ᠥᠪᠥᠷ ᠮᠣᠩᠭᠤᠯ᠄ 2020 ᠣᠨ ᠪᠣᠯᠬᠤ ᠳᠤ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠶᠡᠭᠡ ᠰᠤᠷᠭᠠᠭᠤᠯᠢ 500᠎ ᠳᠤ ᠬᠦᠷᠬᠦ ᠪᠣᠯᠣᠨ᠎ᠠ
ᠨᠡᠶᠢᠲᠡᠯᠡᠭᠰᠡᠨ ᠴᠠᠭ᠄
2017/7/27
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ ᠂ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠦᠢᠯᠡᠰ ᠤᠨ ᠰᠢᠨᠵᠢᠯᠡᠬᠦ ᠤᠬᠠᠭᠠᠨᠴᠢ ᠬᠥᠭᠵᠢᠯᠲᠡ ᠶᠢ ᠠᠬᠢᠭᠤᠯᠬᠤ ᠶᠢᠨ ᠲᠣᠰᠠᠳᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠣᠶᠢᠷ᠎ᠠ ᠳᠤ ︽ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠬᠥᠭᠵᠢᠯᠲᠡ ᠶᠢᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶᠎ ᠢ ᠳᠠᠷᠤᠮᠠᠯᠯᠠᠨ ᠲᠠᠷᠬᠠᠭᠠᠪᠠ᠃      ︽ᠰᠠᠨᠠᠯ︾᠎ ᠳᠤ ᠲᠣᠳᠣᠷᠬᠠᠶ ᠬᠠᠷᠠᠯᠲᠠ ᠳᠤᠷᠠᠳᠴᠡᠢ᠄ 2020 ᠣᠨ ᠪᠣᠯᠬᠤ ᠳᠤ᠂ ᠡᠯ᠎ᠡ ᠵᠦᠢᠯ ᠤᠨ ᠬᠡᠯᠪᠡᠷᠢ ᠪᠠᠷ ᠪᠠᠶᠢᠩᠭᠤ ᠶᠢᠨ ᠴᠢᠨᠠᠷᠲᠠᠶ ᠰᠤᠷᠭᠠᠨ ᠬᠥᠮᠦᠵᠢᠯ ᠤᠨ ᠠᠵᠢᠯᠯᠠᠭ᠎ᠠ ᠳᠤ ᠣᠷᠣᠯᠴᠠᠬᠤ ᠨᠠᠰᠤᠲᠠᠶᠢᠴᠤᠳ ᠢ ᠪᠥᠬᠦ ᠣᠷᠣᠨ ᠤ ᠨᠠᠰᠤᠲᠠᠶᠢᠴᠤᠳ ᠤᠨ ᠬᠥᠮᠦᠨ ᠠᠮᠠ ᠶᠢᠨ ᠶᠡᠷᠦᠩᠬᠡᠶ ᠲᠣᠭᠠᠨ ᠳᠠᠬᠢ ᠬᠠᠷᠢᠴᠠᠯ ᠢ 20%᠎ ᠠᠴᠠ ᠳᠡᠭᠡᠭᠰᠢ ᠳᠤ ᠬᠦᠷᠦᠭᠦᠯᠦᠨ᠎ᠡ︔ ᠨᠠᠰᠤᠲᠠᠶᠢᠴᠤᠳ ᠤᠨ ᠰᠤᠷᠭᠠᠨ ᠬᠥᠮᠥᠵᠢᠯ ᠳᠤ ᠣᠷᠣᠯᠴᠠᠬᠤ ᠬᠥᠮᠦᠨ ᠤ ᠲᠤᠭ᠎ᠠ ᠶᠢ 80 ᠲᠦᠮᠡᠨ ᠠᠴᠠ ᠳᠡᠭᠡᠭᠰᠢ ᠳᠤ ᠬᠦᠷᠦᠭᠦᠯᠦᠨ᠎ᠡ᠂ ᠡᠭᠦᠨ ᠳᠤ ᠠᠯᠤᠰ ᠠᠴᠠ ᠵᠢᠭᠠᠬᠤ ᠰᠤᠷᠭᠠᠨ ᠬᠥᠮᠦᠵᠢᠯ ᠳᠤ ᠰᠣᠷᠣᠯᠴᠠᠬᠤ ᠨᠠᠰᠤᠲᠠᠶᠢᠴᠤᠳ ᠢ 50%᠎ ᠠᠴᠠ ᠳᠡᠭᠡᠭᠰᠢᠬᠢ ᠶᠢ ᠡᠵᠡᠯᠡᠭᠦᠯᠵᠦ᠂ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠶᠡᠭᠡ ᠰᠤᠷᠭᠠᠭᠤᠯᠢ ᠶᠢ 500᠎ ᠳᠤ ᠬᠦᠷᠦᠭᠦᠯᠵᠦ᠂ ᠨᠠᠰᠤᠲᠠᠶᠢᠴᠤᠳ ᠤᠨ ᠰᠤᠷᠤᠯᠴᠠᠬᠤ ᠪᠦᠯᠬᠦᠮ ᠨᠡᠶᠢᠲᠡ ᠶᠢ 1500᠎ ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠬᠥᠭᠵᠢᠯᠲᠡ ᠶᠢ ᠲᠤᠯᠭᠠᠭᠤᠷᠢᠯᠠᠬᠤ ᠨᠠᠰᠤᠲᠠᠶᠢᠴᠤᠳ ᠤᠨ ᠰᠤᠷᠤᠯᠴᠠᠬᠤ ᠡᠬᠢ ᠪᠠᠶᠠᠯᠢᠭ ᠤᠨ ᠬᠥᠮᠥᠷᠭᠡ ᠶᠢ ᠠᠩᠬ᠎ᠠ ᠠᠯᠬᠤᠮ ᠪᠠᠶᠢᠭᠤᠯᠤᠨ᠎ᠠ᠃      ︽ᠰᠠᠨᠠᠯ︾᠎ ᠳᠤ ᠳᠤᠷᠠᠳᠤᠭᠰᠠᠨ ᠨᠢ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠥᠷᠭᠡᠳᠬᠡᠵᠦ᠂ ᠬᠤᠳᠠ ᠬᠥᠳᠡᠭᠡ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠬᠥᠭᠵᠢᠯᠲᠡ ᠶᠢᠨ ᠣᠷᠣᠨ ᠵᠠᠶ ᠶᠢ ᠥᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠ ᠰᠤᠷᠭᠠᠨ ᠬᠥᠮᠦᠵᠢᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠶᠡᠭᠡ ᠰᠤᠷᠭᠠᠭᠤᠯᠢ ᠶᠢ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠨ᠎ᠠ᠃ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠡᠩ ᠤᠨ ᠶᠡᠭᠡ ᠳᠡᠭᠡᠳᠦ ᠰᠤᠷᠭᠠᠭᠤᠯᠢ ᠪᠣᠯᠤᠨ ᠠᠵᠢᠯ ᠮᠡᠷᠭᠡᠵᠢᠯ ᠤᠨ ᠰᠤᠷᠭᠠᠭᠤᠯᠢ ᠨᠤᠭᠤᠳ ᠨᠠᠰᠤᠲᠠᠶᠢᠴᠤᠳ ᠲᠤ ᠬᠠᠨᠳᠤᠭᠤᠯᠤᠭᠰᠠᠨ ᠬᠢᠴᠢᠶᠡᠯ ᠤᠨ ᠡᠬᠢ ᠪᠠᠶᠠᠯᠢᠭ ᠬᠠᠩᠭᠠᠬᠤ ᠶᠢ ᠲᠦᠯᠬᠢᠨ ᠠᠬᠢᠭᠤᠯᠤᠨ᠎ᠠ᠃ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠮᠡᠳᠡᠭᠡ ᠵᠠᠩᠭᠢᠵᠢᠯᠲᠠ ᠶᠢᠨ ᠠᠬᠢᠴᠠ ᠶᠢ ᠲᠥᠷᠭᠡᠳᠬᠡᠵᠦ᠂ ᠨᠠᠰᠤᠲᠠᠶᠢᠴᠤᠳ ᠤᠨ ᠰᠤᠷᠭᠠᠨ ᠬᠥᠮᠥᠵᠢᠯ ᠤᠨ ᠰᠤᠷᠤᠯᠴᠠᠬᠤ ᠡᠬᠢ ᠪᠠᠶᠠᠯᠢᠭ ᠤᠨ ᠲᠤᠭᠠᠵᠢᠭᠤᠯᠤᠭᠰᠠᠨ ᠬᠥᠮᠥᠷᠭᠡ ᠶᠢ ᠪᠠᠶᠢᠭᠤᠯᠣᠨ᠎ᠠ ᠭᠡᠵᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号