ᠥᠪᠥᠷ ᠮᠣᠩᠭᠤᠯ ᠠᠯᠪᠠᠲᠠᠨ ᠢ ᠲᠥᠷᠥᠯ ᠬᠤᠪᠢᠶᠠᠬᠤ ᠥᠭᠡᠷᠡᠴᠢᠯᠡᠯᠲᠡ ᠶᠢ ᠲᠥᠯᠬᠢᠨ ᠠᠬᠢᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/7/3
     4 ᠳ᠋ᠦ᠋ᠭᠡᠷ ᠰᠠᠷ᠎ᠠ ᠶᠢᠨ 26 ᠤ ᠡᠳᠦᠷ᠂ 2017 ᠣᠨ ᠤ ᠪᠦᠬᠦ ᠣᠷᠣᠨ ᠤ ᠠᠯᠪᠠᠳᠠᠨ ᠤ ᠬᠠᠮᠢᠶᠠᠷᠤᠯᠲᠠ ᠶᠢᠨ ᠠᠵᠢᠯ ᠤᠨ ᠬᠤᠷᠠᠯ ᠢ ᠬᠥᠬᠡᠬᠤᠲᠠ ᠳᠤ ᠬᠢᠪᠡ᠃ ᠠᠯᠪᠠᠲᠠᠨ ᠳᠤ ᠬᠤᠯᠪᠣᠭᠳᠠᠭᠰᠠᠨ ᠵᠠᠷᠢᠮ ᠬᠠᠯᠠᠭᠤᠨ ᠴᠢᠭ᠋ ᠤᠨ ᠠᠰᠠᠭᠤᠳᠠᠯ ᠤᠳ ᠡᠨᠡ ᠤᠳᠠᠭᠠᠨ ᠤ ᠬᠤᠷᠠᠯ ᠳᠡᠭᠡᠷ᠎ᠡ ᠬᠠᠷᠢᠭᠤᠯᠲᠠ ᠣᠯᠣᠯ᠎ᠠ᠃      ※ᠥᠭᠡᠷᠡᠴᠢᠯᠡᠯᠲᠡ᠄ ᠣᠯᠠᠨ ᠵᠦᠢᠯ ᠤᠨ ᠠᠷᠭ᠎ᠠ ᠬᠡᠮᠵᠢᠶ᠎ᠡ ᠶᠢ ᠲᠦᠯᠬᠢᠨ ᠠᠬᠢᠭᠤᠯᠤᠨ᠎ᠠ      ᠥᠪᠥᠷ ᠮᠣᠩᠭᠤᠯ ᠠᠯᠪᠠᠲᠠᠨ ᠤ ᠬᠠᠤᠯᠢ ᠪᠠᠷ ᠶᠡᠷᠦᠩᠬᠡᠶ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠶ ᠲᠠᠢ ᠨᠢᠭᠲᠠ ᠤᠶᠠᠯᠳᠤᠭᠤᠯᠤᠨ ︽ᠥᠪᠥᠷ ᠮᠣᠩᠭᠤᠯ ᠤᠨ ᠠᠯᠪᠠᠲᠠᠨ ᠡᠯᠰᠡᠬᠦ ᠬᠡᠷᠡᠭᠵᠢᠭᠦᠯᠬᠦ ᠠᠷᠭ᠎ᠠ︾ ︽ᠶᠡᠷᠦᠩᠬᠡᠶᠢᠯᠡᠨ ᠬᠠᠮᠢᠶᠠᠷᠬᠤ ᠲᠦᠷᠦᠯ ᠤᠨ ᠠᠯᠪᠠᠲᠠᠨ ᠤ ᠤᠳᠤᠷᠢᠳᠬᠤ ᠪᠤᠰᠤ ᠲᠤᠰᠢᠶᠠᠯ ᠢ ᠲᠤᠬᠢᠷᠠᠭᠤᠯᠤᠠ ᠬᠠᠮᠢᠶᠠᠷᠬᠤ ᠠᠷᠭ᠎ᠠ︾ ︽ᠠᠯᠪᠠᠲᠠᠨ ᠢ ᠢᠯᠡ ᠪᠠᠷ ᠰᠢᠯᠢᠨ ᠰᠣᠩᠭᠤᠬᠤ ᠬᠡᠷᠡᠭᠵᠢᠭᠦᠯᠬᠦ ᠨᠠᠷᠢᠨ ᠲᠥᠷᠢᠮ︾ ᠵᠡᠷᠭᠡ 30 ᠭᠠᠷᠤᠶ ᠳᠦᠷᠢᠮ ᠲᠣᠭᠲᠠᠭᠠᠯ ᠢ ᠲᠣᠭᠲᠠᠭᠠᠨ ᠨᠡᠶᠢᠲᠡᠯᠡᠵᠦ᠂ ᠠᠯᠪᠠᠳᠠᠨ ᠡᠯᠰᠡᠨ ᠬᠡᠷᠡᠭᠯᠡᠬᠦ᠂ ᠲᠤᠰᠢᠶᠠᠯ ᠲᠣᠮᠢᠯᠠᠬᠤ ᠪᠤᠶᠤ ᠪᠠᠭᠤᠯᠭᠠᠬᠤ ᠪᠠ ᠳᠡᠪᠰᠢᠭᠦᠯᠬᠦ ᠪᠠᠭᠤᠯᠭᠠᠬᠤ᠂ ᠰᠢᠯᠭᠠᠨ ᠬᠢᠨᠠᠬᠤ᠂ ᠪᠣᠯᠪᠠᠰᠤᠷᠠᠭᠤᠯᠬᠤ᠂ ᠱᠠᠩᠨᠠᠬᠤ ᠲᠣᠷᠭᠠᠬᠤ ᠵᠡᠷᠭᠡ ᠡᠯ᠎ᠡ ᠲᠠᠯ᠎ᠠ ᠶᠢ ᠬᠠᠮᠤᠷᠤᠭᠰᠠᠨ ᠲᠦᠷᠢᠮ ᠤᠨ ᠰᠢᠰᠲ᠋ᠧᠮᠵᠢ ᠶᠢ ᠪᠦᠷᠢᠯᠳᠦᠭᠦᠯᠪᠡ᠃ ᠬᠠᠤᠯᠢ ᠴᠠᠭᠠᠵᠠ ᠶᠢᠨ ᠠᠵᠢᠯᠲᠠᠨ ᠢ ᠲᠥᠷᠥᠯ ᠬᠤᠪᠢᠶᠠᠨ ᠬᠠᠮᠢᠶᠠᠷᠬᠤ ᠠᠵᠢᠯ ᠯᠠᠪᠳᠠᠭᠤᠨ ᠢᠶᠠᠷ ᠠᠬᠢᠵᠤ᠂ ᠰᠢᠭᠦᠭᠴᠢ᠂ ᠪᠠᠶᠢᠴᠠᠭᠠᠭᠴᠢ᠂ ᠠᠷᠠᠳ ᠤᠨ ᠴᠠᠭᠳᠠᠭ᠎ᠠ ᠶᠢᠨ ᠲᠤᠰᠬᠠᠶ ᠲᠤᠰᠢᠶᠠᠯ ᠤᠨ ᠳᠠᠷᠠᠭᠠᠯᠠᠯ ᠤᠨ ᠲᠣᠬᠢᠷᠠᠭᠤᠯᠤᠯᠲᠠ ᠤᠷᠤᠭᠰᠢᠲᠠᠶ ᠪᠡᠶᠡᠯᠡᠭᠳᠡᠵᠦ᠂ ᠰᠢᠭᠦᠭᠴᠢ ᠶᠢᠨ ᠲᠤᠰᠠᠯᠠᠭᠴᠢ᠂ ᠪᠠᠶᠢᠴᠠᠭᠠᠭᠴᠢ ᠶᠢᠨ ᠲᠤᠰᠠᠯᠠᠭᠴᠢ᠂ ᠪᠢᠴᠢᠭᠡᠴᠢ ᠶᠢᠨ ᠲᠤᠰᠢᠶᠠᠯ ᠤᠨ ᠳᠠᠷᠠᠭᠠᠯᠠᠯ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠲᠦᠷᠦᠯ ᠬᠤᠪᠢᠶᠠᠨ ᠬᠠᠮᠢᠶᠠᠷᠬᠤ ᠳᠦᠷᠢᠮ ᠤᠨ ᠲᠥᠯᠥᠪᠰᠢᠷᠡᠯ ᠦᠨᠳᠦᠰᠦᠨ ᠳᠡᠭᠡᠨ ᠪᠦᠷᠢᠯᠳᠦᠪᠡ᠃ ᠥᠪᠥᠷ ᠮᠣᠩᠭᠤᠯ ᠡᠨᠡ ᠵᠢᠯ ᠲᠦᠷᠦᠯ ᠬᠤᠪᠢᠶᠠᠬᠤ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠠᠯᠪᠠᠲᠠᠨ ᠤ ᠠᠵᠢᠯ ᠤᠨ ᠲᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠎ᠡ᠃      ※ᠨᠢᠭᠤᠷᠳᠠᠯ ᠰᠢᠯᠭᠠᠯᠲᠠ ᠄ ᠲᠥᠪ ᠴᠢᠭᠴᠢ ᠪᠠᠷ ᠡᠯᠰᠡᠬᠦ ᠶᠢ ᠦᠨᠡᠨ ᠬᠦ ᠪᠠᠲᠤᠯᠠᠨ᠎ᠠ      ᠥᠪᠥᠷ ᠮᠣᠩᠭᠤᠯ ᠠᠯᠪᠠᠲᠠᠨ ᠤ ᠨᠢᠭᠤᠷᠲᠠᠯ ᠰᠢᠯᠭᠠᠯᠲᠠ ᠳᠤ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠵᠦ᠂ ᠲᠥᠪ ᠴᠢᠭᠴᠢ ᠪᠠᠷ ᠡᠯᠰᠡᠬᠦ ᠶᠢ ᠦᠨᠡᠨ ᠬᠦ ᠪᠠᠲᠤᠯᠠᠬᠤ ᠪᠠᠷ ᠪᠠᠶᠢᠨ᠎ᠠ᠃ ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠰᠢᠯᠭᠠᠭᠤᠯᠤᠭᠴᠢ ᠶᠢᠨ ᠭᠡᠷ ᠤᠨ ᠠᠬᠠᠮᠠᠳ ᠢ ᠤᠷᠢᠨ ᠠᠯᠪᠠᠲᠠᠨ ᠤ ᠨᠢᠭᠤᠷᠳᠠᠯ ᠰᠢᠯᠭᠠᠯᠲᠠ ᠶᠢᠨ ᠲᠤᠬᠠᠶ ᠶᠢᠨ ᠲᠠᠯᠠᠪᠠᠢ ᠳᠤ ᠣᠴᠢᠭᠤᠯᠵᠤ᠂ ᠷᠠᠳᠢᠣ᠋᠂ ᠲᠧᠯᠸᠢᠰ ᠬᠤᠷᠢᠶ᠎ᠠ ᠶᠢ ᠤᠷᠢᠨ ︽ᠨᠢᠭᠤᠷᠳᠠᠯ ᠰᠢᠯᠭᠠᠯᠲᠠ ︾ ᠶᠢᠨ ᠫᠷᠦᠭᠡᠷᠠᠮ ᠢ ᠨᠡᠪᠲᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠳᠦᠷᠦ ᠶᠢᠨ ᠵᠥᠪᠯᠡᠯᠭᠡᠨ ᠤ ᠭᠡᠰᠢᠭᠦᠨ ᠢ ᠨᠢᠭᠤᠷᠳᠠᠯ ᠰᠢᠯᠭᠠᠯᠲᠠ ᠶᠢᠨ ᠬᠢᠨᠠᠠ ᠪᠠᠶᠢᠴᠠᠭᠠᠭᠴᠢ ᠪᠠᠷ ᠤᠷᠢᠵᠤ᠂ ᠰᠠᠬᠢᠯᠭ᠎ᠠ ᠪᠠᠲᠤ ᠪᠠᠶᠢᠴᠠᠭᠠᠬᠤ ᠰᠠᠯᠠᠭ᠎ᠠ ᠮᠥᠴᠢᠷ ᠢ ᠤᠷᠢᠵᠤ ᠪᠦᠬᠦ ᠶᠠᠪᠤᠴᠠ ᠳᠤ ᠬᠢᠨᠠᠯᠲᠠ ᠲᠠᠯᠪᠢᠭᠤᠯᠵᠤ᠂ ᠨᠢᠭᠤᠷᠳᠠᠯ ᠰᠢᠯᠭᠠᠯᠲᠠ ᠶᠢᠨ ᠲᠠᠯᠠᠪᠠᠢ ᠪᠦᠷᠢ ᠳᠤ ᠴᠥᠮ ᠨᠢᠭᠡ ᠰᠠᠬᠢᠯᠭ᠎ᠠ ᠪᠠᠲᠤ ᠪᠠᠶᠢᠴᠠᠭᠠᠬᠤ ᠬᠢᠨᠠᠯᠲᠠ ᠲᠠᠯᠪᠢᠭᠴᠢ ᠪᠠᠶᠢᠬᠤ ᠶᠢ ᠪᠠᠲᠤᠯᠠᠵᠤ᠂ ᠰᠡᠳᠦᠪ᠂ ᠰᠤᠭᠤᠯᠤᠭ᠎ᠠ᠂ ᠰᠢᠯᠭᠠᠯᠲᠠ ᠶᠢᠨ ᠬᠠᠭᠤᠳᠠᠰᠤ ᠬᠦᠷᠭᠡᠬᠦ ᠶᠠᠪᠤᠴᠠ ᠳᠤ ᠪᠠᠰᠠ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯᠲᠠᠨ ᠢ ᠣᠷᠣᠯᠴᠠᠭᠤᠯᠤᠨ᠎ᠠ᠃ ᠥᠪᠥᠷ ᠮᠣᠩᠭᠤᠯ ᠠᠯᠪᠠᠲᠠᠨ ᠤ ᠨᠢᠭᠤᠷᠳᠠᠯ ᠰᠢᠯᠭᠠᠯᠲᠠ ᠶᠢᠨ ᠠᠵᠢᠯ ᠤᠨ ᠴᠣᠪᠣᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠢᠯᠭᠠᠭᠴᠢ ᠶᠢ ᠥᠪᠡᠷᠲᠡᠭᠡᠨ ᠰᠣᠩᠭᠤᠨ ᠲᠣᠮᠢᠯᠠᠬᠤ ᠪᠢᠰᠢ᠂ ᠬᠠᠷᠢᠨ ᠺᠣᠮᠫᠢᠦ᠋ᠲ᠋ᠧᠷ ᠢᠶᠠᠷ ᠰᠣᠩᠭᠤᠵᠤ᠂ ᠰᠢᠯᠭᠠᠭᠴᠢ ᠶᠢᠨ ᠨᠡᠷᠡᠰ ᠢ ᠠᠤᠲᠴᠢᠯᠡᠨ ᠭᠠᠷᠭᠠᠨ᠎ᠠ᠃ ᠵᠣᠬᠢᠬᠤ ᠲᠣᠭᠠᠨ ᠤ ᠭᠠᠳᠠᠷ ᠮᠤᠵᠢ ᠶᠢᠨ ᠰᠢᠯᠭᠠᠭᠴᠢ ᠶᠢ ᠤᠷᠢᠵᠤ ᠨᠢᠭᠤᠷᠳᠠᠯ ᠰᠢᠯᠭᠠᠯᠲᠠ ᠶᠢ ᠦᠨᠡᠯᠡᠭᠦᠯᠵᠦ ︽ᠨᠠᠶᠢᠷ ᠲᠠᠯ᠎ᠠ ᠶᠢᠨ ᠬᠤᠪᠢ︾ ︽ᠰᠡᠳᠬᠢᠯᠭᠡ ᠶᠢᠨ ᠬᠤᠪᠢ︾ ᠥᠭᠬᠦ ᠦᠵᠡᠭᠳᠡᠯ ᠢ ᠰᠡᠷᠭᠡᠶᠢᠯᠡᠨ᠎ᠡ᠃ ᠠᠯᠪᠠᠲᠠᠨ ᠤ ᠨᠢᠭᠤᠷᠳᠠᠯ ᠰᠢᠯᠭᠠᠯᠲᠠ ᠶᠢᠨ ᠶᠠᠪᠤᠴᠠ ᠳᠤ᠂ ᠥᠪᠥᠷ ᠮᠣᠩᠭᠤᠯ ᠰᠢᠯᠭᠠᠭᠤᠯᠤᠭᠴᠢ ᠪᠣᠯᠤᠨ ᠰᠢᠯᠭᠠᠭᠴᠢ ᠳᠤ ︽ᠬᠤᠣᠰ ᠰᠢᠪᠠᠭ᠎ᠠ ᠰᠤᠭᠤᠯᠬᠤ︾ ᠲᠦᠷᠢᠮ ᠢ ᠬᠡᠷᠡᠭᠵᠢᠭᠦᠯᠵᠦ᠂ ᠪᠦᠬᠦ ᠶᠠᠪᠤᠴᠠ ᠳᠤ ᠬᠤᠣᠰ ᠳᠦᠷᠰᠦ ᠰᠢᠩᠭᠡᠭᠡᠬᠦ ᠮᠠᠰᠢᠨ ᠢᠶᠠᠷ ᠳᠦᠷᠰᠦ ᠰᠢᠩᠭᠡᠭᠡᠵᠤ᠂ ᠨᠢᠭᠤᠷᠳᠠᠯ ᠰᠢᠯᠭᠠᠯᠲᠠ ᠳᠠᠭᠤᠰᠤᠭᠰᠠᠨ ᠤ ᠳᠠᠷᠠᠭ᠎ᠠ ᠲᠤᠬᠠᠶ ᠶᠢᠨ ᠲᠠᠯᠠᠪᠤᠷ ᠲᠤᠨᠢ ᠰᠢᠯᠭᠠᠭᠤᠯᠤᠭᠴᠢ ᠳᠤ ᠬᠢᠷᠢ ᠪᠦᠲᠦᠮᠵᠢ ᠶᠢᠨ ᠬᠠᠭᠤᠳᠠᠰᠤ ᠭᠠᠷᠳᠠᠭᠤᠯᠵᠤ᠂ ᠪᠦᠬᠦ᠋ᠢᠯᠡ ᠰᠢᠯᠭᠠᠯᠲᠠ ᠶᠢᠨ ᠲᠠᠯᠠᠪᠠᠢ ᠳᠤ ᠥᠨᠴᠥᠭ ᠪᠤᠯᠤᠩ ᠦᠯᠡᠳᠡᠭᠡᠯ ᠦᠭᠡᠢ ᠬᠢᠨᠠᠯᠲᠠ ᠲᠠᠯᠪᠢᠬᠤ ᠶᠢ ᠪᠠᠲᠤᠯᠠᠨ᠎ᠠ᠃       ※ᠡᠯᠰᠡᠯᠲᠡ᠄ ᠨᠠᠩ ᠣᠯᠠᠨ ᠰᠢᠯᠢᠳᠡᠭ ᠴᠢᠳᠠᠪᠤᠷᠢᠲᠠᠨ ᠢ ᠲᠠᠲᠠᠵᠤ ᠠᠪᠤᠨ᠎ᠠ       ᠤᠶᠢᠷ᠎ᠠ ᠶᠢᠨ ᠵᠢᠯ ᠤᠳ ᠲᠤ᠂ ᠠᠯᠪᠠᠲᠠᠨ ᠤ ᠡᠩᠨᠡᠭᠡ ᠠᠴᠠ ᠰᠠᠯᠬᠤ ᠨᠤᠷᠮ᠎ᠠ ᠳᠡᠭᠡᠭᠰᠢᠯᠡᠭᠰᠡᠨ ᠪᠣᠯᠪᠠᠴᠤ᠂ ᠥᠪᠥᠷ ᠮᠣᠩᠭᠤᠯ ᠳᠤ ᠲᠡᠶᠢᠮᠦ ᠮᠡᠳᠡᠭᠳᠡᠮ᠎ᠡ ᠪᠢᠰᠢ ᠪᠠᠶᠢᠳᠠᠭ᠃ ᠡᠭᠦᠨ ᠳᠤ ᠬᠤᠷᠠᠯ ᠠᠴᠠ ᠲᠣᠳᠣᠷᠬᠠᠶ ᠳᠤᠷᠠᠳᠤᠭᠰᠠᠨ  ᠨᠢ᠂ ᠰᠢᠯᠭᠠᠵᠤ ᠡᠯᠰᠡᠬᠦ ᠠᠵᠢᠯ ᠢ ᠲᠠᠰᠤᠷᠠᠯᠲᠠ ᠦᠭᠡᠢ ᠰᠠᠶᠢᠵᠢᠷᠠᠭᠤᠯᠵᠤ᠂ ᠠᠵᠢᠯ ᠤᠨ ᠪᠠᠶᠢᠷᠢ ᠶᠢᠨ ᠱᠠᠭᠠᠷᠳᠠᠯᠭ᠎ᠠ ᠪᠠ ᠰᠢᠯᠭᠠᠯᠲᠠ ᠳᠤ ᠨᠡᠷ᠎ᠡ ᠮᠡᠳᠡᠭᠦᠯᠬᠦ ᠨᠥᠬᠦᠴᠡᠯ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠪᠠᠷ ᠲᠣᠭᠲᠠᠭᠠᠵᠤ᠂ ᠱᠠᠲᠤ ᠬᠤᠪᠢᠶᠠᠵᠤ ᠲᠥᠷᠥᠯ ᠬᠤᠪᠢᠶᠠᠨ ᠰᠢᠯᠭᠠᠵᠤ ᠡᠯᠰᠡᠬᠦ ᠶᠢ ᠰᠤᠳᠤᠯᠤᠨ ᠰᠦᠪᠡᠭᠴᠢᠯᠡᠵᠦ᠂ ᠠᠵᠢᠯᠲᠠᠨ ᠤ ᠠᠵᠢᠯ ᠤᠨ ᠪᠠᠶᠢᠷᠢ ᠳᠤ ᠵᠣᠬᠢᠴᠠᠬᠤ ᠴᠢᠨᠠᠷ ᠪᠠᠷᠤᠭᠲᠠᠶ ᠪᠠᠶᠢᠬᠤ᠂ ᠲᠤᠰᠬᠠᠶ ᠮᠡᠷᠭᠡᠵᠢᠯ ᠨᠢ ᠲᠥᠷᠥᠯᠵᠢᠬᠦ ᠦᠭᠡᠢ ᠪᠠᠶᠢᠬᠤ᠂ ᠬᠦᠢᠰᠦ ᠢᠯᠭᠠᠯ ᠤᠨ ᠬᠠᠷᠢᠴᠠᠯ ᠲᠡᠩᠴᠡᠭᠦᠷᠢ ᠪᠠᠨ ᠠᠯᠳᠠᠬᠤ ᠵᠡᠷᠭᠡ ᠠᠯᠢ ᠤᠯᠠᠨ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠰᠢᠯᠭᠠᠵᠤ ᠡᠯᠰᠡᠨ ᠬᠡᠷᠡᠭᠯᠡᠬᠦ᠂ ᠢᠯᠡ ᠪᠠᠷ ᠰᠢᠯᠢᠨ ᠰᠣᠩᠭᠤᠬᠤ᠂ ᠰᠢᠯᠵᠢᠭᠦᠯᠦᠨ ᠲᠣᠮᠢᠯᠠᠬᠤ ᠵᠡᠷᠭᠡ ᠤᠯᠠᠨ ᠠᠷᠭ᠎ᠠ ᠵᠠᠮ ᠢᠶᠠᠷ ᠠᠯᠪᠠᠲᠠᠨ ᠰᠣᠩᠭᠤᠬᠤ ᠶᠢ ᠪᠠᠷᠢᠮᠲᠠᠯᠠᠬᠤ ᠪᠥᠭᠡᠳ ᠥᠪᠡᠷᠲᠡᠭᠡᠨ ᠵᠠᠰᠠᠬᠤ ᠣᠷᠣᠨ ᠤ ᠢᠯᠡ ᠪᠠᠷ ᠰᠢᠯᠢᠨ ᠰᠣᠩᠭᠤᠬᠤ ᠲᠦᠷᠦ ᠶᠢᠨ ᠪᠤᠳᠤᠯᠭ᠎ᠠ ᠶᠢ ᠰᠤᠳᠤᠯᠤᠨ ᠪᠦᠷᠢᠨᠰᠢᠭᠦᠯᠵᠦ᠂ ᠰᠢᠯᠢᠨ ᠰᠣᠩᠭᠤᠬᠤ ᠬᠠᠷᠢᠴᠠᠯ ᠤᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠢᠯᠡ ᠪᠠᠷ ᠰᠢᠯᠢᠨ ᠰᠣᠩᠭᠤᠬᠤ ᠠᠵᠢᠯ ᠤᠨ ᠡᠷᠴᠢᠮ ᠢ ᠴᠢᠩᠭᠠᠷᠠᠭᠤᠯᠵᠤ᠂ ᠳᠡᠭᠡᠳᠦ ᠱᠠᠲᠤᠨ ᠤ ᠪᠠᠶᠢᠭᠤᠯᠭ᠎ᠠ ᠶᠢᠨ ᠠᠵᠢᠯᠳᠠᠨ ᠤ ᠪᠦᠲᠦᠴᠡ ᠶᠢ ᠳᠠᠰᠤᠷᠠᠯᠲᠠ ᠦᠭᠡᠢ ᠰᠢᠯᠢᠳᠡᠭᠵᠢᠭᠦᠯᠬᠦ ᠬᠡᠷᠡᠭᠲᠡᠢ᠃ ᠲᠥᠪ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠰᠣᠩᠭᠤᠨ ᠲᠣᠮᠢᠯᠠᠬᠤ ᠰᠤᠷᠤᠬᠴᠢ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠵᠤ᠂ ᠰᠣᠩᠭᠤᠨ ᠲᠣᠮᠢᠯᠠᠬᠤ ᠪᠠᠷᠢᠮᠵᠢᠶ᠎ᠠ ᠶᠢ ᠴᠢᠩᠭ᠎ᠠ ᠲᠤᠭᠲᠠᠭᠠᠵᠤ᠂ ᠰᠣᠩᠭᠤᠨ ᠲᠣᠮᠢᠯᠠᠬᠤ ᠠᠷᠭ᠎ᠠ ᠮᠠᠶ᠋ᠢᠭ ᠢ ᠰᠠᠶᠢᠵᠢᠷᠠᠭᠤᠯᠵᠤ᠂ ᠵᠣᠬᠢᠶᠠᠨ ᠪᠠᠶᠢᠭᠤᠯᠤᠯᠲᠠ ᠶᠢᠨ ᠪᠣᠭᠤᠮᠲᠠ ᠶᠢ ᠠᠳᠬᠤᠬᠤ ᠦᠢᠯᠡᠳᠦᠯ ᠢ ᠨᠢ ᠭᠦᠢᠴᠡᠳ ᠪᠠᠳᠠᠷᠠᠭᠤᠯᠬᠤ ᠬᠡᠷᠡᠭᠲᠡᠢ᠃ ᠰᠣᠩᠭᠤᠨ ᠲᠣᠮᠢᠯᠠᠬᠤ ᠰᠤᠷᠤᠬᠴᠢ ᠶᠢᠨ ᠬᠡᠪᠴᠢᠶ᠎ᠡ ᠶᠢ ᠵᠣᠬᠢᠰᠲᠠᠶ ᠪᠠᠷ ᠥᠷᠭᠡᠳᠬᠡᠵᠤ᠂ ᠰᠣᠩᠭᠤᠨ ᠲᠣᠮᠢᠯᠠᠬᠤ ᠰᠤᠷᠤᠬᠴᠢ ᠶᠢ ᠬᠥᠮᠦᠵᠢᠭᠦᠯᠦᠨ ᠪᠣᠯᠪᠠᠰᠤᠷᠠᠭᠤᠯᠬᠤ ᠠᠷᠭ᠎ᠠ ᠮᠠᠶ᠋ᠢᠭ ᠢ ᠪᠦᠷᠢᠨᠰᠢᠭᠦᠯᠵᠦ᠂ ᠣᠶᠤᠲᠠᠨ ᠭᠠᠴᠠᠭᠠᠨ ᠳᠠᠷᠤᠭ᠎ᠠ ᠶᠢᠨ ᠠᠵᠢᠯ ᠲᠠᠢ ᠰᠠᠶᠢᠲᠤᠷ ᠵᠣᠯᠭᠠᠭᠤᠯᠬᠤ ᠶᠢ ᠲᠣᠬᠢᠲᠠᠢ ᠰᠠᠶᠢᠨ ᠬᠢᠬᠦ ᠬᠡᠷᠡᠭᠲᠡᠢ᠃      ᠥᠪᠡᠷᠲᠡᠭᠡᠨ ᠵᠠᠰᠠᠬᠤ ᠣᠷᠣᠨ ᠰᠢᠯᠭᠠᠵᠤ ᠡᠯᠰᠡᠬᠦ ᠠᠷᠭ᠎ᠠ ᠮᠠᠶ᠋ᠢᠭ ᠢ ᠬᠠᠨᠳᠤᠯᠭ᠎ᠠ ᠲᠠᠢ ᠪᠠᠷ ᠰᠠᠶᠢᠵᠢᠷᠠᠭᠤᠯᠵᠤ᠂ ᠠᠯᠪᠠᠲᠠᠨ ᠡᠯᠰᠡᠬᠦ ᠲᠤᠰᠢᠶᠠᠯ ᠤᠨ ᠪᠠᠶᠢᠷᠢ ᠶᠢᠨ ᠬᠢᠵᠠᠭᠠᠷᠯᠠᠯ ᠢ ᠠᠭᠤᠵᠢᠭᠤ ᠲᠠᠯᠪᠢᠵᠤ᠂ ᠨᠡᠩ ᠤᠯᠠᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ ᠦᠵᠡᠭᠦᠯᠵᠦ᠂ ᠪᠡᠷᠬᠡ ᠬᠠᠲᠠᠭᠤᠵᠢᠯᠲᠠᠶ ᠬᠢᠯᠢ ᠬᠢᠵᠠᠭᠠᠷ ᠣᠷᠣᠨ ᠤ ᠪᠠᠶᠢᠭᠤᠯᠭ᠎ᠠ ᠶᠢᠨ ᠬᠥᠮᠦᠨ ᠡᠯᠰᠡᠬᠦ ᠳᠤ ᠪᠡᠷᠬᠡ᠂ ᠬᠥᠮᠦᠨ ᠦᠯᠡᠳᠡᠭᠡᠬᠦ ᠳᠤ ᠬᠦᠴᠢᠷᠲᠡᠶ ᠪᠠᠶᠢᠬᠤ ᠠᠰᠠᠭᠤᠳᠠᠯ ᠢ ᠰᠢᠶᠳᠪᠦᠷᠢᠯᠡᠬᠦ ᠶᠢ ᠦᠷᠭᠦᠯᠵᠢᠯᠡᠨ ᠲᠦᠯᠬᠢᠨ ᠠᠬᠢᠭᠤᠯᠬᠤ ᠪᠠᠷ ᠪᠠᠶᠢᠨ᠎ᠠ᠃      ※ ᠬᠢᠨᠠᠨ ᠰᠢᠯᠭᠠᠬᠤ᠄ ᠣᠨ ᠤ ᠬᠢᠨᠠᠨ ᠰᠢᠯᠭᠠᠯᠲᠠ ᠶᠢᠨ ᠲᠡᠩᠴᠡᠭᠦᠷᠢ ᠶᠢᠨ ᠠᠰᠠᠭᠤᠳᠠᠯ ᠢ ᠰᠢᠢᠳᠪᠦᠷᠢᠯᠡᠬᠦ      ᠠᠯᠪᠠᠳᠠᠨ ᠤ ᠶᠡᠷᠦ ᠶᠢᠨ ᠬᠢᠨᠠᠨ ᠰᠢᠯᠭᠠᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠲᠤᠷᠰᠢᠯᠲᠠ ᠶᠢᠨ ᠲᠤᠷᠰᠢᠯᠭ᠎ᠠ ᠶᠢ ᠳ᠋ᠦᠩᠨᠡᠵᠦ᠂ ᠠᠯᠪᠠᠳᠠᠨ ᠤ ᠶᠡᠷᠦ ᠶᠢᠨ ᠬᠢᠨᠠᠨ ᠰᠢᠯᠭᠠᠯᠲᠠ ᠶᠢᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠤᠨ ᠲᠣᠭᠲᠠᠭᠠᠵᠤ᠂  ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ᠂ ᠠᠵᠢᠯ ᠤᠨ ᠰᠣᠯᠢᠯᠴᠠᠭ᠎ᠠ᠂ ᠬᠢᠨᠠᠯᠲᠠ ᠲᠠᠯᠪᠢᠵᠤ ᠪᠠᠶᠢᠴᠠᠭᠠᠬᠤ ᠪᠠ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠨ᠂ ᠶᠡᠷᠦ ᠶᠢᠨ ᠬᠢᠨᠠᠨ ᠰᠢᠯᠭᠠᠯᠲᠠ ᠠᠴᠠ ᠤᠨ ᠤ ᠬᠢᠨᠠᠨ ᠰᠢᠯᠭᠠᠬᠤ ᠳ᠋ᠦᠩ ᠳᠤ ᠦᠵᠡᠭᠦᠯᠬᠦ ᠰᠠᠭᠤᠷᠢ ᠴᠢᠨᠠᠷᠲᠠᠶ ᠦᠢᠯᠡᠳᠦᠯ ᠢ ᠪᠠᠳᠠᠷᠠᠭᠤᠯᠵᠤ᠂ ᠵᠢᠯ ᠤᠨ ᠡᠴᠦᠰ ᠤᠨ ᠬᠢᠨᠠᠨ ᠰᠢᠯᠭᠠᠯᠲᠠ ᠳᠤᠮᠳᠠ ᠲᠡᠩᠴᠡᠭᠦᠷᠢᠭᠦᠯᠦᠨ ᠬᠠᠷᠠᠭᠠᠯᠵᠠᠬᠤ᠂ ᠡᠭᠡᠯᠵᠢᠯᠡᠨ ᠠᠵᠢᠯᠠᠭᠤᠯᠬᠤ᠂ ᠦᠷ᠎ᠡ ᠳ᠋ᠦᠩ ᠢ ᠯᠡ ᠰᠢᠯᠭᠠᠬᠤ ᠵᠡᠷᠭᠡ ᠠᠰᠠᠭᠤᠳᠠᠯ ᠤᠨ ᠰᠢᠢᠳᠪᠦᠷᠢᠯᠡᠯᠲᠡ ᠶᠢ ᠲᠦᠯᠬᠢᠨ ᠠᠬᠢᠭᠤᠯᠵᠤ᠂ ᠴᠢᠩᠭ᠎ᠠ ᠪᠠᠷᠢᠮᠵᠢᠶᠠᠯᠠᠬᠤ᠂ ᠪᠣᠳᠠᠲᠤ ᠬᠢᠷᠢ ᠪᠦᠲᠦᠮᠵᠢ ᠶᠢ ᠨᠢ ᠬᠠᠰᠤᠵᠤ ᠭᠠᠷᠭᠠᠬᠤ᠂ ᠣᠨᠣᠪᠴᠢᠲᠠᠶ ᠦᠨᠡᠯᠡᠬᠦ ᠶᠢ ᠴᠢᠷᠮᠠᠶᠢᠨ ᠪᠡᠶᠡᠯᠡᠭᠦᠯᠵᠦ᠂ ᠰᠠᠶᠢᠨ ᠤᠳᠤᠷᠢᠳᠤᠮᠵᠢ ᠶᠢ ᠪᠤᠢ ᠪᠤᠯᠭᠠᠨ᠎ᠠ᠃ ᠰᠢᠯᠢᠳᠡᠭ ᠢᠶᠠᠷ ᠦᠨᠡᠯᠡᠨ ᠲᠣᠭᠲᠠᠭᠠᠬᠤ ᠳᠡᠰ ᠳᠠᠷᠠᠭᠠᠯᠠᠯ ᠤᠨ ᠠᠷᠭ᠎ᠠ ᠶᠢ ᠰᠠᠶᠢᠵᠢᠷᠠᠭᠤᠯᠵᠤ᠂ ᠰᠢᠯᠢᠳᠡᠭ ᠳᠡᠰ ᠤᠨ ᠬᠠᠷᠢᠴᠠᠯ ᠢ ᠲᠣᠭᠲᠠᠭᠠᠬᠤ ᠵᠡᠷᠭᠡ ᠠᠰᠠᠭᠤᠳᠠᠯ ᠢ ᠰᠤᠳᠤᠯᠵᠤ᠂ ᠣᠨ ᠤ ᠬᠢᠨᠠᠨ ᠰᠢᠯᠭᠠᠬᠤ ᠠᠵᠢᠯ ᠢ ᠬᠢᠨᠠᠨ ᠬᠠᠷᠭᠤᠭᠤᠯᠬᠤ ᠳᠠᠩᠰᠠᠯᠠᠬᠤ ᠳᠦᠷᠢᠮ ᠢ ᠨᠠᠷᠢᠨ ᠬᠢᠨᠠᠮᠠᠭᠠᠶ ᠬᠡᠷᠡᠭᠵᠢᠭᠦᠯᠦᠨ᠎ᠡ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ ᠬᠢᠨᠠᠨ ᠰᠢᠯᠭᠠᠭᠰᠠᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠵᠥᠪ ᠤᠷᠮᠠᠰᠢᠭᠤᠯᠤᠯ᠂ ᠠᠯᠵᠠᠭᠤ ᠵᠠᠯᠬᠠᠭᠤ ᠶᠢ ᠵᠠᠰᠠᠵᠤ ᠥᠭᠡᠷᠡᠴᠢᠯᠡᠬᠦ᠂ ᠠᠯᠳᠠᠭ᠎ᠠ ᠪᠤᠷᠤᠭᠤ ᠶᠢ ᠪᠠᠭᠲᠠᠭᠠᠨ ᠵᠠᠯᠠᠷᠠᠭᠤᠯᠬᠤ᠂ ᠬᠠᠷᠢᠭᠤᠴᠠᠯᠭ᠎ᠠ ᠨᠡᠬᠡᠮᠵᠢᠯᠡᠬᠦ᠂ ᠺᠠᠳ᠋ᠷ ᠤᠨ ᠲᠠᠪᠰᠢᠵᠤ ᠴᠤ ᠪᠤᠯᠬᠤ ᠪᠠᠭᠤᠵᠤ ᠴᠤ ᠪᠤᠯᠬᠤ ᠶᠢ ᠲᠦᠯᠬᠢᠨ ᠠᠬᠢᠭᠤᠯᠬᠤ ᠵᠡᠷᠭᠡ ᠠᠵᠢᠯ ᠲᠠᠢ ᠤᠶᠠᠯᠳᠤᠭᠤᠯᠤᠨ᠎ᠠ᠃      ᠣᠶᠢᠷ᠎ᠠ ᠶᠢᠨ ᠵᠢᠯ ᠤᠨ ᠲᠤᠷᠰᠢ᠂ ᠮᠠᠨ ᠤ ᠣᠷᠣᠨ ᠠᠯᠪᠠᠲᠠᠨ ᠳᠤ ᠡᠳᠦᠷ ᠲᠤᠳᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠪᠣᠯᠤᠨ ᠠᠶᠢᠮᠠᠭ ᠬᠤᠳᠠ ᠶᠢᠨ 50% ᠠᠴᠠ ᠳᠡᠭᠡᠭᠰᠢᠬᠢ ᠪᠠᠶᠢᠭᠤᠯᠭ᠎ᠠ ᠶᠢ ᠲᠤᠷᠰᠢᠯᠲᠠ ᠶᠢᠨ ᠴᠢᠬ ᠤᠨ ᠬᠡᠪᠴᠢᠶᠡᠨ ᠳᠤ ᠤᠷᠤᠭᠤᠯᠵᠤ᠂ ᠬᠤᠰᠢᠭᠤ ᠰᠢᠶᠠᠨ ᠠᠴᠠ ᠳᠣᠭᠤᠭᠰᠢᠬᠢ ᠪᠠᠶᠢᠭᠤᠯᠭ᠎ᠠ ᠶᠢᠨ ᠺᠠᠳ᠋ᠷ ᠤᠳ ᠲᠤ ᠶᠡᠷᠦ ᠶᠢᠨ ᠬᠢᠨᠠᠨ ᠰᠢᠯᠭᠠᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠺᠠᠳ᠋ᠷ ᠤᠨ ᠲᠠᠪᠰᠢᠵᠤ ᠴᠤ ᠪᠤᠯᠬᠤ ᠪᠠᠭᠤᠵᠤ ᠪᠦᠷ ᠪᠣᠯᠬᠤ ᠲᠤᠬᠠᠶ ᠲᠣᠭᠲᠠᠭᠠᠯ ᠤᠳ ᠨᠠᠶᠢᠳᠠᠪᠤᠷᠢᠵᠢᠭᠤᠯᠵᠤ᠂ ᠠᠯᠵᠠᠭᠤ ᠵᠠᠯᠬᠠᠭᠤ ᠰᠤᠯᠠ ᠵᠠᠳᠠᠭᠠᠶ ᠦᠵᠡᠭᠳᠡᠯ ᠢ ᠲᠤᠰᠬᠠᠶ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠦᠨᠦ ᠲᠤᠰᠢᠶᠠᠯ ᠡᠭᠦᠷᠭᠡᠯᠡᠬᠦ ᠳᠤ ᠳᠣᠭᠢᠷᠠᠬᠤ ᠥᠬᠡᠶ᠂ ᠲᠤᠰᠢᠶᠠᠯ ᠡᠭᠦᠷᠭᠡᠯᠡᠵᠦ ᠳᠡᠶᠢᠯᠡᠬᠦ ᠦᠭᠡᠢ᠂ ᠲᠤᠰᠢᠶᠠᠯ ᠳᠠᠭᠠᠨ ᠦᠯᠦ ᠲᠡᠩᠴᠡᠬᠦ ᠺᠠᠳ᠋ᠷ ᠤᠳ ᠢ ᠲᠤᠬᠢᠷᠠᠭᠤᠯᠪᠠ᠃      ※ ᠠᠮᠵᠢᠯᠲᠠ᠄ ᠠᠯᠪᠠᠲᠠᠨ ᠤ ᠡᠩᠨᠡᠭᠡᠨ ᠤ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠦᠨ᠎ᠡ      ᠤᠶᠢᠷ᠎ᠠ ᠶᠢᠨ 4 ᠵᠢᠯ ᠭᠠᠷᠤᠶ ᠶᠢᠨ ᠲᠤᠷᠰᠢ᠂ ᠪᠥᠬᠦ ᠣᠷᠣᠨ ᠨᠡᠶᠢᠲᠡ 2 ᠲᠦᠮᠡ ᠭᠠᠷᠤᠶ ᠠᠯᠪᠠᠲᠠᠨ ᠢ ᠡᠯᠰᠡᠨ ᠬᠡᠷᠡᠭᠯᠡᠵᠦ᠂ ᠰᠢᠯᠢᠨ ᠰᠤᠩᠭᠤᠵᠤ᠂ ᠰᠤᠩᠭᠤᠨ ᠲᠤᠮᠢᠯᠠᠪᠠ᠂ ᠰᠢᠨ᠎ᠡ ᠪᠠᠷ ᠰᠢᠯᠭᠠᠨ ᠡᠯᠰᠡᠭᠰᠡᠳ ᠠᠯᠪᠠᠲᠠᠨ ᠤ ᠶᠡᠷᠦᠩᠬᠡᠶ ᠲᠤᠭ᠎ᠠ ᠶᠢᠨ 10.68% ᠶᠢ ᠡᠵᠡᠯᠡᠪᠡ᠃ ᠶᠡᠭᠡ ᠰᠤᠷᠭᠠᠭᠤᠯᠢ ᠶᠢᠨ ᠵᠢᠩᠬᠢᠨᠢ ᠠᠩᠭᠢ ᠠᠴᠠ ᠳᠡᠭᠡᠭᠰᠢᠬᠢ ᠰᠤᠷᠤᠯᠭ᠎ᠠ ᠶᠢᠨ ᠨᠠᠮᠲᠠᠷ ᠲᠠᠢ ᠠᠯᠪᠠᠲᠠᠨ ᠤ ᠬᠠᠷᠢᠴᠠᠯ 57.14% ᠪᠠᠶᠢᠭᠰᠠᠨ ᠠᠴᠠ ᠪᠠᠨ 65.42% ᠪᠤᠯᠤᠨ ᠳᠡᠭᠡᠭᠰᠢᠯᠡᠵᠦ᠂ 35 ᠨᠠᠰᠤᠨ ᠠᠴᠠ ᠳᠤᠷᠤᠭᠰᠢᠬᠢ ᠠᠯᠪᠠᠲᠠᠨ ᠤ ᠬᠠᠷᠢᠴᠠᠯ 17.05% ᠪᠠᠶᠢᠭᠰᠠᠨ ᠠᠴᠠ ᠪᠠᠨ 18.64% ᠪᠤᠯᠤᠨ ᠳᠡᠭᠡᠭᠰᠢᠯᠡᠵᠦ᠂ ᠡᠮᠡᠭᠲᠡᠶ ᠠᠯᠪᠠᠲᠠᠨ ᠤ ᠬᠠᠷᠢᠴᠠᠯ 26.63% ᠪᠠᠶᠢᠭᠰᠠᠨ ᠠᠴᠠ ᠪᠠᠨ 28.02% ᠪᠤᠯᠤᠨ ᠳᠡᠭᠡᠭᠰᠢᠯᠡᠵᠦ᠂ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠦᠨᠳᠦᠰᠦᠨ ᠱᠠᠲᠤᠨ ᠳᠤ ᠬᠤᠶᠠᠷ ᠵᠢᠯ ᠠᠴᠠ ᠳᠡᠭᠡᠭᠰᠢ ᠠᠵᠢᠯᠯᠠᠭᠰᠠᠨ ᠥᠩᠭᠡᠷᠡᠯᠲᠡ ᠲᠠᠢ ᠠᠯᠪᠠᠲᠠᠨ ᠤ ᠬᠠᠷᠢᠴᠠᠯ 60.42% ᠪᠠᠶᠢᠭᠰᠠᠨ ᠠᠴᠠ ᠪᠠᠨ 72.85% ᠪᠤᠯᠤᠨ ᠳᠡᠭᠡᠭᠰᠢᠯᠡᠵᠦ᠂ ᠠᠵᠤ ᠠᠬᠤᠶ ᠶᠢᠨ ᠬᠥᠭᠵᠢᠯᠲᠡ᠂ ᠨᠡᠶᠢᠭᠡᠮ ᠤᠨ ᠬᠠᠮᠢᠶᠠᠷᠤᠯᠲᠠ ᠵᠡᠷᠭᠡ ᠲᠠᠯ᠎ᠠ ᠶᠢᠨ ᠬᠤᠪᠣᠷ ᠴᠤᠬᠠᠭ ᠴᠢᠳᠠᠪᠤᠷᠢᠲᠠᠨ ᠢ ᠨᠢᠭᠡ ᠪᠦᠯᠦᠭ ᠨᠦᠬᠦᠪᠦᠷᠢᠯᠡᠵᠦ᠂ ᠠᠯᠪᠠᠲᠠᠨ ᠤ ᠡᠩᠨᠡᠭᠡ ᠶᠢᠨ ᠰᠤᠷᠤᠯᠭ᠎ᠠ ᠶᠢᠨ ᠨᠠᠮᠲᠠᠷ ᠤᠨ ᠪᠦᠲᠦᠴᠡ᠂ ᠨᠠᠰᠤᠨ ᠤ ᠪᠦᠲᠦᠴᠡ᠂ ᠬᠦᠢᠰᠦ ᠢᠯᠭᠠᠯ ᠤᠨ ᠪᠦᠲᠦᠴᠡ᠂ ᠥᠩᠭᠡᠷᠡᠯᠲᠡ ᠶᠢᠨ ᠪᠦᠲᠦᠴᠡ ᠶᠢ ᠤᠯᠠᠮ ᠨᠢᠭᠡ ᠠᠯᠬᠤᠮ ᠰᠠᠶᠢᠵᠢᠷᠠᠭᠤᠯᠪᠠ᠃      ᠣᠶᠢᠷ᠎ᠠ ᠶᠢᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠠᠯᠪᠠᠳᠠᠨ ᠤ ᠬᠡᠪ ᠴᠢᠨᠠᠷ ᠤᠨ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠠᠯᠪᠠᠲᠠᠨ ᠤ ᠠᠩᠬ᠎ᠠ ᠲᠤᠰᠢᠶᠠᠯ ᠡᠭᠦᠷᠭᠡᠯᠡᠬᠦ ᠪᠣᠯᠪᠠᠰᠤᠷᠠᠭᠤᠯᠤᠯ᠂ ᠲᠤᠰᠢᠶᠠᠯ ᠡᠭᠦᠷᠭᠡᠯᠡᠬᠦ ᠪᠣᠯᠪᠠᠰᠤᠷᠠᠭᠤᠯᠤᠯ᠂ ᠲᠤᠬᠠᠶᠢᠯᠠᠭᠰᠠᠨ ᠠᠵᠢᠯ ᠤᠨ ᠲᠤᠰᠬᠠᠢ ᠪᠤᠯᠪᠠᠰᠤᠷᠠᠭᠤᠯᠤᠯ ᠪᠠ ᠠᠵᠢᠯ ᠤᠨ ᠪᠠᠶᠢᠷᠢ ᠳᠡᠭᠡᠷᠡᠬᠢ ᠪᠤᠯᠪᠠᠰᠤᠷᠠᠭᠤᠯᠤᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ 4 ᠵᠢᠯ ᠤᠨ ᠲᠤᠷᠰᠢ ᠡᠯ᠎ᠡ ᠱᠠᠲᠤᠨ ᠤ ᠡᠯ᠎ᠡ ᠲᠦᠷᠦᠯ ᠤᠨ ᠴᠢᠳᠠᠪᠤᠷᠢ ᠶᠢᠨ ᠬᠡᠪ ᠴᠢᠨᠠᠷ ᠢ ᠳᠡᠭᠡᠭᠰᠢᠯᠡᠭᠦᠯᠬᠦ ᠪᠣᠯᠪᠠᠰᠤᠷᠠᠯ ᠤᠨ ᠠᠩᠭᠢ ᠶᠢ 2760 ᠭᠠᠷᠤᠢ ᠬᠤᠭᠤᠴᠠᠭ᠎ᠠ ᠡᠷᠬᠢᠯᠡᠵᠦ᠂ ᠠᠯᠪᠠᠲᠠᠨ ᠢ 19.32 ᠲᠦᠮᠡᠨ ᠬᠥᠮᠦᠨ ᠤᠳᠠᠭ᠎ᠠ ᠪᠣᠯᠪᠠᠰᠤᠷᠠᠭᠤᠯᠪᠠ᠃ ᠰᠦᠯᠵᠢᠶᠡᠨ ᠳᠡᠭᠡᠷ᠎ᠡ ᠪᠤᠯᠪᠠᠰᠤᠷᠠᠭᠤᠯᠬᠤ ᠬᠡᠪᠴᠢᠶ᠎ᠡ ᠶᠢ ᠥᠷᠭᠡᠳᠬᠡᠵᠦ᠂ ᠲᠤᠬᠠᠢ ᠶᠢᠨ ᠭᠠᠵᠠᠷ ᠤᠨ ᠬᠢᠴᠢᠶᠡᠯ ᠨᠡᠭᠡᠭᠡᠬᠦ ᠶᠢ ᠴᠢᠩᠭᠠᠳᠬᠠᠨ ᠴᠢᠬᠤᠯᠠᠴᠢᠯᠠᠵᠤ᠂ ᠰᠦᠯᠵᠢᠶᠡᠨ ᠳᠡᠭᠡᠷ᠎ᠡ ᠰᠤᠷᠤᠯᠴᠠᠭᠰᠠᠨ ᠪᠤᠯᠪᠠᠰᠤᠷᠠᠭᠤᠯᠤᠯ ᠳᠤ ᠤᠷᠤᠯᠴᠠᠭᠰᠠᠨ ᠬᠥᠮᠦᠨ ᠤ ᠲᠤᠭ᠎ᠠ 5 ᠲᠦᠮᠡ ᠭᠠᠷᠤᠶ ᠳᠤ ᠬᠦᠷᠪᠡ᠃ ᠭᠤᠷᠪᠠᠨ ᠶᠠᠮᠤᠨ ᠵᠦᠪᠯᠡᠯ ᠳᠤ ᠲᠦᠷ ᠴᠠᠭ ᠲᠤᠰᠢᠶᠠᠯ ᠡᠭᠦᠷᠭᠡᠯᠡᠬᠦ᠂ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠵᠡᠷᠭᠡ ᠲᠠᠪᠴᠠᠩ ᠢ ᠠᠰᠢᠭᠯᠠᠵᠤ᠂ ᠪᠠᠶᠢᠭᠤᠯᠵᠤ᠂ ᠺᠠᠳ᠋ᠷ ᠢ ᠢᠳᠡᠪᠬᠢᠲᠡᠶ ᠪᠠᠷ ᠰᠣᠩᠭᠤᠨ ᠲᠣᠮᠢᠯᠠᠵᠤ ᠲᠤᠰᠢᠶᠠᠯ ᠡᠭᠦᠷᠭᠡᠯᠡᠨ ᠪᠤᠯᠪᠠᠰᠤᠷᠠᠬᠤ ᠳᠤ ᠤᠷᠤᠯᠴᠠᠭᠤᠯᠵᠤ᠂ ᠠᠯᠪᠠᠲᠠᠨ ᠤ ᠪᠣᠳᠠᠲᠠᠶ ᠠᠰᠠᠭᠤᠳᠠᠯ ᠢ ᠰᠢᠶᠳᠪᠦᠷᠢᠯᠡᠬᠦ ᠴᠢᠳᠠᠪᠤᠷᠢ ᠶᠢ ᠨᠢ ᠬᠦᠴᠦᠯᠡᠨ ᠳᠡᠭᠡᠭᠰᠢᠯᠡᠭᠦᠯᠵᠦ᠂ ᠠᠯᠪᠠᠲᠠᠨ ᠤ ᠡᠩᠨᠡᠭᠡ ᠶᠢᠨ ᠮᠡᠳᠡᠯᠭᠡ ᠶᠢᠨ ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃      ※ ᠬᠠᠮᠤᠭ ᠤᠨ ᠰᠢᠨ᠎ᠡ ᠪᠠᠶᠢᠳᠠᠯ᠄ ᠥᠪᠥᠷ ᠮᠣᠩᠭᠤᠯ ᠠᠯᠪᠠᠲᠠᠨ᠂ ᠰᠣᠩᠭᠤᠨ ᠲᠤᠮᠢᠯᠠᠬᠤ ᠰᠤᠷᠤᠬᠴᠢ᠂ ᠣᠶᠤᠲᠠᠨ ᠭᠠᠴᠠᠭᠠᠨ ᠳᠠᠷᠤᠭ᠎ᠠ ᠭᠤᠷᠪᠠᠨ ᠵᠦᠢᠯ ᠤᠨ ᠠᠵᠢᠯ ᠢ ᠡᠮᠬᠢᠯᠡᠨ ᠨᠡᠶᠢᠯᠡᠭᠦᠯᠬᠦ ᠪᠠᠷ ᠪᠠᠶᠢᠨ᠎ᠡ      2017 ᠣᠨ ᠳᠤ ᠥᠪᠥᠷ ᠮᠣᠩᠭᠤᠯ ᠲᠥᠪ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠥᠷ ᠮᠣᠩᠭᠤᠯ ᠤᠨ ᠰᠣᠩᠭᠤᠨ ᠲᠤᠮᠢᠯᠠᠬᠤ ᠰᠤᠷᠤᠬᠴᠢ ᠶᠢᠨ ᠬᠠᠮᠢᠶᠠᠷᠤᠯᠲᠠ ᠶᠢᠨ ᠠᠷᠭ᠎ᠠ ᠳᠤ ᠵᠠᠰᠠᠪᠤᠷᠢ ᠣᠷᠣᠭᠤᠯᠵᠤ᠂ ᠰᠣᠩᠭᠤᠨ ᠲᠤᠮᠢᠯᠠᠬᠤ ᠠᠷᠭ᠎ᠠ ᠬᠡᠯᠪᠡᠷᠢ ᠶᠢ ᠰᠠᠶᠢᠵᠢᠷᠠᠭᠤᠯᠵᠤ᠂ ᠰᠣᠩᠭᠤᠨ ᠲᠤᠮᠢᠯᠠᠬᠤ ᠰᠤᠷᠤᠭᠴᠢ ᠶᠢᠨ ᠬᠡᠪᠴᠢᠶ᠎ᠡ ᠶᠢ ᠵᠣᠬᠢᠰᠲᠠᠶ ᠪᠠᠷ ᠦᠷᠭᠡᠳᠬᠡᠵᠦ᠂ ᠰᠣᠩᠭᠤᠨ ᠲᠤᠮᠢᠯᠠᠬᠤ ᠰᠤᠷᠤᠬᠴᠢ ᠶᠢ ᠬᠦᠮᠦᠵᠢᠭᠦᠯᠦᠨ ᠪᠤᠯᠪᠠᠰᠤᠷᠠᠭᠤᠯᠬᠤ ᠠᠷᠭ᠎ᠠ ᠬᠡᠯᠪᠡᠷᠢ ᠶᠢ ᠪᠦᠷᠢᠨᠰᠢᠭᠦᠯᠵᠦ᠂ ᠤᠶᠤᠲᠠᠨ ᠭᠠᠴᠠᠭᠠᠨ ᠳᠠᠷᠤᠭ᠎ᠠ ᠶᠢᠨ ᠠᠵᠢᠯ ᠯᠤᠭ᠎ᠠ ᠲᠣᠬᠢᠲᠠᠶ ᠵᠣᠯᠭᠠᠭᠤᠯᠬᠤ ᠶᠢ ᠰᠠᠶᠢᠨ ᠬᠢᠬᠦ ᠪᠠᠷ ᠪᠠᠶᠢᠨ᠎ᠠ᠃ ᠡᠭᠦᠨ ᠠᠴᠠ ᠭᠠᠳᠠᠨ᠎ᠠ ᠪᠠᠰᠠ ᠰᠢᠯᠭᠠᠵᠤ ᠡᠯᠰᠡᠬᠦ ᠠᠵᠢᠯ ᠤᠨ ᠰᠢᠨᠵᠢᠯᠡᠬᠦ ᠤᠬᠠᠭᠠᠨᠴᠢ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠳᠠᠮᠵᠢᠭᠤᠯᠤᠨ᠂ ᠠᠵᠢᠯᠲᠠᠨ ᠰᠣᠩᠭᠤᠵᠤ ᠡᠯᠰᠡᠬᠦ ᠠᠷᠭ᠎ᠠ ᠵᠠᠮ ᠢ ᠤᠯᠠᠮ ᠨᠢᠭᠡ ᠠᠯᠬᠤᠮ ᠥᠷᠭᠡᠳᠬᠡᠨ᠂ ᠪᠡᠷᠬᠡ ᠬᠠᠲᠠᠭᠤᠵᠢᠯᠲᠠᠶ ᠬᠢᠯᠢ ᠬᠢᠵᠠᠭᠠᠷ ᠣᠷᠣᠨ ᠤ ᠪᠠᠶᠢᠭᠤᠯᠭ᠎ᠠ ᠶᠢᠨ ᠬᠥᠮᠦᠨ ᠡᠯᠰᠡᠬᠦ ᠳᠤ ᠪᠡᠷᠬᠡ᠂ ᠬᠥᠮᠦᠨ ᠢ ᠦᠯᠡᠳᠡᠭᠡᠬᠦ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠨᠠᠩ ᠣᠯᠠᠨ ᠰᠢᠯᠢᠳᠡᠭ ᠴᠢᠳᠠᠪᠤᠷᠢᠲᠠᠨ ᠢ ᠠᠯᠪᠠᠳᠠᠨ ᠤ ᠡ᠊ᠡᠭᠨᠡᠭᠡ ᠳᠤ ᠲᠠᠲᠠᠵᠤ ᠤᠷᠤᠭᠤᠯᠤᠨ᠎ᠠ᠃ ᠡᠨᠡ ᠵᠢᠯ ᠥᠪᠥᠷ ᠮᠣᠩᠭᠤᠯ ᠠᠯᠪᠠᠲᠠᠨ᠂ ᠰᠣᠩᠭᠤᠨ ᠲᠤᠮᠢᠯᠠᠬᠤ ᠰᠤᠷᠤᠬᠴᠢ᠂ ᠣᠶᠤᠲᠠᠨ ᠭᠠᠴᠠᠭᠠᠨ ᠳᠠᠷᠤᠭ᠎ᠠ ᠭᠤᠷᠪᠠᠨ ᠵᠦᠢᠯ ᠤᠨ ᠠᠵᠢᠯ ᠢ ᠡᠮᠬᠢᠯᠡᠨ ᠨᠡᠶᠢᠯᠡᠭᠦᠯᠬᠦ ᠲᠤᠷᠰᠢᠯᠲᠠ ᠬᠢᠵᠦ᠂ 308 ᠬᠥᠮᠦᠨ ᠰᠣᠩᠭᠤᠨ ᠲᠣᠮᠢᠯᠠᠵᠤ᠂ ᠰᠤᠮᠤ ᠰᠢᠶᠠᠩ ᠪᠠᠯᠭᠠᠰᠤ ᠶᠢᠨ ᠪᠠᠶᠢᠭᠤᠯᠭ᠎ᠠ ᠪᠣᠯᠤᠨ ᠭᠠᠴᠠᠭ᠎ᠠ ᠲᠤᠰᠬᠤᠨ ᠳᠤ ᠨᠢᠭᠡᠳᠦᠯᠲᠡᠶ ᠬᠤᠪᠢᠶᠠᠷᠢᠯᠠᠵᠤ ᠬᠦᠮᠦᠵᠢᠭᠦᠯᠦᠨ ᠪᠣᠯᠪᠠᠰᠤᠷᠠᠭᠤᠯᠬᠤ ᠪᠠᠷ ᠲᠦᠯᠦᠪᠯᠡᠵᠦ ᠪᠤᠢ᠃
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ