ᠦᠪᠤᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢᠨ ᠳᠦᠷᠢᠮ
ᠨᠡᠶᠢᠲᠡᠯᠡᠭᠰᠡᠨ ᠴᠠᠭ᠄
2017/6/7

           ︵1996 ᠤᠨ ᠤ 6 ᠳ᠋ᠤᠭᠠᠷ ᠰᠠᠷ᠎ᠠ ᠶᠢᠨ 1 ᠤ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠨᠠᠢᠮᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠶᠠᠳᠤᠭᠠᠷ ᠬᠤᠷᠠᠯ ᠠᠴᠠ ᠪᠠᠳᠤᠯᠠᠵᠦ᠂ 2014 ᠤᠨ ᠤ 5 ᠳ᠋ᠤᠭᠠᠷ ᠰᠠᠷ᠎ᠠ ᠶᠢᠨ 9 ᠤ ᠡᠳᠦᠷ ᠦᠪᠤᠷ ᠮᠤᠩᠭᠤᠯ ᠤᠨ ᠦᠪᠠᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠷᠪᠠᠳᠤᠭᠠᠷ ᠬᠤᠷᠠᠯ ᠠᠴᠠ ᠵᠠᠰᠠᠪᠤᠷᠢ ᠤᠷᠤᠭᠤᠯᠪᠠ︶


     ᠨᠢᠭᠡᠳᠦᠭᠡᠷ ᠪᠦᠯᠦᠭ  ᠶᠡᠷᠦᠩᠬᠡᠢ ᠲᠦᠷᠢᠮ

     ᠨᠢᠭᠡᠳᠦᠭᠡᠷ ᠵᠦᠢᠯ  ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢ ᠲᠦᠷᠬᠡᠳᠬᠡᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ ᠴᠢᠳᠠᠪᠦᠷᠢ ᠶᠢ ᠳᠡᠭᠡᠭᠰᠢᠯᠡᠬᠦᠯᠦᠨ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠲᠠᠲᠣ ᠦᠢᠯᠡᠳᠪᠦᠷᠢᠯᠡᠯ ᠤᠨ ᠬᠦᠴᠦᠨ ᠪᠣᠯᠭᠠᠨ ᠬᠤᠪᠢᠷᠠᠭᠤᠯᠬᠤ ᠶᠢ ᠲᠦᠯᠬᠢᠨ ᠠᠬᠢᠭᠤᠯᠵᠣ᠂ ᠰᠢᠨ᠎ᠡ ᠶᠢ ᠡᠬᠦᠳᠬᠦ ᠪᠠᠷ ᠬᠦᠳᠡᠯᠬᠡᠬᠦ ᠬᠦᠴᠦᠨ ᠪᠣᠯᠭᠠᠭᠰᠠᠨ ᠬᠦᠭᠵᠢᠯᠲᠡ ᠶᠢ ᠪᠡᠶᠡᠯᠡᠬᠦᠯᠬᠦ ᠶᠢᠨ ᠲᠦᠯᠦᠭᠡ᠂ ︽ᠪᠦᠬᠦᠲᠡ ᠨᠠᠶᠢᠷᠠᠮᠳᠠᠬᠤ ᠲᠣᠮᠲᠠᠲᠣ ᠠᠷᠠᠳ ᠣᠯᠣᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢᠨ ᠬᠠᠣᠯᠢ︾ ᠶᠢ ᠦᠨᠳᠦᠰᠦᠯᠡᠨ᠂ ᠦᠪᠡᠷᠲᠡᠭᠡᠨ ᠵᠠᠰᠠᠬᠤ ᠣᠷᠣᠨ ᠤ ᠪᠣᠲᠠᠲᠣ ᠪᠠᠶᠢᠳᠠᠯ ᠲᠠᠢ ᠪᠠᠨ ᠣᠶᠠᠯᠳᠣᠭᠤᠯᠵᠣ᠂ ᠲᠣᠰ ᠳᠦᠷᠢᠮ ᠢ ᠲᠣᠭᠲᠠᠭᠠᠪᠠ᠃ 
     ᠬᠤᠶᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠲᠣᠲᠣᠷ᠎ᠠ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠬᠢᠭᠡᠳ ᠨᠡᠭᠡᠭᠡᠯᠲᠡ᠂ ᠰᠢᠨᠵᠢᠯᠡᠬᠦ ᠣᠬᠠᠭᠠᠨ ᠮᠡᠷᠭᠡᠵᠢᠯ ᠤᠨ ᠬᠡᠷᠡᠭᠯᠡᠭᠡ ᠬᠢᠭᠡᠳ ᠲᠦᠭᠡᠮᠡᠯᠵᠢᠬᠦᠯᠦᠯ ᠪᠠ ᠰᠢᠨᠵᠢᠯᠡᠬᠦ ᠣᠬᠠᠭᠠᠨ ᠮᠡᠷᠭᠡᠵᠢᠯ ᠤᠨ ᠬᠦᠭᠵᠢᠯᠲᠡ ᠬᠢᠭᠡᠳ ᠪᠠᠲᠣᠯᠠᠭ᠎ᠠ ᠵᠡᠷᠭᠡ ᠠᠵᠢᠯᠯᠠᠭ᠎ᠠ ᠶᠢ ᠡᠷᠬᠢᠯᠡᠬᠦ ᠳᠤ᠂ ᠲᠣᠰ ᠳᠦᠷᠢᠮ ᠢ ᠬᠡᠷᠡᠭᠯᠡᠨ᠎ᠡ᠃
     ᠭᠤᠷᠪᠠᠳᠤᠭᠠᠷ ᠵᠦᠢᠯ  ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯ ᠨᠢ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ᠂ ᠭᠤᠣᠯᠳᠠᠯᠭ᠎ᠠ ᠲᠠᠢ ᠰᠢᠪᠳᠣᠯᠣᠯᠳᠠ ᠬᠢᠬᠦ᠂ ᠬᠦᠭᠵᠢᠯᠲᠡ ᠶᠢ ᠲᠣᠯᠭᠠᠭᠤᠷᠢᠯᠠᠬᠤ᠂ ᠢᠷᠡᠭᠡᠳᠦᠢ ᠲᠡᠰᠢ ᠬᠦᠲᠦᠯᠦᠨ ᠵᠢᠯᠣᠭᠤᠳᠬᠤ ᠴᠢᠭᠯᠡᠯᠲᠡ ᠶᠢ ᠵᠢᠷᠣᠮᠯᠠᠨ᠂ ᠦᠪᠡᠷᠲᠡᠭᠡᠨ ᠵᠠᠰᠠᠬᠤ ᠣᠷᠣᠨ ᠤ ᠠᠵᠣ ᠦᠢᠯᠡᠰ ᠤᠨ ᠣᠨᠴᠠᠯᠢᠭ ᠲᠠᠢ ᠣᠷᠣᠨ ᠨᠣᠳᠤᠭ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠬᠤ ᠬᠡᠷᠡᠭᠲᠠᠢ᠃
     ᠲᠥᠷᠪᠡᠳᠦᠭᠡᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠬᠦᠭᠵᠢᠯᠲᠡ ᠶᠢᠨ ᠲᠦᠯᠦᠪᠵᠢᠬᠦᠯᠬᠡ ᠶᠢ ᠲᠣᠭᠲᠠᠭᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ ᠲᠦᠷᠦᠯ ᠵᠦᠢᠯ᠂ ᠰᠢᠨᠵᠢᠯᠡᠬᠦ ᠣᠬᠠᠭᠠᠨ ᠮᠡᠷᠭᠡᠵᠢᠯ ᠲᠠᠢ ᠨᠢᠭᠲᠠ ᠬᠤᠯᠪᠣᠭ᠎ᠠ ᠲᠠᠢ ᠴᠢᠬᠤᠯᠠ ᠶᠡᠭᠡ ᠲᠦᠷᠦᠯ ᠵᠦᠢᠯ ᠢ ᠲᠣᠭᠲᠠᠭᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ᠂ ᠠᠵᠣ ᠠᠬᠤᠢ ᠶᠢᠨ ᠪᠦᠲᠦᠭᠡᠨ ᠪᠠᠶᠢᠭᠤᠯᠣᠯᠲᠠ ᠪᠠ ᠨᠡᠶᠢᠭᠡᠮ ᠤᠨ ᠬᠦᠭᠵᠢᠯᠲᠡ ᠲᠠᠢ ᠬᠠᠷᠢᠯᠴᠠᠨ ᠵᠣᠬᠢᠴᠠᠬᠤ ᠶᠢ ᠪᠠᠲᠣᠯᠠᠬᠤ ᠬᠡᠷᠡᠭᠲᠠᠢ᠃
     ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢᠨ ᠠᠵᠢᠯ ᠢ ᠣᠯᠣᠰ ᠠᠷᠠᠳ ᠤᠨ ᠠᠵᠣ ᠠᠬᠤᠢ ᠪᠠ ᠨᠡᠶᠢᠭᠡᠮ ᠤᠨ ᠬᠦᠭᠵᠢᠯᠲᠡ ᠶᠢᠨ ᠲᠦᠯᠦᠪᠵᠢᠬᠦᠯᠬᠡ ᠳᠡᠭᠡᠨ ᠣᠷᠣᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢ ᠲᠦᠯᠬᠢᠨ ᠠᠬᠢᠭᠤᠯᠬᠤ ᠬᠡᠷᠡᠭᠲᠠᠢ᠃
     ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠵᠠᠰᠠᠭ ᠵᠠᠬᠢᠷᠭᠠᠨ ᠤ ᠣᠷᠣᠨ ᠤ ᠪᠠᠨ ᠳᠣᠳᠣᠷᠠᠬᠢ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢᠨ ᠠᠵᠢᠯ ᠢ ᠬᠠᠷᠢᠭᠤᠴᠠᠨ᠎ᠠ᠃
     ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠪᠣᠰᠣᠳ ᠬᠤᠯᠪᠣᠭᠳᠠᠯ ᠪᠦᠬᠦᠢ ᠰᠠᠯᠠᠭ᠎ᠠ ᠮᠦᠴᠢᠷ ᠲᠣᠰ ᠲᠣᠰ ᠤᠨ ᠲᠣᠰᠢᠶᠠᠯ ᠬᠠᠷᠢᠭᠤᠴᠠᠯᠭ᠎ᠠ ᠶᠢᠨ ᠬᠡᠪᠴᠢᠶᠠᠨ ᠲᠣᠲᠣᠷ᠎ᠠ ᠪᠠᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠲᠠᠢ ᠬᠤᠯᠪᠣᠭᠳᠠᠬᠤ ᠠᠵᠢᠯ ᠢ ᠬᠠᠷᠢᠭᠤᠴᠠᠨ᠎ᠠ᠃
     ᠵᠢᠷᠭᠤᠳᠤᠭᠠᠷ ᠵᠦᠢᠯ  ᠠᠯᠪᠠᠨ ᠪᠠᠶᠢᠭᠤᠯᠣᠯᠭ᠎ᠠ᠂ ᠠᠵᠣ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠣᠯᠲᠠ᠂ ᠨᠡᠶᠢᠭᠡᠮ ᠤᠨ ᠪᠦᠯᠬᠦᠮ ᠪᠠ ᠠᠷᠠᠳ ᠢᠷᠭᠡᠳ ᠤᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢᠨ ᠠᠵᠢᠯᠯᠠᠭ᠎ᠠ ᠳᠤ ᠣᠷᠣᠯᠴᠠᠬᠤ ᠪᠠ ᠳᠡᠮᠵᠢᠬᠦ ᠶᠢ ᠵᠣᠷᠢᠬᠵᠢᠭᠤᠯᠣᠨ᠎ᠠ᠃
 ᠬᠢᠯᠢ ᠶᠢᠨ ᠲᠣᠲᠣᠭᠠᠲᠣ ᠭᠠᠳᠠᠭᠠᠲᠣ ᠶᠢᠨ ᠵᠣᠬᠢᠶᠠᠨ ᠪᠠᠶᠢᠭᠤᠯᠣᠯᠲᠠ ᠪᠣᠶᠣ ᠬᠤᠪᠢ ᠬᠦᠮᠦᠨ ᠡᠯ᠎ᠡ ᠲᠦᠷᠦᠯ ᠤᠨ ᠰᠢᠨᠵᠢᠯᠡᠬᠦ ᠣᠬᠠᠭᠠᠨ ᠤ ᠰᠠᠭᠤᠷᠢ ᠮᠦᠩᠬᠦ ᠪᠠᠶᠢᠭᠤᠯᠬᠤ ᠶᠢ ᠵᠣᠷᠢᠬᠵᠢᠭᠤᠯᠵᠣ᠂ ᠰᠢᠨᠵᠢᠯᠡᠬᠦ ᠣᠬᠠᠭᠠᠨ ᠤ ᠰᠣᠳᠣᠯᠭᠠᠨ᠂ ᠮᠡᠷᠭᠡᠵᠢᠯ ᠤᠨ ᠨᠡᠭᠡᠭᠡᠯᠲᠡ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠳᠡᠯᠭᠡᠷᠡᠬᠦᠯᠦᠨ ᠬᠡᠷᠡᠭᠯᠡᠬᠦ᠂ ᠰᠢᠯᠢᠳᠡᠭ ᠰᠢᠨᠵᠢᠯᠡᠬᠦ ᠣᠬᠠᠭᠠᠨ ᠮᠡᠷᠭᠡᠵᠢᠯ ᠤᠨ ᠬᠡᠪᠯᠡᠭᠳᠡᠬᠦᠨ ᠢ ᠬᠡᠪᠯᠡᠬᠦ ᠵᠢᠴᠢ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠢ ᠱᠠᠩᠨᠠᠨ ᠬᠦᠬᠢᠬᠦᠯᠬᠦ ᠳᠤ ᠬᠡᠷᠡᠭᠯᠡᠨ᠎ᠡ᠃
     ᠲᠤᠯᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠳᠠ ᠶᠢ ᠱᠠᠩᠨᠠᠨ ᠬᠦᠬᠢᠬᠦᠯᠬᠦ ᠶᠢ ᠬᠢᠨᠠᠨ ᠲᠣᠭᠲᠠᠭᠠᠬᠤ ᠰᠢᠰᠲ᠋ᠧᠮ ᠳᠤ ᠦᠭᠡᠷᠡᠴᠢᠯᠡᠯᠲᠡ ᠬᠢᠵᠣ ᠲᠡᠬᠦᠯᠳᠡᠷᠵᠢᠬᠦᠯᠦᠨ᠂ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠶᠢᠨ ᠠᠵᠢᠯᠯᠠᠭ᠎ᠠ ᠳᠤ ᠴᠢᠬᠤᠯᠠ ᠬᠤᠪᠢ ᠨᠡᠮᠡᠷᠢ ᠲᠠᠢ ᠵᠣᠬᠢᠶᠠᠨ ᠪᠠᠶᠢᠭᠤᠯᠣᠯᠲᠠ ᠪᠠ ᠬᠤᠪᠢ ᠬᠦᠮᠦᠨ ᠢ ᠬᠦᠬᠢᠭᠦᠯᠦᠨ ᠰᠠᠶᠢᠰᠢᠶᠠᠬᠤ ᠬᠡᠷᠡᠭᠲᠠᠢ᠃

     ᠬᠤᠶᠠᠳᠤᠭᠠᠷ ᠪᠦᠯᠦᠭ  ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠠᠵᠢᠯᠯᠠᠭ᠎ᠠ

     ᠨᠠᠢᠮᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠪᠠᠶᠢᠭᠠᠯᠢ ᠶᠢᠨ ᠰᠢᠨᠵᠢᠯᠡᠬᠦ ᠣᠬᠠᠭᠠᠨ ᠤ ᠰᠠᠭᠤᠷᠢ ᠮᠦᠩᠬᠦ ᠭᠠᠷᠭᠠᠵᠣ᠂ ᠰᠠᠭᠤᠷᠢ ᠰᠣᠳᠣᠯᠭᠠᠨ ᠪᠠ ᠬᠡᠷᠡᠭᠯᠡᠭᠡᠨ ᠤ ᠰᠠᠭᠤᠷᠢ ᠰᠣᠳᠣᠯᠭᠠᠨ ᠢ ᠳᠡᠮᠵᠢᠵᠦ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠢ ᠬᠦᠮᠦᠵᠢᠬᠦᠯᠦᠨ᠎ᠡ᠃
     ᠦᠪᠡᠷᠲᠡᠭᠡᠨ ᠵᠠᠰᠠᠬᠤ ᠣᠷᠣᠨ ᠬᠡᠷᠡᠭᠯᠡᠭᠡᠨ ᠤ ᠮᠡᠷᠭᠡᠵᠢᠯ ᠤᠨ ᠰᠣᠳᠣᠯᠭᠠᠨ ᠬᠢᠭᠡᠳ ᠨᠡᠭᠡᠭᠡᠯᠲᠠ ᠶᠢᠨ ᠪᠡᠯᠡ ᠮᠦᠩᠬᠦ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ ᠲᠣᠰᠬᠠᠢ ᠲᠦᠷᠦᠯ ᠤᠨ ᠪᠡᠯᠡ ᠮᠦᠩᠬᠦ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠵᠢᠯᠣᠭᠤᠳᠣᠮᠵᠢ ᠶᠢᠨ ᠱᠠᠩᠨᠠᠯ ᠬᠦᠬᠢᠬᠦᠯᠦᠯ ᠤᠨ ᠪᠡᠯᠡ ᠮᠦᠩᠬᠦ ᠵᠡᠷᠭᠡ ᠲᠣᠰᠬᠠᠢ ᠲᠦᠷᠦᠯ ᠤᠨ ᠪᠡᠯᠡ ᠮᠦᠩᠬᠦ ᠭᠠᠷᠭᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ᠂ ᠨᠡᠭᠡᠭᠡᠯᠲᠠ ᠵᠢᠴᠢ ᠠᠵᠣ ᠦᠢᠯᠡᠳᠪᠦᠷᠢᠵᠢᠯᠲᠡ ᠶᠢᠨ ᠵᠢᠱᠢᠶ᠎ᠡ ᠦᠵᠡᠬᠦᠯᠬᠦ ᠰᠢᠰᠲ᠋ᠧᠮ ᠤᠨ ᠳᠡᠪᠴᠠᠩ ᠤᠨ ᠪᠠᠶᠢᠭᠤᠯᠣᠯᠲᠠ ᠶᠢ ᠳᠡᠮᠵᠢᠨ᠎ᠡ᠃
     ᠶᠢᠰᠦᠳᠦᠭᠡᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠵᠦᠬᠡᠯᠡᠨ ᠰᠢᠨᠵᠢᠯᠡᠬᠦ ᠣᠬᠠᠭᠠᠨ ᠤ ᠰᠣᠳᠣᠯᠭᠠᠨ ᠤ ᠲᠦᠷᠦᠯ ᠵᠦᠢᠯ ᠢ ᠪᠠᠶᠢᠭᠤᠯᠵᠣ᠂ ᠪᠠᠶᠢᠯᠳᠣᠬᠤ ᠪᠣᠳᠣᠯᠭ᠎ᠠ ᠶᠢᠨ ᠲᠦᠯᠦᠪᠵᠢᠬᠦᠯᠭᠡ᠂ ᠲᠦᠷᠦ ᠶᠢᠨ ᠪᠣᠳᠣᠯᠭ᠎ᠠ ᠬᠠᠣᠯᠢ ᠲᠣᠭᠲᠠᠭᠠᠯ ᠵᠡᠷᠭᠡ ᠲᠠᠯ᠎ᠠ ᠶᠢᠨ ᠵᠦᠬᠡᠯᠡᠨ ᠰᠢᠨᠵᠢᠯᠡᠬᠦ ᠣᠬᠠᠭᠠᠨ ᠤ ᠰᠣᠳᠣᠯᠭᠠᠨ ᠦᠷᠨᠢᠬᠦᠯᠬᠦ ᠶᠢ ᠳᠡᠮᠵᠢᠵᠣ᠂ ᠪᠠᠶᠢᠭᠠᠯᠢ ᠶᠢᠨ ᠰᠢᠨᠵᠢᠯᠡᠬᠦ ᠣᠬᠠᠭᠠᠨ ᠬᠢᠭᠡᠳ ᠬᠦᠮᠦᠨ ᠨᠡᠶᠢᠭᠡᠮ ᠤᠨ ᠰᠢᠨᠵᠢᠯᠡᠬᠦ ᠣᠬᠠᠭᠠᠨ ᠤ ᠰᠣᠯᠪᠢᠴᠠᠨ ᠣᠶᠠᠯᠳᠣᠬᠤ ᠶᠢ ᠠᠬᠢᠭᠤᠯᠵᠣ᠂ ᠰᠢᠨᠵᠢᠯᠡᠬᠦ ᠣᠬᠠᠭᠠᠨᠴᠢ ᠪᠠᠷ ᠰᠢᠢᠳᠪᠦᠷᠢᠲᠣ ᠪᠣᠳᠣᠯᠭ᠎ᠠ ᠲᠣᠭᠲᠠᠭᠠᠬᠤ ᠳᠤ ᠣᠨᠣᠯ ᠪᠣᠯᠣᠨ ᠠᠷᠭ᠎ᠠ ᠪᠣᠳᠣᠯᠭ᠎ᠠ ᠬᠠᠩᠭᠠᠬᠤ ᠬᠡᠷᠡᠭᠲᠠᠢ᠃
     ᠠᠷᠪᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠠᠴᠠ ᠳᠡᠭᠡᠲᠦ ᠰᠢᠨ᠎ᠡ ᠮᠡᠷᠬᠡᠵᠢᠯ ᠤᠨ ᠰᠣᠳᠣᠯᠭᠠᠨ ᠪᠠ ᠳᠡᠭᠡᠲᠦ ᠰᠢᠨ᠎ᠡ ᠮᠡᠷᠭᠡᠵᠢᠯ ᠢ ᠠᠵᠣ ᠦᠢᠯᠡᠰᠵᠢᠭᠦᠯᠦᠨ ᠨᠡᠭᠡᠭᠡᠯᠲᠡ ᠬᠢᠬᠦ ᠶᠢ ᠵᠣᠷᠢᠬᠵᠢᠭᠤᠯᠬᠤ ᠪᠠ ᠲᠡᠮᠵᠢᠵᠣ᠂ ᠳᠡᠭᠡᠲᠦ ᠰᠢᠨ᠎ᠡ ᠮᠡᠷᠭᠡᠵᠢᠯ ᠢᠶᠠᠷ ᠣᠯᠠᠮᠵᠢᠯᠠᠯᠲᠦ ᠠᠵᠣ ᠦᠢᠯᠡᠰ ᠢ ᠦᠭᠡᠷᠡᠴᠢᠯᠡᠵᠣ᠂ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠣ ᠦᠢᠯᠡᠰ ᠢ ᠪᠤᠶᠢᠵᠢᠭᠤᠯᠬᠤ ᠪᠠ ᠬᠦᠭᠵᠢᠬᠦᠯᠦᠨ᠎ᠡ᠃
     ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠪᠠ ᠪᠣᠰᠣᠳ ᠬᠤᠯᠪᠣᠭᠳᠠᠯ ᠪᠦᠬᠦᠢ ᠰᠠᠯᠠᠭ᠎ᠠ ᠮᠦᠴᠢᠷ ᠲᠡᠭᠡᠳᠦ ᠰᠢᠨ᠎ᠡ ᠮᠡᠷᠭᠡᠵᠢᠯ ᠤᠨ ᠠᠵᠣ ᠦᠢᠯᠡᠰ ᠪᠠ ᠪᠠᠶᠢᠯᠳᠣᠬᠤ ᠪᠣᠳᠣᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠣᠵᠣ ᠪᠠᠶᠢᠭ᠎ᠠ ᠠᠵᠣ ᠦᠢᠯᠡᠰ ᠤᠨ ᠬᠦᠭᠵᠢᠯᠲᠡ ᠶᠢᠨ ᠭᠤᠣᠯᠳᠠᠯᠭ᠎ᠠ ᠬᠢᠭᠡᠳ ᠬᠦᠷᠢᠶ᠎ᠡ ᠬᠡᠪᠴᠢᠶ᠎ᠡ ᠶᠢ ᠲᠣᠭᠲᠠᠭᠠᠵᠣ᠂ ᠳᠡᠭᠡᠲᠦ ᠰᠢᠨ᠎ᠡ ᠮᠡᠷᠭᠡᠵᠢᠯ ᠤᠨ ᠦᠢᠯᠡᠳᠬᠦᠨ ᠢ ᠰᠣᠳᠣᠯᠣᠨ ᠦᠢᠯᠡᠳᠬᠦ ᠪᠠ ᠨᠡᠭᠡᠭᠡᠯᠲᠠ ᠬᠢᠬᠦ ᠶᠢ ᠲᠡᠮᠵᠢᠵᠣ᠂ ᠳᠡᠭᠡᠲᠦ ᠰᠢᠨ᠎ᠡ ᠮᠡᠷᠭᠡᠵᠢᠯ ᠤᠨ ᠰᠣᠳᠣᠯᠭᠠᠨ ᠪᠠ ᠦᠷ᠎ᠡ ᠪᠦᠲᠦᠭᠡᠯ ᠢ ᠳᠡᠯᠭᠡᠷᠡᠬᠦᠯᠬᠦ ᠠᠵᠢᠯ ᠢ ᠵᠣᠬᠢᠶᠠᠨ ᠪᠠᠶᠢᠭᠤᠯᠣᠨ ᠦᠷᠨᠢᠬᠦᠯᠬᠦ ᠬᠡᠷᠡᠭᠲᠠᠢ᠃
     ᠠᠷᠪᠠᠨ ᠨᠢᠭᠡᠳᠦᠭᠡᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠡᠭᠡᠲᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠨᠡᠭᠡᠭᠡᠯᠲᠡ ᠶᠢᠨ ᠳᠣᠭᠤᠷᠢᠭ ᠤᠨ ᠪᠦᠲᠦᠭᠡᠨ ᠪᠠᠶᠢᠭᠤᠯᠣᠯᠲᠠ ᠶᠢ ᠵᠢᠯᠣᠭᠤᠳᠬᠤ ᠪᠠ ᠳᠡᠮᠵᠢᠵᠣ᠂ ᠳᠡᠭᠡᠲᠦ ᠰᠢᠨ᠎ᠡ ᠮᠡᠷᠭᠡᠵᠢᠯ ᠤᠨ ᠠᠵᠣ ᠦᠢᠯᠡᠰ ᠤᠨ ᠴᠣᠭᠯᠠᠷᠠᠯ ᠤᠨ ᠳᠠᠪᠠᠭᠤᠯᠢᠭ ᠢ ᠪᠠᠳᠠᠷᠠᠭᠤᠯᠵᠣ᠂ ᠠᠵᠣ ᠦᠢᠯᠡᠰ ᠤᠨ ᠲᠦᠪᠰᠢᠨ ᠢᠶᠠᠨ ᠳᠡᠭᠡᠭᠰᠢᠯᠡᠬᠦᠯᠦᠨ᠂ ᠰᠢᠨ᠎ᠡ ᠶᠢ ᠡᠬᠦᠳᠬᠦ ᠬᠢᠭᠡᠳ ᠦᠢᠯᠡᠰ ᠪᠦᠲᠦᠭᠡᠬᠦ ᠴᠢᠳᠠᠪᠦᠷᠢ ᠪᠠᠨ ᠳᠡᠭᠡᠭᠰᠢᠯᠡᠭᠦᠯᠬᠦ ᠬᠡᠷᠡᠭᠳᠡᠢ᠃
     ᠠᠷᠪᠠᠨ ᠬᠤᠶᠠᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠰᠣᠳᠣᠯᠭᠠᠨ ᠤ ᠲᠦᠪ᠂ ᠢᠨᠵᠧᠨᠧᠷᠢᠩ ᠤᠨ ᠰᠣᠳᠣᠯᠭᠠᠨ ᠤ ᠲᠦᠪ᠂ ᠰᠢᠨᠵᠢᠯᠡᠬᠦ ᠣᠬᠠᠭᠠᠨ ᠮᠡᠷᠭᠡᠵᠢᠯ ᠤᠨ ᠵᠠᠪᠰᠠᠷ ᠤᠨ ᠲᠣᠷᠰᠢᠯᠲᠠ ᠶᠢᠨ ᠰᠠᠭᠤᠷᠢᠨ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠦᠢᠯᠡᠰ ᠤᠨ ᠵᠢᠱᠢᠶ᠎ᠡ ᠦᠵᠡᠬᠦᠯᠬᠦ ᠬᠦᠷᠢᠶᠡᠯᠡᠩ ᠪᠠ ᠠᠵᠣ ᠦᠢᠯᠡᠰ ᠤᠨ ᠮᠡᠷᠭᠡᠵᠢᠯ ᠤᠨ ᠰᠢᠨ᠎ᠡ ᠶᠢ ᠡᠬᠦᠳᠬᠦ ᠪᠠᠶᠢᠯᠳᠣᠬᠤ ᠪᠣᠳᠣᠯᠭ᠎ᠠ ᠶᠢᠨ ᠬᠤᠯᠪᠣᠭᠠᠯᠠᠯ ᠵᠡᠷᠭᠡ ᠰᠢᠨ᠎ᠡ ᠶᠢ ᠡᠬᠦᠳᠬᠦ ᠲᠠᠪᠴᠠᠩ ᠤᠨ ᠪᠠᠶᠢᠭᠤᠯᠣᠯᠲᠠ ᠶᠢ ᠲᠡᠮᠵᠢᠵᠣ᠂ ᠡᠬᠢ ᠪᠠᠶᠠᠯᠢᠭ ᠢ ᠬᠠᠮᠲᠣᠪᠡᠷ ᠡᠳ᠋ᠯᠡᠬᠦ ᠶᠢ ᠲᠦᠯᠬᠢᠨ ᠠᠬᠢᠭᠤᠯᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ ᠲᠦᠪᠰᠢᠨ ᠢᠶᠠᠨ ᠳᠡᠭᠡᠭᠰᠢᠯᠡᠬᠦᠯᠬᠦ ᠬᠡᠷᠡᠭᠲᠠᠢ᠃
     ᠠᠷᠪᠠᠨ ᠭᠤᠷᠪᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠣᠮᠣ ᠬᠡᠯᠪᠡᠷᠢ ᠶᠢᠨ ᠰᠢᠨᠵᠢᠯᠡᠬᠦ ᠣᠬᠠᠭᠠᠨ ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ ᠶᠢ ᠬᠠᠮᠳᠣᠪᠡᠷ ᠡᠳ᠋ᠯᠡᠬᠦ ᠶᠢ ᠨᠢᠭᠡᠳᠦᠯᠲᠠᠢ ᠲᠦᠯᠦᠪᠵᠢᠭᠦᠯᠦᠨ ᠲᠣᠬᠢᠷᠠᠭᠤᠯᠬᠤ ᠶᠢ ᠬᠠᠷᠢᠭᠤᠴᠠᠵᠣ᠂ ᠲᠣᠮᠣ ᠬᠡᠯᠪᠡᠷᠢ ᠶᠢᠨ ᠰᠢᠨᠵᠢᠯᠡᠬᠦ ᠣᠬᠠᠭᠠᠨ ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ ᠶᠢ ᠬᠠᠮᠳᠣᠪᠡᠷ ᠡᠳ᠋ᠯᠡᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠣᠨ ᠳᠡᠬᠦᠯᠳᠡᠷᠵᠢᠬᠦᠯᠵᠣ᠂ ᠲᠣᠮᠣ ᠬᠡᠯᠪᠡᠷᠢ ᠶᠢᠨ ᠰᠢᠨᠵᠢᠯᠡᠬᠦ ᠣᠬᠠᠭᠠᠨ ᠤ ᠬᠡᠮᠵᠢᠬᠦᠷᠯᠢᠭ ᠪᠡᠯᠡᠳᠬᠡᠯ ᠲᠦᠭᠦᠭᠡᠷᠦᠮᠵᠢ ᠶᠢ ᠬᠠᠮᠳᠣᠪᠡᠷ ᠡᠳ᠋ᠯᠡᠬᠦ ᠮᠡᠳᠡᠭᠡ ᠵᠠᠩᠬᠢ ᠶᠢᠨ ᠪᠠᠶᠢᠴᠠᠭᠠᠨ ᠯᠠᠪᠯᠠᠭ᠎ᠠ᠂ ᠦᠢᠯᠡᠴᠢᠯᠡᠭᠡᠨ ᠤ ᠲᠠᠨᠢᠯᠴᠠᠭᠤᠯᠭ᠎ᠠ ᠵᠡᠷᠭᠡ ᠦᠢᠯᠡᠴᠢᠯᠡᠭᠡ ᠬᠠᠮᠢᠶᠠᠷᠣᠯᠲᠠ ᠶᠢᠨ ᠠᠵᠢᠯ ᠢ ᠨᠡᠶᠢᠭᠡᠮ ᠳᠠᠶᠠᠭᠠᠷ ᠲᠤ ᠬᠠᠩᠭᠠᠨ᠎ᠠ᠃
     ᠠᠷᠪᠠᠨ ᠲᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠮᠡᠳᠡᠯᠭᠡ ᠶᠢᠨ ᠦᠮᠴᠢᠯᠡᠬᠦ ᠡᠷᠭᠡ ᠶᠢᠨ ᠪᠠᠶᠢᠯᠳᠣᠬᠤ ᠪᠣᠳᠣᠯᠭ᠎ᠠ ᠶᠢ ᠲᠣᠭᠲᠠᠭᠠᠬᠤ ᠪᠠ ᠬᠡᠷᠡᠭᠵᠢᠬᠦᠯᠵᠣ᠂ ᠲᠣᠰᠬᠠᠢ ᠠᠰᠢᠭ ᠤᠨ ᠡᠷᠭᠡ᠂ ᠲᠠᠸᠠᠷ ᠤᠨ ᠲᠡᠮᠳᠡᠭ ᠤᠨ ᠡᠷᠭᠡ ᠬᠢᠭᠡᠳ ᠵᠣᠬᠢᠶᠠᠨ ᠪᠦᠲᠦᠭᠡᠬᠦ ᠡᠷᠭᠡ ᠵᠡᠷᠭᠡ ᠮᠡᠳᠡᠯᠭᠡ ᠶᠢᠨ ᠦᠮᠴᠢᠯᠡᠬᠦ ᠡᠷᠭᠡ ᠶᠢ ᠡᠬᠦᠳᠦᠨ ᠪᠦᠲᠦᠭᠡᠬᠦ ᠪᠠ ᠬᠡᠷᠡᠭᠵᠢᠬᠦᠯᠬᠦ ᠶᠢ ᠠᠬᠢᠭᠤᠯᠵᠣ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠬᠦ ᠡᠷᠭᠡ ᠶᠢᠨ ᠬᠠᠮᠠᠭᠠᠯᠠᠯᠲᠠ ᠪᠠ ᠬᠠᠮᠢᠶᠠᠷᠣᠯᠲᠠ ᠶᠢ ᠴᠢᠩᠭᠠᠳᠬᠠᠬᠤ ᠬᠡᠷᠡᠭᠲᠠᠢ᠃      ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠣᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠣᠨ᠂ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠪᠣᠶᠣ ᠣᠯᠣᠰ ᠤᠨ ᠦᠮᠴᠢᠯᠡᠯ ᠤᠨ ᠬᠦᠷᠦᠩᠭᠡ ᠶᠢ ᠠᠰᠢᠭᠯᠠᠵᠣ ᠪᠠᠶᠢᠭᠤᠯᠣᠭᠰᠠᠨ ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠲᠠᠢ ᠬᠤᠯᠪᠣᠭᠳᠠᠬᠤ ᠮᠡᠳᠡᠯᠭᠡ ᠶᠢᠨ ᠦᠮᠴᠢᠯᠡᠬᠦ ᠡᠷᠭᠡ ᠶᠢᠨ ᠪᠠᠶᠢᠳᠠᠯ᠂ ᠮᠡᠳᠡᠯᠭᠡ ᠶᠢᠨ ᠪᠦᠲᠦᠭᠡᠭᠳᠡᠬᠦᠨ ᠤ ᠲᠦᠭᠰᠢᠬᠦᠷᠢ ᠵᠡᠷᠭᠡ ᠶᠢ ᠵᠦᠪᠯᠡᠨ ᠲᠣᠭᠲᠠᠭᠠᠬᠤ ᠬᠡᠷᠡᠭᠲᠠᠢ᠃
     ᠠᠷᠪᠠᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠶᠡᠭᠡ ᠳᠡᠭᠡᠲᠦ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠪᠠ ᠠᠵᠣ ᠠᠬᠤᠶᠢᠯᠠᠯ ᠢ ᠳᠡᠮᠵᠢᠨ ᠮᠡᠷᠭᠡᠵᠢᠯ ᠢ ᠰᠢᠯᠵᠢᠭᠦᠯᠬᠦ ᠲᠣᠭᠲᠠᠴᠠ ᠶᠢ ᠳᠡᠬᠦᠯᠳᠡᠷᠵᠢᠬᠦᠯᠵᠣ᠂ ᠪᠡᠶ᠎ᠡ ᠪᠠᠨ ᠲᠠᠭᠠᠭᠠᠵᠣ ᠰᠢᠨ᠎ᠡ ᠶᠢ ᠡᠬᠦᠳᠦᠭᠰᠡᠨ ᠦᠷ᠎ᠡ ᠪᠦᠲᠦᠭᠡᠯ ᠢ ᠰᠢᠯᠵᠢᠬᠦᠯᠵᠣ ᠣᠯᠠᠷᠢᠭᠤᠯᠬᠤ ᠶᠢ ᠵᠢᠯᠣᠭᠤᠳᠬᠤ ᠬᠡᠷᠡᠭᠲᠠᠢ︔ ᠣᠷᠣᠭᠤᠯᠣᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠪᠣᠶᠣ ᠦᠪᠡᠷᠲᠡᠭᠡᠨ ᠵᠠᠰᠠᠬᠤ ᠣᠷᠣᠨ ᠤ ᠭᠠᠳᠠᠨᠠᠬᠢ ᠲᠠᠢ ᠬᠤᠷᠰᠢᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠣᠭᠰᠠᠨ ᠪᠣᠯ᠂ ᠲᠦᠷᠦ ᠶᠢᠨ ᠪᠣᠳᠣᠯᠭ᠎ᠠ ᠪᠠ ᠪᠡᠯᠡ ᠮᠦᠩᠬᠦ ᠶᠢᠨ ᠲᠠᠯ᠎ᠠ ᠪᠠᠷ ᠳᠡᠮᠵᠢᠯᠭᠡ ᠦᠵᠡᠬᠦᠯᠬᠦ ᠬᠡᠷᠡᠭᠲᠠᠢ᠃
     ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠦᠮᠴᠢᠯᠡᠬᠦ ᠡᠷᠭᠡ ᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠠᠩᠬ᠎ᠠ ᠣᠳᠠᠭ᠎ᠠ ᠦᠪᠡᠷᠲᠡᠭᠡᠨ ᠵᠠᠰᠠᠬᠤ ᠣᠷᠣᠨ ᠤ ᠲᠣᠲᠣᠷ᠎ᠠ ᠣᠯᠠᠷᠢᠭᠤᠯᠣᠨ ᠬᠡᠷᠡᠭᠯᠡᠭᠳᠡᠭᠰᠡᠨ ᠪᠣᠯ᠂ ᠲᠦᠷᠦᠯ ᠵᠦᠢᠯ ᠤᠨ ᠪᠠᠶᠢᠭ᠎ᠠ ᠭᠠᠵᠠᠷ ᠤᠨ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠦᠷᠦᠯ ᠵᠦᠢᠯ ᠤᠨ ᠰᠡᠳᠦᠪ ᠲᠣᠭᠲᠠᠭᠠᠬᠤ ᠪᠠ ᠲᠠᠯᠠᠪᠣᠷ ᠭᠠᠵᠠᠷ ᠬᠠᠩᠭᠠᠬᠤ ᠵᠡᠷᠭᠡ ᠲᠠᠯ᠎ᠠ ᠪᠠᠷ ᠳᠡᠮᠵᠢᠬᠦ ᠬᠡᠷᠡᠭᠲᠠᠢ᠃
     ᠠᠷᠪᠠᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠣᠷᠢᠬᠵᠢᠭᠤᠯᠣᠨ ᠳᠡᠮᠵᠢᠬᠦ ᠲᠦᠷᠦ ᠶᠢᠨ ᠪᠣᠳᠣᠯᠭ᠎ᠠ ᠲᠣᠭᠲᠠᠭᠠᠵᠣ᠂ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ ᠦᠷ᠎ᠡ ᠪᠦᠲᠦᠭᠡᠯ ᠤᠨ ᠪᠦᠷᠢᠯᠳᠦᠬᠦ ᠲᠠᠢ ᠬᠤᠯᠪᠣᠭᠳᠠᠬᠤ ᠮᠡᠷᠬᠡᠵᠢᠯ ᠤᠨ ᠪᠠᠷᠢᠮᠵᠢᠶ᠎ᠡ ᠶᠢ ᠲᠦᠯᠬᠢᠨ ᠠᠬᠢᠭᠤᠯᠵᠣ᠂ ᠨᠦᠬᠦᠴᠡᠯ ᠲᠠᠢ ᠨᠢ ᠮᠡᠷᠬᠡᠵᠢᠯ ᠤᠨ ᠪᠠᠷᠢᠮᠵᠢᠶᠠᠨ ᠤ ᠲᠣᠰᠬᠠᠢ ᠲᠦᠷᠦᠯ ᠤᠨ ᠪᠡᠯᠡ ᠮᠦᠩᠬᠦ ᠶᠢ ᠪᠠᠶᠢᠭᠤᠯᠣᠨ᠂ ᠠᠵᠣ ᠠᠬᠤᠶᠢᠯᠠᠯ᠂ ᠠᠵᠢᠯ ᠦᠢᠯᠡᠰ ᠤᠨ ᠨᠢᠭᠡᠴᠡ᠂ ᠠᠵᠢᠯ ᠲᠦᠷᠦᠯ ᠤᠨ ᠨᠡᠶᠢᠭᠡᠮᠯᠢᠭ ᠤᠨ ᠣᠯᠠᠨ ᠣᠯᠣᠰ ᠤᠨ ᠪᠠᠷᠢᠮᠵᠢᠶ᠎ᠡ᠂ ᠣᠯᠣᠰ ᠤᠨ ᠪᠠᠷᠢᠮᠵᠢᠶ᠎ᠡ᠂ ᠠᠵᠢᠯ ᠲᠦᠷᠦᠯ ᠤᠨ ᠪᠠᠷᠢᠮᠵᠢᠶ᠎ᠠ ᠪᠠ ᠭᠠᠵᠠᠷ ᠣᠷᠣᠨ ᠤ ᠪᠠᠷᠢᠮᠵᠢᠶ᠎ᠠ ᠲᠣᠭᠲᠠᠭᠠᠬᠤ ᠪᠠ ᠵᠠᠰᠠᠨ ᠲᠣᠭᠲᠠᠭᠠᠬᠤ ᠶᠢ ᠭᠤᠣᠯᠯᠠᠨ ᠵᠢᠯᠣᠭᠤᠳᠬᠤ ᠪᠠ ᠣᠷᠣᠯᠴᠠᠬᠤ ᠶᠢ ᠳᠡᠮᠵᠢᠬᠦ ᠬᠡᠷᠡᠭᠲᠠᠢ᠃
     ᠠᠷᠪᠠᠨ ᠲᠤᠯᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠦᠢᠯᠡᠳᠪᠦᠷᠢᠯᠡᠯ ᠤᠨ ᠬᠦᠴᠦᠨ ᠢ ᠠᠬᠢᠭᠤᠯᠬᠤ ᠲᠦᠪ᠂ ᠮᠡᠷᠭᠡᠵᠢᠯ ᠤᠨ ᠠᠷᠠᠯᠵᠢᠶᠠᠨ ᠤ ᠪᠠᠶᠢᠭᠤᠯᠣᠮᠵᠢ ᠪᠠ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠠᠬᠤᠶᠢᠯᠠᠯ ᠤᠨ ᠨᠡᠪᠴᠢᠬᠦᠯᠦᠬᠦᠷ ᠵᠡᠷᠭᠡ ᠰᠢᠨᠵᠢᠯᠡᠬᠦ ᠣᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠣᠮᠵᠢ ᠶᠢᠨ ᠬᠦᠭᠵᠢᠯᠲᠡ ᠶᠢ ᠳᠡᠮᠵᠢᠬᠦ ᠬᠡᠷᠡᠭᠲᠠᠢ᠃ ᠵᠠᠰᠠᠭ ᠤᠨ ᠣᠷᠳᠣᠨ ᠰᠢᠨᠵᠢᠯᠡᠬᠦ ᠣᠬᠠᠭᠠᠨ ᠮᠡᠷᠭᠡᠵᠢᠯ ᠢ ᠬᠤᠳᠠᠯᠳᠣᠨ ᠠᠪᠬᠤ ᠨᠡᠶᠢᠲᠡ ᠶᠢᠨ ᠦᠢᠯᠡᠴᠢᠯᠡᠭᠡᠨ ᠤ ᠳᠦᠷᠢᠮ ᠢ ᠪᠠᠶᠢᠭᠤᠯᠬᠤ ᠪᠠ ᠶᠠᠪᠣᠭᠳᠠᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ᠂ ᠮᠡᠷᠭᠡᠵᠢᠯ ᠤᠨ ᠳᠡᠯᠭᠡᠷᠡᠬᠦᠯᠦᠯᠲᠡ ᠵᠡᠷᠭᠡ ᠲᠣᠰᠬᠠᠢ ᠮᠡᠷᠭᠡᠵᠢᠯ ᠤᠨ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠠᠵᠢᠯ ᠢ ᠪᠣᠯ ᠨᠦᠬᠦᠴᠡᠯ ᠳᠤ ᠨᠡᠶᠢᠴᠡᠭᠰᠡᠨ ᠰᠢᠨᠵᠢᠯᠡᠬᠦ ᠣᠬᠠᠭᠠᠨ ᠮᠡᠷᠭᠡᠵᠢᠯ ᠤᠨ ᠵᠠᠭᠤᠴᠢ ᠦᠢᠯᠡᠴᠢᠯᠡᠭᠡᠨ ᠤ ᠪᠠᠶᠢᠭᠤᠯᠣᠮᠵᠢ ᠳᠤ ᠨᠠᠶᠢᠲᠠᠨ ᠰᠢᠢᠳᠪᠦᠷᠢᠯᠡᠬᠦᠯᠵᠣ ᠪᠣᠯᠣᠨ᠎ᠠ᠃

     ᠭᠤᠷᠪᠠᠳᠤᠭᠠᠷ ᠪᠦᠯᠦᠭ  ᠠᠵᠣ ᠠᠬᠤᠶᠢᠯᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠡ

     ᠠᠷᠪᠠᠨ ᠨᠠᠢᠮᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠠᠴᠠ ᠠᠵᠣ ᠠᠬᠤᠶᠢᠯᠠᠯ ᠢᠶᠠᠷ ᠭᠤᠣᠯ ᠴᠣᠭᠴᠠ ᠪᠣᠯᠭᠠᠨ᠂ ᠵᠠᠬ᠎ᠠ ᠳᠡᠯᠭᠡᠭᠦᠷ ᠢᠶᠠᠷ ᠣᠳᠣᠷᠢᠳᠣᠮᠵᠢ ᠪᠣᠯᠭᠠᠵᠣ᠂ ᠠᠵᠣ ᠠᠬᠤᠶᠢᠯᠠᠯ ᠨᠢ ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠲᠠᠢ ᠬᠠᠷᠢᠯᠴᠠᠨ ᠣᠶᠠᠯᠳᠣᠭᠰᠠᠨ ᠮᠡᠷᠭᠡᠵᠢᠯ ᠤᠨ ᠰᠢᠨ᠎ᠡ ᠶᠢ ᠡᠬᠦᠳᠬᠦ ᠰᠢᠰᠲ᠋ᠧᠮ ᠢ ᠪᠠᠶᠢᠭᠤᠯᠵᠣ᠂ ᠠᠵᠣ ᠠᠬᠤᠶᠢᠯᠠᠯ ᠪᠠ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠠ ᠶᠢᠨ ᠪᠠᠶᠢᠭᠤᠯᠣᠮᠵᠢ᠂ ᠲᠡᠭᠡᠲᠦ ᠵᠡᠷᠭᠡ ᠶᠢᠨ ᠰᠣᠷᠭᠠᠭᠤᠯᠢ ᠬᠠᠮᠲᠣᠷᠠᠨ ᠰᠢᠨᠵᠢᠯᠡᠬᠦ ᠣᠬᠠᠭᠠᠨ ᠮᠡᠷᠭᠡᠵᠢᠯ ᠤᠨ ᠪᠣᠭᠤᠮᠲᠠ ᠰᠢᠪᠲᠣᠯᠬᠤ ᠠᠵᠢᠯᠯᠠᠭ᠎ᠠ ᠦᠷᠨᠢᠬᠦᠯᠵᠣ᠂ ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ᠂ ᠰᠢᠨ᠎ᠡ ᠣᠷᠠᠯᠠᠯ᠂ ᠰᠢᠨ᠎ᠡ ᠪᠠᠷᠢᠮᠵᠢᠶᠠᠨ ᠤ ᠰᠣᠳᠣᠯᠭᠠᠨ ᠨᠡᠭᠡᠭᠡᠯᠲᠡ ᠶᠢ ᠬᠤᠷᠰᠢᠨ ᠬᠢᠬᠦ ᠶᠢ ᠳᠡᠮᠵᠢᠨ᠎ᠡ᠃
     ᠠᠷᠪᠠ ᠶᠢᠰᠦᠳᠦᠭᠡᠷ ᠵᠦᠢᠯ  ᠠᠵᠣ ᠦᠢᠯᠡᠰ ᠤᠨ ᠬᠠᠷᠠᠯᠲᠠ ᠲᠣᠲᠣᠷᠬᠠᠢ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠦᠷᠦᠯ ᠵᠦᠢᠯ ᠢ ᠨᠦᠬᠦᠴᠡᠯ ᠲᠠᠢ ᠠᠵᠣ ᠠᠬᠤᠶᠢᠯᠠᠯ ᠠᠴᠠ ᠲᠦᠷᠦᠬᠦᠯᠡᠨ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠵᠣ ᠪᠠᠶᠢᠭ᠎ᠠ ᠢᠨᠵᠧᠨᠧᠷᠢᠩ ᠤᠨ ᠮᠡᠷᠭᠡᠵᠢᠯ ᠤᠨ ᠲᠦᠷᠦᠯ ᠤᠨ ᠰᠣᠳᠣᠯᠭᠠᠨ ᠤ ᠲᠦᠪ ᠪᠠ ᠲᠣᠷᠰᠢᠯᠲᠠ ᠶᠢᠨ ᠲᠠᠰᠤᠭ ᠢ ᠨᠦᠬᠦᠴᠡᠯ ᠪᠦᠷᠢᠯᠳᠦᠬᠦᠯᠦᠭᠰᠡᠨ ᠠᠵᠢᠯ ᠲᠦᠷᠦᠯ ᠤᠨ ᠭᠤᠣᠯᠯᠠᠭᠴᠢ ᠠᠵᠣ ᠠᠬᠤᠶᠢᠯᠠᠯ ᠳᠤ ᠲᠡᠷᠢᠬᠦᠯᠡᠨ ᠪᠠᠶᠢᠷᠢᠯᠠᠭᠤᠯᠣᠨ᠎ᠠ᠃
     ᠬᠤᠷᠢᠳᠤᠭᠠᠷ ᠵᠦᠢᠯ  ᠠᠵᠣ ᠠᠬᠤᠶᠢᠯᠠᠯ ᠬᠢᠭᠡᠳ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ᠂ ᠲᠡᠭᠡᠲᠦ ᠵᠡᠷᠭᠡ ᠶᠢᠨ ᠰᠣᠷᠭᠠᠭᠤᠯᠢ ᠪᠣᠶᠣ ᠪᠣᠯᠪᠠᠰᠣᠷᠠᠭᠤᠯᠬᠤ ᠪᠠᠶᠢᠭᠤᠯᠣᠮᠵᠢ ᠯᠤᠭ᠎ᠠ ᠲᠠᠲᠣᠯᠭ᠎ᠠ ᠬᠢᠬᠦ ᠪᠣᠯᠪᠠᠰᠣᠷᠠᠯ ᠤᠨ ᠰᠠᠭᠤᠷᠢᠨ ᠭᠠᠵᠠᠷ ᠢ ᠬᠠᠮᠲᠣᠷᠠᠨ ᠪᠠᠶᠢᠭᠤᠯᠵᠣ᠂ ᠲᠣᠰᠬᠠᠢ ᠮᠡᠷᠭᠡᠵᠢᠯ ᠤᠨ ᠠᠵᠢᠯᠲᠠᠨ ᠢ ᠬᠦᠮᠦᠵᠢᠬᠦᠯᠬᠦ ᠶᠢ ᠵᠣᠷᠢᠬᠵᠢᠭᠤᠯᠣᠨ᠎ᠠ᠃
     ᠬᠤᠷᠢᠨ ᠨᠢᠭᠡᠳᠦᠭᠡᠷ ᠵᠦᠢᠯ  ᠠᠵᠣ ᠠᠬᠤᠶᠢᠯᠠᠯ ᠨᠢ ᠠᠵᠢᠯᠲᠠᠨ ᠠᠵᠢᠯᠴᠢᠨ ᠤ ᠡᠬᠦᠲᠦᠨ ᠪᠦᠲᠦᠭᠡᠬᠦ᠂ ᠮᠡᠷᠭᠡᠵᠢᠯ ᠤᠨ ᠪᠣᠭᠤᠮᠲᠠ ᠰᠢᠪᠲᠣᠯᠬᠤ᠂ ᠮᠡᠷᠭᠡᠵᠢᠯ ᠤᠨ ᠰᠢᠨ᠎ᠡ ᠶᠢ ᠡᠬᠦᠳᠬᠦ ᠵᠢᠴᠢ ᠵᠦᠢ ᠵᠣᠬᠢᠰᠲᠠᠢ ᠰᠠᠨᠠᠭᠤᠯᠭ᠎ᠠ ᠲᠣᠷᠠᠳᠬᠤ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠬᠤ ᠶᠢᠨ ᠬᠠᠮᠲᠣ ᠬᠦᠬᠢᠬᠦᠯᠦᠨ᠎ᠡ᠃
     ᠬᠤᠷᠢᠨ ᠬᠤᠶᠠᠳᠤᠭᠠᠷ ᠵᠦᠢᠯ  ᠠᠵᠣ ᠠᠬᠤᠶᠢᠯᠠᠯ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠠᠵᠣ ᠦᠢᠯᠡᠰ ᠤᠨ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠣᠰᠣᠭᠠᠷ᠂ ᠮᠡᠷᠬᠡᠵᠢᠯ ᠤᠨ ᠦᠭᠡᠷᠡᠴᠢᠯᠡᠯᠲᠡ ᠪᠠ ᠲᠦᠬᠦᠭᠡᠷᠦᠮᠵᠢ ᠶᠢᠨ ᠰᠢᠨᠡᠴᠢᠯᠡᠯᠲᠡ ᠶᠢ ᠲᠦᠷᠬᠡᠳᠬᠡᠵᠣ᠂ ᠬᠤᠴᠣᠷᠣᠩᠭᠤᠢ ᠮᠡᠷᠬᠡᠵᠢᠯ᠂ ᠲᠦᠬᠦᠭᠡᠷᠦᠮᠵᠢ᠂ ᠣᠷᠠᠯᠠᠯ ᠢ ᠰᠢᠭᠰᠢᠭᠳᠡᠬᠦᠯᠵᠣ᠂ ᠮᠡᠷᠬᠡᠵᠢᠯ ᠬᠤᠴᠣᠷᠣᠩᠭᠤᠢ ᠪᠦᠲᠦᠭᠡᠭᠳᠡᠬᠦᠨ ᠢ ᠦᠢᠯᠡᠳᠪᠦᠷᠢᠯᠡᠬᠦ ᠪᠠᠨ ᠵᠣᠭᠰᠣᠭᠠᠬᠤ ᠬᠡᠷᠡᠭᠲᠠᠢ᠃
     ᠬᠤᠷᠢᠨ ᠭᠤᠷᠪᠠᠳᠤᠭᠠᠷ ᠵᠦᠢᠯ  ᠠᠵᠣ ᠠᠬᠤᠶᠢᠯᠠᠯ ᠨᠢ ᠣᠯᠠᠨ ᠵᠦᠢᠯ ᠤᠨ ᠬᠡᠯᠪᠡᠷᠢ ᠪᠠᠷ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢ ᠵᠣᠬᠢᠶᠠᠨ ᠪᠠᠶᠢᠭᠤᠯᠬᠤ᠂ ᠰᠣᠳᠣᠯᠭᠠᠨ ᠨᠡᠭᠡᠭᠡᠯᠲᠡ ᠪᠠ ᠮᠡᠷᠭᠡᠵᠢᠯ ᠤᠨ ᠰᠢᠨ᠎ᠡ ᠶᠢ ᠡᠬᠦᠳᠬᠦ ᠣᠷᠣᠭᠤᠯᠣᠯᠲᠠ ᠪᠠᠨ ᠨᠡᠮᠡᠭᠳᠡᠬᠦᠯᠬᠦ᠂ ᠰᠣᠳᠣᠯᠭᠠᠨ ᠨᠡᠭᠡᠭᠡᠯᠲᠡ ᠶᠢᠨ ᠰᠡᠳᠦᠪ ᠢ ᠪᠡᠶ᠎ᠡ ᠪᠠᠨ ᠲᠠᠭᠠᠭᠠᠵᠣ ᠲᠣᠭᠲᠠᠭᠠᠬᠤ᠂ ᠮᠡᠷᠭᠡᠵᠢᠯ ᠤᠨ ᠰᠢᠨ᠎ᠡ ᠶᠢ ᠡᠬᠦᠳᠬᠦ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠣᠨ᠎ᠠ᠃
     ᠠᠵᠣ ᠠᠬᠤᠶᠢᠯᠠᠯ ᠨᠢ ᠴᠢᠬᠤᠯᠠ ᠪᠦᠬᠦᠢ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠣᠷᠣᠭᠤᠯᠣᠯᠲᠠ ᠶᠢ ᠪᠠᠲᠣᠯᠠᠬᠤ ᠬᠡᠷᠡᠭᠲᠠᠢ᠃ ᠬᠡᠪᠴᠢᠶᠠᠨ ᠠᠴᠠ ᠳᠡᠭᠡᠭᠰᠢᠬᠢ ᠠᠵᠣ ᠠᠬᠤᠶᠢᠯᠠᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠨᠢ ᠳᠡᠭᠡᠷ᠎ᠡ ᠵᠢᠯ ᠤᠨ ᠪᠣᠷᠣᠯᠠᠭᠤᠯᠣᠯᠲᠠ ᠶᠢᠨ ᠣᠷᠣᠯᠭ᠎ᠠ ᠶᠢᠨ ᠵᠠᠭᠤᠨ ᠤ ᠨᠢᠭᠡ ᠠᠴᠠ ᠲᠣᠣᠷ᠎ᠠ ᠪᠠᠶᠢᠵᠣ ᠪᠣᠯᠬᠤ ᠦᠭᠡᠢ᠂ ᠲᠣᠮᠣ ᠲᠣᠮᠲᠠ ᠬᠡᠯᠪᠡᠷᠢ ᠶᠢᠨ ᠠᠵᠣ ᠠᠬᠤᠶᠢᠯᠠᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠨᠢ ᠳᠡᠭᠡᠷ᠎ᠡ ᠵᠢᠯ ᠤᠨ ᠪᠣᠷᠣᠯᠠᠭᠤᠯᠣᠯᠲᠠ ᠶᠢᠨ ᠣᠷᠣᠯᠭ᠎ᠠ ᠶᠢᠨ ᠵᠠᠭᠤᠨ ᠤ ᠬᠤᠶᠠᠷ ᠠᠴᠠ ᠲᠣᠣᠷ᠎ᠠ ᠪᠠᠶᠢᠵᠣ ᠪᠣᠯᠬᠤ ᠦᠭᠡᠢ᠂ ᠳᠡᠭᠡᠲᠦ ᠰᠢᠨ᠎ᠡ ᠮᠡᠷᠭᠡᠵᠢᠯ ᠤᠨ ᠠᠵᠣ ᠠᠬᠤᠶᠢᠯᠠᠯ ᠪᠠ ᠰᠢᠨ᠎ᠡ ᠶᠢ ᠡᠬᠦᠳᠬᠦ ᠬᠡᠯᠪᠡᠷᠢ ᠶᠢᠨ ᠠᠵᠣ ᠠᠬᠤᠶᠢᠯᠠᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠨᠢ ᠳᠡᠭᠡᠷᠡᠬᠢ ᠵᠢᠯ ᠤᠨ ᠪᠣᠷᠣᠯᠠᠭᠤᠯᠣᠯᠲᠠ ᠶᠢᠨ ᠣᠷᠣᠯᠭ᠎ᠠ ᠶᠢᠨ ᠵᠠᠭᠤᠨ ᠤ ᠭᠤᠷᠪᠠ ᠠᠴᠠ ᠲᠣᠣᠷ᠎ᠠ ᠪᠠᠶᠢᠵᠣ ᠪᠣᠯᠬᠤ ᠦᠭᠡᠢ᠃ ᠰᠣᠳᠣᠯᠭᠠᠨ ᠨᠡᠭᠡᠭᠡᠯᠲᠡ ᠶᠢᠨ ᠵᠠᠷᠣᠳᠠᠯ ᠢ ᠠᠵᠣ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠦᠪᠡᠷ ᠤᠨ ᠦᠷᠳᠡᠭ ᠲᠠᠬᠢ ᠵᠠᠷᠣᠯᠭ᠎ᠠ ᠪᠠᠷ ᠵᠢᠭᠰᠠᠭᠠᠨ᠎ᠠ᠃
     ᠬᠤᠷᠢᠨ ᠲᠥᠷᠪᠡᠳᠦᠭᠡᠷ ᠵᠦᠢᠯ  ᠠᠵᠣ ᠠᠬᠤᠶᠢᠯᠠᠯ ᠠᠴᠠ ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ᠂ ᠰᠢᠨ᠎ᠡ ᠣᠷᠠᠯᠠᠯ ᠢ ᠨᠡᠭᠡᠭᠡᠨ ᠬᠦᠭᠵᠢᠬᠦᠯᠬᠦ ᠳᠤ ᠡᠬᠦᠰᠦᠭᠰᠡᠨ ᠰᠣᠳᠣᠯᠭᠠᠨ ᠨᠡᠭᠡᠭᠡᠯᠲᠠ ᠶᠢᠨ ᠵᠠᠷᠣᠳᠠᠯ ᠨᠢ ᠣᠯᠣᠰ ᠤᠨ ᠲᠣᠭᠲᠠᠭᠠᠯ ᠳᠤ ᠨᠡᠶᠢᠴᠡᠪᠠᠯ᠂ ᠲᠣᠰᠢᠶᠠᠬᠤ ᠵᠣᠬᠢᠰᠲᠠᠢ ᠣᠯᠵᠠᠪᠦᠷᠢ ᠶᠢᠨ ᠭᠠᠶᠢᠯᠢ ᠶᠢ ᠪᠣᠲᠣᠬᠤ ᠦᠶᠡᠰ ᠨᠡᠮᠡᠨ ᠣᠷᠣᠭᠤᠯᠵᠣ ᠪᠣᠲᠣᠨ ᠰᠠᠭᠤᠯᠭᠠᠵᠣ ᠪᠣᠯᠣᠨ᠎ᠠ᠃ ᠭᠠᠶᠢᠯᠢ ᠶᠢᠨ ᠶᠠᠪᠣᠳᠠᠯ ᠤᠨ ᠰᠠᠯᠠᠭ᠎ᠠ ᠮᠦᠴᠢᠷ ᠨᠢ ᠠᠵᠣ ᠠᠬᠤᠶᠢᠯᠠᠯ ᠤᠨ ᠮᠡᠳᠡᠬᠦᠯᠦᠭᠰᠡᠨ ᠰᠣᠳᠣᠯᠭᠠᠨ ᠨᠡᠭᠡᠭᠡᠯᠲᠡ ᠶᠢᠨ ᠲᠦᠷᠦᠯ ᠵᠦᠢᠯ ᠢ ᠮᠠᠭᠠᠳᠯᠠᠨ ᠲᠣᠭᠲᠠᠭᠠᠭᠰᠠᠨ ᠳᠤ ᠣᠨᠳᠣᠣ ᠰᠠᠨᠠᠯ ᠲᠠᠢ ᠪᠣᠯ᠂ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠣᠶᠣ ᠠᠶᠢᠮᠠᠭ ᠤᠨ ᠵᠠᠬᠢᠷᠭ᠎ᠠ᠂ ᠲᠣᠭᠤᠷᠢᠭ ᠲᠠᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠬᠢᠨᠠᠨ ᠲᠣᠭᠲᠠᠭᠠᠭᠰᠠᠨ ᠰᠠᠨᠠᠯ ᠭᠠᠷᠭᠠᠵᠣ ᠦᠭᠬᠦᠨ᠎ᠡ᠃
     ᠬᠤᠷᠢᠨ ᠲᠠᠪᠤᠳᠤᠭᠠᠷ ᠵᠦᠢᠯ  ᠣᠯᠣᠰ ᠤᠨ ᠦᠮᠴᠢᠯᠡᠯᠲᠦ ᠠᠵᠣ ᠠᠬᠤᠶᠢᠯᠠᠯ ᠨᠢ ᠮᠡᠷᠭᠡᠵᠢᠯ ᠤᠨ ᠰᠢᠨ᠎ᠡ ᠶᠢ ᠡᠬᠦᠳᠬᠦ ᠶᠢ ᠬᠢᠨᠠᠨ ᠰᠢᠯᠭᠠᠬᠤ ᠦᠨᠡᠯᠡᠯᠲᠡ ᠶᠢᠨ ᠲᠣᠭᠲᠠᠯᠴᠠᠭ᠎ᠠ ᠶᠢ ᠪᠠᠶᠢᠭᠤᠯᠵᠣ᠂ ᠰᠣᠳᠣᠯᠭᠠᠨ ᠨᠡᠭᠡᠭᠡᠯᠲᠡ ᠶᠢᠨ ᠣᠷᠣᠭᠤᠯᠣᠯᠲᠠ ᠶᠢᠨ ᠡᠷᠴᠢᠮ᠂ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢᠨ ᠪᠦᠲᠦᠭᠡᠨ ᠪᠠᠶᠢᠭᠤᠯᠣᠯᠲᠠ᠂ ᠰᠢᠨ᠎ᠡ ᠪᠦᠲᠦᠭᠡᠭᠳᠡᠬᠦᠨ ᠤ ᠪᠣᠷᠣᠯᠠᠭᠤᠯᠣᠯᠲᠠ ᠶᠢᠨ ᠣᠷᠣᠯᠭ᠎ᠠ᠂ ᠮᠡᠳᠡᠯᠭᠡ ᠶᠢᠨ ᠪᠦᠲᠦᠭᠡᠭᠳᠡᠬᠦᠨ ᠤ ᠡᠷᠭᠡ ᠶᠢᠨ ᠣᠯᠵᠠᠪᠦᠷᠢ᠂ ᠣᠯᠣᠰ ᠤᠨ ᠠᠵᠣ ᠦᠢᠯᠡᠰ ᠤᠨ ᠲᠦᠷᠦ ᠶᠢᠨ ᠪᠣᠳᠣᠯᠭ᠎ᠠ ᠶᠢ ᠬᠡᠷᠡᠭᠵᠢᠬᠦᠯᠬᠦ᠂ ᠰᠢᠨ᠎ᠡ ᠶᠢ ᠡᠬᠦᠳᠬᠦ ᠴᠢᠳᠠᠪᠦᠷᠢᠲᠠᠨ ᠤ ᠡᠩᠨᠡᠭᠡ ᠶᠢ ᠪᠠᠶᠢᠭᠤᠯᠬᠤ ᠵᠡᠷᠭᠡ ᠶᠢ ᠠᠵᠣ ᠠᠬᠤᠶᠢᠯᠠᠯ ᠤᠨ ᠬᠠᠷᠢᠭᠤᠴᠠᠯᠭᠠᠲᠠᠨ ᠤ ᠠᠵᠢᠯ ᠤᠨ ᠪᠦᠲᠦᠮᠵᠢ ᠶᠢ ᠰᠢᠯᠭᠠᠨ ᠬᠢᠨᠠᠬᠤ ᠴᠢᠬᠤᠯᠠ ᠭᠦᠢᠴᠡᠳᠬᠡᠯ ᠲᠤᠭ᠎ᠠ ᠪᠣᠯᠭᠠᠬᠤ ᠬᠡᠷᠡᠭᠲᠠᠢ᠃
     
     ᠲᠥᠷᠪᠡᠳᠦᠭᠡᠷ ᠪᠦᠯᠦᠭ  ᠲᠠᠷᠢᠶᠠᠯᠠᠩ ᠮᠠᠯ ᠠᠵᠣ ᠠᠬᠤᠢ ᠪᠠ ᠨᠡᠶᠢᠭᠡᠮ ᠤᠨ ᠦᠢᠯᠡᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠡ

     ᠬᠤᠷᠢᠨ ᠵᠢᠷᠭᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠰᠢᠰᠲ᠋ᠧᠮ ᠪᠠ ᠲᠠᠷᠢᠶᠠᠯᠠᠩ ᠮᠠᠯ ᠠᠵᠣ ᠠᠬᠤᠢ ᠶᠢᠨ ᠮᠡᠷᠭᠡᠵᠢᠯ ᠳᠡᠯᠭᠡᠷᠡᠬᠦᠯᠬᠦ ᠰᠢᠰᠲ᠋ᠧᠮ ᠢ ᠪᠠᠶᠢᠭᠤᠯᠬᠤ ᠭᠡᠷᠡᠭᠲᠠᠢ︔ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠡᠬᠢ ᠪᠠᠶᠠᠯᠢᠭ ᠢ ᠬᠠᠮᠳᠣᠪᠠᠷ ᠡᠳ᠋ᠯᠡᠬᠦ ᠲᠠᠪᠴᠠᠩ ᠢ ᠪᠠᠶᠢᠭᠤᠯᠵᠣ᠂ ᠲᠠᠷᠢᠶᠠᠯᠠᠩ ᠮᠠᠯ ᠠᠵᠣ ᠠᠬᠤᠢ ᠶᠢᠨ ᠰᠢᠨ᠎ᠡ ᠡᠬᠦᠯᠳᠡᠷ᠂ ᠰᠢᠨ᠎ᠡ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢ ᠳᠡᠮᠵᠢᠵᠣ᠂ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠯᠠᠷᠢᠭᠤᠯᠬᠤ ᠶᠢ ᠠᠬᠢᠭᠤᠯᠵᠣ᠂ ᠲᠠᠷᠢᠶᠠᠯᠠᠩ ᠮᠠᠯ ᠠᠵᠣ ᠠᠬᠤᠢ ᠶᠢᠨ ᠠᠵᠣ ᠦᠢᠯᠡᠰ ᠤᠨ ᠪᠦᠲᠦᠴᠡ ᠶᠢ ᠰᠢᠯᠢᠳᠡᠭᠵᠢᠬᠦᠯᠬᠦ ᠬᠡᠷᠡᠭᠲᠠᠢ︔ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢᠨ ᠬᠤᠪᠢ ᠨᠡᠮᠡᠷᠢ ᠦᠵᠡᠬᠦᠯᠬᠦ ᠨᠣᠷᠮ᠎ᠠ ᠶᠢ ᠳᠡᠭᠡᠭᠰᠢᠯᠡᠬᠦᠯᠵᠣ᠂ ᠦᠨᠳᠦᠷ ᠭᠠᠷᠣᠯᠲᠠ ᠲᠠᠢ᠂ ᠰᠢᠯᠢᠳᠡᠭ ᠴᠢᠨᠠᠷ ᠲᠠᠢ᠂ ᠦᠨᠳᠦᠷ ᠦᠷ᠎ᠡ ᠠᠰᠢᠭ ᠲᠠᠢ᠂ ᠠᠮᠢ ᠠᠬᠤᠢ ᠶᠢᠨ᠂ ᠠᠶᠤᠯ ᠦᠭᠡᠢ ᠣᠳᠣ ᠦᠶ᠎ᠡ ᠶᠢᠨ ᠲᠠᠷᠢᠶᠠᠯᠠᠩ ᠮᠠᠯ ᠠᠵᠣ ᠠᠬᠤᠢ ᠶᠢ ᠬᠦᠭᠵᠢᠬᠦᠯᠦᠨ᠎ᠡ᠃
     ᠬᠤᠷᠢᠨ ᠲᠤᠯᠤᠳᠤᠭᠠᠷ ᠵᠦᠢᠯ  ᠨᠦᠬᠦᠴᠡᠯ ᠪᠦᠷᠢᠯᠳᠦᠬᠦᠯᠦᠭᠰᠡᠨ ᠵᠣᠬᠢᠶᠠᠨ ᠪᠠᠶᠢᠭᠤᠯᠣᠯᠲᠠ ᠪᠠ ᠬᠤᠪᠢ ᠬᠦᠮᠦᠨ ᠤ ᠲᠠᠷᠢᠶᠠᠯᠠᠩ ᠮᠠᠯ ᠠᠵᠣ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠵᠢᠱᠢᠶ᠎ᠡ ᠦᠵᠡᠬᠦᠯᠬᠦ ᠬᠦᠷᠢᠶᠡᠯᠡᠩ᠂ ᠠᠵᠣ ᠦᠢᠯᠡᠰᠵᠢᠯᠲᠡ ᠶᠢᠨ ᠰᠠᠭᠤᠷᠢᠨ ᠭᠠᠵᠠᠷ᠂ ᠲᠠᠷᠢᠶᠠᠯᠠᠩ ᠮᠠᠯ ᠠᠵᠣ ᠠᠬᠤᠢ ᠶᠢᠨ ᠵᠠᠩᠬᠢᠴᠢᠯᠠᠭᠰᠠᠨ ᠲᠣᠣᠷ ᠰᠦᠯᠵᠢᠶᠠᠨ ᠤ ᠰᠢᠰᠲ᠋ᠧᠮ ᠪᠠᠶᠢᠭᠤᠯᠬᠤ ᠶᠢ ᠵᠣᠷᠢᠬᠵᠢᠭᠤᠯᠣᠨ᠎ᠠ᠃ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠮᠡᠷᠭᠡᠵᠢᠯ᠂ ᠪᠡᠯᠡ ᠮᠦᠩᠬᠦ᠂ ᠦᠢᠯᠡᠳᠪᠦᠷᠢᠯᠡᠯ ᠤᠨ ᠬᠡᠷᠡᠭᠰᠡᠯ ᠵᠡᠷᠭᠡ ᠲᠠᠯ᠎ᠠ ᠪᠠᠷ ᠳᠡᠮᠵᠢᠯᠭᠡ ᠦᠵᠡᠬᠦᠯᠬᠦ ᠬᠡᠷᠡᠭᠲᠠᠢ᠃
     ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠲᠠᠷᠢᠶᠠᠯᠠᠬᠤ ᠮᠠᠯᠵᠢᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠣᠰᠬᠠᠢ ᠲᠣᠮᠢᠯᠠᠭᠳᠠᠭᠰᠠᠳ ᠤᠨ ᠵᠣᠬᠢᠶᠠᠨ ᠪᠠᠶᠢᠭᠤᠯᠣᠯᠲᠠ᠂ ᠲᠣᠰᠬᠠᠢ ᠮᠡᠷᠭᠡᠵᠢᠯ ᠤᠨ ᠨᠡᠶᠢᠭᠡᠮᠯᠢᠭ ᠪᠠ ᠮᠠᠯᠴᠢᠳ ᠲᠠᠷᠢᠶᠠᠴᠢᠳ ᠤᠨ ᠲᠤᠰᠬᠠᠢ ᠮᠡᠷᠭᠡᠵᠢᠯ ᠤᠨ ᠬᠤᠷᠰᠢᠶᠠᠵᠢᠯ ᠤᠨ ᠠᠵᠣ ᠠᠬᠤᠢ ᠶᠢᠨ ᠵᠣᠬᠢᠶᠠᠨ ᠪᠠᠶᠢᠭᠤᠯᠣᠯᠲᠠ ᠵᠢᠴᠢ ᠭᠠᠵᠠᠷ ᠵᠦᠢ ᠶᠢᠨ ᠰᠢᠨᠵᠢ ᠲᠡᠮᠳᠡᠭᠲᠦ ᠲᠠᠸᠠᠷ ᠤᠨ ᠲᠡᠮᠳᠡᠭ ᠢ ᠭᠤᠶᠣᠴᠢᠯᠠᠭᠰᠠᠨ ᠬᠦᠮᠦᠨ ᠳᠤ ᠮᠡᠷᠭᠡᠵᠢᠯ ᠪᠠ ᠪᠡᠯᠡ ᠮᠦᠩᠬᠦ ᠵᠡᠷᠭᠡ ᠲᠠᠯ᠎ᠠ ᠪᠠᠷ ᠳᠡᠮᠵᠢᠯᠭᠡ ᠦᠵᠡᠬᠦᠯᠬᠦ ᠪᠠᠨ ᠴᠢᠩᠭᠠᠳᠬᠠᠬᠤ ᠭᠡᠷᠡᠭᠲᠠᠢ᠃
     ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠬᠢᠭᠡᠳ ᠮᠠᠯᠴᠢᠳ ᠲᠠᠷᠢᠶᠠᠴᠢᠳ ᠤᠨ ᠲᠣᠰᠬᠠᠢ ᠮᠡᠷᠭᠡᠵᠢᠯ ᠤᠨ ᠬᠤᠷᠰᠢᠶᠠᠵᠢᠯ ᠤᠨ ᠠᠵᠣ ᠠᠬᠤᠢ ᠶᠢᠨ ᠵᠣᠬᠢᠶᠠᠨ ᠪᠠᠶᠢᠭᠤᠯᠣᠯᠲᠠ᠂ ᠲᠠᠷᠢᠶᠠᠯᠠᠩ ᠮᠠᠯ ᠠᠵᠣ ᠠᠬᠤᠢ ᠶᠢᠨ ᠬᠦᠲᠦᠴᠢ ᠠᠵᠣ ᠠᠬᠤᠶᠢᠯᠠᠯ ᠵᠢᠴᠢ ᠮᠠᠯᠴᠢᠨ ᠲᠠᠷᠢᠶᠠᠴᠢᠨ ᠡᠷᠦᠭᠡ ᠵᠡᠷᠭᠡ ᠣᠯᠠᠨ ᠲᠦᠷᠦᠯ ᠤᠨ ᠬᠡᠯᠪᠡᠷᠢ ᠶᠢᠨ ᠮᠡᠷᠭᠡᠵᠢᠯ ᠤᠨ ᠬᠤᠷᠰᠢᠶᠠᠵᠢᠯ ᠦᠷᠨᠢᠬᠦᠯᠬᠦ ᠶᠢ ᠳᠡᠮᠵᠢᠨ᠎ᠡ᠃
     ᠬᠤᠷᠢᠨ ᠨᠠᠢᠮᠠᠳᠤᠭᠠᠷ ᠵᠦᠢᠯ  ᠡᠬᠢ ᠪᠠᠶᠠᠯᠢᠭ ᠪᠠ ᠣᠷᠴᠢᠨ ᠲᠣᠭᠤᠷᠢᠨ᠂ ᠬᠦᠮᠦᠨ ᠠᠮᠠ ᠪᠠ ᠡᠷᠡᠬᠦᠯ ᠴᠢᠬᠢᠷᠠᠭ᠂ ᠠᠭᠤᠷ ᠠᠮᠢᠰᠬᠤᠯ ᠤᠨ ᠬᠤᠪᠢᠷᠠᠯᠲᠠ᠂ ᠭᠠᠮᠰᠢᠭ ᠢ ᠰᠡᠷᠭᠡᠶᠢᠯᠡᠵᠣ ᠭᠠᠮᠰᠢᠭ ᠢ ᠪᠠᠭᠠᠰᠬᠠᠬᠤ᠂ ᠨᠡᠶᠢᠲᠡ ᠶᠢᠨ ᠠᠮᠣᠷ ᠲᠦᠪᠰᠢᠨ᠂ ᠠᠮᠢᠲᠣ ᠪᠣᠳᠠᠰ ᠤᠨ ᠮᠡᠷᠭᠡᠵᠢᠯ᠂ ᠦᠨᠳᠦᠰᠦᠲᠡᠨ ᠤ ᠡᠮ ᠡᠮᠨᠡᠯᠭᠡ᠂ ᠣᠰᠣᠨ ᠤ ᠡᠬᠢ ᠪᠠᠶᠠᠯᠢᠭ ᠢ ᠠᠷᠪᠢᠯᠠᠬᠤ ᠪᠠ ᠬᠠᠮᠠᠭᠠᠯᠠᠬᠤ ᠵᠡᠷᠭᠡ ᠬᠦᠷᠢᠶ᠎ᠡ ᠬᠡᠪᠴᠢᠶᠠᠨ ᠳᠠᠬᠢ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ ᠵᠣᠷᠢᠬᠵᠢᠭᠤᠯᠣᠨ ᠳᠡᠮᠵᠢᠵᠣ᠂ ᠨᠡᠶᠢᠭᠡᠮ ᠤᠨ ᠠᠵᠣ ᠦᠢᠯᠡᠰ ᠤᠨ ᠬᠦᠭᠵᠢᠯᠲᠡ ᠪᠠ ᠲᠠᠪᠰᠢᠯᠲᠠ ᠶᠢ ᠠᠬᠢᠭᠤᠯᠣᠨ᠎ᠠ᠃
     ᠬᠤᠷᠢ ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠰᠢᠨᠵᠢᠯᠡᠬᠦ ᠣᠬᠠᠭᠠᠨ ᠮᠡᠷᠭᠡᠵᠢᠯ ᠢᠶᠠᠷ ᠠᠷᠠᠳ ᠤᠨ ᠠᠮᠢᠳᠣᠷᠠᠯ ᠢ ᠰᠠᠶᠢᠵᠢᠷᠠᠭᠤᠯᠬᠤ ᠴᠢᠳᠠᠪᠦᠷᠢ ᠶᠢ ᠴᠢᠩᠭᠠᠳᠬᠠᠵᠣ᠂ ᠰᠢᠨᠵᠢᠯᠡᠬᠦ ᠣᠬᠠᠭᠠᠨ ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠢᠶᠠᠷ ᠠᠷᠠᠳ ᠲᠤ ᠠᠰᠢᠭ ᠬᠦᠷᠲᠡᠭᠡᠬᠦ ᠮᠡᠷᠭᠡᠵᠢᠯ ᠢ ᠳᠡᠯᠭᠡᠷᠡᠬᠦᠯᠦᠨ ᠲᠦᠭᠡᠮᠡᠯᠵᠢᠬᠦᠯᠬᠦ ᠶᠢ ᠳᠡᠮᠵᠢᠬᠦ ᠬᠡᠷᠡᠭᠲᠠᠢ᠃
     ᠭᠤᠴᠢᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠣᠷᠳᠣᠨ ᠠᠮᠢ ᠠᠬᠤᠢ ᠶᠢᠨ ᠬᠠᠮᠠᠭᠠᠯᠠᠯᠲᠠ᠂ ᠡᠨᠧᠷᠬᠢ ᠠᠷᠪᠢᠯᠠᠵᠣ ᠭᠠᠳᠠᠭᠰᠢᠯᠠᠯ ᠢ ᠪᠠᠭᠠᠰᠬᠠᠬᠤ᠂ ᠡᠬᠢ ᠪᠠᠶᠠᠯᠢᠭ ᠢ ᠶᠡᠷᠦᠩᠭᠡᠶᠢᠯᠡᠨ ᠠᠰᠢᠭᠯᠠᠬᠤ᠂ ᠪᠣᠬᠢᠷᠳᠣᠯ ᠢ ᠬᠢᠵᠠᠭᠠᠷᠯᠠᠬᠤ ᠵᠡᠷᠭᠡ ᠮᠡᠷᠭᠡᠵᠢᠯ ᠤᠨ ᠨᠡᠭᠡᠭᠡᠯᠲᠡ ᠪᠠ ᠲᠦᠪᠯᠡᠷᠡᠯ ᠢ ᠳᠡᠮᠵᠢᠵᠣ᠂ ᠣᠷᠴᠢᠯ ᠠᠵᠣ ᠠᠬᠤᠢ ᠶᠢ ᠬᠦᠭᠵᠢᠬᠦᠯᠬᠦ ᠶᠢ ᠵᠣᠷᠢᠬᠵᠢᠭᠤᠯᠣᠨ᠂ ᠣᠷᠣᠨ ᠪᠦᠰᠡ ᠶᠢᠨ ᠦᠷᠬᠦᠯᠵᠢᠯᠡᠯ ᠭᠦᠭᠵᠢᠯᠲᠡ ᠶᠢᠨ ᠴᠢᠳᠠᠪᠦᠷᠢ ᠶᠢ ᠳᠡᠭᠡᠭᠰᠢᠯᠡᠬᠦᠯᠬᠦ ᠬᠡᠷᠡᠭᠲᠠᠢ᠃

     ᠲᠠᠪᠤᠳᠤᠭᠠᠷ ᠪᠦᠯᠦᠭ  ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ

     ᠭᠤᠴᠢᠨ ᠨᠢᠭᠡᠳᠦᠭᠡᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢᠨ ᠪᠠᠶᠢᠷᠢᠯᠠᠭᠤᠯᠣᠯᠲᠠ ᠶᠢ ᠨᠢᠭᠡᠳᠦᠯᠲᠠᠢ ᠲᠦᠯᠦᠪᠵᠢᠬᠦᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠡᠬᠢ ᠪᠠᠶᠠᠯᠢᠭ ᠤᠨ ᠲᠣᠬᠢᠷᠠᠭᠤᠯᠣᠯᠲᠠ ᠶᠢ ᠰᠢᠯᠢᠳᠡᠭᠵᠢᠬᠦᠯᠦᠨ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠰᠢᠰᠲ᠋ᠧᠮ ᠢ ᠪᠠᠶᠢᠭᠤᠯᠣᠨ ᠳᠡᠬᠦᠯᠳᠡᠷᠵᠢᠬᠦᠯᠦᠨ᠎ᠡ᠃
     ᠭᠤᠴᠢᠨ ᠬᠤᠶᠠᠳᠤᠭᠠᠷ ᠵᠦᠢᠯ  ᠨᠡᠶᠢᠲᠡ ᠶᠢᠨ ᠠᠰᠠᠷᠠᠮᠵᠢ ᠶᠢᠨ ᠲᠦᠷᠦᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠨᠢ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠦᠢᠯᠡᠴᠢᠯᠡᠭᠡᠨ ᠤ ᠴᠢᠭᠯᠡᠯᠲᠡ ᠶᠢ ᠪᠠᠷᠢᠮᠲᠠᠯᠠᠵᠣ᠂ ᠨᠡᠶᠢᠭᠡᠮ ᠨᠡᠶᠢᠲᠡ ᠶᠢᠨ ᠬᠦᠷᠢᠶ᠎ᠡ ᠬᠡᠪᠴᠢᠶᠠᠨ ᠤ ᠣᠨᠴᠠᠯᠢᠭ ᠲᠤ ᠵᠣᠬᠢᠴᠠᠬᠤ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠲᠣᠯᠭᠠᠭᠤᠷᠢ ᠲᠣᠭᠲᠠᠯᠴᠠᠭ᠎ᠠ ᠶᠢ ᠪᠠᠶᠢᠭᠤᠯᠬᠤ ᠭᠡᠷᠡᠭᠲᠠᠢ᠃
     ᠰᠠᠭᠤᠷᠢ ᠰᠣᠳᠣᠯᠭᠠᠨ ᠤ ᠲᠦᠷᠦᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠪᠠᠶᠢᠯᠳᠣᠬᠤ ᠪᠣᠳᠣᠯᠭ᠎ᠠ ᠶᠢᠨ ᠬᠡᠷᠡᠭᠴᠡᠭᠡ ᠵᠢᠴᠢ ᠰᠢᠨᠵᠢᠯᠡᠬᠦ ᠣᠬᠠᠭᠠᠨ ᠤ ᠡᠮᠦᠨ᠎ᠡ ᠹᠷᠣᠨᠲ ᠶᠢᠨ ᠠᠰᠠᠭᠤᠳᠠᠯ ᠢ ᠦᠨᠳᠦᠰᠦᠯᠡᠵᠣ᠂ ᠰᠢᠨ᠎ᠡ ᠶᠢ ᠡᠬᠦᠳᠬᠦ ᠠᠮᠢᠵᠢᠷᠠᠯ ᠤᠨ ᠬᠦᠴᠦᠨ ᠢ ᠬᠦᠭᠵᠢᠬᠡᠬᠦ ᠳᠤ ᠠᠰᠢᠭᠲᠠᠢ ᠠᠩᠬᠠᠨ ᠤ ᠰᠢᠨ᠎ᠡ ᠶᠢ ᠡᠬᠦᠳᠬᠦ ᠴᠢᠳᠠᠪᠦᠷᠢ ᠶᠢ ᠳᠡᠭᠡᠭᠰᠢᠯᠡᠬᠦᠯᠬᠦ ᠠᠵᠢᠯᠯᠠᠭᠠᠨ ᠤ ᠲᠣᠭᠲᠠᠯᠴᠠᠭ᠎ᠠ ᠶᠢ ᠲᠡᠬᠦᠯᠳᠡᠷᠵᠢᠬᠦᠯᠬᠦ ᠬᠡᠷᠡᠭᠲᠠᠢ᠃
     ᠮᠡᠷᠭᠡᠵᠢᠯ ᠤᠨ ᠨᠡᠭᠡᠭᠡᠯᠲᠡ ᠶᠢᠨ ᠲᠦᠷᠦᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠨᠢ ᠠᠵᠣ ᠠᠬᠤᠶᠢᠯᠠᠯᠴᠢᠯᠠᠬᠤ ᠪᠠᠶᠢᠭᠤᠯᠣᠮᠵᠢ ᠶᠢᠨ ᠬᠤᠪᠢᠷᠠᠯᠲᠠ ᠶᠢᠨ ᠴᠢᠭᠯᠡᠯ ᠢ ᠪᠠᠷᠢᠮᠲᠠᠯᠠᠵᠣ᠂ ᠣᠳᠣ ᠦᠶ᠎ᠡ ᠶᠢᠨ ᠠᠵᠣ ᠠᠬᠤᠶᠢᠯᠠᠯ ᠤᠨ ᠳᠦᠷᠢᠮ ᠢ ᠲᠡᠬᠦᠯᠳᠡᠷᠵᠢᠬᠦᠯᠵᠣ᠂ ᠵᠠᠬ᠎ᠠ ᠳᠡᠯᠭᠡᠭᠦᠷ ᠢᠶᠠᠷ ᠣᠳᠣᠷᠢᠳᠣᠮᠵᠢ ᠪᠣᠯᠭᠠᠭᠰᠠᠨ ᠮᠡᠷᠭᠡᠵᠢᠯ ᠤᠨ ᠰᠢᠨ᠎ᠡ ᠶᠢ ᠡᠬᠦᠳᠬᠦ ᠲᠣᠭᠲᠠᠯᠴᠠᠭ᠎ᠠ ᠶᠢ ᠪᠠᠶᠢᠭᠤᠯᠬᠤ ᠭᠡᠷᠡᠭᠲᠠᠢ᠃
     ᠭᠤᠴᠢᠨ ᠭᠤᠷᠪᠠᠳᠤᠭᠠᠷ ᠵᠦᠢᠯ  ᠣᠷᠣᠨ ᠤ ᠭᠠᠳᠠᠨᠠᠬᠢ ᠪᠠ ᠦᠪᠡᠷᠲᠡᠭᠡᠨ ᠵᠠᠰᠠᠬᠤ ᠣᠷᠣᠨ ᠳᠤ ᠰᠠᠭᠤᠭ᠎ᠠ ᠲᠦᠪ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢᠨ ᠦᠪᠡᠷᠲᠡᠭᠡᠨ ᠵᠠᠰᠠᠬᠤ ᠣᠷᠣᠨ ᠳᠤ ᠪᠠᠶᠢᠭᠤᠯᠣᠮᠵᠢ ᠪᠠᠶᠢᠭᠤᠯᠵᠣ᠂ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠳᠤ ᠣᠷᠣᠯᠴᠠᠬᠤ ᠶᠢ ᠵᠣᠷᠢᠬᠵᠢᠭᠤᠯᠣᠨ᠎ᠠ᠃
     ᠨᠡᠶᠢᠭᠡᠮ ᠤᠨ ᠬᠦᠴᠦᠨ ᠤ ᠦᠪᠡᠷᠲᠡᠭᠡᠨ ᠵᠠᠰᠠᠬᠤ ᠣᠷᠣᠨ ᠳᠤ ᠬᠠᠣᠯᠢ ᠶᠣᠰᠣᠭᠠᠷ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠡᠬᠦᠳᠦᠨ ᠪᠠᠶᠢᠭᠤᠯᠬᠤ ᠶᠢ ᠵᠣᠷᠢᠬᠵᠢᠭᠤᠯᠣᠨ᠎ᠠ᠃
     
     ᠵᠢᠷᠭᠤᠳᠤᠭᠠᠷ ᠪᠦᠯᠦᠭ  ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ
 
     ᠭᠤᠴᠢᠨ ᠲᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠢ ᠬᠦᠭᠵᠢᠬᠦᠯᠬᠦ ᠲᠦᠯᠦᠪᠵᠢᠬᠦᠯᠭᠡ ᠲᠣᠭᠲᠠᠭᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠢ ᠬᠦᠮᠦᠵᠢᠬᠦᠯᠬᠦ᠂ ᠣᠷᠣᠭᠤᠯᠬᠤ᠂ ᠬᠡᠷᠡᠭᠯᠡᠬᠦ᠂ ᠰᠢᠯᠵᠢᠬᠦᠯᠬᠦ᠂ ᠦᠨᠡᠯᠡᠬᠦ ᠵᠡᠷᠭᠡ ᠳᠦᠷᠢᠮ ᠢ ᠪᠠᠶᠢᠭᠤᠯᠣᠨ ᠲᠡᠬᠦᠯᠳᠡᠷᠵᠢᠬᠦᠯᠵᠣ᠂ ᠴᠦᠭᠡᠨ ᠲᠣᠭᠠᠲᠣ ᠦᠨᠳᠦᠰᠦᠲᠡᠨ ᠤ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠤ ᠬᠦᠮᠦᠵᠢᠯ ᠢ ᠴᠢᠬᠤᠯᠠᠴᠢᠯᠠᠨ ᠴᠢᠩᠭᠠᠳᠬᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠤ ᠡᠩᠨᠡᠭᠡᠨ ᠤ ᠪᠦᠲᠦᠭᠡᠨ ᠪᠠᠶᠢᠭᠤᠯᠣᠯᠲᠠ ᠳᠤ ᠦᠢᠯᠡᠴᠢᠯᠡᠭᠡ ᠪᠠ ᠪᠠᠲᠣᠯᠠᠭ᠎ᠠ ᠬᠠᠩᠭᠠᠬᠤ ᠭᠡᠷᠡᠭᠲᠠᠢ᠃
     ᠭᠤᠴᠢᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠠᠵᠣ ᠠᠬᠤᠶᠢᠯᠠᠯ ᠵᠡᠷᠭᠡ ᠠᠵᠣ ᠦᠢᠯᠡᠰ ᠤᠨ ᠵᠣᠬᠢᠶᠠᠨ ᠪᠠᠶᠢᠭᠤᠯᠣᠯᠲᠠ ᠨᠢ ᠬᠤᠪᠣᠷ ᠴᠣᠬᠠᠭ ᠬᠡᠯᠪᠡᠷᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠬᠦᠮᠦᠵᠢᠬᠦᠯᠬᠦ ᠪᠠ ᠣᠷᠣᠭᠤᠯᠵᠣ᠂ ᠦᠨᠳᠦᠷ ᠳᠠᠪᠬᠤᠷᠭ᠎ᠠ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠤ ᠰᠢᠨ᠎ᠡ ᠶᠢ ᠡᠬᠦᠳᠴᠣ ᠠᠳᠠᠯ ᠪᠣᠰᠬᠠᠬᠤ ᠶᠢ ᠵᠣᠷᠢᠬᠵᠢᠭᠤᠯᠣᠨ ᠳᠡᠮᠵᠢᠵᠣ᠂ ᠲᠣᠪᠤᠶᠢᠮ᠎ᠠ ᠬᠤᠪᠢ ᠨᠡᠮᠡᠷᠢ ᠭᠠᠷᠭᠠᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠳᠤ ᠡᠯᠪᠡᠭ ᠬᠦᠷᠲᠡᠮᠵᠢ ᠣᠯᠭᠤᠬᠤ ᠬᠡᠷᠡᠭᠲᠠᠢ᠃
     ᠭᠤᠴᠢᠨ ᠵᠢᠷᠭᠤᠳᠤᠭᠠᠷ ᠵᠦᠢᠯ  ᠠᠵᠣ ᠠᠬᠤᠶᠢᠯᠠᠯ ᠨᠢ ᠰᠲ᠋ᠣᠺ ᠤᠨ ᠡᠷᠭᠡ ᠶᠢᠨ ᠬᠦᠬᠢᠬᠦᠯᠦᠯ᠂ ᠰᠲ᠋ᠣᠺ ᠤᠨ ᠡᠷᠭᠡ ᠶᠢ ᠬᠤᠳᠠᠯᠳᠣᠬᠤ᠂ ᠰᠲ᠋ᠣᠺ ᠤᠨ ᠬᠤᠭᠤᠴᠠᠭᠠᠲᠣ ᠡᠷᠭᠡ᠂ ᠣᠷᠣᠯᠭ᠎ᠠ ᠬᠤᠪᠢᠶᠠᠵᠣ ᠵᠣᠷᠢᠬᠵᠢᠭᠤᠯᠬᠤ ᠵᠡᠷᠭᠡ ᠠᠷᠭ᠎ᠠ ᠬᠡᠯᠪᠡᠷᠢ ᠪᠠᠷ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳᠬᠡᠭᠰᠡᠨ ᠬᠦᠮᠦᠨ ᠳᠤ ᠪᠣᠳᠠᠰ ᠤᠨ ᠬᠦᠬᠢᠬᠦᠯᠦᠯ ᠬᠦᠷᠲᠡᠭᠡᠵᠣ ᠪᠣᠯᠣᠨ᠎ᠠ᠃
     ᠭᠤᠴᠢᠨ ᠲᠤᠯᠤᠳᠤᠭᠠᠷ ᠵᠦᠢᠯ  ᠳᠡᠭᠡᠲᠦ ᠵᠡᠷᠭᠡ ᠶᠢᠨ ᠰᠣᠷᠭᠠᠭᠤᠯᠢ᠂ ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠶᠢᠭᠤᠯᠣᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠨᠢ ᠮᠡᠷᠭᠡᠵᠢᠯ ᠰᠢᠯᠵᠢᠬᠦᠯᠦᠨ ᠦᠭᠬᠦ ᠬᠡᠯᠪᠡᠷᠢ ᠪᠠᠷ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠪᠣᠰᠣᠳ ᠲᠤ ᠦᠭᠴᠣ ᠬᠡᠷᠡᠭᠵᠢᠬᠦᠯᠦᠭᠰᠡᠨ ᠪᠣᠯ᠂ ᠮᠡᠷᠭᠡᠵᠢᠯ ᠰᠢᠯᠵᠢᠬᠦᠯᠦᠨ ᠦᠭᠬᠦ ᠳᠤ ᠣᠯᠣᠭᠰᠠᠨ ᠴᠡᠪᠡᠷ ᠣᠷᠣᠯᠭ᠎ᠠ ᠶᠢᠨ ᠵᠠᠭᠤᠨ ᠤ ᠭᠤᠴᠢ ᠠᠴᠠ ᠲᠣᠷᠣᠭᠰᠢ ᠪᠠᠶᠢᠵᠣ ᠪᠣᠯᠬᠤ ᠦᠭᠡᠢ᠂ ᠵᠠᠭᠤᠨ ᠤ ᠲᠠᠯᠠ ᠠᠴᠠ ᠬᠡᠲᠦᠷᠡᠬᠦ ᠦᠭᠡᠢ ᠬᠠᠷᠢᠴᠠᠯ ᠢᠶᠠᠷ ᠭᠠᠷᠭᠠᠨ ᠠᠪᠴᠣ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳᠭᠡᠭᠰᠡᠨ ᠬᠦᠮᠦᠨ ᠪᠠ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠲᠠ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ ᠳᠤ ᠨᠢᠭᠡ ᠯᠠ ᠣᠳᠠᠭ᠎ᠠ ᠶᠢᠨ ᠴᠢᠨᠠᠷᠲᠠᠢ ᠬᠦᠬᠢᠬᠦᠯᠬᠦ ᠳᠤ ᠬᠡᠷᠡᠭᠯᠡᠵᠣ ᠪᠣᠯᠣᠨ᠎ᠠ︔ ᠬᠤᠪᠢ ᠣᠷᠣᠭᠤᠯᠬᠤ ᠳᠦᠷᠢᠮ ᠤᠨ ᠬᠡᠯᠪᠡᠷᠢ ᠪᠠᠷ ᠣᠯᠠᠷᠢᠭᠤᠯᠣᠯᠲᠠ ᠶᠢ ᠬᠡᠷᠡᠭᠵᠢᠬᠦᠯᠦᠭᠰᠡᠨ ᠪᠣᠯ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢᠶᠠᠷ ᠰᠲ᠋ᠣᠺ ᠤᠨ ᠡᠷᠭᠡ ᠪᠣᠯᠣᠨ ᠪᠦᠷᠢᠯᠳᠦᠭᠰᠡᠨ ᠬᠡᠰᠡᠭ ᠤᠨ ᠵᠠᠭᠤᠨ ᠤ ᠭᠤᠴᠢ ᠠᠴᠠ ᠲᠣᠷᠣᠭᠰᠢ ᠪᠠᠶᠢᠵᠣ ᠪᠣᠯᠬᠤ ᠦᠭᠡᠢ ᠵᠠᠭᠤᠨ ᠤ ᠲᠠᠯᠠ ᠠᠴᠠ ᠬᠡᠲᠦᠷᠡᠬᠦ ᠦᠭᠡᠢ ᠬᠡᠰᠡᠭ ᠢ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳᠭᠡᠭᠰᠡᠨ ᠬᠦᠮᠦᠨ ᠪᠠ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠲᠠ ᠳᠤ ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ ᠳᠤ ᠬᠦᠬᠢᠬᠦᠯᠦᠨ ᠦᠭᠴᠦ ᠪᠣᠯᠣᠨ᠎ᠠ᠃
     ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠠ ᠶᠢᠨ ᠪᠠᠶᠢᠭᠤᠯᠣᠮᠵᠢ ᠵᠠᠰᠠᠭ ᠤᠨ ᠣᠷᠳᠣᠨ ᠤ ᠡᠷᠳᠡᠮ ᠰᠢᠵᠢᠯᠡᠭᠡᠨ ᠤ ᠲᠦᠷᠦᠯ ᠵᠦᠢᠯ ᠢ ᠡᠬᠦᠷᠭᠡᠯᠡᠬᠦ ᠳᠤ ᠪᠦᠷᠢᠯᠳᠦᠭᠰᠡᠨ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ᠂ ᠨᠢᠭᠡ ᠵᠢᠯ ᠤᠨ ᠲᠣᠲᠣᠷ᠎ᠠ ᠣᠯᠠᠷᠢᠨ ᠬᠡᠷᠡᠭᠵᠢᠬᠦᠯᠦᠭᠳᠡᠭᠰᠡᠨ ᠦᠭᠡᠢ ᠪᠣᠯ᠂ ᠲᠣᠰᠢᠶᠠᠯ ᠤᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠡᠷᠭᠡ ᠬᠠᠷᠢᠶ᠎ᠠ ᠶᠢ ᠬᠤᠪᠢᠷᠠᠭᠤᠯᠬᠤ ᠦᠭᠡᠢ ᠣᠷᠢᠳᠠᠴᠢ ᠨᠦᠬᠦᠴᠡᠯ ᠲᠣᠣᠷ᠎ᠠ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠦᠢᠴᠡᠳᠬᠡᠭᠰᠡᠨ ᠬᠦᠮᠦᠨ ᠨᠢ ᠠᠵᠣ ᠠᠬᠤᠶᠢᠯᠠᠯ ᠢ ᠡᠬᠦᠳᠦᠨ ᠪᠠᠶᠢᠭᠤᠯᠬᠤ ᠪᠣᠶᠣ ᠮᠡᠷᠭᠡᠵᠢᠯ ᠢᠶᠠᠷ ᠬᠤᠪᠢ ᠣᠷᠣᠭᠤᠯᠬᠤ ᠬᠡᠯᠪᠡᠷᠢ ᠪᠠᠷ ᠦᠪᠡᠷᠲᠡᠭᠡᠨ ᠵᠠᠰᠠᠬᠤ ᠣᠷᠣᠨ ᠳᠤ ᠠᠵᠣ ᠦᠢᠯᠡᠰᠵᠢᠬᠦᠯᠦᠨ ᠣᠯᠠᠷᠢᠭᠤᠯᠬᠤ ᠶᠢᠨ ᠬᠠᠮᠲᠣ ᠬᠠᠮᠤᠭ ᠶᠡᠭᠡ ᠳᠡᠭᠡᠨ ᠲᠣᠰ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠨᠢ ᠠᠵᠣ ᠠᠬᠤᠶᠢᠯᠠᠯ ᠤᠨ ᠰᠲ᠋ᠣᠺ ᠤᠨ ᠡᠷᠭᠡ ᠶᠢᠨ ᠵᠠᠭᠤᠨ ᠤ ᠳᠠᠯᠠ ᠶᠢ ᠤᠯᠵᠣ ᠪᠣᠯᠣᠨ᠎ᠠ᠃
     ᠠᠵᠣ ᠠᠬᠤᠶᠢᠯᠠᠯ ᠨᠢ ᠲᠣᠰ ᠳᠦᠷᠢᠮ ᠤᠨ ᠨᠢᠭᠡᠳᠦᠭᠡᠷ ᠪᠠᠳᠠᠭ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠰᠣᠳᠣᠯᠭᠠᠨ ᠨᠡᠭᠡᠭᠡᠯᠲᠡ᠂ ᠣᠯᠠᠷᠢᠭᠤᠯᠣᠯᠲᠠ ᠶᠢ ᠬᠡᠷᠡᠭᠵᠢᠬᠦᠯᠬᠦ ᠲᠣᠮᠲᠠ ᠴᠢᠬᠤᠯᠠ ᠬᠤᠪᠢ ᠨᠡᠮᠡᠷᠢ ᠦᠵᠡᠬᠦᠯᠦᠭᠰᠡᠨ ᠬᠦᠮᠦᠨ ᠳᠤ ᠬᠦᠬᠢᠬᠦᠯᠦᠯ ᠬᠦᠷᠲᠡᠭᠡᠵᠣ ᠪᠣᠯᠣᠨ᠎ᠠ᠃      ᠭᠤᠴᠢᠨ ᠨᠠᠢᠮᠠᠳᠤᠭᠠᠷ ᠵᠦᠢᠯ  ᠬᠢᠯᠢ ᠶᠢᠨ ᠭᠠᠳᠠᠨ᠎ᠠ᠂ ᠦᠪᠡᠷᠲᠡᠭᠡᠨ ᠵᠠᠰᠠᠬᠤ ᠣᠷᠣᠨ ᠤ ᠭᠠᠳᠠᠨ᠎ᠠ ᠠᠴᠠ ᠣᠷᠣᠭᠤᠯᠣᠭᠰᠠᠨ ᠦᠨᠳᠦᠷ ᠳᠠᠪᠬᠤᠷᠭ᠎ᠠ ᠶᠢᠨ ᠰᠢᠨ᠎ᠡ ᠶᠢ ᠡᠬᠦᠳᠬᠦ ᠠᠳᠠᠯ ᠪᠣᠰᠬᠠᠬᠤ ᠴᠢᠳᠠᠪᠦᠷᠢᠲᠠᠨ ᠪᠣᠶᠣ ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠮᠵᠢ ᠪᠠᠨ ᠠᠪᠴᠣ ᠦᠪᠡᠷᠲᠡᠭᠡᠨ ᠵᠠᠰᠠᠬᠤ ᠣᠷᠣᠨ ᠳᠤ ᠣᠯᠠᠷᠢᠭᠤᠯᠣᠯᠲᠠ ᠶᠢ ᠨᠡᠭᠡᠭᠡᠨ ᠬᠦᠭᠵᠢᠬᠦᠯᠬᠦ ᠪᠠᠷ ᠢᠷᠡᠭᠰᠡᠨ ᠰᠢᠨᠵᠢᠯᠡᠬᠦ ᠣᠬᠠᠭᠠᠨ ᠮᠡᠷᠭᠡᠵᠢᠯ ᠤᠨ ᠴᠢᠳᠠᠪᠦᠷᠢᠲᠠᠨ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠠᠷᠠᠭᠠᠯᠵᠠᠯ ᠤᠨ ᠲᠦᠷᠦ ᠶᠢᠨ ᠪᠣᠳᠣᠯᠭ᠎ᠠ ᠶᠢ ᠬᠦᠷᠳᠡᠨ᠎ᠡ᠃
     ᠭᠤᠴᠢ ᠶᠢᠰᠦᠳᠦᠭᠡᠷ ᠵᠦᠢᠯ  ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠲᠦᠷᠦᠯ ᠬᠤᠪᠢᠶᠠᠨ ᠬᠢᠨᠠᠨ ᠰᠢᠯᠭᠠᠬᠤ ᠦᠨᠡᠯᠡᠯᠲᠡ ᠶᠢᠨ ᠰᠢᠰᠲ᠋ᠧᠮ ᠢ ᠪᠠᠶᠢᠭᠤᠯᠣᠨ ᠲᠡᠬᠦᠯᠳᠡᠷᠵᠢᠬᠦᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠬᠢᠨᠠᠨ ᠰᠢᠯᠭᠠᠬᠤ ᠪᠠ ᠲᠣᠰᠢᠶᠠᠯ ᠤᠨ ᠴᠣᠯᠠ ᠶᠢ ᠰᠢᠯᠭᠠᠨ ᠲᠣᠭᠲᠠᠭᠠᠬᠤ ᠳᠦᠷᠢᠮ ᠢ ᠬᠠᠯᠠᠨ ᠰᠠᠶᠢᠵᠢᠷᠠᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠲᠠ ᠪᠠ ᠠᠵᠣ ᠦᠢᠯᠡᠰᠵᠢᠯᠲᠡ ᠶᠢᠨ ᠭᠦᠢᠴᠡᠳᠬᠡᠯ ᠲᠤᠭ᠎ᠠ ᠶᠢᠨ ᠡᠷᠭᠡ ᠬᠦᠨᠲᠦ ᠶᠢ ᠳᠡᠭᠡᠭᠰᠢᠯᠡᠬᠦᠯᠵᠣ᠂ ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ᠂ ᠠᠵᠣ ᠠᠬᠤᠶᠢᠯᠠᠯ ᠠᠵᠢᠯ ᠦᠢᠯᠡᠰ ᠤᠨ ᠵᠣᠬᠢᠶᠠᠨ ᠪᠠᠶᠢᠭᠤᠯᠣᠯᠲᠠ ᠶᠢᠨ ᠨᠠᠶᠢᠳᠠᠯᠭ᠎ᠠ ᠪᠠᠷ ᠡᠬᠦᠷᠭᠡᠯᠡᠭᠰᠡᠨ ᠰᠣᠳᠣᠯᠭᠠᠨ ᠨᠡᠭᠡᠭᠡᠯᠲᠡ ᠶᠢᠨ ᠰᠡᠳᠦᠪ ᠢ ᠡᠷᠳᠡᠮ ᠰᠢᠨᠵᠢᠯᠡᠭᠡᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠠᠭᠤᠯᠭ᠎ᠠ ᠳᠤ ᠣᠷᠣᠭᠤᠯᠣᠨ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠶᠢᠨ ᠦᠷ᠎ᠡ ᠪᠦᠲᠦᠭᠡᠯ ᠠᠴᠠ ᠡᠬᠦᠰᠦᠭᠰᠡᠨ ᠠᠵᠣ ᠠᠬᠤᠢ᠂ ᠨᠡᠶᠢᠭᠡᠮ ᠪᠠ ᠠᠮᠢ ᠠᠬᠤᠢ ᠶᠢᠨ ᠦᠷ᠎ᠡ ᠠᠰᠢᠭ ᠢ ᠭᠤᠣᠯᠳᠠᠯᠭ᠎ᠠ ᠲᠠᠢ ᠬᠢᠨᠠᠨ ᠰᠢᠯᠭᠠᠵᠣ ᠦᠨᠡᠯᠡᠨ᠂ ᠰᠢᠨ᠎ᠡ ᠶᠢ ᠡᠬᠦᠳᠬᠦ ᠬᠡᠯᠪᠡᠷᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠯᠢᠳᠡᠭ ᠠᠵᠢᠯᠲᠠᠨ ᠢ ᠲᠣᠰᠬᠠᠢ ᠮᠡᠷᠭᠡᠵᠢᠯ ᠤᠨ ᠲᠣᠰᠢᠶᠠᠯ ᠴᠣᠯᠠ ᠳᠡᠪᠰᠢᠬᠦᠯᠬᠦ ᠦᠶᠡᠰ ᠲᠤᠨᠢ ᠣᠷᠢᠳᠠᠪᠠᠷ ᠪᠣᠳᠣᠯᠬᠢᠯᠠᠨ᠎ᠠ᠃                                                                        ᠲᠦᠴᠢᠳᠦᠭᠡᠷ ᠵᠦᠢᠯ  ᠳᠡᠭᠡᠲᠦ ᠵᠡᠷᠭᠡ ᠶᠢᠨ ᠰᠣᠷᠭᠠᠭᠤᠯᠢ ᠪᠠ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠰᠣᠩᠭᠤᠨ ᠲᠣᠮᠢᠯᠠᠵᠣ᠂ ᠦᠨᠳᠦᠰᠦᠨ ᠱᠠᠲᠣ ᠪᠠ ᠠᠵᠣ ᠠᠬᠤᠶᠢᠯᠠᠯ ᠳᠤ ᠬᠦᠨᠵᠡᠭᠡᠶᠢᠷᠡᠨ ᠰᠢᠨᠵᠢᠯᠡᠬᠦ ᠣᠬᠠᠭᠠᠨ ᠤ ᠰᠣᠳᠣᠯᠭᠠᠨ᠂ ᠮᠡᠷᠭᠡᠵᠢᠯ ᠤᠨ ᠰᠢᠨ᠎ᠡ ᠶᠢ ᠡᠬᠦᠳᠬᠦ ᠪᠠ ᠦᠷ᠎ᠡ ᠪᠦᠲᠦᠭᠡᠯ ᠢ ᠣᠯᠠᠷᠢᠭᠤᠯᠬᠤ ᠠᠵᠢᠯᠯᠠᠭ᠎ᠠ ᠦᠷᠨᠢᠬᠦᠯᠬᠦ ᠶᠢ ᠵᠣᠷᠢᠬᠵᠢᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠦᠨᠳᠦᠰᠦᠨ ᠱᠠᠲᠣᠨ ᠳᠤ ᠦᠢᠯᠡᠴᠢᠯᠡᠬᠦ᠂ ᠠᠵᠣ ᠠᠬᠤᠶᠢᠯᠠᠯ ᠳᠤ ᠦᠢᠯᠡᠴᠢᠯᠡᠬᠦ ᠳᠠᠭᠠᠭᠠᠮᠠᠭᠠᠢ ᠲᠣᠭᠲᠠᠯᠴᠠᠭ᠎ᠠ ᠬᠢᠭᠡᠳ ᠬᠢᠨᠠᠨ ᠰᠢᠯᠭᠠᠬᠤ ᠦᠨᠡᠯᠡᠯᠲᠡ ᠶᠢᠨ ᠲᠣᠭᠲᠠᠯᠴᠠᠭ᠎ᠠ ᠶᠢ ᠪᠠᠶᠢᠭᠤᠯᠣᠨ ᠲᠡᠬᠦᠯᠳᠡᠷᠵᠢᠬᠦᠯᠦᠨ᠎ᠡ᠃
     ᠲᠦᠴᠢᠨ ᠨᠢᠭᠡᠳᠦᠭᠡᠷ ᠵᠦᠢᠯ  ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠶᠢᠭᠤᠯᠣᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠰᠠᠭᠤᠷᠢ ᠮᠦᠩᠬᠦ ᠶᠢᠨ ᠲᠦᠷᠦᠯ ᠵᠦᠢᠯ᠂ ᠰᠢᠨᠵᠢᠯᠡᠬᠦ ᠣᠬᠠᠭᠠᠨ ᠮᠡᠷᠭᠡᠵᠢᠯ ᠤᠨ ᠲᠦᠯᠦᠪᠯᠡᠭᠡᠨ ᠤ ᠲᠦᠷᠦᠯ ᠵᠦᠢᠯ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠲᠦᠷᠦᠯ ᠵᠦᠢᠯ ᠳᠤ ᠣᠷᠣᠯᠴᠠᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠳᠤ ᠡᠷᠳᠡᠮ ᠰᠢᠨᠵᠢᠯᠡᠭᠡᠨ ᠤ ᠢᠳᠡᠬᠡᠮᠵᠢ ᠶᠢᠨ ᠳᠠᠩᠰᠠ ᠡᠪᠬᠡᠮᠡᠯ ᠢ ᠪᠠᠶᠢᠭᠤᠯᠬᠤ ᠭᠡᠷᠡᠭᠲᠠᠢ᠂ ᠡᠬᠦᠨ ᠢ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠢ ᠲᠣᠰᠬᠠᠢ ᠮᠡᠷᠭᠡᠵᠢᠯ ᠤᠨ ᠲᠣᠰᠢᠶᠠᠯ ᠴᠣᠯᠠ ᠳᠤ ᠣᠷᠢᠨ ᠲᠣᠮᠢᠯᠠᠬᠤ᠂ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠤ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠲᠦᠷᠦᠯ ᠵᠦᠢᠯ ᠢ ᠭᠤᠶᠣᠴᠢᠯᠠᠬᠤ ᠶᠢ ᠬᠢᠨᠠᠨ ᠵᠦᠪᠰᠢᠶᠡᠷᠡᠬᠦ ᠵᠡᠷᠭᠡ ᠶᠢᠨ ᠡᠰᠢ ᠪᠠᠷᠢᠮᠲᠠ ᠪᠣᠯᠭᠠᠨ᠎ᠠ᠃
     ᠲᠦᠴᠢᠨ ᠬᠤᠶᠠᠳᠤᠭᠠᠷ ᠵᠦᠢᠯ  ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠶᠢᠭᠤᠯᠣᠭᠰᠠᠨ ᠬᠠᠶᠢᠨ ᠰᠦᠪᠡᠭᠴᠢᠯᠡᠬᠦ ᠴᠢᠨᠠᠷ ᠢᠶᠠᠷ ᠴᠢᠩᠭ᠎ᠠ᠂ ᠲᠦᠭᠰᠢᠬᠦᠷᠢ ᠶᠡᠭᠡᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠲᠦᠷᠦᠯ ᠵᠦᠢᠯ ᠢ ᠡᠬᠦᠷᠭᠡᠯᠡᠭᠰᠡᠨ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ᠂ ᠨᠢᠭᠡᠨᠲᠡ ᠬᠠᠷᠢᠭᠤᠴᠠᠯᠭ᠎ᠠ ᠪᠠᠨ ᠴᠢᠷᠮᠠᠶᠢᠨ ᠪᠡᠶᠡᠯᠡᠬᠦᠯᠬᠦ ᠡᠬᠦᠷᠭᠡ ᠪᠠᠨ ᠭᠦᠢᠴᠡᠳᠬᠡᠭᠰᠡᠨ ᠪᠣᠯᠪᠠᠴᠣ ᠲᠦᠷᠦᠯ ᠵᠦᠢᠯ ᠢ ᠬᠠᠷᠠᠬᠠᠨ ᠭᠦᠢᠴᠡᠳᠬᠡᠵᠣ ᠳᠡᠶᠢᠯᠦᠭᠰᠡᠨ ᠦᠭᠡᠢ ᠶᠢ ᠠᠩᠬᠠᠨ ᠤ ᠳᠡᠮᠳᠡᠭᠯᠡᠯ ᠳᠤᠨᠢ ᠬᠡᠷᠡᠴᠢᠯᠡᠵᠣ ᠪᠠᠶᠢᠪᠠᠯ᠂ ᠲᠣᠰᠬᠠᠢ ᠮᠡᠷᠭᠡᠵᠢᠯᠲᠡᠨ ᠤ ᠵᠦᠪᠯᠡᠨ ᠲᠣᠭᠲᠠᠭᠠᠬᠤ ᠪᠠ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢᠶᠠᠷ ᠵᠦᠪᠰᠢᠶᠡᠷᠡᠬᠦᠯᠪᠡᠯ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠲᠦᠷᠦᠯ ᠵᠦᠢᠯ ᠤᠨ ᠰᠡᠳᠦᠪ ᠢ ᠳᠡᠬᠦᠰᠬᠡᠵᠣ ᠪᠣᠯᠣᠨ᠎ᠠ᠂ ᠳᠠᠬᠢᠨ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠭᠤᠶᠣᠴᠢᠯᠠᠬᠤ ᠶᠢ ᠨᠢ ᠨᠦᠯᠦᠭᠡᠯᠡᠬᠦ ᠦᠭᠡᠢ᠃

     ᠳᠣᠯᠣᠳᠤᠭᠠᠷ ᠪᠦᠯᠦᠭ  ᠪᠠᠳᠣᠯᠠᠪᠣᠷᠢ ᠶᠢᠨ ᠠᠷᠭ᠎ᠠ ᠬᠡᠮᠵᠢᠶ᠎ᠡ

     ᠲᠦᠴᠢᠨ ᠭᠤᠷᠪᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠤ ᠡᠯ᠎ᠡ ᠱᠠᠲᠣᠨ ᠤ ᠡᠳ ᠤ ᠵᠠᠰᠠᠭ ᠨᠢ ᠡᠳ ᠤ ᠬᠦᠴᠦᠨ ᠤ ᠪᠠᠶᠢᠳᠠᠯ ᠢᠶᠠᠨ ᠦᠨᠳᠦᠰᠦᠯᠡᠵᠣ ᠰᠢᠨᠵᠢᠯᠡᠬᠦ ᠣᠬᠠᠭᠠᠨ ᠮᠡᠷᠭᠡᠵᠢᠯ ᠤᠨ ᠵᠠᠷᠣᠳᠠᠯ ᠤᠨ ᠣᠷᠣᠭᠤᠯᠣᠯᠲᠠ ᠶᠢᠨ ᠶᠡᠷᠦᠩᠭᠡᠢ ᠲᠦᠪᠰᠢᠨ ᠢᠶᠠᠨ ᠠᠯᠬᠤᠮ ᠳᠠᠷᠠᠭᠠᠯᠠᠨ ᠳᠡᠭᠡᠭᠰᠢᠯᠡᠬᠦᠯᠬᠦ ᠬᠡᠷᠡᠭᠲᠠᠢ᠃
     ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠰᠢᠨᠵᠢᠯᠡᠬᠦ ᠣᠬᠠᠭᠠᠨ ᠮᠡᠷᠭᠡᠵᠢᠯ ᠤᠨ ᠵᠠᠷᠣᠳᠠᠯ ᠢ ᠠᠳᠠᠯᠢ ᠱᠠᠲᠣᠨ ᠤ ᠡᠳ ᠤ ᠵᠠᠰᠠᠭ ᠤᠨ ᠲᠦᠰᠦᠪ ᠲᠡᠭᠡᠨ ᠣᠷᠣᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠵᠠᠷᠣᠳᠠᠯ ᠤᠨ ᠨᠡᠮᠡᠭᠳᠡᠯ ᠤᠨ ᠬᠡᠮᠵᠢᠶ᠎ᠡ ᠶᠢ ᠠᠳᠠᠯᠢ ᠱᠠᠲᠣᠨ ᠤ ᠡᠳ ᠤ ᠵᠠᠰᠠᠭ ᠤᠨ ᠪᠠᠶᠢᠩᠭᠤ ᠶᠢᠨ ᠴᠢᠨᠠᠷᠲᠠᠢ ᠣᠷᠣᠯᠭ᠎ᠠ ᠶᠢᠨ ᠨᠡᠮᠡᠭᠳᠡᠯ ᠠᠴᠠ ᠦᠨᠳᠦᠷ ᠪᠠᠶᠢᠯᠭᠠᠬᠤ ᠬᠡᠷᠡᠭᠲᠠᠢ᠃ ᠪᠦᠬᠦ ᠨᠡᠶᠢᠭᠡᠮ ᠤᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠤᠨ ᠣᠯᠣᠰ ᠤᠨ ᠲᠣᠲᠣᠭᠠᠲᠦ ᠶᠢᠨ ᠦᠢᠯᠡᠳᠪᠦᠷᠢᠯᠡᠯ ᠤᠨ ᠶᠡᠷᠦᠩᠭᠡᠢ ᠦᠷᠲᠡᠭ ᠲᠠᠬᠢ ᠬᠠᠷᠢᠴᠠᠯ ᠢ ᠠᠯᠬᠤᠮ ᠳᠠᠷᠠᠭᠠᠯᠠᠨ ᠳᠡᠭᠡᠭᠰᠢᠯᠡᠬᠦᠯᠦᠨ᠎ᠡ᠃
     ᠲᠦᠴᠢᠨ ᠲᠥᠷᠪᠡᠳᠦᠭᠡᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠲᠦᠰᠦᠪ ᠲᠣᠲᠣᠷᠠᠬᠢ ᠡᠳ ᠤ ᠵᠠᠰᠠᠭ ᠤᠨ ᠦᠨᠳᠦᠰᠦᠨ ᠪᠦᠲᠦᠭᠡᠨ ᠪᠠᠶᠢᠭᠤᠯᠣᠯᠲᠠ ᠶᠢᠨ ᠪᠡᠯᠡ ᠮᠦᠩᠬᠦ ᠲᠣᠲᠣᠷ᠎ᠠ ᠠᠴᠠ ᠵᠢᠯ ᠪᠦᠷᠢ ᠵᠠᠭᠤᠨ ᠤ ᠨᠢᠭᠡ ᠴᠡᠭ ᠲᠠᠪᠤ ᠶᠢᠨ ᠲᠣᠰᠬᠠᠢ ᠲᠦᠷᠦᠯ ᠤᠨ ᠪᠡᠯᠡ ᠮᠦᠩᠬᠦ ᠶᠢ ᠲᠣᠬᠢᠷᠠᠭᠤᠯᠵᠣ᠂ ᠡᠷᠳᠡᠮ ᠰᠢᠨᠵᠢᠯᠡᠭᠡᠨ ᠤ ᠰᠠᠭᠤᠷᠢ ᠪᠡᠯᠡᠳᠬᠡᠮᠵᠢ ᠪᠠ ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠢᠨᠵᠧᠨᠧᠷᠢᠩ ᠤᠨ ᠲᠦᠷᠦᠯ ᠵᠦᠢᠯ ᠳᠤ ᠬᠡᠷᠡᠭᠯᠡᠬᠦ ᠬᠡᠷᠡᠭᠲᠠᠢ᠃ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠶᠢᠨ ᠦᠨᠳᠦᠰᠦᠨ ᠪᠦᠲᠦᠭᠡᠨ ᠪᠠᠶᠢᠭᠤᠯᠣᠯᠲᠠ᠂ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ᠂ ᠢᠨᠵᠧᠨᠧᠷᠢᠩ ᠮᠡᠷᠭᠡᠵᠢᠯ ᠤᠨ ᠰᠣᠳᠣᠯᠭᠠᠨ ᠤ ᠲᠦᠪ᠂ ᠵᠠᠪᠰᠠᠷ ᠤᠨ ᠲᠣᠷᠰᠢᠯᠲᠠ ᠶᠢᠨ ᠰᠠᠭᠤᠷᠢᠨ ᠭᠠᠵᠠᠷ ᠪᠠ ᠴᠢᠬᠤᠯᠠ ᠰᠢᠨᠵᠢᠯᠡᠬᠦ ᠣᠬᠠᠭᠠᠨ ᠤ ᠰᠣᠳᠣᠯᠭᠠᠨ ᠤ ᠬᠡᠮᠵᠢᠬᠦᠷᠯᠢᠭ ᠲᠦᠬᠦᠭᠡᠷᠦᠮᠵᠢ ᠳᠤ ᠬᠡᠷᠡᠭᠰᠡᠬᠦ ᠪᠡᠯᠡ ᠮᠦᠩᠬᠦ ᠶᠢ ᠡᠯ᠎ᠡ ᠱᠠᠲᠣᠨ ᠤ ᠠᠷᠠᠳ ᠤᠨ ᠵᠠᠰᠠᠭ ᠤᠨ ᠣᠷᠳᠣᠨ ᠤ ᠦᠨᠳᠦᠰᠦᠨ ᠪᠦᠲᠦᠭᠡᠨ ᠪᠠᠶᠢᠭᠤᠯᠣᠯᠲᠠ ᠶᠢᠨ ᠣᠨ ᠤ ᠲᠦᠯᠦᠪᠯᠡᠭᠡ ᠳᠤ ᠣᠷᠣᠭᠤᠯᠬᠤ ᠬᠡᠷᠡᠭᠲᠠᠢ᠃
     ᠲᠦᠴᠢᠨ ᠲᠠᠪᠤᠳᠤᠭᠠᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠳ ᠤ ᠵᠠᠰᠠᠭ ᠤᠨ ᠵᠣᠭᠤᠰ ᠮᠦᠩᠬᠦ ᠰᠠᠯᠭᠠᠨ ᠦᠭᠬᠦ᠂ ᠠᠳᠠᠯ ᠪᠣᠰᠬᠠᠬᠤ ᠪᠡᠯᠡ ᠣᠷᠣᠭᠤᠯᠣᠯᠲᠠ᠂ ᠪᠠᠩᠬᠢ ᠶᠢᠨ ᠵᠢᠭᠡᠯᠡᠯᠭᠡ᠂ ᠠᠵᠣ ᠠᠬᠤᠶᠢᠯᠠᠯ ᠦᠪᠡᠷ ᠢᠶᠠᠨ ᠴᠣᠭᠯᠠᠭᠤᠯᠬᠤ ᠵᠡᠷᠭᠡ ᠣᠯᠠᠨ ᠡᠰᠢᠵᠢᠬᠦᠯᠦᠯᠲᠡ᠂ ᠣᠯᠠᠨ ᠠᠷᠭ᠎ᠠ ᠵᠠᠮ ᠤᠨ ᠰᠢᠨᠵᠢᠯᠡᠬᠦ ᠣᠬᠠᠭᠠᠨ ᠮᠡᠷᠭᠡᠵᠢᠯ ᠤᠨ ᠣᠷᠣᠭᠤᠯᠣᠯᠲᠠ ᠶᠢᠨ ᠰᠢᠰᠲ᠋ᠧᠮ ᠢ ᠪᠠᠶᠢᠭᠤᠯᠣᠨ ᠳᠡᠬᠦᠯᠳᠡᠷᠵᠢᠬᠦᠯᠵᠣ᠂ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠵᠠᠷᠣᠳᠠᠯ ᠢ ᠦᠷᠬᠦᠯᠵᠢᠯᠡᠨ ᠲᠣᠭᠲᠠᠭᠤᠨ ᠢᠶᠠᠷ ᠨᠡᠮᠡᠭᠳᠡᠬᠦ ᠶᠢ ᠪᠠᠲᠣᠯᠠᠬᠤ ᠬᠡᠷᠡᠭᠲᠠᠢ᠃
     ᠲᠦᠴᠢᠨ ᠵᠢᠷᠭᠤᠳᠤᠭᠠᠷ ᠵᠦᠢᠯ  ᠲᠦᠷᠦ ᠶᠢᠨ ᠪᠣᠳᠣᠯᠭ᠎ᠠ ᠶᠢᠨ ᠴᠢᠨᠠᠷᠲᠠᠢ ᠮᠦᠩᠬᠦᠨ ᠭᠦᠢᠯᠭᠡᠭᠡᠨ ᠤ ᠪᠠᠶᠢᠭᠤᠯᠣᠮᠵᠢ ᠨᠢ ᠣᠯᠣᠰ ᠪᠠ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠣᠬᠠᠭᠠᠨ ᠮᠡᠷᠭᠡᠵᠢᠯ ᠤᠨ ᠴᠢᠬᠤᠯᠠ ᠶᠡᠭᠡ ᠲᠣᠰᠬᠠᠢ ᠲᠦᠷᠦᠯ᠂ ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠦᠢᠯᠡᠰᠵᠢᠬᠦᠯᠦᠭᠰᠡᠨ ᠲᠦᠷᠦᠯ ᠵᠦᠢᠯ᠂ ᠭᠤᠣᠯᠳᠠᠯᠭ᠎ᠠ ᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠣᠯᠠᠷᠢᠭᠤᠯᠣᠯᠲᠠ ᠶᠢᠨ ᠲᠦᠷᠦᠯ ᠵᠦᠢᠯ ᠵᠡᠷᠭᠡ ᠲᠠᠯ᠎ᠠ ᠳᠤ ᠪᠡᠯᠡ ᠮᠦᠩᠬᠦ ᠶᠢᠨ ᠵᠢᠭᠡᠯᠡᠯᠭᠡ ᠶᠢᠨ ᠲᠣᠰᠠᠯᠠᠮᠵᠢ ᠦᠵᠡᠬᠦᠯᠬᠦ ᠬᠡᠷᠡᠭᠲᠠᠢ᠃
     ᠳᠡᠭᠡᠲᠦ ᠰᠢᠨᠵᠢᠯᠡᠬᠦ ᠣᠬᠠᠭᠠᠨ ᠮᠡᠷᠭᠡᠵᠢᠯ ᠤᠨ ᠠᠵᠣ ᠠᠬᠤᠶᠢᠯᠠᠯ ᠨᠢ ᠢᠳᠡᠬᠡᠮᠵᠢᠲᠦ ᠵᠢᠭᠡᠯᠡᠯᠭᠡ ᠪᠠᠷ ᠪᠡᠯᠡ ᠬᠤᠷᠠᠮᠳᠣᠭᠤᠯᠬᠤ᠂ ᠵᠠᠬ᠎ᠠ ᠳᠡᠯᠭᠡᠭᠦᠷ ᠲᠤ ᠭᠠᠷᠴᠣ ᠬᠤᠷᠠᠮᠳᠣᠭᠤᠯᠬᠤ᠂ ᠵᠢᠭᠡᠯᠡᠯᠭᠡ ᠶᠢᠨ ᠳᠡᠮᠳᠡᠭᠲᠦ ᠪᠠᠷ ᠪᠡᠯᠡ ᠬᠤᠷᠠᠮᠳᠣᠭᠤᠯᠬᠤ᠂ ᠲᠦᠭᠰᠢᠬᠦᠷᠢᠲᠦ ᠪᠡᠯᠡ ᠣᠷᠣᠭᠤᠯᠣᠯᠲᠠ᠂ ᠢᠷᠬᠡᠳ ᠤᠨ ᠡᠳ ᠤ ᠬᠦᠷᠦᠩᠭᠡ᠂ ᠦᠮᠴᠢᠯᠡᠬᠦ ︵ᠰᠲ᠋ᠣᠺ ᠤᠨ︶ ᠡᠷᠭᠡ ᠶᠢᠨ ᠰᠣᠯᠢᠯᠴᠠᠭᠠᠨ ᠤ ᠵᠠᠬ᠎ᠠ ᠳᠡᠯᠭᠡᠭᠦᠷ ᠵᠡᠷᠭᠡ ᠪᠡᠯᠡ ᠬᠤᠷᠠᠮᠳᠣᠭᠤᠯᠬᠤ ᠬᠡᠯᠪᠡᠷᠢ ᠶᠢ ᠠᠮᠢᠳᠣᠯᠢᠭ ᠬᠡᠷᠡᠭᠵᠢᠬᠦᠯᠬᠦ ᠶᠢ ᠵᠣᠷᠢᠬᠵᠢᠭᠤᠯᠵᠣ᠂ ᠭᠦᠢᠯᠭᠡᠭᠡᠨ ᠤ ᠠᠷᠭ᠎ᠠ ᠵᠠᠮ ᠢ ᠨᠡᠭᠡᠭᠡᠨ ᠦᠷᠭᠡᠳᠬᠡᠨ᠎ᠡ᠃
     ᠮᠦᠩᠬᠦᠨ ᠭᠦᠢᠯᠭᠡᠭᠡᠨ ᠤ ᠪᠠᠶᠢᠭᠤᠯᠣᠮᠵᠢ ᠨᠢ ᠮᠡᠳᠡᠯᠭᠡ ᠶᠢᠨ ᠪᠦᠲᠦᠭᠡᠭᠳᠡᠬᠦᠨ ᠤ ᠡᠷᠭᠡ ᠪᠠᠨ ᠳᠠᠨᠵᠢᠯᠠᠬᠤ ᠠᠵᠢᠯ ᠦᠷᠨᠢᠬᠦᠯᠬᠦ ᠶᠢ ᠵᠣᠷᠢᠬᠵᠢᠭᠤᠯᠣᠨ᠎ᠠ᠃
     ᠲᠦᠴᠢᠨ ᠲᠤᠯᠤᠳᠤᠭᠠᠷ ᠵᠦᠢᠯ  ᠳᠡᠭᠡᠲᠦ ᠵᠡᠷᠭᠡ ᠶᠢᠨ ᠰᠣᠷᠭᠠᠭᠤᠯᠢ᠂ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠨᠡᠭᠡᠭᠡᠯᠲᠡ ᠶᠢᠨ ᠪᠠᠶᠢᠭᠤᠯᠣᠮᠵᠢ ᠪᠠ ᠠᠵᠣ ᠠᠬᠤᠶᠢᠯᠠᠯ ᠦᠪᠡᠷ ᠢᠶᠠᠨ ᠪᠡᠯᠡ ᠮᠦᠩᠬᠦ ᠴᠣᠭᠯᠠᠭᠤᠯᠣᠨ ᠰᠣᠳᠣᠯᠭᠠᠨ ᠨᠡᠭᠡᠭᠡᠯᠲᠡ ᠬᠢᠭᠰᠡᠨ ᠪᠦᠭᠡᠳ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠡᠷᠭᠡ ᠲᠠᠢ ᠪᠡᠶ᠎ᠡ ᠪᠠᠨ ᠳᠠᠭᠠᠭᠠᠭᠰᠠᠨ ᠰᠢᠨ᠎ᠡ ᠶᠢ ᠡᠬᠦᠳᠬᠦ ᠲᠦᠷᠦᠯ ᠵᠦᠢᠯ ᠳᠤ᠂ ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠬᠤᠶᠢᠨ᠎ᠠ ᠠᠴᠠ ᠨᠢ ᠨᠦᠬᠦᠪᠦᠷᠢᠯᠡᠨ ᠲᠣᠰᠠᠯᠠᠬᠤ ᠬᠡᠯᠪᠡᠷᠢ ᠪᠠᠷ ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠶᠢᠨ ᠲᠣᠰᠠᠯᠠᠮᠵᠢ ᠦᠭᠴᠣ ᠪᠣᠯᠣᠨ᠎ᠠ᠃ ᠲᠣᠰᠠᠯᠠᠭᠰᠠᠨ ᠪᠡᠯᠡ ᠮᠦᠩᠬᠦ ᠶᠢ ᠲᠣᠰ ᠲᠦᠷᠦᠯ ᠵᠦᠢᠯ ᠤᠨ ᠦᠪᠡᠷᠲᠡᠭᠡᠨ ᠵᠠᠰᠠᠬᠤ ᠣᠷᠣᠨ ᠤ ᠲᠣᠲᠣᠷᠠᠬᠢ ᠰᠡᠬᠦᠯᠴᠢ ᠶᠢᠨ ᠬᠤᠭᠤᠴᠠᠭᠠᠨ ᠤ ᠰᠣᠳᠣᠯᠭᠠᠨ ᠨᠡᠭᠡᠭᠡᠯᠲᠡ᠂ ᠦᠷ᠎ᠡ ᠪᠦᠲᠦᠭᠡᠯ ᠢ ᠣᠯᠠᠷᠢᠭᠤᠯᠬᠤ ᠪᠠ ᠠᠵᠣ ᠦᠢᠯᠡᠰᠵᠢᠬᠦᠯᠬᠦ ᠠᠵᠢᠯᠯᠠᠭᠠᠨ ᠳᠤ ᠬᠡᠷᠡᠭᠯᠡᠬᠦ ᠬᠡᠷᠡᠭᠲᠠᠢ᠃
     ᠲᠦᠴᠢᠨ ᠨᠠᠢᠮᠠᠳᠤᠭᠠᠷ ᠵᠦᠢᠯ  ᠰᠢᠨᠵᠢᠯᠡᠬᠦ ᠣᠬᠠᠭᠠᠨ ᠮᠡᠷᠭᠡᠵᠢᠯ ᠤᠨ ᠭᠤᠣᠯᠳᠠᠯᠭ᠎ᠠ ᠲᠠᠢ ᠰᠠᠭᠤᠷᠢ ᠪᠡᠯᠡᠳᠬᠡᠮᠵᠢ᠂ ᠴᠢᠬᠤᠯᠠ ᠶᠡᠭᠡ ᠰᠢᠨᠵᠢᠯᠡᠬᠦ ᠣᠬᠠᠭᠠᠨ ᠮᠡᠷᠭᠡᠵᠢᠯ ᠤᠨ ᠢᠨᠵᠧᠨᠧᠷᠢᠩ ᠵᠡᠷᠭᠡ ᠪᠦᠲᠦᠭᠡᠨ ᠪᠠᠶᠢᠭᠤᠯᠣᠯᠲᠠ ᠶᠢᠨ ᠲᠦᠷᠦᠯ ᠵᠦᠢᠯ ᠢ ᠬᠤᠲᠠ ᠬᠦᠳᠡᠭᠡ ᠶᠢᠨ ᠲᠦᠯᠦᠪᠵᠢᠬᠦᠯᠭᠡ᠂ ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠭᠡᠢ ᠲᠦᠯᠦᠪᠵᠢᠬᠦᠯᠭᠡ ᠪᠠ ᠨᠡᠶᠢᠲᠡ ᠶᠢᠨ ᠪᠡᠯᠡ ᠣᠷᠣᠭᠤᠯᠣᠯᠲᠠ ᠶᠢᠨ ᠲᠦᠯᠦᠪᠯᠡᠭᠡ ᠳᠤ ᠣᠷᠣᠭᠤᠯᠬᠤ ᠬᠡᠷᠡᠭᠲᠠᠢ᠃
     ᠲᠦᠴᠢ ᠶᠢᠰᠦᠳᠦᠭᠡᠷ ᠵᠦᠢᠯ  ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠨᠢ ᠲᠦᠷᠦ ᠶᠢᠨ ᠪᠣᠳᠣᠯᠭ᠎ᠠ᠂ ᠲᠦᠯᠦᠪᠵᠢᠬᠦᠯᠭᠡ᠂ ᠪᠡᠯᠡ ᠮᠦᠩᠬᠦ᠂ ᠴᠢᠳᠠᠪᠦᠷᠢᠲᠠᠨ᠂ ᠲᠠᠯᠠᠪᠣᠷ ᠭᠠᠵᠠᠷ ᠵᠡᠷᠭᠡ ᠲᠠᠯ᠎ᠠ ᠪᠠᠷ ᠠᠵᠣ ᠦᠢᠯᠡᠰ ᠲᠦᠪᠯᠡᠷᠡᠭᠰᠡᠨ ᠣᠷᠣᠨ ᠬᠡᠪᠴᠢᠶ᠎ᠡ ᠪᠠ ᠠᠵᠣ ᠦᠢᠯᠡᠰ ᠤᠨ ᠳᠠᠪᠠᠭᠤᠯᠢᠭ ᠲᠠᠢ ᠬᠦᠷᠢᠶ᠎ᠡ ᠬᠡᠪᠴᠢᠶᠠᠨ ᠳᠤ ᠨᠡᠶᠢᠲᠡ ᠶᠢᠨ ᠰᠣᠳᠣᠯᠭᠠᠨ ᠨᠡᠭᠡᠭᠡᠯᠲᠡ ᠶᠢᠨ ᠲᠠᠪᠴᠠᠩ᠂ ᠨᠡᠶᠢᠲᠡ ᠶᠢᠨ ᠮᠡᠷᠭᠡᠵᠢᠯ ᠤᠨ ᠦᠢᠯᠡᠴᠢᠯᠡᠭᠡᠨ ᠤ ᠲᠠᠪᠴᠠᠩ᠂ ᠰᠢᠨᠵᠢᠯᠡᠬᠦ ᠣᠬᠠᠭᠠᠨ ᠮᠡᠷᠭᠡᠵᠢᠯ ᠤᠨ ᠦᠨᠳᠦᠰᠦᠨ ᠨᠦᠬᠦᠴᠡᠯ ᠤᠨ ᠲᠠᠪᠴᠠᠩ ᠵᠡᠷᠭᠡ ᠨᠡᠶᠢᠲᠡ ᠶᠢᠨ ᠰᠢᠨ᠎ᠡ ᠶᠢ ᠡᠬᠦᠳᠬᠦ ᠲᠠᠪᠴᠠᠩ ᠪᠠᠶᠢᠭᠤᠯᠬᠤ ᠶᠢ ᠳᠡᠮᠵᠢᠵᠣ᠂ ᠰᠢᠨ᠎ᠡ ᠶᠢ ᠡᠬᠦᠳᠬᠦ ᠠᠷᠭ᠎ᠠ ᠬᠡᠮᠵᠢᠶᠡᠨ ᠤ ᠳᠡᠯᠭᠡᠷᠡᠬᠦᠯᠦᠯᠲᠡ᠂ ᠲᠦᠭᠡᠮᠡᠯᠵᠢᠬᠦᠯᠦᠯ᠂ ᠬᠡᠷᠡᠭᠯᠡᠭᠡ ᠶᠢ ᠴᠢᠩᠭᠠᠳᠬᠠᠵᠣ᠂ ᠠᠵᠣ ᠠᠬᠤᠶᠢᠯᠠᠯ ᠤᠨ ᠮᠡᠷᠭᠡᠵᠢᠯ ᠤᠨ ᠰᠢᠨ᠎ᠡ ᠶᠢ ᠡᠬᠦᠳᠬᠦ ᠳᠤ ᠵᠠᠩᠬᠢᠯᠠᠭ᠎ᠠ ᠶᠢᠨ ᠴᠢᠨᠠᠷᠲᠠᠢ ᠮᠡᠷᠭᠡᠵᠢᠯ ᠤᠨ ᠰᠣᠳᠣᠯᠭᠠᠨ ᠨᠡᠭᠡᠭᠡᠯᠲᠡ᠂ ᠵᠠᠩᠬᠢ ᠶᠢᠨ ᠯᠠᠪᠯᠠᠯᠲᠠ᠂ ᠮᠡᠷᠭᠡᠵᠢᠯ ᠤᠨ ᠠᠷᠠᠯᠵᠢᠶ᠎ᠠ ᠪᠠ ᠰᠢᠯᠵᠢᠬᠦᠯᠦᠨ ᠦᠭᠬᠦ ᠵᠡᠷᠭᠡ ᠰᠢᠨ᠎ᠡ ᠶᠢ ᠡᠬᠦᠳᠬᠦ ᠦᠢᠯᠡᠴᠢᠯᠡᠭᠡ ᠶᠢ ᠬᠠᠩᠭᠠᠬᠤ ᠬᠡᠷᠡᠭᠲᠠᠢ᠃
     ᠡᠳ ᠤ ᠵᠠᠰᠠᠭ ᠤᠨ ᠴᠢᠨᠠᠷᠲᠠᠢ ᠪᠠᠯᠡ ᠮᠦᠩᠬᠦ ᠪᠠᠷ ᠲᠣᠰᠠᠯᠠᠵᠣ ᠪᠠᠶᠢᠭᠤᠯᠣᠭᠰᠠᠨ ᠨᠡᠶᠢᠲᠡ ᠶᠢᠨ ᠰᠢᠨ᠎ᠡ ᠶᠢ ᠡᠬᠦᠳᠬᠦ ᠲᠠᠪᠴᠠᠩ ᠤᠨ ᠠᠵᠣ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠪᠡᠶ᠎ᠡ ᠪᠠᠨ ᠳᠠᠭᠠᠭᠠᠵᠣ ᠰᠢᠨ᠎ᠡ ᠶᠢ ᠡᠬᠦᠳᠬᠦ ᠠᠵᠢᠯᠯᠠᠭ᠎ᠠ ᠳᠤ ᠦᠢᠯᠡᠴᠢᠯᠡᠭᠡ ᠬᠠᠩᠭᠠᠭᠰᠠᠨ ᠪᠠᠶᠢᠳᠠᠯ ᠢ ᠠᠵᠢᠯᠯᠠᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠴᠢᠬᠤᠯᠠ ᠠᠭᠤᠯᠭ᠎ᠠ ᠪᠣᠯᠭᠠᠬᠤ ᠬᠡᠷᠡᠭᠲᠠᠢ᠂ ᠬᠡᠪᠡᠴᠦ ᠣᠯᠣᠰ ᠤᠨ ᠨᠢᠭᠤᠴᠠ ᠪᠣᠶᠣ ᠴᠢᠬᠤᠯᠠ ᠶᠡᠭᠡ ᠨᠡᠶᠢᠲᠡ ᠶᠢᠨ ᠠᠮᠣᠷ ᠲᠦᠪᠰᠢᠨ ᠲᠠᠢ ᠬᠤᠯᠪᠣᠭᠳᠠᠬᠤ ᠪᠠᠶᠢᠳᠠᠯ ᠢ ᠪᠠᠭᠳᠠᠭᠠᠬᠤ ᠦᠭᠡᠢ᠃
     ᠲᠠᠪᠢᠳᠤᠭᠠᠷ ᠵᠦᠢᠯ  ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠶᠢᠭᠤᠯᠣᠭᠰᠠᠨ᠂ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠡᠷᠭᠡ ᠪᠣᠶᠣ ᠦᠪᠡᠷᠮᠢᠴᠡ ᠭᠤᠣᠯᠯᠠᠬᠤ ᠮᠡᠷᠭᠡᠵᠢᠯ ᠣᠯᠬᠤ ᠶᠢᠨ ᠲᠦᠯᠦᠭᠡ ᠶᠠᠪᠣᠭᠳᠠᠭᠤᠯᠣᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠰᠣᠳᠣᠯᠭᠠᠨ ᠪᠠ ᠰᠢᠨ᠎ᠡ ᠶᠢ ᠡᠬᠦᠳᠬᠦ ᠨᠡᠭᠡᠭᠡᠯᠲᠡ ᠶᠢᠨ ᠲᠦᠷᠦᠯ ᠵᠦᠢᠯ ᠪᠣᠯ᠂ ᠲᠦᠷᠦᠯ ᠵᠦᠢᠯ ᠢ ᠬᠠᠷᠢᠭᠤᠴᠠᠭᠰᠠᠨ ᠬᠦᠮᠦᠨ ᠤ ᠬᠦᠮᠦᠨ ᠤ ᠬᠦᠴᠦᠨ ᠤ ᠡᠬᠢ ᠪᠠᠶᠠᠯᠢᠭ ᠤᠨ ᠦᠪᠡᠷ ᠤᠨ ᠦᠷᠲᠡᠭ ᠤᠨ ᠵᠠᠷᠣᠳᠠᠯ ᠢ ᠲᠦᠷᠦᠯ ᠵᠦᠢᠯ ᠤᠨ ᠵᠠᠷᠣᠳᠠᠯ ᠠᠴᠠ ᠭᠠᠷᠭᠠᠵᠣ ᠪᠣᠯᠣᠨ᠎ᠠ᠂ ᠬᠠᠮᠤᠭ ᠤᠨ ᠦᠨᠳᠦᠷ ᠲᠡᠭᠡᠨ ᠲᠣᠰ ᠲᠦᠷᠦᠯ ᠵᠦᠢᠯ ᠤᠨ ᠵᠠᠷᠣᠳᠠᠯ ᠤᠨ ᠵᠠᠭᠤᠨ ᠤ ᠭᠤᠴᠢ ᠠᠴᠠ ᠬᠡᠲᠦᠷᠡᠵᠣ ᠪᠣᠯᠬᠤ ᠦᠭᠡᠢ︔ ᠵᠦᠭᠡᠯᠡᠨ ᠰᠢᠨᠵᠢᠯᠡᠬᠦ ᠣᠬᠠᠭᠠᠨ ᠤ ᠰᠣᠳᠣᠯᠭᠠᠨ ᠤ ᠲᠦᠷᠦᠯ ᠵᠦᠢᠯ ᠪᠠ ᠰᠣᠹᠲ ᠤᠨ ᠨᠡᠭᠡᠭᠡᠯᠲᠡ ᠶᠢᠨ ᠲᠦᠷᠦᠯ ᠤᠨ ᠲᠦᠷᠦᠯ ᠵᠦᠢᠯ ᠪᠣᠯ᠂ ᠬᠦᠮᠦᠨ ᠤ ᠬᠦᠴᠦᠨ ᠤ ᠡᠬᠢ ᠪᠠᠶᠠᠯᠢᠭ ᠤᠨ ᠦᠪᠡᠷ ᠤᠨ ᠦᠷᠲᠡᠭ ᠤᠨ ᠵᠠᠷᠣᠳᠠᠯ ᠨᠢ ᠬᠠᠮᠤᠭ ᠤᠨ ᠦᠨᠳᠦᠷ ᠲᠡᠭᠡᠨ ᠲᠣᠰ ᠲᠦᠷᠦᠯ ᠵᠦᠢᠯ ᠤᠨ ᠵᠠᠷᠣᠳᠠᠯ ᠤᠨ 50% ᠠᠴᠠ ᠬᠡᠲᠦᠷᠡᠵᠣ ᠪᠣᠯᠬᠤ ᠦᠭᠡᠢ᠃
     ᠲᠠᠪᠢᠨ ᠨᠢᠭᠡᠳᠦᠭᠡᠷ ᠵᠦᠢᠯ  ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠶᠢ ᠠᠰᠢᠭᠯᠠᠵᠣ ᠪᠠᠶᠢᠭᠤᠯᠣᠭᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠰᠠᠭᠤᠷᠢ ᠮᠦᠩᠬᠦ ᠶᠢᠨ ᠲᠦᠷᠦᠯ ᠵᠦᠢᠯ᠂ ᠰᠢᠨᠵᠢᠯᠡᠬᠦ ᠣᠬᠠᠭᠠᠨ ᠮᠡᠷᠭᠡᠵᠢᠯ ᠤᠨ ᠲᠦᠯᠦᠪᠯᠡᠭᠡᠨ ᠤ ᠲᠦᠷᠦᠯ ᠵᠦᠢᠯ ᠤᠨ ᠬᠠᠮᠢᠶᠠᠷᠣᠯᠲᠠ ᠶᠢᠨ ᠪᠠᠶᠢᠭᠤᠯᠣᠮᠵᠢ ᠨᠢ ᠬᠢᠨᠠᠨ ᠲᠣᠭᠲᠠᠭᠠᠬᠤ ᠲᠣᠰᠬᠠᠢ ᠮᠡᠷᠭᠡᠵᠢᠯᠲᠡᠨ ᠤ ᠬᠦᠮᠦᠷᠭᠡ ᠪᠠᠶᠢᠭᠤᠯᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠰᠠᠭᠤᠷᠢ ᠮᠦᠩᠬᠦ ᠶᠢᠨ ᠲᠦᠷᠦᠯ ᠵᠦᠢᠯ᠂ ᠰᠢᠨᠵᠢᠯᠡᠬᠦ ᠣᠬᠠᠭᠠᠨ ᠮᠡᠷᠭᠡᠵᠢᠯ ᠤᠨ ᠲᠦᠯᠦᠪᠯᠡᠭᠡᠨ ᠤ ᠲᠦᠷᠦᠯ ᠵᠦᠢᠯ ᠤᠨ ᠲᠣᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠳᠦᠷᠢᠮ ᠪᠠ ᠬᠢᠨᠠᠨ ᠲᠣᠭᠲᠠᠭᠠᠬᠤ ᠲᠣᠰᠬᠠᠢ ᠮᠡᠷᠭᠡᠵᠢᠯᠲᠡᠨ ᠤ ᠰᠢᠯᠢᠨ ᠰᠣᠩᠭᠤᠬᠤ᠂ ᠵᠠᠶᠢᠯᠠᠬᠤ᠂ ᠬᠠᠷᠢᠭᠤᠴᠠᠯᠭ᠎ᠠ ᠨᠡᠭᠡᠮᠵᠢᠯᠡᠬᠦ ᠳᠦᠷᠢᠮ ᠢ ᠪᠠᠶᠢᠭᠤᠯᠣᠨ ᠲᠡᠬᠦᠯᠳᠡᠷᠵᠢᠬᠦᠯᠬᠦ ᠬᠡᠷᠡᠭᠲᠠᠢ᠃
     ᠲᠠᠪᠢᠨ ᠬᠤᠶᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠡᠳ ᠤ ᠵᠠᠰᠠᠭ ᠤᠨ ᠴᠢᠨᠠᠷᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠪᠡᠯᠡ ᠮᠦᠩᠬᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠦᠨᠡᠯᠡᠬᠦ ᠳᠦᠷᠢᠮ ᠢ ᠪᠠᠶᠢᠭᠤᠯᠣᠨ᠎ᠠ᠃
     ᠬᠤᠰᠢᠭᠤ ᠰᠢᠶᠠᠨ ᠤ ᠱᠠᠲᠣᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠢᠨᠠᠨ ᠪᠣᠳᠣᠬᠤ᠂ ᠬᠢᠨᠠᠨ ᠪᠠᠶᠢᠴᠠᠭᠠᠬᠤ᠂ ᠡᠳ ᠤ ᠵᠠᠰᠠᠭ᠂ ᠰᠢᠨᠵᠢᠯᠡᠬᠦ ᠣᠬᠠᠭᠠᠨ ᠮᠡᠷᠭᠡᠵᠢᠯ ᠵᠢᠴᠢ ᠪᠣᠰᠣᠳ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠡᠳ ᠤ ᠵᠠᠰᠠᠭ ᠤᠨ ᠴᠢᠨᠠᠷᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠪᠡᠯᠡ ᠮᠦᠩᠬᠦ ᠳᠠᠬᠢ ᠬᠢᠨᠠᠯᠲᠠ ᠬᠠᠮᠢᠶᠠᠷᠣᠯᠲᠠ ᠪᠠᠨ ᠴᠢᠩᠭᠠᠳᠬᠠᠵᠣ᠂ ᠡᠳ ᠤ ᠵᠠᠰᠠᠭ ᠤᠨ ᠴᠢᠨᠠᠷᠲᠠᠢ ᠰᠢᠨᠵᠢᠯᠡᠬᠦ ᠣᠬᠠᠭᠠᠨ ᠮᠡᠷᠭᠡᠵᠢᠯ ᠤᠨ ᠪᠡᠯᠡ ᠮᠦᠩᠬᠦ ᠶᠢᠨ ᠬᠡᠷᠡᠭᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠬᠦᠯᠬᠦ ᠬᠡᠷᠡᠭᠲᠠᠢ᠃
     ᠲᠠᠪᠢᠨ ᠭᠤᠷᠪᠠᠳᠤᠭᠠᠷ ᠵᠦᠢᠯ  ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠤᠭ᠎ᠠ ᠪᠦᠷᠢᠳᠬᠡᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠲᠠᠢ ᠬᠠᠮᠲᠣᠷᠠᠨ ᠰᠢᠨᠵᠢᠯᠡᠬᠦ ᠣᠬᠠᠭᠠᠨ ᠮᠡᠷᠭᠡᠵᠢᠯ ᠤᠨ ᠲᠠᠪᠰᠢᠯᠲᠠ ᠶᠢ ᠪᠦᠷᠢᠳᠬᠡᠵᠣ ᠬᠢᠨᠠᠨ ᠰᠢᠯᠭᠠᠬᠤ ᠳᠦᠷᠢᠮ ᠢ ᠲᠡᠬᠦᠯᠳᠡᠷᠵᠢᠬᠦᠯᠦᠨ᠎ᠡ᠃
 
     ᠨᠠᠢᠮᠠᠳᠤᠭᠠᠷ ᠪᠦᠯᠦᠭ  ᠬᠠᠣᠯᠢ ᠴᠠᠭᠠᠵᠠ ᠶᠢᠨ ᠬᠠᠷᠢᠭᠤᠴᠠᠯᠭ᠎ᠠ

     ᠲᠠᠪᠢᠨ ᠲᠥᠷᠪᠡᠳᠦᠭᠡᠷ ᠵᠦᠢᠯ  ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠳᠠᠪᠰᠢᠯᠲᠠ ᠳᠤ ᠬᠡᠷᠡᠭᠯᠡᠬᠦ ᠡᠳ᠋ ᠤᠨ ᠵᠠᠰᠠᠭ ᠤᠨ ᠴᠢᠨᠠᠷᠲᠠᠢ ᠪᠡᠯᠡ ᠮᠦᠩᠬᠦ ᠶᠢ ᠬᠤᠳᠠᠯ ᠢᠶᠠᠷ ᠮᠡᠳᠡᠬᠦᠯᠵᠣ᠂ ᠣᠷᠣᠯᠠᠨ ᠠᠪᠴᠣ᠂ ᠱᠠᠮᠰᠢᠵᠣ᠂ ᠨᠡᠬᠦᠯᠬᠡᠨ ᠬᠡᠷᠡᠭᠯᠡᠵᠣ᠂ ᠲᠠᠰᠣᠲᠠᠨ ᠦᠯᠡᠳᠡᠭᠡᠪᠡᠯ᠂ ᠡᠳ᠋ ᠤᠨ ᠵᠠᠰᠠᠭ ᠤᠨ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠶᠢ ᠲᠣᠷᠭᠤᠭᠠᠨ ᠰᠢᠢᠳᠬᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠵᠠᠯᠠᠷᠠᠭᠤᠯᠬᠤ ᠶᠢ ᠵᠠᠷᠯᠢᠭᠳᠠᠵᠣ᠂ ᠬᠤᠯᠪᠣᠭᠳᠠᠯ ᠪᠦᠬᠦᠢ ᠡᠳ ᠤ ᠵᠠᠰᠠᠭ ᠤᠨ ᠴᠢᠨᠠᠷᠲᠠᠢ ᠪᠡᠯᠡ ᠮᠦᠩᠬᠦ ᠪᠠ ᠬᠠᠣᠯᠢ ᠠᠴᠠ ᠵᠦᠷᠢᠴᠡᠭᠰᠡᠨ ᠣᠯᠵᠠᠪᠦᠷᠢ ᠶᠢ ᠨᠢ ᠨᠡᠭᠡᠨ ᠬᠤᠷᠢᠶᠠᠵᠣ᠂ ᠬᠠᠣᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠣᠯᠭᠤᠨ᠎ᠠ︔ ᠰᠢᠭᠤᠳ ᠬᠠᠷᠢᠭᠤᠴᠠᠯᠭ᠎ᠠ ᠲᠠᠢ ᠭᠤᠣᠯᠯᠠᠨ ᠬᠠᠮᠢᠶᠠᠷᠣᠭᠴᠢ ᠪᠠ ᠪᠣᠰᠣᠳ ᠰᠢᠭᠤᠳ ᠬᠠᠷᠢᠭᠤᠴᠠᠯᠭᠠᠲᠠᠨ ᠳᠤ ᠰᠢᠢᠳᠬᠡᠯ ᠦᠭᠬᠦᠨ᠎ᠡ︔ ᠶᠠᠯ᠎ᠠ ᠳᠤ ᠬᠦᠷᠦᠭᠰᠡᠨ ᠪᠣᠯ᠂ ᠬᠠᠣᠯᠢ ᠶᠣᠰᠣᠭᠠᠷ ᠡᠷᠡᠬᠦᠣ ᠶᠢᠨ ᠬᠠᠷᠢᠭᠤᠴᠠᠯᠭ᠎ᠠ ᠨᠡᠭᠡᠮᠵᠢᠯᠡᠨ᠎ᠡ᠃
     ᠲᠠᠪᠢᠨ ᠲᠠᠪᠤᠳᠤᠭᠠᠷ ᠵᠦᠢᠯ  ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠲᠠᠨ ᠳᠤ ᠲᠣᠣᠷᠠᠬᠢ ᠦᠢᠯᠡ ᠠᠵᠢᠯᠯᠠᠭ᠎ᠠ ᠶᠢᠨ ᠨᠢᠭᠡ ᠨᠢ ᠪᠠᠶᠢᠪᠠᠯ᠂ ᠬᠠᠣᠯᠢ ᠶᠣᠰᠣᠭᠠᠷ ᠬᠠᠣᠯᠢ ᠴᠠᠭᠠᠵᠠ ᠶᠢᠨ ᠬᠠᠷᠢᠭᠤᠴᠠᠯᠭ᠎ᠠ ᠡᠬᠦᠷᠭᠡᠯᠡᠬᠦ ᠠᠴᠠ ᠭᠠᠳᠠᠨ᠎ᠠ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠢᠳᠡᠬᠡᠮᠵᠢ ᠶᠢᠨ ᠳᠠᠩᠰᠠ ᠡᠪᠬᠡᠮᠡᠯ ᠳᠤ ᠲᠡᠮᠳᠡᠭᠯᠡᠬᠦ ᠶᠢᠨ ᠬᠠᠮᠲᠣ ᠲᠣᠰ ᠦᠢᠯᠡ ᠠᠵᠢᠯᠯᠠᠭ᠎ᠠ ᠨᠢ ᠢᠳᠡᠬᠡᠮᠵᠢ ᠶᠢᠨ ᠳᠠᠩᠰᠠ ᠡᠪᠭᠡᠮᠡᠯ ᠳᠤ ᠳᠡᠮᠳᠡᠭᠯᠡᠭᠳᠡᠭᠰᠡᠨ ᠡᠳᠦᠷ ᠠᠴᠠ ᠲᠠᠪᠣᠨ ᠵᠢᠯ ᠤᠨ ᠲᠣᠲᠣᠷ᠎ᠠ ᠰᠢᠭᠤᠳ ᠬᠠᠷᠢᠭᠤᠴᠠᠯᠭᠠᠲᠠᠨ ᠤ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠪᠣᠶᠣ ᠰᠢᠨᠵᠢᠯᠡᠬᠦ ᠣᠬᠠᠭᠠᠨ ᠮᠡᠷᠭᠡᠵᠢᠯ ᠤᠨ ᠬᠦᠬᠢᠬᠦᠯᠦᠯ ᠱᠠᠩᠨᠠᠯ ᠤᠨ ᠲᠦᠷᠦᠯ ᠢ ᠭᠤᠶᠣᠴᠢᠯᠠᠨ ᠮᠡᠳᠡᠬᠦᠯᠬᠦ ᠬᠢᠷᠢ ᠬᠡᠮ ᠢ ᠨᠢ ᠬᠦᠴᠦᠨ ᠦᠭᠡᠢ ᠪᠣᠯᠭᠠᠨ᠎ᠠ᠄ ︵ᠨᠢᠭᠡ︶ ᠰᠢᠨ᠎ᠡ ᠮᠡᠷᠭᠡᠵᠢᠯ᠂ ᠰᠢᠨ᠎ᠡ ᠪᠦᠲᠦᠭᠡᠭᠳᠡᠬᠦᠨ᠂ ᠰᠢᠨ᠎ᠡ ᠣᠷᠠᠯᠠᠯ᠂ ᠰᠢᠨ᠎ᠡ ᠪᠠᠷᠢᠮᠵᠢᠶ᠎ᠠ ᠶᠢᠨ ᠰᠣᠳᠣᠯᠭᠠᠨ ᠨᠡᠭᠡᠭᠡᠯᠲᠡ᠂ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠭᠤᠶᠣᠴᠢᠯᠠᠨ ᠮᠡᠳᠡᠬᠦᠯᠬᠦ᠂ ᠰᠢᠨᠵᠢᠯᠡᠬᠦ ᠣᠬᠠᠭᠠᠨ ᠮᠡᠷᠭᠡᠵᠢᠯ ᠤᠨ ᠬᠦᠬᠢᠬᠦᠯᠦᠯ ᠢ ᠬᠢᠨᠠᠨ ᠲᠣᠭᠲᠠᠭᠠᠬᠤ ᠲᠣᠮᠲᠠ ᠮᠡᠭᠡᠯᠡᠯ ᠤᠨ ᠠᠷᠭ᠎ᠠ ᠬᠡᠮᠵᠢᠶ᠎ᠡ ᠪᠠᠷ ᠬᠠᠷᠠᠭᠠᠯᠵᠠᠯ ᠤᠨ ᠨᠦᠬᠦᠴᠡᠯ ᠣᠯᠭᠤᠮᠵᠢ ᠪᠣᠶᠣ ᠰᠢᠨᠵᠢᠯᠡᠬᠦ ᠣᠬᠠᠭᠠᠨ ᠮᠡᠷᠭᠡᠵᠢᠯ ᠤᠨ ᠬᠦᠬᠢᠬᠦᠯᠦᠯ ᠢ ᠬᠦᠷᠲᠡᠭᠰᠡᠨ ᠪᠣᠶᠣ ᠪᠣᠰᠣᠳ ᠢ ᠬᠠᠪᠰᠣᠷᠣᠨ ᠬᠦᠷᠲᠡᠭᠰᠡᠨ︔ ︵ᠬᠤᠶᠠᠷ︶ ᠬᠤᠯᠠᠭᠠᠶᠢᠯᠠᠬᠤ᠂ ᠦᠭᠡᠷᠡᠲᠦᠬᠦᠯᠬᠦ᠂ ᠬᠠᠭᠤᠷᠮᠠᠭᠯᠠᠬᠤ ᠪᠣᠶᠣ ᠪᠣᠰᠣᠳ ᠠᠷᠭ᠎ᠠ ᠪᠠᠷᠢᠯ ᠢᠶᠠᠷ ᠪᠣᠰᠣᠳ ᠬᠦᠮᠦᠨ ᠤ ᠲᠣᠰᠬᠠᠢ ᠠᠰᠢᠭ ᠤᠨ ᠡᠷᠭᠡ᠂ ᠲᠠᠸᠠᠷ ᠤᠨ ᠲᠡᠮᠳᠡᠭ ᠤᠨ ᠡᠷᠭᠡ᠂ ᠵᠣᠬᠢᠶᠠᠯ ᠪᠦᠲᠦᠭᠡᠯ ᠤᠨ ᠡᠷᠭᠡ ᠵᠡᠷᠭᠡ ᠮᠡᠳᠡᠯᠭᠡ ᠶᠢᠨ ᠪᠦᠲᠦᠭᠡᠭᠳᠡᠬᠦᠨ ᠤ ᠡᠷᠭᠡ ᠪᠠ ᠪᠣᠰᠣᠳ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠡᠷᠭᠡ ᠲᠠᠢ ᠬᠠᠯᠳᠠᠭᠰᠠᠨ ᠪᠣᠶᠣ ᠰᠢᠨᠵᠢᠯᠡᠬᠦ ᠣᠬᠠᠭᠠᠨ ᠮᠡᠷᠭᠡᠵᠢᠯ ᠤᠨ ᠠᠵᠢᠯᠯᠠᠭᠠᠨ ᠲᠣᠮᠲᠠ ᠣᠪ ᠮᠡᠭᠡ ᠭᠠᠷᠭᠠᠭᠰᠠᠨ︔ ︵ᠭᠤᠷᠪᠠ︶ ᠣᠯᠣᠰ ᠤᠨ ᠰᠢᠨᠵᠢᠯᠡᠬᠦ ᠣᠬᠠᠭᠠᠨ ᠮᠡᠷᠭᠡᠵᠢᠯ ᠤᠨ ᠨᠢᠭᠤᠴᠠ ᠶᠢ ᠵᠠᠳᠠᠷᠠᠭᠤᠯᠣᠭᠰᠠᠨ︔ ︵ᠳᠦᠷᠪᠡ︶ ᠲᠣᠭᠲᠠᠭᠠᠯ ᠠᠴᠠ ᠵᠦᠷᠢᠴᠡᠵᠣ ᠰᠢᠨᠵᠢᠯᠡᠬᠦ ᠣᠬᠠᠭᠠᠨ ᠮᠡᠷᠭᠡᠵᠢᠯ ᠤᠨ ᠲᠦᠷᠦᠯ ᠵᠦᠢᠯ ᠤᠨ ᠪᠡᠯᠡ ᠮᠦᠩᠬᠦ ᠶᠢ ᠬᠡᠷᠡᠭᠯᠡᠭᠰᠡᠨ᠃
     ᠲᠠᠪᠢᠨ ᠵᠢᠷᠭᠤᠳᠤᠭᠠᠷ ᠵᠦᠢᠯ  ᠲᠣᠰ ᠳᠦᠷᠢᠮ ᠤᠨ ᠲᠣᠭᠲᠠᠭᠠᠯ ᠠᠴᠠ ᠵᠦᠷᠢᠴᠡᠵᠣ᠂ ᠰᠢᠨᠵᠢᠯᠡᠬᠦ ᠣᠬᠠᠭᠠᠨ ᠮᠡᠷᠭᠡᠵᠢᠯ ᠤᠨ ᠵᠠᠰᠠᠭ ᠵᠠᠬᠢᠷᠭᠠᠨ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠵᠢᠴᠢ ᠲᠡᠬᠦᠨ ᠤ ᠠᠵᠢᠯᠲᠠᠨ ᠡᠷᠭᠡ ᠲᠣᠰᠢᠶᠠᠯ ᠢᠶᠠᠨ ᠲᠣᠷ᠎ᠠ ᠪᠠᠷ ᠢᠶᠠᠨ ᠬᠡᠷᠡᠭᠯᠡᠭᠰᠡᠨ᠂ ᠠᠯᠪᠠᠨ ᠲᠣᠰᠢᠶᠠᠯ ᠳᠠᠭᠠᠨ ᠠᠯᠮᠠᠶᠢᠷᠠᠨ ᠣᠰᠣᠯᠳᠣᠭᠰᠠᠨ᠂ ᠭᠤᠶᠤᠴᠢᠯᠠᠨ ᠬᠠᠣᠯᠢ ᠶᠣᠰᠣ ᠶᠢ ᠵᠦᠷᠢᠴᠡᠭᠰᠡᠨ ᠪᠣᠯ᠂ ᠰᠢᠭᠤᠳ ᠬᠠᠷᠢᠭᠤᠴᠠᠬᠤ ᠭᠤᠣᠯᠯᠠᠨ ᠬᠠᠮᠢᠶᠠᠷᠣᠭᠴᠢ ᠪᠠ ᠪᠣᠰᠣᠳ ᠰᠢᠭᠤᠳ ᠬᠠᠷᠢᠭᠤᠴᠠᠯᠭᠠᠲᠠᠨ ᠳᠤ ᠰᠢᠢᠳᠬᠡᠯ ᠣᠯᠭᠤᠨ᠎ᠠ︔ ᠶᠠᠯ᠎ᠠ ᠳᠤ ᠬᠦᠷᠦᠭᠰᠡᠨ ᠪᠣᠯ᠂ ᠬᠠᠣᠯᠢ ᠶᠣᠰᠣᠭᠠᠷ ᠡᠷᠡᠬᠦᠣ ᠶᠢᠨ ᠬᠠᠷᠢᠭᠤᠴᠠᠯᠭ᠎ᠠ ᠨᠡᠬᠡᠮᠵᠢᠯᠡᠨ᠎ᠡ᠃

     ᠶᠢᠰᠦᠳᠦᠭᠡᠷ ᠪᠦᠯᠦᠭ  ᠲᠠᠭᠠᠯᠳᠣᠭᠤᠯᠣᠭᠰᠠᠨ ᠲᠦᠷᠢᠮ

     ᠲᠠᠪᠢᠨ ᠲᠤᠯᠤᠳᠤᠭᠠᠷ ᠵᠦᠢᠯ  ᠲᠣᠰ ᠳᠦᠷᠢᠮ ᠢ 2014 ᠣᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ 

ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ