| | | ᠤᠷᠴᠢᠮᠬᠠᠨ᠂ ᠴᠢᠭᠤᠯᠤᠯᠲᠤ ᠬᠠᠭᠠᠯᠭ᠎ᠠ ᠠᠴᠠ ᠬᠦᠬᠡᠬᠤᠲᠠ ᠬᠦᠷᠬᠦ ᠠᠶᠠᠨᠴᠢᠳ ᠤᠨ ᠲᠤᠰᠬᠠᠢ ᠲᠡᠷᠭᠡ ᠶᠢᠨ | ᠤᠯᠠᠭᠠᠨᠴᠠᠪ ᠠᠴᠠ ᠬᠦᠬᠡᠬᠤᠲᠠ ᠶᠢᠨ ᠵᠡᠭᠦᠨ ᠬᠡᠰᠡᠭ ᠲᠤ ᠬᠦᠷᠬᠦ ᠲᠡᠷᠭᠡ ᠲᠤᠷᠰᠢᠨ ᠠᠶᠠᠯᠠᠭᠤᠯᠬᠤ ᠱᠠᠲᠤᠨ ᠳᠤ | ᠤᠷᠤᠪᠠ᠃ ᠵᠢᠩᠬᠢᠨᠢ ᠪᠠᠷ ᠨᠡᠪᠲᠡᠷᠡᠬᠦ ᠠᠴᠠ ᠡᠮᠦᠨ᠎ᠡ᠂ ᠡᠳᠦᠷ ᠪᠦᠷᠢ 5 ᠬᠤᠤᠰ ᠤᠯᠠᠨ ᠬᠥᠳᠡᠯᠭᠡᠭᠦᠷᠲᠦ ᠴᠤᠪᠤᠭ᠎ᠠ | ᠲᠡᠷᠭᠡ ᠬᠦᠳᠡᠯᠵᠦ᠂ ᠴᠤᠪᠤᠭ᠎ᠠ ᠲᠡᠷᠭᠡᠨ ᠤ ᠠᠶᠠᠯᠠᠯ ᠤᠨ ᠵᠢᠷᠤᠭ ᠢᠶᠠᠷ ᠠᠶᠠᠯᠠᠵᠤ᠂ ᠳᠡᠭᠡᠳᠦ ᠬᠤᠷᠳᠤᠴᠠᠲᠤ ᠲᠡᠮᠦᠷ | ᠵᠠᠮ ᠤᠨ ᠡᠯ᠎ᠡ ᠵᠦᠢᠯ ᠤᠨ ᠮᠡᠷᠭᠡᠵᠢᠯ ᠤᠨ ᠪᠤᠯᠵᠤᠯᠳᠤ ᠲᠤᠭ᠎ᠠ ᠶᠢ ᠪᠦᠬᠦ ᠲᠠᠯ᠎ᠠ ᠪᠠᠷ ᠪᠠᠶᠢᠴᠠᠭᠠᠵᠤ᠂ ᠨᠡᠪᠲᠡᠷᠡᠭᠦᠯᠦᠨ | ᠠᠰᠢᠭᠯᠠᠬᠤ ᠳᠤ ᠬᠠᠮᠤᠭ ᠡᠴᠦᠰ ᠤᠨ ᠪᠡᠯᠡᠳᠬᠡᠯ ᠬᠢᠵᠦ ᠪᠠᠶᠢᠨ᠎ᠠ᠃ | ᠤᠶᠢᠯᠠᠭᠠᠭᠰᠠᠨ ᠢᠶᠠᠷ᠂ ᠵᠢᠷᠤᠭ ᠢᠶᠠᠷ ᠲᠡᠷᠭᠡ ᠠᠶᠠᠯᠠᠬᠤ ᠶᠠᠪᠤᠳᠠᠯ ᠪᠤᠯ ᠳᠡᠭᠡᠳᠦ ᠬᠤᠷᠳᠤᠴᠠᠲᠤ ᠲᠡᠮᠦᠷ | ᠵᠠᠮ ᠤᠨ ᠨᠡᠪᠲᠡᠷᠡᠭᠦᠯᠦᠨ ᠠᠰᠢᠭᠯᠠᠬᠤ ᠠᠴᠠ ᠡᠮᠦᠨᠡᠬᠢ ᠪᠦᠬᠦ ᠲᠠᠯ᠎ᠠ ᠶᠢᠨ ᠪᠡᠶ᠎ᠡ ᠶᠢᠨ ᠪᠠᠶᠢᠴᠠᠭᠠᠯᠲᠠ ᠪᠠ ᠶᠡᠷᠦᠩᠬᠡᠶ | ᠰᠣᠷᠢᠯᠲᠠ ᠪᠤᠯᠤᠨ᠎ᠠ᠂ ᠲᠤᠨᠤᠭ ᠲᠥᠬᠦᠭᠡᠷᠦᠮᠵᠢ ᠶᠢ ᠬᠡᠷᠡᠭᠯᠡᠬᠦ ᠲᠣᠭᠲᠠᠪᠤᠷᠢᠲᠤ ᠴᠢᠨᠠᠷ ᠬᠢᠭᠡᠳ ᠴᠤᠪᠤᠭ᠎ᠠ ᠲᠡᠷᠭᠡᠨ ᠤ | ᠠᠶᠠᠯᠠᠯ ᠤᠨ ᠴᠠᠭ ᠤᠨ ᠬᠤᠪᠢᠶᠠᠷᠢ ᠳᠤ ᠵᠢᠷᠤᠵᠤ ᠲᠦᠯᠦᠪᠯᠡᠭᠡ ᠳᠤ ᠬᠢᠬᠦ ᠬᠠᠮᠤᠭ ᠡᠴᠦᠰ ᠤᠨ ᠪᠦᠬᠦ ᠲᠠᠯ᠎ᠠ ᠶᠢᠨ | ᠰᠢᠯᠭᠠᠨ ᠪᠠᠶᠢᠴᠠᠭᠠᠯᠲᠠ ᠪᠤᠯᠤᠨ᠎ᠠ᠃ ᠵᠢᠷᠤᠭ ᠢᠶᠠᠷ ᠲᠡᠷᠭᠡ ᠠᠶᠠᠯᠠᠬᠤ ᠨᠢ ᠲᠡᠮᠦᠷ ᠵᠠᠮ ᠤᠨ ᠡᠯ᠎ᠡ ᠲᠤᠰᠬᠠᠶ | ᠡᠵᠡᠩᠨᠡᠯᠲᠡ ᠶᠢᠨ ᠬᠥᠮᠦᠰ ᠲᠤ ᠪᠤᠲᠠᠲᠤ ᠪᠣᠯᠪᠠᠰᠤᠷᠠᠯ ᠭᠦᠢᠴᠡᠳ ᠤᠯᠭᠤᠵᠤ᠂ ᠡᠯ᠎ᠡ ᠵᠦᠢᠯ ᠤᠨ ᠳᠦᠷᠢᠮ | ᠲᠣᠭᠲᠠᠭᠠᠯ ᠢ ᠡᠵᠡᠮᠰᠢᠵᠦ᠂ ᠠᠵᠢᠯ ᠤᠨ ᠴᠤᠪᠤᠷᠠᠯ ᠢ ᠤᠶᠢᠯᠠᠭᠠᠵᠤ᠂ ᠡᠯ᠎ᠡ ᠵᠦᠢᠯ ᠤᠨ ᠠᠵᠢᠯ ᠪᠠ ᠡᠯ᠎ᠡ ᠵᠦᠢᠯ ᠤᠨ | ᠲᠥᠬᠦᠭᠡᠷᠦᠮᠵᠢ ᠪᠡᠯᠡᠳᠬᠡᠮᠵᠢ ᠶᠢᠨ ᠳᠡᠭᠡᠳᠦ ᠬᠤᠷᠳᠤᠴᠠᠲᠤ ᠲᠡᠮᠦᠷ ᠵᠠᠮ ᠤᠨ ᠵᠢᠩᠬᠢᠨᠢ ᠡᠵᠡᠩᠨᠡᠯᠲᠡ ᠶᠢᠨ | ᠱᠠᠭᠠᠷᠳᠠᠯᠭ᠎ᠠ ᠶᠢ ᠬᠠᠩᠭᠠᠬᠤ ᠶᠢ ᠦᠨᠡᠨ ᠬᠦ ᠪᠠᠲᠤᠯᠠᠬᠤ ᠪᠤᠯᠤᠨ᠎ᠠ᠃ ᠵᠢᠷᠤᠭ ᠢᠶᠠᠷ ᠲᠡᠷᠭᠡ ᠠᠶᠠᠯᠠᠬᠤ | ᠬᠤᠭᠤᠴᠠᠭᠠᠨ ᠳᠠᠬᠢ ᠴᠤᠪᠤᠭ᠎ᠠ ᠲᠡᠷᠭᠡᠨ ᠤ ᠠᠶᠠᠯᠠᠯ ᠤᠨ ᠲᠦᠯᠦᠪᠯᠡᠭᠡ ᠶᠢ ᠦᠨᠳᠦᠰᠦᠯᠡᠪᠡᠯ᠂ ᠬᠥᠬᠡᠬᠤᠲᠠ ᠶᠢᠨ | ᠵᠡᠭᠦᠨ ᠥᠷᠲᠡᠭᠡ ᠠᠴᠠ ᠤᠯᠠᠭᠠᠨᠴᠠᠪ ᠬᠦᠷᠬᠦ ᠬᠠᠮᠤᠭ ᠤᠨ ᠲᠦᠷᠭᠡᠨ ᠠᠶᠠᠯᠠᠯ ᠤᠨ ᠴᠠᠭ ᠨᠢ ᠵᠥᠪᠬᠡᠨ 40 ᠮᠢᠨᠦ᠋ᠲ | ᠯᠡ ᠪᠠᠶᠢᠵᠤ᠂ ᠤᠳᠤ ᠶᠢᠨ ᠠᠶᠠᠯᠠᠵᠤ ᠪᠠᠶᠢᠭ᠎ᠠ ᠲᠡᠮᠦᠷ ᠵᠠᠮ ᠤᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡᠨ ᠠᠴᠠ | 23 ᠮᠢᠨᠦ᠋ᠲ ᠪᠤᠭᠤᠨᠢᠰᠵᠤ᠂ ᠡᠩ ᠤᠨ ᠲᠦᠷᠭᠡᠨ ᠬᠤᠷᠳᠤᠴᠠᠲᠤ ᠭᠠᠯᠲᠤ ᠲᠡᠷᠭᠡᠨ ᠤ ᠶᠠᠪᠤᠬᠤ ᠴᠠᠭ ᠠᠴᠠ 56 | ᠮᠢᠨᠦ᠋ᠲ ᠪᠤᠭᠤᠨᠢᠰᠵᠠᠢ᠃ |