ᠦᠪᠦᠷ ᠵᠠᠰᠠᠭ ᠠᠯᠪᠠᠨ ᠲᠠᠷᠬᠠᠭᠠᠭᠰᠠᠨ ﹇2017﹈ 19 ᠳ᠋ᠤᠭᠡᠷ ᠲᠤᠭᠠᠳᠤ | 2017 ᠤᠨ ᠤ 2 ᠳ᠋ᠤᠭᠠᠷ ᠰᠠᠷ᠎ᠠ ᠶᠢᠨ 21 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠤᠷᠳᠤᠨ᠂ ᠦᠪᠡᠷᠳᠡᠬᠡᠨ ᠵᠠᠰᠠᠬᠤ ᠤᠷᠤᠨ ᠤ | ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠠ᠂ ᠡᠯ᠎ᠡ ᠲᠤᠮᠤ ᠠᠵᠦ ᠠᠬᠤᠶᠢᠯᠠᠯ᠂ ᠠᠵᠢᠯ ᠦᠢᠯᠡᠰ ᠤᠨ | ᠨᠢᠬᠡᠴᠡ ᠳᠤ᠄ | ᠵᠡᠮᠳᠡᠭ ᠪᠤᠯᠬᠤ ᠲᠦᠭᠰᠢᠭᠦᠷᠢ ᠭᠦᠮᠦᠨ ᠪᠦᠭᠦᠨ ᠳᠤ ᠳᠠᠭᠠᠷᠠᠯᠳᠤᠵᠦ ᠮᠡᠳᠡᠨ᠎ᠡ᠂ ᠵᠡᠮᠳᠡᠭ ᠪᠣᠯᠬᠤ ᠶᠢ | ᠤᠷᠢᠳᠴᠢᠯᠡᠨ ᠰᠡᠷᠬᠡᠶᠢᠯᠡᠬᠦ ᠨᠢ ᠬᠤᠪᠢ ᠭᠦᠮᠦᠨ ᠤ ᠡᠷᠡᠭᠦᠯ ᠡᠩᠬᠡ᠂ ᠬᠡᠷ ᠪᠦᠯᠢ ᠶᠢᠨ ᠵᠤᠯ ᠵᠢᠷᠭᠠᠯ᠂ ᠠᠵᠦ ᠠᠬᠤᠢ | ᠨᠡᠶᠢᠬᠡᠮ ᠤᠨ ᠭᠦᠭᠵᠢᠯᠳᠡ ᠲᠠᠢ ᠨᠢᠨᠨᠳᠠ ᠬᠠᠷᠢᠴᠠᠭ᠎ᠠ ᠲᠠᠢ ᠶᠤᠮ᠃ ᠮᠠᠨ ᠤ ᠤᠷᠤᠨ ᠳᠤ 158.58 ᠲᠦᠮᠡᠨ ᠵᠡᠮᠳᠡᠭ | ᠭᠦᠮᠦᠨ ᠪᠤᠢ᠂ ᠲᠤᠭ᠎ᠠ ᠬᠡᠮᠵᠢᠶ᠎ᠡ ᠪᠠᠷ ᠠᠷᠪᠢᠨ᠂ ᠲᠠᠷᠤᠭᠠᠰᠤ ᠪᠠᠷ ᠭᠦᠨᠳᠦ ᠪᠠᠶᠢᠨ᠎ᠠ᠃ ᠤᠶᠢᠷ᠎ᠠ ᠶᠢᠨ ᠵᠢᠯ ᠤᠳ ᠲᠤ᠂ | ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠲᠡᠬᠡᠳᠦ ᠬᠡᠮᠵᠢᠶᠡᠨ ᠤ | ᠴᠢᠬᠤᠯᠠᠴᠢᠯᠠᠭ᠎ᠠ ᠵᠢᠴᠢ ᠪᠦᠭᠦ ᠨᠡᠶᠢᠬᠡᠮ ᠤᠨ ᠬᠠᠮᠳᠤ ᠶᠢᠨ ᠴᠢᠷᠮᠠᠶᠢᠯᠠᠭ᠎ᠠ ᠲᠤᠤᠷ᠎ᠠ᠂ ᠮᠠᠨ ᠤ ᠤᠷᠤᠨ ᠤ ᠡᠮᠴᠢᠯᠡᠬᠡᠨ | ᠡᠷᠡᠭᠦᠯ ᠬᠠᠮᠠᠭᠠᠯᠠᠯ᠂ ᠠᠶᠤᠯ ᠦᠬᠡᠢ ᠦᠢᠯᠡᠳᠪᠦᠷᠢᠯᠡᠯ᠂ ᠵᠠᠮ ᠬᠠᠷᠢᠯᠴᠠᠭᠠᠨ ᠤ ᠠᠮᠤᠷ ᠲᠦᠪᠰᠢᠨ᠂ ᠵᠡᠮᠳᠡᠭᠴᠦᠳ ᠤᠨ | ᠡᠷᠡᠬᠦᠯᠵᠢᠯ ᠵᠡᠷᠬᠡ ᠠᠵᠢᠯ ᠲᠠᠰᠤᠷᠠᠯᠳᠠ ᠦᠬᠡᠢ ᠴᠢᠩᠭᠠᠷᠠᠵᠦ᠂ ᠬᠠᠯᠳᠠᠪᠤᠷᠢᠳᠤ ᠴᠢᠨᠠᠷᠳᠠᠢ ᠡᠪᠡᠳᠴᠢᠨ ᠡᠮᠬᠡᠭ᠂ ᠰᠢᠮ᠎ᠠ | ᠲᠡᠵᠢᠬᠡᠯ ᠲᠤᠳ᠋ᠬᠠᠳᠠᠬᠤ᠂ ᠡᠮ ᠳᠤ ᠬᠤᠤᠷᠳᠠᠬᠤ ᠵᠡᠷᠬᠡ ᠠᠴᠠ ᠪᠤᠯᠤᠨᠨᠰᠠᠨ ᠵᠡᠮᠳᠡᠭ ᠠᠷᠬᠠᠭ ᠶᠡᠭᠡ ᠬᠡᠮᠵᠢᠶ᠎ᠡ ᠪᠠᠷ | ᠪᠠᠭᠠᠰᠴᠤ᠂ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ ᠠᠵᠢᠯ ᠢᠯᠡᠳᠳᠡ ᠦᠷ᠎ᠡ ᠪᠦᠳᠦᠮᠵᠢ ᠤᠯᠪᠠ᠃ ᠬᠡᠪᠡᠴᠦ | ᠮᠠᠨ ᠤ ᠤᠷᠤᠨ ᠤ ᠵᠡᠮᠳᠡᠭ ᠪᠣᠯᠬᠤ ᠶᠢ ᠤᠷᠢᠳᠴᠢᠯᠡᠨ ᠰᠡᠷᠬᠡᠶᠢᠯᠡᠬᠦ ᠠᠵᠢᠯ ᠤᠨ ᠲᠤᠨᠨᠳᠠᠴᠠ ᠬᠠᠷᠠᠬᠠᠨ | ᠲᠡᠭᠦᠯᠳᠡᠷᠵᠢᠬᠡᠳᠦᠢ ᠪᠠᠶᠢᠵᠦ᠂ ᠵᠡᠮᠳᠡᠭ ᠪᠣᠯᠬᠤ ᠶᠢ ᠤᠷᠢᠳᠴᠢᠯᠡᠨ ᠰᠡᠷᠬᠡᠶᠢᠯᠡᠬᠦ ᠨᠡᠶᠢᠳᠡ ᠶᠢᠨ ᠦᠢᠯᠡᠴᠢᠯᠡᠬᠡᠨ ᠤ | ᠴᠢᠳᠠᠪᠤᠷᠢ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠭᠦᠳᠭᠦ ᠴᠢᠳᠠᠪᠤᠷᠢ᠂ ᠤᠯᠠᠨ ᠨᠡᠶᠢᠳᠡ ᠶᠢᠨ | ᠤᠷᠤᠯᠴᠠᠬᠤ ᠴᠢᠳᠠᠪᠤᠷᠢ ᠶᠢ ᠮᠦᠨ ᠭᠦ ᠲᠡᠬᠡᠭᠰᠢᠯᠡᠬᠦᠯᠬᠦ ᠴᠢᠬᠤᠯᠠᠳᠠᠢ ᠪᠠᠶᠢᠨ᠎ᠠ᠃ ᠮᠠᠨ ᠤ ᠤᠷᠤᠨ ᠶᠠᠭ ᠰᠠᠶ᠋ᠢᠬᠠᠨ | ᠭᠦᠮᠦᠨ ᠠᠮᠠ ᠶᠢᠨ ᠨᠠᠰᠤᠵᠢᠯᠳᠠ᠂ ᠠᠵᠦ ᠦᠢᠯᠡᠳᠪᠦᠷᠢᠵᠢᠯᠳᠡ᠂ ᠬᠤᠳᠠ ᠪᠠᠯᠭᠠᠰᠤᠵᠢᠯᠳᠠ ᠶᠢᠨ ᠠᠬᠢᠴᠠ ᠳᠤ | ᠤᠷᠤᠰᠢᠵᠦ᠂ ᠤᠳᠤᠮᠰᠢᠯ ᠤᠨ ᠴᠢᠨᠠᠷᠳᠠᠢ᠂ ᠲᠦᠷᠦᠯᠬᠢ ᠶᠢᠨ ᠴᠢᠨᠠᠷᠳᠠᠢ ᠵᠡᠮᠳᠡᠭ ᠠᠷᠬᠠᠭ ᠢ ᠪᠦᠳᠦᠮᠵᠢᠳᠡᠢ ᠡᠵᠡᠮᠳᠡᠵᠦ | ᠴᠢᠳᠠᠭᠠᠳᠤᠢ᠂ ᠬᠠᠭᠤᠴᠢᠨ ᠠᠷᠬᠠᠭ᠂ ᠤᠶᠤᠨ ᠮᠡᠳᠡᠷᠡᠯ ᠤᠨ ᠰᠠᠭᠠᠳ᠂ ᠰᠠᠨᠠᠭᠠᠨ ᠳᠤ ᠦᠬᠡᠢ ᠰᠢᠷᠬᠠᠳᠤᠯ | ᠵᠡᠷᠬᠡ ᠠᠴᠠ ᠡᠭᠦᠰᠦᠭᠰᠡᠨ ᠵᠡᠮᠳᠡᠭ ᠪᠤᠯᠬᠤ ᠲᠦᠭᠰᠢᠭᠦᠷᠢ ᠢᠯᠡᠳᠳᠡ ᠨᠡᠮᠡᠭᠳᠡᠵᠦ ᠪᠠᠶᠢᠬᠤ ᠪᠤᠯᠬᠤᠷ ᠠᠷᠭ᠎ᠠ ᠬᠡᠮᠵᠢᠶ᠎ᠡ | ᠠᠪᠴᠤ ᠪᠠᠶᠢᠭᠠᠳ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ ᠠᠵᠢᠯ ᠤᠨ ᠡᠷᠴᠢᠮ ᠢ ᠤᠯᠠᠮ ᠨᠢᠬᠡ ᠠᠯᠬᠤᠮ | ᠴᠢᠩᠭᠠᠷᠠᠭᠤᠯᠬᠤ ᠨᠢ ᠲᠦᠢᠯ ᠤᠨ ᠪᠠᠴᠢᠮ ᠲᠤᠯᠭᠠᠮ᠎ᠠ ᠪᠦᠬᠡᠳ ᠴᠢᠬᠤᠯᠠᠳᠠᠢ ᠪᠤᠯᠪᠠ᠃ | ︽ᠤᠯᠤᠰ ᠤᠨ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ ᠠᠵᠢᠯᠯᠠᠭᠠᠨ ᠤ ᠲᠦᠯᠦᠪᠯᠡᠭᠡ ︵2016 | — 2020 ᠤᠨ︶︾ ︵ᠲᠦᠷᠦ ᠠᠯᠪᠠᠨ ᠲᠠᠷᠬᠠᠭᠠᠨᠨᠰᠠᠨ ﹇2016﹈ 66 ᠳ᠋ᠤᠭᠠᠷ ᠲᠤᠭᠠᠳᠤ ᠪᠢᠴᠢᠭ | ᠮᠠᠲ᠋ᠧᠷᠢᠶᠠᠯ︶᠂ ︽ᠵᠡᠮᠳᠡᠭᠴᠦᠳ ᠤᠨ ᠠᠵᠢᠯ ᠦᠢᠯᠡᠰ ᠤᠨ ᠭᠦᠭᠵᠢᠯᠳᠡ ᠶᠢ ᠠᠬᠢᠭᠤᠯᠬᠤ ᠲᠤᠬᠠᠢ ᠦᠪᠦᠷ | ᠮᠤᠩᠭᠤᠯ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠡᠷᠡᠭᠵᠢᠬᠦᠯᠬᠦ ᠰᠠᠨᠠᠯ︾ ︵ᠦᠪᠦᠷ ᠨᠠᠮ ᠲᠠᠷᠬᠠᠭᠠᠨᠨᠰᠠᠨ | ﹇2009﹈ 6 ᠳ᠋ᠤᠭᠠᠷ ᠲᠤᠭᠠᠳᠤ︶᠂ ︽ᠵᠡᠮᠳᠡᠭᠴᠦᠳ ᠤᠨ ᠴᠢᠨᠡᠬᠡᠯᠢᠭ ᠨᠡᠶᠢᠬᠡᠮ ᠳᠤ ᠤᠷᠤᠬᠤ ᠠᠬᠢᠴᠠ ᠶᠢ | ᠠᠬᠢᠭᠤᠯᠬᠤ ᠲᠤᠬᠠᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ | ᠬᠡᠷᠡᠭᠵᠢᠬᠦᠯᠬᠦ ᠰᠠᠨᠠᠯ︾ ︵ᠦᠪᠦᠷ ᠵᠠᠰᠠᠭ ᠲᠠᠷᠬᠠᠭᠠᠨᠨᠰᠠᠨ ﹇2015﹈ 148 ᠳ᠋ᠤᠭᠠᠷ ᠲᠤᠭᠠᠳᠤ︶ ᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ ᠠᠵᠢᠯ ᠢ ᠤᠯᠠᠮ ᠨᠢᠬᠡ | ᠠᠯᠬᠤᠮ ᠴᠢᠩᠭᠠᠳᠬᠠᠨ᠂ ᠵᠡᠮᠳᠡᠭ ᠠᠷᠬᠠᠭ ᠡᠭᠦᠰᠴᠤ ᠭᠦᠭᠵᠢᠬᠦ ᠶᠢ ᠪᠦᠳᠦᠮᠵᠢᠳᠡᠢ ᠪᠠᠭᠠᠰᠬᠠᠬᠤ ᠪᠠ ᠡᠵᠡᠮᠳᠡᠵᠦ᠂ | ᠡᠷᠡᠭᠦᠯ ᠡᠩᠬᠡ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠬᠤ ᠶᠢᠨ ᠲᠤᠰᠠᠳᠠ᠂ ᠦᠪᠡᠷᠳᠡᠬᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠬᠡᠳ᠂ ᠡᠳᠦᠬᠡ ᠲᠤᠤᠷᠠᠬᠢ ᠮᠡᠳᠦ | ᠰᠠᠨᠠᠯ ᠢ ᠲᠤᠷᠠᠳᠪᠠ᠃ | ᠨᠢᠬᠡ᠂ ᠶᠡᠷᠦᠩᠬᠡᠢ ᠱᠠᠭᠠᠷᠳᠠᠯᠭ᠎ᠠ | ︵ᠨᠢᠬᠡ︶ ᠵᠢᠯᠤᠭᠤᠳᠬᠤ ᠦᠵᠡᠯ ᠰᠠᠨᠠᠭ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠤᠯᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠲᠦᠷᠪᠡᠳᠦᠬᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ | ᠵᠤᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠳ᠋ᠧᠩ ᠰᠢᠶᠤᠤ ᠫᠢᠩ ᠤᠨ ᠤᠨᠤᠯ᠂ | ︽ᠭᠤᠷᠪᠡ ᠶᠢ ᠲᠦᠯᠦᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠭᠦᠭᠵᠢᠯᠳᠡ ᠶᠢᠨ | ᠦᠵᠡᠯᠳᠡ ᠪᠠᠷ ᠵᠢᠯᠤᠭᠤᠳᠤᠯᠭ᠎ᠠ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠠᠯᠢ ᠤᠯᠠᠨ ᠴᠢᠬᠤᠯᠠ ᠶᠡᠭᠡ | ᠶᠠᠷᠢᠶᠠᠨ ᠤ ᠵᠤᠷᠢᠭ ᠰᠠᠨᠠᠭ᠎ᠠ ᠶᠢ ᠭᠦᠨᠵᠡᠬᠡᠢ ᠲᠤᠤᠱᠯᠠᠭᠤᠯᠵᠦ᠂ ᠨᠠᠮ ᠤᠨ ᠲᠦᠪ ᠬᠤᠷᠢᠶ᠎ᠠ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠰᠶᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠬᠢᠨᠠᠮᠠᠭᠠᠢ ᠨᠠᠶᠢᠳᠠᠪᠤᠷᠢᠵᠢᠭᠤᠯᠤᠨ | ᠂ ︽ᠲᠠᠪᠤ ᠶᠢ ᠨᠢᠬᠡ ᠴᠤᠨᠨᠴᠠᠵᠢᠭᠤᠯᠬᠤ︾ ᠪᠦᠭᠦ ᠲᠠᠯ᠎ᠠ ᠶᠢᠨ ᠪᠠᠶᠢᠷᠢᠰᠢᠭᠤᠯᠤᠯᠳᠠ ᠪᠠ ︽ᠲᠦᠷᠪᠡᠨ ᠪᠦᠭᠦ ᠲᠠᠯ᠎ᠠ︾ | ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠤᠰᠤᠭᠠᠷ᠂ ᠰᠢᠨ᠎ᠠ ᠶᠢ ᠡᠭᠦᠳᠭᠦ᠂ ᠵᠤᠬᠢᠴᠠᠩᠭᠤᠢ᠂ | ᠪᠤᠬᠢᠷᠳᠤᠯ ᠦᠬᠡᠢ᠂ ᠨᠡᠬᠡᠬᠡᠯᠳᠡ ᠲᠠᠢ᠂ ᠬᠠᠮᠳᠤ ᠪᠠᠷ ᠭᠦᠷᠳᠡᠬᠦ ᠭᠦᠭᠵᠢᠯᠳᠡ ᠶᠢᠨ ᠰᠢᠨ᠎ᠠ ᠤᠨᠤᠯᠵᠢᠬᠤᠨ ᠢ | ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠷᠠᠳ ᠲᠦᠮᠡᠨ ᠤ ᠡᠷᠡᠬᠦᠯ ᠡᠩᠬᠡ ᠶᠢ ᠬᠠᠮᠠᠭᠠᠯᠠᠬᠤ᠂ ᠠᠵᠦ ᠠᠬᠤᠢ | ᠨᠡᠶᠢᠬᠡᠮ ᠤᠨ ᠡᠷᠡᠭᠦᠯ ᠭᠦᠭᠵᠢᠯᠳᠡ ᠶᠢ ᠪᠠᠳᠤᠯᠠᠬᠤ ᠪᠠᠷ ᠦᠨᠳᠦᠰᠦᠨ ᠡᠭᠦᠰᠦᠴᠡ ᠪᠠ ᠲᠤᠰᠤᠯᠳᠠ ᠪᠤᠯᠭᠠᠨ᠂ | ᠤᠷᠢᠳᠠ ᠠᠴᠠ ᠬᠠᠰᠢᠵᠦ ᠬᠤᠷᠢᠬᠤ᠂ ᠤᠷᠢᠳᠴᠢᠯᠠᠨ ᠰᠡᠷᠬᠡᠶᠢᠯᠡᠬᠦ ᠪᠠᠷ ᠭᠤᠤᠯ ᠪᠤᠯᠭᠠᠬᠤ᠂ ᠭᠤᠤᠯ ᠰᠠᠨᠠᠭ᠎ᠠ ᠪᠠᠨ | ᠭᠦᠨ ᠪᠠᠶᠢᠢᠷᠢ ᠳᠤ ᠲᠠᠯᠪᠢᠬᠤ᠂ ᠪᠦᠭᠦ ᠠᠷᠠᠳ ᠢᠶᠠᠷ ᠢᠶᠠᠨ ᠭᠦᠳᠡᠯᠦᠯᠴᠡᠬᠦ᠂ ᠬᠠᠤᠯᠢ ᠶᠤᠰᠤᠭᠠᠷ ᠠᠬᠢᠭᠤᠯᠬᠤ᠂ | ᠰᠢᠨᠵᠢᠯᠡᠬᠦ ᠤᠬᠠᠭᠠᠨᠴᠢ ᠪᠠᠷ ᠠᠷᠭ᠎ᠠ ᠪᠤᠳᠤᠯᠭ᠎ᠠ ᠬᠡᠷᠡᠭᠵᠢᠬᠦᠯᠬᠦ ᠶᠢ ᠪᠠᠷᠢᠮᠳᠠᠯᠠᠵᠦ᠂ ᠵᠡᠮᠳᠡᠭ ᠪᠤᠯᠬᠤ ᠲᠦᠭᠰᠢᠬᠦᠷᠢ ᠶᠢ | ᠶᠡᠷᠦᠩᠬᠡᠶᠢᠯᠡᠨ ᠡᠵᠡᠮᠳᠡᠬᠦ ᠪᠦᠭᠦ ᠨᠡᠶᠢᠬᠡᠮ ᠤᠨ ᠴᠢᠳᠠᠪᠤᠷᠢ ᠶᠢ ᠴᠢᠷᠮᠠᠶᠢᠨ ᠲᠡᠬᠡᠭᠰᠢᠯᠡᠬᠦᠯᠦᠨ᠂ ᠵᠡᠮᠳᠡᠭ ᠠᠷᠬᠠᠭ | ᠡᠭᠦᠰᠬᠦ ᠶᠢ ᠪᠦᠳᠦᠮᠵᠢᠳᠡᠢ ᠡᠵᠡᠮᠳᠡᠬᠦ ᠪᠠ ᠪᠠᠭᠠᠰᠬᠠᠨ᠎ᠠ᠃ | ︵ᠬᠤᠶᠠᠷ︶ ᠦᠨᠳᠦᠰᠦᠨ ᠵᠠᠷᠴᠢᠮ᠃ | ᠵᠠᠰᠠᠭ ᠤᠨ ᠤᠷᠳᠤᠨ ᠢᠶᠠᠷ ᠭᠤᠤᠯᠯᠠᠭᠤᠯᠵᠦ᠂ ᠪᠦᠭᠦ ᠠᠷᠠᠳ ᠢᠶᠠᠷ ᠢᠶᠠᠨ ᠤᠷᠤᠯᠴᠠᠬᠤ ᠶᠢ ᠪᠠᠷᠢᠮᠳᠠᠯᠠᠨ᠎ᠠ᠃ | ᠵᠠᠰᠠᠭ ᠤᠨ ᠤᠷᠳᠤᠨ ᠤ ᠬᠠᠷᠢᠭᠤᠴᠠᠯᠭ᠎ᠠ ᠶᠢ ᠴᠢᠩᠭᠠᠷᠠᠭᠤᠯᠵᠦ᠂ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ | ᠲᠦᠷᠦ ᠶᠢᠨ ᠪᠤᠳᠤᠯᠭ᠎ᠠ ᠬᠠᠤᠯᠢ ᠲᠤᠨᠨᠳᠠᠭᠠᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠵᠡᠮᠳᠡᠭ ᠪᠣᠯᠬᠤ ᠶᠢ | ᠮᠡᠳᠡᠬᠦᠯᠬᠦ ᠲᠦᠷᠢᠮ ᠢ ᠪᠠᠶᠢᠭᠤᠯᠤᠨ᠂ ᠵᠡᠮᠳᠡᠭ ᠪᠣᠯᠬᠤ ᠠᠴᠠ ᠤᠷᠢᠳᠴᠢᠯᠠᠨ ᠰᠡᠷᠬᠡᠶᠢᠯᠡᠬᠦ ᠮᠡᠳᠡᠯᠬᠡ ᠶᠢᠨ ᠤᠬᠠᠭᠤᠯᠤᠯ | ᠭᠦᠮᠦᠵᠢᠯ ᠪᠠ ᠨᠡᠶᠢᠬᠡᠮ ᠲᠠᠶᠠᠭᠠᠷ ᠢ ᠲᠠᠶᠢᠴᠢᠯᠠᠬᠤ ᠶᠢ ᠴᠢᠩᠭᠠᠳᠬᠠᠵᠦ᠂ ᠵᠠᠰᠠᠭ ᠤᠨ ᠤᠷᠳᠤᠨ᠂ ᠨᠢᠬᠡᠴᠡ᠂ ᠬᠤᠪᠢ | ᠭᠦᠮᠦᠨ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂ ᠵᠤᠬᠢᠴᠠᠭᠤᠯᠤᠨ ᠬᠠᠮᠲᠤᠷᠠᠨ ᠭᠦᠳᠡᠯᠦᠯᠴᠡᠬᠦ ᠶᠢᠨ | ᠰᠡᠷᠬᠡᠶᠢᠯᠡᠨ ᠡᠵᠡᠮᠳᠡᠬᠦ ᠠᠵᠢᠯ ᠤᠨ ᠰᠢᠰᠲ᠋ᠧᠮᠵᠢ ᠶᠢ ᠪᠦᠷᠢᠯᠳᠦᠬᠦᠯᠦᠨ᠎ᠠ᠃ | ᠦᠨᠳᠦᠰᠦᠨ ᠱᠠᠳᠤᠨ ᠳᠤ ᠰᠠᠭᠤᠷᠢᠯᠠᠵᠦ᠂ ᠶᠡᠷᠦᠩᠬᠡᠶᠢᠯᠡᠨ ᠵᠢᠭᠠᠨ ᠵᠢᠯᠤᠭᠤᠳᠬᠤ ᠶᠢ ᠪᠠᠷᠢᠮᠳᠠᠯᠠᠨ᠎ᠠ᠃ | ᠨᠡᠶᠢᠬᠡᠮ ᠲᠤᠭᠤᠷᠢᠭ ᠪᠠ ᠬᠡᠷ ᠪᠦᠯᠢ ᠪᠠᠷ ᠰᠠᠭᠤᠷᠢ ᠪᠤᠯᠭᠠᠵᠦ᠂ ᠨᠢᠬᠡᠳᠦᠬᠡᠷ ᠲᠡᠰ ᠤᠨ ᠤᠷᠢᠳᠴᠢᠯᠠᠨ | ᠰᠡᠷᠬᠡᠶᠢᠯᠡᠯᠳᠡ ᠪᠠᠷ ᠭᠤᠤᠯᠳᠠᠯᠭ᠎ᠠ ᠪᠤᠯᠭᠠᠨᠨᠰᠠᠨ ᠭᠤᠷᠪᠠᠳᠤᠭᠠᠷ ᠲᠡᠰ ᠤᠨ ᠤᠷᠢᠳᠴᠢᠯᠠᠨ ᠰᠡᠷᠬᠡᠶᠢᠯᠡᠬᠦ ᠠᠵᠢᠯ ᠢ | ᠦᠷᠬᠡᠨ ᠢᠶᠠᠷ ᠦᠷᠨᠢᠬᠦᠯᠵᠦ᠂ ᠰᠢᠭᠰᠢᠨ ᠪᠠᠶᠢᠴᠠᠭᠠᠬᠤ᠂ ᠤᠨᠤᠰᠢᠯᠠᠨ ᠲᠤᠳᠤᠯᠠᠬᠤ᠂ ᠪᠠᠷᠢᠨ ᠮᠡᠳᠡᠬᠦᠯᠬᠦ᠂ | ᠡᠷᠡᠭᠦᠯᠵᠢᠯ ᠤᠨ ᠡᠮᠴᠢᠯᠡᠬᠡᠨ ᠢ ᠨᠢᠬᠡ ᠴᠤᠨᠨᠴᠠᠵᠢᠭᠤᠯᠤᠨᠨᠰᠠᠨ ᠦᠢᠯᠡᠴᠢᠯᠡᠬᠡᠨ ᠤ ᠲᠤᠤᠷ ᠰᠦᠯᠵᠢᠶᠡᠨ ᠤ | ᠪᠠᠶᠢᠭᠤᠯᠤᠯᠳᠠ ᠶᠢ ᠴᠢᠩᠭᠠᠳᠬᠠᠨ᠎ᠠ᠃ ᠠᠨᠠᠭᠠᠬᠤ ᠤᠬᠠᠭᠠᠨ᠂ ᠠᠵᠦ ᠠᠬᠤᠢ᠂ ᠬᠠᠤᠯᠢ ᠴᠠᠭᠠᠵᠠ᠂ ᠨᠡᠶᠢᠬᠡᠮ ᠨᠡᠶᠢᠳᠡ | ᠵᠡᠷᠬᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ᠂ ᠵᠡᠮᠳᠡᠭ ᠪᠤᠯᠤᠨᠨᠰᠠᠨ ᠭᠦᠴᠦᠨ ᠵᠦᠢᠯ᠂ ᠡᠪᠡᠳᠴᠢᠯᠡᠮᠡᠳᠡᠬᠡᠢ | ᠭᠦᠮᠦᠰ ᠲᠤ ᠭᠤᠤᠯᠴᠢᠯᠠᠨ ᠬᠠᠨᠳᠤᠭᠤᠯᠵᠦ᠂ ᠲᠤᠰᠬᠠᠢ ᠠᠷᠭ᠎ᠠ ᠬᠡᠮᠵᠢᠶ᠎ᠡ ᠠᠪᠴᠦ᠂ ᠭᠤᠤᠯᠳᠠᠯᠭ᠎ᠠ ᠲᠠᠢ ᠰᠡᠷᠬᠡᠶᠢᠯᠡᠨ | ᠡᠵᠡᠮᠳᠡᠬᠦ ᠶᠢ ᠬᠡᠷᠡᠭᠵᠢᠬᠦᠯᠤᠨ᠎ᠠ᠃ | ᠪᠤᠳᠠᠳᠠᠢ ᠳᠤ ᠰᠠᠭᠤᠷᠢᠯᠠᠵᠦ᠂ ᠰᠢᠨᠵᠢᠯᠡᠬᠦ ᠤᠬᠠᠭᠠᠨᠴᠢ ᠪᠠᠷ ᠠᠬᠢᠭᠤᠯᠬᠤ ᠶᠢ ᠪᠠᠷᠢᠮᠳᠠᠯᠠᠨ᠎ᠠ᠃ ᠤᠷᠤᠨ ᠤ | ᠦᠨᠳᠦᠰᠦᠨ ᠪᠠᠶᠢᠳᠠᠯ ᠪᠠ ᠡᠯ᠎ᠡ ᠭᠠᠵᠠᠷ ᠤᠨ ᠪᠤᠳᠠᠳᠠᠢ ᠳᠤ ᠰᠠᠭᠤᠷᠢᠯᠠᠵᠦ᠂ ᠤᠳᠤ ᠦᠶ᠎ᠡ ᠶᠢᠨ ᠰᠢᠨᠵᠢᠯᠡᠬᠦ ᠤᠬᠠᠭᠠᠨ | ᠮᠡᠷᠬᠡᠵᠢᠯ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠬᠢᠷᠠᠮᠵᠢᠳᠠᠢ ᠪᠦᠬᠡᠳ ᠦᠷ᠎ᠡ ᠪᠦᠳᠦᠮᠵᠢᠳᠡᠢ | ᠤᠷᠢᠳᠴᠢᠯᠠᠨ ᠰᠡᠷᠬᠡᠶᠢᠯᠡᠬᠦ ᠠᠷᠭ᠎ᠠ ᠬᠡᠮᠵᠢᠶ᠎ᠡ ᠪᠠ ᠮᠡᠷᠬᠡᠵᠢᠯ ᠢ ᠰᠤᠩᠭᠤᠨ ᠲᠡᠯᠬᠡᠷᠡᠭᠦᠯᠵᠦ᠂ ᠵᠡᠮᠳᠡᠭ ᠪᠣᠯᠬᠤ ᠶᠢ | ᠤᠷᠢᠳᠴᠢᠯᠠᠨ ᠰᠡᠷᠬᠡᠶᠢᠯᠡᠬᠦ ᠠᠵᠢᠯ ᠢ ᠲᠤᠰᠬᠠᠶᠢᠵᠢᠭᠤᠯᠵᠦ᠂ ᠮᠡᠳᠡᠭᠡ ᠵᠠᠩᠬᠢᠵᠢᠭᠤᠯᠵᠦ᠂ ᠰᠢᠨᠵᠢᠯᠡᠬᠦ ᠤᠬᠠᠭᠠᠨᠴᠢᠯᠠᠬᠤ | ᠬᠢᠷᠢ ᠬᠡᠮᠵᠢᠶ᠎ᠡ ᠶᠢ ᠲᠡᠬᠡᠭᠰᠢᠯᠡᠬᠦᠯᠤᠨ᠎ᠠ᠃ | ︵ᠭᠤᠷᠪᠠ︶ ᠠᠵᠢᠯ ᠤᠨ ᠬᠠᠷᠠᠯᠳᠠ᠃ | 2020 ᠤᠨ ᠪᠤᠯᠲᠠᠯ᠎ᠠ᠂ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ ᠠᠵᠢᠯ ᠤᠨ ᠲᠤᠨᠨᠳᠠᠴᠠ ᠪᠠ | ᠰᠡᠷᠬᠡᠶᠢᠯᠡᠨ ᠡᠵᠡᠮᠳᠡᠬᠦ ᠲᠤᠤᠷ ᠰᠦᠯᠵᠢᠶ᠎ᠡ ᠶᠢ ᠤᠯᠠᠮ ᠲᠡᠭᠦᠯᠳᠡᠷᠵᠢᠬᠦᠯᠵᠦ᠂ ᠵᠡᠮᠳᠡᠭ ᠪᠣᠯᠬᠤ ᠶᠢ ᠤᠷᠢᠳᠴᠢᠯᠠᠨ | ᠰᠡᠷᠬᠡᠶᠢᠯᠡᠬᠦ ᠨᠡᠶᠢᠬᠡᠮ ᠤᠨ ᠦᠵᠡᠯ ᠤᠬᠠᠮᠰᠠᠷ ᠬᠢᠬᠡᠳ ᠴᠢᠳᠠᠪᠤᠷᠢ ᠶᠢ ᠢᠯᠡᠳᠳᠡ ᠴᠢᠩᠭᠠᠷᠠᠭᠤᠯᠤᠨ᠂ ᠠᠳᠠᠯᠢ | ᠲᠡᠰ ᠤᠨ ᠤᠷᠤᠯᠭ᠎ᠠ ᠲᠠᠢ ᠭᠠᠵᠠᠷ ᠤᠷᠤᠨ ᠳᠠᠬᠢ ᠠᠳᠠᠯᠢᠳᠬᠠᠵᠦ ᠪᠤᠯᠬᠤ ᠵᠦᠢᠯ ᠤᠨ ᠵᠡᠮᠳᠡᠭ ᠪᠣᠯᠬᠤ ᠨᠤᠷᠮ᠎ᠠ ᠶᠢ | ᠨᠡᠯᠢᠶᠡᠳ ᠲᠤᠤᠷ᠎ᠠ ᠬᠢᠷᠢ ᠬᠡᠮᠵᠢᠶ᠎ᠡ ᠳᠤ ᠪᠠᠶᠢᠯᠭᠠᠨ᠎ᠠ᠃ | ᠬᠤᠶᠠᠷ᠂ ᠭᠤᠤᠯ ᠠᠵᠢᠯᠯᠠᠭ᠎ᠠ | ︵ᠨᠢᠬᠡ︶ ᠲᠦᠷᠦᠯᠬᠢ ᠶᠢᠨ ᠵᠡᠷᠡᠮᠳᠡᠭ ᠪᠠ ᠪᠤᠶᠢᠵᠢᠯᠳᠠ ᠶᠢᠨ ᠰᠠᠭᠠᠳ ᠠᠴᠠ ᠪᠣᠯᠬᠤ ᠵᠡᠮᠳᠡᠭ ᠢ ᠪᠦᠳᠦᠮᠵᠢᠳᠡᠢ | ᠡᠵᠡᠮᠳᠡᠨ᠎ᠠ᠃ | ᠤᠷᠤᠨᠨᠯᠠᠬᠤ ᠪᠠ ᠵᠢᠷᠮᠤᠰᠤᠯᠠᠬᠦ ᠠᠴᠠ ᠡᠮᠦᠨᠡᠬᠢ ᠡᠷᠡᠬᠦᠯ ᠴᠠᠬᠢᠷᠠᠭ ᠤᠨ ᠪᠠᠶᠢᠴᠠᠭᠠᠯᠳᠠ ᠶᠢ ᠴᠢᠩᠭᠠᠳᠬᠠᠨ᠎ᠠ᠃ | ᠤᠷᠤᠨᠨᠯᠠᠬᠤ ᠠᠴᠠ ᠡᠮᠦᠨᠡᠬᠢ ᠠᠨᠠᠭᠠᠬᠤ ᠤᠬᠠᠭᠠᠨ ᠤ ᠪᠠᠶᠢᠴᠠᠭᠠᠯᠳᠠ ᠶᠢ ᠢᠳᠡᠪᠬᠢᠳᠡᠢ ᠠᠬᠢᠭᠤᠯᠵᠦ᠂ ᠭᠦᠨᠳᠦ | ᠨᠤᠴᠢᠳᠠᠢ ᠤᠳᠤᠮᠯᠠᠯ ᠤᠨ ᠴᠢᠨᠠᠷᠳᠠᠢ ᠡᠪᠡᠳᠴᠢᠨ᠂ ᠲᠤᠨᠨᠳᠠᠭᠠᠨᠨᠰᠠᠨ ᠬᠠᠯᠳᠠᠪᠤᠷᠢᠯᠠᠬᠤ ᠡᠪᠡᠳᠴᠢᠨ᠂ ᠭᠦᠨᠳᠦ | ᠨᠤᠴᠢᠳᠠᠢ ᠤᠶᠤᠨ ᠮᠡᠳᠡᠷᠡᠯ ᠤᠨ ᠰᠠᠭᠠᠳ ᠢ ᠪᠠᠶᠢᠴᠠᠭᠠᠬᠤ ᠶᠢ ᠴᠢᠩᠭᠠᠳᠬᠠᠬᠤ ᠶᠢᠨ ᠬᠠᠮᠳᠤ ᠠᠨᠠᠭᠠᠬᠤ ᠤᠬᠠᠭᠠᠨ ᠤ | ᠰᠠᠨᠠᠯ ᠲᠤᠷᠠᠳᠤᠨ᠎ᠠ᠃ ᠵᠢᠷᠮᠦᠰᠦᠯᠡᠬᠦ ᠠᠴᠠ ᠡᠮᠦᠨᠡᠬᠢ ᠴᠢᠬᠢᠷᠠᠭ ᠲᠦᠷᠦᠬᠦ ᠡᠷᠡᠬᠦᠯ ᠴᠢᠬᠢᠷᠠᠭ ᠤᠨ ᠪᠠᠶᠢᠴᠠᠭᠠᠯᠳᠠ ᠶᠢ | ᠬᠡᠷᠡᠭᠵᠢᠬᠦᠯᠵᠦ᠂ ᠵᠢᠷᠮᠦᠰᠦᠯᠡᠬᠦ ᠪᠠᠷ ᠲᠦᠯᠦᠪᠯᠡᠵᠦ ᠪᠠᠶᠢᠭ᠎ᠠ ᠡᠷ᠎ᠡ ᠡᠮ᠎ᠠ ᠳᠤ ᠡᠷᠡᠭᠦᠯ ᠡᠩᠬᠡ ᠶᠢᠨ ᠭᠦᠮᠦᠵᠢᠯ᠂ | ᠠᠨᠠᠭᠠᠬᠤ ᠤᠬᠠᠭᠠᠨ ᠤ ᠪᠠᠶᠢᠴᠠᠭᠠᠯᠳᠠ᠂ ᠲᠦᠭᠰᠢᠬᠦᠷᠢ ᠶᠢᠨ ᠦᠨᠡᠯᠡᠯᠳᠡ ᠵᠢᠱᠢᠯᠳᠡ᠂ ᠯᠠᠪᠯᠠᠯᠭ᠎ᠠ ᠵᠢᠯᠤᠭᠤᠳᠤᠯᠭ᠎ᠠ | ᠵᠡᠷᠬᠡ ᠵᠢᠷᠮᠦᠰᠦᠯᠡᠬᠦ ᠠᠴᠠ ᠡᠮᠦᠨᠡᠬᠢ ᠴᠢᠬᠢᠷᠠᠭ ᠲᠦᠷᠦᠬᠦ ᠦᠢᠯᠡᠴᠢᠯᠡᠭᠡ ᠬᠠᠩᠭᠠᠵᠦ᠂ ᠨᠠᠪᠴᠢᠨ ᠤ ᠭᠦᠴᠢᠯ ᠢ | ᠨᠦᠭᠦᠵᠦ ᠰᠢᠮ᠎ᠠ ᠲᠡᠵᠢᠬᠡᠯ ᠤᠯᠬᠤ ᠪᠠᠷ ᠲᠠᠮᠵᠢᠭᠤᠯᠤᠨ ᠮᠡᠳᠡᠷᠡᠯ ᠤᠨ ᠴᠤᠷᠭᠤ ᠶᠢᠨ ᠵᠡᠷᠡᠮᠳᠡᠭ ᠪᠣᠯᠬᠤ ᠶᠢ | ᠤᠷᠢᠳᠴᠢᠯᠠᠨ ᠰᠡᠷᠬᠡᠶᠢᠯᠡᠬᠦ ᠶᠢ ᠠᠬᠢᠭᠤᠯᠤᠨ᠎ᠠ᠃ ᠵᠢᠷᠮᠦᠰᠦᠯᠡᠬᠦ ᠠᠴᠠ ᠡᠮᠦᠨᠡᠬᠢ ᠴᠢᠬᠢᠷᠠᠭ ᠲᠦᠷᠦᠬᠦ ᠡᠷᠡᠬᠦᠯ | ᠴᠢᠬᠢᠷᠠᠭ ᠤᠨ ᠪᠠᠶᠢᠴᠠᠭᠠᠯᠳᠠ ᠶᠢᠨ ᠨᠤᠷᠮ᠎ᠠ ᠶᠢ 80% ᠠᠴᠠ ᠲᠡᠬᠡᠭᠰᠢ ᠳᠤ ᠭᠦᠷᠦᠭᠦᠯᠦᠨ᠎ᠠ᠃ ︵ᠦᠪᠡᠷᠳᠡᠬᠡᠨ | ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ ᠲᠦᠷᠦᠭᠦᠯᠡᠨ ᠬᠢᠵᠦ᠂ ᠦᠪᠡᠷᠳᠡᠬᠡᠨ | ᠵᠠᠰᠠᠬᠤ ᠤᠷᠤᠨ ᠤ ᠡᠮᠡᠭᠳᠡᠶᠢᠴᠦᠳ ᠤᠨ ᠬᠤᠯᠪᠤᠭᠠᠳᠤ ᠬᠤᠷᠠᠯ᠂ ᠵᠡᠮᠳᠡᠭᠴᠦᠳ ᠤᠨ ᠬᠤᠯᠪᠤᠭᠠᠳᠤ ᠬᠤᠷᠠᠯ ᠡᠭᠦᠷᠬᠡ | ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ᠭᠦᠩᠬᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ᠂ ᠤᠨᠤᠰᠢᠯᠠᠨ ᠲᠤᠳᠤᠯᠠᠬᠤ ᠶᠢ ᠰᠠᠶᠢᠳᠤᠷ ᠬᠢᠨ᠎ᠠ᠃ ︽ | ᠭᠦᠩᠬᠡᠵᠢᠬᠦ ᠠᠴᠠ ᠡᠮᠦᠨᠡᠬᠢ ᠤᠨᠤᠰᠢᠯᠠᠨ ᠲᠤᠳᠤᠯᠠᠬᠤ ᠮᠡᠷᠬᠡᠵᠢᠯ ᠤᠨ ᠬᠠᠮᠢᠶᠠᠷᠤᠯᠳᠠ ᠶᠢᠨ ᠠᠷᠭ᠎ᠠ︾ ᠶᠢ | ᠨᠠᠶᠢᠳᠠᠪᠤᠷᠢᠵᠢᠭᠤᠯᠵᠦ᠂ ᠳ᠋ᠤᠤᠸᠠ ᠨᠡᠶᠢᠯᠡᠭ ᠬᠡᠮ᠂ ᠪᠡᠶ᠎ᠡ ᠶᠢᠨ ᠭᠠᠳᠠᠷᠭᠤ ᠨᠢ ᠭᠦᠨᠳᠦ ᠨᠤᠴᠢᠳᠠᠢ ᠵᠡᠷᠡᠮᠳᠡᠭ ᠲᠤᠳᠠᠭᠤ | ᠪᠤᠯᠤᠨᠨᠰᠠᠨ ᠬᠦᠨᠳᠤ ᠬᠡᠴᠡᠭᠦᠦ ᠲᠦᠷᠦᠯᠬᠢ ᠶᠢᠨ ᠵᠡᠷᠡᠮᠳᠡᠭ ᠭᠦᠩᠬᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠯᠳᠠ ᠪᠠ | ᠤᠨᠤᠰᠢᠯᠠᠨ ᠲᠤᠳᠤᠯᠤᠯᠳᠠ ᠶᠢ ᠦᠷᠨᠢᠬᠦᠯᠦᠨ᠂ ᠵᠢᠷᠮᠦᠰᠦᠯᠡᠬᠡᠳ 28 ᠭᠠᠷᠠᠭ ᠪᠤᠯᠤᠭᠠᠳᠤᠢ ᠪᠦᠰᠡᠭᠦ᠋ᠢᠴᠦᠳ ᠲᠤ | ᠭᠦᠩᠬᠡᠵᠢᠬᠦ ᠠᠴᠠ ᠡᠮᠦᠨᠡᠬᠢ ᠲᠦᠷᠦᠯᠬᠢ ᠶᠢᠨ ᠵᠡᠷᠡᠮᠳᠡᠭ ᠤᠨ ᠰᠢᠭᠰᠢᠨ ᠪᠠᠶᠢᠴᠠᠭᠠᠯᠳᠠ ᠶᠢ ᠰᠠᠶᠢᠨ ᠲᠤᠷ᠎ᠠ ᠶᠢᠨ | ᠪᠠᠶᠢᠳᠠᠯ ᠳᠤ ᠨᠠᠭᠠᠳᠤ ᠵᠠᠬ᠎ᠠ ᠳᠠᠭᠠᠨ 1 ᠤᠳᠠᠭ᠎ᠠ ᠭᠦᠯᠢᠶᠡᠨ ᠠᠪᠤᠭᠤᠯᠬᠤ ᠶᠢ ᠠᠯᠬᠤᠮ ᠠᠯᠬᠤᠮ ᠢᠶᠠᠷ ᠪᠡᠶᠡᠯᠡᠬᠦᠯᠦᠨ᠎ᠠ | ᠃ ᠭᠦᠩᠬᠡᠵᠢᠬᠦ ᠠᠴᠠ ᠡᠮᠦᠨᠡᠬᠢ ᠰᠢᠭᠰᠢᠨ ᠪᠠᠶᠢᠴᠠᠭᠠᠬᠤ ᠨᠤᠷᠮ᠎ᠠ ᠶᠢ 60% ᠠᠴᠠ ᠲᠡᠬᠡᠭᠰᠢ ᠳᠤ ᠭᠦᠷᠦᠭᠦᠯᠦᠨ᠎ᠠ᠃ ︵ | ᠦᠪᠡᠷᠳᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ ᠬᠠᠷᠢᠭᠤᠴᠠᠨ᠎ᠠ︶ | ᠨᠢᠯᠬ᠎ᠠ ᠬᠡᠤᠬᠡᠳ ᠵᠢᠴᠢ ᠬᠡᠤᠬᠡᠳ ᠪᠠᠭᠠᠴᠤᠳ ᠤᠨ ᠰᠢᠭᠰᠢᠨ ᠪᠠᠶᠢᠴᠠᠭᠠᠯᠳᠠ ᠪᠠ ᠵᠢᠭᠠᠨ ᠵᠢᠯᠤᠭᠤᠳᠤᠯᠭ᠎ᠠ ᠶᠢ | ᠴᠢᠩᠭᠠᠳᠬᠠᠨ᠎ᠠ᠃ ︽ᠨᠢᠯᠬ᠎ᠠ ᠬᠡᠤᠬᠡᠳ ᠤᠨ ᠡᠪᠡᠳᠴᠢᠨ ᠡᠮᠬᠡᠭ ᠢ ᠰᠢᠭᠰᠢᠨ ᠪᠠᠶᠢᠴᠠᠭᠠᠬᠤ ᠬᠠᠮᠢᠶᠠᠷᠤᠯᠳᠠ ᠶᠢᠨ | ᠠᠷᠭ᠎ᠠ︾ ᠶᠢ ᠨᠠᠶᠢᠳᠠᠪᠤᠷᠢᠵᠢᠭᠤᠯᠵᠦ᠂ ᠨᠢᠯᠬ᠎ᠠ ᠬᠡᠤᠬᠡᠳ ᠤᠨ ᠡᠪᠡᠳᠴᠢᠨ ᠡᠮᠬᠡᠭ ᠤᠨ ᠰᠢᠭᠰᠢᠨ ᠪᠠᠶᠢᠴᠠᠭᠠᠯᠳᠠ ᠶᠢ | ᠨᠡᠶᠢᠳᠡᠮ ᠦᠷᠨᠢᠬᠦᠯᠦᠨ᠎ᠠ᠃ ᠬᠡᠤᠬᠡᠳ ᠪᠠᠭᠠᠴᠤᠳ ᠤᠨ ᠡᠷᠡᠭᠦᠯ ᠮᠡᠨᠳᠦ ᠶᠢ ᠬᠠᠮᠠᠭᠠᠯᠠᠬᠤ ᠠᠵᠢᠯ ᠢ ᠰᠠᠶᠢᠳᠤᠷ ᠬᠢᠵᠦ᠂ | ᠨᠢᠯᠬ᠎ᠠ ᠬᠡᠤᠬᠡᠳ ᠢ ᠪᠤᠯᠭᠤᠭᠠᠵᠦ ᠦᠵᠡᠬᠦ᠂ ᠰᠢᠮ᠎ᠠ ᠲᠡᠵᠢᠬᠡᠯ ᠬᠢᠬᠡᠳ ᠲᠡᠵᠢᠬᠡᠵᠦ ᠦᠰᠬᠡᠬᠦ ᠵᠢᠭᠠᠨ ᠵᠢᠯᠤᠭᠤᠳᠤᠯᠭ᠎ᠠ᠂ | ᠦᠰᠦᠨ ᠪᠤᠶᠢᠵᠢᠯᠳᠠ ᠶᠢ ᠬᠢᠨᠠᠨ ᠰᠢᠨᠵᠢᠬᠦ᠂ ᠡᠷᠡᠭᠦᠯ ᠴᠢᠬᠢᠷᠠᠭ ᠤᠨ ᠯᠠᠪᠯᠠᠯᠳᠠ ᠬᠢᠬᠡᠳ ᠵᠢᠭᠠᠨ ᠵᠢᠯᠤᠭᠤᠳᠤᠯᠭ᠎ᠠ ᠶᠢ | ᠦᠷᠬᠡᠨ ᠢᠶᠠᠷ ᠦᠷᠨᠢᠬᠦᠯᠦᠨ᠂ ᠲᠦᠷᠦᠯᠬᠢ ᠶᠢᠨ ᠵᠡᠷᠡᠮᠳᠡᠭ ᠢ ᠰᠢᠭᠰᠢᠨ ᠪᠠᠶᠢᠴᠠᠭᠠᠬᠤ᠂ ᠤᠨᠤᠰᠢᠯᠠᠨ ᠲᠤᠳᠤᠯᠠᠬᠤ᠂ | ᠵᠢᠭᠠᠨ ᠵᠢᠯᠤᠭᠤᠳᠬᠤ ᠶᠢ ᠨᠢᠬᠡ ᠴᠤᠨᠨᠴᠠᠵᠢᠭᠤᠯᠤᠨᠨᠰᠠᠨ ᠠᠵᠢᠯ ᠤᠨ ᠲᠤᠨᠨᠳᠠᠴᠠ ᠶᠢ ᠪᠠᠶᠢᠭᠤᠯᠵᠦ᠂ ᠰᠢᠭᠰᠢᠨ | ᠪᠠᠶᠢᠴᠠᠭᠠᠯᠳᠠ ᠶᠢᠨ ᠬᠠᠮᠤᠷᠬᠤ ᠨᠤᠷᠮ᠎ᠠ ᠵᠢᠴᠢ ᠡᠮᠨᠡᠯᠬᠡ ᠰᠢᠯᠵᠢᠬᠦᠯᠤᠨ ᠤᠨᠤᠰᠢᠯᠠᠬᠤ ᠨᠤᠷᠮ᠎ᠠ᠂ ᠲᠠᠭᠠᠨ ᠤᠶᠢᠯᠠᠭᠠᠬᠤ | ᠨᠤᠷᠮ᠎ᠠ᠂ ᠵᠢᠭᠠᠨ ᠵᠢᠯᠤᠭᠤᠳᠬᠤ ᠨᠤᠷᠮ᠎ᠠ ᠶᠢ ᠲᠡᠬᠡᠭᠰᠢᠯᠡᠬᠦᠯᠦᠨ᠎ᠠ᠃ ᠨᠢᠯᠬ᠎ᠠ ᠬᠡᠤᠬᠡᠳ ᠵᠢᠴᠢ ᠬᠡᠤᠬᠡᠳ | ᠪᠠᠭᠠᠴᠤᠳ ᠤᠨ ᠵᠡᠮᠳᠡᠭ ᠪᠤᠯᠬᠤ ᠶᠢ ᠰᠢᠭᠰᠢᠨ ᠪᠠᠶᠢᠴᠠᠭᠠᠬᠤ ᠨᠤᠷᠮ᠎ᠠ ᠶᠢ 85% ᠠᠴᠠ ᠲᠡᠬᠡᠭᠰᠢ ᠳᠤ ᠭᠦᠷᠦᠭᠦᠯᠵᠦ᠂ | ᠵᠢᠭᠠᠨ ᠵᠢᠯᠤᠭᠤᠳᠬᠤ ᠨᠤᠷᠮ᠎ᠠ ᠶᠢ 80% ᠠᠴᠠ ᠲᠡᠬᠡᠭᠰᠢ ᠳᠤ ᠭᠦᠷᠦᠭᠦᠯᠦᠨ᠎ᠠ᠃ ︵ᠦᠪᠡᠷᠳᠡᠬᠡᠨ ᠵᠠᠰᠠᠬᠤ | ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠵᠡᠮᠳᠡᠭᠴᠦᠳ ᠤᠨ ᠬᠤᠯᠪᠤᠭᠠᠳᠤ ᠬᠤᠷᠠᠯ | ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ︵ᠬᠤᠶᠠᠷ︶ ᠡᠪᠡᠳᠴᠢᠨ ᠡᠮᠬᠡᠭ ᠠᠴᠠ ᠵᠡᠮᠳᠡᠭ ᠪᠤᠯᠬᠤ ᠶᠢ ᠭᠦᠴᠦᠯᠡᠨ ᠰᠡᠷᠬᠡᠶᠢᠯᠡᠵᠦ ᠡᠵᠡᠮᠳᠡᠨ᠎ᠠ᠃ | ᠬᠠᠯᠳᠠᠪᠤᠷᠢᠯᠠᠬᠤ ᠴᠢᠨᠠᠷᠳᠠᠢ ᠡᠪᠡᠳᠴᠢᠨ ᠡᠮᠬᠡᠭ ᠢ ᠪᠦᠳᠦᠮᠵᠢᠳᠡᠢ ᠡᠵᠡᠮᠰᠢᠨ᠎ᠠ᠃ ᠬᠠᠯᠳᠠᠪᠤᠷᠢᠳᠤ ᠴᠢᠨᠠᠷᠳᠠᠢ | ᠡᠪᠡᠳᠴᠢᠨ ᠢ ᠬᠢᠨᠠᠨ ᠰᠢᠨᠵᠢᠬᠦ ᠶᠢ ᠴᠢᠩᠭᠠᠳᠬᠠᠵᠦ᠂ ᠬᠢᠵᠢᠭ ᠤᠨ ᠪᠠᠶᠢᠴᠠᠭᠠᠯᠳᠠ ᠶᠢᠨ ᠮᠡᠳᠡᠭᠦᠯᠦᠯᠳᠡ᠂ ᠲᠡᠯᠬᠡᠷᠡᠮᠡᠯ | ᠲᠠᠬᠤᠯ ᠡᠪᠡᠳᠴᠢᠨ ᠤ ᠤᠬᠠᠭᠠᠨ ᠤ ᠪᠠᠶᠢᠴᠠᠭᠠᠨ ᠰᠤᠳᠤᠯᠤᠯᠳᠠ ᠵᠡᠷᠬᠡ ᠤᠷᠢᠳᠴᠢᠯᠠᠨ ᠰᠡᠷᠬᠡᠶᠢᠯᠡᠵᠦ ᠡᠵᠡᠮᠰᠢᠬᠦ | ᠠᠷᠭ᠎ᠠ ᠬᠡᠮᠵᠢᠶ᠎ᠡ ᠶᠢ ᠦᠷᠨᠢᠬᠦᠯᠦᠨ᠂ ᠬᠠᠯᠳᠠᠪᠤᠷᠢᠳᠤ ᠡᠪᠡᠳᠴᠢᠳᠠᠨ ᠤ ᠡᠮᠴᠢᠯᠡᠬᠡᠨ ᠤ ᠠᠪᠤᠷᠠᠨ ᠵᠠᠰᠠᠯᠳᠠ ᠶᠢ ᠰᠠᠶᠢᠳᠤᠷ | ᠬᠢᠨ᠎ᠠ᠃ ᠤᠯᠤᠰ ᠤᠨ ᠦᠯᠦ ᠬᠠᠯᠳᠠᠭᠠᠬᠤ ᠲᠦᠯᠦᠪᠵᠢᠬᠦᠯᠬᠡ ᠶᠢ ᠪᠦᠭᠦ ᠲᠠᠯ᠎ᠠ ᠪᠠᠷ ᠬᠡᠷᠡᠭᠵᠢᠬᠦᠯᠵᠦ᠂ ᠨᠤᠭᠤᠰᠤᠨ ᠤ | ᠪᠤᠷᠤ ᠡᠳ᠋ ᠤᠨ ᠦᠷᠪᠢᠰᠦᠯ᠂ ᠲᠡᠯᠬᠡᠷᠡᠮᠡᠯ ᠲᠠᠷᠢᠬᠢᠨ ᠤ B ᠦᠷᠪᠢᠰᠦᠯ ᠵᠡᠷᠬᠡ ᠠᠴᠠ ᠵᠡᠮᠳᠡᠭ ᠪᠤᠯᠬᠤ ᠬᠠᠯᠳᠠᠪᠤᠷᠢᠳᠤ | ᠡᠪᠡᠳᠴᠢᠨ ᠤ ᠸᠠᠺᠼᠢᠨ ᠤ ᠲᠠᠷᠢᠯᠭ᠎ᠠ ᠶᠢᠨ ᠨᠤᠷᠮ᠎ᠠ ᠶᠢ ᠦᠷᠭᠦᠯᠵᠢᠯᠡᠨ ᠨᠡᠯᠢᠶᠡᠳ ᠦᠨᠳᠦᠷ ᠬᠢᠷᠢ ᠬᠡᠮᠵᠢᠶ᠎ᠡ ᠳᠤ | ᠪᠠᠶᠢᠯᠭᠠᠨ᠎ᠠ᠃ ︽ᠸᠠᠺᠼᠢᠨ ᠤ ᠭᠦᠢᠯᠬᠡᠬᠡᠨ ᠪᠠ ᠤᠷᠢᠳᠴᠢᠯᠠᠨ ᠰᠡᠷᠬᠡᠶᠢᠯᠡᠬᠦ ᠲᠠᠷᠢᠯᠭ᠎ᠠ ᠶᠢᠨ ᠬᠠᠮᠢᠶᠠᠷᠤᠯᠳᠠ ᠶᠢᠨ | ᠲᠦᠷᠢᠮ︾ ᠢ ᠨᠠᠶᠢᠳᠠᠪᠤᠷᠢᠵᠢᠭᠤᠯᠵᠦ᠂ ᠸᠠᠺᠼᠢᠨ ᠬᠡᠷᠡᠭᠯᠡᠬᠦ ᠶᠢᠨ ᠠᠮᠤᠷ ᠲᠦᠪᠰᠢᠨ ᠢ ᠪᠠᠳᠤᠯᠠᠨ᠎ᠠ᠃ ᠦᠪᠡᠷᠳᠡᠬᠡᠨ | ᠵᠠᠰᠠᠬᠤ ᠤᠷᠤᠨ ᠤ ᠦᠯᠦ ᠬᠠᠯᠳᠠᠭᠠᠬᠤ ᠶᠢᠨ ᠲᠦᠯᠦᠪᠵᠢᠬᠦᠯᠬᠡ ᠶᠢᠨ ᠲᠤᠬᠢᠷᠠᠬᠤ ᠨᠠᠰᠤᠨ ᠤ ᠬᠡᠤᠬᠡᠳ ᠤᠨ | ᠸᠠᠺᠼᠢᠨ ᠤ ᠲᠠᠷᠢᠯᠭ᠎ᠠ ᠶᠢᠨ ᠨᠤᠷᠮ᠎ᠠ ᠶᠢ 90% ᠠᠴᠠ ᠲᠡᠬᠡᠭᠰᠢ ᠳᠤ ᠭᠦᠷᠦᠭᠦᠯᠦᠨ᠎ᠠ᠃ ︵ᠦᠪᠡᠷᠳᠡᠬᠡᠨ ᠵᠠᠰᠠᠬᠤ | ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ ᠬᠠᠷᠢᠭᠤᠴᠠᠨ᠎ᠠ︶ | ᠤᠷᠤᠨ ᠨᠤᠳᠤᠭ ᠤᠨ ᠴᠢᠨᠠᠷᠳᠠᠢ ᠡᠪᠡᠳᠴᠢᠨ ᠡᠮᠬᠡᠭ ᠢ ᠪᠦᠳᠦᠮᠵᠢᠳᠡᠢ ᠡᠵᠡᠮᠰᠢᠨ᠎ᠠ᠃ ᠤᠷᠤᠨ ᠨᠤᠳᠤᠭ ᠤᠨ | ᠡᠪᠡᠳᠴᠢᠨ ᠤ ᠲᠡᠯᠬᠡᠷᠡᠵᠦ ᠪᠠᠶᠢᠭ᠎ᠠ ᠪᠠᠶᠢᠳᠠᠯ ᠳᠤ ᠴᠢᠭᠯᠡᠬᠦᠯᠦᠨ᠂ ᠢᠤᠳ᠋ ᠨᠦᠭᠦᠪᠦᠷᠢᠯᠡᠬᠦ᠂ ᠵᠤᠤᠬ᠎ᠠ ᠲᠤᠯᠭ᠎ᠠ | ᠤᠰᠤ ᠶᠢ ᠦᠬᠡᠷᠡᠴᠢᠯᠡᠬᠦ᠂ ᠠᠷᠠᠳ ᠢ ᠨᠡᠭᠦᠯᠬᠡᠨ ᠰᠢᠯᠵᠢᠬᠦᠯᠬᠦ᠂ ᠡᠪᠡᠳᠴᠢᠨ ᠦᠬᠡᠢ ᠭᠠᠵᠠᠷ ᠤᠷᠤᠨ ᠤ ᠠᠮᠤ | ᠪᠤᠳᠠᠭ᠎ᠠ ᠶᠢ ᠢᠳᠡᠬᠦ᠂ ᠰᠤᠷᠬᠤ ᠨᠠᠰᠤᠨ ᠤ ᠬᠡᠤᠬᠡᠳ ᠪᠠᠭᠠᠴᠤᠳ ᠢ ᠤᠨᠳᠤᠤ ᠭᠠᠵᠠᠷ ᠲᠤ ᠭᠦᠮᠦᠵᠢᠬᠦᠯᠦᠨ ᠦᠰᠬᠡᠬᠦ | ᠵᠡᠷᠬᠡ ᠰᠡᠷᠬᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠬᠦᠯᠦᠨ᠂ ᠢᠤᠳ᠋ ᠲᠤᠳ᠋ᠬᠠᠳᠠᠬᠤ ᠡᠪᠡᠳᠴᠢᠨ᠂ ᠦᠶ᠎ᠡ | ᠬᠡᠰᠢᠬᠦᠦ ᠲᠤᠮᠤᠷᠠᠬᠤ ᠡᠪᠡᠳᠴᠢᠨ ᠵᠡᠷᠬᠡ ᠤᠷᠤᠨ ᠨᠤᠳᠤᠭ ᠤᠨ ᠭᠦᠨᠳᠦ ᠬᠡᠴᠡᠭᠦᠦ ᠡᠪᠡᠳᠴᠢᠨ ᠠᠴᠠ ᠵᠡᠮᠳᠡᠭ | ᠪᠤᠯᠬᠤ ᠶᠢ ᠦᠨᠳᠦᠰᠦᠨ ᠳᠡᠭᠡᠨ ᠠᠷᠢᠯᠭᠠᠨ᠎ᠠ᠃ ᠢᠤᠳ᠋ ᠲᠤᠳ᠋ᠬᠠᠳᠠᠬᠤ ᠡᠪᠡᠳᠴᠢᠨ ᠢ ᠦᠷᠭᠦᠯᠵᠢᠯᠡᠨ ᠠᠷᠢᠯᠭᠠᠬᠤ | ᠲᠦᠯᠦᠪ ᠪᠠᠶᠢᠳᠠᠯ ᠢ ᠪᠠᠳᠤᠯᠠᠵᠦ᠂ ᠹᠯᠤᠷ ᠲᠤ ᠬᠤᠤᠷᠳ᠋ᠬᠠᠳᠠᠬᠤ ᠶᠢ ᠡᠵᠡᠮᠰᠢᠬᠦ ᠪᠠ ᠦᠶ᠎ᠡ ᠬᠡᠰᠢᠬᠦᠦ ᠲᠤᠮᠤᠷᠠᠬᠤ | ᠡᠪᠡᠳᠴᠢᠨ᠂ ᠺᠤᠱᠠᠨ ᠡᠪᠡᠳᠴᠢᠨ ᠢ ᠠᠷᠢᠯᠭᠠᠬᠤ ᠬᠤᠰᠢᠭᠤ ᠰᠢᠶᠠᠨ ︵ᠬᠤᠳᠠ᠂ ᠲᠤᠭᠤᠷᠢᠭ︶ ᠢ 95% ᠠᠴᠠ | ᠲᠡᠬᠡᠭᠰᠢ ᠳᠤ ᠭᠦᠷᠦᠭᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠵᠦᠪᠯᠡᠯ ᠲᠦᠷᠦᠭᠦᠯᠡᠨ ᠬᠢᠵᠦ᠂ ᠡᠯ᠎ᠡ ᠠᠶᠢᠮᠠᠭ ᠬᠤᠳᠠ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ | ᠬᠤᠪᠢᠶᠠᠷᠢᠯᠠᠨ ᠬᠠᠷᠢᠭᠤᠴᠠᠨ᠎ᠠ︶ | ᠬᠠᠭᠤᠴᠢᠨ ᠠᠷᠬᠠᠭ ᠢ ᠰᠡᠷᠬᠡᠶᠢᠯᠡᠨ ᠵᠠᠰᠠᠬᠤ ᠶᠢ ᠴᠢᠩᠭᠠᠳᠬᠠᠨ᠎ᠠ᠃ ᠪᠦᠭᠦ ᠠᠷᠠᠳ ᠢᠶᠠᠷ ᠢᠶᠠᠨ ᠡᠷᠡᠭᠦᠯ | ᠰᠠᠷᠠᠭᠤᠯ ᠠᠮᠢᠳᠤᠷᠠᠬᠤ ᠠᠷᠭ᠎ᠠ ᠮᠠᠶ᠋ᠢᠭ ᠤᠨ ᠠᠵᠢᠯᠯᠠᠭ᠎ᠠ ᠶᠢ ᠦᠷᠨᠢᠬᠦᠯᠵᠦ᠂ ᠰᠢᠨᠵᠢᠯᠡᠬᠦ ᠤᠬᠠᠭᠠᠨᠴᠢ ᠪᠠᠷ ᠬᠤᠭᠤᠯᠠ | ᠭᠦᠨᠡᠰᠦ ᠢᠳᠡᠬᠦ᠂ ᠪᠦᠭᠦ ᠠᠷᠠᠳ ᠢᠶᠠᠷ ᠢᠶᠠᠨ ᠪᠡᠶ᠎ᠡ ᠪᠠᠨ ᠴᠠᠬᠢᠷᠬᠠᠵᠢᠭᠤᠯᠬᠤ᠂ ᠲᠠᠮᠠᠬᠢ ᠲᠠᠳᠠᠵᠦ ᠠᠷᠢᠬᠢ | ᠤᠤᠭᠤᠬᠤ ᠶᠢ ᠬᠢᠵᠠᠭᠠᠷᠯᠠᠬᠤ ᠶᠢ ᠠᠬᠢᠭᠤᠯᠤᠨ᠎ᠠ᠃ ᠰᠠᠭᠤᠭᠠᠯᠢ ᠠᠷᠠᠳ ᠲᠤ ᠲᠤᠨᠨᠳᠠᠮᠠᠯ ᠬᠤᠭᠤᠴᠠᠭ᠎ᠠ ᠲᠠᠢ ᠪᠡᠶ᠎ᠡ ᠶᠢᠨ | ᠪᠠᠶᠢᠴᠠᠭᠠᠯᠳᠠ ᠬᠢᠬᠦ ᠶᠢ ᠰᠠᠨᠠᠭᠠᠴᠢᠯᠠᠵᠦ᠂ ᠵᠠᠰᠠᠭ ᠤᠨ ᠤᠷᠳᠤᠨ ᠤ ᠪᠠᠶᠢᠭᠤᠯᠭ᠎ᠠ᠂ ᠠᠵᠦ ᠠᠬᠤᠶᠢᠯᠠᠯ ᠠᠵᠢᠯ | ᠦᠢᠯᠡᠰ ᠤᠨ ᠨᠢᠬᠡᠴᠡ᠂ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠭᠦᠳᠦᠯᠦᠨ ᠵᠢᠯᠤᠭᠤᠳᠴᠤ ᠪᠠᠶᠢᠭᠠᠳ ᠡᠷᠡᠭᠦᠯ | ᠡᠩᠬᠡ ᠶᠢᠨ ᠪᠡᠶ᠎ᠡ ᠪᠠᠶᠢᠴᠠᠭᠠᠬᠤ ᠲᠦᠷᠢᠮ ᠢ ᠪᠠᠶᠢᠭᠤᠯᠤᠨ᠎ᠠ᠃ ᠰᠠ ᠡᠪᠡᠳᠴᠢᠨ᠂ ᠵᠢᠷᠦᠬᠡ ᠴᠢᠰᠦᠨ ᠰᠤᠳᠠᠯ ᠤᠨ | ᠡᠪᠡᠳᠴᠢᠨ ᠵᠡᠷᠬᠡ ᠡᠪᠡᠳᠴᠢᠯᠡᠮᠡᠳᠡᠬᠡᠢ ᠭᠦᠮᠦᠰ ᠲᠤ ᠰᠢᠭᠰᠢᠨ ᠪᠠᠶᠢᠴᠠᠭᠠᠯᠳᠠ ᠦᠷᠨᠢᠬᠦᠯᠵᠦ᠂ ᠡᠷᠡᠬᠦᠯ ᠡᠩᠬᠡ ᠶᠢᠨ | ᠯᠠᠪᠯᠠᠯᠭ᠎ᠠ᠂ ᠵᠢᠭᠠᠨ ᠵᠢᠯᠤᠭᠤᠳᠤᠯᠭ᠎ᠠ ᠬᠠᠩᠭᠠᠨ᠂ ᠦᠨᠳᠦᠷ ᠴᠢᠰᠤᠨ ᠲᠠᠷᠤᠯᠳᠠ᠂ ᠰᠢᠬᠢᠷ ᠰᠢᠵᠢᠩ ᠡᠪᠡᠳᠴᠢᠨ ᠢ | ᠵᠢᠷᠤᠮᠵᠢᠭᠤᠯᠵᠦ ᠡᠮᠨᠡᠨ ᠵᠠᠰᠠᠬᠤ ᠵᠢᠴᠢ ᠬᠠᠮᠢᠶᠠᠷᠬᠤ ᠶᠢ ᠰᠠᠶᠢᠳᠤᠷ ᠬᠢᠨ᠎ᠠ᠃ ᠴᠢᠬᠢ ᠲᠦᠯᠡᠶᠢᠷᠡᠬᠦᠯᠬᠦ᠂ ᠬᠠᠷᠠᠭ᠎ᠠ | ᠠᠯᠳᠠᠭᠤᠯᠬᠤ ᠡᠪᠡᠳᠴᠢᠨ ᠡᠮᠬᠡᠭ ᠢ ᠡᠷᠳᠡ ᠠᠴᠠ ᠤᠨᠤᠰᠢᠯᠠᠨ ᠲᠤᠳᠤᠯᠠᠬᠤ᠂ ᠵᠢᠭᠠᠨ ᠵᠢᠯᠤᠭᠤᠳᠬᠤ ᠶᠢ | ᠦᠷᠨᠢᠬᠦᠯᠦᠨ᠎ᠠ᠃ ᠨᠢᠬᠡᠨᠳᠡ ᠬᠠᠮᠢᠶᠠᠷᠤᠨᠨᠰᠠᠨ ᠦᠨᠳᠦᠷ ᠴᠢᠰᠤᠨ ᠲᠠᠷᠤᠯᠳᠠᠳᠤ᠂ ᠰᠢᠬᠢᠷ ᠰᠢᠵᠢᠩ ᠡᠪᠡᠳᠴᠢᠳᠠᠨ ᠢ | ᠵᠢᠷᠤᠮᠵᠢᠭᠤᠯᠵᠦ ᠬᠠᠮᠢᠶᠠᠷᠬᠤ ᠨᠤᠷᠮ᠎ᠠ ᠶᠢ 60% ᠠᠴᠠ ᠲᠡᠬᠡᠭᠰᠢ ᠳᠤ ᠭᠦᠷᠦᠭᠦᠯᠦᠨ᠎ᠠ︔ ᠵᠠᠭᠤᠨ ᠲᠦᠮᠡᠨ ᠭᠦᠮᠦᠨ | ᠠᠮᠠ ᠶᠢᠨ ᠲᠤᠳᠤᠷᠠᠬᠢ ᠴᠠᠭᠠᠨ ᠬᠠᠷᠠᠩ ᠢ ᠬᠠᠷᠠᠭ᠎ᠠ ᠤᠷᠤᠭᠤᠯᠬᠤ ᠮᠡᠰᠡ ᠵᠠᠰᠠᠯ ᠤᠨ ᠨᠤᠷᠮ᠎ᠠ ︵GSR︶ ᠶᠢ | 2000 ᠠᠴᠠ ᠲᠡᠬᠡᠭᠰᠢ ᠳᠤ ᠬᠦᠷᠦᠭᠦᠯᠦᠨ᠎ᠡ᠃ ︵ᠦᠪᠡᠷᠳᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ | ᠲᠦᠯᠦᠪᠯᠡᠬᠡᠳᠦ ᠦᠷᠡᠵᠢᠯ ᠤᠨ ᠵᠦᠪᠯᠡᠯ᠂ ᠪᠡᠶ᠎ᠡ ᠶᠢᠨ ᠲᠠᠮᠢᠷ ᠤᠨ ᠲᠤᠪᠴᠢᠶ᠎ᠠ᠂ ᠵᠡᠮᠳᠡᠭᠴᠦᠳ ᠤᠨ ᠬᠤᠯᠪᠤᠭᠠᠳᠤ | ᠬᠤᠷᠠᠯ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ᠤᠶᠤᠨ ᠮᠡᠳᠡᠷᠡᠯ ᠤᠨ ᠡᠪᠡᠳᠴᠢᠨ ᠡᠮᠬᠡᠭ ᠢ ᠰᠡᠷᠬᠡᠶᠢᠯᠡᠨ ᠵᠠᠰᠠᠬᠤ ᠶᠢ ᠴᠢᠩᠭᠠᠳᠬᠠᠨ᠎ᠠ᠃ ᠰᠡᠳᠬᠢᠴᠡ ᠶᠢᠨ | ᠡᠷᠡᠭᠦᠯᠵᠢᠯ ᠢ ᠠᠬᠢᠭᠤᠯᠬᠤ ᠠᠵᠢᠯ ᠢ ᠢᠳᠡᠪᠬᠢᠳᠡᠢ ᠦᠷᠨᠢᠬᠦᠯᠵᠦ᠂ ᠬᠡᠢ ᠰᠤᠯᠢᠶ᠎ᠠ᠂ ᠠᠯᠽᠤᠶ᠋ᠢᠮᠤᠷ ᠡᠪᠡᠳᠴᠢᠨ᠂ | ᠭᠠᠩᠰᠠᠷᠠᠬᠤ ᠬᠡᠮ᠂ ᠦᠨᠦᠴᠢᠷᠡᠬᠦ ᠬᠡᠮ ᠠᠴᠠ ᠵᠡᠮᠳᠡᠭ ᠪᠤᠯᠭᠠᠬᠤ ᠤᠶᠤᠨ ᠮᠡᠳᠡᠷᠡᠯ ᠤᠨ ᠡᠪᠡᠳᠴᠢᠨ ᠡᠮᠬᠡᠭ ᠢ ᠰᠢᠭᠰᠢᠨ | ᠪᠠᠶᠢᠴᠠᠭᠠᠵᠦ ᠢᠯᠭᠠᠨ ᠲᠤᠳᠤᠯᠠᠬᠤ ᠪᠠ ᠡᠮᠨᠡᠨ ᠵᠠᠰᠠᠵᠦ ᠡᠷᠡᠬᠦᠯᠵᠢᠬᠦᠯᠬᠦ ᠶᠢ ᠴᠢᠩᠭᠠᠳᠬᠠᠨ᠂ ᠡᠮᠡᠭᠳᠡᠶᠢᠴᠦᠳ᠂ | ᠬᠡᠤᠬᠡᠳ᠂ ᠵᠠᠯᠠᠭᠤᠴᠤᠳ᠂ ᠦᠳᠡᠭᠦᠰ᠂ ᠵᠡᠮᠳᠡᠭᠴᠦᠳ ᠵᠡᠷᠬᠡ ᠳᠠᠬᠢ ᠰᠡᠳᠬᠢᠴᠡ ᠶᠢᠨ ᠡᠷᠡᠭᠦᠯᠵᠢᠯ ᠤᠨ | ᠦᠢᠯᠡᠴᠢᠯᠡᠭᠡ ᠶᠢ ᠰᠠᠶᠢᠳᠤᠷ ᠬᠢᠨ᠎ᠠ᠃ ᠰᠡᠳᠬᠢᠴᠡ ᠶᠢᠨ ᠬᠡᠮ ᠢ ᠲᠤᠰᠠᠯᠠᠨ ᠲᠡᠮᠵᠢᠬᠦ ᠶᠢ ᠬᠡᠨᠡᠳᠳᠡ ᠶᠢᠨ ᠬᠡᠷᠡᠭ ᠤᠨ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠦᠰᠦᠯ ᠳᠤ ᠤᠷᠤᠭᠤᠯᠵᠦ᠂ ᠬᠡᠨᠡᠳᠳᠡ ᠶᠢᠨ ᠤᠯᠠᠨ ᠨᠡᠶᠢᠳᠡ ᠶᠢᠨ ᠬᠡᠷᠡᠭ | ᠤᠴᠠᠷᠬᠠᠰᠠᠳ ᠲᠤ ᠰᠡᠳᠬᠢᠴᠡ ᠶᠢᠨ ᠬᠡᠮ ᠢ ᠲᠤᠰᠠᠯᠠᠨ ᠲᠡᠮᠵᠢᠬᠦ ᠦᠢᠯᠡᠴᠢᠯᠡᠭᠡ ᠬᠠᠩᠭᠠᠨ᠎ᠠ᠃ ᠤᠶᠤᠨ ᠮᠡᠳᠡᠷᠡᠯ ᠤᠨ | ᠰᠠᠭᠠᠳ ᠲᠠᠢ ᠡᠪᠡᠳᠴᠢᠳᠠᠨ ᠢ ᠠᠪᠤᠷᠠᠨ ᠵᠠᠰᠠᠵᠦ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠦ᠂ ᠱᠠᠩᠨᠠᠯ ᠢᠶᠠᠷ | ᠨᠦᠭᠦᠪᠦᠷᠢ ᠦᠭᠭᠦ ᠶᠢ ᠤᠷᠤᠯᠠᠭᠤᠯᠬᠤ ᠲᠦᠷᠦ ᠶᠢᠨ ᠪᠤᠳᠤᠯᠭ᠎ᠠ ᠶᠢ ᠬᠡᠷᠡᠭᠵᠢᠬᠦᠯᠦᠨ᠂ ᠬᠢᠨᠠᠯᠳᠠ ᠬᠠᠮᠢᠶᠠᠷᠤᠯᠳᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠦ᠂ ᠭᠦᠨᠳᠦ ᠨᠤᠴᠢᠳᠠᠢ ᠤᠶᠤᠨ ᠮᠡᠳᠡᠷᠡᠯ ᠤᠨ ᠰᠠᠭᠠᠳ ᠲᠠᠢ ᠡᠪᠡᠳᠴᠢᠳᠠᠨ ᠤ | ᠬᠡᠷᠡᠭ ᠦᠳᠦᠭᠡᠵᠦ ᠤᠷᠰᠢᠭ ᠲᠠᠳᠠᠬᠤ ᠶᠢ ᠡᠷᠡᠰ ᠰᠡᠷᠡᠮᠵᠢᠯᠡᠨ ᠰᠡᠷᠬᠡᠶᠢᠯᠡᠨ᠎ᠠ᠃ ᠠᠯᠪᠠᠳᠠᠯᠭ᠎ᠠ ᠪᠠᠷ ᠡᠮᠴᠢᠯᠡᠬᠦᠯᠵᠦ | ᠪᠠᠶᠢᠭ᠎ᠠ ᠭᠦᠨᠳᠦ ᠬᠡᠯᠪᠡᠷᠢ ᠶᠢᠨ ᠤᠶᠤᠨ ᠮᠡᠳᠡᠷᠡᠯ ᠤᠨ ᠡᠪᠡᠳᠴᠢᠳᠠᠨ ᠳᠤ ᠵᠡᠮᠳᠡᠭ ᠢ ᠨᠢ ᠦᠨᠡᠯᠡᠭᠰᠡᠨ ᠤ ᠲᠠᠷᠠᠭ᠎ᠠ᠂ | ᠵᠡᠮᠳᠡᠭᠴᠦᠳ ᠤᠨ ᠪᠠᠳᠤᠯᠠᠭ᠎ᠠ ᠶᠢᠨ ᠬᠡᠪᠴᠢᠶ᠎ᠡ ᠳᠤ ᠤᠷᠤᠭᠤᠯᠤᠨ᠎ᠠ᠃ ᠲᠠᠩᠰᠠᠯᠠᠨ ᠲᠡᠮᠳᠡᠭᠯᠡᠭᠦᠯᠦᠭᠰᠡᠨ ᠭᠦᠨᠳᠦ | ᠨᠤᠴᠢᠳᠠᠢ ᠤᠶᠤᠨ ᠮᠡᠳᠡᠷᠡᠯ ᠤᠨ ᠰᠠᠭᠠᠳ ᠲᠠᠢ ᠡᠪᠡᠳᠴᠢᠳᠠᠨ ᠳᠠᠬᠢ ᠬᠠᠮᠢᠶᠠᠷᠤᠯᠳᠠ ᠶᠢᠨ ᠨᠤᠷᠮ᠎ᠠ ᠶᠢ 80% ᠠᠴᠠ | ᠲᠡᠬᠡᠭᠰᠢ ᠳᠤ ᠭᠦᠷᠦᠭᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠵᠦᠪᠯᠡᠯ ᠲᠦᠷᠦᠭᠦᠯᠡᠵᠦ᠂ ᠲᠤᠳᠤᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ | ᠲᠢᠩᠬᠢᠮ᠂ ᠵᠡᠮᠳᠡᠭᠴᠦᠳ ᠤᠨ ᠬᠤᠯᠪᠤᠭᠠᠳᠤ ᠬᠤᠷᠠᠯ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ | ᠬᠠᠷᠢᠭᠤᠴᠠᠨ᠎ᠠ︶ | ︵ᠭᠤᠷᠪᠠ︶ ᠬᠡᠮᠳᠦᠯ ᠠᠴᠠ ᠵᠡᠮᠳᠡᠭ ᠪᠤᠯᠬᠤ ᠶᠢ ᠴᠢᠷᠮᠠᠶᠢᠨ ᠪᠠᠭᠠᠰᠬᠠᠨ᠎ᠠ᠃ ᠠᠶᠤᠯ ᠦᠬᠡᠢ | ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢ ᠴᠢᠩᠭᠠᠳᠬᠠᠨ᠎ᠠ᠃ ᠠᠵᠢᠯᠯᠠᠬᠤ ᠲᠠᠯᠠᠪᠤᠷ ᠭᠠᠵᠠᠷ ᠤᠨ ᠠᠵᠢᠯ | ᠮᠡᠷᠬᠡᠵᠢᠯ ᠤᠨ ᠠᠮᠤᠷ ᠲᠦᠪᠰᠢᠨ ᠤ ᠡᠷᠡᠭᠦᠯ ᠡᠩᠬᠡ ᠶᠢᠨ ᠬᠠᠮᠢᠶᠠᠷᠤᠯᠳᠠ ᠶᠢ ᠴᠢᠩᠭᠠᠷᠠᠭᠤᠯᠵᠦ᠂ ᠠᠵᠢᠯ ᠮᠡᠷᠬᠡᠵᠢᠯ ᠤᠨ | ᠠᠮᠤᠷ ᠲᠦᠪᠰᠢᠨ ᠡᠷᠡᠭᠦᠯ ᠡᠩᠬᠡ ᠶᠢᠨ ᠭᠦᠮᠦᠵᠢᠯ ᠢ ᠦᠷᠨᠢᠬᠦᠯᠦᠨ᠂ ᠭᠦᠳᠡᠯᠮᠦᠷᠢᠴᠢᠳ ᠤᠨ ᠠᠮᠤᠷ ᠲᠦᠪᠰᠢᠨ | ᠡᠷᠡᠭᠦᠯ ᠡᠩᠬᠡ ᠪᠠᠨ ᠰᠡᠷᠬᠡᠶᠢᠯᠡᠨ ᠬᠠᠮᠠᠭᠠᠯᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃ ᠵᠢᠷᠮᠦᠰᠦᠯᠡᠬᠦ ᠪᠠᠷ ᠪᠠᠶᠢᠭ᠎ᠠ ᠡᠷ᠎ᠡ | ᠡᠮ᠎ᠠ᠂ ᠵᠢᠷᠮᠦᠰᠦᠨ ᠡᠮᠡᠭᠳᠡᠶᠢᠴᠦᠳ ᠲᠤ ᠭᠦᠳᠡᠯᠮᠦᠷᠢ ᠶᠢᠨ ᠬᠠᠮᠠᠭᠠᠯᠠᠯᠳᠠ ᠶᠢ ᠭᠤᠤᠯᠳᠠᠯᠭ᠎ᠠ ᠲᠠᠢ ᠰᠠᠶᠢᠳᠤᠷ ᠬᠢᠵᠦ᠂ | ᠬᠤᠤᠷ ᠭᠦᠨᠦᠬᠡᠯᠳᠦ ᠪᠤᠳᠠᠰ ᠲᠠᠢ ᠤᠶᠢᠷᠠᠳᠤᠬᠤ ᠠᠴᠠ ᠵᠠᠶᠢᠯᠠᠰᠬᠢᠨ᠂ ᠠᠵᠢᠯ ᠮᠡᠷᠬᠡᠵᠢᠯ ᠤᠨ ᠬᠤᠤᠷ ᠭᠦᠨᠦᠬᠡᠯ ᠢ | ᠪᠠᠭᠠᠰᠬᠠᠨ᠎ᠠ᠃ ᠠᠵᠦ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ ᠶᠢᠨ ᠠᠵᠦ ᠠᠬᠤᠶᠢᠯᠠᠯ ᠤᠨ ᠠᠶᠤᠯ | ᠦᠬᠡᠢ ᠦᠢᠯᠡᠳᠪᠦᠷᠢᠯᠡᠯ ᠤᠨ ᠲᠠᠯᠳᠠ ᠬᠡᠮ ᠢ ᠵᠢᠨᠨᠰᠠᠭᠠᠨ ᠪᠠᠶᠢᠴᠠᠭᠠᠵᠦ ᠵᠠᠰᠠᠬᠤ ᠶᠢ ᠦᠷᠨᠢᠬᠦᠯᠵᠦ᠂ ᠡ᠊ᠨᠳᠡᠯ ᠤᠨ | ᠲᠦᠭᠰᠢᠬᠦᠷᠢ ᠶᠢ ᠰᠡᠷᠡᠮᠵᠢᠯᠡᠨ ᠰᠡᠷᠬᠡᠶᠢᠯᠡᠬᠦ᠂ ᠡ᠊ᠨᠳᠡᠯ ᠢ ᠠᠪᠤᠷᠠᠨ ᠲᠤᠰᠠᠯᠠᠬᠤ ᠪᠠ ᠪᠠᠴᠢᠮ ᠪᠠᠶᠢᠳᠠᠯ ᠢ ᠰᠶᠢᠳᠪᠦᠷᠢᠯᠡᠬᠦ | ᠴᠢᠳᠠᠪᠤᠷᠢ ᠶᠢ ᠲᠡᠬᠡᠭᠰᠢᠯᠡᠬᠦᠯᠦᠨ᠂ ᠠᠵᠢᠯ ᠤᠨ ᠬᠡᠮᠳᠦᠯ᠂ ᠠᠭᠤᠰᠬᠢᠨ ᠲᠤᠭᠤᠰᠤᠳᠠᠯ᠂ ᠠᠵᠢᠯ ᠮᠡᠷᠬᠡᠵᠢᠯ ᠤᠨ | ᠬᠤᠤᠷᠳᠠᠯ ᠵᠢᠴᠢ ᠪᠤᠰᠤᠳ ᠠᠵᠢᠯ ᠮᠡᠷᠬᠡᠵᠢᠯ ᠤᠨ ᠡᠪᠡᠳᠴᠢᠨ ᠠᠴᠠ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠨ᠎ᠠ | ᠃ ᠭᠠᠯ ᠢ ᠰᠡᠷᠬᠡᠶᠢᠯᠡᠬᠦ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠵᠦ᠂ ᠠᠮᠠᠷᠬᠠᠨ ᠨᠤᠴᠤᠵᠦ ᠲᠡᠯᠪᠡᠷᠡᠬᠦ | ᠪᠤᠳᠠᠰ ᠲᠠᠢ ᠨᠢᠬᠡᠴᠡ ᠪᠠ ᠨᠠᠰᠤᠳᠠᠨ ᠢ ᠠᠰᠠᠷᠠᠬᠤ ᠭᠠᠵᠠᠷ᠂ ᠦᠳᠡᠭᠦᠰ ᠢ ᠠᠰᠠᠷᠠᠨ ᠲᠡᠵᠢᠬᠡᠬᠦ ᠭᠠᠵᠠᠷ᠂ | ᠠᠰᠠᠷᠠᠮᠵᠢ ᠶᠢᠨ ᠭᠦᠷᠢᠶᠡᠯᠡᠩ᠂ ᠡᠮᠨᠡᠯᠬᠡ ᠶᠢᠨ ᠬᠤᠷᠢᠶ᠎ᠠ᠂ ᠨᠠᠰᠤᠨ ᠳᠤ ᠦᠯᠦ ᠭᠦᠷᠦᠭᠰᠡᠳ ᠢ ᠬᠠᠮᠠᠭᠠᠯᠠᠬᠤ ᠲᠦᠪ᠂ | ᠠᠪᠤᠷᠠᠨ ᠲᠤᠰᠠᠯᠠᠬᠤ ᠬᠠᠮᠢᠶᠠᠷᠤᠯᠳᠠ ᠶᠢᠨ ᠦᠷᠳᠡᠭᠡ᠂ ᠲᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ | ᠵᠡᠷᠬᠡ ᠭᠦᠮᠦᠨ ᠬᠠᠷ᠎ᠠ ᠨᠢᠨᠨᠳᠠᠷᠬᠠᠰᠠᠨ ᠲᠠᠯᠠᠪᠤᠷ ᠭᠠᠵᠠᠷ ᠤᠨ ᠭᠠᠯ ᠤᠨ ᠠᠶᠤᠯ ᠤᠨ ᠲᠠᠯᠳᠠ ᠬᠡᠮ ᠢ ᠵᠢᠨᠨᠰᠠᠭᠠᠨ | ᠪᠠᠶᠢᠴᠠᠭᠠᠵᠦ ᠴᠡᠭᠴᠡᠯᠡᠨ ᠵᠠᠰᠠᠨ᠎ᠠ᠃ ᠦᠢᠯᠡᠳᠪᠦᠷᠢᠯᠡᠯ ᠤᠨ ᠠᠮᠤᠷ ᠲᠦᠪᠰᠢᠨ ᠤ ᠡ᠊ᠨᠳᠡᠯ ᠡᠭᠦᠰᠬᠦ ᠲᠤᠭ᠎ᠠ᠂ ᠠᠳᠡᠵᠦ | ᠰᠢᠷᠬᠠᠳᠤᠬᠤ ᠭᠦᠮᠦᠨ ᠤ ᠲᠤᠭ᠎ᠠ ᠶᠢ 10% ᠠᠴᠠ ᠲᠡᠬᠡᠭᠰᠢ ᠪᠠᠷ ᠪᠠᠭᠤᠷᠠᠭᠤᠯᠤᠨ᠎ᠠ᠃ ︵ᠦᠪᠡᠷᠳᠡᠬᠡᠨ ᠵᠠᠰᠠᠬᠤ | ᠤᠷᠤᠨ ᠤ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠲᠤᠳᠤᠭᠠᠳᠤ ᠶᠢ ᠬᠠᠮᠠᠭᠠᠯᠠᠬᠤ ᠲᠢᠩᠬᠢᠮ | ᠲᠦᠷᠦᠭᠦᠯᠡᠵᠦ᠂ ᠦᠪᠡᠷᠳᠡᠬᠡᠨ ᠵᠠᠰᠬᠠᠤ ᠤᠷᠤᠨ ᠤ ᠰᠤᠷᠭᠠᠨ ᠭᠦᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ | ᠲᠢᠩᠬᠢᠮ᠂ ᠭᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ | ᠲᠦᠯᠦᠪᠯᠡᠬᠡᠳᠦ ᠦᠷᠡᠵᠢᠯ ᠤᠨ ᠵᠦᠪᠯᠡᠯ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠡᠨ ᠬᠠᠷᠢᠭᠤᠴᠠᠨ᠎ᠠ︶ | | ᠵᠠᠮ ᠬᠠᠷᠢᠯᠴᠠᠭ᠎ᠠ ᠶᠢᠨ ᠠᠮᠤᠷ ᠲᠦᠪᠰᠢᠨ ᠤ ᠬᠠᠮᠢᠶᠠᠷᠤᠯᠳᠠ ᠶᠢ ᠴᠢᠩᠭᠠᠳᠬᠠᠨ᠎ᠠ᠃ ᠵᠠᠮ ᠬᠠᠷᠢᠯᠴᠠᠭ᠎ᠠ ᠶᠢᠨ | ᠲᠠᠯᠳᠠ ᠬᠡᠮ ᠢ ᠪᠠᠶᠢᠴᠠᠭᠠᠨ ᠵᠠᠰᠠᠬᠤ ᠶᠢ ᠦᠷᠨᠢᠭᠦᠯᠵᠦ᠂ ᠵᠠᠰᠠᠮᠠᠯ ᠵᠠᠮ ᠵᠢᠴᠢ ᠲᠠᠭᠠᠯᠳᠠ ᠪᠡᠯᠡᠳᠬᠡᠮᠵᠢ ᠶᠢᠨ ᠤᠬᠢ | ᠰᠠᠶᠢᠨ ᠮᠡᠷᠬᠡᠵᠢᠯ ᠤᠨ ᠪᠠᠶᠢᠳᠠᠯ ᠳᠤ ᠪᠠᠶᠢᠯᠭᠠᠬᠤ ᠶᠢ ᠦᠨᠡᠨᠬᠦ ᠪᠠᠳᠤᠯᠠᠨ᠎ᠠ᠃ ᠮᠠᠰᠢᠨ ᠲᠡᠷᠬᠡ ᠶᠢᠨ ᠦᠢᠯᠡᠳᠬᠦᠨ ᠤ | ᠪᠦᠳᠦᠴᠡ ᠶᠢ ᠰᠢᠯᠢᠳᠡᠭᠵᠢᠬᠦᠯᠵᠦ᠂ ᠲᠡᠷᠬᠡ ᠭᠦᠰᠬᠡ ᠶᠢᠨ ᠠᠮᠤᠷ ᠲᠦᠪᠰᠢᠨ ᠤ ᠪᠠᠷᠢᠮᠵᠢᠶ᠎ᠠ ᠶᠢ ᠲᠡᠬᠡᠭᠰᠢᠯᠡᠬᠦᠯᠦᠨ᠎ᠠ᠃ | ᠵᠢᠯᠤᠭᠤᠴᠢ ᠶᠢᠨ ᠭᠦᠮᠦᠵᠢᠯ ᠪᠤᠯᠪᠠᠰᠤᠷᠠᠭᠤᠯᠤᠯ ᠢ ᠴᠢᠩᠭᠠᠳᠬᠠᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠤᠬᠠᠭᠤᠯᠭ᠎ᠠ ᠭᠦᠮᠦᠵᠢᠯ ᠢ ᠲᠤᠮᠳᠠᠳᠤ ᠪᠠᠭ᠎ᠠ ᠰᠤᠷᠭᠠᠭᠤᠯᠢ ᠳᠤ ᠨᠡᠶᠢᠳᠡᠮ ᠲᠦᠬᠡᠮᠡᠯᠵᠢᠬᠦᠯᠦᠨ᠂ ᠮᠠᠰᠢᠨ ᠲᠡᠷᠬᠡᠨ ᠳᠤ | ᠬᠡᠤᠬᠡᠳ ᠤᠨ ᠠᠮᠤᠷ ᠲᠦᠪᠰᠢᠨ ᠢ ᠬᠠᠮᠠᠭᠠᠯᠠᠬᠤ ᠰᠠᠭᠤᠳᠠᠯ ᠬᠡᠷᠡᠭᠯᠡᠬᠦ ᠶᠢ ᠲᠦᠬᠡᠮᠡᠯᠵᠢᠬᠦᠯᠦᠨ᠎ᠠ᠃ ᠵᠢᠭᠤᠯᠴᠢᠯᠠᠯ ᠤᠨ | ᠭᠦᠯᠦᠰᠦᠯᠡᠭᠰᠡᠨ ᠲᠡᠷᠬᠡ᠂ ᠡᠬᠡᠯᠵᠢ ᠶᠢᠨ ᠠᠶᠠᠨᠴᠢᠳ ᠤᠨ ᠲᠡᠬᠡᠬᠡᠪᠦᠷᠢ ᠶᠢᠨ ᠮᠠᠰᠢᠨ ᠲᠡᠷᠬᠡ᠂ ᠠᠶᠤᠯᠳᠤ ᠪᠤᠳᠠᠰ ᠤᠨ | ᠲᠡᠬᠡᠬᠡᠪᠦᠷᠢ ᠶᠢᠨ ᠮᠠᠰᠢᠨ ᠲᠡᠷᠬᠡ᠂ ᠰᠤᠷᠭᠠᠭᠤᠯᠢ ᠶᠢᠨ ᠮᠠᠰᠢᠨ ᠲᠡᠷᠬᠡ ᠵᠢᠴᠢ ᠰᠤᠷᠤᠨᠨᠴᠢ ᠭᠦᠷᠬᠡᠵᠦ ᠲᠤᠰᠬᠤ ᠲᠡᠷᠬᠡ | ᠭᠦᠰᠬᠡ ᠶᠢᠨ ᠬᠠᠮᠢᠶᠠᠷᠤᠯᠳᠠ ᠶᠢ ᠴᠢᠩᠭᠠᠳᠬᠠᠵᠦ᠂ ᠲᠡᠬᠡᠬᠡᠪᠦᠷᠢ ᠶᠢᠨ ᠠᠵᠦ ᠠᠬᠤᠶᠢᠯᠠᠯ ᠤᠨ ᠭᠤᠤᠯ ᠴᠤᠨᠨᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠳᠠᠯᠠᠨ᠎ᠠ᠃ ᠵᠠᠮ ᠬᠠᠷᠢᠯᠴᠠᠭᠠᠨ ᠤ ᠬᠠᠤᠯᠢ ᠠᠴᠠ ᠵᠦᠷᠢᠴᠡᠭᠰᠡᠨ | ᠭᠦᠨᠳᠦ ᠨᠤᠴᠢᠳᠠᠢ ᠠᠵᠢᠯᠯᠠᠭ᠎ᠠ ᠶᠢ ᠬᠠᠤᠯᠢ ᠶᠤᠰᠤᠭᠠᠷ ᠴᠢᠩᠭ᠎ᠠ ᠪᠠᠶᠢᠴᠠᠭᠠᠨ ᠰᠢᠳᠬᠡᠨ᠎ᠠ᠃ ᠵᠠᠮ ᠬᠠᠷᠢᠯᠴᠠᠭᠠᠨ ᠤ | ᠡ᠊ᠨᠳᠡᠯ ᠤᠨ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠲᠤᠨᠨᠳᠠᠴᠠ ᠶᠢ ᠲᠡᠭᠦᠯᠳᠡᠷᠵᠢᠬᠦᠯᠵᠦ᠂ ᠠᠪᠤᠷᠠᠬᠤ | ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ᠵᠠᠮ ᠬᠠᠷᠢᠯᠴᠠᠭᠠᠨ ᠳᠠᠬᠢ ᠲᠦᠮᠡᠨ ᠮᠠᠰᠢᠨ ᠲᠡᠷᠬᠡᠨ ᠤ ᠡ᠊ᠨᠳᠡᠯ ᠤᠨ | ᠨᠤᠷᠮ᠎ᠠ ᠶᠢ 6% ᠪᠠᠷ ᠪᠠᠭᠤᠷᠠᠭᠤᠯᠤᠨ᠎ᠠ᠃ ︵ᠦᠪᠡᠷᠳᠡᠬᠡᠨ ᠵᠠᠰᠬᠠᠤ ᠤᠷᠤᠨ ᠤ ᠰᠤᠷᠭᠠᠨ ᠭᠦᠮᠦᠵᠢᠯ ᠤᠨ ᠲᠢᠩᠬᠢᠮ᠂ | ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠵᠠᠮ | ᠬᠠᠷᠢᠯᠴᠠᠭ᠎ᠠ ᠲᠡᠬᠡᠬᠡᠪᠦᠷᠢ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠶᠠᠰᠤ | ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ ᠲᠤᠪᠴᠢᠶ᠎ᠠ᠂ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ | ᠲᠤᠪᠴᠢᠶ᠎ᠠ᠂ ᠵᠢᠭᠤᠯᠴᠢᠯᠠᠯ ᠤᠨ ᠲᠤᠪᠴᠢᠶ᠎ᠠ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ | ᠬᠠᠷᠢᠭᠤᠴᠠᠨ᠎ᠠ︶ | ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠪᠠ ᠢᠳᠡᠬᠡᠨ ᠡᠮ ᠤᠨ ᠵᠦᠢᠯ ᠤᠨ ᠠᠮᠤᠷ | ᠲᠦᠪᠰᠢᠨ ᠤ ᠬᠢᠨᠠᠯᠳᠠ ᠬᠠᠮᠢᠶᠠᠷᠤᠯᠳᠠ ᠶᠢ ᠪᠦᠭᠦ ᠲᠠᠯ᠎ᠠ ᠪᠠᠷ ᠴᠢᠩᠭᠠᠳᠬᠠᠨ᠎ᠠ᠃ ᠲᠠᠷᠢᠶᠠᠯᠠᠩ ᠮᠠᠯ ᠤᠨ ᠠᠰᠢᠭ | ᠰᠢᠮ᠎ᠠ ᠶᠢᠨ ᠪᠦᠳᠦᠬᠡᠭᠳᠡᠬᠦᠨ ᠪᠠ ᠢᠳᠡᠬᠡᠨ ᠤ ᠵᠦᠢᠯ ᠳᠤ ᠡᠪᠡᠳᠴᠢᠨ ᠡᠭᠦᠰᠬᠡᠬᠦ ᠪᠤᠯᠤᠮᠵᠢ ᠲᠠᠢ ᠮᠢᠺᠷᠤᠪ᠂ ᠲᠠᠷᠢᠶᠠᠨ | ᠡᠮ ᠤᠨ ᠦᠯᠡᠳᠡᠭᠳᠡᠯ᠂ ᠮᠠᠯ ᠤᠨ ᠡᠮ ᠤᠨ ᠦᠯᠡᠳᠡᠭᠳᠡᠯ᠂ ᠭᠦᠨᠳᠦ ᠲᠡᠮᠦᠷᠯᠢᠭ᠂ ᠪᠤᠬᠢᠷᠳᠤᠯᠳᠤ ᠪᠤᠳᠠᠰ ᠵᠢᠴᠢ | ᠭᠦᠮᠦᠨ ᠤ ᠮᠠᠬᠠᠪᠤᠳ ᠤᠨ ᠡᠷᠡᠭᠦᠯ ᠴᠢᠬᠢᠷᠠᠭ ᠢ ᠭᠦᠨᠦᠬᠡᠬᠦ ᠪᠤᠰᠤᠳ ᠪᠤᠳᠠᠰ ᠢ ᠰᠢᠯᠭᠠᠨ ᠪᠠᠶᠢᠴᠠᠭᠠᠬᠤ ᠪᠠ ᠬᠢᠨᠠᠨ | ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠦ᠂ ᠢᠳᠡᠬᠡᠨ ᠤ ᠵᠦᠢᠯ ᠤᠨ ᠠᠮᠤᠷ ᠲᠦᠪᠰᠢᠨ ᠤ ᠬᠡᠷᠡᠭ ᠢ ᠪᠦᠳᠦᠮᠵᠢᠳᠡᠢ | ᠰᠡᠷᠬᠡᠶᠢᠯᠡᠵᠦ᠂ ᠲᠤᠬᠢᠳᠠᠢ ᠠᠷᠭᠠᠴᠠᠨ᠎ᠠ᠃ ᠬᠠᠭᠤᠷᠮᠠᠭ ᠡᠮ᠂ ᠴᠢᠨᠠᠷ ᠮᠠᠭᠤ ᠡᠮ ᠦᠢᠯᠡᠳᠦᠨ ᠪᠤᠷᠤᠯᠠᠭᠤᠯᠬᠤ | ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠶᠢᠳᠪᠦᠷᠢᠯᠡᠵᠦ᠂ ᠡᠮᠴᠢᠯᠡᠬᠡᠨ ᠳᠤ ᠬᠡᠷᠡᠭᠯᠡᠬᠦ ᠡᠮ ᠢ ᠵᠢᠷᠤᠮᠵᠢᠭᠤᠯᠤᠨ᠂ ᠡᠮ | ᠲᠠᠩ ᠤᠨ ᠡᠷᠡᠬᠦᠯ ᠪᠤᠰᠤ ᠢᠯᠡᠷᠡᠯ ᠢ ᠬᠢᠨᠠᠨ ᠰᠢᠨᠵᠢᠬᠦ ᠪᠠᠨ ᠴᠢᠩᠭᠠᠳᠬᠠᠨ᠎ᠠ᠃ ︵ᠦᠪᠡᠷᠳᠡᠬᠡᠨ ᠵᠠᠰᠠᠬᠤ ᠤᠷᠤᠨ ᠤ | ᠢᠳᠡᠬᠡᠨ ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠲᠤᠪᠴᠢᠶ᠎ᠠ᠂ ᠲᠡᠷᠢᠶᠠᠯᠠᠩ ᠮᠠᠯ ᠠᠵᠦ ᠠᠬᠤᠢ ᠶᠢᠨ ᠲᠢᠩᠬᠢᠮ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠳᠠ ᠲᠠᠯᠪᠢᠬᠤ ᠲᠤᠪᠴᠢᠶ᠎ᠠ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ᠤᠤᠭᠤᠬᠤ ᠤᠰᠤ ᠪᠠ ᠠᠭᠠᠷ ᠤᠨ ᠪᠤᠬᠢᠷᠳᠤᠯ ᠤᠨ ᠵᠠᠰᠠᠯᠳᠠ ᠶᠢ ᠵᠢᠭᠠᠨ ᠵᠢᠯᠤᠭᠤᠳᠬᠤ ᠪᠠᠨ ᠴᠢᠩᠭᠠᠳᠬᠠᠨ᠎ᠠ᠃ | ᠪᠤᠬᠢᠷᠳᠤᠯ ᠦᠬᠡᠢ ᠤᠰᠤᠨ ᠴᠤᠨᠨᠴᠠ ᠪᠠ ᠤᠤᠭᠤᠬᠤ ᠤᠰᠤᠨ ᠤ ᠡᠬᠢ ᠶᠢ ᠴᠢᠩᠭ᠎ᠠ ᠬᠠᠮᠠᠭᠠᠯᠠᠵᠦ᠂ ᠪᠦᠭᠦ | ᠤᠷᠤᠨ ᠤ ᠬᠤᠳᠠ ᠭᠦᠳᠡᠭᠡ ᠶᠢᠨ ᠤᠤᠭᠤᠬᠤ ᠤᠰᠤᠨ ᠤ ᠡᠷᠡᠭᠦᠯ ᠬᠠᠮᠠᠭᠠᠯᠠᠯ ᠤᠨ ᠬᠢᠨᠠᠨ ᠰᠢᠨᠵᠢᠯᠳᠠ ᠶᠢ ᠪᠦᠭᠦ | ᠲᠠᠯ᠎ᠠ ᠪᠠᠷ ᠴᠢᠩᠭᠠᠳᠬᠠᠨ᠂ ᠪᠦᠭᠦ ᠤᠷᠤᠨ ᠤ ᠤᠤᠭᠤᠬᠤ ᠤᠰᠤᠨ ᠤ ᠤᠰᠤᠨ ᠴᠤᠨᠨᠴᠠ ᠶᠢᠨ ᠦᠨᠳᠦᠰᠦᠨ ᠪᠠᠶᠢᠳᠠᠯ ᠢ | ᠴᠠᠭ ᠲᠤᠬᠠᠢ ᠳᠤᠨᠢ ᠡᠵᠡᠮᠳᠡᠵᠦ᠂ ᠠᠮᠢᠳᠤᠷᠠᠯ ᠤᠨ ᠤᠤᠭᠤᠬᠤ ᠤᠰᠤᠨ ᠤ ᠪᠠᠷᠢᠮᠵᠢᠶ᠎ᠠ ᠳᠤ ᠭᠦᠷᠦᠭᠦᠯᠬᠦ ᠶᠢ ᠪᠠᠳᠤᠯᠠᠨ᠎ᠠ | ᠃ ᠭᠦᠳᠡᠭᠡ ᠲᠤᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠬᠢᠵᠢᠬᠦᠯᠵᠦ ᠲᠡᠬᠡᠭᠰᠢᠯᠡᠬᠦᠯᠬᠦ | ᠢᠨᠵᠧᠨᠧᠷᠢᠩ ᠢ ᠬᠡᠷᠡᠭᠵᠢᠬᠦᠯᠵᠦ᠂ ᠤᠰᠤ ᠠᠴᠠ ᠪᠤᠯᠤᠨᠨᠰᠠᠨ ᠡᠪᠡᠳᠴᠢᠨ ᠲᠠᠬᠤᠯ ᠲᠠᠢ ᠤᠷᠤᠨ ᠤ ᠤᠰᠤ ᠪᠠᠨ | ᠰᠠᠶᠢᠵᠢᠷᠠᠭᠤᠯᠬᠤ ᠶᠢ ᠵᠢᠭᠠᠨ ᠵᠢᠯᠤᠭᠤᠳᠤᠨ᠎ᠠ᠃ ᠠᠭᠠᠷ ᠤᠨ ᠪᠤᠬᠢᠷᠳᠤᠯ ᠵᠡᠷᠬᠡ ᠤᠷᠴᠢᠨ ᠲᠤᠭᠤᠷᠢᠨ ᠤ ᠪᠤᠬᠢᠷᠳᠤᠯ ᠤᠨ | ᠭᠦᠮᠦᠰ ᠤᠨ ᠡᠷᠡᠬᠦᠯ ᠮᠡᠨᠳᠦ ᠳᠤ ᠦᠵᠡᠬᠦᠯᠬᠦ ᠨᠦᠯᠦᠬᠡ ᠶᠢᠨ ᠬᠢᠨᠠᠨ ᠰᠢᠨᠵᠢᠯᠳᠡ ᠶᠢ ᠦᠷᠨᠢᠬᠦᠯᠵᠦ᠂ ᠴᠠᠭ | ᠲᠤᠬᠠᠢ ᠳᠤᠨᠢ ᠵᠠᠰᠠᠵᠦ ᠵᠢᠭᠠᠨ ᠵᠢᠯᠤᠭᠤᠳᠤᠨ᠎ᠠ᠃ ︵ᠦᠪᠡᠷᠳᠡᠬᠡᠨ ᠵᠠᠰᠠᠬᠤ ᠤᠷᠤᠨ ᠤ ᠤᠷᠴᠢᠨ ᠲᠤᠭᠤᠷᠢᠨ ᠤ | ᠬᠠᠮᠠᠭᠠᠯᠠᠯᠳᠠ ᠶᠢᠨ ᠲᠢᠩᠬᠢᠮ᠂ ᠤᠰᠤᠨ ᠠᠰᠢᠨᠨᠯᠠᠯᠳᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠵᠦᠪᠯᠡᠯ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ᠭᠠᠮᠰᠢᠭ ᠢ ᠰᠡᠷᠬᠡᠶᠢᠯᠡᠵᠦ ᠭᠠᠮᠰᠢᠭ ᠢ ᠪᠠᠭᠠᠰᠬᠠᠬᠤ ᠴᠢᠳᠠᠪᠤᠷᠢ ᠶᠢ ᠴᠢᠩᠭᠠᠳᠬᠠᠨ᠎ᠠ᠃ ᠴᠠᠭ ᠠᠭᠤᠷ᠂ ᠦᠶᠡᠷ | ᠤᠰᠤᠳᠤᠯ᠂ ᠰᠠᠯᠬᠢ ᠮᠦᠨᠳᠦᠷ᠂ ᠴᠠᠭᠠᠨ ᠵᠤᠳ᠂ ᠭᠠᠵᠠᠷ ᠭᠦᠳᠡᠯᠦᠯᠳᠡ᠂ ᠭᠠᠵᠠᠷ ᠰᠢᠨᠵᠢᠯᠡᠬᠡᠨ ᠤ ᠭᠠᠮᠰᠢᠭ | ᠵᠡᠷᠬᠡ ᠶᠢ ᠬᠢᠨᠠᠨ ᠰᠢᠨᠵᠢᠬᠦ ᠪᠠ ᠤᠷᠢᠳᠴᠢᠯᠠᠨ ᠰᠡᠷᠡᠮᠵᠢᠯᠡᠵᠦ ᠤᠷᠢᠳᠴᠢᠯᠠᠨ ᠮᠡᠳᠡᠬᠦᠯᠬᠦ ᠰᠢᠰᠲ᠋ᠧᠮ ᠢ ᠪᠦᠷᠢᠨᠰᠢᠬᠦᠯᠵᠦ᠂ | ᠦᠪᠡᠷᠳᠡᠬᠡᠨ ᠵᠠᠰᠠᠬᠤ ᠤᠷᠤᠨ ᠤ ᠬᠡᠨᠡᠳᠳᠡ ᠶᠢᠨ ᠬᠡᠷᠡᠭ ᠢ ᠤᠷᠢᠳᠴᠢᠯᠡᠨ ᠰᠡᠷᠬᠡᠶᠢᠯᠡᠬᠦ ᠮᠡᠳᠡᠭᠡ ᠵᠠᠩᠬᠢ ᠶᠢ | ᠨᠡᠶᠢᠳᠡᠯᠡᠬᠦ ᠰᠢᠰᠲ᠋ᠧᠮ ᠤᠨ ᠦᠢᠯᠡᠳᠦᠯ ᠢ ᠪᠠᠳᠠᠷᠠᠭᠤᠯᠤᠨ᠂ ᠪᠠᠶᠢᠭᠠᠯᠢ ᠶᠢᠨ ᠬᠡᠨᠡᠳᠳᠡ ᠶᠢᠨ ᠭᠠᠮᠰᠢᠭ ᠤᠨ ᠲᠤᠬᠠᠢ ᠶᠢᠨ | ᠲᠠᠯᠠᠪᠠᠢ ᠶᠢᠨ ᠪᠠᠴᠢᠮ ᠪᠠᠶᠢᠳᠠᠯ ᠢ ᠠᠷᠭᠠᠴᠠᠵᠦ ᠰᠶᠢᠳᠪᠦᠷᠢᠯᠡᠬᠦ ᠴᠢᠳᠠᠪᠤᠷᠢ ᠪᠠ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ | ᠨᠡᠶᠢᠬᠡᠮ ᠲᠤᠭᠤᠷᠢᠭ᠂ ᠰᠤᠷᠭᠠᠭᠤᠯᠢ᠂ ᠡᠮᠨᠡᠯᠬᠡ ᠶᠢᠨ ᠬᠤᠷᠢᠶ᠎ᠠ᠂ ᠲᠡᠷᠬᠡᠨ ᠦᠷᠳᠡᠭᠡ᠂ ᠦᠢᠯᠡᠳᠪᠦᠷᠢ ᠵᠡᠷᠬᠡ ᠭᠦᠮᠦᠨ | ᠨᠢᠨᠨᠳᠠᠷᠬᠠᠰᠠᠨ ᠲᠠᠯᠠᠪᠤᠷ ᠭᠠᠵᠠᠷ ᠤᠨ ᠭᠠᠢ ᠭᠠᠮᠰᠢᠭ ᠢ ᠰᠡᠷᠬᠡᠶᠢᠯᠡᠨ ᠬᠤᠷᠢᠨᠨᠯᠠᠬᠤ ᠪᠡᠯᠡᠳᠬᠡᠮᠵᠢ᠂ ᠠᠷᠭ᠎ᠠ ᠬᠡᠮᠵᠢᠶ᠎ᠡ ᠶᠢ | ᠲᠡᠭᠦᠯᠳᠡᠷᠵᠢᠬᠦᠯᠦᠨ᠎ᠠ᠃ ᠵᠠᠶᠢᠢᠯᠠᠭᠤᠯᠵᠦ ᠲᠠᠷᠬᠠᠭᠠᠨ ᠠᠮᠢ ᠵᠢᠭᠤᠳᠠᠭᠤᠯᠬᠤ ᠪᠠ ᠦᠪᠡᠷ ᠢ ᠪᠠᠨ ᠠᠪᠤᠷᠠᠵᠦ ᠬᠠᠷᠢᠯᠴᠠᠨ | ᠠᠪᠤᠷᠠᠬᠤ ᠵᠡᠷᠬᠡ ᠭᠠᠢ ᠭᠠᠮᠰᠢᠭ ᠢ ᠰᠡᠷᠬᠡᠶᠢᠯᠡᠵᠦ ᠭᠠᠢ ᠭᠠᠮᠰᠢᠭ ᠢ ᠪᠠᠭᠠᠰᠬᠠᠬᠤ ᠤᠬᠠᠭᠤᠯᠤᠯ ᠪᠤᠯᠪᠠᠰᠤᠷᠠᠭᠤᠯᠤᠯ᠂ | ᠪᠠᠴᠢᠮ ᠪᠠᠶᠢᠳᠠᠯ ᠢ ᠠᠷᠭᠠᠴᠠᠬᠤ ᠰᠤᠷᠢᠯᠳᠡ ᠵᠢᠴᠢ ᠠᠪᠤᠷᠠᠨ ᠵᠠᠰᠠᠬᠤ ᠶᠢ ᠴᠢᠩᠭᠠᠳᠬᠠᠨ᠎ᠠ᠃ ︵ᠦᠪᠡᠷᠳᠡᠬᠡᠨ ᠵᠠᠰᠠᠬᠤ | ᠤᠷᠤᠨ ᠤ ᠠᠷᠠᠳ ᠤᠨ ᠶᠠᠪᠤᠳᠠᠯ ᠤᠨ ᠲᠢᠩᠬᠢᠮ ᠲᠦᠷᠦᠭᠦᠯᠡᠵᠦ᠂ ᠦᠪᠡᠷᠳᠡᠬᠡᠨ ᠵᠠᠰᠠᠬᠤ ᠤᠷᠤᠨ ᠤ ᠰᠤᠷᠭᠠᠨ | ᠭᠦᠮᠦᠵᠢᠯ ᠤᠨ ᠲᠢᠩᠬᠢᠮ᠂ ᠤᠯᠤᠰ ᠤᠨ ᠭᠠᠵᠠᠷ ᠰᠢᠷᠦᠢ ᠡᠬᠢ ᠪᠠᠶᠠᠯᠢᠭ ᠤᠨ ᠲᠢᠩᠬᠢᠮ᠂ ᠵᠠᠮ ᠬᠠᠷᠢᠯᠴᠠᠭ᠎ᠠ | ᠲᠡᠬᠡᠬᠡᠪᠦᠷᠢ ᠶᠢᠨ ᠲᠢᠩᠬᠢᠮ᠂ ᠤᠰᠤᠨ ᠠᠰᠢᠨᠨᠯᠠᠯᠳᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠵᠦᠪᠯᠡᠯ᠂ ᠦᠪᠦᠷ ᠮᠤᠩᠭᠤᠯ ᠤᠨ ᠭᠠᠵᠠᠷ ᠭᠦᠳᠡᠯᠦᠯᠳᠡ ᠶᠢᠨ ᠲᠤᠪᠴᠢᠶ᠎ᠠ᠂ ᠴᠠᠭ ᠠᠭᠤᠷ ᠤᠨ | ᠲᠤᠪᠴᠢᠶ᠎ᠠ ᠵᠡᠷᠬᠡ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠡᠨ ᠬᠠᠷᠢᠭᠤᠴᠠᠨ᠎ᠠ︶ | ᠬᠡᠤᠬᠡᠳ ᠪᠠᠭᠠᠴᠤᠳ ᠤᠨ ᠰᠠᠨᠠᠭᠠᠨ ᠳᠤ ᠦᠬᠡᠢ ᠬᠡᠮᠳᠦᠬᠦ ᠪᠠ ᠨᠠᠰᠤᠳᠠᠶᠢᠴᠤᠳ ᠤᠨ ᠤᠨᠠᠵᠦ ᠤᠶᠢᠴᠢᠭᠠᠳ | ᠵᠡᠮᠳᠡᠭ ᠪᠤᠯᠬᠤ ᠶᠢ ᠪᠠᠭᠠᠰᠬᠠᠨ᠎ᠠ᠃ ᠬᠡᠤᠬᠡᠳ ᠪᠠᠭᠠᠴᠤᠳ ᠤᠨ ᠰᠠᠨᠠᠭᠠᠨ ᠳᠤ ᠦᠬᠡᠢ ᠬᠡᠮᠳᠦᠯ ᠳᠤ ᠨᠡᠶᠢᠬᠡᠮ ᠲᠤᠭᠤᠷᠢᠭ | ᠂ ᠬᠡᠷ ᠪᠦᠯᠢ ᠠᠴᠠ ᠶᠡᠷᠦᠩᠬᠡᠶᠢᠯᠡᠨ ᠵᠢᠭᠠᠨ ᠵᠢᠯᠤᠭᠤᠳᠬᠤ ᠶᠢ ᠦᠷᠨᠢᠬᠦᠯᠵᠦ᠂ ᠬᠡᠤᠬᠡᠳ ᠪᠠᠭᠠᠴᠤᠳ ᠲᠤ ᠠᠮᠤᠷ | ᠲᠦᠪᠰᠢᠨ ᠠᠮᠢᠳᠤᠷᠠᠬᠤ ᠤᠷᠴᠢᠨ ᠨᠦᠭᠦᠴᠡᠯ ᠢ ᠪᠤᠢ ᠪᠤᠯᠭᠠᠵᠦ ᠦᠭᠭᠦᠨ᠎ᠠ᠃ ᠬᠡᠤᠬᠡᠳ ᠪᠠᠭᠠᠴᠤᠳ ᠲᠤ ᠶᠠᠪᠠᠭᠠᠨ | ᠶᠠᠪᠤᠬᠤ᠂ ᠲᠡᠷᠬᠡᠨ ᠳᠤ ᠰᠠᠭᠤᠬᠤ᠂ ᠲᠤᠭᠤᠢ ᠤᠨᠤᠬᠤ ᠪᠠ ᠤᠰᠤᠨ ᠳᠤ ᠤᠨᠠᠬᠤ᠂ ᠦᠢᠴᠢᠬᠤ᠂ ᠠᠳᠡᠬᠦᠷᠡᠵᠦ | ᠢᠳᠡᠬᠦ ᠵᠡᠷᠬᠡ ᠲᠦᠭᠰᠢᠭᠦᠷᠢ ᠶᠢ ᠰᠡᠷᠡᠮᠵᠢᠯᠡᠬᠦ ᠠᠮᠤᠷ ᠲᠦᠪᠰᠢᠨ ᠤ ᠭᠦᠮᠦᠵᠢᠯ ᠢ ᠢᠳᠡᠪᠬᠢᠳᠡᠢ ᠦᠷᠨᠢᠬᠦᠯᠦᠨ᠎ᠡ᠃ | ᠦᠢᠯᠡᠳᠭᠦᠨ ᠤ ᠲᠦᠭᠰᠢᠬᠦᠷᠢ ᠪᠠ ᠬᠡᠮᠳᠦᠯ ᠢ ᠬᠢᠨᠠᠨ ᠰᠢᠨᠵᠢᠬᠦ ᠰᠢᠰᠲ᠋ᠧᠮᠵᠢ ᠶᠢ ᠲᠡᠭᠦᠯᠳᠡᠷᠵᠢᠬᠦᠯᠵᠦ᠂ ᠦᠢᠯᠡᠳᠬᠦᠨ ᠤ | ᠠᠮᠤᠷ ᠲᠦᠪᠰᠢᠨ ᠢ ᠤᠷᠢᠳᠴᠢᠯᠠᠨ ᠰᠡᠷᠡᠮᠵᠢᠯᠡᠬᠦᠯᠬᠦ ᠪᠠ ᠲᠦᠭᠰᠢᠬᠦᠷᠢ ᠶᠢ ᠮᠡᠳᠡᠬᠡᠯᠡᠬᠦ ᠵᠡᠷᠬᠡ ᠵᠢᠭᠠᠨ ᠵᠢᠯᠤᠭᠤᠳᠬᠤ | ᠠᠷᠭ᠎ᠠ ᠬᠡᠮᠵᠢᠶ᠎ᠡ ᠶᠢ ᠬᠡᠷᠡᠭᠵᠢᠬᠦᠯᠵᠦ᠂ ᠬᠡᠤᠬᠡᠳ ᠪᠠᠭᠠᠴᠤᠳ ᠤᠨ ᠡᠭᠦᠰᠴᠤ ᠮᠡᠳᠡᠬᠦ ᠰᠠᠨᠠᠭᠠᠨ ᠳᠤ ᠦᠬᠡᠢ ᠬᠡᠮᠳᠦᠯ ᠢ | ᠪᠠᠭᠠᠰᠬᠠᠨ᠎ᠠ᠃ ᠲᠤᠨᠨᠯᠠᠭᠠᠮ ᠤᠨ ᠵᠦᠢᠯ᠂ ᠡᠯᠧᠺᠲᠷᠣᠨ ᠦᠢᠯᠡᠳᠬᠦᠨ ᠤ ᠶᠠᠰᠤ ᠴᠢᠨᠠᠷ ᠲᠤ ᠬᠢᠨᠠᠯᠳᠠ ᠲᠠᠯᠪᠢᠬᠤ ᠪᠠ | ᠲᠡᠰ ᠬᠤᠪᠢᠶᠠᠵᠦ ᠬᠠᠮᠢᠶᠠᠷᠬᠤ ᠶᠢ ᠴᠢᠩᠭᠠᠳᠬᠠᠵᠦ᠂ ᠬᠡᠤᠬᠡᠳ ᠪᠠᠭᠠᠴᠤᠳ ᠵᠠᠯᠠᠭᠤᠴᠤᠳ ᠤᠨ ᠨᠢᠳᠤᠨ ᠬᠠᠷᠠᠭ᠎ᠠ᠂ | ᠰᠤᠨᠤᠰᠬᠤ ᠴᠢᠳᠠᠪᠤᠷᠢ᠂ ᠤᠶᠤᠨ ᠮᠡᠳᠡᠷᠡᠯ ᠵᠡᠷᠬᠡ ᠲᠠᠯ᠎ᠠ ᠶᠢᠨ ᠬᠡᠮᠳᠦᠯ ᠢ ᠪᠠᠭᠠᠰᠬᠠᠨ᠎ᠠ᠃ ᠠᠮᠠᠷᠬᠠᠨ ᠤᠨᠠᠵᠦ | ᠤᠶᠢᠴᠢᠬᠤ ᠠᠶᠤᠯ ᠲᠠᠢ ᠤᠷᠴᠢᠨ ᠲᠤᠭᠤᠷᠢᠨ ᠢ ᠵᠠᠰᠠᠨ ᠦᠬᠡᠷᠡᠴᠢᠯᠡᠵᠦ᠂ ᠨᠠᠰᠤᠳᠠᠶᠢᠴᠦᠳ ᠵᠢᠴᠢ ᠲᠡᠳᠡᠨ ᠤ | ᠰᠤᠪᠢᠯᠠᠨ ᠬᠠᠷᠠᠭᠠᠯᠵᠬᠠᠴᠢ ᠶᠢᠨ ᠤᠨᠠᠵᠦ ᠤᠶᠢᠴᠢᠬᠤ ᠶᠢ ᠤᠷᠢᠳᠴᠢᠯᠠᠨ ᠰᠡᠷᠬᠡᠶᠢᠯᠡᠬᠦ ᠦᠵᠡᠯ ᠤᠬᠠᠮᠰᠠᠷ ᠪᠠ | ᠴᠢᠳᠠᠪᠤᠷᠢ ᠶᠢ ᠨᠢ ᠲᠡᠬᠡᠭᠰᠢᠯᠡᠬᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠰᠤᠷᠭᠠᠨ ᠭᠦᠮᠦᠵᠢᠯ ᠤᠨ ᠲᠢᠩᠬᠢᠮ᠂ | ᠲᠤᠳᠤᠭᠠᠳᠤ ᠶᠢ ᠬᠠᠮᠠᠭᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠶᠠᠰᠤ ᠴᠢᠨᠠᠷ ᠲᠤ ᠬᠢᠨᠠᠯᠳᠠ | ᠲᠠᠯᠪᠢᠬᠤ ᠲᠤᠪᠴᠢᠶ᠎ᠠ᠂ ᠡᠮᠡᠭᠳᠡᠶᠢᠴᠦᠳ ᠤᠨ ᠬᠤᠯᠪᠤᠭᠠᠳᠤ ᠬᠤᠷᠠᠯ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ | ᠬᠤᠪᠢᠶᠠᠷᠢᠯᠠᠨ ᠬᠠᠷᠢᠭᠤᠴᠠᠨ᠎ᠠ︶ | ︵ᠲᠦᠷᠪᠡ︶ ᠡᠷᠡᠭᠦᠯᠵᠢᠬᠦᠯᠬᠦ ᠦᠢᠯᠡᠴᠢᠯᠡᠭᠡ ᠶᠢ ᠮᠡᠳᠡᠭᠳᠡᠬᠦ᠋ᠢᠴᠡ ᠰᠠᠶᠢᠵᠢᠷᠠᠭᠤᠯᠤᠨ᠎ᠠ᠃ ᠵᠡᠮᠳᠡᠭ ᠬᠡᠤᠬᠡᠳ | ᠪᠠᠭᠠᠴᠤᠳ ᠢ ᠡᠷᠡᠬᠦᠯᠵᠢᠬᠦᠯᠵᠦ ᠠᠪᠤᠷᠠᠨ ᠲᠤᠰᠠᠯᠠᠬᠤ ᠲᠦᠷᠢᠮ ᠢ ᠪᠠᠶᠢᠭᠤᠯᠵᠦ᠂ ᠵᠡᠮᠳᠡᠭ ᠬᠡᠤᠬᠡᠳ ᠪᠠᠭᠠᠴᠤᠳ ᠲᠤ | ᠠᠩᠬᠠᠨ ᠤ ᠬᠤᠭᠤᠴᠠᠭᠠᠨ ᠤ ᠡᠷᠡᠬᠦᠯᠵᠢᠯ ᠢ ᠨᠡᠶᠢᠳᠡᠮ ᠦᠷᠨᠢᠬᠦᠯᠦᠨ᠎ᠠ᠃ ᠡᠪᠡᠳᠴᠢᠨ ᠡᠮᠬᠡᠭ ᠤᠨ ᠠᠩᠬᠠᠨ ᠤ | ᠬᠤᠭᠤᠴᠠᠭᠠᠨ ᠳᠤ ᠡᠷᠡᠭᠦᠯᠵᠢᠬᠦᠯᠵᠦ ᠵᠠᠰᠠᠨ ᠡᠮᠴᠢᠯᠡᠬᠦ ᠶᠢ ᠲᠡᠯᠬᠡᠷᠡᠭᠦᠯᠵᠦ᠂ ᠵᠡᠮᠳᠡᠭ ᠪᠤᠯᠬᠤ ᠶᠢ ᠪᠠᠭᠠᠰᠬᠠᠨ᠂ | ᠵᠡᠮᠳᠡᠭ ᠤᠨ ᠬᠡᠮᠵᠢᠶ᠎ᠡ ᠶᠢ ᠭᠦᠩᠬᠡᠷᠡᠭᠦᠯᠦᠨᠠ᠃ ᠵᠡᠮᠳᠡᠭᠴᠦᠳ ᠤᠨ ᠡᠷᠡᠬᠦᠯ ᠡᠩᠬᠡ ᠶᠢᠨ ᠬᠠᠮᠢᠶᠠᠷᠤᠯᠳᠠ ᠪᠠ ᠨᠡᠶᠢᠬᠡᠮ | ᠲᠤᠭᠤᠷᠢᠭ ᠲᠤ ᠡᠷᠡᠬᠦᠯᠵᠢᠬᠦᠯᠬᠦ ᠶᠢ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠬᠡᠨ ᠤ ᠨᠠᠷᠢᠨ ᠬᠠᠭᠤᠳᠠᠰᠤ ᠳᠤ | ᠤᠷᠤᠭᠤᠯᠵᠦ᠂ ᠵᠡᠮᠳᠡᠭᠴᠦᠳ ᠲᠤ ᠲᠠᠩᠰᠠᠯᠠᠨ ᠲᠡᠮᠳᠡᠭᠯᠡᠬᠦ ᠬᠠᠮᠢᠶᠠᠷᠤᠯᠳᠠ᠂ ᠡᠷᠡᠬᠦᠯ ᠡᠩᠬᠡ ᠶᠢᠨ ᠵᠢᠯᠤᠭᠤᠳᠤᠯᠭ᠎ᠠ᠂ | ᠡᠷᠡᠬᠦᠯᠵᠢᠯ ᠤᠨ ᠵᠢᠯᠤᠭᠤᠳᠤᠯᠭ᠎ᠠ᠂ ᠲᠤᠨᠨᠳᠠᠮᠠᠯ ᠬᠤᠭᠤᠴᠠᠭ᠎ᠠ ᠲᠠᠢ ᠪᠠᠷᠠᠭᠠᠳᠠᠨ ᠦᠵᠡᠬᠦ ᠵᠡᠷᠬᠡ ᠦᠢᠯᠡᠴᠢᠯᠡᠭᠡ | ᠬᠠᠩᠭᠠᠨ᠎ᠠ᠃ ᠵᠡᠮᠳᠡᠭᠴᠦᠳ ᠤᠨ ᠡᠷᠡᠬᠦᠯᠵᠢᠬᠦᠯᠬᠦ ᠦᠨᠳᠦᠰᠦᠨ ᠦᠢᠯᠡᠴᠢᠯᠡᠬᠡᠨ ᠤ ᠭᠠᠷᠴᠠᠭ ᠲᠤᠨᠨᠳᠠᠭᠠᠵᠦ᠂ | ᠲᠦᠢᠯ ᠤᠨ ᠤᠨᠤᠪᠴᠢᠳᠠᠢ ᠪᠠᠷ ᠡᠷᠡᠭᠦᠯᠵᠢᠬᠦ ᠦᠢᠯᠡᠴᠢᠯᠡᠬᠡᠨ ᠤ ᠠᠵᠢᠯᠯᠠᠭ᠎ᠠ ᠬᠡᠷᠡᠭᠵᠢᠬᠦᠯᠦᠨ᠎ᠠ᠃ ᠵᠡᠮᠳᠡᠭᠴᠦᠳ ᠤᠨ | ᠡᠷᠡᠭᠦᠯᠵᠢᠯ ᠤᠨ ᠦᠨᠳᠦᠰᠦᠨ ᠦᠢᠯᠡᠴᠢᠯᠡᠬᠡᠨ ᠤ ᠬᠠᠮᠤᠷᠬᠤ ᠨᠤᠷᠮ᠎ᠠ ᠶᠢ 80% ᠠᠴᠠ ᠲᠡᠬᠡᠭᠰᠢ ᠳᠤ ᠭᠦᠷᠦᠭᠦᠯᠦᠨ᠎ᠠ᠃ | ︵ᠦᠪᠡᠷᠳᠡᠬᠡᠨ ᠵᠠᠰᠠᠬᠤ ᠤᠷᠤᠨ ᠤ ᠰᠤᠷᠭᠠᠨ ᠭᠦᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ | ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠵᠡᠮᠳᠡᠭᠴᠦᠳ ᠤᠨ ᠬᠤᠯᠪᠤᠭᠠᠳᠤ ᠬᠤᠷᠠᠯ ᠡᠭᠦᠷᠬᠡ | ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ᠲᠤᠰᠠᠯᠠᠬᠤ ᠪᠠᠭᠠᠵᠢ ᠬᠡᠷᠡᠭᠰᠡᠯ ᠤᠨ ᠦᠢᠯᠡᠴᠢᠯᠡᠭᠡ ᠶᠢ ᠲᠡᠯᠬᠡᠷᠡᠭᠦᠯᠦᠨᠠ᠃ ᠵᠡᠮᠳᠡᠭᠴᠦᠳ ᠤᠨ ᠲᠤᠰᠠᠯᠠᠬᠤ | ᠪᠠᠭᠠᠵᠢ ᠬᠡᠷᠡᠭᠰᠡᠯ ᠢ ᠦᠪᠡᠷᠮᠢᠴᠡᠵᠢᠬᠦᠯᠦᠨ ᠲᠤᠬᠢᠳᠠᠢ ᠲᠤᠬᠢᠷᠠᠭᠤᠯᠵᠦ᠂ ᠭᠤᠤᠯᠳᠠᠭᠤ ᠰᠤᠨᠤᠷ ᠰᠠᠶᠢᠵᠢᠷᠠᠭᠤᠯᠤᠨᠨᠴᠢ᠂ | ᠬᠠᠷᠠᠭ᠎ᠠ ᠲᠤᠳᠤᠷᠠᠭᠤᠯᠤᠨᠨᠴᠢ᠂ ᠬᠢᠮᠡᠯ ᠮᠦᠴᠢ ᠵᠡᠷᠬᠡ ᠵᠡᠮᠳᠡᠭᠴᠦᠳ ᠤᠨ ᠪᠠᠴᠢᠮ ᠬᠡᠷᠡᠭᠴᠡᠬᠡᠳᠦ ᠲᠤᠰᠠᠯᠠᠬᠤ ᠪᠠᠭᠠᠵᠢ | ᠬᠡᠷᠡᠭᠰᠡᠯ ᠢ ᠲᠦᠬᠡᠮᠡᠯᠵᠢᠬᠦᠯᠦᠨ᠎ᠠ᠃ ᠶᠠᠳᠠᠭᠤ ᠭᠦᠴᠢᠷᠳᠡᠯᠳᠡᠢ ᠵᠡᠮᠳᠡᠭᠴᠦᠳ ᠤᠨ ᠦᠨᠳᠦᠰᠦᠨ ᠬᠡᠯᠪᠡᠷᠢ ᠶᠢᠨ | ᠲᠤᠰᠠᠯᠠᠬᠤ ᠪᠠᠭᠠᠵᠢ ᠬᠡᠷᠡᠭᠰᠡᠯ ᠤᠨ ᠨᠡᠮᠡᠭᠦᠷᠢ ᠶᠢ ᠤᠯᠠᠨ ᠨᠡᠶᠢᠳᠡ ᠶᠢᠨ ᠦᠨᠳᠦᠰᠦᠨ ᠦᠢᠯᠡᠴᠢᠯᠡᠭᠡ ᠶᠢᠨ ᠲᠦᠷᠦᠯ | ᠵᠦᠢᠯ ᠤᠨ ᠨᠠᠷᠢᠨ ᠬᠠᠭᠤᠳᠠᠰᠤ ᠳᠤ ᠤᠷᠤᠭᠤᠯᠵᠦ᠂ ᠨᠦᠭᠦᠴᠡᠯ ᠲᠠᠢ ᠭᠠᠵᠠᠷ ᠤᠷᠤᠨ ᠨᠢ ᠵᠡᠮᠳᠡᠭᠴᠦᠳ ᠤᠨ | ᠦᠨᠳᠦᠰᠦᠨ ᠬᠡᠯᠪᠡᠷᠢ ᠶᠢᠨ ᠲᠤᠰᠠᠯᠠᠬᠤ ᠪᠠᠭᠠᠵᠢ ᠬᠡᠷᠡᠭᠰᠡᠯ ᠢ ᠲᠤᠬᠢᠳᠠᠢ ᠲᠤᠬᠢᠷᠠᠭᠤᠯᠬᠤ ᠳᠤ ᠨᠡᠮᠡᠭᠦᠷᠢ ᠤᠯᠭᠤᠬᠤ ᠶᠢ | ᠵᠤᠷᠢᠨᠨᠵᠢᠭᠤᠯᠤᠨ᠎ᠠ᠃ ᠲᠤᠰᠠᠯᠠᠬᠤ ᠪᠠᠭᠠᠵᠢ ᠬᠡᠷᠡᠭᠰᠡᠯ ᠢ ᠲᠦᠷᠢᠶᠡᠰᠦᠯᠡᠬᠦ ᠪᠠ ᠬᠤᠷᠢᠶᠠᠨ ᠠᠪᠴᠤ ᠲᠠᠬᠢᠨ ᠠᠰᠢᠨᠨᠯᠠᠬᠤ | ᠵᠡᠷᠬᠡ ᠨᠡᠶᠢᠬᠡᠮ ᠲᠤᠭᠤᠷᠢᠭ ᠤᠨ ᠦᠢᠯᠡᠴᠢᠯᠡᠭᠡ ᠶᠢ ᠦᠷᠨᠢᠬᠦᠯᠵᠦ᠂ ᠵᠡᠮᠳᠡᠭᠴᠦᠳ ᠤᠨ ᠤᠬᠤᠷ ᠬᠤᠭᠤᠴᠠᠭᠠᠨ ᠤ ᠪᠠ | ᠪᠠᠴᠢᠮ ᠪᠠᠶᠢᠳᠠᠯ ᠢ ᠠᠷᠭᠠᠴᠠᠬᠤ ᠲᠤᠰᠠᠯᠠᠬᠤ ᠪᠠᠭᠠᠵᠢ ᠬᠡᠷᠡᠭᠰᠡᠯ ᠤᠨ ᠬᠡᠷᠡᠭᠴᠡᠭᠡ ᠱᠠᠭᠠᠷᠳᠠᠯᠭ᠎ᠠ ᠶᠢ ᠤᠶᠢᠷ᠎ᠠ | ᠬᠠᠪᠢ ᠳᠤᠨᠢ ᠲᠦᠭᠦᠮ ᠲᠦᠳᠡ ᠭᠦᠢᠴᠡᠳ ᠬᠠᠩᠭᠠᠨ᠎ᠠ᠃ ᠵᠡᠮᠳᠡᠭᠴᠦᠳ ᠤᠨ ᠦᠨᠳᠦᠰᠦᠨ ᠲᠤᠰᠠᠯᠠᠬᠤ ᠪᠠᠭᠠᠵᠢ | ᠬᠡᠷᠡᠭᠰᠡᠯ ᠤᠨ ᠲᠤᠷᠰᠢᠵᠦ ᠬᠡᠷᠡᠭᠯᠡᠬᠦ ᠨᠤᠷᠮ᠎ᠠ ᠶᠢ 80% ᠠᠴᠠ ᠲᠡᠬᠡᠭᠰᠢ ᠳᠤ ᠭᠦᠷᠦᠭᠦᠯᠦᠨ᠎ᠠ᠃ ︵ᠦᠪᠡᠷᠳᠡᠬᠡᠨ | ᠵᠠᠰᠠᠬᠤ ᠤᠷᠤᠨ ᠤ ᠠᠷᠠᠳ ᠤᠨ ᠶᠠᠪᠤᠳᠠᠯ ᠤᠨ ᠲᠢᠩᠬᠢᠮ᠂ ᠵᠡᠮᠳᠡᠭᠴᠦᠳ ᠤᠨ ᠬᠤᠯᠪᠤᠭᠠᠳᠤ ᠬᠤᠷᠠᠯ ᠡᠭᠦᠷᠬᠡ | ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ᠰᠠᠭᠠᠳ ᠦᠬᠡᠢ ᠤᠷᠴᠢᠨ ᠲᠤᠭᠤᠷᠢᠨ ᠤ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ ᠵᠠᠰᠠᠭ ᠤᠨ | ᠤᠷᠳᠤᠨ ᠤ ᠪᠠᠶᠢᠭᠤᠯᠭ᠎ᠠ᠂ ᠤᠯᠠᠨ ᠨᠡᠶᠢᠳᠡ ᠶᠢᠨ ᠦᠢᠯᠡᠴᠢᠯᠡᠭᠡ᠂ ᠤᠯᠠᠨ ᠨᠡᠶᠢᠳᠡ ᠶᠢᠨ ᠵᠠᠮ ᠬᠠᠷᠢᠯᠴᠠᠭ᠎ᠠ᠂ ᠨᠡᠶᠢᠬᠡᠮ | ᠲᠤᠭᠤᠷᠢᠭ ᠵᠡᠷᠬᠡ ᠲᠠᠯᠠᠪᠤᠷ ᠭᠠᠵᠠᠷ᠂ ᠪᠡᠯᠡᠳᠬᠡᠮᠵᠢ ᠶᠢ ᠰᠠᠭᠠᠳ ᠦᠬᠡᠢ ᠪᠤᠯᠭᠠᠨ ᠦᠬᠡᠷᠡᠴᠢᠯᠡᠨ ᠵᠠᠰᠠᠬᠤ ᠶᠢ | ᠠᠬᠢᠭᠤᠯᠵᠦ᠂ ᠰᠢᠨ᠎ᠠ ᠪᠠᠷ ︵ᠵᠠᠰᠠᠵᠦ᠂ ᠦᠷᠬᠡᠳᠬᠡᠬᠦ︶ ᠪᠠᠶᠢᠭᠤᠯᠬᠤ ᠵᠠᠮ᠂ ᠪᠠᠷᠢᠯᠭ᠎ᠠ ᠶᠢᠨ ᠵᠦᠢᠯ ᠪᠠ ᠤᠷᠤᠨ | ᠰᠠᠭᠤᠴᠠ ᠶᠢᠨ ᠲᠤᠭᠤᠷᠢᠭ ᠢ ᠰᠠᠭᠠᠳ ᠬᠠᠷᠰᠢ ᠦᠬᠡᠢ ᠵᠢᠷᠤᠨᠨᠯᠠᠨ ᠵᠢᠷᠦᠮᠵᠢᠭᠤᠯᠬᠤ ᠶᠢ ᠴᠢᠩᠭ᠎ᠠ ᠬᠡᠷᠡᠭᠵᠢᠬᠦᠯᠦᠨ᠎ᠠ᠃ | ᠨᠦᠭᠦᠴᠡᠯ ᠲᠠᠢ ᠤᠷᠤᠨ ᠨᠤᠲᠤᠬ ᠨᠢ ᠶᠠᠳᠠᠭᠤ ᠭᠦᠴᠢᠷᠳᠡᠯᠳᠡᠢ ᠵᠡᠮᠳᠡᠭ ᠭᠦᠮᠦᠰ ᠤᠨ ᠬᠡᠷ ᠪᠦᠯᠢ ᠳᠤ ᠰᠠᠭᠠᠳ ᠦᠬᠡᠢ | ᠪᠤᠯᠭᠠᠨ ᠦᠬᠡᠷᠡᠴᠢᠯᠡᠨ ᠵᠠᠰᠠᠬᠤ ᠳᠤ ᠨᠡᠮᠡᠭᠦᠷᠢ ᠤᠯᠭᠤᠨ᠎ᠠ᠃ ᠮᠡᠳᠡᠭᠡ ᠵᠠᠩᠬᠢ ᠶᠢᠨ ᠰᠠᠭᠠᠳ ᠦᠬᠡᠢ | ᠪᠠᠶᠢᠭᠤᠯᠤᠯᠳᠠ ᠶᠢ ᠴᠢᠩᠭᠠᠳᠬᠠᠵᠦ᠂ ᠠᠶᠢᠮᠠᠭ ᠬᠤᠳᠠ ᠶᠢᠨ ᠲᠧᠯᠸᠢᠰ ᠬᠤᠷᠢᠶ᠎ᠠ ᠲᠤᠬᠢᠶᠠᠨ ᠤ ᠬᠡᠯᠡᠨ ᠤ ᠫᠷᠤᠭ᠍ᠷᠠᠮ | ᠨᠡᠬᠡᠬᠡᠬᠦ ᠶᠢ ᠵᠤᠷᠢᠨᠨᠵᠢᠭᠤᠯᠵᠦ᠂ ᠠᠶᠢᠮᠠᠭ ᠬᠤᠳᠠ ᠶᠢᠨ ᠱᠠᠳᠤᠨ ᠠᠴᠠ ᠲᠡᠬᠡᠭᠰᠢᠬᠢ ᠵᠠᠰᠠᠭ ᠤᠨ ᠤᠷᠳᠤᠨ ᠤ | ᠰᠦᠯᠵᠢᠶᠡᠨ ᠦᠷᠳᠡᠭᠡ ᠶᠢᠨ ᠰᠠᠭᠠᠳ ᠦᠬᠡᠢ ᠪᠣᠯᠭᠠᠬᠤ ᠦᠢᠯᠡᠴᠢᠯᠡᠭᠡ ᠶᠢᠨ ᠴᠢᠳᠠᠪᠤᠷᠢ ᠶᠢᠨ ᠪᠠᠶᠢᠭᠤᠯᠤᠯᠳᠠ ᠶᠢ | ᠦᠨᠳᠦᠰᠦᠨ ᠬᠢᠷᠢ ᠬᠡᠮᠵᠢᠶ᠎ᠡ ᠳᠤ ᠭᠦᠷᠦᠭᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠲᠤᠤᠷ ᠰᠦᠯᠵᠢᠶ᠎ᠡ ᠶᠢᠨ | ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠯᠪᠠᠨ ᠬᠡᠷ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ | ᠵᠦᠪᠯᠡᠯ᠂ ᠤᠷᠤᠨ ᠰᠠᠭᠤᠴᠠ ᠬᠤᠳᠠ ᠭᠦᠳᠡᠭᠡ ᠶᠢᠨ ᠪᠦᠳᠦᠬᠡᠨ ᠪᠠᠶᠢᠭᠤᠯᠤᠯᠳᠠ ᠶᠢᠨ ᠲᠢᠩᠬᠢᠮ᠂ ᠵᠠᠮ ᠬᠠᠷᠢᠯᠴᠠᠭ᠎ᠠ | ᠲᠡᠬᠡᠬᠡᠪᠦᠷᠢ ᠶᠢᠨ ᠲᠢᠩᠬᠢᠮ᠂ ᠰᠤᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠲᠤᠪᠴᠢᠶ᠎ᠠ᠂ ᠵᠡᠮᠳᠡᠭᠴᠦᠳ ᠤᠨ | ᠬᠤᠯᠪᠤᠭᠠᠳᠤ ᠬᠤᠷᠠᠯ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ᠭᠤᠷᠪᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ | ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠵᠦ᠂ ᠠᠵᠢᠯ ᠤᠨ | ᠲᠤᠨᠨᠳᠠᠴᠠ ᠶᠢ ᠲᠡᠭᠦᠯᠳᠡᠷᠵᠢᠬᠦᠯᠦᠨ᠎ᠠ᠃ | ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠠᠵᠢᠯ ᠢ ᠠᠵᠦ ᠠᠬᠤᠢ ᠨᠡᠶᠢᠬᠡᠮ ᠤᠨ ᠭᠦᠭᠵᠢᠯᠳᠡ ᠶᠢᠨ | ᠶᠡᠷᠦᠩᠬᠡᠢ ᠲᠦᠯᠦᠪᠵᠢᠬᠦᠯᠬᠡ ᠵᠢᠴᠢ ᠬᠠᠮᠢᠶ᠎ᠠ ᠪᠦᠭᠦᠢ ᠰᠠᠯᠠᠭ᠎ᠠ ᠮᠦᠴᠢᠷ ᠤᠨ ᠠᠵᠢᠯ ᠤᠨ ᠡᠭᠦᠷᠬᠡ ᠬᠠᠷᠢᠭᠤᠴᠠᠯᠭ᠎ᠠ ᠳᠤ | ᠤᠷᠤᠭᠤᠯᠤᠨ᠎ᠠ᠃ ᠬᠠᠮᠢᠶ᠎ᠠ ᠪᠦᠭᠦᠢ ᠰᠠᠯᠠᠭ᠎ᠠ ᠮᠦᠴᠢᠷ ᠨᠢ ᠲᠤᠰ ᠲᠤᠰ ᠤᠨ ᠡᠭᠦᠷᠬᠡ ᠬᠠᠷᠢᠭᠤᠴᠠᠯᠭ᠎ᠠ ᠶᠢᠨ | ᠬᠡᠪᠴᠢᠶᠡᠨ ᠲᠤᠳᠤᠷ᠎ᠠ ᠪᠠᠨ ᠤᠳᠤᠮᠰᠢᠯ ᠪᠠ ᠪᠤᠶᠢᠵᠢᠯᠳᠠ᠂ ᠡᠪᠡᠳᠴᠢᠨ ᠡᠮᠬᠡᠭ᠂ ᠬᠡᠮᠳᠦᠯ ᠵᠡᠷᠬᠡ ᠭᠦᠴᠦᠨ | ᠵᠦᠢᠯ ᠠᠴᠠ ᠪᠤᠯᠵᠦ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠠᠵᠢᠯ ᠢ ᠬᠠᠷᠢᠭᠤᠴᠠᠨ᠎ᠠ᠃ ᠡᠯ᠎ᠡ ᠱᠠᠳᠤᠨ ᠤ | ᠵᠠᠰᠠᠭ ᠤᠨ ᠤᠷᠳᠤᠨ ᠤ ᠵᠡᠮᠳᠡᠭᠴᠦᠳ ᠤᠨ ᠠᠵᠢᠯ ᠤᠨ ᠵᠦᠪᠯᠡᠯ ᠨᠢ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ | ᠪᠠ ᠵᠡᠮᠳᠡᠭᠴᠦᠳ ᠢ ᠡᠷᠡᠭᠦᠯᠵᠢᠬᠦᠯᠬᠦ ᠠᠵᠢᠯ ᠢ ᠵᠤᠬᠢᠶᠠᠨ ᠪᠠᠶᠢᠭᠤᠯᠤᠨ ᠦᠷᠨᠢᠬᠦᠯᠬᠦ ᠶᠢ ᠬᠠᠷᠢᠭᠤᠴᠠᠵᠦ᠂ ᠲᠤᠰ | ᠰᠠᠨᠠᠯ ᠢ ᠨᠢᠬᠡᠳᠦᠯᠳᠡᠢ ᠲᠦᠯᠦᠪᠵᠢᠬᠦᠯᠦᠨ ᠬᠡᠷᠡᠭᠵᠢᠬᠦᠯᠦᠨ᠎ᠠ᠃ ︵ᠡᠯ᠎ᠡ ᠱᠠᠳᠤᠨ ᠤ ᠵᠡᠮᠳᠡᠭᠴᠦᠳ ᠤᠨ ᠠᠵᠢᠯ ᠤᠨ | ᠵᠦᠪᠯᠡᠯ ᠵᠢᠴᠢ ᠪᠦᠷᠢᠯᠳᠦᠬᠦᠨ ᠨᠢᠬᠡᠴᠡ᠂ ᠡᠯ᠎ᠡ ᠠᠶᠢᠮᠠᠭ ᠬᠤᠳᠠ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ | ᠬᠤᠪᠢᠶᠠᠷᠢᠯᠠᠨ ᠬᠠᠷᠢᠭᠤᠴᠠᠨ᠎ᠠ︶ | ︵ᠬᠤᠶᠠᠷ︶ ᠬᠠᠤᠯᠢ ᠲᠤᠨᠨᠳᠠᠭᠠᠯ ᠲᠦᠷᠦ ᠶᠢᠨ ᠪᠤᠳᠤᠯᠭ᠎ᠠ ᠶᠢ ᠪᠦᠷᠢᠨᠰᠢᠬᠦᠯᠵᠦ᠂ ᠤᠷᠤᠭᠤᠯᠤᠯᠳᠠ ᠶᠢᠨ | ᠡᠷᠴᠢᠮ ᠢᠶᠠᠨ ᠴᠢᠩᠭᠠᠷᠠᠭᠤᠯᠦᠨᠠ᠃ | ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠬᠠᠮᠢᠶ᠎ᠠ ᠪᠦᠭᠦᠢ ᠬᠠᠤᠯᠢ ᠲᠤᠨᠨᠳᠠᠭᠠᠬᠤ ᠶᠢ ᠴᠢᠩᠭᠠᠳᠬᠠᠵᠦ᠂ | ᠡᠬᠡ ᠨᠢᠯᠬᠠᠰ ᠤᠨ ᠡᠷᠡᠭᠦᠯ ᠮᠡᠨᠳᠦ᠂ ᠡᠪᠡᠳᠴᠢᠨ ᠡᠮᠬᠡᠭ ᠢ ᠰᠡᠷᠬᠡᠶᠢᠯᠡᠨ ᠡᠵᠡᠮᠳᠡᠬᠦ᠂ ᠠᠶᠤᠯ ᠦᠬᠡᠢ ᠦᠢᠯᠡᠳᠪᠦᠷᠢᠯᠡᠯ᠂ | ᠵᠠᠮ ᠪᠠ ᠵᠠᠮ ᠬᠠᠷᠢᠯᠴᠠᠭᠠᠨ ᠤ ᠠᠮᠤᠷ ᠲᠦᠪᠰᠢᠨ᠂ ᠢᠳᠡᠬᠡᠨ ᠪᠠ ᠡᠮ ᠤᠨ ᠵᠦᠢᠯ ᠤᠨ ᠠᠮᠤᠷ ᠲᠦᠪᠰᠢᠨ᠂ | ᠤᠷᠴᠢᠨ ᠲᠤᠭᠤᠷᠢᠨ ᠤ ᠬᠠᠮᠠᠭᠠᠯᠠᠯᠳᠠ᠂ ᠵᠡᠮᠳᠡᠭ ᠢ ᠡᠷᠡᠭᠦᠯᠵᠢᠬᠦᠯᠬᠦ ᠵᠡᠷᠬᠡ ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠶᠢᠨ | ᠬᠠᠤᠯᠢ ᠴᠠᠭᠠᠵᠠ ᠬᠠᠤᠯᠢ ᠲᠤᠨᠨᠳᠠᠭᠠᠯ ᠢ ᠠᠬᠢᠭᠤᠯᠤᠨ ᠲᠡᠭᠦᠯᠳᠡᠷᠵᠢᠬᠦᠯᠦᠨ᠎ᠠ᠃ ᠵᠡᠮᠳᠡᠭ ᠪᠣᠯᠬᠤ ᠶᠢ ᠤᠷᠢᠳᠴᠢᠯᠠᠨ | ᠰᠡᠷᠬᠡᠶᠢᠯᠡᠬᠦ ᠬᠠᠮᠢᠶ᠎ᠠ ᠪᠦᠭᠦᠢ ᠮᠡᠷᠬᠡᠵᠢᠯ ᠤᠨ ᠵᠢᠷᠤᠮᠵᠢᠯ᠂ ᠪᠠᠷᠢᠮᠵᠢᠶ᠎ᠠ ᠶᠢ ᠲᠤᠨᠨᠳᠠᠭᠠᠨ ᠲᠡᠭᠦᠯᠳᠡᠷᠵᠢᠬᠦᠯᠦᠨ᠎ᠠ᠃ | ᠠᠵᠢᠯ ᠠᠴᠠ ᠪᠤᠯᠤᠨᠨᠰᠠᠨ ᠬᠡᠮᠳᠦᠯ ᠤᠨ ᠲᠠᠭᠠᠳᠬᠠᠯ ᠤᠨ ᠲᠤᠰᠠᠯᠠᠬᠤ ᠪᠠᠭᠠᠵᠢ ᠬᠡᠷᠡᠭᠰᠡᠯ ᠤᠨ ᠬᠠᠮᠢᠶᠠᠷᠤᠯᠳᠠ ᠶᠢᠨ | ᠲᠦᠷᠢᠮ ᠢ ᠲᠠᠰᠤᠷᠠᠯᠳᠠ ᠦᠬᠡᠢ ᠲᠡᠭᠦᠯᠳᠡᠷᠵᠢᠬᠦᠯᠦᠨ᠎ᠠ᠃ ᠡᠷᠡᠭᠦᠯᠵᠢᠯ ᠤᠨ ᠶᠡᠷᠦᠩᠬᠡᠶᠢᠯᠡᠭᠰᠡᠨ ᠦᠨᠡᠯᠡᠯᠳᠡ ᠵᠡᠷᠬᠡ 29 | ᠵᠦᠢᠯ ᠤᠨ ᠡᠮᠴᠢᠯᠡᠬᠡᠨ ᠤ ᠡᠷᠡᠭᠦᠯᠵᠢᠬᠦᠯᠬᠦ ᠲᠦᠷᠦᠯ ᠵᠦᠢᠯ ᠢ ᠦᠨᠳᠦᠰᠦᠨ ᠡᠮᠴᠢᠯᠡᠬᠡᠨ ᠤ ᠲᠠᠭᠠᠳᠬᠠᠯ ᠢ ᠲᠦᠯᠦᠬᠦ | ᠬᠡᠪᠴᠢᠶᠡᠨ ᠳᠤ ᠤᠷᠤᠭᠤᠯᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠤᠨ᠎ᠠ᠃ ᠭᠦᠨᠳᠦ ᠵᠡᠮᠳᠡᠭ | ᠡᠪᠡᠳᠴᠢᠳᠠᠨ ᠢ ᠠᠪᠤᠷᠠᠨ ᠵᠠᠰᠠᠵᠦ ᠠᠪᠤᠷᠠᠨ ᠲᠡᠳᠬᠦᠬᠦ ᠶᠢ ᠴᠢᠩᠭᠠᠳᠬᠠᠵᠦ᠂ ᠨᠦᠭᠦᠴᠡᠯ ᠳᠤ ᠨᠡᠶᠢᠴᠡᠭᠰᠡᠨ ᠶᠠᠳᠠᠭᠤ | ᠭᠦᠴᠢᠷᠳᠡᠯᠳᠡᠢ ᠭᠦᠨᠳᠦ ᠨᠤᠴᠢᠳᠠᠢ ᠤᠶᠤᠨ ᠮᠡᠳᠡᠷᠡᠯ ᠤᠨ ᠰᠠᠭᠠᠳ ᠲᠠᠢ ᠡᠪᠡᠳᠴᠢᠳᠠᠨ ᠢ ᠡᠮᠴᠢᠯᠡᠬᠡᠨ ᠤ ᠠᠪᠤᠷᠠᠨ | ᠲᠤᠰᠠᠯᠠᠬᠤ ᠳᠤ ᠤᠷᠤᠭᠤᠯᠤᠨ᠎ᠠ᠃ ᠭᠤᠤᠯᠳᠠᠯᠭ᠎ᠠ ᠲᠠᠢ ᠡᠷᠡᠭᠦᠯᠵᠢᠬᠦᠯᠬᠦ ᠲᠦᠷᠦᠯ ᠵᠦᠢᠯ ᠢ ᠬᠡᠷᠡᠭᠵᠢᠬᠦᠯᠵᠦ᠂ ᠬᠤᠳᠠ | ᠭᠦᠳᠡᠭᠡ ᠶᠢᠨ ᠶᠠᠳᠠᠭᠤ ᠭᠦᠴᠢᠷᠳᠡᠯᠳᠡᠢ ᠵᠡᠮᠳᠡᠭᠴᠦᠳ᠂ ᠭᠦᠨᠳᠦ ᠵᠡᠮᠳᠡᠭᠴᠦᠳ ᠲᠤ ᠦᠨᠳᠦᠰᠦᠨ ᠡᠷᠡᠬᠦᠯᠵᠢᠯ ᠤᠨ | ᠦᠢᠯᠡᠴᠢᠯᠡᠭᠡ ᠬᠠᠩᠭᠠᠨ᠎ᠠ᠃ ᠴᠢᠬᠤᠯᠠ ᠶᠡᠭᠡ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠬᠡᠨ ᠤ | ᠲᠦᠷᠦᠯ ᠵᠦᠢᠯ ᠢ ᠲᠤᠬᠢᠷᠠᠭᠤᠯᠬᠤ ᠦᠶᠡᠰ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠭᠦᠷᠢᠶ᠎ᠡ ᠴᠠᠷᠠᠭ᠎ᠠ ᠲᠡᠰᠢ | ᠵᠤᠬᠢᠬᠤ ᠬᠡᠮᠵᠢᠶ᠎ᠡ ᠪᠠᠷ ᠬᠡᠯᠪᠠᠶᠢᠯᠬᠡᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ | ᠦᠬᠡᠷᠡᠴᠢᠯᠡᠯᠳᠡ ᠶᠢᠨ ᠵᠦᠪᠯᠡᠯ᠂ ᠰᠤᠷᠭᠠᠨ ᠭᠦᠮᠦᠵᠢᠯ ᠤᠨ ᠲᠢᠩᠬᠢᠮ᠂ ᠰᠢᠨᠵᠢᠯᠡᠬᠦ ᠮᠡᠷᠬᠡᠵᠢᠯ ᠤᠨ ᠲᠢᠩᠬᠢᠮ᠂ | ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠭᠦᠮᠦᠨ ᠤ ᠭᠦᠴᠦᠨ ᠤ ᠡᠬᠢ ᠪᠠᠶᠠᠯᠢᠭ ᠪᠠ | ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠶᠠᠰᠤ | ᠴᠢᠨᠠᠷ ᠲᠤ ᠮᠡᠷᠬᠡᠵᠢᠯ ᠤᠨ ᠬᠢᠨᠠᠯᠳᠠ ᠲᠠᠯᠪᠢᠬᠤ ᠲᠤᠪᠴᠢᠶ᠎ᠠ᠂ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ | ᠲᠤᠪᠴᠢᠶ᠎ᠠ᠂ ᠬᠠᠤᠯᠢ ᠲᠦᠷᠢᠮ ᠤᠨ ᠠᠯᠪᠠᠨ ᠬᠡᠷ᠂ ᠵᠡᠮᠳᠡᠭᠴᠦᠳ ᠤᠨ ᠬᠤᠯᠪᠤᠭᠠᠳᠤ ᠬᠤᠷᠠᠯ ᠡᠭᠦᠷᠬᠡ ᠬᠠᠷᠢᠭᠤᠴᠠᠯᠭ᠎ᠠ | ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ︵ᠭᠤᠷᠪᠠ︶ ᠦᠢᠯᠡᠴᠢᠯᠡᠭᠡ ᠶᠢᠨ ᠰᠢᠰᠲ᠋ᠧᠮᠵᠢ ᠶᠢ ᠲᠡᠭᠦᠯᠳᠡᠷᠵᠢᠬᠦᠯᠵᠦ᠂ ᠴᠢᠳᠠᠪᠤᠷᠢᠳᠠᠨ ᠤ ᠡᠩᠨᠡᠭᠡ ᠶᠢ | ᠴᠢᠩᠭᠠᠷᠠᠭᠤᠯᠤᠨ᠎ᠠ᠃ | ᠦᠨᠳᠦᠰᠦᠨ ᠱᠠᠳᠤ ᠪᠠᠷ ᠭᠤᠤᠯᠳᠠᠯᠭ᠎ᠠ ᠪᠤᠯᠭᠠᠵᠦ ᠤᠯᠠᠨ ᠨᠡᠶᠢᠳᠡ ᠶᠢᠨ ᠡᠷᠡᠭᠦᠯ ᠬᠠᠮᠠᠭᠠᠯᠠᠯ᠂ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ᠂ ᠡᠮᠴᠢᠯᠡᠬᠡᠨ ᠤ ᠦᠢᠯᠡᠴᠢᠯᠡᠭᠡ᠂ ᠠᠮᠤᠷ ᠲᠦᠪᠰᠢᠨ ᠤ ᠪᠠᠳᠤᠯᠠᠭ᠎ᠠ | ᠪᠠ ᠬᠢᠨᠠᠯᠳᠠ ᠬᠠᠮᠢᠶᠠᠷᠤᠯᠳᠠ᠂ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ᠂ ᠤᠷᠴᠢᠨ ᠲᠤᠭᠤᠷᠢᠨ ᠤ | ᠪᠤᠬᠢᠷᠳᠤᠯ ᠢ ᠰᠡᠷᠬᠡᠶᠢᠯᠡᠨ ᠵᠠᠰᠠᠬᠤ᠂ ᠲᠠᠷᠢᠶᠠᠯᠠᠩ ᠮᠠᠯ ᠤᠨ ᠠᠰᠢᠭ ᠰᠢᠮ᠎ᠠ ᠶᠢᠨ ᠪᠦᠳᠦᠬᠡᠭᠳᠡᠬᠦᠨ ᠪᠠ ᠢᠳᠡᠬᠡᠨ ᠪᠠ | ᠡᠮ ᠤᠨ ᠵᠦᠢᠯ ᠤᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ᠂ ᠡᠷᠡᠭᠦᠯᠵᠢᠬᠦᠯᠬᠦ ᠦᠢᠯᠡᠴᠢᠯᠡᠭᠡ ᠵᠡᠷᠬᠡ | ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠵᠦ᠂ ᠰᠠᠭᠤᠷᠢ ᠪᠡᠯᠡᠳᠬᠡᠮᠵᠢ ᠶᠢᠨ ᠪᠠᠶᠢᠭᠤᠯᠤᠯᠳᠠ ᠶᠢ | ᠰᠠᠶᠢᠵᠢᠷᠠᠭᠤᠯᠤᠨ᠂ ᠦᠢᠯᠡᠴᠢᠯᠡᠬᠡᠨ ᠤ ᠴᠢᠳᠠᠪᠤᠷᠢ ᠶᠢ ᠲᠡᠬᠡᠭᠰᠢᠯᠡᠬᠦᠯᠦᠨ᠎ᠠ᠃ ᠦᠢᠯᠡᠴᠢᠯᠡᠭᠡ ᠶᠢᠨ ᠲᠤᠰᠬᠠᠢ | ᠪᠠᠶᠢᠭᠤᠯᠤᠮᠵᠢ ᠶᠢᠨ ᠴᠢᠬᠤᠯᠠ ᠦᠢᠯᠡᠳᠦᠯ ᠢ ᠪᠠᠳᠠᠷᠠᠭᠤᠯᠤᠨ᠂ ᠨᠡᠶᠢᠬᠡᠮ ᠲᠤᠭᠤᠷᠢᠭ᠂ ᠬᠡᠷ ᠪᠦᠯᠢ ᠶᠢ ᠵᠢᠭᠠᠨ | ᠵᠢᠯᠤᠭᠤᠳᠴᠤ ᠪᠠᠶᠢᠭᠠᠳ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠶᠢ ᠰᠠᠶᠢᠳᠤᠷ ᠬᠢᠯᠬᠡᠵᠦ᠂ ᠵᠡᠮᠳᠡᠭ | ᠪᠤᠯᠬᠤ ᠶᠢ ᠤᠷᠢᠳᠴᠢᠯᠠᠨ ᠰᠡᠷᠬᠡᠶᠢᠯᠡᠬᠦ ᠶᠡᠷᠦᠩᠬᠡᠶᠢᠯᠡᠭᠰᠡᠨ ᠴᠢᠨᠠᠷᠳᠠᠢ᠂ ᠨᠡᠶᠢᠬᠡᠮᠴᠢᠯᠡᠭᠰᠡᠨ ᠦᠢᠯᠡᠴᠢᠯᠡᠭᠡ ᠶᠢᠨ ᠲᠤᠤᠷ | ᠰᠦᠯᠵᠢᠶ᠎ᠡ ᠶᠢ ᠪᠦᠷᠢᠯᠳᠦᠬᠦᠯᠦᠨ᠎ᠠ᠃ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠡᠮᠨᠡᠯᠬᠡ ᠶᠢᠨ ᠠᠵᠢᠯᠳᠠᠨ ᠤ | ᠲᠤᠬᠠᠢ ᠮᠡᠳᠡᠯᠬᠡ ᠮᠡᠷᠬᠡᠵᠢᠯ ᠤᠨ ᠴᠢᠳᠠᠪᠤᠷᠢ ᠶᠢᠨ ᠭᠦᠮᠦᠵᠢᠯ ᠪᠤᠯᠪᠠᠰᠤᠷᠠᠭᠤᠯᠤᠯ ᠢ ᠴᠢᠩᠭᠠᠳᠬᠠᠵᠦ᠂ ᠵᠡᠮᠳᠡᠭ | ᠪᠤᠯᠬᠤ ᠶᠢ ᠤᠷᠢᠳᠴᠢᠯᠠᠨ ᠰᠡᠷᠬᠡᠶᠢᠯᠡᠬᠦ ᠬᠠᠮᠢᠶ᠎ᠠ ᠪᠦᠭᠦᠢ ᠴᠢᠳᠠᠪᠤᠷᠢᠳᠠᠨ ᠢ ᠭᠦᠮᠦᠵᠢᠬᠦᠯᠬᠦ ᠡᠷᠴᠢᠮ ᠢ ᠴᠢᠩᠭᠠᠷᠠᠭᠤᠯᠤᠨ | ᠂ ᠬᠠᠮᠢᠶ᠎ᠠ ᠪᠦᠭᠦᠢ ᠲᠤᠰᠬᠠᠢ ᠠᠵᠢᠯᠳᠠᠨ ᠤ ᠰᠤᠷᠤᠯᠭ᠎ᠠ ᠶᠢᠨ ᠨᠠᠮᠳᠠᠷ ᠤᠨ ᠭᠦᠮᠦᠵᠢᠯ ᠪᠠ ᠦᠷᠬᠦᠯᠵᠢᠯᠡᠯ ᠰᠤᠷᠭᠠᠨ | ᠭᠦᠮᠦᠵᠢᠯ ᠢ ᠰᠠᠶᠢᠳᠤᠷ ᠬᠢᠨ᠎ᠠ᠃ ᠵᠡᠮᠳᠡᠭ ᠢ ᠤᠷᠢᠳᠴᠢᠯᠠᠨ ᠰᠡᠷᠬᠡᠶᠢᠯᠡᠬᠦ ᠭᠦᠷᠢᠶ᠎ᠡ ᠴᠠᠷᠠᠭ᠎ᠠ ᠶᠢᠨ ᠰᠢᠨᠵᠢᠯᠡᠬᠡᠨ ᠤ | ᠰᠠᠯᠠᠭ᠎ᠠ ᠶᠢᠨ ᠲᠤᠯᠤᠭᠠᠶᠢᠯᠬᠠᠴᠢ᠂ ᠰᠢᠨ᠎ᠠ ᠶᠢ ᠡᠭᠦᠳᠬᠦ ᠬᠡᠯᠪᠡᠷᠢ ᠶᠢᠨ ᠴᠢᠳᠠᠪᠤᠷᠢᠳᠠᠨ ᠵᠢᠴᠢ ᠮᠡᠷᠬᠡᠵᠢᠯ ᠪᠠ | ᠮᠡᠷᠬᠡᠵᠢᠯ ᠤᠨ ᠴᠢᠳᠠᠪᠤᠷᠢᠳᠠᠨ ᠢ ᠭᠦᠮᠦᠵᠢᠬᠦᠯᠬᠦ ᠶᠢ ᠲᠦᠷᠬᠡᠳᠬᠡᠵᠦ᠂ ᠲᠡᠬᠡᠳᠦ ᠵᠡᠷᠬᠡ ᠶᠢᠨ ᠰᠤᠷᠭᠠᠭᠤᠯᠢ ᠪᠠ ᠠᠵᠢᠯ | ᠮᠡᠷᠬᠡᠵᠢᠯ ᠤᠨ ᠰᠤᠷᠭᠠᠭᠤᠯᠢ ᠳᠤ ᠡᠷᠡᠬᠦᠯᠵᠢᠯ ᠤᠨ ᠬᠠᠮᠢᠶ᠎ᠠ ᠪᠦᠭᠦᠢ ᠲᠤᠰᠬᠠᠢ ᠮᠡᠷᠬᠡᠵᠢᠯ ᠢ ᠨᠡᠬᠡᠬᠡᠨ᠎ᠠ᠃ ᠨᠡᠶᠢᠬᠡᠮ ᠤᠨ | ᠲᠤᠰᠬᠠᠢ ᠠᠵᠢᠯᠳᠠᠨ᠂ ᠵᠡᠮᠳᠡᠭᠴᠦᠳ ᠢ ᠲᠤᠰᠠᠯᠠᠬᠤ ᠰᠠᠶᠢᠨ ᠲᠤᠷᠠᠴᠤᠳ ᠤᠨ ᠪᠤᠯᠪᠠᠰᠤᠷᠠᠭᠤᠯᠤᠯ ᠢ ᠴᠢᠩᠭᠠᠳᠬᠠᠵᠦ᠂ | ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠠᠵᠢᠯ ᠤᠨ ᠱᠠᠭᠠᠷᠳᠠᠯᠭ᠎ᠠ ᠳᠤ ᠵᠤᠬᠢᠴᠠᠬᠤ ᠴᠢᠳᠠᠪᠤᠷᠢᠳᠠᠨ ᠤ | ᠡᠩᠨᠡᠭᠡ ᠶᠢ ᠴᠤᠨᠨᠴᠠᠯᠠᠨ ᠪᠠᠶᠢᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ | ᠦᠬᠡᠷᠡᠴᠢᠯᠡᠯᠳᠡ ᠶᠢᠨ ᠵᠦᠪᠯᠡᠯ᠂ ᠰᠤᠷᠭᠠᠨ ᠭᠦᠮᠦᠵᠢᠯ ᠤᠨ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ | ᠭᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ | ᠲᠦᠯᠦᠪᠯᠡᠬᠡᠳᠦ ᠦᠷᠡᠵᠢᠯ ᠤᠨ ᠵᠦᠪᠯᠡᠯ᠂ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠢᠳᠡᠬᠡᠨ | ᠪᠠ ᠡᠮ ᠤᠨ ᠵᠦᠢᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠵᠡᠮᠳᠡᠭᠴᠦᠳ ᠤᠨ ᠬᠤᠯᠪᠤᠭᠠᠳᠤ ᠬᠤᠷᠠᠯ | ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ︵ᠲᠦᠷᠪᠡ︶ ᠲᠡᠮᠵᠢᠯᠬᠡ ᠶᠢᠨ ᠲᠦᠷᠦ ᠶᠢᠨ ᠪᠤᠳᠤᠯᠭ᠎ᠠ ᠶᠢ ᠰᠢᠯᠢᠳᠡᠭᠵᠢᠬᠦᠯᠵᠦ᠂ ᠨᠡᠶᠢᠬᠡᠮ ᠤᠨ ᠬᠢᠨ ᠤ | ᠤᠷᠤᠯᠴᠠᠬᠤ ᠶᠢ ᠭᠦᠳᠦᠯᠦᠨ ᠵᠢᠯᠤᠭᠤᠳᠤᠨ᠎ᠠ᠃ | ᠵᠠᠰᠠᠭ ᠤᠨ ᠤᠷᠳᠤᠨ ᠪᠠ ᠨᠡᠶᠢᠬᠡᠮ ᠤᠨ ᠭᠦᠷᠦᠩᠬᠡ ᠶᠢᠨ ᠬᠠᠮᠳᠤᠷᠠᠯᠴᠠᠬᠤ ᠵᠬᠠᠪᠤᠷ ᠢ ᠲᠡᠯᠬᠡᠷᠡᠭᠦᠯᠵᠦ᠂ | ᠨᠡᠶᠢᠬᠡᠮ ᠤᠨ ᠭᠦᠷᠦᠩᠬᠡ ᠶᠢ ᠲᠠᠳᠠᠵᠦ ᠪᠠᠶᠢᠭᠠᠳ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ ᠲᠦᠷᠦᠯ ᠵᠦᠢᠯ ᠤᠨ | ᠪᠡᠯᠡ ᠤᠷᠤᠭᠤᠯᠤᠯᠳᠠ ᠪᠠ ᠠᠵᠢᠯᠯᠠᠭᠠᠨ ᠤ ᠬᠠᠮᠢᠶᠠᠷᠤᠯᠳᠠ ᠳᠤ ᠤᠷᠤᠯᠴᠠᠭᠤᠯᠤᠨ᠂ ᠵᠡᠮᠳᠡᠭ ᠪᠤᠯᠬᠤ ᠶᠢ ᠤᠷᠢᠳᠴᠢᠯᠠᠨ | ᠰᠡᠷᠬᠡᠶᠢᠯᠡᠬᠦ ᠦᠢᠯᠡᠴᠢᠯᠡᠬᠡᠨ ᠤ ᠬᠠᠩᠭᠠᠯᠭ᠎ᠠ ᠶᠢᠨ ᠴᠢᠳᠠᠪᠤᠷᠢ ᠪᠠ ᠦᠷ᠎ᠡ ᠠᠰᠢᠭ ᠢ ᠲᠡᠬᠡᠭᠰᠢᠯᠡᠬᠦᠯᠦᠨ᠎ᠠ᠃ | ᠠᠷᠠᠳ ᠠᠴᠠ ᠡᠷᠬᠢᠯᠡᠵᠦ ᠤᠯᠤᠰ ᠠᠴᠠ ᠲᠡᠳᠬᠦᠬᠦ ᠶᠢ ᠠᠬᠢᠭᠤᠯᠵᠦ᠂ ᠨᠡᠮᠡᠬᠦᠷᠢ ᠦᠭᠭᠦ ᠪᠡᠯᠡ ᠤᠷᠤᠭᠤᠯᠤᠯᠳᠠ᠂ ᠲᠠᠮ | ᠭᠦᠦ ᠲᠠᠢ ᠵᠢᠬᠡᠯᠡᠯᠬᠡ᠂ ᠠᠵᠢᠯᠯᠠᠭᠠᠨ ᠤ ᠨᠡᠮᠡᠭᠦᠷᠢ ᠦᠭᠭᠦ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠨᠡᠶᠢᠬᠡᠮ ᠤᠨ | ᠭᠦᠴᠦᠨ ᠤ ᠡᠮᠴᠢᠯᠡᠭᠡ᠂ ᠡᠷᠡᠬᠦᠯᠵᠢᠯ᠂ ᠲᠤᠰᠠᠯᠠᠬᠤ ᠪᠠᠭᠠᠵᠢ ᠬᠡᠷᠡᠭᠰᠡᠯ ᠵᠡᠷᠬᠡ ᠬᠠᠮᠢᠶ᠎ᠠ ᠪᠦᠭᠦᠢ ᠦᠢᠯᠡᠴᠢᠯᠡᠬᠡᠨ ᠤ | ᠪᠠᠶᠢᠭᠤᠯᠤᠮᠵᠢ ᠡᠷᠬᠢᠯᠡᠬᠦ ᠶᠢ ᠲᠡᠮᠵᠢᠬᠦ ᠶᠢᠨ ᠬᠠᠮᠳᠤ ᠲᠡᠳᠡᠨ ᠢ ᠵᠤᠷᠢᠬᠵᠢᠭᠤᠯᠤᠨ ᠵᠠᠰᠠᠭ ᠤᠨ ᠤᠷᠳᠤᠨ ᠤ | ᠦᠢᠯᠡᠴᠢᠯᠡᠭᠡ ᠬᠤᠳᠠᠯᠳᠤᠨ ᠠᠪᠬᠤ ᠶᠢ ᠲᠠᠭᠠᠭᠠᠨ ᠵᠤᠯᠭᠠᠭᠤᠯᠬᠤ ᠳᠤ ᠤᠷᠤᠯᠴᠠᠭᠤᠯᠵᠤ᠂ ᠰᠢᠨᠵᠢᠯᠡᠬᠡᠨ ᠤ | ᠰᠠᠯᠠᠭ᠎ᠠ ᠶᠢᠨ ᠪᠠᠶᠢᠭᠤᠯᠤᠯᠳᠠ᠂ ᠴᠢᠳᠠᠪᠤᠷᠢᠳᠠᠨ ᠤ ᠪᠤᠯᠪᠠᠰᠤᠷᠠᠭᠤᠯᠤᠯ ᠵᠡᠷᠬᠡ ᠲᠠᠯ᠎ᠠ ᠪᠠᠷ᠂ ᠠᠯᠪᠠᠨ ᠠᠴᠠ ᠡᠷᠬᠢᠯᠡᠭᠰᠡᠨ | ᠪᠠᠶᠢᠭᠤᠯᠤᠮᠵᠢ ᠯᠤᠭ᠎ᠠ ᠠᠳᠠᠯᠢ ᠲᠡᠭᠰᠢ ᠲᠦᠷᠦ ᠶᠢᠨ ᠪᠤᠳᠤᠯᠭ᠎ᠠ ᠶᠢᠨ ᠤᠯᠭᠤᠮᠵᠢ ᠭᠦᠷᠳᠡᠬᠡᠨ᠎ᠠ᠃ ᠡᠯ᠎ᠡ ᠲᠦᠷᠦᠯ ᠤᠨ | ᠠᠳᠠᠯ ᠦᠢᠯᠡᠰ ᠴᠤᠨᠨᠴᠠᠯᠠᠬᠤ ᠪᠡᠯᠡ ᠤᠷᠤᠭᠤᠯᠤᠯᠳᠠ ᠶᠢᠨ ᠪᠠᠶᠢᠭᠤᠯᠤᠮᠵᠢ ᠪᠠ ᠪᠡᠯᠡ ᠲᠤᠬᠢᠷᠠᠭᠤᠯᠭ᠎ᠠ ᠶᠢᠨ | ᠲᠠᠭᠠᠭᠠᠴᠢᠯᠠᠯᠳᠠ ᠶᠢᠨ ᠪᠠᠶᠢᠭᠤᠯᠤᠮᠵᠢ ᠶᠢᠨ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠭᠦᠷᠢᠶ᠎ᠡ ᠴᠠᠷᠠᠭ᠎ᠠ ᠶᠢᠨ | ᠰᠢᠨ᠎ᠠ ᠶᠢ ᠡᠭᠦᠳᠬᠦ ᠬᠡᠯᠪᠡᠷᠢ ᠶᠢᠨ ᠰᠢᠨ᠎ᠠ ᠡᠵᠡᠩᠨᠡᠯᠳᠡ ᠶᠢᠨ ᠪᠠᠶᠢᠳᠠᠯ᠂ ᠵᠢᠵᠢᠭ ᠪᠢᠴᠢᠯ ᠠᠵᠦ ᠠᠬᠤᠶᠢᠯᠠᠯ ᠠᠴᠠ | ᠲᠤᠬᠠᠶᠢᠯᠬᠠᠰᠠᠨ ᠠᠵᠢᠯ ᠦᠷᠨᠢᠬᠦᠯᠬᠦ ᠶᠢ ᠵᠤᠷᠢᠨᠨᠵᠢᠭᠤᠯᠤᠨ᠎ᠠ᠃ ᠨᠠᠰᠤᠳᠠᠶᠢᠴᠤᠳ᠂ ᠵᠡᠮᠳᠡᠭᠴᠦᠳ᠂ ᠲᠦᠭᠰᠢᠭᠦᠷᠢ | ᠶᠡᠭᠡ ᠠᠵᠢᠯ ᠮᠡᠷᠬᠡᠵᠢᠯ ᠤᠨ ᠠᠵᠢᠯ ᠡᠷᠬᠢᠯᠡᠵᠦ ᠪᠦᠭᠦᠢ ᠭᠦᠮᠦᠰ ᠤᠨ ᠡᠷᠡᠬᠦᠯ ᠡᠩᠬᠡ ᠶᠢᠨ ᠲᠠᠭᠠᠳᠬᠠᠯ᠂ ᠤᠷᠳᠤ | ᠬᠤᠭᠤᠴᠠᠭᠠᠨ ᠤ ᠰᠤᠪᠢᠯᠠᠯᠳᠠ ᠶᠢᠨ ᠲᠠᠭᠠᠳᠬᠠᠯ᠂ ᠰᠠᠨᠠᠭᠠᠨ ᠳᠤ ᠦᠬᠡᠢ ᠬᠡᠮᠳᠦᠯ ᠤᠨ ᠲᠠᠭᠠᠳᠬᠠᠯ ᠵᠡᠷᠬᠡ ᠪᠡᠶ᠎ᠡ | ᠮᠠᠬᠠᠪᠤᠳ ᠤᠨ ᠲᠠᠭᠠᠳᠬᠠᠯ ᠤᠨ ᠦᠢᠯᠡᠳᠬᠦᠨ ᠤ ᠲᠠᠭᠠᠳᠬᠠᠯ ᠳᠤ ᠤᠷᠤᠯᠴᠠᠬᠤ ᠶᠢ ᠵᠤᠷᠢᠨᠨᠵᠢᠭᠤᠯᠵᠦ᠂ | ᠬᠤᠳᠠᠯᠳᠤᠭᠠᠨ ᠤ ᠶᠠᠪᠤᠳᠠᠯ ᠤᠨ ᠲᠠᠭᠠᠳᠬᠠᠯ ᠤᠨ ᠺᠤᠮᠫᠠᠨᠢ ᠶᠢᠨ ᠬᠠᠮᠢᠶ᠎ᠠ ᠪᠦᠭᠦᠢ ᠲᠤᠬᠠᠶᠢᠯᠬᠠᠰᠠᠨ ᠠᠵᠢᠯ | ᠦᠷᠨᠢᠬᠦᠯᠬᠦ ᠶᠢ ᠵᠤᠷᠢᠨᠨᠵᠢᠭᠤᠯᠤᠨ᠎ᠠ᠃ ᠡᠯ᠎ᠡ ᠵᠦᠢᠯ ᠤᠨ ᠠᠵᠦ ᠠᠬᠤᠶᠢᠯᠠᠯ᠂ ᠨᠡᠶᠢᠬᠡᠮ ᠤᠨ ᠵᠤᠬᠢᠶᠠᠨ | ᠪᠠᠶᠢᠭᠤᠯᠤᠯᠳᠠ ᠶᠢᠨ ᠤᠯᠠᠨ ᠬᠡᠯᠪᠡᠷᠢ ᠶᠠᠩᠵᠦ ᠶᠢᠨ ᠨᠢᠭᠦᠯᠡᠰᠦᠩᠬᠦᠢ ᠶᠢᠨ ᠠᠵᠢᠯᠯᠠᠭ᠎ᠠ ᠦᠷᠨᠢᠬᠦᠯᠬᠦ ᠶᠢ ᠰᠠᠨᠠᠭᠠᠴᠢᠯᠠᠵᠦ | ᠂ ᠵᠤᠭᠤᠰ ᠢᠶᠠᠷ ᠲᠤᠰᠠᠯᠠᠵᠦ ᠪᠡᠯᠡᠭᠯᠡᠨ ᠭᠦᠷᠬᠡᠬᠦ᠂ ᠰᠠᠶᠢᠨ ᠲᠤᠷᠠᠴᠤᠳ ᠤᠨ ᠦᠢᠯᠡᠴᠢᠯᠡᠭᠡ᠂ ᠰᠠᠭᠤᠷᠢ ᠮᠦᠩᠭᠦᠨ ᠤ | ᠨᠡᠶᠢᠬᠡᠮᠯᠢᠭ ᠪᠠᠶᠢᠭᠤᠯᠬᠤ ᠵᠡᠷᠬᠡ ᠠᠷᠭ᠎ᠠ ᠮᠠᠶ᠋ᠢᠭ ᠢᠶᠠᠷ ᠲᠠᠮᠵᠢᠭᠤᠯᠤᠨ᠂ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ | ᠠᠵᠢᠯ ᠢ ᠲᠡᠮᠵᠢᠬᠦ ᠪᠠ ᠲᠡᠭᠦᠨ ᠳᠤ ᠤᠷᠤᠯᠴᠠᠭᠤᠯᠤᠨ᠎ᠠ᠃ ︵ᠦᠪᠡᠷᠳᠡᠬᠡᠨ ᠵᠠᠰᠠᠬᠤ ᠤᠷᠤᠨ ᠤ ᠭᠦᠭᠵᠢᠬᠦᠯᠦᠯᠳᠡ | ᠦᠬᠡᠷᠡᠴᠢᠯᠡᠯᠳᠡ ᠶᠢᠨ ᠵᠦᠪᠯᠡᠯ᠂ ᠠᠷᠠᠳ ᠤᠨ ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠭᠦᠮᠦᠨ ᠤ | ᠭᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠡᠷᠡᠬᠦᠯ ᠬᠠᠮᠠᠭᠠᠯᠠᠯ ᠲᠦᠯᠦᠪᠯᠡᠬᠡᠳᠦ | ᠦᠷᠡᠵᠢᠯ ᠤᠨ ᠵᠦᠪᠯᠡᠯ᠂ ᠵᠡᠮᠳᠡᠭᠴᠦᠳ ᠤᠨ ᠬᠤᠯᠪᠤᠭᠠᠳᠤ ᠬᠤᠷᠠᠯ᠂ ᠦᠪᠦᠷ ᠮᠤᠩᠭᠤᠯ ᠤᠨ ᠲᠠᠭᠠᠳᠬᠠᠯ ᠳᠤ ᠬᠢᠨᠠᠯᠳᠠ | ᠲᠠᠯᠪᠢᠬᠤ ᠬᠠᠮᠢᠶᠠᠷᠤᠯᠳᠠ ᠶᠢᠨ ᠲᠤᠪᠴᠢᠶ᠎ᠠ ᠡᠭᠦᠷᠬᠡ ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ | ︶ | ︵ᠲᠠᠪᠤ︶ ᠰᠢᠨᠵᠢᠯᠡᠬᠦ ᠤᠬᠠᠭᠠᠨ ᠤ ᠰᠤᠳᠤᠯᠭᠠᠨ ᠢ ᠴᠢᠩᠭᠠᠳᠬᠠᠵᠦ᠂ ᠭᠤᠤᠯᠳᠠᠯᠭ᠎ᠠ ᠲᠠᠢ ᠬᠢᠨᠠᠨ ᠰᠢᠨᠵᠢᠬᠦ ᠶᠢ | ᠬᠡᠷᠡᠭᠵᠢᠬᠦᠯᠤᠨ᠎ᠠ᠃ | ᠰᠢᠨᠵᠢᠯᠡᠬᠦ ᠤᠬᠠᠭᠠᠨ ᠮᠡᠷᠬᠡᠵᠢᠯ ᠤᠨ ᠪᠠᠶᠢᠷᠢᠯᠠᠭᠤᠯᠤᠯᠳᠠ ᠶᠢ ᠴᠢᠩᠭᠠᠳᠬᠠᠵᠦ᠂ ᠰᠢᠨᠵᠢᠯᠡᠬᠦ ᠤᠬᠠᠭᠠᠨ | ᠮᠡᠷᠬᠡᠵᠢᠯ ᠤᠨ ᠲᠦᠯᠦᠪᠯᠡᠭᠡ ︵ᠲᠤᠰᠬᠠᠢ ᠵᠦᠢᠯ᠂ ᠰᠠᠭᠤᠷᠢ ᠮᠦᠩᠭᠦ ᠵᠡᠷᠬᠡ︶ ᠶᠢᠨ ᠬᠠᠮᠢᠶᠠᠷᠤᠯᠳᠠ ᠶᠢᠨ | ᠦᠬᠡᠷᠡᠴᠢᠯᠡᠯᠳᠡ ᠶᠢᠨ ᠱᠠᠭᠠᠷᠳᠠᠯᠭ᠎ᠠ ᠶᠤᠰᠤᠭᠠᠷ᠂ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠬᠠᠮᠢᠶ᠎ᠠ ᠪᠦᠭᠦᠢ | ᠰᠢᠨᠵᠢᠯᠡᠭᠡ ᠰᠤᠳᠤᠯᠭᠠᠨ ᠤ ᠠᠵᠢᠯ ᠢ ᠨᠢᠬᠡᠳᠦᠯᠳᠡᠢ ᠲᠦᠯᠦᠪᠯᠡᠨ ᠪᠠᠶᠢᠷᠢᠰᠢᠭᠤᠯᠤᠨ᠎ᠠ᠃ ᠲᠡᠬᠡᠳᠦ ᠵᠡᠷᠬᠡ ᠶᠢᠨ | ᠰᠤᠷᠭᠠᠭᠤᠯᠢ᠂ ᠰᠢᠨᠵᠢᠯᠡᠭᠡ ᠰᠤᠳᠤᠯᠭᠠᠨ ᠤ ᠪᠠᠶᠢᠭᠤᠯᠤᠮᠵᠢ ᠵᠡᠷᠬᠡ ᠶᠢᠨ ᠵᠡᠮᠳᠡᠭ ᠪᠤᠯᠤᠨᠨᠰᠠᠨ ᠤᠴᠢᠷ ᠰᠢᠯᠳᠠᠭᠠᠨ᠂ | ᠵᠢᠮ᠎ᠠ ᠶᠤᠰᠤ᠂ ᠤᠷᠢᠳᠴᠢᠯᠠᠨ ᠰᠡᠷᠬᠡᠶᠢᠯᠡᠬᠦ ᠠᠷᠭ᠎ᠠ ᠪᠤᠳᠤᠯᠭ᠎ᠠ ᠬᠢᠬᠡᠳ ᠵᠢᠭᠠᠨ ᠵᠢᠯᠤᠭᠤᠳᠬᠤ ᠮᠡᠷᠬᠡᠵᠢᠯ ᠵᠡᠷᠬᠡ | ᠲᠠᠯ᠎ᠠ ᠶᠢᠨ ᠰᠤᠳᠤᠯᠭᠠᠨ ᠬᠢᠬᠦ ᠶᠢ ᠵᠤᠷᠢᠨᠨᠵᠢᠭᠤᠯᠵᠦ᠂ ᠲᠡᠷᠢᠬᠦᠨ ᠤ ᠲᠤᠬᠢᠷᠠᠮᠵᠢᠳᠠᠢ ᠮᠡᠷᠬᠡᠵᠢᠯ ᠵᠢᠴᠢ ᠦᠢᠯᠡᠳᠬᠦᠨ ᠢ | ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠭᠦᠷᠢᠶ᠎ᠡ ᠴᠠᠷᠠᠭᠠᠨ ᠳᠤ ᠬᠡᠷᠡᠭᠯᠡᠵᠦ ᠲᠡᠯᠬᠡᠷᠡᠭᠦᠯᠬᠦ ᠶᠢ ᠠᠬᠢᠭᠤᠯᠤᠨ᠎ᠠ᠃ | ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠶᠡᠷᠦᠩᠬᠡᠶᠢᠯᠡᠭᠰᠡᠨ ᠲᠤᠷᠰᠢᠯᠳᠠ ᠶᠢᠨ ᠲᠤᠭᠤᠷᠢᠭ ᠲᠤ ᠲᠤᠷᠰᠢᠯᠳᠠ | ᠬᠢᠬᠦ ᠶᠢ ᠠᠬᠢᠭᠤᠯᠵᠦ᠂ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ ᠰᠠᠭᠤᠷᠢ ᠮᠡᠳᠡᠭᠡ ᠵᠠᠩᠬᠢ ᠶᠢ ᠴᠤᠨᠨᠯᠠᠭᠤᠯᠬᠤ᠂ | ᠵᠠᠳᠠᠯᠬᠤ ᠪᠠ ᠰᠤᠳᠤᠯᠬᠤ ᠶᠢ ᠴᠢᠩᠭᠠᠳᠬᠠᠨ᠂ ᠵᠡᠮᠳᠡᠭ ᠪᠤᠯᠤᠨᠨᠰᠠᠨ ᠮᠡᠳᠡᠬᠦᠯᠦᠯᠳᠡ ᠶᠢᠨ ᠨᠢᠬᠡᠳᠦᠯᠳᠡᠢ ᠲᠦᠷᠢᠮ ᠢ | ᠪᠠᠶᠢᠭᠤᠯᠵᠦ᠂ ᠢᠨᠲ᠋ᠧᠷ ᠰᠦᠯᠵᠢᠶ᠎ᠡ᠂ ᠪᠤᠳᠠᠰᠯᠢᠭ ᠰᠦᠯᠵᠢᠶ᠎ᠡ ᠵᠡᠷᠬᠡ ᠮᠡᠳᠡᠭᠡ ᠵᠠᠩᠬᠢ ᠶᠢᠨ ᠮᠡᠷᠬᠡᠵᠢᠯ ᠢ ᠠᠰᠢᠨᠨᠯᠠᠨ᠂ | ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠲᠤᠮᠤ ᠳ᠋ᠠᠶᠢᠲ᠋ᠠ ᠶᠢ ᠠᠰᠢᠨᠨᠯᠠᠬᠤ ᠴᠢᠳᠠᠪᠤᠷᠢ ᠶᠢ ᠲᠡᠬᠡᠭᠰᠢᠯᠡᠬᠦᠯᠵᠦ᠂ | ᠵᠡᠮᠳᠡᠭ ᠪᠤᠯᠬᠤ ᠶᠢᠨ ᠤᠨᠴᠠᠯᠢᠭ ᠰᠢᠨᠵᠢ ᠪᠠ ᠬᠤᠪᠢᠷᠠᠯᠳᠠ ᠶᠢᠨ ᠬᠠᠨᠳᠤᠰᠢ ᠶᠢ ᠴᠠᠭ ᠲᠤᠬᠠᠢ ᠳᠤᠨᠢ ᠡᠵᠡᠮᠰᠢᠵᠦ᠂ | ᠴᠢᠭᠯᠡᠬᠦᠯᠦᠯᠳᠦ ᠴᠢᠨᠠᠷ ᠲᠠᠢ ᠠᠷᠭᠠᠴᠠᠬᠤ ᠠᠷᠭ᠎ᠠ ᠬᠡᠮᠵᠢᠶ᠎ᠡ ᠶᠢ ᠬᠡᠷᠡᠭᠯᠡᠨ᠎ᠠ᠃ ᠲᠦᠷᠦᠯᠬᠢ ᠶᠢᠨ ᠵᠡᠷᠡᠮᠳᠡᠭ ᠠᠷᠬᠠᠭ᠂ | ᠬᠠᠭᠤᠴᠢᠨ᠂ ᠰᠠᠨᠠᠭᠠᠨ ᠳᠤ ᠦᠬᠡᠢ ᠬᠡᠮᠳᠦᠯ᠂ ᠤᠷᠴᠢᠨ ᠲᠤᠭᠤᠷᠢᠨ ᠤ ᠪᠤᠬᠢᠷᠳᠤᠯ᠂ ᠢᠳᠡᠬᠡᠨ ᠪᠠ ᠡᠮ ᠤᠨ | ᠵᠦᠢᠯ ᠤᠨ ᠠᠮᠤᠷ ᠲᠦᠪᠰᠢᠨ ᠵᠡᠷᠬᠡ ᠭᠤᠤᠯᠳᠠᠯᠭ᠎ᠠ ᠲᠠᠢ ᠭᠦᠷᠢᠶ᠎ᠡ ᠴᠠᠷᠠᠭ᠎ᠠ ᠳᠤ ᠭᠦᠳᠡᠯᠦᠩᠬᠦᠢ ᠬᠢᠨᠠᠨ ᠰᠢᠨᠵᠢᠯᠳᠠ ᠶᠢ | ᠬᠡᠷᠡᠭᠵᠢᠬᠦᠯᠵᠦ᠂ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠬᠦᠯᠬᠦ ᠮᠡᠳᠡᠭᠡ ᠵᠠᠩᠬᠢ ᠨᠡᠶᠢᠳᠡᠯᠡᠨ᠎ᠠ᠃ ︵ | ᠦᠪᠡᠷᠳᠡᠬᠡᠨ ᠵᠠᠰᠠᠬᠤ ᠤᠷᠤᠨ ᠤ ᠲᠤᠤᠷ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠯᠪᠠᠨ | ᠬᠡᠷ᠂ ᠰᠤᠷᠭᠠᠨ ᠭᠦᠮᠦᠵᠢᠯ ᠤᠨ ᠲᠢᠩᠬᠢᠮ᠂ ᠰᠢᠨᠵᠢᠯᠡᠬᠦ ᠤᠬᠠᠭᠠᠨ ᠮᠡᠷᠬᠡᠵᠢᠯ ᠤᠨ ᠲᠢᠩᠬᠢᠮ᠂ ᠠᠷᠠᠳ ᠤᠨ | ᠶᠠᠪᠤᠳᠠᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ᠂ ᠭᠦᠮᠦᠨ ᠤ ᠭᠦᠴᠦᠨ ᠤ ᠡᠬᠢ ᠪᠠᠶᠠᠯᠢᠭ ᠪᠠ ᠨᠡᠶᠢᠬᠡᠮ ᠤᠨ | ᠪᠠᠳᠤᠯᠠᠭ᠎ᠠ ᠶᠢᠨ ᠲᠢᠩᠬᠢᠮ᠂ ᠡᠷᠡᠭᠦᠯ ᠬᠠᠮᠠᠭᠠᠯᠠᠯ ᠲᠦᠯᠦᠪᠯᠡᠬᠡᠳᠦ ᠦᠷᠡᠵᠢᠯ ᠤᠨ ᠵᠦᠪᠯᠡᠯ᠂ ᠠᠶᠤᠯ ᠦᠬᠡᠢ | ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠢᠳᠡᠬᠡᠨ ᠪᠠ ᠡᠮ ᠤᠨ ᠵᠦᠢᠯ ᠤᠨ ᠬᠢᠨᠠᠯᠳᠠ | ᠬᠠᠮᠢᠶᠠᠷᠤᠯᠳᠠ ᠶᠢᠨ ᠲᠤᠪᠴᠢᠶ᠎ᠠ᠂ ᠵᠡᠮᠳᠡᠭᠴᠦᠳ ᠤᠨ ᠬᠤᠯᠪᠤᠭᠠᠳᠤ ᠬᠤᠷᠠᠯ ᠡᠭᠦᠷᠬᠡ ᠬᠠᠷᠢᠭᠤᠴᠠᠯᠭ᠎ᠠ ᠶᠤᠰᠤᠭᠠᠷ | ᠠᠵᠢᠯ ᠬᠤᠪᠢᠶᠠᠷᠢᠯᠠᠨ ᠬᠠᠷᠢᠭᠤᠴᠠᠨ᠎ᠠ︶ | ︵ᠵᠢᠷᠭᠤᠭ᠎ᠠ︶ ᠤᠬᠠᠭᠤᠯᠤᠯ ᠭᠦᠮᠦᠵᠢᠯ ᠢ ᠴᠢᠩᠭᠠᠳᠬᠠᠵᠦ᠂ ᠤᠷᠢᠳᠴᠢᠯᠠᠨ ᠰᠡᠷᠬᠡᠶᠢᠯᠡᠬᠦ ᠦᠵᠡᠯ ᠤᠬᠠᠮᠰᠠᠷ ᠢ | ᠲᠡᠬᠡᠭᠰᠢᠯᠡᠬᠦᠯᠤᠨ᠎ᠠ᠃ | ᠤᠯᠤᠰ ᠠᠴᠠ ︽ᠤᠯᠤᠰ ᠤᠨ ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠡᠳᠦᠷ︾ ᠪᠠᠶᠢᠷᠢᠯᠠᠭᠤᠯᠬᠤ ᠶᠢ | ᠠᠬᠢᠭᠤᠯᠤᠨ᠎ᠠ᠃ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ ᠬᠠᠤᠯᠢ ᠴᠠᠭᠠᠵᠠ ᠶᠢᠨ ᠤᠬᠠᠭᠤᠯᠤᠯ ᠭᠦᠮᠦᠵᠢᠯ ᠢ | ᠴᠢᠩᠭᠠᠳᠬᠠᠵᠦ᠂ ᠵᠠᠰᠠᠭ ᠤᠨ ᠤᠷᠳᠤᠨ ᠤ ᠰᠠᠯᠠᠭ᠎ᠠ ᠮᠦᠴᠢᠷ᠂ ᠡᠮᠴᠢᠯᠡᠬᠡᠨ ᠡᠷᠡᠭᠦᠯ ᠬᠠᠮᠠᠭᠠᠯᠠᠯ ᠤᠨ ᠪᠠᠶᠢᠭᠤᠯᠤᠮᠵᠢ᠂ | ᠠᠵᠦ ᠠᠬᠤᠶᠢᠯᠠᠯ ᠠᠵᠢᠯ ᠦᠢᠯᠡᠰ ᠤᠨ ᠨᠢᠬᠡᠴᠡ᠂ ᠨᠡᠶᠢᠬᠡᠮ ᠤᠨ ᠵᠤᠬᠢᠶᠠᠨ ᠪᠠᠶᠢᠭᠤᠯᠤᠯᠳᠠ᠂ ᠵᠡᠮᠳᠡᠭ ᠪᠤᠯᠬᠤ ᠶᠢ | ᠤᠷᠢᠳᠴᠢᠯᠠᠨ ᠰᠡᠷᠬᠡᠶᠢᠯᠡᠬᠦ ᠬᠡᠷ ᠪᠦᠯᠢ ᠪᠠ ᠬᠤᠪᠢ ᠭᠦᠮᠦᠨ ᠤ ᠬᠠᠤᠯᠢ ᠴᠠᠭᠠᠵᠠ ᠶᠢᠨ ᠤᠶᠢᠢᠯᠠᠭᠠᠬᠳᠠᠬᠤᠨ᠂ | ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠨᠢ ᠲᠡᠬᠡᠭᠰᠢᠯᠡᠬᠦᠯᠦᠨ᠎ᠠ᠃ ᠪᠦᠭᠦ ᠤᠯᠤᠰ ᠤᠨ ᠴᠢᠬᠢ ᠪᠠᠨ ᠬᠢᠮᠠᠭᠠᠳᠠᠬᠤ | ᠡᠳᠦᠷ᠂ ᠪᠦᠭᠦ ᠤᠯᠤᠰ ᠤᠨ ᠨᠢᠳᠦ ᠪᠠᠨ ᠬᠢᠮᠠᠭᠠᠳᠠᠬᠤ ᠡᠳᠦᠷ᠂ ᠤᠯᠠᠨ ᠤᠯᠤᠰ ᠤᠨ ᠭᠠᠮᠰᠢᠭ ᠢ ᠪᠠᠭᠠᠰᠬᠠᠬᠤ ᠡᠳᠦᠷ᠂ | ᠪᠦᠭᠦ ᠤᠯᠤᠰ ᠤᠨ ᠭᠠᠮᠰᠢᠭ ᠢ ᠰᠡᠷᠬᠡᠶᠢᠯᠡᠵᠦ ᠪᠠᠭᠠᠰᠬᠠᠬᠤ ᠡᠳᠦᠷ᠂ ᠪᠦᠭᠦ ᠤᠯᠤᠰ ᠤᠨ ᠲᠤᠮᠳᠠᠳᠤ ᠪᠠᠭ᠎ᠠ | ᠰᠤᠷᠭᠠᠭᠤᠯᠢ ᠶᠢᠨ ᠰᠤᠷᠤᠨᠨᠴᠢ ᠶᠢᠨ ᠠᠮᠤᠷ ᠲᠦᠪᠰᠢᠨ ᠤ ᠭᠦᠮᠦᠵᠢᠯ ᠤᠨ ᠡᠳᠦᠷ᠂ ᠪᠦᠭᠦ ᠤᠯᠤᠰ ᠤᠨ ᠭᠠᠯ ᠢ | ᠰᠡᠷᠬᠡᠶᠢᠯᠡᠬᠦ ᠡᠳᠦᠷ᠂ ᠪᠦᠭᠦ ᠤᠯᠤᠰ ᠤᠨ ᠵᠠᠮ ᠬᠠᠷᠢᠯᠴᠠᠭᠠᠨ ᠤ ᠠᠮᠤᠷ ᠲᠦᠪᠰᠢᠨ ᠤ ᠡᠳᠦᠷ ᠵᠡᠷᠬᠡ ᠤᠬᠠᠭᠤᠯᠤᠯ ᠤᠨ | ᠵᠠᠩᠬᠢᠯᠠᠭ᠎ᠠ ᠶᠢᠨ ᠴᠡᠭ ᠢ ᠠᠰᠢᠨᠨᠯᠠᠵᠦ᠂ ᠵᠡᠮᠳᠡᠭ ᠪᠣᠯᠬᠤ ᠶᠢ ᠤᠷᠢᠳᠴᠢᠯᠠᠨ ᠰᠡᠷᠬᠡᠶᠢᠯᠡᠬᠦ ᠮᠡᠳᠡᠭᠡ ᠵᠠᠩᠬᠢ ᠨᠡᠶᠢᠳᠡᠯᠡᠨ᠂ | ᠵᠡᠮᠳᠡᠭ ᠪᠤᠯᠬᠤ ᠶᠢ ᠤᠷᠢᠳᠴᠢᠯᠠᠨ ᠰᠡᠷᠬᠡᠶᠢᠯᠡᠬᠦ ᠮᠡᠳᠡᠯᠬᠡ ᠶᠢ ᠤᠬᠠᠭᠤᠯᠤᠨ ᠲᠠᠶᠢᠯᠪᠤᠷᠢᠯᠠᠵᠦ᠂ ᠵᠡᠮᠳᠡᠭ ᠢ | ᠤᠷᠢᠳᠴᠢᠯᠠᠨ ᠰᠡᠷᠬᠡᠶᠢᠯᠡᠬᠦ ᠶᠢ ︽ᠨᠡᠶᠢᠬᠡᠮ ᠲᠤᠭᠤᠷᠢᠭ᠂ ᠰᠤᠷᠭᠠᠭᠤᠯᠢ᠂ ᠬᠡᠷ ᠪᠦᠯᠢ ᠳᠤ ᠤᠷᠤᠭᠤᠯᠬᠤ︾ | ᠤᠬᠠᠭᠤᠯᠤᠯ ᠭᠦᠮᠦᠵᠢᠯ ᠤᠨ ᠠᠵᠢᠯᠯᠠᠭ᠎ᠠ ᠶᠢ ᠦᠷᠬᠡᠨ ᠢᠶᠠᠷ ᠦᠷᠨᠢᠬᠦᠯᠦᠨ᠂ ᠪᠦᠭᠦ ᠨᠡᠶᠢᠬᠡᠮ ᠤᠨ ᠦᠪᠡᠷ ᠢ ᠪᠠᠨ | ᠬᠠᠶᠢᠷᠠᠯᠠᠨ ᠬᠢᠮᠠᠭᠠᠳᠠᠬᠤ ᠦᠵᠡᠯ ᠤᠬᠠᠮᠰᠠᠷ ᠪᠠ ᠴᠢᠳᠠᠪᠤᠷᠢ ᠶᠢ ᠨᠡᠮᠡᠭᠳᠡᠬᠦᠯᠦᠨ᠎ᠠ᠃ ᠴᠢᠭᠯᠡᠬᠦᠯᠦᠯᠳᠦ ᠴᠢᠨᠠᠷ ᠲᠠᠢ | ᠠᠷᠭ᠎ᠠ ᠬᠡᠮᠵᠢᠶ᠎ᠡ ᠬᠡᠷᠡᠭᠯᠡᠵᠦ᠂ ᠵᠡᠮᠳᠡᠭ ᠤᠯᠠᠨ ᠭᠠᠷᠬᠤ ᠭᠠᠵᠠᠷ ᠤᠷᠤᠨ᠂ ᠭᠦᠷᠢᠶ᠎ᠡ ᠴᠠᠷᠠᠭ᠎ᠠ ᠵᠢᠴᠢ ᠵᠢᠷᠮᠦᠰᠦᠯᠡᠬᠦ ᠪᠠ | ᠭᠦᠩᠬᠡᠵᠢᠬᠦ ᠬᠤᠭᠤᠴᠠᠭᠠᠨ ᠤ ᠡᠮᠡᠭᠳᠡᠶᠢᠴᠦᠳ᠂ ᠬᠡᠤᠬᠡᠳ᠂ ᠵᠠᠯᠠᠭᠤᠴᠤᠳ ᠪᠠᠭᠠᠴᠤᠳ᠂ ᠨᠠᠰᠤᠳᠠᠶᠢᠴᠤᠳ᠂ | ᠲᠦᠭᠰᠢᠬᠦᠷᠢ ᠶᠡᠭᠡ ᠠᠵᠢᠯ ᠮᠡᠷᠬᠡᠵᠢᠯ ᠤᠨ ᠠᠵᠢᠯ ᠡᠷᠬᠢᠯᠡᠭᠴᠢᠳ ᠵᠡᠷᠬᠡ ᠭᠤᠤᠯᠳᠠᠯᠭ᠎ᠠ ᠲᠠᠢ ᠭᠦᠮᠦᠰ ᠤᠨ ᠤᠬᠠᠭᠤᠯᠤᠯ | ᠭᠦᠮᠦᠵᠢᠯ ᠤᠨ ᠠᠵᠢᠯ ᠢ ᠰᠠᠶᠢᠳᠤᠷ ᠬᠢᠨ᠎ᠠ᠃ ︵ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ | ᠤᠬᠠᠭᠤᠯᠬᠤ ᠬᠡᠯᠳᠡᠰ᠂ ᠲᠤᠤᠷ ᠰᠦᠯᠵᠢᠶ᠎ᠡ ᠶᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠶᠢᠨ ᠠᠯᠪᠠᠨ ᠬᠡᠷ᠂ | ᠰᠤᠷᠭᠠᠨ ᠭᠦᠮᠦᠵᠢᠯ ᠤᠨ ᠲᠢᠩᠬᠢᠮ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ ᠲᠤᠳᠤᠭᠠᠳᠤ ᠶᠢ | ᠬᠠᠭᠠᠮᠠᠯᠠᠬᠤ ᠲᠢᠩᠬᠢᠮ᠂ ᠠᠷᠠᠳ ᠤᠨ ᠶᠠᠪᠤᠳᠠᠯ ᠤᠨ ᠲᠢᠩᠬᠢᠮ᠂ ᠭᠦᠮᠦᠨ ᠤ ᠭᠦᠴᠦᠨ ᠤ ᠡᠬᠢ ᠪᠠᠶᠠᠯᠢᠭ ᠪᠠ | ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠢᠩᠬᠢᠮ᠂ ᠡᠷᠡᠬᠦᠯ ᠬᠠᠮᠠᠭᠠᠯᠠᠯ | ᠲᠦᠯᠦᠪᠯᠡᠬᠡᠳᠦ ᠦᠷᠡᠵᠢᠯ ᠤᠨ ᠵᠦᠪᠯᠡᠯ᠂ ᠰᠤᠨᠢᠨ ᠮᠡᠳᠡᠭᠡ ᠬᠡᠪᠯᠡᠯ ᠷᠠᠳᠢᠤ᠋ ᠲᠧᠯᠸᠢᠰ ᠤᠨ ᠲᠤᠪᠴᠢᠶ᠎ᠠ᠂ ᠠᠮᠤᠷ | ᠲᠦᠪᠰᠢᠨ ᠤ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ᠂ ᠠᠵᠢᠯᠴᠢᠨ ᠤ ᠡᠪᠯᠡᠯ᠂ ᠡᠪ ᠬᠠᠮᠳᠤ ᠵᠠᠯᠠᠭᠤᠴᠤᠳ ᠤᠨ | ᠡᠪᠯᠡᠯ ᠤᠨ ᠬᠤᠷᠢᠶ᠎ᠠ᠂ ᠡᠮᠡᠭᠳᠡᠶᠢᠴᠦᠳ ᠤᠨ ᠬᠤᠯᠪᠤᠭᠠᠳᠤ ᠬᠤᠷᠠᠯ᠂ ᠵᠡᠮᠳᠡᠭᠴᠦᠳ ᠤᠨ ᠬᠤᠯᠪᠤᠭᠠᠳᠤ ᠬᠤᠷᠠᠯ ᠡᠭᠦᠷᠬᠡ | ᠬᠠᠷᠢᠭᠤᠴᠠᠯᠭ᠎ᠠ ᠶᠤᠰᠤᠭᠠᠷ ᠠᠵᠢᠯ ᠬᠤᠪᠢᠶᠠᠷᠢᠯᠠᠨ ᠬᠠᠷᠢᠭᠤᠴᠠᠨ᠎ᠠ︶ | ᠲᠦᠷᠪᠡ᠂ ᠬᠢᠨᠠᠨ ᠵᠢᠯᠤᠭᠤᠳᠴᠤ ᠪᠠᠶᠢᠴᠠᠭᠠᠬᠤ | ᠦᠪᠡᠷᠳᠡᠬᠡᠨ ᠵᠠᠰᠠᠬᠤ ᠤᠷᠤᠨ ᠤ ᠵᠡᠮᠳᠡᠭᠴᠦᠳ ᠤᠨ ᠠᠵᠢᠯ ᠤᠨ ᠵᠦᠪᠯᠡᠯ ᠨᠢ ᠲᠤᠬᠢᠳᠠᠢ ᠴᠠᠭ ᠲᠤ ᠬᠢᠨᠠᠨ | ᠵᠢᠯᠤᠭᠤᠳᠴᠤ ᠪᠠᠶᠢᠴᠠᠭᠠᠬᠤ ᠶᠢ ᠦᠷᠨᠢᠬᠦᠯᠵᠦ᠂ 2020 ᠤᠨ ᠳᠤ ᠰᠡᠬᠦᠯᠴᠢ ᠶᠢᠨ ᠬᠤᠭᠤᠴᠠᠭᠠᠨ ᠤ ᠪᠠᠶᠢᠴᠠᠭᠠᠯᠳᠠ | ᠬᠢᠬᠦ ᠶᠢ ᠬᠡᠷᠡᠭᠵᠢᠬᠦᠯᠦᠨ᠎ᠠ᠃ ᠡᠯ᠎ᠡ ᠱᠠᠳᠤᠨ ᠤ ᠵᠡᠮᠳᠡᠭᠴᠦᠳ ᠤᠨ ᠠᠵᠢᠯ ᠤᠨ ᠵᠦᠪᠯᠡᠯ ᠨᠢ ᠲᠤᠰ ᠭᠠᠵᠠᠷ ᠤᠷᠤᠨ ᠤ | ᠬᠢᠨᠠᠨ ᠵᠢᠯᠤᠭᠤᠳᠴᠤ ᠪᠠᠶᠢᠴᠠᠭᠠᠬᠤ ᠶᠢ ᠰᠠᠶᠢᠳᠤᠷ ᠬᠢᠬᠦ ᠶᠢ ᠬᠠᠷᠢᠭᠤᠴᠠᠨ᠎ᠠ᠃ | |