| | | ᠰᠤᠷᠪᠤᠯᠵᠢᠯᠠᠭᠰᠠᠨ ᠴᠠᠭ᠄ | 2017 ᠤᠨ ᠤ 6 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨᠠᠬᠢ 3 ᠴᠠᠭ ᠲᠤ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠣᠣ | ᠶᠦᠩ ᠬᠤᠸᠠ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠤᠶᠢᠷ᠎ᠡ ᠳᠤ᠂ ᠪᠢᠳᠡ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ | ᠳᠡᠳ᠋ ᠳᠠᠷᠤᠭ᠎ᠠ ᠵᠣᠣ ᠶᠦᠩ ᠬᠤᠸᠠ ᠶᠢ ︽ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠵᠤ᠂ | ᠮᠠᠨ ᠤ ᠣᠷᠣᠨ ᠤ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠤᠬᠠᠶ ᠣᠯᠠᠨ ᠲᠠᠢ ᠰᠦᠯᠵᠢᠶᠡᠨ ᠳᠡᠭᠡᠷ᠎ᠡ | ᠰᠠᠨᠠᠯ ᠢᠶᠠᠨ ᠰᠤᠯᠢᠯᠴᠠᠵᠤ᠂ ᠰᠦᠯᠵᠢᠶᠡᠨ ᠤ ᠨᠠᠶᠢᠵᠠ ᠨᠠᠷ ᠤᠨ ᠠᠰᠠᠭᠤᠯᠲᠠ ᠶᠢ ᠬᠠᠷᠢᠭᠤᠯᠬᠤ ᠪᠤᠯᠤᠨ᠎ᠠ᠃ | ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ︕ | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | ᠬᠥᠲᠥᠯᠥᠭᠴᠢ᠄ | ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ ᠤᠤ︕ ᠲᠠ ᠪᠦᠬᠦᠨ ᠤ ᠲᠣᠰ ᠬᠤᠭᠤᠴᠠᠭᠠᠨ ᠤ ︽ | ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠢ ᠭᠥᠯᠢᠶᠡᠨ | ᠠᠪᠴᠤ ᠦᠵᠡᠬᠦ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ ᠲᠠᠷᠢᠶᠠᠯᠠᠩ | ᠮᠠᠯ ᠠᠵᠤ ᠠᠬᠤᠶ ᠶᠢᠨ ᠲᠢᠩᠬᠢᠮ ᠤᠨ ᠳᠡᠳ᠋ ᠳᠠᠷᠤᠭ᠎ᠠ ᠵᠣᠣ ᠶᠦᠩ ᠬᠤᠸᠠ ᠪᠤᠯᠤᠨ᠎ᠠ᠂ ᠮᠠᠨ ᠤ ᠣᠷᠣᠨ ᠤ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠲᠤᠬᠠᠶ ᠦᠷᠭᠡᠨ ᠣᠯᠠᠨ ᠰᠦᠯᠵᠢᠶᠡᠨ ᠠᠨᠳᠠ ᠨᠠᠷ ᠲᠠᠢ ᠰᠦᠯᠵᠢᠶᠡᠨ ᠳᠡᠭᠡᠷ᠎ᠡ | ᠰᠠᠨᠠᠯ ᠢᠶᠠᠨ ᠰᠤᠯᠢᠯᠴᠠᠬᠤ ᠪᠦᠭᠡᠳ ᠠᠰᠠᠭᠤᠯᠲᠠ ᠶᠢ ᠬᠠᠷᠢᠭᠤᠯᠬᠤ ᠪᠤᠯᠤᠨ᠎ᠠ᠃ ᠵᠣᠣ ᠳᠠᠷᠤᠭ᠎ᠠ ᠡ᠂ ᠲᠠᠨ ᠢ | ᠪᠠᠶᠠᠷᠯᠠᠨ ᠤᠭᠲᠤᠵᠤ ᠪᠠᠶᠢᠨ᠎ᠠ︕ | ᠵᠣᠣ ᠶᠦᠩ ᠬᠤᠸᠠ᠄ | ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ︕ ᠠᠳᠡ ᠲᠠ ᠪᠦᠬᠦᠨ ᠲᠠᠢ | ᠰᠠᠨᠠᠯ ᠢᠶᠠᠨ ᠰᠣᠯᠢᠯᠴᠠᠬᠤ ᠪᠤᠯᠤᠭᠰᠠᠨ ᠳᠠᠭᠠᠨ ᠮᠠᠰᠢ ᠪᠠᠶᠠᠷᠯᠠᠵᠤ ᠪᠠᠶᠢᠨ᠎ᠠ᠃ | ᠬᠥᠲᠥᠯᠥᠭᠴᠢ᠄ | ᠵᠣᠣ ᠳᠠᠷᠤᠭ᠎ᠠ ᠡ᠂ ᠪᠦᠬᠦ ᠶᠠᠳᠠᠭᠤ ᠶᠢ ᠲᠡᠳᠬᠦᠬᠦ ᠠᠵᠢᠯ ᠤᠨ ᠳᠤᠮᠳᠠ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠶᠢᠨ ᠴᠢᠬᠤᠯᠠ ᠠᠴᠢ ᠬᠤᠯᠪᠤᠭᠳᠠᠯ ᠢ ᠲᠠᠨᠢᠯᠴᠠᠭᠤᠯᠵᠤ ᠦᠭᠭᠦᠨ᠎ᠡ ᠤᠤ︖ | ᠵᠣᠣ ᠶᠦᠩ ᠬᠤᠸᠠ᠄ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠪᠣᠯ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠬᠤ ᠦᠨᠳᠦᠰᠦᠨ ᠲᠦᠰᠢᠭ ᠮᠥᠨ᠂ ᠶᠠᠳᠠᠭᠤ ᠬᠦᠴᠢᠷᠳᠡᠯ ᠲᠠᠢ ᠭᠠᠵᠠᠷ ᠣᠷᠣᠨ ᠤ ᠥᠪᠡᠷ ᠢ ᠪᠠᠨ | ᠬᠥᠭᠵᠢᠭᠦᠯᠬᠦ ᠴᠢᠳᠠᠪᠤᠷᠢ ᠶᠢ ᠨᠢ ᠨᠡᠮᠡᠭᠳᠡᠭᠦᠯᠬᠦ ᠴᠢᠬᠤᠯᠠ ᠠᠷᠭ᠎ᠠ ᠬᠡᠮᠵᠢᠶ᠎ᠡ ᠮᠥᠨ᠂ ᠶᠠᠳᠠᠭᠤ ᠶᠢ ᠲᠡᠳᠬᠦᠬᠦ ᠪᠤᠰᠤᠳ | ᠠᠷᠭ᠎ᠠ ᠬᠡᠮᠵᠢᠶ᠎ᠡ ᠶᠢᠨ ᠤᠷᠳᠤ ᠤᠳᠠᠭᠠᠨ ᠪᠣᠳᠠᠲᠤ ᠦᠷ᠎ᠡ ᠪᠦᠲᠦᠮᠵᠢ ᠤᠯᠬᠤ ᠶᠢᠨ ᠴᠢᠬᠤᠯᠠ ᠰᠠᠭᠤᠷᠢ ᠮᠥᠨ᠂ | ᠣᠨᠳᠣᠤ ᠭᠠᠵᠠᠷ ᠲᠤ ᠨᠡᠭᠦᠯᠭᠡᠬᠦ᠂ ᠠᠮᠢ ᠠᠬᠤᠶ ᠶᠢ ᠬᠠᠮᠠᠭᠠᠯᠠᠬᠤ᠂ ᠰᠤᠷᠭᠠᠨ ᠬᠥᠮᠦᠵᠢᠯ ᠢᠶᠠᠷ ᠶᠠᠳᠠᠭᠤ ᠠᠴᠠ | ᠠᠩᠭᠢᠵᠢᠷᠠᠭᠤᠯᠬᠤ ᠶᠢ ᠬᠦᠭᠵᠢᠭᠦᠯᠬᠦ ᠨᠢ ᠪᠦᠷ ᠠᠵᠤ ᠦᠢᠯᠡᠰ ᠢ ᠬᠥᠭᠵᠢᠭᠦᠯᠬᠦ ᠪᠠᠷ ᠳᠠᠮᠵᠢᠭᠤᠯᠤᠨ ᠤᠷᠲᠤ | ᠬᠤᠭᠤᠴᠠᠭᠠᠨ᠎ᠠ ᠣᠷᠣᠯᠭ᠎ᠠ ᠶᠢᠨ ᠲᠣᠭᠲᠠᠭᠤᠨ ᠨᠡᠮᠡᠭᠳᠡᠯ ᠢ ᠪᠡᠶᠡᠯᠡᠭᠦᠯᠦᠨ᠎ᠡ᠃ ᠨᠠᠮ ᠤᠨ ᠲᠥᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠵᠤ᠂ ︽13·5︾ ᠶᠢᠨ ᠲᠥᠯᠥᠪᠵᠢᠭᠦᠯᠭᠡ ᠶᠢᠨ ᠬᠦᠲᠦᠯᠪᠦᠷᠢ ᠳᠤ ᠠᠵᠤ ᠦᠢᠯᠡᠰ ᠢᠶᠠᠷ ᠶᠠᠳᠠᠭᠤ ᠶᠢ | ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠨᠠᠢᠮᠠᠨ ᠭᠤᠣᠯᠳᠠᠯᠭ᠎ᠠ ᠲᠠᠢ ᠢᠨᠵᠧᠨᠧᠷᠢᠩ ᠤᠨ | ᠲᠡᠷᠢᠭᠦᠨ ᠳᠤ ᠲᠠᠯᠪᠢᠪᠠ᠃ | ᠶᠡᠷᠦᠩᠬᠡᠶ ᠱᠦᠵᠢ ᠰᠢ ᠶᠢᠨ ᠫᠢᠩ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠶᠢ ᠬᠡᠷᠡᠭᠵᠢᠭᠦᠯᠬᠦ ᠲᠤᠬᠠᠶ | ᠲᠣᠳᠣᠷᠬᠠᠶ ᠱᠠᠭᠠᠷᠳᠠᠯᠭ᠎ᠠ ᠳᠤᠷᠠᠳᠤᠭᠰᠠᠨ ᠪᠥᠭᠡᠳ ᠤᠯᠠᠨᠲᠠ ᠴᠢᠬᠤᠯᠠᠴᠢᠯᠠᠭᠰᠠᠨ ᠶᠤᠮ᠄ ︽ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠪᠣᠯ ᠲᠦᠢᠯ ᠤᠨ ᠴᠢᠬᠤᠯᠠ ᠶᠤᠮ᠂ ᠠᠵᠤ ᠤᠶᠢᠯᠡᠰ ᠢ ᠬᠥᠭᠵᠢᠯᠲᠡ ᠶᠢᠨ ᠬᠡᠷᠡᠭᠴᠡᠭᠡ ᠳᠤ | ᠵᠣᠬᠢᠴᠠᠭᠤᠯᠤᠨ᠂ ᠪᠣᠳᠠᠲᠠᠶ ᠪᠠᠶᠢᠳᠠᠯ ᠳᠠᠭᠠᠨ ᠲᠤᠬᠢᠷᠠᠭᠤᠯᠵᠤ᠂ ᠰᠢᠨ᠎ᠡ ᠶᠢ ᠡᠭᠦᠳᠦᠨ ᠲᠡᠭᠦᠯᠳᠡᠷᠵᠢᠭᠦᠯᠬᠦ ᠬᠡᠷᠡᠭᠲᠡᠢ︾ | ᠭᠡᠵᠡᠢ᠃ ᠤᠳᠤᠬᠠᠨ ᠳᠤ᠂ ᠮᠠᠨ ᠤ ᠣᠷᠣᠨ ᠤ ᠶᠠᠳᠠᠭᠤ ᠬᠦᠴᠢᠷᠳᠡᠯᠲᠡᠶ ᠭᠠᠵᠠᠷ ᠣᠷᠣᠨ ᠤ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠣᠷᠣᠰᠢᠨ ᠲᠣᠭᠲᠠᠨᠢᠬᠤ ᠪᠠᠶᠢᠭᠠᠯᠢ ᠶᠢᠨ ᠨᠥᠬᠦᠴᠡᠯ ᠪᠠᠷᠤᠭᠲᠠᠶ᠂ ᠭᠠᠵᠠᠷ ᠣᠷᠣᠨ ᠨᠢ ᠪᠦᠢᠳᠠ | ᠪᠥᠭᠯᠡᠭᠦᠦ᠂ ᠰᠠᠭᠤᠷᠢ ᠪᠡᠯᠡᠳᠬᠡᠮᠵᠢ ᠪᠠᠭᠤᠷᠠᠶ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠠᠷᠭ᠎ᠠ | ᠬᠡᠯᠪᠡᠷᠢ ᠬᠤᠴᠣᠷᠤᠩᠭᠤᠶ᠂ ᠰᠣᠶᠣᠯ ᠤᠨ ᠬᠢᠷᠢ ᠬᠡᠮᠵᠢᠶ᠎ᠡ ᠨᠢ ᠨᠡᠯᠢᠶᠡᠳ ᠳᠣᠣᠷ᠎ᠠ᠂ ᠶᠠᠳᠠᠭᠤ ᠬᠦᠴᠢᠷᠳᠡᠯᠲᠡᠶ ᠪᠠᠶᠢᠭ᠎ᠠ | ᠬᠡᠮᠵᠢᠶ᠎ᠡ ᠨᠢ ᠶᠡᠭᠡ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠬᠦᠴᠢᠷᠳᠡᠯ ᠶᠡᠭᠡ᠂ ᠶᠠᠳᠠᠭᠤ ᠠᠴᠠ | ᠠᠩᠭᠢᠵᠢᠷᠠᠭᠤᠯᠬᠤ ᠥᠪᠡᠷ ᠤᠨ ᠦᠷᠳᠡᠭ ᠥᠨᠳᠥᠷ ᠪᠠᠶᠢᠵᠤ᠂ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠶᠠᠪᠤᠳᠠᠯ ᠰᠢᠪᠲᠤᠯᠤᠯᠲᠠ ᠶᠢᠨ ᠱᠠᠲᠤᠨ ᠳᠤ ᠤᠷᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ | ᠪᠡᠶᠡᠯᠡᠭᠦᠯᠬᠦ ᠳᠤ ᠠᠵᠤ ᠦᠢᠯᠡᠰ ᠤᠨ ᠬᠥᠭᠵᠢᠯᠲᠡ ᠵᠠᠩᠭᠢᠯᠠᠭ᠎ᠠ ᠪᠤᠯᠵᠤ ᠪᠠᠶᠢᠨ᠎ᠠ᠃ | ᠬᠥᠲᠥᠯᠥᠭᠴᠢ᠄ | ᠵᠣᠣ ᠳᠠᠷᠤᠭ᠎ᠠ᠂ ᠮᠠᠨ ᠤ ᠣᠷᠣᠨ ᠳᠤ ᠢᠳᠡᠰᠢᠨ ᠬᠤᠨᠢᠨ ᠤ ᠠᠵᠤ ᠤᠶᠢᠯᠡᠰ ᠢ ᠬᠡᠷᠬᠢᠨ ᠬᠦᠭᠵᠢᠭᠦᠯᠬᠦ ᠲᠤᠬᠠᠢ | ᠲᠠᠨᠢᠯᠴᠠᠭᠤᠯᠵᠤ ᠦᠭᠭᠦᠨ᠎ᠡ ᠤᠤ︖ | ᠵᠣᠣ ᠶᠦᠩ ᠬᠤᠸᠠ᠄ | ᠢᠳᠡᠰᠢᠨ ᠬᠤᠨᠢ ᠪᠣᠯ ᠥᠪᠥᠷ ᠮᠣᠩᠭᠤᠯ ᠤᠨ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠮᠥᠨ᠂ ᠬᠤᠨᠢᠨ | ᠮᠢᠬᠠᠨ ᠤ ᠭᠠᠷᠤᠯᠲᠠ ᠪᠦᠬᠦ ᠤᠯᠤᠰ ᠲᠤ ᠤᠷᠤᠶᠢᠯᠠᠭᠰᠠᠭᠠᠷ ᠢᠷᠡᠪᠡ᠃ ᠬᠠᠷᠢᠨ᠂ ᠤᠶᠢᠷ᠎ᠠ ᠶᠢᠨ ᠬᠡᠳᠦᠨ ᠵᠢᠯ ᠳᠤ | ᠬᠤᠨᠢᠨ ᠮᠢᠬᠠᠨ ᠤ ᠦᠨ᠎ᠡ ᠶᠡᠭᠡ ᠪᠠᠷ ᠪᠠᠭᠤᠷᠠᠵᠤ᠂ ᠵᠢᠩ ᠪᠦᠷᠢ ᠳᠡᠭᠡᠨ 14 ᠲᠥᠭᠦᠷᠢᠭ ᠪᠠᠶᠢᠭᠰᠠᠨ ᠠᠴᠠ ᠪᠠᠨ 6 | ᠲᠥᠭᠦᠷᠢᠭ ᠪᠤᠯᠤᠨ ᠪᠠᠭᠤᠷᠠᠵᠤ᠂ ᠮᠠᠯᠴᠢᠳ ᠲᠠᠷᠢᠶᠠᠴᠢᠳ ᠬᠤᠨᠢ ᠮᠠᠯᠵᠢᠪᠠᠯ ᠬᠤᠬᠢᠷᠠᠯ ᠳᠤ ᠤᠴᠠᠷᠠᠵᠤ ᠬᠤᠨᠢ ᠪᠠᠨ | ᠰᠦᠷᠦᠭ ᠰᠦᠷᠦᠭ ᠢᠶᠠᠷ ᠨᠢ ᠬᠤᠳᠠᠯᠳᠤᠵᠤ ᠪᠠᠶᠢᠨ᠎ᠠ᠃ ᠵᠠᠷᠢᠮ ᠬᠥᠮᠦᠨ ᠬᠤᠨᠢᠨ ᠮᠢᠬᠠᠨ ᠤ ᠦᠨ᠎ᠡ ᠬᠠᠩᠰᠢ | ᠦᠰᠬᠦ ᠳᠤ ᠯᠡ ᠬᠦᠰᠡᠯ ᠨᠠᠶᠢᠳᠠᠯᠭ᠎ᠠ ᠪᠠᠨ ᠲᠠᠯᠪᠢᠵᠤ ᠪᠠᠶᠢᠨ᠎ᠠ᠂ ᠭᠡᠲᠡᠯ᠎ᠡ ᠳᠡᠯᠡᠬᠡᠢ ᠶᠢᠨ ᠵᠠᠬ᠎ᠠ ᠳᠡᠯᠭᠡᠭᠦᠷ ᠠᠴᠠ | ᠠᠪᠴᠤ ᠦᠵᠡᠪᠡᠯ᠂ ᠳᠤᠮᠳᠠᠳᠤ ᠤᠯᠤᠰ ᠤᠨ ᠬᠤᠨᠢᠨ ᠮᠢᠬᠠᠨ ᠤ ᠦᠨ᠎ᠡ ᠥᠨᠳᠥᠷ ᠲᠤ ᠲᠤᠭᠠᠴᠠᠭᠳᠠᠨ᠎ᠠ᠃ | ᠪᠠᠶᠢᠴᠠᠭᠠᠨ ᠰᠤᠳᠤᠯᠤᠯᠲᠠ ᠬᠢᠬᠦ ᠪᠠᠷ ᠲᠡᠮᠵᠢᠠ᠂ ᠪᠢᠳᠡ ᠢᠳᠡᠰᠢᠨ ᠬᠤᠨᠢ ᠲᠡᠵᠢᠭᠡᠨ ᠦᠷᠡᠵᠢᠭᠦᠯᠵᠦ ᠣᠷᠣᠯᠭ᠎ᠠ ᠪᠠᠨ | ᠨᠡᠮᠡᠭᠳᠡᠭᠦᠯᠬᠦ ᠰᠢᠨ᠎ᠡ ᠠᠷᠭ᠎ᠠ ᠵᠠᠮ ᠢ ᠡᠷᠢᠵᠦ ᠣᠯᠤᠭᠰᠠᠨ ᠪᠠᠶᠢᠨ᠎ᠠ᠄ ᠳᠡᠯᠡᠬᠡᠶ ᠶᠢᠨ ᠳᠡᠰ ᠤᠨ ᠰᠢᠯᠢᠳᠡᠭ ᠡᠭᠦᠯᠳᠡᠷ ᠤᠨ | ᠲᠤᠰᠬᠠᠶ ᠢᠳᠡᠰᠢᠨ ᠬᠤᠨᠢᠨ ᠤ ᠡᠭᠦᠯᠳᠡᠷ ᠲᠤ ᠠᠦ᠋ᠰᠲᠷᠠᠯᠢᠶ᠎ᠠ ᠶᠢᠨ ᠴᠠᠭᠠᠨ ᠬᠤᠨᠢ᠂ ᠳ᠋ᠦ᠋ ᠫᠦᠸᠧ ᠬᠤᠨᠢ ᠶᠢ ᠲᠤᠰ | ᠭᠠᠵᠠᠷ ᠤᠨ ᠬᠤᠨᠢ ᠯᠤᠭ᠎ᠠ ᠡᠷᠯᠢᠰᠵᠢᠭᠦᠯᠵᠦ᠂ 4 ᠰᠠᠷ᠎ᠠ ᠪᠣᠯᠤᠭᠰᠠᠨ ᠬᠤᠷᠠᠭ᠎ᠠ ᠨᠢᠭᠡ ᠪᠦᠷᠢ ᠠᠴᠠ 200 -300 | ᠲᠥᠭᠦᠷᠢᠭ ᠤᠨ ᠤᠷᠤᠯᠭ᠎ᠠ ᠨᠡᠮᠡᠭᠳᠡᠵᠦ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠤᠨ ᠴᠢᠨᠡᠭᠡᠯᠢᠭᠵᠢᠬᠦ ᠵᠠᠮ ᠢ ᠡᠷᠢᠵᠦ ᠤᠯᠤᠭᠰᠠᠨ ᠪᠠᠶᠢᠨ᠎ᠠ᠃ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠭᠤᠣᠯᠳᠠᠯᠭ᠎ᠠ ᠲᠠᠢ ᠬᠤᠰᠢᠭᠤ ᠰᠢᠶᠠᠨ᠂ ᠭᠤᠣᠯᠳᠠᠯᠭ᠎ᠠ ᠲᠠᠢ ᠭᠠᠴᠠᠭ᠎ᠠ ᠲᠣᠰᠬᠤᠨ ᠮᠢᠬ᠎ᠠ ᠰᠠᠶᠢᠲᠠᠢ ᠳ᠋ᠦ᠋ | ᠫᠦᠸᠧ ᠬᠤᠨᠢ᠂ ᠠᠦ᠋ᠰᠲᠷᠠᠯᠢᠶ᠎ᠠ ᠶᠢᠨ ᠴᠠᠭᠠᠨ ᠬᠤᠨᠢ ᠶᠢ ᠢᠳᠡᠪᠬᠢᠲᠡᠢ ᠤᠷᠤᠭᠤᠯᠵᠤ᠂ ᠭᠠᠴᠠᠭ᠎ᠠ ᠲᠤᠰᠬᠤᠨ ᠢᠶᠠᠷ | ᠨᠢᠭᠡᠴᠡ ᠪᠤᠯᠭᠠᠨ ᠭᠠᠷ ᠬᠡᠭᠡᠯᠲᠦᠭᠦᠯᠭᠡ ᠶᠢᠨ ᠦᠷᠳᠡᠭᠡ ᠪᠠᠶᠢᠭᠤᠯᠵᠤ᠂ ᠬᠡᠭᠡᠯᠳᠦᠯᠭᠦᠯᠭᠡ ᠶᠢᠨ ᠠᠵᠢᠯᠲᠠᠨ ᠬᠦᠮᠦᠵᠢᠭᠦᠯᠬᠦ᠂ | ᠬᠤᠴᠠ ᠲᠣᠬᠢᠷᠠᠭᠤᠯᠬᠤ ᠵᠡᠷᠭᠡ ᠠᠷᠭ᠎ᠠ ᠬᠡᠯᠪᠡᠷᠢ ᠪᠠᠷ ᠤᠳᠤ ᠪᠠᠶᠢᠭ᠎ᠠ ᠡᠮ᠎ᠡ ᠬᠤᠨᠢ ᠲᠠᠢ ᠡᠷᠯᠢᠰᠵᠢᠭᠦᠯᠵᠦ᠂ | ᠬᠤᠷᠠᠭᠠᠯᠠᠭᠰᠠᠨ ᠡᠷᠯᠢᠰᠡ ᠬᠤᠨᠢᠨ ᠤ ᠦᠰᠦᠯᠲᠡ ᠪᠤᠶᠢᠵᠢᠯᠲᠠ ᠨᠢ ᠲᠦᠷᠭᠡᠨ᠂ ᠨᠢᠲᠤᠯᠭᠠᠨ ᠤ ᠨᠤᠷᠮ᠎ᠠ ᠨᠢ ᠥᠨᠳᠥᠷ᠂ | ᠮᠢᠬᠠᠨ ᠤ ᠴᠢᠨᠠᠷ ᠨᠢ ᠰᠠᠶᠢᠨ ᠪᠠᠶᠢᠳᠠᠭ᠃ ᠶᠠᠳᠠᠭᠤ ᠬᠦᠴᠢᠷᠳᠡᠯ ᠲᠠᠢ ᠡᠷᠦᠬᠡ ᠵᠠᠰᠠᠭ ᠤᠨ ᠣᠷᠳᠣᠨ ᠠᠴᠠ | ᠨᠦᠬᠦᠪᠦᠷᠢᠯᠡᠬᠦ᠂ ᠰᠦᠢᠳᠬᠡᠯ ᠬᠤᠷᠢᠶᠠᠬᠤ ᠦᠭᠡᠢ ᠪᠠᠷ ᠬᠡᠬᠡᠯᠳᠦᠭᠦᠯᠭᠡ ᠬᠢᠵᠦ ᠦᠭᠬᠦ ᠵᠡᠷᠭᠡ ᠲᠡᠳᠬᠦᠨ ᠳᠡᠮᠵᠢᠬᠦ | ᠬᠡᠯᠪᠡᠷᠢ ᠪᠠᠷ ᠳᠠᠮᠵᠢᠭᠤᠯᠤᠨ ᠡᠷᠯᠢᠰ ᠢᠳᠡᠰᠢᠨ ᠬᠤᠨᠢ ᠶᠢ ᠦᠷᠡᠵᠢᠭᠦᠯᠵᠦ ᠪᠠᠶᠢᠨ᠎ᠠ᠃ | ᠡᠷᠯᠢᠰᠵᠢᠭᠦᠯᠦᠨ ᠰᠠᠶᠢᠵᠢᠷᠠᠭᠤᠯᠬᠤ ᠪᠣᠯ ᠢᠳᠡᠰᠢᠨ ᠬᠤᠨᠢᠨ ᠤ ᠠᠵᠤ ᠦᠢᠯᠡᠰ ᠢ ᠬᠦᠭᠵᠢᠭᠦᠯᠬᠦ | ᠰᠢᠪᠲᠤᠯᠤᠯᠲᠠ ᠶᠢᠨ ᠴᠢᠬ ᠪᠤᠯᠤᠨ᠎ᠠ᠃ ᠠᠳᠠᠯᠢ ᠪᠤᠰᠤ ᠬᠡᠷᠡᠭᠯᠡᠭᠡᠨ ᠤ ᠪᠦᠯᠦᠭᠯᠡᠯ ᠤᠨ ᠬᠤᠨᠢᠨ ᠮᠢᠬᠠᠨ ᠤ | ᠬᠡᠷᠡᠭᠯᠡᠭᠡᠨ ᠤ ᠳᠠᠳᠬᠠᠯ ᠨᠢ ᠠᠳᠠᠯᠢ ᠦᠭᠡᠢ ᠪᠠᠶᠢᠳᠠᠭ᠂ ᠣᠷᠣᠨ ᠤ ᠭᠠᠳᠠᠨᠠᠬᠢ ᠬᠤᠨᠢᠨ ᠮᠢᠬᠠᠨ ᠤ ᠬᠡᠷᠡᠭᠯᠡᠭᠡ ᠨᠢ | ᠭᠤᠤᠯᠳᠠᠭᠤ ᠬᠠᠯᠠᠭᠤᠨ ᠲᠤᠭᠤᠭ᠎ᠠ ᠪᠠᠷ ᠭᠤᠣᠯ ᠪᠣᠯᠭᠠᠵᠤ᠂ ᠮᠢᠬᠠᠨ ᠤ ᠴᠢᠨᠠᠷ ᠤᠨ ᠲᠤᠬᠠᠶ ᠦᠨᠡᠯᠡᠯᠲᠡ ᠨᠢ | ᠣᠷᠣᠨ ᠤ ᠳᠣᠲᠣᠷᠠᠬᠢ ᠲᠠᠢ ᠠᠳᠠᠯᠢ ᠦᠭᠡᠢ ᠪᠠᠶᠢᠵᠤ᠂ ᠬᠤᠨᠢᠨ ᠮᠢᠬ᠎ᠠ ᠵᠦᠭᠡᠯᠡᠨ ᠪᠠᠶᠢᠬᠤ ᠶᠢ ᠱᠠᠭᠠᠷᠳᠠᠳᠠᠭ᠃ | ᠣᠷᠣᠨ ᠤ ᠭᠠᠳᠠᠨ᠎ᠠ ᠪᠠᠶᠠᠨᠨᠠᠭᠤᠷ ᠬᠤᠲᠠ ᠶᠢᠨ ᠬᠤᠨᠢᠨ ᠮᠢᠬ᠎ᠠ ᠨᠢ ᠰᠢᠯᠢ ᠶᠢᠨ ᠭᠤᠣᠯ ᠠᠶᠢᠮᠠᠭ ᠤᠨ ᠬᠤᠨᠢᠨ | ᠮᠢᠬ᠎ᠠ ᠠᠴᠠ ᠢᠯᠡᠭᠦᠦ ᠬᠦᠷᠢᠶᠡᠯᠡᠯ ᠢ ᠤᠯᠵᠤ᠂ ᠦᠨ᠎ᠡ ᠬᠠᠩᠰᠢ ᠨᠢ ᠵᠢᠩ ᠪᠦᠷᠢ ᠳᠡᠭᠡᠨ 2 ᠲᠥᠭᠦᠷᠢᠭ ᠦᠨᠡᠲᠡᠢ | ᠪᠠᠶᠢᠳᠠᠭ᠃ ᠥᠪᠥᠷ ᠮᠣᠩᠭᠤᠯ ᠪᠣᠯ ᠪᠦᠬᠦ ᠤᠯᠤᠰ ᠤᠨ ᠬᠤᠨᠢᠨ ᠮᠢᠬ᠎ᠠ ᠦᠢᠯᠡᠳᠪᠦᠷᠢᠯᠡᠵᠦ ᠭᠠᠷᠭᠠᠬᠤ ᠰᠠᠭᠤᠷᠢᠨ | ᠭᠠᠵᠠᠷ ᠮᠦᠨ᠂ ᠬᠤᠨᠢᠨ ᠮᠢᠬᠠᠨ ᠤ ᠴᠢᠨᠠᠷ ᠨᠢ ᠴᠤ ᠣᠷᠣᠨ ᠤ ᠭᠠᠳᠠᠨᠠᠬᠢ ᠬᠡᠷᠡᠭᠯᠡᠭᠴᠢᠳ ᠤᠨ ᠬᠡᠷᠡᠭᠴᠡᠭᠡ ᠶᠢ | ᠬᠠᠩᠭᠠᠵᠤ ᠳᠡᠶᠢᠯᠳᠡᠭ᠃ ᠤᠯᠠᠭᠠᠨᠴᠠᠪ ᠬᠤᠲᠠ᠂ ᠬᠥᠯᠥᠨ ᠪᠤᠶᠢᠷ ᠬᠤᠳᠠ᠂ ᠪᠠᠶᠠᠨᠨᠠᠭᠤᠷ ᠬᠤᠳᠠ ᠵᠢᠴᠢ ᠰᠢᠯᠢ ᠶᠢᠨ | ᠭᠤᠤᠯ ᠠᠶᠢᠮᠠᠭ ᠤᠨ ᠬᠡᠰᠡᠭ ᠬᠤᠰᠢᠭᠤ ᠰᠢᠶᠠᠨ ᠳᠤ ᠬᠢᠭᠰᠡᠨ ᠪᠠᠶᠢᠴᠠᠭᠠᠨ ᠰᠤᠳᠤᠯᠤᠯᠲᠠ ᠠᠴᠠ ᠦᠵᠡᠪᠡᠯ᠂ | ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠤᠨ ᠰᠠᠶᠢᠨ ᠡᠭᠦᠯᠳᠡᠷ ᠤᠨ ᠮᠠᠯ ᠬᠤᠳᠠᠯᠳᠤᠨ ᠠᠪᠬᠤ ᠨᠥᠬᠦᠪᠥᠷᠢ ︵ | ᠬᠤᠴᠠ ᠪᠦᠷᠢ ᠶᠢᠨ ᠨᠥᠬᠦᠪᠥᠷᠢ 2000 ᠲᠥᠭᠦᠷᠢᠭ︶ ᠶᠢᠨ ᠳᠡᠮᠵᠢᠯᠭᠡ ᠳᠤᠤᠷ᠎ᠠ᠂ ᠵᠠᠷᠢᠮ ᠲᠡᠵᠢᠭᠡᠪᠦᠷᠢ ᠶᠢᠨ ᠲᠤᠮᠤ | ᠡᠷᠤᠭᠡ ᠬᠤᠴᠠ ᠬᠤᠳᠠᠯᠳᠤᠨ ᠠᠪᠴᠤ ᠡᠭᠦᠯᠳᠡᠷ ᠢ ᠰᠠᠶᠢᠵᠢᠷᠠᠭᠤᠯᠵᠤ᠂ ᠳ᠋ᠦ᠋ ᠫᠦᠸᠧ ᠬᠤᠨᠢ ᠪᠠ ᠠᠦ᠋ᠰᠲᠷᠠᠯᠢᠶ᠎ᠠ ᠶᠢᠨ | ᠴᠠᠭᠠᠨ ᠬᠤᠨᠢ ᠶᠢ ᠲᠤᠬᠠᠶ ᠶᠢᠨ ᠭᠠᠵᠠᠷ ᠤᠨ ᠬᠤᠨᠢ ᠲᠠᠢ ᠡᠷᠯᠢᠰᠵᠢᠭᠦᠯᠦᠭᠰᠡᠨ ᠬᠤᠨᠢᠨ ᠤ ᠮᠢᠬᠠᠨ ᠤ ᠭᠠᠷᠤᠯᠲᠠ ᠨᠢ | ᠢᠯᠡᠳᠲᠡ ᠳᠡᠭᠡᠭᠰᠢᠯᠡᠵᠦ᠂ ᠮᠠᠰᠢ ᠰᠠᠶᠢᠨ ᠦᠷ᠎ᠡ ᠠᠰᠢᠭ ᠤᠯᠵᠤ ᠪᠠᠶᠢᠨ᠎ᠠ᠃ | ᠬᠦᠲᠦᠯᠦᠭᠴᠢ᠄ | ᠲᠡᠭᠡᠪᠡᠯ ᠮᠠᠨ ᠤ ᠤᠷᠤᠨ ᠳᠤ ᠠᠯᠠᠰᠢᠨ ᠦᠬᠡᠷ ᠤᠨ ᠠᠵᠤ ᠦᠶᠯᠡᠰ ᠢ ᠬᠡᠷᠬᠢᠨ ᠬᠥᠭᠵᠢᠭᠦᠯᠬᠦ ᠶᠢ | ᠲᠠᠨᠢᠯᠴᠠᠭᠤᠯᠤᠭᠠᠳ ᠦᠭᠭᠦᠨ᠎ᠡ ᠤᠤ︖ | ᠵᠣᠣ ᠶᠦᠩ ᠬᠤᠸᠠ᠄ | ᠠᠯᠠᠰᠢᠨ ᠦᠬᠡᠷ ᠪᠣᠯ ᠡᠪᠡᠰᠦᠨ ᠲᠡᠵᠢᠭᠡᠯᠲᠦ ᠭᠡᠷ ᠤᠨ ᠲᠡᠵᠢᠭᠡᠪᠦᠷᠢ ᠶᠢᠨ ᠳᠣᠲᠣᠷ᠎ᠠ ᠡᠪᠡᠰᠦ ᠪᠣᠷᠳᠤᠭ᠎ᠠ ᠶᠢ | ᠤᠯᠠᠷᠢᠭᠤᠯᠬᠤ ᠨᠣᠷᠮ᠎ᠠ ᠪᠠᠷ ᠨᠡᠯᠢᠶᠡᠳ ᠥᠨᠳᠥᠷ ᠡᠭᠦᠯᠳᠡᠷ ᠪᠣᠯᠬᠤ ᠪᠦᠭᠡᠳ ᠬᠡᠪᠡᠯᠢ ᠪᠠᠷ ᠳᠠᠮᠵᠢᠭᠤᠯᠤᠨ ᠥᠷᠲᠡᠭ | ᠨᠡᠮᠡᠭᠳᠡᠭᠦᠯᠬᠦ ᠴᠢᠳᠠᠪᠤᠷᠢ ᠪᠠᠷ ᠴᠢᠩᠭ᠎ᠠ ᠪᠠᠶᠢᠵᠤ᠂ ᠲᠠᠷᠢᠮᠠᠯ ᠤᠨ ᠡᠰᠢ ᠰᠦᠷᠡᠯ ᠪᠣᠯᠣᠨ ᠴᠢᠨᠠᠷ ᠰᠠᠶᠢᠲᠠᠶ ᠡᠪᠡᠰᠦ | ᠪᠣᠷᠳᠤᠭ᠎ᠠ ᠶᠢᠨ ᠡᠬᠢ ᠪᠠᠶᠠᠯᠢᠭ ᠢᠶᠠᠷ ᠡᠯᠪᠡᠭ ᠪᠦᠬᠦᠢ ᠳᠠᠪᠠᠭᠤᠯᠢᠭ ᠲᠠᠯ᠎ᠠ ᠶᠢ ᠭᠦᠢᠴᠡᠳ ᠪᠠᠳᠠᠷᠠᠭᠤᠯᠤᠨ᠂ ᠡᠪᠡᠰᠦ | ᠪᠣᠷᠳᠤᠭ᠎ᠠ ᠶᠢᠨ ᠠᠰᠢᠭᠯᠠᠬᠤ ᠨᠤᠷᠮ᠎ᠠ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠤᠨ ᠥᠪᠡᠷ ᠤᠨ ᠦᠷᠲᠡᠭ ᠢ | ᠪᠠᠭᠤᠷᠠᠭᠤᠯᠳᠠᠭ ᠶᠤᠮ᠃ ᠭᠡᠪᠡᠴᠦ ᠲᠤᠰ ᠭᠠᠵᠠᠷ ᠤᠨ ᠦᠬᠡᠷ ᠤᠨ ᠮᠢᠬᠠᠨ ᠤ ᠭᠠᠷᠤᠯᠲᠠ ᠪᠠᠭ᠎ᠠ᠂ ᠲᠡᠵᠢᠭᠡᠨ | ᠦᠷᠡᠵᠢᠭᠦᠯᠬᠦ ᠳᠤ ᠦᠷ᠎ᠡ ᠠᠰᠢᠭ ᠢᠶᠠᠷ ᠳᠣᠣᠷ᠎ᠠ ᠪᠠᠶᠢᠳᠠᠭ᠃ ᠠᠩᠭᠧᠰ ᠦᠬᠡᠷ ᠨᠢ ᠳᠤᠮᠳᠠ ᠵᠢᠵᠢᠭ ᠬᠡᠯᠪᠡᠷᠢ ᠶᠢᠨ | ᠪᠡᠶ᠎ᠡ ᠪᠢᠯᠳᠠᠷ ᠲᠠᠢ᠂ ᠳᠡᠯᠡᠬᠡᠶ ᠶᠢᠨ ᠲᠡᠰ ᠤᠨ ᠴᠢᠨᠠᠷ ᠰᠠᠶᠢᠲᠠᠶ ᠠᠯᠠᠰᠢᠨ ᠦᠬᠡᠷ ᠪᠣᠯᠣᠨ᠎ᠠ᠂ ᠮᠢᠬᠠᠨ ᠤ ᠴᠢᠨᠠᠷ ᠨᠢ | ᠰᠠᠶᠢᠨ᠂ ᠳᠡᠭᠡᠳᠦ ᠲᠡᠰ ᠤᠨ ᠦᠬᠡᠷ ᠤᠨ ᠮᠢᠬᠠᠨ ᠤ ᠭᠠᠷᠤᠯᠲᠠ ᠲᠠᠢ᠂ ᠥᠭᠰᠥᠯᠲᠡ ᠪᠤᠶᠢᠵᠢᠯᠲᠠ ᠨᠢ ᠲᠦᠷᠭᠡᠨ᠂ | ᠪᠤᠰᠤᠳ ᠡᠭᠦᠯᠳᠡᠷ ᠤᠨ ᠦᠬᠡᠷ ᠲᠠᠢ ᠡᠷᠯᠢᠰᠡᠵᠢᠭᠦᠯᠪᠡᠯ ᠮᠢᠬᠠᠨ ᠤ ᠭᠠᠷᠤᠯᠲᠠ ᠨᠢ 15% ᠪᠠᠷ ᠳᠡᠭᠡᠭᠰᠢᠯᠡᠵᠦ᠂ | ᠦᠬᠡᠷ ᠪᠦᠷᠢ ᠠᠴᠠ 80 ᠵᠢᠩ ᠳᠡᠭᠡᠳᠦ ᠲᠡᠰ ᠤᠨ ᠮᠢᠬ᠎ᠠ ︵ᠵᠢᠩ ᠪᠦᠷᠢ ᠳᠡᠭᠡᠨ 200 —700 ᠲᠥᠭᠦᠷᠢᠭ ᠤᠨ | ᠮᠢᠬ᠎ᠠ︶ ᠪᠠᠭᠤᠨ᠎ᠠ᠃ ᠰᠢᠮᠧᠨ᠋ᠳᠡᠷ ᠦᠬᠡᠷ ᠢᠶᠠᠷ ᠡᠭᠦᠯᠳᠡᠷ ᠰᠠᠶᠢᠵᠢᠷᠠᠭᠤᠯᠤᠭᠰᠠᠨ ᠦᠷ᠎ᠡ ᠪᠦᠲᠦᠮᠵᠢ ᠰᠠᠶᠢᠲᠠᠶ ᠭᠠᠵᠠᠷ | ᠲᠤ ᠦᠷᠭᠦᠯᠵᠢᠯᠡᠨ ᠰᠢᠮᠧᠨ᠋ᠳᠡᠷ ᠤᠨ ᠲᠦᠷᠦᠯ ᠤᠨ ᠡᠭᠦᠯᠳᠡᠷ ᠢᠶᠠᠷ ᠰᠠᠶᠢᠵᠢᠷᠠᠭᠤᠯᠤᠨ᠎ᠠ᠃ ᠪᠤᠰᠤᠳ ᠭᠠᠵᠠᠷ ᠲᠤ | ᠠᠯᠠᠰᠢᠨ ᠦᠬᠡᠷ ᠤᠨ ᠢᠴᠡᠭᠡᠯ ᠦᠷ᠎ᠡ ᠶᠢᠨ ᠬᠡᠭᠡᠯᠲᠦᠭᠦᠯᠭᠡ ᠶᠢᠨ ᠥᠷᠲᠡᠭᠡᠨ ᠤ ᠪᠦᠲᠦᠭᠡᠨ ᠪᠠᠶᠢᠭᠤᠯᠤᠯᠲᠠ ᠶᠢ | ᠪᠦᠷᠢᠨᠰᠢᠭᠦᠯᠬᠦ ᠪᠠᠷ ᠳᠠᠮᠵᠢᠭᠤᠯᠤᠨ᠂ ᠡᠷᠯᠢᠰᠡ ᠪᠤᠬ᠎ᠠ ᠶᠢ ᠥᠭᠡᠶᠢᠰᠬᠡᠬᠦ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ | ᠬᠤᠰᠢᠭᠤ ᠰᠢᠶᠠᠨ ᠢᠶᠠᠷ ᠨᠢᠭᠡᠴᠢ ᠪᠣᠯᠭᠠᠨ ︽ᠪᠤᠬ᠎ᠠ ᠦᠭᠡᠢ ᠢᠴᠡᠭᠡᠯ ᠦᠷ᠎ᠡ ᠪᠠᠷ ᠬᠡᠭᠡᠯᠲᠦᠭᠦᠯᠬᠦ︾ ᠶᠢ | ᠬᠡᠷᠡᠭᠵᠢᠭᠦᠯᠦᠨ᠂ ᠤᠳᠤ ᠪᠠᠶᠢᠭ᠎ᠠ ᠦᠨᠢᠶᠡᠨ ᠳᠡᠭᠡᠨ ᠠᠩᠭᠧᠰ ᠦᠬᠡᠷ ᠤᠨ ᠢᠴᠡᠭᠡᠯ ᠦᠷ᠎ᠡ ᠪᠠᠷ ᠭᠠᠷ ᠬᠡᠭᠡᠯᠲᠦᠭᠦᠯᠭᠡ | ᠬᠢᠵᠦ᠂ ᠠᠯᠠᠰᠢᠨ ᠦᠬᠡᠷ ᠢ ᠰᠠᠶᠢᠨ ᠡᠭᠦᠯᠳᠡᠷᠵᠢᠭᠦᠯᠬᠦ ᠪᠠ ᠦᠢᠯᠡᠳᠪᠦᠷᠢᠯᠡᠯ ᠤᠨ ᠬᠢᠷᠢ ᠲᠦᠪᠰᠢᠨ ᠢ | ᠳᠡᠭᠡᠭᠰᠢᠯᠡᠭᠦᠯᠬᠦ ᠶᠢ ᠲᠥᠯᠬᠢᠨ ᠠᠬᠢᠭᠤᠯᠵᠤ᠂ ᠳᠡᠭᠡᠳᠦ ᠲᠡᠰ ᠤᠨ ᠦᠬᠡᠷ ᠤᠨ ᠮᠢᠬ᠎ᠠ ᠦᠢᠯᠡᠳᠪᠦᠷᠢᠯᠡᠨ᠂ ᠲᠠᠷᠢᠶᠠᠴᠢᠨ | ᠮᠠᠯᠴᠢᠳ ᠢ ᠲᠠᠶᠢᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠤᠨ᠎ᠠ᠃ ᠶᠠᠳᠠᠭᠤ ᠬᠦᠴᠢᠷᠳᠡᠯ ᠲᠠᠢ ᠡᠷᠦᠬᠡ | ᠳᠤ ᠵᠠᠰᠠᠭ ᠤᠨ ᠣᠷᠳᠣᠨ ᠠᠴᠠ ᠨᠥᠬᠦᠪᠥᠷᠢ ᠣᠯᠭᠤᠬᠤ ᠪᠠᠷ ᠳᠠᠮᠵᠢᠨ᠂ ᠦᠨ᠎ᠡ ᠲᠥᠯᠥᠪᠦᠷᠢ ᠦᠭᠡᠢ ᠬᠡᠭᠡᠯᠲᠦᠭᠦᠯᠭᠡ | ᠬᠢᠵᠦ ᠥᠭᠬᠦ ᠶᠢ ᠪᠡᠶᠡᠯᠡᠭᠦᠯᠦᠨ᠎ᠡ᠃ | ᠬᠦᠲᠦᠯᠦᠭᠴᠢ᠄ | ᠮᠠᠨ ᠤ ᠤᠷᠤᠨ ᠳᠤ ᠭᠠᠭ᠋ᠠᠢ ᠶᠢᠨ ᠠᠵᠤ ᠦᠶᠯᠡᠰ ᠢ ᠬᠡᠷᠬᠢᠨ ᠬᠥᠭᠵᠢᠭᠦᠯᠬᠦ ᠶᠢ ᠲᠠᠨᠢᠯᠴᠠᠭᠤᠯᠤᠭᠠᠳ ᠦᠭᠭᠦᠨ᠎ᠡ | ᠤᠤ︖ | ᠵᠣᠣ ᠶᠦᠩ ᠬᠤᠸᠠ᠄ | ᠮᠠᠨ ᠤ ᠣᠷᠣᠨ ᠪᠣᠯ ᠡᠷᠳᠡᠨᠢ ᠰᠢᠰᠢ ᠶᠢᠨ ᠭᠤᠤᠯ ᠭᠠᠷᠤᠯᠲᠠ ᠶᠢᠨ ᠣᠷᠣᠨ ᠮᠦᠨ᠂ 700 ᠵᠢᠩ ᠡᠷᠳᠡᠨᠢ | ᠰᠢᠰᠢ ᠪᠠᠷ ᠨᠢᠭᠡ ᠭᠠᠭ᠋ᠠᠶ ᠦᠰᠭᠡᠵᠦ ᠪᠣᠯᠣᠨ᠎ᠠ᠂ ᠲᠠᠷᠢᠶᠠᠴᠢᠨ ᠨᠢᠭᠡ ᠭᠠᠭ᠋ᠠᠶ ᠲᠡᠵᠢᠭᠡᠪᠡᠯ 1000 ᠲᠥᠭᠦᠷᠢᠭ ᠤᠨ | ᠴᠡᠪᠡᠷ ᠣᠷᠣᠯᠭ᠎ᠠ ᠣᠯᠣᠨ᠎ᠠ᠃ ᠮᠠᠨ ᠤ ᠣᠷᠣᠨ ᠤ ᠣᠷᠴᠢᠨ ᠠᠬᠤᠶ ᠶᠢᠨ ᠪᠠᠭᠲᠠᠭᠠᠮᠵᠢ ᠶᠡᠭᠡ᠂ ᠨᠡᠯᠢᠶᠡᠳ ᠶᠡᠭᠡ | ᠬᠥᠭᠵᠢᠯᠲᠡ ᠶᠢᠨ ᠨᠦᠬᠡᠴᠡ ᠬᠦᠴᠦᠨ ᠲᠠᠢ ᠶᠤᠮ᠂ ᠤᠯᠤᠰ ᠤᠨ ᠳᠣᠲᠣᠭᠠᠳᠤ ᠶᠢᠨ ᠨᠢᠭᠡ ᠪᠦᠯᠦᠭ ᠲᠤᠮᠤ | ᠬᠡᠯᠪᠡᠷᠢ ᠶᠢᠨ ᠭᠠᠭ᠋ᠠᠶ ᠲᠡᠵᠢᠭᠡᠬᠦ ᠠᠵᠤ ᠠᠬᠤᠶᠢᠯᠠᠯ ᠵᠠᠯᠭ᠎ᠠ ᠵᠠᠯᠭ᠎ᠠ ᠪᠠᠷ ᠮᠠᠨ ᠤ ᠤᠷᠤᠨ ᠳᠤ ᠦᠢᠯᠡᠳᠪᠦᠷᠢᠯᠡᠵᠦ | ᠡᠳ᠋ᠰᠢᠭᠦᠯᠬᠦ ᠰᠠᠭᠤᠷᠢᠨ ᠭᠠᠵᠠᠷ ᠪᠠᠶᠢᠭᠤᠯᠪᠠ᠃ ᠡᠯ᠎ᠡ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ | ᠭᠤᠣᠯᠳᠠᠯᠭ᠎ᠠ ᠲᠠᠢ ᠬᠤᠰᠢᠭᠤ ᠰᠢᠶᠠᠨ ᠢᠯᠠᠩᠭᠤᠶ᠎ᠠ ᠡᠷᠳᠡᠨᠢ ᠰᠢᠰᠢ ᠶᠢᠨ ᠭᠤᠤᠯ ᠭᠠᠷᠤᠯᠲᠠ ᠶᠢᠨ ᠣᠷᠣᠨ ᠶᠠᠳᠠᠭᠤ | ᠬᠦᠴᠢᠷᠳᠡᠯᠲᠡᠶ ᠡᠷᠦᠬᠡ ᠳᠤ ᠭᠠᠭ᠋ᠠᠢ ᠶᠢᠨ ᠲᠤᠷᠤᠢ ᠥᠭᠬᠦ ᠪᠤᠶᠤ ᠨᠥᠬᠦᠪᠥᠷᠢ ᠥᠭᠬᠦ ᠵᠡᠷᠭᠡ ᠠᠷᠭ᠎ᠠ ᠬᠡᠯᠪᠡᠷᠢ ᠪᠠᠷ | ᠳᠠᠮᠵᠢᠨ᠂ ᠶᠠᠳᠠᠭᠤ ᠬᠦᠴᠢᠷᠳᠡᠯᠲᠡᠢ ᠡᠷᠤᠭᠡ ᠪᠠᠷ ᠭᠠᠭ᠋ᠠᠶ ᠲᠡᠵᠢᠭᠡᠬᠦ ᠠᠵᠤ ᠦᠢᠯᠡᠰ ᠢ ᠶᠡᠬᠡᠪᠡᠷ ᠬᠥᠭᠵᠢᠭᠦᠯᠵᠦ᠂ | ᠭᠠᠭ᠋ᠠᠶ ᠲᠡᠵᠢᠭᠡᠬᠦ ᠬᠡᠪᠴᠢᠶ᠎ᠡ ᠶᠢ ᠥᠷᠭᠡᠳᠬᠡᠨ᠎ᠡ᠃ ᠤᠷᠲᠤ ᠴᠠᠭᠠᠨ᠂ ᠲᠣᠮᠣ ᠴᠠᠭᠠᠨ᠂ ᠳ᠋ᠥᠯᠥᠸᠧᠺᠧ ᠡᠭᠦᠯᠳᠡᠷ ᠢᠶᠠᠷ | ᠭᠤᠣᠯ ᠪᠣᠯᠭᠠᠨ᠂ ᠰᠠᠶᠢᠨ ᠡᠭᠦᠯᠳᠡᠷ ᠤᠨ ᠭᠠᠭ᠋ᠠᠶ ᠶᠢ ᠲᠡᠵᠢᠭᠡᠨ ᠦᠷᠡᠵᠢᠭᠦᠯᠵᠦ᠂ ᠥᠰᠬᠡᠨ ᠪᠤᠶᠢᠵᠢᠭᠤᠯᠬᠤ | ᠬᠤᠷᠳᠤᠴᠠ ᠶᠢ ᠲᠦᠷᠭᠡᠳᠬᠡᠬᠦ ᠶᠢᠨ ᠲᠤᠰᠠᠳᠠ᠂ ᠲᠤᠰ ᠭᠠᠵᠠᠷ ᠤᠨ ᠭᠠᠭ᠋ᠠᠶ ᠶᠢ ᠰᠠᠶᠢᠨ ᠡᠭᠦᠯᠳᠡᠷ ᠤᠨ ᠭᠠᠭ᠋ᠠᠶ ᠲᠠᠢ | ᠡᠷᠯᠢᠰᠡᠵᠢᠭᠦᠯᠬᠦ ᠭᠠᠷ ᠬᠡᠬᠡᠯᠲᠦᠯᠭᠡ ᠬᠢᠵᠦ ᠂ ᠭᠠᠭ᠋ᠠᠶ ᠶᠢᠨ ᠮᠢᠬᠠᠨ ᠤ ᠭᠠᠷᠤᠯᠲᠠ ᠪᠣᠯᠣᠨ ᠦᠷᠡᠵᠢᠯ ᠤᠨ ᠴᠢᠳᠠᠪᠤᠷᠢ ᠶᠢ | ᠦᠳᠲᠡᠷ ᠲᠦᠷᠭᠡᠨ ᠳᠡᠭᠡᠭᠰᠢᠯᠡᠭᠦᠯᠵᠦ ᠪᠣᠯᠣᠨ᠎ᠠ᠃ ᠰᠢᠨᠵᠢᠯᠡᠬᠦ ᠤᠬᠠᠭᠠᠨᠴᠢ ᠪᠠᠷ ᠲᠡᠵᠢᠭᠡᠬᠦ ᠪᠠ ᠦᠶ᠎ᠡ ᠮᠦᠴᠡ ᠶᠢ | ᠰᠠᠶᠢᠲᠤᠷ ᠰᠢᠯᠢᠨ ᠰᠣᠩᠭᠤᠬᠤ ᠵᠡᠷᠭᠡ ᠨᠠᠷᠢᠯᠢᠬᠵᠢᠭᠤᠯᠤᠭᠰᠠᠨ ᠬᠠᠮᠢᠶᠠᠷᠤᠯᠲᠠ ᠪᠠᠷ ᠳᠠᠮᠵᠢᠭᠤᠯᠤᠨ᠂ ᠠᠰᠢᠭ ᠰᠢᠮ᠎ᠡ | ᠶᠢᠨ ᠦᠷᠳᠡᠭ ᠢ ᠳᠡᠭᠡᠭᠰᠢᠯᠡᠭᠦᠯᠦᠨ᠎ᠡ᠃ ᠶᠠᠳᠠᠭᠤ ᠶᠢ ᠲᠡᠳᠬᠦᠬᠦ ᠭᠤᠣᠯᠳᠠᠯᠭ᠎ᠠ ᠲᠠᠢ ᠬᠤᠰᠢᠭᠤ ᠰᠢᠶᠠᠨ ᠢ ᠭᠠᠭ᠋ᠠᠶ | ᠲᠡᠵᠢᠭᠡᠬᠦ ᠭᠤᠣᠯᠳᠠᠯᠭ᠎ᠠ ᠲᠠᠢ ᠰᠢᠶᠠᠨ ᠪᠣᠯᠭᠠᠵᠤ᠂ ᠭᠠᠭ᠋ᠠᠢ ᠶᠢᠨ ᠲᠤᠷᠤᠢ᠂ ᠲᠡᠵᠢᠭᠡᠯ ᠪᠣᠷᠳᠤᠭ᠎ᠠ ᠶᠢᠨ ᠨᠥᠬᠦᠪᠥᠷᠢ | ᠥᠭᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ | ᠠᠩᠭᠢᠵᠢᠷᠠᠭᠤᠯᠤᠨ ᠪᠠᠶᠠᠵᠢᠨ ᠴᠢᠨᠡᠭᠡᠯᠢᠭᠵᠢᠭᠦᠯᠦᠨ᠎ᠡ᠃ | ᠬᠦᠲᠦᠯᠦᠭᠴᠢ᠄ | ᠮᠠᠨ ᠤ ᠣᠷᠣᠨ ᠳᠤ ᠭᠡᠷ ᠤᠨ ᠵᠢᠭᠦᠷᠲᠡᠨ ᠤ ᠠᠵᠤ ᠦᠢᠯᠡᠰ ᠢ ᠬᠡᠷᠬᠢᠨ ᠬᠥᠭᠵᠢᠭᠦᠯᠬᠦ ᠶᠢ ᠲᠠᠨᠢᠯᠴᠠᠭᠤᠯᠤᠭᠠᠳ | ᠦᠭᠭᠦᠨ᠎ᠡ ᠤᠤ︖ | ᠵᠣᠣ ᠶᠦᠩ ᠬᠤᠸᠠ᠄ | ᠶᠠᠳᠠᠭᠤ ᠬᠦᠴᠢᠷᠳᠡᠯᠲᠡᠶ ᠡᠷᠦᠬᠡ ᠨᠦᠭᠦᠳ ᠬᠦᠷᠢᠶ᠎ᠡ ᠬᠠᠰᠢᠶ᠎ᠠ᠂ ᠠᠭᠯᠠᠭ ᠠᠭᠤᠯᠠ᠂ ᠠᠳᠡᠷ ᠬᠡᠭᠡᠷ᠎ᠡ ᠪᠣᠯᠣᠨ | ᠭᠤᠣᠯ ᠨᠠᠭᠤᠷ ᠵᠡᠷᠭᠡ ᠪᠠᠶᠢᠭᠠᠯᠢ ᠶᠢᠨ ᠡᠬᠢ ᠪᠠᠶᠠᠯᠢᠭ ᠢ ᠭᠦᠢᠴᠡᠳ ᠠᠰᠢᠭᠯᠠᠨ᠂ ᠭᠡᠷ ᠤᠨ ᠵᠢᠭᠦᠷᠲᠡᠨ ᠲᠡᠵᠢᠭᠡᠨ | ᠦᠷᠡᠵᠢᠭᠦᠯᠬᠦ ᠶᠢ ᠢᠳᠡᠪᠬᠢᠲᠡᠶ ᠬᠥᠭᠵᠢᠭᠦᠯᠵᠦ᠂ ᠪᠣᠬᠢᠷᠲᠤᠯ ᠦᠭᠡᠢ᠂ ᠰᠤᠯᠠ ᠲᠡᠵᠢᠭᠡᠭᠰᠡᠨ ᠲᠠᠬᠢᠶ᠎ᠠ ᠵᠡᠷᠭᠡ ᠠᠮᠢ | ᠠᠬᠤᠶ ᠶᠢᠨ ᠲᠦᠷᠦᠯ ᠲᠡᠮᠳᠡᠭᠲᠦ ᠡᠭᠦᠳᠬᠦ ᠶᠢ ᠳᠡᠮᠵᠢᠨ᠎ᠡ᠃ ᠭᠡᠷ ᠤᠨ ᠵᠢᠭᠦᠷᠲᠡᠨ ᠲᠡᠵᠢᠭᠡᠨ ᠦᠷᠡᠵᠢᠭᠦᠯᠬᠦ | ᠲᠠᠭᠠᠭᠤᠯᠤᠭᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠤᠨ᠂ ︽ᠺᠣᠮᠫᠠᠨᠢ + | ᠰᠠᠭᠤᠷᠢᠨ ᠭᠠᠵᠠᠷ + ᠶᠠᠳᠠᠭᠤ ᠬᠦᠴᠢᠷᠳᠡᠯᠲᠡᠶ ᠡᠷᠦᠬᠡ︾ ᠶᠢᠨ ᠬᠡᠪ ᠵᠠᠭᠪᠤᠷ ᠢᠶᠠᠷ᠂ ᠠᠵᠤ ᠠᠬᠤᠶᠢᠯᠠᠯ ᠠᠴᠠ | ᠨᠢᠭᠡᠳᠦᠯᠲᠡᠶ ᠪᠠᠷ ᠴᠤᠷᠪᠠᠭ᠎ᠠ ᠬᠠᠩᠭᠠᠬᠤ᠂ ᠨᠢᠭᠡᠳᠦᠯᠲᠡᠶ ᠪᠣᠯᠪᠠᠰᠤᠷᠠᠭᠤᠯᠬᠤ᠂ ᠨᠢᠭᠡᠳᠦᠯᠲᠡᠶ ᠮᠡᠷᠭᠡᠵᠢᠯ ᠤᠨ | ᠦᠢᠯᠡᠴᠢᠯᠡᠭᠡ ᠬᠠᠩᠭᠠᠬᠤ᠂ ᠨᠢᠭᠡᠳᠦᠯᠲᠡᠶ ᠪᠣᠷᠣᠯᠠᠭᠤᠯᠬᠤ᠂ ᠡᠷᠦᠬᠡ ᠬᠤᠪᠢᠶᠠᠨ ᠲᠡᠵᠢᠭᠡᠬᠦ᠂ ᠡᠷᠦᠬᠡ ᠬᠤᠪᠢᠶᠠᠨ | ᠳ᠋ᠦᠩᠨᠡᠨ ᠪᠣᠳᠣᠬᠤ ᠵᠡᠷᠭᠡ ︽ᠳᠥᠷᠪᠡᠨ ᠨᠢᠭᠡᠳᠦᠯᠲᠡᠶ ᠬᠤᠶᠠᠷ ᠬᠤᠪᠢᠶᠠᠷᠢᠯᠠᠯᠲᠠ︾ ᠶᠢᠨ ᠠᠷᠭ᠎ᠠ ᠮᠠᠶ᠋ᠢᠭ ᠢᠶᠠᠷ | ᠠᠵᠢᠯᠯᠠᠭᠤᠯᠬᠤ ᠶᠢ ᠬᠡᠷᠡᠭᠵᠢᠭᠦᠯᠦᠨ᠎ᠡ᠃ ᠵᠠᠰᠠᠭ ᠤᠨ ᠣᠷᠳᠣᠨ ᠶᠠᠳᠠᠭᠤ ᠬᠦᠴᠢᠷᠳᠡᠯᠲᠡᠢ ᠡᠷᠦᠬᠡ ᠳᠤ ᠴᠤᠷᠪᠠᠭ᠎ᠠ᠂ | ᠲᠡᠵᠢᠭᠡᠯ ᠪᠣᠷᠳᠣᠭᠠᠨ ᠤ ᠨᠥᠬᠦᠪᠥᠷᠢ ᠣᠯᠭᠤᠵᠣ᠂ ᠳᠠᠭᠠᠭᠤᠯᠤᠭᠴᠢ ᠠᠵᠤ ᠠᠬᠤᠶᠢᠯᠠᠯ ᠪᠡᠯᠡ ᠮᠥᠩᠭᠦ ᠶᠢ ᠨᠢ | ᠤᠷᠢᠳᠴᠢᠯᠠᠨ ᠲᠤᠰᠢᠶᠠᠵᠤ᠂ ᠬᠠᠮᠤᠭ ᠤᠨ ᠳᠣᠣᠷ᠎ᠠ ᠪᠠᠲᠤᠯᠠᠬᠤ ᠦᠨ᠎ᠡ ᠲᠣᠭᠲᠠᠭᠠᠨ᠂ ᠵᠢᠭᠦᠷᠲᠡᠨ ᠤ | ᠭᠠᠷᠤᠯᠲᠠ ᠶᠢ ᠡᠭᠡᠭᠦᠯᠦᠨ ᠬᠤᠷᠢᠶᠠᠬᠤ ᠦᠶ᠎ᠡ ᠳᠤ ᠰᠠᠭᠤᠯᠭᠠᠨ ᠬᠠᠰᠤᠬᠤ ᠬᠡᠪ ᠵᠠᠭᠪᠤᠷ ᠢ ᠳᠡᠯᠭᠡᠷᠡᠭᠦᠯᠵᠦ᠂ ᠶᠠᠳᠠᠭᠤ | ᠬᠦᠴᠢᠷᠳᠡᠯᠲᠡᠶ ᠡᠷᠥᠭᠡ ᠨᠦᠭᠦᠳ ᠢ ᠠᠶᠤᠯ ᠲᠦᠭᠰᠢᠭᠦᠷᠢ ᠦᠭᠡᠢ ᠪᠦᠭᠡᠳ ᠪᠠᠭ᠎ᠠ ᠪᠡᠯᠡ ᠣᠷᠤᠭᠤᠯᠤᠯᠲᠠ ᠳᠤᠮᠳᠠ | ᠠᠵᠤ ᠦᠢᠯᠡᠰ ᠢᠶᠠᠨ ᠬᠥᠭᠵᠢᠭᠦᠯᠬᠦ ᠪᠣᠯᠭᠠᠨ᠎ᠠ᠃ ᠡᠭᠦᠯᠳᠡᠷ ᠰᠣᠩᠭᠤᠬᠤ ᠲᠠᠯ᠎ᠠ ᠪᠠᠷ᠂ ᠦᠩᠭᠡᠷᠡᠭᠰᠡᠨ ᠤ ᠰᠠᠶᠢᠨ | ᠡᠭᠦᠯᠳᠡᠷ ᠪᠣᠯᠬᠤ ᠪᠡᠭᠡᠵᠢᠩ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ 3 ᠳ᠋ᠤᠭᠠᠷ ᠨᠣᠮᠧᠷᠲᠤ᠂ ᠪᠡᠭᠡᠵᠢᠩ ᠲᠡᠬᠢᠶ᠎ᠠ | ᠵᠡᠷᠭᠡ ᠪᠠᠷ ᠭᠤᠣᠯᠯᠠᠭᠤᠯᠤᠨ᠎ᠠ ᠃ ᠭᠡᠷ ᠤᠨ ᠵᠢᠭᠦᠷᠲᠡᠨ ᠪᠣᠯ ᠠᠮᠠᠷᠬᠠᠨ ᠡᠪᠡᠳᠴᠢᠨ ᠬᠠᠯᠳᠠᠪᠤᠷᠢᠯᠠᠬᠤ᠂ ᠠᠮᠠᠷᠬᠠᠨ | ᠦᠬᠦᠵᠦ ᠰᠦᠢᠳᠬᠦ ᠲᠡᠵᠢᠭᠡᠨ ᠦᠷᠡᠵᠢᠭᠦᠯᠬᠦ ᠦᠢᠯᠡᠰ ᠪᠣᠯᠣᠨ᠎ᠠ᠂ ᠬᠡᠷ ᠤᠨ ᠵᠢᠭᠦᠷᠲᠡᠨ ᠤ ᠳᠠᠭᠠᠳᠬᠠᠯ᠂ ᠵᠠᠬ᠎ᠠ | ᠳᠡᠯᠭᠡᠭᠦᠷ ᠤᠨ ᠬᠢᠵᠢᠭ ᠡᠪᠡᠳᠴᠢᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠᠲᠤᠯᠠᠭ᠎ᠠ ᠶᠢᠨ ᠲᠣᠭᠲᠠᠴᠠ ᠶᠢ | ᠰᠦᠪᠡᠭᠴᠢᠯᠡᠨ ᠪᠠᠶᠢᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢᠨ ᠲᠡᠵᠢᠭᠡᠨ ᠦᠷᠡᠵᠢᠭᠦᠯᠬᠦ ᠠᠶᠤᠯ ᠲᠦᠭᠰᠢᠭᠦᠷᠢ ᠶᠢ | ᠪᠠᠭᠤᠷᠠᠭᠤᠯᠤᠨ᠎ᠠ᠃ | ᠬᠦᠲᠦᠯᠦᠭᠴᠢ᠄ | ᠡᠪᠡᠰᠦ ᠪᠣᠷᠳᠣᠭᠠᠨ ᠤ ᠠᠵᠤ ᠦᠢᠯᠡᠰ ᠢ ᠬᠡᠷᠬᠢᠨ ᠬᠥᠭᠵᠢᠭᠦᠯᠬᠦ ᠶᠢ ᠪᠠᠰᠠ ᠲᠠᠨᠢᠯᠴᠠᠭᠤᠯᠤᠭᠠᠳ ᠦᠭᠭᠦᠨ᠎ᠡ ᠤᠤ︖ | ᠵᠣᠣ ᠶᠦᠩ ᠬᠤᠸᠠ᠄ | ᠢᠳᠡᠰᠢᠨ ᠬᠤᠨᠢ᠂ ᠢᠳᠡᠰᠢᠨ ᠦᠬᠡᠷ᠂ ᠰᠠᠭᠠᠯᠢ ᠶᠢᠨ ᠦᠨᠢᠶ᠎ᠡ᠂ ᠭᠠᠭ᠋ᠠᠶ᠂ ᠭᠡᠷ ᠤᠨ ᠵᠢᠭᠦᠷᠲᠡᠨ ᠲᠡᠵᠢᠭᠡᠨ | ᠦᠷᠡᠵᠢᠭᠦᠯᠬᠦ ᠬᠥᠭᠵᠢᠯᠲᠡ ᠶᠢᠨ ᠬᠡᠷᠡᠭᠴᠡᠭᠡ ᠲᠠᠢ ᠤᠶᠠᠯᠳᠤᠭᠤᠯᠤᠨ᠂ ᠬᠦᠷᠡᠩ ᠴᠠᠷᠭᠠᠰᠤ ᠪᠠᠷ ᠭᠤᠣᠯ ᠪᠣᠯᠭᠠᠭᠰᠠᠨ | ᠪᠤᠷᠴᠠᠭ ᠤᠨ ᠢᠵᠠᠭᠤᠷ ᠤᠨ ᠲᠡᠵᠢᠭᠡᠯ ᠡᠪᠡᠰᠦ ᠲᠠᠷᠢᠬᠤ ᠰᠠᠭᠤᠷᠢᠨ ᠭᠠᠵᠠᠷ ᠢ ᠪᠠᠶᠢᠭᠤᠯᠤᠨ᠎ᠠ︔ ᠨᠣᠬᠠᠶ ᠶᠢᠨ | ᠬᠤᠰᠢᠭᠤ ᠲᠠᠷᠢᠬᠤ ᠪᠠᠷ ᠭᠤᠣᠯ ᠪᠣᠯᠭᠠᠭᠰᠠᠨ ᠠᠮᠤ ᠡᠪᠡᠰᠦ ᠡᠭᠡᠯᠵᠢᠯᠡᠨ ᠲᠡᠷᠢᠬᠤ ᠰᠠᠭᠤᠷᠢᠨ ᠭᠠᠵᠠᠷ ᠢ ᠪᠠᠶᠢᠭᠤᠯᠤᠨ᠎ᠠ︔ | ᠲᠡᠵᠢᠭᠡᠯ ᠪᠣᠷᠳᠤᠭ᠎ᠠ ᠳᠤ ᠲᠤᠰᠬᠠᠶ ᠬᠡᠷᠡᠭᠯᠡᠬᠦ ᠡᠷᠳᠡᠨᠢ ᠰᠢᠰᠢ ᠲᠠᠷᠢᠬᠤ ᠶᠢ ᠰᠠᠶᠢᠲᠤᠷ ᠠᠳᠬᠤᠵᠦ᠂ ᠡᠷᠳᠡᠨᠢ ᠰᠢᠰᠢ ᠶᠢ | ᠪᠦᠬᠦᠯᠢ ᠪᠣᠳᠠ ᠪᠠᠷ ᠨᠢ ᠳᠠᠷᠤᠰᠢᠭᠤᠯᠬᠤ ᠮᠡᠷᠭᠡᠵᠢᠯ ᠢ ᠳᠡᠯᠭᠡᠷᠡᠭᠦᠯᠦᠨ᠎ᠡ︔ ᠡᠷᠳᠡᠨᠢ ᠰᠢᠰᠢ ᠶᠢᠨ ᠡᠰᠢ ᠰᠦᠷᠡᠯ ᠢ | ᠰᠢᠷ᠎ᠠ ᠪᠠᠷ ᠨᠢ ᠳᠠᠷᠤᠰᠢᠭᠤᠯᠬᠤ ᠮᠡᠷᠭᠡᠵᠢᠯ ᠢ ᠶᠡᠬᠡᠪᠡᠷ ᠳᠡᠯᠭᠡᠷᠡᠭᠦᠯᠦᠨ᠎ᠡ︔ ᠡᠷᠳᠡᠨᠢ ᠰᠢᠰᠢ᠂ ᠨᠡᠷᠡᠨ ᠬᠤᠸᠠᠷ᠂ ᠰᠢᠷ᠎ᠠ | ᠪᠤᠷᠴᠠᠭ ᠵᠡᠷᠭᠡ ᠲᠠᠷᠢᠮᠠᠯ ᠤᠨ ᠡᠰᠢ ᠰᠦᠷᠡᠯ ᠵᠡᠷᠭᠡ ᠶᠢ ᠬᠡᠮᠬᠡᠯᠬᠦ ᠠᠷᠭ᠎ᠠ ᠮᠠᠶ᠋ᠢᠭ ᠢᠶᠠᠷ ᠲᠡᠵᠢᠭᠡᠯ ᠡᠪᠡᠰᠦ ᠪᠣᠷᠳᠤᠭ᠎ᠠ | ᠡᠳ᠋ᠰᠢᠭᠦᠯᠵᠦ᠂ ᠡᠪᠡᠰᠦ ᠪᠣᠷᠳᠤᠭ᠎ᠠ ᠶᠢ ᠬᠡᠮᠬᠡᠯᠡᠨ ᠨᠢᠴᠠᠯᠬᠤ ᠶᠢ ᠳᠡᠯᠭᠡᠷᠡᠭᠦᠯᠵᠦ᠂ ᠬᠡᠪᠡᠯᠢ ᠪᠠᠷ ᠳᠠᠮᠵᠢᠭᠤᠯᠤᠨ | ᠦᠷᠳᠡᠭ ᠢ ᠨᠢ ᠨᠡᠮᠡᠭᠳᠡᠭᠦᠯᠬᠦ ᠶᠢ ᠪᠡᠶᠡᠯᠡᠭᠦᠯᠦᠨ᠎ᠡ᠃ ᠳᠠᠷᠤᠰᠢᠭᠤᠯᠬᠤ ᠵᠣᠭᠤᠷᠢ᠂ ᠡᠪᠡᠰᠦ ᠪᠣᠷᠳᠤᠭ᠎ᠠ ᠬᠠᠳᠠᠭᠠᠯᠠᠬᠤ | ᠬᠥᠮᠥᠷᠭᠡ ᠪᠠᠷᠢᠨ᠎ᠠ᠃ ᠡᠭᠦᠨ ᠤ ᠬᠠᠮᠲᠤ᠂ ᠲᠡᠵᠢᠭᠡᠵᠦ ᠦᠷᠡᠵᠢᠭᠦᠯᠬᠦ ᠠᠵᠤ ᠠᠬᠤᠶᠢᠯᠠᠯ ᠬᠢᠭᠡᠳ ᠡᠪᠡᠰᠦ ᠪᠣᠷᠳᠤᠭ᠎ᠠ | ᠳᠠᠷᠢᠬᠤ ᠶᠠᠳᠠᠭᠤ ᠬᠦᠴᠢᠷᠳᠡᠯᠲᠡᠶ ᠡᠷᠦᠬᠡ ᠯᠦᠭᠡ ᠶᠢᠨ ᠬᠠᠩᠭᠠᠯᠭ᠎ᠠ ᠬᠡᠷᠡᠭᠴᠡᠭᠡ ᠶᠢ ᠤᠶᠠᠯᠳᠤᠭᠤᠯᠤᠭᠰᠠᠨ ᠠᠰᠢᠭ | ᠲᠤᠰᠠ ᠶᠢᠨ ᠨᠢᠭᠲᠠ ᠬᠠᠷᠢᠴᠠᠭ᠎ᠠ ᠬᠤᠯᠪᠣᠭ᠎ᠠ ᠶᠢ ᠪᠠᠶᠢᠭᠤᠯᠤᠨ᠎ᠠ᠃ ᠡᠪᠡᠰᠦ ᠪᠣᠷᠳᠤᠭ᠎ᠠ ᠪᠠᠨ ᠰᠢᠨᠵᠢᠯᠡᠬᠦ | ᠤᠬᠠᠭᠠᠨᠴᠢ ᠪᠠᠷ ᠲᠡᠵᠢᠭᠡᠬᠦ ᠶᠢ ᠴᠢᠬᠤᠯᠠᠴᠢᠯᠠᠨ᠎ᠠ᠃ ᠣᠳᠣᠬᠠᠨ ᠳᠤ ᠬᠥᠬᠡ ᠡᠪᠡᠰᠦ ᠬᠢᠭᠡᠳ ᠡᠷᠳᠡᠨᠢ ᠰᠢᠰᠢ ᠶᠢᠨ | ᠦᠨ᠎ᠡ ᠬᠠᠩᠰᠢ ᠨᠢ ᠨᠡᠯᠢᠶᠡᠳ ᠣᠶᠢᠷᠠᠯᠴᠠᠭ᠎ᠠ ᠪᠠᠶᠢᠵᠤ᠂ ᠡᠷᠳᠡᠨᠢ ᠰᠢᠰᠢ ᠶᠢᠨ ᠰᠢᠮ᠎ᠡ ᠲᠡᠵᠢᠭᠡᠯ ᠤᠨ ᠥᠷᠲᠡᠭ ᠨᠢ | ᠬᠠᠭᠤᠷᠠᠶ ᠡᠪᠡᠰᠦ ᠶᠢᠨ ᠬᠢ ᠠᠴᠠ 4 — 5 ᠲᠠᠬᠢᠨ ᠪᠠᠶᠢᠳᠠᠭ ᠪᠣᠯᠬᠤᠷ᠂ ᠭᠠᠮᠰᠢᠭᠳᠠᠭᠰᠠᠨ ᠤᠷᠤᠨ ᠳᠤ ᠡᠪᠡᠰᠦ | ᠪᠣᠷᠳᠤᠭ᠎ᠠ ᠨᠦᠬᠦᠪᠦᠷᠢᠯᠡᠬᠦ ᠳᠤ᠂ ᠡᠪᠡᠰᠦ ᠵᠥᠭᠡᠭᠡᠪᠦᠷᠢᠯᠡᠬᠦ ᠶᠢᠨ ᠤᠷᠤᠨ ᠳᠤ ᠡᠷᠳᠡᠨᠢ ᠰᠢᠰᠢ ᠣᠷᠤᠭᠤᠯᠬᠤ ᠨᠢ ᠬᠠᠷᠢᠨ | ᠨᠡᠩ ᠶᠡᠭᠡ ᠠᠵᠤ ᠠᠬᠤᠶ ᠶᠢᠨ ᠦᠷ᠎ᠡ ᠠᠰᠢᠭ ᠲᠠᠢ ᠪᠠᠶᠢᠨ᠎ᠠ᠃ | ᠬᠥᠲᠥᠯᠥᠭᠴᠢ᠄ | ᠵᠣᠣ ᠳᠠᠷᠤᠭ᠎ᠠ ᠡ᠂ ᠮᠠᠨ ᠤ ᠣᠷᠣᠨ ᠳᠤ ᠢᠳᠡᠰᠢᠨ ᠨᠣᠭᠤᠭᠠᠨ ᠤ ᠠᠵᠤ ᠦᠢᠯᠡᠰ ᠢ ᠬᠡᠷᠬᠢᠨ ᠬᠥᠭᠵᠢᠭᠦᠯᠵᠦ | ᠪᠠᠶᠢᠬᠤ ᠲᠤᠬᠠᠶ ᠲᠠᠨᠢᠯᠴᠠᠭᠤᠯᠤᠭᠠᠳ ᠥᠭᠭᠦᠨ᠎ᠡ ᠦᠦ︖ | ᠵᠤᠤ ᠶᠦᠩ ᠬᠤᠸᠠ᠄ | ᠮᠠᠨ ᠤ ᠣᠷᠣᠨ ᠤ ᠨᠡᠷᠡᠨ ᠤ ᠲᠤᠰᠤᠯᠲᠠ ᠭᠦᠢᠴᠡᠳ᠂ ᠠᠭᠤᠷ ᠠᠮᠢᠰᠬᠤᠯ ᠬᠦᠶᠲᠡᠨ ᠰᠡᠷᠢᠭᠦᠨ ᠪᠠᠶᠢᠵᠤ᠂ | ᠢᠳᠡᠰᠢᠨ ᠨᠣᠭᠤᠭᠠᠨ ᠤ ᠠᠵᠤ ᠦᠢᠯᠡᠰ ᠢ ᠬᠥᠭᠵᠢᠭᠦᠯᠬᠦ ᠥᠪᠡᠷᠮᠢᠴᠡ ᠳᠠᠪᠠᠭᠤᠯᠢᠭ ᠲᠠᠯ᠎ᠠ ᠲᠠᠢ ᠶᠤᠮ᠃ 7 ᠂ 8 ᠂ | 9 ᠳ᠋ᠦ᠋ᠭᠡᠷ ᠰᠠᠷ᠎ᠠ ᠳᠤ ᠵᠠᠳᠠᠭᠠᠶ ᠭᠠᠵᠠᠷ ᠤᠨ ᠢᠳᠡᠰᠢᠨ ᠨᠣᠭᠤᠭ᠎ᠠ ᠶᠡᠭᠡ ᠬᠡᠮᠵᠢᠶ᠎ᠡ ᠪᠠᠷ ᠵᠠᠬ᠎ᠠ ᠳᠡᠯᠭᠡᠭᠦᠷ ᠲᠤ ᠭᠠᠷᠴᠤ᠂ | ᠶᠠᠭ ᠡᠮᠦᠨᠡᠲᠦ ᠣᠷᠣᠨ ᠤ ᠢᠳᠡᠰᠢᠨ ᠨᠣᠭᠤᠭ᠎ᠠ ᠶᠢᠨ ᠴᠤᠬᠠᠭ ᠤᠯᠠᠷᠢᠯ ᠲᠣᠬᠢᠶᠠᠳᠠᠭ ᠪᠤᠯᠬᠤᠷ᠂ ᠪᠦᠬᠦ ᠤᠯᠤᠰ ᠤᠨ | ᠵᠤᠨ ᠨᠠᠮᠤᠷ ᠤᠨ ᠢᠳᠡᠰᠢᠨ ᠨᠣᠭᠤᠭᠠᠨ ᠤ ᠰᠠᠭᠤᠷᠢᠨ ᠭᠠᠵᠠᠷ ᠪᠠᠶᠢᠭᠤᠯᠵᠤ ᠪᠣᠯᠤᠨ᠎ᠠ᠃ 2016 ᠣᠨ ᠤ ᠵᠢᠯ ᠤᠨ | ᠡᠴᠦᠰ ᠪᠣᠯᠲᠠᠯ᠎ᠠ᠂ ᠮᠠᠨ ᠤ ᠣᠷᠣᠨ 231 ᠲᠦᠮᠡᠨ ᠮᠦ ᠪᠡᠯᠡᠳᠬᠡᠮᠵᠢᠳᠦ ᠲᠠᠷᠢᠶᠠᠯᠠᠩ ᠪᠠᠶᠢᠭᠤᠯᠵᠤ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠬᠡᠢ ᠪᠡᠶᠡᠲᠦ ᠪᠤᠷᠳᠤᠭᠤᠷ ᠣᠷᠣᠭᠤᠯᠬᠤ ᠵᠡᠷᠭᠡ ᠢᠵᠢ | ᠪᠦᠷᠢᠳᠦᠭᠦᠯᠦᠯᠲᠡ ᠶᠢᠨ ᠮᠡᠷᠭᠡᠵᠢᠯ ᠢ ᠶᠡᠬᠡᠪᠡᠷ ᠳᠡᠯᠭᠡᠷᠡᠭᠦᠯᠵᠦ᠂ ᠡᠪᠦᠯ ᠤᠨ ᠤᠯᠠᠷᠢᠯ ᠤᠨ ᠢᠳᠡᠰᠢᠨ ᠨᠣᠭᠤᠭ᠎ᠠ ᠶᠢᠨ | ᠦᠢᠯᠡᠳᠪᠦᠷᠢᠯᠡᠯ ᠤᠨ ᠤᠨᠠᠯᠲᠠ ᠪᠠ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ ᠨᠡᠶᠢᠲᠡ ᠶᠢᠨ ᠬᠦᠨᠦᠭᠡᠯ ᠦᠭᠡᠢ | ᠪᠣᠬᠢᠷᠲᠤᠯ ᠦᠬᠡᠢ ᠢᠳᠡᠰᠢᠨ ᠨᠣᠭᠤᠭ᠎ᠠ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ | ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠨ᠂ ᠵᠠᠬ᠎ᠠ ᠳᠡᠯᠭᠡᠭᠦᠷ ᠲᠤ ᠵᠣᠬᠢᠴᠠᠭᠤᠯᠬᠤ᠂ ᠣᠨᠴᠠᠯᠢᠭ ᠲᠠᠢ | ᠬᠥᠭᠵᠢᠭᠦᠯᠬᠦ ᠵᠠᠷᠴᠢᠮ ᠢᠶᠠᠷ᠂ ᠶᠠᠳᠠᠭᠤ ᠬᠦᠴᠢᠷᠳᠡᠯᠲᠡᠶ ᠡᠷᠦᠬᠡ ᠶᠢᠨ ᠢᠳᠡᠰᠢᠨ ᠨᠣᠭᠤᠭ᠎ᠠ ᠲᠠᠷᠢᠬᠤ ᠬᠢᠷᠢ ᠬᠡᠮᠵᠢᠶ᠎ᠡ ᠶᠢ | ᠪᠦᠬᠦ ᠲᠠᠯ᠎ᠠ ᠪᠠᠷ ᠳᠡᠭᠡᠭᠰᠢᠯᠡᠭᠦᠯᠪᠡ᠃ ᠭᠠᠳᠠᠭᠰᠢ ᠢᠳᠡᠰᠢᠨ ᠨᠣᠭᠤᠭ᠎ᠠ ᠪᠣᠷᠣᠯᠠᠭᠤᠯᠬᠤ ᠳᠠᠭᠠᠨ ᠲᠦᠷᠦᠯ ᠪᠠᠷᠢᠮᠵᠢᠶ᠎ᠠ | ᠶᠢ ᠨᠢᠭᠡᠳᠦᠭᠦᠯᠵᠦ᠂ ᠨᠡᠷᠡᠳᠤ ᠪᠦᠲᠦᠭᠡᠭᠳᠡᠬᠦᠨ ᠤ ᠤᠬᠠᠮᠰᠠᠷ ᠢ ᠪᠤᠢ ᠪᠣᠯᠭᠠᠵᠤ᠂ ᠣᠷᠣᠨ ᠪᠦᠰᠡᠵᠢᠭᠦᠯᠦᠨ | ᠪᠠᠶᠢᠷᠢᠰᠢᠭᠤᠯᠬᠤ᠂ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠬᠡᠷᠡᠭᠵᠢᠭᠦᠯᠵᠦ᠂ ᠬᠤᠳᠠᠯᠳᠤᠨ ᠠᠪᠤᠭᠴᠢ | ᠬᠤᠳᠠᠯᠳᠤᠭᠠᠴᠢᠨ ᠳᠤ ᠳᠥᠭᠦᠮ ᠦᠵᠡᠭᠦᠯᠪᠡ᠃ ᠡᠭᠦᠨ ᠤ ᠬᠠᠮᠲᠤ᠂ ᠬᠥᠢᠳᠡᠨ ᠢᠶᠠᠷ ᠭᠡᠯᠬᠢᠶᠡᠵᠢᠬᠦᠯᠬᠦ | ᠪᠠᠶᠢᠭᠤᠯᠤᠯᠲᠠ ᠶᠢ ᠴᠢᠩᠭᠠᠳᠬᠠᠵᠤ᠂ ᠬᠤᠷᠣᠭᠳᠠᠯ ᠢ ᠪᠠᠭᠠᠰᠬᠠᠵᠤ᠂ ᠶᠠᠰᠤ ᠴᠢᠨᠠᠷ ᠢ ᠪᠠᠲᠤᠯᠠᠪᠠ᠃ ᠮᠠᠨ ᠤ ᠣᠷᠣᠨ | ᠳᠤ ᠪᠦᠭᠦ ᠤᠯᠤᠰ ᠲᠠᠢ ᠠᠳᠠᠯᠢ ᠪᠠᠷ ᠢᠳᠡᠰᠢᠨ ᠨᠣᠭᠤᠭ᠎ᠠ ᠪᠠ ᠲᠠᠷᠢᠶᠠᠯᠠᠩ ᠤᠨ ᠪᠦᠲᠦᠭᠡᠭᠳᠡᠬᠦᠨ ᠤ ᠲᠠᠷᠢᠶᠠᠨ ᠵᠠᠬ᠎ᠠ | ᠶᠢᠨ ᠦᠨ᠎ᠡ ᠨᠢ ᠳᠣᠣᠷ᠎ᠠ᠂ ᠵᠠᠬ᠎ᠠ ᠳᠡᠯᠭᠡᠭᠦᠷ ᠤᠨ ᠦᠨ᠎ᠡ ᠨᠢ ᠥᠨᠳᠥᠷ ᠪᠠᠶᠢᠬᠤ ᠠᠰᠠᠭᠤᠳᠠᠯ ᠣᠷᠣᠰᠢᠵᠤ ᠪᠠᠶᠢᠨ᠎ᠠ᠃ | ᠡᠭᠦᠨ ᠤ ᠦᠨᠳᠦᠰᠦᠨ ᠰᠢᠯᠲᠠᠭᠠᠨ ᠨᠢ ᠭᠡᠪᠡᠯ ᠲᠠᠷᠢᠶᠠᠯᠠᠩ ᠤᠨ ᠪᠦᠲᠦᠭᠡᠭᠳᠡᠬᠦᠨ ᠪᠣᠷᠣᠯᠠᠭᠤᠯᠬᠤ ᠳᠡᠯᠭᠡᠭᠦᠷ ᠤᠨ | ᠦᠨ᠎ᠡ ᠨᠢ ᠳᠡᠩᠳᠡᠭᠦᠦ ᠥᠨᠳᠥᠷ ᠪᠠᠶᠢᠨ᠎ᠠ᠃ ᠨᠡᠶᠢᠭᠡᠮ ᠲᠣᠭᠤᠷᠢᠭ ᠤᠨ ᠳᠡᠯᠭᠡᠭᠦᠷ ᠪᠠᠶᠢᠭᠤᠯᠪᠠᠯ ᠲᠠᠷᠢᠶᠠᠨ ᠵᠠᠬ᠎ᠠ ᠶᠢᠨ | ᠦᠨ᠎ᠡ ᠶᠢ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠤᠨ ᠦᠨ᠎ᠡ ᠶᠢ ᠪᠠᠭᠤᠷᠠᠭᠤᠯᠵᠤ ᠪᠣᠯᠣᠨ᠎ᠠ᠂ ᠡᠨᠡ ᠪᠣᠯ ᠣᠳᠣᠬᠠᠨ ᠤ | ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠰᠠᠭᠤᠳᠠᠯ ᠢ ᠰᠢᠢᠳᠪᠦᠷᠢᠯᠡᠬᠦ ᠬᠠᠮᠤᠭ ᠤᠨ | ᠦᠨᠳᠦᠰᠦᠨ ᠠᠷᠭ᠎ᠠ ᠬᠡᠮᠵᠢᠶ᠎ᠡ ᠮᠥᠨ᠃ ᠢᠳᠡᠰᠢᠨ ᠨᠣᠭᠤᠭᠠᠨ ᠤ ᠠᠵᠤ ᠦᠢᠯᠡᠰ ᠢ ᠬᠦᠭᠵᠢᠭᠦᠯᠬᠦ ᠳᠤ ᠶᠠᠳᠠᠭᠤ | ᠬᠦᠴᠢᠷᠳᠡᠯᠲᠡᠶ ᠡᠷᠦᠬᠡ ᠤᠷᠢᠳᠠᠪᠠᠷ ᠠᠵᠢᠯ ᠣᠯᠵᠤ᠂ ᠤᠷᠢᠳᠠᠪᠠᠷ ᠬᠥᠭᠵᠢᠵᠦ ᠪᠣᠯᠣᠨ᠎ᠠ᠃ | ᠬᠥᠲᠥᠯᠥᠭᠴᠢ᠄ | ᠲᠥᠮᠥᠰᠥ ᠶᠢᠨ ᠦᠢᠯᠡᠰ ᠢ ᠬᠡᠷᠬᠢᠨ ᠬᠥᠭᠵᠢᠭᠦᠯᠬᠦ ᠲᠤᠬᠠᠶ ᠲᠠᠨᠢᠯᠴᠠᠭᠤᠯᠤᠭᠠᠳ ᠥᠭᠭᠦᠨ᠎ᠡ ᠦᠦ︖ | ᠵᠤᠤ ᠶᠦᠩ ᠬᠤᠸᠠ᠄ | ᠮᠠᠨ ᠤ ᠣᠷᠣᠨ ᠪᠣᠯ ᠲᠥᠮᠥᠰᠥ ᠶᠢᠨ ᠲᠤᠮᠤ ᠣᠷᠣᠨ ᠮᠥᠨ᠂ ᠵᠢᠯ ᠪᠦᠷᠢ 1000 ᠲᠦᠮᠡᠨ ᠮᠦ ᠣᠷᠴᠢᠮ | ᠲᠠᠷᠢᠵᠤ᠂ ᠵᠠᠬ᠎ᠠ ᠳᠡᠯᠭᠡᠭᠦᠷ ᠤᠨ ᠠᠯᠳᠠᠷᠰᠢᠯ ᠨᠢ ᠴᠤ ᠥᠨᠳᠥᠷ ᠪᠠᠶᠢᠨ᠎ᠠ᠃ ᠲᠥᠮᠥᠰᠥ ᠶᠢᠨ ᠭᠠᠷᠤᠯᠲᠠ ᠶᠢᠨ | ᠣᠨᠣᠯ ᠢᠶᠠᠷ ᠪᠣᠯ ᠮᠦ ᠪᠦᠷᠢ ᠠᠴᠠ 8 ᠲᠣᠨ ᠬᠤᠷᠢᠶᠠᠨ᠎ᠠ᠂ ᠮᠠᠨ ᠤ ᠣᠷᠣᠨ ᠳᠤᠮᠳᠠᠴᠢ ᠪᠠᠷ ᠮᠦ ᠪᠦᠷᠢ ᠠᠴᠠ 1 | ᠲᠣᠨ ᠬᠤᠷᠢᠶᠠᠵᠤ ᠪᠠᠶᠢᠨ᠎ᠠ᠂ ᠭᠡᠪᠡᠴᠦ ᠮᠠᠨ ᠤ ᠣᠷᠣᠨ ᠳᠤ ᠮᠦ ᠪᠦᠷᠢ ᠠᠴᠠ 3 — 4 ᠲᠣᠨ ᠬᠤᠷᠢᠶᠠᠵᠤ | ᠪᠠᠶᠢᠬᠤ ᠭᠠᠵᠠᠷ ᠮᠠᠰᠢ ᠤᠯᠠᠨ ᠪᠠᠶᠢᠨ᠎ᠠ᠂ ᠣᠨᠴᠠ ᠵᠠᠷᠢᠮ ᠭᠠᠵᠠᠷ ᠮᠦ ᠪᠦᠷᠢ ᠠᠴᠠ ᠲᠦᠮᠡ ᠭᠠᠷᠤᠶ ᠵᠢᠩ ᠬᠤᠷᠢᠶᠠᠵᠤ᠂ | ᠭᠠᠷᠤᠯᠲᠠ ᠪᠠᠨ ᠨᠡᠮᠡᠭᠳᠡᠭᠦᠯᠬᠦ ᠣᠷᠣᠨ ᠵᠠᠶ ᠮᠠᠰᠢ ᠶᠡᠭᠡ ᠪᠠᠶᠢᠳᠠᠭ᠃ ︽ᠬᠤᠶᠠᠷ ᠢ ᠨᠡᠮᠡᠭᠳᠡᠭᠦᠯᠵᠦ᠂ ᠲᠠᠪᠤ ᠶᠢ | ᠳᠡᠯᠭᠡᠷᠡᠭᠦᠯᠬᠦ︾ ᠮᠡᠷᠭᠡᠵᠢᠯ ᠲᠤᠬᠠᠶᠢᠯᠠᠪᠠᠯ᠂ ᠨᠢᠭᠲᠠᠴᠠ ᠶᠢ ᠨᠡᠮᠡᠭᠳᠡᠭᠦᠯᠵᠦ ᠣᠷᠭᠠᠨᠢᠭ ᠪᠤᠷᠳᠤᠭᠤᠷ ᠨᠡᠮᠡᠵᠦ | ᠣᠷᠣᠭᠤᠯᠬᠤ ᠶᠢ ᠨᠡᠮᠡᠭᠳᠡᠭᠦᠯᠦᠨ᠂ ᠲᠥᠮᠥᠰᠥᠨ ᠤ ᠦᠷ᠎ᠡ ᠶᠢ ᠬᠤᠣᠷ ᠦᠭᠡᠶᠢᠳᠡᠭᠦᠯᠦᠨ ᠲᠠᠷᠢᠬᠤ᠂ | ᠪᠡᠯᠡᠳᠬᠡᠮᠵᠢ ᠪᠠᠷ ᠲᠠᠷᠢᠵᠤ ᠪᠤᠶᠢᠵᠢᠭᠤᠯᠬᠤ᠂ ᠪᠦᠷᠬᠦᠭᠦᠯ ᠬᠤᠴᠢᠬᠤ᠂ ᠮᠠᠰᠢᠨᠴᠢᠯᠠᠯᠲᠠ ᠪᠠᠷ ᠠᠵᠢᠯᠯᠠᠬᠤ᠂ ᠲᠤᠰᠬᠠᠶ | ᠪᠤᠷᠳᠤᠭᠤᠷ ᠬᠡᠷᠡᠭᠯᠡᠬᠦ ᠮᠡᠷᠭᠡᠵᠢᠯ ᠢᠶᠠᠷ ᠭᠤᠣᠯᠯᠠᠭᠤᠯᠤᠭᠰᠠᠨ ᠬᠤᠷᠠᠮᠠᠯ ᠮᠡᠷᠭᠡᠵᠢᠯ ᠢ ᠳᠡᠯᠭᠡᠷᠡᠭᠦᠯᠦᠨ᠎ᠡ︔ ᠲᠥᠮᠥᠰᠥᠨ ᠤ | ᠦᠷ᠎ᠡ ᠶᠢ ᠦᠷᠡᠵᠢᠭᠦᠯᠦᠨ ᠪᠣᠶᠢᠵᠢᠭᠤᠯᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠳᠡᠮᠵᠢᠵᠦ᠂ ᠶᠠᠳᠠᠭᠤ | ᠬᠦᠴᠢᠷᠳᠡᠯ ᠲᠠᠢ ᠲᠣᠰᠬᠤᠨ ᠶᠠᠳᠠᠭᠤ ᠬᠦᠴᠢᠷᠳᠡᠯᠲᠡᠶ ᠡᠷᠦᠬᠡ ᠳᠤ ᠨᠥᠬᠦᠪᠥᠷᠢ ᠥᠭᠬᠦ ᠵᠡᠷᠭᠡ ᠠᠷᠭ᠎ᠠ ᠬᠡᠮᠵᠢᠶ᠎ᠡ | ᠠᠪᠬᠤ ᠪᠠᠷ ᠳᠠᠮᠵᠢᠭᠤᠯᠤᠨ ᠲᠥᠮᠥᠰᠥᠨ ᠤ ᠦᠷ᠎ᠡ ᠶᠢ ᠬᠤᠣᠷ ᠦᠭᠡᠶᠢᠳᠡᠭᠦᠯᠦᠨ ᠲᠠᠷᠢᠬᠤ ᠶᠢ ᠶᠡᠬᠡᠪᠡᠷ ᠳᠡᠯᠭᠡᠷᠡᠭᠦᠯᠵᠦ᠂ | ᠲᠥᠮᠥᠰᠥᠨ ᠤ ᠭᠠᠷᠤᠯᠲᠠ ᠶᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠲᠥᠮᠥᠰᠥᠨ ᠤ ᠦᠷ᠎ᠡ ᠶᠢᠨ ᠰᠠᠭᠤᠷᠢᠨ | ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠡ᠃ ︽ᠺᠣᠮᠫᠠᠨᠢ + ᠰᠠᠭᠤᠷᠢᠨ ᠭᠠᠵᠠᠷ + ᠶᠠᠳᠠᠭᠤ | ᠬᠦᠴᠢᠷᠳᠡᠯᠲᠡᠶ ᠲᠠᠷᠢᠶᠠᠴᠢᠨ ᠡᠷᠦᠬᠡ ︾ ᠶᠢᠨ ᠵᠠᠭᠪᠤᠷ ᠢ ᠳᠡᠯᠭᠡᠷᠡᠭᠦᠯᠵᠦ᠂ ᠳᠣᠲᠣᠭᠠᠳᠣ ᠳᠠᠭᠠᠨ ᠶᠠᠰᠤ ᠴᠢᠨᠠᠷ ᠢ | ᠠᠳᠬᠤᠵᠦ᠂ ᠭᠠᠳᠠᠭᠰᠢ ᠪᠠᠨ ᠵᠠᠬ᠎ᠠ ᠳᠡᠯᠭᠡᠭᠦᠷ ᠢᠶᠠᠨ ᠥᠷᠭᠡᠳᠬᠡᠵᠦ᠂ ᠲᠥᠮᠥᠰᠥ ᠲᠠᠷᠢᠬᠤ ᠶᠢ ᠥᠷᠭᠡᠳᠬᠡᠨ | ᠦᠢᠯᠡᠳᠪᠦᠷᠢᠯᠡᠬᠦ ᠰᠢᠰᠲ᠋ᠧᠮᠵᠢ ᠶᠢ ᠪᠦᠷᠢᠨᠰᠢᠭᠦᠯᠵᠦ᠂ ᠥᠪᠥᠷ ᠮᠣᠩᠭᠤᠯ ᠢᠶᠠᠨ ᠪᠦᠬᠦ ᠤᠯᠤᠰ ᠤᠨ ᠲᠥᠮᠥᠰᠥ ᠲᠠᠷᠢᠬᠤ | ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠭᠠᠨ ᠪᠠᠶᠢᠭᠤᠯᠤᠨ᠎ᠠ᠃ ᠥᠷ᠎ᠡ ᠶᠢᠨ ᠲᠥᠷᠥᠯ ᠳᠤ ᠳ᠋ᠠ ᠰᠢ ᠶᠠᠩ᠂ | ᠰᠢᠶᠠ ᠫᠦᠸᠧ ᠳ᠋ᠢ᠂ ᠹᠧᠢ ᠡᠦ ᠷᠦᠢ ᠲᠧ ᠵᠡᠷᠭᠡ ᠣᠨᠴᠠ ᠳᠡᠰ ᠤᠨ ᠰᠢᠯᠢᠳᠡᠭ ᠥᠷ᠎ᠡ ᠶᠢ ᠰᠣᠩᠭᠤᠵᠤ ᠬᠡᠷᠡᠭᠯᠡᠨ᠎ᠡ᠃ | ᠲᠥᠮᠥᠰᠥ ᠶᠢ ᠳᠤᠰᠤᠯᠭᠠᠨ ᠤᠰᠤᠯᠠᠬᠤ ᠶᠢ ᠶᠡᠬᠡᠪᠡᠷ ᠬᠥᠭᠵᠢᠭᠦᠯᠵᠦ᠂ ᠰᠢᠨ᠎ᠡ ᠪᠠᠷ ᠳᠤᠰᠤᠯᠭᠠᠨ ᠤᠰᠤᠯᠠᠬᠤ | ᠪᠡᠯᠡᠳᠬᠡᠮᠵᠢ ᠤᠭᠰᠠᠷᠠᠭᠰᠠᠨ ᠶᠠᠳᠠᠭᠤ ᠬᠦᠴᠢᠷᠳᠡᠯᠲᠡᠶ ᠡᠷᠥᠭᠡ ᠳᠤ ᠲᠤᠰᠠᠯᠠᠮᠵᠢ ᠦᠵᠡᠭᠦᠯᠵᠦ᠂ ᠨᠡᠩ ᠣᠯᠠᠨ | ᠨᠥᠬᠦᠪᠥᠷᠢ ᠣᠯᠭᠤᠨ᠎ᠠ᠃ | ᠬᠥᠲᠥᠯᠥᠭᠴᠢ᠄ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠠᠯ᠎ᠠ ᠪᠠᠷ ᠲᠠᠨ ᠳᠤ ᠪᠠᠰᠠ ᠶᠠᠮᠠᠷ ᠨᠥᠬᠦᠪᠦᠷᠢᠯᠡᠵᠦ | ᠲᠣᠳᠣᠷᠬᠠᠶᠢᠯᠠᠬᠤ ᠵᠦᠢᠯ ᠪᠠᠶᠢᠨ᠎ᠠ ᠦᠦ︖ | ᠵᠤᠤ ᠶᠦᠩ ᠬᠤᠸᠠ᠄ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠪᠠᠰᠠ ᠤᠢ ᠰᠢᠭᠤᠢ ᠪᠠ ᠵᠢᠭᠤᠯᠴᠢᠯᠠᠯ ᠤᠨ ᠦᠢᠯᠡᠰ | ᠪᠠᠭᠲᠠᠨ᠎ᠠ᠃ ᠤᠢ ᠰᠢᠭᠤᠢ ᠶᠢᠨ ᠠᠵᠤ ᠦᠢᠯᠡᠰ ᠤᠨ ᠲᠠᠯ᠎ᠠ ᠪᠠᠷ ᠵᠢᠮᠢᠰ ᠤᠨ ᠮᠣᠳᠣ᠂ ᠡᠮ ᠤᠨ ᠮᠠᠲ᠋ᠧᠷᠢᠶᠠᠯ ᠵᠡᠷᠭᠡ | ᠠᠵᠤ ᠠᠬᠤᠶ ᠶᠢᠨ ᠤᠢ ᠶᠢ ᠢᠳᠡᠪᠬᠢᠲᠡᠶ ᠬᠥᠭᠵᠢᠭᠦᠯᠵᠦ᠂ ᠨᠣᠭᠤᠭᠠᠷᠠᠭᠤᠯᠬᠤ ᠮᠥᠷᠲᠡᠭᠡᠨ ᠪᠠᠰᠠ ᠪᠠᠶᠠᠵᠢᠭᠤᠯᠬᠤ | ᠬᠤᠣᠰ ᠠᠰᠢᠭ ᠤᠯᠬᠤ ᠬᠠᠷᠠᠯᠲᠠ ᠶᠢ ᠪᠡᠶᠡᠯᠡᠭᠦᠯᠦᠨ᠎ᠡ᠃ ᠭᠠᠭᠴᠠ ᠬᠦ ᠪᠠᠶᠠᠵᠢᠪᠠᠯ ᠰᠠᠶ᠋ᠢ ᠬᠥᠮᠦᠰ ᠤᠨ ᠮᠤᠳᠤ | ᠲᠡᠷᠢᠵᠦ ᠣᠶᠢᠵᠢᠭᠤᠯᠬᠤ ᠢᠳᠡᠪᠬᠢᠵᠢᠯ ᠢ ᠳᠠᠶᠢᠴᠢᠯᠠᠵᠤ ᠴᠢᠳᠠᠨ᠎ᠠ᠃ ᠢᠳᠡᠭᠡᠨ ᠤ ᠮᠥᠭᠦ ᠂ ᠡᠮ ᠤᠨ ᠮᠠᠲ᠋ᠧᠷᠢᠶᠠᠯ᠂ | ᠲᠡᠵᠢᠭᠡᠨ ᠦᠷᠡᠵᠢᠭᠦᠯᠬᠦ ᠦᠢᠯᠡᠰ ᠵᠡᠷᠭᠡ ᠤᠢ ᠮᠣᠳᠣᠨ ᠳᠤᠤᠷᠠᠬᠢ ᠠᠵᠤ ᠠᠬᠤᠶ ᠶᠢ ᠪᠤᠶᠢᠵᠢᠭᠤᠯᠬᠤ ᠪᠠ ᠨᠡᠭᠡᠭᠡᠨ | ᠠᠰᠢᠭᠯᠠᠬᠤ ᠶᠢ ᠴᠢᠬᠤᠯᠠᠴᠢᠯᠠᠵᠤ᠂ ᠡᠯᠡᠰᠦᠨ ᠤ ᠠᠵᠤ ᠦᠢᠯᠡᠰ ᠵᠡᠷᠭᠡ ᠤᠨᠴᠠᠯᠢᠭᠳᠤ ᠠᠵᠤ ᠦᠢᠯᠡᠰ ᠢ ᠶᠡᠬᠡᠪᠡᠷ | ᠬᠥᠭᠵᠢᠭᠦᠯᠦᠨ᠎ᠡ᠃ ᠵᠢᠭᠤᠯᠴᠢᠯᠠᠯ ᠤᠨ ᠡᠬᠢ ᠪᠠᠶᠠᠯᠢᠭ ᠲᠠᠢ ᠭᠠᠵᠠᠷ ᠣᠷᠣᠨ ᠳᠤ ᠤᠰᠤ ᠪᠠᠷ ᠴᠡᠪᠡᠷᠯᠡᠬᠦ ᠵᠣᠷᠯᠣᠩ᠂ | ᠲᠡᠷᠭᠡᠨ ᠤ ᠵᠣᠭᠰᠣᠭᠠᠯ᠂ ᠬᠤᠭ ᠨᠣᠪᠰᠢ ᠰᠢᠶᠳᠪᠦᠷᠢᠯᠡᠬᠦ ᠲᠠᠯᠠᠪᠠᠢ ᠶᠢᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠵᠦ᠂ | ᠵᠢᠭᠤᠯᠴᠢᠯᠠᠯ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠮᠠᠶ᠋ᠢᠭ ᠤᠨ᠂ ᠵᠢᠭᠤᠯᠴᠢᠯᠠᠯ ᠤᠨ ᠮᠠᠶ᠋ᠢᠭ | ᠤᠨ ᠂ ᠰᠡᠯᠡᠭᠦᠴᠡᠯ ᠤᠨ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢ ᠢᠳᠡᠪᠬᠢᠲᠡᠶ ᠬᠥᠭᠵᠢᠭᠦᠯᠵᠦ᠂ ᠠᠷᠠᠳ ᠤᠨ | ᠤᠯᠠᠮᠵᠢᠯᠠᠯᠲᠤ ᠢᠳᠡᠭᠡᠨ ᠤᠮᠳᠠᠭᠠᠨ᠂ ᠠᠷᠠᠳ ᠤᠨ ᠤᠯᠠᠮᠵᠢᠯᠠᠯᠲᠤ ᠵᠢᠭᠤᠯᠴᠢᠯᠠᠯ᠂ ᠠᠷᠠᠳ ᠤᠨ ᠤᠯᠠᠮᠵᠢᠯᠠᠯᠲᠤ | ᠤᠯᠠᠮᠵᠢᠯᠠᠯᠲᠤ ᠭᠠᠷ ᠤᠷᠠᠯᠠᠯ ᠵᠡᠷᠭᠡ ᠤᠨᠴᠠᠯᠢᠭᠳᠤ ᠠᠵᠤ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠲᠤᠰ | ᠭᠠᠵᠠᠷ ᠤᠨ ᠲᠡᠦᠬᠡ ᠰᠣᠶᠣᠯ ᠢ ᠠᠭᠤᠳᠠᠯᠬᠤ ᠶᠢ ᠴᠢᠬᠤᠯᠠᠴᠢᠯᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ | ᠰᠣᠶᠣᠯ ᠤᠨ ᠠᠭᠤᠷ ᠠᠮᠢᠰᠬᠤᠯ ᠢ ᠳᠡᠭᠡᠭᠰᠢᠯᠡᠭᠦᠯᠦᠨ᠎ᠡ᠃ ᠤᠢ ᠰᠢᠭᠤᠢ᠂ ᠵᠢᠭᠤᠯᠴᠢᠯᠠᠯ ᠤᠨ ᠦᠢᠯᠡᠰ ᠢ | ᠬᠥᠭᠵᠢᠭᠦᠯᠬᠦ ᠪᠠᠷ ᠳᠠᠮᠵᠢᠭᠤᠯᠤᠨ ᠶᠠᠳᠠᠭᠤ ᠬᠦᠴᠢᠷᠳᠡᠯ ᠲᠠᠢ ᠬᠥᠮᠦᠨ ᠠᠮᠠ ᠳᠤ ᠤᠷᠢᠳᠠᠪᠠᠷ ᠠᠵᠢᠯ ᠣᠯᠭᠤᠬᠤ᠂ | ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠲᠠᠷᠢᠶᠠᠯᠠᠩ ᠤᠨ ᠪᠦᠲᠦᠭᠡᠭᠳᠡᠬᠦᠨ ᠢ ᠤᠷᠢᠳᠠᠪᠠᠷ ᠬᠤᠳᠠᠯᠳᠤᠨ ᠠᠪᠬᠤ | ᠵᠡᠷᠭᠡ ᠠᠷᠭ᠎ᠠ ᠬᠡᠯᠪᠡᠷᠢ ᠪᠠᠷ᠂ ᠶᠠᠳᠠᠭᠤ ᠬᠦᠴᠢᠷᠳᠡᠯ ᠲᠠᠢ ᠡᠷᠤᠬᠡ ᠶᠢ ᠲᠠᠶᠢᠴᠢᠯᠠᠨ ᠶᠠᠳᠠᠭᠤ ᠠᠴᠠ ᠠᠩᠭᠢᠵᠢᠷᠠᠭᠤᠯᠤᠨ | ᠪᠠᠶᠠᠵᠢᠭᠤᠯᠤᠨ᠎ᠠ᠃ | ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠨᠢ ᠨᠢᠭᠡ ᠵᠦᠢᠯ ᠤᠨ ᠠᠵᠣ ᠠᠬᠤᠶ ᠶᠢᠨ ᠠᠵᠢᠯᠯᠠᠭ᠎ᠠ ᠪᠣᠯᠣᠭᠰᠠᠨ | ᠤ ᠬᠤᠪᠢ ᠳᠤ᠂ ᠠᠰᠢᠭ ᠲᠤᠰᠠ ᠶᠢ ᠬᠤᠯᠪᠣᠬᠤ ᠪᠣᠯ ᠭᠤᠣᠯ ᠪᠣᠯᠤᠨ᠎ᠠ᠃ ᠠᠰᠢᠭ ᠲᠤᠰᠠ ᠶᠢ ᠬᠤᠯᠪᠣᠬᠤ ᠰᠠᠶᠢᠨ | ᠰᠠᠶᠢᠬᠠᠨᠲ᠋ᠣᠭᠲᠠᠴᠠ ᠶᠢ ᠪᠠᠶᠢᠭᠤᠯᠬᠤ ᠶᠢᠨ ᠭᠤᠣᠯᠳᠠᠯᠭ᠎ᠠ ᠪᠣᠯ ᠶᠠᠳᠠᠭᠤ ᠬᠦᠴᠢᠷᠳᠡᠯᠲᠡᠶ ᠡᠷᠦᠬᠡ ᠳᠤ ᠲᠤᠶᠢᠯ ᠤᠨ | ᠤᠨᠤᠪᠴᠢᠲᠠᠢ ᠪᠠᠷ ᠠᠰᠢᠭ ᠬᠦᠷᠲᠡᠭᠡᠬᠦ ᠪᠠᠷ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠬᠥᠭᠵᠢᠯᠲᠡ ᠶᠢᠨ ᠵᠠᠶᠢᠯᠠᠰᠢ | ᠦᠭᠡᠢ ᠨᠥᠬᠦᠴᠡᠯ ᠪᠣᠯᠭᠠᠵᠤ᠂ ᠶᠠᠳᠠᠭᠤ ᠬᠦᠴᠢᠷᠳᠡᠯ ᠲᠠᠢ ᠡᠷᠤᠭᠡ ᠶᠢ ᠰᠢᠨ᠎ᠡ ᠮᠠᠶ᠋ᠢᠭ ᠤᠨ ᠡᠵᠡᠩᠨᠡᠯᠲᠡ ᠶᠢᠨ ᠪᠡᠶᠡᠴᠢ | ᠴᠣᠭᠴᠠ ᠶᠢᠨ ᠤᠳᠤᠷᠢᠳᠤᠮᠵᠢ ᠪᠣᠯᠣᠭᠰᠠᠨ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ᠂ ᠠᠵᠤ ᠦᠢᠯᠡᠰ ᠢᠶᠠᠷ | ᠶᠠᠳᠠᠭᠤ ᠶᠢ ᠲᠡᠳᠬᠦᠬᠦ ᠦᠷ᠎ᠡ ᠪᠦᠲᠦᠮᠵᠢ ᠪᠣᠯᠤᠨ ᠡᠬᠢ ᠪᠠᠶᠠᠯᠢᠭ ᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠵᠤ ᠦᠢᠯᠡᠰ ᠤᠨ ᠲᠡᠰ ᠢ ᠳᠡᠪᠰᠢᠭᠦᠯᠬᠦ ᠶᠢ ᠠᠬᠢᠭᠤᠯᠬᠤ ᠶᠠᠪᠤᠳᠠᠯ | ᠪᠣᠯᠣᠨ᠎ᠠ᠃ | ᠬᠥᠲᠥᠯᠥᠭᠴᠢ᠄ | ᠵᠠ᠂ ᠰᠠᠶᠢᠨ ᠪᠣᠯᠣᠯ᠎ᠠ᠂ ᠵᠣᠣ ᠳᠠᠷᠤᠭ᠎ᠠ ᠶᠢᠨ ᠬᠦᠯᠢᠴᠡᠩᠭᠦᠶ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ | ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠲᠡᠭᠦᠰᠦᠯ᠎ᠡ᠂ ᠲᠠᠷᠠᠭᠠᠴᠢ ᠶᠢᠨ ᠫᠷᠤᠭ᠍ᠷᠠᠮ ᠳᠤ | ᠪᠠᠶᠠᠷᠲᠠᠶ ᠵᠣᠯᠭᠠᠶ᠎ᠠ᠃ |