ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠠᠯᠤᠰᠯᠠᠭᠰᠠᠨ ᠠᠩᠬᠠᠳᠠᠭᠴᠢ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠵᠢᠩᠬᠢᠨᠢ ᠪᠠᠷ ᠡᠬᠢᠯᠡᠨ ᠲᠤᠷᠰᠢᠨ ᠠᠶᠠᠯᠠᠪᠠ
ᠨᠡᠶᠢᠲᠡᠯᠡᠭᠰᠡᠨ ᠴᠠᠭ᠄
2017/7/10
     7 ᠳ᠋ᠤᠭᠠᠷ ᠰᠠᠷ᠎ᠠ ᠶᠢᠨ 8᠎ ᠤ ᠡᠳᠦᠷ ᠤᠨ 7 ᠴᠠᠭ 37 ᠮᠢᠨᠦ᠋ᠲ ᠳᠤ᠂ C1703 ᠤᠳᠠᠭ᠎ᠠ ᠶᠢᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠴᠠᠩᠴᠦ᠋ᠨ ᠦᠷᠲᠡᠭᠡᠨ ᠠᠴᠠ ᠬᠦᠳᠡᠯᠵᠦ ᠤᠯᠠᠭᠠᠨᠬᠤᠲᠠ ᠥᠷᠲᠡᠭᠡ ᠵᠦᠭ ᠠᠶᠠᠯᠠᠪᠠ᠃ ᠡᠨᠡ ᠨᠢ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠠᠯᠤᠰᠯᠠᠭᠰᠠᠨ ᠠᠩᠬᠠᠳᠠᠭᠴᠢ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠠᠶᠠᠯᠠᠯ ᠤᠨ ᠱᠤᠭᠤᠮ — ᠴᠡᠩ ︵ᠴᠠᠩᠴᠦ᠋ᠨ︶ ᠪᠠᠢ ︵ᠪᠠᠶ ᠴᠧᠩ︶ ᠦ᠋ ︵ᠤᠯᠠᠭᠠᠨᠬᠤᠲᠠ︶᠎ ᠶᠢᠨ ᠲᠡᠮᠦᠷ ᠵᠠᠮ ᠤᠨ ᠵᠢᠩᠬᠢᠨᠢ ᠪᠠᠷ ᠡᠬᠢᠯᠡᠨ ᠲᠤᠷᠰᠢᠨ ᠠᠶᠠᠯᠠᠭᠰᠠᠨ ᠢ ᠬᠠᠷᠠᠭᠤᠯᠵᠤ ᠪᠠᠶᠢᠨ᠎ᠠ᠃      ᠴᠡᠩ ᠪᠠᠢ ᠦ᠋ ᠲᠡᠮᠦᠷ ᠵᠠᠮ ᠢ 2014 ᠤᠨ ᠤ 12 ᠳ᠋ᠤᠭᠠᠷ ᠰᠠᠷ᠎ᠠ ᠶᠢᠨ 31᠎ ᠤ ᠡᠳᠦᠷ ᠵᠢᠩᠬᠢᠨᠢ ᠪᠠᠷ ᠡᠬᠢᠯᠡᠨ ᠪᠦᠲᠦᠭᠡᠨ ᠪᠠᠶᠢᠭᠤᠯᠤᠭᠰᠠᠨ ᠪᠦᠭᠡᠳ᠂ ᠴᠠᠩᠴᠦ᠋ᠨ ᠠᠴᠠ ᠪᠠᠶ ᠴᠧᠩ᠂ ᠪᠠᠶ ᠴᠧᠩ ᠠᠴᠠ ᠤᠯᠠᠭᠠᠨᠬᠤᠲᠠ ᠬᠥᠷᠬᠦ ᠨᠢᠭᠡᠨᠲᠡ ᠪᠠᠶᠢᠭ᠎ᠠ ᠲᠡᠮᠦᠷ ᠵᠠᠮ ᠤᠨ ᠴᠢᠳᠠᠮᠵᠢ ᠶᠢ ᠥᠷᠭᠡᠳᠬᠡᠨ ᠦᠭᠡᠷᠡᠴᠢᠯᠡᠵᠦ᠂ ᠬᠤᠣᠰ ᠱᠤᠭᠤᠮᠲᠤ ᠴᠠᠬᠢᠯᠭᠠᠨᠵᠢᠭᠤᠯᠤᠭᠰᠠᠨ ᠵᠠᠶᠢᠷ ᠵᠠᠮ Ⅰ ᠳᠡᠰ ᠤᠨ ᠲᠡᠮᠦᠷ ᠵᠠᠮ ᠪᠤᠯᠭᠠᠪᠠ᠂ ᠵᠢᠷᠤᠵᠤ ᠲᠥᠯᠥᠪᠯᠡᠭᠰᠡᠨ ᠴᠠᠭ ᠤᠨ ᠬᠤᠷᠳᠤᠴᠠ ᠨᠢ 160 ᠺᠢᠯᠣᠮᠧᠲᠷ᠃ ᠴᠡᠩ ᠪᠠᠢ ᠦ᠋ ᠲᠡᠮᠦᠷ ᠵᠠᠮ ᠨᠢ ᠭᠢᠷᠢᠨ ᠮᠤᠵᠢ ᠶᠢᠨ ᠲᠥᠪ ᠴᠠᠩᠴᠦ᠋ᠨ ᠬᠤᠲᠠ ᠠᠴᠠ ᠡᠬᠢᠯᠡᠵᠦ᠂ ᠨᠦᠩ ᠠᠨ ᠰᠢᠶᠠᠨ᠂ ᠰᠦᠩᠶᠤᠸᠠᠨ ᠬᠤᠲᠠ᠂ ᠳ᠋ᠠ ᠠᠨ ᠬᠤᠲᠠ᠂ ᠪᠠᠶ ᠴᠧᠩ ᠬᠤᠲᠠ ᠪᠠᠷ ᠦᠩᠭᠡᠷᠡᠵᠦ᠂ ᠥᠪᠥᠷ ᠮᠣᠩᠭᠤᠯ ᠤᠨ ᠤᠯᠠᠭᠠᠨᠬᠤᠲᠠ ᠳᠤ ᠵᠤᠭᠰᠤᠨ᠎ᠠ᠂ ᠪᠦᠬᠦ ᠣᠷᠳᠣ ᠨᠢ 412 ᠺᠢᠯᠣᠮᠧᠲᠷ ᠪᠠᠶᠢᠵᠤ᠂ 25 ᠲᠡᠷᠭᠡᠨ ᠥᠷᠲᠡᠭᠡᠨ ᠪᠠᠶᠢᠭᠤᠯᠵᠤ᠂ ᠡᠭᠦᠨ ᠳᠤ ᠠᠶᠠᠨᠴᠢᠳ ᠤᠨ ᠲᠡᠭᠡᠭᠡᠪᠦᠷᠢ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠥᠷᠳᠡᠭᠡ 17 ᠪᠠᠶᠢᠨ᠎ᠠ᠃ ᠪᠦᠬᠦ ᠱᠤᠭᠤᠮ ᠳᠤ ᠬᠤᠣᠰ ᠱᠤᠭᠤᠮᠲᠤ ᠣᠨᠴᠠ ᠶᠡᠭᠡ ᠬᠥᠭᠦᠷᠭᠡ 17.3 ᠺᠢᠯᠣᠮᠧᠲᠷ᠂ ᠲᠠᠩ ᠱᠤᠭᠤᠮᠲᠤ ᠬᠥᠭᠦᠷᠭᠡ 1.38 ᠺᠢᠯᠣᠮᠧᠲᠷ ᠰᠢᠨ᠎ᠡ ᠪᠠᠷ ᠪᠠᠶᠢᠭᠤᠯᠵᠤ᠂ ᠵᠠᠮ ᠤᠨ ᠪᠦᠬᠦ ᠤᠷᠲᠤ ᠶᠢᠨ 4.5% ᠡᠵᠡᠯᠡᠵᠡᠢ᠃ ᠭᠠᠭᠴᠠ ᠨᠦᠬᠡ ᠬᠤᠣᠰ ᠵᠠᠮ ᠤᠨ ᠨᠦᠬᠡᠨ ᠵᠠᠮ 1 ᠰᠠᠭᠤᠷᠢ ᠪᠠᠶᠢᠵᠤ᠂ ᠪᠦᠬᠦ ᠤᠷᠲᠤ ᠨᠢ 2.13 ᠺᠢᠯᠣᠮᠧᠲᠷ ᠪᠠᠶᠢᠳᠠᠭ᠃      ᠴᠡᠩ ᠪᠠᠢ ᠦ᠋ ᠲᠡᠮᠦᠷ ᠵᠠᠮ ᠪᠣᠯ ᠵᠡᠭᠦᠨ ᠬᠤᠶᠢᠲᠤ ᠣᠷᠣᠨ ᠤ ᠴᠢᠬᠤᠯᠠ ᠲᠡᠮᠦᠷ ᠵᠠᠮ ᠤᠨ ᠭᠤᠣᠯ ᠱᠤᠭᠤᠮ ᠪᠤᠯᠬᠤ ᠪᠦᠭᠡᠳ᠂ ᠪᠠᠷᠠᠭᠤᠨᠰᠢ ᠪᠠᠢ ᠴᠧᠩ ᠠᠴᠠ ᠷᠠᠰᠢᠶᠠᠨ ᠬᠦᠷᠬᠦ ᠱᠤᠭᠤᠮ᠂ ᠢᠮᠢᠨ ᠠᠴᠠ ᠷᠠᠰᠢᠶᠠᠨ ᠬᠦᠷᠬᠦ ᠱᠤᠭᠤᠮ᠂ ᠰᠢᠯᠢ ᠶᠢᠨ ᠭᠤᠤᠯ ᠠᠴᠠ ᠤᠯᠠᠭᠠᠨᠬᠤᠲᠠ ᠬᠦᠷᠬᠦ ᠱᠤᠭᠤᠮ ᠢᠶᠠᠷ ᠳᠠᠮᠵᠢᠨ ᠬᠥᠯᠥᠨ ᠪᠤᠶᠢᠷ᠂ ᠬᠤᠣᠯᠢᠨ ᠭᠤᠣᠯ ᠵᠢᠴᠢ ᠰᠢᠯᠢ ᠶᠢᠨ ᠭᠤᠤᠯ ᠵᠡᠷᠭᠡ ᠭᠠᠵᠠᠷ ᠤᠷᠤᠨ ᠳᠤ ᠨᠡᠪᠲᠡᠷᠡᠵᠦ᠂ ᠵᠡᠭᠦᠨᠰᠢ ᠪᠠᠨ ᠬᠠᠷᠪᠢᠨ ᠠᠴᠠ ᠳ᠋ᠠᠯᠢᠶᠠᠨ ᠬᠦᠷᠬᠦ᠂ ᠴᠠᠩᠴᠦ᠋ᠨ ᠠᠴᠠ ᠾᠦᠢ ᠴᠦᠨ ᠬᠦᠷᠬᠦ ᠠᠶᠠᠨᠴᠢᠳ ᠤᠨ ᠲᠡᠭᠡᠭᠡᠪᠦᠷᠢ ᠶᠢᠨ ᠲᠤᠰᠬᠠᠢ ᠱᠤᠭᠤᠮ ᠲᠠᠢ ᠵᠠᠯᠭᠠᠯᠳᠤᠵᠤ᠂ ᠵᠡᠭᠦᠨ ᠬᠤᠶᠢᠲᠤ ᠣᠷᠣᠨ ᠤ ᠳᠡᠭᠡᠳᠦ ᠬᠤᠷᠳᠤᠴᠠᠲᠤ ᠲᠡᠮᠦᠷ ᠵᠠᠮ ᠤᠨ ᠲᠣᠣᠷ ᠤᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠴᠡᠩ ᠪᠠᠢ ᠦ᠋ ᠲᠡᠮᠦᠷ ᠵᠠᠮ ᠨᠢ ᠥᠪᠡᠷᠲᠡᠭᠡᠨ ᠵᠠᠰᠠᠬᠤ ᠣᠷᠣᠨ ᠤ ᠣᠷᠣᠨ ᠪᠦᠰᠡ ᠠᠯᠤᠰᠯᠠᠭᠰᠠᠨ ᠠᠩᠬᠠᠳᠠᠭᠴᠢ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠠᠶᠠᠯᠠᠯ ᠤᠨ ᠱᠤᠭᠤᠮ ᠪᠤᠯᠠᠭᠰᠠᠨ ᠤ ᠬᠤᠪᠢ ᠳᠤ᠂ ᠮᠠᠨ ᠤ ᠣᠷᠣᠨ ᠤ ᠵᠡᠭᠦᠨ ᠬᠡᠰᠡᠭ ᠤᠨ ᠤᠯᠠᠭᠠᠨᠬᠤᠲᠠ᠂ ᠭᠢᠷᠢᠨ ᠮᠤᠵᠢ ᠶᠢᠨ ᠳᠤᠮᠳᠠ ᠪᠠᠷᠠᠭᠤᠨ ᠬᠡᠰᠡᠭ ᠤᠨ ᠪᠠᠢ ᠴᠧᠩ᠂ ᠰᠦᠩᠶᠤᠸᠠᠨ ᠵᠡᠷᠭᠡ ᠬᠤᠲᠠ ᠶᠢ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠤ ᠴᠠᠭ ᠦᠶ᠎ᠡ ᠳᠤ ᠤᠷᠤᠭᠤᠯᠵᠤ᠂ ᠠᠷᠠᠳ ᠤᠯᠠᠨ ᠤ ᠠᠶᠠᠯᠠᠯ ᠤᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠵᠠᠮ ᠳᠠᠭᠠᠤ ᠶᠢᠨ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠲᠦᠯᠬᠢᠨ ᠠᠬᠢᠭᠤᠯᠵᠤ᠂ ᠬᠢᠷᠢᠨ᠂ ᠥᠪᠥᠷ ᠮᠣᠩᠭᠤᠯ ᠤᠨ ᠠᠵᠤ ᠠᠬᠤᠶ ᠨᠡᠶᠢᠭᠡᠮ ᠤᠨ ᠬᠦᠭᠵᠢᠯᠲᠡ ᠶᠢ ᠲᠦᠯᠬᠢᠨ ᠠᠬᠢᠭᠤᠯᠬᠤ ᠳᠤ ᠴᠥᠮ ᠴᠢᠬᠤᠯᠠ ᠦᠢᠯᠡᠳᠦᠯ ᠢᠶᠠᠨ ᠪᠠᠳᠠᠷᠠᠭᠤᠯᠬᠤ ᠪᠣᠯᠤᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号