ᠥᠪᠥᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠪᠠ ᠰᠢᠯᠵᠢᠬᠦᠯᠤᠨ ᠭᠡᠷᠡᠭᠯᠡᠬᠦ ᠲᠤᠬᠠᠢ ᠭᠡᠷᠡᠭᠵᠢᠬᠦᠯᠬᠦ ᠠᠷᠭ᠎ᠠ
ᠨᠡᠶᠢᠲᠡᠯᠡᠭᠰᠡᠨ ᠴᠠᠭ᠄
2017/7/14

        ᠨᠢᠭᠡᠳᠦᠭᠡᠷ ᠪᠦᠯᠦᠭ  ᠶᠠᠷᠦᠩᠭᠡᠢ ᠲᠦᠷᠢᠮ


     ᠨᠢᠭᠡᠳᠦᠭᠡᠷ ᠵᠤᠶᠢᠯ  ᠴᠢᠳᠠᠪᠤᠷᠢᠳᠠᠨ ᠤ ᠰᠢᠨ᠎ᠠ ᠶᠢ ᠡᠭᠦᠳᠦᠨ ᠦᠢᠯᠡᠰ ᠪᠤᠰᠬᠠᠬᠤ ᠤᠷᠴᠢᠨ ᠲᠤᠭᠤᠷᠢᠨ ᠢ ᠨᠠᠩ ᠨᠡᠭᠡᠭᠡᠯᠳᠡ ᠲᠠᠢ᠂ ᠨᠠᠩ ᠠᠮᠢᠳᠤᠯᠢᠭ᠂ ᠨᠠᠩ ᠦᠷᠢᠰᠦᠯᠳᠦᠬᠦ ᠬᠦᠴᠦᠨ ᠲᠠᠢ ᠪᠤᠯᠭᠠᠵᠤ᠂ ᠰᠢᠨ᠎ᠠ‌‍ᠶᠢ ᠡᠭᠦᠳᠦᠨ ᠦᠢᠯᠡᠰ ᠪᠤᠰᠬᠠᠬᠤ ᠴᠢᠳᠠᠪᠤᠷᠢᠳᠡᠨ ᠢ ᠶᠡᠭᠡᠪᠡᠷ ᠴᠤᠬᠯᠠᠷᠠᠭᠤᠯᠤᠨ᠂ ᠴᠢᠳᠠᠪᠤᠷᠢᠳᠠᠨ ᠢ ᠵᠤᠬᠢᠰᠳᠠᠢ ᠰᠢᠯᠵᠢᠬᠦᠯᠤᠨ ᠭᠡᠷᠡᠭᠯᠡᠬᠦ ᠶᠢ ᠢᠳᠡᠪᠬᠢᠳᠡᠢ ᠠᠬᠢᠭᠤᠯᠬᠤ ᠶᠢᠨ ᠲᠦᠯᠦᠭᠡ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠴᠢᠳᠠᠪᠤᠷᠢᠳᠠᠨ ᠤ ᠭᠦᠭᠵᠢᠯᠳᠠ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠠ ᠶᠢ ᠭᠦᠨᠵᠡᠭᠡᠶᠢᠷᠡᠬᠦᠯᠬᠦ ᠲᠤᠬᠠᠢ ᠬᠡᠷᠡᠭᠵᠢᠬᠦᠯᠬᠦ ᠰᠠᠨᠠᠯ︾ ︵ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ ᠶᠢᠨ ᠠᠯᠪᠠᠨ ᠲᠢᠩᠬᠢᠮ ᠠᠴᠠ ᠲᠠᠷᠬᠠᠭᠠᠬᠰᠠᠨ ︹2016︺9 ᠳ᠋ᠤᠭᠡᠷ ᠲᠤᠭᠠᠳᠤ︶ ᠪᠠ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠲᠠᠷᠤᠮᠠᠯᠯᠠᠨ ᠲᠠᠷᠬᠠᠭᠠᠬᠰᠠᠨ ︿ᠴᠢᠳᠠᠪᠤᠷᠢᠳᠠᠨ ᠤ ᠭᠦᠭᠵᠢᠯᠳᠠ ᠶᠢᠨ ᠪᠠᠶᠢᠭᠤᠯᠤᠮᠵᠢ ᠲᠤᠬᠳᠠᠴᠠ ᠶᠢᠨ ᠦᠭᠡᠷᠡᠴᠢᠯᠡᠯᠳᠠ ᠶᠢ ᠭᠦᠨᠵᠡᠭᠡᠶᠢᠷᠡᠬᠦᠯᠬᠦ ᠲᠤᠬᠠᠢ ᠬᠡᠷᠡᠭᠵᠢᠬᠦᠯᠬᠦ ᠰᠠᠨᠠᠯ﹀ ᠤᠨ ᠮᠡᠳᠡᠭᠳᠡᠯ︾ ︵ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠠᠴᠠ ᠲᠠᠷᠬᠠᠭᠠᠬᠰᠠᠨ ︹2017︺16 ᠳ᠋ᠤᠭᠠᠷ ᠲᠤᠭᠠᠳᠤ︶  ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠲᠤᠰ ᠠᠷᠭ᠎ᠠ ᠶᠢ ᠲᠤᠬᠳᠠᠭᠠᠵᠠᠢ᠃
     ᠬᠤᠶᠠᠳᠤᠭᠠᠷ ᠵᠤᠶᠢᠯ  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠭ ᠵᠠᠬᠢᠷᠭᠠᠨ ᠤ ᠤᠷᠤᠨ ᠬᠤᠪᠢᠶᠠᠷᠢᠯᠠᠯ ᠤᠨ ᠲᠤᠳᠤᠷ᠎ᠠ ᠬᠠᠷᠢᠶᠠᠯᠠᠬᠳᠠᠬᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠤᠷᠤᠭᠤᠯᠤᠨ ᠠᠪᠴᠢᠷᠠᠬᠤ ᠴᠢᠳᠠᠪᠤᠷᠢᠳᠠᠨ᠂ ᠦᠪᠡᠷᠳᠡᠭᠡᠨ ᠵᠠᠰᠠᠬᠤ ᠤᠷᠤᠨ ᠤ ᠨᠠᠮ ᠵᠠᠰᠠᠭ ᠤᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠵᠢᠴᠢ ᠰᠠᠯᠠᠭ᠎ᠠ ᠮᠦᠴᠢᠷ ᠲᠤ ᠬᠠᠷᠢᠶᠠᠯᠠᠬᠳᠠᠬᠤ ᠠᠵᠢᠯ ᠦᠢᠯᠡᠰ ᠤᠨ  ᠪᠠᠶᠢᠭᠤᠯᠭ᠎ᠠ ᠨᠢᠭᠡᠴᠡ ᠶᠢᠨ ᠴᠢᠳᠠᠪᠤᠷᠢᠳᠠᠨ ᠢ ᠰᠢᠯᠵᠢᠬᠦᠯᠦᠨ ᠬᠡᠷᠡᠭᠯᠡᠬᠦ ᠳᠤ ᠲᠤᠰ ᠠᠷᠭ᠎ᠠ ᠶᠢ ᠬᠡᠷᠡᠭᠯᠡᠨ᠎ᠠ᠃
     ᠡᠯ᠎ᠠ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠪᠠ ᠨᠦᠬᠦᠴᠡᠯ ᠲᠠᠢ ᠬᠦᠮᠦᠨ ᠬᠡᠷᠡᠭᠯᠡᠬᠦ  ᠪᠠᠶᠢᠭᠤᠯᠭ᠎ᠠ ᠨᠢᠭᠡᠴᠡ ᠲᠤᠰ ᠠᠷᠭ᠎ᠠ ᠶᠢ ᠬᠡᠷᠡᠭᠵᠢᠬᠦᠯᠬᠦ ᠪᠤᠶᠤ ᠲᠤᠰ ᠠᠷᠭ᠎ᠠ ᠪᠠᠷ ᠯᠠᠪᠯᠠᠯᠳᠠ ᠪᠤᠯᠭᠠᠵᠤ ᠲᠤᠬᠠᠢ ᠶᠢᠨ ᠭᠠᠵᠠᠷ ᠤᠷᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠨᠠᠩ ᠠᠭᠤᠵᠢᠭᠤ᠂ ᠨᠠᠩ ᠬᠠᠷᠠᠭᠠᠯᠵᠠᠬᠤ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠲᠦᠷᠦ ᠶᠢᠨ ᠪᠤᠳᠤᠯᠭ᠎ᠠ ᠶᠢ ᠲᠤᠬᠳᠠᠭᠠᠵᠤ ᠪᠤᠯᠤᠨ᠎ᠠ᠃
     ᠭᠤᠷᠪᠠᠳᠤᠭᠠᠷ ᠵᠤᠶᠢᠯ   ᠮᠠᠨ ᠤ ᠤᠷᠤᠨ ᠤ ᠤᠯᠤᠰ ᠤᠨ ᠴᠢᠬᠤᠯᠠ ᠡᠨᠧᠷᠬᠢ ᠶᠢᠨ ᠰᠠᠭᠤᠷᠢᠨ᠂ ᠰᠢᠨ᠎ᠠ ᠬᠡᠯᠪᠡᠷᠢ ᠶᠢᠨ ᠬᠢᠮᠢ ᠶᠢᠨ ᠠᠵᠦ ᠦᠢᠯᠡᠳᠪᠦᠷᠢ ᠶᠢᠨ ᠰᠠᠭᠤᠷᠢᠨ᠂ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠠ ᠶᠢ ᠡᠳ᠋ᠰᠢᠬᠦᠯᠤᠨ ᠪᠤᠯᠪᠠᠰᠤᠷᠠᠭᠤᠯᠬᠤ ᠰᠠᠭᠤᠷᠢᠨ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠰᠠᠭᠤᠷᠢᠨ ᠪᠠ ᠤᠯᠤᠰ ᠤᠨ ᠲᠤᠳᠤᠭᠠᠳᠤ ᠭᠠᠳᠠᠭᠠᠳᠤ ᠳᠤ ᠠᠯᠳᠠᠷᠰᠢᠯ ᠲᠠᠢ ᠵᠢᠭᠤᠯᠴᠢᠯᠠᠯ ᠤᠨ ᠬᠠᠷᠠᠯᠳᠡᠳᠦ ᠭᠠᠵᠠᠷ ᠢ ᠪᠦᠳᠦᠭᠡᠨ ᠪᠠᠶᠢᠭᠤᠯᠬᠤ ᠶᠢᠨ ᠲᠤᠭᠤᠷᠢᠨ ᠳᠤ᠂ ᠡᠨᠧᠷᠬᠢ᠂ ᠬᠢᠮᠢ ᠶᠢᠨ ᠠᠵᠦ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠤᠨᠤᠬᠯᠠᠯ ᠦᠢᠯᠡᠳᠪᠦᠷᠢᠯᠡᠬᠦ᠂ ᠲᠠᠷᠢᠶᠠᠯᠠᠩ ᠤᠨ ᠪᠦᠳᠦᠭᠡᠭᠳᠡᠬᠦᠨ ᠮᠠᠯ ᠤᠨ ᠠᠰᠢᠭ ᠰᠢᠮ᠎ᠠ ᠶᠢ ᠡᠳ᠋ᠰᠢᠬᠦᠯᠤᠨ ᠪᠤᠯᠪᠠᠰᠤᠷᠠᠭᠤᠯᠬᠤ ᠵᠡᠷᠭᠡ ᠭᠤᠤᠯᠳᠠᠯᠭ᠎ᠠ ᠲᠠᠢ ᠲᠠᠪᠠᠭᠤᠯᠢᠭ ᠦᠪᠡᠷᠮᠢᠴᠡ ᠤᠨᠴᠠᠯᠢᠭ ᠲᠠᠢ ᠠᠵᠤ ᠦᠢᠯᠡᠰ ᠪᠠ ᠰᠢᠨ᠎ᠠ ᠡᠨᠧᠷᠬᠢ᠂ ᠰᠢᠨ᠎ᠠ ᠮᠠᠲ᠋ᠧᠷᠢᠶᠠᠯ᠂ ᠡᠨᠧᠷᠬᠢ ᠠᠷᠪᠢᠯᠠᠵᠤ ᠤᠷᠴᠢᠨ ᠲᠤᠭᠤᠷᠢᠨ ᠢ ᠬᠠᠮᠠᠭᠠᠯᠠᠬᠤ᠂ ᠲᠡᠭᠡᠳᠦ ᠲᠡᠰ ᠤᠨ ᠲᠤᠨᠤᠬᠯᠠᠯ᠂ ᠲᠤᠮᠤ ᠳ᠋ᠠᠶᠢᠲ᠋ᠠ ᠡᠬᠦᠯᠡᠨ ᠪᠤᠳᠤᠯᠳᠠ᠂ ᠠᠮᠢᠳᠤ ᠪᠤᠳᠠᠰ ᠤᠨ ᠰᠢᠨᠵᠢᠯᠡᠬᠦ ᠤᠬᠠᠭᠠᠨ᠂ ᠮᠤᠩᠭᠤᠯ ᠬᠢᠳᠡᠳ ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠤ ᠪᠠᠶᠢᠭ᠎ᠠ ᠠᠵᠤ ᠦᠢᠯᠡᠰ ᠤᠨ ᠭᠦᠭᠵᠢᠯᠳᠠ ᠶᠢᠨ ᠱᠠᠭᠠᠷᠳᠠᠯᠭ᠎ᠠ ᠳᠤ ᠵᠤᠬᠢᠴᠠᠭᠤᠯᠵᠤ᠂ ᠲᠡᠭᠡᠳᠦ ᠨᠠᠷᠢᠯᠢᠭ ᠦᠵᠦ ᠬᠤᠪᠤᠷ ᠴᠢᠳᠠᠪᠤᠷᠢᠳᠠᠨ ᠢ ᠲᠦᠷᠭᠡᠳᠭᠡᠨ ᠴᠤᠬᠯᠠᠷᠠᠭᠤᠯᠵᠤ᠂ ᠭᠤᠤᠯᠳᠠᠯᠭ᠎ᠠ ᠲᠠᠢ ᠬᠦᠷᠢᠶ᠎ᠠ ᠴᠠᠷᠠᠭ᠎ᠠ ᠶᠢᠨ ᠴᠢᠳᠠᠪᠤᠷᠢᠳᠠᠨ ᠤ ᠲᠤᠭ᠎ᠠ ᠬᠡᠮᠵᠢᠶ᠎ᠠ ᠶᠢ ᠮᠡᠳᠡᠭᠳᠡᠮ᠎ᠠ ᠨᠡᠮᠡᠭᠳᠡᠬᠦᠯᠬᠦ ᠶᠢ ᠪᠡᠶᠡᠯᠡᠬᠦᠯᠤᠨ᠂ ᠠᠵᠤ ᠦᠢᠯᠡᠰ ᠤᠨ ᠴᠢᠳᠠᠪᠤᠷᠢᠳᠠᠨ ᠤ ᠶᠡᠭᠡ ᠪᠦᠭᠡᠮᠨᠡᠷᠡᠯ ᠢ ᠪᠤᠢ ᠪᠤᠯᠭᠠᠨ᠎ᠠ᠃ ᠴᠢᠳᠠᠪᠤᠷᠢᠳᠠᠨ ᠤ ᠬᠦᠬᠡᠬᠤᠳᠠ᠂ ᠪᠤᠭᠤᠳᠤ ᠬᠤᠳᠠ᠂ ᠤᠷᠳᠤᠰ ᠬᠤᠳᠠ ᠶᠢᠨ ᠵᠤᠬᠢᠴᠠᠩᠭᠤᠢ ᠭᠦᠭᠵᠢᠯᠳᠠ᠂ ᠦᠪᠦᠷ ᠮᠤᠩᠭᠤᠯ ᠤᠨ ᠬᠤᠷᠢᠨᠭᠡᠷ ᠰᠢᠨ᠎ᠠ ᠲᠤᠭᠤᠷᠢᠭ ᠤᠨ ᠪᠦᠳᠦᠭᠡᠨ ᠪᠠᠶᠢᠭᠤᠯᠤᠯᠳᠠ᠂ ᠲᠤᠮᠤ ᠳ᠋ᠠᠶᠢᠲ᠋ᠠ ᠶᠡᠷᠦᠩᠭᠡᠶᠢᠯᠡᠭᠰᠡᠨ ᠲᠤᠷᠰᠢᠯᠳᠠ ᠶᠢᠨ ᠲᠠᠰᠤᠭ᠂ ᠵᠡᠬᠦᠨ ᠬᠡᠰᠡᠭ ᠤᠨ ᠠᠶᠢᠮᠠᠭ ᠬᠤᠳᠠ ᠶᠢᠨ ᠲᠠᠪᠠᠯᠳᠠᠳᠤ ᠭᠦᠭᠵᠢᠯᠳᠠ ᠶᠢ ᠲᠠᠮᠵᠢᠬᠦ ᠡᠷᠴᠢᠮ ᠢ ᠴᠢᠩᠭᠠᠷᠠᠭᠤᠯᠵᠤ᠂ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ᠂ ᠮᠡᠳᠡᠭᠡ ᠵᠠᠩᠭᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠠ ᠪᠤᠬᠢᠷᠳᠤᠯ ᠦᠭᠡᠢ ᠬᠦᠭᠵᠢᠯᠳᠠ ᠶᠢ ᠵᠠᠷᠭᠡᠪᠠᠷ ᠭᠦᠭᠵᠢᠬᠦᠯᠬᠦ ᠶᠢ ᠠᠬᠢᠭᠤᠯᠵᠤ᠂ ᠮᠠᠨ ᠤ ᠤᠷᠤᠨ ᠢᠶᠠᠨ ᠴᠢᠳᠠᠪᠤᠷᠢᠳᠠᠠ ᠴᠤᠭᠯᠠᠷᠠᠭᠰᠠᠨ ᠭᠠᠵᠠᠷ ᠪᠤᠯᠭᠠᠨ ᠴᠤᠬᠴᠠᠯᠠᠨ᠎ᠠ᠃ ᠴᠢᠳᠠᠪᠤᠷᠢᠳᠠᠨ ᠢ ᠰᠢᠯᠵᠢᠬᠦᠯᠦᠨ ᠬᠡᠷᠡᠭᠯᠡᠬᠦ ᠳᠤ ᠪᠠᠶᠢᠭᠤᠯᠤᠮᠵᠢ ᠲᠤᠬᠳᠠᠴᠠ ᠶᠢᠨ ᠲᠠᠯ᠎ᠠ ᠪᠠᠷ ᠬᠠᠷᠰᠢ ᠰᠠᠭᠠᠳ ᠢ ᠠᠷᠢᠯᠭᠠᠵᠤ᠂ ᠬᠦᠮᠦᠨ ᠬᠡᠷᠡᠭᠯᠡᠬᠦ ᠪᠠᠶᠢᠭᠤᠯᠭ᠎ᠠ ᠶᠢᠨ ᠡᠵᠡᠨ ᠮᠡᠳᠡᠬᠦ ᠡᠷᠭᠡ ᠶᠢ ᠬᠦᠨᠳᠦᠳᠭᠡᠵᠦ᠂ ᠬᠠᠮᠢᠶᠠᠷᠤᠯᠳᠠ ᠦᠢᠯᠡᠴᠢᠯᠡᠭᠡᠨ ᠤ ᠠᠯᠬᠤᠮ ᠲᠠᠷᠠᠭᠠᠯᠠᠯ ᠢ ᠰᠢᠯᠢᠳᠡᠭᠵᠢᠬᠦᠯᠵᠦ᠂ ᠵᠤᠬᠢᠰᠳᠠᠢ ᠡᠮᠬᠢ ᠵᠢᠷᠤᠮ ᠲᠠᠢ ᠰᠢᠯᠵᠢᠬᠦᠯᠦᠨ ᠬᠡᠷᠡᠭᠯᠡᠬᠦ ᠶᠢ ᠠᠬᠢᠭᠤᠯᠤᠨ᠎ᠠ᠃
     ᠲᠦᠷᠪᠡᠳᠦᠭᠡᠷ ᠵᠤᠶᠢᠯ  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤᠷᠤᠭᠤᠯᠤᠨ ᠠᠪᠴᠢᠷᠠᠭᠰᠠᠨ ᠲᠡᠭᠡᠳᠦ ᠲᠠᠰ ᠲᠠᠪᠬᠤᠷᠭ᠎ᠠ ᠶᠢᠨ ᠪᠠᠴᠢᠮ ᠱᠠᠭᠠᠷᠳᠠᠬᠳᠠᠵᠤ ᠪᠠᠶᠢᠭ᠎ᠠ ᠬᠤᠪᠤᠷ ᠴᠤᠬᠠᠭ ᠴᠢᠳᠠᠪᠤᠷᠢᠳᠠᠨ ᠳᠤ ᠡᠷᠳᠠᠮ ᠰᠢᠨᠵᠢᠯᠡᠭᠡᠨ ᠤ ᠲᠦᠷᠦᠯ ᠵᠤᠶᠢᠯ᠂ ᠠᠵᠢᠯ ᠤᠨ ᠪᠠᠶᠢᠷᠢ ᠶᠢᠨ ᠬᠦᠷᠳᠡᠭᠡᠮᠵᠢ᠂ ᠠᠮᠢᠳᠤᠷᠠᠯ ᠤᠨ ᠪᠠᠳᠤᠯᠠᠭ᠎ᠠ ᠵᠡᠷᠭᠡ ᠲᠠᠯ᠎ᠠ ᠪᠠᠷ ᠲᠠᠮᠵᠢᠯᠭᠡ ᠤᠯᠭᠤᠨ᠎ᠠ᠃ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠤᠳᠤᠭᠠᠳᠤᠬᠢ ᠰᠢᠯᠢᠳᠡᠭ ᠴᠢᠳᠠᠪᠤᠷᠢᠳᠠᠳ ᠲᠤᠰ ᠠᠷᠭ᠎ᠠ ᠳᠤ ᠲᠤᠬᠳᠠᠭᠠᠬᠰᠠᠨ ᠨᠦᠬᠦᠴᠡᠯ ᠳᠤ ᠨᠡᠶᠢᠴᠡᠬᠦ ᠶᠢᠨ ᠬᠠᠮᠳᠤ ᠴᠢᠬᠤᠯᠠ ᠶᠡᠭᠡ ᠡᠷᠳᠠᠮ ᠰᠢᠨᠵᠢᠯᠡᠭᠡᠨ ᠤ ᠲᠦᠷᠦᠯ ᠵᠤᠶᠢᠯ ᠢ ᠶᠠᠬ ᠰᠠᠶᠢᠬᠠᠨ ᠲᠠᠭᠠᠭᠠᠨ ᠬᠢᠵᠤ ᠪᠠᠶᠢᠬᠤ ᠪᠤᠶᠤ ᠡᠷᠬᠢᠯᠡᠵᠦ ᠪᠠᠶᠢᠪᠠᠯ ᠲᠤᠰ ᠠᠷᠭ᠎ᠠ ᠶᠢᠨ ᠶᠤᠰᠤᠭᠠᠷ ᠡᠷᠳᠠᠮ ᠰᠢᠨᠵᠢᠯᠡᠭᠡᠨ᠂ ᠠᠵᠢᠯ ᠤᠨ ᠪᠠᠶᠢᠷᠢ ᠵᠡᠷᠭᠡ ᠲᠠᠯ᠎ᠠ ᠪᠠᠷ ᠬᠢ ᠲᠠᠮᠵᠢᠯᠭᠡ ᠶᠢᠨ ᠲᠦᠷᠦ ᠶᠢᠨ ᠪᠤᠳᠤᠯᠭ᠎ᠠ ᠶᠢ ᠬᠦᠷᠳᠡᠭᠡᠨ᠎ᠠ᠃ ᠡᠷᠳᠠᠮ ᠰᠢᠨᠵᠢᠯᠡᠭᠡᠨ ᠤ ᠵᠠᠷᠤᠳᠠᠯ ᠵᠡᠷᠭᠡ ᠲᠠᠯ᠎ᠠ ᠪᠠᠷ ᠬᠢ ᠲᠠᠮᠵᠢᠯᠭᠡ ᠶᠢᠨ ᠲᠦᠷᠦ ᠶᠢᠨ ᠪᠤᠳᠤᠯᠭ᠎ᠠ ᠶᠢ ᠲᠠᠬᠢᠨ ᠲᠠᠪᠳᠠᠨ ᠬᠦᠷᠲᠡᠭᠡᠬᠦ ᠦᠭᠡᠢ᠃
     ᠲᠠᠪᠤᠳᠤᠭᠠᠷ ᠵᠦᠢᠯ  ᠦᠪᠡᠷᠲᠡᠭᠡᠨ ᠵᠠᠰᠠᠬᠤ ᠤᠷᠤᠨ ︽ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠤᠨ ᠠᠯᠪᠠᠨ ᠭᠡᠷ︾ ᠪᠠᠶᠢᠭᠤᠯᠵᠦ᠂ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠤᠨ ᠡᠳᠦᠷ ᠳᠤᠲᠤᠮ ᠤᠨ ᠠᠵᠢᠯ ᠤᠨ ᠭᠠᠷᠳᠠᠨ ᠬᠦᠢᠴᠡᠳᠭᠡᠬᠦ ᠪᠠᠶᠢᠭᠤᠯᠤᠮᠵᠢ ᠪᠤᠯᠤᠬᠰᠠᠨ ᠤ ᠬᠤᠪᠢ ᠳᠤ᠂ ᠬᠠᠷᠢᠭᠤᠴᠠᠵᠤ ᠵᠤᠬᠢᠶᠠᠨ ᠪᠠᠶᠢᠭᠤᠯᠤᠨ ᠵᠤᠬᠢᠴᠠᠭᠤᠯᠬᠤ ᠪᠤᠯᠤᠨ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠤᠨ ᠴᠢᠬᠤᠯᠠ ᠶᠡᠭᠡ ᠶᠠᠪᠤᠳᠠᠯ᠂ ᠤᠷᠤᠭᠤᠯᠤᠨ ᠠᠪᠴᠢᠷᠠᠬᠤ ᠴᠢᠳᠠᠪᠤᠷᠢᠲᠠᠨ ᠤ ᠲᠦᠷᠦᠯ ᠠᠩᠬᠢᠯᠠᠯ ᠢ ᠦᠨᠡᠯᠡᠨ ᠲᠤᠬᠲᠠᠭᠠᠬᠤ᠂ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ
ᠵᠤᠬᠢᠴᠠᠭᠤᠯᠤᠨ ᠱᠠᠯᠠᠪᠳᠠᠭᠤᠯᠬᠤ ᠶᠢ ᠪᠤᠲᠠᠲᠠᠢ ᠬᠡᠷᠡᠭᠵᠢᠬᠦᠯᠵᠦ᠂ ᠬᠦᠮᠦᠨ ᠬᠡᠷᠡᠭᠯᠡᠬᠦ ᠨᠢᠭᠡᠴᠡ ᠶᠢᠨ ᠤᠯᠠᠨ ᠵᠦᠢᠯ ᠤᠨ ᠪᠦᠲᠦᠮᠵᠢᠲᠡᠢ ᠠᠷᠭ᠎ᠠ ᠬᠡᠯᠪᠡᠷᠢ ᠶᠢ ᠠᠪᠴᠦ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠶᠢᠨ ᠬᠠᠮᠲᠦ᠂ ᠡᠯ᠎ᠡ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠠᠵᠢᠯ ᠢ ᠵᠢᠯᠤᠭᠤᠳᠤᠨ᠎ᠠ᠃ ᠠᠯᠪᠠᠨ ᠭᠡᠷ ᠢ ᠦᠪᠡᠷᠲᠡᠭᠡᠨ ᠵᠠᠰᠠᠬᠤ ᠤᠷᠤᠨ ᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠬᠡᠮ ᠤᠨ ᠪᠠᠲᠤᠯᠠᠪᠤᠷᠢ ᠶᠢᠨ ᠲᠢᠩᠬᠢᠮ ᠳᠤ ᠲᠤᠬᠢᠷᠠᠭᠤᠯᠵᠠᠢ᠃


       ᠬᠤᠶᠠᠳᠤᠭᠠᠷ ᠪᠦᠯᠦᠭ  ᠴᠢᠳᠠᠪᠤᠷᠢᠲᠠᠨ ᠢ ᠤᠷᠤᠭᠤᠯᠤᠨ ᠠᠪᠴᠢᠷᠠᠬᠤ ᠬᠦᠷᠢᠶ᠎ᠡ ᠴᠠᠷᠠᠭ᠎ᠠ


     ᠵᠢᠷᠭᠤᠳᠤᠭᠠᠷ ᠵᠦᠢᠯ  ᠤᠷᠤᠭᠤᠯᠤᠨ ᠠᠪᠴᠢᠷᠠᠬᠰᠠᠨ ᠴᠢᠳᠠᠪᠤᠷᠢᠲᠠᠨ ᠵᠢᠴᠢ ᠴᠢᠳᠠᠪᠤᠷᠢᠳᠠᠨ ᠤ ᠪᠦᠯᠬᠦᠮ ᠤᠨ ᠬᠢᠨ ᠮᠠᠨ ᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠲᠡ ᠶᠢᠨ ᠱᠠᠭᠠᠷᠳᠠᠯᠭ᠎ᠠ  ᠶᠢᠨ ᠲᠤᠭᠤᠷᠢᠨ ᠳᠤ᠂ ᠴᠢᠬᠤᠯᠠ ᠶᠡᠭᠡ ᠡᠷᠳᠠᠮ ᠰᠢᠨᠵᠢᠯᠡᠭᠡᠨ᠂ ᠢᠨᠵᠧᠨᠧᠷᠢᠩ ᠤᠨ ᠲᠤᠷᠰᠢᠯᠲᠡ ᠵᠡᠷᠭᠡ ᠲᠦᠷᠦᠯ ᠵᠦᠢᠯ ᠢ ᠡᠷᠬᠢᠯᠡᠬᠦ ᠡᠰᠡᠬᠦᠯ᠎ᠡ ᠲᠠᠭᠠᠭᠠᠨ ᠡᠬᠦᠷᠭᠡᠯᠡᠵᠤ ᠪᠠᠶᠢᠪᠠᠯ᠂ ᠰᠠᠬᠢᠯᠭ᠎ᠠ ᠪᠠᠲᠦ ᠶᠢ ᠵᠢᠷᠤᠮᠯᠠᠨ ᠬᠠᠥᠯᠢ ᠲᠤᠭᠳᠠᠭᠠᠯ ᠢ ᠰᠠᠬᠢᠵᠦ᠂ ᠦᠨᠡᠨᠴᠢ ᠢᠲᠡᠭᠡᠮᠵᠢ ᠲᠠᠢ ᠪᠠᠶᠢᠵᠤ᠂ ᠰᠠᠶᠢᠨ ᠰᠠᠶᠢᠬᠠᠨ ᠲᠤᠬᠠᠶᠢᠯᠠᠬᠰᠠᠨ ᠠᠵᠢᠯ ᠤᠨ ᠶᠤᠰᠤ ᠰᠤᠷᠲᠠᠬᠤᠨ ᠲᠠᠢ ᠪᠦᠭᠡᠳ ᠪᠡᠶ᠎ᠡ ᠮᠠᠬᠠᠪᠤᠳ ᠡᠷᠡᠬᠦᠯ ᠴᠢᠬᠢᠷᠠᠭ ᠪᠠᠶᠢᠬᠤ ᠬᠡᠷᠡᠭᠲᠡᠢ᠃ ᠳᠤᠤᠷᠠᠬᠢ ᠴᠢᠳᠠᠪᠤᠷᠢᠲᠠᠨ ᠢ ᠤᠷᠤᠭᠤᠯᠤᠨ ᠠᠪᠴᠢᠷᠠᠬᠤ ᠲᠤ ᠲᠤᠰ ᠠᠷᠭ᠎ᠠ ᠶᠢ ᠬᠡᠷᠡᠭᠯᠡᠨ᠎ᠠ᠄
     ᠨᠢᠭᠡᠲᠦᠭᠡᠷ ᠲᠦᠷᠦᠯ᠄
     ᠳᠤᠮᠳᠠᠳᠦ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ᠂ ᠳᠤᠮᠳᠠᠳᠦ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ︵ᠭᠠᠳᠠᠭᠠᠳᠦ ᠶᠢᠨ ᠬᠠᠷᠢᠶᠠᠳᠤ ᠠᠺᠠᠳᠧᠮᠢᠴᠢ ᠶᠢ ᠪᠠᠭᠲᠠᠭᠠᠨ᠎ᠠ︶ ᠵᠢᠴᠢ ᠠᠳᠠᠯᠢ ᠳᠡᠰ ᠳᠠᠪᠬᠤᠷᠭ᠎ᠠ ᠶᠢᠨ ᠴᠢᠲᠡᠪᠤᠷᠢᠲᠡᠨ᠃
     ᠬᠤᠶᠠᠳᠤᠭᠠᠷ ᠲᠦᠷᠦᠯ᠄
     ︵ᠨᠢᠭᠡ︶ ᠳᠤᠮᠳᠠᠳᠦ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢ ᠨᠡᠮᠡᠨ ᠰᠤᠩᠭᠤᠯᠳᠠ᠂ ᠳᠤᠮᠳᠠᠳᠦ ᠤᠯᠤᠰ ᠤᠨ ᠢᠨᠵᠧᠨᠧᠷᠢᠩ ᠤᠨ ᠬᠦᠷᠢᠶᠠᠯᠠᠩ ᠤᠨ ᠠᠺᠠᠳᠧᠮᠢᠴᠢ ᠶᠢ ᠰᠢᠯᠢᠨ ᠰᠤᠩᠭᠤᠯᠳᠠ ᠳᠤ ᠤᠷᠤᠬᠰᠠᠨ ᠬᠦᠴᠤᠨ ᠪᠦᠬᠦᠢ ᠨᠡᠷ᠎ᠡ ᠵᠢᠱᠢᠭᠳᠡᠭᠰᠡᠳ᠃
     ︵ᠬᠤᠶᠠᠷ︶ ᠤᠯᠤᠰ  ᠤᠨ ᠪᠠᠶᠢᠭᠠᠯᠢ  ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ  ᠤᠨ ᠮᠡᠷᠭᠡᠵᠢᠯ  ᠤᠨ ᠡᠬᠦᠳᠤᠯᠳᠠ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠡ ᠶᠢᠨ ᠨᠢᠭᠡᠳᠦᠬᠡᠷ ᠳᠡᠰ ᠤᠨ ᠱᠠᠩᠨᠠᠯ ᠠᠴᠠ ᠳᠡᠭᠡᠭᠰᠢᠬᠢ ᠱᠠᠩᠨᠠᠯ ᠢ ᠬᠦᠷᠲᠡᠭᠰᠡᠳ ︵ᠨᠢᠭᠡᠳᠦᠭᠡᠷ ᠭᠤᠤᠯ ᠰᠤᠳᠤᠯᠭᠠᠳᠠᠨ︶᠃
     ︵ᠭᠤᠷᠪᠠ︶ ︽ᠤᠯᠤᠰ ᠤᠨ ᠤᠨᠴᠠ ᠳᠡᠮᠵᠢᠬᠦ ᠲᠦᠯᠦᠪᠯᠡᠭᠡ︾ ᠶᠢᠨ ᠭᠠᠷᠮᠠᠭᠠᠢ ᠴᠢᠳᠠᠪᠤᠷᠢᠳᠠᠨ᠂ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶ᠎ᠡ ᠴᠡᠷᠠᠭ᠎ᠠ ᠳᠤ ᠭᠠᠷᠭᠠᠬᠰᠠᠨ ᠡᠬᠦᠳᠦᠨ ᠪᠦᠲᠦᠭᠡᠯᠴᠢ ᠴᠢᠨᠠᠷᠲᠠᠢ ᠠᠮᠵᠢᠯᠲᠠ ᠪᠦᠲᠦᠮᠵᠢ ᠪᠤᠯᠤᠨ ᠴᠢᠬᠤᠯᠠ ᠶᠡᠭᠡ ᠬᠤᠪᠢ ᠨᠡᠮᠡᠷᠢ ᠦᠵᠡᠬᠦᠯᠦᠭᠰᠡᠨ᠂ ᠡᠷᠳᠡᠮ ᠰᠢᠨᠵᠢᠯᠡᠬᠡᠨ ᠤ ᠲᠠᠯ᠎ᠠ ᠪᠠᠷ ᠨᠡᠷ᠎ᠡ ᠠᠯᠳᠠᠷ ᠲᠠᠢ ᠨᠢᠭᠡᠳᠦᠬᠡᠷ ᠳᠡᠰ ᠤᠨ ᠫᠷᠦᠹᠧᠰᠰᠤᠷ ︵ᠨᠡᠷ᠎ᠡ ᠬᠦᠨᠳᠦᠳᠤ ᠫᠷᠦᠹᠧᠰᠰᠤᠷ︶᠂ ᠭᠠᠳᠠᠭᠠᠲᠦ ᠶᠢᠨ ᠲᠡᠷᠢᠬᠦᠨ ᠤ ᠶᠡᠭᠡ ᠰᠤᠷᠭᠠᠭᠤᠯᠢ ᠡᠰᠡᠬᠦᠯ᠎ᠡ ᠡᠷᠳᠠᠮ ᠰᠢᠨᠵᠢᠯᠡᠭᠡᠨ ᠤ ᠪᠠᠶᠢᠭᠤᠯᠤᠮᠵᠢ ᠶᠢᠨ ᠨᠡᠷ᠎ᠠ ᠠᠯᠳᠠᠷᠳᠠᠢ ᠨᠠᠰᠤᠨ ᠲᠤᠷᠰᠢᠲᠠ ᠶᠢᠨ ᠫᠷᠦᠹᠧᠰᠰᠤᠷ ᠵᠢᠴᠢ ᠠᠳᠠᠯᠢ ᠳᠡᠰ ᠳᠠᠪᠬᠤᠷᠭ᠎ᠠ ᠶᠢᠨ ᠴᠢᠳᠠᠪᠤᠷᠢᠳᠠᠨ᠃
     ᠭᠤᠷᠪᠠᠳᠤᠭᠠᠷ ᠲᠦᠷᠦᠯ᠄
     ︵ᠨᠢᠭᠡ︶ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ ᠮᠡᠷᠭᠡᠵᠢᠯ ᠤᠨ ᠡᠬᠦᠳᠤᠯᠳᠠ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ ᠬᠤᠶᠠᠳᠤᠭᠠᠷ ᠳᠡᠰ ᠤᠨ ᠱᠠᠩᠨᠠᠯ ᠠᠴᠠ ᠳᠡᠭᠡᠭᠰᠢᠬᠢ ᠱᠠᠩᠨᠠᠯ ᠢ ᠬᠦᠷᠲᠡᠭᠰᠡᠳ᠃
     ︵ᠬᠤᠶᠠᠷ︶ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦᠨ ᠤ ᠴᠢᠬᠤᠯᠠ ᠶᠡᠭᠡ ᠲᠦᠷᠦᠯ ᠵᠦᠢᠯ᠂ ᠭᠤᠤᠯᠳᠠᠯᠭ᠎ᠠ ᠲᠠᠢ ᠲᠦᠷᠦᠯ ᠵᠦᠢᠯ ᠢ ᠡᠷᠬᠢᠯᠡᠭᠴᠢ᠂ ᠤᠯᠤᠰ ᠤᠨ ᠰᠢᠯᠭᠠᠷᠠᠬᠰᠠᠨ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠦᠩᠬᠦ ᠶᠢ ᠬᠦᠷᠲᠡᠭᠰᠡᠳ᠂ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠩᠬᠦᠨ ᠤ ᠴᠢᠬᠤᠯᠠ ᠶᠡᠭᠡ ᠲᠦᠷᠦᠯ ᠵᠦᠢᠯ ᠢ ᠡᠷᠬᠢᠯᠡᠭᠴᠢ᠃
     ︵ᠭᠤᠷᠪᠠ︶ ᠤᠯᠤᠰ ᠤᠨ ︽ᠮᠢᠩᠭᠠᠨ ᠬᠦᠮᠦᠨ ᠤ ᠲᠦᠯᠦᠪᠯᠡᠭᠡ︾ ᠳᠤ ᠰᠤᠩᠭᠤᠬᠳᠠᠬᠰᠠᠳ᠂ ︽ᠤᠯᠤᠰ ᠤᠨ ᠤᠨᠴᠠ ᠳᠡᠮᠵᠢᠬᠦ ᠲᠦᠯᠦᠪᠯᠡᠭᠡ︾ ᠶᠢᠨ ᠳᠠᠭᠠᠭᠤᠯᠤᠬᠴᠢ ᠴᠢᠳᠠᠪᠤᠷᠢᠲᠠᠨ᠃
     ︵ᠲᠦᠷᠪᠡ︶ ᠪᠦᠬᠦ ᠤᠯᠤᠰ ᠤᠨ ᠰᠢᠯᠭᠠᠷᠠᠬᠰᠠᠨ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠢᠷᠠᠭᠤ ᠠᠯᠳᠠᠷ ᠢ ᠬᠦᠷᠳᠡᠭᠰᠡᠳ᠃
     ︵ᠲᠠᠪᠤ︶ ︽ᠡᠷᠳᠡᠮᠳᠡᠳ ᠢ ᠬᠦᠬᠢᠬᠦᠯᠬᠦ ᠬᠦᠭᠡ ᠮᠦᠷᠡᠨ ᠲᠥᠯᠥᠪᠯᠡᠭᠡ︾ ᠶᠢᠨ ᠤᠨᠴᠠ ᠤᠷᠢᠬᠰᠠᠨ ᠫᠷᠦᠹᠧᠰᠰᠤᠷ᠃
     ︵ᠵᠢᠷᠭᠤᠭ᠎ᠠ︶ ᠭᠤᠷᠪᠠᠳᠤᠭᠠᠷ ᠵᠦᠢᠯ ᠤᠨ ᠲᠤᠬᠲᠠᠭᠠᠯ ᠳᠤ ᠨᠡᠶᠢᠴᠡᠭᠰᠡᠨ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠳᠠᠪᠠᠭᠤᠯᠢᠭ ᠤᠨᠴᠠᠯᠢᠬᠲᠦ ᠠᠵᠦ ᠦᠢᠯᠡᠰ ᠪᠤᠯᠤᠨ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠬᠰᠠᠨ ᠠᠵᠤ ᠦᠢᠯᠡᠰ ᠤᠨ ᠬᠦᠭᠵᠢᠯᠲᠡ ᠶᠢᠨ ᠱᠠᠭᠠᠷᠳᠠᠯᠭ᠎ᠠ ᠳᠤ ᠵᠤᠬᠢᠴᠠᠬᠰᠠᠨ ᠪᠤᠰᠤᠳ ᠠᠳᠠᠯᠢ ᠳᠡᠰ ᠳᠠᠪᠬᠤᠷᠭ᠎ᠠ ᠶᠢᠨ ᠴᠢᠳᠠᠪᠤᠷᠢᠲᠠᠨ᠃
     ᠲᠦᠷᠪᠡᠳᠦᠬᠡᠷ ᠲᠦᠷᠦᠯ᠄
     ︵ᠨᠢᠬᠡ︶ ᠤᠯᠤᠰ ᠤᠨ ᠭᠤᠤᠯᠳᠠᠯᠭ᠎ᠠ ᠲᠠᠢ ᠰᠢᠨᠵᠢᠯᠡᠬᠡᠨ ᠤ ᠰᠠᠯᠠᠭ᠎ᠠ᠂ ᠲᠤᠷᠰᠢᠯᠳᠠ ᠶᠢᠨ ᠲᠠᠰᠤᠬ᠂ ᠢᠨᠵᠧᠨᠧᠷᠢᠩ ᠤᠨ ᠮᠡᠷᠬᠡᠵᠢᠯ ᠤᠨ ᠰᠤᠳᠤᠯᠭᠠᠨ ᠤ ᠲᠦᠪ ᠤᠨ ᠡᠷᠳᠡᠮ ᠰᠢᠨᠵᠢᠯᠡᠬᠡᠨ ︵ᠮᠡᠷᠬᠡᠵᠢᠯ︶ ᠤ ᠲᠠᠭᠠᠭᠤᠯᠤᠬᠴᠢ᠃
     ︵ᠬᠤᠶᠠᠷ︶ ︽ᠵᠠᠭᠤᠨ ᠮᠢᠩᠭᠠᠨ ᠲᠦᠮᠡᠨ ᠴᠢᠳᠠᠪᠤᠷᠢᠳᠠᠨ ᠤ ᠢᠨᠵᠧᠨᠧᠷᠢᠩ︾ ᠤᠨ ᠤᠯᠤᠰ ᠤᠨ ᠲᠡᠰ ᠤᠨ ᠵᠢᠱᠢᠭᠳᠡᠭᠴᠢ᠃
     ︵ᠭᠤᠷᠪᠠ︶ ︽ᠤᠯᠤᠰ ᠤᠨ ᠤᠨᠴᠠᠭᠠᠢ ᠲᠡᠮᠵᠢᠯᠬᠡ ᠶᠢᠨ ᠲᠦᠯᠦᠪᠯᠡᠭᠡ︾ ᠶᠢᠨ ᠵᠠᠯᠠᠭᠤ ᠤᠷᠤᠶᠢᠯᠠᠬᠰᠠᠨ ᠴᠢᠳᠠᠪᠤᠷᠢᠳᠠᠨ᠂ ᠤᠯᠤᠰ ᠤᠨ ︽ᠮᠢᠩᠭᠠᠨ ᠵᠠᠯᠠᠭᠤ ᠶᠢᠨ ᠲᠦᠯᠦᠪᠯᠡᠭᠡ︾ ᠶᠢᠨ ᠰᠤᠩᠭᠤᠬᠳᠠᠬᠴᠢ᠂ ︽ᠵᠠᠯᠠᠭᠤ ᠴᠠᠩ ᠵᠢᠶᠠᠩ ᠡᠷᠳᠡᠮᠳᠡᠨ︾ ᠢᠶᠠᠷ ᠰᠤᠩᠭᠤᠬᠳᠠᠬᠴᠢ᠂ ︽ᠰᠢᠨ᠎ᠠ ᠶᠢ ᠡᠬᠦᠳᠬᠦ ᠴᠢᠳᠠᠪᠤᠷᠢᠳᠠᠨ ᠤ ᠠᠬᠢᠭᠤᠯᠬᠤ ᠲᠦᠯᠦᠪᠯᠡᠭᠡ︾ ᠶᠢᠨ ᠢᠳᠡᠷ ᠵᠠᠯᠠᠭᠤ ᠰᠢᠨᠵᠢᠯᠡᠬᠦ ᠤᠬᠠᠭᠠᠨ ᠮᠡᠷᠬᠡᠵᠢᠯ  ᠤᠨ ᠰᠢᠨ᠎ᠠ ᠶᠢ ᠡᠬᠦᠳᠬᠦ ᠲᠠᠭᠠᠭᠤᠯᠤᠬᠴᠢ ᠴᠢᠳᠠᠪᠤᠷᠢᠳᠠᠨ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠦᠩᠬᠦᠨ ᠤ ᠰᠢᠯᠢᠳᠡᠭ ᠵᠠᠯᠠᠭᠤ ᠰᠢᠨᠵᠢᠯᠡᠬᠦ ᠤᠬᠠᠭᠠᠨ ᠤ ᠰᠠᠭᠤᠷᠢ ᠮᠦᠩᠬᠦ ᠬᠦᠷᠳᠡᠭᠴᠢ᠃
      ︵ᠲᠦᠷᠪᠡ︶ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ︽ᠵᠠᠭᠤᠨ ᠬᠦᠮᠦᠨ ᠤ ᠲᠦᠯᠦᠪᠯᠡᠭᠡ︾ ᠶᠢᠨ ᠰᠤᠩᠭᠤᠬᠳᠠᠬᠴᠢ᠃
      ︵ᠲᠠᠪᠤ︶ ᠭᠤᠷᠪᠠᠳᠤᠭᠠᠷ ᠵᠤᠷᠪᠤᠰ ᠲᠤ ᠲᠤᠬᠳᠠᠭᠠᠬᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠪᠠᠭᠤᠯᠢᠭ ᠤᠨᠴᠠᠯᠢᠬᠳᠤ ᠠᠵᠦ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠢ ᠬᠦᠭᠵᠢᠬᠦᠯᠬᠦ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠬᠦ ᠪᠤᠰᠤᠳ ᠠᠳᠠᠯᠢ ᠲᠡᠰ ᠲᠠᠪᠬᠤᠷᠭ᠎ᠠ ᠶᠢᠨ ᠴᠢᠳᠠᠪᠤᠷᠢᠳᠠᠨ᠃
     ᠲᠠᠪᠤᠳᠤᠭᠠᠷ ᠲᠦᠷᠦᠯ᠄
     ︵ᠨᠢᠬᠡ︶ ᠤᠯᠤᠰ ᠤᠨ ᠲᠤᠳᠤᠭᠠᠳᠤ ᠭᠠᠳᠠᠭᠠᠳᠤ ᠶᠢᠨ ᠨᠡᠷᠡᠳᠤ ᠲᠡᠭᠡᠳᠤ ᠰᠤᠷᠭᠠᠭᠤᠯᠢ ᠪᠤᠶᠤ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠬ ᠤᠨ ᠳ᠋ᠤᠺᠲ᠋ᠤᠷ᠂ ᠫᠤᠰᠲ ᠳ᠋ᠤᠺᠲ᠋ᠤᠷ ᠤᠨ ᠦᠩᠬᠡᠷᠡᠯᠳᠡ ᠲᠠᠢ᠂ ᠨᠡᠯᠢᠶᠡᠳ ᠦᠨᠳᠦᠷ ᠡᠷᠳᠡᠮ ᠰᠢᠨᠵᠢᠯᠡᠬᠡᠨ ᠤ ᠪᠦᠲᠦᠮᠵᠢ ᠤᠯᠤᠬᠰᠠᠳ᠃
     ︵ᠬᠤᠶᠠᠷ︶ ᠤᠯᠤᠰ ᠤᠨ ᠲᠤᠳᠤᠭᠠᠳᠤ ᠶᠢᠨ ᠲᠡᠷᠢᠬᠦᠨ ᠤ ᠲᠡᠭᠡᠳᠤ ᠰᠤᠷᠭᠠᠭᠤᠯᠢ ᠬᠢᠬᠡᠳ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠲᠠᠰᠤᠬ ᠤᠨ ᠲᠡᠳ᠋ ᠲᠡᠭᠡᠳᠤ ᠲᠡᠰ ᠠᠴᠠ ᠲᠡᠭᠡᠭᠰᠢᠬᠢ ᠲᠤᠰᠬᠠᠢ ᠮᠡᠷᠬᠡᠵᠢᠯ ᠤᠨ ᠴᠤᠯᠠ ᠲᠠᠢ᠂ ᠲᠤᠪᠤᠶᠢᠮ᠎ᠠ ᠡᠷᠳᠡᠮ ᠰᠢᠨᠵᠢᠯᠡᠬᠡᠨ ᠤ ᠪᠦᠲᠦᠮᠵᠢ ᠤᠯᠤᠬᠰᠠᠳ᠃
     ︵ᠭᠤᠷᠪᠠ︶ ᠭᠤᠷᠪᠠᠳᠤᠭᠠᠷ ᠵᠦᠢᠯ ᠳᠤ ᠲᠤᠭᠳᠠᠭᠠᠬᠰᠠᠨ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠲᠠᠪᠠᠭᠤᠯᠢᠭ ᠤᠨᠴᠠᠯᠢᠬᠳᠤ ᠠᠵᠦ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠢ ᠬᠦᠭᠵᠢᠬᠦᠯᠬᠦ ᠬᠡᠷᠡᠭᠴᠡᠭᠡ ᠱᠠᠭᠠᠷᠳᠠᠯᠭ᠎ᠠ ᠳᠤ ᠨᠡᠶᠢᠴᠡᠭᠦ ᠪᠤᠰᠤᠳ ᠠᠳᠠᠯᠢ ᠲᠡᠰ ᠲᠠᠪᠬᠤᠷᠭ᠎ᠠ ᠶᠢᠨ ᠴᠢᠳᠠᠪᠤᠷᠢᠳᠠᠨ᠃
     ᠵᠢᠷᠭᠤᠳᠤᠭᠠᠷ ᠲᠦᠷᠦᠯ᠄
     ︵ᠨᠢᠬᠡ︶ ᠲᠡᠯᠡᠬᠡᠢ ᠶᠢᠨ ᠮᠡᠷᠬᠡᠵᠢᠯ ᠤᠨ ᠴᠢᠳᠠᠪᠤᠷᠢ ᠶᠢᠨ ᠶᠡᠭᠡ ᠤᠷᠤᠯᠳᠤᠭᠠᠨ ᠳᠤ ᠠᠯᠳᠠ᠂ ᠮᠦᠩᠬᠦᠨ᠂ ᠬᠦᠷᠡᠯ ᠮᠧᠳᠠᠯ ᠪᠠ ᠤᠯᠤᠰ ᠤᠨ ᠲᠡᠰ ᠤᠨ ᠨᠢᠬᠡᠳᠦᠬᠡᠷ ᠲᠦᠷᠦᠯ ᠤᠨ ᠮᠡᠷᠬᠡᠵᠢᠯ ᠤᠨ ᠴᠢᠳᠠᠪᠤᠷᠢ ᠶᠢᠨ ᠤᠷᠤᠯᠳᠤᠭᠠᠨ ᠤ ᠲᠦᠷᠦᠬᠦᠦ ᠲᠠᠪᠤ ᠶᠢᠨ ᠱᠠᠩᠨᠠᠯ ᠬᠦᠷᠳᠡᠭᠴᠢ᠃
     ︵ᠬᠤᠶᠠᠷ︶ ᠲᠤᠮᠳᠠᠳᠤ ᠤᠯᠤᠰ ᠤᠨ ᠮᠡᠷᠬᠡᠵᠢᠯ  ᠤᠨ ᠴᠢᠳᠠᠪᠤᠷᠢ ᠶᠢᠨ ᠶᠡᠭᠡ ᠱᠠᠩᠨᠠᠯ ᠬᠦᠷᠳᠡᠭᠴᠢ ᠪᠠ ᠪᠦᠬᠦ ᠤᠯᠤᠰ ᠤᠨ ᠮᠡᠷᠭᠡᠵᠢᠯ ᠤᠨ ᠴᠢᠳᠠᠪᠤᠷᠢᠳᠠᠨ᠃
     ︵ᠭᠤᠷᠪᠠ︶ ᠤᠯᠤᠰ ᠤᠨ ᠲᠡᠰ ᠤᠨ ᠮᠡᠷᠬᠡᠵᠢᠯ ᠤᠨ ᠴᠢᠳᠠᠪᠤᠷᠢ ᠶᠢᠨ ᠶᠡᠭᠡ ᠪᠠᠭᠰᠢᠳᠠᠨ ᠤ ᠠᠵᠢᠯᠯᠠᠬᠤ ᠦᠷᠦᠬᠡ ᠶᠢᠨ ᠭᠤᠤᠯ ᠬᠠᠷᠢᠭᠤᠴᠠᠯᠭᠠᠳᠠᠨ᠃
     ︵ᠲᠦᠷᠪᠡ︶ ᠮᠤᠵᠢ ᠶᠠᠮᠤᠨ ᠤ ᠲᠡᠰ ᠠᠴᠠ ᠰᠤᠩᠭᠤᠨ ᠰᠢᠯᠭᠠᠷᠠᠭᠤᠯᠵᠦ ᠬᠦᠬᠢᠬᠦᠯᠦᠭᠰᠡᠨ ᠬᠠᠮᠤᠬ ᠤᠨ ᠲᠡᠭᠡᠳᠤ ᠲᠡᠰ ᠲᠠᠪᠬᠤᠷᠭ᠎ᠠ ᠶᠢᠨ ᠮᠡᠷᠬᠡᠵᠢᠯ ᠤᠨ ᠴᠢᠳᠠᠪᠤᠷᠢᠳᠠᠨ᠃
     ︵ᠲᠠᠪᠤ︶ ᠤᠨᠴᠠ ᠮᠡᠷᠬᠡᠵᠢᠯ ᠤᠨᠴᠠ ᠡᠷᠳᠡᠮ ᠲᠠᠢ ᠤᠨᠴᠠᠭᠠᠢ ᠮᠡᠷᠬᠡᠵᠢᠯ ᠤᠨ ᠴᠢᠳᠠᠪᠤᠷᠢᠳᠠᠨ ᠵᠢᠴᠢ ᠪᠤᠰᠤᠳ ᠠᠳᠠᠯᠢ ᠲᠡᠰ ᠲᠠᠪᠬᠤᠷᠭ᠎ᠠ ᠶᠢᠨ ᠮᠡᠷᠬᠡᠵᠢᠯ ᠤᠨ ᠴᠢᠳᠠᠪᠤᠷᠢᠳᠠᠨ᠃
     ᠲᠤᠯᠤᠳᠤᠭᠠᠷ ᠲᠦᠷᠦᠯ᠄
     ︵ᠨᠢᠬᠡ︶ ᠵᠢᠩᠬᠢᠨᠢ ᠲᠡᠭᠡᠳᠤ ᠲᠡᠰ ᠤᠨ ᠲᠤᠰᠬᠠᠢ ᠮᠡᠷᠬᠡᠵᠢᠯ ᠤᠨ ᠴᠤᠯᠠ ᠲᠠᠢ ᠬᠦᠮᠦᠨ᠃
     ︵ᠬᠤᠶᠠᠷ︶ ᠳ᠋ᠤᠺᠲ᠋ᠤᠷ ᠴᠤᠯᠠ ᠲᠠᠢ ᠬᠦᠮᠦᠨ᠃
     ︵ᠭᠤᠷᠪᠠ︶ ᠭᠠᠳᠠᠭᠠᠳᠤ ᠳᠤ ᠮᠠᠰᠲ᠋ᠧᠷ ᠠᠴᠠ ᠲᠡᠭᠡᠭᠰᠢ ᠡᠷᠳᠡᠮ ᠤᠨ ᠴᠤᠯᠠ ᠤᠯᠤᠬᠰᠠᠨ᠂ ᠪᠦᠬᠦᠯᠢ ᠡᠳᠦᠷ ᠤᠨ ᠲᠦᠷᠢᠮᠳᠤ ᠲᠡᠷᠢᠬᠦᠨ ᠤ ᠶᠡᠭᠡ ᠰᠤᠷᠭᠠᠭᠤᠯᠢ ᠶᠢᠨ ᠭᠤᠤᠯᠳᠠᠯᠭ᠎ᠠ ᠲᠠᠢ ᠰᠢᠨᠵᠢᠯᠡᠬᠡᠨ ᠤ ᠰᠠᠯᠠᠭ᠎ᠠ ᠠᠴᠠ ᠲᠡᠭᠦᠰᠦᠭᠰᠡᠨ ᠠᠰᠫᠢᠷᠠᠨᠲ ᠤᠨ ᠰᠤᠳᠤᠯᠬᠤ ᠰᠤᠷᠤᠬᠴᠢ᠃
      ︵ᠲᠦᠷᠪᠡ︶ ︽ᠪᠠᠭᠰᠢ ᠶᠢᠨ ᠮᠡᠷᠬᠡᠵᠢᠯ ᠪᠠ ᠠᠵᠢᠯ ᠮᠡᠷᠬᠡᠵᠢᠯ ᠢ ᠬᠠᠪᠰᠤᠷᠭᠠᠬᠰᠠᠨ ᠬᠡᠯᠪᠡᠷᠢ︾ ᠶᠢᠨ ᠲᠡᠭᠡᠳᠤ ᠲᠡᠰ ᠤᠨ ᠮᠡᠷᠬᠡᠵᠢᠯ ᠤᠨ ᠴᠢᠳᠠᠪᠤᠷᠢᠳᠠᠨ᠃
      ︵ᠲᠠᠪᠤ︶ ᠤᠯᠤᠰ ᠤᠨ ᠲᠡᠰ ᠤᠨ ᠰᠢᠯᠢᠳᠡᠭ ᠰᠤᠶᠤᠯ ᠤᠷᠠᠯᠢᠬ ᠪᠡᠶ᠎ᠠ ᠲᠠᠮᠢᠷ ᠤᠨ ᠴᠢᠳᠠᠪᠤᠷᠢᠳᠠᠨ᠂ ᠪᠤᠳᠠᠰ ᠤᠨ ᠪᠤᠰᠤ ᠰᠤᠶᠤᠯ ᠥᠪ ᠤᠨ ᠤᠯᠠᠮᠵᠢᠯᠠᠬᠴᠢ᠃
      ︵ᠵᠢᠷᠭᠤᠭ᠎ᠠ︶ ᠪᠤᠰᠤᠳ ᠦᠪᠡᠷᠳᠡᠬᠡᠨ ᠵᠠᠰᠠᠬᠤ ᠤᠷᠤᠨ ᠤ ᠪᠠᠴᠢᠮ ᠱᠠᠭᠠᠷᠳᠠᠬᠳᠠᠵᠦ ᠪᠠᠶᠢᠭ᠎ᠠ ᠬᠤᠪᠤᠷ ᠴᠤᠬᠠᠬ ᠴᠢᠳᠠᠪᠤᠷᠢᠳᠠᠨ᠃
      ᠲᠤᠯᠤᠳᠤᠭᠠᠷ ᠵᠦᠢᠯ  ᠤᠯᠠᠨ ᠤᠯᠤᠰ ᠪᠠ ᠤᠯᠤᠰ ᠤᠨ ᠲᠤᠳᠤᠭᠠᠳᠤ ᠶᠢᠨ ᠴᠢᠳᠠᠪᠤᠷᠢᠳᠠᠨ ᠤ ᠡᠬᠢ ᠪᠠᠶᠠᠯᠢᠬ ᠢ ᠨᠢᠬᠡᠳᠦᠯᠳᠡᠢ ᠲᠦᠯᠦᠪᠵᠢᠬᠦᠯᠵᠦ ᠨᠡᠬᠡᠬᠡᠨ ᠬᠦᠭᠵᠢᠬᠦᠯᠵᠦ ᠠᠰᠢᠬᠯᠠᠨ᠂ ᠭᠠᠳᠠᠭᠠᠳᠤ ᠶᠢᠨ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠲᠦᠷᠦ ᠶᠢᠨ ᠪᠤᠳᠤᠯᠭ᠎ᠠ ᠪᠠ ᠠᠷᠭ᠎ᠠ ᠬᠡᠯᠪᠡᠷᠢ ᠶᠢ ᠲᠡᠬᠦᠯᠳᠡᠷᠵᠢᠬᠦᠯᠦᠨ᠎ᠠ᠃ ᠤᠯᠤᠰ ᠪᠠ ᠦᠪᠡᠷᠳᠡᠬᠡᠨ ᠵᠠᠰᠠᠬᠤ ᠤᠷᠤᠨ ᠤ ᠭᠠᠳᠠᠭᠠᠳᠤ ᠶᠢᠨ ᠲᠤᠰᠬᠠᠢ ᠮᠡᠷᠬᠡᠵᠢᠯᠳᠡᠨ ᠢ ᠰᠢᠰᠲ᠋ᠧᠮᠵᠢᠬᠦᠯᠦᠨ ᠬᠠᠮᠢᠶᠠᠷᠬᠤ ᠰᠠᠯᠠᠭ᠎ᠠ ᠮᠦᠴᠢᠷ ᠠᠴᠠ ᠲᠤᠭᠳᠠᠭᠠᠬᠰᠠᠨ ᠭᠠᠳᠠᠭᠠᠳᠤ ᠶᠢᠨ ᠲᠡᠷᠢᠬᠦᠨ ᠤ ᠲᠤᠰᠬᠠᠢ ᠮᠡᠷᠬᠡᠵᠢᠯᠳᠡᠨ ᠤ ᠲᠦᠷᠦᠯ ᠵᠦᠢᠯ᠂ ᠦᠵᠦ ᠮᠡᠷᠬᠡᠵᠢᠯ ᠤᠨ ᠤᠶᠤᠨ ᠤᠬᠠᠭᠠᠨ ᠢ ᠤᠷᠤᠭᠤᠯᠤᠨ ᠠᠪᠴᠢᠷᠠᠬᠤ ᠲᠦᠷᠦᠯ ᠵᠦᠢᠯ᠂ ᠭᠤᠤᠯᠳᠠᠯᠭ᠎ᠠ ᠲᠠᠢ ᠤᠶᠤᠨ ᠤᠬᠠᠭᠠᠨ ᠢ ᠤᠷᠤᠭᠤᠯᠤᠨ ᠠᠪᠴᠢᠷᠠᠬᠤ ᠲᠦᠷᠦᠯ ᠵᠦᠢᠯ᠂ ᠭᠠᠳᠠᠭᠠᠳᠤ ᠶᠢᠨ ᠰᠤᠶᠤᠯ ᠰᠤᠷᠭᠠᠨ ᠬᠦᠮᠦᠵᠢᠯ ᠤᠨ ᠦᠵᠦ ᠮᠡᠷᠬᠡᠵᠢᠯ ᠤᠨ ᠤᠷᠢᠨ ᠬᠡᠷᠡᠭᠯᠡᠬᠦ ᠲᠦᠯᠦᠪᠯᠡᠭᠡ ᠶᠢᠨ ᠲᠦᠷᠦᠯ ᠵᠦᠢᠯ ᠵᠡᠷᠬᠡ ᠲᠡᠭᠡᠳᠤ ᠲᠡᠰ ᠲᠠᠪᠬᠤᠷᠭ᠎ᠠ ᠶᠢᠨ ᠭᠠᠳᠠᠭᠠᠳᠤ ᠶᠢᠨ ᠲᠤᠰᠬᠠᠢ ᠮᠡᠷᠬᠡᠵᠢᠯᠳᠡᠨ᠂ ᠲᠡᠭᠡᠳᠤ ᠲᠡᠰ ᠲᠠᠪᠬᠤᠷᠭ᠎ᠠ ᠶᠢᠨ ᠭᠠᠳᠠᠭᠠᠳᠤ ᠳᠤ ᠰᠤᠷᠤᠯᠴᠠᠵᠦ ᠤᠯᠤᠰ ᠲᠠᠭᠠᠨ ᠪᠤᠴᠠᠵᠦ ᠢᠷᠡᠭᠰᠡᠨ ᠲᠤᠰᠬᠠᠢ ᠮᠡᠷᠬᠡᠵᠢᠯᠳᠡᠨ᠂ ᠭᠠᠳᠠᠭᠠᠳᠤ ᠶᠢᠨ ᠲᠡᠭᠡᠳᠤ ᠲᠡᠰ ᠲᠠᠪᠬᠤᠷᠭ᠎ᠠ ᠶᠢᠨ ᠪᠠᠴᠢᠮ ᠱᠠᠭᠠᠷᠳᠠᠬᠳᠠᠵᠦ ᠪᠠᠶᠢᠭ᠎ᠠ ᠬᠤᠪᠤᠷ ᠴᠤᠬᠠᠭ ᠴᠢᠳᠠᠪᠤᠷᠢᠳᠠᠨ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠬᠠᠷᠠᠭᠠᠯᠵᠠᠬᠰᠠᠨ ᠲᠦᠷᠦᠯ ᠵᠦᠢᠯ ᠳᠤ ᠨᠡᠶᠢᠴᠡᠪᠡᠯ᠂ ᠬᠠᠷᠠᠭᠠᠯᠵᠠᠬᠰᠠᠨ ᠲᠡᠮᠵᠢᠯᠬᠡ ᠶᠢᠨ ᠲᠦᠷᠦ ᠶᠢᠨ ᠪᠤᠳᠤᠯᠭ᠎ᠠ ᠶᠢ ᠬᠦᠷᠳᠡᠨ᠎ᠠ᠃


       ᠭᠤᠷᠪᠠᠳᠤᠭᠠᠷ ᠪᠦᠯᠦᠭ  ᠴᠢᠳᠠᠪᠤᠷᠢᠳᠠᠨ ᠢ ᠤᠷᠤᠭᠤᠯᠤᠨ ᠠᠪᠴᠢᠷᠠᠬᠤ ᠠᠷᠭ᠎ᠠ ᠬᠡᠯᠪᠡᠷᠢ


     ᠨᠠᠢᠮᠠᠳᠤᠭᠠᠷ ᠵᠦᠢᠯ  ᠴᠢᠳᠠᠪᠤᠷᠢᠳᠠᠨ ᠢ ᠤᠷᠤᠭᠤᠯᠤᠨ ᠠᠪᠴᠢᠷᠠᠬᠤ ᠠᠵᠢᠯ ᠪᠠᠲᠤᠯᠠᠭ᠎ᠠ ᠲᠠᠢ ᠴᠢᠨᠠᠷ ᠪᠠ ᠵᠦᠬᠡᠯᠡᠨ ᠴᠢᠨᠠᠷ ᠢ ᠵᠡᠷᠬᠡᠪᠡᠷ ᠴᠢᠬᠤᠯᠠᠴᠢᠯᠠᠬᠤ ᠵᠠᠷᠴᠢᠮ ᠢ ᠪᠠᠷᠢᠮᠳᠠᠯᠠᠨ᠎ᠠ᠃ ᠪᠠᠲᠤᠯᠠᠭ᠎ᠠ ᠲᠠᠢ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠨᠢ ᠠᠵᠢᠯᠳᠠᠨ ᠤ ᠶᠠᠪᠤᠳᠠᠯ ᠤᠨ ᠬᠠᠷᠢᠴᠠᠭ᠎ᠠ ᠨᠢ ᠤᠷᠢᠨ ᠬᠡᠷᠡᠭᠯᠡᠬᠦ᠂ ᠠᠵᠢᠯ ᠰᠢᠯᠵᠢᠬᠦᠯᠬᠦ ᠵᠡᠷᠬᠡ ᠠᠷᠭ᠎ᠠ ᠬᠡᠯᠪᠡᠷᠢ ᠪᠠᠷ ᠲᠠᠮᠵᠢᠵᠦ ᠮᠠᠨ ᠤ ᠤᠷᠤᠨ ᠳᠤ ᠰᠢᠯᠵᠢᠵᠦ ᠢᠷᠡᠭᠰᠡᠨ ᠴᠢᠳᠠᠪᠤᠷᠢᠳᠠᠨ ᠢ ᠵᠢᠭᠠᠨ᠎ᠠ᠃ ᠵᠦᠬᠡᠯᠨᠨ ᠴᠢᠨᠠᠷ ᠤᠨ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠨᠢ ᠠᠵᠢᠯ ᠬᠠᠪᠰᠤᠷᠭᠠᠬᠤ᠂ ᠨᠠᠶᠢᠳᠠᠬᠤ᠂ ᠬᠠᠮᠳᠤᠷᠠᠯᠴᠠᠬᠤ ᠵᠡᠷᠬᠡ ᠠᠷᠭ᠎ᠠ ᠬᠡᠯᠪᠡᠷᠢ ᠪᠠᠷ ᠠᠵᠢᠯᠳᠠᠨ ᠬᠡᠷᠡᠭᠯᠡᠬᠦ ᠨᠢᠬᠡᠴᠡ ᠳᠤ ᠠᠵᠢᠯᠯᠠᠬᠤ ᠪᠤᠯᠪᠠᠴᠤ ᠠᠵᠢᠯᠳᠠᠨ ᠤ ᠶᠠᠪᠤᠳᠠᠯ ᠤᠨ ᠬᠠᠷᠢᠴᠠᠭ᠎ᠠ ᠶᠢ ᠬᠤᠪᠢᠷᠠᠭᠤᠯᠬᠤ ᠦᠬᠡᠢ᠂ ᠤᠷᠤᠭᠤᠯᠤᠨ ᠠᠪᠴᠢᠷᠠᠬᠰᠠᠨ ᠨᠢᠬᠡᠴᠡ ᠲᠠᠢ ᠵᠦᠬᠡᠯᠡᠨ ᠴᠢᠨᠠᠷ ᠤᠨ ᠤᠷᠤᠭᠤᠯᠤᠨ ᠠᠪᠴᠢᠷᠠᠬᠰᠠᠨ ᠬᠡᠯᠡᠯᠴᠡᠬᠡᠷ ᠲᠤᠬᠳᠠᠵᠦ᠂ ᠪᠤᠳᠠᠳᠠᠢ ᠲᠤᠳᠤᠷᠬᠠᠢ ᠠᠵᠢᠯ ᠤᠨ ᠠᠭᠤᠯᠭ᠎ᠠ ᠲᠠᠢ ᠪᠠᠶᠢᠵᠦ᠂ ᠠᠵᠢᠯᠳᠠᠨ ᠬᠡᠷᠡᠭᠯᠡᠬᠦ ᠨᠢᠬᠡᠴᠡ ᠳᠤ ᠬᠠᠮᠵᠢᠵᠦ ᠭᠤᠤᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ᠂ ᠵᠢᠭᠠᠨ ᠰᠤᠷᠭᠠᠯᠳᠠ ᠵᠡᠷᠬᠡ ᠠᠵᠢᠯ ᠢ ᠪᠡᠶᠡᠯᠡᠬᠦᠯᠬᠦ ᠶᠢᠨ ᠬᠠᠮᠳᠤ ᠭᠤᠣᠯᠯᠠᠬᠤ ᠦᠢᠯᠡᠳᠦᠯ ᠢᠶᠠᠨ ᠪᠠᠳᠠᠷᠠᠭᠤᠯᠬᠤ ᠴᠢᠳᠠᠪᠤᠷᠢᠳᠠᠨ ᠢ ᠵᠢᠭᠠᠨ᠎ᠠ᠃
     ᠶᠢᠰᠦᠳᠦᠬᠡᠷ ᠵᠦᠢᠯ  ᠠᠵᠢᠯ ᠦᠢᠯᠡᠰ ᠤᠨ ᠨᠢᠬᠡᠴᠡ ︽ᠰᠠᠭᠠᠳ ᠦᠬᠡᠢ ᠨᠡᠪᠲᠡᠷᠡᠬᠦ ᠵᠠᠮ︾ ᠢᠶᠠᠷ ᠲᠠᠮᠵᠢᠵᠦ ᠡᠯ᠎ᠠ ᠲᠦᠷᠦᠯ ᠤᠨ ᠲᠡᠭᠡᠳᠤ ᠲᠡᠰ ᠲᠠᠪᠬᠤᠷᠭ᠎ᠠ ᠶᠢᠨ ᠪᠠᠴᠢᠮ ᠱᠠᠭᠠᠷᠳᠠᠬᠳᠠᠵᠦ ᠪᠠᠶᠢᠭ᠎ᠠ ᠬᠤᠪᠤᠷ ᠴᠤᠬᠠᠬ ᠴᠢᠳᠠᠪᠤᠷᠢᠳᠠᠨ ᠢ ᠤᠷᠤᠭᠤᠯᠤᠨ ᠠᠪᠴᠢᠷᠠᠵᠦ ᠪᠤᠯᠤᠨ᠎ᠠ᠃ ᠨᠢᠬᠡᠳᠦᠬᠡᠷ ᠠᠴᠠ ᠲᠦᠷᠪᠡᠳᠦᠬᠡᠷ ᠲᠦᠷᠦᠯ ᠤᠨ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠳᠤ᠂ ᠤᠷᠤᠭᠤᠯᠤᠨ ᠠᠪᠴᠢᠷᠠᠬᠤ ᠨᠢᠬᠡᠴᠡ ᠠᠴᠠ ᠵᠤᠬᠢᠶᠠᠨ ᠪᠠᠶᠢᠭᠤᠯᠤᠬᠰᠠᠨ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠭᠤᠶᠤᠴᠢᠯᠠᠯ᠂ ᠤᠷᠤᠨ ᠲᠤᠭ᠎ᠠ ᠶᠢᠨ ᠬᠡᠷᠡᠭᠯᠡᠯᠳᠡ ᠶᠢᠨ ᠪᠠᠶᠢᠳᠠᠯ᠂ ᠤᠷᠤᠭᠤᠯᠤᠨ ᠠᠪᠴᠢᠷᠠᠬᠤ ᠪᠠᠷ ᠵᠢᠱᠢᠵᠦ ᠪᠠᠶᠢᠭ᠎ᠠ ᠴᠢᠳᠠᠪᠤᠷᠢᠳᠠᠨ ᠤ ᠬᠢᠷᠢ ᠬᠡᠮ ᠤᠨ ᠬᠡᠷᠡᠴᠢ ᠵᠡᠷᠬᠡ ᠮᠠᠲ᠋ᠧᠷᠢᠶᠠᠯ ᠢ ᠲᠡᠪᠰᠢᠬᠦᠯᠦᠨ᠎ᠠ᠃ ᠨᠦᠬᠦᠴᠡᠯ ᠳᠤ ᠨᠡᠶᠢᠴᠡᠬᠦ ᠮᠦᠷᠳᠡᠬᠡᠨ ᠮᠠᠲ᠋ᠧᠷᠢᠶᠠᠯ ᠨᠢ ᠪᠦᠷᠢᠨ ᠪᠤᠯ᠂ ᠵᠤᠬᠢᠶᠠᠨ ᠪᠠᠶᠢᠭᠤᠯᠤᠬᠰᠠᠨ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠬᠦᠯᠢᠶᠡᠨ ᠠᠪᠤᠬᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠲᠤᠳᠤᠷ᠎ᠠ ᠤᠷᠤᠭᠤᠯᠤᠨ ᠠᠪᠴᠢᠷᠠᠬᠤ ᠭᠠᠷᠳᠠᠮ ᠢ ᠬᠦᠢᠴᠡᠳᠬᠡᠨ᠎ᠠ︔ ᠤᠷᠤᠨ ᠲᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠤᠷᠤᠭᠤᠯᠤᠨ ᠠᠪᠴᠢᠷᠠᠬᠤ ᠶᠢ ᠵᠦᠪᠰᠢᠷᠡᠭᠰᠡᠨ ᠮᠡᠳᠡᠭᠳᠡᠯ ᠢ ᠲᠤᠰᠤᠬᠰᠠᠨ ᠡᠳᠦᠷ ᠠᠴᠠ ᠡᠬᠢᠯᠡᠵᠦ 15 ᠠᠵᠢᠯᠯᠠᠬᠤ ᠡᠳᠦᠷ ᠤᠨ ᠲᠤᠳᠤᠷ᠎ᠠ ᠤᠷᠤᠨ ᠲᠤᠭ᠎ᠠ ᠳᠤ ᠤᠷᠤᠭᠤᠯᠤᠨ ᠲᠠᠩᠰᠠᠯᠠᠨ᠎ᠠ᠃ ᠲᠠᠪᠤᠳᠤᠭᠠᠷ ᠠᠴᠠ ᠲᠤᠯᠤᠳᠤᠭᠠᠷ ᠲᠦᠷᠦᠯ ᠤᠨ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠳᠤ᠂ ᠡᠮᠦᠨᠡᠬᠢ ᠵᠤᠷᠪᠤᠰ ᠲᠤ ᠲᠤᠭᠳᠠᠭᠠᠬᠰᠠᠨ ᠠᠯᠬᠤᠮ ᠲᠠᠷᠠᠭ᠎ᠠ ᠶᠤᠰᠤᠭᠠᠷ ᠬᠡᠷᠡᠭᠵᠢᠬᠦᠯᠬᠦ ᠠᠴᠠ ᠭᠠᠳᠠᠨ᠎ᠠ᠂ ᠬᠦᠮᠦᠨ ᠬᠡᠷᠡᠭᠯᠡᠬᠦ ᠨᠢᠬᠡᠴᠡ ᠨᠢ ᠪᠠᠰᠠ ᠲᠤᠰᠬᠠᠢ ᠮᠡᠷᠬᠡᠵᠢᠯᠳᠡᠨ ᠤ ᠦᠨᠡᠯᠡᠨ ᠵᠢᠱᠢᠯᠳᠡ ᠪᠤᠶᠤ ᠪᠠᠶᠢᠴᠠᠭᠠᠨ ᠦᠨᠡᠯᠡᠯᠳᠡ ᠬᠢᠵᠦ᠂ ᠬᠠᠮᠳᠤᠪᠡᠷ ᠰᠤᠳᠤᠯᠬᠤ ᠮᠦᠷᠳᠡᠬᠡᠨ ᠬᠠᠮᠢᠶ᠎ᠠ ᠪᠦᠬᠦᠢ ᠪᠠᠶᠢᠳᠠᠯ ᠢ ᠵᠤᠬᠢᠶᠠᠨ ᠪᠠᠶᠢᠭᠤᠯᠤᠯᠳᠠ ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢᠨ ᠰᠠᠯᠠᠭ᠎ᠠ ᠮᠦᠴᠢᠷ ᠲᠤ ᠮᠡᠳᠡᠬᠦᠯᠦᠨ᠎ᠠ᠃
     ᠠᠷᠪᠠᠳᠤᠭᠠᠷ ᠵᠦᠢᠯ  ᠠᠵᠢᠯ ᠦᠢᠯᠡᠰ ᠤᠨ ᠨᠢᠬᠡᠴᠡ ᠤᠷᠤᠨ ᠲᠤᠭ᠎ᠠ ᠨᠢᠬᠡᠨᠳᠡ ᠲᠦᠬᠦᠷᠦᠭᠰᠡᠨ ᠪᠠᠶᠢᠳᠠᠯ ᠲᠤᠤᠷ᠎ᠠ᠂ ᠨᠢᠬᠡᠳᠦᠬᠡᠷ ᠠᠴᠠ ᠵᠢᠷᠭᠤᠳᠤᠭᠠᠷ ᠲᠦᠷᠦᠯ ᠤᠨ ᠴᠢᠳᠠᠪᠤᠷᠢᠳᠠᠨ ᠢ ᠪᠠᠲᠤᠯᠠᠭ᠎ᠠ ᠲᠠᠢ ᠤᠷᠤᠭᠤᠯᠤᠨ ᠠᠪᠴᠢᠷᠠᠬᠤ ᠳᠤ᠂ ᠤᠷᠤᠨ ᠲᠤᠭ᠎ᠠ ᠶᠢᠨ ᠰᠠᠯᠠᠭ᠎ᠠ ᠮᠦᠴᠢᠷ ᠲᠤ ᠬᠠᠷᠭᠤᠭᠤᠯᠤᠨ ᠨᠡᠮᠡᠭᠳᠡᠬᠦᠯᠬᠦ ᠴᠢᠳᠠᠪᠤᠷᠢᠳᠠᠨ ᠤ ᠲᠤᠰᠬᠠᠢ ᠲᠦᠷᠦᠯ ᠤᠨ ᠤᠷᠤᠨ ᠲᠤᠭ᠎ᠠ ᠶᠢ ᠤᠷᠤᠨ ᠲᠤᠭ᠎ᠠ ᠳᠠᠭᠠᠨ ᠤᠷᠤᠭᠤᠯᠵᠦ ᠲᠠᠩᠰᠠᠯᠠᠬᠤ ᠪᠠᠷ ᠭᠤᠶᠤᠴᠢᠯᠠᠨ᠎ᠠ᠃      ᠠᠷᠪᠠᠨ ᠨᠢᠬᠡᠳᠦᠬᠡᠷ ᠵᠦᠢᠯ  ᠡᠯ᠎ᠠ ᠲᠦᠷᠦᠯ ᠤᠨ ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ᠂ ᠴᠢᠳᠠᠪᠤᠷᠢᠳᠠᠨ ᠤ ᠵᠠᠭᠤᠴᠢᠯᠠᠬᠴᠢ ᠵᠤᠬᠢᠶᠠᠨ ᠪᠠᠶᠢᠭᠤᠯᠤᠯᠳᠠ ᠵᠡᠷᠬᠡ ᠶᠢᠨ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠪᠠ ᠪᠠᠲᠤᠯᠨᠨ ᠲᠠᠨᠢᠯᠴᠠᠭᠤᠯᠬᠤ ᠶᠢ ᠵᠤᠷᠢᠬᠵᠢᠭᠤᠯᠤᠨ᠎ᠠ᠃ ᠨᠢᠬᠡᠳᠦᠬᠡᠷ ᠠᠴᠠ ᠲᠦᠷᠪᠡᠳᠤᠬᠡᠷ ᠲᠦᠷᠦᠯ ᠤᠨ ᠴᠢᠳᠠᠪᠤᠷᠢᠳᠠᠨ ᠵᠢᠴᠢ ᠰᠢᠨ᠎ᠠ ᠶᠢ ᠡᠬᠦᠳᠬᠦ ᠦᠢᠯᠡᠰ ᠪᠤᠰᠬᠠᠬᠤ ᠪᠦᠯᠬᠦᠮ ᠢ ᠠᠮᠵᠢᠯᠳᠠ ᠲᠠᠢ ᠪᠠᠷ ᠪᠠᠲᠤᠯᠠᠭ᠎ᠠ ᠲᠠᠢ ᠤᠷᠤᠭᠤᠯᠤᠨ ᠠᠪᠴᠢᠷᠠᠬᠰᠠᠨ ᠪᠤᠯ 50 ᠲᠦᠮᠡ ᠠᠴᠠ 100 ᠲᠦᠮᠡᠨ ᠲᠦᠬᠦᠷᠢᠭ ᠤᠨ ᠱᠠᠩᠨᠠᠯ ᠤᠯᠭᠤᠨ᠎ᠠ᠃


       ᠲᠦᠷᠪᠡᠳᠦᠭᠡᠷ ᠪᠦᠯᠦᠭ ᠰᠤᠳᠤᠯᠭᠠᠨ ᠤ ᠲᠡᠮᠵᠢᠯᠭᠡ


     ᠠᠷᠪᠠᠨ ᠬᠤᠶᠠᠳᠤᠭᠠᠷ ᠵᠦᠢᠯ  ᠠᠵᠢᠯᠳᠠᠨ ᠬᠡᠷᠡᠭᠯᠡᠬᠦ ᠨᠢᠭᠡᠴᠡ ᠴᠢᠳᠠᠪᠤᠷᠢᠳᠠᠨ ᠤᠷᠤᠭᠤᠯᠵᠤ ᠠᠪᠴᠢᠷᠠᠬᠤ ᠠᠵᠢᠯ ᠳᠤ ᠲᠠᠯᠠᠪᠤᠷ᠂ ᠲᠤᠨᠤᠭ ᠲᠦᠬᠦᠭᠡᠷᠦᠮᠵᠢ᠂ ᠲᠤᠰᠬᠠᠢ ᠬᠦᠮᠦᠨ ᠵᠡᠷᠭᠡ ᠱᠠᠭᠠᠷᠳᠠᠭᠳᠠᠬᠤ ᠨᠦᠬᠦᠴᠡᠯ ᠢ ᠪᠡᠯᠡᠳᠭᠡᠨ ᠦᠭᠬᠦ ᠪᠦᠭᠡᠳ ᠴᠢᠳᠠᠪᠤᠷᠢᠳᠠᠨ ᠤᠷᠤᠭᠤᠯᠤᠨ ᠠᠪᠴᠢᠷᠠᠵᠤ ᠤᠯᠤᠰ ᠤᠨ ᠪᠠ ᠦᠪᠡᠷᠲᠡᠭᠡᠨ ᠵᠠᠰᠠᠬᠤ ᠤᠷᠤᠨ ᠤ ᠴᠢᠬᠤᠯᠠ ᠶᠡᠭᠡ ᠰᠤᠳᠤᠯᠭᠠᠨ ᠤ ᠢᠨᠵᠧᠨᠧᠷᠢᠩ ᠢ ᠭᠤᠶᠤᠴᠢᠯᠠᠬᠤ ᠶᠢ ᠲᠡᠳᠬᠦᠨ ᠲᠡᠮᠵᠢᠪᠡᠯ ᠵᠤᠬᠢᠨ᠎ᠡ᠃ ᠴᠢᠳᠠᠪᠤᠷᠢᠳᠠᠨ ᠤᠷᠤᠭᠤᠯᠤᠨ ᠠᠪᠴᠢᠷᠠᠵᠤ ᠰᠤᠳᠤᠯᠭᠠᠨ ᠤ ᠠᠵᠢᠯ ᠢ ᠬᠠᠷᠢᠭᠤᠴᠠᠭᠤᠯᠪᠠᠯ᠂ ᠰᠤᠳᠤᠯᠭᠠᠨ ᠤ ᠪᠦᠯᠬᠦᠮ ᠪᠠᠭ ᠢ ᠴᠤ ᠬᠠᠮᠲᠤ ᠤᠷᠤᠭᠤᠯᠤᠨ ᠠᠪᠴᠢᠷᠠᠵᠤ᠂ ᠢᠨᠵᠧᠨᠧᠷᠢᠩ ᠤᠨ
ᠬᠠᠷᠢᠭᠤᠴᠠᠬᠤ ᠲᠦᠷᠢᠮ ᠢ ᠬᠡᠷᠡᠭᠵᠢᠭᠦᠯᠦᠨ᠂ ᠰᠤᠳᠤᠯᠭᠠᠨ ᠤ ᠡᠷᠬᠡ᠂ ᠠᠵᠢᠯᠳᠠᠳ ᠤᠨ ᠬᠠᠮᠢᠶᠠᠷᠤᠯᠳᠠ ᠶᠢᠨ ᠡᠷᠬᠡ ᠪᠠ ᠵᠠᠷᠤᠳᠠᠯ ᠰᠦᠢᠳᠭᠡᠯ ᠤᠨ ᠡᠷᠬᠡ ᠶᠢ ᠬᠠᠮᠳᠤ ᠳᠤᠨᠢ ᠡᠳ᠋ᠯᠡᠭᠦᠯᠦᠨ᠎ᠡ᠃
     ᠠᠷᠪᠠᠨ ᠭᠤᠷᠪᠠᠳᠤᠭᠠᠷ ᠵᠦᠢᠯ  ᠲᠡᠭᠡᠳᠤ ᠵᠡᠷᠭᠡ ᠶᠢᠨ ᠰᠤᠷᠭᠠᠭᠤᠯᠢ᠂ ᠰᠤᠳᠤᠯᠭᠠᠨ ᠤ ᠪᠠᠶᠢᠭᠤᠯᠤᠮᠵᠢ ᠶᠢᠨ ᠤᠯᠤᠰ ᠤᠨ ᠲᠤᠲᠤᠭᠠᠳᠤ ᠭᠠᠳᠠᠭᠠᠳᠤ ᠶᠢᠨ ᠬᠡᠪᠴᠢᠶᠡᠨ ᠤ ᠰᠤᠳᠤᠯᠭᠠᠨ ᠤ ᠰᠤᠯᠢᠯᠴᠠᠭ᠎ᠠ᠂ ᠰᠤᠳᠤᠯᠭᠠᠨ ᠤ ᠬᠠᠮᠳᠤᠷᠠᠯᠴᠠᠭᠠᠨ ᠤ ᠠᠵᠢᠯᠯᠠᠭ᠎ᠠ ᠶᠢ ᠲᠡᠮᠵᠢᠨ ᠵᠤᠷᠢᠭᠵᠢᠭᠤᠯᠵᠤ᠂ ᠤᠯᠤᠰ ᠠᠴᠠ ᠭᠠᠷᠬᠤ ᠬᠢᠨᠠᠨ ᠵᠦᠪᠰᠢᠶᠡᠷᠡᠯ ᠤᠨ ᠶᠠᠪᠤᠴᠠ ᠶᠢ ᠲᠦᠳᠡᠯᠡᠨ᠂ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠴᠢᠬᠤᠯᠠ ᠶᠡᠭᠡ᠂ ᠲᠡᠷᠢᠭᠦᠨ ᠤ ᠡᠩᠨᠡᠭᠡᠨ ᠳᠠᠬᠢ ᠰᠤᠳᠤᠯᠭᠠᠨ ᠤ ᠢᠨᠵᠧᠨᠧᠷᠢᠩ ᠪᠠ ᠤᠯᠠᠨ ᠤᠯᠤᠰ ᠤᠨ ᠬᠠᠮᠳᠤᠷᠠᠯᠴᠠᠭᠠᠨ ᠤ ᠢᠨᠵᠧᠨᠧᠷᠢᠩ ᠤᠨ ᠬᠦᠮᠦᠰ ᠤᠨ ᠭᠠᠳᠠᠭᠠᠳᠤ ᠳᠤ ᠠᠶᠢᠯᠴᠢᠯᠠᠬᠤ ᠶᠢ ᠭᠤᠤᠯᠳᠠᠯᠭᠠᠲᠠᠢ ᠠᠳᠬᠤᠨ
ᠤᠷᠢᠳᠴᠢᠯᠠᠨ ᠲᠤᠬᠢᠷᠠᠭᠤᠯᠤᠨ᠎ᠠ᠃
     ᠠᠷᠪᠠᠨ ᠲᠦᠷᠪᠡᠳᠦᠭᠡᠷ ᠵᠦᠢᠯ  ᠠᠵᠢᠯ ᠦᠢᠯᠡᠰ ᠤᠨ ᠨᠢᠭᠡᠴᠡ ᠬᠠᠳᠠᠭᠤ ᠴᠢᠨᠠᠷᠲᠠᠢ ᠪᠠᠷ ᠴᠢᠳᠠᠪᠤᠷᠢᠳᠠᠨ ᠤᠷᠤᠭᠤᠯᠤᠨ ᠠᠪᠴᠢᠷᠠᠬᠤ ᠳᠠᠭᠠᠨ᠂ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠴᠢᠳᠠᠪᠤᠷᠢᠳᠠᠨ ᠤᠷᠤᠭᠤᠯᠤᠨ ᠠᠪᠴᠢᠷᠠᠬᠤ ᠲᠤᠰᠬᠠᠢ ᠠᠵᠢᠯ ᠤᠨ ᠪᠠᠶᠢᠷᠢ ᠶᠢᠨ ᠬᠡᠯᠡᠯᠴᠡᠭᠡᠷ ᠲᠤᠭᠳᠠᠨ᠎ᠠ᠃ ᠮᠠᠨ ᠤ ᠤᠷᠤᠨ ᠤ ᠨᠦᠬᠦᠴᠡᠯ ᠳᠤ ᠨᠡᠶᠢᠴᠡᠭᠰᠡᠨ ᠴᠢᠳᠠᠪᠤᠷᠢᠳᠠᠨ ᠤᠷᠤᠭᠤᠯᠤᠨ ᠠᠪᠴᠢᠷᠠᠬᠤ ᠳᠠᠭᠠᠨ ᠲᠤᠬᠠᠢ ᠶᠢᠨ ᠪᠠᠶᠢᠭᠤᠯᠭ᠎ᠠ ᠯᠤᠭ᠎ᠠ ᠪᠠᠨ ᠲᠤᠰᠬᠠᠢ ᠠᠵᠢᠯ ᠤᠨ ᠪᠠᠶᠢᠷᠢ ᠶᠢᠨ ᠤᠷᠢᠵᠤ ᠬᠡᠷᠡᠭᠯᠡᠬᠦ ᠬᠡᠯᠡᠯᠴᠡᠭᠡᠷ ᠲᠤᠬᠢᠷᠠᠯᠴᠠᠨ᠎ᠠ᠃ ᠲᠤᠰᠬᠠᠢ ᠠᠵᠢᠯ ᠤᠨ ᠪᠠᠶᠢᠷᠢ ᠶᠢᠨ ᠬᠡᠯᠡᠯᠴᠡᠭᠡᠷ ᠲᠤ ᠠᠵᠢᠯ ᠤᠨ ᠶᠡᠷᠦᠩᠬᠡᠢ ᠬᠠᠷᠠᠯᠳᠠ᠂ ᠲᠤᠬᠠᠢ ᠶᠢᠨ ᠬᠢᠷᠢ ᠲᠦᠪᠰᠢᠨ ᠯᠦᠭᠡ ᠬᠠᠷᠠᠭᠠᠯᠵᠠᠭᠰᠠᠨ ᠰᠤᠳᠤᠯᠭ᠎ᠠ ᠬᠢᠵᠦ ᠵᠢᠭᠠᠨ ᠰᠤᠷᠭᠠᠬᠤ ᠡᠭᠦᠷᠭᠡ᠂ ᠤᠷᠢᠵᠤ ᠬᠡᠷᠡᠭᠯᠡᠬᠦ ᠬᠤᠭᠤᠴᠠᠭ᠎ᠠ᠂ ᠬᠦᠯᠦᠰᠤ ᠤᠯᠭᠤᠮᠵᠢ ᠵᠡᠷᠭᠡ ᠠᠭᠤᠯᠭ᠎ᠠ ᠶᠢ ᠬᠡᠯᠡᠯᠴᠡᠨ ᠲᠤᠬᠢᠷᠠᠯᠴᠠᠪᠠᠯ ᠵᠤᠬᠢᠨ᠎ᠠ᠃
     ᠠᠷᠪᠠᠨ ᠲᠠᠪᠤᠳᠤᠭᠠᠷ ᠵᠦᠢᠯ  ᠲᠤᠰᠬᠠᠢ ᠠᠵᠢᠯ ᠤᠨ ᠪᠠᠶᠢᠷᠢ ᠶᠢᠨ ᠴᠢᠳᠠᠪᠤᠷᠢᠳᠠᠨ ᠤᠷᠢᠵᠤ ᠬᠡᠷᠡᠭᠯᠡᠬᠦ ᠬᠡᠯᠡᠯᠴᠡᠭᠡᠷ ᠨᠢ ᠡᠷᠬᠡᠪᠰᠢ ︽ᠴᠢᠳᠠᠪᠤᠷᠢᠳᠠᠨ ᠤᠷᠤᠭᠤᠯᠤᠨ ᠠᠪᠴᠢᠷᠠᠵᠤ ᠬᠡᠷᠡᠭᠯᠡᠬᠦ ᠠᠵᠢᠯ ᠤᠨ ᠠᠯᠪᠠᠨ ᠭᠡᠷ︾ ᠤᠨ ᠵᠤᠬᠢᠶᠠᠨ ᠪᠠᠶᠢᠭᠤᠯᠤᠭᠰᠠᠨ ᠲᠤᠰᠬᠠᠢ ᠮᠡᠷᠭᠡᠵᠢᠯᠳᠡᠨ ᠤ ᠦᠨᠡᠯᠡᠯᠲᠡ ᠶᠢ ᠦᠡᠭᠭᠡᠷᠡᠭᠦᠯᠦᠭᠰᠡᠨ ᠤ ᠲᠠᠷᠠᠭ᠎ᠠ ᠰᠠᠶ᠋ᠢ ᠤᠷᠢᠵᠤ ᠬᠡᠷᠡᠭᠯᠡᠬᠦ ᠬᠤᠭᠤᠴᠠᠭᠠᠨ ᠳᠠᠬᠢ ᠰᠤᠳᠤᠯᠭᠠᠨ ᠤ ᠲᠡᠮᠵᠢᠯᠭᠡ᠂ ᠠᠵᠢᠯ ᠤᠨ ᠪᠠᠶᠢᠷᠢ ᠶᠢᠨ ᠬᠦᠬᠢᠭᠦᠯᠦᠯ ᠵᠡᠷᠭᠡ ᠬᠠᠷᠠᠭᠠᠯᠵᠠᠯ ᠢ ᠬᠦᠷᠳᠡᠨ᠎ᠡ᠃
     ᠠᠷᠪᠠᠨ ᠵᠢᠷᠭᠤᠳᠤᠭᠠᠷ ᠵᠦᠢᠯ  ᠠᠵᠢᠯ ᠦᠢᠯᠡᠰ  ᠤᠨ ᠨᠢᠭᠡᠴᠡ ᠶᠢᠨ ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠨᠢ ᠤᠷᠢᠵᠤ ᠬᠡᠷᠡᠭᠯᠡᠬᠦ ᠬᠤᠭᠤᠴᠠᠭᠠᠨ ᠲᠤᠲᠤᠷ᠎ᠠ ᠰᠤᠳᠤᠯᠭᠠᠨ ᠤ ᠠᠵᠢᠯ ᠤᠨ ᠱᠠᠭᠠᠷᠳᠠᠯᠭ᠎ᠠ ᠲᠠᠢ ᠪᠤᠯ᠂ ᠲᠤᠤᠷᠠᠬᠢ ᠮᠡᠲᠤ ᠪᠠᠷᠢᠮᠵᠢᠶ᠎ᠠ ᠪᠠᠷ ᠰᠤᠳᠤᠯᠭᠠᠨ ᠤ ᠠᠵᠢᠯ ᠤᠨ ᠵᠠᠷᠤᠳᠠᠯ ᠤᠨ ᠲᠡᠮᠵᠢᠯᠭᠡ ᠤᠯᠭᠤᠨ᠎ᠠ᠄
     ᠨᠢᠭᠡᠳᠦᠭᠡᠷ ᠲᠦᠷᠦᠯ ᠤᠨ ᠴᠢᠳᠠᠪᠤᠷᠢᠳᠠᠨ᠂ ᠡᠬᠢᠨ ᠤ ᠵᠢᠯ ᠳᠤ 1 ᠳ᠋ᠦᠡᠭᠰᠢᠭᠤᠷ ᠲᠦᠭᠦᠷᠢᠭ  ᠤᠨ ᠲᠤᠷᠰᠢᠯᠳᠠ ᠶᠢᠨ ᠲᠠᠰᠤᠭ ᠪᠠᠶᠢᠭᠤᠯᠬᠤ ᠵᠢᠴᠢ ᠰᠤᠳᠤᠯᠭᠠᠨ ᠳᠤ ᠬᠡᠷᠡᠭᠯᠡᠬᠦ ᠵᠠᠷᠤᠳᠠᠯ ᠤᠯᠭᠤᠵᠤ᠂ ᠬᠤᠶᠠᠳᠠᠬᠢ ᠵᠢᠯ ᠠᠴᠠ ᠡᠬᠢᠯᠡᠨ 5 ᠵᠢᠯ ᠤᠨ ᠲᠤᠳᠤᠷ᠎ᠠ ᠵᠢᠯ ᠪᠦᠷᠢ 1000 ᠲᠦᠮᠡᠨ ᠲᠦᠭᠦᠷᠢᠭ ᠤᠯᠭᠤᠨ᠎ᠠ᠃
     ᠬᠤᠶᠠᠳᠤᠭᠠᠷ ᠲᠦᠷᠦᠯ ᠤᠨ ᠴᠢᠳᠠᠪᠤᠷᠢᠳᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 5000 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 500 ᠲᠦᠮᠡᠨ ᠲᠦᠭᠦᠷᠢᠭ ᠤᠯᠭᠤᠨ᠎ᠠ᠃
     ᠭᠤᠷᠪᠠᠳᠤᠭᠠᠷ ᠲᠦᠷᠦᠯ ᠤᠨ ᠴᠢᠳᠠᠪᠤᠷᠢᠳᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 1000 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 300 ᠲᠦᠮᠡᠨ ᠲᠦᠭᠦᠷᠢᠭ ᠤᠯᠭᠤᠨ᠎ᠠ᠃
     ᠲᠦᠷᠪᠡᠳᠦᠭᠡᠷ ᠲᠦᠷᠦᠯ ᠤᠨ ᠴᠢᠳᠠᠪᠤᠷᠢᠳᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 500 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 150 ᠲᠦᠮᠡᠨ ᠲᠦᠭᠦᠷᠢᠭ ᠤᠯᠭᠤᠨ᠎ᠠ᠃
     ᠲᠠᠪᠤᠳᠤᠭᠠᠷ ᠲᠦᠷᠦᠯ ᠤᠨ ᠴᠢᠳᠠᠪᠤᠷᠢᠳᠠᠨ᠂ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 150 ᠠᠴᠠ 300 ᠲᠦᠮᠡᠨ ᠲᠦᠭᠦᠷᠢᠭ ᠤᠯᠭᠤᠨ᠎ᠠ︔ ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠳᠠᠪᠤᠷᠢᠳᠠᠨ ᠳᠤ 50 ᠠᠴᠠ 100 ᠲᠦᠮᠡᠨ ᠲᠦᠭᠦᠷᠢᠭ ᠤᠯᠭᠤᠨ᠎ᠠ᠃
     ᠵᠢᠷᠭᠤᠳᠤᠭᠠᠷ ᠲᠦᠷᠦᠯ ᠤᠨ ᠴᠢᠳᠠᠪᠤᠷᠢᠳᠠᠨ᠂ 50 ᠲᠦᠮᠡᠨ ᠲᠦᠭᠦᠷᠢᠭ ᠤᠯᠭᠤᠨ᠎ᠠ᠃
     ᠲᠤᠯᠤᠳᠤᠭᠠᠷ ᠲᠦᠷᠦᠯ ᠤᠨ ᠴᠢᠳᠠᠪᠤᠷᠢᠳᠠᠨ᠂ 20 ᠲᠦᠮᠡᠨ ᠲᠦᠭᠦᠷᠢᠭ ᠤᠯᠭᠤᠨ᠎ᠠ᠃
     ᠠᠷᠪᠠᠨ ᠲᠤᠯᠤᠳᠤᠭᠠᠷ ᠵᠦᠢᠯ  ᠠᠵᠢᠯ ᠦᠢᠯᠡᠰ ᠤᠨ ᠨᠢᠭᠡᠴᠡ ᠶᠢᠨ ᠤᠶᠠᠨ ᠴᠢᠨᠠᠷᠲᠠᠢ ᠪᠠᠷ ᠤᠷᠤᠭᠤᠯᠵᠤ ᠠᠪᠴᠢᠷᠠᠬᠰᠠᠨ ᠴᠢᠳᠠᠪᠤᠷᠢᠳᠠᠨ ᠢ ᠲᠤᠤᠷᠠᠬᠢ ᠪᠠᠷᠢᠮᠵᠢᠶ᠎ᠠ ᠪᠠᠷ ᠤᠷᠢᠵᠤ ᠬᠡᠷᠡᠭᠯᠡᠭᠰᠡᠨ ᠪᠠᠶᠢᠭᠤᠯᠭ᠎ᠠ ᠳᠤ ᠠᠵᠢᠯ ᠤᠨ ᠵᠠᠷᠤᠳᠠᠯ ᠰᠦᠢᠳᠭᠡᠯ ᠤᠨ ᠲᠡᠮᠵᠢᠯᠭᠡ ᠤᠯᠭᠤᠨ᠎ᠠ᠄
     ︵ᠨᠢᠭᠡ︶ ᠨᠢᠭᠡᠳᠦᠭᠡᠷ ᠲᠦᠷᠦᠯ ᠤᠨ ᠴᠢᠳᠠᠪᠤᠷᠢᠳᠠᠨ᠂ ᠵᠢᠯ ᠪᠦᠷᠢ 30 ᠲᠦᠮᠡᠨ ᠲᠦᠭᠦᠷᠢᠭ ᠤᠯᠭᠤᠨ᠎ᠠ᠃
     ︵ᠬᠤᠶᠠᠷ︶ ᠬᠤᠶᠠᠳᠤᠭᠠᠷ ᠲᠦᠷᠦᠯ ᠤᠨ ᠴᠢᠳᠠᠪᠤᠷᠢᠳᠠᠨ᠂ ᠵᠢᠯ ᠪᠦᠷᠢ 20 ᠲᠦᠮᠡᠨ ᠲᠦᠭᠦᠷᠢᠭ ᠤᠯᠭᠤᠨ᠎ᠠ᠃     ︵ᠭᠤᠷᠪᠠ︶ ᠭᠤᠷᠪᠠᠳᠤᠭᠠᠷ᠂ ᠲᠦᠷᠪᠡᠳᠦᠭᠡᠷ ᠲᠦᠷᠦᠯ ᠤᠨ ᠴᠢᠳᠠᠪᠤᠷᠢᠳᠠᠨ᠂ ᠵᠢᠯ ᠪᠦᠷᠢ 15 ᠲᠦᠮᠡᠨ ᠲᠦᠭᠦᠷᠢᠭ ᠤᠯᠭᠤᠨ᠎ᠠ᠃
     ︵ᠲᠦᠷᠪᠡ︶ ᠲᠠᠪᠤᠳᠤᠭᠠᠷ᠂ ᠵᠢᠷᠭᠤᠳᠤᠭᠠᠷ ᠲᠦᠷᠦᠯ ᠤᠨ ᠴᠢᠳᠠᠪᠤᠷᠢᠳᠠᠨ᠂ ᠵᠢᠯ ᠪᠦᠷᠢ 10 ᠲᠦᠮᠡᠨ ᠲᠦᠭᠦᠷᠢᠭ ᠤᠯᠭᠤᠨ᠎ᠠ᠃
     ᠠᠷᠪᠠᠨ ᠨᠠᠢᠮᠠᠳᠤᠭᠠᠷ ᠵᠦᠢᠯ  ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠨᠢᠭᠡ ᠠᠴᠠ ᠲᠦᠷᠪᠡᠳᠦᠭᠡᠷ ᠲᠦᠷᠦᠯ ᠤᠨ ᠴᠢᠳᠠᠪᠤᠷᠢᠳᠠᠨ ᠢ ᠰᠢᠭᠤᠳ ᠦᠪᠡᠷᠲᠡᠭᠡᠨ ᠵᠠᠰᠠᠬᠤ ᠤᠷᠤᠨ ᠤ ︽ᠲᠠᠯ᠎ᠠ ᠨᠤᠲᠤᠭ ᠤᠨ ᠰᠤᠳᠤᠨ ᠴᠢᠳᠠᠪᠤᠷᠢᠳᠠᠨ︾ ᠢᠶᠠᠷ ᠨᠡᠷᠡᠶᠢᠳᠴᠤ᠂ ᠬᠠᠮᠢᠶ᠎ᠠ ᠪᠦᠬᠦᠢ ᠱᠠᠩᠨᠠᠯ ᠬᠦᠭᠢᠭᠦᠯᠦᠯ ᠤᠨ ᠲᠦᠷᠦ ᠶᠢᠨ ᠪᠤᠳᠤᠯᠭ᠎ᠠ ᠶᠢ ᠬᠦᠷᠳᠡᠭᠡᠨ᠎ᠡ᠃
     ᠠᠷᠪᠠ ᠶᠢᠰᠦᠳᠤᠭᠡᠷ ᠵᠦᠢᠯ  ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠨᠢ ᠮᠠᠨ ᠤ ᠤᠷᠤᠨ ᠤ ᠤᠨᠴᠠᠯᠢᠬᠲᠤ ᠲᠠᠪᠠᠭᠤᠯᠢᠭ ᠠᠵᠤ ᠦᠢᠯᠡᠰ ᠪᠠ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠱᠠᠭᠠᠷᠳᠠᠯᠭ᠎ᠠ ᠳᠤ ᠨᠡᠶᠢᠴᠡᠵᠦ᠂ ᠰᠤᠳᠤᠯᠭᠠᠨ ᠬᠢᠬᠦ ᠪᠠ ᠦᠢᠯᠡᠳᠪᠦᠷᠢᠯᠡᠯ ᠤᠨ ᠲᠤᠮᠳᠠ ᠴᠢᠬᠤᠯᠠ ᠬᠦᠴᠤᠨ ᠵᠢᠳᠬᠦᠯ ᠭᠠᠷᠭᠠᠭᠰᠠᠨ ᠪᠠᠶᠢᠪᠠᠯ᠂ ᠲᠡᠭᠦᠨ ᠢ ᠮᠠᠨ ᠤ ᠤᠷᠤᠨ ᠤ ᠲᠤᠯᠭᠠᠮ᠎ᠠ ᠱᠠᠭᠠᠷᠳᠠᠭᠳᠠᠵᠤ ᠪᠠᠶᠢᠬᠤ ᠲᠡᠭᠡᠲᠤ ᠲᠡᠰ ᠤᠨ ᠴᠢᠳᠠᠪᠤᠷᠢᠳᠠᠨ ᠳᠤ ᠲᠤᠭᠠᠴᠠᠵᠤ᠂ ᠲᠤᠰᠠᠭᠠᠷ ᠵᠦᠪᠯᠡᠬᠦ ᠬᠡᠯᠪᠡᠷᠢ ᠪᠠᠷ ᠲᠠᠮᠵᠢᠭᠤᠯᠤᠨ ᠨᠡᠩ ᠦᠨᠳᠦᠷ ᠰᠤᠳᠤᠯᠭᠠᠨ ᠤ ᠪᠠ ᠠᠵᠢᠯ ᠤᠨ ᠵᠠᠷᠤᠳᠠᠯ ᠰᠦᠢᠳᠭᠡᠯ ᠤᠨ ᠲᠡᠮᠵᠢᠯᠭᠡ ᠤᠯᠭᠤᠨ᠎ᠠ᠃


       ᠲᠠᠪᠤᠳᠤᠭᠠᠷ ᠪᠦᠯᠦᠭ  ᠬᠦᠯᠦᠰᠦ ᠤᠯᠭᠤᠮᠵᠢ ᠪᠠ ᠪᠠᠳᠤᠯᠠᠭ᠎ᠠ


     ᠬᠤᠷᠢᠳᠤᠭᠠᠷ ᠵᠦᠢᠯ   ᠮᠡᠳᠡᠯᠭᠡ ᠶᠢᠨ ᠦᠷᠳᠡᠭ ᠢ ᠲᠤᠪᠤᠶᠢᠯᠭᠠᠭᠰᠠᠨ ᠴᠠᠯᠢᠩ ᠬᠦᠯᠦᠰᠤ ᠶᠢᠨ
ᠬᠤᠪᠢᠶᠠᠷᠢᠯᠠᠯᠲᠠ ᠶᠢᠨ ᠰᠢᠰᠲ᠋ᠧᠮ ᠢ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠮᠵᠢ ᠶᠢ ᠱᠠᠩᠨᠠᠯ ᠬᠦᠭᠢᠭᠦᠯᠦᠯ ᠤᠨ ᠬᠡᠯᠪᠡᠷᠢ ᠪᠠᠷ ᠨᠠᠶᠢᠳᠠᠪᠤᠷᠢᠵᠢᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠳᠤ ᠵᠢᠯ ᠤᠨ ᠴᠠᠯᠢᠩ ᠤᠨ ᠲᠦᠷᠢᠮ᠂ ᠬᠡᠯᠡᠯᠴᠡᠭᠡᠷ ᠢᠶᠠᠷ ᠲᠤᠬᠢᠷᠠᠯᠴᠠᠭᠰᠠᠨ ᠴᠠᠯᠢᠩ ᠤᠨ ᠲᠦᠷᠢᠮ ᠵᠡᠷᠭᠡ ᠶᠢ ᠬᠡᠷᠡᠭᠵᠢᠭᠦᠯᠵᠦ᠂ ᠪᠠᠶᠢᠭᠤᠯᠭ᠎ᠠ ᠶᠢᠨ ᠠᠵᠢᠯ ᠤᠨ ᠪᠦᠲᠦᠮᠵᠢ ᠶᠢᠨ ᠶᠡᠷᠦᠩᠬᠡᠢ ᠬᠡᠮᠵᠢᠶᠡᠨ ᠳᠤ ᠪᠤᠳᠤᠵᠤ ᠤᠷᠤᠭᠤᠯᠬᠤ ᠦᠭᠡᠢ᠃
     ᠬᠤᠷᠢᠨ ᠨᠢᠭᠡᠳᠦᠭᠡᠷ ᠵᠦᠢᠯ ᠠᠵᠢᠯ ᠦᠢᠯᠡᠰ ᠤᠨ ᠨᠢᠭᠡᠴᠡ ᠶᠢᠨ ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠨᠢᠭᠡ ᠠᠴᠠ ᠲᠤᠯᠤᠳᠤᠭᠠᠷ ᠲᠦᠷᠦᠯ ᠤᠨ ᠴᠢᠳᠠᠪᠤᠷᠢᠳᠠᠨ᠂ ᠲᠤᠰᠬᠠᠢ ᠠᠵᠢᠯ ᠤᠨ ᠪᠠᠶᠢᠷᠢ ᠶᠢᠨ ᠤᠷᠢᠵᠤ ᠬᠡᠷᠡᠭᠯᠡᠭᠰᠡᠨ ᠬᠡᠯᠡᠯᠴᠡᠭᠡᠷ ᠲᠤᠬᠢᠷᠠᠯᠴᠠᠬᠤ ᠶᠢᠨ ᠬᠠᠮᠲᠤ ︽ᠴᠢᠳᠠᠪᠤᠷᠢᠳᠠᠨ ᠤᠷᠤᠭᠤᠯᠤᠨ ᠠᠪᠴᠢᠷᠠᠬᠤ ᠠᠵᠢᠯ ᠤᠨ ᠠᠯᠪᠠᠨ ᠭᠡᠷ︾ ᠤᠨ ᠬᠢᠨᠠᠨ ᠰᠢᠯᠭᠠᠯᠲᠠ ᠶᠢ ᠦᠡᠭᠭᠡᠷᠡᠭᠦᠯᠦᠭᠰᠡᠨ ᠤ ᠲᠠᠷᠠᠭ᠎ᠠ᠂ ᠤᠷᠢᠵᠤ ᠬᠡᠷᠡᠭᠯᠡᠬᠦ ᠬᠤᠭᠤᠴᠠᠭᠠᠨ ᠳᠤ ᠲᠤᠤᠷᠠᠬᠢ ᠪᠠᠷᠢᠮᠵᠢᠶ᠎ᠡ ᠶᠢ ᠦᠨᠳᠦᠰᠦᠯᠡᠨ ᠵᠢᠯ ᠤᠨ ᠴᠠᠯᠢᠩ ᠪᠤᠶᠤ ᠤᠷᠤᠨ ᠰᠠᠭᠤᠴᠠ ᠶᠢᠨ ᠨᠦᠬᠦᠪᠦᠷᠢ ᠬᠦᠷᠳᠡᠭᠡᠨ᠎ᠡ᠃ ᠤᠷᠤᠨ ᠰᠠᠭᠤᠴᠠ ᠶᠢᠨ ᠨᠦᠬᠦᠪᠦᠷᠢ ᠬᠦᠷᠳᠡᠬᠦ ᠳᠤ᠂ ᠵᠠᠪᠠᠯ ᠤᠷᠤᠭᠤᠯᠤᠨ ᠠᠪᠴᠢᠷᠠᠬᠰᠠᠨ ᠪᠠᠶᠢᠭᠤᠯᠭ᠎ᠠ ᠶᠢᠨ ᠰᠠᠭᠤᠭ᠎ᠠ ᠭᠠᠵᠠᠷ ᠲᠤ ᠬᠤᠪᠢ ᠶᠢᠨ ᠪᠤᠰᠤ ᠤᠷᠤᠨ ᠰᠠᠭᠤᠴᠠ ᠪᠠᠶᠢᠵᠤ᠂ ᠪᠤᠲᠠᠲᠠᠢ ᠪᠠᠷᠢᠮᠵᠢᠶ᠎ᠡ ᠶᠢ ᠠᠵᠢᠯᠳᠠᠨ ᠬᠡᠷᠡᠭᠯᠡᠬᠦ ᠪᠠᠶᠢᠭᠤᠯᠭ᠎ᠠ ᠨᠢᠭᠡᠴᠡ ᠪᠠ ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠵᠦᠪᠳᠡᠯᠴᠡᠨ ᠲᠤᠭᠳᠠᠨ᠎ᠠ᠃
     ᠨᠢᠭᠡᠳᠦᠭᠡᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 200 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶
     ᠬᠤᠶᠠᠳᠤᠭᠠᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 150 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶
     ᠭᠤᠷᠪᠠᠳᠤᠭᠠᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 80 ᠠᠴᠠ 150 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶
     ᠲᠦᠷᠪᠡᠳᠦᠭᠡᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 50 ᠠᠴᠠ 80 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶
     ᠲᠠᠪᠤᠳᠤᠭᠠᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 30 ᠠᠴᠠ 50 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶
     ᠵᠢᠷᠭᠤᠳᠤᠭᠠᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 30 ᠠᠴᠠ 50 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶
     ᠲᠤᠯᠤᠳᠤᠭᠠᠷ ᠲᠦᠷᠦᠯ ᠤᠨ ᠴᠢᠳᠠᠪᠤᠷᠢᠳᠠᠨ᠂ ᠭᠠᠶᠢᠯᠢ ᠬᠤᠷᠢᠶᠠᠬᠤ ᠠᠴᠠ ᠡᠮᠦᠨᠡᠬᠢ ᠵᠢᠯ ᠤᠨ ᠴᠠᠯᠢᠩ 10 ᠠᠴᠠ 30 ᠲᠦᠮᠡᠨ ᠲᠦᠭᠦᠷᠢᠭ +N ︵ᠤᠷᠤᠨ ᠰᠠᠭᠤᠴᠠ ᠶᠢᠨ ᠨᠦᠬᠦᠪᠦᠷᠢ︶
     ᠬᠤᠷᠢᠨ ᠬᠤᠶᠠᠳᠤᠭᠠᠷ ᠵᠦᠢᠯ  ᠮᠠᠨ ᠤ ᠤᠷᠤᠨ ᠳᠤ ᠤᠷᠤᠭᠤᠯᠤᠨ ᠠᠪᠴᠢᠷᠠᠬᠰᠠᠨ ᠲᠡᠭᠡᠲᠤ ᠲᠡᠰ ᠤᠨ ᠴᠢᠳᠠᠪᠤᠷᠢᠳᠠᠨ᠂ ᠲᠤᠬᠠᠢ ᠶᠢᠨ ᠬᠦᠮᠦᠨ ᠢᠶᠠᠷ ᠵᠦᠪᠰᠢᠶᠡᠷᠡᠭᠦᠯᠦᠭᠰᠡᠨ ᠤ ᠲᠠᠷᠠᠭ᠎ᠠ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠠᠴᠠ ︽ᠤᠨᠴᠠ ᠤᠷᠢᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ ᠵᠦᠪᠯᠡᠭᠴᠢ︾ ᠪᠠᠷ ᠤᠷᠢᠵᠤ ᠪᠤᠯᠤᠨ᠎ᠠ᠃
     ᠬᠤᠷᠢᠨ ᠭᠤᠷᠪᠠᠳᠤᠭᠠᠷ ᠵᠦᠢᠯ  ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠨᠢ ᠲᠤᠰᠬᠠᠢ ᠮᠡᠷᠭᠡᠵᠢᠯ ᠤᠨ ᠬᠢᠷᠢ ᠬᠡᠮ ᠦᠭᠡᠢ ᠪᠤᠯ᠂ ᠤᠷᠤᠭᠤᠯᠤᠨ ᠠᠪᠴᠢᠷᠠᠬᠰᠠᠨ ᠪᠠᠶᠢᠭᠤᠯᠭ᠎ᠠ ᠨᠢ ᠲᠡᠭᠦᠨ ᠤ ᠠᠵᠢᠯ ᠤᠨ ᠪᠦᠲᠦᠮᠵᠢ᠂ ᠲᠤᠷᠰᠢᠯᠭ᠎ᠠ ᠶᠢ ᠦᠨᠳᠦᠰᠦᠯᠡᠨ ᠰᠢᠭᠤᠳ ᠲᠤᠰᠬᠠᠢ ᠮᠡᠷᠭᠡᠵᠢᠯ ᠤᠨ ᠬᠢᠷᠢ ᠬᠡᠮ ᠲᠤᠭᠳᠠᠭᠠᠬᠤ ᠪᠠ ᠲᠤᠰᠬᠠᠢ ᠮᠡᠷᠭᠡᠵᠢᠯ ᠤᠨ ᠠᠵᠢᠯ ᠤᠨ ᠪᠠᠶᠢᠷᠢ ᠳᠤ ᠤᠷᠢᠨ ᠬᠡᠷᠡᠭᠯᠡᠬᠦ ᠶᠢᠨ ᠬᠠᠮᠲᠤ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠪᠤᠷᠢ ᠶᠢᠨ ᠰᠠᠯᠠᠭ᠎ᠠ ᠮᠦᠴᠢᠷ ᠲᠤ ᠲᠠᠩᠰᠠᠯᠠᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠨᠢᠭᠡ ᠠᠴᠠ ᠵᠢᠷᠭᠤᠳᠤᠭᠠᠷ ᠲᠦᠷᠦᠯ ᠤᠨ ᠴᠢᠳᠠᠪᠤᠷᠢᠳᠠᠨ ᠳᠤ ᠬᠠᠷᠠᠭᠠᠯᠵᠠᠭᠰᠠᠨ ᠬᠤᠭᠤᠰᠤᠨ ᠠᠵᠢᠯ ᠤᠨ ᠪᠠᠶᠢᠷᠢ ᠦᠭᠡᠢ ᠪᠤᠯ᠂ ᠤᠨᠴᠠ ᠠᠵᠢᠯ ᠤᠨ ᠪᠠᠶᠢᠷᠢ ᠲᠤᠬᠢᠷᠠᠭᠤᠯᠬᠤ ᠪᠠᠷ ᠲᠠᠮᠵᠢᠨ ᠤᠷᠢᠵᠤ ᠬᠡᠷᠡᠭᠯᠡᠪᠡᠯ ᠵᠤᠬᠢᠨ᠎ᠠ᠃ ᠠᠵᠢᠯ ᠦᠢᠯᠡᠰ ᠤᠨ ᠨᠢᠭᠡᠴᠡ ᠶᠢᠨ ᠬᠠᠳᠠᠭᠤ ᠴᠢᠨᠠᠷᠲᠠᠢ ᠪᠠᠷ ᠤᠷᠤᠭᠤᠯᠤᠨ ᠠᠪᠴᠢᠷᠠᠬᠰᠠᠨ ᠴᠢᠳᠠᠪᠤᠷᠢᠳᠠᠨ ᠯᠤᠭ᠎ᠠ ᠲᠤᠰᠬᠠᠢ ᠠᠵᠢᠯ ᠤᠨ ᠪᠠᠶᠢᠷᠢ ᠶᠢᠨ ᠬᠡᠯᠡᠯᠴᠡᠭᠡᠷ ᠲᠤᠭᠳᠠᠬᠤ ᠳᠠᠭᠠᠨ᠂ ᠤᠷᠢᠵᠤ ᠬᠡᠷᠡᠭᠯᠡᠬᠦ ᠬᠤᠭᠤᠴᠠᠭᠠᠨ ᠳᠤ ᠵᠠᠰᠠᠭ ᠵᠠᠬᠢᠷᠭᠠᠨ ᠤ ᠤᠳᠤᠷᠢᠳᠤᠯᠭ᠎ᠠ ᠶᠢᠨ ᠲᠤᠰᠢᠶᠠᠯ ᠢ ᠬᠠᠷᠢᠭᠤᠴᠠᠵᠤ ᠪᠤᠯᠬᠤ ᠦᠭᠡᠢ᠃ ᠬᠡᠷᠪᠡ ᠵᠠᠰᠠᠬ ᠵᠠᠬᠢᠷᠭᠠᠨ ᠤ ᠤᠳᠤᠷᠢᠳᠬᠤ ᠲᠤᠰᠢᠶᠠᠯ ᠢ ᠬᠠᠷᠢᠭᠤᠴᠠᠪᠠᠯ ᠡᠷᠬᠡᠪᠰᠢ ᠤᠷᠢᠵᠤ ᠬᠡᠷᠡᠭᠯᠡᠬᠦ ᠬᠡᠯᠡᠯᠴᠡᠭᠡᠷ ᠢ ᠵᠤᠭᠰᠤᠭᠠᠬᠤ ᠬᠡᠷᠡᠭᠲᠡᠢ᠃
     ᠬᠤᠷᠢᠨ ᠲᠦᠷᠪᠡᠳᠦᠬᠡᠷ ᠵᠦᠢᠯ  ᠠᠵᠢᠯ ᠦᠢᠯᠡᠰ ᠤᠨ ᠨᠢᠬᠡᠴᠡ ᠶᠢᠨ ᠪᠠᠳᠤᠳᠠᠢ ᠬᠡᠷᠡᠭᠴᠡᠭᠡ ᠠᠴᠠ ᠪᠤᠯᠵᠤ ᠤᠷᠤᠭᠤᠯᠤᠨ ᠠᠪᠴᠢᠷᠠᠭᠰᠠᠨ ᠨᠢᠬᠡᠳᠦᠬᠡᠷ ᠠᠴᠠ ᠲᠦᠷᠪᠡᠳᠦᠬᠡᠷ ᠲᠦᠷᠦᠯ ᠤᠨ ᠴᠢᠳᠠᠪᠤᠷᠢᠳᠠᠨ ᠤ ᠬᠠᠨᠢ ᠨᠦᠬᠦᠷ ᠲᠤ ᠠᠵᠢᠯ ᠤᠯᠭᠤᠬᠤ ᠱᠠᠭᠠᠷᠳᠠᠯᠭ᠎ᠠ ᠲᠠᠢ ᠪᠤᠯ ᠳᠤᠬᠠᠢ ᠶᠢᠨ ᠭᠠᠵᠠᠷ ᠤᠨ ᠵᠤᠬᠢᠶᠠᠨ ᠪᠠᠶᠢᠭᠤᠯᠤᠯᠳᠠ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠠᠴᠠ ᠠᠵᠢᠯ ᠤᠯᠭᠤᠯᠳᠠ ᠶᠢᠨ ᠠᠰᠠᠭᠤᠳᠠᠯ ᠢ ᠰᠢᠢᠳᠪᠤᠷᠢᠯᠡᠨ᠎ᠡ︔ ᠪᠤᠰᠤᠳ ᠴᠢᠬᠤᠯᠠ ᠬᠡᠷᠡᠭᠴᠡᠭᠡ ᠠᠴᠠ ᠪᠤᠯᠵᠤ ᠤᠷᠤᠭᠤᠯᠤᠨ ᠠᠪᠴᠢᠷᠠᠭᠰᠠᠨ ᠴᠢᠳᠠᠪᠤᠷᠢᠳᠠᠨ ᠤ ᠬᠠᠨᠢ ᠨᠦᠬᠦᠷ ᠲᠤ ᠠᠵᠢᠯ ᠤᠯᠭᠤᠬᠤ ᠱᠠᠭᠠᠷᠳᠠᠯᠭ᠎ᠠ ᠲᠠᠢ ᠪᠦᠬᠡᠳ ᠪᠦᠬᠦᠯᠢ ᠡᠳᠦᠷ ᠤᠨ ᠲᠦᠷᠢᠮᠳᠤ ᠵᠢᠩᠬᠢᠨᠢ ᠠᠩᠬᠢ ᠠᠴᠠ ᠳᠡᠬᠡᠭᠰᠢ ᠰᠤᠷᠤᠯᠭ᠎ᠠ ᠶᠢᠨ ᠨᠠᠮᠳᠠᠷ ᠲᠠᠢ ᠪᠤᠯ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠶᠢᠨ ᠵᠦᠪᠰᠢᠶᠡᠷᠡᠯ ᠢᠶᠠᠷ ᠳᠠᠮᠵᠢᠨ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ ︽ᠰᠠᠭᠠᠳ ᠦᠬᠡᠢ ᠨᠡᠪᠳᠡᠷᠡᠬᠦ ᠵᠠᠮ︾ ᠢᠶᠠᠷ᠂ ᠴᠢᠳᠠᠪᠤᠷᠢᠳᠠᠨ ᠢ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠨᠢᠬᠡᠴᠡ ᠳᠤᠨᠢ ᠲᠦᠪᠬᠢᠨᠡᠬᠦᠯᠵᠦ ᠪᠤᠯᠤᠨ᠎ᠠ᠃
     ᠬᠤᠷᠢᠨ ᠳᠠᠪᠤᠳᠤᠭᠠᠷ ᠵᠦᠢᠯ ᠴᠢᠬᠤᠯᠠ ᠬᠡᠷᠡᠭᠴᠡᠭᠡ ᠠᠴᠠ ᠪᠤᠯᠵᠤ ᠤᠷᠤᠭᠤᠯᠤᠨ ᠠᠪᠴᠢᠷᠠᠭᠰᠠᠨ ᠨᠢᠬᠡᠳᠦᠬᠡᠷ ᠠᠴᠠ ᠵᠢᠷᠭᠤᠳᠤᠭᠠᠷ ᠲᠦᠷᠦᠯ ᠤᠨ ᠴᠢᠳᠠᠪᠤᠷᠢᠳᠠᠨ ᠤ ᠦᠷ᠎ᠠ ᠬᠡᠦᠬᠡᠳ ᠨᠢ ᠮᠠᠨ ᠤ ᠤᠷᠤᠨ ᠳᠤ ᠰᠤᠷᠭᠠᠭᠤᠯᠢ ᠳᠤ ᠰᠠᠭᠤᠬᠤ ᠱᠠᠭᠠᠷᠳᠠᠯᠭ᠎ᠠ ᠲᠠᠢ ᠪᠤᠯ᠂ ᠤᠷᠤᠭᠤᠯᠤᠨ ᠠᠪᠴᠢᠷᠠᠭᠰᠠᠨ ᠪᠠᠶᠢᠭᠤᠯᠭ᠎ᠠ ᠨᠢᠬᠡᠴᠡ ᠶᠢᠨ ᠪᠠᠶᠢᠭ᠎ᠠ ᠭᠠᠵᠠᠷ ᠤᠨ ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠳᠤ ᠰᠤᠷᠤᠯᠴᠠᠵᠤ ᠪᠤᠯᠤᠨ᠎ᠠ᠂ ᠴᠢᠳᠠᠪᠤᠷᠢᠳᠠᠨ ᠢ ᠤᠷᠤᠭᠤᠯᠤᠨ ᠠᠪᠴᠢᠷᠠᠭᠰᠠᠨ  ᠪᠠᠶᠢᠭᠤᠯᠭ᠎ᠠ ᠨᠢᠬᠡᠴᠡ ᠶᠢᠨ ᠪᠠᠶᠢᠭ᠎ᠠ ᠭᠠᠵᠠᠷ ᠤᠨ ᠠᠶᠢᠮᠠᠭ ᠬᠤᠳᠠ ᠶᠢᠨ ᠰᠤᠷᠭᠠᠨ ᠬᠦᠮᠦᠵᠢᠯ ᠤᠨ ᠵᠠᠰᠠᠭ ᠵᠠᠬᠢᠷᠭᠠᠨ ᠤ ᠭᠤᠤᠯ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠰᠤᠷᠭᠠᠭᠤᠯᠢ ᠳᠤ ᠤᠷᠤᠬᠤ ᠭᠠᠷ ᠬᠦᠢᠴᠡᠳᠬᠡᠯ ᠢ ᠬᠠᠷᠢᠭᠤᠴᠠᠨ᠎ᠠ᠃
     ᠬᠤᠷᠢᠨ ᠵᠢᠷᠭᠤᠳᠤᠭᠠᠷ ᠵᠦᠢᠯ  ᠡᠯ᠎ᠠ ᠭᠠᠵᠠᠷ ᠤᠨ ᠴᠢᠳᠠᠪᠤᠷᠢᠳᠠᠨ ᠤ ᠪᠠᠶᠢᠷᠢ ᠶᠢᠨ ᠠᠰᠠᠷ ᠪᠠᠶᠢᠭᠤᠯᠬᠤ‌‍ᠶᠢ ᠵᠤᠷᠢᠭᠵᠢᠭᠤᠯᠵᠤ᠂ ᠤᠷᠤᠭᠤᠯᠤᠨ ᠠᠪᠴᠢᠷᠠᠭᠰᠠᠨ ᠳᠡᠬᠡᠳᠤ ᠳᠡᠰ ᠤᠨ ᠴᠢᠳᠠᠪᠤᠷᠢᠳᠠᠨ ᠤ ᠲᠦᠷᠢᠶᠡᠰᠦᠯᠡᠨ ᠰᠠᠭᠤᠬᠤ ᠳᠤ ᠨᠦᠬᠦᠴᠡᠯ ᠬᠠᠩᠭᠠᠨ᠎ᠠ᠃ ᠪᠠᠳᠤᠳᠠᠢ ᠬᠡᠷᠡᠭᠴᠡᠭᠡ ᠠᠴᠠ ᠪᠤᠯᠵᠤ ᠤᠷᠤᠭᠤᠯᠤᠨ ᠠᠪᠴᠢᠷᠠᠭᠰᠠᠨ ᠴᠢᠳᠠᠪᠤᠷᠢᠳᠠᠨ ᠨᠢ ᠪᠠᠶᠢᠭᠤᠯᠭ᠎ᠠ ᠨᠢᠬᠡᠴᠡ ᠶᠢᠨ ᠪᠠᠶᠢᠭ᠎ᠠ ᠭᠠᠵᠠᠷ ᠴᠢᠯᠦᠬᠡᠳᠤ ᠤᠷᠤᠨ ᠰᠠᠭᠤᠴᠠ ᠦᠬᠡᠢ ᠪᠤᠯ᠂ ᠳᠤᠬᠠᠢ ᠶᠢᠨ ᠭᠠᠵᠠᠷ ᠤᠨ ᠡᠳ᠋ ᠤᠨ ᠵᠠᠰᠠᠭ ᠠᠴᠠ ᠳᠤᠤᠷᠠᠬᠢ ᠮᠡᠳᠤ᠂ 3 ᠵᠢᠯ ᠤᠨ ᠳᠤᠳᠤᠷ᠎ᠠ ᠵᠢᠯ ᠪᠦᠷᠢ ᠨᠢᠬᠡᠳᠦᠬᠡᠷ᠂ ᠬᠤᠶᠠᠳᠤᠭᠠᠷ ᠲᠦᠷᠦᠯ ᠤᠨ ᠬᠦᠮᠦᠰ ᠲᠤ 5 ᠲᠦᠮᠡᠨ ᠲᠦᠬᠦᠷᠢᠭ︔ ᠭᠤᠷᠪᠠᠳᠤᠭᠠᠷ᠂ ᠲᠦᠷᠪᠡᠳᠦᠬᠡᠷ ᠲᠦᠷᠦᠯ ᠤᠨ ᠬᠦᠮᠦᠰ ᠲᠤ 4 ᠲᠦᠮᠡᠨ ᠲᠦᠬᠦᠷᠢᠭ︔ ᠳᠠᠪᠤᠳᠤᠭᠠᠷ᠂ ᠵᠢᠷᠭᠤᠳᠤᠭᠠᠷ ᠲᠦᠷᠦᠯ ᠤᠨ ᠬᠦᠮᠦᠰ ᠲᠤ 3 ᠲᠦᠮᠡᠨ ᠲᠦᠬᠦᠷᠢᠭ᠂ ᠳᠤᠯᠤᠳᠤᠭᠠᠷ ᠲᠦᠷᠦᠯ ᠤᠨ ᠬᠦᠮᠦᠰ ᠲᠤ 2 ᠲᠦᠮᠡᠨ ᠲᠦᠬᠦᠷᠢᠭ ᠤᠨ ᠪᠠᠷᠢᠮᠵᠢᠶ᠎ᠠ ᠪᠠᠷ ᠬᠡᠷ ᠤᠨ ᠲᠦᠷᠢᠶᠡᠰᠦᠨ ᠨᠦᠬᠦᠪᠦᠷᠢ ᠮᠦᠡᠭᠬᠦ ᠤᠯᠭᠤᠨ᠎ᠠ᠃
     ᠬᠤᠷᠢᠨ ᠳᠤᠯᠤᠳᠤᠭᠠᠷ ᠵᠦᠢᠯ  ᠠᠵᠤ ᠠᠬᠤᠶᠢᠯᠠᠯ ᠳᠡᠬᠡᠳᠤ ᠲᠡᠰ ᠤᠨ ᠳᠤᠰᠬᠠᠢ ᠮᠡᠷᠬᠡᠵᠢᠯ ᠤᠨ ᠮᠡᠷᠬᠡᠵᠢᠯ ᠤᠨ ᠴᠤᠯᠠ ᠲᠠᠢ ᠪᠤᠶᠤ ᠳ᠋ᠤᠺᠲ᠋ᠤᠷ ᠤᠨ ᠰᠤᠷᠤᠯᠭ᠎ᠠ ᠶᠢᠨ ᠨᠠᠮᠳᠠᠷ ᠲᠠᠢ ᠳᠡᠬᠡᠳᠤ ᠳᠡᠰ ᠤᠨ ᠴᠢᠳᠠᠪᠤᠷᠢᠳᠠᠨ᠂ ᠳᠡᠬᠡᠳᠤ ᠳᠡᠰ ᠤᠨ ᠮᠡᠷᠬᠡᠵᠢᠯᠳᠡᠨ ᠤ ᠬᠢᠷᠢ ᠬᠡᠮ ᠲᠠᠢ ᠮᠡᠷᠬᠡᠵᠢᠯ ᠤᠨ ᠴᠢᠳᠠᠪᠤᠷᠢᠳᠠᠨ ᠪᠠ ᠭᠠᠳᠠᠭᠠᠳᠤ ᠶᠢᠨ ᠳᠤᠰᠬᠠᠢ ᠮᠡᠷᠬᠡᠵᠢᠯᠳᠡᠨ ᠢ ᠤᠷᠤᠭᠤᠯᠤᠨ ᠠᠪᠴᠢᠷᠠᠭᠰᠠᠨ ᠪᠤᠯ᠂ ᠨᠢᠬᠡ ᠯᠡ ᠤᠳᠠᠭ᠎ᠠ ᠳᠤ ᠦᠭᠬᠦ ᠤᠷᠤᠨ ᠰᠠᠭᠤᠴᠠ ᠬᠤᠳᠠᠯᠳᠤᠨ ᠠᠪᠬᠤ ᠨᠦᠬᠦᠪᠦᠷᠢ᠂ ᠬᠡᠷ ᠤᠷᠤᠨ ᠢᠶᠠᠨ ᠲᠦᠪᠬᠢᠨᠡᠬᠦᠯᠬᠦ ᠨᠦᠬᠦᠪᠦᠷᠢ᠂ ᠰᠢᠨᠵᠢᠯᠡᠬᠡᠨ ᠰᠤᠳᠤᠯᠭᠠᠨ ᠢᠶᠠᠨ ᠡᠬᠢᠯᠡᠬᠦᠯᠬᠦ ᠵᠠᠷᠤᠳᠠᠯ ᠵᠡᠷᠬᠡ ᠶᠢ ᠳᠤᠭᠳᠠᠭᠠᠯ ᠶᠤᠰᠤᠭᠠᠷ ᠠᠵᠤ ᠠᠬᠤᠶᠢᠯᠠᠯ ᠤᠨ ᠤᠯᠵᠠ ᠠᠰᠢᠭ ᠤᠨ ᠭᠠᠶᠢᠯᠢ ᠠᠴᠠ ᠡᠮᠦᠨ᠎ᠡ ᠬᠠᠰᠤᠵᠤ ᠭᠠᠷᠭᠠᠨ᠎ᠠ᠃ ᠤᠯᠤᠰ ᠤᠨ ᠦᠮᠴᠢᠯᠡᠯᠳᠤ ᠠᠵᠤ ᠠᠬᠤᠶᠢᠯᠠᠯ ᠳᠡᠬᠡᠳᠤ ᠳᠡᠰ ᠤᠨ᠂ ᠳᠡᠬᠡᠳᠤ ᠮᠡᠷᠬᠡᠵᠢᠯ ᠤᠨ ᠴᠢᠳᠠᠪᠤᠷᠢᠳᠠᠨ᠂ ᠭᠠᠳᠠᠭᠠᠳᠤ ᠶᠢᠨ ᠳᠤᠰᠬᠠᠢ ᠮᠡᠷᠬᠡᠵᠢᠯᠳᠡᠨ ᠤᠷᠤᠭᠤᠯᠤᠨ ᠠᠪᠴᠢᠷᠠᠭᠰᠠᠨ ᠠᠴᠠ ᠪᠤᠯᠤᠭᠰᠠᠨ ᠴᠢᠳᠠᠪᠤᠷᠢᠳᠠᠨ ᠤ ᠳᠤᠰᠬᠠᠢ ᠲᠦᠷᠦᠯ ᠤᠨ ᠪᠡᠯᠡ ᠤᠷᠤᠭᠤᠯᠤᠯᠳᠠ ᠶᠢᠨ ᠦᠪᠡᠷ  ᠤᠨ ᠦᠷᠳᠡᠭ ᠢ ᠳᠤᠰ ᠵᠢᠯ ᠤᠨ ᠬᠢᠨᠠᠨ ᠰᠢᠯᠭᠠᠯᠳᠠ ᠶᠢᠨ ᠠᠰᠢᠭ ᠤᠯᠵᠠᠪᠤᠷᠢ ᠪᠠᠷ ᠪᠤᠳᠤᠨ᠎ᠠ᠃ ᠤᠯᠤᠰ ᠤᠨ ᠦᠮᠴᠢᠯᠡᠯᠳᠤ ᠪᠠ ᠤᠯᠤᠰ ᠤᠨ ᠦᠮᠴᠢᠯᠡᠯᠳᠤ ᠰᠲ᠋ᠤᠺ ᠡᠵᠡᠮᠳᠡᠭᠰᠡᠨ ᠠᠵᠤ ᠠᠬᠤᠶᠢᠯᠠᠯ ᠫᠷᠦᠹᠧᠰᠰᠤᠷ ᠤᠨ ᠮᠡᠷᠬᠡᠵᠢᠯ ᠤᠨ ᠴᠤᠯᠠ ᠲᠠᠢ ᠡᠮᠡᠭᠳᠡᠢ ᠰᠤᠳᠤᠯᠭᠠᠳᠠᠨ ᠢ ᠤᠷᠤᠭᠤᠯᠤᠨ ᠠᠪᠴᠢᠷᠠᠪᠠᠯ᠂ ᠬᠤᠪᠢ ᠬᠦᠮᠦᠨ ᠤ ᠰᠠᠨᠠᠯ ᠢᠶᠠᠷ ᠠᠵᠢᠯ ᠠᠴᠠ ᠪᠠᠨ ᠠᠮᠠᠷᠠᠬᠤ ᠴᠠᠭ ᠢ 60 ᠨᠠᠰᠤ ᠪᠠᠷ ᠬᠡᠷᠡᠭᠵᠢᠬᠦᠯᠵᠦ ᠪᠤᠯᠤᠨ᠎ᠠ᠃
     ᠬᠤᠷᠢᠨ ᠨᠠᠢᠮᠠᠳᠤᠭᠠᠷ ᠵᠦᠢᠯ  ᠭᠠᠳᠠᠭᠠᠳᠤ ᠶᠢᠨ ᠴᠢᠳᠠᠪᠤᠷᠢᠳᠠᠨ ᠤ ᠮᠠᠨ ᠤ ᠤᠷᠤᠨ ᠳᠠᠬᠢ ᠫᠠᠰᠫᠤᠷᠲ᠂ ᠤᠷᠤᠰᠢᠨ ᠰᠠᠭᠤᠬᠤ ᠨᠦᠬᠦᠴᠡᠯ ᠢ ᠴᠢᠯᠦᠬᠡᠳᠡᠢ ᠪᠠᠶᠢᠯᠭᠠᠵᠤ᠂ ᠵᠦᠪᠰᠢᠶᠡᠷᠡᠬᠦ ᠭᠠᠷ ᠬᠦᠢᠴᠡᠳᠬᠡᠯ ᠢ ᠲᠦᠬᠦᠮᠴᠢᠯᠡᠨ᠎ᠡ᠃ ᠦᠪᠡᠷᠳᠡᠬᠡᠨ ᠵᠠᠰᠠᠬᠤ ᠤᠷᠤᠨ ᠤ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠪᠤᠶᠤ ᠭᠠᠳᠠᠭᠠᠳᠤ ᠶᠢᠨ ᠳᠤᠰᠬᠠᠢ ᠮᠡᠷᠬᠡᠵᠢᠯᠳᠡᠨ ᠢ ᠬᠠᠮᠢᠶᠠᠷᠬᠤ ᠰᠠᠯᠠᠭ᠎ᠠ ᠮᠦᠴᠢᠷ ᠠᠴᠠ ᠮᠠᠭᠠᠳᠯᠠᠨ ᠳᠤᠭᠳᠠᠭᠠᠭᠰᠠᠨ ᠠᠮᠢᠳᠤᠯᠢᠬ ᠢᠶᠠᠷ ᠤᠷᠤᠭᠤᠯᠤᠨ ᠠᠪᠴᠢᠷᠠᠭᠰᠠᠨ ᠭᠠᠳᠠᠭᠠᠳᠤ ᠶᠢᠨ ᠳᠤᠰᠬᠠᠢ ᠮᠡᠷᠬᠡᠵᠢᠯᠳᠡᠨ ᠳᠤ 50% ᠠᠴᠠ ᠳᠡᠬᠡᠭᠰᠢ ᠴᠠᠯᠢᠩ ᠬᠦᠯᠦᠰᠦ ᠶᠢᠨ ᠳᠡᠮᠵᠢᠯᠬᠡ ᠦᠵᠡᠬᠦᠯᠦᠨ᠂ ᠮᠠᠭᠠᠳᠯᠠᠨ ᠳᠤᠭᠳᠠᠭᠠᠭᠰᠠᠨ ᠲᠦᠷᠦᠯ ᠤᠳᠠᠭ᠎ᠠ ᠪᠠᠷ ᠨᠢ ᠬᠤᠭᠤᠯᠠ ᠬᠤᠨᠤᠬ ᠵᠠᠮ ᠬᠠᠷᠢᠯᠴᠠᠭᠠᠨ ᠤ ᠨᠦᠬᠦᠪᠦᠷᠢ ᠤᠯᠭᠤᠨ᠎ᠠ᠃


       ᠵᠢᠷᠭᠤᠳᠤᠭᠠᠷ ᠪᠦᠯᠦᠭ  ᠴᠢᠳᠠᠪᠤᠷᠢᠳᠠᠨ ᠤ ᠰᠢᠯᠵᠢᠯᠳᠠ


     ᠬᠤᠷᠢ ᠶᠢᠰᠦᠳᠦᠬᠡᠷ ᠵᠦᠢᠯ  ᠶᠡᠭᠡ ᠳᠡᠬᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠵᠡᠷᠬᠡ ᠠᠵᠢᠯ ᠦᠢᠯᠡᠰ ᠤᠨ ᠨᠢᠬᠡᠴᠡ ᠶᠢᠨ ᠡᠷᠳᠡᠮ ᠰᠢᠨᠵᠢᠯᠡᠬᠡᠨ ᠤ ᠠᠵᠢᠯᠳᠠᠨ ᠳᠤᠰ ᠪᠠᠶᠢᠭᠤᠯᠭ᠎ᠠ ᠶᠢᠨ ᠢᠶᠠᠨ ᠵᠦᠪᠰᠢᠶᠡᠷᠡᠯ ᠢᠶᠠᠷ᠂ ᠡᠷᠳᠡᠮ ᠰᠢᠨᠵᠢᠯᠡᠬᠡᠨ ᠤ ᠲᠦᠷᠦᠯ ᠵᠦᠢᠯ ᠪᠠ ᠦᠷ᠎ᠠ ᠪᠦᠳᠦᠬᠡᠯ ᠢᠶᠠᠨ ᠠᠪᠴᠤ ᠠᠵᠢᠯ ᠤᠨ ᠪᠠᠶᠢᠷᠢ ᠠᠴᠠ ᠪᠠᠨ ᠰᠠᠯᠵᠤ ᠦᠢᠯᠡᠰ ᠪᠤᠰᠬᠠᠵᠤ ᠪᠤᠯᠤᠨ᠎ᠠ᠃
     ᠭᠤᠴᠢᠳᠤᠭᠠᠷ ᠵᠦᠢᠯ  ᠶᠡᠭᠡ ᠳᠡᠬᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠬᠦᠷᠢᠶᠡᠯᠡᠩ ᠵᠡᠷᠬᠡ ᠠᠵᠢᠯ ᠦᠢᠯᠡᠰ ᠤᠨ ᠨᠢᠬᠡᠴᠡ ᠶᠢᠨ ᠡᠷᠳᠡᠮ ᠰᠢᠨᠵᠢᠯᠡᠬᠡᠨ ᠤ ᠠᠵᠢᠯᠳᠠᠨ ᠳᠤᠰ ᠪᠠᠶᠢᠭᠤᠯᠭ᠎ᠠ ᠶᠢᠨ ᠢᠶᠠᠨ ᠡᠷᠳᠡᠮ ᠰᠢᠨᠵᠢᠯᠡᠬᠡᠨ᠂ ᠵᠢᠭᠠᠨ ᠰᠤᠷᠭᠠᠯᠳᠠ ᠵᠡᠷᠬᠡ ᠡᠬᠦᠷᠬᠡ ᠶᠢ ᠪᠡᠶᠡᠯᠡᠬᠦᠯᠦᠭᠰᠡᠨ ᠤᠷᠢᠳᠠᠯ ᠳᠤᠤᠷ᠎ᠠ᠂ ᠠᠵᠢᠯᠯᠠᠵᠤ ᠪᠠᠶᠢᠭ᠎ᠠ ᠨᠢᠬᠡᠴᠡ ᠶᠢᠨ ᠢᠶᠠᠨ ᠵᠦᠪᠰᠢᠶᠡᠷᠡᠯ ᠢᠶᠠᠷ᠂ ᠠᠵᠤ ᠠᠬᠤᠶᠢᠯᠠᠯ ᠪᠠ ᠪᠤᠰᠤᠳ ᠡᠷᠳᠡᠮ ᠰᠢᠨᠵᠢᠯᠡᠬᠡᠨ ᠤ ᠪᠠᠶᠢᠭᠤᠯᠤᠮᠵᠢ᠂ ᠶᠡᠭᠡ ᠳᠡᠬᠡᠳᠤ ᠰᠤᠷᠭᠠᠭᠤᠯᠢ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠳᠤ ᠤᠴᠢᠵᠤ ᠳᠤᠰᠢᠶᠠᠯ ᠬᠠᠪᠰᠤᠷᠭᠠᠵᠤ ᠬᠦᠷᠳᠡᠬᠡᠮᠵᠢ ᠤᠯᠭᠤᠮᠵᠢ ᠤᠯᠵᠤ ᠪᠤᠯᠤᠨ᠎ᠠ᠃ ᠳᠤᠰᠢᠶᠠᠯ ᠬᠠᠪᠰᠤᠷᠭᠠᠬᠤ ᠠᠭᠤᠯᠭ᠎ᠠ ᠨᠢ ᠡᠷᠬᠡᠪᠰᠢ ᠦᠪᠡᠷ ᠤᠨ ᠳᠤᠬᠠᠶᠢᠯᠠᠭᠰᠠᠨ ᠠᠵᠢᠯ ᠤᠨ ᠪᠠᠶᠢᠷᠢ᠂ ᠰᠤᠷᠤᠭᠰᠠᠨ ᠳᠤᠰᠬᠠᠢ ᠮᠡᠷᠬᠡᠵᠢᠯ ᠲᠠᠢ ᠬᠤᠯᠪᠤᠭ᠎ᠠ ᠲᠠᠢ ᠪᠠᠶᠢᠵᠤ᠂ ᠳᠤᠬᠠᠶᠢᠯᠠᠭᠰᠠᠨ ᠠᠵᠢᠯ ᠢᠶᠠᠨ ᠨᠥᠯᠥᠭᠡᠯᠡᠬᠦ ᠦᠭᠡᠢ ᠪᠠᠶᠢᠬᠤ ᠬᠡᠷᠡᠭᠳᠡᠢ᠃ ᠶᠡᠭᠡ ᠳᠡᠬᠡᠳᠤ ᠰᠤᠷᠭᠠᠭᠤᠯᠢ᠂ ᠡᠷᠳᠡᠮ ᠰᠢᠨᠵᠢᠯᠡᠬᠡᠨ ᠤ ᠪᠠᠶᠢᠭᠤᠯᠤᠮᠵᠢ ᠨᠢ ᠳᠤᠭᠳᠠᠭᠰᠠᠨ ᠰᠢᠯᠵᠢᠮᠡᠯ ᠠᠵᠢᠯ ᠤᠨ ᠪᠠᠶᠢᠷᠢ ᠭᠠᠷᠭᠠᠵᠤ᠂ ᠰᠢᠨ᠎ᠡ ᠶᠢ ᠡᠬᠦᠳᠬᠦ ᠦᠢᠯᠡᠳᠦᠯᠬᠡ ᠶᠢᠨ ᠳᠤᠷᠰᠢᠯᠭ᠎ᠠ ᠲᠠᠢ ᠠᠵᠤ ᠠᠬᠤᠶᠢᠯᠠᠯ ᠪᠠ ᠠᠵᠤ ᠠᠬᠤᠶᠢᠯᠠᠯ ᠤᠨ ᠡᠷᠳᠡᠮ ᠰᠢᠨᠵᠢᠯᠡᠬᠡᠨ ᠤ ᠠᠵᠢᠯᠳᠠᠨ ᠤ ᠳᠤᠰᠢᠶᠠᠯ ᠬᠠᠪᠰᠤᠷᠭᠠᠬᠤ ᠶᠢ ᠵᠤᠷᠢᠭᠵᠢᠭᠤᠯᠤᠨ᠎ᠠ᠃ ᠳᠤᠰᠢᠶᠠᠯ ᠬᠠᠪᠰᠤᠷᠭᠠᠬᠤ ᠬᠤᠭᠤᠴᠠᠭᠠᠨ ᠳᠤ᠂ ᠡᠷᠬᠡ ᠮᠡᠳᠡᠯ ᠡᠬᠦᠷᠬᠡ ᠶᠢ ᠳᠤᠰᠢᠶᠠᠯ ᠬᠠᠪᠰᠤᠷᠭᠠᠬᠤ ᠠᠵᠢᠯᠳᠠᠨ ᠪᠠ ᠪᠠᠶᠢᠭ᠎ᠠ ᠠᠵᠤ ᠠᠬᠤᠶᠢᠯᠠᠯ᠂ ᠳᠤᠰᠢᠶᠠᠯ ᠬᠠᠪᠰᠤᠷᠭᠠᠬᠤ ᠪᠠᠶᠢᠭᠤᠯᠭ᠎ᠠ ᠨᠢᠬᠡᠴᠡ ᠵᠦᠪᠳᠡᠯᠴᠡᠨ ᠳᠤᠭᠳᠠᠨ᠎ᠠ᠃
     ᠭᠤᠴᠢᠨ ᠨᠢᠬᠡᠳᠦᠬᠡᠷ ᠵᠦᠢᠯ  ᠴᠢᠳᠠᠪᠤᠷᠢᠳᠠᠨ ᠤ ᠬᠤᠰᠢᠭᠤ ᠰᠢᠶᠠᠨ ᠠᠴᠠ ᠳᠤᠷᠤᠭᠰᠢ ᠦᠨᠳᠦᠰᠦᠨ ᠱᠠᠳᠤᠨ ᠤ ᠬᠦᠮᠦᠨ ᠬᠡᠷᠡᠭᠯᠡᠬᠦ ᠨᠢᠬᠡᠴᠡ ᠳᠤ ᠤᠴᠢᠬᠤ ᠶᠢ ᠵᠤᠷᠢᠭᠵᠢᠭᠤᠯᠵᠤ᠂ ᠦᠨᠳᠦᠰᠦᠨ ᠱᠠᠳᠤᠨ ᠤ ᠠᠵᠢᠯ ᠦᠢᠯᠡᠰ ᠤᠨ ᠨᠢᠬᠡᠴᠡ ᠳᠡᠬᠡᠳᠤ᠂ ᠳᠤᠮᠳᠠ ᠳᠡᠰ ᠤᠨ ᠳᠤᠰᠬᠠᠢ ᠮᠡᠷᠬᠡᠵᠢᠯ ᠤᠨ ᠮᠡᠷᠬᠡᠵᠢᠯ ᠤᠨ ᠬᠢᠷᠢ ᠬᠡᠮ ᠲᠠᠢ ᠠᠵᠢᠯᠳᠠᠨ ᠢ ᠤᠷᠢᠵᠤ ᠡᠯᠰᠡᠬᠦ ᠳᠡᠭᠡᠨ ᠨᠠᠰᠤᠨ ᠤ ᠬᠢᠵᠡᠭᠠᠷ ᠢ ᠳᠤᠬᠢᠷᠠᠮᠵᠢᠳᠠᠢ ᠠᠭᠤᠵᠢᠭᠤ ᠪᠤᠯᠭᠠᠵᠤ ᠪᠤᠯᠤᠨ᠎ᠠ᠃ ᠳᠡᠬᠡᠳᠤ ᠳᠡᠰ ᠤᠨ ᠪᠠᠴᠢᠮ ᠬᠡᠷᠡᠭᠴᠡᠭᠡ ᠪᠦᠬᠦᠢ ᠳᠤᠳᠠᠭᠳᠠᠵᠤ ᠪᠠᠶᠢᠭ᠎ᠠ ᠳᠤᠰᠬᠠᠢ ᠮᠡᠷᠬᠡᠵᠢᠯ ᠤᠨ ᠴᠢᠳᠠᠪᠤᠷᠢᠳᠠᠨ ᠢ ᠤᠷᠢᠵᠤ ᠡᠯᠰᠡᠬᠦ ᠳᠤ᠂ ᠰᠢᠭᠤᠳ ᠰᠢᠯᠭᠠᠨ ᠪᠠᠶᠢᠴᠠᠭᠠᠬᠤ ᠠᠷᠭ᠎ᠠ ᠶᠢ ᠠᠪᠴᠤ ᠪᠤᠯᠤᠨ᠎ᠠ᠃
     ᠭᠤᠴᠢᠨ ᠬᠤᠶᠠᠳᠤᠭᠠᠷ ᠵᠦᠢᠯ  ᠠᠯᠪᠠᠨ ᠪᠠᠶᠢᠭᠤᠯᠭ᠎ᠠ ᠶᠢᠨ ᠠᠵᠢᠯ ᠦᠢᠯᠡᠰ ᠤᠨ ᠨᠢᠬᠡᠴᠡ ᠠᠵᠢᠯ ᠤᠨ ᠬᠡᠷᠡᠭᠴᠡᠭᠡ ᠲᠠᠢ ᠪᠠᠨ ᠤᠶᠠᠯᠳᠤᠭᠤᠯᠵᠤ᠂ ᠴᠢᠳᠠᠪᠤᠷᠢᠳᠠᠨ ᠢ ᠤᠷᠤᠭᠤᠯᠤᠨ ᠠᠪᠴᠢᠷᠠᠬᠤ᠂ ᠠᠵᠢᠯᠳᠠᠨ ᠤ ᠰᠤᠯᠢᠯᠴᠠᠭ᠎ᠠ ᠬᠢᠬᠦ᠂ ᠦᠨᠳᠦᠰᠦᠨ ᠱᠠᠳᠤᠨ ᠳᠤ ᠰᠤᠩᠭᠤᠨ ᠳᠤᠬᠢᠷᠠᠭᠤᠯᠬᠤ᠂ ᠡᠷ᠎ᠠ ᠡᠮ᠎ᠠ ᠬᠤᠶᠠᠭᠤᠯᠠ ᠶᠢᠨ ᠬᠤᠶᠠᠷ ᠭᠠᠵᠠᠷ ᠰᠠᠯᠵᠤ ᠠᠮᠢᠳᠤᠷᠠᠵᠤ ᠪᠠᠶᠢᠭ᠎ᠠ ᠶᠢ ᠰᠢᠢᠳᠪᠦᠷᠢᠯᠡᠬᠦ᠂ ᠬᠡᠷ ᠪᠦᠯᠢ ᠶᠢᠨ ᠬᠦᠴᠢᠷᠳᠡᠯ ᠢ ᠬᠠᠷᠠᠭᠠᠯᠵᠠᠬᠤ ᠰᠢᠯᠳᠠᠭᠠᠨ ᠠᠴᠠ ᠪᠤᠯᠵᠤ᠂ ᠠᠵᠢᠯᠳᠠᠨ ᠢ ᠰᠢᠯᠵᠢᠬᠦᠯᠵᠦ ᠳᠤᠬᠢᠷᠠᠭᠤᠯᠬᠤ ᠴᠢᠬᠤᠯᠠᠳᠠᠢ ᠮᠦᠷᠳᠡᠬᠡᠨ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠳᠤᠭᠳᠠᠭᠠᠯ ᠳᠤ ᠨᠡᠶᠢᠴᠡᠵᠤ ᠪᠠᠶᠢᠪᠠᠯ᠂ ᠠᠵᠢᠯᠳᠠᠨ ᠤ ᠬᠠᠮᠢᠶᠠᠷᠤᠯᠳᠠ ᠶᠢᠨ ᠰᠠᠯᠠᠭ᠎ᠠ ᠮᠦᠴᠢᠷ ᠵᠢᠴᠢ ᠤᠷᠤᠨ ᠳᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠠᠴᠠ ᠲᠦᠷᠦ ᠶᠢᠨ ᠪᠤᠳᠤᠯᠭ᠎ᠠ ᠶᠢᠨ ᠳᠤᠭᠳᠠᠭᠠᠯ ᠤᠨ ᠬᠡᠪᠴᠢᠶᠡᠨ ᠳᠤ ᠭᠠᠷ ᠬᠦᠢᠴᠡᠳᠬᠡᠯ ᠬᠢᠬᠦ ᠶᠠᠪᠤᠴᠠ ᠶᠢ ᠰᠢᠯᠢᠳᠡᠭᠵᠢᠬᠦᠯᠵᠦ ᠪᠤᠯᠤᠨ᠎ᠠ᠃
     ᠭᠤᠴᠢᠨ ᠭᠤᠷᠪᠠᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠤ ᠳᠤᠰ ᠱᠠᠳᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ ᠭᠤᠶᠤᠴᠢᠯᠠᠯ ᠳᠡᠪᠰᠢᠬᠦᠯᠦᠭᠰᠡᠨ ᠬᠦᠮᠦᠨ ᠢ ᠰᠢᠯᠵᠢᠬᠦᠯᠦᠨ ᠳᠤᠬᠢᠷᠠᠭᠤᠯᠬᠤ ᠦᠶ᠎ᠠ ᠳᠤ᠂ ᠤᠷᠤᠨ ᠳᠤᠭ᠎ᠠ ᠶᠢᠨ ᠰᠠᠯᠠᠭ᠎ᠠ ᠮᠦᠴᠢᠷ ᠲᠤ ᠠᠩᠬ᠎ᠠ ᠤᠳᠠᠭ᠎ᠠ ᠠᠵᠢᠯ ᠳᠤ ᠤᠷᠤᠵᠤ ᠪᠠᠶᠢᠭ᠎ᠠ ᠬᠡᠷᠡᠴᠢ᠂ ᠦᠩᠬᠡᠷᠡᠭᠰᠡᠨ ᠤ ᠠᠵᠢᠯ ᠨᠢ ᠬᠤᠪᠢᠷᠠᠯᠳᠠ ᠲᠠᠢ ᠪᠠᠶᠢᠬᠤ ᠬᠡᠷᠡᠴᠢ᠂ ᠰᠤᠷᠤᠯᠭ᠎ᠠ ᠶᠢᠨ ᠨᠠᠮᠳᠠᠷ᠂ ᠰᠤᠷᠤᠯᠭ᠎ᠠ ᠶᠢᠨ ᠴᠤᠯᠠ ᠶᠢᠨ ᠦᠨᠡᠮᠯᠡᠯ ᠢᠶᠠᠨ ᠳᠤᠰᠢᠶᠠᠬᠤ ᠬᠡᠷᠡᠭᠳᠡᠢ᠃ ᠤᠷᠤᠨ ᠤ ᠭᠠᠳᠠᠨ᠎ᠠ ᠠᠴᠠ ᠰᠢᠯᠵᠢᠵᠦ ᠢᠷᠡᠭᠰᠡᠨ ᠪᠤᠯ ᠰᠢᠯᠵᠢᠨ ᠭᠠᠷᠴᠤ ᠢᠷᠡᠭᠰᠡᠨ ᠪᠠᠶᠢᠭᠤᠯᠭ᠎ᠠ ᠨᠢᠬᠡᠴᠡ ᠶᠢᠨ ᠪᠠᠶᠢᠭ᠎ᠠ ᠭᠠᠵᠠᠷ ᠤᠷᠤᠨ ᠤ ᠤᠷᠤᠨ ᠳᠤᠭ᠎ᠠ ᠶᠢᠨ ᠰᠠᠯᠠᠭ᠎ᠠ ᠮᠦᠴᠢᠷ ᠠᠴᠠ ᠤᠷᠤᠨ ᠳᠤᠭ᠎ᠠ ᠶᠢᠨ ᠬᠡᠷᠡᠴᠢ ᠵᠡᠷᠬᠡ ᠶᠢ  ᠭᠠᠷᠭᠠᠵᠤ ᠥᠭᠭᠦᠨ᠎ᠡ᠃
     ᠠᠵᠢᠯᠳᠠᠨ ᠤ ᠶᠠᠪᠤᠳᠠᠯ ᠤᠨ ᠬᠠᠮᠢᠶᠠᠷᠤᠯᠳᠠ ᠶᠢ ᠵᠤᠬᠢᠶᠠᠨ ᠪᠠᠶᠢᠭᠤᠯᠬᠤ ᠰᠠᠯᠠᠭ᠎ᠠ ᠮᠦᠴᠢᠷ ᠲᠤ ᠠᠵᠢᠯ ᠰᠢᠯᠵᠢᠬᠦᠯᠬᠦ ᠪᠠᠷ ᠪᠠᠶᠢᠭ᠎ᠠ ᠬᠦᠮᠦᠨ ᠤ ᠭᠤᠶᠤᠴᠢᠯᠠᠯ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ ᠠᠵᠢᠯᠳᠠᠨ ᠢ ᠰᠢᠯᠵᠢᠬᠦᠯᠦᠨ ᠳᠤᠬᠢᠷᠠᠭᠤᠯᠬᠤ ᠶᠢ ᠵᠦᠪᠰᠢᠶᠡᠷᠡᠬᠦ ᠬᠦᠰᠦᠨᠦᠭᠳᠤ᠂ ᠰᠢᠯᠵᠢᠬᠦᠯᠬᠦ ᠪᠠᠷ ᠪᠠᠶᠢᠭ᠎ᠠ ᠬᠦᠮᠦᠨ ᠤ ᠳᠠᠩᠰᠠ ᠡᠪᠬᠡᠮᠡᠯ᠂ ᠬᠢᠨᠠᠨ ᠪᠠᠶᠢᠴᠠᠭᠠᠭᠰᠠᠨ ᠮᠠᠲ᠋ᠧᠷᠢᠶᠠᠯ᠂ ᠳᠠᠩᠰᠠ ᠡᠪᠬᠡᠮᠡᠯ ᠢ ᠬᠢᠨᠠᠨ ᠬᠠᠷᠭᠤᠭᠤᠯᠤᠭᠰᠠᠨ ᠮᠡᠳᠡᠬᠦᠯᠦᠯᠳᠡ ᠪᠠ ᠬᠤᠭᠤᠰᠤᠨ ᠤᠷᠤᠨ ᠳᠤᠭ᠎ᠠ ᠶᠢ ᠬᠡᠷᠡᠭᠯᠡᠬᠦ ᠮᠡᠳᠡᠭᠳᠡᠯ ᠵᠡᠷᠬᠡ ᠶᠢ ᠳᠡᠪᠰᠢᠬᠦᠯᠦᠨ᠎ᠡ᠃ ᠤᠷᠤᠨ ᠤ ᠭᠠᠳᠠᠨ᠎ᠠ ᠠᠴᠠ ᠰᠢᠯᠵᠢᠨ ᠢᠷᠡᠭᠰᠡᠨ ᠠᠯᠪᠠᠳᠠᠨ ︵ᠠᠯᠪᠠᠳᠠᠨ ᠤ ᠬᠠᠮᠢᠶᠠᠷᠤᠯᠳᠠ ᠪᠠᠷ ᠯᠠᠪᠯᠠᠯᠳᠠ ᠪᠤᠯᠭᠠᠬᠤ ᠶᠢ ᠪᠠᠭᠳᠠᠭᠠᠨ᠎ᠠ︶ ᠡᠷᠬᠡᠪᠰᠢ ᠠᠵᠢᠯ ᠰᠢᠯᠵᠢᠨ ᠭᠠᠷᠴᠤ ᠢᠷᠡᠭᠰᠡᠨ  ᠪᠠᠶᠢᠭᠤᠯᠭ᠎ᠠ ᠨᠢᠬᠡᠴᠡ ᠠᠴᠠ ᠠᠯᠪᠠᠳᠠᠨ ᠤ ᠭᠠᠷᠤᠯ ᠤᠨ ᠬᠡᠷᠡᠴᠢ ᠭᠠᠷᠭᠠᠯᠭᠠᠬᠤ ᠬᠡᠷᠡᠭᠳᠡᠢ᠃
     ᠭᠤᠴᠢᠨ ᠲᠦᠷᠪᠡᠳᠦᠬᠡᠷ ᠵᠦᠢᠯ  ᠰᠢᠯᠵᠢᠬᠦᠯᠦᠨ ᠠᠪᠴᠢᠷᠠᠬᠤ ᠪᠠᠶᠢᠭᠤᠯᠭ᠎ᠠ ᠨᠢᠬᠡᠴᠡ ᠰᠢᠯᠵᠢᠬᠦᠯᠦᠨ ᠠᠪᠴᠢᠷᠠᠬᠤ ᠪᠠᠷ ᠪᠠᠶᠢᠭ᠎ᠠ ᠬᠦᠮᠦᠨ ᠢᠶᠠᠨ ᠴᠢᠩᠭ᠎ᠠ ᠰᠢᠯᠭᠠᠨ ᠪᠠᠶᠢᠴᠠᠭᠠᠵᠤ᠂ ᠬᠠᠤᠯᠢ ᠴᠠᠭᠠᠵᠠ ᠶᠢ ᠵᠢᠷᠤᠮᠯᠠᠬᠤ᠂ ᠮᠤᠷᠠᠯ ᠰᠤᠷᠳᠠᠯ᠂ ᠠᠵᠢᠯ ᠤᠨ ᠴᠢᠳᠠᠪᠤᠷᠢ ᠵᠡᠷᠬᠡ ᠳᠠᠯ᠎ᠠ ᠪᠠᠷ ᠭᠤᠤᠯᠳᠠᠯᠭ᠎ᠠ ᠲᠠᠢ ᠰᠢᠯᠭᠠᠨ ᠪᠠᠶᠢᠴᠠᠭᠠᠵᠤ᠂ ᠰᠢᠯᠵᠢᠬᠦᠯᠦᠨ ᠠᠪᠴᠢᠷᠠᠬᠤ ᠪᠠᠷ ᠪᠠᠶᠢᠭ᠎ᠠ ᠬᠦᠮᠦᠨ ᠤ ᠳᠠᠩᠰᠠ ᠡᠪᠬᠡᠮᠡᠯ ᠢ ᠬᠢᠨᠠᠮᠠᠭᠠᠢ ᠬᠢᠨᠠᠨ ᠪᠠᠶᠢᠴᠠᠭᠠᠵᠤ᠂ ᠰᠢᠯᠭᠠᠨ ᠪᠠᠶᠢᠴᠠᠭᠠᠵᠤ ᠬᠢᠨᠠᠨ ᠬᠠᠷᠭᠤᠭᠤᠯᠤᠭᠰᠠᠨ ᠮᠠᠲ᠋ᠧᠷᠢᠶᠠᠯ ᠨᠢ ᠦᠨᠠᠨ ᠪᠤᠳᠠᠳᠠᠢ ᠪᠠᠶᠢᠵᠤ᠂ ᠰᠢᠯᠭᠠᠨ ᠪᠠᠶᠢᠴᠠᠭᠠᠵᠤ᠂ ᠬᠢᠨᠠᠨ ᠬᠠᠷᠭᠤᠭᠤᠯᠤᠭᠰᠠᠨ ᠮᠠᠲ᠋ᠧᠷᠢᠶᠠᠯ ᠳᠠᠭᠠᠨ ᠬᠠᠷᠢᠭᠤᠴᠠᠬᠤ ᠬᠡᠷᠡᠭᠳᠡᠢ᠃


       ᠳᠤᠯᠤᠳᠤᠭᠠᠷ ᠪᠦᠯᠦᠭ  ᠦᠢᠯᠡᠴᠢᠯᠡᠬᠡᠨ ᠤ ᠪᠠᠳᠤᠯᠠᠭ᠎ᠠ


     ᠭᠤᠴᠢᠨ ᠳᠠᠪᠤᠳᠤᠭᠠᠷ ᠵᠦᠢᠯ  ᠬᠦᠮᠦᠨ ᠬᠡᠷᠡᠭᠯᠡᠬᠦ ᠨᠢᠬᠡᠴᠡ ᠴᠢᠳᠠᠪᠤᠷᠢᠳᠠᠨ ᠤᠷᠤᠭᠤᠯᠤᠨ ᠠᠪᠴᠢᠷᠠᠬᠤ ᠵᠦᠪᠯᠡᠯᠴᠡᠬᠡᠷ ᠶᠤᠰᠤᠭᠠᠷ᠂ ᠳᠤᠰᠬᠠᠢ ᠤᠷᠢᠵᠤ ᠬᠡᠷᠡᠭᠯᠡᠭᠰᠡᠨ ᠵᠦᠪᠯᠡᠯᠴᠡᠬᠡᠷ ᠵᠡᠷᠬᠡ ᠴᠢᠳᠠᠪᠤᠷᠢᠳᠠᠨ ᠤᠷᠤᠭᠤᠯᠤᠨ ᠠᠪᠴᠢᠷᠠᠭᠰᠠᠨ ᠠᠵᠢᠯ ᠤᠨ ᠪᠠᠶᠢᠳᠠᠯ ᠳᠤ ᠬᠢᠨᠠᠨ ᠪᠠᠶᠢᠴᠠᠭᠠᠯᠳᠠ ᠬᠢᠵᠦ᠂ ᠬᠢᠨᠠᠨ ᠪᠠᠶᠢᠴᠠᠭᠠᠯᠳᠠ ᠶᠢᠨ ᠳ᠋ᠦᠩ ᠢ ᠡᠷᠳᠡᠮ ᠰᠢᠨᠵᠢᠯᠡᠬᠡᠨ ᠤ ᠳᠡᠮᠵᠢᠯᠬᠡ ᠶᠢ ᠬᠦᠷᠳᠡᠬᠦ᠂ ᠠᠵᠢᠯ ᠤᠨ ᠪᠠᠶᠢᠷᠢ ᠶᠢᠨ ᠵᠤᠷᠢᠭᠵᠢᠭᠤᠯᠤᠯ ᠪᠠ ᠠᠮᠢᠳᠤᠷᠠᠯ ᠤᠨ ᠪᠠᠳᠤᠯᠠᠪᠤᠷᠢ ᠵᠡᠷᠬᠡ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠦᠵᠡᠭᠦᠯᠬᠦ ᠦᠨᠳᠦᠰᠦᠯᠡᠯ  ᠪᠤᠯᠭᠠᠨ᠎ᠠ᠃ ᠴᠢᠳᠠᠪᠤᠷᠢᠳᠠᠨ ᠤᠷᠤᠭᠤᠯᠤᠨ ᠠᠪᠴᠢᠷᠠᠬᠤ ᠳᠤ ᠬᠤᠪᠢᠷᠠᠯᠳᠠ ᠲᠠᠢ ᠪᠠᠶᠢᠳᠠᠯ ᠢᠶᠠᠨ ᠴᠠᠭ ᠳᠤᠬᠠᠢ ᠳᠤᠨᠢ ᠠᠳᠠᠯᠢ ᠱᠠᠳᠤᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠪᠤᠷᠢ ᠶᠢᠨ ᠰᠠᠯᠠᠭ᠎ᠠ ᠮᠦᠴᠢᠷ ᠲᠤ ᠳᠠᠩᠰᠠᠯᠠᠨ ᠳᠡᠮᠳᠡᠭᠯᠡᠬᠦᠯᠦᠨ᠎ᠡ᠃
     ᠭᠤᠴᠢᠨ ᠵᠢᠷᠭᠤᠳᠤᠭᠠᠷ ᠵᠦᠢᠯ  ᠦᠪᠡᠷᠳᠡᠬᠡᠨ ᠵᠠᠰᠠᠬᠤ ᠤᠷᠤᠨ ᠠᠴᠠ ᠤᠳᠤ ᠶᠢᠨ ᠪᠠᠶᠢᠭ᠎ᠠ ᠴᠢᠳᠠᠪᠤᠷᠢᠳᠠᠨ ᠢ ᠤᠷᠤᠭᠤᠯᠤᠨ ᠠᠪᠴᠢᠷᠠᠬᠤ᠂ ᠬᠦᠮᠦᠵᠢᠬᠦᠯᠬᠦ᠂ ᠬᠡᠷᠡᠭᠯᠡᠬᠦ ᠵᠡᠷᠬᠡ ᠳᠠᠯ᠎ᠠ ᠲᠠᠢ ᠬᠤᠯᠪᠤᠭᠳᠠᠭᠰᠠᠨ ᠪᠡᠯᠡ ᠮᠦᠩᠬᠦ ᠶᠢ ᠨᠡᠶᠢᠳᠬᠡᠨ᠂ ᠨᠢᠬᠡᠳᠦᠯᠳᠡᠢ ᠲᠦᠯᠦᠪᠯᠡᠨ ᠳᠤᠬᠢᠷᠠᠭᠤᠯᠵᠤ᠂ ᠵᠦᠢ ᠵᠤᠬᠢᠰᠳᠠᠢ ᠬᠡᠷᠡᠭᠯᠡᠨ᠂ ᠬᠠᠮᠤᠭ ᠤᠨ ᠶᠡᠭᠡ ᠦᠷ᠎ᠠ ᠠᠰᠢᠭ ᠢ ᠪᠠᠳᠠᠷᠠᠭᠤᠯᠬᠤ ᠬᠡᠷᠡᠭᠳᠡᠢ᠃ ᠱᠠᠭᠠᠷᠳᠠᠯᠭ᠎ᠠ ᠪᠠᠨ ᠦᠨᠳᠦᠰᠦᠯᠡᠵᠦ ᠦᠪᠡᠷᠳᠡᠬᠡᠨ ᠵᠠᠰᠠᠬᠤ ᠤᠷᠤᠨ ᠤ ᠴᠢᠳᠠᠪᠤᠷᠢᠳᠠᠨ ᠢ ᠨᠡᠬᠡᠬᠡᠨ ᠬᠦᠭᠵᠢᠬᠦᠯᠬᠦ ᠪᠡᠯᠡ ᠮᠦᠩᠬᠦ ᠶᠢ ᠨᠡᠮᠡᠭᠳᠡᠬᠦᠯᠵᠦ᠂ ᠡᠳ᠋ ᠤᠨ ᠵᠠᠰᠠᠭ ᠤᠨ ᠲᠦᠰᠦᠪ ᠲᠤ ᠤᠷᠤᠭᠤᠯᠤᠨ᠎ᠠ᠃ ᠴᠢᠳᠠᠪᠤᠷᠢᠳᠠᠨ ᠢ ᠤᠷᠤᠭᠤᠯᠤᠨ ᠠᠪᠴᠢᠷᠠᠬᠤ ᠳᠤ ᠬᠡᠷᠡᠭᠰᠡᠬᠦ ᠵᠠᠷᠤᠳᠠᠯ ᠢ ︽ᠳᠠᠯ᠎ᠠ ᠨᠤᠳᠤᠭ ᠤᠨ ᠰᠤᠳᠤᠨ ᠴᠢᠳᠠᠪᠤᠷᠢᠳᠠᠨ︾᠂ ᠴᠢᠳᠠᠪᠤᠷᠢᠳᠠᠨ ᠢ ᠨᠡᠬᠡᠬᠡᠨ ᠬᠦᠭᠵᠢᠬᠦᠯᠬᠦ ᠪᠡᠯᠡ ᠮᠦᠩᠬᠦ᠂ ᠰᠢᠨᠵᠢᠯᠡᠬᠦ ᠤᠬᠠᠭᠠᠨ ᠮᠡᠷᠬᠡᠵᠢᠯ ᠤᠨ ᠪᠡᠯᠡ ᠮᠦᠩᠬᠦ ᠵᠡᠷᠬᠡ ᠤᠳᠤ ᠶᠢᠨ ᠪᠠᠶᠢᠭ᠎ᠠ ᠴᠢᠳᠠᠪᠤᠷᠢᠳᠠᠨ ᠤ ᠳᠠᠯ᠎ᠠ ᠪᠠᠷ ᠬᠢ ᠪᠡᠯᠡ ᠮᠦᠩᠬᠦ ᠶᠢᠨ ᠳᠤᠳᠤᠷ᠎ᠠ ᠠᠴᠠ ᠰᠢᠢᠳᠪᠦᠷᠢᠯᠡᠵᠦ᠂ ᠬᠦᠷᠦᠯᠴᠡᠬᠦ ᠦᠬᠡᠢ ᠬᠡᠰᠡᠭ ᠢ ᠡᠯ᠎ᠠ ᠱᠠᠳᠤᠨ ᠤ ᠡᠳ᠋ ᠤᠨ ᠵᠠᠰᠠᠭ ᠠᠴᠠ ᠳᠤᠬᠢᠷᠠᠭᠤᠯᠤᠨ᠎ᠠ᠃ ᠠᠵᠤ ᠠᠬᠤᠶᠢᠯᠠᠯ ᠪᠠ ᠪᠤᠰᠤᠳ ᠡᠳ᠋ ᠤᠨ ᠵᠠᠰᠠᠭ ᠠᠴᠠ ᠵᠤᠭᠤᠰ ᠪᠠᠭᠤᠯᠭᠠᠬᠤ ᠦᠬᠡᠢ ᠪᠠᠶᠢᠭᠤᠯᠭ᠎ᠠ ᠨᠢᠬᠡᠴᠡ ᠴᠢᠳᠠᠪᠤᠷᠢᠳᠠᠨ ᠤᠷᠤᠭᠤᠯᠤᠨ ᠠᠪᠴᠢᠷᠠᠬᠤ ᠳᠤ ᠬᠡᠷᠡᠭᠰᠡᠬᠦ ᠪᠡᠯᠡ ᠮᠦᠩᠬᠦ ᠶᠢ ᠦᠪᠡᠷ ᠲᠡᠭᠡᠨ ᠰᠢᠢᠳᠪᠦᠷᠢᠯᠡᠵᠦ᠂ ᠡᠯ᠎ᠠ ᠱᠠᠳᠤᠨ ᠤ ᠵᠠᠰᠠᠭ ᠤᠨ ᠤᠷᠳᠤᠨ ᠠᠴᠠ ᠵᠦᠢ ᠵᠤᠬᠢᠰᠳᠠᠢ ᠱᠠᠩᠨᠠᠯ ᠬᠦᠬᠢᠬᠦᠯᠦᠯ ᠤᠯᠭᠤᠵᠤ ᠪᠤᠯᠤᠨ᠎ᠠ᠃
     ᠭᠤᠴᠢᠨ ᠳᠤᠯᠤᠳᠤᠭᠠᠷ ᠵᠦᠢᠯ  ᠡᠯ᠎ᠠ ᠱᠠᠳᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠠᠴᠠ ᠴᠢᠳᠠᠪᠤᠷᠢᠳᠠᠨ ᠤᠷᠤᠭᠤᠯᠤᠨ ᠠᠪᠴᠢᠷᠠᠬᠤ ᠠᠵᠢᠯ ᠤᠨ ᠵᠠᠷᠤᠳᠠᠯ  ᠢ ᠴᠠᠭ ᠳᠤᠬᠠᠢ ᠳᠤᠨᠢ ᠪᠠᠭᠤᠯᠭᠠᠨ ᠦᠭᠬᠦ ᠬᠡᠷᠡᠭᠳᠡᠢ᠃ ᠬᠠᠮᠢᠶ᠎ᠠ ᠪᠦᠬᠦᠢ ᠰᠠᠯᠠᠭ᠎ᠠ ᠮᠦᠴᠢᠷ ᠳᠤᠭᠳᠠᠭᠠᠯ ᠶᠤᠰᠤᠭᠠᠷ ᠬᠠᠮᠢᠶᠠᠷᠤᠯᠳᠠ ᠶᠢ ᠴᠢᠩᠭ᠎ᠠ ᠬᠡᠷᠡᠭᠵᠢᠬᠦᠯᠵᠦ᠂ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠳᠤᠰᠬᠠᠢ ᠪᠡᠯᠡ ᠮᠦᠩᠬᠦ ᠶᠢ ᠳᠤᠰᠬᠠᠢ ᠬᠡᠷᠡᠭᠯᠡᠬᠦ ᠶᠢ ᠪᠠᠳᠤᠯᠠᠬᠤ ᠬᠡᠷᠡᠭᠳᠡᠢ᠃


       ᠨᠠᠢᠮᠠᠳᠤᠭᠠᠷ ᠪᠦᠯᠦᠭ  ᠳᠠᠭᠠᠯᠳᠤᠭᠤᠯᠤᠯ


     ᠭᠤᠴᠢᠨ ᠨᠠᠢᠮᠠᠳᠤᠭᠠᠷ ᠵᠦᠢᠯ  ᠳᠤᠰ ᠠᠷᠭ᠎ᠠ ᠶᠢ ᠪᠢᠴᠢᠭ ᠮᠠᠲ᠋ᠧᠷᠢᠶᠠᠯ ᠢ ᠪᠠᠭᠤᠯᠭᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃ ᠳᠤᠰ ᠠᠷᠭ᠎ᠠ ᠶᠢ ᠬᠡᠷᠡᠭᠵᠢᠬᠦᠯᠬᠦ ᠠᠴᠠ ᠡᠮᠦᠨᠡᠬᠢ ᠬᠠᠮᠢᠶ᠎ᠠ ᠪᠦᠬᠦᠢ ᠳᠤᠭᠳᠠᠭᠠᠯ ᠨᠢ ᠳᠤᠰ ᠠᠷᠭ᠎ᠠ ᠲᠠᠢ ᠨᠢᠬᠡᠳᠦᠯ ᠦᠬᠡᠢ ᠪᠤᠯ ᠳᠤᠰ ᠠᠷᠭ᠎ᠠ ᠪᠠᠷ ᠪᠠᠷᠢᠮᠵᠢᠶ᠎ᠠ ᠪᠤᠯᠭᠠᠨ᠎ᠠ᠃

ᠢᠷᠡᠯᠲᠡ᠄ ᠥᠪᠥᠷ ᠮᠣᠩᠭᠤᠯ ᠤᠨ ᠡᠳᠦᠷ  ᠤᠨ ᠰᠣᠨᠢᠨ