ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠠᠳ ᠲᠤ ᠠᠰᠢᠭ ᠬᠦᠷᠲᠡᠭᠡᠬᠦ ᠬᠡᠳᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2017/7/21
                            ᠥᠪᠥᠷ ᠵᠠᠰᠠᠭ ᠲᠠᠷᠬᠠᠭᠠᠭᠰᠠᠨ ﹇2017﹈ 53 ᠳ᠋ᠤᠭᠠᠷ ᠲᠤᠭᠠᠳᠤ                                     4 ᠳ᠋ᠤᠭᠡᠷ ᠰᠠᠷ᠎ᠠ ᠶᠢᠨ 19᠎ ᠤ ᠡᠳᠦᠷ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠤᠨ ᠦᠨᠳᠦᠰᠦᠨ ᠠᠮᠢᠳᠤᠷᠠᠯ ᠳᠠᠬᠢ ᠳᠤᠳᠠᠭᠤᠳᠠᠯ ᠢ ᠴᠢᠷᠮᠠᠶᠢᠨ ᠨᠦᠬᠦᠪᠦᠷᠢᠯᠡᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠦᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠬᠠᠮᠲᠤᠪᠠᠷ ᠬᠦᠷᠲᠡᠭᠡᠬᠦ ᠶᠢᠨ ᠲᠤᠰᠠᠳᠠ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠠᠳ ᠲᠤ ᠠᠰᠢᠭ ᠬᠦᠷᠲᠡᠭᠡᠬᠦ ᠬᠡᠳᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠲᠣᠬᠠᠢ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠪᠡ᠄      ᠨᠢᠭᠡ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠦᠩᠭᠦ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ      2017 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠪᠦᠬᠦ ᠣᠷᠣᠨ ᠤ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠰᠠᠭᠤᠷᠢ ᠨᠠᠰᠤᠵᠢᠯ ᠤᠨ ᠮᠦᠩᠭᠦ ᠶᠢᠨ ᠪᠠᠷᠢᠮᠵᠢᠶ᠎ᠠ ᠶᠢ ᠬᠦᠮᠦᠨ ᠨᠢᠭᠡᠪᠦᠷᠢ ᠳᠤ ᠰᠠᠷ᠎ᠠ ᠳᠤ 110 ᠲᠦᠭᠦᠷᠢᠭ ᠪᠣᠯᠲᠠᠯ᠎ᠠ ᠳᠡᠭᠡᠭᠰᠢᠯᠡᠭᠦᠯᠦᠨ᠎ᠡ᠂ ᠳᠠᠷᠤᠢ ᠣᠣᠯ ᠤᠨ ᠬᠦᠮᠦᠨ ᠨᠢᠭᠡᠪᠦᠷᠢ ᠳᠤ ᠰᠠᠷ᠎ᠠ ᠳᠤ 90 ᠲᠦᠭᠦᠷᠢᠭ ᠨᠦᠬᠦᠪᠦᠷᠢᠯᠡᠵᠦ ᠪᠠᠶᠢᠭᠰᠠᠨ ᠰᠠᠭᠤᠷᠢᠨ ᠳᠡᠭᠡᠷ᠎ᠡ 20 ᠲᠦᠭᠦᠷᠢᠭ ᠨᠡᠮᠡᠬᠦ ᠪᠣᠯᠣᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠡᠯᠡ ᠮᠦᠩᠭᠦ ᠶᠢ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠳ᠋ ᠤᠨ ᠵᠠᠰᠠᠭ ᠠᠴᠠ ᠱᠠᠲᠤ ᠬᠤᠪᠢᠶᠠᠨ ᠡᠭᠦᠷᠭᠡᠯᠡᠨ᠎ᠡ᠂ ᠡᠭᠦᠨ ᠳᠤ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠯ᠎ᠡ ᠭᠠᠵᠠᠷ ᠣᠷᠣᠨ ᠤ ᠬᠦᠮᠦᠨ ᠪᠦᠷᠢ ᠶᠢᠨ ᠳᠤᠮᠳᠠᠴᠢ ᠡᠳ᠋ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠵᠦ᠂ 40%᠂ 50% ᠪᠣᠯᠣᠨ 60%᠎ ᠶᠢᠨ ᠬᠠᠷᠢᠴᠠᠯ ᠢᠶᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠭᠠᠵᠠᠷ ᠣᠷᠣᠨ ᠳᠤ ᠨᠦᠬᠦᠪᠦᠷᠢ ᠣᠯᠭᠤᠨ᠎ᠠ᠃      ᠬᠤᠶᠠᠷ᠂ ᠵᠡᠮᠳᠡᠭᠴᠦᠳ ᠤᠨ ᠬᠤᠶᠠᠷ ᠵᠦᠢᠯ ᠤᠨ ᠨᠡᠮᠡᠭᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ᠎ᠡ      2017 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠬᠦᠴᠢᠷᠳᠡᠯᠲᠡᠢ ᠵᠡᠮᠳᠡᠭᠴᠦᠳ ᠤᠨ ᠠᠮᠢᠳᠤᠷᠠᠯ ᠳᠤ ᠨᠡᠮᠡᠭᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠦᠮᠦᠨ ᠨᠢᠭᠡᠪᠦᠷᠢ ᠳᠤ ᠰᠠᠷ᠎ᠠ ᠳᠤ 80 ᠲᠦᠭᠦᠷᠢᠭ ᠲᠤ ᠬᠦᠷᠦᠭᠦᠯᠦᠨ᠎ᠡ᠂ ᠳᠠᠷᠤᠢ ᠣᠣᠯ ᠤᠨ ᠰᠠᠭᠤᠷᠢᠨ ᠳᠡᠭᠡᠷ᠎ᠡ ᠬᠤᠲᠠ ᠪᠠᠯᠭᠠᠰᠤ ᠶᠢᠨ ᠬᠦᠮᠦᠨ ᠨᠢᠭᠡᠪᠦᠷᠢ ᠳᠤ ᠰᠠᠷ᠎ᠠ ᠳᠤ 30 ᠲᠦᠭᠦᠷᠢᠭ ᠨᠡᠮᠡᠵᠦ᠂ ᠮᠠᠯᠵᠢᠬᠤ ᠲᠠᠷᠢᠶᠠᠯᠠᠬᠤ ᠣᠷᠣᠨ ᠤ ᠬᠦᠮᠦᠨ ᠨᠢᠭᠡᠪᠦᠷᠢ ᠳᠤ ᠰᠠᠷ᠎ᠠ ᠳᠤ 50 ᠲᠦᠭᠦᠷᠢᠭ ᠨᠡᠮᠡᠬᠦ ᠪᠣᠯᠣᠨ᠎ᠠ︔ ᠬᠦᠨᠳᠦ ᠵᠡᠮᠳᠡᠭᠴᠦᠳ ᠢ ᠠᠰᠠᠷᠠᠨ ᠰᠤᠪᠢᠯᠠᠬᠤ ᠳᠤ ᠨᠡᠮᠡᠭᠦᠷᠢ ᠥᠭᠬᠦ ᠪᠠᠷᠢᠮᠵᠢᠶ᠎ᠠ ᠶᠢ ᠳᠡᠭᠡᠭᠰᠢᠯᠡᠭᠦᠯᠦᠭᠡᠳ ᠬᠦᠮᠦᠨ ᠨᠢᠭᠡᠪᠦᠷᠢ ᠳᠤ ᠵᠢᠯ ᠳᠤ 960 ᠲᠦᠭᠦᠷᠢᠭ ᠲᠤ ᠬᠦᠷᠦᠭᠦᠯᠦᠨ᠎ᠡ᠂ ᠳᠠᠷᠤᠢ ᠣᠣᠯ ᠤᠨ ᠰᠠᠭᠤᠷᠢᠨ ᠳᠡᠭᠡᠷ᠎ᠡ ᠬᠦᠮᠦᠨ ᠨᠢᠭᠡᠪᠦᠷᠢ ᠳᠤ ᠵᠢᠯ ᠳᠤ 460 ᠲᠦᠭᠦᠷᠢᠭ ᠨᠡᠮᠡᠬᠦ ᠪᠣᠯᠣᠨ᠎ᠠ᠃ ᠪᠠᠷᠢᠮᠵᠢᠶ᠎ᠠ ᠶᠢ ᠳᠡᠭᠡᠭᠰᠢᠯᠡᠭᠦᠯᠬᠦ ᠳᠤ ᠬᠡᠷᠡᠭᠰᠡᠬᠦ ᠪᠡᠯᠡ ᠮᠦᠩᠭᠦ ᠶᠢ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠳ᠋ ᠤᠨ ᠵᠠᠰᠠᠭ ᠠᠴᠠ ᠱᠠᠲᠤ ᠬᠤᠪᠢᠶᠠᠨ ᠡᠭᠦᠷᠭᠡᠯᠡᠨ᠎ᠡ᠂ ᠡᠭᠦᠨ ᠳᠤ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠯ᠎ᠡ ᠭᠠᠵᠠᠷ ᠣᠷᠣᠨ ᠤ ᠬᠦᠮᠦᠨ ᠪᠦᠷᠢ ᠶᠢᠨ ᠳᠤᠮᠳᠠᠴᠢ ᠡᠳ᠋ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠵᠦ᠂ 30%᠂ 50% ᠪᠠ 70%᠎ ᠶᠢᠨ ᠬᠠᠷᠢᠴᠠᠯ ᠢᠶᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠭᠠᠵᠠᠷ ᠣᠷᠣᠨ ᠳᠤ ᠨᠦᠬᠦᠪᠦᠷᠢ ᠣᠯᠭᠤᠨ᠎ᠠ᠃      ᠭᠤᠷᠪᠠ᠂ 80 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠦᠲᠡᠭᠦᠰ ᠤᠨ ᠨᠡᠮᠡᠭᠦᠷᠢ ᠶᠢ ᠲᠦᠭᠡᠮᠡᠯ ᠬᠦᠷᠲᠡᠭᠡᠬᠦ ᠳᠦᠷᠢᠮ ᠢ ᠪᠡᠶᠡᠯᠡᠭᠦᠯᠦᠨ᠎ᠡ      2017 ᠣᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ᠂ 80 ᠪᠦᠬᠦᠯᠢ ᠨᠠᠰᠤ ︵80 ᠪᠦᠬᠦᠯᠢ ᠨᠠᠰᠤ ᠪᠠᠭᠲᠠᠨ᠎ᠠ︶᠎ ᠠᠴᠠ 99 ᠪᠦᠬᠦᠯᠢ ᠨᠠᠰᠤ ᠬᠦᠷᠲᠡᠯᠡᠬᠢ ᠨᠠᠰᠤᠲᠠᠶᠢᠴᠤᠳ ᠪᠦᠬᠦᠨ ᠴᠦᠮ ᠲᠣᠭᠲᠠᠭᠠᠯ ᠶᠤᠰᠤᠭᠠᠷ ᠬᠦᠮᠦᠨ ᠨᠢᠭᠡᠪᠦᠷᠢ ᠰᠠᠷ᠎ᠠ ᠳᠤ 100 ᠲᠦᠭᠦᠷᠢᠭ ᠤᠨ ᠦᠲᠡᠭᠦᠰ ᠤᠨ ᠨᠡᠮᠡᠭᠦᠷᠢ ᠶᠢ ᠠᠪᠴᠤ ᠪᠣᠯᠣᠨ᠎ᠠ᠃ ᠦᠲᠡᠭᠦᠰ ᠤᠨ ᠨᠡᠮᠡᠭᠦᠷᠢ ᠳᠤ ᠬᠡᠷᠡᠭᠰᠡᠬᠦ ᠵᠠᠷᠤᠳᠠᠯ ᠢ ᠦᠪᠡᠷᠲᠡᠭᠡᠨ ᠵᠠᠰᠠᠬᠤ ᠣᠷᠣᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶᠎ ᠤ ᠡᠳ᠋ ᠤᠨ ᠵᠠᠰᠠᠭ ᠠᠴᠠ ᠱᠠᠲᠤ ᠬᠤᠪᠢᠶᠠᠨ ᠡᠭᠦᠷᠭᠡᠯᠡᠨ᠎ᠡ᠂ ᠡᠭᠦᠨ ᠳᠤ᠂ ᠦᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠡᠯ᠎ᠡ ᠭᠠᠵᠠᠷ ᠣᠷᠣᠨ ᠤ ᠬᠦᠮᠦᠨ ᠪᠦᠷᠢ ᠶᠢᠨ ᠳᠤᠮᠳᠠᠴᠢ ᠡᠳ᠋ ᠤᠨ ᠬᠦᠴᠦᠨ ᠤ ᠬᠢᠷᠢ ᠬᠡᠮᠵᠢᠶ᠎ᠡ ᠶᠢ ᠦᠨᠳᠦᠰᠦᠯᠡᠵᠦ᠂ 30%᠂ 50% ᠪᠠ 70%᠎ ᠶᠢᠨ ᠬᠠᠷᠢᠴᠠᠯ ᠢᠶᠠᠷ ᠨᠢᠭᠡᠳᠦᠭᠡᠷ᠂ ᠬᠤᠶᠠᠳᠤᠭᠠᠷ᠂ ᠭᠤᠷᠪᠠᠳᠤᠭᠠᠷ ᠲᠦᠷᠦᠯ ᠤᠨ ᠭᠠᠵᠠᠷ ᠣᠷᠣᠨ ᠳᠤ ᠨᠦᠬᠦᠪᠦᠷᠢ ᠣᠯᠭᠤᠬᠤ ᠬᠡᠷᠡᠭᠲᠡᠢ᠃      100 ᠪᠦᠬᠦᠯᠢ ᠨᠠᠰᠤᠨ ︵100 ᠪᠦᠬᠦᠯᠢ ᠨᠠᠰᠤ ᠪᠠᠭᠲᠠᠨ᠎ᠠ︶᠎ ᠠᠴᠠ ᠳᠡᠭᠡᠭᠰᠢᠬᠢ ᠨᠠᠰᠤᠲᠠᠶᠢᠴᠤᠳ ᠲᠤ ᠦᠲᠡᠭᠦᠰ ᠤᠨ ᠨᠡᠮᠡᠭᠦᠷᠢ ᠶᠢ ᠣᠯᠭᠤᠬᠤ ᠪᠠᠷᠢᠮᠵᠢᠶ᠎ᠠ ᠶᠢ ︽ᠶᠢᠰᠦᠨ ᠰᠠᠷ᠎ᠠ ᠶᠢᠨ ᠶᠢᠰᠦᠨ ᠤ ᠪᠠᠶᠠᠷ ᠢ ᠣᠭᠲᠤᠬᠤ ᠨᠠᠰᠤᠲᠠᠶᠢᠴᠤᠳ ᠢ ᠬᠠᠷᠠᠭᠠᠯᠵᠠᠨ ᠬᠠᠶᠢᠷᠠᠯᠠᠬᠤ ᠠᠵᠢᠯ ᠢ ᠰᠠᠶᠢᠲᠤᠷ ᠬᠢᠬᠦ ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠭᠢᠮ ᠦᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠭᠢᠮ ᠤᠨ ᠮᠡᠳᠡᠭᠳᠡᠯ︾ ︵ᠦᠪᠦᠷ ᠨᠠᠮ ᠠᠯᠪᠠᠨ ᠲᠠᠷᠬᠠᠭᠠᠭᠰᠠᠨ ᠴᠠᠬᠢᠯᠭᠠᠨ ﹇2016﹈ 20 ᠳ᠋ᠤᠭᠠᠷ ᠲᠣᠭᠠᠲᠤ︶᠎ ᠤᠨ ᠲᠣᠭᠲᠠᠭᠠᠯ ᠶᠣᠰᠤᠭᠠᠷ ᠬᠡᠷᠡᠭᠵᠢᠭᠦᠯᠵᠦ᠂ 2016 ᠣᠨ ᠤ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠵᠦ᠂ ᠪᠦᠬᠦ ᠣᠷᠣᠨ ᠤ ᠵᠠᠭᠤᠨ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠦᠲᠡᠭᠦᠰ ᠤᠨ ᠨᠡᠮᠡᠭᠦᠷᠢ ᠶᠢ ᠬᠦᠮᠦᠨ ᠨᠢᠭᠡᠪᠦᠷᠢ ᠳᠤ ᠰᠠᠷ᠎ᠠ ᠳᠤ 300 ᠲᠥᠭᠦᠷᠢᠭ ᠪᠠᠶᠢᠭᠰᠠᠨ ᠠᠴᠠ 600 ᠲᠦᠭᠦᠷᠢᠭ ᠪᠣᠯᠲᠠᠯ᠎ᠠ ᠳᠡᠭᠡᠭᠰᠢᠯᠡᠭᠦᠯᠵᠦ᠂ ᠬᠡᠷᠡᠭᠰᠡᠬᠦ ᠪᠡᠯᠡ ᠮᠦᠩᠭᠦ ᠶᠢ ᠦᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠨ᠎ᠡ᠃      ᠡᠯ᠎ᠡ ᠠᠶᠢᠮᠠᠭ ᠬᠤᠲᠠ ᠶᠢᠨ ᠨᠢᠭᠡᠨᠲᠡ ᠨᠡᠶᠢᠲᠡᠯᠡᠭᠰᠡᠨ ᠠᠷᠠᠳ ᠤᠨ ᠠᠮᠢᠳᠤᠷᠠᠯ ᠳᠤ ᠨᠡᠮᠡᠭᠦᠷᠢ ᠥᠭᠬᠦ ᠪᠠᠷᠢᠮᠵᠢᠶ᠎ᠠ ᠨᠢ ᠲᠤᠰ ︽ᠮᠡᠳᠡᠭᠳᠡᠯ︾᠎ ᠳᠤ ᠲᠣᠭᠲᠠᠭᠠᠭᠰᠠᠨ ᠪᠠᠷᠢᠮᠵᠢᠶ᠎ᠠ ᠠᠴᠠ ᠦᠨᠳᠦᠷ ᠪᠠᠶᠢᠪᠠᠯ ᠪᠠᠭᠤᠷᠠᠭᠤᠯᠵᠤ ᠪᠣᠯᠬᠤ ᠦᠭᠡᠢ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ ᠳᠡᠭᠡᠷ᠎ᠡ ᠳᠤᠷᠠᠳᠤᠭᠰᠠᠨ ᠠᠷᠠᠳ ᠲᠤ ᠠᠰᠢᠭ ᠬᠦᠷᠲᠡᠭᠡᠬᠦ ᠬᠡᠳᠦᠨ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠡᠨᠢᠵᠤ᠂ ᠲᠡᠭᠦᠨ ᠢ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠶᠢᠨ ᠴᠢᠬᠤᠯᠠ ᠡᠭᠦᠷᠭᠡ ᠪᠣᠯᠭᠠᠨ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠬᠡᠷᠡᠭᠰᠡᠬᠦ ᠪᠡᠯᠡ ᠮᠦᠩᠭᠦ ᠶᠢ ᠲᠦᠷᠭᠡᠬᠡᠨ ᠴᠤᠭᠯᠠᠭᠤᠯᠬᠤ ᠶᠢᠨ ᠬᠠᠮᠲᠤ᠂ ᠠᠳᠠᠯᠢ ᠱᠠᠲᠤᠨ ᠤ ᠡᠳ᠋ ᠤᠨ ᠵᠠᠰᠠᠭ ᠤᠨ ᠲᠦᠰᠦᠪ ᠲᠤ ᠣᠷᠤᠭᠤᠯᠵᠤ᠂ ᠪᠡᠯᠡ ᠮᠦᠩᠭᠦ ᠶᠢ ᠴᠠᠭ ᠲᠣᠬᠠᠢ ᠳᠤᠨᠢ ᠪᠣᠲᠠᠲᠠᠶᠢᠵᠢᠭᠤᠯᠬᠤ ᠪᠠ ᠲᠤᠭ᠎ᠠ ᠶᠤᠰᠤᠭᠠᠷ ᠭᠦᠢᠴᠡᠳ ᠣᠯᠭᠤᠬᠤ ᠶᠢ ᠦᠨᠡᠨᠬᠦ ᠪᠠᠲᠤᠯᠠᠨ᠂ ᠨᠦᠬᠦᠴᠡᠯ ᠳᠤ ᠨᠡᠶᠢᠴᠡᠭᠰᠡᠨ ᠥᠷᠭᠡᠨ ᠣᠯᠠᠨ ᠲᠦᠮᠡᠨ ᠳᠤ ᠵᠢᠩᠬᠢᠨᠢ ᠪᠠᠷ ᠠᠰᠢᠭ ᠬᠦᠷᠲᠡᠭᠡᠨ᠎ᠡ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ