| | 7 ᠳ᠋ᠤᠭᠠᠷ ᠰᠠᠷ᠎ᠠ ᠶᠢᠨ 18 ᠤ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ | ᠲᠠᠮᠢᠷ ᠤᠨ ᠴᠤᠭᠯᠠᠭᠠᠨ ᠳᠤ ᠤᠷᠤᠯᠴᠠᠬᠤ ᠦᠪᠦᠷ ᠮᠤᠩᠭᠤᠯ ᠤᠨ ᠲᠦᠯᠦᠬᠡᠯᠡᠭᠴᠢᠳ ᠤᠨ ᠪᠦᠯᠬᠦᠮ ᠬᠦᠬᠡᠬᠤᠳᠠ ᠳᠤ | ᠪᠠᠶᠢᠭᠤᠯᠤᠭᠳᠠᠵᠤ᠂ ᠲᠠᠩᠭᠠᠷᠢᠬᠯᠠᠬᠤ ᠶᠤᠰᠤᠯᠠᠯ ᠬᠢᠪᠠ᠃ ᠮᠠᠨ ᠤ ᠤᠷᠤᠨ ᠤ 326 ᠲᠠᠮᠢᠷᠴᠢᠨ ᠲᠤᠰ ᠤᠳᠠᠭᠠᠨ ᠤ | ᠲᠠᠮᠢᠷ ᠤᠨ ᠴᠤᠭᠯᠠᠭᠠᠨ ᠳᠤ ᠤᠷᠤᠯᠴᠠᠬᠤ ᠪᠤᠯᠤᠨ᠎ᠠ᠃ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠦ ᠰᠢᠨ ᠯᠧ ᠶᠤᠰᠤᠯᠠᠯ ᠲᠡᠬᠡᠷ᠎ᠠ ᠶᠠᠷᠢᠶ᠎ᠠ ᠲᠠᠯᠪᠢᠵᠤ | ᠲᠦᠯᠦᠬᠡᠯᠡᠭᠴᠢᠳ ᠤᠨ ᠪᠦᠯᠬᠦᠮ ᠳᠤ ᠲᠤᠭ ᠭᠠᠷᠳᠠᠭᠤᠯᠪᠠ᠂ ᠦᠪᠡᠷᠳᠡᠬᠡᠨ ᠵᠠᠰᠠᠬᠤ ᠤᠷᠤᠨ ᠤ ᠤᠯᠤᠰ ᠲᠦᠷᠦ ᠶᠢᠨ | ᠵᠦᠪᠯᠡᠯᠬᠡᠨ ᠤ ᠲᠡᠳ᠋ ᠲᠡᠷᠢᠬᠦᠯᠡᠭᠴᠢ ᠳ᠋ᠦᠩ ᠾᠧᠩ ᠢᠤᠢ ᠶᠤᠰᠤᠯᠠᠯ ᠳᠤ ᠤᠷᠤᠯᠴᠠᠵᠠᠢ᠃ | ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠲᠠᠮᠢᠷ ᠤᠨ ᠴᠤᠭᠯᠠᠭᠠᠨ 8 ᠳ᠋ᠤᠭᠠᠷ ᠰᠠᠷ᠎ᠠ ᠶᠢᠨ | 27 ᠤ ᠡᠳᠦᠷ ᠠᠴᠠ 9 ᠳ᠋ᠦ᠋ᠭᠡᠷ ᠰᠠᠷ᠎ᠠ ᠶᠢᠨ 8 ᠤ ᠡᠳᠦᠷ ᠪᠤᠯᠳᠠᠯ᠎ᠠ ᠲᠢᠶᠠᠨᠵᠢᠨ ᠳᠤ ᠶᠠᠪᠤᠭᠳᠠᠨ᠎ᠠ᠃ ᠲᠤᠰ | ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠨᠡᠶᠢᠲᠡ 32 ᠶᠡᠭᠡ ᠲᠦᠷᠦᠯ᠂ 398 ᠪᠠᠭ᠎ᠠ ᠲᠦᠷᠦᠯ ᠤᠨ | ᠤᠷᠤᠯᠳᠤᠭᠠᠨ ᠢ ᠲᠤᠬᠢᠷᠠᠭᠤᠯᠵᠤ᠂ 19 ᠲᠦᠷᠦᠯ ᠤᠨ ᠤᠯᠠᠨ ᠲᠦᠮᠡᠨᠴᠢ ᠲᠠᠮᠢᠷ ᠤᠨ ᠲᠦᠷᠦᠯ ᠵᠦᠢᠯ ᠢ ᠰᠢᠨ᠎ᠠ ᠪᠠᠷ | ᠨᠡᠮᠡᠭᠰᠡᠡ ᠪᠠᠶᠢᠨ᠎ᠠ᠃ ᠮᠠᠨ ᠤ ᠤᠷᠤᠨ ᠤ 270 ᠲᠠᠮᠢᠷᠴᠢᠨ 17 ᠶᠡᠭᠡ ᠲᠦᠷᠦᠯ᠂ 142 ᠪᠠᠭ᠎ᠠ ᠲᠦᠷᠦᠯ ᠤᠨ | ᠤᠷᠤᠯᠳᠤᠭᠠᠨ ᠳᠤ ᠤᠷᠤᠯᠴᠠᠨ᠎ᠠ︔ ᠤᠯᠠᠨ ᠲᠦᠮᠡᠨᠴᠢ ᠲᠠᠮᠢᠷ ᠤᠨ ᠲᠦᠷᠦᠯ ᠵᠦᠢᠯ ᠳᠤ ᠮᠠᠨ ᠤ ᠤᠷᠤᠨ ᠤ 56 | ᠲᠠᠮᠢᠷᠴᠢᠨ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠬᠢᠷᠢ ᠬᠡᠮ ᠢ ᠤᠯᠵᠤ᠂ ᠤᠷᠤᠯᠴᠠᠭᠰᠠᠠ ᠬᠦᠮᠦᠨ ᠤ | ᠲᠤᠭ᠎ᠠ ᠪᠤᠯᠤᠨ ᠤᠷᠤᠯᠴᠠᠭᠰᠠᠠ ᠤᠷᠤᠯᠳᠤᠭᠠᠨ ᠤ ᠲᠦᠷᠦᠯ ᠵᠦᠢᠯ ᠤᠨ ᠲᠠᠯ᠎ᠠ ᠳᠤ ᠴᠦᠮ ᠰᠢᠨ᠎ᠠ ᠰᠢᠪᠳᠤᠯᠤᠯᠳᠠ ᠶᠢ | ᠪᠡᠶᠡᠯᠡᠬᠦᠯᠵᠠᠢ᠃ | ᠯᠢᠦ ᠰᠢᠨ ᠯᠧ ᠶᠠᠷᠢᠶᠠᠨ ᠳᠠᠭᠠᠨ᠂ ᠦᠢᠷ᠎ᠠ ᠶᠢᠨ ᠵᠢᠯ ᠠᠴᠠ ᠨᠠᠰᠢ᠂ ᠦᠪᠡᠷᠳᠡᠬᠡᠨ ᠵᠠᠰᠠᠬᠤ ᠤᠷᠤᠨ ᠠᠴᠠ | ᠶᠡᠷᠦᠩᠬᠡᠢ ᠱᠦᠵᠢ ᠰᠢ ᠶᠢᠨ ᠫᠢᠩ ᠤᠨ ᠪᠡᠶ᠎ᠠ ᠶᠢᠨ ᠲᠠᠮᠢᠷ ᠤᠨ ᠠᠵᠢᠯ ᠢ ᠰᠠᠶᠢᠲᠤᠷ ᠬᠢᠬᠦ ᠲᠤᠬᠠᠢ ᠰᠢᠷᠢᠰ ᠴᠢᠬᠤᠯᠠ | ᠪᠠᠶᠢᠷᠢᠯᠠᠭᠤᠯᠤᠯᠲᠠ ᠶᠢ ᠬᠦᠨᠵᠡᠬᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠠ ᠶᠢᠨ ᠲᠠᠮᠢᠷ ᠤᠨ ᠦᠢᠯᠡᠰ | ᠦᠰᠦᠷᠦᠩᠬᠦᠢ ᠬᠦᠭᠵᠢᠯᠳᠠ ᠶᠢ ᠪᠡᠶᠡᠯᠡᠬᠦᠯᠵᠠᠢ᠃ ᠮᠠᠨ ᠤ ᠤᠷᠤᠨ ᠤ ᠲᠠᠮᠢᠷᠴᠢᠳ ᠲᠤᠰ ᠬᠤᠭᠤᠴᠠᠭᠠᠨ ᠤ ᠲᠠᠮᠢᠷ ᠤᠨ | ᠴᠤᠭᠯᠠᠭᠠᠨ ᠳᠤ ᠪᠡᠯᠡᠳᠬᠡᠯ ᠬᠢᠬᠦ ᠪᠠᠷ ᠠᠵᠠ ᠲᠤᠬᠢᠶᠠᠯ ᠪᠤᠯᠭᠠᠨ ᠴᠢᠷᠮᠠᠶᠢᠨ ᠲᠡᠮᠡᠴᠡᠵᠤ᠂ ᠮᠠᠨ ᠤ ᠤᠷᠤᠨ ᠤ | ᠤᠷᠤᠯᠳᠤᠭᠠᠨ ᠤ ᠲᠠᠮᠢᠷ ᠪᠤᠯᠤᠨ ᠤᠯᠠᠨ ᠲᠦᠮᠡᠨᠴᠢ ᠪᠠᠶ᠎ᠠ ᠶᠢᠨ ᠲᠠᠮᠢᠷ ᠢ ᠲᠠᠬᠢᠨ ᠰᠢᠨ᠎ᠠ ᠨᠢᠬᠡᠨ ᠲᠡᠭᠳᠡᠷ ᠲᠤ | ᠭᠠᠷᠭᠠᠬᠤ ᠶᠢ ᠠᠬᠢᠭᠤᠯᠵᠤ᠂ ᠲᠤᠰ ᠬᠤᠭᠤᠴᠠᠭᠠᠨ ᠤ ᠲᠠᠮᠢᠷ ᠤᠨ ᠴᠤᠭᠯᠠᠭᠠᠨ ᠳᠤ ᠰᠫᠤᠷᠲ ᠤᠨ ᠬᠢᠷᠢ ᠪᠦᠳᠦᠮᠵᠢ | ᠪᠤᠯᠤᠨ ᠤᠶᠤᠨ ᠤ ᠪᠤᠯᠪᠠᠰᠤᠨ ᠤ ᠬᠤᠤᠰ ᠠᠮᠵᠢᠯᠳᠠ ᠶᠢ ᠡᠬᠦᠳᠬᠦ ᠪᠠᠷ ᠴᠢᠷᠮᠠᠶᠢᠵᠤ᠂ ᠰᠢᠯᠢᠳᠡᠭ ᠬᠢᠷᠢ ᠪᠦᠳᠦᠮᠵᠢ ᠪᠠᠷ | ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ ᠶᠢ ᠤᠭᠳᠤᠵᠤ᠂ ᠦᠪᠡᠷᠳᠡᠬᠡᠨ ᠵᠠᠰᠠᠬᠤ | ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠᠨ ᠪᠠᠯᠬᠡᠯᠡᠬᠦ ᠶᠢ ᠬᠦᠰᠡᠡ ᠱᠠᠭᠠᠷᠳᠠᠵᠠᠢ᠃ |