| ᠡᠷᠢᠶᠡᠨ ᠬᠤᠲᠠ — ᠮᠠᠨᠵᠤᠤᠷ ᠬᠦᠷᠬᠦ ᠠᠭᠠᠷ ᠠᠶᠠᠯᠠᠯ ᠤᠨ ᠵᠠᠮ ᠱᠤᠭᠤᠮ ᠨᠡᠪᠲᠡᠷᠡᠵᠤ᠂ ᠬᠤᠶᠠᠷ | ᠪᠣᠭᠤᠮᠲᠠ ᠬᠤᠳᠠ ᠶᠢᠨ ᠬᠤᠭᠤᠷᠤᠨᠳᠤ ᠠᠩᠬ᠎ᠠ ᠤᠳᠠᠭ᠎ᠠ ᠰᠠᠨᠰᠠᠷ ᠤᠨ ᠬᠥᠭᠦᠷᠭᠡ ᠪᠠᠶᠢᠭᠤᠯᠤᠭᠰᠠᠨ ᠨᠢ᠂ ᠬᠤᠶᠠᠷ | ᠬᠢᠯᠢ ᠶᠢᠨ ᠬᠤᠲᠠ ᠶᠢᠨ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠶ ᠠᠬᠢᠭᠤᠯᠬᠤ ᠦᠢᠯᠡᠳᠦᠯ ᠦᠵᠡᠭᠦᠯᠬᠦ | ᠪᠣᠯᠤᠨ᠎ᠠ᠃ ᠬᠤᠶᠢᠰᠢᠳᠠ ᠮᠠᠨᠵᠤᠤᠷ ᠨᠢ ᠡᠷᠢᠶᠡᠨ ᠬᠤᠲᠠ ᠯᠤᠭ᠎ᠠ ᠶᠢᠨ ᠭᠦᠨᠵᠡᠭᠡᠶ ᠬᠠᠮᠲᠤᠷᠠᠯᠴᠠᠭ᠎ᠠ ᠪᠠᠨ ᠤᠯᠠᠮ ᠨᠢᠭᠡ | ᠠᠯᠬᠤᠮ ᠥᠷᠨᠢᠭᠦᠯᠵᠦ᠂ ᠬᠤᠳᠠᠯᠳᠤᠭᠠᠨ ᠤ ᠬᠠᠮᠲᠤᠷᠠᠯᠴᠠᠭ᠎ᠠ ᠵᠢᠴᠢ ᠢᠷᠡᠭᠡᠳᠦᠶ ᠶᠢᠨ ᠠᠭᠠᠷ ᠠᠶᠠᠯᠠᠯ ᠤᠨ ᠠᠵᠢᠯ ᠤᠨ | ᠲᠠᠯ᠎ᠠ ᠪᠠᠷ ᠴᠤ ᠤᠯᠠᠮ ᠨᠢᠭᠡ ᠠᠯᠬᠤᠮ ᠰᠣᠯᠢᠯᠴᠠᠭ᠎ᠠ ᠬᠢᠬᠦ ᠪᠣᠯᠤᠨ᠎ᠠ᠃ | | ᠡᠨᠡ ᠤᠳᠠᠭᠠᠨ ᠤ ᠠᠭᠠᠷ ᠤᠨ ᠠᠶᠠᠯᠠᠯ ᠨᠡᠪᠲᠡᠷᠡᠭᠰᠡᠨ ᠨᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠬᠤᠶᠠᠷ ᠶᠡᠭᠡ ᠪᠣᠭᠤᠮᠲᠠ ᠬᠤᠳᠠ ᠳᠤ ᠰᠠᠨᠰᠠᠷ ᠤᠨ ᠬᠤᠨᠭ᠍ᠬᠢᠯ ᠢ ᠠᠩᠬ᠎ᠠ ᠤᠳᠠᠭ᠎ᠠ ᠪᠤᠢ ᠪᠤᠯᠭᠠᠭᠰᠠᠨ | ᠪᠤᠯᠬᠤᠷ᠂ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠷᠢᠶᠡᠨ ᠬᠤᠲᠠ ᠪᠤᠯ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠰ ᠬᠤᠶᠢᠲᠤ ᠬᠡᠰᠡᠭ ᠲᠤ ᠪᠠᠶᠢᠷᠢᠯᠠᠵᠤ᠂ ᠮᠣᠩᠭᠤᠯ ᠤᠯᠤᠰ ᠤᠨ ᠳᠤᠷᠤᠨᠠᠭᠤᠪᠢ | ᠠᠶᠢᠮᠠᠭ ᠤᠨ ᠵᠠᠮ ᠤᠨ ᠡᠭᠦᠳᠡ ᠬᠤᠳᠠ ᠯᠤᠭ᠎ᠠ ᠬᠢᠯᠢ ᠰᠤᠳᠠᠯᠠᠨ ᠰᠢᠷᠲᠡᠯᠴᠡᠵᠤ᠂ ᠬᠤᠶᠠᠷ ᠬᠤᠳᠠ ᠶᠢᠨ | ᠬᠤᠭᠤᠷᠣᠨᠳᠣᠬᠢ ᠵᠠᠶ ᠨᠢ 4.5 ᠺᠢᠯᠣᠮᠧᠲᠷ ᠯᠡ ᠪᠠᠶᠢᠳᠠᠭ᠂ ᠮᠠᠨ ᠤ ᠤᠯᠤᠰ ᠤᠨ ᠮᠣᠩᠭᠤᠯ ᠤᠯᠤᠰ ᠯᠤᠭ᠎ᠠ ᠶᠢᠨ | ᠬᠠᠮᠤᠭ ᠤᠨ ᠲᠤᠮᠤ ᠬᠠᠭᠤᠷᠠᠶ ᠵᠠᠮ ᠤᠨ ᠪᠣᠭᠤᠮᠲᠠ ᠪᠤᠯᠤᠨ᠎ᠠ᠃ ᠮᠠᠨᠵᠤᠤᠷ ᠪᠤᠯ ᠪᠠᠷᠠᠭᠤᠨᠰᠢ ᠪᠠᠨ ᠮᠣᠩᠭᠤᠯ ᠤᠯᠤᠰ | ᠲᠠᠢ ᠬᠦᠷᠰᠢᠯᠳᠦᠵᠤ᠂ ᠤᠮᠠᠷᠠᠰᠢ ᠪᠠᠨ ᠣᠷᠣᠰ ᠯᠤᠭ᠎ᠠ ᠵᠠᠯᠭᠠᠯᠳᠤᠵᠤ᠂ ᠳᠤᠮᠳᠠᠳᠤ ᠤᠷᠤᠰ ᠤᠨ ᠠᠷᠠᠯᠵᠢᠶᠠᠨ ᠤ | 65% ᠠᠴᠠ ᠳᠡᠭᠡᠭᠰᠢᠬᠢ ᠬᠠᠭᠤᠷᠠᠶ ᠵᠠᠮ ᠤᠨ ᠲᠡᠭᠡᠭᠡᠪᠦᠷᠢ ᠶᠢᠨ ᠡᠭᠦᠷᠭᠡ ᠶᠢ ᠡᠭᠦᠷᠭᠡᠯᠡᠵᠦ ᠪᠠᠶᠢᠭ᠎ᠠ ᠪᠦᠬᠦ | ᠤᠯᠤᠰ ᠤᠨ ᠬᠠᠮᠤᠭ ᠤᠨ ᠲᠤᠮᠤ ᠬᠠᠭᠤᠷᠠᠶ ᠵᠠᠮ ᠤᠨ ᠪᠣᠭᠤᠮᠲᠠ ᠬᠤᠳᠠ ᠪᠤᠯᠤᠨ᠎ᠠ᠃ ᠬᠤᠶᠠᠷ ᠶᠡᠭᠡ ᠪᠣᠭᠤᠮᠲᠠ ᠨᠢ | ᠴᠥᠮ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ ᠳᠠᠬᠢ ᠳᠤᠮᠳᠠᠳᠤ ᠮᠣᠩᠭᠤᠯ ᠣᠷᠣᠰ ᠤᠨ | ᠠᠵᠤ ᠠᠬᠤᠶ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠪᠣᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠭᠠᠵᠠᠷ | ᠵᠦᠢ ᠶᠢᠨ ᠪᠠᠶᠢᠷᠢᠯᠠᠯ ᠲᠠᠢ ᠪᠠᠶᠢᠳᠠᠭ᠃ ᠳᠤᠰ ᠠᠭᠠᠷ ᠠᠶᠠᠯᠠᠯ ᠨᠡᠪᠲᠡᠷᠡᠭᠰᠡᠨ ᠨᠢ ᠬᠤᠶᠠᠷ ᠶᠡᠭᠡ ᠪᠣᠭᠤᠮᠲᠠ ᠶᠢᠨ | ᠬᠤᠭᠤᠷᠣᠨᠳᠣᠬᠢ ᠬᠠᠷᠢᠯᠴᠠᠨ ᠨᠡᠪᠲᠡᠷᠡᠯᠴᠡᠬᠦ᠂ ᠬᠠᠷᠢᠯᠴᠠᠨ ᠬᠤᠯᠪᠤᠭᠠᠯᠴᠠᠬᠤ ᠶᠢ ᠠᠬᠢᠭᠤᠯᠬᠤ᠂ ᠬᠤᠶᠠᠷ ᠭᠠᠵᠠᠷ | ᠤᠷᠤᠨ ᠤ ᠨᠡᠭᠡᠭᠡᠯᠲᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠠᠰᠢᠭᠲᠠᠢ ᠪᠦᠭᠡᠳ ᠬᠢᠯᠢ ᠶᠢᠨ ᠠᠷᠠᠯᠵᠢᠶᠠᠨ ᠤ | ᠬᠥᠭᠵᠢᠯᠲᠡ ᠶᠢ ᠳᠠᠶᠢᠴᠢᠯᠠᠵᠤ᠂ ᠪᠣᠭᠤᠮᠲᠠ ᠶᠢᠨ ᠬᠤᠭᠤᠷᠣᠨᠳᠣᠬᠢ ᠰᠣᠯᠢᠯᠴᠠᠭ᠎ᠠ ᠵᠢᠴᠢ ᠳᠤᠮᠳᠠᠳᠤ ᠭᠠᠳᠠᠭᠠᠳᠤ ᠶᠢᠨ | ᠠᠶᠠᠨᠴᠢᠳ ᠤᠨ ᠤᠷᠤᠵᠤ ᠭᠠᠷᠬᠤ ᠳᠤ ᠵᠠᠮ ᠬᠠᠷᠢᠯᠴᠠᠭᠠᠨ ᠤ ᠳᠦᠬᠦᠮ ᠳᠥᠲᠡ ᠨᠥᠬᠦᠴᠡᠯ ᠤᠯᠭᠤᠵᠠᠢ᠃ |