ᠳᠤᠮᠳᠠᠳᠤ ᠤᠯᠤᠰ ᠤᠨ ᠬᠠᠮᠤᠭ ᠤᠨ ᠡᠷᠬᠡ ᠰᠦᠷᠲᠦ ᠳᠠᠭᠠᠭᠤᠯᠢ ᠣᠳᠣᠨ ᠤ ᠲᠤᠬᠠᠶᠢᠯᠠᠭᠰᠠᠨ ᠠᠵᠢᠯ ᠥᠪᠥᠷ ᠮᠣᠩᠭᠤᠯ ᠳᠤ ᠵᠢᠩᠬᠢᠨᠢ ᠪᠠᠷ ᠨᠤᠲᠤᠭᠰᠢᠪᠠ
ᠨᠡᠶᠢᠲᠡᠯᠡᠭᠰᠡᠨ ᠴᠠᠭ᠄
2017/6/8
     6 ᠳ᠋ᠤᠭᠠᠷ ᠰᠠᠷ᠎ᠠ ᠶᠢᠨ 6᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ ᠨᠢ ᠪᠡᠭᠡᠵᠢᠩ ᠤᠨ ᠬᠠᠩ ᠲᠢᠶᠠᠨ ᠱᠢ ᠵᠢᠩ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠯᠤᠭ᠎ᠠ ᠥᠪᠥᠷ ᠮᠣᠩᠭᠤᠯ ᠤᠨ ᠣᠷᠣᠨ ᠵᠠᠶ ᠭᠠᠵᠠᠷ ᠵᠦᠢ ᠶᠢᠨ ᠮᠡᠳᠡᠭᠡ ᠵᠠᠩᠭᠢ ᠶᠢᠨ ᠳᠠᠭᠠᠭᠤᠯᠢ ᠤᠳᠦᠠ ᠤ ᠠᠯᠤᠰ ᠰᠡᠷᠡᠯ ᠤᠨ ᠲᠣᠮᠣ ᠳ᠋ᠠᠶᠢᠲ᠋ᠠ ᠬᠥᠮᠥᠷᠭᠡ ᠵᠡᠷᠭᠡ ᠠᠭᠤᠯᠭ᠎ᠠ ᠶᠢᠨ ᠲᠠᠯ᠎ᠠ ᠪᠠᠷ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ ᠲᠤ ᠭᠠᠷ ᠤᠨ ᠦᠰᠦᠭ ᠵᠢᠷᠤᠪᠠ᠂ ᠡᠨᠡ ᠨᠢ ᠳᠤᠮᠳᠠᠳᠤ ᠤᠯᠤᠰ ᠤᠨ ᠬᠠᠮᠤᠭ ᠤᠨ ᠡᠷᠬᠡ ᠰᠦᠷᠲᠦ ᠳᠠᠭᠠᠭᠤᠯᠢ ᠣᠳᠣᠨ ᠤ ᠲᠤᠬᠠᠶᠢᠯᠠᠭᠰᠠᠨ ᠠᠵᠢᠯ ᠥᠪᠥᠷ ᠮᠣᠩᠭᠤᠯ ᠳᠤ ᠵᠢᠩᠬᠢᠨᠢ ᠪᠠᠷ ᠨᠤᠲᠤᠭᠰᠢᠭᠰᠠᠨ ᠢ ᠬᠠᠷᠠᠭᠤᠯᠵᠤ ᠪᠠᠶᠢᠨ᠎ᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠲᠤᠮᠤ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ ᠬᠤ᠋ ᠹᠧᠩ ᠪᠣᠯᠤᠨ ᠪᠡᠭᠡᠵᠢᠩ ᠤᠨ ᠬᠠᠩ ᠲᠢᠶᠠᠨ ᠱᠢ ᠵᠢᠩ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠶ ᠳᠠᠭᠠᠭᠠᠮᠠᠯ ᠴᠢᠶᠠᠨ ᠭᠤᠸᠠᠩ ᠵᠢᠶᠦ᠋ᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠮᠣ ᠳ᠋ᠠᠶᠢᠲ᠋ᠠ ᠶᠢᠨ ᠬᠥᠭᠵᠢᠯᠲᠡ ᠬᠠᠮᠢᠶᠠᠷᠤᠯᠲᠠ ᠶᠢᠨ ᠲᠣᠪᠴᠢᠶ᠎ᠠ ᠪᠣᠯᠣᠨ ᠪᠡᠭᠡᠵᠢᠩ ᠤᠨ ᠬᠠᠩ ᠲᠢᠶᠠᠨ ᠱᠢ ᠵᠢᠩ ᠮᠡᠳᠡᠭᠡ ᠵᠠᠩᠭᠢ ᠶᠢᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ︾᠎ ᠲᠤ ᠭᠠᠷ ᠤᠨ ᠦᠰᠦᠭ ᠵᠢᠷᠤᠪᠠ᠃      ᠵᠥᠪᠳᠡᠯᠴᠡᠭᠡᠷ ᠶᠣᠰᠣᠭᠠᠷ ᠬᠤᠶᠠᠷ ᠲᠠᠯ᠎ᠠ ᠶᠢᠨ ᠬᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠵᠠᠶ ᠭᠠᠵᠠᠷ ᠵᠦᠢ ᠶᠢᠨ ᠮᠡᠳᠡᠭᠡ ᠵᠠᠩᠭᠢ ᠶᠢᠨ ᠳᠠᠭᠠᠭᠤᠯᠢ ᠤᠳᠦᠠ ᠤ ᠠᠯᠤᠰ ᠰᠡᠷᠡᠯ ᠤᠨ ᠲᠣᠮᠣ ᠳ᠋ᠠᠶᠢᠲ᠋ᠠ ᠬᠥᠮᠥᠷᠭᠡ ᠪᠣᠯᠣᠨ ᠬᠠᠮᠲᠤ ᠪᠠᠷ ᠬᠦᠷᠲᠡᠬᠦ ᠡᠭᠦᠯᠡᠨ ᠲᠠᠪᠴᠠᠩ ᠢ ᠪᠠᠶᠢᠭᠤᠯᠵᠤ᠂ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠡᠬᠢ ᠪᠠᠶᠠᠯᠢᠭ ᠢ ᠴᠤᠭᠯᠠᠭᠤᠯᠤᠨ ᠡᠮᠬᠢᠳᠬᠡᠬᠦ ᠪᠠ ᠬᠠᠮᠲᠤ ᠪᠠᠷ ᠬᠦᠷᠲᠡᠬᠦ ᠶᠢ ᠲᠥᠷᠭᠡᠳᠬᠡᠨ ᠠᠬᠢᠭᠤᠯᠵᠤ᠂ ᠤᠯᠠᠨ ᠬᠤᠭᠤᠴᠠᠭᠠᠲᠤ ᠥᠩᠭᠡᠷᠡᠭᠰᠡᠨ ᠵᠢᠯ ᠤᠳ ᠤᠨ ᠠᠯᠤᠰ ᠰᠡᠷᠡᠯ ᠤᠨ ᠢᠮᠡᠭᠧ ᠰᠡᠭᠦᠳᠡᠷ᠂ ᠵᠡᠮ ᠤᠨ ᠲᠣᠣᠷ᠂ POI ᠮᠡᠳᠡᠭᠡ ᠵᠠᠩᠭᠢ ᠵᠡᠷᠭᠡ ᠭᠠᠵᠠᠷ ᠵᠦᠢ ᠶᠢᠨ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠥᠪᠡᠷᠲᠡᠭᠡᠨ ᠵᠠᠰᠠᠬᠤ ᠣᠷᠣᠨ ᠤ ᠡᠯ᠎ᠡ ᠠᠵᠤ ᠠᠬᠤᠶᠢᠯᠠᠯ᠂ ᠠᠵᠢᠯ ᠳᠥᠷᠥᠯ ᠤᠨ ᠨᠡᠶᠢᠭᠡᠮᠯᠢᠭ᠂ ᠰᠢᠨᠵᠢᠯᠡᠬᠦ ᠤᠬᠠᠭᠠᠨ ᠤ ᠰᠣᠳᠣᠯᠤᠯ ᠤᠨ ᠪᠠᠶᠢᠭᠤᠯᠤᠮᠵᠢ᠂ ᠤᠯᠡᠠ ᠨᠡᠶᠢᠳᠠ ᠵᠡᠷᠭᠡ ᠬᠡᠷᠡᠭᠯᠡᠭᠴᠢᠳ ᠤᠨ ᠡᠬᠢ ᠪᠠᠶᠠᠯᠢᠭ ᠎ ᠯᠤᠭ᠎ᠠ ᠡᠮᠬᠢᠯᠡᠨ ᠨᠡᠶᠢᠯᠡᠭᠦᠯᠵᠦ᠂ ᠬᠠᠮᠲᠤ ᠪᠠᠷ ᠬᠦᠷᠲᠡᠬᠦ ᠪᠠ ᠵᠣᠬᠢᠴᠠᠭᠤᠯᠤᠨ ᠰᠣᠯᠢᠯᠴᠠᠬᠤ ᠶᠢ ᠪᠡᠶᠡᠯᠡᠭᠦᠯᠬᠦ ᠪᠣᠯᠣᠨ᠎ᠠ᠃ ᠬᠤᠶᠠᠷ ᠲᠠᠯ᠎ᠠ ᠪᠠᠷ ᠢᠶᠠᠨ ᠭᠠᠵᠠᠷ ᠵᠦᠢ ᠶᠢᠨ ᠮᠡᠳᠡᠭᠡ ᠵᠠᠩᠭᠢ ᠶᠢᠨ ᠰᠢᠰᠲ᠋ᠧᠮ ᠳᠤ ᠰᠠᠭᠤᠷᠢᠯᠠᠭᠰᠠᠨ ᠳ᠋ᠠᠶᠢᠲ᠋ᠠ ᠶᠢᠨ ᠭᠦᠨᠵᠡᠭᠡᠢ ᠬᠡᠷᠡᠭᠯᠡᠭᠡᠨ ᠢ ᠥᠷᠨᠢᠭᠦᠯᠵᠦ᠂ ᠥᠪᠥᠷ ᠮᠣᠩᠭᠤᠯ ᠤᠨ ᠤᠶᠤᠨᠴᠢᠷ ᠵᠢᠭᠤᠯᠴᠢᠯᠠᠯ᠂ ᠤᠶᠤᠨᠴᠢᠷ ᠬᠤᠳᠠ᠂ ᠤᠶᠤᠨᠴᠢᠷ ᠣᠷᠴᠢᠨ ᠠᠬᠤᠶ ᠶᠢᠨ ᠬᠠᠮᠠᠭᠠᠯᠠᠯᠲᠠ ᠵᠡᠷᠭᠡ ᠤᠷᠤᠨ ᠪᠠᠶᠢᠷᠢ ᠶᠢᠨ ᠠᠯᠤᠰ ᠰᠡᠷᠡᠯ ᠤᠨ ᠲᠤᠭ᠎ᠠ ᠪᠠᠷᠢᠮᠲᠠ ᠶᠢᠨ ᠲᠥᠷᠥᠯ ᠵᠦᠢᠯ ᠳᠤ ᠰᠠᠭᠤᠷᠢᠯᠠᠬᠰᠡᠨ ᠭᠦᠨᠵᠡᠭᠡᠢ ᠬᠡᠷᠡᠭᠯᠡᠭᠡᠨ ᠪᠠ ᠲᠤᠰᠬᠠᠶ ᠰᠡᠳᠦᠪ ᠤᠨ ᠬᠥᠮᠥᠷᠭᠡ ᠪᠠᠶᠢᠭᠤᠯᠬᠤ ᠳᠤ ᠤᠷᠤᠯᠴᠠᠬᠤ ᠪᠣᠯᠣᠨ᠎ᠠ᠃ ᠠᠯᠤᠰ ᠰᠡᠷᠡᠯ ᠤᠨ ᠳᠠᠭᠠᠭᠤᠯᠢ ᠣᠳᠣᠨ ᠤ ᠬᠠᠮᠢᠶ᠎ᠠ ᠪᠦᠭᠦᠢ ᠲᠤᠨᠤᠭ ᠲᠥᠬᠦᠭᠡᠷᠦᠮᠵᠢ ᠦᠢᠯᠡᠳᠪᠦᠷᠢᠯᠡᠬᠦ ᠲᠥᠷᠥᠯ ᠵᠦᠢᠯ ᠵᠡᠷᠭᠡ ᠶᠢ ᠢᠳᠡᠪᠬᠢᠲᠡᠶ ᠪᠠᠷ ᠣᠷᠣᠭᠤᠯᠤᠨ ᠠᠪᠴᠢᠷᠠᠬᠤ ᠪᠣᠯᠣᠨ᠎ᠠ᠃ ᠤᠯᠠᠨ ᠲᠠᠯ᠎ᠠ ᠶᠢᠨ ᠬᠠᠮᠲᠤᠷᠠᠯᠴᠠᠭᠠᠨ ᠢᠶᠠᠷ ᠳᠠᠮᠵᠢᠵᠤ᠂ ᠥᠪᠥᠷ ᠮᠣᠩᠭᠤᠯ ᠤᠨ ᠲᠣᠮᠣ ᠳ᠋ᠠᠶᠢᠲ᠋ᠠ ᠶᠢᠨ ᠠᠵᠤ ᠦᠶᠯᠡᠰ ᠤᠨ ᠬᠥᠭᠵᠢᠯᠲᠡ ᠶᠢ ᠬᠠᠮᠲᠤᠪᠠᠷ ᠲᠦᠯᠬᠢᠨ ᠠᠬᠢᠭᠤᠯᠬᠤ ᠪᠣᠯᠣᠨ᠎ᠠ᠃      ᠵᠥᠪᠳᠡᠯᠴᠡᠭᠡᠷ ᠢ ᠦᠨᠳᠦᠰᠦᠯᠡᠪᠡᠯ᠂ ᠬᠤᠶᠠᠷ ᠲᠠᠯ᠎ᠠ ᠪᠠᠷ ᠢᠶᠠᠨ ᠠᠯᠤᠰ ᠰᠡᠷᠡᠯ ᠤᠨ ᠳᠠᠭᠠᠭᠤᠯᠢ ᠣᠳᠣᠨ ᠤ ᠲᠤᠭ᠎ᠠ ᠪᠠᠷᠢᠮᠲᠠ ᠶᠢᠨ ᠡᠬᠢ ᠪᠠᠶᠠᠯᠢᠭ ᠪᠣᠯᠣᠨ ᠣᠷᠦ᠋ᠢᠯᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠤ ᠶᠡᠷᠦᠩᠬᠡᠶᠢᠯᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠥᠪᠥᠷ ᠮᠣᠩᠭᠤᠯ ᠤᠨ ᠲᠦᠷᠦ ᠶᠢᠨ ᠪᠤᠳᠤᠯᠭ᠎ᠠ᠂ ᠡᠬᠢ ᠪᠠᠶᠠᠯᠢᠭ᠂ ᠠᠵᠤ ᠦᠢᠯᠡᠰ᠂ ᠣᠷᠣᠨ ᠪᠠᠶᠢᠷᠢ ᠵᠡᠷᠭᠡ ᠳᠠᠪᠠᠭᠤᠯᠢᠭ ᠲᠠᠯ᠎ᠠ ᠲᠠᠢ ᠤᠶᠠᠯᠳᠤᠭᠤᠯᠤᠨ᠂ ᠳᠠᠭᠠᠭᠤᠯᠢ ᠤᠳᠦᠠ ᠤ ᠠᠯᠤᠰ ᠰᠡᠷᠡᠯ᠂ ᠭᠠᠵᠠᠷ ᠵᠦᠢ ᠶᠢᠨ ᠮᠡᠳᠡᠭᠡ ᠵᠠᠩᠭᠢ ᠶᠢᠨ ᠲᠣᠮᠣ ᠳ᠋ᠠᠶᠢᠲ᠋ᠠ ᠶᠢᠨ ᠬᠦᠷᠢᠶᠡᠨ ᠳᠤ ᠪᠦᠬᠦ ᠲᠠᠯ᠎ᠠ ᠶᠢᠨ᠂ ᠭᠦᠨ ᠳᠠᠪᠬᠤᠷᠭ᠎ᠠ ᠶᠢᠨ ᠬᠠᠮᠲᠤᠷᠠᠯᠴᠠᠭ᠎ᠠ ᠶᠢ ᠭᠤᠣᠯᠳᠠᠯᠭ᠎ᠠ ᠲᠠᠢ ᠥᠷᠨᠢᠭᠦᠯᠬᠦ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号