ᠤᠯᠤᠰ ᠤᠨ ᠭᠠᠮᠰᠢᠭ ᠢ ᠪᠠᠭᠠᠰᠬᠠᠬᠤ ᠵᠦᠪᠯᠡᠯ᠂ ᠠᠷᠠᠳ ᠤᠨ ᠶᠠᠪᠤᠳᠠᠯ ᠤᠨ ᠶᠠᠮᠤᠨ 14 ᠤ ᠡᠳᠤᠷ ᠲᠤ | ᠮᠠᠨ ᠤ ᠤᠷᠤᠨ ᠬᠦᠨᠳᠤ ᠨᠤᠴᠢᠳᠠᠢ ᠭᠠᠩ ᠬᠠᠭᠰᠠᠷᠠᠭᠠᠨ ᠳᠤ ᠲᠠᠭᠠᠷᠢᠭᠳᠠᠵᠤ ᠭᠠᠮᠰᠢᠭᠳᠠᠭᠰᠠᠠ ᠤᠯᠠᠨ ᠲᠦᠮᠡᠨ ᠤ | ᠦᠢᠯᠡᠳᠪᠦᠷᠢᠯᠡᠯ ᠠᠮᠢᠳᠤᠷᠠᠯ ᠬᠦᠴᠢᠷᠲᠡᠯ ᠲᠠᠢ ᠪᠤᠯᠤᠭᠰᠠᠠ ᠪᠠᠶᠢᠳᠠᠯ ᠳᠤ ᠴᠢᠭᠯᠡᠬᠦᠯᠥᠨ᠂ ᠤᠯᠤᠰ ᠤᠨ Ⅳ ᠲᠡᠰ ᠤᠨ | ᠭᠠᠮᠰᠢᠭ ᠠᠴᠠ ᠠᠪᠤᠷᠠᠵᠥ ᠪᠠᠴᠢᠮ ᠪᠠᠶᠢᠳᠠᠯ ᠢ ᠠᠷᠭᠠᠴᠠᠬᠤ ᠠᠵᠢᠯᠯᠠᠭ᠎ᠠ ᠪᠠᠨ ᠡᠬᠢᠯᠡᠬᠦᠯᠵᠥ᠂ ᠠᠵᠢᠯᠯᠠᠬᠤ ᠳᠤᠭᠤᠶᠢᠯᠠᠩ | ᠲᠤᠮᠢᠯᠠᠨ ᠭᠠᠮᠰᠢᠭᠳᠠᠭᠰᠠᠠ ᠤᠷᠤᠨ ᠳᠤ ᠭᠦᠨᠵᠡᠭᠡᠶᠢᠷᠡᠭᠦᠯᠦᠨ ᠭᠠᠮᠰᠢᠭ ᠤᠨ ᠪᠠᠶᠢᠳᠠᠯ ᠢ ᠪᠠᠶᠢᠴᠠᠭᠠᠨ ᠦᠵᠡᠵᠥ᠂ | ᠤᠷᠤᠨ ᠨᠤᠳᠤᠭ ᠤᠨ ᠬᠢᠨ ᠤ ᠭᠠᠮᠰᠢᠭ ᠠᠴᠠ ᠠᠪᠤᠷᠠᠬᠤ ᠠᠵᠢᠯ ᠦᠷᠨᠢᠬᠦᠯᠬᠦ ᠶᠢ ᠵᠢᠯᠤᠭᠤᠳᠪᠠ᠃ | ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ ᠤᠨ ᠮᠡᠳᠡᠭᠡ ᠶᠢ | ᠦᠨᠳᠦᠰᠦᠯᠡᠪᠡᠯ᠂ ᠬᠠᠪᠤᠷ ᠠᠴᠠ ᠨᠠᠰᠢ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠬᠤᠷ᠎ᠠ | ᠲᠤᠨᠤᠳᠠᠰᠤ ᠶᠢᠨ ᠬᠡᠮᠵᠢᠶ᠎ᠡ ᠡᠩ ᠤᠨ ᠵᠢᠯ ᠤᠨ ᠬᠢ ᠠᠴᠠ ᠨᠡᠶᠢᠳᠡᠮ ᠪᠠᠭ᠎ᠠ ᠮᠦᠷᠳᠡᠬᠡᠨ ᠠᠭᠤᠷ ᠠᠮᠢᠰᠬᠤᠯ ᠬᠠᠯᠠᠭᠤᠨ | ᠪᠠᠶᠢᠵᠤ᠂ ᠤᠨᠴᠠᠭᠠᠶᠢᠯᠠᠨ 7 ᠳ᠋ᠤᠭᠠᠷ ᠰᠠᠷ᠎ᠠ ᠳᠤ ᠤᠷᠤᠭᠠᠳ ᠪᠦᠬᠦ ᠤᠷᠤᠨ ᠤ ᠬᠠᠭᠠᠰ ᠠᠴᠠ ᠲᠡᠭᠡᠭᠰᠢᠬᠢ ᠭᠠᠵᠠᠷ ᠤᠨ | ᠬᠠᠮᠤᠭ ᠤᠨ ᠦᠨᠳᠤᠷ ᠬᠠᠯᠠᠭᠤᠨ ᠤ ᠬᠡᠮᠵᠢᠶ᠎ᠡ 30 ᠭᠷᠠᠳᠦ᠋ᠰ ᠢ ᠲᠠᠪᠠᠨ᠂ ᠲᠤᠮᠳᠠ ᠪᠠᠷᠠᠭᠤᠨ ᠬᠡᠰᠡᠭ ᠤᠨ ᠭᠠᠵᠠᠷ | ᠤᠷᠤᠨ ᠤ 17 ᠴᠠᠭ ᠠᠭᠤᠷ ᠤᠨ ᠦᠷᠳᠡᠭᠡ ᠴᠢᠭ᠋ ᠤᠨ ᠬᠠᠮᠤᠭ ᠤᠨ ᠦᠨᠳᠤᠷ ᠬᠠᠯᠠᠭᠤᠨ ᠤ ᠬᠡᠮᠵᠢᠶ᠎ᠡ 35 | ᠭᠷᠠᠳᠦ᠋ᠰ ᠢ ᠲᠡᠪᠡᠵᠥ᠂ ᠠᠯᠠᠱᠠ ᠠᠶᠢᠮᠠᠭ ᠤᠨ ᠬᠠᠮᠤᠭ ᠤᠨ ᠦᠨᠳᠤᠷ ᠬᠠᠯᠠᠭᠤᠨ ᠤ ᠬᠡᠮᠵᠢᠶ᠎ᠡ 40 ᠭᠷᠠᠳᠦ᠋ᠰ ᠲᠤ | ᠬᠦᠷᠴᠦ᠂ ᠪᠦᠬᠦ ᠤᠷᠤᠨ ᠳᠤ ᠡᠯ᠎ᠡ ᠲᠦᠷᠦᠯ ᠤᠨ ᠪᠦᠭᠴᠢᠮ᠎ᠡ ᠬᠠᠯᠠᠭᠤᠨ ᠭᠠᠩ ᠬᠠᠭᠰᠠᠷᠠᠭᠠᠨ ᠤ ᠰᠡᠷᠡᠮᠵᠢ ᠶᠢᠨ | ᠲᠤᠬᠢᠶ᠎ᠠ ᠶᠢ ᠤᠯᠠᠨ ᠤᠳᠠᠭ᠎ᠠ ᠨᠡᠶᠢᠲᠡᠯᠡᠪᠡ᠃ ᠤᠳᠤ ᠮᠠᠯᠵᠢᠬᠤ ᠤᠷᠤᠨ ᠳᠤ ᠬᠦᠷᠦᠰᠦ ᠰᠢᠷᠤᠢ ᠬᠦᠨᠳᠤ ᠨᠤᠴᠢᠳᠠᠢ | ᠴᠢᠬᠢᠭ ᠠᠯᠳᠠᠵᠥ᠂ ᠪᠡᠯᠴᠢᠭᠡᠷ ᠡᠪᠡᠰᠦᠨ ᠤ ᠤᠷᠭᠤᠴᠠ ᠮᠠᠭᠤᠳᠠᠨ ᠮᠠᠯ ᠤᠨ ᠡᠪᠡᠰᠤ ᠪᠤᠷᠳᠤᠭ᠎ᠠ ᠬᠦᠨᠳᠤ ᠨᠤᠴᠢᠳᠠᠢ | ᠲᠤᠳᠠᠭᠳᠠᠵᠥ᠂ ᠭᠠᠩ ᠬᠠᠭᠰᠠᠷᠠᠭᠠᠨ ᠮᠦᠨ ᠬᠦ ᠦᠷᠬᠦᠯᠵᠢᠯᠡᠭᠰᠡᠭᠡᠷ᠃ | 7 ᠳ᠋ᠤᠭᠠᠷ ᠰᠠᠷ᠎ᠠ ᠶᠢᠨ 14 ᠤ ᠡᠳᠤᠷ ᠤᠨ 10 ᠴᠠᠭ ᠪᠤᠯᠳᠠᠯᠡᠬᠢ ᠪᠦᠷᠢᠳᠬᠡᠯ ᠢᠶᠠᠷ᠂ ᠬᠦᠯᠥᠨ ᠪᠤᠶᠢᠷ | ᠬᠤᠳᠠ᠂ ᠬᠢᠩᠭᠠᠨ ᠠᠶᠢᠮᠠᠭ᠂ ᠲᠦᠩᠯᠢᠶᠤᠤ ᠬᠤᠳᠠ᠂ ᠤᠯᠠᠭᠠᠨᠬᠠᠳᠠ ᠬᠤᠳᠠ ᠵᠡᠷᠬᠡ 10 ᠠᠶᠢᠮᠠᠭ ᠬᠤᠳᠠ᠂ 66 | ᠬᠤᠰᠢᠭᠤ ᠰᠢᠶᠠᠨ ᠲᠤᠭᠤᠷᠢᠭ ᠤᠨ 434 ᠲᠦᠮᠡᠨ ᠬᠦᠮᠥᠨ ᠭᠠᠮᠰᠢᠭᠳᠠᠵᠥ᠂ 203 ᠲᠦᠮᠡᠨ ᠬᠦᠮᠥᠨ ᠭᠠᠩ | ᠬᠠᠭᠰᠠᠷᠠᠭᠠᠨ ᠠᠴᠠ ᠪᠤᠯᠵᠥ ᠠᠮᠢᠳᠤᠷᠠᠯ ᠤᠨ ᠠᠪᠤᠷᠠᠨ ᠲᠤᠰᠠᠯᠠᠯᠳᠡ ᠶᠢ ᠱᠠᠭᠠᠷᠳᠠᠵᠤ ᠪᠤᠢ᠃ ᠪᠦᠬᠦ ᠤᠷᠤᠨ ᠤ | ᠭᠠᠮᠰᠢᠭᠳᠠᠭᠰᠠᠠ ᠲᠠᠷᠢᠮᠠᠯ ᠤᠨ ᠲᠠᠯᠠᠪᠠᠢ 269.1 ᠲᠦᠮᠡᠨ ᠡᡁᠧᠺᠲ᠋ᠡᠷ ᠲᠤ ᠬᠦᠷᠴᠦ᠂ ᠭᠠᠮᠰᠢᠭᠳᠠᠭᠰᠠᠠ ᠨᠤᠳᠤᠭ | ᠪᠡᠯᠴᠢᠬᠡᠷ ᠤᠨ ᠲᠠᠯᠠᠪᠠᠢ 3430 ᠲᠦᠮᠡᠨ ᠡᡁᠧᠺᠲ᠋ᠡᠷ ᠲᠤ ᠬᠦᠷᠴᠦ᠂ 321 ᠲᠦᠮᠡᠨ ᠪᠤᠳᠠ ᠮᠠᠯ ᠤᠰᠤ | ᠤᠮᠳᠠ ᠶᠢᠨ ᠬᠦᠴᠢᠷᠳᠠᠯ ᠳᠤ ᠲᠤᠯᠭᠠᠷᠠᠬᠰᠠᠨ ᠪᠠᠶᠢᠨ᠎ᠠ᠃ | 7 ᠳ᠋ᠤᠭᠠᠷ ᠰᠠᠷ᠎ᠠ ᠶᠢᠨ 12 ᠤᠨ ᠡᠳᠤᠷ᠂ ᠦᠪᠤᠷ ᠮᠤᠩᠭᠤᠯ ᠤᠨ ᠭᠠᠮᠰᠢᠭ ᠢ ᠪᠠᠭᠠᠰᠬᠠᠬᠤ ᠵᠦᠪᠯᠡᠯ᠂ | ᠠᠷᠠᠳ ᠤᠨ ᠶᠠᠪᠤᠳᠠᠯ ᠤᠨ ᠲᠢᠩᠬᠢᠮ ᠭᠠᠩ ᠬᠠᠭᠰᠠᠷᠠᠭᠠᠨ ᠤ ᠪᠠᠴᠢᠮ ᠪᠠᠶᠢᠳᠠᠯ ᠢ ᠠᠷᠭᠠᠴᠠᠬᠤ Ⅲ ᠲᠡᠰ ᠤᠨ | ᠠᠵᠢᠯᠯᠠᠭ᠎ᠠ ᠪᠠᠨ ᠡᠬᠢᠯᠡᠬᠦᠯᠵᠥ᠂ ᠡᠯ᠎ᠡ ᠭᠠᠮᠰᠢᠭᠳᠠᠭᠰᠠᠠ ᠭᠠᠵᠠᠷ ᠤᠷᠤᠨ ᠤ ᠬᠢᠨ ᠤᠯᠠᠨ ᠵᠦᠢᠯ ᠤᠨ ᠠᠷᠭ᠎ᠠ ᠬᠡᠮᠵᠢᠶ᠎ᠡ | ᠠᠪᠴᠦ᠂ ᠭᠠᠩ ᠬᠠᠭᠰᠠᠷᠠᠭᠠᠨ ᠲᠠᠢ ᠲᠡᠮᠡᠴᠡᠵᠥ ᠦᠪᠡᠷ ᠢ ᠪᠠᠨ ᠠᠪᠤᠷᠠᠬᠤ ᠠᠵᠢᠯ ᠢ ᠪᠦᠬᠦ ᠬᠦᠴᠦᠨ ᠢᠶᠠᠷ | ᠦᠷᠨᠢᠬᠦᠯᠵᠥ᠂ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠬᠦ ᠴᠤᠭᠯᠠᠭᠤᠯᠤᠨ ᠬᠤᠳᠳᠤᠭ ᠮᠠᠯᠳᠠᠬᠤ᠂ ᠤᠰᠤ | ᠵᠠᠯᠠᠬᠤ᠂ ᠬᠦᠮᠥᠨ ᠤ ᠬᠦᠴᠦ ᠪᠠᠷ ᠪᠤᠷᠤᠭᠠᠨ ᠨᠡᠮᠡᠵᠤ ᠤᠷᠤᠭᠤᠯᠬᠤ ᠵᠡᠷᠬᠡ ᠭᠠᠮᠰᠢᠭ ᠠᠴᠠ ᠠᠪᠤᠷᠠᠬᠤ ᠠᠵᠢᠯ ᠢ | ᠢᠳᠡᠪᠬᠢᠳᠡᠢ ᠦᠷᠨᠢᠬᠦᠯᠵᠥ᠂ ᠭᠠᠩ ᠬᠠᠭᠰᠠᠷᠠᠭᠠᠨ ᠠᠴᠠ ᠪᠤᠯᠤᠭᠰᠠᠠ ᠬᠤᠬᠢᠷᠠᠯ ᠢ ᠪᠠᠭᠠᠰᠬᠠᠬᠤ ᠪᠠᠷ ᠴᠢᠷᠮᠠᠶᠢᠵᠤ ᠪᠤᠢ᠃ | |