠯᠭᠡᠭᠦᠷ ᠢ ᠴᠡᠪᠡᠷᠰᠢᠭᠦᠯᠬᠦ᠂ ᠰᠠᠯᠠᠭ᠎ᠠ ᠮᠥᠴᠢᠷ ᠬᠤᠯᠪᠣᠭᠠᠯᠠᠨ ᠬᠦᠳᠡᠯᠦᠯᠴᠡᠵᠦ ᠬᠢᠨᠠᠨ ᠬᠠᠮᠢᠶᠠᠷᠬᠤ᠂ ᠳᠠᠭᠠᠭᠤᠯᠤᠭᠴᠢ ᠠᠵᠤ ᠠᠬᠤᠶᠢᠯᠠᠯ ᠳᠠᠶᠢᠴᠢᠯᠠᠬᠤ᠂ ᠠᠷᠠᠳ ᠠᠷᠠᠳ ᠢᠶᠠᠷ ᠢᠶᠠᠨ ᠬᠠᠮᠲᠤ ᠪᠠᠷ ᠠᠰᠢᠭ ᠬᠦᠷᠲᠡᠵᠦ ᠬᠠᠮᠲᠤ ᠪᠠᠷ ᠵᠠᠰᠠᠬᠤ︾᠎ ᠪᠠᠷ ᠳᠠᠮᠵᠢᠭᠤᠯᠤᠨ᠂ ᠢᠳᠡᠭᠡᠨ ᠤ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠡᠯ᠎ᠡ ᠭᠤᠭᠴᠤᠭ᠎ᠠ ᠶᠢ ᠭᠡᠭᠡᠭᠳᠡᠭᠦᠯᠦᠯ ᠦᠭᠡᠢ ᠪᠠᠷ ᠬᠢᠨᠠᠨ ᠬᠠᠮᠢᠶᠠᠷᠴᠤ᠂ ︽ᠡᠬᠢ ᠡᠭᠦᠰᠦᠯ ᠠᠴᠠ ᠨᠢ ᠳᠠᠯᠳᠠ ᠭᠡᠮ ᠦᠭᠡᠢ ᠪᠠᠶᠢᠬᠤ᠂ ᠣᠷᠣᠭᠤᠯᠤᠯᠲᠠ ᠨᠢ ᠴᠠᠭᠠᠵᠠ ᠶᠢ ᠵᠦᠷᠢᠴᠡᠬᠦ ᠦᠭᠡᠢ ᠪᠠᠶᠢᠬᠤ᠂ ᠬᠠᠮᠢᠶᠠᠷᠤᠯᠲᠠ ᠨᠢ ᠪᠠᠯᠠᠶ ᠣᠷᠣᠨ ᠦᠭᠡᠶ ᠪᠠᠶᠢᠬᠤ᠂ ᠪᠦᠬᠦ ᠶᠠᠪᠤᠴᠠ ᠶᠢ ᠮᠦᠷᠳᠡᠵᠦ ᠪᠣᠯᠬᠤ︾ ᠬᠠᠮᠢᠶᠠᠷᠤᠯᠲᠠ ᠶᠢᠨ ᠱᠠᠭᠠᠷᠳᠠᠯᠭ᠎ᠠ ᠳᠤ ᠬᠦᠷᠦᠭᠦᠯᠬᠦ ᠪᠣᠯᠣᠨ᠎ᠠ᠃ ᠥᠪᠥᠷ ᠮᠣᠩᠭᠤᠯ ᠤᠨ ᠬᠢᠯᠢ ᠪᠠᠷ  ᠭᠠᠷᠴᠤ ᠣᠷᠣᠬᠤ ᠶᠢ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠲᠣᠪᠴᠢᠶ᠎ᠠ ᠨᠢ ᠰᠢᠰᠲ᠋ᠧᠮ ᠤᠨ ᠡᠭᠦᠷᠭᠡ ᠴᠢᠳᠠᠪᠤᠷᠢ᠂ ᠮᠡᠷᠭᠡᠵᠢᠯ ᠪᠣᠯᠤᠨ ᠮᠡᠳᠡᠭᠡ ᠵᠠᠩᠭᠢ ᠶᠢᠨ ᠳᠠᠪᠠᠭᠤᠯᠢᠭ ᠢᠶᠠᠨ ᠭᠦᠢᠴᠡᠳ ᠠᠰᠢᠭᠯᠠᠨ᠂ ᠪᠠᠶᠠᠨᠨᠠᠭᠤᠷ ᠬᠤᠲᠠ ᠶᠢᠨ ᠭᠠᠳᠠᠭᠠᠳᠤ ᠭᠠᠷᠭᠠᠯᠲᠠ ᠶᠢᠨ ᠢᠳᠡᠭᠡᠨ ᠤ ᠵᠦᠢᠯ ᠪᠠ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠥᠪᠰᠢᠨ ᠤ ᠵᠢᠱᠢᠶ᠎ᠡ ᠦᠵᠡᠭᠦᠯᠬᠦ ᠤᠯᠤᠰ ᠤᠨ ᠳᠡᠰ ᠤᠨ ᠬᠤᠲᠠ ᠶᠢ ᠡᠭᠦᠳᠦᠨ ᠪᠠᠶᠢᠭᠤᠯᠬᠤ ᠠᠵᠢᠯ ᠳᠤ ᠬᠦᠴᠦᠲᠡᠢ ᠳᠡᠮᠵᠢᠯᠭᠡ ᠦᠵᠡᠭᠦᠯᠦᠨ᠎ᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号