7 ᠳ᠋ᠤᠭᠠᠷ ᠰᠠᠷ᠎ᠠ ᠶᠢᠨ 26 ᠤ ᠡᠳᠦᠷ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠪᠦᠬᠦ | ᠤᠷᠤᠨ ᠤ ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠪᠠᠲᠤᠯᠠᠭ᠎ᠠ | ᠵᠢᠴᠢ ᠳᠤᠤᠷ᠎ᠠ ᠬᠠᠭᠠᠰ ᠵᠢᠯ ᠤᠨ ᠠᠵᠢᠯ ᠤᠨ ᠪᠠᠶᠢᠷᠢᠰᠢᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠢ | ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠤ ᠰᠢᠨ ᠯᠧ ᠬᠤᠷᠠᠯ ᠳᠤ ᠤᠷᠤᠯᠴᠠᠵᠦ | ᠶᠠᠷᠢᠶ᠎ᠠ ᠲᠠᠯᠪᠢᠵᠠᠢ᠃ | ᠯᠢᠤ ᠰᠢᠨ ᠯᠧ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ ᠤᠯᠤᠰ ᠲᠦᠷᠦ ᠶᠢᠨ ᠵᠤᠭᠰᠤᠴᠠ ᠪᠠᠨ | ᠳᠡᠭᠡᠭᠰᠢᠯᠡᠬᠦᠯᠵᠦ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠵᠡᠷᠭᠡ | ᠴᠢᠬᠤᠯᠠ ᠶᠡᠭᠡ ᠠᠵᠢᠯᠯᠠᠭ᠎ᠠ ᠶᠢᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠪᠠᠲᠤᠯᠠᠭ᠎ᠠ ᠶᠢᠨ | ᠠᠵᠢᠯ ᠢ ᠰᠠᠶᠢᠲᠤᠷ ᠬᠢᠬᠦ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠦ᠂ ᠡᠭᠦᠷᠭᠡ ᠬᠠᠷᠢᠭᠤᠴᠠᠯᠭ᠎ᠠ ᠪᠠᠨ | ᠪᠠᠲᠤᠳᠬᠠᠨ᠂ ᠤᠷᠤᠰᠢᠵᠦ ᠪᠦᠬᠦᠢ ᠭᠡᠮ ᠰᠤᠭᠤᠭ ᠢ ᠭᠡᠭᠡᠭᠳᠡᠬᠦᠯᠦᠯ ᠦᠭᠡᠢ ᠪᠠᠶᠢᠴᠠᠭᠠᠵᠤ᠂ ᠨᠠᠷᠢᠨ ᠬᠢᠨᠠᠮᠠᠭᠠᠢ | ᠬᠤᠷᠰᠢᠨ ᠠᠵᠢᠯᠯᠠᠵᠦ᠂ ᠮᠡᠳᠡᠭᠡ ᠵᠠᠩᠬᠢ ᠶᠢᠨ ᠰᠠᠭᠠᠳ ᠦᠭᠡᠢ ᠶᠢ ᠪᠠᠲᠤᠯᠠᠨ᠂ ᠮᠠᠨ ᠤ ᠤᠷᠤᠨ ᠤ ᠴᠢᠬᠤᠯᠠ ᠶᠡᠭᠡ | ᠠᠵᠢᠯᠯᠠᠭ᠎ᠠ ᠶᠢᠨ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠪᠠᠲᠤᠯᠠᠬᠤ | ᠭᠡᠷᠡᠭᠳᠠᠢ᠃ ᠡᠭᠦᠨ ᠤ ᠵᠡᠷᠭᠡᠪᠡᠷ᠂ ᠬᠠᠷᠢᠶ᠎ᠠ ᠭᠠᠵᠠᠷ ᠤᠨ ᠬᠠᠮᠢᠶᠠᠷᠤᠯᠳᠠ᠂ ᠰᠠᠯᠠᠭ᠎ᠠ ᠮᠦᠴᠢᠷ ᠤᠨ ᠬᠢᠨᠠᠨ | ᠬᠠᠮᠢᠶᠠᠷᠤᠯᠳᠠ᠂ ᠠᠵᠦ ᠠᠬᠤᠶᠢᠯᠠᠯ ᠤᠨ ᠭᠤᠤᠯ ᠴᠤᠭᠴᠠ᠂ ᠰᠠᠯᠠᠭ᠎ᠠ ᠮᠦᠴᠢᠷ ᠬᠤᠷᠰᠢᠨ ᠬᠠᠮᠳᠤᠷᠠᠬᠤ ᠪᠤᠯᠤᠨ | ᠨᠡᠶᠢᠭᠡᠮ ᠤᠨ ᠡᠯ᠎ᠡ ᠡᠳᠡᠭᠡᠳ ᠤᠨ ᠬᠠᠷᠢᠭᠤᠴᠠᠯᠭ᠎ᠠ ᠶᠢ ᠰᠠᠶᠢᠲᠤᠷ ᠠᠳᠬᠤᠨ ᠨᠠᠶᠢᠳᠠᠪᠤᠷᠢᠵᠢᠭᠤᠯᠵᠤ᠂ ᠡᠨᠡ ᠵᠢᠯ ᠤᠨ | ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠡᠯ᠎ᠡ ᠲᠦᠷᠦᠯ ᠤᠨ ᠡᠭᠦᠷᠭᠡ ᠶᠢ ᠠᠮᠵᠢᠯᠳᠠᠳᠠᠢ | ᠪᠡᠶᠡᠯᠡᠬᠦᠯᠬᠦ ᠶᠢ ᠪᠠᠲᠤᠯᠠᠵᠦ᠂ ᠰᠠᠶᠢᠨ ᠰᠠᠶᠢᠬᠠᠨ ᠵᠤᠷᠢᠭ ᠰᠠᠨᠠᠭ᠎ᠠ ᠪᠠ ᠰᠢᠯᠢᠳᠡᠭ ᠠᠵᠢᠯ ᠤᠨ ᠬᠢᠷᠢ ᠪᠦᠲᠦᠮᠵᠢ ᠪᠠᠷ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠠᠳᠠᠢ ᠬᠤᠷᠠᠯᠳᠤᠬᠤ ᠪᠠ ᠦᠪᠡᠷᠳᠡᠭᠡᠨ ᠵᠠᠰᠬᠤ ᠤᠷᠤᠨ | ᠪᠠᠶᠢᠭᠤᠯᠤᠭᠳᠠᠭᠰᠠᠨ 70 ᠵᠢᠯ ᠤᠨ ᠤᠢ ᠶᠢ ᠪᠠᠶᠠᠷᠯᠠᠨ ᠪᠡᠯᠭᠡᠯᠡᠬᠦ ᠶᠢ ᠤᠭᠳᠤᠬᠤ ᠭᠡᠷᠡᠭᠳᠠᠢ ᠬᠡᠵᠦ ᠴᠢᠬᠤᠯᠠᠴᠢᠯᠠᠪᠠ᠃ | ᠬᠦᠬᠡᠬᠤᠳᠠ᠂ ᠪᠤᠭᠤᠳᠤ ᠬᠤᠳᠠ᠂ ᠬᠢᠩᠭᠠᠨ ᠠᠶᠢᠮᠠᠭ ᠪᠤᠯᠤᠨ ᠤᠷᠳᠤᠰ ᠬᠤᠳᠠ ᠵᠡᠷᠭᠡ 4 ᠠᠶᠢᠮᠠᠭ | ᠬᠤᠳᠠ ᠶᠢᠨ ᠬᠢᠨ ᠰᠤᠯᠢᠯᠴᠠᠭ᠎ᠠ ᠬᠢᠵᠦ ᠶᠠᠷᠢᠶ᠎ᠠ ᠲᠠᠯᠪᠢᠵᠠᠢ᠃ |