ᠥᠪᠥᠷ ᠵᠠᠰᠠᠭ ᠲᠠᠷᠬᠠᠭᠠᠭᠰᠠᠨ ﹇2017﹈ 9 ᠳ᠋ᠤᠭᠡᠷ | 1 ᠳ᠋ᠤᠭᠡᠷ ᠰᠠᠷ᠎ᠠ ᠶᠢᠨ 12 ᠤᠨ ᠡᠳᠦᠷ | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠭᠠᠶᠢᠯᠢ | ᠲᠠᠲᠠᠪᠤᠷᠢ ᠶᠢ ᠬᠠᠮᠲᠤᠪᠠᠷ ᠵᠠᠰᠠᠬᠤ ᠶᠢ ᠲᠦᠷᠭᠡᠳᠭᠡᠨ ᠠᠬᠢᠭᠤᠯᠵᠤ᠂ ᠪᠦᠬᠦ ᠣᠷᠣᠨ ᠤ ᠭᠠᠶᠢᠯᠢ ᠲᠠᠲᠠᠪᠤᠷᠢᠯᠠᠵᠤ | ᠬᠠᠮᠢᠶᠠᠷᠬᠤ ᠬᠦᠴᠦᠨ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠠᠶᠢᠯᠢ ᠲᠤᠰᠢᠶᠠᠬᠤ | ᠦᠢᠯᠡᠴᠢᠯᠡᠭᠡ ᠶᠢ ᠰᠢᠯᠢᠳᠡᠭᠵᠢᠭᠦᠯᠵᠦ᠂ ᠭᠠᠶᠢᠯᠢ ᠶᠢᠨ ᠬᠠᠤᠯᠢ ᠶᠢ ᠵᠢᠷᠤᠮᠯᠡᠨ ᠲᠠᠭᠠᠬᠤ ᠶᠢ ᠠᠬᠢᠭᠤᠯᠤᠨ᠂ ᠭᠠᠶᠢᠯᠢ | ᠲᠤᠰᠢᠶᠠᠭᠴᠢ ᠶᠢᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠪᠠ ᠬᠦᠷᠲᠡᠭᠡᠮᠵᠢᠲᠦ ᠲᠦᠷᠦᠭᠳᠡᠯ ᠢ ᠲᠠᠰᠤᠷᠠᠯᠲᠠ ᠦᠭᠡᠢ | ᠳᠡᠭᠡᠭᠰᠢᠯᠡᠭᠦᠯᠬᠦ ᠶᠢᠨ ᠲᠤᠰᠠᠳᠠ᠂ ᠦᠪᠡᠷᠲᠡᠭᠡᠨ ᠵᠠᠰᠠᠬᠤ ᠣᠷᠣᠨ ᠤ ᠪᠤᠲᠠᠲᠠᠢ ᠲᠠᠢ ᠤᠶᠠᠯᠳᠤᠭᠤᠯᠤᠨ᠂ ᠡᠳᠦᠭᠡ | ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠬᠤ ᠲᠣᠬᠠᠢ ᠳᠣᠣᠷᠠᠬᠢ ᠮᠡᠲᠦ | ᠰᠠᠨᠠᠯ ᠢ ᠳᠤᠷᠠᠳᠪᠠ᠃ | ᠨᠢᠭᠡ᠂ ᠵᠢᠯᠤᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ᠂ ᠳᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠪᠠ ᠦᠪᠡᠷᠲᠡᠭᠡᠨ ᠵᠠᠰᠠᠬᠤ | ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠤᠰᠤᠭᠠᠷ᠂ ᠬᠠᠤᠯᠢ ᠪᠠᠷ ᠵᠠᠰᠠᠬᠤ ᠪᠠᠷ ᠬᠦᠲᠦᠯᠦᠨ | ᠳᠠᠭᠠᠭᠤᠯᠬᠤ ᠪᠠ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠨ᠂ ᠤᠯᠤᠰ ᠤᠨ ᠭᠠᠶᠢᠯᠢ᠂ ᠣᠷᠣᠨ | ᠨᠤᠲᠤᠭ ᠤᠨ ᠭᠠᠶᠢᠯᠢ ᠶᠢᠨ ᠲᠤᠰ ᠲᠤᠰ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠪᠠ ᠣᠷᠣᠨ | ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ ᠴᠢᠩᠭᠠᠳᠬᠠᠨ᠂ ᠦᠢᠯᠡᠴᠢᠯᠡᠭᠡ ᠶᠢ ᠭᠦᠨᠴᠡ ᠠᠭᠤᠰᠤᠯᠴᠠᠭᠤᠯᠬᠤ᠂ | ᠬᠠᠤᠯᠢ ᠬᠡᠷᠡᠭᠵᠢᠭᠦᠯᠦᠯᠲᠡ ᠶᠢ ᠵᠣᠬᠢᠰᠲᠠᠢ ᠪᠠᠷ ᠡᠮᠬᠢᠯᠡᠨ ᠨᠡᠶᠢᠯᠡᠭᠦᠯᠬᠦ᠂ ᠮᠡᠳᠡᠭᠡ ᠵᠠᠩᠭᠢ ᠶᠢ ᠳᠡᠭᠡᠳᠦ ᠬᠡᠮᠵᠢᠶ᠎ᠡ ᠪᠠᠷ | ᠪᠦᠭᠡᠭᠡᠨᠡᠷᠡᠭᠦᠯᠦᠨ ᠨᠡᠶᠢᠯᠡᠭᠦᠯᠬᠦ ᠶᠢ ᠠᠬᠢᠭᠤᠯᠵᠤ᠂ ᠣᠳᠣ ᠶᠢᠨ ᠬᠡᠷᠡᠭᠵᠢᠭᠦᠯᠵᠦ ᠪᠠᠶᠢᠭ᠎ᠠ ᠭᠠᠶᠢᠯᠢ ᠲᠠᠲᠠᠪᠤᠷᠢᠯᠠᠵᠤ | ᠬᠠᠮᠢᠶᠠᠷᠬᠤ ᠪᠠᠶᠢᠭᠤᠯᠤᠯ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠪᠣᠯᠣᠨ ᠭᠦᠨ ᠳᠠᠪᠬᠤᠷᠭ᠎ᠠ ᠶᠢᠨ | ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠪᠠ | ᠲᠠᠲᠠᠪᠤᠷᠢᠯᠠᠵᠤ ᠬᠠᠮᠢᠶᠠᠷᠬᠤ ᠴᠢᠳᠠᠪᠤᠷᠢ ᠶᠢᠨ ᠤᠳᠤᠬᠢᠴᠢᠯᠠᠯᠲᠠ ᠶᠢ ᠲᠠᠰᠤᠷᠠᠯᠲᠠ ᠦᠭᠡᠢ ᠠᠬᠢᠭᠤᠯᠤᠨ᠂ ᠤᠯᠤᠰ ᠤᠨ | ᠵᠠᠰᠠᠯᠲᠠ ᠳᠠᠬᠢ ᠭᠠᠶᠢᠯᠢ ᠲᠠᠲᠠᠪᠤᠷᠢ ᠶᠢᠨ ᠰᠠᠭᠤᠷᠢ ᠶᠢᠨ ᠴᠢᠨᠠᠷᠲᠠᠢ᠂ ᠲᠤᠯᠭᠠᠭᠤᠷᠢ ᠶᠢᠨ ᠴᠢᠨᠠᠷᠲᠠᠢ᠂ ᠪᠠᠲᠤᠯᠠᠭ᠎ᠠ ᠶᠢᠨ | ᠴᠢᠨᠠᠷᠲᠠᠢ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠤᠨ᠎ᠠ᠃ | ᠬᠤᠶᠠᠷ᠂ ᠦᠨᠳᠦᠰᠦᠨ ᠵᠠᠷᠴᠢᠮ | — ᠬᠠᠤᠯᠢ ᠶᠤᠰᠤᠨ ᠤ ᠪᠠ ᠳᠦᠷᠢᠮ ᠲᠣᠭᠲᠠᠭᠠᠯ ᠳᠤ ᠨᠡᠶᠢᠴᠡᠭᠦᠯᠬᠦ ᠶᠢ ᠪᠠᠷᠢᠮᠲᠠᠯᠠᠬᠤ ᠬᠡᠷᠡᠭᠲᠡᠢ᠃ | ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠰᠠᠯᠠᠭ᠎ᠠ ᠮᠦᠴᠢᠷ ᠨᠢ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠤᠨ ᠲᠣᠭᠲᠠᠭᠠᠯ ᠳᠤ ᠨᠡᠶᠢᠴᠡᠭᠦᠯᠦᠭᠰᠡᠨ ᠤᠷᠢᠳᠠᠯ ᠳᠣᠣᠷ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ | ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠳᠡᠰ ᠳᠠᠷᠠᠭᠠᠯᠠᠯ ᠢ ᠬᠠᠮᠲᠤᠪᠠᠷ ᠵᠢᠷᠦᠮᠯᠡᠨ᠂ ᠭᠠᠶᠢᠯᠢ ᠶᠢᠨ | ᠬᠠᠤᠯᠢ ᠶᠢᠨ ᠲᠥᠪ ᠴᠢᠩᠭ᠎ᠠ ᠴᠢᠨᠠᠷ ᠪᠠ ᠡᠷᠬᠡ ᠰᠦᠷᠲᠦ ᠴᠢᠨᠠᠷ ᠢ ᠬᠠᠮᠠᠭᠠᠯᠠᠵᠤ᠂ ᠬᠠᠤᠯᠢ ᠶᠤᠰᠤᠭᠠᠷ ᠭᠠᠶᠢᠯᠢ | ᠲᠠᠲᠠᠪᠤᠷᠢ ᠶᠢ ᠵᠠᠰᠠᠬᠤ ᠶᠢ ᠠᠬᠢᠭᠤᠯᠤᠨ᠎ᠠ᠃ | — ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠠᠰᠠᠭᠤᠳᠠᠯ ᠢᠶᠠᠷ | ᠤᠳᠤᠷᠢᠳᠤᠮᠵᠢ ᠪᠣᠯᠭᠠᠵᠤ᠂ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢ | ᠴᠢᠩᠭᠠᠳᠬᠠᠬᠤ ᠪᠠᠷ ᠳᠠᠮᠵᠢᠨ᠂ ᠭᠠᠶᠢᠯᠢ ᠲᠠᠲᠠᠪᠤᠷᠢ ᠶᠢᠨ ᠠᠵᠢᠯ ᠤᠨ ᠳᠤᠮᠳᠠ ᠤᠷᠤᠰᠢᠵᠤ ᠪᠠᠶᠢᠭ᠎ᠠ ᠠᠰᠠᠭᠤᠳᠠᠯ ᠢ | ᠦᠨᠡᠨᠬᠦ ᠰᠢᠢᠳᠪᠦᠷᠢᠯᠡᠵᠦ᠂ ᠭᠠᠶᠢᠯᠢ ᠲᠠᠲᠠᠪᠤᠷᠢᠯᠠᠵᠤ ᠬᠠᠮᠢᠶᠠᠷᠬᠤ ᠶᠢᠨ ᠦᠢᠯᠡᠴᠢᠯᠡᠭᠡ᠂ ᠬᠠᠮᠢᠶᠠᠷᠤᠯᠲᠠ ᠪᠠ ᠬᠠᠤᠯᠢ | ᠬᠡᠷᠡᠭᠵᠢᠭᠦᠯᠦᠯᠲᠡ ᠶᠢᠨ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | — ᠤᠯᠠᠨ ᠲᠠᠯ᠎ᠠ ᠪᠠᠷ ᠬᠠᠮᠲᠤ ᠳᠠᠭᠠᠨ ᠣᠯᠵᠠ ᠬᠦᠷᠲᠡᠬᠦ ᠶᠢ ᠪᠠᠷᠢᠮᠲᠠᠯᠠᠬᠤ ᠬᠡᠷᠡᠭᠲᠡᠢ᠃ ᠤᠯᠤᠰ ᠤᠨ | ᠭᠠᠶᠢᠯᠢ᠂ ᠣᠷᠣᠨ ᠨᠤᠲᠤᠭ ᠤᠨ ᠭᠠᠶᠢᠯᠢ ᠶᠢᠨ ᠬᠤᠶᠠᠷ ᠲᠠᠯ᠎ᠠ ᠶᠢᠨ ᠪᠤᠲᠠᠲᠠᠢ ᠲᠣᠬᠠᠶᠢᠯᠠᠭᠰᠠᠨ ᠠᠵᠢᠯ ᠤᠨ ᠬᠡᠷᠡᠭᠴᠡᠭᠡ | ᠱᠠᠭᠠᠷᠳᠠᠯᠭ᠎ᠠ ᠪᠠ ᠭᠠᠶᠢᠯᠢ ᠲᠤᠰᠢᠶᠠᠭᠴᠢ ᠶᠢᠨ ᠵᠦᠢ ᠶᠤᠰᠤᠨ ᠤ ᠦᠢᠯᠡᠴᠢᠯᠡᠭᠡ ᠶᠢᠨ ᠬᠡᠷᠡᠭᠴᠡᠭᠡ ᠪᠠᠷ ᠰᠠᠭᠤᠷᠢ | ᠪᠣᠯᠭᠠᠵᠤ᠂ ᠣᠯᠠᠨ ᠲᠡᠯ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠤᠶᠠᠯᠳᠤᠯ ᠢ ᠵᠥᠪ ᠤᠨᠤᠪᠴᠢᠲᠠᠢ ᠡᠵᠡᠮᠳᠡᠨ᠂ | ᠬᠠᠮᠲᠤᠷᠠᠯᠴᠠᠬᠤ ᠬᠦᠷᠢᠶ᠎ᠡ ᠶᠢ ᠲᠤᠳᠤᠷᠬᠠᠶᠢᠯᠠᠵᠤ᠂ ᠬᠠᠮᠲᠤᠷᠠᠯᠴᠠᠬᠤ ᠬᠦᠷᠢᠶ᠎ᠡ ᠴᠠᠷᠠᠭ᠎ᠠ ᠶᠢ ᠦᠷᠭᠡᠳᠭᠡᠨ᠂ ᠤᠯᠤᠰ ᠤᠨ | ᠭᠠᠶᠢᠯᠢ᠂ ᠣᠷᠣᠨ ᠨᠤᠲᠤᠭ ᠤᠨ ᠭᠠᠶᠢᠯᠢ ᠪᠠ ᠭᠠᠶᠢᠯᠢ ᠲᠤᠰᠢᠶᠠᠭᠴᠢ ᠶᠢᠨ ᠣᠯᠠᠨ ᠲᠠᠯ᠎ᠠ ᠪᠠᠷ ᠬᠠᠮᠲᠤ ᠳᠠᠭᠠᠨ ᠣᠯᠵᠠ | ᠬᠦᠷᠲᠡᠬᠦ ᠶᠢ ᠪᠡᠶᠡᠯᠡᠭᠦᠯᠦᠨ᠎ᠡ᠃ | — ᠲᠤᠭᠲᠠᠭᠤᠨ ᠪᠠᠶᠢᠯᠭᠠᠬᠤ ᠮᠦᠷᠲᠡᠭᠡᠨ ᠤᠷᠤᠭᠰᠢᠯᠠᠨ ᠲᠠᠪᠰᠢᠬᠤ ᠶᠢ ᠪᠠᠷᠢᠮᠲᠠᠯᠠᠬᠤ ᠬᠡᠷᠡᠭᠲᠡᠢ᠃ ᠤᠯᠤᠰ | ᠪᠠ ᠣᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠢ ᠨᠢᠭᠡᠲᠦᠯᠲᠡᠢ ᠲᠦᠯᠦᠪᠯᠡᠨ ᠲᠦᠯᠦᠪᠵᠢᠭᠦᠯᠵᠦ᠂ | ᠬᠠᠮᠲᠤᠷᠠᠯᠴᠠᠭ᠎ᠠ ᠶᠢᠨ ᠠᠷᠭ᠎ᠠ ᠮᠠᠶ᠋ᠢᠭ ᠢ ᠦᠨᠡᠨ ᠢ ᠪᠠᠷᠢᠮᠲᠠᠯᠠᠨ ᠲᠤᠳᠤᠷᠬᠠᠶᠢᠯᠠᠵᠤ᠂ ᠬᠠᠮᠲᠤᠷᠠᠯᠴᠠᠭ᠎ᠠ ᠶᠢᠨ | ᠠᠬᠢᠴᠠ ᠶᠢ ᠯᠠᠪᠳᠠᠭᠤᠨ ᠪᠠᠲᠤᠲᠠᠢ ᠪᠠᠷ ᠠᠬᠢᠭᠤᠯᠤᠨ᠂ ᠬᠤᠶᠠᠷ ᠡᠲᠡᠭᠡᠳ ᠤᠨ ᠬᠠᠮᠲᠤᠷᠠᠯᠴᠠᠭ᠎ᠠ ᠶᠢᠨ ᠦᠷ᠎ᠡ | ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ | — ᠰᠢᠨ᠎ᠡ ᠶᠢ ᠡᠭᠦᠳᠬᠦ ᠶᠢ ᠵᠣᠷᠢᠬᠵᠢᠭᠤᠯᠬᠤ ᠶᠢ ᠪᠠᠷᠢᠮᠲᠠᠯᠠᠬᠤ ᠬᠡᠷᠡᠭᠲᠡᠢ᠃ ᠤᠯᠤᠰ ᠪᠠ ᠣᠷᠣᠨ | ᠨᠣᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ | ᠲᠣᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠣᠳᠣ ᠦᠶ᠎ᠡ ᠶᠢᠨ ᠮᠡᠳᠡᠭᠡ ᠵᠠᠩᠭᠢ ᠶᠢᠨ | ᠮᠡᠷᠭᠡᠵᠢᠯ ᠢ ᠰᠦᠪᠡᠭᠴᠢᠯᠡᠨ ᠬᠡᠷᠡᠭᠯᠡᠵᠦ᠂ ᠬᠠᠮᠲᠤᠷᠠᠯᠴᠠᠭ᠎ᠠ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠂ | ᠬᠠᠮᠲᠤᠷᠠᠯᠴᠠᠬᠤ ᠠᠭᠤᠯᠭ᠎ᠠ ᠶᠢ ᠭᠦᠨᠵᠡᠭᠡᠶᠢᠷᠡᠭᠦᠯᠵᠦ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ | ᠬᠠᠮᠲᠤᠷᠠᠯᠴᠠᠭ᠎ᠠ ᠶᠢ ᠭᠦᠨᠵᠡᠭᠡᠢ ᠠᠬᠢᠭᠤᠯᠤᠨ᠎ᠠ᠃ | ᠭᠤᠷᠪᠠ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠠᠵᠢᠯ ᠢ ᠪᠦᠬᠦ ᠲᠠᠯ᠎ᠠ ᠪᠠᠷ | ᠠᠬᠢᠭᠤᠯᠤᠨ᠎ᠠ | ︵ᠨᠢᠭᠡ︶ ᠦᠢᠯᠡᠴᠢᠯᠡᠭᠡ ᠶᠢᠨ ᠠᠭᠤᠰᠤᠯᠴᠠᠯ ᠢ ᠭᠦᠨᠵᠡᠭᠡᠶᠢᠷᠡᠭᠦᠯᠦᠨ᠎ᠡ᠃ ᠭᠠᠶᠢᠯᠢ ᠭᠦᠢᠴᠡᠳᠭᠡᠬᠦ | ᠦᠢᠯᠡᠴᠢᠯᠡᠭᠡᠨ ᠤ ᠲᠢᠩᠭᠢᠮ ᠢ ᠬᠠᠮᠲᠤᠪᠠᠷ ᠪᠠᠶᠢᠭᠤᠯᠬᠤ᠂ ᠬᠠᠷᠢᠯᠴᠠᠨ ᠴᠤᠩᠬᠤᠪᠴᠢ ᠪᠠᠶᠢᠭᠤᠯᠬᠤ᠂ ᠵᠠᠰᠠᠭ ᠤᠨ | ᠶᠠᠪᠤᠳᠠᠯ ᠤᠨ ᠲᠥᠪ ᠲᠤ ᠬᠠᠮᠲᠤᠪᠠᠷ ᠰᠠᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠤᠯᠤᠰ ᠪᠠ ᠣᠷᠣᠨ | ᠨᠤᠲᠤᠭ ᠤᠨ ᠭᠠᠶᠢᠯᠢ ᠶᠢᠨ ᠬᠠᠮᠲᠤᠷᠠᠨ ᠭᠠᠶᠢᠯᠢ ᠭᠦᠢᠴᠡᠳᠭᠡᠬᠦ ᠶᠢ ᠪᠡᠶᠡᠯᠡᠭᠦᠯᠦᠨ᠎ᠡ᠃ ︽ᠨᠢᠭᠡ ᠴᠤᠩᠬᠤᠪᠴᠢ ᠳᠤ | ᠨᠢᠭᠡ ᠬᠦᠮᠦᠨ ᠨᠢᠭᠡ ᠮᠠᠰᠢᠨ ᠬᠤᠣᠰ ᠰᠢᠰᠲ᠋ᠧᠮ︾ ᠲᠠᠢ ᠪᠠᠶᠢᠢᠬᠤ ᠶᠢ ᠶᠡᠬᠡᠪᠡᠷ ᠬᠡᠷᠡᠭᠵᠢᠭᠦᠯᠵᠦ᠂ ᠤᠯᠤᠰ ᠪᠠ | ᠣᠷᠤᠨ ᠨᠤᠲᠤᠭ ᠤᠨ ᠭᠠᠶᠢᠯᠢ ᠶᠢᠨ ᠲᠣᠬᠠᠶᠢᠯᠠᠭᠰᠠᠨ ᠠᠵᠢᠯ ᠢ ᠨᠢᠭᠡ ᠴᠤᠩᠬᠤᠪᠴᠢ ᠪᠠᠷ ᠪᠦᠬᠦᠨ ᠢ ᠭᠦᠢᠴᠡᠳᠭᠡᠬᠦ ᠶᠢ | ᠪᠡᠶᠡᠯᠡᠭᠦᠯᠬᠦ ᠬᠡᠷᠡᠭᠲᠡᠢ᠃ ᠭᠠᠶᠢᠯᠢ ᠲᠤᠰᠢᠶᠠᠭᠴᠢ ᠶᠢ ᠢᠳᠡᠪᠬᠢᠲᠡᠢ ᠬᠦᠲᠦᠯᠦᠨ ᠵᠢᠯᠤᠭᠤᠳᠴᠤ ᠪᠠᠶᠢᠭᠠᠳ ᠤᠯᠤᠰ ᠪᠠ | ᠣᠷᠤᠨ ᠨᠤᠲᠤᠭ ᠤᠨ ᠭᠠᠶᠢᠯᠢ ᠶᠢᠨ ᠰᠦᠯᠵᠢᠶ᠎ᠡ ᠪᠠᠷ ᠭᠠᠶᠢᠯᠢ ᠭᠦᠢᠴᠡᠳᠭᠡᠬᠦ ᠬᠠᠮᠲᠤᠷᠠᠭᠰᠠᠨ ᠦᠢᠯᠡᠴᠢᠯᠡᠭᠡᠨ ᠤ | ᠲᠢᠩᠭᠢᠮ ᠢ ᠬᠡᠷᠡᠭᠯᠡᠭᠦᠯᠵᠦ᠂ ᠪᠤᠳᠠᠳᠤ ᠴᠤᠭᠴᠠ ᠪᠠ ᠲᠣᠣᠷ ᠰᠦᠯᠵᠢᠶ᠎ᠡ ᠵᠡᠷᠭᠡᠪᠡᠷ ᠠᠵᠢᠯᠯᠠᠬᠤ ᠶᠢ ᠪᠡᠶᠡᠯᠡᠭᠦᠯᠦᠨ᠎ᠡ᠃ | ᠭᠠᠶᠢᠯᠢ ᠲᠤᠰᠢᠶᠠᠭᠴᠢᠳ ᠤᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠤᠯᠤᠰ ᠪᠠ ᠣᠷᠤᠨ ᠨᠤᠲᠤᠭ ᠤᠨ | ᠭᠠᠶᠢᠯᠢ ᠶᠢᠨ ᠭᠠᠶᠢᠯᠢ ᠭᠦᠢᠴᠡᠳᠭᠡᠬᠦ ᠦᠢᠯᠡᠴᠢᠯᠡᠭᠡᠨ ᠤ ᠲᠢᠩᠭᠢᠮ ᠤᠨ ᠡᠬᠢ ᠪᠠᠶᠠᠯᠢᠭ ᠢ ᠪᠦᠬᠦ ᠲᠠᠯ᠎ᠠ ᠪᠠᠷ ᠡᠮᠬᠢᠯᠡᠨ | ᠨᠡᠶᠢᠯᠡᠭᠦᠯᠵᠦ᠂ ᠭᠠᠶᠢᠯᠢ ᠲᠤᠰᠢᠶᠠᠭᠴᠢᠳ ᠲᠤ ᠵᠢᠷᠤᠮᠵᠢᠯ ᠲᠠᠢ ᠪᠦᠭᠡᠳ ᠦᠨᠳᠦᠷ ᠪᠦᠲᠦᠮᠵᠢᠲᠡᠢ ᠰᠢᠯᠢᠳᠡᠭ | ᠦᠢᠯᠡᠴᠢᠯᠡᠭᠡ ᠶᠢ ᠨᠢᠭᠡᠲᠦᠯᠲᠡᠢ ᠪᠠᠷ ᠬᠠᠩᠭᠠᠨ᠎ᠠ᠃ ᠰᠢᠯᠵᠢᠮᠡᠯ ᠡᠯᠧᠺᠲᠷᠣᠨ ᠢᠶᠠᠷ ᠭᠠᠶᠢᠯᠢ ᠭᠦᠢᠴᠡᠳᠭᠡᠬᠦ ᠶᠢ | ᠲᠦᠷᠭᠡᠳᠭᠡᠨ ᠳᠡᠯᠭᠡᠷᠡᠭᠦᠯᠦᠨ ᠬᠡᠷᠡᠭᠯᠡᠵᠦ᠂ ᠭᠠᠶᠢᠯᠢ ᠲᠤᠰᠢᠶᠠᠭᠴᠢᠳ ᠤᠨ ᠭᠠᠶᠢᠯᠢ ᠭᠦᠢᠴᠡᠳᠭᠡᠬᠦ ᠳᠤ ᠳᠦᠭᠦᠮ | ᠳᠦᠳᠡ ᠦᠢᠯᠡᠴᠢᠯᠡᠭᠡ ᠬᠠᠩᠭᠠᠨ᠎ᠠ᠃ ᠲᠤᠮᠤ ᠠᠵᠤ ᠠᠬᠤᠶᠢᠯᠠᠯ ᠳᠤ ᠭᠠᠶᠢᠯᠢ ᠲᠤᠰᠢᠶᠠᠬᠤ ᠦᠪᠡᠷᠮᠢᠴᠡ ᠣᠨᠴᠠᠯᠢᠭᠲᠤ | ᠦᠢᠯᠡᠴᠢᠯᠡᠭᠡ ᠶᠢ ᠬᠠᠮᠲᠤᠷᠠᠨ ᠬᠠᠩᠭᠠᠵᠤ᠂ ︽ᠭᠠᠷᠴᠤ ᠶᠠᠪᠤᠭᠰᠠᠨ︾ ᠭᠠᠶᠢᠯᠢ ᠲᠤᠰᠢᠶᠠᠭᠴᠢᠳ ᠲᠤ ᠢᠳᠡᠪᠬᠢᠲᠡᠢ | ᠦᠢᠯᠡᠴᠢᠯᠡᠬᠦ ᠬᠡᠷᠡᠭᠲᠡᠢ᠃ ᠭᠠᠶᠢᠯᠢ ᠲᠤᠰᠢᠶᠠᠭᠴᠢᠳ ᠲᠤ ᠤᠬᠠᠭᠤᠯᠭ᠎ᠠ ᠪᠣᠯᠪᠠᠰᠤᠷᠠᠭᠤᠯᠤᠯ᠂ ᠭᠠᠶᠢᠯᠢ ᠲᠤᠰᠢᠶᠠᠬᠤ | ᠢᠳᠡᠭᠡᠮᠵᠢ ᠶᠢ ᠦᠨᠡᠯᠡᠬᠦ᠂ ᠭᠠᠶᠢᠯᠢ ᠲᠤᠰᠢᠶᠠᠭᠴᠢ ᠶᠢᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ ᠶᠢᠨ ᠪᠠᠶᠢᠴᠠᠭᠠᠯᠲᠠ | ᠵᠡᠷᠭᠡ ᠶᠢ ᠬᠠᠮᠲᠤᠷᠠᠨ ᠦᠷᠨᠢᠭᠦᠯᠵᠦ᠂ ︽ᠪᠠᠩᠭᠢ ᠪᠣᠯᠣᠨ ᠭᠠᠶᠢᠯᠢ ᠶᠢᠨ ᠶᠠᠪᠤᠳᠠᠯ ᠤᠨ ᠬᠠᠷᠢᠯᠴᠠᠨ ᠬᠦᠳᠡᠯᠦᠯᠴᠡᠬᠦ︾ | ᠶᠢ ᠶᠡᠬᠡᠪᠡᠷ ᠠᠬᠢᠭᠤᠯᠤᠨ᠂ 12366 ᠠᠰᠠᠭᠤᠨ ᠯᠠᠪᠯᠠᠬᠤ ᠬᠠᠯᠠᠭᠤᠨ ᠤᠲᠠᠰᠤ ᠪᠠ ᠭᠠᠶᠢᠯᠢ ᠲᠤᠰᠢᠶᠠᠬᠤ | ᠦᠢᠯᠡᠴᠢᠯᠡᠭᠡ ᠶᠢᠨ ᠲᠡᠪᠴᠡᠩ ᠢ ᠲᠦᠷᠭᠡᠳᠭᠡᠨ ᠪᠠᠶᠢᠭᠤᠯᠤᠨ ᠲᠡᠭᠦᠯᠳᠡᠷᠵᠢᠭᠦᠯᠦᠨ᠎ᠡ᠃ ᠭᠠᠶᠢᠯᠢ ᠲᠤᠰᠢᠶᠠᠭᠴᠢᠳ ᠤᠨ | ᠬᠠᠤᠯᠢ ᠶᠤᠰᠤᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠭᠠᠶᠢᠯᠢ ᠲᠤᠰᠢᠶᠠᠭᠴᠢᠳ ᠲᠤ ᠨᠡᠩ ᠣᠯᠠᠨ | ᠬᠦᠷᠲᠡᠭᠡᠮᠵᠢᠲᠦ ᠲᠦᠷᠦᠭᠳᠡᠯ ᠢ ᠬᠠᠮᠤᠭ ᠶᠡᠭᠡ ᠬᠡᠮᠵᠢᠶ᠎ᠡ ᠪᠠᠷ ᠣᠯᠭᠤᠬᠤ ᠬᠡᠷᠡᠭᠲᠡᠢ᠃ | ︵ᠬᠤᠶᠠᠷ︶ ᠲᠠᠲᠠᠪᠤᠷᠢᠯᠠᠵᠤ ᠬᠠᠮᠢᠶᠠᠷᠬᠤ ᠨᠡᠶᠢᠯᠡᠮᠡᠯ ᠬᠦᠴᠦᠨ ᠢ ᠨᠡᠮᠡᠭᠳᠡᠭᠦᠯᠦᠨ᠎ᠡ᠃ ᠭᠠᠶᠢᠯᠢ ᠲᠠᠲᠠᠪᠤᠷᠢ ᠶᠢᠨ | ᠲᠠᠲᠠᠪᠤᠷᠢᠯᠠᠵᠤ ᠬᠠᠮᠢᠶᠠᠷᠬᠤ ᠰᠠᠭᠤᠷᠢ ᠶᠢ ᠴᠢᠷᠮᠠᠶᠢᠨ ᠪᠠᠳᠤᠳᠬᠠᠵᠤ᠂ ᠳᠠᠩᠰᠠ ᠪᠠᠶᠢᠭᠤᠯᠬᠤ᠂ ᠬᠤᠪᠢᠷᠠᠭᠤᠯᠬᠤ᠂ | ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠶᠢ ᠬᠠᠮᠲᠤᠷᠠᠨ ᠭᠦᠢᠴᠡᠳᠭᠡᠵᠦ᠂ ᠭᠠᠶᠢᠯᠢ ᠲᠤᠰᠢᠶᠠᠭᠴᠢᠳ ᠯᠤᠭ᠎ᠠ | ᠭᠠᠶᠢᠯᠢ ᠶᠢᠨ ᠵᠤᠭᠤᠰ ᠢ ᠨᠠᠶᠢᠳᠠᠯᠭ᠎ᠠ ᠪᠠᠷ ᠬᠤᠪᠢᠶᠠᠷᠢᠯᠠᠨ ᠲᠤᠰᠢᠶᠠᠬᠤ ᠵᠦᠪᠯᠡᠯᠴᠡᠭᠡᠷ ᠢ ᠬᠠᠮᠲᠤᠷᠠᠨ ᠲᠣᠭᠲᠠᠵᠤ᠂ | ᠭᠠᠶᠢᠯᠢ ᠶᠢᠨ ᠵᠤᠭᠤᠰ ᠢ ᠬᠠᠮᠲᠤᠷᠠᠯᠴᠠᠨ ᠲᠠᠲᠠᠪᠤᠷᠢᠯᠠᠵᠤ᠂ ᠭᠠᠶᠢᠯᠢ ᠲᠠᠲᠠᠪᠤᠷᠢ ᠢᠳᠡᠭᠳᠡᠬᠦ ᠲᠥᠭᠰᠢᠭᠦᠷᠢ ᠶᠢ ᠬᠠᠮᠲᠤᠪᠠᠷ | ᠰᠡᠷᠭᠡᠶᠢᠯᠡᠨ᠎ᠡ᠃ ᠠᠵᠤ ᠠᠬᠤᠶᠢᠯᠠᠯ ᠤᠨ ᠠᠰᠢᠭ ᠣᠯᠵᠠᠪᠤᠷᠢ ᠶᠢᠨ ᠭᠠᠶᠢᠯᠢ ᠶᠢ ᠲᠠᠲᠠᠪᠤᠷᠢᠯᠠᠬᠤ ᠵᠢᠴᠢ ᠬᠠᠷᠠᠭᠠᠯᠵᠠᠯ ᠤᠨ | ᠵᠦᠢᠯᠡᠰ ᠢ ᠪᠦᠷᠢᠳᠭᠡᠨ ᠳᠠᠩᠰᠠᠯᠠᠬᠤ ᠬᠠᠮᠢᠶᠠᠷᠤᠯᠲᠠ ᠶᠢ ᠬᠠᠮᠲᠤᠷᠠᠨ ᠬᠢᠨᠠᠨ ᠲᠣᠭᠲᠠᠭᠠᠵᠤ᠂ ᠬᠤᠪᠢ ᠶᠢᠨ | ᠲᠣᠭᠲᠠᠭᠰᠠᠨ ᠨᠤᠷᠮ᠎ᠠ ᠶᠢ ᠬᠢᠨᠠᠨ ᠲᠣᠭᠲᠠᠭᠠᠬᠤ᠂ ᠬᠡᠪ ᠤᠨ ᠪᠤᠰᠤ ᠡᠷᠦᠬᠡ ᠶᠢᠨ ᠬᠠᠮᠢᠶᠠᠷᠤᠯᠲᠠ ᠪᠠ ᠦᠷᠢᠲᠦᠭᠰᠡᠨ | ᠭᠠᠶᠢᠯᠢ ᠶᠢᠨ ᠬᠠᠮᠢᠶᠠᠷᠤᠯᠲᠠ ᠶᠢ ᠬᠠᠮᠵᠢᠯᠴᠠᠨ ᠦᠷᠨᠢᠭᠦᠯᠵᠦ᠂ ᠪᠠᠷᠢᠯᠭ᠎ᠠ ᠶᠢᠨ ᠦᠢᠯᠡᠴᠢᠯᠡᠭᠡᠨ ᠤ ᠠᠵᠤ | ᠠᠬᠤᠶᠢᠯᠠᠯ ᠤᠨ ᠭᠠᠳᠠᠭᠰᠢ ᠭᠠᠷᠴᠤ ᠡᠵᠡᠩᠨᠡᠯᠲᠡ ᠬᠢᠭᠰᠡᠨ ᠭᠠᠶᠢᠯᠢ ᠶᠢ ᠬᠠᠮᠲᠤᠪᠠᠷ ᠬᠠᠮᠢᠶᠠᠷᠤᠨ᠂ ᠭᠡᠷ ᠪᠠᠶᠢᠰᠢᠩ | ᠭᠠᠵᠠᠷ ᠬᠦᠷᠦᠩᠭᠡ ᠶᠢᠨ ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠭᠠᠶᠢᠯᠢ ᠶᠢ ᠨᠢᠭᠡ ᠴᠤᠭᠴᠠᠵᠢᠭᠤᠯᠤᠨ | ᠬᠠᠮᠢᠶᠠᠷᠬᠤ ᠶᠢ ᠪᠡᠶᠡᠯᠡᠭᠦᠯᠵᠦ᠂ ᠲᠠᠲᠠᠪᠤᠷᠢᠯᠠᠬᠤ ᠠᠴᠠ ᠬᠤᠴᠤᠷᠤᠭᠤᠯᠬᠤ ᠪᠠ ᠬᠠᠮᠢᠶᠠᠷᠬᠤ ᠠᠴᠠ ᠭᠤᠭᠤᠵᠢᠭᠤᠯᠬᠤ ᠶᠢ | ᠬᠠᠮᠤᠭ ᠶᠡᠭᠡ ᠬᠡᠮᠵᠢᠶ᠎ᠡ ᠪᠠᠷ ᠰᠡᠷᠭᠡᠶᠢᠯᠡᠬᠦ ᠬᠡᠷᠡᠭᠲᠡᠢ᠃ ᠠᠵᠤ ᠠᠬᠤᠶᠢᠯᠠᠯ ᠤᠳ ᠢᠯᠠᠩᠭᠤᠶ᠎ᠠ ᠲᠤᠮᠤ ᠠᠵᠤ | ᠠᠬᠤᠶᠢᠯᠠᠯ ᠤᠨ ᠭᠠᠶᠢᠯᠢ ᠲᠠᠲᠠᠪᠤᠷᠢ ᠶᠢᠨ ᠲᠥᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ | ᠲᠠᠲᠠᠪᠤᠷᠢ ᠶᠢᠨ ᠲᠥᠭᠰᠢᠭᠦᠷᠢ ᠶᠢᠨ ᠬᠠᠮᠢᠶᠠᠷᠤᠯᠲᠠ ᠶᠢᠨ ᠲᠦᠯᠦᠪᠯᠡᠭᠡ ᠶᠢ ᠬᠠᠮᠵᠢᠯᠴᠠᠨ ᠲᠣᠭᠲᠠᠭᠠᠵᠤ᠂ | ᠲᠥᠭᠰᠢᠭᠦᠷᠢ ᠶᠢ ᠬᠠᠮᠲᠤᠪᠠᠷ ᠠᠷᠭᠠᠴᠠᠬᠤ ᠬᠡᠷᠡᠭᠲᠡᠢ᠃ ᠣᠷᠣᠨ ᠪᠦᠰᠡ ᠠᠯᠤᠰᠯᠠᠭᠰᠠᠨ ᠭᠠᠶᠢᠯᠢ ᠲᠠᠲᠠᠪᠤᠷᠢ ᠶᠢᠨ | ᠬᠠᠮᠵᠢᠯᠴᠠᠭ᠎ᠠ ᠶᠢ ᠬᠠᠮᠲᠤᠷᠠᠨ ᠦᠷᠨᠢᠭᠦᠯᠵᠦ᠂ ᠲᠠᠲᠠᠪᠤᠷᠢᠯᠠᠵᠤ ᠬᠠᠮᠢᠶᠠᠷᠬᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠦᠨ᠂ ᠲᠠᠲᠠᠪᠤᠷᠢᠯᠠᠬᠤ ᠪᠠ ᠲᠤᠰᠢᠶᠠᠬᠤ ᠦᠪᠡᠷ ᠤᠨ ᠥᠷᠲᠡᠭ ᠢ ᠪᠠᠭᠤᠷᠠᠭᠤᠯᠤᠨ᠎ᠠ᠃ ᠣᠯᠠᠨ | ᠤᠯᠤᠰ ᠤᠨ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢ ᠬᠠᠮᠲᠤᠷᠠᠨ ᠦᠷᠨᠢᠭᠦᠯᠵᠦ᠂ ᠰᠠᠭᠤᠭᠠᠯᠢ ᠠᠷᠠᠳ ᠤᠨ ᠪᠤᠰᠤ | ᠭᠠᠶᠢᠯᠢ ᠲᠤᠰᠢᠶᠠᠭᠴᠢ ᠶᠢᠨ ᠬᠢᠯᠢ ᠶᠢᠨ ᠲᠤᠳᠤᠷᠠᠬᠢ ᠪᠠᠶᠢᠩᠭᠤ ᠶᠢᠨ ᠪᠠᠶᠢᠭᠤᠯᠤᠮᠵᠢ ᠶᠢᠨ ᠬᠠᠮᠢᠶᠠᠷᠤᠯᠲᠠ᠂ ᠡᠬᠢ | ᠰᠤᠷᠪᠤᠯᠵᠢ ᠠᠴᠠ ᠨᠢ ᠰᠠᠭᠤᠳᠬᠠᠨ ᠲᠤᠰᠢᠶᠠᠯᠭᠠᠬᠤ ᠬᠠᠮᠢᠶᠠᠷᠤᠯᠲᠠ ᠶᠢ ᠬᠠᠮᠵᠢᠯᠴᠠᠨ ᠰᠠᠶᠢᠲᠤᠷ ᠬᠢᠵᠦ᠂ | ᠭᠠᠳᠠᠭᠠᠲᠤ ᠳᠤ ᠵᠠᠷᠤᠴᠠᠭᠤᠯᠬᠤ ᠭᠠᠶᠢᠯᠢ ᠶᠢᠨ ᠶᠠᠪᠤᠳᠠᠯ ᠤᠨ ᠬᠠᠮᠢᠶᠠᠷᠤᠯᠲᠠ ᠶᠢ ᠬᠠᠮᠵᠢᠯᠴᠠᠨ ᠰᠠᠶᠢᠲᠤᠷ ᠬᠢᠵᠦ᠂ | ᠭᠠᠶᠢᠯᠢ ᠠᠴᠠ ᠵᠠᠶᠢᠯᠠᠰᠬᠢᠬᠦ ᠶᠢ ᠡᠰᠡᠷᠭᠦᠴᠡᠬᠦ ᠪᠠᠶᠢᠴᠠᠭᠠᠯᠲᠠ ᠶᠢ ᠢᠳᠡᠪᠬᠢᠲᠡᠢ ᠦᠷᠨᠢᠭᠦᠯᠦᠨ᠎ᠡ᠃ | ︵ᠭᠤᠷᠪᠠ︶ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠶᠢᠨ ᠲᠣᠷᠰᠢᠯᠭ᠎ᠠ ᠪᠠᠷ ᠬᠠᠷᠢᠯᠴᠠᠨ ᠲᠤᠯᠢ ᠪᠣᠯᠭᠠᠨ᠎ᠠ᠃ | ᠤᠯᠤᠰ ᠤᠨ ᠭᠠᠶᠢᠯᠢ᠂ ᠣᠷᠣᠨ ᠨᠣᠲᠤᠭ ᠤᠨ ᠭᠠᠶᠢᠯᠢ ᠶᠢᠨ ᠰᠠᠯᠠᠭ᠎ᠠ ᠮᠦᠴᠢᠷ ᠤᠨ ᠭᠠᠶᠢᠯᠢ ᠲᠠᠲᠠᠪᠤᠷᠢ ᠶᠢᠨ | ᠬᠠᠮᠢᠶᠠᠷᠤᠯᠲᠠ ᠶᠢᠨ ᠲᠣᠷᠰᠢᠯᠭ᠎ᠠ ᠪᠠᠷ ᠬᠠᠷᠢᠯᠴᠠᠨ ᠲᠤᠯᠢ ᠪᠣᠯᠭᠠᠬᠤ ᠤᠷᠲᠤ ᠬᠤᠭᠤᠴᠠᠭ᠎ᠠ ᠬᠦᠴᠦᠨ ᠲᠠᠢ | ᠲᠣᠭᠲᠠᠴᠠ ᠶᠢ ᠪᠠᠶᠢᠭᠤᠯᠵᠤ᠂ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠤᠳᠤᠷᠢᠳᠬᠤ | ᠳᠤᠭᠤᠶᠢᠯᠠᠩ ᠤᠨ ᠦᠢᠯᠡᠳᠦᠯ ᠢ ᠪᠠᠳᠠᠷᠠᠭᠤᠯᠤᠨ᠂ ᠦᠷ᠎ᠡ ᠪᠦᠲᠦᠭᠡᠯ ᠤᠨ ᠲᠣᠷᠰᠢᠯᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠳ᠋ᠦᠩᠨᠡᠵᠦ᠂ ᠭᠠᠶᠢᠯᠢ ᠲᠠᠲᠠᠪᠤᠷᠢ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ | ᠠᠰᠠᠭᠤᠳᠠᠯ ᠢ ᠮᠡᠳᠡᠭᠡᠯᠡᠬᠦ ᠪᠠ ᠰᠤᠳᠤᠯᠤᠨ ᠰᠢᠢᠳᠪᠦᠷᠢᠯᠡᠬᠦ ᠬᠡᠷᠡᠭᠲᠡᠢ᠃ ᠠᠵᠢᠯᠲᠠᠨ ᠬᠠᠷᠢᠯᠴᠠᠨ ᠲᠣᠮᠢᠯᠠᠨ | ᠲᠣᠬᠠᠢ ᠶᠢᠨ ᠭᠠᠵᠠᠷ ᠤᠨ ᠵᠢᠯᠣᠭᠤᠳᠤᠯᠭ᠎ᠠ᠂ ᠲᠤᠰᠬᠠᠢ ᠰᠡᠳᠦᠪᠲᠦ ᠪᠣᠯᠪᠠᠰᠤᠷᠠᠭᠤᠯᠤᠯ ᠢ ᠵᠣᠬᠢᠶᠠᠨ ᠪᠠᠶᠢᠭᠤᠯᠤᠨ | ᠦᠷᠨᠢᠭᠦᠯᠬᠦ ᠪᠠ ᠰᠤᠳᠤᠯᠬᠤ ᠳᠤᠭᠤᠶᠢᠯᠠᠩ ᠢ ᠬᠠᠮᠲᠤᠪᠠᠷ ᠪᠠᠶᠢᠭᠤᠯᠵᠤ ᠬᠠᠮᠲᠤᠷᠠᠨ ᠪᠤᠭᠤᠮᠲᠠ ᠰᠢᠪᠲᠤᠯᠬᠤ ᠵᠡᠷᠭᠡ | ᠠᠷᠭ᠎ᠠ ᠮᠠᠶ᠋ᠢᠭ ᠢᠶᠠᠷ ᠳᠠᠮᠵᠢᠨ᠂ ᠬᠠᠮᠢᠶᠠᠷᠤᠯᠲᠠ ᠶᠢᠨ ᠲᠣᠷᠰᠢᠯᠭ᠎ᠠ ᠪᠠᠨ ᠬᠠᠷᠢᠯᠴᠠᠨ ᠬᠦᠷᠲᠡᠬᠦ ᠪᠠ ᠲᠣᠯᠢ ᠪᠣᠯᠭᠠᠵᠤ᠂ | ᠬᠤᠶᠠᠷ ᠡᠲᠡᠭᠡᠳ ᠤᠨ ᠬᠠᠮᠢᠶᠠᠷᠤᠯᠲᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠪᠦᠲᠦᠮᠵᠢᠲᠡᠢ ᠳᠡᠭᠡᠭᠰᠢᠯᠡᠭᠦᠯᠦᠨ᠎ᠡ᠃ | ︵ᠳᠥᠷᠪᠡ︶ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢᠨ ᠡᠭᠦᠷᠭᠡ ᠶᠢ ᠬᠠᠮᠵᠢᠯᠴᠠᠨ | ᠨᠠᠶᠢᠳᠠᠪᠤᠷᠢᠵᠢᠭᠤᠯᠤᠨ᠎ᠠ᠃ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢᠨ ᠡᠭᠦᠷᠭᠡ ᠶᠢᠨ ᠱᠠᠭᠠᠷᠳᠠᠯᠭ᠎ᠠ ᠶᠤᠰᠤᠭᠠᠷ᠂ | ᠬᠡᠷᠡᠭᠵᠢᠭᠦᠯᠬᠦ ᠲᠦᠰᠦᠯ ᠢ ᠬᠠᠮᠲᠤᠪᠠᠷ ᠲᠣᠭᠲᠠᠭᠠᠵᠤ᠂ ᠨᠢᠭᠡᠲᠦᠯᠲᠡᠢ ᠪᠠᠶᠢᠷᠢᠯᠠᠭᠤᠯᠤᠨ᠂ ᠨᠡᠪᠲᠡᠷᠡᠯᠴᠡᠬᠦ ᠪᠠᠨ | ᠴᠢᠩᠭᠠᠳᠬᠠᠵᠤ᠂ ᠪᠦᠲᠦᠮᠵᠢᠲᠡᠢ ᠵᠤᠯᠭᠠᠭᠤᠯᠤᠨ᠂ ︽ᠡᠵᠡᠩᠨᠡᠯᠲᠡ ᠶᠢᠨ ᠭᠠᠶᠢᠯᠢ ᠶᠢ ᠥᠷᠳᠡᠭ ᠨᠡᠮᠡᠭᠳᠡᠯ ᠤᠨ ᠭᠠᠶᠢᠯᠢ | ᠪᠣᠯᠭᠠᠨ ᠦᠭᠡᠷᠡᠴᠢᠯᠡᠬᠦ︾ ᠪᠠ ᠡᠬᠢ ᠪᠠᠶᠠᠯᠢᠭ ᠤᠨ ᠭᠠᠶᠢᠯᠢ ᠶᠢ ᠦᠭᠡᠷᠡᠴᠢᠯᠡᠭᠰᠡᠨ ᠤ ᠳᠠᠷᠠᠭᠠᠬᠢ ᠭᠠᠶᠢᠯᠢ | ᠲᠠᠲᠠᠪᠤᠷᠢ ᠶᠢᠨ ᠬᠠᠮᠢᠶᠠᠷᠤᠯᠲᠠ ᠦᠢᠯᠡᠴᠢᠯᠡᠭᠡ ᠶᠢᠨ ᠬᠦᠴᠢᠷᠲᠡᠢ ᠠᠰᠠᠭᠤᠳᠠᠯ ᠢ ᠰᠢᠢᠳᠪᠦᠷᠢᠯᠡᠬᠦ ᠪᠠᠷ ᠭᠤᠣᠯᠳᠠᠯᠭ᠎ᠠ | ᠪᠣᠯᠭᠠᠵᠤ᠂ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢᠨ ᠬᠠᠮᠢᠶ᠎ᠠ ᠪᠦᠬᠦᠢ ᠡᠭᠦᠷᠭᠡ ᠶᠢ ᠰᠠᠶᠢᠲᠤᠷ ᠬᠠᠮᠵᠢᠯᠴᠠᠨ | ᠨᠠᠶᠢᠳᠠᠪᠤᠷᠢᠵᠢᠭᠤᠯᠵᠤ᠂ ᠭᠠᠶᠢᠯᠢ ᠶᠢᠨ ᠳᠦᠷᠢᠮ ᠤᠨ ᠦᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠢ᠃ | ︵ᠲᠠᠪᠤ︶ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ︽ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠬᠠᠮᠲᠤᠷᠠᠨ ᠮᠦᠷᠳᠡᠵᠦ | ᠪᠠᠶᠢᠴᠠᠭᠠᠬᠤ ᠠᠵᠢᠯ ᠤᠨ ᠠᠷᠭ᠎ᠠ ︵ᠲᠣᠷᠰᠢᠨ ᠬᠡᠷᠡᠭᠵᠢᠭᠦᠯᠬᠦ︶︾ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠬᠠᠮᠲᠤᠷᠠᠨ | ᠮᠦᠷᠳᠡᠵᠦ ᠪᠠᠶᠢᠴᠠᠭᠠᠬᠤ ᠶᠢ ᠲᠠᠰᠤᠷᠠᠯᠲᠠ ᠦᠭᠡᠢ ᠴᠢᠩᠭᠠᠷᠠᠭᠤᠯᠬᠤ ᠬᠡᠷᠡᠭᠲᠡᠢ᠃ ᠮᠦᠷᠳᠡᠨ ᠪᠠᠶᠢᠴᠠᠭᠠᠬᠤ ᠠᠵᠢᠯ ᠤᠨ | ᠲᠠᠯ᠎ᠠ ᠶᠢᠨ ᠱᠠᠭᠠᠷᠳᠠᠯᠭ᠎ᠠ ᠶᠤᠰᠤᠭᠠᠷ᠂ ᠮᠦᠷᠳᠡᠨ ᠪᠠᠶᠢᠴᠠᠭᠠᠬᠤ ᠡᠲᠡᠭᠡᠳ ᠢᠶᠠᠨ ᠬᠠᠮᠲᠤᠷᠠᠨ ᠲᠣᠭᠲᠠᠭᠠᠬᠤ ᠶᠢᠨ | ᠬᠠᠮᠲᠤ ᠪᠠᠶᠢᠴᠠᠭᠠᠯᠲᠠ ᠬᠢᠵᠦ᠂ ᠬᠡᠷᠡᠭ ᠤᠨ ᠰᠢᠭᠦᠨ ᠰᠢᠢᠳᠪᠦᠷᠢᠯᠡᠬᠦ ᠪᠠ ᠬᠡᠷᠡᠭ ᠤᠨ ᠰᠢᠭᠦᠨ ᠭᠦᠢᠴᠡᠳᠭᠡᠬᠦ ᠶᠢ | ᠬᠠᠮᠵᠢᠯᠴᠠᠨ ᠶᠠᠪᠤᠭᠳᠠᠭᠤᠯᠵᠤ᠂ ᠫᠢᠶᠤᠤ ᠪᠠᠷᠢᠮᠲᠠ ᠶᠢᠨ ᠬᠠᠤᠯᠢ ᠠᠴᠠ ᠵᠦᠷᠢᠴᠡᠭᠰᠡᠨ ᠶᠠᠯᠠᠲᠤ ᠠᠵᠢᠯᠯᠠᠭ᠎ᠠ ᠳᠤ | ᠴᠢᠩᠭ᠎ᠠ ᠴᠤᠬᠢᠯᠲᠠ ᠥᠭᠬᠦ ᠬᠡᠷᠡᠭᠲᠡᠢ᠃ ᠭᠠᠶᠢᠯᠢ ᠲᠠᠲᠠᠪᠤᠷᠢ ᠶᠢᠨ ᠬᠠᠤᠯᠢ ᠠᠴᠠ ᠵᠦᠷᠢᠴᠡᠭᠰᠡᠨ ︽ᠬᠠᠷ᠎ᠠ ᠳᠠᠩᠰᠠ︾ | ᠶᠢ ᠬᠠᠮᠵᠢᠯᠴᠠᠨ ᠨᠡᠶᠢᠲᠡᠯᠡᠬᠦ ᠶᠢᠨ ᠬᠠᠮᠲᠤ᠂ ᠬᠠᠮᠲᠤᠷᠠᠨ ᠵᠠᠯᠬᠠᠭᠠᠨ ᠴᠡᠭᠡᠷᠯᠡᠭᠦᠯᠬᠦ ᠬᠡᠷᠡᠭᠲᠡᠢ᠃ ᠭᠠᠶᠢᠯᠢ ᠶᠢᠨ | ᠴᠠᠭᠳᠠᠭ᠎ᠠ ᠶᠢᠨ ᠬᠠᠷᠢᠯᠴᠠᠬᠤ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠭᠠᠶᠢᠯᠢ ᠳᠤ ᠬᠤᠯᠪᠣᠭᠳᠠᠬᠤ | ᠬᠠᠤᠯᠢ ᠠᠴᠠ ᠵᠦᠷᠢᠴᠡᠭᠰᠡᠨ ᠶᠠᠯᠠᠳᠤ ᠠᠵᠢᠯᠯᠠᠭ᠎ᠠ ᠶᠢ ᠬᠠᠮᠲᠤᠪᠠᠷ ᠰᠡᠷᠭᠡᠶᠢᠯᠡᠬᠦ ᠪᠠ ᠴᠤᠬᠢᠯᠲᠠ ᠥᠭᠭᠦᠨ᠎ᠡ᠃ | ᠭᠠᠶᠢᠯᠢ ᠶᠢᠨ ᠶᠠᠪᠤᠳᠠᠯ ᠤᠨ ᠵᠠᠰᠠᠭ ᠵᠠᠬᠢᠷᠭᠠᠨ ᠤ ᠰᠢᠳᠭᠡᠯ ᠲᠠᠰᠤᠯᠤᠯᠲᠠ ᠶᠢᠨ ᠡᠷᠬᠡ ᠶᠢᠨ ᠰᠠᠭᠤᠷᠢ ᠪᠠᠷᠢᠮᠵᠢᠶ᠎ᠠ ᠶᠢ | ᠨᠢᠭᠡᠳᠭᠡᠬᠦ ᠬᠡᠷᠡᠭᠲᠡᠢ᠃ ᠭᠠᠶᠢᠯᠢ ᠲᠠᠲᠠᠪᠤᠷᠢ ᠶᠢᠨ ᠪᠠᠶᠢᠴᠠᠭᠠᠯᠲᠠ ᠪᠠ ᠭᠠᠶᠢᠯᠢ ᠲᠠᠲᠠᠪᠤᠷᠢ ᠶᠢᠨ ᠵᠠᠳᠠᠯᠤᠯᠲᠠ ᠶᠢ | ᠬᠠᠮᠲᠤᠷᠠᠨ ᠦᠷᠨᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠰᠠᠯᠠᠭ᠎ᠠ ᠮᠦᠴᠢᠷ ᠤᠨ | ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠬᠠᠩᠭᠠᠨ᠎ᠠ᠃ | ︵ᠵᠢᠷᠭᠤᠭ᠎ᠠ︶ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠥᠷᠭᠡᠳᠭᠡᠨ᠎ᠡ᠃ ︽ᠤᠯᠤᠰ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠭᠠᠶᠢᠯᠢ ᠳᠤ | ᠬᠤᠯᠪᠣᠭᠳᠠᠬᠤ ᠮᠡᠳᠡᠭᠡ ᠵᠠᠩᠭᠢ ᠶᠢ ᠴᠤᠭᠯᠠᠭᠤᠯᠤᠨ ᠬᠠᠮᠲᠤᠪᠠᠷ ᠬᠡᠷᠡᠭᠯᠡᠬᠦ ᠬᠠᠮᠢᠶᠠᠷᠤᠯᠲᠠ ᠶᠢᠨ ᠠᠷᠭ᠎ᠠ︾ ᠶᠢ ᠬᠢᠨᠠᠮᠠᠭᠠᠢ | ᠨᠠᠶᠢᠳᠠᠪᠤᠷᠢᠵᠢᠭᠤᠯᠵᠤ᠂ ᠭᠠᠶᠢᠯᠢ ᠲᠤᠰᠢᠶᠠᠭᠴᠢ ᠶᠢᠨ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠨᠢᠭᠡ | ᠤᠳᠠᠭ᠎ᠠ ᠳᠤ ᠴᠤᠭᠯᠠᠭᠤᠯᠵᠤ᠂ ᠬᠤᠶᠠᠷ ᠲᠠᠯ᠎ᠠ ᠪᠠᠷ ᠨᠡᠶᠢᠳᠡᠮ ᠬᠡᠷᠡᠭᠯᠡᠬᠦ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ | ᠬᠠᠮᠢᠶ᠎ᠠ ᠪᠦᠬᠦᠢ ᠰᠠᠯᠠᠭ᠎ᠠ ᠮᠦᠴᠢᠷ ᠯᠦᠭᠡ ᠨᠡᠪᠲᠡᠷᠡᠯᠴᠡᠨ ᠬᠠᠮᠵᠢᠯᠴᠠᠬᠤ ᠪᠠᠨ ᠰᠠᠨᠠᠭᠠᠴᠢᠯᠠᠭ᠎ᠠ ᠲᠠᠢ ᠪᠠᠷ ᠴᠢᠩᠭᠠᠳᠬᠠᠵᠤ᠂ | ᠭᠤᠷᠪᠠᠳᠠᠬᠢ ᠡᠲᠡᠭᠡᠳ ᠤᠨ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢᠨ ᠢᠷᠡᠯᠲᠡ ᠶᠢ ᠣᠯᠠᠨ ᠵᠠᠮ ᠮᠥᠷ | ᠣᠯᠠᠨ ᠠᠷᠭ᠎ᠠ ᠮᠠᠶ᠋ᠢᠭ ᠢᠶᠠᠷ ᠥᠷᠭᠡᠳᠭᠡᠨ᠂ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤᠷᠠᠨ | ᠴᠤᠭᠯᠠᠭᠤᠯᠵᠤ ᠬᠡᠷᠡᠭᠯᠡᠬᠦ᠂ ᠬᠠᠮᠲᠤᠷᠠᠨ ᠭᠠᠳᠠᠭᠰᠢ ᠨᠡᠶᠢᠲᠡᠯᠡᠬᠦ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ | ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠲᠤᠳᠤᠭᠠᠲᠤ ᠶᠢᠨ ᠲᠤᠭ᠎ᠠ ᠪᠠᠷᠢᠮᠲᠠ ᠪᠠᠨ ᠡᠮᠬᠢᠯᠡᠨ ᠨᠡᠶᠢᠯᠡᠭᠦᠯᠵᠦ ᠬᠠᠮᠲᠤᠪᠠᠷ | ᠬᠦᠷᠲᠡᠬᠦ ᠡᠷᠴᠢᠮ ᠢ ᠴᠢᠩᠭᠠᠷᠠᠭᠤᠯᠵᠤ᠂ ᠭᠠᠶᠢᠯᠢ ᠲᠠᠲᠠᠪᠤᠷᠢ ᠶᠢᠨ ᠲᠤᠮᠤ ᠳ᠋ᠡᠶᠢᠲ᠋ᠠ ᠶᠢᠨ ᠲᠡᠪᠴᠡᠩ ᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠲᠤᠭ᠎ᠠ ᠪᠠᠷᠢᠮᠲᠠ ᠶᠢᠨ | ᠥᠷᠳᠡᠭ ᠨᠡᠮᠡᠭᠳᠡᠯ ᠤᠨ ᠠᠰᠢᠭᠯᠠᠯᠲᠠ ᠶᠢ ᠥᠷᠭᠡᠵᠢᠭᠦᠯᠦᠨ᠂ ᠣᠯᠠᠨ ᠳᠡᠰ ᠳᠠᠪᠬᠤᠷᠭ᠎ᠠ᠂ ᠣᠯᠠᠨ ᠲᠠᠯ᠎ᠠ᠂ ᠣᠯᠠᠨ | ᠬᠡᠮᠵᠢᠯᠲᠦ ᠶᠢᠨ ᠭᠠᠶᠢᠯᠢ ᠲᠠᠲᠠᠪᠤᠷᠢ ᠶᠢᠨ ᠵᠠᠳᠠᠯᠤᠯᠲᠠ ᠶᠢ ᠢᠳᠡᠪᠬᠢᠲᠡᠢ ᠦᠷᠨᠢᠭᠦᠯᠵᠦ᠂ ︽ᠲᠤᠭ᠎ᠠ ᠪᠠᠷᠢᠮᠲᠠ ᠪᠠᠷ | ᠢᠯᠡᠳᠭᠡᠬᠦ᠂ ᠲᠤᠭ᠎ᠠ ᠪᠠᠷᠢᠮᠲᠠ ᠪᠠᠷ ᠬᠠᠮᠢᠶᠠᠷᠬᠤ᠂ ᠲᠤᠭ᠎ᠠ ᠪᠠᠷᠢᠮᠲᠠ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠲᠤᠭ᠎ᠠ ᠪᠠᠷᠢᠮᠲᠠ ᠪᠠᠷ ᠰᠢᠨ᠎ᠡ ᠶᠢ ᠡᠭᠦᠳᠬᠦ︾ ᠭᠠᠶᠢᠯᠢ ᠲᠠᠲᠠᠪᠤᠷᠢ ᠶᠢᠨ ᠣᠳᠤᠬᠢᠴᠢᠯᠠᠭᠰᠠᠨ ᠵᠠᠰᠠᠯᠲᠠ ᠬᠢᠬᠦ | ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠤᠯᠤᠰ ᠪᠠ ᠦᠪᠡᠷᠲᠡᠭᠡᠨ ᠵᠠᠰᠠᠬᠤ ᠣᠷᠣᠨ ᠤ ᠠᠵᠤ ᠠᠬᠤᠢ | ᠪᠠ ᠭᠠᠶᠢᠯᠢ ᠲᠠᠲᠠᠪᠤᠷᠢ ᠶᠢᠨ ᠪᠠᠶᠢᠳᠠᠯ ᠳᠤ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ᠂ ᠡᠳ᠋ ᠤᠨ ᠵᠠᠰᠠᠭ ᠤᠨ | ᠭᠠᠶᠢᠯᠢ ᠶᠢᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠵᠡᠷᠭᠡ ᠳᠤ ᠴᠢᠬᠤᠯᠠ ᠦᠨᠳᠦᠰᠦ ᠪᠠᠷᠢᠮᠲᠠ ᠬᠠᠩᠭᠠᠬᠤ | ᠬᠡᠷᠡᠭᠲᠡᠢ᠃ | ︵ᠲᠤᠯᠤᠭ᠎ᠠ︶ ᠴᠢᠳᠠᠪᠤᠷᠢᠲᠠᠨ ᠤ ᠬᠠᠷᠢᠯᠴᠠᠨ ᠬᠦᠳᠡᠯᠦᠯᠴᠡᠬᠦ ᠪᠠ ᠰᠤᠶᠤᠯ ᠤᠨ ᠰᠤᠯᠢᠯᠴᠠᠭ᠎ᠠ ᠶᠢ | ᠴᠢᠩᠭᠠᠳᠬᠠᠨ᠎ᠠ᠃ ᠤᠯᠤᠰ ᠤᠨ ᠭᠠᠶᠢᠯᠢ᠂ ᠣᠷᠣᠨ ᠨᠣᠲᠤᠭ ᠤᠨ ᠭᠠᠶᠢᠯᠢ ᠶᠢᠨ ᠰᠠᠯᠠᠭ᠎ᠠ ᠮᠦᠴᠢᠷ ᠤᠨ | ᠺᠠᠳ᠋ᠷᠴᠦᠳ ᠤᠨ ᠬᠦᠮᠦᠵᠢᠯ ᠪᠣᠯᠪᠠᠰᠤᠷᠠᠭᠤᠯᠤᠯ᠂ ᠭᠠᠶᠢᠯᠢ ᠲᠠᠲᠠᠪᠤᠷᠢ ᠶᠢᠨ ᠰᠤᠶᠤᠯ ᠤᠨ ᠪᠠᠶᠢᠭᠤᠯᠤᠯᠲᠠ ᠵᠡᠷᠭᠡ | ᠲᠠᠯ᠎ᠠ ᠶᠢᠨ ᠰᠤᠯᠢᠯᠴᠠᠭ᠎ᠠ ᠬᠢᠭᠡᠳ ᠬᠠᠮᠲᠤᠷᠠᠯᠴᠠᠭ᠎ᠠ ᠶᠢ ᠢᠳᠡᠪᠬᠢᠲᠡᠢ ᠦᠷᠨᠢᠭᠦᠯᠦᠨ᠎ᠡ᠃ ᠬᠠᠷᠢᠯᠴᠠᠨ ᠺᠠᠳ᠋ᠷ ᠲᠣᠮᠢᠯᠠᠵᠤ | ᠲᠤᠰᠢᠶᠠᠯ ᠡᠭᠦᠷᠭᠡᠯᠡᠨ ᠰᠣᠯᠢᠯᠴᠠᠵᠤ᠂ ᠴᠢᠳᠠᠪᠤᠷᠢᠲᠠᠨ ᠤ ᠬᠠᠷᠢᠯᠴᠠᠨ ᠬᠦᠳᠡᠯᠦᠯᠴᠡᠬᠦ ᠪᠠ ᠲᠣᠷᠰᠢᠯᠭ᠎ᠠ ᠪᠠᠨ ᠬᠠᠮᠲᠤᠪᠠᠷ | ᠬᠦᠷᠲᠡᠬᠦ ᠶᠢ ᠠᠬᠢᠭᠤᠯᠬᠤ ᠬᠡᠷᠡᠭᠲᠡᠢ᠃ ᠭᠠᠶᠢᠯᠢ ᠲᠠᠲᠠᠪᠤᠷᠢ ᠶᠢᠨ ᠡᠷᠳᠡᠮ ᠰᠢᠨᠵᠢᠯᠡᠭᠡᠨ ᠤ ᠠᠵᠢᠯ ᠢ ᠬᠠᠮᠵᠢᠯᠴᠠᠨ | ᠦᠷᠨᠢᠭᠦᠯᠦᠨ᠎ᠡ᠃ ᠺᠠᠳ᠋ᠷᠴᠦᠳ ᠤᠨ ᠬᠦᠮᠦᠵᠢᠯ ᠪᠣᠯᠪᠠᠰᠤᠷᠠᠭᠤᠯᠤᠯ ᠢ ᠬᠠᠮᠲᠤᠪᠠᠷ ᠦᠷᠨᠢᠭᠦᠯᠵᠦ᠂ ᠵᠢᠭᠠᠨ | ᠰᠤᠷᠭᠠᠯᠲᠠ ᠶᠢᠨ ᠡᠬᠢ ᠪᠠᠶᠠᠯᠢᠭ ᠢ ᠨᠢᠭᠡᠲᠦᠯᠲᠡᠢ ᠲᠦᠯᠦᠪᠯᠡᠨ ᠰᠠᠶᠢᠲᠤᠷ ᠬᠡᠷᠡᠭᠯᠡᠵᠦ᠂ ᠪᠣᠯᠪᠠᠰᠤᠷᠠᠭᠤᠯᠤᠯ ᠤᠨ | ᠦᠪᠡᠷ ᠤᠨ ᠦᠷᠲᠡᠭ ᠢ ᠪᠠᠭᠤᠷᠠᠭᠤᠯᠤᠨ᠂ ᠪᠣᠯᠪᠠᠰᠤᠷᠠᠭᠤᠯᠤᠯ ᠤᠨ ᠠᠴᠢ ᠲᠤᠰᠠ ᠶᠢ ᠳᠡᠭᠡᠭᠰᠢᠯᠡᠭᠦᠯᠵᠦ᠂ ᠬᠠᠮᠲᠤᠪᠠᠷ | ᠰᠣᠷᠤᠯᠴᠠᠵᠤ ᠬᠠᠮᠲᠤᠪᠠᠷ ᠳᠡᠭᠡᠭᠰᠢᠯᠡᠬᠦ ᠶᠢ ᠪᠡᠶᠡᠯᠡᠭᠦᠯᠬᠦ ᠬᠡᠷᠡᠭᠲᠡᠢ᠃ ᠠᠭᠤᠯᠭ᠎ᠠ ᠪᠠᠶᠠᠯᠢᠭ᠂ ᠬᠡᠯᠪᠡᠷᠢ ᠣᠯᠠᠨ | ᠶᠠᠩᠵᠤ ᠶᠢᠨ ᠰᠤᠶᠤᠯ ᠪᠡᠶ᠎ᠡ ᠶᠢᠨ ᠲᠠᠮᠢᠷ ᠤᠨ ᠬᠦᠳᠡᠯᠭᠡᠭᠡᠨ ᠢ ᠬᠠᠮᠲᠤᠪᠠᠷ ᠦᠷᠨᠢᠭᠦᠯᠵᠦ᠂ ᠰᠤᠶᠤᠯ ᠤᠨ | ᠠᠭᠤᠰᠤᠯᠴᠠᠯ ᠢ ᠠᠬᠢᠭᠤᠯᠤᠨ᠎ᠠ᠃ | ︵ᠨᠠᠢᠮᠠ︶ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ | ᠭᠦᠨᠵᠡᠭᠡᠶᠢᠷᠡᠭᠦᠯᠦᠨ᠎ᠡ᠃ ᠪᠦᠬᠦ ᠣᠯᠣᠰ ᠤᠨ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ | ᠬᠢᠭᠰᠡᠨ ᠵᠠᠭᠤᠨ ᠬᠦᠴᠦᠷᠬᠡᠭ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠲᠣᠭᠤᠷᠢᠭ᠂ ᠦᠪᠡᠷᠲᠡᠭᠡᠨ ᠵᠠᠰᠠᠬᠤ | ᠣᠷᠣᠨ ᠤ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠲᠣᠭᠤᠷᠢᠭ ᠢ ᠪᠦᠬᠦ ᠣᠷᠣᠨ ᠳᠤ ᠰᠤᠩᠭᠤᠨ ᠪᠣᠢ ᠪᠣᠯᠭᠠᠵᠤ᠂ | ᠡᠯ᠎ᠡ ᠠᠶᠢᠮᠠᠭ ᠬᠤᠲᠠ ᠨᠢ ᠲᠤᠰ ᠭᠠᠵᠠᠷ ᠣᠷᠣᠨ ᠤ ᠪᠤᠳᠠᠳᠤ ᠪᠠᠶᠢᠳᠠᠯ ᠢᠶᠠᠨ ᠦᠨᠳᠦᠰᠦᠯᠡᠨ ᠠᠶᠢᠮᠠᠭ ᠬᠤᠲᠠ ᠶᠢᠨ | ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠲᠣᠭᠤᠷᠢᠭ ᠢ ᠲᠣᠭᠲᠠᠭᠠᠵᠤ᠂ ᠡᠯ᠎ᠡ ᠬᠤᠰᠢᠭᠤ ᠰᠢᠶᠠᠨ ᠤ ᠵᠢᠱᠢᠶ᠎ᠡ | ᠦᠵᠡᠭᠦᠯᠬᠦ ᠲᠣᠭᠤᠷᠢᠭ ᠤᠨ ᠵᠢᠱᠢᠶ᠎ᠡ ᠦᠵᠡᠭᠦᠯᠦᠨ ᠬᠦᠲᠦᠯᠦᠨ ᠳᠠᠭᠠᠭᠤᠯᠬᠤ ᠪᠠ ᠨᠦᠯᠦᠭᠡᠯᠡᠨ ᠳᠠᠭᠠᠭᠤᠯᠬᠤ | ᠦᠢᠯᠡᠳᠦᠯ ᠢ ᠪᠠᠳᠠᠷᠠᠭᠤᠯᠬᠤ ᠬᠡᠷᠡᠭᠲᠡᠢ᠃ | ︵ᠶᠢᠰᠦ︶ ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠨᠡᠷᠡᠲᠦ ᠲᠦᠷᠦᠯ | ᠲᠡᠮᠲᠡᠭᠲᠦ ᠶᠢ ᠪᠤᠶᠢᠵᠢᠭᠤᠯᠤᠨ᠎ᠠ᠃ ᠡᠯ᠎ᠡ ᠱᠠᠲᠤᠨ ᠤ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ ᠶᠢᠨ | ᠰᠠᠯᠠᠭ᠎ᠠ ᠮᠦᠴᠢᠷ ᠨᠢ ᠲᠡᠷᠢᠭᠦᠨ ᠤ ᠲᠣᠷᠰᠢᠯᠭ᠎ᠠ ᠪᠠᠨ ᠴᠠᠭ ᠲᠣᠬᠠᠢ ᠳᠤᠨᠢ ᠳ᠋ᠦ᠋ᠶᠢᠩᠨᠡᠵᠦ᠂ ᠨᠡᠷᠡᠲᠦ ᠲᠦᠷᠦᠯ | ᠲᠡᠮᠲᠡᠭᠲᠦ ᠶᠢ ᠨᠡᠭᠡᠭᠡᠬᠦ᠂ ᠪᠤᠶᠢᠵᠢᠭᠤᠯᠬᠤ᠂ ᠳᠡᠯᠭᠡᠷᠡᠭᠦᠯᠬᠦ ᠪᠠ ᠤᠬᠠᠭᠤᠯᠬᠤ ᠵᠢᠮ᠎ᠡ ᠶᠤᠰᠤ ᠶᠢ ᠵᠢᠷᠤᠮᠯᠡᠨ ᠮᠥᠷᠳᠡᠵᠦ᠂ | ︽ᠰᠤᠳᠣᠨ ᠲᠦᠷᠦᠯ ᠲᠡᠮᠲᠡᠭᠲᠦ ᠶᠢᠨ ᠢᠨᠵᠧᠨᠧᠷᠢᠩ︾ ᠢ ᠪᠠᠶᠢᠭᠤᠯᠬᠤ ᠵᠠᠷᠴᠢᠮ ᠶᠤᠰᠤᠭᠠᠷ᠂ ᠳᠠᠭᠤᠷᠢᠶᠠᠵᠤ ᠪᠣᠯᠬᠤ᠂ | ᠳᠡᠯᠭᠡᠷᠡᠭᠦᠯᠵᠦ ᠪᠣᠯᠬᠤ ᠲᠣᠷᠰᠢᠯᠭ᠎ᠠ ᠶᠢ ᠲᠦᠷᠭᠡᠳᠭᠡᠨ ᠪᠣᠢ ᠪᠣᠯᠭᠠᠬᠤ ᠶᠢᠨ ᠬᠠᠮᠲᠤ᠂ ᠱᠠᠲᠤ ᠳᠠᠷᠠᠭᠠᠯᠠᠨ ᠳᠡᠭᠡᠭᠰᠢ | ᠲᠠᠨᠢᠯᠴᠠᠭᠤᠯᠤᠨ᠂ ᠨᠢᠭᠡ ᠨᠦᠬᠦᠴᠡᠯ ᠢ ᠪᠦᠷᠢᠯᠳᠦᠭᠦᠯᠪᠡᠯ ᠨᠢᠭᠡ ᠶᠢ ᠳᠡᠯᠭᠡᠷᠡᠭᠦᠯᠬᠦ ᠬᠡᠷᠡᠭᠲᠡᠢ᠃ ᠤᠯᠤᠰ ᠪᠠ | ᠦᠪᠡᠷᠲᠡᠭᠡᠨ ᠵᠠᠰᠬᠠᠤ ᠣᠷᠣᠨ ᠤ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠣᠷᠣᠨ ᠨᠢ ᠤᠯᠤᠰ ᠪᠠ ᠣᠷᠣᠨ | ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠵᠢᠷᠤᠮᠵᠢᠯ ᠲᠠᠢ ᠲᠦᠷᠦᠯ ᠵᠦᠢᠯ ᠤᠨ ᠨᠡᠷᠡᠲᠦ ᠲᠦᠷᠦᠯ | ᠲᠡᠮᠲᠡᠭᠲᠦ ᠶᠢ ᠠᠳᠠᠭ ᠲᠠᠭᠠᠨ 1 ᠮᠡᠳᠡᠭᠦᠯᠦᠨ ᠪᠠᠶᠢᠭᠤᠯᠬᠤ ᠬᠡᠷᠡᠭᠲᠡᠢ᠃ ᠦᠪᠦᠷ ᠮᠣᠩᠭᠤᠯ ᠤᠨ ᠤᠯᠤᠰ ᠤᠨ | ᠭᠠᠶᠢᠯᠢ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠤᠷᠤᠨ ᠤ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ | ᠠᠵᠢᠯ ᠤᠨ ᠪᠤᠲᠠᠲᠠᠢ ᠲᠠᠢ ᠪᠠᠨ ᠤᠶᠠᠯᠳᠤᠭᠤᠯᠤᠨ᠂ ᠬᠤᠰᠢᠭᠤ ᠰᠢᠶᠠᠨ ᠤ ᠵᠢᠱᠢᠶ᠎ᠡ ᠦᠵᠡᠭᠦᠯᠬᠦ ᠣᠷᠣᠨ ᠤ ᠨᠡᠷᠡᠲᠦ | ᠲᠦᠷᠦᠯ ᠲᠡᠮᠲᠡᠭᠲᠦ ᠶᠢᠨ ᠪᠠᠶᠢᠭᠤᠯᠤᠯᠲᠠ ᠶᠢᠨ ᠠᠵᠢᠯ ᠢ ᠵᠢᠯᠤᠭᠤᠳᠴᠤ᠂ ᠨᠡᠷᠡᠲᠦ ᠲᠦᠷᠦᠯ ᠲᠡᠮᠲᠡᠭᠲᠦ ᠶᠢᠨ ᠲᠦᠷᠦᠯ | ᠵᠦᠢᠯ ᠢ ᠳᠡᠯᠭᠡᠷᠡᠭᠦᠯᠬᠦ ᠪᠤᠲᠠᠲᠠᠢ ᠠᠷᠭ᠎ᠠ ᠬᠡᠮᠵᠢᠶ᠎ᠡ ᠶᠢ ᠲᠣᠭᠲᠠᠭᠠᠨ ᠬᠡᠷᠡᠭᠵᠢᠭᠦᠯᠬᠦ ᠬᠡᠷᠡᠭᠲᠡᠢ᠃ | ᠳᠥᠷᠪᠡ᠂ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠪᠠᠶᠢᠷᠢᠰᠢᠯ ᠢ ᠶᠡᠬᠡᠪᠡᠷ ᠪᠠᠶᠢᠭᠤᠯᠤᠨ᠎ᠠ | ︵ᠨᠢᠭᠡ︶ ᠭᠠᠶᠢᠯᠢ ᠲᠠᠲᠠᠪᠤᠷᠢ ᠶᠢ ᠬᠠᠮᠲᠤᠪᠠᠷ ᠵᠠᠰᠬᠠᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ | ︽ᠨᠠᠮ ᠵᠠᠰᠠᠭ ᠠᠴᠠ ᠤᠳᠤᠷᠢᠳᠬᠤ᠂ ᠭᠠᠶᠢᠯᠢ ᠶᠢᠨ ᠶᠠᠪᠤᠳᠠᠯ ᠠᠴᠠ ᠭᠤᠣᠯ ᠬᠠᠷᠢᠭᠤᠴᠠᠬᠤ᠂ ᠰᠠᠯᠠᠭ᠎ᠠ ᠮᠦᠴᠢᠷ ᠤᠳ | ᠬᠠᠮᠲᠤᠷᠠᠯᠴᠠᠬᠤ᠂ ᠨᠡᠶᠢᠭᠡᠮ ᠠᠴᠠ ᠬᠠᠮᠵᠢᠯᠴᠠᠬᠤ᠂ ᠣᠯᠠᠨ ᠨᠡᠶᠢᠲᠡ ᠶᠢ ᠣᠷᠤᠯᠴᠠᠭᠤᠯᠬᠤ︾ ᠱᠠᠭᠠᠷᠳᠠᠯᠭ᠎ᠠ ᠶᠤᠰᠤᠭᠠᠷ᠂ | ᠵᠠᠰᠠᠭ ᠤᠨ ᠣᠷᠳᠤᠨ ᠤ ᠬᠦᠴᠦᠨ ᠴᠢᠳᠠᠯ ᠳᠤ ᠲᠦᠰᠢᠭᠯᠡᠨ᠂ ᠨᠡᠶᠢᠭᠡᠮ ᠤᠨ ᠡᠭᠦᠷᠭᠡ ᠴᠢᠳᠠᠪᠤᠷᠢᠲᠦ ᠰᠠᠯᠠᠭ᠎ᠠ | ᠮᠦᠴᠢᠷ ᠤᠨ ᠦᠢᠯᠡᠳᠦᠯ ᠢ ᠪᠠᠳᠠᠷᠠᠭᠤᠯᠵᠤ᠂ ᠮᠡᠳᠡᠭᠡ ᠵᠠᠩᠭᠢ ᠶᠢᠨ ᠮᠡᠷᠭᠡᠵᠢᠯ ᠢᠶᠠᠷ ᠲᠤᠯᠭᠠᠭᠤᠷᠢᠯᠠᠯ ᠪᠣᠯᠭᠠᠨ᠂ ᠭᠠᠶᠢᠯᠢ | ᠲᠠᠲᠠᠪᠤᠷᠢᠯᠠᠵᠤ ᠬᠠᠮᠢᠶᠠᠷᠬᠤ ᠠᠵᠢᠯ ᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ ᠲᠠᠯ᠎ᠠ ᠶᠢᠨ ᠪᠦᠭᠡᠳ ᠵᠢᠷᠤᠮᠵᠢᠯ ᠲᠠᠢ᠂ | ᠦᠨᠳᠦᠷ ᠪᠦᠲᠦᠮᠵᠢᠲᠡᠢ ᠪᠠᠷ ᠠᠵᠢᠯᠯᠠᠬᠤ ᠭᠠᠶᠢᠯᠢ ᠲᠠᠲᠠᠪᠤᠷᠢ ᠶᠢ ᠬᠠᠮᠲᠤᠪᠠᠷ ᠵᠠᠰᠠᠬᠤ ᠠᠵᠢᠯ ᠤᠨ ᠲᠣᠭᠲᠠᠴᠠ ᠶᠢ | ᠪᠠᠶᠢᠭᠤᠯᠤᠨ᠎ᠠ᠃ | ︵ᠬᠤᠶᠠᠷ︶ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠢᠳᠡᠪᠬᠢᠲᠡᠢ | ᠠᠬᠢᠭᠤᠯᠤᠨ᠎ᠠ᠃ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠬᠠᠮᠢᠶᠠᠷᠤᠯᠲᠠ ᠶᠢᠨ | ᠠᠷᠭ᠎ᠠ ᠶᠢ ᠲᠦᠷᠭᠡᠳᠭᠡᠨ ᠲᠣᠭᠲᠠᠭᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠨᠢᠭᠡᠴᠡ ᠶᠢᠨ | ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ | ᠠᠬᠢᠭᠤᠯᠤᠨ ᠪᠡᠶᠡᠯᠡᠭᠦᠯᠵᠦ᠂ ᠭᠠᠶᠢᠯᠢ ᠳᠤ ᠬᠤᠯᠪᠣᠭᠳᠠᠬᠤ ᠮᠡᠳᠡᠭᠡ ᠵᠠᠩᠭᠢ ᠶᠢᠨ ᠵᠥᠪ ᠣᠨᠣᠪᠴᠢᠲᠤ ᠴᠢᠨᠠᠷ ᠪᠣᠯᠣᠨ | ᠲᠤᠭ᠎ᠠ ᠪᠦᠷᠢᠳᠭᠡᠯ ᠤᠨ ᠪᠠᠷᠢᠮᠵᠢᠶ᠎ᠠ ᠶᠢᠨ ᠨᠢᠭᠡᠲᠦᠮᠡᠯ ᠴᠢᠨᠠᠷ ᠢ ᠳᠡᠭᠡᠭᠰᠢᠯᠡᠭᠦᠯᠦᠨ᠎ᠡ᠃ ᠭᠠᠶᠢᠯᠢ ᠲᠠᠲᠠᠪᠤᠷᠢ ᠶᠢ | ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠪᠠᠷ ᠠᠬᠢᠭᠤᠯᠵᠤ᠂ ᠭᠠᠶᠢᠯᠢ ᠲᠠᠲᠠᠪᠤᠷᠢ ᠶᠢ ᠶᠡᠷᠦᠩᠬᠡᠶᠢᠯᠡᠨ | ᠵᠠᠰᠠᠬᠤ ᠲᠡᠪᠴᠡᠩ ᠤᠨ ᠪᠠᠶᠢᠭᠤᠯᠤᠯᠲᠠ ᠶᠢ ᠲᠦᠷᠭᠡᠳᠭᠡᠨ᠎ᠡ᠃ ᠦᠪᠡᠷᠲᠡᠭᠡᠨ ᠵᠠᠰᠠᠬᠤ ᠣᠷᠣᠨ ᠤ ᠨᠡᠶᠢᠭᠡᠮ ᠤᠨ | ᠢᠲᠡᠭᠡᠮᠵᠢ ᠶᠢᠨ ᠮᠡᠳᠡᠭᠡ ᠵᠠᠩᠭᠢ ᠶᠢᠨ ᠲᠡᠪᠴᠡᠩ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ | ᠲᠡᠪᠴᠡᠩ ᠤᠨ ᠪᠠᠶᠢᠭᠤᠯᠤᠯᠲᠠ ᠶᠢ ᠲᠦᠷᠭᠡᠳᠭᠡᠵᠦ᠂ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠳ ᠢ ᠬᠠᠮᠵᠢᠵᠤ | ᠪᠠᠶᠢᠭᠠᠳ ᠭᠠᠶᠢᠯᠢ ᠲᠤᠰᠢᠶᠠᠭᠴᠢᠳ ᠤᠨ ᠢᠲᠡᠭᠡᠮᠵᠢᠲᠡᠢ ᠪᠠᠶᠢᠬᠤ ᠶᠢ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ | ᠵᠠᠯᠬᠠᠭᠠᠨ ᠴᠡᠭᠡᠷᠯᠡᠭᠦᠯᠬᠦ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠬᠡᠷᠡᠭᠲᠡᠢ᠃ ᠠᠵᠤ ᠦᠢᠯᠡᠳᠪᠦᠷᠢ ᠬᠤᠳᠠᠯᠳᠤᠭ᠎ᠠ᠂ | ᠲᠤᠭ᠎ᠠ ᠪᠦᠷᠢᠳᠭᠡᠯ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠤᠯᠤᠰ ᠤᠨ ᠭᠠᠵᠠᠷ | ᠰᠢᠷᠤᠢ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠢᠳᠡᠭᠡᠨ ᠪᠠ | ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ᠂ ᠬᠤᠳᠠᠯᠳᠤᠭᠠᠨ ᠤ ᠶᠠᠪᠤᠳᠠᠯ᠂ ᠵᠠᠮ ᠬᠠᠷᠢᠯᠴᠠᠭ᠎ᠠ ᠲᠡᠭᠡᠭᠡᠪᠦᠷᠢ᠂ | ᠰᠢᠨᠵᠢᠯᠡᠬᠦ ᠤᠬᠠᠭᠠᠨ ᠮᠡᠷᠭᠡᠵᠢᠯ᠂ ᠰᠤᠶᠤᠯ᠂ ᠰᠣᠨᠢᠨ ᠮᠡᠳᠡᠭᠡ ᠬᠡᠪᠯᠡᠯ ᠷᠠᠳᠢᠣ᠋ ᠲᠧᠯᠸᠢᠰ ᠬᠤᠷᠢᠶ᠎ᠠ᠂ ᠳᠤᠲᠤᠭᠠᠲᠤ ᠶᠢ | ᠬᠠᠮᠠᠭᠠᠯᠠᠬᠤ᠂ ᠬᠠᠤᠯᠢ ᠴᠠᠭᠠᠵᠠ᠂ ᠰᠢᠭᠦᠬᠦ ᠬᠤᠷᠢᠶ᠎ᠠ᠂ ᠬᠢᠨᠠᠨ ᠪᠤᠳᠤᠬᠤ᠂ ᠭᠠᠶᠢᠯᠢ ᠶᠢᠨ ᠪᠤᠭᠤᠮᠲᠠ᠂ ᠬᠢᠯᠢ ᠪᠠᠷ | ᠣᠷᠤᠭᠤᠯᠵᠤ ᠭᠠᠷᠭᠠᠬᠤ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠠᠷᠠᠳ ᠤᠨ ᠶᠠᠪᠤᠳᠠᠯ᠂ | ᠵᠡᠮᠳᠡᠭᠴᠦᠳ ᠤᠨ ᠬᠤᠯᠪᠣᠭ᠎ᠠ᠂ ᠨᠠᠪᠴᠢᠨ ᠲᠠᠮᠠᠬᠢ᠂ ᠤᠰᠤᠨ ᠠᠰᠢᠭᠯᠠᠯᠲᠠ᠂ ᠴᠠᠬᠢᠯᠭᠠᠨ ᠬᠦᠴᠦᠨ ᠵᠡᠷᠭᠡ ᠰᠠᠯᠠᠭ᠎ᠠ | ᠮᠦᠴᠢᠷ ᠪᠣᠯᠣᠨ ᠨᠢᠭᠡᠴᠡ ᠨᠦᠭᠦᠳ ᠨᠢ ᠬᠠᠮᠢᠶ᠎ᠠ ᠪᠦᠬᠦᠢ ᠭᠠᠶᠢᠯᠢ ᠲᠠᠲᠠᠪᠤᠷᠢ ᠳᠤ ᠬᠤᠯᠪᠣᠭᠳᠠᠬᠤ ᠮᠡᠳᠡᠭᠡ ᠵᠠᠩᠭᠢ ᠶᠢ | ᠢᠳᠡᠪᠬᠢᠲᠡᠢ ᠬᠠᠩᠭᠠᠵᠤ᠂ ᠣᠶᠢᠯᠠᠭᠠᠯᠴᠠᠨ ᠬᠠᠮᠵᠢᠯᠴᠠᠬᠤ ᠪᠠᠨ ᠴᠢᠩᠭᠠᠳᠬᠠᠨ᠂ ᠲᠤᠮᠤ ᠳ᠋ᠡᠶᠢᠲ᠋ᠠ ᠵᠡᠷᠭᠡ ᠣᠳᠣ | ᠦᠶ᠎ᠡ ᠶᠢᠨ ᠮᠡᠷᠭᠡᠵᠢᠯ ᠤᠨ ᠠᠷᠭ᠎ᠠ ᠪᠠᠷᠢᠯ ᠢ ᠢᠳᠡᠪᠬᠢᠲᠡᠢ ᠠᠰᠢᠭᠯᠠᠵᠤ᠂ ᠮᠡᠳᠡᠭᠡ ᠵᠠᠩᠭᠢ ᠴᠤᠭᠯᠠᠭᠤᠯᠬᠤ ᠪᠠ ᠲᠤᠭ᠎ᠠ | ᠪᠠᠷᠢᠮᠲᠠ ᠰᠤᠯᠢᠯᠴᠠᠬᠤ ᠶᠢ ᠲᠦᠷᠭᠡᠳᠭᠡᠨ ᠠᠬᠢᠭᠤᠯᠵᠤ᠂ ᠬᠠᠮᠢᠶ᠎ᠠ ᠪᠦᠬᠦᠢ ᠠᠵᠢᠯ ᠳᠤ ᠵᠠᠳᠠᠯᠤᠯᠲᠠ ᠬᠢᠬᠦ ᠪᠠ | ᠤᠷᠢᠳᠴᠢᠯᠠᠨ ᠮᠠᠭᠠᠳᠯᠠᠬᠤ ᠶᠢ ᠰᠠᠶᠢᠲᠤᠷ ᠬᠢᠬᠦ ᠬᠡᠷᠡᠭᠲᠡᠢ᠃ | ︵ᠭᠤᠷᠪᠠ︶ ᠰᠠᠯᠠᠭ᠎ᠠ ᠮᠦᠴᠢᠷ ᠠᠯᠤᠰᠯᠠᠭᠰᠠᠨ ᠭᠠᠶᠢᠯᠢ ᠲᠠᠲᠠᠪᠤᠷᠢ ᠶᠢᠨ ᠬᠠᠮᠲᠤᠷᠠᠯᠴᠠᠭ᠎ᠠ ᠶᠢ ᠢᠳᠡᠪᠬᠢᠲᠡᠢ | ᠦᠷᠭᠡᠵᠢᠭᠦᠯᠦᠨ᠎ᠡ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠪᠣᠯᠣᠨ ᠨᠢᠭᠡᠴᠡ ᠨᠦᠭᠦᠳ ᠭᠠᠶᠢᠯᠢ ᠶᠢᠨ ᠶᠠᠪᠤᠳᠠᠯ ᠤᠨ | ᠰᠠᠯᠠᠭ᠎ᠠ ᠮᠦᠴᠢᠷ ᠯᠦᠭᠡ ᠶᠢᠨ ᠭᠠᠶᠢᠯᠢ ᠲᠠᠲᠠᠪᠤᠷᠢ ᠳᠤ ᠬᠤᠯᠪᠣᠭᠳᠠᠬᠤ ᠬᠠᠮᠲᠤᠷᠠᠯᠴᠠᠭ᠎ᠠ ᠪᠠᠨ ᠲᠠᠰᠤᠷᠠᠯᠲᠠ ᠦᠭᠡᠢ | ᠥᠷᠭᠡᠳᠭᠡᠵᠦ᠂ ᠮᠡᠳᠡᠭᠡ ᠵᠠᠩᠭᠢ ᠶᠢ ᠬᠠᠮᠲᠤᠪᠠᠷ ᠬᠦᠷᠲᠡᠬᠦ᠂ ᠬᠠᠮᠢᠶᠠᠷᠤᠯᠲᠠ ᠶᠢᠨ ᠲᠠᠯ᠎ᠠ ᠪᠠᠷ ᠬᠠᠷᠢᠯᠴᠠᠨ ᠬᠠᠪᠰᠤᠷᠬᠤ᠂ | ᠢᠲᠡᠭᠡᠮᠵᠢ ᠶᠢ ᠬᠠᠷᠢᠯᠴᠠᠨ ᠮᠡᠳᠡᠷᠡᠬᠦ ᠶᠢ ᠠᠬᠢᠭᠤᠯᠤᠨ ᠪᠡᠶᠡᠯᠡᠭᠦᠯᠬᠦ ᠬᠡᠷᠡᠭᠲᠡᠢ᠃ ᠠᠷᠠᠳ ᠤᠨ ᠶᠠᠪᠤᠳᠠᠯ ᠤᠨ ᠰᠠᠯᠠᠭ᠎ᠠ | ᠮᠦᠴᠢᠷ ᠨᠢ ᠨᠡᠶᠢᠭᠡᠮ ᠤᠨ ᠪᠦᠯᠭᠦᠮ ᠪᠠ ᠠᠷᠠᠳ ᠠᠴᠠ ᠡᠷᠬᠢᠯᠡᠭᠰᠡᠨ ᠠᠵᠤ ᠠᠬᠤᠶᠢᠯᠠᠯ ᠤᠨ ᠪᠤᠰᠤ ᠨᠢᠭᠡᠴᠡ ᠶᠢᠨ | ᠳᠠᠩᠰᠠᠯᠠᠯᠲᠠ ᠶᠢ ᠬᠦᠴᠦᠨ ᠦᠭᠡᠢ ᠪᠣᠯᠭᠠᠬᠤ ᠬᠠᠮᠢᠶᠠᠷᠤᠯᠲᠠ ᠶᠢ ᠴᠢᠩᠭᠠᠳᠬᠠᠵᠤ᠂ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠶᠢᠨ ᠳᠤᠷᠠᠳᠤᠭᠰᠠᠨ ᠮᠠᠭᠠᠳᠯᠠᠨ ᠲᠣᠭᠲᠠᠭᠠᠬᠤ ᠨᠦᠬᠦᠴᠡᠯ ᠳᠤ ᠦᠯᠦ ᠨᠡᠶᠢᠴᠡᠬᠦ ᠠᠰᠠᠷᠠᠮᠵᠢ ᠶᠢᠨ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ ᠶᠢ ᠬᠠᠤᠯᠢ ᠶᠤᠰᠤᠭᠠᠷ ᠬᠢᠨᠠᠨ ᠪᠠᠶᠢᠴᠠᠭᠠᠵᠤ ᠰᠢᠢᠳᠪᠦᠷᠢᠯᠡᠬᠦ ᠬᠡᠷᠡᠭᠲᠡᠢ᠃ | ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠦᠴᠢᠷ ᠨᠢ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ | ︾ ᠪᠠ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ︽ᠬᠤᠶᠠᠷ ᠦᠨᠡᠮᠯᠡᠯ ᠢ ᠡᠮᠬᠢᠯᠡᠨ | ᠨᠡᠶᠢᠯᠡᠭᠦᠯᠬᠦ︾ ᠬᠤᠳᠠᠯᠳᠤᠭᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠲᠡ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠳᠠᠩᠰᠠᠯᠠᠨ ᠲᠡᠮᠲᠡᠭᠯᠡᠬᠦ᠂ ᠮᠡᠳᠡᠭᠡ ᠵᠠᠩᠭᠢ ᠳᠠᠮᠵᠢᠭᠤᠯᠬᠤ ᠪᠠ ᠬᠦᠴᠦᠨ ᠦᠭᠡᠢ ᠪᠣᠯᠭᠠᠬᠤ ᠭᠤᠭᠴᠤᠭ᠎ᠠ ᠶᠢ ᠴᠢᠩᠭ᠎ᠠ | ᠠᠳᠬᠤᠨ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠢᠯᠡᠷᠡᠭᠦᠯᠦᠭᠰᠡᠨ ᠦᠨᠡᠮᠯᠡᠯ ᠦᠭᠡᠢ ᠡᠵᠡᠩᠨᠡᠯᠲᠡ ᠶᠢᠨ | ᠡᠷᠦᠬᠡ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠲᠠᠲᠠᠪᠤᠷᠢᠯᠠᠬᠤ ᠠᠴᠠ ᠬᠤᠴᠤᠷᠤᠭᠤᠯᠬᠤ ᠪᠠ | ᠬᠠᠮᠢᠶᠠᠷᠬᠤ ᠠᠴᠠ ᠭᠤᠭᠤᠵᠢᠭᠤᠯᠬᠤ ᠶᠢ ᠬᠠᠮᠲᠤᠪᠠᠷ ᠰᠡᠷᠭᠡᠶᠢᠯᠡᠬᠦ ᠬᠡᠷᠡᠭᠲᠡᠢ᠃ ᠡᠯ᠎ᠡ ᠮᠦᠩᠭᠦᠨ ᠭᠦᠢᠯᠭᠡᠭᠡᠨ ᠤ | ᠪᠠᠶᠢᠭᠤᠯᠤᠮᠵᠢ ᠨᠢ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠦᠢᠯᠡᠳᠪᠦᠷᠢᠯᠡᠯ᠂ ᠡᠵᠡᠩᠨᠡᠯᠲᠡ ᠬᠢᠵᠦ ᠪᠠᠶᠢᠭ᠎ᠠ | ᠭᠠᠶᠢᠯᠢ ᠲᠤᠰᠢᠶᠠᠭᠴᠢ᠂ ᠰᠠᠭᠤᠳᠬᠠᠨ ᠲᠤᠰᠢᠶᠠᠯᠭᠠᠬᠤ ᠡᠭᠦᠷᠭᠡ ᠲᠠᠢ ᠬᠦᠮᠦᠨ ᠵᠢᠴᠢ ᠪᠤᠰᠤᠳ ᠭᠠᠶᠢᠯᠢ | ᠲᠠᠲᠠᠪᠤᠷᠢ ᠶᠢᠨ ᠬᠠᠤᠯᠢ ᠠᠴᠠ ᠵᠦᠷᠢᠴᠡᠭᠰᠡᠨ ᠬᠡᠷᠡᠭ ᠤᠨ ᠰᠡᠵᠢᠭᠲᠡᠨ ᠤ ᠳᠠᠩᠰᠠᠨ ᠡᠷᠦᠬᠡ ᠶᠢᠨ ᠪᠠᠶᠢᠳᠠᠯ ᠢ ᠬᠠᠤᠯᠢ | ᠶᠤᠰᠤᠭᠠᠷ ᠪᠠᠶᠢᠴᠠᠭᠠᠨ ᠯᠠᠪᠯᠠᠬᠤ ᠶᠢ ᠳᠡᠮᠵᠢᠵᠦ᠂ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠬᠠᠮᠵᠢᠨ ᠭᠠᠶᠢᠯᠢ | ᠲᠠᠲᠠᠪᠤᠷᠢ ᠶᠢ ᠬᠠᠳᠠᠭᠠᠯᠠᠨ ᠬᠠᠮᠠᠭᠠᠯᠠᠬᠤ ᠪᠠ ᠠᠯᠪᠠᠳᠠᠨ ᠬᠡᠷᠡᠭᠵᠢᠭᠦᠯᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ | ᠦᠯᠦ ᠬᠦᠳᠡᠯᠬᠦ ᠬᠥᠷᠦᠩᠭᠡ ᠶᠢ ᠳᠠᠩᠰᠠᠯᠠᠨ ᠲᠡᠮᠲᠡᠭᠯᠡᠬᠦ ᠪᠠᠶᠢᠭᠤᠯᠭ᠎ᠠ ᠨᠢ ᠭᠠᠵᠠᠷ ᠰᠢᠷᠤᠢ᠂ ᠭᠡᠷ ᠪᠠᠶᠢᠰᠢᠩ᠂ ᠣᠢ | ᠰᠢᠭᠤᠢ ᠶᠢᠨ ᠦᠮᠴᠢᠯᠡᠯ ᠤᠨ ᠡᠷᠬᠡ ᠵᠡᠷᠭᠡ ᠦᠯᠦ ᠬᠦᠳᠡᠯᠬᠦ ᠬᠥᠷᠦᠩᠭᠡ ᠶᠢ ᠳᠠᠩᠰᠠᠯᠠᠨ ᠲᠡᠮᠲᠡᠭᠯᠡᠬᠦ ᠳᠡᠭᠡᠨ | ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠠᠴᠠ ᠬᠠᠤᠯᠢ ᠶᠤᠰᠤᠭᠠᠷ ᠭᠠᠷᠭᠠᠭᠰᠠᠨ ᠭᠠᠶᠢᠯᠢ ᠲᠤᠰᠢᠶᠠᠬᠤ ᠭᠡᠷᠡᠴᠢ | ᠪᠠᠷᠢᠮᠲᠠ᠂ ᠭᠠᠶᠢᠯᠢ ᠠᠴᠠ ᠬᠠᠰᠤᠵᠤ ᠬᠡᠯᠲᠦᠷᠢᠭᠦᠯᠬᠦ ᠭᠡᠷᠡᠴᠢ ᠪᠤᠶᠤ ᠪᠠᠶᠢᠴᠠᠭᠠᠨ ᠪᠢᠲᠡᠭᠦᠮᠵᠢᠯᠡᠭᠳᠡᠭᠰᠡᠨ ᠦᠯᠦ | ᠬᠦᠳᠡᠯᠬᠦ ᠬᠥᠷᠦᠩᠭᠡ ᠶᠢ ᠲᠠᠶᠢᠯᠬᠤ ᠲᠣᠭᠲᠠᠭᠠᠯ ᠢ ᠬᠠᠩᠭᠠᠵᠤ ᠳᠡᠶᠢᠯᠬᠦ ᠦᠭᠡᠢ ᠪᠠᠶᠢᠪᠠᠯ ᠦᠯᠦ ᠬᠦᠳᠡᠯᠬᠦ | ᠬᠦᠷᠦᠩᠭᠡ ᠶᠢᠨ ᠳᠠᠩᠰᠠᠯᠠᠨ ᠲᠡᠮᠲᠡᠭᠯᠡᠬᠦ ᠭᠠᠷᠳᠠᠮ ᠢ ᠭᠦᠢᠴᠡᠳᠭᠡᠨ ᠥᠭᠴᠦ ᠪᠣᠯᠬᠤ ᠦᠭᠡᠢ᠃ ᠪᠤᠰᠤᠳ ᠬᠠᠮᠢᠶ᠎ᠠ | ᠪᠦᠬᠦᠢ ᠨᠢᠭᠡᠴᠡ ᠪᠣᠯᠣᠨ ᠰᠠᠯᠠᠭ᠎ᠠ ᠮᠦᠴᠢᠷ ᠤᠳ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ᠂ ᠲᠤᠰ ᠲᠤᠰ ᠤᠨ | ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤᠲᠤᠷ᠎ᠠ ᠪᠠᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢᠨ ᠬᠠᠤᠯᠢ | ᠶᠤᠰᠤᠭᠠᠷ ᠭᠠᠶᠢᠯᠢ ᠭᠦᠢᠴᠡᠳᠭᠡᠬᠦ ᠶᠢ ᠳᠡᠮᠵᠢᠨ ᠬᠠᠮᠵᠢᠬᠤ ᠬᠡᠷᠡᠭᠲᠡᠢ᠃ ᠬᠤᠪᠢ ᠶᠢᠨ ᠠᠵᠤ ᠦᠢᠯᠡᠳᠪᠦᠷᠢ | ᠬᠤᠳᠠᠯᠳᠤᠭ᠎ᠠ ᠶᠢᠨ ᠡᠷᠦᠬᠡ ᠪᠠ ᠰᠤᠯᠠ ᠰᠠᠯᠤᠩᠬᠢ ᠭᠠᠶᠢᠯᠢ ᠶᠢᠨ ᠢᠷᠡᠯᠲᠡ ᠶᠢᠨ ᠨᠠᠶᠢᠳᠠᠯᠭ᠎ᠠ ᠪᠠᠷ ᠣᠷᠤᠯᠠᠨ | ᠲᠠᠲᠠᠪᠤᠷᠢᠯᠠᠬᠤ ᠵᠠᠭᠪᠤᠷ ᠢ ᠢᠳᠡᠪᠬᠢᠲᠡᠢ ᠰᠦᠪᠡᠭᠴᠢᠯᠡᠵᠦ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠳᠤ ᠲᠦᠰᠢᠭᠯᠡᠨ ᠬᠡᠰᠡᠭᠯᠡᠨ ᠲᠣᠣᠷᠵᠢᠭᠰᠠᠨ ᠬᠤᠪᠢ ᠶᠢᠨ ᠭᠠᠶᠢᠯᠢ ᠲᠠᠲᠠᠪᠤᠷᠢ ᠶᠢᠨ | ᠬᠠᠮᠢᠶᠠᠷᠤᠯᠲᠠ ᠶᠢᠨ ᠠᠵᠢᠯ ᠢ ᠦᠷᠨᠢᠭᠦᠯᠦᠨ᠂ ᠭᠠᠶᠢᠯᠢ ᠶᠢ ᠬᠠᠮᠵᠢᠬᠤ ᠭᠠᠶᠢᠯᠢ ᠶᠢ ᠬᠠᠮᠠᠭᠠᠯᠠᠬᠤ ᠲᠣᠣᠷ ᠰᠦᠯᠵᠢᠶ᠎ᠡ ᠶᠢ | ᠶᠡᠬᠡᠪᠡᠷ ᠪᠠᠶᠢᠭᠤᠯᠤᠨ᠎ᠠ᠃ ᠭᠠᠶᠢᠯᠢ ᠳᠤ ᠬᠤᠯᠪᠣᠭᠳᠠᠬᠤ ᠲᠤᠰᠬᠠᠢ ᠦᠢᠯᠡᠴᠢᠯᠡᠭᠡᠨ ᠤ ᠨᠠᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠭᠠᠶᠢᠯᠢ ᠲᠤᠰᠢᠶᠠᠬᠤ ᠦᠢᠯᠡᠴᠢᠯᠡᠭᠡ ᠶᠢ ᠰᠢᠯᠢᠳᠡᠭᠵᠢᠭᠦᠯᠬᠦ᠂ ᠲᠠᠲᠠᠪᠤᠷᠢᠯᠠᠵᠤ ᠬᠠᠮᠢᠶᠠᠷᠬᠤ | ᠬᠦᠴᠦᠨ ᠴᠢᠳᠠᠪᠤᠷᠢ ᠶᠢ ᠳᠡᠭᠡᠭᠰᠢᠯᠡᠭᠦᠯᠬᠦ ᠵᠡᠷᠭᠡ ᠲᠠᠯ᠎ᠠ ᠳᠠᠬᠢ ᠢᠳᠡᠪᠬᠢ ᠦᠢᠯᠡᠳᠦᠯ ᠢ ᠵᠢᠷᠤᠮᠵᠢᠭᠤᠯᠬᠤ ᠪᠠ | ᠪᠠᠳᠠᠷᠠᠭᠤᠯᠵᠤ᠂ ᠭᠠᠶᠢᠯᠢ ᠲᠠᠲᠠᠪᠤᠷᠢ ᠶᠢᠨ ᠬᠠᠤᠯᠢ ᠪᠠᠷ ᠵᠠᠰᠠᠬᠤ ᠣᠷᠴᠢᠨ ᠠᠬᠤᠢ ᠶᠢ ᠬᠠᠮᠲᠤᠪᠠᠷ ᠬᠠᠮᠠᠭᠠᠯᠠᠨ᠂ | ᠲᠠᠲᠠᠪᠤᠷᠢᠯᠠᠵᠤ ᠲᠤᠰᠢᠶᠠᠬᠤ ᠦᠪᠡᠷ ᠤᠨ ᠥᠷᠲᠡᠭ ᠢ ᠪᠠᠭᠤᠷᠠᠭᠤᠯᠵᠤ᠂ ᠭᠠᠶᠢᠯᠢ ᠲᠠᠲᠠᠪᠤᠷᠢ ᠶᠢᠨ ᠲᠥᠪ ᠭᠤᠣᠯᠴᠢ | ᠪᠠᠶᠢᠬᠤ ᠶᠢ ᠠᠬᠢᠭᠤᠯᠤᠨ᠂ ᠭᠠᠶᠢᠯᠢ ᠲᠠᠲᠠᠪᠤᠷᠢ ᠶᠢᠨ ᠡᠮᠬᠢ ᠲᠢᠭᠯᠢᠮ ᠢ ᠵᠢᠷᠤᠮᠵᠢᠭᠤᠯᠬᠤ ᠬᠡᠷᠡᠭᠲᠡᠢ᠃ | ︵ᠳᠥᠷᠪᠡ︶ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠶᠢᠨ ᠪᠠᠲᠤᠯᠠᠭ᠎ᠠ ᠶᠢ ᠪᠦᠷᠢᠨᠰᠢᠭᠦᠯᠦᠨ᠎ᠡ᠃ ᠭᠠᠶᠢᠯᠢ | ᠲᠠᠲᠠᠪᠤᠷᠢ ᠶᠢᠨ ᠪᠠᠲᠤᠯᠠᠭ᠎ᠠ ᠶᠢᠨ ᠳᠦᠷᠢᠮ ᠢ ᠨᠡᠶᠢᠲᠡᠯᠡᠬᠦ ᠶᠢ ᠠᠬᠢᠭᠤᠯᠵᠤ᠂ ᠭᠠᠶᠢᠯᠢ ᠲᠠᠲᠠᠪᠤᠷᠢ ᠲᠠᠲᠠᠪᠤᠷᠢᠯᠠᠬᠤ | ᠮᠡᠳᠡᠭᠡ ᠵᠠᠩᠭᠢ ᠶᠢ ᠬᠠᠮᠲᠤᠪᠠᠷ ᠬᠦᠷᠲᠡᠬᠦ ᠶᠢ ᠠᠬᠢᠭᠤᠯᠤᠨ᠂ ᠭᠠᠶᠢᠯᠢ ᠲᠠᠲᠠᠪᠤᠷᠢᠯᠠᠵᠤ ᠬᠠᠮᠢᠶᠠᠷᠬᠤ ᠶᠢ ᠬᠠᠮᠵᠢᠬᠤ ᠶᠢ | ᠴᠢᠩᠭᠠᠳᠬᠠᠬᠤ᠂ ᠭᠠᠶᠢᠯᠢ ᠲᠠᠲᠠᠪᠤᠷᠢ ᠶᠢᠨ ᠣᠷᠤᠯᠭ᠎ᠠ ᠶᠢ ᠪᠠᠲᠤᠯᠠᠬᠤ᠂ ᠭᠠᠶᠢᠯᠢ ᠲᠤᠰᠢᠶᠠᠭᠴᠢᠳ ᠤᠨ ᠬᠠᠤᠯᠢ | ᠶᠤᠰᠤᠨ ᠤ ᠡᠷᠬᠡ ᠠᠰᠢᠭ ᠢ ᠬᠠᠮᠠᠭᠠᠯᠠᠬᠤ ᠳᠤ ᠬᠦᠴᠦᠨ ᠲᠡᠭᠦᠯᠳᠡᠷ ᠬᠠᠤᠯᠢ ᠴᠠᠭᠠᠵᠠ ᠶᠢᠨ ᠪᠠᠲᠤᠯᠠᠭ᠎ᠠ ᠶᠢ ᠬᠠᠩᠭᠠᠬᠤ | ᠬᠡᠷᠡᠭᠲᠡᠢ᠃ ᠬᠠᠤᠯᠢ ᠴᠠᠭᠠᠵᠠ ᠶᠢᠨ ᠰᠠᠯᠠᠭ᠎ᠠ ᠮᠦᠴᠢᠷ ᠨᠢ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ | ᠠᠵᠢᠯ ᠢ ᠬᠠᠤᠯᠢ ᠶᠤᠰᠤᠭᠠᠷ ᠳᠡᠮᠵᠢᠵᠦ᠂ ᠭᠠᠶᠢᠯᠢ ᠲᠠᠲᠠᠪᠤᠷᠢ ᠶᠢᠨ ᠬᠠᠤᠯᠢ ᠴᠠᠭᠠᠵᠠ ᠶᠢᠨ ᠵᠦᠪᠯᠡᠭᠴᠢ ᠪᠠ ᠠᠯᠪᠠᠨ | ᠲᠤᠰᠢᠶᠠᠯᠲᠦ ᠬᠠᠤᠯᠢᠴᠢ ᠶᠢᠨ ᠳᠦᠷᠢᠮ ᠢ ᠬᠠᠮᠵᠢᠨ ᠬᠡᠷᠡᠭᠵᠢᠭᠦᠯᠵᠦ᠂ ᠭᠠᠶᠢᠯᠢ ᠶᠢᠨ ᠬᠠᠤᠯᠢ ᠶᠢ ᠴᠢᠩᠭ᠎ᠠ | ᠬᠡᠷᠡᠭᠵᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠲᠤᠳᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠨᠢ ᠭᠠᠶᠢᠯᠢ ᠶᠢᠨ | ᠶᠠᠪᠤᠳᠠᠯ ᠤᠨ ᠪᠠᠶᠢᠭᠤᠯᠭ᠎ᠠ ᠶᠢᠨ ᠰᠢᠯᠵᠢᠭᠦᠯᠦᠭᠰᠡᠨ ᠭᠠᠶᠢᠯᠢ ᠳᠤ ᠬᠤᠯᠪᠣᠭᠳᠠᠬᠤ ᠬᠠᠤᠯᠢ ᠠᠴᠠ ᠵᠦᠷᠢᠴᠡᠭᠰᠡᠨ ᠶᠠᠯᠠᠳᠤ | ᠬᠡᠷᠡᠭ ᠢ ᠴᠠᠭ ᠲᠣᠬᠠᠢ ᠳᠤᠨᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ᠂ ᠬᠤᠯᠪᠣᠭᠳᠠᠯ ᠪᠦᠬᠦᠢ ᠲᠣᠭᠲᠠᠭᠠᠯ | ᠶᠤᠰᠤᠭᠠᠷ ᠴᠢᠩᠭ᠎ᠠ ᠰᠢᠢᠳᠪᠦᠷᠢᠯᠡᠵᠦ᠂ ᠲᠤᠳᠤᠭᠠᠲᠤ ᠶᠢ ᠬᠠᠮᠠᠭᠠᠯᠠᠬᠤ ᠰᠠᠯᠠᠭ᠎ᠠ ᠮᠦᠴᠢᠷ ᠤᠨ ᠭᠠᠶᠢᠯᠢ ᠶᠢᠨ | ᠶᠠᠪᠤᠳᠠᠯ ᠤᠨ ᠲᠣᠪᠴᠢᠶ᠎ᠠ ᠳᠤ ᠲᠤᠮᠢᠯᠠᠨ ᠰᠠᠭᠤᠯᠭᠠᠭᠰᠠᠨ ᠬᠠᠷᠢᠯᠴᠠᠬᠤ ᠲᠣᠭᠲᠠᠴᠠ ᠶᠢ ᠪᠦᠷᠢᠨᠰᠢᠭᠦᠯᠦᠨ᠂ ᠭᠠᠶᠢᠯᠢ ᠳᠤ | ᠬᠤᠯᠪᠣᠭᠳᠠᠬᠤ ᠬᠠᠤᠯᠢ ᠠᠴᠠ ᠵᠦᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠴᠢᠩᠭᠠᠳᠬᠠᠬᠤ | ᠬᠡᠷᠡᠭᠲᠡᠢ᠃ ᠠᠷᠠᠳ ᠤᠨ ᠰᠢᠭᠦᠬᠦ ᠬᠤᠷᠢᠶ᠎ᠠ ᠨᠢ ᠭᠦᠢᠴᠡᠳᠭᠡᠭᠳᠡᠭᠴᠢ ᠶᠢᠨ ᠡᠳ᠋ ᠬᠦᠷᠦᠩᠭᠡ ᠶᠢ ᠦᠨ᠎ᠡ ᠬᠠᠶᠠᠯᠴᠠᠨ | ᠬᠤᠳᠠᠯᠳᠤᠬᠤ ᠪᠠ ᠬᠤᠪᠢᠷᠠᠭᠠᠨ ᠬᠤᠳᠠᠯᠳᠤᠬᠤ ᠳᠠᠭᠠᠨ ᠭᠠᠶᠢᠯᠢ ᠶᠢᠨ ᠶᠠᠪᠤᠳᠠᠯ ᠤᠨ ᠪᠠᠶᠢᠭᠤᠯᠭ᠎ᠠ ᠶᠢ ᠬᠠᠮᠵᠢᠨ ᠬᠠᠤᠯᠢ | ᠶᠤᠰᠤᠭᠠᠷ ᠭᠠᠶᠢᠯᠢ ᠶᠢᠨ ᠵᠤᠭᠤᠰ ᠢ ᠲᠠᠲᠠᠪᠤᠷᠢᠯᠠᠵᠤ ᠲᠤᠰᠢᠶᠠᠬᠤ ᠬᠡᠷᠡᠭᠲᠡᠢ︔ ᠲᠠᠮᠫᠤᠷᠠᠯ ᠤᠨ ᠳᠠᠩᠰᠠᠨ ᠪᠤᠳᠤᠬᠤ ᠳᠤ | ᠭᠠᠶᠢᠯᠢ ᠶᠢᠨ ᠵᠤᠭᠤᠰ ᠢ ᠲᠠᠰᠤᠯᠤᠨ ᠪᠤᠳᠤᠭᠠᠳᠤᠢ ᠪᠠᠶᠢᠬᠤ ᠶᠢ ᠢᠯᠡᠷᠡᠭᠦᠯᠪᠡᠯ᠂ ᠭᠠᠶᠢᠯᠢ ᠶᠢᠨ ᠶᠠᠪᠤᠳᠠᠯ ᠤᠨ | ᠪᠠᠶᠢᠭᠤᠯᠭ᠎ᠠ ᠳᠤ ᠮᠡᠳᠡᠭᠳᠡᠵᠦ ᠲᠠᠰᠤᠯᠤᠨ ᠪᠤᠳᠤᠬᠤ ᠳᠤ ᠣᠷᠤᠯᠴᠠᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ | ᠬᠤᠯᠪᠤᠭᠳᠠᠯ ᠪᠦᠬᠦᠢ ᠰᠠᠯᠠᠭ᠎ᠠ ᠮᠦᠴᠢᠷ ᠨᠢ ᠭᠠᠶᠢᠯᠢ ᠶᠢᠨ ᠬᠠᠤᠯᠢ ᠶᠢ ᠲᠦᠭᠡᠮᠡᠯᠵᠢᠭᠦᠯᠬᠦ ᠬᠦᠮᠦᠵᠢᠯ ᠢ ᠤᠯᠠᠮ ᠨᠢᠭᠡ | ᠠᠯᠬᠤᠮ ᠴᠢᠩᠭᠠᠳᠬᠠᠵᠤ᠂ ᠪᠠᠶᠢᠩᠭᠤ ᠶᠢᠨ ᠴᠢᠨᠠᠷᠲᠠᠢ ᠭᠠᠶᠢᠯᠢ ᠲᠠᠲᠠᠪᠤᠷᠢ ᠶᠢᠨ ᠤᠬᠠᠭᠤᠯᠭ᠎ᠠ ᠶᠢ ᠦᠷᠨᠢᠭᠦᠯᠦᠨ᠂ | ᠨᠡᠶᠢᠭᠡᠮ ᠳᠠᠶᠠᠭᠠᠷ ᠤᠨ ᠭᠠᠶᠢᠯᠢ ᠶᠢᠨ ᠬᠠᠤᠯᠢ ᠶᠢᠨ ᠦᠵᠡᠯ ᠤᠬᠠᠮᠰᠠᠷ ᠪᠠ ᠭᠠᠶᠢᠯᠢ ᠲᠤᠰᠢᠶᠠᠭᠴᠢ ᠶᠢᠨ ᠬᠠᠤᠯᠢ | ᠶᠤᠰᠤᠭᠠᠷ ᠦᠨᠡᠨᠴᠢ ᠢᠲᠡᠭᠡᠮᠵᠢᠲᠡᠢ ᠪᠠᠷ ᠭᠠᠶᠢᠯᠢ ᠲᠤᠰᠢᠶᠠᠬᠤ ᠦᠵᠡᠯ ᠤᠬᠠᠮᠰᠠᠷ ᠢ ᠴᠢᠩᠭᠠᠷᠠᠭᠤᠯᠵᠤ᠂ ᠨᠡᠶᠢᠭᠡᠮ | ᠳᠠᠶᠠᠭᠠᠷ ᠢᠶᠠᠷ ᠢᠶᠠᠨ ᠭᠠᠶᠢᠯᠢ ᠶᠢ ᠬᠠᠮᠵᠢᠵᠤ ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ | ᠬᠡᠷᠡᠭᠲᠡᠢ᠃ | ᠲᠠᠪᠤ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠠᠬᠤ ᠬᠡᠷᠡᠭᠲᠡᠢ᠃ ᠡᠯ᠎ᠡ ᠭᠠᠵᠠᠷ | ᠣᠷᠣᠨ ᠨᠢ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠡᠳ᠋ ᠤᠨ ᠵᠠᠰᠠᠭ ᠭᠠᠶᠢᠯᠢ ᠶᠢᠨ ᠠᠵᠢᠯ ᠢ ᠬᠤᠪᠢᠳᠠᠨ | ᠬᠠᠮᠢᠶᠠᠷᠴᠤ ᠪᠦᠬᠦᠢ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠤᠯᠤᠰ ᠤᠨ ᠭᠠᠶᠢᠯᠢ ᠶᠢᠨ | ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠢᠶᠠᠷ ᠪᠠᠶᠢᠩᠭᠤ ᠶᠢᠨ | ᠳᠡᠳ᠋ ᠳᠤᠭᠤᠶᠢᠯᠠᠩ ᠤᠨ ᠳᠠᠷᠤᠭ᠎ᠠ ᠪᠣᠯᠭᠠᠭᠰᠠᠨ ᠤᠯᠤᠰ ᠪᠠ ᠣᠷᠣᠨ ᠨᠤᠲᠤᠭ ᠤᠨ ᠭᠠᠶᠢᠯᠢ ᠶᠢᠨ | ᠬᠠᠮᠲᠤᠷᠠᠯᠴᠠᠭ᠎ᠠ ᠶᠢᠨ ᠤᠳᠤᠷᠢᠳᠬᠤ ᠳᠤᠭᠤᠶᠢᠯᠠᠩ ᠢ ᠪᠠᠶᠢᠭᠤᠯᠤᠨ᠂ ᠲᠤᠭᠲᠠᠮᠠᠯ ᠬᠤᠭᠤᠴᠠᠭ᠎ᠠ ᠲᠠᠢ ᠪᠠᠷ ᠬᠤᠷᠠᠯ | ᠬᠤᠷᠠᠯᠳᠤᠭᠤᠯᠵᠤ᠂ ᠤᠯᠤᠰ ᠪᠠ ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭᠰᠠᠨ ᠪᠠᠶᠢᠳᠠᠯ ᠪᠠ ᠭᠠᠶᠢᠯᠢ | ᠲᠠᠲᠠᠪᠤᠷᠢ ᠶᠢ ᠬᠠᠮᠲᠤᠪᠠᠷ ᠵᠠᠰᠠᠬᠤ ᠶᠢ ᠠᠬᠢᠭᠤᠯᠤᠭᠰᠠᠨ ᠪᠠᠶᠢᠳᠠᠯ ᠤᠨ ᠮᠡᠳᠡᠭᠦᠯᠦᠯᠲᠡ ᠶᠢ ᠰᠤᠨᠤᠰᠴᠤ᠂ ᠤᠯᠤᠭᠰᠠᠨ | ᠦᠷ᠎ᠡ ᠪᠦᠲᠦᠮᠵᠢ ᠶᠢ ᠴᠠᠭ ᠲᠣᠬᠠᠢ ᠳᠤᠨᠢ ᠳ᠋ᠦ᠋ᠶᠢᠩᠨᠡᠵᠦ᠂ ᠤᠷᠤᠰᠢᠵᠤ ᠪᠠᠶᠢᠭ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠤᠯᠤᠰ ᠤᠨ ᠭᠠᠶᠢᠯᠢ ᠶᠢᠨ ᠲᠣᠪᠴᠢᠶ᠎ᠠ᠂ ᠣᠷᠣᠨ ᠨᠤᠲᠤᠭ ᠤᠨ | ᠭᠠᠶᠢᠯᠢ ᠶᠢᠨ ᠲᠣᠪᠴᠢᠶ᠎ᠠ ᠶᠢᠨ ᠭᠤᠣᠯ ᠬᠠᠷᠢᠭᠤᠴᠠᠯᠭᠠᠲᠠᠨ ᠨᠢ ᠬᠠᠮᠲᠤᠷᠠᠯᠴᠠᠭ᠎ᠠ ᠶᠢ ᠠᠬᠢᠭᠤᠯᠬᠤ ᠨᠢᠭᠡᠳᠦᠭᠡᠷ | ᠬᠠᠷᠢᠭᠤᠴᠠᠯᠭᠠᠲᠠᠨ ᠪᠣᠯᠣᠨ᠎ᠠ᠃ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠨᠢ ᠬᠦᠮᠦᠨ᠂ ᠵᠤᠭᠤᠰ᠂ | ᠪᠤᠳᠠᠰ᠂ ᠲᠦᠭᠦᠭᠡᠷᠦᠮᠵᠢ ᠲᠠᠯᠠᠪᠤᠷ᠂ ᠭᠠᠵᠠᠷ ᠢ ᠬᠠᠮᠲᠤᠪᠠᠷ ᠡᠳ᠋ᠯᠡᠨ ᠬᠠᠮᠲᠤᠪᠠᠷ ᠬᠡᠷᠡᠭᠯᠡᠬᠦ ᠶᠢ ᠪᠡᠶᠡᠯᠡᠭᠦᠯᠬᠦ ᠲᠠᠯ᠎ᠠ ᠪᠠᠷ | ᠬᠦᠴᠦᠨ ᠲᠡᠭᠦᠯᠳᠡᠷ ᠳᠡᠮᠵᠢᠯᠭᠡ ᠬᠠᠩᠭᠠᠬᠤ ᠬᠡᠷᠡᠭᠲᠡᠢ᠃ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ ᠪᠣᠯᠣᠨ | ᠨᠢᠭᠡᠴᠡ ᠨᠢ ᠨᠢᠭᠲᠠ ᠵᠣᠬᠢᠴᠠᠭᠤᠯᠤᠨ ᠬᠠᠮᠵᠢᠯᠴᠠᠵᠤ᠂ ᠦᠨᠳᠦᠰᠦᠨ ᠱᠠᠲᠤᠨ ᠤ ᠠᠵᠢᠯ ᠢ ᠵᠢᠯᠤᠭᠤᠳᠬᠤ | ᠡᠷᠴᠢᠮ ᠢᠶᠠᠨ ᠴᠢᠩᠭᠠᠷᠠᠭᠤᠯᠤᠨ᠂ ᠬᠦᠨᠳᠡᠯᠡᠨ ᠢᠶᠠᠷ ᠬᠠᠷᠢᠯᠴᠠᠨ ᠬᠦᠳᠡᠯᠦᠯᠴᠡᠬᠦ ᠭᠤᠯᠳᠤ ᠪᠠᠷ ᠬᠤᠯᠪᠣᠭᠠᠯᠠᠨ | ᠬᠦᠳᠡᠯᠦᠯᠴᠡᠭᠰᠡᠨ ᠠᠵᠢᠯ ᠤᠨ ᠪᠠᠶᠢᠷᠢᠰᠢᠯ ᠢ ᠪᠣᠢ ᠪᠣᠯᠭᠠᠬᠤ ᠶᠢ ᠠᠬᠢᠭᠤᠯᠵᠤ᠂ ᠤᠯᠤᠰ ᠪᠠ ᠣᠷᠣᠨ ᠨᠤᠲᠤᠭ ᠤᠨ | ᠭᠠᠶᠢᠯᠢ ᠶᠢᠨ ᠬᠠᠮᠲᠤᠷᠠᠯᠴᠠᠭ᠎ᠠ ᠶᠢᠨ ᠲᠠᠰᠤᠷᠠᠯᠲᠠ ᠦᠭᠡᠢ ᠳᠡᠰ ᠳᠡᠪᠰᠢᠬᠦ ᠶᠢ ᠠᠬᠢᠭᠤᠯᠬᠤ ᠬᠡᠷᠡᠭᠲᠡᠢ᠃ | ︵ᠬᠤᠶᠠᠷ︶ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠬᠤ ᠶᠢ ᠴᠢᠩᠭᠠᠷᠠᠭᠤᠯᠬᠤ ᠬᠡᠷᠡᠭᠲᠡᠢ᠃ ᠡᠯ᠎ᠡ | ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠤᠯᠤᠰ ᠪᠠ ᠣᠷᠣᠨ ᠨᠣᠲᠤᠭ ᠤᠨ ᠭᠠᠶᠢᠯᠢ ᠶᠢᠨ | ᠬᠠᠮᠲᠤᠷᠠᠯᠴᠠᠭ᠎ᠠ ᠶᠢᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠭᠤᠣᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ | ᠠᠭᠤᠯᠭ᠎ᠠ ᠳᠠᠭᠠᠨ ᠤᠷᠤᠭᠤᠯᠤᠨ᠂ ᠨᠠᠶᠢᠳᠠᠪᠤᠷᠢᠵᠢᠭᠤᠯᠤᠭᠰᠠᠨ ᠦᠷ᠎ᠡ ᠪᠦᠲᠦᠮᠵᠢ ᠶᠢ ᠮᠦᠷᠳᠡᠨ ᠰᠢᠮᠳᠠᠭᠤᠯᠤᠨ | ᠪᠠᠶᠢᠴᠠᠭᠠᠵᠤ᠂ ᠣᠷᠣᠰᠢᠵᠤ ᠪᠠᠶᠢᠭ᠎ᠠ ᠠᠰᠠᠭᠤᠳᠠᠯ ᠤᠳ ᠢ ᠴᠠᠭ ᠲᠣᠬᠠᠢ ᠳᠤᠨᠢ ᠰᠢᠢᠳᠪᠦᠷᠢᠯᠡᠨ᠂ ᠤᠯᠤᠰ ᠪᠠ ᠣᠷᠣᠨ | ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠨᠡᠩ ᠦᠨᠳᠦᠷ ᠳᠡᠰ ᠳᠠᠪᠬᠤᠷᠭ᠎ᠠ᠂ ᠨᠡᠩ ᠥᠷᠭᠡᠨ ᠣᠷᠣᠨ ᠪᠦᠰᠡ᠂ | ᠨᠡᠩ ᠭᠦᠨ ᠬᠡᠮᠵᠢᠶ᠎ᠡ ᠪᠠᠷ ᠰᠢᠨ᠎ᠡ ᠶᠢ ᠡᠭᠦᠳᠬᠦ ᠲᠡᠰᠢ ᠬᠥᠭᠵᠢᠬᠦ ᠶᠢ ᠠᠬᠢᠭᠤᠯᠬᠤ ᠬᠡᠷᠡᠭᠲᠡᠢ᠃ | ︵ᠭᠤᠷᠪᠠ︶ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ | ᠬᠤᠯᠪᠣᠭᠳᠠᠯ ᠪᠦᠬᠦᠢ ᠰᠠᠯᠠᠭ᠎ᠠ ᠮᠦᠴᠢᠷ ᠪᠣᠯᠣᠨ ᠨᠢᠭᠡᠴᠡ ᠨᠢ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠡᠷᠢᠭᠦᠨ ᠤ ᠨᠡᠶᠢᠲᠡᠯᠢᠭ ᠲᠣᠷᠰᠢᠯᠭ᠎ᠠ ᠶᠢ ᠴᠠᠭ ᠲᠣᠬᠠᠢ ᠳᠤᠨᠢ ᠳ᠋ᠦ᠋ᠶᠢᠩᠨᠡᠵᠦ᠂ | ᠲᠡᠷᠢᠭᠦᠨ ᠤ ᠬᠢ ᠶᠢ ᠢᠳᠡᠪᠬᠢᠲᠡᠢ ᠰᠤᠩᠭᠤᠨ ᠪᠣᠢ ᠪᠣᠯᠭᠠᠵᠤ᠂ ᠤᠬᠠᠭᠤᠯᠤᠨ ᠳᠡᠯᠭᠡᠷᠡᠭᠦᠯᠬᠦ ᠡᠷᠴᠢᠮ ᠢᠶᠠᠨ | ᠴᠢᠩᠭᠠᠷᠠᠭᠤᠯᠤᠨ᠂ ᠬᠠᠷᠢᠯᠴᠠᠨ ᠰᠤᠷᠤᠯᠴᠠᠬᠤ᠂ ᠬᠠᠷᠢᠯᠴᠠᠨ ᠲᠣᠯᠢ ᠪᠣᠯᠭᠠᠬᠤ ᠰᠠᠶᠢᠨ ᠰᠠᠶᠢᠬᠠᠨ ᠠᠭᠤᠷ ᠠᠮᠢᠰᠬᠤᠯ ᠢ | ᠪᠣᠢ ᠪᠣᠯᠭᠠᠬᠤ ᠬᠡᠷᠡᠭᠲᠡᠢ᠃ ᠤᠬᠠᠭᠤᠯᠬᠤ ᠵᠠᠮ ᠮᠥᠷ ᠢ ᠲᠠᠰᠤᠷᠠᠯᠲᠠ ᠦᠭᠡᠢ ᠦᠷᠭᠡᠳᠭᠡᠵᠦ᠂ ᠡᠯ᠎ᠡ ᠲᠦᠷᠦᠯ ᠤᠨ | ᠵᠠᠭᠤᠴᠢᠯᠠᠭᠤᠷ ᠢᠶᠠᠷ ᠳᠠᠮᠵᠢᠨ ᠤᠯᠤᠰ ᠪᠠ ᠣᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭᠰᠠᠨ ᠦᠷ᠎ᠡ | ᠪᠦᠲᠦᠮᠵᠢ ᠶᠢ ᠴᠠᠭ ᠲᠣᠬᠠᠢ ᠳᠤᠨᠢ ᠤᠬᠠᠭᠤᠯᠤᠨ᠂ ᠦᠭᠡᠷᠡᠴᠢᠯᠡᠯᠲᠡ ᠶᠢᠨ ᠦᠷ᠎ᠡ ᠪᠦᠲᠦᠭᠡᠯ ᠢ ᠲᠠᠨᠢᠯᠴᠠᠭᠤᠯᠵᠤ᠂ | ᠨᠡᠶᠢᠭᠡᠮ ᠤᠨ ᠡᠯ᠎ᠡ ᠡᠲᠡᠭᠡᠳ ᠤᠨ ᠵᠥᠪᠰᠢᠶᠡᠷᠡᠯ ᠳᠡᠮᠵᠢᠯᠭᠡ ᠶᠢ ᠣᠯᠬᠤ ᠬᠡᠷᠡᠭᠲᠡᠢ᠃ | ᠤᠯᠤᠰ ᠪᠠ ᠣᠷᠣᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠪᠣᠯ ᠨᠢᠭᠡ ᠵᠦᠢᠯ ᠤᠨ ᠰᠢᠰᠲ᠋ᠧᠮ ᠲᠠᠢ | ᠪᠦᠭᠡᠳ ᠤᠷᠲᠤ ᠬᠤᠭᠤᠴᠠᠭᠠᠨ ᠤ ᠢᠨᠵᠧᠨᠧᠷᠢᠩ ᠪᠣᠯᠣᠨ᠎ᠠ᠂ ᠡᠯ᠎ᠡ ᠭᠠᠵᠠᠷ ᠣᠷᠣᠨ᠂ ᠡᠯ᠎ᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠪᠣᠯᠣᠨ ᠨᠢᠭᠡᠴᠡ ᠨᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠵᠦᠢᠯ ᠤᠨ ᠠᠵᠢᠯ ᠤᠨ | ᠡᠭᠦᠷᠭᠡ ᠪᠠᠨ ᠬᠢᠨᠠᠮᠠᠭᠠᠢ ᠨᠠᠶᠢᠳᠠᠪᠤᠷᠢᠵᠢᠭᠤᠯᠤᠨ᠂ ᠰᠡᠳᠬᠢᠴᠡ ᠶᠢᠨ ᠰᠢᠨ᠎ᠡ ᠶᠢ ᠡᠭᠦᠳᠴᠦ᠂ ᠨᠢᠭᠡᠲᠦᠯᠲᠡᠢ ᠲᠦᠯᠦᠪᠯᠡᠨ | ᠲᠦᠯᠦᠪᠵᠢᠭᠦᠯᠵᠦ᠂ ᠰᠡᠳᠬᠢᠯ ᠢᠶᠠᠨ ᠨᠢᠭᠡᠳᠭᠡᠨ ᠬᠦᠴᠦ ᠪᠠᠨ ᠲᠦᠪᠯᠡᠷᠡᠭᠦᠯᠵᠦ᠂ ᠡᠮᠬᠢ ᠵᠢᠷᠤᠮ ᠲᠠᠢ ᠪᠠᠷ ᠠᠬᠢᠭᠤᠯᠤᠨ᠂ | ᠮᠠᠨ ᠤ ᠣᠷᠣᠨ ᠤ ᠭᠠᠶᠢᠯᠢ ᠲᠠᠲᠠᠪᠤᠷᠢᠯᠠᠵᠤ ᠬᠠᠮᠢᠶᠠᠷᠬᠤ ᠪᠠᠶᠢᠭᠤᠯᠤᠯ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ | ᠭᠦᠨᠵᠡᠭᠡᠶᠢᠷᠡᠭᠦᠯᠬᠦ ᠶᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠪᠣᠯᠣᠨ ᠨᠢᠭᠡᠴᠡ ᠨᠢ | ᠠᠵᠢᠯ ᠤᠨ ᠳᠤᠮᠳᠠ ᠪᠠᠨ ᠴᠢᠬᠤᠯᠠ ᠶᠡᠭᠡ ᠠᠰᠠᠭᠤᠳᠠᠯ ᠲᠤᠯᠭᠠᠷᠠᠪᠠᠯ᠂ ᠦᠪᠡᠷᠲᠡᠭᠡᠨ ᠵᠠᠰᠠᠬᠤ ᠣᠷᠣᠨ ᠤ ᠤᠯᠤᠰ ᠪᠠ | ᠤᠷᠤᠨ ᠨᠤᠲᠤᠭ ᠤᠨ ᠭᠠᠶᠢᠯᠢ ᠶᠢᠨ ᠬᠠᠮᠲᠤᠷᠠᠯᠴᠠᠭ᠎ᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ︵ᠦᠪᠦᠷ | ᠮᠣᠩᠭᠤᠯ ᠤᠨ ᠤᠯᠤᠰ ᠤᠨ ᠭᠠᠶᠢᠯᠢ ᠶᠢᠨ ᠲᠣᠪᠴᠢᠶ᠎ᠠ᠂ ᠦᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ | ᠭᠠᠶᠢᠯᠢ ᠶᠢᠨ ᠲᠣᠪᠴᠢᠶ᠎ᠠ ᠳᠤ ᠪᠠᠶᠢᠷᠢᠯᠠᠭᠤᠯᠪᠠ︶ ᠲᠤ ᠴᠠᠭ ᠲᠣᠬᠠᠢ ᠳᠤᠨᠢ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃ |