ᠳᠡᠳ᠋ ᠲᠡᠷᠢᠭᠦᠯᠡᠭᠴᠢ ᠸᠠᠩ ᠪᠥᠸᠧ ᠪᠠᠭᠠᠷᠢᠨ ᠪᠠᠷᠠᠭᠤᠨ ᠬᠤᠰᠢᠭᠤ ᠶᠢᠨ ᠰᠢᠨ᠎ᠡ ᠪᠠᠷ ᠪᠠᠶᠢᠭᠤᠯᠤᠭᠰᠠᠨ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ ︽ᠳᠠᠭᠠᠭᠠᠴᠢᠯᠠᠯᠲᠠ ᠪᠠᠶᠢᠭᠤᠯᠤᠯᠲᠠ ᠬᠠᠮᠢᠶᠠᠷᠤᠯᠲᠠ ᠦᠢᠯᠡᠴᠢᠯᠡᠭᠡ ᠶᠢ ᠨᠢᠭᠡ ᠴᠣᠭᠴᠠᠵᠢᠭᠤᠯᠤᠭᠰᠠᠨ︾ ᠲᠦᠷᠦᠯ ᠵᠦᠢᠯ ᠢ ᠪᠠᠶᠢᠴᠠᠭᠠᠨ ᠦᠵᠡᠪᠡ
ᠨᠡᠶᠢᠲᠡᠯᠡᠭᠰᠡᠨ ᠴᠠᠭ᠄
2017/7/25
    7 ᠳ᠋ᠤᠭᠠᠷ ᠰᠠᠷ᠎ᠠ ᠶᠢᠨ 22᠎ ᠤᠨ ᠡᠳᠦᠷ ᠤᠨ ᠦᠳᠡ ᠶᠢᠨ ᠬᠤᠶᠢᠨ᠎ᠠ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠸᠠᠩ ᠪᠥᠸᠧ ᠪᠠᠭᠠᠷᠢᠨ ᠪᠠᠷᠠᠭᠤᠨ ᠬᠤᠰᠢᠭᠤ ᠶᠢᠨ ᠵᠢᠷᠭᠠᠯ ᠵᠠᠮ ᠰᠤᠮᠤ ᠶᠢᠨ ᠲᠠᠯ᠎ᠠ ᠶᠢᠨ ᠪᠤᠯᠠᠭ ᠭᠠᠴᠠᠭ᠎ᠠ ᠶᠢᠨ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠤᠨ PPP ᠲᠥᠷᠥᠯ ᠵᠦᠶᠯ ᠢ ᠪᠠᠶᠢᠴᠠᠭᠠᠨ ᠦᠵᠡᠪᠡ᠃      ᠳᠡᠳ᠋ ᠲᠡᠷᠢᠭᠦᠯᠡᠭᠴᠢ ᠸᠠᠩ ᠪᠥᠸᠧ ᠣᠷᠣᠨ ᠨᠤᠲᠤᠭ ᠤᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠬᠢᠭᠰᠡᠨ ᠲᠤᠬᠠᠶ ᠶᠢᠨ ᠭᠠᠵᠠᠷ ᠲᠠᠬᠢ ᠥᠨᠳᠥᠷ ᠪᠠᠷᠢᠮᠵᠢᠶᠠᠲᠤ ᠦᠨᠳᠦᠰᠦᠨ ᠲᠥᠷᠥᠯ ᠵᠦᠢᠯ ᠢ ᠬᠡᠷᠡᠭᠵᠢᠭᠦᠯᠦᠭᠰᠡᠨ ᠪᠠᠶᠢᠳᠠᠯ ᠤᠨ ᠲᠤᠬᠠᠶ ᠮᠡᠳᠡᠭᠦᠯᠦᠯᠲᠡ ᠶᠢ ᠰᠣᠨᠣᠰᠴᠠᠶ᠃ ᠵᠢᠩ ᠯᠠᠨ ᠮᠦ ᠾᠧ ᠺᠣᠮᠫᠠᠨᠢ ᠶᠢᠨ ᠪᠠᠭᠠᠷᠢᠨ ᠪᠠᠷᠠᠭᠤᠨ ᠬᠤᠰᠢᠭᠤ ᠳᠠᠬᠢ ᠰᠠᠯᠪᠤᠷᠢ ᠺᠣᠮᠫᠠᠨᠢ ᠶᠢᠨ ᠡᠷᠬᠢᠯᠡᠭᠴᠢ ᠶᠢᠨ PPP ᠲᠥᠷᠥᠯ ᠵᠦᠶᠯ ᠤᠨ ᠠᠵᠢᠯᠯᠠᠭᠠᠨ ᠤ ᠵᠠᠭᠪᠤᠷ᠂ ᠬᠠᠩᠭᠠᠵᠤ ᠪᠠᠶᠢᠭ᠎ᠠ ᠦᠢᠯᠡᠴᠢᠯᠡᠭᠡ ᠵᠡᠷᠭᠡ ᠪᠠᠶᠢᠳᠠᠯ ᠤᠨ ᠲᠣᠬᠠᠢ ᠬᠢᠭᠰᠡᠨ ᠲᠠᠨᠢᠯᠴᠠᠭᠤᠯᠭ᠎ᠠ᠂ ᠲᠦᠷᠦᠯ ᠵᠦᠢᠯ ᠤᠨ ᠲᠣᠬᠠᠢ ᠭᠠᠴᠠᠭ᠎ᠠ ᠲᠤᠰᠬᠤᠨ ᠤ ᠣᠯᠠᠨ ᠲᠦᠮᠡᠨ ᠤ ᠬᠡᠷᠡᠭᠵᠢᠭᠦᠯᠬᠦ ᠰᠠᠨᠠᠯ ᠪᠣᠯᠣᠨ ᠰᠠᠨᠠᠭᠤᠯᠭ᠎ᠠ ᠶᠢ ᠰᠣᠨᠣᠰᠪᠠ᠃ ᠲᠡᠷᠠᠭ᠎ᠠ ᠨᠢ᠂ ᠳᠡᠳ᠋ ᠲᠡᠷᠢᠭᠦᠯᠡᠭᠴᠢ ᠸᠠᠩ ᠪᠥᠸᠧ ᠪᠠᠰᠠ ᠰᠢᠬᠢᠷ ᠤᠨ ᠯᠤᠤᠪᠠᠩ ᠤᠨ ᠲᠠᠷᠢᠮᠠᠯ ᠤᠨ ᠲᠣᠭᠤᠷᠢᠭ ᠲᠤ ᠬᠦᠷᠴᠦ ᠪᠠᠶᠢᠴᠠᠭᠠᠨ ᠦᠵᠡᠭᠰᠡᠨ ᠪᠦᠭᠡᠳ  ᠲᠥᠷᠥᠯ ᠵᠦᠢᠯ ᠤᠨ ᠲᠣᠭᠤᠷᠢᠭ ᠲᠠᠬᠢ ᠲᠠᠷᠢᠮᠠᠯ ᠤᠨ ᠲᠥᠷᠥᠯ ᠵᠢᠴᠢ ᠤᠰᠤᠯᠠᠯᠲᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠰᠢᠨ᠎ᠡ ᠪᠠᠷ ᠪᠠᠶᠢᠭᠤᠯᠤᠭᠰᠠᠨ ᠥᠨᠳᠥᠷ ᠪᠠᠷᠢᠮᠵᠢᠶᠠᠲᠤ ᠦᠨᠳᠦᠰᠦᠨ ᠲᠠᠷᠢᠶᠠᠨ ᠭᠠᠵᠠᠷ ᠢ ᠨᠠᠶᠢᠳᠠᠪᠤᠷᠢᠵᠢᠭᠤᠯᠬᠤ ᠳᠤ PPP ᠵᠠᠭᠪᠤᠷ ᠢ ᠠᠰᠢᠭᠯᠠᠭᠰᠠᠨ ᠶᠠᠪᠤᠳᠠᠯ ᠢ ᠨᠢ ᠭᠦᠶᠴᠡᠳ ᠨᠤᠲᠠᠯᠠᠵᠠᠶ᠃      ᠳᠡᠳ᠋ ᠲᠡᠷᠢᠭᠦᠯᠡᠭᠴᠢ ᠸᠠᠩ ᠪᠥᠸᠧ ᠵᠢᠭᠠᠵᠤ ᠭᠠᠷᠭᠠᠭᠰᠠᠨ ᠨᠢ᠂ ᠬᠠᠮᠢᠶ᠎ᠠ ᠪᠦᠬᠦᠢ ᠰᠠᠯᠠᠭ᠎ᠠ ᠮᠥᠴᠢᠷ ᠨᠢ ᠭᠠᠵᠠᠷ ᠰᠢᠷᠣᠶ ᠶᠢ ᠡᠮᠬᠢᠯᠡᠨ ᠵᠠᠰᠠᠬᠤ PPP ᠲᠥᠷᠥᠯ ᠵᠦᠶᠯ ᠳᠤ ᠵᠣᠬᠢᠶᠠᠨ ᠪᠠᠶᠢᠭᠤᠯᠤᠯᠲᠠ ᠨᠢ ᠡᠷᠴᠢᠮᠲᠡᠶ᠂ ᠠᠷᠭ᠎ᠠ ᠬᠡᠮᠵᠢᠶ᠎ᠡ ᠨᠢ ᠪᠦᠲᠦᠮᠵᠢᠲᠡᠶ᠂ ᠦᠷ᠎ᠡ ᠪᠦᠲᠦᠮᠵᠢ ᠨᠢ ᠢᠯᠡᠷᠬᠡᠶ ᠪᠠᠶᠢᠨ᠎ᠠ᠃ ᠲᠤᠰ ᠲᠥᠷᠥᠯ ᠵᠦᠢᠯ ᠢ ᠬᠡᠷᠡᠭᠵᠢᠭᠦᠯᠦᠭᠰᠡᠨ ᠨᠢ᠂ ᠲᠥᠷᠥᠯ ᠵᠦᠢᠯ ᠤᠨ ᠲᠣᠭᠤᠷᠢᠭ ᠤᠨ ᠲᠠᠷᠢᠶᠠᠯᠠᠩ ᠤᠨ ᠰᠠᠭᠤᠷᠢ ᠪᠡᠯᠡᠳᠬᠡᠮᠵᠢ ᠶᠢ ᠰᠠᠶᠢᠵᠢᠷᠠᠭᠤᠯᠬᠤ᠂ ᠡᠬᠢ ᠪᠠᠶᠠᠯᠢᠭ ᠢ ᠠᠷᠪᠢᠯᠠᠬᠤ ᠶᠢ ᠰᠢᠢᠳᠪᠦᠷᠢᠯᠡᠬᠦ᠂ ᠬᠥᠳᠡᠯᠮᠦᠷᠢ ᠬᠦᠴᠦ ᠶᠢ ᠠᠷᠪᠢᠯᠠᠬᠤ᠂ ᠲᠥᠷᠥᠯ ᠵᠦᠢᠯ ᠢ ᠥᠷᠭᠦᠯᠵᠢᠯᠡᠨ ᠬᠠᠮᠢᠶᠠᠷᠴᠤ ᠬᠠᠮᠠᠭᠠᠯᠠᠬᠤ ᠠᠰᠠᠭᠤᠳᠠᠯ ᠢ ᠰᠢᠢᠳᠪᠦᠷᠢᠯᠡᠵᠡᠢ᠃ ᠲᠡᠷᠠᠭ᠎ᠠ ᠠᠯᠬᠤᠮ ᠳᠤ᠂ ᠭᠠᠵᠠᠷ ᠰᠢᠷᠣᠶ ᠶᠢ ᠡᠮᠬᠢᠯᠡᠨ ᠵᠠᠰᠠᠬᠤ ᠲᠥᠷᠥᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠯᠡᠵᠦ᠂ ᠨᠡᠶᠢᠭᠡᠮ ᠤᠨ ᠬᠦᠷᠦᠩᠭᠡ ᠶᠢ ᠬᠦᠳᠡᠯᠭᠡᠨ ᠲᠠᠷᠢᠶᠠᠯᠠᠩ ᠤᠨ ᠬᠦᠷᠢᠶᠡᠨ ᠳᠤ ᠪᠡᠯᠡ ᠣᠷᠣᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠨᠥᠬᠦᠴᠡᠯ ᠢ ᠰᠠᠶᠢᠵᠢᠷᠠᠭᠤᠯᠤᠨ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠪᠠᠨ ᠳᠡᠭᠡᠭᠰᠢᠯᠡᠭᠦᠯᠵᠦ᠂ ᠲᠠᠷᠢᠶᠠᠯᠠᠩ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠬᠡᠷᠡᠭᠲᠡᠢ ᠭᠡᠪᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号