︵2003 ᠤᠨ ᠤ 8 ᠳ᠋ᠤᠭᠠᠷ ᠰᠠᠷ᠎ᠠ ᠶᠢᠨ 27 ᠤ ᠡᠳᠦᠷ ᠠᠷᠪᠠᠳᠤᠭᠠᠷ ᠬᠤᠭᠤᠴᠠᠭᠠᠨ ᠤ ᠪᠦᠬᠦ | ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠲᠦᠷᠪᠡᠳᠦᠬᠡᠷ | ᠬᠤᠷᠠᠯᠳᠤᠭᠠᠨ ᠠᠴᠠ ᠪᠠᠲᠤᠯᠠᠪᠠ᠂ 2003 ᠤᠨ ᠤ 8 ᠳ᠋ᠤᠭᠠᠷ ᠰᠠᠷ᠎ᠠ ᠶᠢᠨ 27 ᠤ ᠡᠳᠦᠷ ᠪᠦᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ 7 ᠳ᠋ᠣᠭᠠᠷ ᠲᠤᠭᠠᠲᠤ ᠲᠡᠷᠢᠭᠦᠯᠡᠭᠴᠢ ᠶᠢᠨ ᠵᠠᠷᠯᠢᠭ ᠢᠶᠠᠷ ᠨᠡᠶᠢᠲᠡᠯᠡᠨ᠂ 2004 | ᠤᠨ ᠤ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠬᠦᠯᠪᠡ︶ | | | ᠨᠢᠬᠡᠳᠦᠬᠡᠷ ᠪᠦᠯᠦᠭ ᠶᠡᠷᠦᠩᠬᠡᠢ ᠲᠦᠷᠢᠮ | | ᠨᠢᠬᠡᠳᠦᠬᠡᠷ ᠵᠦᠢᠯ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠ ᠭᠡᠷᠡᠭᠵᠢᠬᠦᠯᠬᠦ ᠠᠵᠢᠯᠯᠠᠭ᠎ᠠ ᠶᠢ | ᠵᠢᠷᠤᠮᠵᠢᠭᠤᠯᠤᠨ᠂ ᠠᠷᠠᠳ ᠢᠷᠭᠡᠨ᠂ ᠬᠠᠤᠯᠢ ᠶᠢᠨ ᠬᠦᠮᠦᠨ ᠪᠤᠯᠤᠨ ᠪᠤᠰᠤᠳ ᠵᠤᠬᠢᠶᠠᠨ ᠪᠠᠶᠢᠭᠤᠯᠤᠯᠳᠠ ᠶᠢᠨ | ᠬᠠᠤᠯᠢ ᠶᠤᠰᠤᠨ ᠤ ᠡᠷᠭᠡ ᠠᠰᠢᠭ ᠢ ᠬᠠᠮᠠᠭᠠᠯᠠᠵᠤ᠂ ᠤᠯᠠᠨ ᠨᠡᠶᠢᠳᠡ ᠶᠢᠨ ᠠᠰᠢᠭ ᠲᠤᠰᠠ ᠪᠠ ᠨᠡᠶᠢᠬᠡᠮ ᠤᠨ ᠡᠮᠬᠢ | ᠲᠢᠭᠯᠢᠮ ᠢ ᠬᠠᠮᠠᠭᠠᠯᠠᠨ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠮᠢᠶᠠᠷᠤᠯᠳᠠ ᠪᠠᠨ | ᠪᠦᠳᠦᠮᠵᠢᠳᠡᠢ ᠪᠠᠷ ᠭᠡᠷᠡᠭᠵᠢᠬᠦᠯᠬᠦ ᠶᠢ ᠪᠠᠳᠤᠯᠠᠵᠤ ᠲᠡᠬᠦᠨ ᠳᠤ ᠬᠢᠨᠠᠯᠳᠠ ᠲᠠᠯᠪᠢᠬᠤ ᠶᠢᠨ ᠲᠦᠯᠤᠭᠡ᠂ ᠦᠨᠳᠦᠰᠦᠨ | ᠬᠠᠤᠯᠢ ᠶᠢ ᠦᠨᠳᠦᠰᠦᠯᠡᠨ ᠲᠤᠰ ᠬᠠᠤᠯᠢ ᠶᠢ ᠲᠤᠭᠳᠠᠭᠠᠪᠠ᠃ | ᠬᠤᠶᠠᠳᠤᠭᠠᠷ ᠵᠦᠢᠯ ᠲᠤᠰ ᠬᠠᠤᠯᠢ ᠳᠤ ᠬᠡᠯᠡᠵᠤ ᠪᠠᠶᠢᠭ᠎ᠠ ᠵᠠᠰᠠᠭ ᠵᠠᠬᠢᠷᠭᠠᠨ ᠤ ᠵᠦᠪᠰᠢᠶᠡᠷᠡᠯ ᠭᠡᠳᠡᠭ ᠨᠢ | ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ | ᠪᠠᠶᠢᠭᠤᠯᠤᠯᠳᠠ ᠶᠢᠨ ᠭᠤᠶᠤᠴᠢᠯᠠᠯ ᠢ ᠦᠨᠳᠦᠰᠦᠯᠡᠵᠤ᠂ ᠬᠠᠤᠯᠢ ᠶᠤᠰᠤᠭᠠᠷ ᠬᠢᠨᠠᠨ ᠪᠠᠶᠢᠴᠠᠭᠠᠬᠤ ᠪᠠᠷ ᠲᠠᠮᠵᠢᠭᠤᠯᠤᠨ᠂ | ᠲᠡᠬᠦᠨ ᠤ ᠲᠤᠰᠬᠠᠢ ᠲᠤᠭᠳᠠᠭᠠᠭᠰᠠᠨ ᠠᠵᠢᠯᠯᠠᠭ᠎ᠠ ᠬᠢᠬᠦ ᠶᠢ ᠵᠦᠪᠰᠢᠶᠡᠷᠡᠬᠦ ᠠᠵᠢᠯᠯᠠᠭ᠎ᠠ ᠶᠢ ᠬᠡᠯᠡᠵᠦ ᠪᠠᠶᠢᠨ᠎ᠠ᠃ | ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠ ᠭᠡᠷᠡᠭᠵᠢᠬᠦᠯᠬᠦ ᠳᠤ ᠲᠤᠰ | ᠬᠠᠤᠯᠢ ᠶᠢ ᠭᠡᠷᠡᠭᠯᠡᠨ᠎ᠠ᠃ | ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠪᠤᠰᠤᠳ ᠪᠠᠶᠢᠭᠤᠯᠭ᠎ᠠ ᠪᠤᠶᠤ ᠲᠡᠬᠦᠨ ᠤ | ᠰᠢᠭᠤᠳ ᠬᠠᠮᠢᠶᠠᠷᠴᠤ ᠪᠠᠶᠢᠭ᠎ᠠ ᠠᠵᠢᠯ ᠦᠢᠯᠡᠰ ᠤᠨ ᠨᠢᠬᠡᠴᠢ ᠶᠢᠨ ᠠᠵᠢᠯᠳᠠᠨ ᠤ ᠶᠠᠪᠤᠳᠠᠯ᠂ ᠡᠳ᠋ ᠤᠨ ᠶᠠᠪᠤᠳᠠᠯ᠂ | ᠭᠠᠳᠠᠭᠠᠳᠤ ᠶᠠᠪᠤᠳᠠᠯ ᠵᠡᠷᠭᠡ ᠠᠵᠢᠯ ᠭᠡᠷᠡᠭ ᠢ ᠬᠢᠨᠠᠨ ᠵᠦᠪᠰᠢᠶᠡᠷᠡᠬᠦ ᠳᠤ ᠲᠤᠰ ᠬᠠᠤᠯᠢ ᠶᠢ ᠭᠡᠷᠡᠭᠯᠡᠬᠦ ᠦᠬᠡᠢ᠃ | ᠲᠦᠷᠪᠡᠳᠦᠬᠡᠷ ᠵᠦᠢᠯ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠ ᠬᠡᠷᠡᠭᠵᠢᠬᠦᠯᠬᠦ ᠳᠤ | ᠬᠠᠤᠯᠢ ᠳᠤ ᠲᠤᠭᠳᠠᠭᠠᠭᠰᠠᠨ ᠡᠷᠭᠡ ᠮᠡᠳᠡᠯ ᠤᠨ ᠬᠡᠪᠴᠢᠶ᠎ᠡ᠂ ᠬᠦᠷᠢᠶ᠎ᠡ ᠭᠡᠪᠴᠢᠶ᠎ᠠ᠂ ᠨᠦᠬᠦᠴᠡᠯ ᠪᠠ ᠵᠢᠷᠤᠮ ᠢ | ᠦᠨᠳᠦᠰᠦᠯᠡᠬᠦ ᠬᠡᠷᠡᠭᠳᠡᠢ᠃ | ᠲᠠᠪᠤᠳᠤᠭᠠᠷ ᠵᠦᠢᠯ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠ ᠭᠡᠷᠡᠭᠵᠢᠬᠦᠯᠬᠦ ᠳᠤ ᠢᠯᠡ | ᠲᠤᠳᠤ᠂ ᠡᠷᠭᠡ ᠲᠡᠭᠰᠢ᠂ ᠲᠦᠪ ᠭᠤᠤᠯᠴᠢ ᠪᠠᠶᠢᠬᠤ ᠵᠠᠷᠴᠢᠮ ᠢ ᠵᠢᠷᠤᠮᠯᠠᠬᠤ ᠬᠡᠷᠡᠭᠳᠡᠢ᠃ | ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠢ ᠨᠡᠶᠢᠳᠡᠯᠡᠬᠦ ᠬᠡᠷᠡᠭᠳᠡᠢ︔ | ᠨᠡᠶᠢᠳᠡᠯᠡᠭᠰᠡᠨ ᠦᠬᠡᠢ ᠪᠠᠶᠢᠪᠠᠯ᠂ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠦᠨᠳᠦᠰᠦᠯᠡᠯ ᠪᠤᠯᠭᠠᠵᠤ ᠪᠤᠯᠬᠤ | ᠦᠬᠡᠢ᠃ | ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠷᠡᠭᠵᠢᠬᠦᠯᠤᠯᠳᠠ ᠪᠠ ᠲᠡᠬᠦᠨ ᠤ ᠦᠷ᠎ᠠ ᠳ᠋ᠦᠩ ᠢ ᠤᠯᠤᠰ ᠤᠨ | ᠨᠢᠭᠤᠴᠠ᠂ ᠬᠤᠳᠠᠯᠳᠤᠭᠠᠨ ᠤ ᠨᠢᠭᠤᠴᠠ ᠪᠤᠶᠤ ᠬᠤᠪᠢ ᠬᠦᠮᠦᠨ ᠤ ᠨᠢᠭᠤᠴᠠ ᠳᠤ ᠬᠤᠯᠪᠤᠭᠳᠠᠭᠰᠠᠨ ᠠᠴᠠ | ᠪᠤᠰᠤᠳ ᠢ ᠨᠢ ᠢᠯᠡ ᠪᠠᠷ ᠨᠡᠶᠢᠳᠡᠯᠡᠬᠦ ᠭᠡᠷᠡᠭᠳᠡᠢ᠃ | ᠬᠠᠤᠯᠢ ᠳᠤ ᠲᠤᠭᠳᠠᠭᠠᠭᠰᠠᠨ ᠨᠦᠬᠦᠴᠡᠯ᠂ ᠪᠠᠷᠢᠮᠵᠢᠶ᠎ᠠ ᠳᠤ ᠨᠠᠶᠢᠴᠡᠵᠤ ᠪᠠᠶᠢᠪᠠᠯ᠂ ᠭᠤᠶᠤᠴᠢᠯᠠᠭᠴᠢ ᠨᠢ | ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠤᠯᠬᠤ ᠠᠳᠠᠯᠢ ᠲᠡᠭᠰᠢ ᠡᠷᠭᠡ ᠲᠠᠢ᠂ ᠵᠠᠰᠠᠭ ᠵᠠᠬᠢᠷᠭᠠᠨ ᠤ | ᠪᠠᠶᠢᠭᠤᠯᠭ᠎ᠠ ᠭᠠᠳᠠᠭᠤᠷᠴᠢᠯᠠᠵᠤ ᠪᠤᠯᠬᠤ ᠦᠬᠡᠢ᠃ | ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠵᠦᠪᠰᠢᠶᠡᠷᠠᠯ ᠢ ᠭᠡᠷᠡᠭᠵᠢᠬᠦᠯᠬᠦ ᠳᠤ ᠠᠷᠠᠳ ᠲᠤ ᠲᠦᠬᠦᠮ | ᠦᠵᠡᠬᠦᠯᠬᠦ ᠵᠠᠷᠴᠢᠮ ᠢ ᠵᠢᠷᠤᠮᠯᠠᠨ᠂ ᠠᠵᠢᠯ ᠶᠠᠪᠤᠳᠠᠯ ᠡᠷᠬᠢᠯᠡᠬᠦ ᠦᠷ᠎ᠠ ᠪᠦᠳᠦᠭᠡᠯ ᠢᠶᠠᠨ ᠲᠡᠭᠡᠭᠰᠢᠯᠡᠬᠦᠯᠵᠤ᠂ ᠴᠢᠨᠠᠷ | ᠰᠠᠶᠢᠲᠠᠢ ᠦᠢᠯᠡᠴᠢᠯᠡᠭᠡ ᠬᠠᠨᠭ᠍ᠭᠠᠬᠤ ᠭᠡᠷᠡᠭᠳᠡᠢ᠃ | ᠲᠤᠯᠤᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠭᠡᠷᠡᠭᠵᠢᠬᠦᠯᠬᠦ ᠶᠠᠪᠤᠳᠠᠯ ᠳᠤ ᠲᠤᠭᠠᠴᠢᠨ | ᠦᠬᠦᠯᠡᠬᠦ ᠡᠷᠭᠡ᠂ ᠵᠦᠪᠳᠡᠭᠡᠨ ᠲᠤᠳᠤᠷᠬᠠᠶᠢᠢᠯᠠᠬᠤ ᠡᠷᠭᠡ ᠲᠠᠢ︔ ᠬᠠᠤᠯᠢ ᠶᠤᠰᠤᠭᠠᠷ ᠵᠠᠰᠠᠭ ᠵᠠᠬᠢᠷᠭᠠᠨ ᠢᠶᠠᠷ ᠲᠠᠪᠳᠠᠨ | ᠶᠠᠷᠢᠯᠴᠠᠭᠤᠯᠬᠤ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠬᠦ ᠡᠷᠭᠡ ᠲᠠᠢ︔ ᠲᠡᠬᠦᠨ ᠤ ᠬᠠᠤᠯᠢ | ᠶᠤᠰᠤᠨ ᠤ ᠡᠷᠭᠡ ᠠᠰᠢᠭ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠢ ᠵᠦᠷᠢᠴᠠᠨ ᠵᠠᠰᠠᠭ ᠵᠠᠬᠢᠷᠭᠠᠨ ᠤ | ᠵᠦᠪᠰᠢᠶᠡᠷᠡᠯ ᠢ ᠭᠡᠷᠡᠭᠵᠢᠬᠦᠯᠦᠭᠰᠡᠨ ᠠᠴᠠ ᠪᠤᠯᠵᠤ ᠬᠤᠬᠢᠷᠠᠯ ᠳᠤ ᠤᠴᠠᠷᠠᠭᠰᠠᠨ ᠪᠠᠶᠢᠪᠠᠯ᠂ ᠬᠠᠤᠯᠢ ᠶᠤᠰᠤᠭᠠᠷ | ᠲᠦᠯᠦᠪᠦᠷᠢ ᠠᠪᠬᠤ ᠪᠠᠷ ᠱᠠᠭᠠᠷᠳᠠᠬᠤ ᠡᠷᠭᠡ ᠲᠠᠢ᠃ | ᠨᠠᠢᠮᠠᠳᠤᠭᠠᠷ ᠵᠦᠢᠯ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ | ᠪᠠᠶᠢᠭᠤᠯᠤᠯᠳᠠ ᠶᠢᠨ ᠬᠠᠤᠯᠢ ᠶᠤᠰᠤᠭᠠᠷ ᠤᠯᠤᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠢ ᠬᠠᠤᠯᠢ ᠪᠠᠷ ᠬᠠᠮᠠᠭᠠᠯᠠᠨ᠎ᠠ᠂ | ᠵᠠᠰᠠᠭ ᠵᠠᠬᠢᠷᠭᠠᠨ ᠤ ᠪᠠᠶᠢᠭᠤᠯᠭ᠎ᠠ ᠨᠢᠭᠡᠨᠳᠡ ᠬᠦᠴᠦᠨ ᠲᠠᠢ ᠪᠤᠯᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ | ᠲᠤᠷ᠎ᠠ ᠪᠠᠷ ᠢᠶᠠᠨ ᠬᠤᠪᠢᠷᠠᠭᠤᠯᠵᠤ ᠪᠤᠯᠬᠤ ᠦᠬᠡᠢ᠃ | ᠵᠠᠰᠠᠬ ᠵᠠᠬᠢᠷᠭᠠᠨ ᠤ ᠵᠦᠪᠰᠢᠶᠡᠷᠡᠯ ᠤᠨ ᠦᠨᠳᠦᠰᠦ ᠪᠠᠷᠢᠮᠳᠠ ᠪᠤᠯᠭᠠᠭᠰᠠᠨ ᠬᠠᠤᠯᠢ ᠴᠠᠭᠠᠵᠠ᠂ ᠬᠠᠤᠯᠢ | ᠲᠤᠭᠳᠠᠭᠠᠯ᠂ ᠲᠦᠷᠢᠮ ᠳᠤ ᠵᠠᠰᠠᠪᠤᠷᠢ ᠤᠷᠤᠭᠤᠯᠤᠭᠰᠠᠨ ᠪᠤᠶᠤ ᠲᠡᠬᠦᠨ ᠢ ᠬᠦᠴᠦᠨ ᠦᠬᠡᠢ ᠪᠤᠯᠭᠠᠭᠰᠠᠨ᠂ ᠡᠰᠡᠬᠦᠯ᠎ᠠ | ᠵᠠᠰᠠᠬ ᠵᠠᠬᠢᠷᠭᠠᠨ ᠤ ᠵᠦᠪᠰᠢᠶᠡᠷᠡᠯ ᠦᠭᠬᠦ ᠦᠨᠳᠦᠰᠦ ᠪᠠᠷᠢᠮᠳᠠ ᠪᠤᠯᠭᠠᠭᠰᠠᠨ ᠪᠤᠰᠤᠳᠴᠢ ᠪᠠᠶᠢᠳᠠᠯ ᠳᠤ ᠴᠢᠬᠤᠯᠠ | ᠶᠡᠭᠡ ᠬᠤᠪᠢᠷᠠᠯᠳᠠ ᠭᠠᠷᠤᠭᠰᠠᠨ ᠪᠠᠶᠢᠪᠠᠯ᠂ ᠤᠯᠠᠨ ᠨᠡᠶᠢᠳᠡ ᠶᠢᠨ ᠠᠰᠢᠭ ᠲᠤᠰᠠ ᠶᠢᠨ ᠭᠡᠷᠡᠭᠴᠡᠭᠡ ᠶᠢᠨ ᠲᠦᠯᠦᠬᠡ᠂ | ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠨᠢᠬᠡᠨᠳᠡ ᠬᠦᠴᠦᠨ ᠲᠠᠢ ᠪᠤᠯᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ | ᠬᠠᠤᠯᠢ ᠶᠤᠰᠤᠭᠠᠷ ᠬᠤᠪᠢᠷᠠᠭᠤᠯᠬᠤ ᠪᠤᠶᠤ ᠪᠤᠴᠠᠭᠠᠨ ᠠᠪᠴᠤ ᠪᠤᠯᠤᠨ᠎ᠠ᠃ ᠡᠬᠦᠨ ᠠᠴᠠ ᠪᠤᠯᠵᠤ ᠠᠷᠠᠳ ᠢᠷᠭᠡᠨ᠂ | ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠳᠤ ᠡᠳ᠋ ᠬᠦᠷᠦᠩᠬᠡ ᠶᠢᠨ ᠬᠤᠬᠢᠷᠠᠯ | ᠤᠴᠠᠷᠠᠭᠤᠯᠤᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠲᠦᠯᠦᠪᠦᠷᠢ ᠦᠭᠬᠦ ᠬᠡᠷᠡᠭᠳᠡᠢ᠃ | ᠶᠢᠰᠦᠳᠦᠬᠡᠷ ᠵᠦᠢᠯ ᠬᠠᠤᠯᠢ ᠶᠤᠰᠤᠭᠠᠷ ᠤᠯᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠳᠤ | ᠲᠤᠭᠳᠠᠭᠠᠭᠰᠠᠨ ᠨᠦᠬᠦᠴᠡᠯ ᠪᠠ ᠵᠢᠷᠤᠮ ᠶᠤᠰᠤᠭᠠᠷ ᠰᠢᠯᠵᠢᠬᠦᠯᠵᠤ ᠪᠤᠯᠬᠤ ᠪᠠᠷ ᠬᠠᠤᠯᠢ ᠴᠠᠭᠠᠵᠠ᠂ ᠬᠠᠤᠯᠢ | ᠲᠤᠭᠳᠠᠭᠠᠯ ᠳᠤ ᠲᠤᠭᠳᠠᠭᠠᠭᠰᠠᠨ ᠠᠴᠠ ᠪᠤᠰᠤᠳ ᠢ ᠨᠢ ᠰᠢᠯᠵᠢᠬᠦᠯᠵᠤ ᠪᠤᠯᠬᠤ ᠦᠬᠡᠢ᠃ | ᠠᠷᠪᠠᠳᠤᠭᠠᠷ ᠵᠦᠢᠯ ᠰᠢᠶᠠᠨ ᠤ ᠱᠠᠳᠤᠨ ᠠᠴᠠ ᠲᠡᠭᠡᠭᠰᠢᠬᠢ ᠠᠷᠠᠳ ᠤᠨ ᠵᠠᠰᠠᠭ ᠤᠨ ᠤᠷᠳᠤᠨ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠠᠵᠢᠯᠯᠠᠭ᠎ᠠ ᠳᠤ ᠬᠢᠨᠠᠯᠳᠠ | ᠲᠠᠯᠪᠢᠬᠤ ᠲᠦᠷᠢᠮ ᠢ ᠪᠠᠶᠢᠭᠤᠯᠤᠨ ᠲᠡᠬᠦᠯᠳᠡᠷᠵᠢᠬᠦᠯᠵᠤ᠂ ᠵᠠᠰᠠᠬ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ | ᠵᠦᠪᠰᠢᠶᠡᠷᠡᠯ ᠢ ᠭᠡᠷᠡᠭᠵᠢᠬᠦᠯᠬᠦ ᠠᠵᠢᠯᠯᠠᠭ᠎ᠠ ᠶᠢ ᠬᠢᠨᠠᠵᠤ ᠪᠠᠶᠢᠴᠠᠭᠠᠬᠤ ᠪᠠᠨ ᠴᠢᠩᠭᠠᠳᠬᠠᠬᠤ ᠭᠡᠷᠡᠭᠳᠡᠢ᠃ | ᠵᠠᠰᠠᠬ ᠵᠠᠬᠢᠷᠭᠠᠨ ᠤ ᠪᠠᠶᠢᠭᠤᠯᠭ᠎ᠠ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ | ᠪᠠᠶᠢᠭᠤᠯᠤᠯᠳᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠤᠨ ᠠᠵᠢᠯᠯᠠᠭ᠎ᠠ ᠬᠢᠬᠦ ᠳᠤ ᠪᠦᠳᠦᠮᠵᠢᠳᠡᠢ | ᠬᠢᠨᠠᠯᠳᠠ ᠲᠠᠯᠪᠢᠬᠤ ᠬᠡᠷᠡᠭᠳᠡᠢ᠃ | | | ᠬᠤᠶᠠᠳᠤᠭᠠᠷ ᠪᠦᠯᠦᠭ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ | | | ᠠᠷᠪᠠᠨ ᠨᠢᠬᠡᠳᠦᠬᠡᠷ ᠵᠦᠢᠯ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠳᠤ ᠠᠵᠤ ᠠᠬᠤᠢ ᠪᠠ | ᠨᠡᠶᠢᠬᠡᠮ ᠤᠨ ᠬᠦᠭᠵᠢᠯᠳᠡ ᠶᠢᠨ ᠵᠢᠮ᠎ᠠ ᠶᠤᠰᠤ ᠶᠢ ᠵᠢᠷᠤᠮᠯᠠᠨ᠂ ᠠᠷᠠᠳ ᠢᠷᠭᠡᠨ᠂ ᠬᠠᠤᠯᠢ ᠶᠢᠨ ᠬᠦᠮᠦᠨ ᠪᠤᠶᠤ | ᠪᠤᠰᠤᠳ ᠵᠤᠬᠢᠶᠠᠨ ᠪᠠᠶᠢᠭᠤᠯᠤᠯᠳᠠ ᠶᠢᠨ ᠢᠳᠡᠪᠬᠢᠵᠢᠯ ᠪᠠ ᠰᠠᠨᠠᠭᠠᠴᠢᠯᠠᠭᠠᠳᠤ ᠴᠢᠨᠡᠷ ᠢ ᠪᠠᠳᠠᠷᠠᠭᠤᠯᠬᠤ ᠳᠤ ᠠᠰᠢᠭᠳᠠᠢ | ᠪᠠᠶᠢᠯᠭᠠᠵᠤ᠂ ᠤᠯᠠᠨ ᠨᠡᠶᠢᠳᠡ ᠶᠢᠨ ᠠᠰᠢᠭ ᠲᠤᠰᠠ ᠪᠠ ᠨᠡᠶᠢᠬᠡᠮ ᠤᠨ ᠡᠮᠬᠢ ᠲᠢᠭᠯᠢᠮ ᠢ ᠬᠠᠮᠠᠭᠠᠯᠠᠨ᠂ ᠠᠵᠤ ᠠᠬᠤᠢ᠂ | ᠨᠡᠶᠢᠬᠡᠮ ᠪᠠ ᠠᠮᠢ ᠠᠬᠤᠢ ᠶᠢᠨ ᠤᠷᠴᠢᠨ ᠨᠦᠬᠦᠴᠡᠯ ᠤᠨ ᠵᠤᠬᠢᠴᠠᠩᠭᠤᠢ ᠬᠦᠭᠵᠢᠯᠳᠡ ᠶᠢ ᠠᠬᠢᠭᠤᠯᠬᠤ ᠭᠡᠷᠡᠭᠳᠡᠢ᠃ | ᠠᠷᠪᠠᠨ ᠬᠤᠶᠠᠳᠤᠭᠠᠷ ᠵᠦᠢᠯ ᠲᠤᠤᠷ᠎ᠠ ᠵᠢᠭᠰᠠᠭᠠᠭᠰᠠᠨ ᠵᠦᠢᠯ ᠤᠳ ᠲᠤ ᠵᠠᠰᠠᠭ ᠵᠠᠬᠢᠷᠭᠠᠨ ᠤ | ᠵᠦᠪᠰᠢᠶᠡᠷᠡᠯ ᠢ ᠲᠤᠭᠳᠠᠭᠠᠵᠤ ᠪᠤᠯᠤᠨ᠎ᠠ᠄ | ︵ᠨᠢᠬᠡ︶ ᠤᠯᠤᠰ ᠤᠷᠤᠨ ᠤ ᠠᠮᠤᠷ ᠲᠦᠪᠰᠢᠨ᠂ ᠤᠯᠠᠨ ᠨᠡᠶᠢᠳᠡ ᠶᠢᠨ ᠠᠮᠤᠷ ᠲᠦᠪᠰᠢᠨ᠂ ᠠᠵᠤ | ᠠᠬᠤᠢ ᠶᠢᠨ ᠬᠤᠷᠸ᠎ᠠ ᠲᠤᠬᠢᠷᠠᠭᠤᠯᠤᠯ ᠡᠵᠡᠮᠳᠡᠯ᠂ ᠠᠮᠢ ᠠᠬᠤᠢ ᠶᠢᠨ ᠤᠷᠴᠢᠨ ᠨᠦᠬᠦᠴᠡᠯ ᠤᠨ ᠬᠠᠮᠠᠭᠠᠯᠠᠯᠳᠠ ᠳᠤ | ᠰᠢᠭᠤᠳ ᠬᠤᠯᠪᠤᠭᠳᠠᠬᠤ ᠵᠢᠴᠢ ᠬᠦᠮᠦᠨ ᠤ ᠪᠡᠶ᠎ᠡ ᠶᠢᠨ ᠡᠷᠡᠬᠦᠯ ᠮᠡᠨᠳᠦ᠂ ᠠᠮᠢ ᠨᠠᠰᠤ ᠡᠳ᠋ ᠬᠦᠷᠦᠩᠬᠡ ᠶᠢᠨ ᠠᠮᠤᠷ | ᠲᠦᠪᠰᠢᠨ ᠵᠡᠷᠭᠡ ᠳᠤ ᠰᠢᠭᠤᠳ ᠬᠤᠯᠪᠤᠭᠳᠠᠬᠤ ᠲᠤᠰᠬᠠᠢ ᠲᠤᠭᠳᠠᠭᠠᠭᠰᠠᠨ ᠠᠵᠢᠯᠯᠠᠭ᠎ᠠ ᠳᠠᠬᠢ ᠬᠠᠤᠯᠢ ᠳᠤ | ᠲᠤᠭᠳᠠᠭᠠᠭᠰᠠᠨ ᠨᠦᠬᠦᠴᠡᠯ ᠢ ᠦᠨᠳᠦᠰᠦᠯᠡᠨ ᠵᠦᠪᠰᠢᠶᠡᠷᠡᠬᠦ ᠴᠢᠬᠤᠯᠠᠳᠠᠢ ᠵᠦᠢᠯ ᠤᠳ︔ | ︵ᠬᠤᠶᠠᠷ︶ ᠬᠢᠵᠠᠭᠠᠷᠳᠠᠢ ᠪᠠᠶᠢᠭᠠᠯᠢ ᠶᠢᠨ ᠡᠬᠢ ᠪᠠᠶᠠᠯᠢᠭ ᠤᠨ ᠨᠡᠭᠡᠭᠡᠨ ᠠᠰᠢᠭᠯᠠᠯᠳᠠ᠂ ᠤᠯᠠᠨ ᠨᠡᠶᠢᠳᠡ ᠶᠢᠨ | ᠡᠬᠢ ᠪᠠᠶᠠᠯᠢᠭ ᠤᠨ ᠲᠤᠬᠢᠷᠠᠭᠤᠯᠤᠯᠳᠠ ᠵᠢᠴᠢ ᠤᠯᠠᠨ ᠨᠡᠶᠢᠳᠡ ᠶᠢᠨ ᠠᠰᠢᠭ ᠲᠤᠰᠠ ᠳᠤ ᠰᠢᠭᠤᠳ ᠬᠤᠯᠪᠤᠭᠳᠠᠬᠤ | ᠲᠤᠰᠬᠠᠢ ᠲᠤᠭᠳᠠᠭᠠᠭᠰᠠᠨ ᠠᠵᠢᠯ ᠲᠦᠷᠦᠯ ᠤᠨ ᠵᠠᠬ᠎ᠠ ᠲᠡᠯᠬᠡᠬᠦᠷ ᠲᠤ ᠤᠷᠤᠬᠤ ᠵᠦᠪᠰᠢᠶᠡᠷᠡᠯ ᠵᠡᠷᠭᠡ ᠳᠠᠬᠢ ᠤᠨᠴᠠᠭᠠᠢ | ᠡᠷᠭᠡ ᠤᠯᠭᠤᠬᠤ ᠴᠢᠬᠤᠯᠠᠳᠠᠢ ᠵᠦᠢᠯ ᠤᠳ︔ | ︵ᠭᠤᠷᠪᠠ︶ ᠤᠯᠠᠨ ᠨᠡᠶᠢᠳᠡ ᠶᠢᠨ ᠦᠢᠯᠡᠴᠢᠯᠡᠭᠡ ᠬᠠᠨᠭ᠍ᠭᠠᠵᠤ ᠪᠠᠶᠢᠭ᠎ᠠ ᠮᠦᠷᠳᠡᠭᠡᠨ ᠤᠯᠠᠨ ᠨᠡᠶᠢᠳᠡ ᠶᠢᠨ | ᠠᠰᠢᠭ ᠲᠤᠰᠠ ᠳᠤ ᠰᠢᠭᠤᠳ ᠬᠤᠯᠪᠤᠭᠳᠠᠬᠤ ᠠᠵᠢᠯ ᠮᠡᠷᠭᠡᠵᠢᠯ᠂ ᠠᠵᠢᠯ ᠲᠦᠷᠦᠯ ᠳᠠᠬᠢ ᠤᠨᠴᠠᠭᠠᠢ ᠢᠳᠡᠭᠡᠯ | ᠬᠦᠨᠳᠦ᠂ ᠤᠨᠴᠠᠭᠠᠢ ᠨᠦᠬᠦᠴᠡᠯ ᠪᠤᠶᠤ ᠤᠨᠴᠠᠭᠠᠢ ᠮᠡᠷᠭᠡᠵᠢᠯ ᠴᠢᠳᠠᠪᠤᠷᠢ ᠵᠡᠷᠭᠡ ᠬᠢᠷᠢ ᠭᠡᠮ᠂ ᠬᠢᠷᠢ ᠴᠢᠳᠠᠯ ᠲᠠᠢ | ᠪᠠᠶᠢᠬᠤ ᠶᠢ ᠲᠤᠭᠳᠠᠭᠠᠬᠤ ᠴᠢᠬᠤᠯᠠᠳᠠᠢ ᠵᠦᠢᠯ ᠤᠳ︔ | ︵ᠲᠦᠷᠪᠡ︶ ᠤᠯᠠᠨ ᠨᠡᠶᠢᠳᠡ ᠶᠢᠨ ᠠᠮᠤᠷ ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ ᠮᠡᠨᠳᠦ᠂ ᠠᠮᠢ ᠨᠠᠰᠤ | ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ | ᠪᠡᠯᠡᠳᠭᠡᠮᠵᠢ᠂ ᠦᠢᠯᠡᠳᠬᠦᠨ᠂ ᠡᠳ᠋ ᠪᠠᠷᠠᠭ᠎ᠠ ᠵᠡᠷᠭᠡ ᠳᠠᠬᠢ ᠮᠡᠷᠭᠡᠵᠢᠯ ᠤᠨ ᠪᠡᠷᠢᠮᠵᠢᠶ᠎ᠠ᠂ ᠮᠡᠷᠭᠡᠵᠢᠯ ᠤᠨ ᠲᠦᠷᠢᠮᠵᠢᠯ | ᠶᠤᠰᠤᠭᠠᠷ ᠪᠠᠶᠢᠴᠠᠭᠠᠨ ᠰᠢᠯᠭᠠᠬᠤ᠂ ᠪᠠᠶᠢᠴᠠᠭᠠᠨ ᠬᠡᠮᠵᠢᠬᠦ᠂ ᠬᠢᠵᠢᠭ ᠢ ᠪᠠᠶᠢᠴᠠᠭᠠᠬᠤ ᠵᠡᠷᠭᠡ ᠠᠷᠭ᠎ᠠ ᠭᠡᠮᠵᠢᠶ᠎ᠠ ᠪᠠᠷ | ᠲᠠᠮᠵᠢᠭᠤᠯᠤᠨ ᠬᠢᠨᠠᠨ ᠲᠤᠭᠳᠠᠭᠠᠬᠤ ᠴᠢᠬᠤᠯᠠᠳᠠᠢ ᠵᠦᠢᠯ ᠤᠳ︔ | ︵ᠲᠠᠪᠤ︶ ᠠᠵᠤ ᠠᠬᠤᠶᠢᠢᠯᠠᠯ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢ ᠪᠠᠶᠢᠭᠤᠯᠬᠤ ᠵᠡᠷᠭᠡ ᠳᠠᠬᠢ | ᠪᠡᠶᠡᠴᠢ ᠴᠤᠭᠴᠠ ᠶᠢᠨ ᠬᠢᠷᠢ ᠬᠡᠮ ᠢ ᠲᠤᠳᠤᠯᠠᠬᠤ ᠴᠢᠬᠤᠯᠠᠳᠠᠢ ᠵᠦᠢᠯ ᠤᠳ︔ | ︵ᠵᠢᠷᠭᠤᠭ᠎ᠠ︶ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠬᠤ ᠪᠠᠷ ᠬᠠᠤᠯᠢ ᠴᠠᠭᠠᠵᠠ᠂ ᠵᠠᠰᠠᠭ | ᠵᠠᠬᠢᠷᠭᠠᠨ ᠤ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠵᠦᠢᠯ ᠤᠳ᠃ | ᠠᠷᠪᠠᠨ ᠭᠤᠷᠪᠠᠳᠤᠭᠠᠷ ᠵᠦᠢᠯ ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠳᠤ ᠵᠢᠭᠰᠠᠭᠠᠭᠰᠠᠨ | ᠵᠦᠢᠯ ᠤᠳ ᠢ ᠲᠤᠤᠷ᠎ᠠ ᠵᠢᠭᠰᠠᠭᠠᠭᠰᠠᠨ ᠠᠷᠭ᠎ᠠ ᠮᠠᠶ᠋ᠢᠭ ᠢᠶᠠᠷ ᠲᠠᠮᠵᠢᠭᠤᠯᠵᠤ ᠵᠢᠷᠤᠮᠵᠢᠭᠤᠯᠵᠤ ᠴᠢᠳᠠᠪᠠᠯ᠂ ᠵᠠᠰᠠᠭ | ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠦᠬᠡᠢ ᠪᠠᠶᠢᠵᠤ ᠪᠤᠯᠤᠨ᠎ᠠ᠄ | ︵ᠨᠢᠬᠡ︶ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠦᠪᠡᠰᠦᠪᠡᠨ | ᠡᠵᠡᠨ ᠮᠡᠳᠡᠵᠤ ᠲᠤᠭᠳᠠᠭᠠᠵᠤ ᠴᠢᠳᠠᠬᠤ︔ | ︵ᠬᠤᠶᠠᠷ︶ ᠵᠠᠬ᠎ᠠ ᠲᠡᠯᠬᠡᠬᠦᠷ ᠤᠨ ᠦᠷᠢᠰᠦᠯᠳᠦᠬᠡᠨ ᠤ ᠲᠤᠭᠳᠠᠴᠠ ᠪᠦᠳᠦᠮᠵᠢᠳᠡᠢ ᠪᠠᠷ ᠵᠤᠬᠢᠴᠠᠭᠤᠯᠵᠤ | ᠴᠢᠳᠠᠬᠤ︔ | ︵ᠭᠤᠷᠪᠠ︶ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠪᠤᠶᠤ ᠵᠠᠭᠤᠴᠢ ᠪᠠᠶᠢᠭᠤᠯᠤᠮᠵᠢ ᠦᠪᠡᠷ ᠢ ᠪᠠᠨ | ᠬᠢᠵᠠᠭᠠᠷᠯᠠᠵᠤ ᠬᠠᠮᠢᠶᠠᠷᠴᠤ ᠴᠢᠳᠠᠬᠤ︔ | ︵ᠲᠦᠷᠪᠡ︶ ᠵᠠᠰᠠᠬ ᠵᠠᠬᠢᠷᠭᠠᠨ ᠤ ᠪᠠᠶᠢᠭᠤᠯᠭ᠎ᠠ ᠭᠡᠷᠡᠭ ᠤᠨ ᠲᠠᠷᠠᠭ᠎ᠠ ᠬᠢᠨᠠᠯᠳᠠ ᠲᠠᠯᠪᠢᠬᠤ ᠵᠡᠷᠭᠡ ᠵᠠᠰᠠᠭ | ᠵᠠᠬᠢᠷᠭᠠᠨ ᠤ ᠬᠠᠮᠢᠶᠠᠷᠤᠯᠳᠠ ᠶᠢᠨ ᠪᠤᠰᠤᠳ ᠠᠷᠭ᠎ᠠ ᠮᠠᠶ᠋ᠢᠭ ᠢᠶᠠᠷ ᠰᠢᠢᠳᠪᠤᠷᠢᠯᠡᠵᠤ ᠴᠢᠳᠠᠬᠤ᠃ | ᠠᠷᠪᠠᠨ ᠲᠦᠷᠪᠡᠳᠦᠭᠡᠷ ᠵᠦᠢᠯ ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠳᠤ ᠵᠢᠭᠰᠠᠭᠠᠭᠰᠠᠨ | ᠵᠦᠢᠯ ᠤᠳ ᠲᠤ ᠬᠠᠤᠯᠢ ᠴᠠᠭᠠᠵᠠ ᠪᠠᠷ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ᠃ ᠬᠠᠤᠯᠢ | ᠴᠠᠭᠠᠵᠠ ᠲᠤᠭᠳᠠᠭᠠᠭᠠᠳᠤᠢ ᠪᠠᠶᠢᠪᠠᠯ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢᠶᠠᠷ ᠵᠠᠰᠠᠭ ᠵᠠᠬᠢᠷᠭᠠᠨ ᠤ | ᠵᠦᠪᠰᠢᠶᠡᠷᠡᠯ ᠢ ᠲᠤᠭᠳᠠᠭᠠᠵᠤ ᠪᠤᠯᠤᠨ᠎ᠠ᠃ | ᠴᠢᠬᠤᠯᠠᠳᠠᠢ ᠦᠶᠡᠰ ᠲᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠲᠤᠭᠳᠠᠭᠠᠯ ᠨᠡᠶᠢᠳᠡᠯᠡᠬᠦ ᠠᠷᠭ᠎ᠠ | ᠮᠠᠶ᠋ᠢᠭ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ᠃ ᠭᠡᠷᠡᠭᠵᠢᠬᠦᠯᠦᠭᠰᠡᠨ ᠤ ᠲᠠᠷᠠᠭ᠎ᠠ᠂ ᠲᠦᠷ | ᠴᠠᠭ ᠤᠨ ᠴᠢᠨᠠᠷᠳᠠᠢ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠠᠴᠠ ᠪᠤᠰᠤᠳ ᠢ ᠨᠢ ᠲᠦᠷᠦ ᠶᠢᠨ | ᠶᠠᠪᠤᠳᠠᠯ ᠤᠨ ᠬᠤᠷᠢᠶ᠎ᠠ ᠴᠠᠭ ᠲᠤᠬᠠᠢ ᠳᠤᠨᠢ ᠪᠦᠬᠦ ᠤᠯᠤᠰ ᠤᠨ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ | ᠵᠢᠴᠢ ᠲᠡᠬᠦᠨ ᠤ ᠪᠠᠶᠢᠡᠭᠭᠤ ᠶᠢᠨ ᠬᠤᠷᠢᠶ᠎ᠠ ᠳᠤ ᠬᠠᠤᠯᠢ ᠴᠠᠭᠠᠵᠠ ᠲᠤᠭᠳᠠᠭᠠᠯᠭᠠᠬᠤ ᠪᠠᠷ ᠲᠡᠪᠰᠢᠬᠦᠯᠬᠦ ᠭᠡᠷᠡᠭᠳᠡᠢ᠂ | ᠡᠰᠡᠬᠦᠯ᠎ᠠ ᠦᠪᠡᠰᠦᠪᠡᠨ ᠵᠠᠰᠠᠭ ᠵᠠᠬᠢᠷᠭᠠᠨ ᠤ ᠬᠠᠤᠯᠢ ᠲᠤᠭᠳᠠᠭᠠᠯ ᠲᠤᠭᠳᠠᠭᠠᠬᠤ ᠬᠡᠷᠡᠭᠲᠡᠢ᠃ | ᠠᠷᠪᠠᠨ ᠲᠠᠪᠤᠳᠤᠭᠠᠷ ᠵᠦᠢᠯ ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠳᠤ ᠵᠢᠭᠰᠠᠭᠠᠭᠰᠠᠨ | ᠵᠦᠢᠯ ᠤᠳ ᠲᠤ ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠭᠳᠠᠭᠠᠯ ᠲᠤᠭᠳᠠᠭᠠᠭᠠᠳᠤᠢ ᠪᠠᠶᠢᠪᠠᠯ᠂ ᠤᠷᠤᠨ | ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ︔ | ᠬᠠᠤᠯᠢ ᠴᠠᠭᠠᠵᠠ᠂ ᠵᠠᠰᠠᠬ ᠵᠠᠬᠢᠷᠭᠠᠨ ᠤ ᠬᠠᠤᠯᠢ ᠲᠤᠭᠳᠠᠭᠠᠯ ᠪᠠ ᠤᠷᠤᠨ ᠨᠤᠳᠤᠭ ᠤᠨ ᠴᠢᠨᠠᠷᠳᠠᠢ ᠬᠠᠤᠯᠢ | ᠲᠤᠭᠳᠠᠭᠠᠯ ᠲᠤᠭᠳᠠᠭᠠᠭᠠᠳᠤᠢ ᠪᠠᠶᠢᠵᠦ᠂ ᠵᠠᠰᠠᠬ ᠵᠠᠬᠢᠷᠭᠠᠨ ᠤ ᠬᠠᠮᠢᠶᠠᠷᠤᠯᠳᠠ ᠶᠢᠨ ᠭᠡᠷᠡᠭᠴᠡᠭᠡ ᠠᠴᠠ ᠪᠤᠯᠵᠤ ᠵᠠᠰᠠᠬ | ᠵᠠᠬᠢᠷᠭᠠᠨ ᠤ ᠵᠦᠪᠰᠢᠶᠡᠷᠡᠯ ᠢ ᠦᠨᠡᠨ ᠬᠦ ᠲᠠᠷᠦ᠋ᠢᠬᠠᠨ ᠬᠡᠷᠡᠭᠵᠢᠬᠦᠯᠬᠦ ᠴᠢᠬᠤᠯᠠᠳᠠᠢ ᠪᠠᠶᠢᠪᠠᠯ᠂ ᠮᠤᠵᠢ᠂ ᠦᠪᠡᠷᠳᠡᠭᠡᠨ | ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢᠶᠠᠷ | ᠲᠦᠷ ᠴᠠᠭ ᠤᠨ ᠴᠢᠨᠠᠷᠳᠠᠢ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠤᠨ᠎ᠠ᠃ ᠲᠦᠷ ᠴᠠᠭ ᠤᠨ | ᠴᠢᠨᠠᠷᠳᠠᠢ ᠵᠠᠰᠠᠬ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠦᠬᠡᠳ ᠪᠦᠬᠦᠯᠢ ᠨᠢᠬᠡ ᠵᠢᠯ ᠪᠤᠯᠤᠭᠰᠠᠨ ᠤ ᠲᠠᠷᠠᠭ᠎ᠠ | ᠦᠷᠬᠦᠯᠵᠢᠯᠠᠨ ᠬᠡᠷᠡᠭᠵᠢᠬᠦᠯᠬᠦ ᠴᠢᠬᠤᠯᠠᠳᠠᠢ ᠪᠠᠶᠢᠪᠠᠯ᠂ ᠲᠤᠰ ᠱᠠᠳᠤᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠵᠢᠴᠢ ᠲᠡᠬᠦᠨ ᠤ ᠪᠠᠶᠢᠡᠭᠭᠤ ᠶᠢᠨ ᠬᠤᠷᠢᠶ᠎ᠠ ᠳᠤ ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ | ᠲᠤᠭᠳᠠᠭᠠᠯᠭᠠᠬᠤ ᠪᠠᠷ ᠲᠡᠪᠰᠢᠬᠦᠯᠬᠦ ᠬᠡᠷᠡᠭᠳᠡᠢ᠃ | ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ | ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠲᠦᠷᠢᠮ ᠲᠤᠭᠳᠠᠭᠠᠯ ᠢᠶᠠᠷ ᠠᠷᠠᠳ ᠢᠷᠭᠡᠨ᠂ | ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢᠨ ᠬᠢᠷᠢ ᠬᠡᠮ᠂ ᠬᠢᠷᠢ ᠴᠢᠳᠠᠯ ᠤᠨ ᠲᠤᠬᠠᠢ | ᠤᠯᠤᠰ ᠠᠴᠠ ᠨᠢᠬᠡᠳᠦᠯᠳᠡᠢ ᠲᠤᠭᠳᠠᠭᠠᠬᠤ ᠶᠤᠰᠤᠳᠠᠢ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠬᠤ | ᠦᠬᠡᠢ︔ ᠠᠵᠤ ᠠᠬᠤᠶᠢᠯᠠᠯ ᠪᠤᠶᠤ ᠪᠤᠰᠤᠳ ᠵᠤᠬᠢᠶᠠᠨ ᠪᠠᠶᠢᠭᠤᠯᠤᠯᠳᠠ ᠶᠢ ᠪᠠᠶᠢᠭᠤᠯᠬᠤ ᠲᠠᠩᠰᠠᠯᠠᠯᠳᠠ ᠵᠢᠴᠢ | ᠲᠡᠬᠦᠨ ᠤ ᠤᠭᠳᠤᠪᠤᠷᠢ ᠶᠢᠨ ᠴᠢᠨᠡᠷᠳᠡᠢ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠤᠯᠬᠤ ᠦᠬᠡᠢ᠃ | ᠲᠤᠭᠳᠠᠭᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠨᠢ ᠪᠤᠰᠤᠳ ᠭᠠᠵᠠᠷ ᠤᠷᠤᠨ ᠤ ᠬᠤᠪᠢ ᠬᠦᠮᠦᠨ ᠪᠤᠶᠤ ᠠᠵᠤ | ᠠᠬᠤᠶᠢᠯᠠᠯ ᠤᠨ ᠲᠤᠰ ᠭᠠᠵᠠᠷ ᠤᠷᠤᠨ ᠳᠤ ᠢᠷᠡᠵᠤ ᠦᠢᠯᠡᠳᠪᠤᠷᠢᠯᠡᠯ ᠡᠵᠡᠩᠨᠡᠯᠳᠡ ᠬᠢᠬᠦ ᠪᠠ ᠦᠢᠯᠡᠴᠢᠯᠡᠭᠡ | ᠬᠠᠨᠭ᠍ᠭᠠᠬᠤ ᠶᠢ ᠬᠢᠵᠠᠭᠠᠷᠯᠠᠵᠤ ᠪᠤᠯᠬᠤ ᠦᠬᠡᠢ᠂ ᠪᠤᠰᠤᠳ ᠭᠠᠵᠠᠷ ᠤᠷᠤᠨ ᠤ ᠲᠠᠸᠠᠷ ᠤᠨ ᠲᠤᠰ ᠭᠠᠵᠠᠷ ᠤᠷᠤᠨ ᠤ | ᠵᠠᠬ᠎ᠠ ᠲᠡᠯᠬᠡᠬᠦᠷ ᠲᠤ ᠤᠷᠤᠬᠤ ᠶᠢ ᠬᠢᠵᠠᠭᠠᠷᠯᠠᠵᠤ ᠪᠤᠯᠬᠤ ᠦᠬᠡᠢ᠃ | ᠠᠷᠪᠠᠨ ᠵᠢᠷᠭᠤᠳᠤᠭᠠᠷ ᠵᠦᠢᠯ ᠵᠠᠰᠠᠬ ᠵᠠᠬᠢᠷᠭᠠᠨ ᠤ ᠬᠠᠤᠯᠢ ᠲᠤᠭᠳᠠᠭᠠᠯ ᠨᠢ ᠬᠠᠤᠯᠢ ᠴᠠᠭᠠᠵᠠ ᠶᠢᠨ | ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠤᠨ ᠬᠡᠪᠴᠢᠶᠡᠨ ᠲᠤᠳᠤᠷ᠎ᠠ ᠲᠤᠰ ᠵᠠᠰᠠᠬ | ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠲᠤᠬᠠᠢ ᠪᠤᠳᠠᠳᠠᠢ ᠲᠤᠭᠳᠠᠭᠠᠯ ᠭᠠᠷᠭᠠᠵᠤ ᠪᠤᠯᠤᠨ᠎ᠠ᠃ | ᠤᠷᠤᠨ ᠨᠤᠳᠤᠭ ᠤᠨ ᠴᠢᠨᠠᠷᠳᠠᠢ ᠬᠠᠤᠯᠢ ᠲᠤᠭᠳᠠᠭᠠᠯ ᠨᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠤᠭᠳᠠᠭᠠᠯ ᠤᠨ ᠲᠤᠭᠳᠠᠭᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠤᠨ ᠭᠡᠪᠴᠢᠶᠡᠨ ᠲᠤᠳᠤᠷ᠎ᠠ | ᠲᠤᠰ ᠵᠠᠰᠠᠬ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠲᠤᠬᠠᠢ ᠪᠤᠳᠠᠳᠠᠢ ᠲᠤᠭᠳᠠᠭᠠᠯ ᠭᠠᠷᠭᠠᠵᠤ ᠪᠤᠯᠤᠨ᠎ᠠ᠃ | ᠲᠦᠷᠢᠮ ᠲᠤᠭᠳᠠᠭᠠᠯ ᠨᠢ ᠲᠡᠭᠡᠳᠦ ᠪᠠᠶᠢᠷᠢ ᠶᠢᠨ ᠬᠠᠤᠯᠢ ᠳᠤ ᠲᠤᠭᠳᠠᠭᠠᠭᠰᠠᠨ ᠵᠠᠰᠠᠬ ᠵᠠᠬᠢᠷᠭᠠᠨ ᠤ | ᠵᠦᠪᠰᠢᠶᠡᠷᠡᠯ ᠤᠨ ᠵᠦᠢᠯ ᠤᠳ ᠤᠨ ᠭᠡᠪᠴᠢᠶᠠᠨ ᠲᠤᠳᠤᠷ᠎ᠠ ᠲᠤᠰ ᠵᠠᠰᠠᠬ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ | ᠲᠤᠬᠠᠢ ᠪᠤᠳᠠᠳᠠᠢ ᠲᠤᠭᠳᠠᠭᠠᠯ ᠭᠠᠷᠭᠠᠵᠤ ᠪᠤᠯᠤᠨ᠎ᠠ᠃ | ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠠᠬᠢ ᠲᠡᠭᠡᠳᠦ ᠪᠠᠶᠢᠷᠢ ᠶᠢᠨ ᠬᠠᠤᠯᠢ ᠳᠤ ᠲᠤᠭᠳᠠᠭᠠᠭᠰᠠᠨ ᠵᠠᠰᠠᠭ | ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠲᠤᠬᠠᠢ ᠭᠠᠷᠭᠠᠭᠰᠠᠨ ᠪᠤᠳᠠᠳᠠᠢ ᠲᠤᠭᠳᠠᠭᠠᠯ ᠨᠢ ᠵᠠᠰᠠᠬ ᠵᠠᠬᠢᠷᠭᠠᠨ ᠤ | ᠵᠦᠪᠰᠢᠶᠡᠷᠡᠯ ᠢ ᠨᠠᠮᠠᠨ ᠲᠤᠭᠳᠠᠭᠠᠵᠤ ᠪᠤᠯᠬᠤ ᠦᠬᠡᠢ︔ ᠵᠠᠰᠠᠬ ᠵᠠᠬᠢᠷᠭᠠᠨ ᠤ ᠵᠦᠪᠰᠢᠶᠡᠷᠡᠯ ᠤᠨ ᠨᠦᠬᠦᠴᠡᠯ ᠤᠨ | ᠲᠤᠬᠠᠢ ᠭᠠᠷᠭᠠᠭᠰᠠᠨ ᠪᠤᠳᠠᠳᠠᠢ ᠲᠤᠭᠳᠠᠭᠠᠯ ᠳᠤ ᠲᠡᠭᠡᠳᠦ ᠪᠠᠶᠢᠷᠢ ᠶᠢᠨ ᠬᠠᠤᠯᠢ ᠶᠢ ᠵᠦᠷᠢᠴᠡᠭᠰᠡᠨ ᠪᠤᠰᠤᠳ | ᠨᠦᠬᠦᠴᠡᠯ ᠢ ᠨᠡᠮᠡᠨ ᠲᠤᠭᠳᠠᠭᠠᠵᠤ ᠪᠤᠯᠬᠤ ᠦᠬᠡᠢ᠃ | ᠠᠷᠪᠠᠨ ᠲᠤᠯᠤᠳᠤᠭᠠᠷ ᠵᠦᠢᠯ ᠲᠤᠰ ᠬᠠᠤᠯᠢ ᠶᠢᠨ ᠠᠷᠪᠠᠨ ᠲᠦᠷᠪᠡᠳᠦᠬᠡᠷ ᠵᠦᠢᠯ᠂ ᠠᠷᠪᠠᠨ ᠲᠠᠪᠤᠳᠤᠭᠠᠷ | ᠵᠦᠢᠯ ᠳᠤ ᠲᠤᠭᠳᠠᠭᠠᠭᠰᠠᠨ ᠠᠴᠠ ᠭᠠᠳᠠᠨᠡᠬᠢ ᠪᠤᠰᠤᠳ ᠵᠢᠷᠤᠮᠵᠢᠭᠰᠠᠨ ᠴᠢᠨᠠᠷᠳᠠᠢ ᠪᠢᠴᠢᠭ ᠮᠠᠲ᠋ᠧᠷᠢᠶᠠᠯ ᠢᠶᠠᠷ ᠵᠠᠰᠠᠬ | ᠵᠠᠬᠢᠷᠭᠠᠨ ᠤ ᠵᠦᠪᠰᠢᠶᠡᠷᠡᠯ ᠢ ᠲᠤᠭᠳᠠᠭᠠᠵᠤ ᠪᠦᠷ ᠪᠤᠯᠬᠤ ᠦᠬᠡᠢ᠃ | ᠠᠷᠪᠠᠨ ᠨᠠᠢᠮᠠᠳᠤᠭᠠᠷ ᠵᠦᠢᠯ ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠳᠤ ᠵᠠᠰᠠᠬ ᠵᠠᠬᠢᠷᠭᠠᠨ ᠤ | ᠵᠦᠪᠰᠢᠶᠡᠷᠡᠯ ᠢ ᠭᠡᠷᠡᠭᠵᠢᠬᠦᠯᠬᠦ ᠪᠠᠶᠢᠭᠤᠯᠭ᠎ᠠ᠂ ᠨᠦᠬᠦᠴᠡᠯ᠂ ᠵᠢᠷᠤᠮ᠂ ᠬᠤᠭᠤᠴᠠᠭ᠎ᠠ ᠶᠢ ᠲᠤᠭᠳᠠᠭᠠᠬᠤ ᠭᠡᠷᠡᠭᠳᠡᠢ᠃ | ᠠᠷᠪᠠ ᠶᠢᠰᠦᠳᠦᠬᠡᠷ ᠵᠦᠢᠯ ᠬᠠᠤᠯᠢ ᠴᠠᠭᠠᠵᠠ ᠶᠢᠨ ᠲᠦᠰᠦᠯ᠂ ᠬᠠᠤᠯᠢ ᠲᠤᠭᠳᠠᠭᠠᠯ ᠤᠨ ᠲᠦᠰᠦᠯ | ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ | ᠤᠷᠳᠤᠨ ᠤ ᠲᠦᠷᠢᠮ ᠲᠤᠭᠳᠠᠭᠠᠯ ᠤᠨ ᠲᠦᠰᠦᠯ ᠢ ᠲᠤᠭᠤᠷᠪᠢᠬᠤ ᠳᠠᠭᠠᠨ ᠵᠠᠰᠠᠭ ᠵᠠᠬᠢᠷᠭᠠᠨ ᠤ ᠵᠦᠪᠰᠢᠶᠡᠷᠡᠯ | ᠲᠤᠭᠳᠠᠭᠠᠬᠤ ᠭᠡᠪᠡᠯ᠂ ᠲᠤᠭᠤᠷᠪᠢᠨ ᠪᠢᠴᠢᠬᠦ ᠨᠢᠭᠡᠴᠢ ᠠᠴᠠ ᠭᠡᠷᠡᠴᠢᠯᠡᠭᠡ ᠰᠤᠨᠤᠰᠬᠤ ᠬᠤᠷᠠᠯ᠂ ᠨᠤᠳᠠᠯᠠᠯᠳᠠ ᠬᠢᠬᠦ | ᠬᠤᠷᠠᠯ ᠵᠡᠷᠭᠡ ᠠᠷᠭ᠎ᠠ ᠭᠡᠯᠪᠡᠷᠢ ᠶᠢ ᠠᠪᠴᠤ ᠰᠠᠨᠠᠯ ᠰᠤᠨᠤᠰᠬᠤ ᠮᠦᠷᠳᠡᠭᠡᠨ ᠲᠤᠭᠳᠠᠭᠠᠬᠤ ᠪᠠᠶᠢᠭᠤᠯᠭ᠎ᠠ ᠳᠤ ᠲᠤᠰ | ᠵᠠᠰᠠᠬ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠶᠢᠨ ᠴᠢᠬᠤᠯᠠ ᠴᠢᠨᠡᠷ᠂ ᠠᠵᠤ ᠠᠬᠤᠢ ᠪᠠ ᠨᠡᠶᠢᠬᠡᠮ ᠳᠤ | ᠦᠵᠡᠬᠦᠯᠵᠤ ᠮᠡᠳᠡᠬᠦ ᠨᠦᠯᠦᠬᠡ ᠵᠢᠴᠢ ᠰᠠᠨᠠᠯ ᠰᠤᠨᠤᠰᠤᠭᠰᠠᠨ ᠪᠠ ᠰᠠᠨᠠᠯ ᠢ ᠬᠦᠯᠢᠶᠡᠨ ᠠᠪᠤᠭᠰᠠᠨ ᠪᠠᠶᠢᠳᠠᠯ ᠢᠶᠠᠨ | ᠲᠤᠳᠤᠷᠬᠠᠶᠢᠯᠠᠬᠤ ᠭᠡᠷᠡᠭᠳᠡᠢ᠃ | ᠬᠤᠷᠢᠳᠤᠭᠠᠷ ᠵᠦᠢᠯ ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠬᠤ ᠪᠠᠶᠢᠭᠤᠯᠭ᠎ᠠ ᠲᠤᠭᠳᠠᠭᠠᠭᠰᠠᠨ | ᠵᠠᠰᠠᠬ ᠵᠠᠬᠢᠷᠭᠠᠨ ᠤ ᠵᠦᠪᠰᠢᠶᠡᠷᠡᠯ ᠳᠡᠭᠡᠨ ᠲᠤᠭᠳᠠᠮᠠᠯ ᠬᠤᠭᠤᠴᠠᠭ᠎ᠠ ᠲᠠᠢ ᠪᠠᠷ ᠦᠨᠡᠯᠡᠯᠳᠡ ᠬᠢᠬᠦ ᠭᠡᠷᠡᠭᠳᠡᠢ︔ ᠨᠢᠬᠡᠨᠳᠡ | ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠢ ᠲᠤᠰ ᠬᠠᠤᠯᠢ ᠶᠢᠨ ᠠᠷᠪᠠᠨ ᠭᠤᠷᠪᠠᠳᠤᠭᠠᠷ ᠵᠦᠢᠯ ᠳᠤ | ᠵᠢᠭᠰᠠᠭᠠᠭᠰᠠᠨ ᠠᠷᠭ᠎ᠠ ᠮᠠᠶ᠋ᠢᠭ ᠢᠶᠠᠷ ᠰᠢᠢᠳᠪᠤᠷᠢᠯᠡᠵᠤ ᠴᠢᠳᠠᠨ᠎ᠠ ᠭᠡᠵᠤ ᠦᠵᠡᠪᠠᠯ᠂ ᠲᠤᠰ ᠵᠠᠰᠠᠬ ᠵᠠᠬᠢᠷᠭᠠᠨ ᠤ | ᠵᠦᠪᠰᠢᠶᠡᠷᠡᠯ ᠢ ᠲᠤᠭᠳᠠᠭᠠᠭᠰᠠᠨ ᠲᠤᠭᠳᠠᠭᠠᠯ ᠢᠶᠠᠨ ᠴᠠᠭ ᠲᠤᠬᠠᠢ ᠳᠤᠨᠢ ᠵᠠᠰᠠᠬᠤ ᠪᠤᠶᠤ ᠬᠦᠴᠦᠨ ᠦᠬᠡᠢ ᠪᠤᠯᠭᠠᠬᠤ | ᠭᠡᠷᠡᠭᠳᠡᠢ᠃ | ᠵᠠᠰᠠᠬ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠪᠠᠶᠢᠭᠤᠯᠭ᠎ᠠ ᠨᠢᠬᠡᠨᠳᠡ ᠲᠤᠭᠳᠠᠭᠠᠭᠰᠠᠨ ᠵᠠᠰᠠᠬ | ᠵᠠᠬᠢᠷᠭᠠᠨ ᠤ ᠵᠦᠪᠰᠢᠶᠡᠷᠡᠯ ᠤᠨ ᠬᠡᠷᠡᠭᠵᠢᠬᠦᠯᠵᠤ ᠪᠠᠶᠢᠭ᠎ᠠ ᠪᠠᠶᠢᠳᠠᠯ ᠵᠢᠴᠢ ᠤᠷᠤᠰᠢᠬᠤ ᠴᠢᠬᠤᠯᠠ ᠴᠢᠨᠡᠷ ᠲᠤ | ᠴᠠᠭ ᠲᠤᠨᠢ ᠲᠤᠬᠢᠷᠠᠭᠤᠯᠤᠨ ᠦᠨᠡᠯᠡᠯᠳᠡ ᠬᠢᠬᠦ ᠮᠦᠷᠳᠡᠭᠡᠨ ᠰᠠᠨᠠᠯ ᠢᠶᠠᠨ ᠲᠤᠰ ᠵᠠᠰᠠᠭ ᠵᠠᠬᠢᠷᠭᠠᠨ ᠤ ᠵᠦᠪᠰᠢᠶᠡᠷᠡᠯ ᠢ | ᠲᠤᠭᠳᠠᠭᠠᠭᠰᠠᠨ ᠪᠠᠶᠢᠭᠤᠯᠭ᠎ᠠ ᠳᠤ ᠮᠡᠳᠡᠬᠦᠯᠵᠤ ᠪᠤᠯᠤᠨ᠎ᠠ᠃ | ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠵᠠᠰᠠᠬ ᠵᠠᠬᠢᠷᠭᠠᠨ ᠤ | ᠵᠦᠪᠰᠢᠶᠡᠷᠡᠯ ᠢ ᠲᠤᠭᠳᠠᠭᠠᠬᠤ ᠪᠠᠶᠢᠭᠤᠯᠭ᠎ᠠ ᠪᠠ ᠬᠡᠷᠡᠭᠵᠢᠬᠦᠯᠬᠦ ᠪᠠᠶᠢᠭᠤᠯᠭ᠎ᠠ ᠳᠤ ᠵᠠᠰᠠᠬ ᠵᠠᠬᠢᠷᠭᠠᠨ ᠤ ᠵᠦᠪᠰᠢᠶᠡᠷᠡᠯ ᠢ | ᠲᠤᠭᠳᠠᠭᠠᠬᠤ ᠪᠠ ᠭᠡᠷᠡᠭᠵᠢᠬᠦᠯᠬᠦ ᠲᠤᠬᠠᠢ ᠰᠠᠨᠠᠯ ᠪᠠ ᠰᠠᠨᠠᠭᠤᠯᠭ᠎ᠠ ᠲᠤᠷᠠᠳᠴᠤ ᠪᠤᠯᠤᠨ᠎ᠠ᠃ | ᠬᠤᠷᠢᠨ ᠨᠢᠬᠡᠳᠦᠬᠡᠷ ᠵᠦᠢᠯ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ | ᠠᠷᠠᠳ ᠤᠨ ᠵᠠᠰᠠᠭ ᠤᠨ ᠤᠷᠳᠤᠨ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢᠶᠠᠷ ᠲᠤᠭᠳᠠᠭᠠᠭᠰᠠᠨ ᠠᠵᠤ ᠠᠬᠤᠢ ᠶᠢᠨ | ᠭᠡᠷᠡᠭ ᠶᠠᠪᠤᠳᠠᠯ ᠳᠤ ᠬᠤᠯᠪᠤᠭᠳᠠᠬᠤ ᠵᠠᠰᠠᠬ ᠵᠠᠬᠢᠷᠭᠠᠨ ᠤ ᠵᠦᠪᠰᠢᠶᠡᠷᠡᠯ ᠢ ᠲᠤᠰ ᠵᠠᠰᠠᠬ ᠵᠠᠬᠢᠷᠭᠠᠨ ᠤ ᠤᠷᠤᠨ ᠤ ᠪᠠᠨ | ᠠᠵᠤ ᠠᠬᠤᠢ ᠪᠤᠯᠤᠨ ᠨᠡᠶᠢᠭᠡᠮ ᠤᠨ ᠬᠦᠭᠵᠢᠯᠳᠡ ᠶᠢᠨ ᠪᠠᠶᠢᠳᠠᠯ ᠢ ᠦᠨᠳᠦᠰᠦᠯᠡᠵᠤ᠂ ᠲᠤᠰ ᠬᠠᠤᠯᠢ ᠶᠢᠨ ᠠᠷᠪᠠᠨ | ᠭᠤᠷᠪᠠᠳᠤᠭᠠᠷ ᠵᠦᠢᠯ ᠳᠤ ᠵᠢᠭᠰᠠᠭᠠᠭᠰᠠᠨ ᠠᠷᠭ᠎ᠠ ᠮᠠᠶ᠋ᠢᠭ ᠢᠶᠠᠷ ᠰᠢᠢᠳᠪᠤᠷᠢᠯᠠᠵᠤ ᠴᠢᠳᠠᠨ᠎ᠠ ᠬᠡᠵᠤ ᠦᠵᠡᠪᠠᠯ᠂ | ᠲᠦᠷᠦ ᠶᠢᠨ ᠶᠠᠪᠤᠳᠠᠯ ᠤᠨ ᠬᠤᠷᠢᠶ᠎ᠠ ᠳᠤ ᠮᠡᠳᠡᠬᠦᠯᠦᠨ ᠵᠦᠪᠰᠢᠶᠡᠷᠡᠬᠦᠯᠦᠭᠰᠡᠨ ᠤ ᠲᠠᠷᠠᠭ᠎ᠠ᠂ ᠲᠤᠰ ᠵᠠᠰᠠᠬ ᠵᠠᠬᠢᠷᠭᠠᠨ ᠤ | ᠤᠷᠤᠨ ᠤ ᠲᠤᠳᠤᠷ᠎ᠠ ᠲᠤᠰ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠪᠠᠨ ᠵᠤᠭᠰᠤᠭᠠᠵᠤ ᠪᠤᠯᠤᠨ᠎ᠠ᠃ | | | ᠭᠤᠷᠪᠠᠳᠤᠭᠠᠷ ᠪᠦᠯᠦᠭ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠪᠠᠶᠢᠭᠤᠯᠭ᠎ᠠ | | ᠬᠤᠷᠢᠨ ᠬᠤᠶᠠᠳᠤᠭᠠᠷ ᠵᠦᠢᠯ ᠵᠠᠰᠠᠬ ᠵᠠᠬᠢᠷᠭᠠᠨ ᠤ ᠵᠦᠪᠰᠢᠶᠡᠷᠡᠯ ᠢ ᠵᠠᠰᠠᠬ ᠵᠠᠬᠢᠷᠭᠠᠨ ᠤ | ᠵᠦᠪᠰᠢᠶᠡᠷᠡᠯ ᠤᠨ ᠡᠷᠭᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ ᠳᠤ ᠲᠤᠭᠳᠠᠭᠠᠭᠰᠠᠨ ᠡᠷᠭᠡ | ᠲᠤᠰᠢᠶᠠᠯ ᠤᠨ ᠢᠶᠠᠨ ᠭᠡᠪᠴᠢᠶᠠᠨ ᠲᠤᠳᠤᠷ᠎ᠠ ᠭᠡᠷᠡᠭᠵᠢᠬᠦᠯᠦᠨ᠎ᠠ᠃ | ᠬᠤᠷᠢᠨ ᠭᠤᠷᠪᠠᠳᠤᠭᠠᠷ ᠵᠦᠢᠯ ᠬᠠᠤᠯᠢ ᠴᠠᠭᠠᠵᠠ᠂ ᠬᠠᠤᠯᠢ ᠲᠤᠭᠳᠠᠭᠠᠯ ᠠᠴᠠ ᠡᠷᠭᠡ ᠤᠯᠭᠤᠭᠰᠠᠨ | ᠤᠯᠠᠨ ᠨᠡᠶᠢᠳᠡ ᠶᠢᠨ ᠭᠡᠷᠡᠭ ᠶᠠᠪᠤᠳᠠᠯ ᠢ ᠬᠠᠮᠢᠶᠠᠷᠬᠤ ᠡᠬᠦᠷᠭᠡ ᠲᠤᠰᠢᠶᠠᠯ ᠪᠦᠬᠦᠢ ᠵᠤᠬᠢᠶᠠᠨ ᠪᠠᠶᠢᠭᠤᠯᠤᠯᠳᠠ | ᠬᠠᠤᠯᠢ ᠳᠤ ᠲᠤᠭᠳᠠᠭᠠᠭᠰᠠᠨ ᠡᠷᠭᠡ ᠶᠢᠨ ᠭᠡᠪᠴᠢᠶᠠᠨ ᠲᠤᠳᠤᠷ᠎ᠠ ᠦᠪᠡᠷ ᠤᠨ ᠢᠶᠠᠨ ᠨᠡᠷ᠎ᠠ ᠪᠠᠷ ᠵᠠᠰᠠᠭ ᠵᠠᠬᠢᠷᠭᠠᠨ ᠤ | ᠵᠦᠪᠰᠢᠶᠡᠷᠡᠯ ᠢ ᠬᠡᠷᠡᠭᠵᠢᠬᠦᠯᠦᠨ᠎ᠠ᠃ ᠡᠷᠭᠡ ᠤᠯᠤᠭᠰᠠᠨ ᠵᠤᠬᠢᠶᠠᠨ ᠪᠠᠶᠢᠭᠤᠯᠤᠯᠳᠠ ᠳᠤ ᠲᠤᠰ ᠬᠠᠤᠯᠢ ᠶᠢᠨ ᠵᠠᠰᠠᠭ | ᠵᠠᠬᠢᠷᠭᠠᠨ ᠤ ᠪᠠᠶᠢᠭᠤᠯᠭ᠎ᠠ ᠳᠤ ᠬᠤᠯᠪᠤᠭᠳᠠᠬᠤ ᠲᠤᠭᠳᠠᠭᠠᠯ ᠢ ᠬᠡᠷᠡᠭᠯᠡᠨ᠎ᠠ᠃ | ᠬᠤᠷᠢᠨ ᠲᠦᠷᠪᠡᠳᠦᠬᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠳᠤ ᠲᠤᠭᠳᠠᠭᠠᠭᠰᠠᠨ ᠡᠷᠭᠡ | ᠲᠤᠰᠢᠶᠠᠯ ᠤᠨ ᠢᠶᠠᠨ ᠬᠡᠪᠴᠢᠶᠠᠨ ᠳᠤ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠤᠨ | ᠲᠤᠭᠳᠠᠭᠠᠯ ᠢ ᠦᠨᠳᠦᠰᠦᠯᠡᠨ᠂ ᠪᠤᠰᠤᠳ ᠵᠠᠰᠠᠬ ᠵᠠᠬᠢᠷᠭᠠᠨ ᠤ ᠪᠠᠶᠢᠭᠤᠯᠭ᠎ᠠ ᠳᠤ ᠨᠡᠶᠢᠳᠡᠵᠤ ᠵᠠᠰᠠᠬ ᠵᠠᠬᠢᠷᠭᠠᠨ ᠤ | ᠵᠦᠪᠰᠢᠶᠡᠷᠡᠯ ᠢ ᠬᠡᠷᠡᠭᠵᠢᠬᠦᠯᠦᠬᠦᠯᠵᠤ ᠪᠤᠯᠤᠨ᠎ᠠ᠃ ᠨᠡᠶᠢᠳᠠᠬᠴᠢ ᠪᠠᠶᠢᠭᠤᠯᠭ᠎ᠠ ᠨᠠᠶᠢᠳᠠᠯᠭ᠎ᠠ ᠬᠦᠯᠢᠶᠡᠭᠴᠢ ᠵᠠᠰᠠᠭ | ᠵᠠᠬᠢᠷᠭᠠᠨ ᠤ ᠪᠠᠶᠢᠭᠤᠯᠭ᠎ᠠ ᠪᠠ ᠨᠠᠶᠢᠳᠠᠯᠭ᠎ᠠ ᠪᠠᠷ ᠭᠡᠷᠡᠭᠵᠢᠬᠦᠯᠬᠦ ᠵᠠᠰᠠᠭ ᠵᠠᠬᠢᠷᠭᠠᠨ ᠤ ᠵᠦᠪᠰᠢᠶᠠᠷᠡᠯ ᠤᠨ ᠠᠭᠤᠯᠭ᠎ᠠ ᠶᠢ | ᠵᠠᠷᠯᠠᠨ ᠨᠡᠶᠢᠳᠡᠯᠡᠬᠦ ᠭᠡᠷᠡᠭᠳᠡᠢ᠃ | ᠨᠠᠶᠢᠳᠠᠭᠴᠢ ᠵᠠᠰᠠᠬ ᠵᠠᠬᠢᠷᠭᠠᠨ ᠤ ᠪᠠᠶᠢᠭᠤᠯᠭ᠎ᠠ ᠨᠠᠶᠢᠳᠠᠯᠭ᠎ᠠ ᠬᠦᠯᠢᠶᠡᠭᠴᠢ ᠵᠠᠰᠠᠬ ᠵᠠᠬᠢᠷᠭᠠᠨ ᠤ | ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠠᠵᠢᠯᠯᠠᠭ᠎ᠠ ᠳᠤ ᠬᠠᠷᠢᠭᠤᠴᠠᠨ ᠬᠢᠨᠡᠯᠳᠡ | ᠲᠠᠯᠪᠢᠬᠤ ᠮᠦᠷᠳᠡᠭᠡᠨ ᠲᠤᠰ ᠠᠵᠢᠯᠯᠠᠭ᠎ᠠ ᠶᠢᠨ ᠦᠷ᠎ᠠ ᠳ᠋ᠦᠩ ᠳᠤ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠬᠦ ᠬᠡᠷᠡᠭᠳᠡᠢ | ᠃ | ᠨᠠᠶᠢᠳᠠᠯᠭ᠎ᠠ ᠬᠦᠯᠢᠶᠡᠭᠴᠢ ᠵᠠᠰᠠᠭ ᠵᠠᠬᠢᠷᠭᠠᠨ ᠤ ᠪᠠᠶᠢᠭᠤᠯᠭ᠎ᠠ ᠨᠡᠶᠢᠳᠡᠯᠭ᠎ᠠ ᠶᠢᠨ ᠬᠡᠪᠴᠢᠶᠠᠨ ᠳᠤ ᠨᠠᠶᠢᠳᠠᠭᠴᠢ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠡᠷ᠎ᠠ ᠪᠠᠷ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠦᠨ᠎ᠠ︔ | ᠲᠠᠬᠢᠭᠠᠳ ᠪᠤᠰᠤᠳ ᠵᠤᠬᠢᠶᠠᠨ ᠪᠠᠶᠢᠭᠤᠯᠤᠯᠳᠠ ᠪᠤᠶᠤ ᠬᠤᠪᠢ ᠬᠦᠮᠦᠨ ᠳᠤ ᠨᠡᠶᠢᠳᠡᠵᠤ ᠵᠠᠰᠠᠬ ᠵᠠᠬᠢᠷᠭᠠᠨ ᠤ | ᠵᠦᠪᠰᠢᠶᠡᠷᠡᠯ ᠢ ᠬᠡᠷᠡᠭᠵᠢᠬᠦᠯᠦᠬᠦᠯᠵᠤ ᠪᠤᠯᠬᠤ ᠦᠬᠡᠢ᠃ | ᠬᠤᠷᠢᠨ ᠲᠠᠪᠤᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶ᠎ᠠ ᠪᠠᠷ ᠵᠦᠪᠰᠢᠶᠡᠷᠡᠬᠦᠯᠦᠬᠡᠳ᠂ ᠮᠤᠵᠢ᠂ | ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠤᠷᠳᠤᠨ ᠴᠤᠮᠬᠠᠳᠬᠠᠬᠤ᠂ | ᠨᠢᠬᠡᠳᠭᠡᠬᠦ᠂ ᠬᠦᠴᠦᠨ ᠴᠢᠳᠠᠪᠤᠷᠢ ᠲᠠᠢ ᠪᠠᠶᠢᠯᠭᠠᠬᠤ ᠵᠡᠷᠴᠢᠮ ᠢ ᠦᠨᠳᠦᠰᠦᠯᠡᠨ᠂ ᠨᠢᠬᠡᠨ ᠵᠠᠰᠠᠭ ᠵᠠᠬᠢᠷᠭᠠᠨ ᠤ | ᠪᠠᠶᠢᠭᠤᠯᠭ᠎ᠠ ᠪᠠᠷ ᠬᠤᠯᠪᠤᠭᠳᠠᠯ ᠪᠦᠬᠦᠢ ᠵᠠᠰᠠᠬ ᠵᠠᠬᠢᠷᠭᠠᠨ ᠤ ᠪᠠᠶᠢᠭᠤᠯᠭ᠎ᠠ ᠶᠢᠨ ᠵᠠᠰᠠᠬ ᠵᠠᠬᠢᠷᠭᠠᠨ ᠤ ᠵᠦᠪᠰᠢᠶᠡᠷᠡᠯ ᠤᠨ | ᠡᠷᠭᠡ ᠶᠢ ᠬᠡᠷᠡᠭᠵᠢᠬᠦᠯᠦᠬᠦᠯᠬᠦ ᠪᠠᠷ ᠲᠤᠭᠳᠠᠭᠠᠵᠤ ᠪᠤᠯᠤᠨ᠎ᠠ᠃ | ᠬᠤᠷᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠵᠦᠪᠰᠢᠶᠡᠷᠡᠯ ᠢ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠲᠤᠳᠤᠷᠠᠬᠢ ᠤᠯᠠᠨ ᠪᠠᠶᠢᠭᠤᠯᠤᠮᠵᠢ ᠡᠷᠬᠢᠯᠡᠨ ᠰᠢᠢᠳᠪᠤᠷᠢᠯᠡᠬᠦ ᠴᠢᠬᠤᠯᠠᠳᠠᠢ ᠪᠠᠶᠢᠪᠠᠯ᠂ ᠲᠤᠰ ᠵᠠᠰᠠᠭ | ᠵᠠᠬᠢᠷᠭᠠᠨ ᠤ ᠪᠠᠶᠢᠭᠤᠯᠭ᠎ᠠ ᠨᠢ ᠨᠢᠬᠡᠨ ᠪᠠᠶᠢᠭᠤᠯᠤᠮᠵᠢ ᠶᠢ ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠤᠴᠢᠯᠠᠯ ᠢ | ᠨᠢᠬᠡᠳᠦᠯᠳᠡᠢ ᠬᠦᠯᠢᠶᠡᠨ ᠠᠪᠴᠤ ᠰᠢᠢᠳᠪᠤᠷᠢᠯᠡᠬᠦᠯᠵᠤ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠢ | ᠨᠢᠬᠡᠳᠦᠯᠳᠡᠢ ᠬᠦᠷᠭᠡᠬᠦᠯᠬᠦ ᠪᠠᠷ ᠲᠤᠭᠳᠠᠭᠠᠬᠤ ᠭᠡᠷᠡᠭᠳᠡᠢ᠃ | ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠶᠤᠰᠤᠭᠠᠷ ᠤᠷᠤᠨ ᠨᠤᠳᠤᠭ ᠤᠨ ᠠᠷᠠᠳ ᠤᠨ ᠵᠠᠰᠠᠭ ᠤᠨ | ᠤᠷᠳᠤᠨ ᠤ ᠬᠤᠶᠠᠷ ᠠᠴᠠ ᠲᠡᠭᠡᠭᠰᠢᠬᠢ ᠰᠠᠯᠠᠭ᠎ᠠ ᠮᠦᠴᠢᠷ ᠲᠤᠰᠪᠤᠷᠢ ᠭᠡᠷᠡᠭᠵᠢᠬᠦᠯᠵᠤ ᠪᠠᠶᠢᠪᠠᠯ᠂ ᠲᠤᠰ ᠱᠠᠳᠤᠨ ᠤ | ᠠᠷᠠᠳ ᠤᠨ ᠵᠠᠰᠠᠭ ᠤᠨ ᠤᠷᠳᠤᠨ ᠠᠴᠠ ᠨᠢᠬᠡᠨ ᠰᠠᠯᠠᠭ᠎ᠠ ᠮᠦᠴᠢᠷ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠤᠨ | ᠭᠤᠶᠤᠴᠢᠯᠠᠯ ᠢ ᠬᠦᠯᠢᠶᠡᠨ ᠠᠪᠴᠤ ᠰᠢᠢᠳᠪᠤᠷᠢᠯᠡᠬᠦᠯᠬᠦ ᠮᠦᠷᠳᠡᠭᠡᠨ ᠬᠤᠯᠪᠤᠭᠳᠠᠯ ᠪᠦᠬᠦᠢ ᠰᠠᠯᠠᠭ᠎ᠠ ᠮᠦᠴᠢᠷ ᠲᠤ | ᠲᠠᠮᠵᠢᠭᠤᠯᠤᠨ ᠮᠡᠳᠡᠬᠦᠯᠵᠤ ᠲᠤᠰᠪᠤᠷᠢ ᠰᠠᠨᠠᠯ ᠭᠠᠷᠭᠠᠭᠤᠯᠤᠭᠰᠠᠨ ᠤ ᠲᠠᠷᠠᠭ᠎ᠠ ᠨᠢᠬᠡᠳᠦᠯᠳᠡᠢ ᠰᠢᠢᠳᠪᠤᠷᠢᠯᠡᠬᠦᠯᠬᠦ ᠪᠤᠶᠤ | ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠵᠤᠬᠢᠶᠠᠨ ᠪᠠᠶᠢᠭᠤᠯᠵᠤ ᠬᠠᠮᠳᠤᠷᠠᠨ ᠰᠢᠢᠳᠪᠤᠷᠢᠯᠡᠬᠦᠯᠬᠦ ᠪᠡ ᠲᠦᠪᠯᠡᠷᠡᠬᠦᠯᠦᠨ | ᠰᠢᠢᠳᠪᠤᠷᠢᠯᠡᠬᠦᠯᠬᠦ ᠪᠠᠷ ᠲᠤᠭᠳᠠᠭᠠᠵᠤ ᠪᠤᠯᠤᠨ᠎ᠠ᠃ | ᠬᠤᠷᠢᠨ ᠲᠤᠯᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ | ᠬᠡᠷᠡᠭᠵᠢᠬᠦᠯᠬᠦ ᠳᠡᠭᠡᠨ ᠭᠤᠶᠤᠴᠢᠯᠠᠭᠴᠢ ᠳᠤ ᠲᠤᠭᠳᠠᠭᠠᠭᠰᠠᠨ ᠲᠠᠸᠠᠷ ᠢ ᠬᠤᠳᠠᠯᠳᠤᠨ ᠠᠪᠤᠭᠤᠯᠬᠤ᠂ ᠲᠦᠯᠦᠪᠦᠷᠢᠳᠤ | ᠦᠢᠯᠡᠴᠢᠯᠡᠭᠡ ᠬᠦᠯᠢᠶᠡᠯᠬᠡᠬᠦ ᠵᠡᠷᠭᠡ ᠵᠦᠢ ᠵᠤᠬᠢᠰ ᠦᠬᠡᠢ ᠱᠠᠭᠠᠷᠳᠠᠯᠭ᠎ᠠ ᠶᠢ ᠲᠤᠷᠠᠳᠴᠤ ᠪᠤᠯᠬᠤ ᠦᠬᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠵᠠᠰᠠᠭ ᠵᠠᠬᠢᠷᠭᠠᠨ ᠤ ᠵᠦᠪᠰᠢᠶᠡᠷᠡᠯ ᠢ ᠡᠷᠬᠢᠯᠡᠨ | ᠰᠢᠢᠳᠪᠤᠷᠢᠯᠡᠬᠦ ᠳᠡᠭᠡᠨ ᠭᠤᠶᠤᠴᠢᠯᠠᠭᠴᠢ ᠶᠢᠨ ᠵᠤᠭᠤᠰ ᠮᠦᠡᠭᠬᠦ ᠡᠳ᠋ ᠪᠤᠳᠠᠰ ᠢ ᠨᠡᠭᠡᠵᠤ ᠠᠪᠬᠤ ᠪᠤᠶᠤ ᠬᠦᠯᠢᠶᠡᠨ | ᠠᠪᠴᠤ ᠪᠤᠯᠬᠤ ᠦᠬᠡᠢ᠂ ᠪᠤᠰᠤᠳ ᠠᠰᠢᠭ ᠲᠤᠰᠠ ᠤᠯᠵᠤ ᠪᠤᠯᠬᠤ ᠦᠬᠡᠢ᠃ | ᠬᠤᠷᠢᠨ ᠨᠠᠢᠮᠠᠳᠤᠭᠠᠷ ᠵᠦᠢᠯ ᠤᠯᠠᠨ ᠨᠡᠶᠢᠳᠡ ᠶᠢᠨ ᠠᠮᠤᠷ ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ | ᠮᠡᠨᠳᠦ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠲᠤᠨᠤᠭ ᠲᠦᠬᠦᠬᠡᠷᠦᠮᠵᠢ | ᠂ ᠪᠡᠯᠡᠳᠭᠡᠮᠵᠢ᠂ ᠦᠢᠯᠡᠳᠬᠦᠨ᠂ ᠡᠳ᠋ ᠪᠠᠷᠠᠭ᠎ᠠ ᠶᠢ ᠰᠢᠯᠭᠠᠨ ᠪᠠᠶᠢᠴᠠᠭᠠᠬᠤ᠂ ᠪᠠᠶᠢᠴᠠᠭᠠᠨ ᠭᠡᠮᠵᠢᠬᠦ᠂ ᠬᠢᠵᠢᠭ ᠢ | ᠪᠠᠶᠢᠴᠠᠭᠠᠬᠤ ᠠᠵᠢᠯ ᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠵᠠᠰᠠᠭ ᠵᠠᠬᠢᠷᠭᠠᠨ ᠤ | ᠪᠠᠶᠢᠭᠤᠯᠭ᠎ᠠ ᠪᠠᠷ ᠭᠡᠷᠡᠭᠵᠢᠬᠦᠯᠦᠬᠦᠯᠬᠦ ᠪᠠᠷ ᠲᠤᠭᠳᠠᠭᠠᠭᠰᠠᠨ ᠠᠴᠠ ᠪᠤᠰᠤᠳ ᠢ ᠨᠢ ᠠᠯᠬᠤᠮ ᠠᠯᠬᠤᠮ ᠢᠶᠠᠷ ᠬᠠᠤᠯᠢ ᠳᠤ | ᠲᠤᠭᠳᠠᠭᠠᠭᠰᠠᠨ ᠨᠦᠬᠦᠴᠡᠯ ᠳᠤ ᠨᠡᠶᠢᠴᠡᠬᠦ ᠲᠤᠰᠬᠠᠢ ᠮᠡᠷᠭᠡᠵᠢᠯ ᠤᠨ ᠵᠤᠬᠢᠶᠠᠨ ᠪᠠᠶᠢᠭᠤᠯᠤᠯᠳᠠ ᠪᠠᠷ ᠭᠡᠷᠡᠭᠵᠢᠬᠦᠯᠦᠬᠦᠯᠬᠦ | ᠪᠤᠯᠭᠠᠬᠤ ᠭᠡᠷᠡᠭᠳᠡᠢ᠃ ᠲᠤᠰᠬᠠᠢ ᠮᠡᠷᠭᠡᠵᠢᠯ ᠤᠨ ᠵᠤᠬᠢᠶᠠᠨ ᠪᠠᠶᠢᠭᠤᠯᠤᠯᠳᠠ ᠵᠢᠴᠢ ᠲᠡᠬᠦᠨ ᠤ ᠬᠤᠯᠪᠤᠭᠲᠠᠯ ᠪᠦᠬᠦᠢ | ᠠᠵᠢᠯᠳᠠᠨ ᠭᠡᠷᠡᠭᠵᠢᠬᠦᠯᠵᠤ ᠪᠠᠶᠢᠭ᠎ᠠ ᠰᠢᠯᠭᠠᠨ ᠪᠠᠶᠢᠴᠠᠭᠠᠯᠳᠠ᠂ ᠪᠠᠶᠢᠴᠠᠭᠠᠨ ᠭᠡᠮᠵᠢᠯᠳᠡ᠂ ᠬᠢᠵᠢᠭ ᠤᠨ | ᠪᠠᠶᠢᠴᠠᠭᠠᠯᠳᠠ ᠶᠢᠨ ᠢᠶᠠᠨ ᠳ᠋ᠦᠡᠭᠨᠡᠯᠳᠡ ᠳᠤ ᠬᠠᠤᠯᠢ ᠶᠢᠨ ᠬᠠᠷᠢᠭᠤᠴᠠᠯᠭ᠎ᠠ ᠡᠬᠦᠷᠭᠡᠯᠡᠬᠦ ᠭᠡᠷᠡᠭᠳᠡᠢ᠃ | | | ᠲᠦᠷᠪᠡᠳᠦᠬᠡᠷ ᠪᠦᠯᠦᠭ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠵᠢᠷᠤᠮ | | | ᠨᠢᠬᠡᠳᠦᠬᠡᠷ ᠬᠡᠰᠡᠭ ᠭᠤᠶᠤᠴᠢᠯᠠᠬᠤ ᠪᠡ ᠬᠦᠯᠢᠶᠡᠨ ᠠᠪᠴᠤ ᠰᠢᠢᠳᠪᠤᠷᠢᠯᠡᠬᠦ | ᠬᠤᠷᠢ ᠶᠢᠰᠦᠳᠦᠬᠡᠷ ᠵᠦᠢᠯ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ | ᠪᠠᠶᠢᠭᠤᠯᠤᠯᠳᠠ ᠲᠤᠰᠬᠠᠢ ᠲᠤᠭᠳᠠᠭᠠᠭᠰᠠᠨ ᠠᠵᠢᠯᠯᠠᠭ᠎ᠠ ᠶᠢ ᠬᠢᠬᠦ ᠳᠤ ᠬᠠᠤᠯᠢ ᠶᠤᠰᠤᠭᠠᠷ ᠵᠠᠰᠠᠬ ᠵᠠᠬᠢᠷᠭᠠᠨ ᠤ | ᠵᠦᠪᠰᠢᠶᠡᠷᠡᠯ ᠠᠪᠬᠤ ᠴᠢᠬᠤᠯᠠᠳᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠯ ᠭᠠᠷᠭᠠᠬᠤ | ᠭᠡᠷᠡᠭᠳᠡᠢ᠃ ᠭᠤᠶᠤᠴᠢᠯᠠᠬᠤ ᠪᠢᠴᠢᠭ ᠨᠢ ᠬᠡᠯᠪᠡᠷᠢᠵᠢᠭᠰᠡᠨ ᠪᠢᠴᠢᠭ ᠮᠠᠲ᠋ᠧᠷᠢᠶᠠᠯ ᠢ ᠭᠡᠷᠡᠭᠯᠡᠬᠦ ᠴᠢᠬᠤᠯᠠᠳᠠᠢ ᠪᠠᠶᠢᠪᠠᠯ᠂ | ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠳᠤ ᠵᠠᠰᠠᠭ ᠵᠠᠬᠢᠷᠭᠠᠨ ᠤ ᠵᠦᠪᠰᠢᠶᠡᠷᠡᠯ ᠭᠤᠶᠤᠴᠢᠯᠠᠬᠤ | ᠬᠡᠯᠪᠡᠷᠢᠵᠢᠭᠰᠡᠨ ᠪᠢᠴᠢᠭ ᠮᠠᠲ᠋ᠧᠷᠢᠶᠠᠯ ᠢ ᠬᠠᠨᠭ᠍ᠭᠠᠬᠤ ᠭᠡᠷᠡᠭᠳᠡᠢ᠃ ᠭᠤᠶᠤᠴᠢᠯᠠᠬᠤ ᠪᠢᠴᠢᠭ ᠤᠨ ᠬᠡᠯᠪᠡᠷᠢᠵᠢᠭᠰᠡᠨ ᠪᠢᠴᠢᠭ | ᠮᠠᠲ᠋ᠧᠷᠢᠶᠠᠯ ᠳᠤ ᠭᠤᠶᠤᠴᠢᠯᠠᠬᠤ ᠵᠠᠰᠠᠬ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠲᠠᠢ ᠰᠢᠭᠤᠳ ᠬᠤᠯᠪᠤᠭᠲᠠᠯ | ᠦᠬᠡᠢ ᠠᠭᠤᠯᠭ᠎ᠠ ᠶᠢ ᠪᠠᠭᠳᠠᠭᠠᠵᠤ ᠪᠤᠯᠬᠤ ᠦᠬᠡᠢ᠃ | ᠭᠤᠶᠤᠴᠢᠯᠠᠭᠴᠢ ᠨᠢ ᠤᠷᠤᠯᠠᠭᠴᠢ ᠳᠤ ᠨᠠᠶᠢᠳᠠᠵᠤ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ | ᠭᠠᠷᠭᠠᠵᠤ ᠪᠤᠯᠤᠨ᠎ᠠ᠃ ᠭᠡᠪᠡᠴᠤ ᠬᠠᠤᠯᠢ ᠶᠤᠰᠤᠭᠠᠷ ᠪᠤᠯ ᠭᠤᠶᠤᠴᠢᠯᠠᠭᠴᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠠᠯᠪᠠᠨ ᠭᠠᠵᠠᠷ ᠲᠤ ᠤᠴᠢᠵᠤ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠭᠠᠷᠭᠠᠬᠤ ᠭᠡᠷᠡᠭᠳᠡᠢ ᠵᠦᠢᠯ | ᠡᠬᠦᠨ ᠳᠤ ᠪᠠᠭᠳᠠᠬᠤ ᠦᠬᠡᠢ᠃ | ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠤᠴᠢᠯᠠᠯ ᠢ ᠵᠠᠬᠢᠳᠠᠯ᠂ ᠴᠠᠬᠢᠯᠭᠠᠨ ᠮᠡᠳᠡᠭᠡ᠂ ᠲᠧᠯᠸᠢᠰ᠂ ᠹᠠᠺᠰ᠂ | ᠡᠯᠧᠺᠲᠷᠤᠨ ᠳ᠋ᠠᠶᠢᠲ᠋ᠠ ᠰᠤᠯᠢᠯᠴᠠᠭᠤᠷ ᠪᠠ ᠡᠯᠧᠺᠲᠷᠤᠨ ᠰᠢᠤᠳᠠᠨ ᠤ ᠵᠦᠢᠯ ᠵᠡᠷᠭᠡ ᠠᠷᠭ᠎ᠠ ᠮᠠᠶ᠋ᠢᠭ ᠢᠶᠠᠷ ᠲᠤᠷᠠᠳᠴᠤ | ᠪᠤᠯᠤᠨ᠎ᠠ᠃ | ᠭᠤᠴᠢᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠬᠠᠤᠯᠢ ᠲᠤᠭᠳᠠᠭᠠᠯ᠂ | ᠲᠦᠷᠢᠮ ᠲᠤᠭᠳᠠᠭᠠᠯ ᠳᠤ ᠲᠤᠭᠳᠠᠭᠠᠭᠰᠠᠨ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ᠂ | ᠦᠨᠳᠦᠰᠦ ᠪᠠᠷᠢᠮᠳᠠ᠂ ᠨᠦᠬᠦᠴᠡᠯ᠂ ᠲᠤᠭ᠎ᠠ ᠬᠡᠮᠵᠢᠶ᠎ᠠ᠂ ᠵᠢᠷᠤᠮ᠂ ᠬᠤᠭᠤᠴᠠᠭ᠎ᠠ ᠵᠢᠴᠢ ᠲᠡᠪᠰᠢᠬᠦᠯᠦᠨ ᠲᠤᠰᠢᠶᠠᠬᠤ | ᠴᠢᠬᠤᠯᠠᠳᠠᠢ ᠪᠦᠬᠦ ᠮᠠᠲ᠋ᠧᠷᠢᠶᠠᠯ ᠤᠨ ᠭᠠᠷᠴᠠᠭ ᠪᠠ ᠭᠤᠶᠤᠴᠢᠯᠠᠬᠤ ᠪᠢᠴᠢᠭ ᠤᠨ ᠦᠯᠢᠬᠡᠷ ᠲᠡᠪᠳᠡᠷ ᠵᠡᠷᠭᠡ ᠶᠢ ᠠᠯᠪᠠᠨ | ᠭᠠᠵᠠᠷ ᠲᠠᠭᠠᠨ ᠵᠠᠷᠯᠠᠨ ᠨᠡᠶᠢᠳᠡᠯᠡᠬᠦ ᠭᠡᠷᠡᠭᠳᠡᠢ᠃ | ᠭᠤᠶᠤᠴᠢᠯᠠᠭᠴᠢ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠡᠷᠯᠠᠨ ᠨᠡᠶᠢᠳᠡᠯᠡᠭᠰᠡᠨ ᠠᠭᠤᠯᠭ᠎ᠠ ᠪᠠᠨ | ᠲᠤᠳᠤᠷᠬᠠᠶᠢᠯᠠᠬᠤ᠂ ᠲᠠᠶᠢᠯᠪᠤᠷᠢᠯᠠᠬᠤ ᠶᠢ ᠱᠠᠭᠠᠷᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ | ᠲᠤᠳᠤᠷᠬᠠᠶᠢᠯᠠᠨ ᠲᠠᠶᠢᠯᠪᠤᠷᠢᠯᠠᠵᠤ᠂ ᠤᠨᠤᠪᠴᠢᠳᠠᠢ᠂ ᠨᠠᠶᠢᠳᠠᠪᠤᠷᠢᠳᠠᠢ ᠮᠡᠳᠡᠭᠡ ᠵᠠᠩᠬᠢ ᠬᠠᠨᠭ᠍ᠭᠠᠬᠤ ᠭᠡᠷᠡᠭᠳᠡᠢ᠃ | ᠭᠤᠴᠢᠨ ᠨᠢᠬᠡᠳᠦᠬᠡᠷ ᠵᠦᠢᠯ ᠭᠤᠶᠤᠴᠢᠯᠠᠭᠴᠢ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠪᠠᠷ | ᠭᠤᠶᠤᠴᠢᠯᠠᠬᠤ ᠳᠠᠭᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠤᠯᠪᠤᠭᠳᠠᠯ ᠪᠦᠬᠦᠢ ᠮᠠᠲ᠋ᠧᠷᠢᠶᠠᠯ ᠢ ᠲᠡᠪᠰᠢᠬᠦᠯᠦᠨ | ᠲᠤᠰᠢᠶᠠᠬᠤ ᠪᠠ ᠦᠨᠡᠨ ᠪᠤᠳᠠᠳᠤ ᠪᠠᠶᠢᠳᠠᠯ ᠢ ᠲᠤᠰᠬᠠᠬᠤ ᠮᠦᠷᠳᠡᠭᠡᠨ ᠭᠤᠶᠤᠴᠢᠯᠠᠬᠤ ᠮᠠᠲ᠋ᠧᠷᠢᠶᠠᠯ ᠤᠨ ᠢᠶᠠᠨ ᠮᠦᠨ | ᠴᠢᠨᠡᠷ ᠤᠨ ᠠᠭᠤᠯᠭ᠎ᠠ ᠶᠢᠨ ᠦᠨᠡᠨ ᠪᠤᠳᠠᠳᠤ ᠴᠢᠨᠡᠷ ᠲᠤ ᠬᠠᠷᠢᠭᠤᠴᠠᠬᠤ ᠬᠡᠷᠡᠭᠳᠡᠢ᠃ ᠵᠠᠰᠠᠭ ᠵᠠᠬᠢᠷᠭᠠᠨ ᠤ | ᠪᠠᠶᠢᠭᠤᠯᠭ᠎ᠠ ᠭᠤᠶᠤᠴᠢᠯᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠲᠠᠢ ᠨᠢ ᠬᠤᠯᠪᠤᠭᠳᠠᠯ ᠦᠬᠡᠢ ᠮᠡᠷᠭᠡᠵᠢᠯ ᠤᠨ | ᠮᠠᠲ᠋ᠧᠷᠢᠶᠠᠯ ᠪᠠ ᠪᠤᠰᠤᠳ ᠮᠠᠲ᠋ᠧᠷᠢᠶᠠᠯ ᠢ ᠲᠤᠰᠢᠶᠠᠯᠭᠠᠬᠤ ᠪᠠᠷ ᠭᠤᠶᠤᠴᠢᠯᠠᠭᠴᠢ ᠳᠤ ᠱᠠᠭᠠᠷᠳᠠᠵᠤ ᠪᠤᠯᠬᠤ ᠦᠬᠡᠢ᠃ | ᠭᠤᠴᠢᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢᠨ ᠲᠤᠷᠠᠳᠤᠭᠰᠠᠨ | ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠲᠤᠤᠷ᠎ᠠ ᠵᠢᠭᠰᠠᠭᠠᠭᠰᠠᠨ ᠪᠠᠶᠢᠳᠠᠯ ᠤᠳ ᠢ ᠦᠨᠳᠦᠰᠦᠯᠡᠨ | ᠲᠤᠰᠪᠤᠷᠢ ᠰᠢᠢᠳᠪᠤᠷᠢᠯᠡᠬᠦ ᠬᠡᠷᠡᠭᠳᠡᠢ᠄ | ︵ᠨᠢᠬᠡ︶ ᠭᠤᠶᠤᠴᠢᠯᠠᠭᠰᠠᠨ ᠵᠦᠢᠯ ᠤᠳ ᠨᠢ ᠬᠠᠤᠯᠢ ᠶᠤᠰᠤᠭᠠᠷ ᠪᠤᠯ ᠵᠠᠰᠠᠭ ᠵᠠᠬᠢᠷᠭᠠᠨ ᠤ ᠵᠦᠪᠰᠢᠶᠡᠷᠡᠯ | ᠠᠪᠬᠤ ᠴᠢᠬᠤᠯᠠ ᠦᠬᠡᠢ ᠪᠠᠶᠢᠪᠠᠯ᠂ ᠬᠦᠯᠢᠶᠡᠨ ᠠᠪᠴᠤ ᠰᠢᠢᠳᠪᠤᠷᠢᠯᠡᠬᠦ ᠦᠬᠡᠢ ᠪᠠᠨ ᠭᠤᠶᠤᠴᠢᠯᠠᠭᠴᠢ ᠳᠤ ᠴᠠᠭ | ᠲᠤᠬᠠᠢ ᠳᠤᠨᠢ ᠮᠡᠳᠡᠭᠳᠡᠬᠦ ᠭᠡᠷᠡᠭᠳᠡᠢ︔ | ︵ᠬᠤᠶᠠᠷ︶ ᠭᠤᠶᠤᠴᠢᠯᠠᠭᠰᠠᠨ ᠵᠦᠢᠯ ᠤᠳ ᠨᠢ ᠬᠠᠤᠯᠢ ᠶᠤᠰᠤᠭᠠᠷ ᠪᠤᠯ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠡᠷᠭᠡ ᠲᠤᠰᠢᠶᠡᠯ ᠤᠨ ᠭᠡᠪᠴᠢᠶᠠᠨ ᠳᠤ ᠬᠠᠷᠢᠶᠠᠯᠠᠭᠳᠠᠬᠤ ᠦᠬᠡᠢ ᠪᠠᠶᠢᠪᠠᠯ᠂ ᠴᠠᠭ ᠲᠤᠬᠠᠢ ᠳᠤᠨᠢ | ᠬᠦᠯᠢᠶᠡᠨ ᠠᠪᠴᠤ ᠰᠢᠢᠳᠪᠤᠷᠢᠯᠡᠬᠦ ᠦᠬᠡᠢ ᠭᠡᠰᠡᠨ ᠲᠤᠭᠳᠠᠭᠠᠯ ᠭᠠᠷᠭᠠᠬᠤ ᠮᠦᠷᠳᠡᠭᠡᠨ ᠬᠤᠯᠪᠤᠭᠳᠠᠯ ᠪᠦᠬᠦᠢ ᠵᠠᠰᠠᠬ | ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠬᠤ ᠶᠢ ᠭᠤᠶᠤᠴᠢᠯᠠᠭᠴᠢ ᠳᠤ ᠮᠡᠳᠡᠭᠳᠡᠬᠦ ᠬᠡᠷᠡᠭᠳᠡᠢ︔ | ︵ᠭᠤᠷᠪᠠ︶ ᠭᠤᠶᠤᠴᠢᠯᠠᠬᠤ ᠮᠠᠲ᠋ᠧᠷᠢᠶᠠᠯ ᠳᠤ ᠲᠤᠬᠠᠢ ᠶᠢᠨ ᠭᠠᠵᠠᠷ ᠲᠤ ᠵᠠᠯᠠᠷᠠᠭᠤᠯᠵᠤ ᠪᠤᠯᠬᠤ ᠪᠤᠷᠤᠭᠤ ᠲᠠᠢ | ᠪᠠᠶᠢᠪᠠᠯ᠂ ᠭᠤᠶᠤᠴᠢᠯᠠᠭᠴᠢ ᠶᠢᠨ ᠲᠤᠬᠠᠢ ᠶᠢᠨ ᠭᠠᠵᠠᠷ ᠲᠤ ᠵᠠᠯᠠᠷᠠᠭᠤᠯᠬᠤ ᠶᠢ ᠵᠦᠪᠰᠢᠶᠡᠷᠡᠬᠦ ᠬᠡᠷᠡᠭᠳᠡᠢ︔ | ︵ᠲᠦᠷᠪᠡ︶ ᠭᠤᠶᠤᠴᠢᠯᠠᠬᠤ ᠮᠠᠲ᠋ᠧᠷᠢᠶᠠᠯ ᠨᠢ ᠪᠦᠷᠢᠨ ᠬᠦᠢᠴᠡᠳ ᠪᠤᠰᠤ ᠪᠤᠶᠤ ᠬᠠᠤᠯᠢ ᠳᠤ ᠲᠤᠭᠳᠠᠭᠠᠭᠰᠠᠨ | ᠭᠡᠯᠪᠡᠷᠢ ᠳᠤ ᠨᠡᠶᠢᠴᠡᠬᠦ ᠦᠬᠡᠢ ᠪᠠᠶᠢᠪᠠᠯ᠂ ᠨᠦᠬᠦᠪᠦᠷᠢᠯᠡᠵᠤ ᠵᠠᠯᠠᠷᠠᠭᠤᠯᠬᠤ ᠴᠢᠬᠤᠯᠠᠳᠠᠢ ᠪᠦᠬᠦ ᠠᠭᠤᠯᠭ᠎ᠠ ᠶᠢ | ᠭᠤᠶᠤᠴᠢᠯᠠᠭᠴᠢ ᠳᠤ ᠲᠤᠬᠠᠢ ᠶᠢᠨ ᠭᠠᠵᠠᠷ ᠲᠤ ᠪᠤᠶᠤ ᠲᠠᠪᠤᠨ ᠡᠳᠦᠷ ᠤᠨ ᠲᠤᠳᠤᠷ᠎ᠠ ᠨᠢᠬᠡᠯᠡ ᠲᠤᠤᠷ᠎ᠠ ᠮᠡᠳᠡᠭᠳᠡᠬᠦ | ᠭᠡᠷᠡᠭᠳᠡᠢ᠂ ᠬᠤᠭᠤᠴᠠᠭ᠎ᠠ ᠬᠡᠳᠦᠷᠡᠳᠠᠯ᠎ᠠ ᠮᠡᠳᠡᠭᠳᠡᠭᠰᠡᠨ ᠦᠬᠡᠢ ᠪᠠᠶᠢᠪᠠᠯ᠂ ᠭᠤᠶᠤᠴᠢᠯᠠᠬᠤ ᠮᠠᠲ᠋ᠧᠷᠢᠶᠠᠯ ᠢ ᠤᠯᠤᠭᠰᠠᠨ | ᠡᠳᠦᠷ ᠠᠴᠠ ᠡᠬᠢᠯᠡᠵᠤ ᠬᠦᠯᠢᠶᠡᠨ ᠠᠪᠴᠤ ᠰᠢᠢᠳᠪᠤᠷᠢᠯᠡᠭᠰᠡᠨ ᠢᠶᠠᠷ ᠪᠤᠳᠤᠨ᠎ᠠ︔ | ︵ᠲᠠᠪᠤ︶ ᠭᠤᠶᠤᠴᠢᠯᠠᠭᠰᠠᠨ ᠵᠦᠢᠯ ᠤᠳ ᠨᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠡᠷᠭᠡ | ᠲᠤᠰᠢᠶᠠᠯ ᠤᠨ ᠬᠡᠪᠴᠢᠶᠠᠨ ᠳᠤ ᠬᠠᠷᠢᠶᠠᠯᠠᠭᠳᠠᠵᠤ᠂ ᠭᠤᠶᠤᠴᠢᠯᠠᠬᠤ ᠮᠠᠲ᠋ᠧᠷᠢᠶᠠᠯ ᠨᠢ ᠪᠦᠷᠢᠨ ᠬᠦᠢᠴᠡᠳ᠂ ᠬᠠᠤᠯᠢ ᠳᠤ | ᠲᠤᠭᠳᠠᠭᠠᠭᠰᠠᠨ ᠭᠡᠯᠪᠡᠷᠢ ᠳᠤ ᠨᠡᠶᠢᠴᠡᠵᠤ ᠪᠠᠶᠢᠬᠤ ᠪᠤᠶᠤ ᠭᠤᠶᠤᠴᠢᠯᠠᠭᠴᠢ ᠨᠢ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠱᠠᠭᠠᠷᠳᠠᠯᠭ᠎ᠠ ᠶᠤᠰᠤᠭᠠᠷ ᠨᠦᠬᠦᠪᠦᠷᠢᠯᠡᠵᠤ ᠵᠠᠯᠠᠷᠠᠭᠤᠯᠬᠤ ᠪᠦᠬᠦ ᠮᠠᠲ᠋ᠧᠷᠢᠶᠠᠯ ᠢ ᠲᠡᠪᠰᠢᠬᠦᠯᠦᠨ | ᠲᠤᠰᠢᠶᠠᠭᠰᠠᠨ ᠪᠠᠶᠢᠪᠠᠯ᠂ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠬᠦᠯᠢᠶᠡᠨ ᠠᠪᠴᠤ | ᠰᠢᠢᠳᠪᠤᠷᠢᠯᠡᠬᠦ ᠭᠡᠷᠡᠭᠳᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠬᠦᠯᠢᠶᠠᠨ | ᠠᠪᠴᠤ ᠰᠢᠢᠳᠪᠤᠷᠢᠯᠡᠬᠦ ᠪᠤᠶᠤ ᠦᠯᠦ ᠬᠦᠯᠢᠶᠡᠨ ᠠᠪᠴᠤ ᠰᠢᠢᠳᠪᠤᠷᠢᠯᠡᠬᠦ ᠳᠡᠭᠡᠨ ᠲᠤᠰ ᠵᠠᠰᠠᠭ ᠵᠠᠬᠢᠷᠭᠠᠨ ᠤ | ᠪᠠᠶᠢᠭᠤᠯᠭ᠎ᠠ ᠶᠢᠨ ᠲᠤᠰᠬᠠᠢ ᠭᠡᠷᠡᠭᠯᠡᠬᠦ ᠲᠠᠮᠠᠭ᠎ᠠ ᠶᠢ ᠲᠠᠷᠤᠵᠤ ᠡᠳᠦᠷ ᠬᠤᠭᠤᠴᠠᠭ᠎ᠠ ᠶᠢ ᠲᠤᠳᠤᠷᠬᠠᠶᠢᠯᠠᠭᠰᠠᠨ ᠪᠢᠴᠢᠮᠠᠯ | ᠪᠠᠷᠢᠮᠳᠠ ᠬᠢᠵᠤ ᠦᠭᠬᠦ ᠬᠡᠷᠡᠭᠳᠡᠢ᠃ | ᠭᠤᠴᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠤᠯᠪᠤᠭᠳᠠᠯ ᠪᠦᠬᠦᠢ ᠲᠦᠷᠢᠮ ᠢ | ᠪᠠᠶᠢᠭᠤᠯᠤᠨ ᠲᠡᠬᠦᠯᠳᠡᠷᠵᠢᠬᠦᠯᠵᠤ᠂ ᠵᠠᠰᠠᠭ ᠤᠨ ᠶᠠᠪᠤᠳᠠᠯ ᠢ ᠺᠤᠮᠫᠢᠦ᠋ᠲ᠋ᠧᠷ ᠢᠶᠠᠷ ᠬᠦᠢᠴᠡᠳᠭᠡᠬᠦ ᠶᠢ ᠭᠡᠷᠡᠭᠵᠢᠬᠦᠯᠦᠨ᠂ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠤᠤᠷ ᠰᠦᠯᠵᠢᠶᠠᠨ ᠦᠷᠳᠡᠭᠡᠨ ᠲᠡᠭᠡᠷ᠎ᠠ ᠪᠠᠨ ᠵᠠᠰᠠᠭ ᠵᠠᠬᠢᠷᠭᠠᠨ ᠤ | ᠵᠦᠪᠰᠢᠶᠡᠷᠡᠯ ᠤᠨ ᠵᠦᠢᠯ ᠤᠳ ᠢ ᠨᠡᠶᠢᠳᠡᠯᠠᠵᠤ᠂ ᠭᠤᠶᠤᠴᠢᠯᠠᠭᠴᠢ ᠶᠢᠨ ᠳ᠋ᠠᠶᠢᠲ᠋ᠠ ᠡᠯᠧᠺᠲᠷᠤᠨ ᠪᠢᠴᠢᠭ ᠵᠡᠷᠭᠡ ᠠᠷᠭ᠎ᠠ | ᠮᠠᠶ᠋ᠢᠭ ᠢᠶᠠᠷ ᠵᠠᠰᠠᠬ ᠵᠠᠭᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠭᠠᠷᠭᠠᠬᠤ ᠳᠤ ᠲᠦᠬᠦᠮ ᠪᠤᠯᠭᠠᠬᠤ ᠭᠡᠷᠡᠭᠳᠡᠢ︔ | ᠵᠠᠰᠠᠭ ᠵᠠᠬᠢᠷᠭᠠᠨ ᠤ ᠪᠤᠰᠤᠳ ᠪᠠᠶᠢᠭᠤᠯᠭ᠎ᠠ ᠯᠤᠭ᠎ᠠ ᠵᠠᠰᠠᠭ ᠵᠠᠬᠢᠷᠭᠠᠨ ᠤ ᠵᠦᠪᠰᠢᠶᠡᠷᠡᠯ ᠤᠨ ᠬᠤᠯᠪᠤᠭᠳᠠᠯ ᠪᠦᠬᠦᠢ | ᠮᠡᠳᠡᠭᠡ ᠵᠠᠩᠬᠢ ᠶᠢ ᠬᠠᠮᠳᠤᠪᠠᠷ ᠡᠳ᠋ᠯᠡᠵᠤ᠂ ᠠᠵᠢᠯ ᠶᠠᠪᠤᠳᠠᠯ ᠡᠷᠬᠢᠯᠡᠬᠦ ᠦᠷ᠎ᠠ ᠪᠦᠳᠦᠭᠡᠯ ᠢᠶᠠᠨ ᠲᠡᠭᠡᠭᠰᠢᠯᠡᠬᠦᠯᠬᠦ | ᠬᠡᠷᠡᠭᠳᠡᠢ᠃ | ᠬᠤᠶᠠᠳᠤᠭᠠᠷ ᠬᠡᠰᠡᠭ ᠬᠢᠨᠠᠨ ᠪᠠᠶᠢᠴᠠᠭᠠᠬᠤ ᠪᠡ ᠲᠤᠭᠳᠠᠭᠠᠯ ᠭᠠᠷᠭᠠᠬᠤ | ᠭᠤᠴᠢᠨ ᠲᠦᠷᠪᠡᠳᠦᠬᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢᠨ ᠲᠡᠪᠰᠢᠬᠦᠯᠦᠨ | ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠢ ᠬᠢᠨᠠᠨ ᠪᠠᠶᠢᠴᠠᠭᠠᠬᠤ ᠭᠡᠷᠡᠭᠳᠡᠢ᠃ | ᠭᠤᠶᠤᠴᠢᠯᠠᠭᠴᠢ ᠶᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠨᠢ ᠪᠦᠷᠢᠨ ᠬᠦᠢᠴᠡᠳ᠂ | ᠬᠠᠤᠯᠢ ᠳᠤ ᠲᠤᠭᠳᠠᠭᠠᠭᠰᠠᠨ ᠬᠡᠯᠪᠡᠷᠢ ᠳᠤ ᠨᠠᠶᠢᠴᠡᠵᠤ ᠪᠠᠶᠢᠬᠤ ᠪᠦᠬᠡᠳ ᠵᠠᠰᠠᠭ ᠵᠠᠬᠢᠷᠭᠠᠨ ᠤ ᠪᠠᠶᠢᠭᠤᠯᠭ᠎ᠠ | ᠲᠤᠬᠠᠢ ᠶᠢᠨ ᠭᠠᠵᠠᠷ ᠲᠤ ᠲᠤᠭᠳᠠᠭᠠᠯ ᠭᠠᠷᠭᠠᠵᠤ ᠲᠡᠶᠢᠯᠬᠦ ᠳᠤ ᠬᠦᠷᠪᠡᠯ᠂ ᠲᠤᠬᠠᠢ ᠶᠢᠨ ᠭᠠᠵᠠᠷ ᠲᠤᠨᠢ ᠵᠠᠰᠠᠭ | ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠢ ᠪᠢᠴᠢᠭ ᠢᠶᠠᠷ ᠬᠢᠵᠤ ᠦᠭᠬᠦ ᠬᠡᠷᠡᠭᠳᠡᠢ᠃ | ᠬᠠᠤᠯᠢ ᠳᠤ ᠲᠤᠭᠳᠠᠭᠠᠭᠰᠠᠨ ᠨᠦᠬᠦᠴᠡᠯ ᠪᠠ ᠵᠢᠷᠤᠮ ᠢ ᠦᠨᠳᠦᠰᠦᠯᠡᠨ᠂ ᠭᠤᠶᠤᠴᠢᠯᠠᠬᠤ ᠮᠠᠲ᠋ᠧᠷᠢᠶᠠᠯ ᠤᠨ | ᠮᠦᠨ ᠴᠢᠨᠡᠷ ᠤᠨ ᠠᠭᠤᠯᠭ᠎ᠠ ᠶᠢ ᠬᠢᠨᠠᠨ ᠮᠠᠭᠠᠳᠯᠠᠬᠤ ᠴᠢᠬᠤᠯᠠᠳᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ | ᠬᠤᠶᠠᠷ ᠠᠴᠠ ᠲᠡᠭᠡᠭᠰᠢ ᠲᠤᠭᠠᠨ ᠤ ᠠᠵᠢᠯᠳᠠᠨ ᠢ ᠲᠤᠮᠢᠯᠠᠵᠤ ᠬᠠᠷᠭᠤᠭᠤᠯᠤᠨ ᠪᠠᠶᠢᠴᠠᠭᠠᠯᠭᠠᠬᠤ ᠬᠡᠷᠡᠭᠳᠡᠢ᠃ | ᠭᠤᠴᠢᠨ ᠲᠠᠪᠤᠳᠤᠭᠠᠷ ᠵᠦᠢᠯ ᠬᠠᠤᠯᠢ ᠶᠤᠰᠤᠭᠠᠷ ᠤᠷᠢᠳᠠᠪᠠᠷ ᠲᠤᠤᠷᠠᠳᠤ ᠱᠠᠳᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠬᠢᠨᠠᠨ ᠪᠠᠶᠢᠴᠠᠭᠠᠬᠰᠠᠨ ᠤ ᠲᠠᠷᠠᠭ᠎ᠠ ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠳᠤ | ᠮᠡᠳᠡᠬᠦᠯᠵᠤ ᠲᠤᠭᠳᠠᠭᠠᠯᠭᠠᠬᠤ ᠶᠤᠰᠤᠳᠠᠢ ᠵᠠᠰᠠᠭ ᠵᠠᠬᠢᠷᠭᠠᠨ ᠤ ᠵᠦᠪᠰᠢᠶᠡᠷᠡᠯ ᠢ᠂ ᠲᠤᠤᠷᠠᠳᠤ ᠱᠠᠳᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠬᠠᠤᠯᠢ ᠳᠤ ᠲᠤᠭᠳᠠᠭᠠᠭᠰᠠᠨ ᠬᠤᠭᠤᠴᠠᠭᠠᠨ ᠳᠤ ᠠᠩᠬ᠎ᠠ ᠠᠯᠬᠤᠮ ᠤᠨ ᠬᠢᠨᠠᠨ | ᠪᠠᠶᠢᠴᠠᠭᠠᠭᠰᠠᠨ ᠰᠠᠨᠠᠯ ᠪᠠ ᠪᠦᠬᠦ ᠭᠤᠶᠤᠴᠢᠯᠠᠬᠤ ᠮᠠᠲ᠋ᠧᠷᠢᠶᠠᠯ ᠢ ᠲᠡᠭᠡᠳᠦ ᠱᠠᠳᠤᠨ ᠤ ᠵᠠᠰᠠᠬ ᠵᠠᠬᠢᠷᠭᠠᠨ ᠤ | ᠪᠠᠶᠢᠭᠤᠯᠭ᠎ᠠ ᠳᠤ ᠰᠢᠭᠤᠳ ᠮᠡᠳᠡᠬᠦᠯᠦᠨ ᠬᠦᠷᠭᠡᠬᠦ ᠭᠡᠷᠡᠭᠳᠡᠢ᠃ ᠲᠡᠭᠡᠳᠦ ᠱᠠᠳᠤᠨ ᠤ ᠵᠠᠰᠠᠬ ᠵᠠᠬᠢᠷᠭᠠᠨ ᠤ ᠪᠠᠶᠢᠭᠤᠯᠭ᠎ᠠ | ᠭᠤᠶᠤᠴᠢᠯᠠᠭᠴᠢ ᠶᠢ ᠭᠤᠶᠤᠴᠢᠯᠠᠬᠤ ᠮᠠᠲ᠋ᠧᠷᠢᠶᠠᠯ ᠲᠡᠬᠢᠨᠳᠡ ᠬᠠᠨᠭ᠍ᠭᠠᠯᠭᠠᠬᠤ ᠪᠠᠷ ᠱᠠᠭᠠᠷᠳᠠᠵᠤ ᠪᠤᠯᠬᠤ ᠦᠬᠡᠢ᠃ | ᠭᠤᠴᠢᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ | ᠠᠪᠬᠤ ᠭᠤᠶᠤᠴᠢᠯᠠᠯ ᠢ ᠬᠢᠨᠠᠨ ᠪᠠᠶᠢᠴᠠᠭᠠᠬᠤ ᠳᠠᠭᠠᠨ᠂ ᠵᠠᠰᠠᠭ ᠵᠠᠬᠢᠷᠭᠠᠨ ᠤ ᠭᠤᠶᠤᠴᠢᠯᠠᠯ ᠠᠪᠬᠤ ᠬᠡᠵᠤ ᠪᠠᠶᠢᠭ᠎ᠠ | ᠵᠦᠢᠯ ᠤᠳ ᠨᠢ ᠪᠤᠰᠤᠳ ᠬᠦᠮᠦᠨ ᠤ ᠴᠢᠬᠤᠯᠠ ᠶᠡᠭᠡ ᠠᠰᠢᠭ ᠲᠤᠰᠠ ᠳᠤ ᠬᠤᠯᠪᠤᠭᠳᠠᠵᠤ ᠪᠠᠶᠢᠬᠤ ᠶᠢ ᠤᠯᠵᠤ | ᠮᠡᠳᠡᠭᠰᠡᠨ ᠪᠠᠶᠢᠪᠠᠯ᠂ ᠲᠤᠰ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠳᠤ ᠮᠡᠳᠡᠭᠳᠡᠬᠦ ᠬᠡᠷᠡᠭᠳᠡᠢ᠃ | ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠲᠤᠭᠠᠴᠢᠨ ᠦᠬᠦᠯᠡᠬᠦ ᠪᠠ ᠵᠦᠪᠳᠡᠬᠡᠨ | ᠲᠤᠳᠤᠷᠬᠠᠶᠢᠯᠠᠬᠤ ᠡᠷᠭᠡ ᠲᠠᠢ᠃ ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ᠂ ᠠᠰᠢᠭ ᠬᠤᠤᠷ ᠤᠨ | ᠬᠠᠷᠢᠴᠠᠭ᠎ᠠ ᠲᠠᠢ ᠬᠦᠮᠦᠨ ᠤ ᠰᠠᠨᠠᠯ ᠢ ᠰᠤᠨᠤᠰᠬᠤ ᠭᠡᠷᠡᠭᠳᠡᠢ᠃ | ᠭᠤᠴᠢᠨ ᠲᠤᠯᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠠᠷᠠᠯ | ᠠᠪᠬᠤ ᠭᠤᠶᠤᠴᠢᠯᠠᠯ ᠢ ᠬᠢᠨᠠᠨ ᠪᠠᠶᠢᠴᠠᠭᠠᠭᠰᠠᠨ ᠤ ᠲᠠᠷᠠᠭ᠎ᠠ᠂ ᠲᠤᠬᠠᠢ ᠶᠢᠨ ᠭᠠᠵᠠᠷ ᠲᠤ ᠵᠠᠰᠠᠭ ᠵᠠᠬᠢᠷᠭᠠᠨ ᠤ | ᠵᠦᠪᠰᠢᠶᠡᠷᠡᠯ ᠤᠨ ᠲᠤᠭᠳᠠᠭᠠᠯ ᠭᠠᠷᠭᠠᠬᠤ ᠠᠴᠠ ᠪᠤᠰᠤᠳ ᠢ ᠨᠢ ᠬᠠᠤᠯᠢ ᠳᠤ ᠲᠤᠭᠳᠠᠭᠠᠭᠰᠠᠨ ᠬᠤᠭᠤᠴᠠᠭᠠᠨ ᠳᠤ | ᠲᠤᠭᠳᠠᠭᠰᠠᠨ ᠵᠢᠷᠤᠮ ᠶᠤᠰᠤᠭᠠᠷ ᠵᠠᠰᠠᠬ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠭᠡᠷᠡᠭᠳᠡᠢ᠃ | ᠭᠤᠴᠢᠨ ᠨᠠᠢᠮᠠᠳᠤᠭᠠᠷ ᠵᠦᠢᠯ ᠭᠤᠶᠤᠴᠢᠯᠠᠭᠴᠢ ᠶᠢᠨ ᠭᠤᠶᠤᠴᠢᠯᠠᠯ ᠬᠠᠤᠯᠢ ᠳᠤ ᠲᠤᠭᠳᠠᠭᠠᠭᠰᠠᠨ | ᠨᠦᠬᠦᠴᠡᠯ᠂ ᠪᠠᠷᠢᠮᠵᠢᠶ᠎ᠠ ᠳᠤ ᠨᠡᠶᠢᠴᠡᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠵᠠᠰᠠᠭ | ᠵᠠᠬᠢᠷᠭᠠᠨ ᠤ ᠵᠦᠪᠰᠢᠶᠡᠷᠡᠯ ᠦᠭᠬᠦ ᠪᠢᠴᠢᠮᠠᠯ ᠲᠤᠭᠳᠠᠭᠠᠯ ᠭᠠᠷᠭᠠᠬᠤ ᠭᠡᠷᠡᠭᠳᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠦᠯᠦ ᠦᠭᠬᠦ | ᠪᠢᠴᠢᠮᠡᠯ ᠲᠤᠭᠳᠠᠭᠠᠯ ᠭᠠᠷᠭᠠᠭᠰᠠᠨ ᠪᠠᠶᠢᠪᠠᠯ᠂ ᠤᠴᠢᠷ ᠰᠢᠯᠳᠠᠭᠠᠨ ᠢᠶᠠᠨ ᠲᠤᠳᠤᠷᠬᠠᠶᠢᠯᠠᠬᠤ ᠮᠦᠷᠳᠡᠭᠡᠨ ᠬᠠᠤᠯᠢ | ᠶᠤᠰᠤᠭᠠᠷ ᠵᠠᠰᠠᠬ ᠵᠠᠬᠢᠷᠭᠠᠨ ᠢᠶᠠᠷ ᠲᠠᠪᠳᠠᠨ ᠶᠠᠷᠢᠯᠴᠠᠭᠤᠯᠬᠤ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ | ᠵᠠᠭᠠᠯᠳᠤᠯᠭ᠎ᠠ ᠬᠢᠬᠦ ᠡᠷᠭᠡ ᠲᠠᠢ ᠪᠠᠶᠢᠬᠤ ᠶᠢ ᠭᠤᠶᠤᠴᠢᠯᠠᠭᠴᠢ ᠳᠤ ᠮᠡᠳᠡᠭᠳᠡᠬᠦ ᠭᠡᠷᠡᠭᠳᠡᠢ᠃ | ᠭᠤᠴᠢ ᠶᠢᠰᠦᠳᠦᠬᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠦᠭᠬᠦ | ᠲᠤᠭᠳᠠᠭᠠᠯ ᠭᠠᠷᠭᠠᠬᠤ ᠳᠠᠭᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠷᠡᠴᠢ ᠦᠨᠡᠮᠯᠡᠯ ᠤᠯᠭᠤᠬᠤ ᠴᠢᠬᠤᠯᠠᠳᠠᠢ | ᠪᠠᠶᠢᠪᠠᠯ᠂ ᠭᠤᠶᠤᠴᠢᠯᠠᠭᠴᠢ ᠳᠤ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠠᠮᠠᠭ᠎ᠠ ᠲᠠᠢ ᠲᠤᠤᠷ᠎ᠠ ᠵᠢᠭᠰᠠᠭᠠᠭᠰᠠᠨ | ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠷᠡᠴᠢ ᠦᠨᠡᠮᠯᠡᠯ ᠢ ᠤᠯᠭᠤᠬᠤ ᠭᠡᠷᠡᠭᠳᠡᠢ᠄ | ︵ᠨᠢᠬᠡ︶ ᠵᠦᠪᠰᠢᠶᠡᠷᠡᠯ ᠤᠨ ᠦᠨᠡᠮᠯᠡᠯ᠂ ᠭᠡᠷᠡᠴᠢ ᠪᠤᠶᠤ ᠪᠤᠰᠤᠳ ᠵᠦᠪᠰᠢᠶᠡᠷᠡᠯ ᠤᠨ ᠦᠨᠡᠮᠯᠡᠯ︔ | ︵ᠬᠤᠶᠠᠷ︶ ᠬᠢᠷᠢ ᠭᠡᠮ ᠤᠨ ᠦᠨᠡᠮᠯᠡᠯ᠂ ᠬᠢᠷᠢ ᠴᠢᠳᠠᠯ ᠤᠨ ᠦᠨᠡᠮᠯᠡᠯ ᠪᠤᠶᠤ ᠪᠤᠰᠤᠳ ᠬᠢᠷᠢ ᠲᠡᠩᠴᠡᠭᠰᠡᠨ | ᠦᠨᠡᠮᠯᠡᠯ︔ | ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠦᠪᠰᠢᠶᠡᠷᠡᠭᠰᠡᠨ ᠪᠢᠴᠢᠭ ᠮᠠᠲ᠋ᠧᠷᠢᠶᠠᠯ ᠪᠤᠶᠤ | ᠭᠡᠷᠡᠴᠢᠯᠡᠭᠰᠡᠨ ᠪᠢᠴᠢᠭ ᠮᠠᠲ᠋ᠧᠷᠢᠶᠠᠯ︔ | ︵ᠲᠦᠷᠪᠡ︶ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠵᠠᠰᠠᠭ ᠵᠠᠬᠢᠷᠭᠠᠨ ᠤ | ᠵᠦᠪᠰᠢᠶᠡᠷᠡᠯ ᠤᠨ ᠪᠤᠰᠤᠳ ᠭᠡᠷᠡᠴᠢ ᠦᠨᠡᠮᠯᠡᠯ᠃ | ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠨ ᠪᠠᠶᠢᠴᠠᠭᠠᠯᠳᠠ᠂ ᠪᠠᠶᠢᠴᠠᠭᠠᠨ ᠭᠡᠮᠵᠢᠯᠳᠠ᠂ ᠬᠢᠵᠢᠭ ᠤᠨ | ᠪᠠᠶᠢᠴᠠᠭᠠᠯᠳᠠ ᠬᠢᠭᠰᠡᠨ ᠪᠠᠶᠢᠪᠠᠯ᠂ ᠰᠢᠯᠭᠠᠨ ᠪᠠᠶᠢᠴᠠᠭᠠᠵᠤ᠂ ᠪᠠᠶᠢᠴᠠᠭᠠᠨ ᠭᠡᠮᠵᠢᠵᠤ᠂ ᠬᠢᠵᠢᠭ ᠪᠠᠶᠢᠴᠠᠭᠠᠭᠠᠳ ᠬᠢᠷᠢ | ᠲᠡᠩᠴᠡᠭᠰᠡᠨ ᠲᠤᠨᠤᠭ ᠲᠦᠬᠦᠬᠡᠷᠦᠮᠵᠢ᠂ ᠪᠡᠯᠡᠳᠭᠡᠮᠵᠢ᠂ ᠦᠢᠯᠡᠳᠬᠦᠨ᠂ ᠡᠳ᠋ ᠪᠠᠷᠠᠭ᠎ᠠ ᠶᠢᠨ ᠲᠡᠭᠡᠷ᠎ᠠ ᠱᠤᠰᠢᠭ᠎ᠠ | ᠬᠠᠳᠠᠬᠤ ᠪᠤᠶᠤ ᠰᠢᠯᠭᠠᠨ ᠪᠠᠶᠢᠴᠠᠭᠠᠵᠤ᠂ ᠪᠠᠶᠢᠴᠠᠭᠠᠨ ᠭᠡᠮᠵᠢᠵᠤ᠂ ᠬᠢᠵᠢᠭ ᠪᠠᠶᠢᠴᠠᠭᠠᠭᠰᠠᠨ ᠲᠠᠮᠠᠭ᠎ᠠ ᠲᠠᠷᠤᠵᠤ | ᠪᠤᠯᠤᠨ᠎ᠠ᠃ | ᠲᠦᠴᠢᠳᠦᠬᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠬ ᠵᠠᠬᠢᠷᠭᠠᠨ ᠤ ᠵᠦᠪᠰᠢᠶᠡᠷᠡᠯ | ᠦᠭᠬᠦᠭᠰᠡᠨ ᠲᠤᠭᠳᠠᠭᠠᠯ ᠢ ᠢᠯᠡ ᠪᠠᠷ ᠨᠡᠶᠢᠳᠡᠯᠡᠬᠦ ᠬᠡᠷᠡᠭᠳᠡᠢ᠂ ᠤᠯᠠᠨ ᠲᠦᠮᠡᠨ ᠪᠠᠶᠢᠴᠠᠭᠠᠵᠤ ᠤᠡᠭᠰᠢᠬᠤ ᠡᠷᠭᠡ ᠲᠠᠢ᠃ | ᠲᠦᠴᠢᠨ ᠨᠢᠬᠡᠳᠦᠬᠡᠷ ᠵᠦᠢᠯ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠢᠶᠠᠷ | ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠬᠡᠷᠡᠭᠯᠡᠭᠳᠡᠬᠦ ᠭᠡᠪᠴᠢᠶ᠎ᠠ ᠨᠢ ᠤᠷᠤᠨ ᠪᠦᠰᠡ ᠶᠢᠨ ᠬᠢᠵᠠᠭᠠᠷᠯᠠᠯ | ᠦᠬᠡᠢ ᠪᠠᠶᠢᠪᠠᠯ᠂ ᠭᠤᠶᠤᠴᠢᠯᠠᠭᠴᠢ ᠶᠢᠨ ᠤᠯᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠨᠢ ᠪᠦᠬᠦ ᠤᠯᠤᠰ ᠤᠨ | ᠭᠡᠪᠴᠢᠶᠠᠨ ᠳᠤ ᠬᠦᠴᠦᠨ ᠲᠠᠢ᠃ | ᠭᠤᠷᠪᠠᠳᠤᠭᠠᠷ ᠬᠡᠰᠡᠭ ᠬᠤᠭᠤᠴᠠᠭ᠎ᠠ | ᠲᠦᠴᠢᠨ ᠬᠤᠶᠠᠳᠦᠭᠠᠷ ᠵᠦᠢᠯ ᠲᠤᠬᠠᠢ ᠶᠢᠨ ᠭᠠᠵᠠᠷ ᠲᠤ ᠵᠠᠰᠠᠬ ᠵᠠᠬᠢᠷᠭᠠᠨ ᠤ ᠵᠦᠪᠰᠢᠶᠡᠷᠡᠯ ᠤᠨ | ᠲᠤᠭᠳᠠᠭᠠᠯ ᠭᠠᠷᠭᠠᠵᠤ ᠪᠤᠯᠬᠤ ᠠᠴᠠ ᠪᠤᠰᠤᠳ ᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ | ᠵᠦᠪᠰᠢᠶᠡᠷᠡᠯ ᠠᠪᠬᠤ ᠭᠤᠶᠤᠴᠢᠯᠠᠯ ᠢ ᠰᠢᠢᠳᠪᠤᠷᠢᠯᠡᠬᠦ ᠪᠠᠷ ᠬᠦᠯᠢᠶᠠᠨ ᠠᠪᠤᠭᠰᠠᠨ ᠡᠳᠦᠷ ᠠᠴᠠ ᠡᠬᠢᠯᠡᠨ ᠬᠤᠷᠢᠨ | ᠡᠳᠦᠷ ᠤᠨ ᠲᠤᠳᠤᠷ᠎ᠠ ᠵᠠᠰᠠᠬ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠬᠡᠷᠡᠭᠳᠡᠢ᠃ ᠬᠤᠷᠢᠨ | ᠡᠳᠦᠷ ᠤᠨ ᠲᠤᠳᠤᠷ᠎ᠠ ᠲᠤᠭᠳᠠᠭᠠᠯ ᠭᠠᠷᠭᠠᠵᠤ ᠴᠢᠳᠠᠬᠤ ᠦᠬᠡᠢ ᠪᠠᠶᠢᠪᠠᠯ᠂ ᠲᠤᠰ ᠵᠠᠰᠠᠬ ᠵᠠᠬᠢᠷᠭᠠᠨ ᠤ | ᠪᠠᠶᠢᠭᠤᠯᠭ᠎ᠠ ᠶᠢᠨ ᠬᠠᠷᠢᠭᠤᠴᠠᠯᠭᠠᠳᠠᠨ ᠢᠶᠠᠷ ᠵᠦᠪᠰᠢᠶᠡᠷᠡᠬᠦᠯᠦᠬᠡᠳ ᠠᠷᠪᠠᠨ ᠡᠳᠦᠷ ᠤᠷᠳᠤᠳᠬᠠᠵᠤ ᠪᠤᠯᠬᠤ ᠪᠦᠬᠡᠳ | ᠬᠤᠭᠤᠴᠠᠭ᠎ᠠ ᠶᠢ ᠤᠷᠳᠤᠳᠬᠠᠭᠰᠠᠨ ᠰᠢᠯᠳᠠᠭᠠᠨ ᠢᠶᠠᠨ ᠭᠤᠶᠤᠴᠢᠯᠠᠭᠴᠢ ᠳᠤ ᠮᠡᠳᠡᠭᠳᠡᠬᠦ ᠬᠡᠷᠡᠭᠳᠡᠢ᠃ ᠭᠡᠪᠡᠴᠦ ᠬᠠᠤᠯᠢ | ᠴᠠᠭᠠᠵᠠ᠂ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ | ᠬᠦᠢᠴᠡᠳᠭᠡᠨ᠎ᠠ᠃ | ᠲᠤᠰ ᠬᠠᠤᠯᠢ ᠶᠢᠨ ᠬᠤᠷᠢᠨ ᠵᠢᠷᠭᠤᠳᠤᠭᠠᠷ ᠵᠦᠢᠯ ᠤᠨ ᠲᠤᠭᠳᠠᠭᠠᠯ ᠢ ᠦᠨᠳᠦᠰᠦᠯᠡᠨ᠂ ᠵᠠᠰᠠᠭ ᠵᠠᠬᠢᠷᠭᠠᠨ ᠤ | ᠵᠦᠪᠰᠢᠶᠡᠷᠡᠯ ᠢ ᠨᠢᠬᠡᠳᠦᠯᠳᠡᠢ ᠰᠢᠢᠳᠪᠤᠷᠢᠯᠡᠬᠦ ᠪᠤᠶᠤ ᠬᠠᠮᠳᠤᠷᠠᠨ ᠰᠢᠢᠳᠪᠤᠷᠢᠯᠡᠵᠤ᠂ ᠲᠦᠪᠯᠡᠷᠡᠬᠦᠯᠦᠨ | ᠰᠢᠢᠳᠪᠤᠷᠢᠯᠡᠬᠦ ᠳᠤ ᠬᠦᠷᠪᠡᠯ᠂ ᠰᠢᠢᠳᠪᠤᠷᠢᠯᠡᠬᠦ ᠴᠠᠭ ᠨᠢ ᠲᠦᠴᠢᠨ ᠲᠠᠪᠤᠨ ᠡᠳᠦᠷ ᠠᠴᠠ ᠭᠡᠳᠦᠷᠡᠵᠤ ᠪᠤᠯᠬᠤ ᠦᠬᠡᠢ︔ | ᠲᠦᠴᠢᠨ ᠲᠠᠪᠤᠨ ᠡᠳᠦᠷ ᠤᠨ ᠲᠤᠳᠤᠷ᠎ᠠ ᠰᠢᠢᠳᠪᠤᠷᠢᠯᠡᠨ ᠲᠠᠭᠤᠰᠬᠠᠵᠤ ᠲᠡᠶᠢᠯᠬᠦ ᠦᠬᠡᠢ ᠪᠠᠶᠢᠪᠠᠯ᠂ ᠲᠤᠰ | ᠱᠠᠳᠤᠨ ᠤ ᠠᠷᠠᠳ ᠤᠨ ᠵᠠᠰᠠᠭ ᠤᠨ ᠤᠷᠳᠤᠨ ᠤ ᠬᠠᠷᠢᠭᠤᠴᠠᠯᠭᠠᠳᠠᠨ ᠢᠶᠠᠷ ᠵᠦᠪᠰᠢᠶᠡᠷᠡᠬᠦᠯᠦᠬᠡᠳ ᠠᠷᠪᠠᠨ ᠲᠠᠪᠤᠨ | ᠡᠳᠦᠷ ᠤᠷᠳᠤᠳᠬᠠᠵᠤ ᠪᠤᠯᠬᠤ ᠪᠦᠬᠡᠳ ᠬᠤᠭᠤᠴᠠᠭ᠎ᠠ ᠶᠢ ᠤᠷᠳᠤᠳᠬᠠᠬᠰᠠᠨ ᠰᠢᠯᠳᠠᠭᠠᠨ ᠢᠶᠠᠨ ᠭᠤᠶᠤᠴᠢᠯᠠᠭᠴᠢ ᠳᠤ | ᠮᠡᠳᠡᠭᠳᠡᠬᠦ ᠬᠡᠷᠡᠭᠳᠡᠢ᠃ | ᠲᠦᠴᠢᠨ ᠭᠤᠷᠪᠠᠳᠤᠭᠠᠷ ᠵᠦᠢᠯ ᠬᠠᠤᠯᠢ ᠶᠤᠰᠤᠭᠠᠷ ᠤᠷᠢᠳᠠᠪᠠᠷ ᠲᠤᠤᠷᠠᠳᠤ ᠱᠠᠳᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠬᠢᠨᠠᠨ ᠪᠠᠶᠢᠴᠠᠭᠠᠭᠰᠠᠨ ᠤ ᠲᠠᠷᠠᠭ᠎ᠠ ᠲᠡᠭᠡᠳᠤ ᠱᠠᠳᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠳᠤ ᠮᠡᠳᠡᠬᠦᠯᠵᠤ ᠲᠤᠭᠳᠠᠭᠠᠯᠭᠠᠬᠤ ᠶᠤᠰᠤᠳᠠᠢ ᠵᠠᠰᠠᠬ ᠵᠠᠬᠢᠷᠭᠠᠨ ᠤ ᠵᠦᠪᠰᠢᠶᠡᠷᠡᠯ ᠢ᠂ ᠲᠤᠤᠷᠠᠳᠤ | ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ | ᠰᠢᠢᠳᠪᠤᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠪᠠᠨ ᠡᠬᠢᠯᠡᠨ ᠬᠤᠷᠢᠨ ᠡᠳᠦᠷ ᠤᠨ ᠲᠤᠳᠤᠷ᠎ᠠ ᠭᠢᠨᠠᠨ | ᠪᠠᠶᠢᠴᠠᠭᠠᠵᠤ ᠲᠠᠭᠤᠰᠬᠠᠬᠤ ᠭᠡᠷᠡᠭᠳᠡᠢ᠃ ᠭᠡᠪᠡᠴᠤ ᠬᠠᠤᠯᠢ ᠴᠠᠭᠠᠵᠠ᠂ ᠬᠠᠤᠯᠢ ᠲᠤᠭᠳᠠᠭᠠᠯ ᠳᠤ ᠠᠰᠳᠠᠭᠠᠨ | ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃ | ᠲᠦᠴᠢᠨ ᠲᠦᠷᠪᠡᠳᠦᠬᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠡᠷᠡᠯ | ᠦᠭᠬᠦ ᠲᠤᠭᠳᠠᠭᠠᠯ ᠭᠠᠷᠭᠠᠪᠠᠯ᠂ ᠲᠤᠭᠳᠠᠭᠠᠯ ᠭᠠᠷᠭᠠᠭᠰᠠᠨ ᠡᠳᠦᠷ ᠠᠴᠠ ᠡᠬᠢᠯᠡᠨ ᠠᠷᠪᠠᠨ ᠡᠳᠦᠷ ᠤᠨ ᠲᠤᠳᠤᠷ᠎ᠠ | ᠭᠤᠶᠤᠴᠢᠯᠠᠭᠴᠢ ᠳᠤ ᠵᠠᠰᠠᠭ ᠵᠠᠬᠢᠷᠭᠠᠨ ᠤ ᠵᠦᠪᠰᠢᠶᠡᠷᠡᠯ ᠤᠨ ᠦᠨᠡᠮᠯᠡᠯ ᠢ ᠤᠯᠭᠤᠵᠤ᠂ ᠬᠦᠷᠭᠡᠬᠦ ᠪᠤᠶᠤ ᠱᠤᠰᠢᠭ᠎ᠠ | ᠬᠠᠳᠠᠵᠤ᠂ ᠰᠢᠯᠭᠠᠨ ᠪᠠᠶᠢᠴᠠᠭᠠᠯᠳᠠ᠂ ᠪᠠᠶᠢᠴᠠᠭᠠᠨ ᠬᠡᠮᠵᠢᠯᠳᠠ᠂ ᠬᠢᠵᠢᠭ ᠤᠨ ᠪᠠᠶᠢᠴᠠᠭᠠᠯᠳᠠ ᠬᠢᠭᠰᠡᠨ ᠲᠠᠮᠠᠭ᠎ᠠ | ᠲᠠᠷᠤᠵᠤ ᠦᠭᠬᠦ ᠭᠡᠷᠡᠭᠳᠡᠢ᠃ | ᠲᠦᠴᠢᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠡᠷᠡᠯ ᠤᠨ | ᠲᠤᠭᠳᠠᠭᠠᠯ ᠭᠠᠷᠭᠠᠬᠤ ᠳᠠᠭᠠᠨ ᠬᠠᠤᠯᠢ ᠶᠤᠰᠤᠭᠠᠷ ᠭᠡᠷᠡᠴᠢᠯᠡᠭᠡ ᠰᠤᠨᠤᠰᠬᠤ᠂ ᠲᠠᠭᠠᠭᠠᠴᠢᠯᠠᠯᠳᠠ ᠵᠠᠷᠯᠠᠬᠤ᠂ ᠦᠨ᠎ᠠ | ᠬᠠᠶᠠᠵᠤ ᠬᠤᠳᠠᠯᠳᠤᠬᠤ᠂ ᠰᠢᠯᠭᠠᠨ ᠪᠠᠶᠢᠴᠠᠭᠠᠬᠤ᠂ ᠪᠠᠶᠢᠴᠠᠭᠠᠨ ᠬᠡᠮᠵᠢᠬᠦ᠂ ᠬᠢᠵᠢᠭ ᠪᠠᠶᠢᠴᠠᠭᠠᠬᠤ᠂ ᠰᠢᠯᠭᠠᠨ | ᠲᠤᠭᠳᠠᠭᠠᠬᠤ ᠪᠡ ᠲᠤᠰᠬᠠᠢ ᠮᠡᠷᠭᠡᠵᠢᠯᠳᠡᠨ ᠢᠶᠠᠷ ᠬᠢᠨᠠᠨ ᠲᠤᠭᠳᠠᠭᠠᠯᠭᠠᠬᠤ ᠴᠢᠬᠤᠯᠠᠳᠠᠢ ᠪᠠᠶᠢᠪᠠᠯ᠂ ᠭᠡᠷᠡᠭᠰᠡᠬᠦ ᠴᠠᠭ ᠢ | ᠲᠤᠰ ᠬᠡᠰᠡᠭ ᠲᠤ ᠲᠤᠭᠳᠠᠭᠠᠭᠰᠠᠨ ᠬᠤᠭᠤᠴᠠᠭᠠᠨ ᠳᠤ ᠤᠷᠤᠭᠤᠯᠵᠤ ᠪᠤᠳᠤᠬᠤ ᠦᠬᠡᠢ᠃ ᠵᠠᠰᠠᠭ ᠵᠠᠬᠢᠷᠭᠠᠨ ᠤ | ᠪᠠᠶᠢᠭᠤᠯᠭ᠎ᠠ ᠭᠡᠷᠡᠭᠰᠡᠬᠦ ᠴᠠᠭ ᠢ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠭᠡᠷᠡᠭᠳᠡᠢ᠃ | ᠲᠦᠷᠪᠡᠳᠦᠬᠡᠷ ᠬᠡᠰᠡᠭ ᠬᠡᠷᠡᠴᠢᠯᠡᠭᠡ ᠰᠤᠨᠤᠰᠬᠤ | ᠲᠦᠴᠢᠨ ᠵᠢᠷᠭᠤᠳᠤᠭᠠᠷ ᠵᠦᠢᠯ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠤ | ᠲᠤᠭᠳᠠᠭᠠᠭᠰᠠᠨ ᠵᠠᠰᠠᠬ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠤ ᠭᠡᠷᠡᠴᠢᠯᠡᠭᠡ ᠰᠤᠨᠤᠰᠬᠤ ᠶᠤᠰᠤᠳᠠᠢ | ᠵᠦᠢᠯ ᠤᠳ ᠪᠤᠶᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠡᠷᠡᠴᠢᠯᠡᠭᠡ ᠰᠤᠨᠤᠰᠬᠤ ᠴᠢᠬᠤᠯᠠᠳᠠᠢ ᠭᠡᠵᠤ ᠦᠵᠡᠭᠰᠡᠨ | ᠤᠯᠠᠨ ᠨᠡᠶᠢᠳᠡ ᠶᠢᠨ ᠠᠰᠢᠭ ᠲᠤᠰᠠ ᠳᠤ ᠬᠤᠯᠪᠤᠭᠳᠠᠬᠤ ᠵᠠᠰᠠᠬ ᠵᠠᠬᠢᠷᠭᠠᠨ ᠤ ᠵᠦᠪᠰᠢᠶᠡᠷᠡᠯ ᠤᠨ ᠪᠤᠰᠤᠳ ᠴᠢᠬᠤᠯᠠ | ᠶᠡᠭᠡ ᠵᠦᠢᠯ ᠤᠳ ᠢ ᠵᠠᠰᠠᠭ ᠵᠠᠬᠢᠷᠭᠠᠨ ᠤ ᠪᠠᠶᠢᠭᠤᠯᠭ᠎ᠠ ᠨᠡᠶᠢᠭᠡᠮ ᠨᠡᠶᠢᠳᠡ ᠳᠤ ᠵᠠᠷᠯᠠᠬᠤ ᠭᠡᠷᠡᠭᠳᠡᠢ ᠪᠦᠬᠡᠳ ᠭᠡᠷᠡᠴᠢᠯᠡᠭᠡ | ᠰᠤᠨᠤᠰᠬᠤ ᠭᠡᠷᠡᠭᠳᠡᠢ᠃ | ᠲᠦᠴᠢᠨ ᠲᠤᠯᠤᠳᠤᠭᠠᠷ ᠵᠦᠢᠯ ᠵᠠᠰᠠᠭ ᠵᠠᠬᠢᠷᠭᠠᠨ ᠤ ᠵᠦᠪᠰᠢᠶᠡᠷᠡᠯ ᠨᠢ ᠭᠤᠶᠤᠴᠢᠯᠠᠭᠴᠢ ᠪᠤᠯᠤᠨ | ᠪᠤᠰᠤᠳ ᠬᠦᠮᠦᠨ ᠤ ᠬᠤᠭᠤᠷᠤᠨᠳᠤᠬᠢ ᠴᠢᠬᠤᠯᠠ ᠶᠡᠭᠡ ᠠᠰᠢᠭ ᠲᠤᠰᠠ ᠶᠢᠨ ᠬᠠᠷᠢᠴᠠᠭᠠᠨ ᠳᠤ ᠰᠢᠭᠤᠳ | ᠬᠤᠯᠪᠤᠭᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠬ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ | ᠭᠠᠷᠭᠠᠬᠤ ᠠᠴᠠ ᠪᠠᠨ ᠡᠮᠦᠨ᠎ᠠ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠳᠤ ᠭᠡᠷᠡᠴᠢᠯᠡᠭᠡ | ᠰᠤᠨᠤᠰᠬᠤ ᠪᠠᠷ ᠱᠠᠭᠠᠷᠳᠠᠬᠤ ᠡᠷᠭᠡ ᠲᠠᠢ ᠭᠡᠳᠡᠭ ᠢ ᠮᠡᠳᠡᠭᠳᠡᠬᠦ ᠭᠡᠷᠡᠭᠳᠡᠢ︔ | ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠭᠡᠷᠡᠴᠢᠯᠡᠭᠡ ᠰᠤᠨᠤᠰᠬᠤ ᠡᠷᠭᠡ ᠲᠠᠢ | ᠭᠡᠳᠡᠭ ᠢ ᠮᠡᠳᠡᠭᠳᠡᠭᠰᠡᠨ ᠡᠳᠦᠷ ᠠᠴᠠ ᠡᠬᠢᠯᠡᠨ ᠲᠠᠪᠤᠨ ᠡᠳᠦᠷ ᠤᠨ ᠲᠤᠳᠤᠷ᠎ᠠ ᠭᠡᠷᠡᠴᠢᠯᠡᠭᠡ ᠰᠤᠨᠤᠰᠬᠤ ᠭᠤᠶᠤᠴᠢᠯᠠᠯ | ᠲᠤᠷᠠᠳᠤᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠷᠢᠨ ᠡᠳᠦᠷ ᠤᠨ ᠲᠤᠳᠤᠷ᠎ᠠ ᠵᠤᠬᠢᠶᠠᠨ ᠪᠠᠶᠢᠭᠤᠯᠵᠤ | ᠭᠡᠷᠡᠴᠢᠯᠡᠭᠡ ᠰᠤᠨᠤᠰᠤᠭᠤᠯᠬᠤ ᠭᠡᠷᠡᠭᠳᠡᠢ᠃ | ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠵᠤᠬᠢᠶᠠᠨ ᠪᠠᠶᠢᠭᠤᠯᠤᠭᠰᠠᠨ ᠭᠡᠷᠡᠴᠢᠯᠡᠭᠡ ᠰᠤᠨᠤᠰᠬᠤ ᠶᠢᠨ ᠵᠠᠷᠤᠳᠠᠯ ᠢ ᠡᠬᠦᠷᠭᠡᠯᠡᠬᠦ ᠦᠬᠡᠢ᠃ | ᠲᠦᠴᠢᠨ ᠨᠠᠢᠮᠠᠳᠤᠭᠠᠷ ᠵᠦᠢᠯ ᠭᠡᠷᠡᠴᠢᠯᠡᠭᠡ ᠰᠤᠨᠤᠰᠬᠤ ᠳᠤ ᠲᠤᠤᠷ᠎ᠠ ᠵᠢᠭᠰᠠᠭᠠᠭᠰᠠᠨ ᠵᠢᠷᠤᠮ ᠶᠤᠰᠤᠭᠠᠷ | ᠶᠠᠪᠤᠭᠤᠯᠬᠤ ᠭᠡᠷᠡᠭᠳᠡᠢ᠄ | ︵ᠨᠢᠬᠡ︶ ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢᠯᠡᠭᠡ ᠰᠤᠨᠤᠰᠬᠤ ᠠᠴᠠ ᠲᠤᠯᠤᠭᠠᠨ ᠡᠳᠦᠷ ᠤᠨ ᠡᠮᠦᠨ᠎ᠠ | ᠭᠡᠷᠡᠴᠢᠯᠡᠭᠡ ᠰᠤᠨᠤᠰᠬᠤ ᠴᠠᠭ᠂ ᠭᠠᠵᠠᠷ ᠢ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠳᠤ | ᠮᠡᠳᠡᠭᠳᠡᠵᠤ᠂ ᠴᠢᠬᠤᠯᠠᠳᠠᠢ ᠪᠤᠯ ᠤᠯᠠᠨ ᠳᠤ ᠵᠠᠷᠯᠠᠬᠤ ᠭᠡᠷᠡᠭᠳᠡᠢ︔ | ︵ᠬᠤᠶᠠᠷ︶ ᠭᠡᠷᠡᠴᠢᠯᠡᠭᠡ ᠰᠤᠨᠤᠰᠬᠤ ᠶᠢ ᠢᠯᠡ ᠪᠠᠷ ᠶᠠᠪᠤᠭᠤᠯᠬᠤ ᠬᠡᠷᠡᠭᠳᠡᠢ︔ | ︵ᠭᠤᠷᠪᠠ︶ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠲᠤᠰ | ᠭᠤᠶᠤᠴᠢᠯᠠᠯ ᠢ ᠬᠢᠨᠠᠨ ᠪᠠᠶᠢᠴᠠᠭᠠᠬᠤ ᠠᠵᠢᠯᠳᠠᠨ ᠠᠴᠠ ᠪᠤᠰᠤᠳ ᠬᠦᠮᠦᠨ ᠢ ᠭᠡᠷᠡᠴᠢᠯᠡᠭᠡ ᠰᠤᠨᠤᠰᠬᠤ ᠶᠢᠨ ᠬᠤᠷᠠᠯ | ᠡᠷᠬᠢᠯᠡᠭᠴᠢ ᠪᠠᠷ ᠵᠢᠭᠠᠨ ᠲᠤᠭᠳᠠᠭᠠᠬᠤ ᠭᠡᠷᠡᠭᠳᠡᠢ᠂ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ | ᠡᠷᠬᠢᠯᠡᠭᠴᠢ ᠶᠢ ᠲᠤᠰ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠵᠦᠢᠯ ᠤᠳ ᠲᠠᠢ ᠰᠢᠭᠤᠳ ᠠᠰᠢᠭ ᠬᠤᠤᠷ ᠤᠨ | ᠬᠠᠷᠢᠴᠠᠭ᠎ᠠ ᠲᠠᠢ ᠬᠡᠵᠤ ᠦᠵᠡᠪᠠᠯ᠂ ᠵᠠᠶᠢᠯᠠᠭᠤᠯᠬᠤ ᠪᠠᠷ ᠭᠤᠶᠤᠴᠢᠯᠠᠬᠤ ᠡᠷᠭᠡ ᠲᠠᠢ︔ | ︵ᠲᠦᠷᠪᠡ︶ ᠭᠡᠷᠡᠴᠢᠯᠡᠭᠡ ᠰᠤᠨᠤᠰᠬᠤ ᠳᠤ᠂ ᠵᠠᠰᠠᠬ ᠵᠠᠬᠢᠷᠭᠠᠨ ᠤ ᠵᠦᠪᠰᠢᠶᠡᠷᠡᠯ ᠠᠪᠬᠤ ᠲᠤᠰ | ᠭᠤᠶᠤᠴᠢᠯᠠᠯ ᠢ ᠬᠢᠨᠠᠨ | ᠪᠠᠶᠢᠴᠠᠭᠠᠬᠰᠠᠨ ᠠᠵᠢᠯᠳᠠᠨ ᠬᠢᠨᠠᠨ ᠪᠠᠶᠢᠴᠠᠭᠠᠬᠰᠠᠨ ᠰᠠᠨᠠᠯ ᠤᠨ ᠢᠶᠠᠨ ᠭᠡᠷᠡᠴᠢ ᠪᠠᠷᠢᠮᠳᠠ᠂ ᠤᠴᠢᠷ ᠰᠢᠯᠳᠠᠭᠠᠨ ᠢᠶᠠᠨ | ᠬᠠᠨᠭ᠍ᠭᠠᠬᠤ ᠭᠡᠷᠡᠭᠳᠡᠢ᠂ ᠭᠤᠶᠤᠴᠢᠯᠠᠭᠴᠢ᠂ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠭᠡᠷᠡᠴᠢ ᠪᠠᠷᠢᠮᠳᠠ | ᠲᠤᠷᠠᠳᠴᠤ ᠪᠤᠯᠬᠤ ᠪᠦᠬᠡᠳ ᠵᠦᠪᠳᠡᠭᠡᠨ ᠲᠤᠳᠤᠷᠬᠠᠶᠢᠯᠠᠬᠤ ᠪᠡ ᠲᠤᠯᠭᠠᠨ ᠭᠡᠷᠡᠴᠢᠯᠡᠵᠤ ᠪᠤᠯᠤᠨ᠎ᠠ︔ | ︵ᠲᠠᠪᠤ︶ ᠬᠡᠷᠡᠴᠢᠯᠡᠭᠡ ᠰᠤᠨᠤᠰᠬᠤ ᠳᠤ ᠲᠡᠮᠳᠡᠭᠯᠡᠯ ᠬᠢᠬᠦ ᠭᠡᠷᠡᠭᠳᠡᠢ᠂ ᠭᠡᠷᠡᠴᠢᠯᠡᠭᠡ ᠰᠤᠨᠤᠰᠤᠭᠰᠠᠨ | ᠲᠡᠮᠳᠡᠭᠯᠡᠯ ᠢ ᠬᠡᠷᠡᠴᠢᠯᠡᠭᠡ ᠰᠤᠨᠤᠰᠬᠤ ᠳᠤ ᠤᠷᠤᠯᠴᠠᠭᠰᠠᠨ ᠬᠦᠮᠦᠰ ᠲᠤ ᠦᠵᠡᠬᠦᠯᠵᠤ ᠡ᠊ᠨᠳᠡᠬᠦᠦ ᠪᠤᠷᠤᠭᠤ ᠦᠬᠡᠢ ᠶᠢ | ᠨᠤᠳᠠᠯᠠᠨ ᠵᠦᠪᠰᠢᠶᠡᠷᠡᠬᠦᠯᠦᠭᠰᠡᠨ ᠤ ᠲᠠᠷᠠᠭ᠎ᠠ ᠭᠠᠷ ᠤᠨ ᠦᠰᠦᠭ ᠵᠢᠷᠤᠭᠤᠯᠬᠤ ᠪᠤᠶᠤ ᠲᠠᠮᠠᠭ᠎ᠠ ᠲᠠᠷᠤᠭᠤᠯᠬᠤ ᠭᠡᠷᠡᠭᠳᠡᠢ᠃ | | ᠵᠠᠰᠠᠭ ᠵᠠᠬᠢᠷᠭᠠᠨ ᠤ ᠪᠠᠶᠢᠭᠤᠯᠭ᠎ᠠ ᠭᠡᠷᠡᠴᠢᠯᠡᠭᠡ ᠰᠤᠨᠤᠰᠤᠭᠰᠠᠨ ᠲᠡᠮᠳᠡᠭᠯᠡᠯ ᠢ ᠦᠨᠳᠦᠰᠦᠯᠡᠨ ᠵᠠᠰᠠᠭ | ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠭᠡᠷᠡᠭᠳᠡᠢ᠃ | ᠲᠠᠪᠤᠳᠤᠭᠠᠷ ᠬᠡᠰᠡᠭ ᠬᠤᠪᠢᠷᠠᠭᠤᠯᠬᠤ ᠪᠡ ᠦᠷᠬᠦᠯᠵᠢᠯᠡᠬᠦᠯᠬᠦ | ᠲᠦᠴᠢ ᠶᠢᠰᠦᠳᠦᠬᠡᠷ ᠵᠦᠢᠯ ᠵᠦᠪᠰᠢᠶᠡᠷᠡᠭᠳᠡᠭᠴᠢ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠢ | ᠬᠤᠪᠢᠷᠠᠭᠤᠯᠬᠤ ᠪᠠᠷ ᠱᠠᠭᠠᠷᠳᠠᠬᠤ ᠳᠠᠭᠠᠨ᠂ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ | ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠯ ᠭᠠᠷᠭᠠᠬᠤ ᠭᠡᠷᠡᠭᠳᠡᠢ︔ ᠬᠠᠤᠯᠢ ᠳᠤ ᠲᠤᠭᠳᠠᠭᠠᠭᠰᠠᠨ ᠨᠦᠬᠦᠴᠡᠯ᠂ | ᠪᠡᠷᠢᠮᠵᠢᠶ᠎ᠠ ᠳᠤ ᠨᠡᠶᠢᠴᠡᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠪᠢᠷᠠᠭᠤᠯᠬᠤ ᠭᠠᠷ ᠬᠦᠢᠴᠡᠳᠭᠡᠯ ᠢ | ᠬᠠᠤᠯᠢ ᠶᠤᠰᠤᠭᠠᠷ ᠬᠢᠵᠤ ᠦᠭᠬᠦ ᠬᠡᠷᠡᠭᠳᠡᠢ᠃ | ᠲᠠᠪᠢᠳᠤᠭᠠᠷ ᠵᠦᠢᠯ ᠵᠦᠪᠰᠢᠶᠡᠷᠡᠭᠳᠡᠭᠴᠢ ᠬᠠᠤᠯᠢ ᠶᠤᠰᠤᠭᠠᠷ ᠤᠯᠤᠭᠰᠠᠨ ᠵᠠᠰᠠᠬ ᠵᠠᠬᠢᠷᠭᠠᠨ ᠤ | ᠵᠦᠪᠰᠢᠶᠡᠷᠡᠯ ᠤᠨ ᠬᠦᠴᠦᠨ ᠲᠠᠢ ᠬᠤᠭᠤᠴᠠᠭ᠎ᠠ ᠶᠢ ᠤᠷᠳᠤᠳᠬᠠᠬᠤ ᠴᠢᠬᠤᠯᠠᠳᠠᠢ ᠪᠠᠶᠢᠪᠠᠯ᠂ ᠲᠤᠰ ᠵᠠᠰᠠᠭ | ᠵᠠᠬᠢᠷᠭᠠᠨ ᠤ ᠵᠦᠪᠰᠢᠶᠡᠷᠡᠯ ᠤᠨ ᠬᠦᠴᠦᠨ ᠲᠠᠢ ᠬᠤᠭᠤᠴᠠᠭ᠎ᠠ ᠲᠠᠭᠤᠰᠬᠤ ᠠᠴᠠ ᠭᠤᠴᠢᠨ ᠡᠳᠦᠷ ᠤᠨ ᠡᠮᠦᠨ᠎ᠠ ᠵᠠᠰᠠᠭ | ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠭᠤᠶᠤᠴᠢᠯᠠᠯ | ᠭᠠᠷᠭᠠᠬᠤ ᠭᠡᠷᠡᠭᠳᠡᠢ᠃ ᠭᠡᠪᠡᠴᠤ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠤ ᠠᠰᠳᠠᠭᠠᠨ | ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠵᠦᠪᠰᠢᠶᠡᠷᠡᠭᠳᠡᠭᠴᠢ ᠶᠢᠨ ᠭᠤᠶᠤᠴᠢᠯᠠᠯ ᠢ ᠦᠨᠳᠦᠰᠦᠯᠡᠨ᠂ ᠲᠤᠰ ᠵᠠᠰᠠᠭ | ᠵᠠᠬᠢᠷᠭᠠᠨ ᠤ ᠵᠦᠪᠰᠢᠶᠡᠷᠡᠯ ᠤᠨ ᠬᠦᠴᠦᠨ ᠲᠠᠢ ᠬᠤᠭᠤᠴᠠᠭ᠎ᠠ ᠲᠠᠭᠤᠰᠬᠤ ᠠᠴᠠ ᠡᠮᠦᠨ᠎ᠠ ᠤᠷᠳᠤᠳᠬᠠᠬᠤ ᠶᠢ | ᠵᠦᠪᠰᠢᠶᠡᠷᠡᠬᠦ ᠡᠰᠡᠬᠦ ᠲᠤᠬᠠᠢ ᠲᠤᠭᠳᠠᠭᠠᠯ ᠭᠠᠷᠭᠠᠬᠤ ᠭᠡᠷᠡᠭᠳᠡᠢ︔ ᠬᠤᠭᠤᠴᠠᠭ᠎ᠠ ᠭᠡᠳᠦᠷᠡᠳᠠᠯᠠ ᠲᠤᠭᠳᠠᠭᠠᠯ | ᠭᠠᠷᠭᠠᠭᠰᠠᠨ ᠦᠬᠡᠢ ᠪᠠᠶᠢᠪᠠᠯ᠂ ᠤᠷᠳᠤᠳᠬᠠᠬᠤ ᠶᠢ ᠵᠦᠪᠰᠢᠶᠡᠷᠡᠭᠰᠡᠨ ᠢᠶᠠᠷ ᠪᠤᠳᠤᠨ᠎ᠠ᠃ | ᠵᠢᠷᠭᠤᠳᠤᠭᠠᠷ ᠬᠡᠰᠡᠭ ᠤᠨᠴᠠᠭᠠᠢ ᠲᠤᠭᠳᠠᠭᠠᠯ | ᠲᠠᠪᠢᠨ ᠨᠢᠭᠡᠳᠦᠬᠡᠷ ᠵᠦᠢᠯ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠵᠢᠷᠤᠮ ᠤᠨ ᠲᠤᠬᠠᠢ | ᠲᠤᠰ ᠭᠡᠰᠡᠭ ᠲᠤ ᠲᠤᠭᠳᠠᠭᠠᠭᠰᠠᠨ ᠪᠠᠶᠢᠪᠠᠯ᠂ ᠲᠤᠰ ᠭᠡᠰᠡᠭ ᠤᠨ ᠲᠤᠭᠳᠠᠭᠠᠯ ᠢ ᠬᠡᠷᠡᠭᠯᠡᠨ᠎ᠠ︔ ᠲᠤᠰ ᠭᠡᠰᠡᠭ ᠲᠤ | ᠲᠤᠭᠳᠠᠭᠠᠭᠰᠠᠨ ᠦᠬᠡᠢ ᠪᠠᠶᠢᠪᠠᠯ᠂ ᠲᠤᠰ ᠪᠦᠯᠦᠭ ᠤᠨ ᠬᠤᠯᠪᠤᠭᠳᠠᠯ ᠪᠦᠬᠦᠢ ᠪᠤᠰᠤᠳ ᠲᠤᠭᠳᠠᠭᠠᠯ ᠢ ᠭᠡᠷᠡᠭᠯᠡᠨ᠎ᠠ᠃ | ᠲᠠᠪᠢᠨ ᠬᠤᠶᠠᠳᠤᠭᠠᠷ ᠵᠦᠢᠯ ᠲᠦᠷᠦ ᠶᠢᠨ ᠶᠠᠪᠤᠳᠠᠯ ᠤᠨ ᠬᠤᠷᠢᠶᠠᠨ ᠤ ᠵᠠᠰᠠᠭ ᠵᠠᠬᠢᠷᠭᠠᠨ ᠤ | ᠵᠦᠪᠰᠢᠶᠡᠷᠡᠯ ᠢ ᠭᠡᠷᠡᠭᠵᠢᠬᠦᠯᠬᠦ ᠵᠢᠷᠤᠮ ᠳᠤ ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠤᠭᠳᠠᠭᠠᠯ ᠤᠨ ᠲᠤᠭᠳᠠᠭᠠᠯ ᠢ ᠭᠡᠷᠡᠭᠯᠡᠨ᠎ᠠ᠃ | ᠲᠠᠪᠢᠨ ᠭᠤᠷᠪᠠᠳᠤᠭᠠᠷ ᠵᠦᠢᠯ ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠬᠤᠶᠠᠳᠤᠭᠠᠷ | ᠵᠤᠷᠪᠤᠰ ᠲᠤ ᠵᠢᠭᠰᠠᠭᠠᠭᠰᠠᠨ ᠵᠦᠢᠯ ᠤᠳ ᠤᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠳᠤ᠂ ᠵᠠᠰᠠᠭ | ᠵᠠᠬᠢᠷᠭᠠᠨ ᠤ ᠪᠠᠶᠢᠭᠤᠯᠭ᠎ᠠ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠡᠷᠭᠡ ᠭᠤᠤᠯᠴᠢ | ᠦᠷᠢᠰᠦᠯᠳᠦᠬᠡᠨ ᠤ ᠠᠷᠭ᠎ᠠ ᠮᠠᠶ᠋ᠢᠭ ᠢᠶᠠᠷ ᠲᠠᠮᠵᠢᠭᠤᠯᠵᠤ ᠲᠤᠭᠳᠠᠭᠠᠯ ᠭᠠᠷᠭᠠᠬᠤ ᠭᠡᠷᠡᠭᠳᠡᠢ᠃ ᠭᠡᠪᠡᠴᠤ ᠬᠠᠤᠯᠢ | ᠴᠠᠭᠠᠵᠠ᠂ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ | ᠬᠦᠢᠴᠡᠳᠭᠡᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠡᠷᠭᠡ ᠠᠷᠭ᠎ᠠ | ᠮᠠᠶ᠋ᠢᠭ ᠢᠶᠠᠷ ᠲᠠᠮᠵᠢᠭᠤᠯᠵᠤ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠪᠤᠳᠠᠳᠠᠢ ᠵᠢᠷᠤᠮ ᠢ | ᠬᠤᠯᠪᠤᠭᠳᠠᠯ ᠪᠦᠬᠦᠢ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ | ᠬᠦᠢᠴᠡᠳᠭᠡᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠲᠠᠭᠠᠭᠠᠴᠢᠯᠠᠯᠳᠠ ᠵᠠᠷᠯᠠᠬᠤ᠂ ᠦᠨ᠎ᠠ ᠬᠠᠶᠠᠵᠤ ᠬᠤᠳᠠᠯᠳᠤᠬᠤ ᠵᠢᠷᠤᠮ | ᠶᠤᠰᠤᠭᠠᠷ ᠲᠠᠭᠠᠭᠠᠴᠢᠯᠠᠭᠴᠢ᠂ ᠬᠤᠳᠠᠯᠳᠤᠨ ᠠᠪᠤᠭᠴᠢ ᠶᠢ ᠲᠤᠭᠳᠠᠭᠠᠭᠰᠠᠨ ᠤ ᠲᠠᠷᠠᠭ᠎ᠠ᠂ ᠵᠠᠰᠠᠭ ᠵᠠᠬᠢᠷᠭᠠᠨ ᠤ | ᠵᠦᠪᠰᠢᠶᠡᠷᠡᠯ ᠦᠭᠬᠦ ᠲᠤᠭᠳᠠᠭᠠᠯ ᠭᠠᠷᠭᠠᠬᠤ ᠭᠡᠷᠡᠭᠳᠡᠢ ᠪᠦᠬᠡᠳ ᠲᠠᠭᠠᠭᠠᠴᠢᠯᠠᠭᠴᠢ᠂ ᠬᠤᠳᠠᠯᠳᠤᠨ ᠠᠪᠤᠭᠴᠢ ᠳᠤ | ᠬᠠᠤᠯᠢ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠤᠨ ᠦᠨᠡᠮᠯᠡᠯ ᠤᠯᠭᠤᠬᠤ ᠭᠡᠷᠡᠭᠳᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠵᠦᠢᠯ ᠤᠨ ᠲᠤᠭᠳᠠᠭᠠᠯ ᠢ ᠵᠦᠷᠢᠴᠡᠵᠤ᠂ ᠲᠠᠭᠠᠭᠠᠴᠢᠯᠠᠯᠳᠠ ᠵᠠᠷᠯᠠᠬᠤ᠂ | ᠦᠨ᠎ᠠ ᠬᠠᠶᠠᠵᠤ ᠬᠤᠳᠠᠯᠳᠤᠬᠤ ᠠᠷᠭ᠎ᠠ ᠮᠠᠶ᠋ᠢᠭ ᠢ ᠠᠪᠬᠤ ᠦᠬᠡᠢ ᠪᠤᠶᠤ ᠲᠠᠭᠠᠭᠠᠴᠢᠯᠠᠯᠳᠠ ᠵᠠᠷᠯᠠᠬᠤ᠂ ᠦᠨ᠎ᠠ | ᠬᠠᠶᠠᠵᠤ ᠬᠤᠳᠠᠯᠳᠤᠬᠤ ᠵᠢᠷᠤᠮ ᠢ ᠵᠦᠷᠢᠴᠡᠨ᠂ ᠭᠤᠶᠤᠴᠢᠯᠠᠭᠴᠢ ᠶᠢᠨ ᠬᠠᠤᠯᠢ ᠶᠤᠰᠤᠨ ᠤ ᠡᠷᠭᠡ ᠠᠰᠢᠭ ᠢ | ᠬᠤᠬᠢᠷᠠᠭᠤᠯᠤᠭᠰᠠᠨ ᠪᠠᠶᠢᠪᠠᠯ᠂ ᠭᠤᠶᠤᠴᠢᠯᠠᠭᠴᠢ ᠬᠠᠤᠯᠢ ᠶᠤᠰᠤᠭᠠᠷ ᠵᠠᠰᠠᠬ ᠵᠠᠬᠢᠷᠭᠠᠨ ᠢᠶᠠᠷ ᠲᠠᠪᠳᠠᠨ | ᠶᠡᠷᠢᠯᠴᠠᠭᠤᠯᠬᠤ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠭᠠᠯᠳᠤᠯᠭ᠎ᠠ ᠬᠢᠵᠤ ᠪᠤᠯᠤᠨ᠎ᠠ᠃ | ᠲᠠᠪᠢᠨ ᠲᠦᠷᠪᠡᠳᠦᠬᠡᠷ ᠵᠦᠢᠯ ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠭᠤᠷᠪᠠᠳᠤᠭᠠᠷ | ᠵᠤᠷᠪᠤᠰ ᠲᠤ ᠵᠢᠭᠰᠠᠭᠠᠭᠰᠠᠨ ᠵᠦᠢᠯ ᠤᠳ ᠤᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠵᠤ᠂ ᠠᠷᠠᠳ | ᠢᠷᠭᠡᠨ ᠳᠤ ᠲᠤᠰᠬᠠᠢ ᠬᠢᠷᠢ ᠭᠡᠮ ᠤᠯᠭᠤᠬᠤ ᠳᠤ ᠬᠠᠤᠯᠢ ᠶᠤᠰᠤᠭᠠᠷ ᠤᠯᠤᠰ ᠤᠨ ᠰᠢᠯᠭᠠᠯᠳᠠ ᠬᠢᠬᠦ ᠴᠢᠬᠤᠯᠠᠳᠠᠢ | ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠯᠳᠠ ᠶᠢᠨ ᠬᠢᠷᠢ ᠪᠦᠳᠦᠮᠵᠢ ᠪᠠ ᠬᠠᠤᠯᠢ ᠳᠤ ᠲᠤᠭᠳᠠᠭᠠᠭᠰᠠᠨ | ᠪᠤᠰᠤᠳ ᠨᠦᠬᠦᠴᠡᠯ ᠢ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠨ᠎ᠡ︔ ᠬᠠᠤᠯᠢ ᠶᠢᠨ | ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠳᠤ ᠲᠤᠰᠬᠠᠢ ᠬᠢᠷᠢ ᠬᠡᠮ᠂ ᠬᠢᠷᠢ ᠴᠢᠳᠠᠯ ᠤᠯᠭᠤᠬᠤ ᠳᠤ ᠵᠠᠰᠠᠭ | ᠵᠠᠬᠢᠷᠭᠠᠨ ᠤ ᠪᠠᠶᠢᠭᠤᠯᠭ᠎ᠠ ᠭᠤᠶᠤᠴᠢᠯᠠᠭᠴᠢ ᠶᠢᠨ ᠲᠤᠰᠬᠠᠢ ᠮᠡᠷᠬᠡᠵᠢᠯ ᠤᠨ ᠠᠵᠢᠯᠳᠠᠨ ᠤ ᠪᠦᠷᠢᠯᠳᠦᠴᠡ᠂ | ᠮᠡᠷᠭᠡᠵᠢᠯ ᠤᠨ ᠨᠦᠬᠦᠴᠡᠯ᠂ ᠡᠵᠡᠩᠨᠡᠯᠳᠡ ᠶᠢᠨ ᠠᠮᠵᠢᠯᠳᠠ ᠪᠦᠲᠦᠮᠵᠢ ᠪᠠ ᠬᠠᠮᠢᠶᠠᠷᠤᠯᠳᠠ ᠶᠢᠨ ᠬᠢᠷᠢ ᠬᠡᠮᠵᠢᠶ᠎ᠠ | ᠵᠡᠷᠭᠡ ᠶᠢ ᠬᠢᠨᠠᠨ ᠰᠢᠯᠭᠠᠭᠰᠠᠨ ᠦᠷ᠎ᠠ ᠳ᠋ᠦᠩ ᠢ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ | ᠭᠠᠷᠭᠠᠨ᠎ᠡ᠃ ᠭᠡᠪᠡᠴᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ | ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃ | ᠠᠷᠠᠳ ᠢᠷᠭᠡᠨ ᠤ ᠲᠤᠰᠬᠠᠢ ᠬᠢᠷᠢ ᠬᠡᠮ ᠤᠨ ᠰᠢᠯᠭᠠᠯᠳᠠ ᠶᠢ ᠬᠠᠤᠯᠢ ᠶᠤᠰᠤᠭᠠᠷ ᠵᠠᠰᠠᠭ ᠵᠠᠬᠢᠷᠭᠠᠨ ᠤ | ᠪᠠᠶᠢᠭᠤᠯᠭ᠎ᠠ ᠪᠤᠶᠤ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠠᠴᠠ ᠭᠡᠷᠡᠭᠵᠢᠬᠦᠯᠬᠦ ᠪᠦᠬᠡᠳ ᠢᠯᠡ ᠪᠠᠷ | ᠶᠠᠪᠤᠭᠤᠯᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠠᠵᠢᠯ ᠲᠦᠷᠦᠯ ᠤᠨ ᠵᠤᠬᠢᠶᠠᠨ ᠪᠠᠶᠢᠭᠤᠯᠤᠯᠳᠠ ᠬᠢᠷᠢ | ᠬᠡᠮ ᠤᠨ ᠰᠢᠯᠭᠠᠯᠳᠠ ᠶᠢᠨ ᠨᠡᠷ᠎ᠠ ᠮᠡᠳᠡᠬᠦᠯᠬᠦ ᠨᠦᠬᠦᠴᠡᠯ᠂ ᠨᠡᠷ᠎ᠠ ᠮᠡᠳᠡᠬᠦᠯᠬᠦ ᠠᠷᠭ᠎ᠠ᠂ ᠰᠢᠯᠭᠠᠯᠳᠠ ᠶᠢᠨ ᠬᠢᠴᠢᠶᠡᠯ | ᠲᠦᠷᠦᠯ ᠵᠢᠴᠢ ᠰᠢᠯᠭᠠᠯᠳᠠ ᠶᠢᠨ ᠬᠦᠳᠦᠯᠪᠤᠷᠢ ᠶᠢ ᠤᠷᠢᠳᠴᠢᠯᠠᠨ ᠨᠡᠶᠢᠳᠡᠯᠡᠬᠦ ᠬᠡᠷᠡᠭᠳᠡᠢ᠃ ᠭᠡᠪᠡᠴᠤ ᠬᠢᠷᠢ ᠬᠡᠮ ᠤᠨ | ᠰᠢᠯᠭᠠᠯᠳᠠ ᠶᠢᠨ ᠰᠢᠯᠭᠠᠯᠳᠠ ᠠᠴᠠ ᠡᠮᠦᠨᠡᠬᠢ ᠠᠯᠪᠠᠳᠠᠯᠭ᠎ᠠ ᠶᠢᠨ ᠴᠢᠨᠠᠷᠳᠠᠢ ᠪᠤᠯᠪᠠᠰᠤᠷᠠᠭᠤᠯᠤᠯ ᠢ ᠵᠤᠬᠢᠶᠠᠨ | ᠪᠠᠶᠢᠭᠤᠯᠵᠤ ᠪᠤᠯᠬᠤ ᠦᠬᠡᠢ᠂ ᠵᠢᠭᠠᠬᠤ ᠮᠠᠲ᠋ᠧᠷᠢᠶᠠᠯ ᠪᠤᠶᠤ ᠰᠢᠯᠭᠠᠯᠳᠠ ᠶᠢᠨ ᠲᠤᠰᠠᠯᠠᠮᠵᠢ ᠶᠢᠨ ᠪᠤᠰᠤᠳ ᠮᠠᠲ᠋ᠧᠷᠢᠶᠠᠯ ᠢ | ᠵᠢᠭᠠᠨ ᠲᠤᠭᠳᠠᠭᠠᠵᠤ ᠪᠤᠯᠬᠤ ᠦᠬᠡᠢ᠃ | ᠲᠠᠪᠢᠨ ᠲᠠᠪᠤᠳᠤᠭᠠᠷ ᠵᠦᠢᠯ ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠲᠦᠷᠪᠡᠳᠦᠭᠡᠷ | ᠵᠤᠷᠪᠤᠰ ᠲᠤ ᠵᠢᠭᠰᠠᠭᠠᠭᠰᠠᠨ ᠵᠦᠢᠯ ᠤᠳ ᠤᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠤ ᠮᠡᠷᠭᠡᠵᠢᠯ ᠤᠨ | ᠪᠠᠷᠢᠮᠵᠢᠶ᠎ᠠ᠂ ᠮᠡᠷᠭᠡᠵᠢᠯ ᠤᠨ ᠲᠦᠷᠢᠮᠵᠢᠯ ᠢ ᠦᠨᠳᠦᠰᠦᠯᠡᠵᠤ ᠬᠠᠤᠯᠢ ᠶᠤᠰᠤᠭᠠᠷ ᠰᠢᠯᠭᠠᠨ ᠪᠠᠶᠢᠴᠠᠭᠠᠯᠳᠠ᠂ ᠪᠠᠶᠢᠴᠠᠭᠠᠨ | ᠬᠡᠮᠵᠢᠯᠲᠡ᠂ ᠬᠢᠵᠢᠭ ᠤᠨ ᠪᠠᠶᠢᠴᠠᠭᠠᠯᠳᠠ ᠬᠢᠬᠦ ᠬᠡᠷᠡᠭᠳᠡᠢ᠂ ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠨ ᠪᠠᠶᠢᠴᠠᠭᠠᠵᠤ᠂ | ᠪᠠᠶᠢᠴᠠᠭᠠᠨ ᠭᠡᠮᠵᠢᠵᠦ᠂ ᠬᠢᠵᠢᠭ ᠪᠠᠶᠢᠴᠠᠭᠠᠭᠰᠠᠨ ᠦᠷ᠎ᠠ ᠳ᠋ᠦᠩ ᠢ ᠦᠨᠳᠦᠰᠦᠯᠡᠨ ᠵᠠᠰᠠᠭ ᠵᠠᠬᠢᠷᠭᠠᠨ ᠤ ᠲᠤᠭᠳᠠᠭᠠᠯ | ᠭᠠᠷᠭᠠᠬᠤ ᠭᠡᠷᠡᠭᠳᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠨ ᠪᠠᠶᠢᠴᠠᠭᠠᠯᠳᠠ᠂ ᠪᠠᠶᠢᠴᠠᠭᠠᠨ ᠬᠡᠮᠵᠢᠯᠳᠡ᠂ ᠬᠢᠵᠢᠭ ᠤᠨ | ᠪᠠᠶᠢᠴᠠᠭᠠᠯᠳᠠ ᠬᠢᠬᠦ ᠳᠡᠭᠡᠨ᠂ ᠭᠤᠶᠤᠴᠢᠯᠠᠯ ᠢ ᠰᠢᠢᠳᠪᠦᠷᠢᠯᠡᠬᠦ ᠪᠠᠷ ᠬᠦᠯᠢᠶᠡᠨ ᠠᠪᠤᠭᠰᠠᠨ ᠡᠳᠦᠷ ᠠᠴᠠ ᠡᠬᠢᠯᠡᠨ | ᠲᠠᠪᠤᠨ ᠡᠳᠦᠷ ᠤᠨ ᠲᠤᠳᠤᠷ᠎ᠠ ᠬᠤᠶᠠᠷ ᠠᠴᠠ ᠲᠡᠭᠡᠭᠰᠢ ᠠᠵᠢᠯᠳᠠᠨ ᠢ ᠲᠤᠮᠢᠯᠠᠵᠤ ᠮᠡᠷᠭᠡᠵᠢᠯ ᠤᠨ ᠪᠠᠷᠢᠮᠵᠢᠶ᠎ᠠ᠂ | ᠮᠡᠷᠭᠡᠵᠢᠯ ᠤᠨ ᠲᠦᠷᠢᠮᠵᠢᠯ ᠶᠤᠰᠤᠭᠠᠷ ᠰᠢᠯᠭᠠᠨ ᠪᠠᠶᠢᠴᠠᠭᠠᠯᠳᠠ᠂ ᠪᠠᠶᠢᠴᠠᠭᠠᠠ ᠬᠡᠮᠵᠢᠯᠲᠡ᠂ ᠬᠢᠵᠢᠭ ᠤᠨ | ᠪᠠᠶᠢᠴᠠᠭᠠᠯᠳᠠ ᠬᠢᠬᠦ ᠬᠡᠷᠡᠭᠳᠡᠢ᠃ ᠰᠢᠯᠭᠠᠨ ᠪᠠᠶᠢᠴᠠᠭᠠᠵᠤ᠂ ᠪᠠᠶᠢᠴᠠᠭᠠᠨ ᠬᠡᠮᠵᠢᠵᠦ᠂ ᠬᠢᠵᠢᠭ ᠪᠠᠶᠢᠴᠠᠭᠠᠭᠰᠠᠨ ᠦᠷ᠎ᠠ | ᠳ᠋ᠦᠩ ᠳᠤ ᠤᠯᠠᠮ ᠨᠢᠬᠡ ᠠᠯᠬᠤᠮ ᠮᠡᠷᠭᠡᠵᠢᠯ ᠤᠨ ᠵᠠᠳᠠᠯᠤᠯᠳᠠ ᠬᠢᠬᠦ ᠦᠬᠡᠢ ᠪᠠᠷ ᠲᠤᠨᠤᠭ ᠲᠦᠬᠦᠬᠡᠷᠦᠮᠵᠢ᠂ | ᠪᠡᠯᠡᠳᠭᠡᠮᠵᠢ᠂ ᠦᠢᠯᠡᠳᠬᠦᠨ᠂ ᠡᠳ᠋ ᠪᠤᠳᠠᠰ ᠤᠨ ᠮᠡᠷᠭᠡᠵᠢᠯ ᠤᠨ ᠪᠡᠷᠢᠮᠵᠢᠶ᠎ᠠ᠂ ᠮᠡᠷᠭᠡᠵᠢᠯ ᠤᠨ ᠲᠦᠷᠢᠮᠵᠢᠯ ᠳᠤ | ᠨᠡᠶᠢᠴᠡᠬᠦ ᠡᠰᠡᠬᠦ ᠶᠢ ᠮᠠᠭᠠᠳᠯᠠᠵᠤ ᠴᠢᠳᠠᠬᠤ ᠳᠤ ᠬᠦᠷᠪᠡᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠢ ᠶᠢᠨ | ᠭᠠᠵᠠᠷ ᠲᠤᠨᠢ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠭᠡᠷᠡᠭᠳᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠰᠢᠯᠭᠠᠨ ᠪᠠᠶᠢᠴᠠᠭᠠᠯᠳᠠ᠂ ᠪᠠᠶᠢᠴᠠᠭᠠᠨ ᠬᠡᠮᠵᠢᠯᠳᠠ᠂ ᠬᠢᠵᠢᠭ ᠤᠨ | ᠪᠠᠶᠢᠴᠠᠭᠠᠯᠳᠠ ᠶᠢᠨ ᠦᠷ᠎ᠠ ᠳ᠋ᠦᠩ ᠢ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠦᠯᠦ ᠦᠭᠬᠦ ᠲᠤᠭᠳᠠᠭᠠᠯ | ᠭᠠᠷᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠵᠦᠪᠰᠢᠶᠡᠷᠡᠯ ᠦᠯᠦ ᠦᠭᠬᠦ ᠳᠤ ᠦᠨᠳᠦᠰᠦᠯᠡᠭᠰᠡᠨ ᠮᠡᠷᠭᠡᠵᠢᠯ ᠤᠨ | ᠪᠡᠷᠢᠮᠵᠢᠶ᠎ᠠ᠂ ᠮᠡᠷᠭᠡᠵᠢᠯ ᠤᠨ ᠲᠦᠷᠢᠮᠵᠢᠯ ᠢ ᠪᠢᠴᠢᠭ ᠢᠶᠠᠷ ᠲᠤᠳᠤᠷᠬᠠᠶᠢᠯᠠᠬᠤ ᠭᠡᠷᠡᠭᠳᠡᠢ᠃ | ᠲᠠᠪᠢᠨ ᠵᠢᠷᠭᠤᠳᠤᠭᠠᠷ ᠵᠦᠢᠯ ᠲᠤᠰ ᠬᠠᠤᠯᠢ ᠶᠢᠨ ᠠᠷᠪᠠᠨ ᠬᠤᠶᠠᠳᠤᠭᠠᠷ ᠵᠦᠢᠯ ᠤᠨ ᠲᠠᠪᠤᠳᠤᠭᠠᠷ | ᠵᠤᠷᠪᠤᠰ ᠲᠤ ᠵᠢᠭᠰᠠᠭᠠᠭᠰᠠᠨ ᠵᠦᠢᠯ ᠤᠳ ᠤᠨ ᠵᠠᠰᠠᠭ ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠤ᠂ | ᠭᠤᠶᠤᠴᠢᠯᠠᠭᠴᠢ ᠶᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠨᠢ ᠪᠦᠷᠢᠨ ᠬᠦᠢᠴᠡᠳ᠂ | ᠬᠠᠤᠯᠢ ᠳᠤ ᠲᠤᠭᠳᠠᠭᠠᠭᠰᠠᠨ ᠭᠡᠯᠪᠡᠷᠢ ᠳᠤ ᠨᠡᠶᠢᠴᠡᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠬᠠᠢ ᠶᠢᠨ | ᠭᠠᠵᠠᠷ ᠲᠤᠨᠢ ᠲᠠᠩᠰᠠᠯᠠᠵᠤ ᠦᠭᠬᠦ ᠭᠡᠷᠡᠭᠳᠡᠢ᠃ ᠭᠤᠶᠤᠴᠢᠯᠠᠬᠤ ᠮᠠᠲ᠋ᠧᠷᠢᠶᠠᠯ ᠤᠨ ᠮᠦᠨ ᠴᠢᠨᠡᠷ ᠤᠨ ᠠᠭᠤᠯᠭ᠎ᠠ ᠶᠢ | ᠬᠢᠨᠠᠨ ᠮᠠᠭᠠᠳᠯᠠᠬᠤ ᠴᠢᠬᠤᠯᠠᠳᠠᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠲᠤᠰ ᠬᠠᠤᠯᠢ ᠶᠢᠨ ᠭᠤᠴᠢᠨ | ᠲᠦᠷᠪᠡᠳᠦᠬᠡᠷ ᠵᠦᠢᠯ ᠤᠨ ᠭᠤᠷᠪᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠰᠢᠢᠳᠪᠤᠷᠢᠯᠡᠨ᠎ᠠ᠃ | ᠲᠠᠪᠢᠨ ᠲᠤᠯᠤᠳᠤᠭᠠᠷ ᠵᠦᠢᠯ ᠲᠤᠭ᠎ᠠ ᠭᠡᠮᠵᠢᠶᠠᠨ ᠤ ᠬᠢᠵᠠᠭᠠᠷᠯᠠᠯ ᠲᠠᠢ ᠵᠠᠰᠠᠭ ᠵᠠᠬᠢᠷᠭᠠᠨ ᠤ | ᠵᠦᠪᠰᠢᠶᠡᠷᠡᠯ ᠳᠤ᠂ ᠬᠤᠶᠠᠷ ᠪᠤᠶᠤ ᠬᠤᠶᠠᠷ ᠠᠴᠠ ᠲᠡᠭᠡᠭᠰᠢ ᠲᠤᠭᠠᠨ ᠤ ᠭᠤᠶᠤᠴᠢᠯᠠᠭᠴᠢ ᠶᠢᠨ ᠭᠤᠶᠤᠴᠢᠯᠠᠯ ᠨᠢ ᠪᠦᠷ | ᠬᠠᠤᠯᠢ ᠳᠤ ᠲᠤᠭᠳᠠᠭᠠᠭᠰᠠᠨ ᠨᠦᠬᠦᠴᠡᠯ᠂ ᠪᠠᠷᠢᠮᠵᠢᠶ᠎ᠠ ᠳᠤ ᠨᠡᠶᠢᠴᠡᠵᠤ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ | ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠰᠢᠢᠳᠪᠤᠷᠢᠯᠡᠬᠦ ᠪᠠᠷ ᠬᠦᠯᠢᠶᠡᠨ ᠠᠪᠤᠭᠰᠠᠨ ᠡᠮᠦᠨ᠎ᠠ | ᠬᠤᠶᠢᠨ᠎ᠠ ᠲᠡᠰ ᠲᠠᠷᠠᠭ᠎ᠠ ᠶᠢ ᠦᠨᠳᠦᠰᠦᠯᠡᠵᠦ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠭᠡᠷᠡᠭᠳᠡᠢ᠃ | ᠭᠡᠪᠡᠴᠦ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ | ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃ | | ᠲᠠᠪᠤᠳᠤᠭᠠᠷ ᠪᠦᠯᠦᠭ ᠵᠠᠰᠠᠭ ᠵᠠᠬᠢᠷᠭᠠᠨ ᠤ ᠵᠦᠪᠰᠢᠶᠡᠷᠡᠯ ᠤᠨ ᠰᠦᠢᠳᠭᠡᠯ | | ᠲᠠᠪᠢᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ | ᠭᠡᠷᠡᠭᠵᠢᠬᠦᠯᠬᠦ ᠪᠠ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠲᠤ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ | ᠶᠠᠮᠠᠷᠴᠤ ᠰᠦᠢᠳᠭᠡᠯ ᠬᠤᠷᠢᠶᠠᠵᠤ ᠪᠤᠯᠬᠤ ᠦᠬᠡᠢ᠃ ᠭᠡᠪᠡᠴᠤ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ | ᠲᠤᠭᠳᠠᠭᠠᠯ ᠳᠤ ᠠᠰᠳᠠᠭᠠᠨ ᠲᠤᠭᠳᠠᠭᠠᠯ ᠲᠠᠢ ᠪᠠᠶᠢᠪᠠᠯ᠂ ᠲᠡᠷᠡ ᠲᠤᠭᠳᠠᠭᠠᠯ ᠶᠤᠰᠤᠭᠠᠷ ᠬᠦᠢᠴᠡᠳᠭᠡᠨ᠎ᠠ᠃ | ᠵᠠᠰᠠᠭ ᠵᠠᠬᠢᠷᠭᠠᠨ ᠤ ᠪᠠᠶᠢᠭᠤᠯᠭ᠎ᠠ ᠭᠤᠶᠤᠴᠢᠯᠠᠬᠤ ᠪᠢᠴᠢᠭ ᠤᠨ ᠬᠡᠯᠪᠡᠷᠢᠵᠢᠭᠰᠡᠨ ᠪᠢᠴᠢᠭ ᠮᠠᠲ᠋ᠧᠷᠢᠶᠠᠯ | ᠬᠠᠨᠭ᠍ᠭᠠᠬᠤ ᠳᠠᠭᠠᠨ ᠰᠦᠢᠳᠭᠡᠯ ᠬᠤᠷᠢᠶᠠᠵᠤ ᠪᠤᠯᠬᠤ ᠦᠬᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠭᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠳᠤ ᠬᠡᠷᠡᠭᠰᠡᠬᠦ | ᠵᠠᠷᠤᠳᠠᠯ ᠢ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠲᠦᠰᠦᠪ ᠲᠤ ᠵᠢᠭᠰᠠᠭᠠᠨ ᠤᠷᠤᠭᠤᠯᠵᠤ᠂ ᠲᠤᠰ ᠱᠠᠳᠤᠨ ᠤ | ᠡᠳ᠋ ᠤᠨ ᠵᠠᠰᠠᠭ ᠠᠴᠠ ᠪᠠᠳᠤᠯᠠᠵᠤ᠂ ᠵᠦᠪᠰᠢᠶᠡᠷᠡᠭᠰᠡᠨ ᠲᠦᠰᠦᠪ ᠶᠤᠰᠤᠭᠠᠷ ᠬᠢᠨᠠᠨ ᠤᠯᠭᠤᠬᠤ ᠭᠡᠷᠡᠭᠳᠡᠢ᠃ | ᠲᠠᠪᠢ ᠶᠢᠰᠦᠳᠦᠬᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ | ᠭᠡᠷᠡᠭᠵᠢᠬᠦᠯᠬᠦ ᠳᠡᠭᠡᠨ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠶᠤᠰᠤᠭᠠᠷ ᠰᠦᠢᠳᠭᠡᠯ | ᠬᠤᠷᠢᠶᠠᠪᠠᠯ᠂ ᠨᠡᠶᠢᠳᠡᠯᠡᠭᠰᠡᠨ ᠬᠠᠤᠯᠢ ᠳᠤ ᠲᠤᠭᠳᠠᠭᠠᠭᠰᠠᠨ ᠵᠦᠢᠯ ᠪᠠ ᠪᠡᠷᠢᠮᠵᠢᠶ᠎ᠠ ᠶᠤᠰᠤᠭᠠᠷ ᠰᠦᠢᠳᠭᠡᠯ ᠬᠤᠷᠢᠶᠠᠬᠤ | ᠭᠡᠷᠡᠭᠳᠡᠢ︔ ᠬᠤᠷᠢᠶᠠᠭᠰᠠᠨ ᠰᠦᠢᠳᠭᠡᠯ ᠢᠶᠠᠨ ᠡᠷᠭᠡᠪᠰᠢ ᠪᠦᠬᠦᠳᠡ ᠶᠢ ᠤᠯᠤᠰ ᠤᠨ ᠰᠠᠩ ᠳᠤ ᠲᠤᠰᠢᠶᠠᠬᠤ ᠭᠡᠷᠡᠭᠳᠡᠢ᠂ | ᠶᠠᠮᠠᠷᠪᠠ ᠪᠠᠶᠢᠭᠤᠯᠭ᠎ᠠ ᠪᠤᠶᠤ ᠬᠤᠪᠢ ᠬᠦᠮᠦᠨ ᠶᠠᠮᠠᠷᠪᠠ ᠭᠡᠯᠪᠡᠷᠢ ᠪᠠᠷ ᠦᠯᠡᠳᠡᠭᠡᠨ ᠠᠪᠴᠤ᠂ ᠨᠡᠬᠦᠯᠬᠡᠨ ᠬᠡᠷᠡᠭᠯᠡᠵᠤ᠂ | ᠬᠤᠪᠢᠳᠠᠨ ᠬᠤᠪᠢᠶᠠᠬᠤ ᠪᠤᠶᠤ ᠭᠡᠯᠪᠡᠷᠢ ᠶᠢ ᠨᠢ ᠦᠬᠡᠷᠡᠳᠡᠬᠦᠯᠤᠨ ᠬᠤᠪᠢᠳᠠᠨ ᠬᠤᠪᠢᠶᠠᠵᠤ ᠪᠤᠯᠬᠤ ᠦᠬᠡᠢ᠃ ᠵᠠᠰᠠᠭ | ᠵᠠᠬᠢᠷᠭᠠᠨ ᠤ ᠵᠦᠪᠰᠢᠶᠡᠷᠡᠯ ᠢ ᠬᠡᠷᠡᠭᠵᠢᠬᠦᠯᠬᠦ ᠳᠤ ᠬᠤᠷᠢᠶᠠᠨ ᠠᠪᠤᠭᠰᠠᠨ ᠰᠦᠢᠳᠭᠡᠯ ᠢ ᠡᠳ᠋ ᠤᠨ ᠵᠠᠰᠠᠭ ᠤᠨ ᠰᠠᠯᠠᠭ᠎ᠠ | ᠮᠦᠴᠢᠷ ᠶᠠᠮᠠᠷᠪᠠ ᠭᠡᠯᠪᠡᠷᠢ ᠪᠠᠷ ᠵᠠᠰᠠᠭ ᠵᠠᠬᠢᠷᠭᠠᠨ ᠤ ᠪᠠᠶᠢᠭᠤᠯᠭ᠎ᠠ ᠳᠤ ᠪᠤᠴᠠᠭᠠᠵᠦ ᠦᠭᠬᠦ ᠪᠤᠶᠤ ᠭᠡᠯᠪᠡᠷᠢ ᠶᠢ ᠨᠢ | ᠦᠬᠡᠷᠡᠳᠡᠬᠦᠯᠦᠨ ᠪᠤᠴᠠᠭᠠᠨ ᠦᠭᠴᠤ ᠪᠤᠯᠬᠤ ᠦᠬᠡᠢ᠃ | ᠵᠢᠷᠭᠤᠳᠤᠭᠠᠷ ᠪᠦᠯᠦᠭ ᠬᠢᠨᠠᠯᠳᠠ ᠪᠠᠶᠢᠴᠠᠭᠠᠯᠳᠠ | ᠵᠢᠷᠠᠳᠤᠭᠠᠷ ᠵᠦᠢᠯ ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠲᠤᠤᠷᠠᠳᠤ ᠱᠠᠳᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠳᠤ ᠬᠢᠨᠠᠯᠳᠠ ᠲᠠᠯᠪᠢᠵᠤ | ᠪᠠᠶᠢᠴᠠᠭᠠᠬᠤ ᠠᠵᠢᠯ ᠢᠶᠠᠨ ᠴᠢᠩᠭᠠᠳᠬᠠᠵᠤ᠂ ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠶᠢᠨ ᠲᠤᠮᠳᠠᠬᠢ | ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠴᠠᠭ ᠲᠤᠬᠠᠢ ᠳᠤᠨᠢ ᠵᠠᠯᠠᠷᠠᠭᠤᠯᠬᠤ ᠭᠡᠷᠡᠭᠳᠡᠢ᠃ | ᠵᠢᠷᠠᠨ ᠨᠢᠬᠡᠳᠦᠬᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠯᠳᠠ ᠲᠠᠯᠪᠢᠬᠤ ᠲᠦᠷᠢᠮ ᠢ ᠪᠠᠶᠢᠭᠤᠯᠤᠨ | ᠲᠡᠬᠦᠯᠳᠡᠷᠵᠢᠬᠦᠯᠵᠤ᠂ ᠵᠦᠪᠰᠢᠶᠡᠷᠡᠭᠳᠡᠭᠴᠢ ᠶᠢᠨ ᠵᠠᠰᠠᠭ ᠵᠠᠬᠢᠷᠭᠠᠨ ᠤ ᠵᠦᠪᠰᠢᠶᠡᠷᠡᠯ ᠠᠪᠤᠭᠰᠠᠨ ᠵᠦᠢᠯ ᠤᠳ ᠤᠨ | ᠠᠵᠢᠯᠯᠠᠭ᠎ᠠ ᠬᠢᠵᠦ ᠪᠠᠶᠢᠭ᠎ᠠ ᠪᠠᠶᠢᠳᠠᠯ ᠢ ᠲᠤᠰᠬᠠᠬᠰᠠᠨ ᠬᠤᠯᠪᠤᠭᠳᠠᠯ ᠪᠦᠬᠦᠢ ᠮᠠᠲ᠋ᠧᠷᠢᠶᠠᠯ ᠢ ᠬᠠᠷᠭᠤᠭᠤᠯᠤᠨ | ᠪᠠᠶᠢᠴᠠᠭᠠᠬᠤ ᠪᠠᠷ ᠲᠠᠮᠵᠢᠭᠤᠯᠤᠨ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠬᠦᠢᠴᠡᠳᠭᠡᠬᠦ ᠭᠡᠷᠡᠭᠳᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠵᠦᠪᠰᠢᠶᠡᠷᠡᠭᠳᠡᠭᠴᠢ ᠶᠢᠨ ᠵᠠᠰᠠᠬ ᠵᠠᠬᠢᠷᠭᠠᠨ ᠤ ᠵᠦᠪᠰᠢᠶᠡᠷᠡᠯ ᠠᠪᠤᠭᠰᠠᠨ | ᠵᠦᠢᠯ ᠤᠳ ᠤᠨ ᠠᠵᠢᠯᠯᠠᠭ᠎ᠠ ᠬᠢᠬᠦ ᠳᠤ ᠬᠠᠤᠯᠢ ᠶᠤᠰᠤᠭᠠᠷ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ᠂ ᠬᠢᠨᠠᠯᠳᠠ | ᠲᠠᠯᠪᠢᠵᠤ ᠪᠠᠶᠢᠴᠠᠭᠠᠭᠰᠠᠨ ᠪᠠᠶᠢᠳᠠᠯ ᠪᠠ ᠰᠢᠢᠳᠪᠤᠷᠢᠯᠡᠭᠰᠡᠨ ᠦᠷ᠎ᠠ ᠳ᠋ᠦᠩ ᠢᠶᠠᠨ ᠲᠡᠮᠳᠡᠭᠯᠡᠵᠤ᠂ ᠬᠢᠨᠠᠯᠳᠠ ᠲᠠᠯᠪᠢᠵᠤ | ᠪᠠᠶᠢᠴᠠᠭᠠᠭᠰᠠᠨ ᠬᠦᠮᠦᠨ ᠭᠠᠷ ᠤᠨ ᠦᠰᠦᠭ ᠵᠢᠷᠤᠭᠰᠠᠨ ᠤ ᠲᠠᠷᠠᠭ᠎ᠠ ᠲᠠᠩᠰᠠ ᠡᠪᠭᠡᠮᠡᠯ ᠳᠤ ᠤᠷᠤᠭᠤᠯᠬᠤ ᠭᠡᠷᠡᠭᠳᠡᠢ᠃ | ᠤᠯᠠᠨ ᠨᠡᠶᠢᠳᠡ ᠪᠠᠷ ᠢᠶᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠨᠠᠯᠳᠠ ᠲᠠᠯᠪᠢᠵᠤ ᠪᠠᠶᠢᠴᠠᠭᠠᠭᠰᠠᠨ ᠲᠡᠮᠳᠡᠭᠯᠡᠯ ᠢ | ᠪᠠᠶᠢᠴᠠᠭᠠᠵᠤ ᠦᠵᠡᠬᠦ ᠡᠷᠭᠡ ᠲᠠᠢ᠃ | ᠵᠠᠰᠠᠭ ᠵᠠᠬᠢᠷᠭᠠᠨ ᠤ ᠪᠠᠶᠢᠭᠤᠯᠭ᠎ᠠ ᠨᠦᠬᠦᠴᠡᠯ ᠪᠦᠷᠢᠯᠳᠦᠬᠦᠯᠵᠤ ᠪᠠᠶᠢᠭᠠᠳ ᠵᠦᠪᠰᠢᠶᠡᠷᠡᠭᠳᠡᠭᠴᠢ᠂ ᠪᠤᠰᠤᠳ | ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠺᠤᠮᠫᠢᠦ᠋ᠲ᠋ᠧᠷ ᠤᠨ ᠲᠠᠩᠰᠠ ᠡᠪᠭᠡᠮᠡᠯ ᠤᠨ | ᠰᠢᠰᠲ᠋ᠧᠮ ᠯᠦᠭᠡ ᠰᠦᠯᠵᠢᠶ᠎ᠠ ᠪᠠᠶᠢᠭᠤᠯᠵᠤ᠂ ᠵᠦᠪᠰᠢᠶᠡᠷᠡᠭᠳᠡᠭᠴᠢ ᠶᠢᠨ ᠵᠠᠰᠠᠭ ᠵᠠᠬᠢᠷᠭᠠᠨ ᠤ ᠵᠦᠪᠰᠢᠶᠡᠷᠡᠯ ᠠᠪᠤᠭᠰᠠᠨ | ᠵᠦᠢᠯ ᠤᠳ ᠤᠨ ᠠᠵᠢᠯᠯᠠᠭ᠎ᠠ ᠬᠢᠵᠤ ᠪᠠᠶᠢᠭ᠎ᠠ ᠪᠠᠶᠢᠳᠠᠯ ᠢ ᠬᠠᠷᠭᠤᠭᠤᠯᠤᠨ ᠪᠠᠶᠢᠴᠠᠭᠠᠬᠤ ᠭᠡᠷᠡᠭᠳᠡᠢ᠃ | ᠵᠢᠷᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠦᠪᠰᠢᠶᠡᠷᠡᠭᠳᠡᠭᠴᠢ ᠶᠢᠨ | ᠦᠢᠯᠡᠳᠪᠤᠷᠢᠯᠡᠨ ᠡᠵᠡᠩᠨᠡᠵᠤ ᠪᠠᠶᠢᠭ᠎ᠠ ᠦᠢᠯᠡᠳᠬᠦᠨ ᠢ ᠬᠠᠤᠯᠢ ᠶᠤᠰᠤᠭᠠᠷ ᠦᠯᠢᠬᠡᠷ ᠠᠪᠴᠤ ᠪᠠᠶᠢᠴᠠᠭᠠᠨ᠂ ᠰᠢᠯᠭᠠᠨ | ᠪᠠᠶᠢᠴᠠᠭᠠᠵᠤ᠂ ᠪᠠᠶᠢᠴᠠᠭᠠᠨ ᠬᠡᠮᠵᠢᠵᠤ᠂ ᠦᠢᠯᠡᠳᠪᠤᠷᠢᠯᠡᠯ ᠡᠵᠡᠩᠨᠡᠯᠳᠡ ᠶᠢᠨ ᠲᠠᠯᠠᠪᠤᠷ ᠲᠤᠨᠢ ᠬᠠᠤᠯᠢ ᠶᠤᠰᠤᠭᠠᠷ | ᠪᠤᠳᠠᠳᠤ ᠭᠠᠵᠠᠷ ᠤᠨ ᠪᠠᠶᠢᠴᠠᠭᠠᠯᠳᠠ ᠬᠢᠵᠤ ᠪᠤᠯᠤᠨ᠎ᠠ᠃ ᠪᠠᠶᠢᠴᠠᠭᠠᠬᠤ ᠳᠠᠭᠠᠨ ᠵᠠᠰᠠᠭ ᠵᠠᠬᠢᠷᠭᠠᠨ ᠤ ᠪᠠᠶᠢᠭᠤᠯᠭ᠎ᠠ | ᠬᠠᠤᠯᠢ ᠶᠤᠰᠤᠭᠠᠷ ᠬᠤᠯᠪᠤᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠤᠡᠭᠰᠢᠬᠤ ᠪᠤᠶᠤ ᠵᠦᠪᠰᠢᠶᠡᠷᠡᠭᠳᠡᠭᠴᠢ ᠪᠠᠷ | ᠮᠡᠳᠡᠬᠦᠯᠦᠨ ᠬᠦᠷᠭᠡᠬᠦᠯᠬᠦ ᠪᠠᠷ ᠱᠠᠭᠠᠷᠳᠠᠵᠤ ᠪᠤᠯᠤᠨ᠎ᠠ︔ ᠵᠦᠪᠰᠢᠶᠡᠷᠡᠭᠳᠡᠭᠴᠢ ᠬᠤᠯᠪᠤᠭᠳᠠᠯ ᠪᠦᠬᠦᠢ ᠪᠠᠶᠢᠳᠠᠯ ᠪᠠ | ᠮᠠᠲ᠋ᠧᠷᠢᠶᠠᠯ ᠢ ᠦᠨᠡᠨ ᠮᠦᠨ ᠢᠶᠠᠷ ᠬᠠᠨᠭ᠍ᠭᠠᠬᠤ ᠭᠡᠷᠡᠭᠳᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ | ᠲᠤᠭᠳᠠᠭᠠᠯ ᠢ ᠦᠨᠳᠦᠰᠦᠯᠡᠨ᠂ᠤᠯᠠᠨ ᠨᠡᠶᠢᠳᠡ ᠶᠢᠨ ᠠᠮᠤᠷ ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ ᠮᠡᠨᠳᠦ᠂ | ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ | ᠪᠡᠯᠡᠳᠭᠡᠮᠵᠢ ᠶᠢ ᠲᠤᠭᠳᠠᠮᠠᠯ ᠬᠤᠭᠤᠴᠠᠭ᠎ᠠ ᠲᠠᠢ ᠪᠠᠷ ᠰᠢᠯᠭᠠᠨ ᠪᠠᠶᠢᠴᠠᠭᠠᠨ᠎ᠠ᠃ ᠰᠢᠯᠭᠠᠨ ᠪᠠᠶᠢᠴᠠᠭᠠᠭᠠᠳ ᠬᠢᠷᠢ | ᠲᠡᠩᠴᠡᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠤᠬᠢᠴᠠᠩᠭᠤᠢ ᠭᠡᠷᠡᠴᠢᠯᠡᠬᠦ ᠪᠢᠴᠢᠭ ᠮᠠᠲ᠋ᠧᠷᠢᠶᠠᠯ ᠤᠯᠭᠤᠬᠤ | ᠭᠡᠷᠡᠭᠳᠡᠢ᠃ | ᠵᠢᠷᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ | ᠵᠦᠪᠰᠢᠶᠡᠷᠡᠭᠳᠡᠭᠴᠢ ᠶᠢᠨ ᠭᠡᠪ ᠤᠨ ᠦᠢᠯᠡᠳᠪᠤᠷᠢᠯᠡᠯ ᠡᠵᠡᠩᠨᠡᠯᠳᠡ ᠶᠢᠨ ᠠᠵᠢᠯᠯᠠᠭ᠎ᠠ ᠶᠢ ᠬᠠᠷᠰᠢᠯᠠᠵᠤ ᠪᠤᠯᠬᠤ ᠦᠬᠡᠢ᠂ | ᠵᠦᠪᠰᠢᠶᠡᠷᠡᠭᠳᠡᠭᠴᠢ ᠶᠢᠨ ᠵᠤᠭᠤᠰ ᠮᠦᠡᠭᠬᠦ ᠡᠳ᠋ ᠪᠤᠳᠠᠰ ᠢ ᠨᠡᠭᠡᠵᠤ ᠠᠪᠬᠤ ᠪᠤᠶᠤ ᠬᠦᠯᠢᠶᠡᠨ ᠠᠪᠴᠤ ᠪᠤᠯᠬᠤ ᠦᠬᠡᠢ᠂ | ᠪᠤᠰᠤᠳ ᠠᠰᠢᠭ ᠲᠤᠰᠠ ᠤᠯᠵᠤ ᠪᠤᠯᠬᠤ ᠦᠬᠡᠢ᠃ | ᠵᠢᠷᠠᠨ ᠲᠦᠷᠪᠡᠳᠦᠬᠡᠷ ᠵᠦᠢᠯ ᠵᠦᠪᠰᠢᠶᠡᠷᠡᠭᠳᠡᠭᠴᠢ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ | ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠮᠢᠶᠠᠷᠬᠤ ᠤᠷᠤᠨ ᠪᠦᠰᠡ ᠶᠢᠨ ᠭᠡᠪᠴᠢᠶᠠᠨ ᠠᠴᠠ ᠭᠠᠳᠠᠨ᠎ᠠ | ᠬᠠᠤᠯᠢ ᠶᠢ ᠵᠦᠷᠢᠴᠡᠨ ᠵᠠᠰᠠᠭ ᠵᠠᠬᠢᠷᠭᠠᠨ ᠤ ᠵᠦᠪᠰᠢᠶᠡᠷᠡᠯ ᠠᠪᠤᠭᠰᠠᠨ ᠵᠦᠢᠯ ᠤᠳ ᠤᠨ ᠠᠵᠢᠯᠯᠠᠭ᠎ᠠ ᠬᠢᠭᠰᠡᠨ ᠪᠠᠶᠢᠪᠠᠯ᠂ | ᠬᠠᠤᠯᠢ ᠶᠢ ᠵᠦᠷᠢᠴᠡᠭᠰᠡᠨ ᠠᠵᠢᠯᠯᠠᠭ᠎ᠠ ᠡᠬᠦᠰᠦᠭᠰᠡᠨ ᠭᠠᠵᠠᠷ ᠤᠨ ᠵᠠᠰᠠᠭ ᠵᠠᠬᠢᠷᠭᠠᠨ ᠤ ᠪᠠᠶᠢᠭᠤᠯᠭ᠎ᠠ | ᠵᠦᠪᠰᠢᠶᠡᠷᠡᠭᠳᠡᠭᠴᠢ ᠶᠢᠨ ᠬᠠᠤᠯᠢ ᠠᠴᠠ ᠵᠦᠷᠢᠴᠡᠭᠰᠡᠨ ᠪᠤᠳᠠᠳᠤ ᠭᠡᠷᠡᠭ᠂ ᠰᠢᠢᠳᠪᠤᠷᠢᠯᠡᠭᠰᠡᠨ ᠦᠷ᠎ᠠ ᠳ᠋ᠦᠩ ᠢ ᠵᠠᠰᠠᠭ | ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠠᠤᠯᠢ ᠶᠤᠰᠤᠭᠠᠷ | ᠬᠠᠭᠤᠯᠤᠨ ᠮᠡᠳᠡᠭᠳᠡᠬᠦ ᠭᠡᠷᠡᠭᠳᠡᠢ᠃ | ᠵᠢᠷᠠᠨ ᠲᠠᠪᠤᠳᠤᠭᠠᠷ ᠵᠦᠢᠯ ᠬᠤᠪᠢ ᠬᠦᠮᠦᠨ ᠪᠠ ᠵᠤᠬᠢᠶᠠᠨ ᠪᠠᠶᠢᠭᠤᠯᠤᠯᠳᠠ ᠬᠠᠤᠯᠢ ᠶᠢ ᠵᠦᠷᠢᠴᠡᠨ ᠵᠠᠰᠠᠭ | ᠵᠠᠬᠢᠷᠭᠠᠨ ᠤ ᠵᠦᠪᠰᠢᠶᠡᠷᠡᠯ ᠠᠪᠤᠭᠰᠠᠨ ᠵᠦᠢᠯ ᠤᠳ ᠤᠨ ᠠᠵᠢᠯᠯᠠᠭ᠎ᠠ ᠬᠢᠵᠤ ᠪᠠᠶᠢᠬᠤ ᠶᠢ ᠤᠯᠵᠤ ᠮᠡᠳᠡᠪᠠᠯ᠂ ᠵᠠᠰᠠᠭ | ᠵᠠᠬᠢᠷᠭᠠᠨ ᠤ ᠪᠠᠶᠢᠭᠤᠯᠭ᠎ᠠ ᠳᠤ ᠢᠯᠡᠴᠢᠯᠡᠨ ᠮᠡᠳᠡᠬᠦᠯᠬᠦ ᠡᠷᠭᠡ ᠲᠠᠢ᠂ ᠵᠠᠰᠠᠭ ᠵᠠᠬᠢᠷᠭᠠᠨ ᠤ ᠪᠠᠶᠢᠭᠤᠯᠭ᠎ᠠ ᠴᠠᠭ | ᠲᠤᠬᠠᠢ ᠳᠤᠨᠢ ᠬᠢᠨᠠᠨ ᠮᠠᠭᠠᠳᠯᠠᠵᠤ ᠰᠢᠢᠳᠪᠤᠷᠢᠯᠡᠬᠦ ᠬᠡᠷᠡᠭᠳᠡᠢ᠃ | ᠵᠢᠷᠠᠨ ᠵᠢᠷᠭᠤᠳᠤᠭᠠᠷ ᠵᠦᠢᠯ ᠵᠦᠪᠰᠢᠶᠡᠷᠡᠭᠳᠡᠭᠴᠢ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ | ᠡᠬᠦᠷᠭᠡ ᠪᠠᠨ ᠬᠠᠤᠯᠢ ᠶᠤᠰᠤᠭᠠᠷ ᠡᠰᠡ ᠬᠦᠢᠴᠡᠳᠭᠡᠭᠰᠡᠨ ᠪᠤᠶᠤ ᠤᠯᠠᠨ ᠨᠡᠶᠢᠳᠡ ᠶᠢᠨ ᠡᠬᠢ ᠪᠠᠶᠠᠯᠢᠭ ᠢ ᠠᠰᠢᠭᠯᠠᠬᠤ | ᠡᠬᠦᠷᠭᠡ ᠪᠠᠨ ᠬᠠᠤᠯᠢ ᠶᠤᠰᠤᠭᠠᠷ ᠡᠰᠡ ᠬᠦᠢᠴᠡᠳᠭᠡᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠵᠠᠷᠯᠢᠭᠳᠠᠵᠤ | ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠬᠤ ᠭᠡᠷᠡᠭᠳᠡᠢ︔ ᠵᠦᠪᠰᠢᠶᠡᠷᠡᠭᠳᠡᠭᠴᠢ ᠲᠤᠭᠳᠠᠭᠠᠭᠰᠠᠨ | ᠬᠤᠭᠤᠴᠠᠭᠠᠨ ᠳᠤ ᠵᠠᠯᠠᠷᠠᠭᠤᠯᠬᠤ ᠦᠬᠡᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠤᠯᠪᠤᠭᠳᠠᠯ ᠪᠦᠬᠦᠢ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠭᠳᠠᠭᠠᠯ ᠤᠨ ᠲᠤᠭᠳᠠᠭᠠᠯ ᠶᠤᠰᠤᠭᠠᠷ ᠰᠢᠢᠳᠪᠤᠷᠢᠯᠡᠬᠦ ᠭᠡᠷᠡᠭᠳᠡᠢ᠃ | ᠵᠢᠷᠠᠨ ᠲᠤᠯᠤᠳᠤᠭᠠᠷ ᠵᠦᠢᠯ ᠤᠯᠠᠨ ᠨᠡᠶᠢᠳᠡ ᠶᠢᠨ ᠠᠰᠢᠭ ᠲᠤᠰᠠ ᠳᠤ ᠰᠢᠭᠤᠳ ᠬᠤᠯᠪᠤᠭᠳᠠᠬᠤ | ᠲᠤᠰᠬᠠᠢ ᠲᠤᠭᠳᠠᠭᠠᠭᠰᠠᠨ ᠠᠵᠢᠯ ᠲᠦᠷᠦᠯ ᠤᠨ ᠵᠠᠬ᠎ᠠ ᠲᠡᠯᠬᠡᠬᠦᠷ ᠲᠤ ᠤᠷᠤᠵᠤ ᠪᠤᠯᠬᠤ ᠵᠠᠰᠠᠭ ᠵᠠᠬᠢᠷᠭᠠᠨ ᠤ | ᠵᠦᠪᠰᠢᠶᠡᠷᠡᠯ ᠢ ᠤᠯᠤᠭᠰᠠᠨ ᠵᠦᠪᠰᠢᠶᠡᠷᠡᠭᠳᠡᠭᠴᠢ ᠤᠯᠤᠰ ᠠᠴᠠ ᠲᠤᠭᠳᠠᠭᠠᠭᠰᠠᠨ ᠦᠢᠯᠡᠴᠢᠯᠡᠬᠡᠨ ᠤ ᠪᠠᠷᠢᠮᠵᠢᠶ᠎ᠠ᠂ | ᠵᠠᠷᠤᠳᠠᠯ ᠰᠦᠢᠳᠭᠡᠯ ᠤᠨ ᠪᠡᠷᠢᠮᠵᠢᠶ᠎ᠠ ᠪᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠶᠤᠰᠤᠭᠠᠷ ᠲᠤᠭᠳᠠᠭᠠᠭᠰᠠᠨ | ᠨᠦᠬᠦᠴᠡᠯ ᠶᠤᠰᠤᠭᠠᠷ ᠭᠡᠷᠡᠭᠯᠡᠭᠴᠢᠳ ᠲᠤ ᠠᠮᠤᠷ ᠲᠦᠪᠰᠢᠨ᠂ ᠲᠦᠬᠦᠮ ᠲᠦᠳᠡ᠂ ᠲᠤᠭᠳᠠᠪᠤᠷᠢᠳᠠᠢ ᠪᠦᠬᠡᠳ ᠦᠨ᠎ᠠ | ᠬᠠᠨᠭ᠍ᠰᠢ ᠨᠢ ᠵᠤᠬᠢᠰᠳᠠᠢ ᠦᠢᠯᠡᠴᠢᠯᠡᠭᠡ ᠬᠠᠨᠭ᠍ᠭᠠᠬᠤ ᠭᠡᠷᠡᠭᠳᠡᠢ ᠮᠦᠷᠳᠡᠭᠡᠨ ᠲᠦᠬᠡᠮᠡᠯ ᠦᠢᠯᠡᠴᠢᠯᠡᠭᠡᠨ ᠤ ᠡᠬᠦᠷᠭᠡ ᠪᠠᠨ | ᠬᠦᠢᠴᠡᠳᠭᠡᠬᠦ ᠬᠡᠷᠡᠭᠳᠡᠢ︔ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ | ᠪᠠᠶᠢᠭᠤᠯᠭ᠎ᠠ ᠪᠠᠷ ᠵᠦᠪᠰᠢᠶᠡᠷᠡᠬᠦᠯᠦᠭᠰᠡᠨ ᠦᠬᠡᠢ ᠪᠠᠷ ᠲᠤᠷ᠎ᠠ ᠪᠠᠷ ᠢᠶᠠᠨ ᠠᠵᠢᠯ ᠢᠶᠠᠨ ᠵᠤᠭᠰᠤᠭᠠᠵᠤ᠂ ᠠᠵᠢᠯ ᠢᠶᠠᠨ | ᠵᠠᠪᠰᠠᠷᠯᠠᠵᠤ ᠪᠤᠯᠬᠤ ᠦᠬᠡᠢ᠃ | ᠵᠦᠪᠰᠢᠶᠡᠷᠡᠭᠳᠡᠭᠴᠢ ᠡᠮᠦᠨᠡᠬᠢ ᠪᠠᠳᠠᠭ ᠲᠤ ᠲᠤᠭᠳᠠᠭᠠᠭᠰᠠᠨ ᠡᠬᠦᠷᠭᠡ ᠶᠢ ᠬᠦᠢᠴᠡᠳᠭᠡᠬᠦ ᠦᠬᠡᠢ ᠪᠠᠶᠢᠪᠠᠯ᠂ | ᠵᠠᠰᠠᠭ ᠵᠠᠬᠢᠷᠭᠠᠨ ᠤ ᠪᠠᠶᠢᠭᠤᠯᠭ᠎ᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠤᠭᠳᠠᠭᠠᠨ ᠵᠠᠯᠠᠷᠠᠭᠤᠯᠤᠭᠤᠯᠬᠤ ᠪᠤᠶᠤ | ᠬᠠᠤᠯᠢ ᠶᠤᠰᠤᠭᠠᠷ ᠪᠦᠳᠦᠮᠵᠢᠳᠡᠢ ᠠᠷᠭ᠎ᠠ ᠭᠡᠮᠵᠢᠶ᠎ᠠ ᠠᠪᠴᠤ ᠪᠠᠶᠢᠭᠠᠳ ᠲᠡᠬᠦᠨ ᠤ ᠡᠬᠦᠷᠭᠡ ᠪᠠᠨ ᠬᠦᠢᠴᠡᠳᠭᠡᠬᠦ ᠶᠢ | ᠰᠢᠪᠠᠳᠠᠨ ᠱᠠᠭᠠᠷᠳᠠᠬᠤ ᠭᠡᠷᠡᠭᠳᠡᠢ᠃ | ᠵᠢᠷᠠᠨ ᠨᠠᠢᠮᠠᠳᠤᠭᠠᠷ ᠵᠦᠢᠯ ᠤᠯᠠᠨ ᠨᠡᠶᠢᠳᠡ ᠶᠢᠨ ᠠᠮᠤᠷ ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ | ᠮᠠᠨᠳᠤ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠴᠢᠬᠤᠯᠠ ᠲᠤᠨᠤᠭ | ᠲᠦᠬᠦᠬᠡᠷᠦᠮᠵᠢ᠂ ᠪᠡᠯᠡᠳᠭᠡᠮᠵᠢ ᠳᠤ ᠪᠤᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠢᠷᠤᠵᠤ ᠲᠦᠯᠦᠪᠯᠡᠬᠦ᠂ ᠪᠠᠷᠢᠵᠦ | ᠪᠠᠶᠢᠭᠤᠯᠬᠤ᠂ ᠤᠭᠰᠠᠷᠠᠬᠤ ᠪᠠ ᠭᠡᠷᠡᠭᠯᠡᠬᠦ ᠨᠢᠬᠡᠴᠢ ᠶᠢᠨ ᠵᠤᠬᠢᠴᠠᠩᠭᠤᠢ ᠦᠪᠡᠰᠦᠪᠡᠨ ᠰᠢᠯᠭᠠᠨ ᠪᠠᠶᠢᠴᠠᠭᠠᠬᠤ ᠲᠦᠷᠢᠮ | ᠪᠠᠶᠢᠭᠤᠯᠬᠤ ᠶᠢ ᠰᠢᠪᠠᠳᠠᠨ ᠱᠠᠭᠠᠷᠳᠠᠬᠤ ᠭᠡᠷᠡᠭᠳᠡᠢ᠃ | ᠵᠠᠰᠠᠭ ᠵᠠᠬᠢᠷᠭᠠᠨ ᠤ ᠪᠠᠶᠢᠭᠤᠯᠭ᠎ᠠ ᠬᠢᠨᠠᠯᠳᠠ ᠲᠠᠯᠪᠢᠵᠤ ᠪᠠᠶᠢᠴᠠᠭᠠᠬᠤ ᠳᠠᠭᠠᠨ ᠤᠯᠠᠨ ᠨᠡᠶᠢᠳᠡ ᠶᠢᠨ ᠠᠮᠦᠷ | ᠲᠦᠪᠰᠢᠨ᠂ ᠬᠦᠮᠦᠨ ᠤ ᠪᠡᠶ᠎ᠠ ᠶᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ | ᠰᠢᠭᠤᠳ ᠬᠤᠯᠪᠤᠭᠳᠠᠬᠤ ᠴᠢᠬᠤᠯᠠ ᠲᠤᠨᠤᠭ ᠲᠦᠬᠦᠬᠡᠷᠦᠮᠵᠢ᠂ ᠪᠡᠯᠡᠳᠭᠡᠮᠵᠢ ᠳᠤ ᠠᠮᠤᠷ ᠲᠦᠪᠰᠢᠨ ᠤ ᠲᠠᠯᠳᠠ ᠬᠡᠮ | ᠤᠷᠤᠰᠢᠵᠤ ᠪᠠᠶᠢᠬᠤ ᠶᠢ ᠤᠯᠵᠤ ᠮᠡᠳᠡᠪᠠᠯ᠂ ᠪᠠᠷᠢᠵᠤ ᠪᠠᠶᠢᠭᠤᠯᠬᠤ᠂ ᠤᠭᠰᠠᠷᠠᠬᠤ ᠪᠠ ᠭᠡᠷᠡᠭᠯᠡᠬᠦ ᠶᠢ ᠨᠢ ᠵᠠᠷᠯᠢᠭᠳᠠᠨ | ᠵᠤᠭᠰᠤᠭᠠᠯᠭᠠᠬᠤ ᠮᠦᠷᠳᠡᠭᠡᠨ ᠵᠢᠷᠤᠵᠤ ᠲᠦᠯᠦᠪᠯᠡᠬᠦ᠂ ᠪᠠᠷᠢᠵᠤ ᠪᠠᠶᠢᠭᠤᠯᠬᠤ᠂ ᠤᠭᠰᠠᠷᠠᠬᠤ ᠪᠡ ᠭᠡᠷᠡᠭᠯᠡᠬᠦ ᠨᠢᠬᠡᠴᠢ ᠶᠢ | ᠵᠠᠷᠯᠢᠭᠳᠠᠵᠤ ᠪᠠᠶᠢᠭᠠᠳ ᠲᠠᠷᠤᠢ ᠲᠦᠷᠭᠡᠨ ᠵᠠᠯᠠᠷᠠᠭᠤᠯᠤᠭᠤᠯᠬᠤ ᠭᠡᠷᠡᠭᠳᠡᠢ᠃ | ᠵᠢᠷᠨ ᠶᠢᠰᠦᠳᠦᠬᠡᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠬᠡ ᠨᠢ ᠪᠠᠶᠢᠪᠠᠯ᠂ ᠵᠠᠰᠠᠭ | ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠲᠡᠬᠦᠨ ᠤ ᠲᠡᠭᠡᠳᠦ | ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠰᠢᠭ ᠬᠤᠤᠷ ᠤᠨ ᠬᠠᠷᠢᠴᠠᠭ᠎ᠠ ᠲᠠᠢ ᠬᠦᠮᠦᠨ ᠤ ᠭᠤᠶᠤᠴᠢᠯᠠᠯ ᠪᠤᠶᠤ | ᠡᠷᠭᠡ ᠲᠤᠰᠢᠶᠠᠯ ᠢᠶᠠᠨ ᠦᠨᠳᠦᠰᠦᠯᠡᠨ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ ᠦᠬᠡᠢ ᠪᠤᠯᠭᠠᠵᠤ ᠪᠤᠯᠤᠨ᠎ᠠ᠄ | ︵ᠨᠢᠬᠡ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠡᠷᠭᠡ ᠲᠤᠰᠢᠶᠠᠯ ᠢᠶᠠᠨ ᠲᠤᠷ᠎ᠠ ᠪᠠᠷ ᠢᠶᠠᠨ | ᠭᠡᠷᠡᠭᠯᠡᠵᠤ᠂ ᠲᠤᠰᠢᠶᠠᠯ ᠬᠠᠷᠢᠭᠤᠴᠠᠯᠭ᠎ᠠ ᠪᠠᠨ ᠤᠮᠳᠤᠭᠠᠶᠢᠯᠠᠨ ᠵᠠᠰᠠᠬ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ | ᠭᠠᠷᠭᠠᠭᠰᠠᠨ︔ | ︵ᠬᠤᠶᠠᠷ︶ ᠬᠠᠤᠯᠢ ᠳᠤ ᠲᠤᠭᠳᠠᠭᠠᠭᠰᠠᠨ ᠡᠷᠭᠡ ᠲᠤᠰᠢᠶᠠᠯ ᠠᠴᠠ ᠪᠠᠨ ᠲᠠᠪᠠᠵᠤ ᠵᠠᠰᠠᠭ ᠵᠠᠬᠢᠷᠭᠠᠨ ᠤ | ᠵᠦᠪᠰᠢᠶᠡᠷᠡᠯ ᠦᠭᠬᠦ ᠲᠤᠭᠳᠠᠭᠠᠯ ᠭᠠᠷᠭᠠᠭᠰᠠᠨ︔ | ︵ᠭᠤᠷᠪᠠ︶ ᠬᠠᠤᠯᠢ ᠳᠤ ᠲᠤᠭᠳᠠᠭᠠᠭᠰᠠᠨ ᠵᠢᠷᠤᠮ ᠠᠴᠠ ᠵᠦᠷᠢᠴᠡᠨ ᠵᠠᠰᠠᠭ ᠵᠠᠬᠢᠷᠭᠠᠨ ᠤ ᠵᠦᠪᠰᠢᠶᠡᠷᠡᠯ | ᠦᠭᠬᠦ ᠲᠤᠭᠳᠠᠭᠠᠯ ᠭᠠᠷᠭᠠᠭᠰᠠᠨ︔ | ︵ᠲᠦᠷᠪᠡ︶ ᠭᠤᠶᠤᠴᠢᠯᠠᠬᠤ ᠬᠢᠷᠢ ᠬᠡᠮ ᠦᠬᠡᠢ ᠪᠤᠶᠤ ᠬᠠᠤᠯᠢ ᠳᠤ ᠲᠤᠭᠳᠠᠭᠠᠭᠰᠠᠨ ᠨᠦᠬᠦᠴᠡᠯ ᠳᠤ ᠦᠯᠦ | ᠨᠡᠶᠢᠴᠡᠬᠦ ᠭᠤᠶᠤᠴᠢᠯᠠᠭᠴᠢ ᠳᠤ ᠵᠠᠰᠠᠭ ᠵᠠᠬᠢᠷᠭᠠᠨ ᠤ ᠵᠦᠪᠰᠢᠶᠡᠷᠡᠯ ᠦᠭᠬᠦᠭᠰᠡᠨ︔ | ︵ᠲᠠᠪᠤ︶ ᠵᠠᠰᠠᠭ ᠵᠠᠬᠢᠷᠭᠠᠨ ᠤ ᠵᠦᠪᠰᠢᠶᠡᠷᠡᠯ ᠢ ᠬᠠᠤᠯᠢ ᠶᠤᠰᠤᠭᠠᠷ ᠬᠦᠴᠦᠨ ᠦᠬᠡᠢ ᠪᠤᠯᠭᠠᠵᠤ ᠪᠤᠯᠬᠤ | ᠪᠤᠰᠤᠳ ᠪᠠᠶᠢᠳᠠᠯ᠃ | ᠵᠦᠪᠰᠢᠶᠡᠷᠡᠭᠳᠡᠭᠴᠢ ᠮᠡᠭᠡᠯᠡᠬᠦ᠂ ᠭᠡᠭᠡᠯᠢ ᠬᠠᠭ᠋ᠤᠤᠯᠢ ᠲᠦᠯᠬᠢᠬᠦ ᠵᠡᠷᠭᠡ ᠲᠦᠪ ᠪᠤᠰᠤ ᠠᠷᠭ᠎ᠠ ᠪᠠᠷᠢᠯ ᠢᠶᠠᠷ ᠵᠠᠰᠠᠭ | ᠵᠠᠬᠢᠷᠭᠠᠨ ᠤ ᠵᠦᠪᠰᠢᠶᠡᠷᠡᠯ ᠢ ᠤᠯᠤᠭᠰᠠᠨ ᠪᠠᠶᠢᠪᠠᠯ᠂ ᠬᠦᠴᠦᠨ ᠦᠬᠡᠢ ᠪᠤᠯᠭᠠᠬᠤ ᠭᠡᠷᠡᠭᠳᠡᠢ᠃ | ᠡᠮᠦᠨᠡᠬᠢ ᠬᠤᠶᠠᠷ ᠪᠠᠳᠠᠭ ᠤᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ ᠦᠬᠡᠢ | ᠪᠤᠯᠭᠠᠭᠠᠳ ᠤᠯᠠᠨ ᠨᠡᠶᠢᠳᠡ ᠶᠢᠨ ᠠᠰᠢᠭ ᠲᠤᠰᠠ ᠳᠤ ᠬᠦᠨᠳᠦ ᠶᠡᠭᠡ ᠬᠤᠬᠢᠷᠠᠯ ᠤᠴᠠᠷᠠᠭᠤᠯᠵᠤ ᠮᠡᠳᠡᠬᠦ ᠳᠤ ᠬᠦᠷᠪᠡᠯ᠂ | ᠬᠦᠴᠦᠨ ᠦᠬᠡᠢ ᠪᠤᠯᠭᠠᠬᠤ ᠦᠬᠡᠢ᠃ | ᠲᠤᠰ ᠵᠦᠢᠯ ᠤᠨ ᠨᠢᠬᠡᠳᠦᠬᠡᠷ ᠪᠠᠳᠠᠭ ᠤᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠢ | ᠬᠦᠴᠦᠨ ᠦᠬᠡᠢ ᠪᠤᠯᠭᠠᠭᠠᠳ ᠵᠦᠪᠰᠢᠶᠡᠷᠡᠭᠳᠡᠭᠴᠢ ᠶᠢᠨ ᠬᠠᠤᠯᠢ ᠶᠤᠰᠤᠨ ᠤ ᠡᠷᠭᠡ ᠠᠰᠢᠭ ᠢ ᠬᠤᠬᠢᠷᠠᠯ ᠳᠤ | ᠤᠴᠠᠷᠠᠭᠤᠯᠤᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠲᠦᠯᠦᠪᠤᠷᠢ ᠦᠭᠬᠦ ᠬᠡᠷᠡᠭᠳᠡᠢ᠃ | ᠲᠤᠰ ᠵᠦᠢᠯ ᠤᠨ ᠬᠤᠶᠠᠳᠤᠭᠠᠷ ᠪᠠᠳᠠᠭ ᠤᠨ ᠲᠤᠭᠳᠠᠭᠠᠯ ᠶᠤᠰᠤᠭᠠᠷ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ | ᠦᠬᠡᠢ ᠪᠤᠯᠭᠠᠬᠤ ᠳᠤ ᠵᠦᠪᠰᠢᠶᠡᠷᠡᠭᠳᠡᠭᠴᠢ ᠶᠢᠨ ᠵᠠᠰᠠᠬ ᠵᠠᠬᠢᠷᠭᠠᠨ ᠤ ᠵᠦᠪᠰᠢᠶᠡᠷᠡᠯ ᠢᠶᠠᠷ ᠰᠠᠭᠤᠷᠢᠯᠠᠭᠤᠯᠤᠨ | ᠤᠯᠤᠭᠰᠠᠨ ᠠᠰᠢᠭ ᠲᠤᠰᠠ ᠬᠠᠮᠠᠭᠠᠯᠠᠭᠳᠠᠬᠤ ᠦᠬᠡᠢ᠃ | ᠲᠠᠯᠠᠳᠤᠭᠠᠷ ᠵᠦᠢᠯ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠬᠡ ᠨᠢ ᠪᠠᠶᠢᠪᠠᠯ᠂ ᠵᠠᠰᠠᠭ | ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠬᠤᠯᠪᠤᠭᠳᠠᠯ ᠪᠦᠬᠦᠢ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ | ᠦᠬᠡᠢ ᠪᠤᠯᠭᠠᠵᠤ ᠲᠠᠩᠰᠠᠨ ᠠᠴᠠ ᠬᠠᠰᠤᠬᠤ ᠭᠠᠷ ᠬᠦᠢᠴᠡᠳᠭᠡᠯ ᠢ ᠬᠢᠬᠦ ᠬᠡᠷᠡᠭᠳᠡᠢ᠄ | ︵ᠨᠢᠬᠡ︶ ᠵᠠᠰᠠᠭ ᠵᠠᠬᠢᠷᠭᠠᠨ ᠤ ᠵᠦᠪᠰᠢᠶᠡᠷᠡᠯ ᠤᠨ ᠬᠦᠴᠦᠨ ᠲᠠᠢ ᠬᠤᠭᠤᠴᠠᠭ᠎ᠠ ᠲᠦᠬᠦᠷᠴᠤ ᠡᠰᠡ | ᠤᠷᠳᠤᠳᠬᠠᠭᠰᠠᠨ︔ | ︵ᠬᠤᠶᠠᠷ︶ ᠠᠷᠠᠳ ᠢᠷᠭᠡᠨ ᠳᠤ ᠲᠤᠰᠬᠠᠢ ᠬᠢᠷᠢ ᠬᠡᠮ ᠤᠯᠭᠤᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠤᠨ | ᠲᠤᠰ ᠠᠷᠠᠳ ᠢᠷᠭᠡᠨ ᠨᠢ ᠦᠬᠦᠭᠰᠡᠨ ᠪᠤᠶᠤ ᠠᠵᠢᠯᠯᠠᠭᠠᠨ ᠤ ᠴᠢᠳᠠᠪᠤᠷᠢ ᠪᠠᠨ ᠠᠯᠳᠠᠭᠰᠠᠨ︔ | ︵ᠭᠤᠷᠪᠠ︶ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ ᠪᠠᠶᠢᠭᠤᠯᠤᠯᠳᠠ ᠬᠠᠤᠯᠢ ᠶᠤᠰᠤᠭᠠᠷ | ᠲᠠᠭᠤᠰᠤᠭᠰᠠᠨ︔ | ︵ᠲᠦᠷᠪᠡ︶ ᠵᠠᠰᠠᠭ ᠵᠠᠬᠢᠷᠭᠠᠨ ᠤ ᠵᠦᠪᠰᠢᠶᠡᠷᠡᠯ ᠨᠢ ᠬᠠᠤᠯᠢ ᠶᠤᠰᠤᠭᠠᠷ ᠬᠦᠴᠦᠨ ᠦᠬᠡᠢ ᠪᠤᠯᠭᠠᠭᠳᠠᠵᠤ᠂ | ᠪᠤᠴᠠᠭᠠᠭᠳᠠᠭᠰᠠᠨ ᠪᠤᠶᠤ ᠵᠠᠰᠠᠬ ᠵᠠᠬᠢᠷᠭᠠᠨ ᠤ ᠵᠦᠪᠰᠢᠶᠡᠷᠡᠯ ᠤᠨ ᠦᠨᠡᠮᠯᠡᠯ ᠨᠢ ᠬᠠᠤᠯᠢ ᠶᠤᠰᠤᠭᠠᠷ ᠬᠤᠷᠢᠶᠠᠭᠳᠠᠵᠤ | ᠬᠦᠴᠦᠨ ᠦᠬᠡᠢ ᠪᠤᠯᠭᠠᠭᠳᠠᠭᠰᠠᠨ︔ | ︵ᠲᠠᠪᠤ︶ ᠲᠠᠪᠠᠭᠳᠠᠰᠢ ᠦᠬᠡᠢ ᠬᠦᠴᠦᠨ ᠠᠴᠠ ᠪᠤᠯᠵᠤ ᠵᠠᠰᠠᠭ ᠵᠠᠬᠢᠷᠭᠠᠨ ᠤ ᠵᠦᠪᠰᠢᠶᠡᠷᠡᠯ ᠤᠨ ᠵᠦᠢᠯ ᠤᠳ ᠢ | ᠭᠡᠷᠡᠭᠵᠢᠬᠦᠯᠬᠦ ᠶᠢᠨ ᠠᠷᠭ᠎ᠠ ᠦᠬᠡᠢ ᠪᠤᠯᠤᠭᠰᠠᠨ︔ | ︵ᠵᠢᠷᠭᠤᠭ᠎ᠠ︶ ᠵᠠᠰᠠᠭ ᠵᠠᠬᠢᠷᠭᠠᠨ ᠤ ᠵᠦᠪᠰᠢᠶᠡᠷᠡᠯ ᠢ ᠬᠦᠴᠦᠨ ᠦᠬᠡᠢ ᠪᠤᠯᠭᠠᠬᠤ ᠶᠤᠰᠤᠳᠠᠢ ᠬᠡᠵᠤ ᠬᠠᠤᠯᠢ | ᠴᠠᠭᠠᠵᠠ᠂ ᠬᠠᠤᠯᠢ ᠲᠤᠭᠳᠠᠭᠠᠯ ᠳᠤ ᠲᠤᠭᠳᠠᠭᠠᠭᠰᠠᠨ ᠪᠤᠰᠤᠳ ᠪᠠᠶᠢᠳᠠᠯ᠃ | ᠲᠤᠯᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠲᠠᠯᠠᠨ ᠨᠢᠬᠡᠳᠦᠬᠡᠷ ᠵᠦᠢᠯ ᠲᠤᠰ ᠬᠠᠤᠯᠢ ᠶᠢᠨ ᠠᠷᠪᠠᠨ ᠲᠤᠯᠤᠳᠤᠭᠠᠷ ᠵᠦᠢᠯ ᠤᠨ ᠲᠤᠭᠳᠠᠭᠠᠯ ᠢ | ᠵᠦᠷᠢᠴᠡᠵᠤ ᠲᠤᠭᠳᠠᠭᠠᠭᠰᠠᠨ ᠵᠠᠰᠠᠭ ᠵᠠᠬᠢᠷᠭᠠᠨ ᠤ ᠵᠦᠪᠰᠢᠶᠡᠷᠡᠯ ᠪᠠᠶᠢᠪᠠᠯ᠂ ᠬᠤᠯᠪᠤᠭᠳᠠᠯ ᠪᠦᠬᠦᠢ ᠪᠠᠶᠢᠭᠤᠯᠭ᠎ᠠ ᠲᠤᠰ | ᠵᠠᠰᠠᠭ ᠵᠠᠬᠢᠷᠭᠠᠨ ᠤ ᠵᠦᠪᠰᠢᠶᠡᠷᠡᠯ ᠢ ᠲᠤᠭᠳᠠᠭᠠᠭᠰᠠᠨ ᠪᠠᠶᠢᠭᠤᠯᠭ᠎ᠠ ᠶᠢ ᠵᠠᠷᠯᠢᠭᠳᠠᠨ ᠵᠠᠯᠠᠷᠠᠭᠤᠯᠤᠭᠤᠯᠬᠤ ᠪᠤᠶᠤ ᠬᠠᠤᠯᠢ | ᠶᠤᠰᠤᠭᠠᠷ ᠬᠦᠴᠦᠨ ᠦᠬᠡᠢ ᠪᠤᠯᠭᠠᠬᠤ ᠭᠡᠷᠡᠭᠳᠡᠢ᠃ | ᠲᠠᠯᠠᠨ ᠬᠤᠶᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠬᠦᠨ ᠤ ᠠᠵᠢᠯᠳᠠᠨ ᠲᠤᠰ | ᠬᠠᠤᠯᠢ ᠶᠢᠨ ᠲᠤᠭᠳᠠᠭᠠᠯ ᠢ ᠵᠦᠷᠢᠴᠡᠵᠤ᠂ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠬᠡ ᠶᠢ ᠭᠠᠷᠭᠠᠭᠰᠠᠨ | ᠪᠠᠶᠢᠪᠠᠯ᠂ ᠲᠡᠬᠦᠨ ᠤ ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ | ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠤᠨ᠎ᠠ︔ ᠦᠢᠯᠡ ᠪᠠᠶᠢᠳᠠᠯ ᠨᠢ ᠬᠦᠨᠳᠦ ᠨᠤᠴᠢᠳᠠᠢ ᠪᠠᠶᠢᠪᠠᠯ᠂ | ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠠ ᠰᠢᠭᠤᠳ ᠬᠠᠷᠢᠭᠤᠴᠠᠯᠭ᠎ᠠ ᠲᠠᠢ ᠪᠤᠰᠤᠳ | ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ᠄ | ︵ᠨᠢᠬᠡ︶ ᠬᠠᠤᠯᠢ ᠳᠤ ᠲᠤᠭᠳᠠᠭᠠᠭᠰᠠᠨ ᠨᠦᠬᠦᠴᠡᠯ ᠳᠤ ᠨᠡᠶᠢᠴᠡᠭᠰᠡᠨ ᠵᠠᠰᠠᠭ ᠵᠠᠬᠢᠷᠭᠠᠨ ᠤ ᠵᠦᠪᠰᠢᠶᠡᠷᠡᠯ | ᠠᠪᠬᠤ ᠭᠤᠶᠤᠴᠢᠯᠠᠯ ᠢ ᠦᠯᠦ ᠬᠦᠯᠢᠶᠡᠨ ᠠᠪᠴᠤ ᠰᠢᠢᠳᠪᠤᠷᠢᠯᠡᠭᠰᠡᠨ︔ | ︵ᠬᠤᠶᠠᠷ︶ ᠬᠠᠤᠯᠢ ᠶᠤᠰᠤᠭᠠᠷ ᠵᠡᠷᠯᠠᠨ ᠨᠡᠶᠢᠳᠡᠯᠡᠬᠦ ᠶᠤᠰᠤᠳᠠᠢ ᠮᠠᠲ᠋ᠧᠷᠢᠶᠠᠯ ᠢ ᠠᠯᠪᠠᠨ ᠭᠠᠵᠠᠷ ᠲᠠᠭᠠᠨ ᠦᠯᠦ | ᠨᠡᠶᠢᠳᠡᠯᠡᠭᠰᠡᠨ︔ | ︵ᠭᠤᠷᠪᠠ︶ ᠵᠠᠰᠠᠭ ᠵᠠᠬᠢᠷᠭᠠᠨ ᠤ ᠵᠦᠪᠰᠢᠶᠡᠷᠡᠯ ᠢ ᠬᠦᠯᠢᠶᠡᠨ ᠠᠪᠴᠤ ᠰᠢᠢᠳᠪᠤᠷᠢᠯᠡᠬᠦ᠂ ᠬᠢᠨᠠᠨ ᠪᠠᠶᠢᠴᠠᠭᠠᠬᠤ | ᠪᠡ ᠵᠠᠰᠠᠭ ᠵᠠᠬᠢᠷᠭᠠᠨ ᠤ ᠵᠦᠪᠰᠢᠶᠡᠷᠡᠯ ᠤᠨ ᠲᠤᠭᠳᠠᠭᠠᠯ ᠭᠠᠷᠭᠠᠬᠤ ᠶᠠᠪᠤᠴᠠ ᠳᠤ᠂ ᠭᠤᠶᠤᠴᠢᠯᠠᠭᠴᠢ᠂ ᠠᠰᠢᠭ | ᠬᠤᠤᠷ ᠤᠨ ᠬᠠᠷᠢᠴᠠᠭ᠎ᠠ ᠲᠠᠢ ᠬᠦᠮᠦᠨ ᠳᠤ ᠬᠠᠤᠯᠢ ᠳᠤ ᠲᠤᠭᠳᠠᠭᠠᠭᠰᠠᠨ ᠮᠡᠳᠡᠭᠳᠡᠬᠦ ᠡᠬᠦᠷᠭᠡ ᠪᠠᠨ ᠦᠯᠦ | ᠬᠦᠢᠴᠡᠳᠭᠡᠭᠰᠡᠨ︔ | ︵ᠲᠦᠷᠪᠡ︶ ᠭᠤᠶᠤᠴᠢᠯᠠᠭᠴᠢ ᠶᠢᠨ ᠲᠡᠪᠰᠢᠬᠦᠯᠦᠨ ᠲᠤᠰᠢᠶᠠᠭᠰᠠᠨ ᠭᠤᠶᠤᠴᠢᠯᠠᠬᠤ ᠮᠠᠲ᠋ᠧᠷᠢᠶᠠᠯ ᠨᠢ ᠪᠦᠷᠢᠨ | ᠬᠦᠢᠴᠡᠳ ᠪᠤᠰᠤ᠂ ᠬᠠᠤᠯᠢ ᠳᠤ ᠲᠤᠭᠳᠠᠭᠠᠭᠰᠠᠨ ᠬᠡᠯᠪᠡᠷᠢ ᠳᠤ ᠨᠡᠶᠢᠴᠡᠬᠦ ᠦᠬᠡᠢ ᠪᠠᠶᠢᠬᠤ ᠦᠶ᠎ᠠ ᠳᠤ᠂ | ᠭᠤᠶᠤᠴᠢᠯᠠᠭᠴᠢ ᠳᠤ ᠡᠷᠭᠡᠪᠰᠢ ᠨᠦᠬᠦᠪᠦᠷᠢᠯᠡᠨ ᠵᠠᠯᠠᠷᠠᠭᠤᠯᠬᠤ ᠭᠡᠷᠡᠭᠳᠡᠢ ᠪᠦᠬᠦ ᠠᠭᠤᠯᠭ᠎ᠠ ᠶᠢ ᠨᠢᠬᠡᠯᠡ ᠲᠤᠤᠷ᠎ᠠ ᠦᠯᠦ | ᠮᠡᠳᠡᠭᠳᠡᠭᠰᠡᠨ︔ | ︵ᠲᠠᠪᠤ︶ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠢ ᠬᠦᠯᠢᠶᠠᠨ ᠠᠪᠴᠤ ᠰᠢᠢᠳᠪᠤᠷᠢᠯᠡᠬᠦ | ᠦᠬᠡᠢ ᠪᠤᠶᠤ ᠵᠠᠰᠠᠬ ᠵᠠᠬᠢᠷᠭᠠᠨ ᠤ ᠵᠦᠪᠰᠢᠶᠡᠷᠡᠯ ᠦᠭᠭᠦ ᠦᠬᠡᠢ ᠰᠢᠯᠳᠠᠭᠠᠨ ᠢᠶᠠᠨ ᠬᠠᠤᠯᠢ ᠶᠤᠰᠤᠭᠠᠷ ᠦᠯᠦ | ᠲᠠᠶᠢᠯᠪᠤᠷᠢᠯᠠᠭᠰᠠᠨ︔ | ︵ᠵᠢᠷᠭᠤᠭ᠎ᠠ︶ ᠬᠠᠤᠯᠢ ᠶᠤᠰᠤᠭᠠᠷ ᠭᠡᠷᠡᠴᠢᠯᠡᠭᠡ ᠰᠤᠨᠤᠰᠬᠤ ᠶᠤᠰᠤᠳᠠᠢ ᠪᠠᠶᠢᠳᠠᠯ᠎ᠠ ᠭᠡᠷᠡᠴᠢᠯᠡᠭᠡ ᠦᠯᠦ | ᠰᠤᠨᠤᠰᠤᠭᠰᠠᠨ᠃ | ᠲᠠᠯᠠᠨ ᠭᠤᠷᠪᠠᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠳᠠᠨ ᠵᠠᠰᠠᠭ ᠵᠠᠬᠢᠷᠭᠠᠨ ᠤ | ᠵᠦᠪᠰᠢᠶᠡᠷᠡᠯ ᠤᠨ ᠠᠵᠢᠯ ᠢ ᠡᠷᠬᠢᠯᠡᠬᠦ᠂ ᠬᠢᠨᠠᠯᠳᠠ ᠪᠠᠶᠢᠴᠠᠭᠠᠯᠳᠠ ᠬᠢᠬᠦ ᠳᠡᠭᠡᠨ ᠪᠤᠰᠤᠳ ᠤᠨ ᠵᠤᠭᠤᠰ ᠮᠦᠡᠭᠬᠦ ᠡᠳ᠋ | ᠪᠤᠳᠠᠰ ᠢ ᠨᠡᠭᠡᠨ ᠠᠪᠴᠤ᠂ ᠬᠦᠯᠢᠶᠡᠨ ᠠᠪᠤᠭᠰᠠᠨ ᠪᠤᠶᠤ ᠪᠤᠰᠤᠳ ᠠᠰᠢᠭ ᠲᠤᠰᠠ ᠶᠢ ᠤᠯᠤᠭᠠᠳ ᠶᠠᠯ᠎ᠠ ᠪᠤᠯᠵᠤ | ᠪᠦᠷᠢᠯᠳᠦᠭᠰᠡᠨ ᠪᠠᠶᠢᠪᠠᠯ᠂ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ︔ ᠬᠠᠷᠠᠬᠠᠨ ᠶᠠᠯ᠎ᠠ | ᠪᠤᠯᠵᠤ ᠪᠦᠷᠢᠯᠳᠦᠭᠰᠡᠨ ᠦᠬᠡᠢ ᠪᠠᠶᠢᠪᠠᠯ᠂ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ᠃ | ᠲᠠᠯᠠᠨ ᠲᠦᠷᠪᠡᠳᠦᠬᠡᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ | ᠬᠡᠷᠡᠭᠵᠢᠬᠦᠯᠬᠦ ᠳᠡᠭᠡᠨ ᠲᠤᠤᠷ᠎ᠠ ᠵᠢᠭᠰᠠᠭᠠᠭᠰᠠᠨ ᠪᠠᠶᠢᠳᠠᠯ ᠤᠳ ᠤᠨ ᠨᠢᠬᠡ ᠶᠢ ᠭᠠᠷᠭᠠᠭᠰᠠᠨ ᠪᠠᠶᠢᠪᠠᠯ᠂ ᠲᠡᠬᠦᠨ ᠤ | ᠲᠡᠭᠡᠳᠦ ᠱᠠᠳᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ | ᠵᠠᠯᠠᠷᠠᠭᠤᠯᠤᠭᠤᠯᠵᠤ᠂ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ | ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ︔ ᠶᠠᠯ᠎ᠠ | ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠬᠡᠮᠵᠢᠯᠠᠨ᠎ᠠ᠄ | ︵ᠨᠢᠬᠡ︶ ᠬᠠᠤᠯᠢ ᠳᠤ ᠲᠤᠭᠳᠠᠭᠠᠭᠰᠠᠨ ᠨᠦᠬᠦᠴᠡᠯ ᠳᠤ ᠦᠯᠦ ᠨᠡᠶᠢᠴᠡᠬᠦ ᠭᠤᠶᠤᠴᠢᠯᠠᠭᠴᠢ ᠳᠤ ᠵᠠᠰᠠᠬ | ᠵᠠᠬᠢᠷᠭᠠᠨ ᠤ ᠵᠦᠪᠰᠢᠶᠡᠷᠡᠯ ᠦᠭᠬᠦᠭᠰᠡᠨ ᠪᠤᠶᠤ ᠬᠠᠤᠯᠢ ᠳᠤ ᠲᠤᠭᠳᠠᠭᠠᠭᠰᠠᠨ ᠡᠷᠭᠡ ᠲᠤᠰᠢᠶᠠᠯ ᠤᠨ | ᠭᠡᠪᠴᠢᠶᠠᠨ ᠠᠴᠠ ᠪᠠᠨ ᠲᠠᠪᠠᠵᠤ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠭᠰᠠᠨ︔ | ︵ᠬᠤᠶᠠᠷ︶ ᠬᠠᠤᠯᠢ ᠳᠤ ᠲᠤᠭᠳᠠᠭᠠᠭᠰᠠᠨ ᠨᠦᠬᠦᠴᠡᠯ ᠳᠤ ᠨᠡᠶᠢᠴᠡᠬᠦ ᠭᠤᠶᠤᠴᠢᠯᠠᠭᠴᠢ ᠳᠤ ᠵᠠᠰᠠᠬ | ᠵᠠᠬᠢᠷᠭᠠᠨ ᠤ ᠵᠦᠪᠰᠢᠶᠡᠷᠡᠯ ᠦᠭᠬᠦᠭᠰᠡᠨ ᠦᠬᠡᠢ ᠪᠤᠶᠤ ᠬᠠᠤᠯᠢ ᠳᠤ ᠲᠤᠭᠳᠠᠭᠠᠭᠰᠠᠨ ᠬᠤᠭᠤᠴᠠᠭᠠᠨ ᠲᠤᠳᠤᠷ᠎ᠠ ᠵᠠᠰᠠᠭ | ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠦᠯᠦ ᠭᠠᠷᠭᠠᠭᠰᠠᠨ︔ | ︵ᠭᠤᠷᠪᠠ︶ ᠬᠠᠤᠯᠢ ᠶᠤᠰᠤᠭᠠᠷ ᠲᠠᠭᠠᠭᠠᠴᠢᠯᠠᠯᠳᠠ ᠵᠠᠷᠯᠠᠬᠰᠠᠨ᠂ ᠦᠨ᠎ᠠ ᠬᠠᠶᠠᠵᠤ ᠬᠤᠳᠠᠯᠳᠤᠭᠰᠠᠨ ᠦᠷ᠎ᠠ | ᠳ᠋ᠦᠩ ᠪᠤᠶᠤ ᠰᠢᠯᠭᠠᠯᠳᠠ ᠶᠢᠨ ᠬᠢᠷᠢ ᠪᠦᠳᠦᠮᠵᠢ ᠶᠢ ᠦᠨᠳᠦᠰᠦᠯᠡᠨ ᠰᠢᠯᠢᠳᠡᠭ ᠢ ᠨᠢ ᠰᠤᠩᠭᠤᠵᠤ ᠵᠠᠰᠠᠭ ᠵᠠᠬᠢᠷᠭᠠᠨ ᠤ | ᠵᠦᠪᠰᠢᠶᠡᠷᠡᠯ ᠦᠭᠬᠦ ᠲᠤᠭᠳᠠᠭᠠᠯ ᠭᠠᠷᠭᠠᠪᠠᠯ ᠵᠤᠬᠢᠬᠤ ᠶᠤᠰᠤᠳᠠᠢ ᠠᠳᠠᠯ᠎ᠠ ᠲᠠᠭᠠᠭᠠᠴᠢᠯᠠᠯᠳᠠ ᠵᠠᠷᠯᠠᠬᠤ᠂ ᠦᠨ᠎ᠠ | ᠬᠠᠶᠠᠵᠤ ᠬᠤᠳᠠᠯᠳᠤᠬᠤ ᠪᠤᠶᠤ ᠰᠢᠯᠭᠠᠯᠳᠠ ᠪᠠᠷ ᠲᠠᠮᠵᠢᠭᠰᠠᠨ ᠦᠬᠡᠢ᠂ ᠡᠰᠡᠬᠦᠯ᠎ᠠ ᠲᠠᠭᠠᠭᠠᠴᠢᠯᠠᠯᠳᠠ ᠵᠠᠷᠯᠠᠭᠰᠠᠨ᠂ | ᠦᠨ᠎ᠠ ᠬᠠᠶᠠᠵᠤ ᠬᠤᠳᠠᠯᠳᠤᠭᠰᠠᠨ ᠦᠷ᠎ᠠ ᠳ᠋ᠦᠩ ᠪᠤᠶᠤ ᠰᠢᠯᠭᠠᠯᠳᠠ ᠶᠢᠨ ᠬᠢᠷᠢ ᠪᠦᠳᠦᠮᠵᠢ ᠶᠢ ᠦᠨᠳᠦᠰᠦᠯᠡᠵᠤ | ᠰᠢᠯᠢᠳᠡᠭ ᠢ ᠨᠢ ᠰᠤᠩᠭᠤᠭᠰᠠᠨ ᠦᠬᠡᠢ ᠪᠠᠷ ᠵᠠᠰᠠᠭ ᠵᠠᠬᠢᠷᠭᠠᠨ ᠤ ᠵᠦᠪᠰᠢᠶᠡᠷᠡᠯ ᠦᠭᠬᠦ ᠲᠤᠭᠳᠠᠭᠠᠯ ᠭᠠᠷᠭᠠᠭᠰᠠᠨ︔ | ᠲᠠᠯᠠᠨ ᠲᠠᠪᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠵᠠᠰᠠᠭ ᠵᠠᠬᠢᠷᠭᠠᠨ ᠤ ᠵᠦᠪᠰᠢᠶᠡᠷᠡᠯ ᠢ | ᠭᠡᠷᠡᠭᠵᠢᠬᠦᠯᠬᠦ ᠳᠡᠭᠡᠨ ᠲᠤᠷ᠎ᠠ ᠪᠠᠷ ᠢᠶᠠᠨ ᠰᠦᠢᠳᠭᠡᠯ ᠬᠤᠷᠢᠶᠠᠭᠰᠠᠨ ᠪᠤᠶᠤ ᠬᠠᠤᠯᠢ ᠳᠤ ᠲᠤᠭᠳᠠᠭᠠᠭᠰᠠᠨ ᠵᠦᠢᠯ ᠪᠠ | ᠪᠠᠷᠢᠮᠵᠢᠶ᠎ᠠ ᠶᠤᠰᠤᠭᠠᠷ ᠰᠦᠢᠳᠭᠡᠯ ᠬᠤᠷᠢᠶᠠᠭᠰᠠᠨ ᠪᠢᠰᠢ ᠪᠠᠶᠢᠪᠠᠯ᠂ ᠲᠡᠬᠦᠨ ᠤ ᠲᠡᠭᠡᠳᠦ ᠱᠠᠳᠤᠨ ᠤ ᠵᠠᠰᠠᠭ | ᠵᠠᠬᠢᠷᠭᠠᠨ ᠤ ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠬᠠᠤᠯᠢ ᠪᠤᠰᠤ ᠪᠠᠷ ᠬᠤᠷᠢᠶᠠᠨ ᠠᠪᠤᠭᠰᠠᠨ | ᠰᠦᠢᠳᠭᠡᠯ ᠢ ᠵᠠᠷᠯᠢᠭᠳᠠᠨ ᠪᠤᠴᠠᠭᠠᠯᠭᠠᠨ᠎ᠠ︔ ᠰᠢᠭᠤᠳ ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ | ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ᠃ | ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠦᠭᠡᠳ ᠬᠠᠤᠯᠢ ᠶᠤᠰᠤᠭᠠᠷ ᠬᠤᠷᠢᠶᠠᠨ ᠠᠪᠤᠭᠰᠠᠨ | ᠰᠦᠢᠳᠭᠡᠯ ᠢ ᠦᠯᠡᠳᠡᠭᠡᠨ ᠠᠪᠤᠭᠰᠠᠨ᠂ ᠨᠡᠬᠦᠯᠬᠡᠨ ᠭᠡᠷᠡᠭᠯᠡᠭᠰᠡᠨ᠂ ᠬᠤᠪᠢᠳᠠᠨ ᠬᠤᠪᠢᠶᠠᠭᠰᠠᠨ ᠪᠤᠶᠤ ᠭᠡᠯᠪᠡᠷᠢ ᠶᠢ ᠨᠢ | ᠦᠬᠡᠷᠡᠳᠡᠬᠦᠯᠦᠨ ᠬᠤᠪᠢᠳᠠᠨ ᠬᠤᠪᠢᠶᠠᠭᠰᠠᠨ ᠪᠠᠶᠢᠪᠠᠯ᠂ ᠨᠡᠭᠡᠮᠵᠢᠯᠡᠨ ᠲᠤᠰᠢᠶᠠᠯᠭᠠᠨ᠎ᠠ︔ ᠰᠢᠭᠤᠳ ᠬᠠᠷᠢᠭᠤᠴᠠᠭᠰᠠᠨ | ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ ᠬᠠᠤᠯᠢ ᠶᠤᠰᠤᠭᠠᠷ | ᠵᠠᠰᠠᠭ ᠵᠠᠬᠢᠷᠭᠠᠨ ᠤ ᠰᠢᠳᠭᠡᠯ ᠦᠭᠬᠦᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ | ᠬᠠᠷᠢᠭᠤᠴᠠᠯᠭ᠎ᠠ ᠨᠡᠭᠡᠮᠵᠢᠯᠡᠨ᠎ᠠ᠃ | ᠲᠠᠯᠠᠨ ᠵᠢᠷᠭᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠢ ᠵᠦᠷᠢᠴᠡᠨ ᠵᠠᠰᠠᠭ | ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠦᠭᠡᠳ ᠲᠤᠬᠠᠢ ᠶᠢᠨ ᠬᠦᠮᠦᠨ ᠤ ᠬᠠᠤᠯᠢ ᠶᠤᠰᠤᠨ ᠤ ᠡᠷᠭᠡ ᠠᠰᠢᠭ ᠲᠤ | ᠬᠤᠬᠢᠷᠠᠯ ᠤᠴᠠᠷᠠᠭᠤᠯᠤᠭᠰᠠᠨ ᠪᠠᠶᠢᠪᠠᠯ᠂ ᠤᠯᠤᠰ ᠤᠨ ᠲᠦᠯᠦᠪᠦᠷᠢ ᠶᠢᠨ ᠬᠠᠤᠯᠢ ᠶᠢᠨ ᠲᠤᠭᠳᠠᠭᠠᠯ ᠶᠤᠰᠤᠭᠠᠷ | ᠲᠦᠯᠦᠪᠦᠷᠢ ᠦᠭᠬᠦ ᠭᠡᠷᠡᠭᠳᠡᠢ᠃ | ᠲᠠᠯᠠᠨ ᠲᠤᠯᠤᠳᠤᠭᠠᠷ ᠵᠦᠢᠯ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠬᠢᠨᠠᠯᠳᠠ ᠲᠠᠯᠪᠢᠬᠤ | ᠲᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠬᠦ ᠦᠬᠡᠢ ᠪᠤᠶᠤ ᠴᠢᠩᠭ᠎ᠠ ᠬᠢᠨᠠᠯᠳᠠ ᠲᠠᠯᠪᠢᠭᠰᠠᠨ ᠦᠬᠡᠢ ᠠᠴᠠ ᠪᠤᠯᠵᠤ | ᠬᠦᠨᠳᠦ ᠨᠤᠴᠢᠳᠠᠢ ᠤᠷᠰᠢᠭ ᠭᠠᠷᠭᠠᠭᠰᠠᠨ ᠪᠠᠶᠢᠪᠠᠯ᠂ ᠲᠡᠬᠦᠨ ᠤ ᠲᠡᠭᠡᠳᠦ ᠱᠠᠳᠤᠨ ᠤ ᠵᠠᠰᠠᠭ ᠵᠠᠬᠢᠷᠭᠠᠨ ᠤ | ᠪᠠᠶᠢᠭᠤᠯᠭ᠎ᠠ ᠪᠤᠶᠤ ᠬᠢᠨᠠᠨ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠨ ᠵᠠᠯᠠᠷᠠᠭᠤᠯᠤᠭᠤᠯᠵᠤ᠂ ᠰᠢᠭᠤᠳ | ᠬᠠᠷᠢᠭᠤᠴᠠᠭᠰᠠᠨ ᠡᠷᠬᠢᠯᠡᠨ ᠬᠠᠮᠢᠶᠠᠷᠬᠤ ᠬᠦᠮᠦᠨ ᠪᠤᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠦᠮᠦᠰ ᠲᠤ | ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦᠨ᠎ᠠ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ | ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃ | ᠲᠠᠯᠠᠨ ᠨᠠᠢᠮᠠᠳᠤᠭᠠᠷ ᠵᠦᠢᠯ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠪᠠᠷ ᠭᠤᠶᠤᠴᠢᠯᠠᠭᠴᠢ | ᠬᠤᠯᠪᠤᠭᠳᠠᠯ ᠪᠦᠬᠦᠢ ᠪᠠᠶᠢᠳᠠᠯ ᠢᠶᠠᠨ ᠨᠢᠭᠤᠨ ᠲᠠᠯᠠᠳᠠᠯᠠᠭᠰᠠᠨ ᠪᠤᠶᠤ ᠬᠤᠳᠠᠯ ᠬᠠᠭᠤᠷᠮᠠᠭ ᠮᠠᠲ᠋ᠧᠷᠢᠶᠠᠯ ᠬᠠᠨᠭ᠍ᠭᠠᠵᠤ | ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠪᠠᠷ ᠭᠤᠶᠤᠴᠢᠯᠠᠭᠰᠠᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ | ᠬᠦᠯᠢᠶᠠᠨ ᠠᠪᠴᠤ ᠰᠢᠢᠳᠪᠤᠷᠢᠯᠡᠬᠦ ᠦᠬᠡᠢ ᠪᠤᠶᠤ ᠵᠠᠰᠠᠭ ᠵᠠᠬᠢᠷᠭᠠᠨ ᠤ ᠵᠦᠪᠰᠢᠶᠡᠷᠡᠯ ᠦᠭᠭᠦ ᠦᠬᠡᠢ ᠮᠦᠷᠳᠡᠭᠡᠨ | ᠰᠡᠷᠡᠮᠵᠢ ᠦᠭᠬᠦᠨ᠎ᠠ︔ ᠵᠠᠰᠠᠭ ᠵᠠᠬᠢᠷᠭᠠᠨ ᠤ ᠵᠦᠪᠰᠢᠶᠡᠷᠡᠯ ᠠᠪᠬᠤ ᠭᠤᠶᠤᠴᠢᠯᠠᠯ ᠨᠢ ᠤᠯᠠᠨ ᠨᠡᠶᠢᠳᠡ ᠶᠢᠨ ᠠᠮᠤᠷ | ᠲᠦᠪᠰᠢᠨ᠂ ᠬᠦᠮᠦᠨ ᠤ ᠪᠠᠶ᠎ᠠ ᠶᠢᠨ ᠡᠷᠡᠬᠦᠯ ᠮᠠᠨᠳᠤ᠂ ᠠᠮᠢ ᠨᠠᠰᠤ ᠡᠳ᠋ ᠬᠦᠷᠦᠩᠬᠡ ᠶᠢᠨ ᠠᠮᠤᠷ ᠲᠦᠪᠰᠢᠨ ᠳᠤ | ᠰᠢᠭᠤᠳ ᠬᠤᠯᠪᠤᠭᠳᠠᠬᠤ ᠵᠦᠢᠯ ᠤᠳ ᠪᠠᠶᠢᠪᠠᠯ᠂ ᠭᠤᠶᠤᠴᠢᠯᠠᠭᠴᠢ ᠨᠢ ᠨᠢᠬᠡ ᠵᠢᠯ ᠤᠨ ᠲᠤᠳᠤᠷ᠎ᠠ ᠲᠤᠰ ᠵᠠᠰᠠᠭ | ᠵᠠᠬᠢᠷᠭᠠᠨ ᠤ ᠵᠦᠪᠰᠢᠶᠡᠷᠡᠯ ᠢ ᠠᠪᠬᠤ ᠪᠠᠷ ᠲᠠᠬᠢᠨᠳᠠ ᠭᠤᠶᠤᠴᠢᠯᠠᠵᠤ ᠪᠤᠯᠬᠤ ᠦᠬᠡᠢ᠃ | ᠲᠠᠯ᠎ᠠ ᠶᠢᠰᠦᠳᠦᠬᠡᠷ ᠵᠦᠢᠯ ᠵᠦᠪᠰᠢᠶᠡᠷᠡᠭᠳᠡᠭᠴᠢ ᠮᠡᠭᠡᠯᠡᠬᠦ᠂ ᠭᠡᠭᠡᠯᠢ ᠬᠠᠭ᠋ᠤᠤᠯᠢ ᠲᠦᠯᠬᠢᠬᠦ ᠵᠡᠷᠭᠡ ᠲᠦᠪ | ᠪᠤᠰᠤ ᠠᠷᠭ᠎ᠠ ᠪᠠᠷᠢᠯ ᠢᠶᠠᠷ ᠵᠠᠰᠠᠭ ᠵᠠᠬᠢᠷᠭᠠᠨ ᠤ ᠵᠦᠪᠰᠢᠶᠡᠷᠡᠯ ᠤᠯᠤᠭᠰᠠᠨ ᠪᠠᠶᠢᠪᠠᠯ᠂ ᠵᠠᠰᠠᠭ ᠵᠠᠭᠢᠷᠭᠠᠨ ᠤ | ᠪᠠᠶᠢᠭᠤᠯᠭ᠎ᠠ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ ᠭᠡᠷᠡᠭᠳᠡᠢ︔ ᠤᠯᠤᠭᠰᠠᠨ ᠵᠠᠰᠠᠬ ᠵᠠᠬᠢᠷᠭᠠᠨ ᠤ | ᠵᠦᠪᠰᠢᠶᠡᠷᠡᠯ ᠨᠢ ᠤᠯᠠᠨ ᠨᠡᠶᠢᠳᠡ ᠶᠢᠨ ᠠᠮᠤᠷ ᠲᠦᠪᠰᠢᠨ᠂ᠬᠦᠮᠦᠨ ᠤ ᠪᠠᠶ᠎ᠠ ᠶᠢᠨ ᠡᠷᠡᠬᠦᠯ ᠮᠠᠨᠳᠤ᠂ ᠠᠮᠢ ᠨᠠᠰᠤ ᠡᠳ᠋ | ᠬᠦᠷᠦᠩᠬᠡ ᠶᠢᠨ ᠠᠮᠤᠷ ᠲᠦᠪᠰᠢᠨ ᠳᠤ ᠰᠢᠭᠤᠳ ᠬᠤᠯᠪᠤᠭᠳᠠᠬᠤ ᠵᠦᠢᠯ ᠤᠳ ᠪᠠᠶᠢᠪᠠᠯ᠂ ᠭᠤᠶᠤᠴᠢᠯᠠᠭᠴᠢ ᠨᠢ | ᠭᠤᠷᠪᠠᠨ ᠵᠢᠯ ᠤᠨ ᠲᠤᠳᠤᠷ᠎ᠠ ᠲᠤᠰ ᠵᠠᠰᠠᠭ ᠵᠠᠬᠢᠷᠭᠠᠨ ᠤ ᠵᠦᠪᠰᠢᠶᠡᠷᠡᠯ ᠢ ᠠᠪᠬᠤ ᠪᠠᠷ ᠲᠠᠬᠢᠨᠳᠠ ᠭᠤᠶᠤᠴᠢᠯᠠᠵᠤ | ᠪᠤᠯᠬᠤ ᠦᠬᠡᠢ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ | ᠨᠡᠭᠡᠮᠵᠢᠯᠡᠨ᠎ᠠ᠃ | ᠨᠠᠶᠠᠳᠤᠭᠠᠷ ᠵᠦᠢᠯ ᠵᠦᠪᠰᠢᠶᠡᠷᠡᠭᠳᠡᠭᠴᠢ ᠲᠤᠤᠷ᠎ᠠ ᠵᠢᠭᠰᠠᠭᠠᠭᠰᠠᠨ ᠠᠵᠢᠯᠯᠠᠭ᠎ᠠ ᠨᠤᠭᠤᠳ ᠤᠨ ᠨᠢᠬᠡ ᠶᠢ | ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠬᠠᠤᠯᠢ ᠶᠤᠰᠤᠭᠠᠷ ᠵᠠᠰᠠᠭ ᠵᠠᠬᠢᠷᠭᠠᠨ ᠤ ᠰᠢᠳᠭᠡᠯ ᠦᠭᠬᠦ | ᠭᠡᠷᠡᠭᠳᠡᠢ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠄ | ︵ᠨᠢᠬᠡ︶ ᠵᠠᠰᠠᠬ ᠵᠠᠬᠢᠷᠭᠠᠨ ᠤ ᠵᠦᠪᠰᠢᠶᠡᠷᠡᠯ ᠤᠨ ᠦᠨᠡᠮᠯᠡᠯ ᠢ ᠪᠠᠯᠠᠯᠤᠨ ᠦᠬᠡᠷᠡᠳᠡᠬᠦᠯᠦᠭᠰᠡᠨ᠂ | ᠰᠠᠷᠢᠭᠠᠯᠠᠭᠰᠠᠨ᠂ ᠲᠦᠷᠢᠶᠡᠰᠦᠯᠡᠬᠦᠯᠦᠭᠰᠡᠨ᠂ ᠵᠢᠬᠡᠯᠡᠬᠦᠯᠦᠭᠰᠡᠨ ᠪᠤᠶᠤ ᠪᠤᠰᠤᠳ ᠬᠡᠯᠪᠡᠷᠢ ᠪᠠᠷ ᠵᠠᠰᠠᠭ ᠵᠠᠬᠢᠷᠭᠠᠨ ᠤ | ᠵᠦᠪᠰᠢᠶᠡᠷᠡᠯ ᠢ ᠬᠠᠤᠯᠢ ᠪᠤᠰᠤ ᠪᠠᠷ ᠰᠢᠯᠵᠢᠬᠦᠯᠦᠨ ᠦᠭᠬᠦᠭᠰᠡᠨ︔ | ︵ᠬᠤᠶᠠᠷ︶ ᠵᠠᠰᠠᠭ ᠵᠠᠬᠢᠷᠭᠠᠨ ᠤ ᠵᠦᠪᠰᠢᠶᠡᠷᠡᠯ ᠤᠨ ᠭᠡᠪᠴᠢᠶᠠᠨ ᠠᠴᠠ ᠪᠠᠨ ᠲᠠᠪᠠᠵᠤ ᠠᠵᠢᠯᠯᠠᠭ᠎ᠠ ᠬᠢᠭᠰᠡᠨ︔ | ︵ᠭᠤᠷᠪᠠ︶ ᠬᠢᠨᠠᠯᠳᠠ ᠲᠠᠯᠪᠢᠵᠤ ᠪᠠᠶᠢᠴᠠᠭᠠᠬᠤ ᠶᠢ ᠬᠠᠷᠢᠭᠤᠴᠠᠬᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ | ᠬᠤᠯᠪᠤᠭᠳᠠᠯ ᠪᠦᠬᠦᠢ ᠪᠠᠶᠢᠳᠠᠯ ᠢᠶᠠᠨ ᠨᠢᠭᠤᠨ ᠲᠠᠯᠳᠠᠯᠠᠵᠤ᠂ ᠲᠡᠬᠦᠨ ᠳᠤ ᠬᠤᠳᠠᠯ ᠬᠠᠭᠤᠷᠮᠠᠭ ᠮᠠᠲ᠋ᠧᠷᠢᠶᠠᠯ | ᠬᠠᠨᠭ᠍ᠭᠠᠭᠰᠠᠨ ᠪᠤᠶᠤ ᠠᠵᠢᠯᠯᠠᠭ᠎ᠠ ᠶᠢᠨ ᠪᠠᠶᠢᠳᠠᠯ ᠢᠶᠠᠨ ᠲᠤᠰᠬᠠᠭᠰᠠᠨ ᠦᠨᠡᠨ ᠪᠤᠳᠠᠳᠤ ᠮᠠᠲ᠋ᠧᠷᠢᠶᠠᠯ ᠬᠠᠨᠭ᠍ᠭᠠᠬᠤ ᠶᠢ | ᠲᠡᠪᠴᠢᠭᠰᠡᠨ︔ | ︵ᠲᠦᠷᠪᠡ︶ ᠬᠠᠤᠯᠢ ᠴᠠᠭᠠᠵᠠ᠂ ᠬᠠᠤᠯᠢ ᠲᠤᠭᠳᠠᠭᠠᠯ᠂ ᠲᠦᠷᠢᠮ ᠲᠤᠭᠳᠠᠭᠠᠯ ᠳᠤ ᠲᠤᠭᠳᠠᠭᠠᠭᠰᠠᠨ | ᠬᠠᠤᠯᠢ ᠶᠢ ᠵᠦᠷᠢᠴᠡᠭᠰᠡᠨ ᠪᠤᠰᠤᠳ ᠠᠵᠢᠯᠯᠠᠭ᠎ᠠ᠃ | ᠨᠠᠶᠠᠨ ᠨᠢᠬᠡᠳᠦᠬᠡᠷ ᠵᠦᠢᠯ ᠠᠷᠠᠳ ᠢᠷᠭᠡᠨ᠂ ᠬᠠᠤᠯᠢ ᠶᠢᠨ ᠬᠦᠮᠦᠨ ᠪᠤᠶᠤ ᠪᠤᠰᠤᠳ ᠵᠤᠬᠢᠶᠠᠨ | ᠪᠠᠶᠢᠭᠤᠯᠤᠯᠳᠠ ᠵᠠᠰᠠᠬ ᠵᠠᠬᠢᠷᠭᠠᠨ ᠤ ᠵᠦᠪᠰᠢᠶᠡᠷᠡᠯ ᠠᠪᠤᠭᠰᠠᠨ ᠦᠬᠡᠢ ᠪᠠᠷ ᠬᠠᠤᠯᠢ ᠶᠤᠰᠤᠭᠠᠷ ᠵᠠᠰᠠᠬ ᠵᠠᠬᠢᠷᠭᠠᠨ ᠤ | ᠵᠦᠪᠰᠢᠶᠡᠷᠡᠯ ᠠᠪᠬᠤ ᠶᠤᠰᠤᠳᠠᠢ ᠠᠵᠢᠯᠯᠠᠭ᠎ᠠ ᠶᠢ ᠲᠤᠷ᠎ᠠ ᠪᠠᠷ ᠢᠶᠠᠨ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ | ᠪᠠᠶᠢᠭᠤᠯᠭ᠎ᠠ ᠬᠠᠤᠯᠢ ᠶᠤᠰᠤᠭᠠᠷ ᠠᠷᠭ᠎ᠠ ᠬᠡᠮᠵᠢᠶ᠎ᠠ ᠠᠪᠴᠤ ᠬᠤᠷᠢᠭᠯᠠᠨ ᠵᠤᠭᠰᠤᠭᠠᠬᠤ ᠮᠦᠷᠳᠡᠭᠡᠨ ᠬᠠᠤᠯᠢ ᠶᠤᠰᠤᠭᠠᠷ | ᠵᠠᠰᠠᠭ ᠵᠠᠬᠢᠷᠭᠠᠨ ᠤ ᠰᠢᠳᠭᠡᠯ ᠦᠭᠬᠦ ᠭᠡᠷᠡᠭᠳᠡᠢ︔ ᠶᠠᠯ᠎ᠠ ᠪᠤᠯᠵᠤ ᠪᠦᠷᠢᠯᠳᠦᠭᠰᠡᠨ ᠪᠠᠶᠢᠪᠠᠯ ᠬᠠᠤᠯᠢ ᠶᠤᠰᠤᠭᠠᠷ | ᠡᠷᠡᠬᠦᠦ ᠶᠢᠨ ᠬᠠᠷᠢᠭᠤᠴᠠᠯᠭ᠎ᠠ ᠨᠡᠭᠡᠮᠵᠢᠯᠡᠨ᠎ᠠ᠃ | ᠨᠠᠢᠮᠠᠳᠤᠭᠠᠷ ᠪᠦᠯᠦᠭ ᠲᠠᠭᠠᠯᠳᠤᠭᠤᠯᠤᠭᠰᠠᠨ ᠲᠦᠷᠢᠮ | ᠨᠠᠶᠠᠨ ᠬᠤᠶᠠᠳᠤᠭᠠᠷ ᠵᠦᠢᠯ ᠲᠤᠰ ᠬᠠᠤᠯᠢ ᠳᠤ ᠲᠤᠭᠳᠠᠭᠠᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ | ᠵᠠᠰᠠᠭ ᠵᠠᠬᠢᠷᠭᠠᠨ ᠤ ᠵᠦᠪᠰᠢᠶᠡᠷᠡᠯ ᠢ ᠭᠡᠷᠡᠭᠵᠢᠬᠦᠯᠬᠦ ᠬᠤᠭᠤᠴᠠᠭ᠎ᠠ ᠶᠢ ᠠᠵᠢᠯ ᠤᠨ ᠡᠳᠦᠷ ᠢᠶᠠᠷ ᠪᠤᠳᠤᠨ᠎ᠠ᠂ | ᠬᠠᠤᠯᠢ ᠪᠠᠷ ᠲᠤᠭᠳᠠᠭᠠᠭᠰᠠᠨ ᠠᠮᠠᠷᠠᠯᠳᠠ ᠶᠢᠨ ᠡᠳᠦᠷ ᠢ ᠪᠠᠭᠳᠠᠭᠠᠬᠤ ᠦᠬᠡᠢ᠃ | ᠨᠠᠶᠠᠨ ᠭᠤᠷᠪᠠᠳᠤᠭᠠᠷ ᠵᠦᠢᠯ ᠲᠤᠰ ᠬᠠᠤᠯᠢ ᠶᠢ 2004 ᠤᠨ ᠤ 7 ᠳ᠋ᠤᠭᠠᠷ ᠰᠠᠷ᠎ᠠ ᠶᠢᠨ 1 ᠤ | ᠡᠳᠦᠷ ᠠᠴᠠ ᠡᠬᠢᠯᠡᠵᠤ ᠭᠡᠷᠡᠭᠵᠢᠬᠦᠯᠦᠨ᠎ᠠ᠃ | ᠲᠤᠰ ᠬᠠᠤᠯᠢ ᠶᠢ ᠭᠡᠷᠡᠭᠵᠢᠬᠦᠯᠬᠦ ᠠᠴᠠ ᠡᠮᠦᠨᠡᠬᠢ ᠵᠠᠰᠠᠭ ᠵᠠᠬᠢᠷᠭᠠᠨ ᠤ ᠵᠦᠪᠰᠢᠶᠡᠷᠡᠯ ᠳᠤ ᠬᠤᠯᠪᠤᠭᠳᠠᠬᠤ | ᠲᠤᠭᠳᠠᠭᠠᠯ ᠢ ᠲᠤᠭᠳᠠᠭᠠᠭᠰᠠᠨ ᠪᠠᠶᠢᠭᠤᠯᠭ᠎ᠠ ᠨᠢ ᠲᠤᠰ ᠬᠠᠤᠯᠢ ᠶᠢᠨ ᠲᠤᠭᠳᠠᠭᠠᠯ ᠢ ᠦᠨᠳᠦᠰᠦᠯᠡᠨ ᠡᠮᠬᠢᠯᠡᠨ | ᠴᠡᠭᠴᠡᠯᠡᠬᠦ ᠬᠡᠷᠡᠭᠳᠡᠢ︔ ᠲᠤᠰ ᠬᠠᠤᠯᠢ ᠶᠢᠨ ᠲᠤᠭᠳᠠᠭᠠᠯ ᠳᠤ ᠨᠡᠶᠢᠴᠡᠬᠦ ᠦᠬᠡᠢ ᠪᠠᠶᠢᠪᠠᠯ᠂ ᠲᠤᠰ ᠬᠠᠤᠯᠢ ᠶᠢ ᠡᠬᠢᠯᠡᠨ | ᠬᠡᠷᠡᠭᠵᠢᠬᠦᠯᠦᠭᠰᠡᠨ ᠡᠳᠦᠷ ᠠᠴᠠ ᠭᠡᠷᠡᠭᠵᠢᠬᠦᠯᠬᠦ ᠶᠢ ᠵᠤᠭᠰᠤᠭᠠᠬᠤ ᠬᠡᠷᠡᠭᠲᠡᠢ᠃ |