7 ᠳ᠋ᠤᠭᠠᠷ ᠰᠠᠷ᠎ᠠ ᠶᠢᠨ 29 ᠤ ᠡᠳᠤᠷ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠠᠯᠠᠩ ᠤᠨ | ᠠᠺᠠᠳᠧᠮᠢᠴᠢ ᠰᠦᠨ ᠶᠢᠩ ᠬᠤᠤ ᠶᠢᠨ ᠲᠠᠭᠠᠭᠤᠯᠤᠬᠰᠠᠨ ᠦᠪᠡᠷᠳᠡᠬᠡᠨ ᠵᠠᠰᠠᠬᠤ ᠤᠷᠤᠨ ᠤ ᠰᠢᠬᠡᠰᠤ ᠰᠢᠬᠦᠷᠡᠬᠦᠯᠬᠦ | ᠭᠠᠳᠠᠷ ᠡᠮᠨᠡᠯᠭᠡ ᠶᠢᠨ ᠠᠺᠠᠳᠧᠮᠢᠴᠢ ᠲᠤᠰᠬᠠᠢ ᠮᠡᠷᠬᠡᠵᠢᠯᠳᠠᠨ ᠤ ᠠᠵᠢᠯᠯᠠᠬᠤ ᠦᠷᠳᠡᠭᠡ ᠦᠪᠤᠷ ᠮᠤᠩᠭᠤᠯ ᠤᠨ | ᠦᠪᠡᠷᠳᠡᠬᠡᠨ ᠵᠠᠰᠠᠬᠤ ᠤᠷᠤᠨ ᠤ ᠠᠷᠠᠳ ᠤᠨ ᠡᠮᠨᠡᠯᠬᠡ ᠶᠢᠨ ᠬᠤᠷᠢᠶ᠎ᠠ ᠳᠤ ᠫᠠᠶᠢᠰᠠ ᠡᠯᠬᠦᠵᠦ ᠪᠠᠶᠢᠭᠤᠯᠤᠬᠳᠠᠪᠠ᠃ | ᠦᠪᠡᠷᠳᠡᠬᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠯᠢᠦ ᠰᠢᠨ ᠯᠧ ᠫᠠᠶᠢᠰᠠ ᠡᠯᠬᠦᠬᠦ ᠶᠤᠰᠤᠯᠠᠯ ᠳᠤ | ᠤᠷᠤᠯᠴᠠᠵᠠᠢ᠃ | ᠰᠦᠨ ᠶᠢᠩ ᠬᠤᠤ 1961 ᠤᠨ ᠳᠤ ᠲᠦᠷᠤᠵᠡᠢ᠂ ᠮᠠᠨ ᠤ ᠤᠯᠤᠰ ᠤᠨ ᠰᠢᠬᠡᠰᠤ ᠰᠢᠬᠦᠷᠡᠬᠦᠯᠬᠦ ᠭᠠᠳᠠᠷ | ᠡᠮᠨᠡᠯᠭᠡ ᠶᠢᠨ ᠠᠯᠳᠠᠷᠳᠤ ᠲᠤᠰᠬᠠᠢ ᠮᠡᠷᠬᠡᠵᠢᠯᠳᠠᠨ᠂ ᠤᠳᠤ ᠱᠠᠩᠬᠠᠢ ᠶᠢᠨ ᠬᠤᠶᠠᠳᠤᠭᠠᠷ ᠴᠡᠷᠢᠭ ᠤᠨ ᠠᠨᠠᠭᠠᠬᠤ | ᠤᠬᠠᠭᠠᠨ ᠤ ᠶᠡᠭᠡ ᠰᠤᠷᠭᠠᠭᠤᠯᠢ ᠶᠢᠨ ᠵᠠᠬᠢᠷᠤᠯ ᠤᠨ ᠲᠤᠰᠢᠶᠠᠯ ᠢ ᠬᠠᠷᠢᠭᠤᠴᠠᠵᠤ ᠪᠠᠶᠢᠨ᠎ᠠ᠃ ᠲᠡᠷᠡ ᠬᠤᠰᠢᠭᠤᠴᠢᠯᠠᠨ | ᠲᠤᠶᠠᠴᠢᠬᠤ ᠴᠢᠨᠠᠷ ᠪᠦᠬᠦᠢ ᠤᠷᠢᠳᠤ ᠪᠤᠯᠴᠢᠷᠬᠠᠢ ᠶᠢᠨ ᠦᠮᠠᠨ ᠢ ᠦᠨᠳᠦᠰᠦᠨ ᠠᠴᠠ ᠨᠢ ᠵᠠᠰᠠᠬᠤ ᠮᠠᠰᠠ ᠵᠠᠰᠠᠯ ᠬᠢᠬᠦ | ᠠᠷᠭ᠎ᠠ ᠶᠢ ᠦᠷᠨᠢᠬᠦᠯᠵᠦ᠂ ᠤᠯᠠᠨ ᠲᠦᠷᠦᠯ ᠤᠨ ᠵᠠᠩᠭᠢᠯᠠᠭ᠎ᠠ ᠶᠢᠨ ᠮᠡᠷᠬᠡᠵᠢᠯ ᠤᠨ ᠰᠢᠨ᠎ᠠ ᠶᠢ ᠡᠬᠦᠳᠦᠭᠰᠡᠨ ᠶᠣᠮ᠃ | ᠦᠪᠡᠷᠳᠡᠬᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠤᠪᠯᠡᠬᠡᠳᠤ ᠦᠷᠡᠵᠢᠯ ᠤᠨ ᠵᠦᠪᠯᠡᠯ ᠤᠨ ᠬᠤᠯᠪᠤᠬᠳᠠᠯ | ᠪᠦᠬᠦᠢ ᠬᠠᠷᠢᠭᠤᠴᠠᠯᠭᠠᠳᠠᠨ᠂ ᠦᠪᠡᠷᠳᠡᠬᠡᠨ ᠵᠠᠰᠠᠬᠤ ᠤᠷᠤᠨ ᠤ ᠰᠢᠬᠡᠰᠤ ᠰᠢᠬᠦᠷᠡᠬᠦᠯᠬᠦ ᠭᠠᠳᠠᠷ ᠡᠮᠨᠡᠯᠭᠡ ᠶᠢᠨ | ᠠᠺᠠᠳᠧᠮᠢᠴᠢ ᠲᠤᠰᠬᠠᠢ ᠮᠡᠷᠬᠡᠵᠢᠯᠳᠠᠨ ᠤ ᠠᠵᠢᠯᠯᠠᠬᠤ ᠦᠷᠳᠡᠭᠡ ᠪᠠᠶᠢᠭᠤᠯᠤᠬᠳᠠᠬᠰᠠᠨ ᠨᠢ ᠮᠠᠨ ᠤ ᠤᠷᠤᠨ ᠤ ︽ᠲᠠᠯ᠎ᠠ | ᠨᠤᠳᠤᠬ ᠤᠨ ᠰᠢᠯᠢᠳᠡᠭ ᠴᠢᠳᠠᠪᠤᠷᠢᠳᠠᠨ︾ ᠤ ᠢᠨᠵᠧᠨᠧᠷᠢᠩ ᠢ ᠠᠬᠢᠭᠤᠯᠵᠤ᠂ ᠠᠵᠤ ᠠᠬᠤᠶᠢᠯᠠᠯ ᠠᠵᠤ ᠤᠶᠢᠯᠡᠰ ᠤᠨ | ᠨᠢᠬᠡᠴᠠ ᠪᠠᠷ ᠭᠤᠤᠯ ᠪᠤᠯᠭᠠᠵᠤ᠂ ᠵᠠᠬ᠎ᠠ ᠲᠡᠯᠬᠡᠬᠦᠷ ᠢᠶᠠᠷ ᠤᠳᠤᠷᠢᠳᠤᠮᠵᠢ ᠪᠤᠯᠭᠠᠵᠤ᠂ ᠤᠶᠢᠯᠡᠳᠪᠤᠷᠢᠯᠡᠬᠦ ᠵᠢᠭᠠᠬᠤ | ᠰᠤᠳᠤᠯᠬᠤ ᠶᠢ ᠤᠶᠠᠯᠳᠤᠭᠤᠯᠤᠬᠰᠠᠨ ᠮᠡᠷᠬᠡᠵᠢᠯ ᠤᠨ ᠰᠢᠨ᠎ᠠ ᠶᠢ ᠡᠬᠦᠳᠬᠦ ᠰᠢᠰᠲ᠋ᠧᠮ ᠤᠨ ᠪᠠᠶᠢᠭᠤᠯᠤᠯᠳᠠ ᠶᠢ | ᠲᠦᠷᠬᠡᠳᠬᠡᠬᠦ ᠴᠢᠬᠤᠯᠠ ᠠᠷᠭ᠎ᠠ ᠬᠡᠮᠵᠢᠶ᠎ᠠ ᠪᠤᠯᠤᠨ᠎ᠠ᠂ ᠮᠦᠨᠴᠤ ᠮᠠᠨ ᠤ ᠤᠷᠤᠨ ᠤ ᠰᠢᠬᠡᠰᠤ ᠰᠢᠬᠦᠷᠡᠬᠦᠯᠬᠦ ᠡᠪᠡᠳᠴᠢᠨ | ᠡᠮᠭᠡᠭ ᠢ ᠤᠨᠤᠰᠢᠯᠠᠨ ᠵᠠᠰᠠᠬᠤ ᠲᠦᠪᠰᠢᠨ ᠢ ᠲᠡᠭᠡᠭᠰᠢᠯᠡᠬᠦᠯᠬᠦ᠂ ᠮᠠᠨ ᠤ ᠤᠷᠤᠨ ᠤ ᠰᠢᠬᠡᠰᠤ ᠰᠢᠬᠦᠷᠡᠬᠦᠯᠬᠦ ᠡᠪᠡᠳᠴᠢᠨ | ᠡᠮᠭᠡᠭ ᠤᠨ ᠮᠡᠷᠬᠡᠵᠢᠯ ᠤᠨ ᠰᠢᠨᠵᠢᠯᠡᠬᠦ ᠤᠬᠠᠭᠠᠨᠴᠢ ᠪᠦᠳᠤᠬᠡᠨ ᠪᠠᠶᠢᠭᠤᠯᠤᠯᠳᠠ ᠶᠢ ᠲᠦᠷᠬᠡᠳᠬᠡᠵᠤ᠂ ᠮᠠᠨ ᠤ ᠤᠷᠤᠨ | ᠤ ᠰᠢᠬᠡᠰᠤ ᠰᠢᠬᠦᠷᠡᠬᠦᠯᠬᠦ ᠡᠪᠡᠳᠴᠢᠨ ᠡᠮᠭᠡᠭ ᠤᠨ ᠬᠦᠷᠢᠶᠠᠨ ᠤ ᠲᠤᠰᠬᠠᠢ ᠮᠡᠷᠬᠡᠵᠢᠯ ᠤᠨ ᠴᠢᠳᠠᠪᠤᠷᠢᠳᠠᠨ ᠢ | ᠬᠦᠮᠤᠵᠢᠬᠦᠯᠬᠦ ᠪᠦᠳᠤᠮᠵᠢᠳᠠᠢ ᠠᠷᠭ᠎ᠠ ᠪᠤᠯᠤᠨ᠎ᠠ ᠬᠡᠵᠤ ᠢᠯᠡᠳᠬᠡᠪᠡ᠃ |