| 7 ᠳ᠋ᠤᠭᠠᠷ ᠰᠠᠷ᠎ᠠ ᠶᠢᠨ 22 ᠤᠨ ᠡᠳᠤᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ | ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠮᠥ᠋ᠴᠢᠷ ᠤᠨ ᠤᠷᠳᠤᠨ ᠳᠤ | ᠲᠤᠭᠯᠠᠭᠴᠢᠳ ᠲᠠᠢ ᠲᠤᠳᠤᠨᠤ ᠪᠠᠷ ᠶᠠᠷᠢᠯᠴᠠᠵᠥ ᠪᠠᠶᠢᠭ᠎ᠠ ᠨᠢ | | 7 ᠳ᠋ᠤᠭᠠᠷ ᠰᠠᠷ᠎ᠠ ᠶᠢᠨ 22 ᠤᠨ ᠡᠳᠤᠷ᠂ ᠤᠯᠠᠭᠠᠨᠮᠥ᠋ᠴᠢᠷ ᠤᠨ ᠤᠷᠳᠤᠨ ᠤᠯᠠᠭᠠᠨᠬᠤᠳᠠ ᠳᠤ | ᠪᠠᠶᠢᠭᠤᠯᠤᠭᠳᠠᠨ ᠠᠰᠢᠬᠯᠠᠯᠳᠡ ᠳᠤ ᠤᠷᠤᠪᠠ᠃ ᠡᠨᠡ ᠪᠤᠯ ᠤᠯᠤᠰ ᠤᠨ ᠲᠤᠳᠤᠭᠠᠳᠤ ᠶᠢᠨ ᠠᠩᠬᠠᠳᠠᠭᠴᠢ | ᠠᠰᠢᠬᠯᠠᠯᠳᠡ ᠳᠤ ᠤᠷᠤᠵᠥ ᠪᠠᠶᠢᠭ᠎ᠠ ᠤᠯᠠᠭᠠᠨᠮᠥ᠋ᠴᠢᠷ ᠤᠨ ᠤᠷᠳᠤᠨ ᠪᠤᠯᠤᠨ᠎ᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ | ᠲᠡᠷᠢᠬᠦᠯᠡᠭᠴᠢ ᠪᠦ᠋ ᠰᠢᠶᠤᠤ ᠯᠢᠨ ᠤᠯᠠᠭᠠᠨᠮᠥ᠋ᠴᠢᠷ ᠤᠨ ᠤᠷᠳᠤᠨ ᠤ ᠬᠦᠰᠢᠬᠡ ᠶᠢ ᠰᠡᠬᠦᠵᠥ᠂ ᠤᠯᠠᠭᠠᠨᠮᠥ᠋ᠴᠢᠷ ᠤᠨ | ᠤᠷᠳᠤᠨ ᠤ ᠲᠦᠬᠦᠭᠡᠷᠤᠮᠵᠢ ᠵᠢᠴᠢ ᠬᠡᠷᠡᠭᠯᠡᠵᠥ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠥ᠂ ᠤᠯᠠᠭᠠᠨᠮᠥ᠋ᠴᠢᠷ ᠤᠨ | ᠲᠤᠭᠯᠠᠭᠴᠢᠳ ᠪᠤᠯᠤᠨ ᠢᠳᠡᠷᠴᠤᠳ ᠨᠠᠰᠤᠳᠠᠶᠢᠴᠤᠳ᠂ ᠵᠠᠯᠠᠭᠤᠴᠤᠳ ᠪᠠᠭᠠᠴᠤᠳ ᠵᠡᠷᠬᠡ ᠤᠯᠠᠨ ᠲᠦᠮᠡᠨ ᠤ | ᠪᠦᠯᠬᠦᠮ ᠤᠨ ᠪᠤᠯᠪᠠᠰᠤᠷᠠᠯ ᠢ ᠨᠠᠷᠢᠨ ᠬᠢᠨᠠᠮᠠᠭᠠᠢ ᠲᠤᠭᠤᠷᠢᠨ ᠦᠵᠡᠭᠰᠡᠡ ᠪᠦᠭᠡᠳ ᠤᠯᠠᠨ ᠲᠠᠢ ᠲᠤᠳᠤᠨᠤ ᠪᠠᠷ | ᠶᠠᠷᠢᠯᠴᠠᠵᠥ᠂ ᠤᠯᠠᠭᠠᠨᠮᠥ᠋ᠴᠢᠷ ᠤᠨ ᠲᠤᠭᠯᠠᠭᠴᠢᠳ ᠢ ᠢᠷᠠᠭᠤ ᠠᠯᠳᠠᠷᠳᠠᠢ ᠬᠤᠪᠢᠰᠬᠠᠯ ᠤᠨ ᠤᠯᠠᠮᠵᠢᠯᠠᠯ ᠢ | ᠵᠠᠯᠭᠠᠮᠵᠢᠯᠠᠨ ᠰᠢᠷᠭᠠᠭᠤ ᠬᠠᠳᠠᠭᠤᠵᠢᠯᠳᠠᠢ ᠪᠤᠯᠪᠠᠰᠤᠷᠠᠵᠥ᠂ ᠤᠯᠠᠨ ᠲᠦᠮᠡᠨ ᠳᠤ ᠦᠢᠯᠡᠴᠢᠯᠡᠨ ᠦᠨᠳᠦᠰᠦᠳᠡᠨ ᠤ | ᠰᠢᠯᠢᠳᠡᠭ ᠰᠤᠶᠤᠯ ᠢ ᠶᠡᠬᠡᠪᠡᠷ ᠪᠠᠳᠠᠷᠠᠭᠤᠯᠤᠭᠠᠷᠠᠢ ᠬᠡᠵᠥ ᠵᠤᠷᠢᠬᠵᠢᠭᠤᠯᠪᠠ᠃ | ᠤᠯᠠᠭᠠᠨᠮᠥ᠋ᠴᠢᠷ ᠤᠨ ᠤᠷᠳᠤᠨ ᠢ 2016 ᠣᠨ ᠤ 5 ᠳ᠋ᠤᠭᠠᠷ ᠰᠠᠷ᠎ᠠ ᠶᠢᠨ 1 ᠤ ᠡᠳᠤᠷ ᠠᠴᠠ ᠡᠬᠢᠯᠡᠨ | ᠪᠦᠳᠦᠭᠡᠨ ᠪᠠᠶᠢᠭᠤᠯᠵᠥ᠂ ᠶᠡᠷᠤᠩᠬᠡᠢ ᠪᠡᠯᠡ ᠤᠷᠤᠭᠤᠯᠤᠯᠳᠡ ᠨᠢ 8 ᠳ᠋ᠦᠩᠰᠢᠭᠤᠷ ᠰᠢᠬᠠᠮ ᠲᠦᠬᠦᠷᠢᠭ ᠲᠤ ᠬᠦᠷᠴᠦ᠂ | 12.6 ᠲᠦᠮᠡᠨ ᠲᠡᠭᠰᠢ ᠲᠦᠷᠪᠡᠯᠵᠢᠨ ᠮᠧᠲᠷ ᠲᠠᠯᠠᠪᠠᠢ ᠲᠠᠢ᠂ ᠪᠠᠷᠢᠯᠭ᠎ᠠ ᠶᠢᠨ ᠶᠡᠷᠤᠩᠬᠡᠢ ᠲᠠᠯᠠᠪᠠᠢ ᠨᠢ 5.5 ᠲᠦᠮᠡᠨ | ᠲᠡᠭᠰᠢ ᠲᠦᠷᠪᠡᠯᠵᠢᠨ ᠮᠧᠲᠷ ᠪᠠᠶᠢᠵᠥ᠂ ᠬᠢᠩᠭᠠᠨ ᠤ ᠤᠯᠠᠭᠠᠨᠮᠥ᠋ᠴᠢᠷ᠂ ᠤᠯᠠᠨ ᠲᠦᠮᠡᠨ ᠤ ᠤᠷᠠᠯᠢᠭ ᠤᠨ ᠤᠷᠳᠤᠨ᠂ | ᠶᠡᠭᠡ ᠵᠦᠴᠦᠭᠡ ᠶᠢᠨ ᠬᠦᠷᠢᠶᠡᠯᠡᠩ᠂ ᠲᠠᠭᠤᠤ ᠬᠦᠭᠵᠢᠮ ᠤᠨ ᠲᠢᠩᠬᠢᠮ᠂ ᠺᠢᠨᠣ᠋ ᠶᠢᠨ ᠤᠷᠳᠤᠨ ᠵᠡᠷᠬᠡ ᠲᠠᠪᠤᠨ ᠶᠡᠭᠡ | ᠴᠢᠳᠡᠪᠬᠢᠳᠤ ᠲᠤᠭᠤᠷᠢᠭ ᠢᠶᠠᠷ ᠪᠦᠷᠢᠯᠳᠦᠵᠥ᠂ ᠢᠯᠡ ᠲᠤᠳᠤ ᠰᠤᠶᠤᠯ ᠪᠠ ᠤᠷᠤᠨ ᠪᠦᠰᠡ ᠶᠢᠨ ᠤᠨᠴᠠᠯᠢᠭ ᠲᠠᠢ | ᠪᠤᠯᠤᠭᠰᠠᠠ ᠪᠠᠶᠢᠨ᠎ᠠ᠃ ᠲᠡᠬᠦᠨ ᠤ ᠠᠰᠢᠬᠯᠠᠯᠳᠡ ᠳᠤ ᠤᠷᠤᠭᠰᠠᠠ ᠨᠢ ᠬᠢᠩᠭᠠᠨ ᠠᠶᠢᠮᠠᠭ ᠤᠨ ᠤᠯᠠᠭᠠᠨᠮᠥ᠋ᠴᠢᠷ ᠤᠨ | ᠬᠦᠭᠵᠢᠯᠳᠡ ᠶᠢᠨ ᠨᠦᠬᠦᠴᠡᠯ ᠢ ᠶᠡᠬᠡᠪᠡᠷ ᠰᠠᠶᠢᠵᠢᠷᠠᠭᠤᠯᠤᠭᠰᠠᠠ ᠪᠦᠭᠡᠳ ᠬᠢᠩᠭᠠᠨ ᠠᠶᠢᠮᠠᠭ ᠤᠨ ᠰᠤᠶᠤᠯ ᠤᠨ | ᠪᠠᠶᠢᠭᠤᠯᠤᠯᠳᠠ ᠶᠢᠨ ᠬᠢᠯᠠᠰ ᠴᠢᠭ᠋ ᠪᠠ ᠬᠤᠳᠠ ᠶᠢᠨ ᠲᠦᠷᠢ ᠲᠦᠷᠬᠦ ᠶᠢ ᠦᠵᠡᠬᠦᠯᠬᠦ ᠭᠤᠶᠢᠳᠠ ᠰᠠᠶᠢᠬᠠᠨ ᠨᠡᠷ᠎ᠡ ᠶᠢᠨ | ᠬᠠᠭᠤᠳᠠᠰᠤ ᠪᠤᠯᠵᠠᠢ᠃ | |