| | | ᠦᠷᠳᠡᠭ ᠨᠡᠮᠡᠭᠳᠡᠯ ᠤᠨ ᠭᠠᠶᠢᠯᠢ ᠶᠢᠨ ᠳᠦᠷᠪᠡᠨ ᠳᠡᠰ ᠢᠯᠭᠠᠯ ᠢ ᠭᠤᠷᠪᠠ ᠪᠤᠯᠭᠠᠨ ᠦᠭᠡᠷᠡᠴᠢᠯᠡᠭᠰᠡᠨ ᠠᠴᠠ | ᠭᠠᠶᠢᠯᠢ ᠶᠢᠨ ᠨᠤᠷᠮ᠎ᠠ ᠨᠢ ᠴᠦ ᠬᠠᠰᠤᠭᠳᠠᠪᠠ | ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠨᠡᠶᠢᠲᠡᠯᠡᠭᠰᠡᠨ ᠠᠯᠪᠠᠨ ᠵᠠᠷ ᠢ | ᠦᠨᠳᠦᠰᠦᠯᠡᠪᠡᠯ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠦᠷᠳᠡᠭ ᠨᠡᠮᠡᠭᠳᠡᠯ ᠤᠨ ᠭᠠᠶᠢᠯᠢ ᠶᠢᠨ | ᠳᠦᠷᠪᠡᠨ ᠳᠡᠰ ᠢᠯᠭᠠᠯ ᠢ 17%᠂ 11% ᠪᠤᠯᠤᠨ 6% ᠭᠤᠷᠪᠠᠨ ᠳᠡᠰ ᠢᠯᠭᠠᠯ ᠪᠤᠯᠭᠠᠨ ᠪᠠᠭᠠᠰᠬᠠᠵᠤ᠂ | 13% ᠶᠢᠨ ᠭᠠᠶᠢᠯᠢ ᠶᠢᠨ ᠨᠤᠷᠮ᠎ᠠ ᠶᠢ ᠬᠦᠴᠦᠨ ᠦᠭᠡᠢ ᠪᠤᠯᠭᠠᠪᠠ᠃ ᠡᠭᠦᠨ ᠤ ᠬᠠᠮᠲᠤ᠂ ᠲᠠᠷᠢᠶᠠᠯᠠᠩ ᠤᠨ | ᠪᠦᠲᠦᠭᠡᠭᠳᠡᠬᠦᠨ ︵ᠠᠮᠤ ᠪᠤᠳᠠᠭ᠎ᠠ ᠪᠠᠭᠲᠠᠨ᠎ᠠ︶᠂ ᠲᠦᠭᠡᠭᠡᠯ ᠤᠰᠤ᠂ ᠳᠤᠯᠠᠭᠠᠮᠵᠢ᠂ ᠴᠢᠯᠠᠭᠤᠨ ᠲᠤᠰᠤᠨ ᠤ | ᠬᠡᠢ ᠶᠢᠨ ᠰᠢᠩᠭᠡᠵᠢᠮᠡᠯ᠂ ᠪᠠᠶᠢᠭᠠᠯᠢ ᠶᠢᠨ ᠰᠢᠲᠠᠮᠬᠠᠢ ᠬᠡᠢ᠂ ᠤᠷᠭᠤᠮᠠᠯ ᠤᠨ ᠢᠳᠡᠰᠢᠨ ᠳᠤᠰᠤ᠂ ᠰᠡᠷᠢᠬᠦᠨ ᠬᠡᠢ ᠵᠡᠷᠭᠡ | 20 ᠭᠠᠷᠤᠶ ᠵᠦᠢᠯ ᠤᠨ ᠡᠳ᠋ ᠪᠠᠷᠠᠭᠠᠨ ᠤ ᠭᠠᠶᠢᠯᠢ ᠶᠢ 13% ᠠᠴᠠ 11% ᠪᠤᠯᠲᠠᠯ᠎ᠠ ᠲᠤᠬᠢᠷᠠᠭᠤᠯᠪᠠ᠃ | ᠠᠩᠬᠠᠷᠤᠭᠤᠰᠢᠲᠠᠶ ᠵᠦᠢᠯ ᠭᠡᠪᠡᠯ᠂ ᠲᠣᠰ ᠤᠳᠠᠭᠠᠨ ᠤ ᠲᠣᠬᠢᠷᠠᠭᠤᠯᠤᠯᠲᠠ ᠳᠤ ᠳᠠᠷᠠᠭᠠᠬᠢ ᠠᠭᠤᠯᠭ᠎ᠠ | ᠪᠠᠭᠲᠠᠨ᠎ᠠ᠃ ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠨ ᠬᠤᠷᠢᠶᠠᠬᠤ | ᠲᠤᠷᠰᠢᠯᠲᠠ ᠶᠢᠨ ᠬᠤᠭᠤᠴᠠᠭᠠᠨ ᠳᠤ᠂ ᠦᠢᠯᠡᠳᠪᠦᠷᠢᠯᠡᠵᠤ ᠪᠣᠷᠣᠯᠠᠭᠤᠯᠬᠤ ᠪᠤᠶᠤ ᠦᠷᠦᠭᠡᠯ ᠳᠤ ᠨᠠᠶᠢᠳᠠᠬᠤ ᠪᠠ | ᠨᠠᠶᠢᠳᠠᠯᠭ᠎ᠠ ᠬᠦᠯᠢᠶᠡᠨ ᠡᠳ᠋ᠰᠢᠬᠦᠯᠬᠦ ᠳᠤ ᠬᠡᠷᠡᠭᠯᠡᠬᠦ ᠭᠠᠶᠢᠯᠢ ᠲᠤᠰᠢᠶᠠᠭᠴᠢ ᠶᠢᠨ ᠬᠤᠳᠠᠯᠳᠤᠵᠤ ᠤᠷᠤᠭᠤᠯᠤᠭᠰᠠᠨ | 17% ᠶᠢᠨ ᠭᠠᠶᠢᠯᠢ ᠶᠢᠨ ᠨᠤᠷᠮ᠎ᠠ ᠪᠦᠭᠦᠢ ᠡᠳ᠋ ᠪᠠᠷᠠᠭᠠᠨ ᠤ ᠳᠤᠲᠤᠷᠠᠬᠢ ᠲᠠᠷᠢᠶᠠᠯᠠᠩ ᠤᠨ ᠪᠦᠲᠦᠭᠡᠭᠳᠡᠬᠦᠨ ᠤ | ᠭᠠᠶᠢᠯᠢ ᠶᠢᠨ ᠨᠤᠷᠮ᠎ᠠ ᠶᠢ ᠤᠭ ᠬᠡᠪ ᠢᠶᠠᠷ ᠨᠢ ᠰᠠᠭᠤᠯᠭᠠᠨ ᠠᠪᠴᠤ᠂ ᠡᠨᠡ ᠨᠢ ᠵᠠᠷᠤᠯᠭ᠎ᠠ ᠪᠠᠷ ᠰᠠᠭᠤᠯᠭᠠᠨ ᠠᠪᠬᠤ ᠶᠢ | ᠪᠠᠭᠠᠰᠬᠠᠭᠰᠠᠨ ᠠᠴᠠ ᠪᠤᠯᠵᠤ ᠭᠠᠶᠢᠯᠢ ᠶᠢᠨ ᠳᠠᠷᠤᠭᠠᠰᠤ ᠶᠢ ᠬᠦᠨᠳᠦᠷᠡᠬᠦᠯᠬᠦ ᠠᠴᠠ ᠵᠠᠶᠢᠯᠠᠰᠬᠢᠵᠦ ᠴᠢᠳᠠᠨ᠎ᠠ᠃ | | | | | | ᠲᠤᠰ ᠤᠳᠠᠭᠠᠨ ᠤ ᠭᠠᠶᠢᠯᠢ ᠶᠢᠨ ᠥᠭᠡᠷᠡᠴᠢᠯᠡᠯᠲᠡ ᠠᠴᠠ ᠬᠤᠪᠢ ᠬᠥᠮᠦᠨ ᠴᠦ ᠠᠰᠢᠭ ᠬᠦᠷᠲᠡᠬᠦ | ᠪᠣᠯᠤᠨ᠎ᠠ᠃ | ᠰᠢᠨ᠎ᠡ ᠲᠦᠷᠦ ᠶᠢᠨ ᠪᠤᠳᠤᠯᠭ᠎ᠠ ᠨᠢ ᠬᠤᠳᠠᠯᠳᠤᠭᠠᠨ ᠤ ᠡᠷᠡᠭᠦᠯ ᠮᠡᠨᠳᠦ ᠶᠢᠨ ᠳᠠᠭᠠᠳᠬᠠᠯ ᠤᠨ ᠬᠤᠪᠢ | ᠬᠥᠮᠦᠨ ᠤ ᠤᠯᠵᠠᠪᠤᠷᠢ ᠶᠢᠨ ᠭᠠᠶᠢᠯᠢ ᠶᠢ ᠭᠠᠶᠢᠯᠢ ᠲᠤᠰᠢᠶᠠᠬᠤ ᠠᠴᠠ ᠡᠮᠦᠨ᠎ᠡ ᠰᠠᠭᠤᠯᠭᠠᠨ ᠠᠪᠬᠤ ᠲᠤᠷᠰᠢᠯᠲᠠ ᠶᠢᠨ | ᠲᠦᠷᠦ ᠶᠢᠨ ᠪᠤᠳᠤᠯᠭ᠎ᠠ ᠶᠢ ᠪᠦᠬᠦ ᠤᠯᠤᠰ ᠲᠤ ᠶᠠᠪᠤᠭᠳᠠᠭᠤᠯᠵᠤ᠂ ᠨᠥᠬᠦᠴᠡᠯ ᠳᠤ ᠨᠡᠶᠢᠴᠡᠭᠰᠡᠨ ᠬᠤᠳᠠᠯᠳᠤᠭᠠᠨ ᠤ | ᠡᠷᠡᠭᠦᠯ ᠮᠡᠨᠳᠦ ᠶᠢᠨ ᠳᠠᠭᠠᠳᠬᠠᠯ ᠤᠨ ᠦᠢᠯᠡᠳᠬᠦᠨ ᠬᠤᠳᠠᠯᠳᠤᠨ ᠠᠪᠬᠤ ᠬᠤᠪᠢ ᠬᠥᠮᠦᠨ ᠤ ᠵᠠᠷᠤᠯᠭ᠎ᠠ ᠠᠴᠠ ᠵᠢᠯ | ᠪᠦᠷᠢ 2400 ᠲᠥᠭᠦᠷᠢᠭ ᠤᠨ ᠬᠠᠮᠤᠭ ᠤᠨ ᠳᠡᠭᠡᠳᠦ ᠬᠢᠵᠠᠭᠠᠷ ᠲᠤᠭ᠎ᠠ ᠶᠣᠰᠣᠭᠠᠷ ᠭᠠᠶᠢᠯᠢ ᠲᠤᠰᠢᠶᠠᠬᠤ ᠠᠴᠠ | ᠡᠮᠦᠨ᠎ᠡ ᠰᠠᠭᠤᠯᠭᠠᠨ ᠠᠪᠬᠤ ᠶᠢ ᠵᠦᠪᠰᠢᠶᠡᠷᠡᠪᠡ᠃ | ᠠᠳᠠᠯ ᠦᠢᠯᠡᠰ ᠴᠣᠭᠴᠠᠯᠠᠭᠴᠢ ᠪᠤᠯᠤᠨ ᠪᠡᠯᠡ ᠣᠷᠣᠭᠤᠯᠤᠭᠴᠢ ᠳᠤ ᠠᠪᠴᠤ ᠬᠡᠯᠡᠪᠡᠯ᠂ ᠪᠡᠯᠡ | ᠣᠷᠣᠭᠤᠯᠤᠯᠲᠠ ᠶᠢᠨ ᠬᠦᠪᠦᠷᠡᠯ ᠤᠨ ᠬᠤᠭᠤᠴᠠᠭ᠎ᠠ᠂ ᠡᠭᠦᠳᠦᠯᠲᠡ ᠶᠢᠨ ᠬᠤᠭᠤᠴᠠᠭᠠᠨ ᠳᠠᠬᠢ ᠰᠢᠨᠵᠢᠯᠡᠬᠦ ᠤᠬᠠᠭᠠᠨ | ᠮᠡᠷᠭᠡᠵᠢᠯ ᠤᠨ ᠬᠡᠯᠪᠡᠷᠢᠲᠦ ᠠᠵᠤ ᠠᠬᠤᠶᠢᠯᠠᠯ ᠳᠤ ᠬᠤᠯᠪᠤᠭᠳᠠᠬᠤ ᠠᠨᠴᠢᠯ ᠪᠡᠯᠡ ᠤᠷᠤᠭᠤᠯᠤᠭᠴᠢ ᠠᠩᠬᠠᠨ ᠤ ᠴᠡᠪᠡᠷ | ᠡᠳ᠋ ᠬᠦᠷᠦᠩᠭᠡ ᠪᠠᠷ᠂ ᠪᠡᠯᠡ ᠤᠷᠤᠭᠤᠯᠬᠤ ᠲᠤᠭᠠᠨ ᠤ 70% ᠶᠤᠰᠤᠭᠠᠷ ᠭᠠᠶᠢᠯᠢ ᠲᠤᠰᠢᠶᠠᠬᠤ ᠤᠯᠵᠠᠪᠤᠷᠢ ᠶᠢᠨ | ᠲᠤᠭ᠎ᠠ ᠶᠢ ᠰᠠᠭᠤᠯᠭᠠᠨ ᠠᠪᠬᠤ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠬᠦᠷᠲᠡᠨ᠎ᠡ ︵ᠪᠡᠭᠡᠵᠢᠩ ᠲᠢᠶᠠᠨᠵᠢᠨ | ᠾᠧᠪᠧᠶ᠂ ᠱᠠᠩᠬᠠᠶ᠂ ᠭᠤᠸᠠᠩᠳᠦ᠋ᠩ᠂ ᠠᠨᠾᠦ᠋ᠢ᠂ ᠰᠧᠴᠤᠸᠠᠨ᠂ ᠦᠬᠠᠨ᠂ ᠰᠢ ᠠᠨ᠂ ᠮᠦᠭᠳᠡᠨ ᠵᠡᠷᠭᠡ ᠪᠥᠬᠦ | ᠲᠠᠯ᠎ᠠ ᠪᠠᠷ ᠰᠢᠨ᠎ᠡ ᠶᠢ ᠡᠭᠦᠳᠦᠨ ᠥᠭᠡᠷᠡᠴᠢᠯᠡᠯᠲᠡ ᠬᠢᠬᠦ 8 ᠲᠤᠷᠰᠢᠯᠲᠠ ᠶᠢᠨ ᠭᠠᠵᠠᠷ ᠣᠷᠣᠨ ᠪᠣᠯᠤᠨ ᠰᠦᠵᠧᠦ ᠶᠢᠨ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠲᠤᠷᠰᠢᠯᠲᠠ ᠦᠷᠨᠢᠬᠦᠯᠦᠨ᠎ᠡ︶︔ ᠲᠦᠷᠦ ᠶᠢᠨ ᠪᠤᠳᠤᠯᠭ᠎ᠠ | ᠬᠦᠴᠦᠨ ᠲᠠᠢ ᠪᠤᠯᠬᠤ ᠠᠴᠠ ᠡᠮᠦᠨ᠎ᠡ ᠬᠤᠶᠠᠷ ᠵᠢᠯ ᠤᠨ ᠳᠤᠲᠤᠷᠠᠬᠢ ᠪᠡᠯᠡ ᠤᠷᠤᠭᠤᠯᠤᠯᠲᠠ ᠨᠢ ᠴᠤ ᠳᠡᠭᠡᠷᠡᠬᠢ | ᠬᠠᠷᠠᠭᠠᠯᠵᠠᠯ ᠢ ᠬᠦᠷᠲᠡᠨ᠎ᠡ᠃ | | | | | | ᠪᠠᠷᠢᠮᠲᠠ ᠭᠠᠷᠭᠠᠬᠤ ᠳᠤ ᠢᠯᠭᠠᠨ ᠲᠠᠨᠢᠬᠤ ᠨᠣᠮᠧᠷ ᠱᠠᠭᠠᠷᠳᠠᠭᠳᠠᠵᠤ᠂ ᠪᠢᠯᠧᠲ ᠠᠪᠬᠤ ᠳᠤ ᠭᠠᠶᠢᠯᠢ ᠠᠴᠠ | ᠵᠠᠶᠢᠯᠠᠬᠤ ᠶᠠᠪᠤᠳᠠᠯ ᠪᠣᠯᠣᠮᠵᠢ ᠦᠭᠡᠢ ᠪᠣᠯᠪᠠ | ᠰᠢᠨ᠎ᠡ ᠲᠣᠭᠲᠠᠭᠠᠯ ᠢ ᠦᠨᠳᠦᠰᠦᠯᠡᠪᠡᠯ᠂ 7 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ᠂ ᠬᠤᠳᠠᠯᠳᠤᠨ | ᠠᠪᠬᠤ ᠡᠲᠡᠭᠡᠳ ᠨᠢ ᠠᠵᠤ ᠠᠬᠤᠶᠢᠯᠠᠯ ᠪᠣᠯᠪᠠᠯ᠂ ᠦᠷᠳᠡᠭ ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠶᠢ | ᠠᠪᠬᠤ ᠳᠤ᠂ ᠪᠣᠷᠣᠯᠠᠭᠤᠯᠬᠤ ᠡᠲᠡᠭᠡᠳ ᠲᠤ ᠭᠠᠶᠢᠯᠢ ᠲᠤᠰᠢᠶᠠᠭᠴᠢ ᠶᠢ ᠢᠯᠭᠠᠨ ᠲᠠᠨᠢᠬᠤ ᠨᠣᠮᠧᠷ ᠪᠤᠶᠤ ᠨᠡᠶᠢᠭᠡᠮ ᠤᠨ | ᠢᠲᠡᠭᠡᠮᠵᠢ ᠶᠢᠨ ᠨᠢᠭᠡᠳᠦᠯᠲᠡᠶ ᠣᠷᠣᠯᠠᠬᠤ ᠨᠣᠮᠧᠷ ᠬᠠᠩᠭᠠᠬᠤ ᠬᠡᠷᠡᠭᠲᠡᠶ᠃ ᠪᠣᠷᠣᠯᠠᠭᠤᠯᠬᠤ ᠡᠲᠡᠭᠡᠳ ᠨᠢ ᠥᠷᠲᠡᠭ | ᠨᠡᠮᠡᠭᠳᠡᠯ ᠤᠨ ᠭᠠᠶᠢᠯᠢ ᠶᠢᠨ ᠡᠩ ᠤᠨ ᠪᠠᠷᠢᠮᠲᠠ ᠭᠠᠷᠭᠠᠵᠤ ᠥᠭᠬᠦ ᠦᠶ᠎ᠡ ᠳᠤ᠂ ︽ᠬᠤᠳᠠᠯᠳᠤᠨ ᠠᠪᠬᠤ ᠡᠲᠡᠭᠡᠳ | ᠪᠣᠯᠬᠤ ᠭᠠᠶᠢᠯᠢ ᠲᠤᠰᠢᠶᠠᠭᠴᠢ ᠶᠢ ᠢᠯᠭᠠᠨ ᠲᠠᠨᠢᠬᠤ ᠨᠣᠮᠧᠷ ︾ ᠪᠤᠯᠤᠩ ᠳᠤ ᠬᠤᠳᠠᠯᠳᠤᠨ ᠠᠪᠬᠤ ᠡᠲᠡᠭᠡᠳ ᠪᠣᠯᠬᠤ | ᠭᠠᠶᠢᠯᠢ ᠲᠤᠰᠢᠶᠠᠭᠴᠢ ᠶᠢ ᠢᠯᠭᠠᠨ ᠲᠠᠨᠢᠬᠤ ᠨᠣᠮᠧᠷ ᠪᠤᠶᠤ ᠨᠡᠶᠢᠭᠡᠮ ᠤᠨ ᠢᠲᠡᠭᠡᠮᠵᠢ ᠶᠢᠨ ᠨᠢᠭᠡᠳᠦᠯᠲᠡᠶ ᠣᠷᠣᠯᠠᠬᠤ | ᠨᠣᠮᠧᠷ ᠢ ᠲᠠᠭᠯᠠᠨ᠎ᠠ᠃ ᠲᠣᠭᠲᠠᠭᠠᠯ ᠳᠤ ᠨᠡᠶᠢᠴᠡᠬᠦ ᠦᠭᠡᠢ ᠪᠠᠷᠢᠮᠲᠠ ᠶᠢ ᠭᠠᠶᠢᠯᠢ ᠲᠠᠲᠠᠪᠤᠷᠢ ᠶᠢᠨ ᠪᠠᠷᠢᠮᠲᠠ ᠲᠡᠮᠳᠡᠭ | ᠪᠣᠯᠭᠠᠵᠤ ᠪᠣᠯᠬᠤ ᠦᠭᠡᠢ᠃ | | ᠭᠠᠶᠢᠯᠢ ᠶᠢᠨ ᠶᠠᠪᠤᠳᠠᠯ ᠤᠨ ᠥᠩᠭᠡᠷᠡᠭᠰᠡᠨ ᠤ ᠥᠭᠡᠷᠡᠴᠢᠯᠡᠯᠲᠡ ᠲᠠᠢ ᠠᠳᠠᠯᠢ ᠪᠤᠰᠤ ᠲᠠᠯ᠎ᠠ ᠭᠡᠪᠡᠯ ᠲᠤᠰ | ᠤᠳᠠᠭᠠᠨ ᠤ ᠲᠤᠬᠢᠷᠠᠭᠤᠯᠤᠯᠳᠠ ᠳᠤ ᠭᠠᠶᠢᠯᠢ ᠶᠢᠨ ᠳᠡᠰ ᠢᠯᠭᠠᠯ ᠢ ᠬᠦᠴᠦᠨ ᠦᠭᠡᠢ ᠪᠣᠯᠭᠠᠭᠰᠠᠨ ᠪᠠ ᠭᠠᠶᠢᠯᠢ ᠶᠢᠨ | ᠨᠤᠷᠮ᠎ᠠ ᠶᠢ ᠳᠣᠷᠣᠭᠰᠢᠯᠠᠭᠤᠯᠤᠭᠰᠠᠨ ᠠᠴᠠ ᠭᠠᠳᠠᠨ᠎ᠠ ᠪᠠᠰᠠ ᠡᠩ ᠤᠨ ᠪᠠᠷᠢᠮᠲᠠ ᠶᠢ ᠲᠣᠬᠢᠷᠠᠭᠤᠯᠬᠤ ᠬᠡᠪᠴᠢᠶᠡᠨ ᠳᠤ | ᠠᠩᠬ᠎ᠠ ᠣᠷᠣᠭᠤᠯᠤᠭᠰᠠᠨ ᠳᠤ ᠪᠤᠢ᠃ | ᠠᠮᠢᠳᠤᠷᠠᠯ ᠳᠤ᠂ ᠴᠥᠭᠡᠨ ᠪᠤᠰᠤ ᠠᠵᠤ ᠠᠬᠤᠶᠢᠯᠠᠯ ᠨᠢ ᠡ᠊ᠩ ᠤᠨ ᠪᠠᠷᠢᠮᠲᠠ ᠬᠤᠳᠠᠯᠳᠤᠨ ᠠᠪᠬᠤ ᠪᠠᠷ | ᠳᠠᠮᠵᠢᠭᠤᠯᠵᠤ᠂ ᠣᠯᠵᠠᠪᠤᠷᠢ ᠶᠢᠨ ᠭᠠᠶᠢᠯᠢ ᠶᠢ ᠳᠤᠲᠠᠭᠤ ᠲᠤᠰᠢᠶᠠᠬᠤ ᠵᠣᠷᠢᠯᠭ᠎ᠠ ᠳᠠᠭᠠᠨ ᠬᠦᠷᠳᠡᠭ᠂ ᠬᠠᠷᠢᠨ | ᠡ᠊ᠩ ᠤᠨ ᠪᠠᠷᠢᠮᠲᠠ ᠳᠤ ᠭᠠᠶᠢᠯᠢ ᠲᠤᠰᠢᠶᠠᠭᠴᠢ ᠶᠢ ᠢᠯᠭᠠᠨ ᠲᠠᠨᠢᠬᠤ ᠨᠣᠮᠧᠷ ᠪᠣᠯᠣᠨ ᠨᠢᠭᠡᠴᠡ ᠶᠢᠨ ᠨᠡᠷᠡᠶᠢᠳᠦᠯ ᠢ | ᠨᠡᠮᠡᠭᠰᠡᠨ ᠠᠴᠠ᠂ ᠡᠨᠡ ᠬᠢᠳᠡᠯ ᠨᠢ ᠶᠠᠪᠤᠭᠤᠷᠢ ᠦᠭᠡᠢ ᠪᠣᠯᠪᠠ᠃ ᠬᠤᠶᠢᠰᠢᠳᠠ᠂ ᠪᠠᠷᠠᠭ᠎ᠠ ᠠᠪᠤᠭᠰᠠᠨ ᠤ ᠳᠠᠷᠠᠭ᠎ᠠ | ᠠᠵᠤ ᠠᠬᠤᠶᠢᠯᠠᠯ ᠤᠨ ᠨᠡᠷ᠎ᠡ ᠪᠠᠷ ᠪᠠᠷᠢᠮᠲᠠ ᠭᠠᠷᠭᠠᠬᠤ ᠴᠢᠬᠤᠯᠠᠲᠠᠶ ᠪᠣᠯ ᠳᠠᠬᠢᠵᠤ ︽ᠢᠳᠡᠭᠡᠨ︾ ︽ᠡᠳᠦᠷ | ᠳᠤᠲᠤᠮ ᠤᠨ ᠬᠡᠷᠡᠭᠯᠡᠭᠡ ︾᠂ ︽ᠠᠯᠪᠠᠨ ᠠᠵᠢᠯ ᠤᠨ ᠬᠡᠷᠡᠭᠰᠡᠯ︾ ︽ᠪᠡᠯᠡᠭ︾ ᠵᠡᠷᠭᠡ ᠨᠡᠷᠡᠶᠢᠳᠦᠯ ᠢ ᠬᠡᠷᠡᠭᠯᠡᠵᠦ | ᠪᠣᠯᠬᠤ ᠦᠭᠡᠢ᠂ ᠡᠷᠬᠡᠪᠰᠢ ᠨᠠᠷᠢᠨ ᠳᠠᠩᠰᠠ ᠶᠣᠰᠣᠭᠠᠷ ᠦᠨᠡᠨ ᠮᠥᠨ ᠢᠶᠠᠷ ᠨᠢ ᠲᠠᠭᠯᠠᠬᠤ ᠬᠡᠷᠡᠭᠲᠡᠶ᠃ | ᠪᠠᠷᠢᠮᠲᠠ ᠳᠤ ᠨᠢᠭᠡᠴᠡ ᠶᠢᠨ ᠨᠡᠷᠡᠶᠢᠳᠦᠯ ᠪᠣᠯᠣᠨ ᠭᠠᠶᠢᠯᠢ ᠶᠢᠨ ᠨᠣᠮᠧᠷ ᠢ ᠨᠡᠮᠡᠭᠰᠡᠨ ᠤ ᠲᠠᠷᠠᠭ᠎ᠠ᠂ ᠪᠠᠰᠠ | ᠪᠠᠷᠢᠮᠲᠠ ᠶᠢᠨ ᠭᠦᠢᠯᠭᠡᠭᠡᠨ ᠤ ᠬᠠᠨᠳᠤᠰᠢ ᠶᠢ ᠮᠥᠷᠳᠡᠵᠦ ᠪᠣᠯᠣᠨ᠎ᠠ᠃ ᠵᠠᠳᠠᠯᠤᠭᠴᠢ ᠶᠢᠨ ᠦᠵᠡᠬᠦ ᠪᠠᠷ᠂ ᠲᠤᠰ | ᠤᠳᠠᠭᠠᠨ ᠤ ᠭᠠᠶᠢᠯᠢ ᠶᠢᠨ ᠶᠠᠪᠤᠳᠠᠯ ᠤᠨ ᠥᠭᠡᠷᠡᠴᠢᠯᠡᠯᠲᠡ ᠨᠢ ᠲᠤᠰᠬᠠᠶ ᠪᠠᠷᠢᠮᠲᠠ ᠳᠤ ᠬᠠᠨᠳᠤᠭᠤᠯᠤᠭᠰᠠᠨ ᠬᠠᠭᠤᠴᠢᠨ | ᠠᠷᠭ᠎ᠠ ᠶᠢ ᠡᠩ ᠤᠨ ᠪᠠᠷᠢᠮᠲᠠ ᠳᠡᠭᠡᠷ᠎ᠡ ᠰᠢᠯᠵᠢᠭᠦᠯᠦᠨ ᠬᠡᠷᠡᠭᠯᠡᠭᠰᠡᠨ ᠶᠠᠪᠤᠳᠠᠯ ᠪᠣᠯᠣᠨ᠎ᠠ᠃ ᠭᠡᠪᠡᠴᠦ ᠡᠩ ᠤᠨ | ᠪᠠᠷᠢᠮᠲᠠ ᠶᠢᠨ ᠬᠡᠷᠡᠭᠯᠡᠬᠦ ᠬᠡᠪᠴᠢᠶ᠎ᠡ ᠪᠣᠯᠤᠨ ᠬᠥᠮᠥᠨ ᠨᠢ ᠲᠤᠰᠬᠠᠶ ᠪᠠᠷᠢᠮᠲᠠ ᠬᠡᠷᠡᠭᠯᠡᠬᠦ ᠠᠴᠠ ᠬᠤᠯᠠ ᠥᠷᠭᠡᠨ | ᠳᠡᠯᠭᠡᠷᠡᠩᠭᠦᠢ ᠪᠣᠯᠬᠤᠷ᠂ ᠡ᠊ᠨᠡ ᠬᠦ ᠪᠠᠷᠢᠮᠲᠠ ᠶᠢᠨ ᠲᠤᠬᠠᠢ ᠰᠢᠨ᠎ᠡ ᠲᠣᠭᠲᠠᠭᠠᠯ ᠨᠢ ᠪᠠᠰᠠ ︽ᠬᠠᠮᠤᠭ ᠤᠨ ᠴᠢᠩᠭ᠎ᠠ | ᠪᠠᠷᠢᠮᠲᠠ ᠶᠢᠨ ᠵᠠᠷᠯᠢᠭ︾ ᠭᠡᠮᠡᠭᠳᠡᠪᠡ᠃ | | |