30 ᠵᠢᠯ ᠤᠨ ᠡᠮᠦᠨᠡᠬᠢ ᠦᠪᠦᠷ ᠮᠣᠩᠭᠤᠯ ᠤᠨ ᠠᠮᠤ ᠬᠦᠨᠡᠰᠦᠨ ᠤ ᠮᠦ ᠪᠦᠷᠢ ᠶᠢᠨ ᠤᠨᠠᠯᠲᠠ ᠨᠢ ᠤᠯᠤᠰ | ᠲᠠᠶᠠᠭᠠᠷ ᠤᠨ ᠬᠡᠪᠴᠢᠶᠠᠨ ᠳᠤ ᠰᠡᠬᠦᠯ ᠳᠤ ᠤᠷᠤᠵᠤ᠂ ᠦᠪᠡᠷᠲᠡᠭᠡᠨ ᠵᠠᠰᠠᠬᠤ ᠤᠷᠤᠨ ᠪᠠᠶᠢᠭᠤᠯᠤᠭᠲᠠᠬᠤ ᠶᠢᠨ | ᠦᠶ᠎ᠠ ᠪᠠᠷ ᠨᠢᠭᠡᠲᠦᠭᠡᠷ ᠠᠵᠤ ᠦᠢᠯᠡᠰ ᠤᠨ ᠦᠷᠲᠡᠭ ᠤᠨ ᠨᠡᠮᠡᠭᠲᠡᠯ ᠵᠦᠪᠬᠡᠨ 4.12 ᠳ᠋ᠦᠩᠰᠢᠭᠤᠷ ᠲᠦᠭᠦᠷᠢᠭ | ᠪᠠᠶᠢᠪᠠ᠃ ᠤᠯᠠᠨ ᠵᠢᠯ ᠤᠨ ᠲᠤᠷᠰᠢ ᠦᠪᠦᠷ ᠮᠣᠩᠭᠤᠯ ᠮᠠᠯ ᠲᠠᠷᠢᠶᠠᠯᠠᠩ ᠤᠨ ᠠᠵᠤ ᠦᠢᠯᠡᠰ ᠢ ᠶᠡᠭᠡ ᠬᠡᠪᠴᠢᠶ᠎ᠠ ᠪᠠᠷ | ᠬᠢᠬᠦ ᠶᠢᠨ ᠬᠠᠮᠲᠤ ᠴᠢᠨᠠᠷ ᠴᠢᠨᠰᠠᠭ᠎ᠠ ᠦᠷ᠎ᠠ ᠠᠰᠢᠭ ᠨᠢ ᠮᠡᠲᠡᠭᠲᠡᠮ᠎ᠡ ᠲᠡᠭᠡᠭᠰᠢᠯᠡᠪᠡ᠃ ᠤᠲᠤᠬᠠᠨ ᠳᠤ ᠰᠦ᠂ | ᠬᠤᠨᠢᠨ ᠤ ᠨᠤᠤᠰᠤ᠂ ᠬᠤᠨᠢᠨ ᠤ ᠮᠢᠬ᠎ᠠ ᠦᠢᠯᠡᠳᠪᠦᠷᠢᠯᠡᠬᠦ ᠴᠢᠲᠠᠯ ᠨᠢ ᠤᠯᠤᠰ ᠲᠠᠶᠠᠭᠠᠷ ᠤᠨ ᠬᠡᠪᠴᠢᠶᠠᠨ ᠳᠤ | ᠲᠡᠷᠢᠬᠦᠯᠡᠵᠦ᠂ ᠨᠢᠭᠡ ᠪᠦᠯᠦᠭ ᠨᠤᠭᠤᠭᠠᠨ ᠲᠡᠮᠲᠡᠭᠲᠤ ᠨᠢ ᠬᠡᠷᠡᠭᠯᠡᠭᠴᠢᠳ ᠤᠨ ᠰᠠᠶᠢᠨ ᠦᠨᠡᠯᠡᠯᠲᠡ ᠶᠢ ᠤᠯᠵᠤ᠂ | ᠤᠷᠤᠨ ᠪᠦᠰᠡ ᠶᠢᠨ ᠡᠳ᠋ ᠤᠨ ᠵᠠᠰᠠᠭ ᠤᠨ ᠬᠦᠭᠵᠢᠯᠲᠠ ᠶᠢ ᠲᠠᠶᠢᠴᠢᠯᠠᠨ᠂ ᠤᠯᠤᠰ ᠲᠠᠶᠠᠭᠠᠷ ᠤᠨ ᠡᠯ᠎ᠡ ᠵᠠᠬ᠎ᠠ | ᠵᠡᠬᠡᠯᠢ ᠶᠢ ᠪᠦᠷᠬᠦᠨ᠂ ᠢᠷᠭᠡᠳ ᠤᠨ ᠤᠷᠤᠯᠭ᠎ᠠ ᠶᠢ ᠨᠡᠮᠡᠭᠲᠡᠬᠦᠯᠵᠦ ᠪᠠᠶᠠᠵᠢᠭᠤᠯᠬᠤ ︽ᠠᠮᠤ ᠬᠦᠨᠡᠰᠦ ᠮᠠᠯᠵᠢᠯ ᠤᠨ | ᠲᠠᠯᠠᠪᠠᠢ︾ ᠶᠢ ᠪᠠᠶᠢᠭᠤᠯᠤᠨ ᠬᠦᠭᠵᠢᠬᠦᠯᠪᠡ᠃ | 7 ᠳ᠋ᠤᠭᠠᠷ ᠰᠠᠷ᠎ᠠ ᠶᠢᠨ ᠲᠤᠮᠲᠠᠴᠢ ᠪᠠᠷ᠂ ᠡᠷᠳᠡᠨᠢ ᠰᠢᠰᠢ ᠦᠶᠡᠯᠡᠬᠦ ᠱᠠᠲᠤᠨ ᠳᠤ ᠤᠷᠤᠲᠠᠭ᠃ ᠲᠦᠩᠯᠢᠶᠤᠤ | ᠬᠤᠲᠠ ᠶᠢᠨ ᠬᠤᠷᠴᠢᠨ ᠵᠡᠬᠦᠨ ᠭᠠᠷᠤᠨ ᠳᠤᠮᠳᠠᠳᠤ ᠬᠤᠰᠢᠭᠤᠨ ᠤ 42 ᠲᠦᠮᠡᠨ ᠮᠦ ᠰᠢᠨᠵᠢᠯᠡᠬᠦ ᠤᠬᠠᠭᠠᠨ | ᠲᠧᠭᠨᠤᠯᠤᠬᠢ ᠠᠮᠢ ᠠᠬᠤᠶᠢᠴᠢ ᠤᠰᠤ ᠠᠷᠪᠢᠯᠠᠬᠤ ᠭᠦᠶᠦᠬᠡᠨ ᠪᠤᠯᠠᠵᠤ ᠲᠤᠰᠤᠯᠭᠠᠨ ᠤᠰᠤᠯᠠᠬᠤ ᠲᠦᠰᠦᠯ ᠤᠨ | ᠭᠠᠵᠠᠷ ᠲᠤ ᠡᠷᠳᠡᠨᠢ ᠰᠢᠰᠢ ᠢᠲᠡᠷᠡᠬᠦᠨ ᠢᠶᠠᠷ ᠤᠷᠭᠤᠵᠤ᠂ ᠡᠯᠪᠡᠭ ᠬᠤᠷᠢᠶᠠᠯᠲᠠ ᠪᠠᠨ ᠬᠦᠯᠢᠶᠡᠨ ᠤᠭᠲᠤᠨ᠎ᠠ᠃ | ᠤᠯᠤᠰ ᠲᠠᠶᠠᠭᠠᠷ ᠲᠤ ᠨᠡᠷ᠎ᠡ ᠠᠯᠲᠠᠷᠰᠢᠯ ᠲᠠᠢ ᠠᠮᠤ ᠬᠦᠨᠡᠰᠤᠨ ᠤ ᠬᠤᠰᠢᠭᠤ ︵ᠰᠢᠶᠠᠨ︶ ᠪᠤᠯᠤᠬᠰᠠᠨ ᠤ | ᠬᠤᠪᠢ ᠳᠤ ᠦᠩᠭᠡᠷᠡᠭᠰᠡᠨ ᠳᠤ ᠤᠨᠠᠯᠲᠠ ᠶᠢ ᠨᠡᠮᠡᠭᠲᠡᠬᠦᠯᠬᠦ ᠪᠠ ᠤᠰᠤ ᠠᠷᠪᠢᠯᠠᠨ ᠤᠰᠤᠯᠠᠬᠤ ᠬᠠᠷᠢᠴᠠᠭ᠎ᠠ ᠶᠢ | ᠲᠡᠩᠴᠡᠬᠦᠷᠢᠲᠠᠢ ᠰᠢᠢᠳᠪᠦᠷᠢᠯᠡᠬᠦ ᠨᠢ ᠲᠤᠰ ᠬᠤᠰᠢᠭᠤᠨ ᠤ ᠲᠤᠬᠠᠢ ᠶᠢᠨ ᠤᠷᠤᠨ ᠤ ᠡᠳ᠋ ᠤᠨ ᠵᠠᠰᠠᠭ ᠤᠨ | ᠬᠦᠭᠵᠢᠯᠲᠠ ᠶᠢᠨ ᠲᠡᠷᠢᠬᠦᠨ ᠠᠰᠠᠭᠤᠲᠠᠯ ᠪᠤᠯᠵᠤ ᠪᠠᠶᠢᠪᠠ᠃ ᠲᠡᠷᠢᠶᠠᠴᠢᠨ ᠹᠠᠩ ᠳ᠋ᠢᠶᠠᠨ ᠵᠢᠶᠦ᠋ᠨ᠂ ᠮᠠᠨ ᠤ ᠠᠳᠡ | ᠤᠰᠤ ᠲᠤᠲᠠᠭᠲᠠᠲᠠᠭ᠂ ᠤᠤᠯ ᠨᠢ 1 ᠮᠦ ᠲᠠᠷᠢᠶᠠᠨ ᠭᠠᠵᠠᠷ ᠲᠤ 300 ᠺᠦᠪ ᠮᠧᠲᠷ ᠤᠰᠤ ᠬᠡᠷᠡᠭᠰᠡᠲᠡᠭ᠂ | ᠢᠩᠭᠢᠬᠦ ᠨᠢ ᠤᠰᠤ ᠶᠢ ᠪᠦᠷᠢᠯᠭᠡᠨ ᠰᠦᠢᠳᠭᠡᠵᠦ ᠪᠠᠶᠢᠲᠠᠭ᠃ ᠤᠰᠤ ᠠᠷᠪᠢᠯᠠᠬᠤ ᠮᠡᠷᠭᠡᠵᠢᠯ ᠢ ᠬᠡᠷᠡᠭᠯᠡᠭᠰᠡᠨ ᠤ ᠲᠠᠷᠠᠭ᠎ᠠ | ᠬᠡᠷᠡᠭᠰᠡᠬᠦ ᠤᠰᠤᠨ ᠤ ᠬᠡᠮᠵᠢᠶ᠎ᠠ ᠬᠠᠭᠠᠰ ᠢᠶᠠᠷ ᠪᠠᠭᠠᠰᠤᠨ᠂ ᠤᠨᠠᠯᠲᠠ ᠨᠢ ᠴᠤ ᠨᠡᠮᠡᠭᠲᠡᠪᠡ ᠭᠡᠵᠡᠢ᠃ | ᠲᠠᠷᠢᠮᠠᠯ ᠤᠨ ᠲᠦᠷᠦᠯ ᠢ ᠤᠲᠤᠬᠢᠴᠢᠯᠠᠭᠰᠠᠨ ᠬᠡᠯᠪᠡᠷᠢ ᠪᠠᠷ ᠲᠠᠷᠢᠵᠤ ᠤᠷᠭᠤᠭᠤᠯᠬᠤ ᠠᠴᠠ ᠭᠠᠲᠠᠨ᠎ᠠ᠂ | ᠦᠪᠦᠷ ᠮᠣᠩᠭᠤᠯ ᠤᠨ ᠡᠯ᠎ᠡ ᠭᠠᠵᠠᠷ ᠤᠨ ᠬᠢᠨ ᠤᠯᠠᠨ ᠶᠠᠩᠵᠤᠲᠤ ᠲᠠᠷᠢᠶᠠᠯᠠᠩ ᠤᠨ ᠬᠦᠭᠵᠢᠯᠲᠠ ᠶᠢᠨ ᠬᠡᠯᠪᠡᠷᠢ ᠶᠢ | ᠢᠲᠡᠪᠬᠢᠲᠡᠢ ᠰᠦᠪᠡᠭᠴᠢᠯᠡᠵᠦ ᠪᠠᠶᠢᠨ᠎ᠠ᠃ ᠪᠠᠶᠠᠨᠨᠠᠭᠤᠷ ᠬᠤᠲᠠ ᠶᠢᠨ ᠦᠶᠤᠧᠠᠨ ᠰᠢᠶᠠᠨ ᠪᠤᠯ ᠪᠤᠷᠤᠲᠤᠬᠤᠢ ᠶᠢᠨ | ᠲᠠᠯ᠎ᠠ ᠭᠠᠵᠠᠷ ᠲᠤ ᠪᠠᠶᠢᠷᠢᠯᠠᠵᠤ᠂ ︽ᠪᠤᠭᠤᠮᠲᠠ ᠶᠢᠨ ᠭᠠᠲᠠᠨᠠᠬᠢ ᠠᠮᠤ ᠬᠦᠨᠡᠰᠦᠨ ᠤ ᠬᠦᠮᠦᠷᠭᠡ︾ ᠬᠡᠮᠡᠬᠦ ᠰᠠᠶᠢᠬᠠᠨ | ᠠᠯᠲᠠᠷ ᠲᠠᠢ ᠪᠢᠯᠡ᠃ ᠰᠡᠬᠦᠯ ᠤᠨ ᠵᠢᠯ ᠠᠴᠠ ᠨᠠᠰᠢ ᠦᠶᠤᠧᠠᠨ ᠰᠢᠶᠠᠨ ᠲᠦᠮᠡᠨ ᠮᠦ ᠶᠢᠨ ᠤᠲᠤᠬᠢᠴᠢᠯᠠᠭᠰᠠᠨ | ᠲᠠᠷᠢᠶᠠᠯᠠᠩ ᠤᠨ ᠵᠢᠱᠢᠶ᠎ᠠ ᠦᠵᠡᠬᠦᠯᠬᠦ ᠬᠦᠷᠢᠶᠯᠡᠩ ᠢᠶᠠᠷ ᠴᠢᠭ ᠪᠤᠯᠭᠠᠨ᠂ ᠤᠯᠠᠮᠵᠢᠯᠠᠯᠲᠤ ᠲᠠᠷᠢᠶᠠᠯᠠᠩ ᠪᠤᠯᠤᠨ ᠠᠮᠢ | ᠠᠬᠤᠢ᠂ ᠭᠡᠷᠡᠯ ᠸᠤᠯᠲ᠂ ᠠᠶᠠᠯᠠᠯ ᠵᠢᠭᠤᠯᠴᠢᠯᠠᠯ ᠢ ᠬᠠᠷᠢᠯᠴᠠᠨ ᠤᠶᠠᠯᠲᠤᠭᠤᠯᠤᠨ ᠨᠡᠷᠡᠨ ᠤ ᠭᠡᠷᠡᠯ ᠤᠨ ᠬᠦᠯᠡᠮᠵᠢ᠂ | ᠰᠢᠨ᠎ᠡ ᠬᠦᠲᠡᠭᠡ ᠲᠤᠰᠬᠤᠨ ᠤ ᠪᠠᠶᠢᠭᠤᠯᠤᠯᠲᠠ ᠶᠢᠨ ᠵᠢᠱᠢᠶ᠎ᠠ ᠦᠵᠡᠬᠦᠯᠬᠦ ᠲᠤᠭᠤᠷᠢᠭ᠂ ᠪᠤᠲᠠᠰ ᠤᠨ ᠬᠦᠢᠯᠭᠡᠭᠡᠨ ᠤ | ᠦᠢᠯᠡᠳᠪᠦᠷᠢᠯᠡᠬᠦ ᠬᠦᠷᠢᠶᠡᠯᠡᠩ᠂ ᠪᠤᠷᠤᠲᠤᠬᠤᠢ ᠶᠢᠨ ᠲᠠᠷᠢᠶᠠᠯᠠᠬᠤ ᠰᠤᠶᠤᠯ ᠤᠨ ᠦᠵᠡᠬᠦᠯᠦᠯᠭᠡ ᠶᠢᠨ ᠬᠦᠷᠢᠶᠡᠯᠡᠩ | ᠵᠡᠷᠭᠡ ᠶᠢ ᠨᠢᠭᠡ ᠴᠤᠭᠴᠠᠵᠢᠭᠤᠯᠵᠤ᠂ ᠤᠲᠤᠬᠠᠨ ᠳᠤ ᠲᠠᠷᠢᠶᠠᠯᠠᠩ ᠳᠤ ᠬᠤᠯᠪᠤᠭᠲᠠᠭᠰᠠᠨ 12 ᠠᠵᠤ ᠠᠬᠤᠶᠢᠯᠠᠯ᠂ | ᠬᠤᠷᠰᠢᠶᠠᠵᠢᠯ ᠤᠷᠤᠯᠴᠠᠭᠠᠳ ᠪᠤᠢ᠂ ᠡᠨᠡ ᠨᠢ ᠪᠦᠬᠦ ᠰᠢᠶᠠᠨ ᠤ 7.6 ᠲᠦᠮᠡᠨ ᠮᠦ ᠲᠦᠬᠦᠭᠡᠷᠦᠮᠵᠢᠲᠦ | ᠲᠠᠷᠢᠶᠠᠯᠠᠩ ᠤᠨ ᠰᠠᠭᠤᠷᠢᠨ ᠤ ᠪᠠᠶᠢᠭᠤᠯᠤᠯᠲᠠ ᠶᠢ ᠪᠦᠷᠬᠦᠨ᠂ ᠲᠦᠮᠡ ᠭᠠᠷᠤᠢ ᠲᠠᠷᠢᠶᠠᠴᠢᠳ ᠤᠨ ᠲᠦᠭᠦᠭᠡᠷᠦᠮᠵᠢᠲᠦ | ᠲᠠᠷᠢᠶᠠᠯᠠᠩ ᠤᠨ ᠦᠢᠯᠡᠳᠪᠦᠷᠢᠯᠡᠯ ᠢ ᠰᠢᠭᠤᠳ ᠲᠠᠶᠢᠴᠢᠯᠠᠬᠤ ᠪᠤᠯᠤᠨ᠎ᠠ᠃ | ᠦᠶᠤᠧᠠᠨ ᠰᠢᠶᠠᠨ ᠤ ᠯᠦᠩ ᠰᠢᠩ ᠴᠠᠩ ᠪᠠᠯᠭᠠᠰᠤ ᠶᠢᠨ ᠲᠠᠷᠢᠶᠠᠴᠢᠨ ᠵᠠᠩ ᠶᠦᠩ ᠭᠠᠩ ᠬᠦᠯᠡᠮᠵᠢ ᠪᠠᠷ | ᠪᠠᠶᠠᠵᠢᠯ ᠤᠨ ᠵᠠᠮ ᠢᠶᠠᠨ ᠡᠯᠬᠦᠭᠰᠡᠨ ᠶᠤᠮ᠃ ᠲᠡᠷᠡᠪᠡᠷ ᠰᠢᠷ᠎ᠠ ᠲᠦᠪᠡᠳ ᠬᠠᠰᠢ᠂ ᠲᠡᠬᠦᠵᠢᠯᠡᠬᠦᠷ ᠭᠤᠧᠠ ᠵᠡᠷᠭᠡ | ᠵᠢᠮᠢᠰ ᠢᠲᠡᠰᠢᠨ ᠨᠤᠭᠤᠭ᠎ᠠ ᠲᠠᠷᠢᠵᠤ ᠴᠢᠨᠠᠷ ᠰᠠᠶᠢᠨ ᠪᠤᠯᠬᠤᠷ ᠪᠤᠷᠤᠯᠠᠭᠤᠯᠭ᠎ᠠ ᠰᠠᠶᠢᠲᠠᠢ᠂ ᠨᠢᠲᠤᠨᠤᠨ ᠭᠤᠷᠪᠠ | ᠲᠦᠷᠪᠡᠨ ᠲᠦᠮᠡᠨ ᠲᠦᠭᠦᠷᠢᠭ ᠤᠷᠤᠯᠭ᠎ᠠ ᠤᠯᠪᠠ᠃ ᠵᠠᠩ ᠶᠦᠩ ᠭᠠᠩ ᠤᠨ ᠬᠡᠯᠡᠬᠦ ᠪᠠᠷ᠂ ᠡᠨᠡ ᠵᠢᠯ ᠤᠨ ᠤᠷᠤᠯᠭ᠎ᠠ | ᠬᠤᠶᠠᠷ ᠲᠠᠬᠢᠨ ᠢᠶᠠᠷ ᠨᠡᠮᠡᠭᠲᠡᠬᠦ ᠪᠤᠯᠤᠮᠵᠢ ᠲᠠᠢ᠂ ᠲᠠᠷᠠᠭᠠᠴᠢ ᠪᠠᠷ ᠬᠤᠷᠰᠢᠶᠠᠵᠢᠯ ᠪᠠᠶᠢᠭᠤᠯᠤᠨ ᠤᠯᠠᠨ | ᠲᠦᠮᠡᠨ ᠲᠠᠢ ᠪᠠᠨ ᠬᠠᠮᠲᠤ ᠬᠢᠬᠦ ᠪᠠᠷ ᠲᠦᠯᠦᠪᠯᠡᠵᠦ ᠪᠠᠶᠢᠨ᠎ᠠ ᠭᠡᠵᠡᠢ᠃ | ᠦᠪᠦᠷ ᠮᠣᠩᠭᠤᠯ ᠤᠨ ᠲᠠᠷᠢᠶᠠᠯᠠᠩ ᠮᠠᠯ ᠠᠬᠤᠢ ᠶᠢᠨ ᠲᠢᠩᠬᠢᠮ ᠤᠨ ᠲᠠᠷᠤᠭ᠎ᠠ ᠭᠦᠸᠧ ᠵᠢᠶᠠᠨ᠂ ᠨᠢᠲᠤᠨᠤᠨ | ᠦᠪᠦᠷ ᠮᠣᠩᠭᠤᠯ ᠤᠨ ᠠᠮᠤ ᠬᠦᠨᠡᠰᠦᠨ ᠤ ᠤᠨᠠᠯᠲᠠ ᠠᠷᠪᠠᠨ ᠭᠤᠷᠪᠡᠳᠡᠬᠢ ᠵᠢᠯ ᠲᠠᠷᠠᠭᠠᠯᠠᠨ ᠡᠯᠪᠡᠭ ᠬᠤᠷᠢᠶᠠᠯᠲᠠ | ᠤᠯᠵᠤ᠂ ᠠᠮᠤ ᠬᠦᠨᠡᠰᠦᠨ ᠤ ᠤᠨᠠᠯᠲᠠ 556.04 ᠳ᠋ᠦᠩᠰᠢᠭᠤᠷ ᠵᠢᠩ ᠬᠦᠷᠪᠡ᠂ ᠦᠪᠡᠷᠲᠡᠭᠡᠨ ᠵᠠᠰᠠᠬᠤ ᠤᠷᠤᠨ | ᠪᠠᠶᠢᠭᠤᠯᠤᠭᠲᠠᠬᠤ ᠶᠢᠨ ᠦᠶ᠎ᠠ ᠶᠢᠨ 15 ᠲᠠᠬᠢᠨ ᠪᠤᠯᠵᠤ ᠲᠠᠷᠢᠶᠠᠯᠠᠩ ᠤᠨ ᠡᠳ᠋ ᠤᠨ ᠵᠠᠰᠠᠭ ᠤᠨ ︽ᠶᠡᠷᠦᠩᠬᠡᠢ ᠳᠤᠨᠢ | ᠲᠤᠭᠲᠠᠭᠤᠨ᠂ ᠲᠤᠭᠲᠠᠭᠤᠨ ᠤ ᠲᠤᠮᠲᠠ ᠨᠡᠮᠡᠭᠲᠡᠬᠦ︾ ᠬᠠᠨᠲᠤᠰᠢ ᠶᠢ ᠪᠤᠢ ᠪᠤᠯᠭᠠᠪᠠ᠃ | ᠮᠠᠯ ᠠᠵᠤ ᠠᠬᠤᠢ᠄ ᠲᠤᠮᠤ ᠠᠴᠠ ᠬᠦᠴᠦᠷᠭᠡᠭ ᠪᠤᠯᠤᠭᠰᠠᠨ ᠲᠠᠪᠠᠯᠲᠠ | ᠤᠲᠤᠬᠢᠴᠢᠯᠠᠭᠰᠠᠨ ᠲᠠᠷᠢᠶᠠᠯᠠᠩ ᠦᠢᠯᠡᠰ ᠦᠷᠭᠡᠳᠴᠦ ᠪᠠᠶᠢᠬᠤ ᠳᠤ ᠲᠠᠪᠠᠭᠤᠯᠢᠭ ᠠᠵᠤ ᠦᠢᠯᠡᠰ ᠪᠤᠯᠤᠭᠰᠠᠨ | ᠮᠠᠯ ᠠᠵᠤ ᠠᠬᠤᠢ ᠳᠤ ᠴᠤ ᠬᠤᠪᠢᠷᠠᠯᠲᠠ ᠭᠠᠷᠴᠤ ᠪᠠᠶᠢᠨ᠎ᠠ᠃ ᠡᠪᠡᠰᠦ ᠪᠡᠯᠴᠢᠭᠡᠷ ᠦᠩ ᠰᠢᠮᠡᠯᠢᠭ᠂ ᠠᠲᠤᠭᠤ ᠮᠠᠯ | ᠲᠠᠷᠬᠠᠨ ᠪᠡᠯᠴᠢᠭᠰᠡᠨ ᠰᠢᠯᠢ ᠶᠢᠨ ᠭᠤᠤᠯ ᠤᠨ ᠲᠠᠯ᠎ᠠ ᠨᠤᠲᠤᠭ ᠲᠤ ᠪᠠᠷᠢᠮᠵᠢᠶᠠᠵᠢᠭᠰᠠᠨ ᠦᠬᠡᠷ ᠬᠤᠨᠢᠨ ᠤ ᠮᠢᠬ᠎ᠠ ᠶᠢ | ᠨᠠᠷᠢᠯᠢᠬ ᠦᠢᠯᠡᠳᠪᠦᠷᠢᠯᠡᠬᠦ ᠳ᠋ᠠ ᠵᠤᠧᠠᠩ ᠶᠤᠧᠠᠨ ᠮᠢᠬᠠᠨ ᠤ ᠠᠵᠤ ᠦᠢᠯᠡᠰ ᠤᠨ ᠵᠢᠱᠢᠶ᠎ᠠ ᠦᠵᠡᠬᠦᠯᠬᠦ ᠬᠦᠷᠢᠶᠡᠯᠡᠩ | ᠪᠠᠶᠢᠷᠢᠯᠠᠵᠤ᠂ ᠡᠪᠡᠰᠦ ᠪᠤᠷᠲᠤᠭ᠎ᠠ ᠲᠠᠷᠢᠵᠤ ᠤᠷᠭᠤᠭᠤᠯᠬᠤ᠂ ᠦᠬᠡᠷ ᠬᠤᠨᠢ ᠦᠷᠡᠵᠢᠬᠦᠯᠵᠦ ᠲᠡᠵᠢᠭᠡᠬᠦ᠂ ᠡᠬᠦᠯᠲᠡᠷ | ᠰᠠᠶᠢᠵᠢᠷᠠᠭᠤᠯᠬᠤ᠂ ᠠᠯᠠᠵᠤ ᠨᠢᠲᠤᠯᠬᠤ ᠪᠠ ᠦᠢᠯᠡᠳᠪᠦᠷᠢᠯᠡᠬᠦ ᠵᠡᠷᠭᠡ ᠰᠠᠯᠪᠤᠷᠢ ᠶᠢ ᠬᠠᠮᠤᠷᠴᠤ ᠪᠠᠶᠢᠨ᠎ᠠ᠃ | ᠲᠡᠭᠡᠳᠦ ᠬᠡᠮᠵᠢᠶ᠎ᠠ ᠪᠠᠷ ᠠᠦ᠋ᠲ᠋ᠤᠴᠢᠯᠠᠭᠰᠠᠨ ᠦᠢᠯᠡᠳᠪᠦᠷᠢᠯᠡᠯ ᠤᠨ ᠱᠤᠭᠤᠮ ᠤᠨ ᠡᠮᠦᠨ᠎ᠡ ︽ᠰᠢᠯᠢ ᠶᠢᠨ | ᠭᠤᠤᠯ ᠤᠨ ᠲᠠᠯ᠎ᠠ ᠨᠤᠲᠤᠭ ᠪᠤᠯ ᠲᠡᠯᠡᠬᠡᠢ ᠶᠢᠨ ᠪᠠᠶᠢᠭᠠᠯᠢᠯᠢᠬ ᠮᠠᠯᠵᠢᠯ ᠤᠨ ᠲᠠᠯᠠᠪᠠᠢ ᠪᠤᠯᠤᠨ᠎ᠠ᠂ ᠪᠢᠲᠠ ᠠᠳᠡᠬᠢ | ᠪᠠᠶᠢᠭᠠᠯᠢᠯᠢᠬ ᠴᠢᠨᠠᠷ ᠰᠠᠶᠢᠲᠠᠢ ᠦᠬᠡᠷ ᠤᠨ ᠮᠢᠬ᠎ᠠ ᠪᠠᠨ ᠤᠯᠤᠰ ᠲᠠᠶᠠᠭᠠᠷ᠂ ᠭᠠᠲᠠᠭᠠᠲᠤ ᠤᠯᠤᠰ ᠲᠤ ᠭᠠᠷᠠᠭᠠᠵᠤ ᠪᠤᠢ︾ | ᠭᠡᠵᠦ ᠳ᠋ᠠ ᠵᠤᠧᠠᠩ ᠶᠤᠧᠠᠨ ᠮᠢᠬᠠᠨ ᠤ ᠦᠢᠯᠡᠰ ᠤᠨ ᠬᠢᠵᠠᠭᠠᠷᠲᠤ ᠺᠤᠮᠫᠠᠨᠢ ᠶᠢᠨ ᠶᠡᠷᠦᠩᠬᠡᠢ ᠵᠠᠬᠢᠷᠤᠯ ᠴᠧᠨ ᠰᠢ | ᠯᠢᠶᠠᠩ ᠶᠠᠷᠢᠨ᠎ᠠ᠃ ᠤᠲᠤᠬᠠᠨ ᠳᠤ ᠳ᠋ᠠ ᠵᠤᠧᠠᠩ ᠶᠤᠧᠠᠨ ᠲᠡᠯᠡᠬᠡᠢ ᠶᠢᠨ ᠬᠠᠮᠤᠭ ᠤᠨ ᠤᠷᠤᠭᠰᠢᠯᠠᠭᠰᠠᠨ | ᠦᠢᠯᠡᠳᠪᠦᠷᠢᠯᠡᠯ ᠤᠨ ᠲᠤᠨᠤᠭ ᠲᠦᠬᠦᠭᠡᠷᠦᠮᠵᠢ᠂ ᠲᠧᠭᠨᠤᠯᠤᠬᠢ ᠶᠢᠨ ᠲᠠᠮᠵᠢᠭᠤᠯᠭ᠎ᠠ ᠶᠢ ᠤᠷᠤᠭᠤᠯᠤᠨ ᠠᠪᠴᠢᠷᠠᠵᠤ᠂ | ᠵᠢᠯ ᠤᠨ ᠦᠢᠯᠡᠳᠪᠦᠷᠢᠯᠡᠬᠦ ᠴᠢᠲᠠᠮᠵᠢ 10 ᠲᠦᠮᠡᠨ ᠲᠤᠨ ᠬᠦᠷᠴᠦ᠂ ᠦᠷᠲᠡᠭ 50 ᠳ᠋ᠦᠩᠰᠢᠭᠤᠷ ᠤᠶᠢᠷᠠᠲᠤᠪᠠ᠃ | ᠪᠠᠶᠠᠨᠨᠠᠭᠤᠷ ᠪᠤᠯ ᠮᠠᠨ ᠤ ᠤᠯᠤᠰ ᠤᠨ ᠠᠶᠢᠮᠠᠭ ᠤᠨ ᠵᠡᠷᠭᠡᠯᠡᠯ ᠤᠨ ᠬᠤᠲᠠ ᠶᠢᠨ ᠲᠤᠲᠤᠷᠠᠬᠢ ᠮᠢᠬᠠᠨ ᠤ ᠬᠤᠨᠢ | ᠦᠢᠯᠡᠳᠪᠦᠷᠢᠯᠡᠵᠦ ᠡᠳ᠋ᠰᠢᠬᠦᠯᠬᠦ ᠬᠠᠮᠤᠭ ᠤᠨ ᠲᠤᠮᠤ ᠰᠠᠭᠤᠷᠢᠨ ᠶᠤᠮ᠂ ᠲᠡᠵᠢᠭᠡᠨ ᠦᠷᠡᠵᠢᠬᠦᠯᠬᠦ ᠬᠡᠪᠴᠢᠶᠠᠵᠢᠯ ᠤᠨ | ᠲᠡᠭᠡᠭᠰᠢᠯᠡᠬᠦ ᠶᠢ ᠲᠠᠭᠠᠯᠲᠤᠨ ᠰᠡᠬᠦᠯ ᠤᠨ ᠦᠶ᠎ᠠ ᠳᠤ ᠡᠬᠦᠯᠲᠡᠷ ᠰᠠᠶᠢᠵᠢᠷᠠᠭᠤᠯᠬᠤ ᠶᠢᠨ ᠬᠠᠮᠲᠤ ᠴᠢᠨᠠᠷ ᠢ ᠨᠢ | ᠲᠡᠭᠡᠭᠰᠢᠯᠡᠬᠦᠯᠬᠦ ᠮᠢᠬᠠᠨ ᠤ ᠬᠤᠨᠢ ᠲᠡᠵᠢᠭᠡᠨ ᠦᠵᠡᠷᠡᠬᠦᠯᠬᠦ ᠠᠵᠤ ᠠᠬᠤᠶᠢᠯᠠᠯ ᠤᠨ ᠬᠦᠭᠵᠢᠯᠲᠠ ᠶᠢᠨ ᠬᠦᠴᠦᠯᠡᠴᠡ | ᠪᠤᠯᠪᠠ᠃ 2011 ᠤᠨ ᠠᠴᠠ ᠡᠬᠢᠯᠡᠨ ᠦᠪᠦᠷ ᠮᠣᠩᠭᠤᠯ ᠤᠨ ᠹᠦ᠋ ᠴᠤᠧᠠᠨ ᠲᠡᠵᠢᠭᠡᠨ ᠦᠷᠡᠬᠦᠯᠬᠦ ᠰᠢᠨᠵᠢᠯᠡᠬᠦ | ᠤᠬᠠᠭᠠᠨ ᠲᠧᠭᠨᠤᠯᠤᠬᠢ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ 1.2 ᠳ᠋ᠦᠩᠰᠢᠭᠤᠷ ᠲᠦᠬᠦᠷᠢᠭ ᠤᠨ ᠬᠦᠷᠦᠩᠭᠡ | ᠤᠷᠤᠭᠤᠯᠵᠤ ᠦᠷ᠎ᠠ ᠶᠢᠨ ᠬᠤᠨᠢ ᠤᠷᠤᠭᠤᠯᠤᠨ ᠵᠠᠬ᠎ᠠ ᠵᠡᠬᠡᠯᠢ ᠳᠤ ᠭᠠᠷᠠᠭᠠᠨ᠂ ᠲᠤᠬᠠᠢ ᠶᠢᠨ ᠤᠷᠤᠨ ᠤ ᠤᠬᠤᠷ | ᠰᠡᠬᠦᠯᠲᠦ ᠬᠤᠨᠢ ᠲᠠᠢ ᠡᠷᠯᠢᠰᠡᠵᠢᠬᠦᠯᠪᠡ᠃ ᠺᠤᠮᠫᠠᠨᠢ ᠶᠢᠨ ᠲᠡᠳ᠋ ᠶᠡᠷᠦᠩᠬᠡᠢ ᠲᠠᠭᠠᠭᠠᠮᠠᠯ ᠰᠦᠨ ᠵᠢᠶᠠᠨ ᠴᠢᠶᠠᠩ᠂ | ᠤᠷᠲᠤ ᠬᠤᠭᠤᠴᠠᠭᠠᠨ ᠤ ᠠᠵᠢᠬᠯᠠᠭᠰᠠᠨ ᠢᠶᠠᠷ᠂ ᠡᠬᠦᠯᠲᠡᠷ ᠰᠠᠶᠢᠵᠢᠷᠠᠭᠤᠯᠤᠭᠰᠠᠨ ᠢᠶᠠᠷ ᠲᠦᠯ ᠤᠨ ᠤᠨᠲᠤᠷᠤᠯᠲᠠ ᠶᠢᠨ | ᠨᠤᠷᠮ᠎ᠠ᠂ ᠡᠪᠡᠳᠴᠢᠨ ᠢ ᠡᠰᠡᠷᠬᠦᠴᠡᠬᠦ ᠴᠢᠲᠠᠪᠤᠷᠢ ᠰᠠᠶᠢᠵᠢᠷᠠᠵᠤ᠂ ᠮᠢᠬᠠᠨ ᠤ ᠬᠤᠨᠢᠨ ᠤ ᠠᠵᠤ ᠠᠬᠤᠢ ᠶᠢᠨ ᠦᠷ᠎ᠠ | ᠠᠰᠢᠭ ᠶᠡᠬᠡᠬᠡᠨ ᠲᠡᠭᠡᠭᠰᠢᠯᠡᠵᠦ᠂ ᠮᠠᠯᠴᠢᠨ ᠲᠠᠷᠢᠶᠠᠴᠢᠳ ᠤᠨ ᠵᠠᠬ᠎ᠠ ᠵᠡᠬᠡᠯᠢ ᠶᠢᠨ ᠲᠦᠭᠰᠢᠬᠦᠷᠢ ᠶᠢ ᠰᠦᠷᠬᠦ ᠬᠦᠴᠦᠨ ᠢ | ᠨᠡᠮᠡᠭᠲᠡᠬᠦᠯᠪᠡ ᠭᠡᠵᠡᠢ᠃ | 2016 ᠤᠨ ᠳᠤ ᠦᠪᠦᠷ ᠮᠣᠩᠭᠤᠯ ︽ᠲᠦᠮᠡᠨ ᠮᠢᠬᠠᠨ ᠤ ᠦᠬᠡᠷ︾ ᠤᠨ ᠢᠨᠵᠧᠨᠧᠷᠢᠩ ᠢ | ᠬᠡᠷᠡᠭᠵᠢᠬᠦᠯᠦᠭᠰᠡᠨ ᠢᠶᠠᠷ᠂ ᠤᠯᠤᠰ ᠲᠠᠶᠠᠭᠠᠷ ᠤᠨ ᠬᠠᠮᠤᠭ ᠤᠨ ᠲᠤᠮᠤ ᠦᠷ᠎ᠠ ᠶᠢᠨ ᠮᠠᠯ ᠤᠨ ᠰᠠᠭᠤᠷᠢᠨ ᠪᠤᠯᠵᠤ᠂ | ᠵᠢᠯ ᠳᠤ 20 ᠲᠦᠮᠡᠨ ᠦᠷ᠎ᠠ ᠶᠢᠨ ᠮᠠᠯ ᠬᠠᠩᠭᠠᠵᠤ ᠴᠢᠲᠠᠬᠤ ᠪᠤᠯᠪᠠ᠃ ᠨᠢᠲᠤᠨᠤᠨ ᠦᠪᠦᠷ ᠮᠣᠩᠭᠤᠯ ᠤᠨ ᠮᠠᠯ ᠤᠨ | ᠲᠤᠭ᠎ᠠ ᠲᠤᠯᠤᠭᠠᠢ ᠠᠷᠪᠠᠨ ᠬᠤᠶᠡᠳᠡᠬᠢ ᠵᠢᠯ ᠲᠠᠷᠠᠭᠠᠯᠠᠨ 1 ᠳ᠋ᠦᠩᠰᠢᠭᠤᠷ ᠢ ᠲᠠᠪᠠᠵᠤ᠂ 1.36 ᠳ᠋ᠦᠩᠰᠢᠭᠤᠷ ᠪᠤᠯᠪᠠ᠂ | ᠪᠡᠭᠡᠵᠢᠩ ᠲᠢᠶᠠᠨᠵᠢᠨ ᠤᠷᠤᠨ ᠪᠦᠰᠡ ᠶᠢᠨ ᠴᠢᠨᠠᠷ ᠰᠠᠶᠢᠲᠠᠢ ᠦᠬᠡᠷ ᠬᠤᠨᠢᠨ ᠤ ᠮᠢᠬ᠎ᠠ ᠶᠢᠨ ᠬᠠᠭᠠᠰ ᠨᠢ ᠦᠪᠦᠷ | ᠮᠣᠩᠭᠤᠯ ᠠᠴᠠ ᠢᠷᠡᠯ ᠲᠠᠢ᠃ | ᠲᠠᠷᠢᠶᠠᠯᠠᠩ ᠮᠠᠯ ᠠᠵᠤ ᠠᠬᠤᠢ ᠨᠢ ᠦᠪᠦᠷ ᠮᠣᠩᠭᠤᠯ ᠤᠨ ᠡᠳ᠋ ᠤᠨ ᠵᠠᠰᠠᠭ ᠤᠨ ᠰᠠᠭᠤᠷᠢ ᠴᠢᠯᠠᠭᠤ ᠪᠤᠯᠪᠠ | 2016 ᠤᠨ ᠳᠤ ᠦᠪᠦᠷ ᠮᠣᠩᠭᠤᠯ ᠤᠨ ᠬᠡᠪᠴᠢᠶᠠᠯ ᠠᠴᠠ ᠲᠡᠭᠡᠭᠰᠢᠬᠢ ᠮᠠᠯ ᠲᠠᠷᠢᠶᠠᠯᠠᠩ ᠤᠨ | ᠪᠦᠲᠦᠭᠡᠭᠲᠡᠬᠦᠨ ᠢ ᠦᠢᠯᠡᠳᠪᠦᠷᠢᠯᠡᠵᠦ ᠡᠳ᠋ᠰᠢᠬᠦᠯᠬᠦ ᠦᠷᠲᠡᠭ 1316.8 ᠳ᠋ᠦᠩᠰᠢᠭᠤᠷ ᠲᠦᠭᠦᠷᠢᠭ ᠪᠤᠯᠤᠨ | ᠨᠡᠮᠡᠭᠲᠡᠵᠦ᠂ ᠤᠷᠤᠨ ᠲᠠᠶᠠᠭᠠᠷ ᠤᠨ ᠠᠵᠤ ᠦᠢᠯᠡᠳᠪᠦᠷᠢ ᠶᠢᠨ ᠨᠡᠮᠡᠭᠲᠡᠯ ᠦᠷᠲᠡᠭ ᠤᠨ 17% ᠶᠢ ᠡᠵᠡᠯᠡᠨ᠂ | ᠡᠨᠧᠷᠬᠢ᠂ ᠲᠡᠮᠦᠷᠯᠢᠭ ᠪᠤᠯᠪᠠᠰᠤᠷᠠᠭᠤᠯᠬᠤ ᠶᠢᠨ ᠲᠠᠷᠠᠭᠠᠬᠢ ᠭᠤᠷᠪᠠᠲᠤᠭᠠᠷ ᠲᠤᠯᠭᠠᠭᠤᠷᠢ ᠠᠵᠤ ᠦᠢᠯᠡᠰ ᠪᠤᠯᠪᠠ᠂ | ᠲᠠᠷᠢᠶᠠᠯᠠᠩ ᠮᠠᠯ ᠠᠵᠤ ᠨᠢ ᠤᠷᠤᠨ ᠲᠠᠶᠠᠭᠠᠷ ᠤᠨ ᠡᠳ᠋ ᠤᠨ ᠵᠠᠰᠠᠭ ᠨᠡᠶᠢᠭᠡᠮ ᠤᠨ ᠬᠦᠭᠵᠢᠯᠲᠠ ᠶᠢᠨ ᠶᠡᠭᠡ | ᠪᠠᠶᠢᠲᠠᠯ ᠳᠤ ᠴᠢᠬᠤᠯᠠ ᠲᠦᠰᠢᠭ ᠪᠤᠯᠵᠤ᠂ ᠦᠪᠦᠷ ᠮᠣᠩᠭᠤᠯ ᠤᠨ ᠡᠳ᠋ ᠤᠨ ᠵᠠᠰᠠᠭ ᠤᠨ ᠰᠠᠭᠤᠷᠢ ᠴᠢᠯᠠᠭᠤ᠂ | ᠲᠤᠭᠲᠠᠪᠤᠷᠢᠵᠢᠭᠤᠯᠤᠭᠴᠢ ᠪᠤᠯᠪᠠ᠃ | ᠭᠦᠸᠧ ᠵᠢᠶᠠᠨ ᠤ ᠬᠡᠯᠡᠬᠦ ᠪᠠᠷ᠂ ᠤᠲᠤᠬᠠᠨ ᠳᠤ ᠦᠪᠦᠷ ᠮᠣᠩᠭᠤᠯ ᠠᠮᠤ ᠲᠤᠰᠤ᠂ ᠰᠦᠨ ᠤ ᠠᠵᠤ | ᠦᠢᠯᠡᠰ ᠢᠶᠠᠷ ᠲᠦᠷᠦᠭᠦᠯᠡᠬᠦᠯᠦᠭᠰᠡᠨ ᠬᠤᠨᠢᠨ ᠤ ᠨᠤᠤᠰᠤ᠂ ᠮᠢᠬᠠᠨ ᠤ ᠲᠦᠷᠦᠯ ᠤᠨ ᠠᠵᠤ ᠦᠢᠯᠡᠰ ᠪᠠᠷ | ᠨᠢᠷᠤᠭᠤᠪᠴᠢ ᠪᠤᠯᠭᠠᠭᠰᠠᠨ ᠤᠯᠠᠮᠵᠢᠯᠠᠯᠲᠤ ᠲᠠᠪᠠᠭᠤᠯᠢᠭ ᠠᠵᠤ ᠦᠢᠯᠡᠰ᠂ ᠤᠨᠴᠠᠯᠢᠭᠲᠤ ᠠᠵᠤ ᠦᠢᠯᠡᠰ ᠤᠨ ᠤᠯᠠᠨ | ᠶᠠᠩᠵᠤᠲᠤ ᠬᠦᠭᠵᠢᠯᠲᠠ ᠶᠢᠨ ᠵᠠᠭᠪᠤᠷ ᠢ ᠠᠩᠬ᠎ᠠ ᠠᠯᠬᠤᠮ ᠪᠦᠷᠢᠯᠲᠦᠬᠦᠯᠦᠨ᠂ ᠠᠮᠤ ᠲᠤᠰᠤ 1600 ᠲᠦᠮᠡᠨ ᠲᠤᠨ᠂ | ᠰᠦ 1000 ᠲᠦᠮᠡᠨ ᠲᠤᠨ᠂ ᠮᠢᠬᠠᠨ ᠤ ᠲᠦᠷᠦᠯ 260 ᠲᠦᠮᠡᠨ ᠲᠤᠨ᠂ ᠬᠤᠨᠢᠨ ᠤ ᠨᠤᠤᠰᠤ 2.2 ᠲᠦᠮᠡᠨ | ᠲᠤᠨ᠂ ᠲᠦᠮᠦᠰᠦ 360 ᠲᠦᠮᠡᠨ ᠲᠤᠨ ᠦᠢᠯᠡᠳᠪᠦᠷᠢᠯᠡᠬᠦ ᠴᠢᠲᠠᠮᠵᠢ ᠲᠠᠢ ᠪᠤᠯᠪᠠ᠃ | ᠦᠪᠦᠷ ᠮᠣᠩᠭᠤᠯ ᠤᠨ ᠮᠠᠯ ᠲᠠᠷᠢᠶᠠᠯᠠᠩ ᠤᠨ ᠠᠵᠤ ᠦᠢᠯᠡᠳᠪᠦᠷᠢᠵᠢᠯᠲᠡ ᠶᠢᠨ ᠠᠬᠢᠴᠠ ᠲᠦᠷᠭᠡᠳᠬᠦ ᠶᠢ | ᠲᠠᠭᠠᠯᠲᠤᠨ ᠲᠠᠷᠢᠶᠠᠴᠢᠨ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠤᠭᠠᠯᠠᠯ ᠶᠢᠨ ᠲᠤᠭᠲᠠᠴᠠ ᠬᠦᠷᠲᠡᠬᠦ | ᠤᠷᠤᠨ ᠲᠠᠶᠠᠭᠠᠷ ᠤᠨ 214 ᠲᠦᠮᠡᠨ ᠮᠠᠯᠴᠢᠨ ᠲᠠᠷᠢᠶᠠᠴᠢᠨ ᠡᠷᠦᠬᠡ ᠠᠵᠤ ᠦᠢᠯᠡᠰᠴᠢᠯᠡᠯᠲᠡ ᠶᠢᠨ ᠬᠡᠯᠬᠢᠶᠡᠵᠢᠯ ᠳᠤ | ᠤᠷᠤᠵᠤ᠂ ᠮᠠᠯᠴᠢᠨ ᠲᠠᠷᠢᠶᠠᠴᠢᠳ ᠴᠡᠪᠡᠷ ᠤᠷᠤᠯᠭ᠎ᠠ 5264 ᠲᠦᠭᠦᠷᠢᠭ ᠤᠯᠵᠤ᠂ ᠠᠳᠠᠯᠢ ᠬᠤᠭᠤᠴᠠᠭᠠᠨ ᠤ ᠠᠴᠠ | 9% ᠪᠠᠷ ᠨᠡᠮᠡᠭᠲᠡᠪᠡ᠃ ᠤᠷᠤᠨ ᠲᠠᠶᠠᠭᠠᠷ ᠤᠨ ᠮᠠᠯᠴᠢᠨ ᠲᠠᠷᠢᠶᠠᠴᠢᠳ ᠤᠨ ᠡᠵᠡᠮᠲᠡᠵᠦ ᠪᠤᠯᠬᠤ ᠤᠷᠤᠯᠭ᠎ᠠ ᠶᠢᠨ 45. | 3% ᠶᠢ ᠡᠵᠡᠯᠡᠵᠦ ᠠᠮᠢᠲᠤᠷᠠᠯ ᠪᠠᠶᠠᠯᠢᠭᠵᠢᠪᠠ᠃ | ᠪᠠᠶᠠᠨᠨᠠᠭᠤᠷ ᠬᠤᠲᠠ ᠶᠢᠨ ᠯᠢᠨᠾᠧ ᠲᠤᠭᠤᠷᠢᠭ ᠤᠨ ᠤᠯᠠᠭᠠᠨᠲᠤᠭ ᠪᠠᠯᠭᠠᠰᠤ ᠶᠢᠨ ᠰᠢᠨ ᠮᠢᠨ ᠲᠤᠰᠬᠤᠨ ᠤ | ᠮᠢᠬᠠᠨ ᠤ ᠬᠤᠨᠢ ᠲᠡᠵᠢᠭᠡᠨ ᠦᠷᠡᠵᠢᠬᠦᠯᠬᠦ ᠬᠤᠷᠰᠢᠶᠠᠵᠢᠯ ᠤᠨ ᠵᠤᠤ ᠶᠦᠩ ᠮᠢᠩ ᠤᠨ ᠬᠡᠯᠡᠬᠦ ᠪᠠᠷ᠂ ᠠᠵᠤ | ᠠᠬᠤᠶᠢᠯᠠᠯ ᠲᠠᠢ ᠬᠤᠷᠰᠢᠭᠰᠠᠨ ᠤ ᠲᠠᠷᠠᠭ᠎ᠠ ᠲᠡᠲᠡᠨᠦᠰ ᠮᠡᠷᠭᠡᠵᠢᠯ ᠪᠠ ᠪᠤᠷᠲᠤᠭᠤᠷ ᠬᠠᠩᠭᠠᠠᠭᠰᠠᠨ ᠢᠶᠠᠷ ᠦᠪᠡᠷ ᠢᠶᠠᠨ | ᠲᠡᠵᠢᠭᠡᠭᠰᠡᠨ ᠮᠢᠬᠠᠨ ᠤ ᠬᠤᠨᠢ ᠳᠤ ᠡᠪᠡᠳᠴᠢᠨ ᠲᠤᠰᠬᠤ ᠪᠠᠭᠠᠰᠴᠤ᠂ ᠤᠷᠤᠯᠭ᠎ᠠ ᠨᠡᠮᠡᠭᠲᠡᠨ ᠠᠮᠢᠲᠤᠷᠠᠯ ᠤᠯᠠᠮ | ᠭᠤᠶᠤ ᠪᠤᠯᠪᠠ ᠭᠡᠵᠡᠢ᠃ | ᠬᠦᠷᠦᠩᠭᠡ ᠴᠤᠭᠯᠠᠭᠤᠯᠬᠤ ᠳᠤ ᠬᠦᠴᠢᠷ᠂ ᠦᠨᠡᠲᠡᠢ᠂ ᠤᠲᠠᠭᠠᠨ ᠪᠠᠶᠢᠬᠤ ᠠᠰᠠᠭᠤᠲᠠᠯ ᠰᠦᠨ ᠤ ᠦᠬᠡᠷ ᠤᠨ | ᠲᠡᠵᠢᠬᠡᠨ ᠦᠷᠡᠵᠢᠬᠦᠯᠬᠦ ᠡᠷᠦᠬᠡ ᠶᠢᠨ ᠲᠤᠮᠤ ᠬᠦᠴᠢᠷ ᠠᠰᠠᠭᠤᠲᠠᠯ ᠪᠠᠶᠢᠪᠠ᠃ ︽ᠤᠤᠯ ᠨᠢ ᠠᠵᠤ ᠠᠬᠤᠶᠢᠯᠠᠯ | ᠲᠠᠷᠢᠶᠠᠴᠢᠳ ᠲᠤ ᠰᠠᠶᠢᠨ ᠦᠷ᠎ᠠ᠂ ᠪᠤᠷᠲᠤᠭᠤᠷ᠂ ᠪᠤᠷᠲᠤᠭ᠎ᠠ ᠵᠡᠷᠭᠡ ᠦᠢᠯᠡᠳᠪᠦᠷᠢᠯᠡᠯ ᠤᠨ ᠬᠡᠷᠡᠭᠰᠡᠯ ᠬᠠᠩᠭᠠᠵᠤ | ᠪᠠᠶᠢᠭᠰᠠᠨ᠂ ᠤᠲᠤ ᠪᠤᠯᠬᠤ ᠳᠤ ᠰᠢᠨᠵᠢᠯᠡᠬᠦ ᠤᠬᠠᠭᠠᠨ ᠲᠧᠭᠨᠤᠯᠤᠬᠢ᠂ ᠮᠡᠲᠡᠭᠡ ᠵᠠᠩᠬᠢ᠂ ᠬᠦᠷᠦᠩᠭᠡ ᠤᠷᠤᠭᠤᠯᠬᠤ | ᠵᠡᠷᠭᠡ ᠦᠢᠯᠡᠴᠢᠯᠡᠭᠡ ᠬᠦᠷᠭᠡᠬᠦ ᠪᠤᠯᠤᠭᠰᠠᠨ ᠶᠤᠮ︾ ᠭᠡᠵᠦ ᠢᠯᠢ ᠪᠦᠯᠦᠭᠯᠡᠯ ᠤᠨ ᠬᠡᠷᠡᠭ ᠮᠡᠲᠡᠭᠴᠢ ᠵᠠᠩ ᠵᠢᠶᠠᠨ ᠴᠢᠦ | ᠬᠡᠯᠡᠨ᠎ᠡ᠃ ᠪᠦᠯᠦᠭᠯᠡᠯ ᠤᠨ ᠰᠢᠨ᠎ᠡ ᠡᠭᠦᠳᠬᠦ ᠬᠡᠯᠬᠢᠶᠡᠵᠢᠯ ᠤᠨ ᠮᠦᠩᠬᠦᠨ ᠬᠦᠢᠯᠭᠡᠭᠡᠨ ᠤ ᠵᠠᠭᠪᠤᠷ ᠨᠢ ᠬᠦᠷᠦᠩᠭᠡ ᠶᠢᠨ | ᠲᠡᠮᠵᠢᠯᠭᠡ ᠪᠠᠷ ᠮᠠᠯᠴᠢᠨ ᠲᠠᠷᠢᠶᠠᠴᠢᠳ ᠤᠨ ᠤᠷᠤᠯᠭ᠎ᠠ ᠶᠢ ᠨᠡᠮᠡᠭᠲᠡᠬᠦᠯᠪᠡ᠃ ᠤᠲᠤᠬᠠᠨ ᠪᠤᠯᠲᠠᠯ᠎ᠠ ᠰᠦᠨ ᠤ ᠮᠦᠩᠬᠦ | 1400 ᠳ᠋ᠦᠩᠰᠢᠭᠤᠷ ᠲᠦᠭᠦᠷᠢᠭ ᠲᠠᠷᠬᠠᠭᠠᠵᠤ᠂ 500 ᠲᠦᠮᠡᠨ ᠮᠠᠯᠴᠢᠨ ᠲᠠᠷᠢᠶᠠᠴᠢᠳ ᠢ ᠶᠠᠲᠠᠭᠤ ᠠᠴᠠ | ᠠᠩᠬᠢᠵᠢᠷᠠᠭᠤᠯᠪᠠ᠃ | |