ᠳᠡᠯᠡᠬᠡᠶ ᠶᠢᠨ ᠡᠯᠡᠰᠦᠨ ᠴᠦᠯ ᠭᠤᠪᠢ ᠮᠠᠩᠬ᠎ᠠ ᠶᠢ ᠲᠤᠭᠤᠯᠤᠭᠰᠠᠨ ᠬᠠᠮᠤᠭ ᠤᠨ ᠣᠷᠳᠣ ᠲᠦᠷᠭᠡᠨ ᠬᠤᠷᠳᠤ ᠶᠢᠨ ᠵᠠᠮ ᠤᠷᠤᠭᠰᠢᠲᠠᠢ ᠰᠢᠯᠭᠠᠨ ᠪᠠᠲᠤᠯᠠᠭᠳᠠᠪᠠ
ᠨᠡᠶᠢᠲᠡᠯᠡᠭᠰᠡᠨ ᠴᠠᠭ᠄
2017/7/11
     ᠣᠶᠢᠷ᠎ᠠ ᠳᠤ ᠬᠤᠷᠠᠯᠳᠤᠭᠰᠠᠨ ᠪᠡᠭᠡᠵᠢᠩ ᠠᠴᠠ ᠦᠷᠦᠮᠴᠢ ᠬᠦᠷᠬᠦ ᠲᠦᠷᠭᠡᠨ ᠬᠤᠷᠳᠤ ᠶᠢᠨ ᠵᠠᠮ ᠤᠨ ᠯᠢᠨᠾᠧ ᠠᠴᠠ ᠪᠠᠢ ᠭᠧ ᠳ᠋ᠠ ᠬᠦᠷᠬᠦ ᠬᠡᠰᠡᠭ ᠤᠨ ᠭᠤᠣᠯ ᠱᠤᠭᠤᠮ ᠤᠨ ᠪᠠᠷᠢᠯᠭ᠎ᠠ ᠲᠤᠰᠢᠶᠠᠵᠤ ᠰᠢᠯᠭᠠᠨ ᠬᠤᠷᠢᠶᠠᠬᠤ ᠬᠤᠷᠠᠯ ᠳᠡᠭᠡᠷ᠎ᠡ᠂ ᠪᠡᠭᠡᠵᠢᠩ ᠠᠴᠠ ᠦᠷᠦᠮᠴᠢ ᠬᠦᠷᠬᠦ ᠲᠦᠷᠭᠡᠨ ᠬᠤᠷᠳᠤ ᠶᠢᠨ ᠵᠠᠮ ᠤᠨ ᠯᠢᠨᠾᠧ ᠠᠴᠠ ᠪᠠᠢ ᠭᠧ ᠳ᠋ᠠ ᠬᠦᠷᠬᠦ ᠬᠡᠰᠡᠭ ︵ᠠᠯᠠᠱᠠ ᠪᠤᠯᠤᠨ ᠪᠠᠶᠠᠨᠨᠠᠭᠤᠷ ᠤᠨ ᠬᠢᠯᠢ ᠳᠤᠲᠤᠷ᠎ᠠ ᠪᠤᠶ︶᠎ ᠤᠨ ᠭᠤᠣᠯ ᠱᠤᠭᠤᠮ ᠤᠨ ᠪᠠᠷᠢᠯᠭ᠎ᠠ ᠶᠢᠨ ᠶᠠᠰᠤ ᠴᠢᠨᠠᠷ ᠨᠢ ᠴᠦᠮ ᠬᠢᠷᠢ ᠲᠡᠩᠴᠡᠵᠤ᠂ ᠤᠷᠤᠭᠰᠢᠲᠠᠶ ᠰᠢᠯᠭᠠᠨ ᠪᠠᠲᠤᠯᠠᠭᠳᠠᠪᠠ᠃ ᠤᠳᠤᠬᠠᠨ ᠳᠤ᠂ ᠬᠦᠯᠢᠶᠡᠨ ᠠᠪᠴᠤ ᠬᠠᠮᠢᠶᠠᠷᠬᠤ ᠨᠢᠭᠡᠴᠡ ᠨᠢ ᠶᠠᠭ ᠡᠵᠡᠩᠨᠡᠯᠲᠡ ᠶᠢᠨ ᠦᠢᠯᠡᠴᠢᠯᠡᠭᠡᠨ ᠤ ᠨᠥᠬᠦᠴᠡᠯ ᠢ ᠢᠳᠡᠪᠬᠢᠲᠡᠶ ᠪᠡᠯᠡᠳᠭᠡᠨ ᠪᠦᠷᠢᠨᠰᠢᠬᠦᠯᠵᠤ ᠪᠤᠢ᠂ ᠵᠢᠱᠢᠯᠲᠡ ᠪᠠᠷ 7 ᠳ᠋ᠤᠭᠠᠷ ᠰᠠᠷ᠎ᠠ ᠶᠢᠨ ᠳᠤᠮᠳᠠᠴᠢ ᠪᠠᠷ ᠦᠨᠳᠦᠰᠦᠨ ᠪᠡᠯᠡᠳᠬᠡᠯ ᠠᠵᠢᠯ ᠢᠶᠠᠨ ᠪᠡᠶᠡᠯᠡᠭᠦᠯᠵᠦ᠂ ᠲᠤᠬᠢᠲᠠᠢ ᠴᠠᠭ ᠢ ᠰᠤᠩᠭᠤᠨ ᠲᠡᠷᠭᠡ ᠨᠡᠪᠲᠡᠷᠡᠵᠦ ᠲᠤᠷᠰᠢᠨ ᠠᠶᠠᠯᠠᠬᠤ ᠪᠤᠯᠤᠨ᠎ᠠ᠃      ᠲᠠᠨᠢᠯᠴᠠᠭᠤᠯᠤᠭᠰᠠᠨ ᠢᠶᠠᠷ᠂ ᠪᠡᠭᠡᠵᠢᠩ ᠠᠴᠠ ᠦᠷᠦᠮᠴᠢ ᠬᠦᠷᠬᠦ ᠲᠦᠷᠭᠡᠨ ᠬᠤᠷᠳᠤ ᠶᠢᠨ ᠵᠠᠮ ᠤᠨ  ᠪᠠᠶᠠᠨᠨᠠᠭᠤᠷ ᠲᠠᠬᠢ ᠬᠡᠰᠡᠭ ᠤᠨ ᠭᠤᠣᠯ ᠱᠤᠭᠤᠮ ᠤᠨ ᠪᠦᠬᠦ ᠣᠷᠳᠣ ᠨᠢ 115.92 ᠺᠢᠯᠣᠮᠧᠲᠷ ᠪᠤᠯᠤᠨ᠎ᠠ᠂ ᠲᠥᠷᠥᠯ ᠵᠦᠢᠯ ᠤᠨ ᠡᠬᠢᠯᠡᠯᠲᠡ ᠶᠢᠨ ᠴᠡᠭ ᠨᠢ ᠪᠡᠭᠡᠵᠢᠩ ᠠᠴᠠ ᠲᠥᠪᠡᠳ ᠬᠦᠷᠬᠦ ᠲᠦᠷᠭᠡᠨ ᠬᠤᠷᠳᠤ ᠶᠢᠨ ᠵᠠᠮ ᠤᠨ ᠯᠢᠨᠾᠧ ᠎ ᠪᠠᠷ ᠬᠠᠷᠢᠯᠴᠠᠨ ᠨᠡᠪᠲᠡᠷᠡᠯᠴᠡᠬᠦ ᠵᠠᠮ ᠠᠴᠠ ᠪᠠᠷᠠᠭᠤᠨᠰᠢ ᠪᠠᠨ 2.5 ᠺᠢᠯᠣᠮᠧᠲᠷ ᠭᠠᠵᠠᠷ ᠲᠤ ᠪᠠᠶᠢᠵᠤ᠂ ᠬᠠᠩᠭᠢᠨ ᠬᠤᠶᠢᠲᠤ ᠬᠤᠰᠢᠭᠤ ᠶᠢᠨ ᠱᠠᠮᠪᠠ ᠪᠠᠯᠭᠠᠰᠤ᠂ ᠮᠧᠩ ᠬᠠᠶ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠤᠷᠠᠳ ᠤᠨ ᠬᠤᠶᠢᠲᠤ ᠬᠤᠰᠢᠭᠤᠨ ᠤ ᠳ᠋ᠦᠡᠭᠰᠢᠭᠤᠷ ᠰᠦᠮ᠎ᠡ᠂ ᠴᠢᠩ ᠱᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢᠶᠠᠷ ᠳᠠᠮᠵᠢᠨ᠂ ᠤᠯᠠᠭᠠᠨ ᠪᠤᠬ᠎ᠠ ᠡᠯᠡᠰᠦᠨ ᠴᠦᠯ ᠢ ᠲᠤᠭᠤᠯᠵᠤ᠂ ᠠᠯᠠᠱᠠ ᠠᠶᠢᠮᠠᠭ ᠲᠠᠬᠢ ᠬᠡᠰᠡᠭ ᠲᠠᠢ ᠬᠠᠷᠢᠯᠴᠠᠨ ᠵᠠᠯᠭᠠᠯᠳᠤᠵᠤ ᠪᠤᠢ︔ ᠪᠡᠭᠡᠵᠢᠩ ᠠᠴᠠ ᠦᠷᠦᠮᠴᠢ ᠬᠦᠷᠬᠦ ᠲᠦᠷᠭᠡᠨ ᠬᠤᠷᠳᠤ ᠶᠢᠨ ᠵᠠᠮ ᠤᠨ ᠯᠢᠨᠾᠧ ᠠᠴᠠ ᠪᠠᠢ ᠭᠧ ᠳ᠋ᠠ ᠬᠦᠷᠬᠦ ᠬᠡᠰᠡᠭ ᠤᠨ ᠠᠯᠠᠱᠠ ᠠᠶᠢᠮᠠᠭ ᠤᠨ ᠬᠢᠯᠢ ᠶᠢᠨ ᠳᠤᠲᠤᠷᠠᠬᠢ ᠭᠤᠣᠯ ᠱᠤᠭᠤᠮ ᠤᠨ ᠪᠦᠬᠦ ᠣᠷᠳᠣ ᠨᠢ 814.37 ᠺᠢᠯᠣᠮᠧᠲᠷ ᠪᠠᠶᠢᠵᠤ᠂ ᠡᠬᠢᠯᠡᠯᠲᠡ ᠨᠢ ᠯᠢᠨᠾᠧ ᠳᠤ ᠪᠠᠶᠢᠵᠤ᠂ ᠤᠯᠠᠨᠪᠤᠯᠠᠭ᠂ ᠦᠯᠵᠠᠢ᠂ ᠰᠤᠬᠤᠨᠲᠤ᠂ ᠶᠠᠭᠠᠨ᠂ ᠡᠵᠡᠨ᠎ᠡ᠂ ᠯᠤ᠋ ᠵᠢᠩ ᠢᠶᠠᠷ ᠳᠠᠭᠠᠷᠢᠵᠤ᠂ ᠪᠠᠢ ᠭᠧ ᠳ᠋ᠠ ︵ᠦᠪᠦᠷ ᠮᠣᠩᠭᠤᠯ ᠭᠠᠨᠰᠦ ᠶᠢᠨ ᠵᠠᠭᠠᠭ︶᠎ ᠳᠤ ᠲᠡᠭᠦᠰᠦᠨ᠎ᠡ᠃ ᠬᠤᠶᠠᠷ ᠪᠠᠷᠢᠯᠭ᠎ᠠ ᠶᠢ ᠲᠤᠰ ᠲᠤᠰ 2014 ᠣᠨ ᠤ 9 ᠳ᠋ᠤᠭᠡᠷ ᠰᠠᠷ᠎ᠠ ᠪᠤᠯᠤᠨ 2015 ᠣᠨ ᠤ 4 ᠳ᠋ᠤᠭᠡᠷ ᠰᠠᠷ᠎ᠠ ᠳᠤ ᠪᠠᠷᠢᠯᠭ᠎ᠠ ᠡᠬᠢᠯᠡᠭᠦᠯᠦᠨ ᠪᠦᠳᠦᠭᠡᠨ ᠪᠠᠶᠢᠭᠤᠯᠵᠤ᠂ ᠬᠤᠶᠠᠷ ᠵᠢᠯ ᠭᠠᠷᠤᠶ ᠶᠢᠨ ᠲᠤᠷᠰᠢ᠂ ᠪᠦᠬᠦ ᠱᠤᠭᠤᠮ ᠤᠨ ᠥᠷᠭᠡᠨ ᠤᠯᠠᠨ ᠪᠠᠷᠢᠯᠭ᠎ᠠ ᠶᠢᠨ ᠪᠦᠳᠦᠭᠡᠠ ᠪᠠᠶᠢᠭᠤᠯᠤᠭᠴᠢᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠤᠯᠤᠨ ᠡᠭᠦᠷᠭᠡᠲᠦ ᠰᠡᠳᠬᠢᠯᠭᠡ ᠡᠪᠦᠷᠯᠡᠨ᠂ ᠳᠠᠪᠬᠤᠷ ᠳᠠᠪᠬᠤᠷ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠡᠳᠦᠷᠵᠢᠨ ᠰᠥᠨᠢᠵᠢᠨ ᠠᠵᠢᠯᠯᠠᠵᠤ᠂ ᠡᠨᠡᠬᠦ ︽ᠳᠡᠰ ᠠᠴᠠ ᠳᠠᠪᠠᠭᠰᠠᠨ ᠢᠨᠵᠧᠨᠧᠷᠢᠩ︾ ᠬᠡᠮᠡᠨ ᠨᠡᠷᠡᠯᠡᠭᠳᠡᠭᠰᠡᠨ ᠳᠡᠯᠡᠬᠡᠶ ᠶᠢᠨ ᠡᠯᠡᠰᠦᠨ ᠴᠦᠯ᠂ ᠭᠤᠪᠢ ᠮᠠᠩᠬ᠎ᠠ ᠶᠢ ᠲᠤᠭᠤᠯᠤᠭᠰᠠᠨ ᠬᠠᠮᠤᠭ ᠤᠨ ᠣᠷᠳᠣ ᠲᠦᠷᠭᠡᠨ ᠬᠤᠷᠳᠤ ᠶᠢᠨ ᠵᠠᠮ ᠤᠨ ᠪᠠᠶᠢᠭᠤᠯᠤᠯᠲᠠ ᠶᠢ ᠴᠠᠭ ᠲᠤᠨᠢ ᠴᠢᠨᠠᠷ ᠲᠠᠢ ᠪᠠᠷ ᠪᠡᠶᠡᠯᠡᠬᠦᠯᠦᠭᠰᠡᠨ ᠪᠠᠶᠢᠨ᠎ᠠ᠃      ᠪᠡᠭᠡᠵᠢᠩ ᠠᠴᠠ ᠦᠷᠦᠮᠴᠢ ᠬᠦᠷᠬᠦ ᠲᠦᠷᠭᠡᠨ ᠬᠤᠷᠳᠤ ᠶᠢᠨ ᠵᠠᠮ ᠤᠨ ᠯᠢᠨᠾᠧ ᠠᠴᠠ ᠪᠠᠢ ᠭᠧ ᠳ᠋ᠠ ᠬᠦᠷᠬᠦ ᠬᠡᠰᠡᠭ ᠤᠨ ᠠᠯᠠᠱᠠ ᠠᠶᠢᠮᠠᠭ ᠲᠠᠬᠢ ᠪᠠᠶᠢᠭᠤᠯᠬᠤ ᠪᠠ ᠬᠠᠮᠢᠶᠠᠷᠬᠤ ᠠᠯᠪᠠᠨ ᠭᠡᠷ ᠤᠨ ᠡᠷᠬᠢᠯᠡᠭᠴᠢ ᠳ᠋ᠦ᠋ ᠽᠢ ᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠤᠰ ᠲᠦᠷᠭᠡᠨ ᠬᠤᠷᠳᠤ ᠶᠢᠨ ᠵᠠᠮ ᠨᠡᠪᠲᠡᠷᠡᠭᠰᠡᠨ ᠠᠴᠠ᠂ ᠠᠯᠠᠱᠠ ᠠᠶᠢᠮᠠᠭ ᠤᠨ ᠲᠦᠷᠭᠡᠨ ᠬᠤᠷᠳᠤ ᠶᠢᠨ ᠵᠠᠮ ᠤᠨ ᠵᠠᠮ ᠤᠨ ᠤᠷᠲᠤ ᠨᠢ 933 ᠺᠢᠯᠣᠮᠧᠲᠷ ᠲᠤ ᠬᠦᠷᠴᠦ᠂ 2015 ᠣᠨ ᠤ ᠬᠢ ᠠᠴᠠ 7.8 ᠳᠠᠬᠢᠨ ᠨᠡᠮᠡᠭᠳᠡᠪᠡ᠃ ᠪᠡᠭᠡᠵᠢᠩ ᠠᠴᠠ ᠦᠷᠦᠮᠴᠢ ᠬᠦᠷᠬᠦ ᠲᠦᠷᠭᠡᠨ ᠬᠤᠷᠳᠤ ᠶᠢᠨ ᠵᠠᠮ ᠢ ᠪᠠᠶᠢᠭᠤᠯᠤᠭᠰᠠᠨ ᠤ ᠳᠠᠷᠠᠭ᠎ᠠ᠂ ᠠᠯᠠᠱᠠ ᠠᠶᠢᠮᠠᠭ ᠨᠢ ︽ᠡᠮᠦᠨᠡᠰᠢ ᠪᠠᠨ ᠬᠤᠯᠪᠤᠯᠳᠤᠵᠤ ᠤᠮᠠᠷᠠᠰᠢ ᠪᠠᠨ ᠨᠡᠭᠡᠭᠡᠵᠤ᠂ ᠵᠡᠭᠦᠨ ᠪᠠᠷᠠᠭᠤᠨ ᠢ ᠰᠤᠨᠳᠠᠯᠠᠭᠰᠠᠨ︾  ᠵᠠᠰᠠᠮᠠᠯ ᠵᠠᠮ ᠤᠨ ᠲᠣᠣᠷ ᠢ ᠪᠦᠷᠢᠯᠳᠦᠬᠦᠯᠵᠤ᠂ ᠠᠯᠠᠱᠠ ᠶᠢ ᠤᠯᠤᠰ ᠤᠨ ︽ᠨᠢᠭᠡ ᠪᠦᠰᠡ ᠨᠢᠭᠡ ᠵᠠᠮ︾ ᠪᠤᠯᠤᠨ ︽ᠤᠮᠠᠷᠠᠰᠢ ᠨᠡᠭᠡᠭᠡᠯᠲᠡ ᠬᠢᠬᠦ︾ ᠬᠥᠭᠵᠢᠯᠲᠡ ᠳᠤ ᠠᠭᠤᠰᠬᠠᠨ ᠤᠷᠤᠭᠤᠯᠬᠤ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠡᠭᠦᠨ ᠤ ᠬᠠᠮᠲᠤ᠂ ᠲᠤᠰ ᠲᠦᠷᠭᠡᠨ ᠬᠤᠷᠳᠤ ᠶᠢᠨ ᠵᠠᠮ ᠢ ᠪᠠᠶᠢᠭᠤᠯᠤᠨ ᠲᠡᠷᠭᠡ ᠨᠡᠪᠲᠡᠷᠡᠪᠡᠯ᠂ ᠡᠬᠡ ᠤᠯᠤᠰ ᠤᠨ ᠤᠮᠠᠷᠠᠲᠤ ᠬᠡᠰᠡᠭ ᠠᠴᠠ ᠰᠢᠨᠵᠢᠶᠠᠩ ᠳᠤ ᠬᠦᠷᠬᠦ ᠬᠠᠮᠤᠭ ᠤᠨ ᠲᠦᠷᠭᠡᠨ ᠪᠥᠭᠡᠳ ᠬᠠᠮᠤᠭ ᠤᠨ ᠳᠥᠲᠡ ᠳᠠᠷᠳᠠᠩ ᠵᠠᠮ ᠢ ᠨᠡᠭᠡᠭᠡᠵᠤ᠂ ᠪᠡᠭᠡᠵᠢᠩ ᠠᠴᠠ ᠰᠢᠨᠵᠢᠶᠠᠩ ᠬᠦᠷᠬᠦ ᠠᠶᠠᠯᠠᠯ ᠤᠨ ᠵᠠᠶ ᠶᠢ 1300 ᠺᠢᠯᠣᠮᠧᠲᠷ ᠰᠢᠬᠠᠮ ᠪᠣᠭᠤᠨᠢᠰᠬᠠᠵᠤ᠂ ᠰᠢᠨᠵᠢᠶᠠᠩ ᠤᠨ ᠬᠤᠷᠭᠤᠰ ᠪᠣᠭᠤᠮᠲᠠ ᠠᠴᠠ ᠲᠢᠶᠠᠨᠵᠢᠨ ᠭᠠᠷᠠᠮ ᠬᠦᠷᠬᠦ ᠬᠤᠶᠢᠲᠤ ᠬᠡᠰᠡᠭ ᠤᠨ ᠬᠢᠯᠢ ᠳᠠᠭᠠᠤ ᠣᠷᠣᠨ ᠤ ᠳᠠᠯᠠᠢ ᠳᠤ ᠨᠡᠪᠲᠡᠷᠡᠬᠦ ᠬᠠᠮᠤᠭ ᠤᠨ ᠲᠦᠷᠭᠡᠨ ᠵᠠᠮ ᠢ ᠨᠡᠭᠡᠭᠡᠵᠤ᠂ ︽ᠲᠣᠷᠭᠠᠨ ᠵᠠᠮ︾᠎ ᠤᠨ ᠠᠵᠤ ᠠᠬᠤᠶ ᠶᠢᠨ ᠪᠦᠰᠡ ᠳᠡᠭᠡᠷᠡᠬᠢ ᠪᠠᠰᠠ ᠨᠢᠭᠡᠨ ᠠᠵᠤ ᠠᠬᠤᠶ ᠶᠢᠨ ᠲᠣᠮᠣ ᠰᠤᠳᠠᠯ ᠪᠤᠯᠬᠤ ᠶᠤᠮ ᠬᠡᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号