ᠥᠪᠥᠷ ᠮᠤᠩᠭᠤᠯ᠄ 17 ᠲᠦᠮᠡᠨ ᠰᠤᠷᠤᠭᠴᠢ ᠤᠯᠤᠰ ᠤᠨ ᠨᠢᠭᠡᠳᠦᠯᠳᠠᠢ ᠰᠢᠯᠭᠠᠯᠳᠠ ᠳᠤ ᠣᠷᠣᠯᠴᠠᠵᠤ 190 ᠰᠢᠯᠭᠠᠯᠳᠠ ᠶᠢᠨ ᠴᠢᠭ᠋ ᠲᠣᠬᠢᠷᠠᠭᠤᠯᠵᠠᠢ
ᠨᠡᠶᠢᠲᠡᠯᠡᠭᠰᠡᠨ ᠴᠠᠭ᠄
2017/6/8
      2017 ᠣᠨ ᠤ ᠪᠦᠬᠦ ᠤᠯᠤᠰ ᠤᠨ ᠨᠢᠭᠡᠳᠦᠯᠳᠠᠢ ᠰᠢᠯᠭᠠᠯᠳᠠ ᠳᠤ  ᠂ ᠮᠠᠨ ᠤ ᠤᠷᠤᠨ ᠠᠴᠠ ᠨᠡᠶᠢᠳᠡ 170546 ᠰᠢᠯᠭᠠᠭᠤᠯᠤᠭᠴᠢ ᠤᠷᠤᠯᠴᠠᠵᠦ᠂ ᠨᠢᠳᠦᠨᠤᠨ ᠲᠠᠢ ᠬᠠᠷᠢᠴᠠᠭᠤᠯᠪᠠᠯ ᠬᠦᠮᠦᠨ ᠤ ᠲᠤᠭ᠎ᠠ ᠬᠠᠷᠢᠴᠠᠩᠭᠤᠢ ᠪᠠᠭᠠᠰᠴᠠᠢ᠃ ᠡᠭᠦᠨ ᠳᠤ᠂ ᠬᠦᠬᠡᠬᠤᠳᠠ ᠳᠤ 24863 ᠰᠢᠯᠭᠠᠭᠤᠯᠤᠭᠴᠢ᠂ ᠨᠡᠶᠢᠳᠡ 9 ᠰᠢᠯᠭᠠᠯᠳᠠ ᠶᠢᠨ ᠲᠤᠭᠤᠷᠢᠭ᠂ 19 ᠰᠢᠯᠭᠠᠯᠳᠠ ᠶᠢᠨ ᠴᠢᠭ᠋᠂ 698 ᠰᠢᠯᠭᠠᠯᠳᠠ ᠶᠢᠨ ᠲᠠᠯᠠᠪᠤᠷ ᠳᠤᠬᠢᠷᠠᠭᠤᠯᠪᠠ᠃       ᠣᠶᠢᠯᠠᠭᠠᠭᠰᠠᠨ ᠢᠶᠠᠷ᠂ 2017 ᠣᠨ ᠤ ᠨᠢᠭᠡᠳᠦᠯᠳᠠᠢ ᠰᠢᠯᠭᠠᠯᠳᠠ ᠶᠢᠨ ᠠᠮᠤᠷ ᠲᠦᠪᠰᠢᠨ᠂ ᠲᠤᠭᠳᠠᠭᠤᠨ᠂ ᠤᠷᠤᠭᠰᠢᠳᠠᠢ ᠶᠠᠪᠤᠭᠳᠠᠬᠤ ᠶᠢ ᠪᠠᠲᠤᠯᠠᠬᠤ ᠶᠢᠨ ᠲᠦᠯᠦᠭᠡ᠂ ᠮᠠᠨ ᠤ ᠤᠷᠤᠨ ᠤᠯᠠᠨ ᠵᠦᠢᠯ ᠤᠨ ᠠᠷᠭ᠎ᠠ ᠬᠡᠮᠵᠢᠶ᠎ᠡ ᠠᠪᠴᠦ᠂ ᠰᠢᠯᠭᠠᠯᠳᠠ ᠶᠢᠨ ᠤᠷᠴᠢᠨ ᠲᠤᠭᠤᠷᠢᠨ ᠢ ᠴᠡᠭᠴᠡᠯᠡᠨ ᠵᠠᠰᠠᠵᠦ᠂ ᠰᠢᠯᠭᠠᠯᠳᠠ ᠶᠢᠨ ᠰᠤᠷᠳᠠᠯ ᠰᠢᠯᠭᠠᠯᠳᠠ ᠶᠢᠨ ᠰᠠᠬᠢᠯᠭ᠎ᠠ ᠳᠦᠷᠢᠮ ᠳᠤ ᠲᠦᠪ ᠬᠢᠴᠢᠶᠡᠩᠬᠦᠢ ᠬᠠᠨᠳᠤᠵᠦ᠂ ᠤᠷᠤᠯᠠᠨ ᠰᠢᠯᠭᠠᠬᠤ ᠶᠢ ᠴᠢᠩᠭ᠎ᠠ ᠰᠡᠷᠬᠡᠶᠢᠯᠡᠪᠡ᠃ ᠡᠯ᠎ᠡ ᠰᠢᠯᠭᠠᠯᠳᠠ ᠶᠢᠨ ᠴᠢᠭ᠋ ᠲᠤ ᠨᠠᠮᠵᠢᠭᠤᠨ ᠰᠤᠳᠠᠯ ᠤᠨ ᠬᠤᠷᠤᠭᠤᠨ ᠤᠷᠤᠮ ᠢᠶᠠᠷ ᠰᠢᠯᠭᠠᠨ ᠨᠤᠳᠠᠯᠠᠬᠤ ᠲᠦᠭᠦᠭᠡᠷᠦᠮᠵᠢ ᠳᠤᠬᠢᠷᠠᠭᠤᠯᠵᠦ᠂ ᠰᠢᠯᠭᠠᠬᠤ ᠠᠴᠠ ᠡᠮᠦᠨ᠎ᠡ 30 ᠮᠢᠨᠦ᠋ᠲ ᠳᠤ ᠰᠢᠯᠭᠠᠭᠤᠯᠤᠭᠴᠢ ᠶᠢ ᠬᠤᠷᠤᠭᠤᠨ ᠤᠷᠤᠮ ᠢᠶᠠᠷ ᠨᠢ ᠰᠢᠯᠭᠠᠨ ᠨᠤᠳᠠᠯᠠᠵᠠᠢ᠃ ᠰᠢᠯᠭᠠᠯᠳᠠ ᠶᠢᠨ ᠲᠠᠯᠠᠪᠠᠢ ᠪᠦᠷᠢ ᠳᠤ ᠲᠡᠮᠦᠷᠯᠢᠭ ᠤᠨ ᠬᠠᠶᠢᠭᠤᠷ ᠭᠡᠷᠡᠭᠰᠡᠯ ᠳᠤᠬᠢᠷᠠᠭᠤᠯᠵᠦ᠂ ᠰᠢᠯᠭᠠᠭᠤᠯᠤᠭᠴᠢ ᠰᠢᠯᠭᠠᠯᠳᠠ ᠲᠠᠢ ᠬᠤᠯᠪᠤᠭᠳᠠᠯ ᠦᠭᠡᠢ ᠪᠤᠳᠠᠰ ᠢᠶᠠᠨ ᠲᠦᠷ ᠲᠠᠯᠪᠢᠬᠤ ᠭᠠᠵᠠᠷ ᠲᠤ ᠲᠠᠯᠪᠢᠭᠰᠠᠨ ᠤ ᠳᠠᠷᠠᠭ᠎ᠠ᠂ ᠰᠢᠯᠭᠠᠯᠳᠠ ᠪᠠᠶᠢᠴᠠᠭᠠᠭᠴᠢ ᠠᠴᠠ ᠲᠡᠮᠦᠷᠯᠢᠭ ᠤᠨ ᠬᠠᠶᠢᠭᠤᠷ ᠭᠡᠷᠡᠭᠰᠡᠯ ᠢᠶᠠᠷ ᠰᠢᠯᠭᠠᠭᠤᠯᠤᠭᠴᠢ ᠳᠤ ᠪᠠᠶᠢᠴᠠᠭᠠᠯᠳᠠ ᠬᠢᠵᠦ ᠭᠡᠷᠡᠴᠢᠯᠡᠨ᠎ᠡ᠃ ᠡᠭᠦᠨ ᠤ ᠵᠡᠷᠭᠡᠪᠡᠷ᠂ ᠰᠢᠯᠭᠠᠭᠤᠯᠤᠭᠴᠢ ᠭᠠᠷ ᠤᠳᠠᠰᠦ᠂ ᠭᠠᠷ ᠴᠠᠭ᠂ ᠤᠰᠤ᠂ ᠲᠡᠮᠦᠷᠯᠢᠭ ᠵᠠᠰᠠᠯ ᠴᠢᠮᠡᠭᠯᠡᠯ᠂ ᠨᠤᠮ ᠮᠠᠲ᠋ᠧᠷᠢᠶᠠᠯ᠂ ᠡᠯᠧᠺᠲᠷᠣᠨ ᠲᠦᠭᠦᠭᠡᠷᠦᠮᠵᠢ ᠵᠢᠴᠢ ᠪᠤᠰᠤᠳ ᠰᠢᠯᠭᠠᠯᠳᠠ ᠶᠢᠨ ᠲᠠᠯᠠᠪᠠᠢ ᠳᠤ ᠠᠪᠴᠦ ᠤᠷᠤᠬᠤ ᠶᠢ ᠴᠠᠭᠠᠵᠠᠯᠠᠭᠰᠠᠨ ᠪᠤᠳᠠᠰ ᠢ ᠰᠢᠯᠭᠠᠯᠳᠠ ᠶᠢᠨ ᠲᠠᠯᠠᠪᠠᠢ ᠳᠤ ᠠᠪᠴᠦ ᠤᠷᠤᠬᠤ ᠶᠢ ᠴᠢᠩᠭ᠎ᠠ ᠴᠠᠭᠠᠵᠠᠯᠠᠵᠠᠢ᠃ ᠰᠢᠯᠭᠠᠯᠳᠠ ᠶᠢᠨ ᠴᠢᠭ᠋ ᠲᠤ ᠪᠠᠰᠠ ᠷᠠᠳᠢᠣ᠋ ᠳᠤᠬᠢᠶ᠎ᠠ ᠶᠢ ᠪᠠᠶᠢᠴᠠᠭᠠᠨ ᠬᠤᠷᠢᠬᠯᠠᠵᠦ ᠭᠡᠮ ᠬᠢᠬᠦ ᠶᠢ ᠰᠡᠷᠭᠡᠶᠢᠯᠡᠨ ᠡᠵᠡᠮᠳᠡᠬᠦ ᠰᠢᠰᠲ᠋ᠧᠮ ᠢ ᠳᠤᠬᠢᠷᠠᠭᠤᠯᠬᠤ ᠪᠤᠶᠤ ᠪᠤᠰᠤᠳ ᠷᠠᠳᠢᠣ᠋ ᠳᠤᠬᠢᠶ᠎ᠠ ᠶᠢ ᠬᠠᠯᠬᠠᠯᠠᠬᠤ ᠲᠦᠭᠦᠭᠡᠷᠦᠮᠵᠢ ᠶᠢ ᠭᠡᠷᠡᠭᠯᠡᠵᠦ᠂ ᠨᠢᠭᠤᠴᠠᠭᠠᠢ ᠰᠤᠨᠤᠰᠤᠭᠤᠷ ᠢ ᠭᠡᠷᠡᠭᠯᠡᠵᠦ ᠰᠢᠯᠭᠠᠯᠳᠠ ᠳᠤ ᠭᠡᠮ ᠬᠢᠬᠦ ᠶᠢ ᠰᠡᠷᠭᠡᠶᠢᠯᠡᠵᠡᠢ᠃      ᠰᠢᠯᠭᠠᠯᠳᠠ ᠶᠢᠨ ᠬᠤᠭᠤᠴᠠᠭᠠᠨ ᠳᠤ᠂ ᠰᠢᠯᠵᠢᠭᠡ ᠷᠠᠳᠢᠣ᠋ ᠬᠢᠨᠠᠨ ᠪᠠᠶᠢᠴᠠᠭᠠᠬᠤ ᠮᠠᠰᠢᠨ ᠲᠡᠷᠭᠡ ᠭᠠᠷᠭᠠᠵᠦ᠂ ᠭᠡᠮ ᠬᠢᠬᠦ ᠳᠤᠬᠢᠶ᠎ᠠ ᠢᠯᠡᠷᠡᠭᠰᠡᠨ ᠰᠡᠵᠢᠭᠯᠡᠯᠳᠡᠢ ᠰᠢᠯᠭᠠᠯᠳᠠ ᠶᠢᠨ ᠴᠢᠭ᠋ ᠤᠨ ᠤᠶᠢᠷ᠎ᠠ ᠬᠠᠪᠢ ᠶᠢᠨ ᠤᠷᠴᠢᠨ ᠲᠤᠭᠤᠷᠢᠨ ᠎ ᠢ ᠭᠤᠤᠯᠳᠠᠯᠭ᠎ᠠ ᠲᠠᠢ ᠬᠢᠨᠠᠨ ᠪᠠᠶᠢᠴᠠᠭᠠᠵᠤ᠂ ᠴᠤᠬᠢᠯᠳᠠ ᠦᠭᠴᠤ ᠪᠤᠢ᠃ ᠡᠭᠦᠨ ᠠᠴᠠ ᠭᠠᠳᠠᠨ᠎ᠠ᠂ ᠰᠢᠯᠭᠠᠯᠳᠠ ᠶᠢᠨ ᠲᠦᠪ ᠭᠤᠤᠯᠴᠢ ᠶᠢ ᠪᠠᠲᠤᠯᠠᠬᠤ ᠶᠢᠨ ᠲᠦᠯᠦᠭᠡ᠂ ᠰᠢᠯᠭᠠᠯᠳᠠ ᠶᠢᠨ ᠲᠠᠯᠠᠪᠠᠢ ᠪᠦᠷᠢ ᠳᠤ ᠡᠮᠦᠨ᠎ᠡ ᠬᠤᠶᠢᠨ᠎ᠠ ᠬᠤᠶᠠᠷ ᠲᠦᠷᠰᠦ ᠰᠢᠩᠭᠡᠭᠡᠭᠴᠢ ᠳᠤᠬᠢᠷᠠᠭᠤᠯᠵᠦ᠂ ᠰᠢᠯᠭᠠᠬᠤ ᠪᠦᠬᠦ ᠶᠠᠪᠤᠴᠠ ᠶᠢ ᠡᠯ᠎ᠡ ᠬᠠᠷᠠᠭᠠᠰᠦ ᠠᠴᠠ ᠰᠢᠩᠭᠡᠭᠡᠨ ᠰᠡᠭᠦᠳᠡᠷᠯᠡᠵᠦ ᠬᠢᠨᠠᠨ ᠡᠵᠡᠮᠰᠢᠵᠠᠢ᠃ 9 ᠰᠢᠯᠭᠠᠯᠳᠠ ᠶᠢᠨ ᠲᠠᠯᠠᠪᠠᠢ ᠪᠤᠯᠭᠠᠨ ᠳᠤ ᠨᠢᠭᠡ ᠰᠢᠩᠭᠡᠭᠡᠨ ᠰᠡᠭᠦᠳᠡᠷᠯᠡᠬᠦ ᠰᠢᠯᠭᠠᠯᠳᠠ ᠪᠠᠶᠢᠴᠠᠭᠠᠭᠴᠢ ᠳᠤᠬᠢᠷᠠᠭᠤᠯᠵᠦ᠂ ᠰᠦᠯᠵᠢᠶᠡᠨ ᠳᠡᠭᠡᠷ᠎ᠡ ᠲᠤᠭᠤᠷᠢᠨ ᠪᠠᠶᠢᠴᠠᠭᠠᠬᠤ ᠶᠢ ᠬᠡᠷᠡᠭᠵᠢᠬᠦᠯᠵᠠᠢ᠃ ᠰᠢᠯᠭᠠᠯᠳᠠ ᠳᠠᠭᠤᠰᠤᠭᠰᠠᠨ ᠤ ᠳᠠᠷᠠᠭ᠎ᠠ ᠳᠦᠷᠰᠦ ᠰᠢᠩᠭᠡᠭᠡᠯᠳᠡ ᠪᠠᠨ ᠳᠠᠬᠢᠨ ᠪᠠᠶᠢᠴᠠᠭᠠᠵᠤ ᠦᠵᠡᠨ᠎ᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号