ᠦᠪᠦᠷ ᠵᠠᠰᠠᠭ ᠠᠯᠪᠠᠨ ᠲᠠᠷᠬᠠᠭᠠᠭᠰᠠᠨ ﹇2017﹈ 9 ᠳ᠋ᠤᠭᠡᠷ ᠲᠤᠭᠠᠳᠤ | 2017 ᠣᠨ ᠤ 1 ᠳ᠋ᠣᠭᠡᠷ ᠰᠠᠷ᠎ᠠ ᠶᠢᠨ 20 ᠤ ᠡᠳᠣᠷ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠪᠣᠯ ᠲᠠᠷᠢᠶᠠᠯᠠᠩ ᠮᠠᠯ ᠠᠵᠤ ᠠᠬᠤᠶ ᠶᠢᠨ | ᠡᠵᠡᠩᠨᠡᠯᠲᠡ ᠶᠢᠨ ᠭᠤᠣᠯ ᠴᠣᠭᠴᠠ ᠶᠢᠨ ᠲᠤᠯᠭᠠᠭᠤᠷᠢ ᠬᠦᠴᠦᠨ ᠪᠣᠯᠣᠨ᠎ᠠ᠃ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠨ ᠢ ᠶᠡᠭᠡᠪᠡᠷ ᠭᠦᠮᠣᠵᠢᠭᠦᠯᠣᠨ ᠪᠦᠢᠵᠢᠭᠤᠯᠬᠤ ᠪᠣᠯ ᠤᠳᠤ ᠦᠶ᠎ᠡ ᠶᠢᠨ ᠲᠠᠷᠢᠶᠠᠯᠠᠩ | ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠭᠴᠢᠳ ᠤᠨ ᠡᠩᠨᠡᠭᠡ ᠶᠢ ᠬᠥᠮᠦᠵᠢᠭᠦᠯᠬᠦ ᠪᠠ ᠲᠣᠭᠲᠠᠪᠦᠷᠢᠵᠢᠭᠤᠯᠵᠣ᠂ | ︽ᠬᠡᠨ ᠲᠠᠷᠢᠶ᠎ᠠ ᠲᠠᠷᠢᠬᠤ᠂ ᠶᠠᠭᠠᠬᠢᠵᠤ ᠰᠠᠶᠢᠨ ᠲᠠᠷᠢᠬᠤ︾ ᠠᠰᠠᠭᠤᠳᠠᠯ ᠢ ᠬᠦᠴᠦᠯᠡᠨ ᠰᠢᠢᠳᠪᠦᠷᠢᠯᠡᠭᠦ ᠶᠢᠨ | ᠴᠢᠬᠤᠯᠠ ᠶᠡᠭᠡ ᠠᠷᠭ᠎ᠠ ᠬᠡᠮᠵᠢᠶ᠎ᠡ ᠪᠣᠯᠣᠨ᠎ᠠ᠂ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ ᠶᠢᠨ ᠬᠡᠯᠪᠡᠷᠢ | ᠮᠠᠶ᠋ᠢᠭ ᠢ ᠬᠤᠪᠢᠷᠠᠭᠤᠯᠬᠤ᠂ ᠰᠢᠨ᠎ᠡ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ ᠰᠢᠰᠲ᠋ᠧᠮ ᠢ | ᠪᠠᠶᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠩᠭᠠᠷᠠᠭᠤᠯᠬᠤ᠂ | ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠪᠣᠯᠤᠨ ᠭᠤᠣᠯ ᠪᠣᠯᠬᠤ ᠮᠠᠯ ᠲᠠᠷᠢᠶᠠᠯᠠᠩ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠪᠦᠲᠦᠮᠵᠢᠲᠡᠶ ᠬᠠᠩᠭᠠᠯᠭ᠎ᠠ ᠶᠢ ᠦᠨᠡᠡᠭᠦ ᠪᠠᠲᠤᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠣᠨ᠎ᠠ᠃ | ᠲᠥᠪ ᠪᠣᠯᠣᠨ ᠥᠪᠡᠷᠲᠡᠭᠡᠨ ᠵᠠᠰᠠᠬᠤ ᠣᠷᠣᠨ ᠤ 1 ᠳ᠋ᠣᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠲᠣᠣᠱᠯᠠᠭᠤᠯᠣᠨ᠂ ᠳᠠᠷᠢᠶᠠᠯᠠᠩ ᠤᠨ ᠶᠠᠮᠤᠨ᠂ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ ᠠᠵᠢᠯ ᠤᠨ | ᠲᠣᠬᠢᠷᠠᠭᠤᠯᠭ᠎ᠠ ᠶᠢ ᠨᠠᠶᠢᠳᠠᠪᠣᠷᠢᠵᠢᠭᠤᠯᠬᠤ ᠶᠢᠨ ᠲᠣᠰᠠᠳᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ | ᠭᠦᠮᠣᠵᠢᠭᠦᠯᠣᠨ ᠪᠦᠢᠵᠢᠭᠤᠯᠬᠤ ᠠᠵᠢᠯ ᠢ ᠲᠦᠷᠭᠡᠳᠬᠡᠬᠦ ᠪᠠᠷ ᠡᠳᠦᠭᠡ ᠳᠣᠣᠷᠠᠬᠢ ᠮᠡᠲᠦ ᠰᠠᠨᠠᠯ ᠳᠤᠷᠠᠣᠡᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ᠃ ︽ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ | ᠲᠠᠷᠢᠶᠠᠯᠠᠩ ᠢ ᠭᠦᠭᠵᠢᠭᠦᠯᠭᠦ᠂ ᠴᠢᠳᠠᠪᠤᠷᠢᠲᠠᠨ ᠢᠶᠠᠷ ᠲᠠᠷᠢᠶᠠᠯᠠᠩ ᠢ ᠭᠦᠴᠣᠷᠭᠡᠭᠵᠢᠭᠦᠯᠭᠦ᠂ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠲᠠᠷᠢᠶᠠᠴᠢᠨ ᠢᠶᠠᠷ ᠲᠠᠷᠢᠶᠠᠯᠠᠩ ᠢ ᠪᠠᠬᠢᠵᠢᠭᠦᠯᠭᠦ︾ ᠪᠠᠶᠢᠯᠳᠤᠬᠤ ᠪᠤᠳᠦᠯᠭ᠎ᠠ ᠶᠢᠨ ᠱᠠᠭᠠᠷᠳᠠᠯᠭ᠎ᠠ | ᠶᠣᠰᠣᠭᠠᠷ᠂ ︽ᠮᠠᠯᠴᠢᠨ ᠲᠠᠷᠢᠶᠠᠴᠢᠣᠨ ᠤᠨ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠭᠦ᠂ ᠮᠠᠯᠴᠢᠨ | ᠲᠠᠷᠢᠶᠠᠴᠢᠳ ᠤᠨ ᠦᠢᠯᠡᠳᠪᠦᠷᠢᠯᠡᠯ ᠤᠨ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ᠂ ᠲᠠᠷᠢᠶᠠᠯᠠᠩ ᠮᠠᠯ ᠠᠵᠤ ᠠᠬᠤᠶ | ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢ ᠠᠬᠢᠭᠤᠯᠬᠤ︾ ᠬᠠᠷᠠᠯᠲᠠ ᠶᠢᠨ ᠲᠣᠭᠤᠷᠢᠨ ᠳᠤ᠂ ᠠᠵᠤ | ᠦᠢᠯᠡᠰ ᠲᠤ ᠰᠠᠭᠤᠷᠢᠯᠠᠬᠤ᠂ ᠵᠠᠰᠠᠭ ᠤᠨ ᠣᠷᠳᠣᠨ ᠭᠤᠣᠯᠯᠠᠨ ᠵᠢᠯᠣᠭᠤᠣᠠᠬᠤ᠂ ᠰᠠᠯᠠᠭ᠎ᠠ ᠮᠥᠴᠢᠷ ᠬᠠᠮᠵᠢᠯᠴᠠᠬᠤ᠂ | ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠵᠠᠷᠴᠢᠮ ᠢ ᠪᠠᠷᠢᠮᠳᠠᠯᠠᠵᠣ᠂ ᠲᠠᠷᠢᠶᠠᠯᠠᠩ ᠮᠠᠯ ᠠᠵᠤ ᠠᠬᠤᠶ ᠶᠢᠨ ᠠᠮᠤᠷ | ᠲᠦᠪᠰᠢᠨ ᠢᠶᠠᠷ ᠦᠷ᠎ᠡ ᠠᠰᠢᠭ ᠢ ᠨᠡᠮᠡᠭᠳᠡᠭᠦᠯᠭᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠭᠦ᠂ | ᠮᠠᠯᠵᠢᠬᠤ ᠲᠠᠷᠢᠶᠠᠯᠠᠬᠤ ᠣᠷᠣᠨ ᠤ ᠠᠮᠢ ᠠᠬᠤᠶ ᠶᠢᠨ ᠬᠥᠭᠵᠢᠯᠲᠡ ᠶᠢ ᠠᠬᠢᠭᠤᠯᠬᠤ ᠪᠠᠷ ᠭᠤᠣᠯᠯᠠᠭᠴᠢ ᠵᠦᠢᠯ | ᠪᠣᠯᠭᠠᠨ᠂ ᠰᠤᠷᠭᠠᠨ ᠬᠥᠮᠦᠵᠢᠭᠦᠯᠵᠣ ᠪᠣᠯᠪᠠᠰᠤᠷᠠᠭᠤᠯᠬᠤ᠂ ᠮᠠᠭᠠᠣᠡᠯᠠᠨ ᠲᠣᠭᠳᠠᠭᠠᠵᠣ ᠬᠠᠮᠢᠶᠠᠷᠬᠤ ᠪᠠ ᠲᠦᠷᠦ ᠶᠢᠨ | ᠪᠤᠳᠤᠯᠭ᠎ᠠ ᠪᠠᠷ ᠳᠡᠣᠡᠭᠦᠭᠦ ︽ᠭᠤᠷᠪᠠ ᠶᠢ ᠨᠢᠭᠡ ᠴᠣᠭᠴᠠᠵᠢᠭᠤᠯᠣᠭᠰᠠᠨ︾ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ | ᠮᠠᠯᠴᠢᠨ ᠲᠠᠷᠢᠶᠠᠴᠢᠨ ᠢ ᠭᠦᠮᠣᠵᠢᠭᠦᠯᠣᠨ ᠪᠦᠢᠵᠢᠭᠤᠯᠬᠤ ᠰᠢᠰᠲ᠋ᠧᠮ ᠢ ᠲᠦᠷᠭᠡᠣᠡᠭᠡᠨ ᠪᠠᠶᠢᠭᠤᠯᠵᠣ ᠪᠦᠷᠢᠨᠰᠢᠭᠦᠯᠣᠨ᠂ | ᠰᠣᠶᠣᠯ ᠪᠣᠯᠪᠠᠰᠤᠷᠠᠯ ᠲᠠᠢ᠂ ᠮᠡᠷᠭᠡᠵᠢᠯ ᠮᠡᠳᠡᠬᠦ᠂ ᠡᠵᠡᠩᠨᠡᠬᠦ ᠳᠡᠭᠡᠨ ᠴᠢᠳᠠᠮᠠᠭᠠᠶ᠂ ᠬᠠᠮᠢᠶᠠᠷᠴᠤ ᠴᠢᠳᠠᠬᠤ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠡᠩᠨᠡᠭᠡ ᠶᠢ ᠴᠢᠷᠮᠠᠶᠢᠨ ᠪᠠᠶᠢᠭᠤᠯᠣᠨ᠎ᠠ᠃ | ︵ᠬᠤᠶᠠᠷ︶ ᠬᠠᠷᠠᠯᠲᠠ ᠶᠢᠨ ᠡᠭᠦᠷᠭᠡ᠃ ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠪᠦᠭᠦᠢ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠣᠨ ᠪᠦᠢᠵᠢᠭᠤᠯᠬᠤ ᠪᠠᠷ ᠭᠤᠣᠯᠯᠠᠵᠣ᠂ ᠲᠤᠰᠬᠠᠶ ᠠᠵᠢᠯ ᠤᠨ | ᠮᠡᠷᠭᠡᠵᠢᠯ ᠴᠢᠳᠠᠪᠤᠷᠢ ᠪᠠ ᠲᠤᠰᠬᠠᠶ ᠮᠡᠷᠭᠡᠵᠢᠯ ᠤᠨ ᠦᠢᠯᠡᠴᠢᠯᠡᠭᠡᠨ ᠤ ᠬᠡᠯᠪᠡᠷᠢ ᠪᠠᠷ ᠭᠦᠮᠣᠵᠢᠭᠦᠯᠭᠦ ᠶᠢ ᠬᠠᠪᠰᠣᠷᠭᠠᠨ᠂ | ᠵᠢᠯ ᠪᠦᠷᠢ 1 ᠲᠦᠮᠡ ᠭᠠᠷᠣᠢ ᠬᠥᠮᠦᠨ ᠢ ᠭᠦᠮᠣᠵᠢᠭᠦᠯᠵᠣ᠂ 2020 ᠣᠨ ᠪᠣᠯᠬᠤ ᠳᠤ ᠪᠥᠬᠦ ᠣᠷᠣᠨ ᠤ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ 5 ᠲᠦᠮᠨ ᠭᠠᠷᠣᠢ ᠬᠥᠮᠦᠨ ᠭᠦᠮᠣᠵᠢᠭᠦᠯᠣᠨ | ᠪᠦᠢᠵᠢᠭᠤᠯᠬᠤ ᠪᠠᠷ ᠴᠢᠷᠮᠠᠶᠢᠨ᠎ᠠ︔ 5 ᠵᠢᠯ ᠤᠨ ᠴᠢᠷᠮᠠᠶᠢᠯᠭ᠎ᠠ ᠪᠠᠷ ᠳᠠᠮᠵᠢᠨ᠂ ᠮᠠᠨ ᠤ ᠣᠷᠣᠨ ᠤ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠣᠨ ᠢ ᠬᠥᠮᠦᠵᠢᠭᠦᠯᠭᠦ ᠰᠣᠷᠭᠠᠨ ᠭᠦᠮᠣᠵᠢᠭᠦᠯᠵᠣ ᠪᠣᠯᠪᠠᠰᠤᠷᠠᠭᠤᠯᠬᠤ᠂ | ᠵᠢᠷᠤᠮᠵᠢᠭᠤᠯᠣᠨ ᠬᠠᠮᠢᠶᠠᠷᠬᠤ ᠪᠠ ᠲᠥᠷᠥ ᠶᠢᠨ ᠪᠣᠳᠣᠯᠭ᠎ᠠ ᠪᠠᠷ ᠲᠡᠳᠬᠦᠨ ᠳᠡᠮᠵᠢᠬᠦ ᠳᠦᠷᠢᠮ ᠤᠨ ᠰᠢᠰᠲ᠋ᠧᠮᠵᠢ ᠶᠢ | ᠰᠦᠪᠡᠭᠴᠢᠯᠠᠨ ᠪᠠᠶᠢᠭᠤᠯᠣᠨ᠎ᠠ︔ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠣ᠂ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠣᠨ ᠤᠨ ᠳᠠᠩᠰᠠ ᠡᠪᠬᠡᠮᠡᠯ ᠢ ᠪᠦᠷᠢᠨᠰᠢᠭᠦᠯᠣᠨ᠂ ᠬᠥᠳᠡᠯᠦᠩᠭᠦᠶ | ᠬᠠᠮᠢᠶᠠᠷᠤᠯᠲᠠ ᠶᠢ ᠬᠡᠷᠡᠭᠵᠢᠭᠦᠯᠵᠦ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ | ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃ | ᠬᠤᠶᠠᠷ᠂ ᠰᠤᠷᠭᠠᠨ ᠬᠥᠮᠦᠵᠢᠭᠦᠯᠵᠣ ᠪᠣᠯᠪᠠᠰᠤᠷᠠᠭᠤᠯᠬᠤ ᠳᠦᠷᠢᠮ ᠢ ᠰᠦᠪᠡᠭᠴᠢᠯᠡᠨ ᠪᠠᠶᠢᠭᠤᠯᠣᠨ᠎ᠠ | ︵ᠨᠢᠭᠡ︶ ᠰᠤᠷᠭᠠᠨ ᠬᠥᠮᠦᠵᠢᠭᠦᠯᠵᠣ ᠪᠣᠯᠪᠠᠰᠤᠷᠠᠭᠤᠯᠬᠤ ᠡᠲᠡᠭᠡᠳ ᠢ ᠲᠣᠳᠣᠷᠬᠠᠶᠢᠯᠠᠬᠤ ᠬᠡᠷᠩᠳᠠᠢ᠃ ᠤᠷᠳᠤ | ᠬᠤᠭᠤᠴᠠᠭ᠎ᠠ ᠪᠠᠷ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠷᠬᠢᠯᠡᠵᠣ ᠪᠠᠶᠢᠬᠤ᠂ ᠵᠣᠬᠢᠬᠤ ᠠᠵᠤ | ᠦᠢᠯᠡᠰ ᠤᠨ ᠬᠡᠪᠴᠢᠶᠠᠵᠢᠯ ᠲᠠᠢ᠂ ᠰᠣᠶᠣᠯ ᠤᠨ ᠬᠡᠪ ᠴᠢᠨᠠᠷ ᠢᠶᠠᠷ ᠨᠡᠯᠢᠶᠡᠳ ᠥᠨᠳᠥᠷ ᠲᠣᠰᠬᠠᠢ ᠲᠤᠮᠤ ᠡᠷᠦᠬᠡ᠂ | ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠨ᠂ ᠮᠠᠯᠴᠢᠨ ᠲᠠᠷᠢᠶᠠᠴᠢᠣᠨ ᠤᠨ ᠬᠤᠷᠰᠢᠶ᠎ᠠ ᠶᠢᠨ | ᠨᠢᠷᠣᠭᠤᠪᠴᠢ ᠬᠦᠴᠦᠨ ᠪᠠ ᠲᠠᠷᠢᠶᠠᠯᠠᠩ ᠮᠠᠯ ᠠᠵᠤ ᠠᠬᠤᠶ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠢ | ᠦᠢᠯᠡᠳᠪᠦᠷᠢᠯᠡᠯ ᠡᠵᠡᠩᠨᠡᠯᠲᠡ ᠶᠢᠨ ᠬᠡᠯᠪᠡᠷᠢ ᠪᠦᠭᠦᠢ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠣᠨ | ᠪᠦᠢᠵᠢᠭᠤᠯᠬᠤ ᠡᠲᠡᠭᠡᠳ ᠪᠣᠯᠭᠠᠨ᠎ᠠ︔ ᠲᠣᠰᠬᠠᠢ ᠠᠵᠢᠯ ᠤᠨ ᠲᠤᠮᠤ ᠡᠷᠦᠭᠡ᠂ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠣᠨ ᠤᠨ ᠬᠤᠷᠰᠢᠶ᠎ᠡ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ | ᠠᠬᠤᠶᠢᠯᠠᠯ ᠳᠤ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠷᠬᠢᠯᠡᠵᠣ ᠪᠠᠶᠢᠬᠤ᠂ ᠵᠣᠬᠢᠬᠤ ᠲᠤᠰᠬᠠᠶ | ᠮᠡᠷᠭᠡᠵᠢᠯ ᠴᠢᠳᠠᠪᠤᠷᠢ ᠲᠠᠢ ᠮᠠᠯᠴᠢᠨ ᠳᠠᠷᠢᠶᠠᠴᠢᠨ ᠭᠦᠴᠣ ᠶᠠᠪᠣᠭᠴᠢ᠂ ᠬᠥᠯᠥᠰᠥᠨ ᠠᠵᠢᠯᠴᠢᠨ ᠢ ᠲᠤᠰᠬᠠᠶ ᠮᠡᠷᠭᠡᠵᠢᠯ | ᠴᠢᠳᠠᠪᠤᠷᠢ ᠶᠢᠨ ᠬᠡᠯᠪᠡᠷᠢ ᠪᠦᠭᠦᠢ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢᠶᠠᠷ ᠭᠦᠮᠣᠵᠢᠭᠦᠯᠣᠨ ᠪᠦᠢᠵᠢᠭᠤᠯᠬᠤ | ᠡᠳᠡᠭᠡᠣᠨ ᠪᠣᠯᠭᠠᠨ᠎ᠠ︔ ᠲᠠᠷᠢᠶᠠᠯᠠᠩ ᠮᠠᠯ ᠠᠵᠤ ᠠᠬᠤᠶ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠳᠤ᠂ ᠡᠰᠡᠬᠦᠯ᠎ᠡ ᠲᠠᠷᠢᠶᠠᠯᠠᠩ ᠮᠠᠯ ᠠᠵᠤ ᠦᠢᠯᠡᠰ ᠤᠨ ᠦᠢᠯᠡᠳᠪᠦᠷᠢᠯᠡᠭᠦ ᠠᠴᠠ ᠡᠮᠦᠨ᠎ᠠ᠂ | ᠦᠢᠯᠡᠳᠪᠦᠷᠢᠯᠡᠭᠦ ᠶᠢᠨ ᠲᠣᠮᠳᠠᠬᠢ᠂ ᠦᠢᠯᠡᠳᠪᠦᠷᠢᠯᠡᠭᠰᠡᠨ ᠤ ᠳᠠᠷᠠᠭᠠᠬᠢ ᠦᠢᠯᠡᠴᠢᠯᠡᠭᠡ ᠶᠢ ᠰᠢᠭᠤᠳ ᠡᠷᠬᠢᠯᠡᠵᠦ | ᠪᠠᠶᠢᠬᠤ ᠬᠥᠮᠦᠰ ᠢ ᠲᠤᠰᠬᠠᠶ ᠠᠵᠢᠯ ᠤᠨ ᠦᠢᠯᠡᠴᠢᠯᠡᠬᠡᠨ ᠤ ᠬᠡᠯᠪᠡᠷᠢ ᠪᠦᠭᠦᠢ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠢᠶᠠᠷ ᠬᠦᠮᠦᠵᠢᠭᠦᠯᠦᠨ ᠪᠦᠢᠵᠢᠭᠤᠯᠬᠤ ᠡᠲᠡᠭᠡᠳ ᠪᠣᠯᠭᠠᠨ᠎ᠠ︔ ᠮᠠᠯᠵᠢᠬᠤ ᠲᠠᠷᠢᠶᠠᠯᠠᠬᠤ ᠣᠷᠣᠨ ᠳᠤ ᠠᠳᠠᠯ | ᠦᠢᠯᠡᠰ ᠴᠣᠭᠴᠠᠯᠠᠬᠤ ᠵᠣᠷᠢᠭ ᠬᠦᠰᠡᠯ ᠲᠠᠢ ᠨᠤᠲᠤᠭ ᠲᠠᠭᠠᠨ ᠪᠤᠴᠠᠭᠰᠠᠨ ᠶᠡᠭᠡ ᠳᠡᠭᠡᠳᠣ ᠰᠤᠷᠭᠠᠭᠤᠯᠢ ᠲᠣᠮᠳᠠ | ᠵᠡᠷᠭᠡ ᠶᠢᠨ ᠲᠣᠰᠬᠠᠢ ᠮᠡᠷᠭᠡᠵᠢᠯ ᠤᠨ ᠰᠣᠷᠭᠠᠭᠤᠯᠢ ᠲᠡᠭᠦᠰᠦᠭᠰᠡᠣᠨ ᠵᠢᠴᠢ ᠵᠠᠯᠠᠭᠤ ᠢᠳᠡᠷ ᠮᠠᠯᠴᠢᠨ ᠲᠠᠷᠢᠶᠠᠴᠢᠨ | ᠬᠦᠴᠦ ᠶᠠᠪᠤᠭᠰᠠᠳ᠂ ᠴᠡᠷᠢᠭ ᠤᠨ ᠠᠯᠪᠠ ᠠᠴᠠ ᠪᠠᠭᠤᠭᠰᠠᠳ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠤ ᠬᠤᠶᠢᠴᠢᠰ ᠵᠡᠷᠭᠡ ᠶᠢ ᠮᠡᠷᠭᠡᠵᠢᠯ ᠴᠢᠳᠠᠪᠤᠷᠢ ᠶᠢᠨ ᠬᠡᠯᠪᠡᠷᠢ ᠪᠦᠭᠦᠢ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠪᠠ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠵᠠᠯᠭᠠᠮᠵᠢᠯᠠᠭᠴᠢ ᠪᠠᠷ | ᠬᠥᠮᠦᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠡᠵᠡᠩᠨᠡᠯᠲᠡ ᠶᠢᠨ ᠵᠠᠯᠭᠠᠮᠵᠢᠯᠠᠭᠴᠢ ᠲᠠᠢ | ᠪᠣᠯᠬᠤ ᠶᠢ ᠦᠨᠡᠡᠭᠦ ᠪᠠᠳᠣᠯᠠᠬᠤ ᠬᠡᠷᠡᠭᠲᠡᠶ᠃ | ︵ᠬᠤᠶᠠᠷ︶ ᠰᠤᠷᠭᠠᠨ ᠬᠥᠮᠦᠵᠢᠭᠦᠯᠣᠨ ᠪᠣᠯᠪᠠᠰᠤᠷᠠᠭᠤᠯᠬᠤ ᠰᠢᠰᠲ᠋ᠧᠮᠵᠢ ᠶᠢ ᠪᠦᠷᠢᠨᠰᠢᠭᠦᠯᠭᠦ ᠬᠡᠷᠡᠭᠲᠡᠶ᠃ | ᠰᠤᠷᠭᠠᠨ ᠬᠥᠮᠦᠵᠢᠭᠦᠯᠣᠨ ᠪᠣᠯᠪᠠᠰᠤᠷᠠᠭᠤᠯᠬᠤ ᠡᠯ᠎ᠡ ᠲᠦᠷᠦᠯ ᠤᠨ ᠡᠬᠢ ᠪᠠᠶᠠᠯᠢᠭ ᠢ ᠨᠢᠭᠡᠳᠣᠯᠳᠠᠢ ᠲᠦᠯᠣᠪᠯᠡᠨ᠂ | ᠪᠣᠯᠪᠠᠰᠤᠷᠠᠭᠤᠯᠬᠤ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠠᠷᠢᠶᠠᠯᠠᠩ ᠤᠨ ᠷᠠᠳᠢᠣ᠋ ᠲᠧᠯᠸᠢᠰ | ᠰᠤᠷᠭᠠᠭᠤᠯᠢ᠂ ᠳᠤᠮᠳᠠ ᠳᠡᠭᠡᠳᠦ ᠵᠡᠷᠭᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ ᠮᠡᠷᠭᠡᠵᠢᠯ ᠤᠨ ᠰᠤᠷᠭᠠᠭᠤᠯᠢ | ᠵᠡᠷᠭᠡ ᠲᠤᠰᠬᠠᠶ ᠰᠤᠷᠭᠠᠨ ᠬᠥᠮᠦᠵᠢᠭᠦᠯᠵᠣ ᠪᠣᠯᠪᠠᠰᠤᠷᠠᠭᠤᠯᠬᠤ ᠪᠠᠶᠢᠭᠤᠯᠤᠮᠵᠢ ᠪᠠᠷ ᠭᠤᠣᠯ ᠴᠣᠭᠴᠠ ᠪᠣᠯᠭᠠᠭᠰᠠᠨ᠂ | ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠪᠠᠶᠢᠭᠤᠯᠤᠮᠵᠢ᠂ ᠲᠠᠷᠢᠶᠠᠯᠠᠩ ᠮᠠᠯ ᠠᠵᠤ ᠠᠬᠤᠶ ᠶᠢᠨ | ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠲᠠᠷᠢᠶᠠᠯᠠᠩ ᠮᠠᠯ ᠠᠵᠤ ᠠᠬᠤᠶ ᠶᠢᠨ ᠶᠡᠭᠡ | ᠰᠤᠷᠭᠠᠭᠤᠯᠢ᠂ ᠮᠠᠯᠴᠢᠨ ᠲᠠᠷᠢᠶᠠᠴᠢᠣᠨ ᠤᠨ ᠬᠤᠷᠰᠢᠶ᠎ᠡ ᠪᠠ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ | ᠵᠡᠷᠭᠡ ᠤᠯᠠᠨ ᠲᠠᠯ᠎ᠠ ᠠᠴᠠ ᠣᠷᠣᠯᠴᠠᠭᠰᠠᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ | ᠰᠤᠷᠭᠠᠨ ᠬᠥᠮᠦᠵᠢᠭᠦᠯᠵᠣ ᠪᠣᠯᠪᠠᠰᠤᠷᠠᠭᠤᠯᠬᠤ ᠰᠢᠰᠲ᠋ᠧᠮᠵᠢ ᠶᠢ ᠳᠦᠷᠭᠡᠣᠡᠭᠡᠨ ᠪᠠᠶᠢᠭᠤᠯᠵᠣ ᠳᠡᠭᠦᠯᠳᠡᠷᠵᠢᠭᠦᠯᠭᠦ ᠬᠡᠷᠩᠳᠠᠢ᠃ | ᠲᠠᠷᠢᠶᠠᠯᠠᠩ ᠮᠠᠯ ᠠᠵᠤ ᠠᠬᠤᠶ᠂ ᠰᠣᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠣᠯ ᠵᠢᠴᠢ ᠳᠡᠯᠭᠡᠷᠡᠭᠦᠯᠬᠦ | ᠵᠡᠷᠭᠡ ᠨᠢᠭᠡᠴᠨ ᠶᠢᠨ ᠲᠤᠰᠬᠠᠶ ᠮᠡᠷᠭᠡᠵᠢᠯ ᠤᠨ ᠪᠠᠭᠰᠢ᠂ ᠲᠠᠷᠢᠶᠠᠯᠠᠩ ᠤᠨ ᠮᠡᠷᠭᠡᠵᠢᠯ ᠢ ᠳᠡᠯᠭᠡᠷᠡᠭᠦᠯᠣᠭ᠍ᠴᠢ ᠪᠠ ᠮᠠᠯᠵᠢᠬᠤ | ᠲᠠᠷᠢᠶᠠᠯᠠᠬᠤ ᠣᠷᠣᠨ ᠤ ᠡᠯ᠎ᠡ ᠲᠦᠷᠣᠯ ᠤᠨ ᠪᠣᠳᠠᠲᠤ ᠬᠡᠷᠡᠭᠯᠡᠭᠡᠨ ᠤ ᠰᠢᠯᠢᠳᠡᠭ ᠴᠢᠳᠠᠪᠤᠷᠢᠲᠠᠨ ᠢᠶᠠᠷ ᠪᠦᠷᠢᠯᠳᠦᠭᠰᠡᠨ | ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠣᠨ ᠢ ᠰᠣᠷᠭᠠᠨ ᠬᠥᠮᠦᠵᠢᠭᠦᠯᠵᠣ ᠪᠣᠯᠪᠠᠰᠤᠷᠠᠭᠤᠯᠬᠤ | ᠲᠤᠰᠬᠠᠶ ᠲᠤᠰᠢᠶᠠᠯ ᠤᠨ ᠪᠠ ᠲᠤᠰᠢᠶᠠᠯ ᠬᠠᠪᠰᠤᠷᠭᠠᠭᠰᠠᠨ ᠪᠠᠭᠰᠢ ᠶᠢᠨ ᠡᠩᠨᠡᠭᠡ ᠶᠢ ᠨᠢᠭᠡᠳᠣᠯᠳᠠᠢ ᠲᠦᠯᠣᠪᠯᠡᠨ | ᠪᠠᠶᠢᠭᠤᠯᠬᠤ ᠬᠡᠷᠡᠭᠲᠡᠶ᠃ ᠨᠢᠭᠡ ᠪᠦᠯᠦᠭ ᠪᠣᠳᠠᠲᠤ ᠬᠦᠴᠦᠨ ᠲᠠᠢ᠂ ᠦᠢᠯᠡᠳᠪᠦᠷᠢᠯᠡᠯ ᠡᠵᠡᠩᠨᠡᠯᠲᠡ ᠶᠢᠨ ᠬᠢᠷᠢ | ᠬᠡᠮᠵᠢᠶ᠎ᠡ ᠪᠠᠷ ᠨᠡᠯᠢᠶᠡᠳ ᠥᠨᠳᠥᠷ ᠪᠠᠶᠢᠳᠠᠭ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ | ᠦᠵᠡᠭᠦᠯᠬᠦ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠶ ᠶᠢᠨ ᠭᠦᠳᠣᠴᠢ ᠠᠵᠤ ᠠᠬᠤᠶᠢᠯᠠᠯ᠂ ᠮᠠᠯᠴᠢᠳ | ᠲᠠᠷᠢᠶᠠᠴᠢᠣᠨ ᠤᠨ ᠬᠤᠷᠰᠢᠶ᠎ᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠶᠢ ᠱᠠᠲᠤ ᠬᠤᠪᠢᠶᠠᠨ | ᠰᠢᠯᠢᠨ ᠰᠣᠩᠭᠤᠵᠣ ᠰᠤᠷᠭᠠᠨ ᠬᠥᠮᠦᠵᠢᠭᠦᠯᠵᠣ ᠪᠣᠯᠪᠠᠰᠤᠷᠠᠭᠤᠯᠬᠤ ᠪᠣᠳᠠᠳᠠᠢ ᠰᠣᠷᠢᠯᠳᠠ ᠶᠢᠨ ᠰᠠᠭᠤᠷᠢᠨ ᠭᠠᠵᠠᠷ | ᠪᠣᠯᠭᠠᠨ᠎ᠠ᠃ | ︵ᠭᠤᠷᠪᠠ︶ ᠰᠣᠷᠭᠠᠨ ᠬᠥᠮᠦᠵᠢᠭᠦᠯᠵᠣ ᠪᠣᠯᠪᠠᠰᠤᠷᠠᠭᠤᠯᠬᠤ ᠬᠡᠯᠪᠡᠷᠢ ᠪᠠᠨ ᠰᠢᠨᠡᠣᠡᠭᠡᠭᠦ ᠬᠡᠷᠩᠳᠠᠢ᠃ | ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠪᠣᠳᠠᠲᠤ ᠪᠠᠶᠢᠳᠠᠯ᠂ ᠮᠠᠯᠴᠢᠨ | ᠲᠠᠷᠢᠶᠠᠴᠢᠣᠨ ᠤᠨ ᠬᠢᠵᠣ ᠪᠠᠶᠢᠭ᠎ᠠ ᠠᠵᠢᠯ ᠮᠡᠷᠭᠡᠵᠢᠯ ᠤᠨ ᠣᠨᠴᠠᠯᠢᠭ ᠲᠠᠢ ᠣᠶᠠᠯᠳᠣᠭᠤᠯᠣᠨ᠂ ᠬᠡᠷᠡᠭᠴᠡᠭᠡ | ᠱᠠᠭᠠᠷᠳᠠᠯᠭ᠎ᠠ ᠶᠢᠨ ᠤᠳᠤᠷᠢᠳᠤᠮᠵᠢ ᠶᠢ ᠲᠤᠪᠤᠶᠢᠯᠭᠠᠵᠣ᠂ ᠦᠢᠯᠡᠣᠡᠪᠣᠷᠢᠯᠡᠭᠦ ᠠᠴᠠ ᠡᠮᠣᠨᠡᠬᠢ ᠵᠠᠬ᠎ᠠ ᠳᠡᠯᠭᠡᠭᠦᠷ ᠢ | ᠵᠠᠳᠠᠯᠬᠤ᠂ ᠦᠢᠯᠡᠳᠪᠦᠷᠢᠯᠡᠭᠦ ᠳᠤᠮᠳᠠᠬᠢ ᠰᠢᠨᠵᠢᠯᠡᠬᠦ ᠤᠬᠠᠭᠠᠨᠴᠢ ᠪᠠᠷ ᠬᠠᠮᠢᠶᠠᠷᠬᠤ᠂ ᠦᠢᠯᠡᠳᠪᠦᠷᠢᠯᠡᠭᠰᠡᠨ ᠤ | ᠳᠠᠷᠠᠭᠠᠬᠢ ᠲᠠᠷᠢᠶᠠᠯᠠᠩ ᠤᠨ ᠪᠦᠲᠦᠭᠡᠭᠳᠡᠬᠦᠨ ᠢ ᠠᠩᠬ᠎ᠠ ᠠᠯᠬᠤᠮ ᠪᠣᠯᠪᠠᠰᠤᠷᠠᠭᠤᠯᠬᠤ᠂ ᠲᠠᠸᠠᠷᠴᠢᠯᠠᠨ ᠰᠢᠢᠳᠪᠦᠷᠢᠯᠡᠬᠦ᠂ | ᠡᠵᠡᠩᠨᠡᠨ ᠪᠣᠷᠣᠯᠠᠭᠤᠯᠵᠣ ᠬᠠᠮᠢᠶᠠᠷᠬᠤ ᠵᠡᠷᠭᠡ ᠦᠢᠯᠡᠳᠪᠦᠷᠢᠯᠡᠯ ᠤᠨ ᠰᠢᠢᠳᠪᠦᠷᠢᠲᠦ ᠪᠤᠳᠤᠯᠭ᠎ᠠ ᠲᠣᠭᠳᠠᠭᠠᠬᠤ ᠠᠴᠠ | ᠪᠦᠲᠦᠭᠡᠭᠳᠡᠬᠦᠨ ᠢ ᠡᠵᠡᠩᠨᠡᠨ ᠪᠣᠷᠣᠯᠠᠭᠤᠯᠬᠤ ᠪᠦᠭᠦ᠋ᠢᠯᠠ ᠠᠵᠤ ᠦᠢᠯᠡᠰ ᠤᠨ ᠬᠡᠯᠬᠢᠶᠠᠨ ᠤ ᠪᠣᠯᠪᠠᠰᠤᠷᠠᠭᠤᠯᠣᠯ ᠢ | ᠦᠷᠨᠢᠭᠦᠯᠭᠦ ᠬᠡᠷᠡᠭᠲᠡᠶ︔ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠭᠦ ᠮᠦᠷᠳᠡᠭᠡᠨ ᠪᠠᠰᠠ ᠬᠠᠤᠯᠢ | ᠳᠦᠷᠢᠮ ᠤᠨ ᠬᠡᠪ ᠪᠣᠯᠪᠠᠰᠤᠷᠠᠯ᠂ ᠠᠵᠢᠯ ᠮᠡᠷᠭᠡᠵᠢᠯ ᠤᠨ ᠶᠣᠰᠣ ᠮᠣᠷᠠᠯ᠂ ᠦᠨᠡᠨᠴᠢ ᠢᠲᠡᠭᠡᠮᠵᠢ ᠶᠢᠨ ᠣᠨᠣᠯᠵᠢᠬᠤᠨ᠂ | ᠠᠮᠢ ᠠᠬᠤᠶ ᠶᠢᠨ ᠬᠠᠮᠠᠭᠠᠯᠠᠯᠲᠠ ᠵᠡᠷᠭᠡ ᠲᠠᠯ᠎ᠠ ᠪᠠᠷ ᠬᠢ ᠰᠣᠷᠭᠠᠨ ᠭᠦᠮᠣᠵᠢᠭᠦᠯᠵᠣ ᠪᠣᠯᠪᠠᠰᠣᠷᠠᠭᠤᠯᠬᠤ ᠶᠢ | ᠴᠢᠩᠭᠠᠣᠠᠬᠠᠬᠤ ᠬᠡᠷᠡᠭᠲᠡᠶ᠃ ᠰᠣᠷᠭᠠᠨ ᠭᠦᠮᠣᠵᠢᠭᠦᠯᠵᠣ ᠪᠣᠯᠪᠠᠰᠤᠷᠠᠭᠤᠯᠬᠤ ᠶᠢᠨ ᠴᠢᠭᠯᠡᠯᠳᠣ ᠴᠢᠨᠠᠷ᠂ ᠬᠡᠷᠡᠭᠯᠡᠭᠡᠨ ᠤ | ᠴᠢᠨᠠᠷ ᠪᠠ ᠵᠢᠷᠤᠮᠵᠢᠯ ᠤᠨ ᠴᠢᠨᠠᠷ ᠢ ᠴᠢᠬᠤᠯᠠᠴᠢᠯᠠᠨ᠂ ᠠᠩᠬᠢᠯᠠᠵᠣ ᠵᠢᠯᠣᠭᠤᠳᠬᠤ ᠪᠠᠨ ᠴᠢᠩᠭᠠᠷᠠᠭᠤᠯᠵᠤ᠂ ᠴᠠᠭ | ᠲᠣᠬᠢᠷᠠᠭᠤᠯᠬᠤ ᠲᠠᠯ᠎ᠠ ᠪᠠᠷ ︽ᠱᠠᠲᠤ ᠬᠤᠪᠢᠶᠠᠬᠤ︾ ᠶᠢ ᠬᠡᠷᠩᠵᠢᠭᠦᠯᠣᠨ᠎ᠠ︔ ᠠᠭᠤᠯᠭ᠎ᠠ ᠶᠢᠨ ᠲᠠᠯ᠎ᠠ ᠪᠠᠷ ᠤᠨᠦᠯ ᠢ | ᠪᠣᠳᠠᠳᠠᠢ ᠲᠠᠢ ᠤᠶᠠᠯᠳᠤᠭᠤᠯᠬᠤ ᠪᠠᠷ ᠱᠠᠭᠠᠷᠳᠠᠵᠤ᠂ ︽ᠪᠣᠳᠠᠳᠠᠢ ᠪᠣᠯᠪᠠᠰᠤᠷᠠᠭᠤᠯᠤᠯ ᠢ ᠴᠢᠬᠤᠯᠠᠴᠢᠯᠠᠨ︾᠂ ︽ | ᠬᠠᠷᠢᠯᠴᠠᠨ ᠭᠦᠳᠡᠯᠣᠯᠴᠡᠭᠦ ᠬᠡᠯᠪᠡᠷᠢ︾ ᠶᠢ ᠪᠠᠷᠢᠮᠳᠠᠯᠠᠨ᠎ᠠ︔ ᠬᠡᠷᠩᠵᠢᠭᠦᠯᠭᠦ ᠠᠷᠭ᠎ᠠ ᠮᠠᠶ᠋ᠢᠭ ᠤᠨ ᠳᠠᠯ᠎ᠠ ᠪᠠᠷ ᠮᠠᠯᠴᠢᠨ | ᠲᠠᠷᠢᠶᠠᠴᠢᠣᠨ ᠤᠨ ᠢᠳᠡᠪᠬᠢᠵᠢᠯ ᠢ ᠳᠠᠶᠢᠴᠢᠯᠠᠬᠤ ᠶᠢ ᠠᠩᠬᠠᠷᠴᠣ᠂ ︽ᠣᠷᠣᠯᠴᠠᠬᠤ ᠬᠡᠯᠪᠡᠷᠢ︾ ᠶᠢ ᠬᠡᠷᠩᠵᠢᠭᠦᠯᠣᠨ᠎ᠠ᠃ | ᠳᠠᠶᠢᠯᠣᠮᠵᠢ ᠬᠢᠭᠦ᠂᠂ ᠲᠣᠭᠤᠷᠢᠨ ᠦᠵᠡᠭᠦ᠂ ᠰᠣᠯᠢᠯᠴᠠᠬᠤ᠂ ᠶᠠᠷᠢᠯᠴᠠᠬᠤ᠂ ᠪᠣᠳᠠᠳᠠᠢ ᠰᠣᠷᠢᠬᠤ ᠵᠡᠷᠭᠡ ᠬᠡᠯᠪᠡᠷᠢ ᠪᠠᠷ | ᠳᠡᠮᠵᠢᠭᠤᠯᠣᠨ᠂ ︽ᠲᠣᠪᠶᠤᠭ ᠤᠨ ᠬᠡᠯᠪᠡᠷᠢ︾᠂ ︽ᠬᠠᠪᠰᠣᠷᠣᠨ ᠳᠠᠭᠠᠭᠤᠯᠬᠤ ᠬᠡᠯᠪᠡᠷᠢ︾ ᠶᠢᠨ | ᠪᠣᠯᠪᠠᠰᠤᠷᠠᠭᠤᠯᠤᠯ ᠢ ᠥᠷᠨᠢᠭᠦᠯᠵᠦ᠂ ᠮᠠᠯᠴᠢᠨ ᠲᠠᠷᠢᠶᠠᠴᠢᠳ ᠤᠨ ᠰᠤᠷᠤᠯᠴᠠᠯᠭ᠎ᠠ ᠪᠠᠷ ᠦᠢᠯᠡᠭᠠᠵᠣ ᠮᠡᠳᠡᠭᠦ᠂ | ᠦᠢᠯᠡᠳᠦᠯᠭᠡ ᠠᠴᠠ ᠰᠤᠷᠤᠯᠴᠠᠬᠤ ᠶᠢ ᠵᠢᠯᠣᠭᠤᠳᠣᠨ᠂ ᠶᠡᠷᠦᠩᠬᠡᠶᠢᠯᠡᠭᠰᠡᠨ ᠬᠡᠪ ᠴᠢᠨᠠᠷ ᠢ ᠨᠢ ᠳᠡᠭᠡᠭᠰᠢᠯᠡᠭᠦᠯᠬᠦ ᠪᠠ | ᠴᠢᠳᠠᠪᠤᠷᠢ ᠶᠢ ᠨᠢ ᠬᠥᠮᠦᠵᠢᠭᠦᠯᠭᠦ ᠶᠢ ᠴᠢᠬᠤᠯᠠᠴᠢᠯᠠᠵᠣ᠂ ᠮᠠᠯᠴᠢᠨ ᠲᠠᠷᠢᠶᠠᠴᠢᠳ ᠲᠤ ᠶᠠᠭᠤ ᠱᠠᠭᠠᠷᠳᠠᠭᠳᠠᠵᠣ ᠪᠠᠶᠢᠪᠡᠯ | ᠳᠡᠭᠦᠨ ᠢ ᠨᠢ ᠪᠣᠯᠪᠠᠰᠤᠷᠠᠭᠤᠯᠣᠨ᠂ ᠶᠠᠮᠠᠷ ᠦᠶ᠎ᠡ ᠳᠤ ᠬᠡᠷᠩᠴᠡᠭᠡ ᠲᠠᠢ ᠪᠣᠯ ᠳᠡᠷᠨ ᠴᠠᠭ ᠲᠤᠨᠢ ᠪᠣᠯᠪᠠᠰᠤᠷᠠᠭᠤᠯᠬᠤ ᠶᠢ | ᠦᠨᠡᠡᠭᠦ ᠪᠡᠶᠡᠯᠡᠭᠦᠯᠭᠦ ᠬᠡᠷᠩᠳᠠᠢ᠃ ᠳᠤᠮᠳᠠ ᠳᠡᠭᠡᠳᠣ ᠵᠡᠷᠭᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢ ᠳᠡᠮᠵᠢᠵᠣ ᠰᠢᠨ᠎ᠡ ᠮᠠᠶ᠋ᠢᠭ ᠤᠨ ᠠᠵᠢᠯ ᠮᠠᠷᠭᠡᠵᠢᠯ ᠤᠨ ᠮᠠᠯᠴᠢᠳ | ᠲᠠᠷᠢᠶᠠᠴᠢᠣᠨ ᠤᠨ ᠰᠤᠷᠤᠯᠴᠠᠭᠰᠠᠨ ᠨᠠᠮᠲᠠᠷ ᠢᠶᠠᠨ ᠳᠡᠭᠡᠭᠰᠢᠯᠡᠭᠦᠯᠬᠦ ᠰᠤᠷᠭᠠᠨ ᠬᠥᠮᠦᠵᠢᠯ ᠢ ᠢᠳᠡᠪᠬᠢᠳᠠᠢ ᠦᠷᠨᠢᠭᠦᠯᠵᠣ᠂ | ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠳ ᠲᠠᠷᠢᠶᠠᠴᠢᠣᠨ ᠤᠨ ᠬᠠᠭᠠᠰ ᠲᠠᠷᠢᠶᠠᠯᠠᠵᠤ ᠬᠠᠭᠠᠰ ᠰᠤᠷᠤᠯᠴᠠᠬᠤ᠂ | ᠲᠠᠷᠢᠶᠠᠯᠠᠬᠤ ᠪᠠ ᠰᠣᠷᠣᠯᠴᠠᠬᠤ ᠶᠢ ᠰᠣᠯᠢᠪᠴᠠᠭᠤᠯᠬᠤ ᠵᠡᠷᠭᠡ ᠠᠷᠭ᠎ᠠ ᠬᠡᠯᠪᠡᠷᠢ ᠪᠠᠷ ᠰᠤᠷᠤᠯᠴᠠᠯᠭ᠎ᠠ ᠪᠠᠨ ᠱᠠᠳᠤ | ᠬᠤᠪᠢᠶᠠᠨ ᠪᠡᠶᠡᠯᠡᠭᠦᠯᠭᠦ ᠶᠢ ᠳᠡᠮᠵᠢᠨ᠎ᠠ᠃ | ᠭᠤᠷᠪᠠ᠂ ᠮᠠᠭᠠᠣᠡᠯᠠᠨ ᠲᠣᠭᠳᠠᠭᠠᠵᠣ ᠬᠠᠮᠢᠶᠠᠷᠬᠤ ᠠᠵᠢᠯ ᠢ ᠢᠳᠡᠪᠬᠢᠲᠡᠶ ᠥᠷᠨᠢᠭᠦᠯᠣᠨ᠎ᠠ | ︵ᠨᠢᠭᠡ︶ ᠮᠠᠭᠠᠣᠡᠯᠠᠨ ᠲᠣᠭᠲᠠᠭᠠᠵᠣ ᠬᠠᠮᠢᠶᠠᠷᠬᠤ ᠶᠢᠨ ᠠᠭᠤᠯᠭ᠎ᠠ ᠵᠢᠴᠢ ᠪᠠᠷᠢᠮᠵᠢᠶ᠎ᠠ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠬᠡᠷᠩᠳᠠᠢ᠃ ᠰᠣᠶᠣᠯ ᠤᠨ ᠬᠢᠷᠢ ᠬᠡᠮᠵᠢᠶ᠎ᠡ᠂ ᠦᠢᠯᠡᠳᠪᠦᠷᠢᠯᠡᠯ ᠡᠵᠡᠩᠨᠡᠯᠲᠡ ᠶᠢᠨ | ᠬᠡᠪᠴᠢᠶ᠎ᠡ᠂ ᠠᠵᠤ ᠠᠬᠤᠶ ᠶᠢᠨ ᠦᠷ᠎ᠡ ᠠᠰᠢᠭ᠂ ᠵᠢᠱᠢᠶ᠎ᠡ ᠦᠵᠡᠭᠦᠯᠦᠨ ᠳᠠᠶᠢᠴᠢᠯᠠᠬᠤ ᠦᠷ᠎ᠡ ᠪᠦᠲᠦᠮᠵᠢ᠂ ᠨᠡᠶᠢᠭᠡᠮ | ᠨᠡᠶᠢᠲᠡ ᠳᠤ ᠵᠥᠪᠰᠢᠶᠡᠷᠡᠭᠳᠡᠭᠰᠡᠨ ᠬᠡᠮᠵᠢᠶ᠎ᠡ ᠵᠡᠷᠭᠡ ᠲᠠᠯ᠎ᠠ ᠠᠴᠠ᠂ ᠲᠣᠰ ᠭᠠᠵᠡᠷ ᠤᠨ ᠠᠵᠤ ᠠᠬᠤᠶ ᠨᠡᠶᠢᠭᠡᠮ ᠤᠨ | ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠣᠨ ᠢ ᠮᠠᠭᠠᠣᠡᠯᠠᠨ ᠲᠣᠭᠳᠠᠭᠠᠵᠣ ᠬᠠᠮᠢᠶᠠᠷᠬᠤ ᠶᠢᠨ ᠠᠭᠤᠯᠭ᠎ᠠ ᠶᠢ ᠵᠦᠢ ᠵᠣᠬᠢᠰᠲᠠᠶ ᠲᠣᠭᠲᠠᠭᠠᠬᠤ ᠬᠡᠷᠩᠳᠠᠢ᠃ | ᠠᠵᠤ ᠦᠢᠯᠡᠰ᠂ ᠣᠷᠣᠨ ᠪᠦᠰᠨ᠂ ᠦᠢᠯᠡᠳᠪᠦᠷᠢᠯᠡᠯ ᠤᠨ ᠬᠦᠴᠦᠨ ᠤ ᠬᠢᠷᠢ ᠬᠡᠮᠵᠢᠶ᠎ᠡ ᠵᠡᠷᠭᠡ ᠬᠦᠴᠦᠨ ᠵᠦᠢᠯ ᠢ | ᠶᠡᠷᠦᠩᠬᠡᠶᠢᠯᠡᠨ ᠪᠣᠳᠣᠯᠬᠢᠯᠠᠵᠤ᠂ ᠮᠠᠭᠠᠣᠡᠯᠠᠨ ᠲᠣᠭᠲᠠᠭᠠᠬᠤ ᠪᠠᠷᠢᠮᠵᠢᠶ᠎ᠠ ᠶᠢ ᠲᠦᠷᠦᠯ ᠬᠤᠪᠢᠶᠠᠨ ᠲᠣᠭᠲᠠᠭᠠᠵᠣ᠂ | ᠠᠩᠬ᠎ᠠ ᠵᠡᠷᠭᠡ ᠶᠢᠨ᠂ ᠳᠤᠮᠳᠠ ᠵᠡᠷᠭᠡ ᠶᠢᠨ᠂ ᠳᠡᠭᠡᠳᠣ ᠵᠡᠷᠭᠡ ᠶᠢᠨ ᠭᠤᠷᠪᠠᠨ ᠳᠡᠰ ᠢᠶᠠᠷ ᠵᠠᠯᠭᠠᠯᠳᠣᠭᠰᠠᠨ ᠰᠢᠨ᠎ᠡ | ᠮᠠᠶ᠋ᠢᠭ ᠤᠨ ᠠᠵᠢᠯ ᠮᠠᠷᠭᠡᠵᠢᠯ ᠤᠨ ᠮᠠᠯᠴᠢᠨ ᠲᠠᠷᠢᠶᠠᠴᠢᠣᠨ ᠢ ᠰᠣᠷᠭᠠᠨ ᠬᠥᠮᠦᠵᠢᠭᠦᠯᠵᠣ ᠪᠣᠯᠪᠠᠰᠤᠷᠠᠭᠤᠯᠬᠤ ᠪᠠ | ᠮᠠᠭᠠᠣᠡᠯᠠᠨ ᠲᠣᠭᠲᠠᠭᠠᠵᠣ ᠬᠠᠮᠢᠶᠠᠷᠬᠤ ᠰᠢᠰᠲ᠋ᠧᠮᠵᠢ ᠶᠢ ᠰᠦᠪᠡᠭᠴᠢᠯᠡᠨ ᠪᠠᠶᠢᠭᠤᠯᠣᠨ᠎ᠠ᠃ ᠣᠳᠣᠬᠠᠨ ᠳᠤ ᠭᠡᠷ | ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢᠨ ᠡᠵᠡᠨ᠂ ᠮᠠᠯᠴᠢᠨ ᠲᠠᠷᠢᠶᠠᠴᠢᠣᠨ ᠤᠨ ᠬᠤᠷᠰᠢᠶ᠎ᠠ ᠶᠢ ᠳᠠᠭᠠᠭᠤᠯᠣᠨ | ᠡᠷᠬᠢᠯᠡᠭᠴᠢᠣᠨ᠂ ᠲᠣᠰᠬᠠᠶᠢᠵᠢᠭᠰᠠᠨ ᠲᠣᠮᠣ ᠡᠷᠦᠬᠡ ᠵᠡᠷᠭᠡ ᠡᠯ᠎ᠡ ᠲᠦᠷᠦᠯ ᠤᠨ ᠰᠢᠨ᠎ᠡ ᠮᠠᠶ᠋ᠢᠭ ᠤᠨ ᠲᠠᠷᠢᠶᠠᠯᠠᠩ ᠮᠠᠯ | ᠠᠵᠤ ᠠᠬᠤᠶ ᠶᠢᠨ ᠡᠵᠡᠩᠨᠡᠯᠲᠡ ᠶᠢᠨ ᠭᠤᠣᠯ ᠴᠣᠭᠴᠠ ᠶᠢ ᠭᠤᠣᠯᠳᠠᠯᠭ᠎ᠠ ᠲᠠᠢ ᠪᠠᠷ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠣᠨ ᠢ ᠮᠠᠭᠠᠣᠡᠯᠠᠨ ᠲᠣᠭᠳᠠᠭᠠᠵᠣ ᠬᠠᠮᠢᠶᠠᠷᠬᠤ ᠬᠡᠪᠴᠢᠶᠡᠨ ᠳᠤ ᠣᠷᠣᠭᠤᠯᠤᠨ᠎ᠠ᠃ | ︵ᠬᠤᠶᠠᠷ︶ ᠮᠠᠭᠠᠣᠡᠯᠠᠨ ᠲᠣᠭᠳᠠᠭᠠᠵᠣ ᠬᠠᠮᠢᠶᠠᠷᠬᠤ ᠶᠢᠨ ᠳᠡᠰ ᠳᠠᠷᠠᠭᠠᠯᠠᠯ ᠢ ᠵᠢᠷᠣᠮᠵᠢᠭᠤᠯᠬᠤ ᠬᠡᠷᠩᠳᠠᠢ᠃ | ᠪᠣᠯᠪᠠᠰᠤᠷᠠᠭᠤᠯᠤᠯ ᠳᠤ ᠬᠢᠷᠢ ᠲᠡᠩᠴᠡᠭᠰᠡᠨ ᠦᠨᠡᠮᠯᠡᠯ ᠣᠯᠤᠭᠰᠠᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠣᠨ ᠲᠤ᠂ ᠰᠠᠶᠢᠨ ᠳᠤᠷ᠎ᠠ ᠠᠴᠠ ᠪᠠᠨ ᠭᠤᠶᠤᠴᠢᠯᠠᠵᠣ ᠮᠡᠳᠡᠭᠦᠯᠭᠦ᠂ ᠱᠠᠲᠤ ᠳᠠᠷᠠᠭᠠᠯᠠᠨ ᠲᠠᠨᠢᠯᠴᠠᠭᠤᠯᠤᠨ | ᠳᠡᠪᠰᠢᠭᠦᠯᠭᠦ᠂ ᠬᠤᠰᠢᠭᠤ ᠰᠢᠶᠠᠨ ︵ᠬᠤᠳᠠ᠂ ᠲᠣᠭᠤᠷᠢᠭ︶ ᠬᠢᠨᠠᠨ ᠲᠣᠭᠳᠠᠭᠠᠬᠤ ᠳᠡᠰ ᠳᠠᠷᠠᠭᠠᠯᠠᠯ ᠢᠶᠠᠷ ᠮᠠᠭᠠᠣᠡᠯᠠᠨ | ᠲᠣᠭᠳᠠᠭᠠᠵᠣ ᠬᠠᠮᠢᠶᠠᠷᠬᠤ ᠬᠡᠷᠡᠭᠲᠡᠶ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠳ ᠢ | ᠮᠠᠭᠠᠣᠡᠯᠠᠨ ᠲᠣᠭᠳᠠᠭᠠᠵᠣ ᠬᠠᠮᠢᠶᠠᠷᠬᠤ ᠶᠢ ᠬᠤᠰᠢᠭᠤ ᠰᠢᠶᠠᠨ ︵ᠬᠤᠳᠠ᠂ ᠲᠣᠭᠤᠷᠢᠭ︶ ᠬᠠᠷᠢᠭᠤᠴᠠᠨ᠂ ᠪᠣᠳᠠᠲᠠᠶ | ᠠᠵᠢᠯ ᠢ ᠬᠤᠰᠢᠭᠤ ᠰᠢᠶᠠᠨ ︵ᠬᠤᠳᠠ᠂ ᠲᠣᠭᠤᠷᠢᠭ︶ ᠤ ᠲᠠᠷᠢᠶᠠᠯᠠᠩ ᠮᠠᠯ ᠠᠵᠤ ᠠᠬᠤᠶ ᠶᠢᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠡᠷᠡᠭᠲᠡᠶ᠃ | ᠮᠠᠭᠠᠣᠡᠯᠠᠨ ᠲᠣᠭᠲᠠᠭᠠᠭᠰᠠᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠣᠨ ᠤᠨ ᠨᠡᠷᠡᠰ ᠢ ᠳᠡᠰ | ᠳᠠᠷᠠᠭᠠᠯᠠᠯ ᠤᠨ ᠶᠣᠰᠣᠭᠠᠷ ᠨᠡᠶᠢᠭᠡᠮ ᠳᠤ ᠨᠡᠶᠢᠲᠡᠯᠡᠨ᠂ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠩᠳᠠᠢ᠃ ︽ | ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠦᠨᠡᠮᠯᠡᠯ︾ ᠢ ᠪᠦᠬᠦ ᠤᠯᠤᠰ ᠲᠤ ᠨᠡᠶᠢᠳᠡᠮ | ᠬᠡᠷᠡᠭᠯᠡᠭᠦ ᠵᠢᠷᠤᠮᠵᠢᠯ ᠢᠶᠠᠷ ᠥᠪᠡᠷᠲᠡᠭᠡᠨ ᠵᠠᠰᠠᠬᠤ ᠣᠷᠣᠨ ᠠᠴᠠ ᠨᠢᠭᠡᠳᠦᠯᠲᠡᠶ ᠳᠠᠷᠤᠮᠠᠯᠯᠠᠭᠰᠠᠨ ᠬᠡᠪ ᠶᠠᠩᠵᠤ ᠪᠠᠷ | ᠠᠶᠢᠮᠠᠭ ᠬᠤᠲᠠ ᠨᠤᠭᠤᠳ ᠵᠣᠬᠢᠶᠠᠨ ᠪᠠᠶᠢᠭᠤᠯᠤᠨ ᠳᠠᠷᠤᠮᠠᠯᠯᠠᠨ᠎ᠠ᠃ | ︵ᠭᠤᠷᠪᠠ︶ ᠬᠥᠳᠡᠯᠦᠩᠭᠦᠶ ᠪᠠᠷ ᠬᠠᠮᠢᠶᠠᠷᠬᠤ ᠶᠢ ᠬᠡᠷᠡᠭᠵᠢᠭᠦᠯᠭᠦ ᠬᠡᠷᠩᠳᠠᠢ᠃ ᠪᠦᠷᠢᠨ ᠪᠦᠲᠦᠨ ᠣᠨᠣᠪᠴᠢᠲᠠᠶ | ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠣᠨ ᠤᠨ ᠲᠠᠩᠰᠠ ᠡᠪᠬᠡᠮᠡᠯ ᠵᠢᠴᠢ ᠳ᠋ᠠᠶᠢᠲᠨ | ᠬᠥᠮᠥᠷᠭᠡ ᠶᠢ ᠪᠠᠶᠢᠭᠤᠯᠵᠣ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠵᠢᠴᠢ ᠵᠣᠬᠢᠶᠠᠨ ᠪᠠᠶᠢᠭᠤᠯᠬᠤ᠂ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠶ᠂ ᠮᠥᠩᠭᠦᠨ | ᠭᠦᠢᠯᠭᠡᠭᠡ ᠳᠠᠭᠠᠳᠬᠠᠯ ᠵᠡᠷᠭᠡ ᠰᠠᠯᠠᠭ᠎ᠠ ᠮᠥᠴᠢᠷ ᠤᠳ ᠮᠡᠳᠡᠭᠡ ᠵᠠᠩᠭᠢ ᠶᠢ ᠠᠰᠢᠭᠯᠠᠨ ᠠᠵᠢᠯ ᠢᠶᠠᠨ ᠵᠢᠯᠣᠭᠤᠳᠬᠤ ᠳᠤ | ᠦᠢᠯᠡᠴᠢᠯᠡᠭᠡ ᠬᠠᠩᠭᠠᠬᠤ ᠬᠡᠷᠡᠭᠲᠡᠶ᠃ ᠮᠡᠳᠡᠭᠡ ᠵᠠᠩᠭᠢ ᠶᠢᠨ ᠬᠥᠮᠥᠷᠭᠡ ᠶᠢ ᠲᠤᠰᠬᠠᠶ ᠪᠠᠶᠢᠭᠤᠯᠤᠮᠵᠢ ᠠᠴᠠ ᠬᠠᠮᠢᠶᠠᠷᠴᠣ᠂ | ᠮᠡᠳᠡᠭᠡ ᠵᠠᠩᠭᠢ ᠶᠢᠨ ᠠᠭᠤᠯᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠬᠦ ᠬᠡᠷᠡᠭᠲᠡᠶ᠃ ᠪᠣᠯᠪᠠᠰᠤᠷᠠᠯ ᠳᠤ | ᠣᠷᠣᠯᠴᠠᠭᠰᠠᠨ᠂ ᠢᠯᠠᠩᠭᠤᠶ᠎ᠠ ᠪᠠᠶᠢᠩᠭᠤ ᠶᠢᠨ ᠴᠢᠨᠠᠷᠲᠠᠶ ᠬᠥᠮᠦᠵᠢᠯ ᠪᠣᠯᠪᠠᠰᠤᠷᠠᠭᠤᠯᠤᠯ᠂ ᠭᠡᠪᠴᠢᠶᠡᠳᠣ ᠦᠷ᠎ᠡ ᠠᠰᠢᠭ | ᠪᠣᠯᠤᠨ ᠨᠡᠶᠢᠭᠡᠮ ᠤᠨ ᠬᠠᠷᠢᠭᠤᠴᠠᠯᠭ᠎ᠠ ᠶᠢ ᠭᠦᠢᠴᠡᠳᠬᠡᠭᠰᠡᠨ ᠵᠡᠷᠭᠡ ᠪᠠᠷ ᠭᠤᠣᠯ ᠠᠭᠤᠯᠭ᠎ᠠ ᠪᠣᠯᠭᠠᠭᠰᠠᠨ ᠰᠢᠯᠭᠠᠨ | ᠬᠢᠨᠠᠵᠣ ᠦᠨᠡᠯᠡᠭᠦ ᠲᠦᠷᠢᠮ ᠢ ᠪᠠᠶᠢᠭᠤᠯᠵᠣ᠂ ᠮᠠᠭᠠᠣᠡᠯᠠᠨ ᠲᠣᠭᠲᠠᠭᠠᠭᠰᠠᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ | ᠮᠠᠯᠴᠢᠨ ᠲᠠᠷᠢᠶᠠᠴᠢᠣᠨ ᠢ ᠬᠠᠷᠢᠶᠠᠯᠠᠬᠤ ᠭᠠᠵᠠᠷ ᠤᠨ ᠬᠠᠮᠢᠶᠠᠷᠬᠤ ᠵᠠᠷᠴᠢᠮ ᠶᠣᠰᠣᠭᠠᠷ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠬᠢᠨᠠᠬᠤ ᠬᠡᠷᠡᠭᠲᠡᠶ᠃ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠤ ᠨᠥᠬᠦᠴᠡᠯ ᠳᠤ ᠨᠡᠶᠢᠴᠡᠬᠦ ᠦᠭᠡᠢ ᠪᠣᠯᠣᠭᠰᠠᠨ ᠪᠤᠶᠤ ᠰᠢᠯᠭᠠᠨ ᠬᠢᠨᠠᠬᠤ ᠳᠤ ᠬᠢᠷᠢ ᠲᠡᠩᠴᠡᠭᠰᠡᠨ ᠦᠬᠡᠢ | ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠲᠣᠭᠳᠠᠭᠰᠠᠨ ᠳᠡᠰ ᠳᠠᠷᠠᠭᠠᠯᠠᠯ ᠢᠶᠠᠷ | ᠭᠠᠷᠭᠠᠬᠤ ᠶᠢᠨ ᠬᠠᠮᠳᠣ ᠬᠠᠮᠢᠶ᠎ᠠ ᠪᠦᠬᠦᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠳᠠᠬᠢᠨ ᠭᠥᠷᠳᠡᠭᠡᠵᠣ ᠪᠣᠯᠬᠤ | ᠦᠭᠡᠶ᠃ | ᠲᠦᠷᠪᠡ᠂ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠲᠣᠭᠲᠠᠭᠠᠨ ᠨᠠᠶᠢᠳᠠᠪᠤᠷᠢᠵᠢᠭᠤᠯᠣᠨ᠎ᠠ | ︵ᠨᠢᠭᠡ︶ ᠬᠠᠷᠠᠭᠠᠯᠵᠠᠨ ᠲᠡᠳᠬᠦᠬᠦ ᠲᠦᠷᠦ ᠶᠢᠨ ᠪᠤᠳᠤᠯᠭ᠎ᠠ ᠲᠣᠭᠲᠠᠭᠠᠬᠤ ᠬᠡᠷᠩᠳᠠᠢ᠃ ᠡᠯ᠎ᠡ ᠭᠠᠵᠠᠷ ᠣᠷᠣᠨ᠂ | ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠨᠢ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠢᠳᠡᠪᠬᠢᠲᠡᠶ | ᠲᠣᠭᠲᠠᠭᠠᠨ ᠨᠡᠶᠢᠲᠡᠯᠡᠵᠦ᠂ ᠰᠢᠨ᠎ᠡ ᠪᠠᠷ ᠭᠠᠷᠭᠠᠭᠰᠠᠨ ᠮᠠᠯᠴᠢᠨ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠰᠢᠨ᠎ᠡ ᠮᠠᠶ᠋ᠢᠭ ᠤᠨ ᠠᠵᠢᠯ ᠮᠠᠷᠭᠡᠵᠢᠯ ᠤᠨ ᠮᠠᠯᠴᠢᠨ ᠲᠠᠷᠢᠶᠠᠴᠢᠨ ᠲᠡᠰᠢ ᠬᠡᠯᠪᠠᠶᠢᠯᠭᠡᠵᠦ᠂ ᠭᠠᠵᠠᠷ | ᠰᠢᠷᠣᠶ ᠶᠢᠨ ᠬᠡᠷᠩᠯᠡᠭᠦ ᠡᠷᠭᠡ ᠶᠢ ᠰᠢᠯᠵᠢᠭᠦᠯᠣᠨ ᠡᠷᠬᠢᠯᠳᠣᠭᠦᠯᠭᠦ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ | ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ ᠲᠥᠷᠥᠯ ᠵᠦᠢᠯ᠂ ᠡᠳ᠋ ᠤᠨ | ᠵᠠᠰᠠᠭ ᠭᠠᠶᠢᠯᠢ ᠶᠢᠨ ᠲᠦᠷᠢᠮ᠂ ᠨᠡᠶᠢᠭᠡᠮ ᠤᠨ ᠪᠠᠲᠤᠯᠠᠭ᠎ᠠ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠪᠠᠷ | ᠳᠠᠮᠵᠢᠭᠤᠯᠵᠣ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠲᠡᠳᠬᠦᠨ ᠳᠡᠮᠵᠢᠬᠦ ᠲᠦᠷᠦ ᠶᠢᠨ | ᠪᠤᠳᠤᠯᠭ᠎ᠠ ᠶᠢᠨ ᠬᠠᠷᠢᠯᠴᠠᠨ ᠵᠣᠯᠭᠠᠯᠳᠤᠵᠣ ᠲᠥᠬᠦᠷᠵᠢᠭᠰᠡᠨ ᠰᠢᠰᠲ᠋ᠧᠮᠵᠢ ᠶᠢ ᠰᠦᠪᠡᠭᠴᠢᠯᠠᠨ ᠪᠠᠶᠢᠭᠤᠯᠵᠣ᠂ ᠨᠢᠭᠡ | ᠪᠦᠯᠦᠭ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠡᠩᠨᠡᠭᠡ ᠶᠢ ᠭᠦᠮᠣᠵᠢᠭᠦᠯᠣᠨ ᠪᠠᠬᠢᠵᠢᠭᠦᠯᠭᠦ | ᠬᠡᠷᠡᠭᠲᠡᠶ᠃ | ︵ᠬᠤᠶᠠᠷ︶ ᠰᠢᠨ᠎ᠡ ᠬᠡᠯᠪᠡᠷᠢ ᠪᠦᠭᠦᠢ ᠡᠵᠡᠩᠨᠡᠯᠲᠡ ᠶᠢᠨ ᠭᠤᠣᠯ ᠴᠣᠭᠴᠠ ᠶᠢ ᠳᠡᠮᠵᠢᠬᠦ ᠬᠠᠮᠢᠶ᠎ᠠ ᠪᠥᠬᠦᠢ | ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠬᠡᠷᠩᠳᠠᠢ᠃ ᠨᠢᠭᠡᠨᠲᠡ ᠪᠠᠶᠢᠭ᠎ᠠ ᠮᠠᠯᠴᠢᠨ ᠲᠠᠷᠢᠶᠠᠴᠢᠣᠨ ᠲᠤ | ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ᠂ ᠢᠯᠠᠩᠭᠤᠶ᠎ᠠ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠮᠢᠶ᠎ᠠ | ᠪᠦᠬᠦᠢ ᠪᠢᠴᠢᠭ ᠮᠠᠲ᠋ᠧᠷᠢᠶᠠᠯ ᠳᠤ ᠲᠤᠰᠬᠠᠢ ᠲᠤᠮᠤ ᠡᠷᠤᠬᠡ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ | ᠲᠣᠰᠬᠠᠢ ᠬᠤᠷᠰᠢᠶ᠎ᠠ ᠵᠢᠴᠢ ᠪᠤᠰᠤᠳ ᠰᠢᠨ᠎ᠡ ᠬᠡᠯᠪᠡᠷᠢ ᠪᠦᠭᠦᠢ ᠡᠵᠡᠩᠨᠡᠯᠲᠡ ᠶᠢᠨ ᠭᠤᠣᠯ ᠴᠣᠭᠴᠠ ᠶᠢ ᠳᠡᠣᠡᠭᠦᠨ | ᠳᠡᠮᠵᠢᠭᠦ ᠪᠠᠷ ᠲᠣᠳᠣᠷᠬᠠᠢ ᠲᠣᠭᠳᠠᠭᠠᠭᠰᠠᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠪᠣᠯ᠂ ᠮᠠᠭᠠᠣᠡᠯᠠᠨ | ᠲᠣᠭᠳᠠᠭᠠᠯᠭᠠᠭᠰᠠᠨ ᠰᠢᠨ᠎ᠡ ᠮᠠᠶ᠋ᠢᠭ ᠤᠨ ᠠᠵᠢᠯ ᠮᠠᠷᠭᠡᠵᠢᠯ ᠤᠨ ᠮᠠᠯᠴᠢᠨ ᠲᠠᠷᠢᠶᠠᠴᠢᠣᠨ ᠲᠤ ᠣᠷᠢᠳᠠᠪᠠᠷ | ᠨᠠᠷᠢᠯᠢᠬᠵᠢᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠃ ᠬᠤᠰᠢᠭᠤ ᠰᠢᠶᠠᠨ ︵ᠬᠤᠳᠠ᠂ ᠲᠣᠭᠤᠷᠢᠭ︶ ᠨᠢ ᠮᠠᠯ | ᠲᠠᠷᠢᠶᠠᠯᠠᠩ ᠳᠤ ᠬᠤᠯᠪᠣᠭᠳᠠᠭᠰᠠᠨ ᠲᠦᠷᠣᠯ ᠵᠦᠢᠯ ᠤᠨ ᠪᠡᠯᠡ ᠮᠥᠩᠭᠦ ᠶᠢ ᠡᠮᠬᠢᠯᠡᠨ ᠨᠡᠶᠢᠯᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠭᠠᠵᠠᠷ ᠰᠢᠷᠣᠶ ᠶᠢᠨ ᠬᠡᠷᠩᠯᠡᠭᠦ ᠡᠷᠭᠡ ᠶᠢ ᠰᠢᠯᠵᠢᠭᠦᠯᠣᠨ ᠡᠷᠬᠢᠯᠳᠣᠭᠦᠯᠭᠦ᠂ ᠲᠠᠷᠢᠶᠠᠯᠠᠩ ᠮᠠᠯ ᠠᠵᠤ | ᠠᠬᠤᠶ ᠶᠢᠨ ᠰᠠᠭᠤᠷᠢ ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠮᠠᠯ ᠠᠵᠤ ᠠᠬᠤᠶ ᠶᠢᠨ | ᠳᠦᠷᠦ ᠶᠢᠨ ᠪᠤᠳᠤᠯᠭ᠎ᠠ ᠶᠢᠨ ᠴᠢᠨᠠᠷᠲᠠᠶ ᠨᠡᠮᠠᠭᠦᠷᠢ ᠵᠡᠷᠭᠡ ᠲᠠᠯ᠎ᠠ ᠪᠠᠷ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ | ᠮᠠᠯᠴᠢᠨ ᠲᠠᠷᠢᠶᠠᠴᠢᠣᠨ ᠤᠨ ᠳᠠᠭᠠᠭᠤᠯᠣᠨ ᠡᠷᠬᠢᠯᠡᠭᠰᠡᠨ ᠮᠠᠯᠴᠢᠨ ᠲᠠᠷᠢᠶᠠᠴᠢᠳ ᠤᠨ ᠬᠤᠷᠰᠢᠶ᠎ᠠ᠂ ᠭᠡᠷ ᠪᠦᠯᠢ ᠶᠢᠨ | ᠲᠠᠷᠢᠶᠠᠯᠠᠩ ᠮᠠᠯᠵᠢᠯ ᠤᠨ ᠲᠠᠯᠠᠪᠠᠢ ᠵᠡᠷᠭᠡ ᠰᠢᠨ᠎ᠡ ᠬᠡᠯᠪᠡᠷᠢ ᠪᠦᠭᠦᠢ ᠲᠠᠷᠢᠶᠠᠯᠠᠩ ᠮᠠᠯ ᠠᠵᠤ ᠠᠬᠤᠶ ᠶᠢᠨ | ᠡᠵᠡᠩᠨᠡᠯᠲᠡ ᠶᠢᠨ ᠭᠤᠣᠯ ᠴᠣᠭᠴᠠ ᠶᠢ ᠣᠷᠢᠳᠠᠪᠠᠷ ᠳᠡᠮᠵᠢᠭᠦ ᠶᠢᠨ ᠬᠠᠮᠲᠤ᠂ ᠲᠦᠷᠣᠯ ᠵᠦᠢᠯ ᠠᠴᠠ ᠪᠦᠷᠢᠯᠳᠦᠭᠰᠡᠨ | ᠡᠳ᠋ ᠬᠦᠷᠦᠩᠭᠡ ᠶᠢ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ᠂ ᠮᠠᠯᠴᠢᠨ ᠲᠠᠷᠢᠶᠠᠴᠢᠣᠨ ᠤᠨ ᠬᠤᠷᠰᠢᠶ᠎ᠡ ᠳᠤ | ᠠᠯᠬᠤᠮ ᠠᠯᠬᠤᠮ ᠢᠶᠠᠷ ᠰᠢᠯᠵᠢᠭᠦᠯᠦᠨ ᠲᠤᠰᠢᠶᠠᠵᠣ ᠬᠠᠮᠢᠶᠠᠷᠴᠤ ᠬᠠᠮᠠᠭᠠᠯᠠᠨ ᠬᠡᠷᠡᠭᠯᠡᠭᠦᠯᠭᠦ ᠬᠡᠷᠡᠭᠲᠡᠶ᠃ ᠡᠬᠢ | ᠪᠠᠶᠠᠯᠢᠭ ᠤᠨ ᠭᠦᠴᠣᠨ ᠵᠦᠢᠯ ᠢ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠠᠵᠢᠯ ᠤᠨ ᠮᠠᠯᠴᠢᠨ ᠲᠠᠷᠢᠶᠠᠴᠢᠨ ᠳᠡᠰᠢ | ᠲᠥᠪᠯᠡᠷᠡᠭᠦᠯᠭᠦ ᠶᠢ ᠠᠬᠢᠭᠤᠯᠬᠤ ᠬᠡᠷᠩᠳᠠᠢ᠃ | ︵ᠭᠤᠷᠪᠠ︶ ᠮᠥᠩᠭᠦᠨ ᠭᠦᠢᠯᠭᠡᠭᠡᠨ ᠢᠳᠡᠭᠡᠮᠵᠢᠳᠣ ᠵᠢᠭᠡᠯᠡᠯᠭᠡ ᠪᠠ ᠳᠠᠭᠠᠳᠬᠠᠯ ᠢᠶᠠᠷ ᠣᠷᠢᠳᠠᠪᠠᠷ ᠳᠡᠮᠵᠢᠯᠭᠡ | ᠦᠵᠡᠭᠦᠯᠭᠦ ᠬᠡᠷᠡᠭᠲᠡᠶ᠃ ᠲᠠᠷᠢᠶᠠᠯᠩ ᠳᠤ ᠬᠤᠯᠪᠣᠭᠳᠠᠭᠰᠠᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ | ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠣᠨ ᠲᠤ ᠬᠠᠮᠲᠤᠷᠠᠨ ᠢᠳᠡᠭᠡᠮᠵᠢ ᠣᠯᠭᠤᠬᠤ᠂ | ᠣᠷᠢᠳᠠᠪᠠᠷ ᠵᠢᠭᠡᠯᠡᠯᠭᠡ ᠥᠭᠬᠦ᠂ ᠬᠦᠦ ᠨᠣᠷᠮ᠎ᠠ ᠪᠠᠷ ᠬᠠᠷᠠᠭᠠᠯᠵᠠᠬᠤ᠂ ᠲᠤᠭ᠎ᠠ ᠭᠡᠮᠵᠢᠶ᠎ᠠ ᠶᠢ ᠨᠢ ᠠᠭᠤᠵᠢᠭᠤ ᠲᠠᠯᠪᠢᠬᠤ | ᠵᠡᠷᠭᠡ ᠪᠠᠷ ᠣᠷᠢᠳᠠᠪᠠᠷ ᠲᠡᠳᠬᠦᠨ ᠳᠡᠮᠵᠢᠬᠦ ᠬᠡᠷᠡᠭᠲᠡᠶ᠃ ᠲᠠᠷᠢᠶᠠᠯᠠᠩ ᠳᠤ ᠬᠤᠯᠪᠣᠭᠳᠠᠭᠰᠠᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠨᠢ ᠳᠤᠮᠳᠠ ᠵᠡᠷᠭᠡ ᠠᠴᠠ ᠳᠡᠭᠡᠭᠰᠢᠬᠢ ᠬᠢᠷᠢ ᠬᠡᠮ ᠣᠯᠣᠭᠰᠠᠨ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠣᠨ ᠤᠨ ᠳᠠᠭᠠᠭᠤᠯᠣᠨ ᠡᠷᠬᠢᠯᠡᠭᠰᠠᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ | ᠮᠠᠯᠵᠢᠯ ᠤᠨ ᠲᠠᠯᠠᠪᠠᠢ ᠵᠡᠷᠭᠡ ᠳᠤ ᠢᠲᠡᠭᠡᠮᠵᠢ ᠶᠢᠨ ᠵᠡᠷᠭᠡ ᠳᠡᠰ ᠢ ᠨᠢ ᠳᠡᠭᠡᠭᠰᠢᠯᠡᠭᠦᠯᠵᠣ᠂ ᠮᠥᠩᠭᠦᠨ ᠭᠦᠢᠯᠭᠡᠭᠡᠨ ᠤ | ᠨᠡᠷᠡᠣᠡᠭᠦᠨ ᠤ ᠰᠢᠨ᠎ᠡ ᠡᠭᠦᠳᠦᠯᠳᠠ ᠲᠠᠢ ᠦᠢᠯᠡᠴᠢᠯᠡᠭᠡ ᠶᠢ ᠥᠷᠨᠢᠭᠦᠯᠵᠦ᠂ ᠡᠵᠡᠩᠨᠡᠨ ᠪᠣᠷᠣᠯᠠᠭᠤᠯᠬᠤ ᠵᠢᠭᠡᠯᠡᠯᠭᠡ᠂ | ᠭᠠᠵᠠᠷ ᠰᠢᠷᠣᠶ ᠳᠠᠭᠠᠭᠠᠴᠢᠯᠠᠭᠰᠠᠨ ᠡᠵᠡᠩᠨᠡᠬᠦ ᠡᠷᠬᠡ ᠪᠠᠨ ᠪᠠᠷᠢᠴᠠᠭᠠᠯᠠᠭᠰᠠᠨ ᠵᠢᠭᠡᠯᠡᠯᠭᠡ᠂ ᠲᠤᠮᠤ ᠬᠡᠯᠪᠡᠷᠢ ᠶᠢᠨ | ᠳᠠᠷᠢᠶᠠᠯᠠᠩ ᠤᠨ ᠮᠠᠰᠢᠨ ᠪᠠᠭᠠᠵᠢ ᠶᠢᠨ ᠪᠡᠯᠡ ᠲᠣᠭᠢᠷᠠᠭᠤᠯᠭ᠎ᠠ ᠶᠢᠨ ᠲᠦᠷᠢᠶᠡᠰᠦᠯᠡᠯ᠂ ᠦᠢᠯᠡᠳᠪᠦᠷᠢ ᠶᠢᠨ ᠭᠡᠷ | ᠪᠠᠶᠢᠰᠢᠩ ᠢᠶᠠᠨ ᠪᠠᠷᠢᠴᠠᠭᠠᠯᠠᠬᠤ᠂ ᠦᠢᠯᠡᠳᠪᠦᠷᠢᠯᠡᠯ ᠤᠨ ᠵᠠᠬᠢᠶᠠᠯᠠᠭ᠎ᠠ ᠶᠢᠨ ᠬᠠᠭᠤᠳᠠᠰᠤ᠂ ᠲᠠᠷᠢᠶᠠᠯᠠᠩ ᠤᠨ | ᠳᠠᠭᠠᠳᠬᠠᠯ ᠤᠨ ᠬᠠᠭᠤᠳᠠᠰᠤ ᠪᠠᠨ ᠳᠠᠨᠵᠢᠯᠠᠬᠤ᠂ ᠬᠤᠭᠤᠴᠠᠭᠠᠲᠤ ᠪᠠᠷᠠᠭ᠎ᠠ᠂ ᠬᠤᠭᠤᠴᠠᠭᠠᠲᠤ ᠡᠷᠬᠡ ᠵᠡᠷᠭᠡ ᠣᠯᠠᠷᠢᠨ | ᠡᠭᠦᠰᠦᠭᠰᠡᠨ ᠬᠡᠷᠩᠯᠡᠭᠦᠷ ᠢᠶᠠᠷ ᠲᠦᠭᠰᠢᠭᠦᠷᠢ ᠶᠢᠨ ᠬᠠᠮᠢᠶᠠᠷᠤᠯᠲᠠ ᠶᠢᠨ ᠲᠤᠷᠰᠢᠯᠲᠠ ᠵᠡᠷᠭᠡ ᠶᠢ ᠦᠷᠨᠢᠭᠦᠯᠣᠨ᠎ᠠ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠳᠡᠮᠵᠢᠵᠣ ᠪᠠᠶᠢᠭ᠎ᠠ ᠲᠠᠷᠢᠶᠠᠯᠠᠩ ᠤᠨ ᠢᠲᠡᠭᠡᠮᠵᠢᠲᠦ ᠵᠢᠭᠡᠯᠡᠯᠭᠡ ᠶᠢᠨ | ᠳᠠᠭᠠᠭᠠᠯᠲᠠ ᠶᠢᠨ ᠺᠣᠮᠫᠠᠨᠢ ᠨᠢ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠣᠨ ᠤᠨ ᠳᠠᠭᠠᠭᠤᠯᠣᠨ | ᠡᠷᠬᠢᠯᠡᠭᠰᠠᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠳᠤ ᠢᠲᠡᠭᠡᠮᠵᠢ ᠶᠢᠨ ᠳᠠᠭᠠᠭᠠᠯᠲᠠ ᠪᠠ | ᠲᠦᠭᠰᠢᠭᠦᠷᠢ ᠶᠢᠨ ᠲᠦᠯᠣᠪᠣᠷᠢ ᠬᠠᠩᠭᠠᠵᠣ ᠢᠳᠡᠭᠡᠮᠵᠢᠳᠣ ᠵᠢᠭᠡᠯᠡᠯᠭᠡ ᠶᠢᠨ ᠳᠠᠮ ᠬᠦᠦ ᠮᠥᠩᠭᠦ ᠶᠢ ᠢᠳᠡᠪᠬᠢᠳᠠᠢ | ᠠᠬᠢᠭᠤᠯᠬᠤ ᠬᠡᠷᠡᠭᠲᠡᠶ᠃ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢ ᠵᠣᠷᠢᠬᠵᠢᠭᠤᠯᠣᠨ ᠰᠢᠨ᠎ᠡ ᠮᠠᠶ᠋ᠢᠭ ᠤᠨ | ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠡᠵᠡᠩᠨᠡᠭᠰᠡᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ | ᠣᠯᠠᠨ ᠳᠡᠰ ᠤᠨ᠂ ᠪᠦᠷᠢᠨ ᠪᠦᠷᠭᠦᠭᠰᠡᠨ᠂ ᠪᠠᠳᠣᠯᠠᠭ᠎ᠠ ᠰᠠᠶᠢᠨ ᠳᠠᠭᠠᠳᠬᠠᠯ ᠤᠨ ᠨᠡᠷᠡᠣᠡᠭᠦᠨ ᠢ ᠨᠡᠭᠡᠭᠡᠨ | ᠬᠥᠭᠵᠢᠭᠦᠯᠭᠦ ᠶᠢ ᠲᠦᠷᠭᠡᠳᠬᠡᠵᠣ᠂ ᠳᠠᠭᠠᠳᠬᠠᠯ ᠢ ᠣᠷᠢᠳᠠᠪᠠᠷ ᠭᠦᠢᠴᠡᠣᠡᠭᠡᠨ᠂ ᠳᠠᠭᠠᠳᠬᠠᠯ ᠤᠨ ᠵᠠᠷᠤᠳᠠᠯ ᠤᠨ | ᠨᠤᠷᠮ᠎ᠠ ᠶᠢ ᠪᠠᠭᠤᠷᠠᠭᠤᠯᠵᠣ᠂ ᠦᠢᠯᠡᠳᠬᠦᠨ ᠤ ᠦᠷᠳᠡᠭ ᠪᠦᠭᠦᠢ ᠳᠠᠭᠠᠳᠬᠠᠯ ᠵᠡᠷᠭᠡ ᠲᠤᠷᠰᠢᠯᠲᠠ ᠶᠢ ᠰᠦᠪᠡᠭᠴᠢᠯᠡᠨ | ᠥᠷᠨᠢᠭᠦᠯᠬᠦ ᠬᠡᠷᠡᠭᠲᠡᠶ᠃ | ︵ᠲᠦᠷᠪᠡ︶ ᠮᠡᠷᠭᠡᠵᠢᠯ ᠢᠶᠠᠷ ᠵᠢᠯᠤᠭᠤᠣᠠᠬᠤ ᠦᠢᠯᠡᠴᠢᠯᠡᠭᠡ ᠶᠢ ᠴᠢᠩᠭᠠᠷᠠᠭᠤᠯᠬᠤ ᠬᠡᠷᠡᠭᠲᠡᠶ᠃ ᠲᠠᠷᠢᠶᠠᠯᠠᠩ | ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠲᠠᠷᠢᠶᠠᠯᠠᠩ ᠤᠨ | ᠮᠡᠷᠭᠡᠵᠢᠯ ᠢ ᠳᠡᠯᠭᠡᠷᠡᠭᠦᠯᠬᠦ ᠦᠢᠯᠡᠴᠢᠯᠡᠭᠡᠨ ᠤ ᠰᠢᠰᠲ᠋ᠧᠮᠵᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠬᠥᠭᠵᠢᠯᠳᠠ ᠳᠤ ᠵᠢᠯᠣᠭᠤᠳᠬᠤ ᠦᠢᠯᠡᠴᠢᠯᠡᠭᠡ ᠪᠠᠨ | ᠴᠢᠩᠭᠠᠣᠠᠬᠠᠵᠣ᠂ ︽ᠲᠤᠰᠬᠠᠶ ᠮᠡᠷᠭᠡᠵᠢᠯᠲᠡᠨ + ᠲᠠᠷᠢᠶᠠᠯᠠᠩ ᠤᠨ ᠮᠡᠷᠭᠡᠵᠢᠯ ᠤᠨ ᠠᠵᠢᠯᠲᠠᠨ + ᠰᠢᠨ᠎ᠡ ᠮᠠᠶ᠋ᠢᠭ ᠤᠨ | ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ + ᠨᠥᠯᠥᠭᠡᠯᠡᠨ ᠳᠠᠶᠢᠴᠢᠯᠠᠭᠳᠠᠬᠤ ᠡᠷᠦᠬᠡ︾ ᠶᠢᠨ ᠮᠡᠷᠭᠡᠵᠢᠯ ᠢ | ᠲᠦᠷᠭᠡᠨ ᠳᠠᠮᠵᠢᠭᠤᠯᠬᠤ ᠬᠡᠯᠬᠢᠶ᠎ᠡ ᠶᠢ ᠪᠠᠶᠢᠭᠤᠯᠣᠨ᠂ ᠰᠢᠨ᠎ᠡ ᠵᠦᠢᠯ᠂ ᠰᠢᠨ᠎ᠡ ᠮᠡᠷᠭᠡᠵᠢᠯ ᠢ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠨ ᠳᠤ ᠣᠷᠢᠳᠠᠪᠠᠷ ᠣᠯᠠᠷᠢᠭᠤᠯᠬᠤ ᠪᠠ ᠬᠡᠷᠡᠭᠯᠡᠭᠳᠡᠭᠦ ᠶᠢ ᠪᠡᠶᠡᠯᠡᠭᠦᠯᠭᠦ ᠪᠠᠷ | ᠠᠬᠢᠭᠤᠯᠬᠤ ᠬᠡᠷᠩᠳᠠᠢ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠣᠨ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠣᠠᠬᠠᠬᠤ ᠬᠡᠷᠡᠭᠲᠡᠶ᠃ ᠡᠯ᠎ᠡ ᠭᠠᠵᠠᠷ | ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠨᠢ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠢ ᠭᠦᠮᠣᠵᠢᠭᠦᠯᠭᠦ ᠪᠠᠨ ᠰᠢᠨ᠎ᠡ ᠬᠡᠯᠪᠡᠷᠢ ᠪᠦᠭᠦᠢ ᠲᠠᠷᠢᠶᠠᠯᠠᠩ ᠮᠠᠯ ᠠᠵᠤ ᠠᠬᠤᠶ ᠶᠢᠨ ᠡᠵᠡᠩᠨᠡᠯᠲᠡ ᠶᠢᠨ | ᠰᠢᠰᠲ᠋ᠧᠮᠵᠢ ᠶᠢ ᠪᠠᠶᠢᠭᠤᠯᠬᠤ᠂ ᠬᠤᠳᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠬᠦ ᠶᠢᠨ ᠴᠢᠬᠤᠯᠠ | ᠭᠠᠷᠳᠠᠴᠠ ᠪᠣᠯᠭᠠᠵᠤ᠂ ︽ᠮᠠᠯᠵᠢᠬᠤ ᠳᠠᠷᠢᠶᠠᠯᠠᠬᠤ ᠣᠷᠣᠨ᠂ ᠮᠠᠯ ᠲᠠᠷᠢᠶᠠᠯᠠᠩ᠂ ᠮᠠᠯᠴᠢᠨ ᠳᠠᠷᠢᠶᠠᠴᠢᠨ︾ ᠤ | ᠶᠡᠷᠦᠩᠬᠡᠶ ᠪᠠᠶᠢᠷᠢᠯᠠᠭᠤᠯᠤᠯᠲᠠ ᠳᠤ ᠣᠷᠣᠭᠤᠯᠵᠣ᠂ ᠠᠵᠢᠯ ᠤᠨ ᠲᠥᠰᠦᠯ ᠲᠣᠭᠲᠠᠭᠠᠨ᠂ ᠬᠠᠷᠢᠭᠤᠴᠠᠯᠭ᠎ᠠ ᠠᠵᠢᠯ ᠤᠨ | ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠬᠤ ᠬᠡᠷᠡᠭᠲᠡᠶ᠃ | ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ᠂ ᠰᠣᠷᠭᠠᠨ ᠬᠥᠮᠦᠵᠢᠯ᠂ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ᠂ ᠲᠠᠷᠢᠶᠠᠯᠠᠩ ᠮᠠᠯ ᠠᠵᠤ ᠠᠬᠤᠶ᠂ ᠮᠥᠩᠭᠦᠨ ᠭᠦᠢᠯᠭᠡᠭᠡ᠂ ᠳᠠᠭᠠᠳᠬᠠᠯ ᠵᠡᠷᠭᠡ | ᠰᠠᠯᠠᠭ᠎ᠠ ᠮᠥᠴᠢᠷ ᠢᠶᠠᠷ ᠪᠦᠷᠢᠯᠳᠦᠭᠰᠡᠨ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ | ᠭᠦᠮᠣᠵᠢᠭᠦᠯᠭᠦ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠥᠴᠢᠷ ᠨᠢ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠨᠢᠭᠲᠠ ᠬᠠᠮᠵᠢᠯᠴᠠᠨ᠂ ᠨᠠᠶᠢᠯᠡᠮᠡᠯ | ᠬᠦᠴᠦᠨ ᠢ ᠪᠦᠷᠢᠯᠳᠦᠭᠦᠯᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠨᠢ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠭᠦ ᠶᠢᠨ ᠲᠦᠷᠣᠭᠦᠯᠡᠵᠣ ᠵᠣᠬᠢᠴᠠᠭᠤᠯᠬᠤ | ᠠᠵᠢᠯ ᠢ ᠬᠠᠷᠢᠭᠤᠴᠠᠵᠣ᠂ ᠰᠢᠨ᠎ᠡ ᠮᠠᠶ᠋ᠢᠭ ᠤᠨ ᠲᠣᠬᠠᠶᠢᠯᠠᠭᠰᠠᠨ ᠠᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠭᠦ | ᠠᠵᠢᠯ ᠪᠠ ᠣᠨ ᠤ ᠲᠥᠯᠥᠪᠯᠡᠭᠡ ᠶᠢ ᠨᠢᠭᠡᠳᠦᠯᠲᠡᠶ ᠲᠥᠯᠥᠪᠯᠡᠨ ᠲᠣᠭᠲᠠᠭᠠᠬᠤ ᠶᠢᠨ ᠬᠠᠮᠳᠣ ᠵᠣᠬᠢᠶᠠᠨ ᠪᠠᠶᠢᠭᠤᠯᠤᠨ | ᠬᠡᠷᠡᠭᠵᠢᠭᠦᠯᠭᠦ ᠬᠡᠷᠩᠳᠠᠢ︔ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠨᠢ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠨ ᠢ ᠰᠣᠷᠭᠠᠨ ᠭᠦᠮᠣᠵᠢᠭᠦᠯᠵᠣ ᠪᠣᠯᠪᠠᠰᠣᠷᠠᠭᠤᠯᠬᠤ ᠰᠠᠭᠤᠷᠢ ᠨᠦᠭᠦᠴᠡᠯ ᠤᠨ | ᠪᠠᠶᠢᠭᠤᠯᠣᠯᠳᠠ ᠶᠢ ᠬᠠᠷᠢᠭᠤᠴᠠᠬᠤ ᠬᠡᠷᠩᠳᠠᠢ︔ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠨᠢ ᠰᠢᠨ᠎ᠡ ᠮᠠᠶ᠋ᠢᠭ ᠤᠨ | ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠭᠦ ᠠᠵᠢᠯ ᠢ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠲᠥᠯᠥᠪᠵᠢᠭᠦᠯᠭᠡ ᠳᠤ ᠣᠷᠣᠭᠤᠯᠵᠣ᠂ ᠲᠠᠷᠢᠶᠠᠯᠠᠩ ᠮᠠᠯ ᠠᠵᠤ ᠠᠬᠤᠶ ᠶᠢᠨ ᠵᠠᠯᠭᠠᠮᠵᠢᠯᠠᠭᠴᠢ ᠶᠢ | ᠭᠦᠴᠣᠯᠡᠨ ᠭᠦᠮᠣᠵᠢᠭᠦᠯᠭᠦ ᠬᠡᠷᠩᠳᠠᠢ︔ ᠡᠳ᠋ ᠤᠨ ᠵᠠᠰᠠᠭ᠂ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ | ᠪᠠᠲᠤᠯᠠᠭ᠎ᠠ᠂ ᠰᠢᠨᠵᠢᠯᠡᠭᠦ ᠣᠬᠠᠭᠠᠨ ᠮᠡᠷᠭᠡᠵᠢᠯ᠂ ᠮᠥᠩᠭᠦᠨ ᠭᠦᠢᠯᠭᠡᠭᠡ᠂ ᠳᠠᠭᠠᠳᠬᠠᠯ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠨᠢ ᠲᠤᠰ ᠲᠤᠰ ᠤᠨ ᠡᠭᠦᠷᠭᠡ ᠴᠢᠳᠠᠪᠣᠷᠢ ᠲᠠᠢ ᠪᠠᠨ ᠣᠶᠠᠯᠳᠣᠭᠤᠯᠵᠣ᠂ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠨ ᠢ ᠪᠤᠶᠢᠵᠢᠭᠤᠯᠬᠤ ᠠᠵᠢᠯ ᠳᠤ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ | ᠳᠡᠮᠵᠢᠯᠭᠡ ᠦᠵᠡᠭᠦᠯᠭᠦ ᠬᠡᠷᠩᠳᠠᠢ᠃ | ︵ᠬᠤᠶᠠᠷ︶ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠩᠳᠠᠢ᠃ ᠥᠪᠡᠷᠲᠡᠭᠡᠨ ᠵᠠᠰᠠᠬᠤ | ᠣᠷᠣᠨ ᠤ ᠡᠳ᠋ ᠤᠨ ᠵᠠᠰᠠᠭ ᠨᠢ ᠬᠠᠮᠢᠶ᠎ᠠ ᠪᠦᠬᠦᠢ ᠪᠡᠯᠡ ᠮᠥᠩᠭᠦ ᠶᠢᠨ ᠵᠠᠷᠤᠯᠭ᠎ᠠ ᠶᠢᠨ ᠪᠦᠲᠦᠴᠡ ᠪᠠᠨ | ᠰᠢᠯᠢᠳᠡᠭᠵᠢᠭᠦᠯᠵᠦ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠣᠨ | ᠪᠤᠶᠢᠵᠢᠭᠤᠯᠬᠤ ᠳᠠᠬᠢ ᠣᠷᠣᠭᠤᠯᠤᠯᠲᠠ ᠶᠢᠨ ᠡᠷᠴᠢᠮ ᠢᠶᠠᠨ ᠠᠯᠬᠤᠮ ᠠᠯᠬᠤᠮ ᠢᠶᠠᠷ ᠴᠢᠩᠭᠠᠷᠠᠭᠤᠯᠬᠤ ᠬᠡᠷᠡᠭᠳᠠᠢ᠃ | ᠡᠯ᠎ᠡ ᠭᠠᠵᠠᠷ ᠣᠷᠣᠨ ᠤ ᠬᠢᠨ ᠤᠳᠤ ᠶᠢᠨ ᠬᠡᠷᠡᠭᠵᠢᠭᠦᠯᠵᠦ ᠪᠠᠶᠢᠭ᠎ᠠ ᠳᠡᠮᠵᠢᠬᠦ ᠲᠦᠷᠦ ᠶᠢᠨ ᠪᠣᠳᠣᠯᠭ᠎ᠠ ᠶᠢᠨ | ᠨᠢᠭᠡᠳᠦᠯᠲᠡᠶ ᠲᠥᠯᠥᠪᠯᠡᠨ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠠᠮᠢᠶ᠎ᠠ ᠪᠦᠬᠦᠢ ᠡᠳ᠋ ᠤᠨ ᠵᠠᠰᠠᠭ ᠤᠨ ᠪᠡᠯᠡ | ᠮᠥᠩᠭᠦ ᠶᠢ ᠢᠳᠡᠪᠬᠢᠲᠡᠶ ᠡᠮᠬᠢᠯᠡᠨ ᠨᠡᠶᠢᠯᠡᠭᠦᠯᠣᠨ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ | ᠪᠤᠶᠢᠵᠢᠭᠤᠯᠬᠤ ᠠᠵᠢᠯ ᠳᠠᠬᠢ ᠣᠷᠣᠭᠤᠯᠣᠯᠳᠠ ᠶᠢᠨ ᠡᠷᠴᠢᠮ ᠢᠶᠠᠨ ᠴᠢᠩᠭᠠᠷᠠᠭᠤᠯᠣᠨ᠂ ᠰᠢᠨ᠎ᠡ ᠮᠠᠶ᠋ᠢᠭ ᠤᠨ ᠠᠵᠢᠯ | ᠮᠡᠷᠭᠡᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠣᠨ ᠪᠦᠢᠵᠢᠭᠤᠯᠬᠤ ᠳᠠᠯ᠎ᠠ ᠪᠠᠷ ᠬᠢ ᠣᠷᠣᠭᠤᠯᠤᠯᠲᠠ ᠶᠢᠨ | ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠵᠣ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ | ᠭᠦᠮᠣᠵᠢᠭᠦᠯᠣᠨ ᠪᠤᠶᠢᠵᠢᠭᠤᠯᠬᠤ ᠶᠢ ᠨᠢ ᠳᠡᠮᠵᠢᠭᠦ ᠨᠠᠶᠢᠯᠡᠮᠡᠯ ᠭᠦᠴᠣᠨ ᠢ ᠪᠦᠷᠢᠯᠳᠣᠭᠦᠯᠣᠨ᠂ ᠰᠢᠨ᠎ᠡ ᠮᠠᠶ᠋ᠢᠭ ᠤᠨ | ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠣᠨ ᠪᠦᠢᠵᠢᠭᠤᠯᠬᠤ ᠠᠵᠢᠯ ᠢ ᠠᠬᠢᠭᠤᠯᠬᠤ ᠬᠡᠷᠩᠳᠠᠢ᠃ | ︵ᠭᠤᠷᠪᠠ︶ ᠰᠢᠮᠳᠠᠭᠤᠯᠣᠨ ᠪᠠᠶᠢᠴᠠᠭᠠᠵᠣ ᠰᠢᠯᠭᠠᠨ ᠬᠢᠨᠠᠬᠤ ᠪᠠᠨ ᠴᠢᠩᠭᠠᠳᠬᠠᠬᠤ ᠬᠡᠷᠡᠭᠲᠡᠶ᠃ ᠰᠢᠨ᠎ᠡ | ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠣᠨ ᠪᠤᠶᠢᠵᠢᠭᠤᠯᠬᠤ ᠠᠵᠢᠯ ᠤᠨ ᠰᠢᠯᠭᠠᠨ | ᠬᠢᠨᠠᠵᠣ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠣ᠂ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ | ᠲᠠᠷᠢᠶᠠᠴᠢᠨ ᠤ ᠰᠣᠷᠭᠠᠨ ᠬᠥᠮᠦᠵᠢᠭᠦᠯᠵᠣ ᠪᠣᠯᠪᠠᠰᠤᠷᠠᠭᠤᠯᠬᠤ᠂ ᠮᠠᠭᠠᠣᠡᠯᠠᠨ ᠲᠣᠭᠳᠠᠭᠠᠵᠣ ᠬᠠᠮᠢᠶᠠᠷᠬᠤ᠂ ᠲᠡᠳᠬᠦᠨ | ᠳᠡᠮᠵᠢᠬᠦ ᠲᠦᠷᠦ ᠶᠢᠨ ᠪᠤᠳᠤᠯᠭ᠎ᠠ᠂ ᠮᠥᠷᠳᠡᠵᠦ ᠦᠢᠯᠡᠴᠢᠯᠡᠬᠦ ᠵᠡᠷᠭᠡ ᠠᠵᠢᠯ ᠢ ᠰᠢᠮᠳᠠᠭᠤᠯᠣᠨ ᠪᠠᠶᠢᠴᠠᠭᠠᠵᠣ ᠰᠢᠯᠭᠠᠨ | ᠬᠢᠨᠠᠬᠤ ᠪᠠᠨ ᠴᠢᠩᠭᠠᠷᠠᠭᠤᠯᠣᠨ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ | ᠬᠡᠷᠩᠳᠠᠢ᠃ | ︵ᠲᠦᠷᠪᠡ︶ ᠳ᠋ᠦᠩᠨᠡᠯᠳᠠ ᠬᠢᠵᠣ ᠤᠬᠠᠭᠤᠯᠬᠤ ᠪᠠᠨ ᠴᠢᠩᠭᠠᠣᠠᠬᠠᠬᠤ ᠬᠡᠷᠡᠭᠲᠡᠶ᠃ ᠰᠠᠶᠢᠨ ᠲᠤᠷᠰᠢᠯᠭ᠎ᠠ᠂ | ᠰᠠᠶᠢᠨ ᠬᠢᠳᠡᠯ ᠢ ᠴᠠᠭ ᠲᠤᠬᠠᠶ ᠳᠤᠨᠢ ᠳ᠋ᠦ᠋ᠶᠢᠩᠨᠡᠨ᠂ ᠨᠡᠶᠢᠲᠡᠯᠢᠭ ᠢ ᠰᠠᠶᠢᠲᠤᠷ ᠤᠬᠠᠭᠤᠯᠵᠤ᠂ ᠰᠢᠨ᠎ᠡ ᠮᠠᠶ᠋ᠢᠭ ᠤᠨ | ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠤ ᠦᠰᠣᠨ ᠪᠤᠶᠢᠵᠢᠬᠤ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ | ᠪᠤᠢ ᠪᠣᠯᠭᠠᠨ᠂ ᠪᠥᠬᠦ ᠣᠷᠣᠨ ᠤ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠮᠠᠯᠴᠢᠨ ᠲᠠᠷᠢᠶᠠᠴᠢᠨ ᠢ ᠭᠦᠮᠣᠵᠢᠭᠦᠯᠣᠨ | ᠪᠤᠶᠢᠵᠢᠭᠤᠯᠬᠤ ᠶᠢᠨ ᠥᠪᠡᠷ ᠥᠪᠡᠷ ᠤᠨ ᠣᠨᠴᠠᠯᠢᠭ ᠲᠠᠢ᠂ ᠯᠠᠪᠳᠠᠭᠤᠨ ᠢᠶᠠᠷ ᠠᠬᠢᠭᠤᠯᠬᠤ ᠰᠠᠶᠢᠨ ᠰᠠᠶᠢᠬᠠᠨ | ᠪᠠᠶᠢᠷᠢᠰᠢᠯ ᠢ ᠲᠦᠷᠭᠡᠪᠴᠢᠯᠡᠨ ᠪᠦᠷᠢᠯᠳᠦᠭᠦᠯᠬᠦ ᠬᠡᠷᠡᠭᠲᠡᠶ᠃ | |