ᠮᠠᠨ ᠤ ᠣᠷᠣᠨ ᠤ ᠰᠦᠢᠳᠬᠡᠯ ᠦᠯᠦ ᠬᠤᠷᠢᠶᠠᠬᠤ ᠲᠤᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢ ᠡᠯᠰᠡᠬᠦ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2017/6/7
      ᠡᠨᠡ ᠵᠢᠯ ᠠᠴᠠ ᠡᠬᠢᠯᠡᠨ᠂ ᠮᠠᠨ ᠤ ᠣᠷᠣᠨ ᠠᠩᠬᠠᠳᠠᠭᠴᠢ ᠪᠦᠯᠦᠭ ᠰᠦᠢᠳᠬᠡᠯ ᠬᠤᠷᠢᠶᠠᠬᠤ ᠦᠭᠡᠢ ᠲᠤᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢ ᠡᠯᠰᠡᠵᠦ᠂ ᠮᠠᠰᠢ ᠤᠯᠠᠨ ᠰᠤᠷᠤᠭᠴᠢ ᠳᠤ ᠠᠰᠢᠭ ᠬᠦᠷᠲᠡᠭᠡᠬᠦ ᠪᠤᠯᠤᠨ᠎ᠠ᠃   ᠨᠢᠭᠡ ᠪᠦᠯᠦᠭ ᠡᠷᠬᠢᠮ ᠳᠡᠭᠡᠳᠦ ᠵᠠᠩ ᠮᠣᠷᠠᠯ ᠲᠠᠢ᠂ ᠰᠢᠯᠢᠳᠡᠭ ᠰᠠᠶᠢᠨ ᠬᠡᠪ ᠴᠢᠨᠠᠷ ᠲᠠᠢ᠂ ᠪᠦᠲᠦᠴᠡ ᠨᠢ ᠵᠣᠬᠢᠰᠲᠠᠶ᠂ ᠬᠦᠴᠦ ᠪᠠᠨ ᠡᠷᠬᠦᠬᠦ ᠵᠤᠷᠢᠭ ᠰᠠᠨᠠᠭ᠎ᠠ ᠲᠠᠢ᠂ ᠬᠥᠳᠡᠭᠡ ᠲᠣᠰᠬᠤᠨ ᠳᠤ ᠨᠤᠲᠤᠭᠰᠢᠨ ᠠᠵᠢᠯᠯᠠᠬᠤ ᠪᠠᠭᠰᠢ ᠶᠢᠨ ᠡᠩᠨᠡᠭᠡ ᠶᠢ ᠬᠥᠮᠦᠵᠢᠭᠦᠯᠦᠨ ᠪᠤᠢ ᠪᠤᠯᠭᠠᠬᠤ ᠪᠠᠷ ᠬᠠᠷᠠᠯᠲᠠ ᠪᠣᠯᠭᠠᠨ᠂ ᠮᠠᠨ ᠤ ᠣᠷᠣᠨ ᠤ ᠬᠥᠳᠡᠭᠡ ᠲᠣᠰᠬᠤᠨ ᠤ ᠪᠠᠭᠰᠢ ᠶᠢᠨ ᠡᠩᠨᠡᠭᠡ ᠶᠢᠨ ᠪᠦᠲᠦᠴᠡ ᠶᠢ ᠦᠨᠡᠨ ᠬᠦ ᠰᠠᠶᠢᠵᠢᠷᠠᠭᠤᠯᠵᠤ᠂ ᠬᠥᠳᠡᠭᠡ ᠲᠣᠰᠬᠤᠨ ᠤ ᠪᠠᠭᠰᠢ ᠶᠢᠨ ᠡᠩᠨᠡᠭᠡᠨ ᠤ ᠪᠦᠬᠦᠯᠢ ᠴᠣᠭᠴᠠ ᠶᠢᠨ ᠬᠡᠪ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠶᠠᠨ ᠤ ᠬᠡᠪᠴᠢᠶᠡᠨ ᠳᠠᠬᠢ ᠬᠤᠲᠠ ᠬᠦᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠨᠢᠭᠡ ᠴᠤᠭᠴᠠᠵᠢᠭᠤᠯᠬᠤ ᠥᠭᠡᠷᠡᠴᠢᠯᠡᠯᠲᠡ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠶᠢᠨ ᠲᠤᠯᠠᠳᠠ᠂ ᠮᠠᠨ ᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠦᠢᠳᠬᠡᠯ ᠦᠯᠦ ᠬᠤᠷᠢᠶᠠᠬᠤ ᠲᠤᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ ᠶᠢᠨ ᠲᠤᠷᠰᠢᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ︾ ︵ᠳᠣᠷᠣᠭᠰᠢ ︽ᠲᠥᠰᠦᠯ︾ ᠭᠡᠵᠦ ᠲᠤᠪᠴᠢᠯᠠᠨ᠎ᠠ︶ ᠢ ᠲᠤᠭᠲᠠᠭᠠᠵᠤ᠂ ᠮᠠᠨ ᠤ ᠣᠷᠣᠨ ᠤ ︽ᠰᠦᠶᠳᠬᠡᠯ ᠦᠯᠦ ᠬᠤᠷᠢᠶᠠᠬᠤ ᠲᠤᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ︾ ᠳᠤ ᠨᠠᠷᠢᠨ ᠲᠣᠳᠣᠷᠬᠠᠶ ᠪᠠᠶᠢᠷᠢᠯᠠᠭᠤᠯᠤᠯᠲᠠ ᠬᠢᠪᠡ᠃ ︽ᠰᠦᠢᠳᠬᠡᠯ ᠬᠤᠷᠢᠶᠠᠬᠤ ᠦᠭᠡᠢ ᠲᠤᠭᠲᠠᠭᠰᠠᠨ ᠴᠢᠭᠯᠡᠯ ᠢᠶᠠᠷ ᠪᠠᠭᠰᠢ ᠬᠥᠮᠦᠵᠢᠭᠦᠯᠬᠦ ᠲᠥᠯᠥᠪᠯᠡᠭᠡ︾ ᠭᠡᠳᠡᠭ ᠨᠢ ᠴᠤᠬᠤᠮ ᠶᠠᠭᠤ ᠶᠢ ᠵᠢᠭᠠᠵᠤ ᠪᠠᠶᠢᠭ᠎ᠠ ᠪᠤᠢ︖ ᠰᠤᠷᠤᠭᠴᠢ ᠡᠯᠰᠡᠬᠦ ᠨᠥᠬᠦᠴᠡᠯ ᠳᠤ ᠶᠠᠮᠠᠷ ᠶᠠᠮᠠᠷ ᠵᠦᠢᠯ ᠪᠠᠶᠢᠳᠠᠭ ᠪᠤᠢ︖ ᠡᠯᠰᠡᠨ ᠠᠪᠬᠤ ᠬᠡᠯᠪᠡᠷᠢ ᠨᠢ ᠶᠠᠮᠠᠷ ᠠᠳᠠᠯᠢ ᠪᠤᠰᠤ ᠲᠠᠯ᠎ᠠ  ᠪᠠᠶᠢᠬᠤ ᠪᠣᠶ︖ ᠰᠦᠢᠳᠬᠡᠯ ᠬᠤᠷᠢᠶᠠᠬᠤ ᠦᠭᠡᠢ ᠲᠤᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠶᠠᠮᠠᠷ ᠶᠠᠮᠠᠷ ᠰᠠᠶᠢᠨ ᠲᠥᠷᠥ ᠶᠢᠨ ᠪᠣᠳᠣᠯᠭ᠎ᠠ ᠶᠢ ᠬᠦᠷᠲᠡᠬᠦ ᠪᠤᠢ︖      ᠲᠥᠯᠥᠪᠯᠡᠭᠡ ᠶᠢ ᠬᠡᠷᠡᠭᠵᠢᠭᠦᠯᠬᠦ ᠳᠤ ᠶᠠᠮᠠᠷ ᠵᠠᠷᠴᠢᠮ ᠪᠠᠶᠢᠳᠠᠭ ᠪᠤᠢ︖       ︽ᠲᠥᠰᠦᠯ︾ ᠤᠨ ᠱᠠᠭᠠᠷᠳᠠᠯᠭ᠎ᠠ ᠶᠢ ᠦᠨᠳᠦᠰᠦᠯᠡᠪᠡᠯ᠂ ︽ᠰᠦᠢᠳᠬᠡᠯ ᠬᠤᠷᠢᠶᠠᠬᠤ ᠦᠭᠡᠢ ᠲᠤᠭᠲᠠᠭᠰᠠᠨ ᠴᠢᠭᠯᠡᠯ ᠢᠶᠠᠷ ᠪᠠᠭᠰᠢ ᠬᠥᠮᠦᠵᠢᠭᠦᠯᠬᠦ ᠲᠥᠯᠥᠪᠯᠡᠭᠡ︾ ᠶᠢ ᠬᠡᠷᠡᠭᠵᠢᠬᠦᠯᠬᠦ ᠳᠤ ᠡᠷᠬᠡᠪᠰᠢ ᠬᠤᠶᠠᠷ ᠵᠠᠷᠴᠢᠮ ᠢ ᠵᠢᠷᠤᠮᠯᠠᠬᠤ ᠬᠡᠷᠡᠭᠲᠡᠶ᠄ ᠡᠩ ᠲᠡᠷᠢᠭᠦᠨ ᠳᠤ᠂ ᠡᠷᠬᠡᠪᠰᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠯᠤᠭ᠎ᠠ ᠤᠶᠠᠯᠳᠤᠭᠤᠯᠬᠤ ᠬᠡᠷᠡᠭᠲᠡᠶ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ᠨᠤᠭᠤᠳ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠠᠵᠢᠯᠲᠠᠨ ᠤ ᠣᠷᠣᠨ ᠲᠤᠭ᠎ᠠ ᠶᠢ ᠬᠢᠨᠠᠨ ᠲᠣᠭᠲᠠᠭᠠᠭᠰᠠᠨ ᠶᠡᠷᠦᠩᠭᠡᠢ ᠲᠤᠭᠠᠨ ᠤ ᠳᠣᠲᠣᠷ᠎ᠠ ᠬᠡᠷᠡᠭᠵᠢᠬᠦᠯᠵᠤ᠂ ᠡᠷᠬᠡᠪᠰᠢ ᠪᠠᠭᠰᠢ ᠶᠢᠨ ᠲᠤᠭ᠎ᠠ ᠳᠤᠲᠠᠭᠳᠠᠵᠤ ᠪᠠᠶᠢᠭ᠎ᠠ᠂ ᠪᠦᠲᠦᠴᠡ ᠶᠢᠨ ᠴᠢᠨᠠᠷᠲᠠᠶ ᠵᠥᠷᠢᠴᠡᠯ ᠳᠤᠪᠤᠶᠢᠮ᠎ᠠ ᠪᠠᠶᠢᠭ᠎ᠠ ᠮᠥᠷᠲᠡᠭᠡᠨ ᠤᠳᠤᠬᠠᠨ ᠳᠤ ᠪᠠᠭᠰᠢ ᠶᠢᠨ ᠬᠤᠭᠤᠰᠣᠨ ᠤᠷᠤᠨ ᠲᠤᠭ᠎ᠠ ᠪᠤᠯᠤᠨ ᠠᠶᠠᠨᠳᠠᠭᠠᠨ ᠬᠤᠭᠤᠰᠤᠷᠠᠭᠰᠠᠨ ᠤᠷᠤᠨ ᠲᠤᠭ᠎ᠠ ᠶᠢ ᠦᠨᠡᠨ ᠬᠦ ᠪᠠᠲᠤᠯᠠᠵᠤ᠂ 4 ᠵᠢᠯ ᠤᠨ ᠳᠠᠷᠠᠭ᠎ᠠ ᠲᠡᠭᠦᠰᠬᠦ ᠰᠦᠢᠳᠬᠡᠯ ᠬᠤᠷᠢᠶᠠᠬᠤ ᠦᠭᠡᠢ ᠲᠤᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠢ ᠲᠤᠬᠢᠷᠠᠭᠤᠯᠬᠤ ᠬᠡᠷᠡᠭᠲᠠᠢ︔ ᠳᠠᠷᠠᠭ᠎ᠠ ᠳᠤᠨᠢ᠂ ᠡᠷᠭᠡᠪᠰᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠡ᠊ᠡᠭᠨᠡᠭᠡ ᠶᠢᠨ ᠪᠠᠶᠢᠭᠤᠯᠤᠯᠲᠠ ᠶᠢᠨ ᠶᠡᠷᠦᠩᠬᠡᠶ ᠲᠥᠯᠥᠪᠵᠢᠭᠦᠯᠭᠡ ᠲᠠᠢ ᠤᠶᠠᠯᠳᠤᠭᠤᠯᠬᠤ ᠬᠡᠷᠡᠭᠲᠡᠶ᠃ ᠡᠯ᠎ᠡ ᠠᠶᠢᠮᠠᠭ ᠬᠤᠳᠠ᠂ ᠬᠤᠰᠢᠭᠤ ᠰᠢᠶᠠᠨ ᠲᠤᠰ ᠭᠠᠵᠠᠷ ᠣᠷᠣᠨ ᠤ ᠪᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠬᠠᠷᠠᠯᠲᠠ᠂ ᠤᠳᠦ ᠪᠠᠶᠢᠭ᠎ᠠ ᠪᠠᠭᠰᠢ ᠶᠢᠨ ᠡᠩᠨᠡᠭᠡ ᠶᠢᠨ ᠪᠠᠶᠢᠳᠠᠯ ᠵᠢᠴᠢ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠬᠤ ᠪᠣᠳᠠᠲᠠᠶ ᠬᠡᠷᠡᠭᠴᠡᠭᠡ  ᠪᠠᠨ ᠦᠨᠳᠦᠰᠦᠯᠡᠨ᠂ ᠭᠠᠵᠠᠷ ᠣᠷᠣᠨ᠂ ᠰᠤᠷᠬᠤ ᠬᠤᠭᠤᠴᠠᠭ᠎ᠠ᠂ ᠬᠢᠴᠢᠶᠡᠯ ᠲᠦᠷᠦᠯ ᠵᠡᠷᠭᠡ ᠬᠦᠴᠦᠨ ᠵᠦᠢᠯ ᠢ ᠨᠢᠭᠡᠳᠦᠯᠲᠡᠶ ᠲᠥᠯᠥᠪᠯᠡᠨ ᠪᠣᠳᠣᠯᠬᠢᠯᠠᠵᠤ᠂ ᠶᠡᠷᠦᠩᠬᠡᠶ ᠳᠤᠨᠢ ᠲᠦᠯᠦᠪᠵᠢᠭᠦᠯᠵᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠱᠠᠲᠤᠯᠢᠭ ᠬᠡᠯᠪᠡᠷᠢ ᠲᠠᠢ ᠪᠤᠯᠭᠠᠵᠤ᠂ ᠪᠠᠴᠢᠮ ᠳᠤᠲᠠᠭᠳᠠᠵᠤ ᠪᠠᠶᠢᠭ᠎ᠠ ᠬᠢᠴᠢᠶᠡᠯ ᠲᠦᠷᠦᠯ ᠢ ᠲᠡᠷᠢᠭᠦᠨ ᠳᠤ ᠲᠠᠯᠪᠢᠬᠤ᠂ ᠮᠣᠩᠭᠤᠯ ᠢᠶᠠᠷ ᠬᠢᠴᠢᠶᠡᠯᠯᠡᠬᠦ ᠬᠢᠴᠢᠶᠡᠯ ᠲᠥᠷᠥᠯ ᠢ ᠲᠡᠷᠢᠭᠦᠨ ᠳᠤ ᠲᠠᠯᠪᠢᠬᠤ᠂ ᠢᠯᠠᠩᠭᠤᠶ᠎ᠠ ᠳᠠᠭᠤᠤ ᠬᠥᠭᠵᠢᠮ ᠪᠡᠶ᠎ᠡ ᠶᠢᠨ ᠲᠠᠮᠢᠷ ᠤᠷᠠᠨ ᠵᠢᠷᠤᠭ᠂ ᠬᠦᠯ ᠪᠥᠮᠪᠦᠭᠡ᠂ ᠭᠠᠳᠠᠭᠠᠲᠤ ᠬᠡᠯᠡ᠂ ᠰᠤᠷᠠᠭ ᠵᠠᠩᠭᠢ ᠶᠢᠨ ᠮᠡᠷᠭᠡᠵᠢᠯ᠂ ᠰᠡᠳᠬᠢᠴᠡ ᠵᠦᠢ ᠡᠷᠡᠭᠦᠯ ᠮᠡᠨᠳᠦ ᠵᠡᠷᠭᠡ ᠶᠢ ᠲᠡᠷᠢᠭᠦᠨ ᠳᠤ ᠲᠠᠯᠪᠢᠬᠤ ᠵᠠᠷᠴᠢᠮ ᠶᠤᠰᠤᠭᠠᠷ ᠠᠵᠢᠯ ᠤᠨ ᠪᠠᠶᠢᠷᠢ ᠲᠤᠭᠲᠠᠭᠠᠬᠤ ᠬᠡᠷᠡᠭᠲᠠᠢ᠃      ᠠᠯᠢ ᠠᠯᠢ ᠭᠠᠵᠠᠷ ᠤᠷᠤᠨ ᠨᠢ ᠲᠤᠰ ᠲᠥᠯᠥᠪᠯᠡᠭᠡ ᠶᠢ ᠬᠡᠷᠡᠭᠵᠢᠭᠦᠯᠵᠦ ᠪᠣᠯᠬᠤ ᠪᠤᠢ︖ ᠶᠠᠮᠠᠷ ᠬᠦᠮᠦᠰ ᠨᠡᠷ᠎ᠡ ᠮᠡᠳᠡᠭᠦᠯᠵᠦ ᠪᠤᠯᠬᠤ ᠪᠤᠢ︖ ᠲᠤᠷᠰᠢᠯᠲᠠ ᠶᠢᠨ ᠴᠢᠭ᠋ ᠤᠨ ᠰᠤᠷᠭᠠᠭᠤᠯᠢ ᠨᠤᠭᠤᠳ ᠬᠡᠷᠬᠢᠨ ᠬᠥᠮᠦᠵᠢᠭᠦᠯᠬᠦ ᠪᠤᠢ︖      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠰᠦᠶᠳᠬᠡᠯ ᠦᠯᠦ ᠬᠤᠷᠢᠶᠠᠬᠤ ᠲᠤᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ ᠶᠢᠨ ᠬᠡᠪᠴᠢᠶ᠎ᠡ ᠳᠤ ᠰᠤᠮᠤ ᠰᠢᠶᠠᠩ ᠪᠠᠯᠭᠠᠰᠤ ᠶᠢᠨ ᠲᠦᠪ ᠲᠤᠭᠤᠷᠢᠭ᠂ ᠭᠠᠴᠠᠭ᠎ᠠ ᠲᠣᠰᠬᠤᠨ ᠵᠢᠴᠢ ᠪᠠᠯᠭᠠᠰᠤ ᠶᠢᠨ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠪᠠᠭᠲᠠᠨ᠎ᠠ᠃ ᠡᠯᠰᠡᠬᠦ ᠰᠤᠷᠤᠭᠴᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠳᠠᠩᠰᠠ ᠲᠠᠢ ᠮᠥᠷᠲᠡᠭᠡᠨ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠳᠤ ᠨᠡᠶᠢᠴᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠠᠴᠠ ᠲᠤᠰ ᠬᠤᠭᠤᠴᠠᠭᠠᠨ ᠤ ᠲᠡᠭᠦᠰᠬᠦ ᠰᠢᠯᠢᠳᠡᠭ ᠰᠤᠷᠤᠭᠴᠢᠳ ᠪᠠᠶᠢᠬᠤ ᠬᠡᠷᠡᠭᠲᠠᠢ᠃        ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠮᠠᠨ ᠤ ᠣᠷᠣᠨ ᠤ ᠠᠩᠬᠠᠳᠠᠭᠴᠢ ︽ᠰᠦᠢᠳᠬᠡᠯ ᠥᠯᠥ ᠬᠤᠷᠢᠶᠠᠬᠤ   ᠲᠣᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ︾ ᠶᠢᠨ ᠲᠤᠷᠰᠢᠯᠲᠠ ᠶᠢᠨ ᠶᠡᠭᠡ ᠰᠤᠷᠭᠠᠭᠤᠯᠢ ᠪᠣᠯᠣᠭᠰᠠᠨ ᠤ ᠬᠤᠪᠢ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ 2017 ᠣᠨ ᠳᠤ 386 ᠰᠤᠷᠤᠭᠴᠢ ᠡᠯᠰᠡᠬᠦ ᠪᠠᠷ ᠲᠥᠯᠥᠪᠯᠡᠵᠦ᠂ ᠬᠢᠲᠠᠳ ᠬᠡᠯᠡ ᠤᠳᠬ᠎ᠠ ᠵᠣᠬᠢᠶᠠᠯ᠂ ᠮᠣᠩᠭᠤᠯ ᠬᠡᠯᠡ ᠤᠳᠬ᠎ᠠ ᠵᠣᠬᠢᠶᠠᠯ᠂ ᠲᠣᠭᠠᠨ ᠤ ᠤᠬᠠᠭᠠᠨ ᠪᠠ ᠬᠡᠷᠡᠭᠯᠡᠭᠡᠨ ᠤ ᠲᠣᠭᠠᠨ ᠤ ᠤᠬᠠᠭᠠᠨ᠂ ᠠᠩᠭ᠍ᠯᠢ ᠬᠡᠯᠡ᠂ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ᠂ ᠲᠡᠦᠬᠡ ᠶᠢᠨ ᠤᠬᠠᠭᠠᠨ᠂ ᠭᠠᠵᠠᠷ ᠵᠦᠢ ᠶᠢᠨ ᠰᠢᠨᠵᠢᠯᠡᠬᠦ ᠤᠬᠠᠭᠠᠨ᠂ ᠠᠮᠢᠳᠤ ᠪᠣᠳᠠᠰ ᠤᠨ ᠰᠢᠨᠵᠢᠯᠡᠬᠦ ᠤᠬᠠᠭᠠᠨ᠂ ᠹᠢᠽᠢᠺ᠂ ᠬᠢᠮᠢ ᠶᠢᠨ ᠤᠬᠠᠭᠠᠨ᠂ ᠳᠠᠭᠤᠤ ᠬᠥᠭᠵᠢᠮ ᠤᠨ ᠤᠬᠠᠭᠠᠨ᠂ ᠪᠡᠶ᠎ᠡ ᠶᠢᠨ ᠲᠠᠮᠢᠷ ᠤᠨ ᠬᠥᠮᠦᠵᠢᠯ᠂ ᠤᠷᠠᠨ ᠵᠢᠷᠤᠭ ᠤᠨ ᠤᠬᠠᠭᠠᠨ᠂ ᠪᠥᠵᠢᠭ ᠤᠨ ᠤᠬᠠᠭᠠᠨ᠂ ᠺᠣᠮᠫᠢᠦ᠋ᠲ᠋ᠧᠷ ᠤᠨ ᠰᠢᠨᠵᠢᠯᠡᠬᠦ ᠤᠬᠠᠭᠠᠨ ᠪᠠ ᠲᠧᠭᠨᠢᠭ᠂ ᠰᠡᠳᠬᠢᠴᠡ ᠵᠦᠢ᠂ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠵᠡᠷᠭᠡ 17 ᠲᠤᠰᠬᠠᠶ ᠮᠡᠷᠭᠡᠵᠢᠯ ᠬᠤᠯᠪᠣᠭᠳᠠᠵᠤ᠂ ᠬᠥᠯᠥᠨ ᠪᠤᠶᠢᠷ ᠬᠤᠲᠠ᠂ ᠬᠢᠩᠭᠠᠨ ᠠᠶᠢᠮᠠᠭ᠂ ᠤᠯᠠᠭᠠᠨᠴᠠᠪ ᠬᠤᠳᠠ᠂ ᠤᠷᠳᠤᠰ ᠬᠤᠳᠠ᠂ ᠪᠠᠶᠠᠨᠨᠠᠭᠤᠷ ᠬᠤᠲᠠ ᠵᠡᠷᠭᠡ 5 ᠠᠶᠢᠮᠠᠭ ᠬᠤᠲᠠ ᠳᠤ ᠬᠦᠷᠲᠡᠯ᠎ᠡ ᠬᠠᠨᠳᠤᠭᠤᠯᠤᠨ ᠠᠵᠢᠯ ᠣᠯᠭᠤᠨ᠎ᠠ᠃      ᠮᠠᠨ ᠤ ᠣᠷᠣᠨ ᠤ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ ᠶᠢ ᠡᠩ ᠤᠨ ᠵᠢᠩᠬᠢᠨᠢ ᠠᠩᠭᠢ ᠶᠢᠨ ᠳᠠᠪᠬᠤᠷᠭ᠎ᠠ ᠳᠤ ᠬᠡᠷᠡᠭᠵᠢᠭᠦᠯᠵᠦ᠂ ᠬᠥᠮᠦᠵᠢᠭᠦᠯᠬᠦ ᠠᠵᠢᠯ ᠢ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠪᠣᠯᠣᠨ ᠥᠪᠥᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠡᠭᠦᠷᠭᠡᠯᠡᠨ᠎ᠡ᠃ 2017 ᠣᠨ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠤᠷᠢᠲᠠ ᠪᠠᠷ ᠡᠬᠢᠯᠡᠵᠦ ᠲᠤᠷᠰᠢᠨ᠎ᠡ᠃ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠥᠮᠦᠵᠢᠭᠦᠯᠬᠦ ᠡᠭᠦᠷᠭᠡ ᠶᠢ ᠡᠭᠦᠷᠭᠡᠯᠡᠭᠰᠡᠨ ᠰᠤᠷᠭᠠᠭᠤᠯᠢ ᠨᠤᠭᠤᠳ ᠶᠣᠰᠣ ᠮᠣᠷᠠᠯ ᠤᠨ ᠬᠥᠮᠦᠵᠢᠯ ᠢ ᠲᠡᠷᠢᠭᠦᠨ ᠳᠤ ᠲᠠᠯᠪᠢᠬᠤ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠣᠨ ᠪᠠᠭᠰᠢ ᠨᠠᠷ ᠢ  ᠲᠤᠰᠬᠠᠶᠢᠵᠢᠭᠤᠯᠤᠨ ᠬᠥᠮᠥᠵᠢᠭᠦᠯᠬᠦ ᠲᠠᠢ ᠤᠶᠠᠯᠳᠤᠭᠤᠯᠤᠨ ᠰᠢᠨ᠎ᠡ ᠱᠠᠭᠠᠷᠳᠠᠯᠭ᠎ᠠ ᠶᠢ ᠪᠠᠷᠢᠮᠲᠠᠯᠠᠵᠤ ᠂ ᠬᠥᠮᠦᠵᠢᠭᠦᠯᠬᠦ ᠬᠢᠴᠢᠶᠡᠯ ᠤᠨ ᠰᠢᠰᠲ᠋ᠧᠮᠵᠢ ᠶᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠵᠢᠭᠠᠨ ᠰᠤᠷᠭᠠᠬᠤ ᠭᠤᠭᠴᠤᠭ᠎ᠠ ᠶᠢ ᠴᠢᠩᠭᠠᠳᠬᠠᠨ ᠬᠡᠷᠡᠭᠵᠢᠭᠦᠯᠬᠦ ᠬᠡᠷᠡᠭᠲᠡᠢ᠃ ᠰᠤᠷᠭᠠᠭᠤᠯᠢ ᠶᠢᠨ ᠳᠣᠲᠣᠷᠠᠬᠢ ᠵᠢᠭᠠᠨ ᠰᠤᠷᠭᠠᠯᠲᠠ ᠶᠢᠨ ᠰᠢᠯᠢᠳᠡᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠢᠯᠢᠳᠡᠭ ᠪᠠᠭᠰᠢ ᠪᠠ ᠨᠡᠷᠡᠲᠦ ᠪᠠᠭᠰᠢ ᠶᠢ ᠰᠢᠯᠢᠨ ᠰᠣᠩᠭᠤᠵᠤ ᠬᠢᠴᠢᠶᠡᠯ ᠣᠷᠣᠭᠤᠯᠵᠤ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠢ ᠴᠢᠨᠠᠷᠯᠢᠭ ᠵᠢᠭᠠᠨ ᠰᠤᠷᠭᠠᠬᠤ ᠬᠡᠷᠡᠭᠲᠡᠢ︔ ᠵᠢᠯᠣᠭᠤᠳᠤᠭᠴᠢ ᠪᠠᠭᠰᠢ ᠲᠣᠬᠢᠷᠠᠭᠤᠯᠵᠤ᠂ ᠬᠢᠴᠢᠶᠡᠯ ᠤᠨ ᠰᠤᠷᠤᠯᠴᠠᠯᠭ᠎ᠠ ᠠᠴᠠ ᠵᠢᠭᠠᠨ ᠰᠤᠷᠭᠠᠬᠤ ᠦᠢᠯᠡᠳᠦᠯᠭᠡ ᠶᠢᠨ ᠪᠦᠬᠦ ᠶᠠᠪᠤᠴᠠ ᠳᠤ ᠵᠢᠯᠣᠭᠤᠳᠤᠭᠤᠯᠬᠤ ᠬᠡᠷᠡᠭᠲᠡᠢ︔ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠤᠨ ᠰᠤᠷᠭᠠᠭᠤᠯᠢ ᠳᠤ ᠪᠠᠶᠢᠬᠤ ᠬᠤᠭᠤᠴᠠᠭᠠᠨ ᠳᠠᠭᠠᠨ ᠰᠢᠯᠢᠳᠡᠭ ᠳᠤᠮᠳᠠᠳᠤ ᠪᠠᠭ᠎ᠠ ᠰᠤᠷᠭᠠᠭᠤᠯᠢ ᠳᠤ ᠬᠠᠭᠠᠰ ᠵᠢᠯ ᠳᠠᠳᠤᠯᠭ᠎ᠠ ᠬᠢᠬᠦ ᠳᠦᠷᠢᠮ ᠢ ᠪᠠᠶᠢᠭᠤᠯᠤᠨ ᠪᠦᠷᠢᠨᠰᠢᠭᠦᠯᠵᠦ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠤᠨ ᠶᠡᠷᠦᠩᠬᠡᠶ ᠬᠡᠪ ᠴᠢᠨᠠᠷ ᠪᠠ ᠦᠢᠯᠡᠳᠦᠯᠭᠡ ᠶᠢᠨ ᠴᠢᠳᠠᠪᠤᠷᠢ ᠶᠢ ᠨᠢ ᠦᠨᠡᠨ ᠬᠦ ᠳᠡᠭᠡᠭᠰᠢᠯᠡᠭᠦᠯᠵᠦ᠂ ᠲᠡᠳᠡᠨ ᠤ ᠤᠷᠳᠤ ᠬᠤᠭᠤᠴᠠᠭ᠎ᠠ ᠪᠠᠷ ᠰᠤᠷᠭᠠᠨ ᠬᠥᠮᠦᠵᠢᠯ ᠳᠤ ᠦᠢᠯᠡᠴᠢᠯᠡᠬᠦ ᠢᠲᠡᠭᠡᠯ ᠵᠣᠷᠢᠭ ᠢ ᠨᠢ ᠪᠠᠲᠤᠳᠬᠠᠵᠤ᠂ ᠮᠠᠨ ᠤ ᠣᠷᠣᠨ ᠤ ᠬᠥᠳᠡᠭᠡ ᠲᠣᠰᠬᠤᠨ ᠤ ᠰᠤᠷᠭᠠᠭᠤᠯᠢ ᠳᠤ ᠨᠢᠭᠡ ᠪᠦᠯᠦᠭ ᠳᠤᠷᠠᠲᠠᠢ ᠣᠴᠢᠬᠤ ᠳᠤᠷᠠᠲᠠᠢ ᠦᠯᠡᠳᠡᠬᠦ ᠰᠠᠶᠢᠲᠤᠷ ᠪᠠᠭᠰᠢᠯᠠᠬᠤ ᠪᠠᠭᠰᠢ ᠨᠠᠷ ᠢ ᠬᠥᠮᠥᠵᠢᠭᠦᠯᠬᠦ ᠬᠡᠷᠡᠭᠲᠡᠢ᠃      ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠢ ᠬᠡᠷᠬᠢᠨ ᠡᠯᠰᠡᠬᠦ ᠪᠤᠢ︖ ᠲᠡᠭᠦᠰᠦᠭᠰᠡᠨ ᠤ ᠲᠠᠷᠠᠭ᠎ᠠ ᠬᠠᠮᠢᠭ᠎ᠠ ᠠᠵᠢᠯ ᠣᠯᠭᠤᠬᠤ ᠪᠤᠢ︖      ︽ᠲᠥᠰᠦᠯ︾ ᠳᠤ ᠳᠤᠷᠠᠳᠤᠭᠰᠠᠨ ᠨᠢ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ ᠪᠠᠷ ᠰᠣᠷᠣᠭᠴᠢ ᠡᠯᠰᠡᠬᠦ ᠶᠢ ᠮᠠᠨ ᠤ ᠣᠷᠣᠨ ᠤ ᠡᠩ ᠤᠨ ᠶᠡᠭᠡ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ ᠤᠷᠢᠳᠴᠢᠯᠠᠨ ᠡᠯᠰᠡᠬᠦ ᠪᠦᠯᠦᠭ ᠲᠤ ᠲᠣᠬᠢᠷᠠᠭᠤᠯᠤᠨ ᠡᠯᠰᠡᠨ᠎ᠠ︔ ᠬᠡᠷᠪᠡ ᠤᠷᠢᠳᠴᠢᠯᠠᠨ ᠡᠯᠰᠡᠬᠦ ᠪᠦᠯᠦᠭ ᠲᠤ ᠰᠣᠷᠣᠭᠴᠢ ᠡᠯᠰᠡᠬᠦ ᠳᠤ ᠲᠥᠯᠥᠪᠯᠡᠭᠡ ᠪᠠᠨ ᠪᠡᠶᠡᠯᠡᠭᠦᠯᠵᠦ ᠳᠡᠶᠢᠯᠦᠭᠰᠡᠨ ᠪᠣᠯ᠂ ᠰᠤᠷᠭᠠᠭᠤᠯᠢ ᠶᠢᠨ ᠪᠠᠶᠢᠭ᠎ᠠ ᠠᠳᠠᠯᠢ ᠪᠦᠯᠦᠭ ᠲᠤ ᠡᠷᠡᠮᠡᠯᠵᠡᠯ ᠢᠶᠠᠨ ᠨᠥᠬᠦᠪᠦᠷᠢᠯᠡᠬᠦ ᠦᠶ᠎ᠡ ᠳᠤ ᠦᠯᠡᠳᠡᠭᠰᠡᠨ ᠲᠥᠯᠥᠪᠯᠡᠭᠡ ᠶᠢ ᠳᠠᠬᠢᠨᠲᠠ ᠨᠡᠶᠢᠲᠡᠯᠡᠵᠤ᠂ ᠨᠥᠬᠦᠵᠦ ᠡᠯᠰᠡᠬᠦ ᠰᠢᠯᠭᠠᠭᠤᠯᠤᠭᠴᠢ ᠶᠢᠨ ᠡᠷᠡᠮᠡᠯᠵᠡᠯ ᠵᠢᠴᠢ ᠡᠯᠰᠡᠬᠦ ᠱᠠᠭᠠᠷᠳᠠᠯᠭ᠎ᠠ ᠶᠣᠰᠣᠭᠠᠷ ᠥᠨᠳᠥᠷ ᠬᠤᠪᠢ ᠠᠴᠠ ᠨᠢ ᠰᠢᠪᠲᠤᠷᠤᠨ ᠡᠯᠰᠡᠵᠦ ᠪᠣᠯᠣᠨ᠎ᠠ︔ ᠨᠥᠬᠦᠵᠦ ᠡᠯᠰᠡᠭᠰᠡᠨ ᠤ ᠳᠠᠷᠠᠭ᠎ᠠ᠂ ᠰᠣᠷᠣᠭᠴᠢ ᠡᠯᠰᠡᠬᠦ ᠲᠥᠯᠥᠪᠯᠡᠭᠡ ᠪᠠᠨ ᠮᠥᠨ ᠬᠦ ᠪᠡᠶᠡᠯᠡᠭᠦᠯᠵᠦ ᠳᠡᠶᠢᠯᠦᠭᠰᠡᠨ ᠦᠭᠡᠢ ᠪᠣᠯ ᠰᠣᠷᠣᠭᠴᠢ ᠡᠯᠰᠡᠬᠦ ᠲᠥᠯᠥᠪᠯᠡᠭᠡ ᠶᠢ ᠪᠤᠰᠤᠳ ᠰᠦᠢᠳᠬᠡᠯ ᠬᠤᠷᠢᠶᠠᠵᠤ ᠪᠠᠭᠰᠢ ᠬᠥᠮᠦᠵᠢᠭᠦᠯᠬᠦ ᠰᠤᠷᠤᠭᠴᠢ ᠡᠯᠰᠡᠯᠲᠡ ᠳᠤ ᠲᠣᠬᠢᠷᠠᠭᠤᠯᠤᠨ ᠬᠡᠷᠡᠭᠯᠡᠵᠦ ᠪᠣᠯᠣᠨ᠎ᠠ᠃      ᠣᠶᠢᠯᠠᠭᠠᠭᠰᠠᠨ ᠢᠶᠠᠷ᠂ ᠡᠩ ᠤᠨ ᠰᠢᠯᠭᠠᠭᠤᠯᠤᠭᠴᠢ ᠲᠠᠢ ᠠᠳᠠᠯᠢ ᠦᠭᠡᠢ ᠨᠢ ᠭᠡᠪᠡᠯ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠥᠪᠯᠡᠭᠡ ᠳᠤ ᠨᠡᠷ᠎ᠡ ᠮᠡᠳᠡᠭᠦᠯᠦᠨ ᠰᠢᠯᠭᠠᠭᠤᠯᠤᠭᠰᠠᠳ ᠬᠥᠮᠦᠵᠢᠭᠦᠯᠬᠦ ᠰᠤᠷᠭᠠᠭᠤᠯᠢ ᠳᠤ ᠡᠯᠰᠡᠭᠳᠡᠭᠰᠡᠨ ᠤ ᠪᠠᠨ ᠳᠠᠷᠠᠭ᠎ᠠ ᠨᠢᠭᠡ ᠭᠠᠷᠠᠭ ᠤᠨ ᠳᠣᠲᠣᠷ᠎ᠠ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠢᠶᠠᠷ ᠨᠡᠷ᠎ᠡ ᠮᠡᠳᠡᠭᠦᠯᠦᠭᠰᠡᠨ ᠦᠢᠯᠡᠴᠢᠯᠡᠬᠦ ᠭᠠᠵᠠᠷ ᠤᠷᠤᠨ ᠢ ᠦᠨᠳᠦᠰᠦᠯᠡᠵᠦ᠂ ᠭᠤᠷᠪᠠᠨ ᠲᠠᠯ᠎ᠠ ᠶᠢᠨ ᠵᠥᠪᠳᠡᠯᠴᠡᠭᠡᠷ ᠤᠨ ᠪᠢᠴᠢᠭ  ᠲᠤ ᠰᠤᠷᠤᠭᠴᠢ ᠶᠢᠨ ᠬᠠᠮᠢᠶ᠎ᠠ ᠪᠦᠬᠦᠢ ᠮᠡᠳᠡᠭᠡ ᠵᠠᠩᠭᠢ ᠪᠠᠨ ᠲᠠᠭᠯᠠᠨ ᠪᠢᠴᠢᠬᠦ ᠮᠦᠷᠲᠡᠭᠡᠨ ᠰᠤᠷᠭᠠᠭᠤᠯᠢ ᠶᠢᠨ ᠠᠯᠪᠠᠨ ᠲᠠᠮᠠᠭ᠎ᠠ ᠶᠢ ᠳᠠᠷᠤᠭᠤᠯᠤᠭᠰᠠᠨ ᠤ ᠳᠠᠷᠠᠭ᠎ᠠ ᠰᠢᠯᠭᠠᠭᠤᠯᠤᠭᠴᠢ ᠶᠢᠨ ᠦᠢᠯᠡᠴᠢᠯᠡᠬᠦ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠢᠯᠡᠭᠡᠵᠦ ᠥᠭᠭᠦᠨ᠎ᠡ᠃ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠨᠢ ᠭᠤᠷᠪᠠᠨ ᠲᠠᠯ᠎ᠠ ᠶᠢᠨ ᠵᠥᠪᠳᠡᠯᠴᠡᠭᠡᠷ ᠤᠨ ᠪᠢᠴᠢᠭ ᠲᠤ ᠬᠤᠰᠢᠭᠤ ᠰᠢᠶᠠᠨ ︵ᠬᠤᠳᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠠᠮᠠᠭ᠎ᠠ ᠶᠢ ᠨᠡᠮᠡᠨ ᠳᠠᠷᠤᠭᠤᠯᠬᠤ ᠠᠵᠢᠯ ᠢ ᠬᠠᠷᠢᠭᠤᠴᠠᠬᠤ ᠪᠥᠭᠡᠳ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢ ᠵᠢᠴᠢ ᠭᠡᠷ ᠤᠨ ᠠᠬᠠᠮᠠᠳ ᠢ 10 ᠡᠳᠦᠷ ᠤᠨ ᠳᠣᠲᠣᠷ᠎ᠠ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠵᠥᠪᠳᠡᠯᠴᠡᠭᠡᠷ ᠲᠤ ᠭᠠᠷ ᠤᠨ ᠦᠰᠦᠭ ᠵᠢᠷᠤᠬᠤ ᠶᠢ ᠮᠡᠳᠡᠭᠳᠡᠬᠦ ᠪᠠ ᠵᠣᠬᠢᠶᠠᠨ ᠪᠠᠶᠢᠭᠤᠯᠬᠤ ᠶᠢ ᠬᠠᠷᠢᠭᠤᠴᠠᠨ᠎ᠠ᠃ ᠡᠭᠦᠨ ᠤ ᠬᠠᠮᠲᠤ᠂ ᠵᠥᠪᠳᠡᠯᠴᠡᠭᠡᠷ ᠤᠨ ᠪᠢᠴᠢᠭ ᠢ ᠭᠠᠷᠳᠠᠨ ᠣᠯᠤᠭᠰᠠᠨ ᠠᠴᠠ ᠠᠪᠤᠭᠠᠳ 20 ᠠᠵᠢᠯᠯᠠᠬᠤ ᠡᠳᠦᠷ ᠤᠨ ᠳᠣᠲᠣᠷ᠎ᠠ ᠭᠠᠷ ᠤᠨ ᠦᠰᠦᠭ ᠵᠢᠷᠤᠭᠤᠯᠵᠤ ᠲᠠᠮᠠᠭ᠎ᠠ ᠳᠠᠷᠤᠭᠤᠯᠤᠭᠰᠠᠨ ᠭᠤᠷᠪᠠᠨ ᠲᠠᠯ᠎ᠠ ᠶᠢᠨ ᠵᠥᠪᠳᠡᠯᠴᠡᠭᠡᠷ ᠤᠨ ᠪᠢᠴᠢᠭ ᠢᠶᠠᠨ ᠬᠥᠮᠦᠵᠢᠭᠦᠯᠬᠦ ᠰᠤᠷᠭᠠᠭᠤᠯᠢ ᠳᠤᠨᠢ ᠢᠯᠡᠭᠡᠵᠦ ᠥᠭᠬᠦ ᠬᠡᠷᠡᠭᠲᠡᠢ᠃ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠪᠠᠷ ᠡᠯᠰᠡᠭᠳᠡᠭᠰᠡᠳ᠂ ᠡᠯᠰᠡᠭᠳᠡᠬᠦ ᠠᠴᠠ ᠪᠠᠨ ᠡᠮᠦᠨ᠎ᠡ ᠡᠷᠬᠡᠪᠰᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠭᠤᠷᠪᠠᠨ ᠲᠠᠯ᠎ᠠ ᠶᠢᠨ ᠵᠥᠪᠳᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠭᠠᠳ᠂ ᠰᠤᠷᠤᠭᠴᠢ ᠡᠯᠰᠡᠬᠦ ᠮᠡᠳᠡᠭᠳᠡᠯ ᠣᠯᠪᠠᠯ ᠰᠠᠶ᠋ᠢ ᠬᠦᠴᠦᠨ ᠲᠠᠢ ᠪᠣᠯᠤᠨ᠎ᠠ︔ ᠬᠡᠷᠪᠡ ᠲᠤᠰ ᠰᠤᠷᠤᠭᠴᠢ ᠪᠣᠶᠣ ᠭᠡᠷ ᠤᠨ ᠠᠬᠠᠮᠠᠳ ᠨᠢ ᠵᠥᠪᠳᠡᠯᠴᠡᠭᠡᠷ ᠤᠨ ᠪᠢᠴᠢᠭ ᠲᠤ ᠭᠠᠷ ᠤᠨ ᠦᠰᠦᠭ ᠵᠢᠷᠤᠬᠤ ᠶᠢ ᠲᠡᠪᠴᠢᠪᠡᠯ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠪᠠᠷ ᠡᠯᠰᠡᠭᠳᠡᠬᠦ ᠬᠢᠷᠢ ᠭᠡᠮ ᠢᠶᠠᠨ ᠥᠪᠡᠷᠲᠡᠭᠡᠨ ᠲᠠᠶᠠᠭᠳᠠᠭᠰᠠᠨ ᠢᠶᠠᠷ ᠦᠵᠡᠵᠦ᠂ ᠡᠯᠰᠡᠬᠦ ᠰᠤᠷᠭᠠᠭᠤᠯᠢ ᠨᠢ ᠲᠣᠬᠢᠷᠠᠭᠤᠯᠵᠤ ᠥᠭᠬᠦ ᠦᠭᠡᠢ᠂ ᠡᠭᠦᠨ ᠠᠴᠠ ᠪᠣᠯᠬᠤ ᠠᠯᠢᠪᠠ ᠦᠷ᠎ᠡ ᠳ᠋ᠥᠩ ᠳᠤ ᠰᠤᠷᠤᠭᠴᠢ ᠵᠢᠴᠢ ᠭᠡᠷ ᠤᠨ ᠠᠬᠠᠮᠠᠳ ᠨᠢ ᠥᠪᠡᠷᠲᠡᠭᠡᠨ ᠬᠠᠷᠢᠭᠤᠴᠠᠯᠭ᠎ᠠ ᠡᠭᠦᠷᠭᠡᠯᠡᠨ᠎ᠡ᠃      ᠡᠭᠦᠨ ᠠᠴᠠ ᠭᠠᠳᠠᠨ᠎ᠠ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠰᠤᠷᠭᠠᠭᠤᠯᠢ ᠪᠣᠯᠣᠨ ᠲᠤᠰᠬᠠᠢ ᠮᠡᠷᠭᠡᠵᠢᠯ ᠢᠶᠠᠨ ᠲᠣᠬᠢᠷᠠᠭᠤᠯᠬᠤ ᠪᠠᠷ ᠭᠤᠶᠤᠴᠢᠯᠠᠵᠤ ᠪᠣᠯᠬᠤ ᠦᠭᠡᠶ᠂ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠭᠠᠨ ᠤᠯᠤᠰ ᠤᠨ ᠡᠩ ᠤᠨ ᠵᠢᠩᠬᠢᠨᠢ ᠠᠩᠭᠢ ᠶᠢᠨ ᠰᠤᠷᠤᠭᠴᠢᠳ ᠤᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠢ ᠬᠦᠷᠲᠡᠨ᠎ᠡ᠃ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠲᠤ ᠠᠵᠢᠯ ᠤᠨ ᠪᠠᠶᠢᠷᠢᠨ ᠳᠤ ᠭᠠᠷᠤᠭᠰᠠᠨ ᠤ ᠰᠡᠭᠦᠯᠡᠷ ᠰᠦᠢᠳᠬᠡᠯ ᠢ ᠨᠢ ᠪᠤᠴᠠᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠰᠤᠷᠤᠭᠴᠢᠳ ᠰᠤᠷᠭᠠᠭᠤᠯᠢ ᠪᠠᠨ ᠲᠡᠭᠦᠰᠦᠭᠡᠳ ᠨᠡᠷ᠎ᠡ ᠮᠡᠳᠡᠭᠦᠯᠵᠦ ᠵᠥᠪᠳᠡᠯᠴᠡᠭᠡᠷ ᠲᠣᠭᠲᠠᠭᠰᠠᠨ ᠭᠠᠵᠠᠷ ᠲᠤ ᠬᠦᠷᠴᠦ ᠠᠵᠢᠯ ᠤᠨ ᠪᠠᠶᠢᠷᠢᠨ ᠳᠤ ᠭᠠᠷᠤᠭᠰᠠᠨ ᠤ ᠪᠠᠨ ᠲᠠᠷᠠᠭ᠎ᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠰᠤᠷᠭᠠᠨ ᠬᠥᠮᠦᠵᠢᠯ ᠤᠨ ᠲᠣᠪᠴᠢᠶ᠎ᠠ ᠳᠤ ᠬᠦᠷᠴᠦ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠭᠠᠨ ᠲᠤᠰᠢᠶᠠᠭᠰᠠᠨ ᠰᠤᠷᠤᠯᠭ᠎ᠠ ᠪᠣᠯᠤᠨ ᠬᠤᠨᠤᠭ ᠤᠨ ᠪᠦᠬᠦ ᠵᠠᠷᠤᠳᠠᠯ ᠢᠶᠠᠨ ᠠᠪᠴᠤ ᠪᠣᠯᠣᠨ᠎ᠠ᠃ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠲᠤᠷᠰᠢᠨ ᠬᠢᠴᠢᠶᠡᠯᠯᠡᠬᠦ ᠪᠠ ᠬᠢᠨᠠᠨ ᠰᠢᠯᠭᠠᠯᠲᠠ ᠳᠤ ᠬᠢᠷᠢ ᠲᠡᠩᠴᠡᠪᠡᠯ᠂ ᠲᠣᠭᠲᠠᠭᠰᠠᠨ ᠴᠢᠭᠯᠡᠯᠲᠦ ᠭᠠᠵᠠᠷ ᠤᠨ ᠰᠤᠷᠭᠠᠭᠤᠯᠢ ᠳᠤ ᠬᠤᠪᠢᠶᠠᠷᠢᠯᠠᠨ ᠪᠠᠭᠰᠢᠯᠠᠭᠤᠯᠵᠤ᠂ ᠲᠤᠰ ᠭᠠᠵᠠᠷ ᠣᠷᠣᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠤᠷᠤᠨ ᠲᠤᠭ᠎ᠠ ᠶᠢ ᠨᠢ ᠬᠠᠷᠢᠭᠤᠴᠠᠨ ᠨᠠᠶᠢᠳᠠᠪᠤᠷᠢᠵᠢᠭᠤᠯᠵᠤ᠂ ᠴᠠᠯᠢᠩ ᠢ ᠨᠢ ᠴᠦ ᠡᠳ᠋ ᠤᠨ ᠵᠠᠰᠠᠭ ᠤᠨ ᠨᠢᠭᠡᠳᠦᠯᠲᠡᠶ ᠣᠯᠭᠤᠯᠲᠠ ᠳᠤ ᠣᠷᠤᠭᠤᠯᠤᠨ᠎ᠠ᠃      ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠲᠡᠭᠦᠰᠦᠭᠰᠡᠨ ᠤ ᠳᠠᠷᠠᠭ᠎ᠠ ᠭᠡᠷ᠎ᠡ ᠪᠠᠨ ᠭᠦᠢᠴᠡᠳᠬᠡᠬᠦ ᠪᠠᠶᠢᠳᠠᠯ ᠢ ᠬᠡᠷᠬᠢᠨ ᠵᠢᠷᠤᠮᠵᠢᠭᠤᠯᠬᠤ ᠪᠤᠢ︖      ︽ᠲᠥᠰᠦᠯ︾ ᠳᠤ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠤᠨ ᠭᠡᠷ᠎ᠡ ᠪᠠᠨ ᠭᠦᠢᠴᠡᠳᠬᠡᠬᠦ ᠬᠠᠮᠢᠶᠠᠷᠤᠯᠲᠠ ᠶᠢᠨ ᠠᠷᠭ᠎ᠠ ᠶᠢ ᠲᠣᠳᠣᠷᠬᠠᠢ ᠳᠤᠷᠠᠳᠴᠠᠢ᠄ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠰᠤᠷᠭᠠᠭᠤᠯᠢ ᠪᠠᠨ ᠲᠡᠭᠦᠰᠦᠭᠰᠡᠨ ᠤ ᠳᠠᠷᠠᠭ᠎ᠠ᠂ ᠰᠤᠷᠭᠠᠭᠤᠯᠢ ᠳᠤ ᠣᠷᠣᠬᠤ ᠠᠴᠠ ᠡᠮᠦᠨ᠎ᠡ ᠭᠠᠷ ᠤᠨ ᠦᠰᠦᠭ ᠵᠢᠷᠤᠭᠰᠠᠨ ᠭᠤᠷᠪᠠᠨ ᠲᠠᠯ᠎ᠠ ᠶᠢᠨ ᠵᠥᠪᠳᠡᠯᠴᠡᠭᠡᠷ ᠤᠨ ᠪᠢᠴᠢᠭ ᠤᠨ ᠶᠣᠰᠣᠭᠠᠷ ᠨᠡᠷ᠎ᠡ ᠮᠡᠳᠡᠭᠦᠯᠦᠨ ᠰᠢᠯᠭᠠᠭᠤᠯᠤᠭᠰᠠᠨ ᠪᠠ ᠵᠥᠪᠳᠡᠯᠴᠡᠭᠡᠷ ᠲᠣᠭᠲᠠᠭᠰᠠᠨ ᠭᠠᠵᠠᠷ ᠤᠨ ᠰᠤᠮᠤ ᠰᠢᠶᠠᠩ ᠪᠠᠯᠭᠠᠰᠤ ᠶᠢᠨ ᠲᠥᠪ ᠲᠣᠭᠤᠷᠢᠭ᠂ ᠭᠠᠴᠠᠭ᠎ᠠ ᠲᠣᠰᠬᠤᠨ ᠵᠢᠴᠢ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠬᠦᠷᠴᠦ ᠪᠠᠭᠰᠢᠯᠠᠨ᠎ᠠ᠂ ᠦᠢᠯᠡᠴᠢᠯᠡᠬᠦ ᠬᠤᠭᠤᠴᠠᠭ᠎ᠠ ᠨᠢ 6 ᠵᠢᠯ ᠠᠴᠠ ᠳᠤᠲᠠᠭᠤ ᠪᠠᠶᠢᠵᠤ ᠪᠣᠯᠬᠤ ᠦᠭᠡᠢ᠃ ᠦᠢᠯᠡᠴᠢᠯᠡᠬᠦ ᠬᠤᠭᠤᠴᠠᠭᠠᠨ ᠳᠠᠭᠠᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠤᠨ ᠰᠤᠳᠤᠯᠬᠤ ᠰᠣᠷᠣᠭᠴᠢ ᠶᠢᠨ ᠰᠢᠯᠭᠠᠯᠲᠠ ᠳᠤ ᠣᠷᠤᠯᠴᠠᠵᠤ ᠪᠣᠯᠬᠤ ᠦᠭᠡᠶ᠃ 6 ᠵᠢᠯ ᠤᠨ ᠦᠢᠯᠡᠴᠢᠯᠡᠬᠦ ᠬᠤᠭᠤᠴᠠᠭ᠎ᠠ ᠨᠢ ᠭᠦᠢᠴᠡᠭᠰᠡᠨ ᠤ ᠳᠠᠷᠠᠭ᠎ᠠ᠂ ᠬᠤᠰᠢᠭᠤ ᠰᠢᠶᠠᠨ ︵ᠬᠤᠳᠠ᠂ ᠲᠣᠭᠤᠷᠢᠭ︶ ᠤ ᠬᠡᠪᠴᠢᠶᠡᠨ ᠳᠣᠲᠤᠷᠠᠬᠢ ᠬᠤᠳᠠ ᠬᠥᠳᠡᠭᠡ ᠶᠢᠨ ᠪᠠᠭᠰᠢ ᠰᠣᠯᠢᠯᠴᠠᠬᠤ ᠬᠡᠪᠴᠢᠶᠡᠨ ᠳᠤ ᠨᠢᠭᠡᠳᠦᠯᠲᠡᠢ ᠣᠷᠤᠭᠤᠯᠤᠨ᠎ᠠ᠃      ᠭᠡᠷ᠎ᠡ ᠵᠦᠷᠢᠴᠡᠭᠰᠡᠨ ᠢ ᠬᠠᠮᠢᠶᠠᠷᠬᠤ ᠲᠠᠯ᠎ᠠ ᠪᠠᠷ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠵᠥᠪᠳᠡᠯᠴᠡᠭᠡᠷ ᠤᠨ ᠪᠣᠯᠵᠤᠭ᠎ᠠ ᠶᠣᠰᠤᠭᠠᠷ ᠨᠡᠷ᠎ᠡ ᠮᠡᠳᠡᠭᠦᠯᠵᠦ ᠰᠢᠯᠭᠠᠭᠰᠠᠨ ᠪᠠ ᠵᠥᠪᠳᠡᠯᠴᠡᠭᠡᠷ ᠲᠣᠭᠲᠠᠭᠰᠠᠨ ᠰᠤᠮᠤ ᠰᠢᠶᠠᠩ ᠪᠠᠯᠭᠠᠰᠤ ᠶᠢᠨ ᠲᠥᠪ ᠲᠣᠭᠤᠷᠢᠭ ᠂ ᠭᠠᠴᠠᠭ᠎ᠠ ᠲᠣᠰᠬᠤᠨ ᠪᠣᠯᠣᠨ ᠪᠠᠯᠭᠠᠰᠤ ᠲᠠᠷᠢᠶᠠᠯᠠᠬᠤ ᠮᠠᠯᠵᠢᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠬᠦᠷᠴᠦ ᠠᠵᠢᠯᠯᠠᠬᠤ ᠦᠭᠡᠢ ᠪᠣᠯ᠂ ᠲᠣᠭᠲᠠᠭᠠᠯ ᠶᠣᠰᠣᠭᠠᠷ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠬᠢ ᠰᠤᠷᠤᠯᠭ᠎ᠠ ᠶᠢᠨ ᠵᠠᠷᠤᠳᠠᠯ ᠪᠣᠯᠤᠨ ᠬᠤᠨᠤᠭ ᠤᠨ ᠵᠠᠷᠤᠳᠠᠯ ᠤᠨ ᠨᠡᠶᠢᠯᠡᠪᠦᠷᠢ ᠶᠢᠨ 50% ᠪᠠᠷ ᠭᠡᠷ᠎ᠡ ᠵᠥᠷᠢᠴᠡᠭᠰᠡᠨ ᠮᠥᠩᠭᠦ ᠲᠦᠯᠦᠬᠦ ᠬᠡᠷᠡᠭᠲᠡᠶ︔ ᠭᠡᠷ᠎ᠡ ᠪᠠᠨ ᠭᠦᠢᠴᠡᠳᠬᠡᠭᠡᠳ 3 ᠵᠢᠯ ᠪᠣᠯᠤᠭᠠᠳᠤᠢ ᠪᠣᠯ᠂ ᠲᠡᠭᠦᠨ ᠤ ᠠᠪᠤᠭᠰᠠᠨ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ ᠳᠠᠬᠢ ᠰᠤᠷᠤᠯᠭ᠎ᠠ ᠶᠢᠨ ᠵᠠᠷᠤᠳᠠᠯ ᠪᠣᠯᠣᠨ ᠬᠤᠨᠤᠭ ᠤᠨ ᠵᠠᠷᠤᠳᠠᠯ ᠢᠶᠠᠨ ᠲᠣᠭᠲᠠᠭᠠᠯ ᠶᠣᠰᠣᠭᠠᠷ ᠪᠦᠬᠦᠨ ᠢ ᠪᠤᠴᠠᠭᠠᠬᠤ ᠪᠥᠭᠡᠳ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠬᠢ ᠰᠤᠷᠤᠯᠭ᠎ᠠ ᠶᠢᠨ ᠵᠠᠷᠤᠳᠠᠯ ᠪᠣᠯᠤᠨ ᠬᠤᠨᠤᠭ ᠤᠨ ᠵᠠᠷᠤᠳᠠᠯ ᠤᠨ ᠨᠡᠶᠢᠯᠡᠪᠦᠷᠢ ᠶᠢᠨ 40% ᠪᠠᠷ ᠭᠡᠷ᠎ᠡ ᠵᠥᠷᠢᠴᠡᠭᠰᠡᠨ ᠮᠥᠩᠭᠦ ᠲᠦᠯᠦᠬᠦ ᠬᠡᠷᠡᠭᠲᠡᠶ︔ ᠭᠡᠷ᠎ᠡ ᠪᠠᠨ ᠭᠦᠢᠴᠡᠳᠬᠡᠭᠡᠳ ᠪᠦᠬᠦᠯᠢ 6 ᠵᠢᠯ ᠪᠣᠯᠤᠭᠠᠳᠤᠢ ᠪᠣᠯ᠂ ᠲᠡᠭᠦᠨ ᠤ ᠠᠪᠤᠭᠰᠠᠨ ᠰᠤᠷᠭᠠᠭᠤᠯᠢ ᠳᠤ ᠰᠤᠷᠤᠯᠴᠠᠵᠤ ᠪᠠᠶᠢᠬᠤ ᠬᠤᠭᠤᠴᠠᠭᠠᠨ  ᠳᠠᠬᠢ ᠰᠤᠷᠤᠯᠭ᠎ᠠ ᠶᠢᠨ ᠵᠠᠷᠤᠳᠠᠯ ᠪᠣᠯᠣᠨ ᠬᠤᠨᠤᠭ ᠤᠨ ᠵᠠᠷᠤᠳᠠᠯ ᠢᠶᠠᠨ ᠲᠣᠭᠲᠠᠭᠠᠯ ᠶᠣᠰᠣᠭᠠᠷ ᠪᠦᠬᠦᠨ ᠢ ᠪᠤᠴᠠᠭᠠᠬᠤ ᠪᠥᠭᠡᠳ ᠰᠤᠷᠭᠠᠭᠤᠯᠢ ᠳᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠬᠢ ᠰᠤᠷᠤᠯᠭ᠎ᠠ ᠶᠢᠨ ᠵᠠᠷᠤᠳᠠᠯ ᠪᠣᠯᠤᠨ ᠬᠤᠨᠤᠭ ᠤᠨ ᠵᠠᠷᠤᠳᠠᠯ ᠤᠨ ᠨᠡᠶᠢᠯᠡᠪᠦᠷᠢ ᠶᠢᠨ 30% ᠪᠠᠷ ᠭᠡᠷ᠎ᠡ ᠵᠥᠷᠢᠴᠡᠭᠰᠡᠨ ᠮᠥᠩᠭᠦ ᠲᠦᠯᠦᠬᠦ ᠬᠡᠷᠡᠭᠲᠡᠶ᠃ ᠡᠭᠦᠨ ᠠᠴᠠ ᠭᠠᠳᠠᠨ᠎ᠠ᠂ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠶᠢᠨ ᠮᠡᠷᠭᠡᠵᠢᠯ ᠤᠨ ᠰᠤᠷᠤᠭᠴᠢᠳ ᠲᠣᠭᠲᠠᠭᠠᠭᠰᠠᠨ ᠰᠤᠷᠤᠯᠭ᠎ᠠ ᠶᠢᠨ ᠬᠤᠭᠤᠴᠠᠭᠠᠨ ᠳᠠᠭᠠᠨ ᠰᠤᠷᠤᠯᠴᠠᠭ᠎ᠠ ᠪᠠᠨ ᠪᠡᠶᠡᠯᠡᠭᠦᠯᠦᠭᠰᠡᠨ ᠦᠭᠡᠢ ︵ᠡᠭᠦᠨ ᠳᠤ ᠰᠤᠷᠤᠯᠭ᠎ᠠ ᠠᠴᠠ ᠲᠦᠷ ᠵᠣᠭᠰᠤᠬᠤ ᠪᠠᠭᠲᠠᠬᠤ ᠦᠭᠡᠢ︶ ᠪᠣᠯ ᠭᠡᠷ᠎ᠡ ᠵᠦᠷᠢᠴᠡᠭᠰᠡᠨ ᠢᠶᠠᠷ ᠲᠣᠭᠠᠴᠠᠵᠤ᠂ ᠲᠡᠭᠦᠨ ᠤ ᠰᠦᠢᠳᠬᠡᠯ ᠥᠯᠥ ᠬᠤᠷᠢᠶᠠᠬᠤ ᠲᠣᠭᠲᠠᠭᠰᠠᠨ ᠴᠢᠭᠯᠡᠯᠲᠦ ᠪᠠᠭᠰᠢ ᠬᠥᠮᠦᠵᠢᠭᠦᠯᠬᠦ ᠲᠥᠯᠦᠪᠯᠡᠭᠡᠨ ᠤ ᠬᠢᠷᠢ ᠬᠡᠮ ᠢ ᠨᠢ ᠬᠠᠰᠤᠨ᠎ᠠ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ