ᠥᠪᠥᠷ ᠮᠣᠩᠭᠤᠯ ᠮᠢᠩᠭ᠎ᠠ ᠭᠠᠷᠤᠶ ᠴᠢᠳᠠᠪᠤᠷᠢᠲᠠᠨ ᠢ ᠬᠦᠮᠦᠵᠢᠭᠦᠯᠦᠭᠰᠡᠨ ᠪᠠ ᠲᠠᠲᠠᠨ ᠠᠪᠴᠢᠷᠠᠭᠠᠳ  ᠮᠢᠩᠭᠠᠨ ᠬᠥᠮᠦᠨ ᠤ ᠲᠥᠯᠥᠪᠯᠡᠭᠡ᠂ ᠲᠦᠮᠡᠨ ᠬᠥᠮᠦᠨ ᠤ ᠲᠥᠯᠥᠪᠯᠡᠭᠡ ᠳᠤ ᠲᠤᠰ ᠪᠦᠷᠢ 13 ᠬᠥᠮᠦᠨ ᠰᠤᠩᠭᠤᠭᠳᠠᠵᠠᠢ
ᠨᠡᠶᠢᠲᠡᠯᠡᠭᠰᠡᠨ ᠴᠠᠭ᠄
2017/7/13
     ᠲᠠᠪᠤᠳᠤᠭᠠᠷ ᠬᠤᠭᠤᠴᠠᠭᠠᠨ ᠤ ᠥᠪᠥᠷ ᠮᠣᠩᠭᠤᠯ ᠤᠨ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾ ᠳᠡᠭᠡᠳᠦ ᠳᠡᠰ ᠤᠨ ᠴᠢᠳᠠᠪᠤᠷᠢᠲᠠᠨ ᠤ ᠬᠠᠮᠲᠤᠷᠠᠯᠴᠠᠭ᠎ᠠ ᠰᠣᠯᠢᠯᠴᠠᠭᠠᠨ ᠤ ᠬᠤᠷᠠᠯ ᠵᠢᠴᠢ ᠬᠥᠬᠡᠬᠤᠲᠠ ᠪᠤᠭᠤᠲᠤ ᠣᠷᠳᠣᠰ ᠤᠨ ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠭᠠᠷᠠᠭ ᠤᠨ ᠠᠵᠢᠯᠯᠠᠭ᠎ᠠ 7 ᠳ᠋ᠤᠭᠠᠷ ᠰᠠᠷ᠎ᠠ ᠶᠢᠨ 12᠎ ᠤᠨ ᠡᠳᠦᠷ ᠠᠴᠠ 16᠎ ᠤ ᠡᠳᠦᠷ ᠪᠤᠯᠲᠠᠯ᠎ᠠ ᠶᠠᠪᠤᠭᠳᠠᠬᠤ ᠪᠤᠯᠤᠨ᠎ᠠ᠃ ︽ᠲᠠᠯ᠎ᠠ ᠨᠤᠲᠤᠭ ᠤᠨ ᠰᠤᠳᠤᠨ ᠴᠢᠳᠠᠪᠤᠷᠢᠲᠠᠨ︾᠎ ᠤ ᠢᠨᠵᠧᠨᠧᠷᠢᠩ ᠢ 2010 ᠣᠨ ᠠᠴᠠ ᠡᠬᠢᠯᠡᠭᠦᠯᠦᠭᠰᠡᠨ ᠠᠴᠠ ᠨᠠᠰᠢ᠂ ᠦᠪᠦᠷ ᠮᠤᠩᠭᠤᠯ ᠳᠤ ︽ᠲᠠᠯ᠎ᠠ ᠨᠤᠲᠤᠭ ᠤᠨ ᠴᠢᠳᠠᠪᠤᠷᠢᠲᠠᠨ︾ ᠨᠡᠶᠢᠲᠡ 1017 ᠬᠦᠮᠦᠨ ᠢ ᠬᠦᠮᠦᠵᠢᠭᠦᠯᠦᠭᠰᠡᠨ ᠪᠠ ᠲᠠᠲᠠᠨ ᠠᠪᠴᠢᠷᠠᠵᠤ᠂ ᠲᠠᠷᠢᠶᠠᠯᠠᠩ ᠮᠠᠯ ᠠᠵᠤ ᠠᠬᠤᠶ᠂ ᠡᠨᠧᠷᠬᠢ᠂ ᠰᠢᠨ᠎ᠡ ᠬᠡᠯᠪᠡᠷᠢ ᠶᠢᠨ ᠬᠢᠮᠢ ᠶᠢᠨ ᠠᠵᠤ ᠦᠶᠯᠡᠳᠪᠦᠷᠢ ᠵᠡᠷᠭᠡ 15 ᠬᠦᠷᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠶᠯᠡᠰ ᠤᠨ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠴᠢᠳᠠᠪᠤᠷᠢᠲᠠᠨ ᠤ ᠪᠦᠯᠬᠦᠮ 496᠂ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠤ ᠰᠢᠨ᠎ᠡ ᠶᠢ ᠡᠭᠦᠳᠴᠦ ᠠᠳᠠᠯ ᠦᠢᠯᠡᠰ ᠴᠣᠭᠴᠠᠯᠠᠬᠤ ᠰᠠᠭᠤᠷᠢᠨ ᠭᠠᠵᠠᠷ 77᠎ ᠶᠢ ᠭᠤᠤᠯᠳᠠᠯᠭ᠎ᠠ ᠲᠠᠢ ᠪᠤᠶᠢᠵᠢᠭᠤᠯᠵᠤ᠂ ᠥᠪᠥᠷ ᠮᠣᠩᠭᠤᠯ ᠤᠨ ᠴᠢᠳᠠᠪᠤᠷᠢᠲᠠᠨ ᠤ ᠦᠢᠯᠡᠰ ᠤᠨ ᠬᠥᠭᠵᠢᠯᠲᠡ ᠶᠢᠨ ᠴᠢᠬᠤᠯᠠ ᠲᠠᠪᠴᠠᠩ ᠤᠨ ᠨᠢᠭᠡ ᠨᠢ ᠪᠤᠯᠤᠭᠰᠠᠨ ᠪᠠᠶᠢᠨ᠎ᠠ᠃ ᠤᠳᠤᠬᠠᠨ ᠳᠤ᠂ ᠨᠢᠭᠡᠨᠲᠡ ᠰᠢᠯᠭᠠᠷᠠᠭᠤᠯᠤᠨ ᠰᠤᠩᠭᠤᠭᠰᠠᠨ ︽ᠲᠠᠯ᠎ᠠ ᠨᠤᠲᠤᠭ ᠤᠨ ᠰᠣᠳᠣᠨ ᠴᠢᠳᠠᠪᠤᠷᠢᠲᠠᠨ︾᠎ ᠤ ᠳᠤᠲᠤᠷ᠎ᠠ᠂ ᠤᠯᠤᠰ ᠤᠨ ︽ᠮᠢᠩᠭᠠᠨ ᠬᠥᠮᠦᠨ ᠤ ᠲᠥᠯᠥᠪᠯᠡᠭᠡ︾᠎ ᠳᠤ 13 ᠬᠥᠮᠦᠨ ᠰᠤᠩᠭᠤᠭᠳᠠᠵᠤ᠂ ᠤᠯᠤᠰ ᠤᠨ ︽ᠲᠦᠮᠡᠨ ᠬᠥᠮᠦᠨ ᠤ ᠲᠥᠯᠥᠪᠯᠡᠭᠡ︾᠎ ᠳᠤ 13 ᠬᠦᠮᠦᠨ ᠰᠤᠩᠭᠤᠭᠳᠠᠵᠤ᠂ ᠰᠤᠷᠭᠠᠨ ᠬᠥᠮᠦᠵᠢᠯ ᠤᠨ ᠶᠠᠮᠤᠨ ᠤ ︽ᠴᠠᠩᠵᠢᠶᠠᠩ ᠡᠷᠳᠡᠮᠲᠡᠨ︾᠎ ᠳᠤ 4 ᠬᠦᠮᠦᠨ ᠰᠤᠩᠭᠤᠭᠳᠠᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号