ᠮᠥᠩᠭᠦᠨ ᠭᠦᠢᠯᠭᠡᠭᠡ ᠪᠠᠷ ᠵᠡᠭᠦᠨ ᠬᠡᠰᠡᠭ ᠤᠨ ᠠᠶᠢᠮᠠᠭ ᠬᠤᠲᠠ ᠶᠢᠨ ᠳᠠᠪᠠᠯᠲᠠᠲᠤ ᠬᠥᠭᠵᠢᠯᠲᠡ ᠶᠢ ᠳᠡᠮᠵᠢᠬᠦ ᠵᠠᠰᠠᠭ ᠤᠨ ᠣᠷᠳᠣᠨ ᠪᠠᠩᠬᠢ ᠠᠵᠤ ᠠᠬᠤᠶᠢᠯᠠᠯ ᠤᠨ ᠠᠬᠢᠭᠤᠯᠬᠤ ᠬᠤᠷᠠᠯ ᠵᠢᠴᠢ ᠪᠠᠭ᠎ᠠ ᠵᠢᠵᠢᠭ ᠠᠵᠤ ᠠᠬᠤᠶᠢᠯᠠᠯ ᠤᠨ ᠬᠤᠷᠢᠶᠠᠬᠤ ᠵᠣᠬᠢᠰᠲᠠᠢ ᠵᠣᠭᠤᠰ ᠤᠨ ᠪᠡᠯᠡ ᠴᠤᠭᠯᠠᠭᠤᠯᠬᠤ ᠲᠤᠰᠬᠠᠢ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/7/31
     7 ᠳ᠋ᠤᠭᠠᠷ ᠰᠠᠷ᠎ᠠ ᠶᠢᠨ 29᠎ ᠤ ᠡᠳᠤᠷ᠂ ᠪᠦᠬᠦ ᠤᠷᠤᠨ ᠤ ᠮᠥᠩᠬᠦᠨ ᠬᠦᠢᠯᠬᠡᠬᠡ ᠪᠠᠷ ᠵᠡᠬᠦᠨ ᠬᠡᠰᠡᠭ ᠤᠨ ᠠᠶᠢᠮᠠᠭ ᠬᠤᠳᠠ ᠶᠢᠨ ᠲᠠᠪᠠᠯᠳᠠᠳᠤ ᠬᠦᠭᠵᠢᠯᠳᠡ ᠶᠢ ᠲᠡᠮᠵᠢᠬᠦ ᠵᠠᠰᠠᠭ ᠤᠨ ᠤᠷᠳᠤᠨ ᠪᠠᠩᠬᠢ ᠠᠵᠥ ᠠᠬᠤᠶᠢᠯᠠᠯ ᠤᠨ ᠠᠬᠢᠭᠤᠯᠬᠤ ᠬᠤᠷᠠᠯ ᠵᠢᠴᠢ ᠪᠠᠭ᠎ᠠ ᠵᠢᠵᠢᠭ ᠠᠵᠥ ᠠᠬᠤᠶᠢᠯᠠᠯ ᠤᠨ ᠬᠤᠷᠢᠶᠠᠬᠤ ᠵᠤᠬᠢᠰᠳᠠᠢ ᠵᠤᠭᠤᠰ ᠤᠨ ᠪᠡᠯᠡ ᠴᠤᠭᠯᠠᠭᠤᠯᠬᠤ ᠲᠤᠰᠬᠠᠢ ᠬᠤᠷᠠᠯ ᠬᠢᠩᠭᠠᠨ ᠠᠶᠢᠮᠠᠭ ᠲᠤ ᠬᠤᠷᠠᠯᠳᠤᠵᠥ᠂ ᠬᠦᠯᠥᠨ ᠪᠤᠶᠢᠷ ᠬᠤᠳᠠ᠂ ᠡᠷᠢᠶᠠᠨ ᠬᠤᠳᠠ ᠵᠡᠷᠬᠡ ᠠᠶᠢᠮᠠᠭ ᠬᠤᠳᠠ ᠶᠢᠨ ᠪᠡᠯᠡ ᠴᠤᠭᠯᠠᠭᠤᠯᠬᠤ ᠴᠢᠬᠤᠯᠠᠳᠠᠢ ᠠᠵᠥ ᠠᠬᠤᠶᠢᠯᠠᠯ᠂ ᠦᠪᠡᠷᠳᠡᠭᠡᠨ ᠵᠠᠰᠠᠬᠤ ᠤᠷᠤᠨ ᠎ ᠤ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠡᠯ᠎ᠡ ᠶᠡᠭᠡ ᠮᠥᠩᠬᠦᠨ ᠬᠦᠢᠯᠬᠡᠬᠡ ᠶᠢᠨ ᠪᠠᠶᠢᠭᠤᠯᠤᠮᠵᠢ ᠶᠢᠨ ᠢᠳᠡᠬᠡᠮᠵᠢᠳᠤ ᠵᠢᠬᠡᠯᠡᠯᠬᠡ ᠶᠢᠨ ᠬᠠᠮᠢᠶᠠᠷᠤᠯᠳᠠ ᠶᠢᠨ ᠠᠵᠢᠯᠳᠠᠳ ᠬᠤᠷᠠᠯ ᠳᠤ ᠤᠷᠤᠯᠴᠠᠪᠠ᠃      ᠦᠪᠡᠷᠳᠡᠭᠡᠨ ᠵᠠᠰᠠᠬᠤ ᠤᠷᠤᠨ ᠤ ᠲᠡᠳ᠋ ᠲᠡᠷᠢᠬᠦᠯᠡᠭᠴᠢ ᠠᠢ ᠯᠢ ᠬᠤᠸᠠ ᠬᠤᠷᠠᠯ ᠳᠤ ᠤᠷᠤᠯᠴᠠᠵᠥ ᠶᠠᠷᠢᠶ᠎ᠠ ᠲᠠᠯᠪᠢᠪᠠ᠃      ᠠᠢ ᠯᠢ ᠬᠤᠸᠠ᠂ ᠮᠥᠩᠬᠦᠨ ᠬᠦᠢᠯᠬᠡᠬᠡ ᠶᠢᠨ ᠪᠠᠶᠢᠭᠤᠯᠤᠮᠵᠢ ᠦᠢᠯᠡᠴᠢᠯᠡᠬᠦ ᠲᠦᠪᠰᠢᠨ ᠢᠶᠢᠨᠨ ᠲᠡᠭᠡᠭᠰᠢᠯᠡᠬᠦᠯᠵᠥ᠂ ᠪᠤᠳᠠᠳᠤ ᠴᠤᠭᠴᠠ ᠶᠢᠨ ᠠᠵᠥ ᠠᠬᠤᠢ ᠶᠢᠨ ᠬᠦᠭᠵᠢᠯᠳᠡ ᠶᠢ ᠲᠡᠮᠵᠢᠬᠦ ᠬᠦᠴᠦᠯᠡᠬᠦ ᠴᠢᠭ᠋ ᠢ ᠵᠦᠪ ᠡᠷᠢᠵᠥ ᠤᠯᠬᠤ ᠬᠡᠷᠡᠭᠳᠡᠢ︔ ᠵᠡᠬᠦᠨ ᠬᠡᠰᠡᠭ ᠤᠨ ᠠᠶᠢᠮᠠᠭ ᠬᠤᠳᠠ ᠶᠢᠨ ᠲᠠᠪᠠᠯᠳᠠᠳᠤ ᠬᠦᠭᠵᠢᠯᠳᠡ ᠶᠢ ᠲᠡᠮᠵᠢᠬᠦ ᠢᠳᠡᠭᠡᠯ ᠢᠶᠠᠨ ᠪᠠᠳᠤᠳᠬᠠᠵᠥ᠂ ᠭᠤᠤᠯᠳᠠᠯᠭ᠎ᠠ ᠲᠠᠢ ᠬᠦᠷᠢᠶ᠎ᠡ ᠪᠤᠯᠤᠨ ᠪᠠᠭᠤᠷᠠᠢ ᠭᠤᠭᠴᠤᠭ᠎ᠠ ᠶᠢ ᠲᠡᠮᠵᠢᠬᠦ ᠡᠷᠴᠢᠮ ᠎ ᠢᠶᠠᠨ ᠴᠢᠩᠭᠠᠷᠠᠭᠤᠯᠵᠥ᠂ ᠠᠵᠥ ᠦᠢᠯᠡᠳᠪᠤᠷᠢ ᠶᠢᠨ ᠠᠵᠥ ᠠᠬᠤᠶᠢᠯᠠᠯ ᠪᠤᠯᠤᠨ ᠪᠠᠭ᠎ᠠ ᠵᠢᠵᠢᠭ ᠠᠵᠥ ᠠᠬᠤᠶᠢᠯᠠᠯ ᠢ ᠮᠥᠩᠬᠦᠨ ᠬᠦᠢᠯᠬᠡᠬᠡ ᠪᠠᠷ ᠲᠡᠮᠵᠢᠬᠦ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠠᠵᠥ ᠠᠬᠤᠶᠢᠯᠠᠯ ᠤᠨ ᠬᠢᠨ ᠦᠪᠡᠷ ᠎ ᠤᠨ ᠢᠶᠠᠨ ᠪᠤᠳᠠᠳᠤ ᠬᠦᠴᠦᠨ ᠢᠶᠠᠷ ᠬᠦᠭᠵᠢᠬᠦᠯᠥᠨ ᠪᠤᠵᠠᠭᠠᠶᠢᠷᠠᠭᠤᠯᠵᠥ᠂ ᠢᠳᠡᠬᠡᠮᠵᠢ ᠶᠢᠨ ᠲᠦᠪᠰᠢᠨ ᠢᠶᠠᠨ ᠲᠠᠰᠤᠷᠠᠯᠳᠡ ᠦᠭᠡᠢ ᠲᠡᠬᠡᠭᠰᠢᠯᠡᠬᠦᠯᠬᠦ ᠬᠡᠷᠡᠭᠳᠡᠢ᠃ ᠡᠯ᠎ᠡ ᠱᠠᠳᠤᠨ ᠤ ᠵᠠᠰᠠᠭ ᠤᠨ ᠤᠷᠳᠤᠨ ᠵᠤᠯᠭᠠᠭᠤᠯᠬᠤ ᠲᠠᠪᠴᠠᠩ ᠎ ᠢ ᠢᠳᠡᠪᠬᠢᠳᠡᠢ ᠪᠠᠶᠢᠭᠤᠯᠵᠥ᠂ ᠮᠥᠩᠬᠦᠨ ᠬᠦᠢᠯᠬᠡᠬᠡ ᠶᠢᠨ ᠠᠮᠢ ᠠᠬᠤᠢ ᠶᠢᠨ ᠤᠷᠴᠢᠨ ᠲᠤᠭᠤᠷᠢᠨ ᠢ ᠬᠦᠴᠦᠯᠡᠨ ᠰᠢᠯᠢᠳᠡᠭᠵᠢᠬᠦᠯᠵᠥ᠂ ᠵᠠᠰᠠᠭ ᠤᠨ ᠤᠷᠳᠤᠨ ᠪᠠᠩᠬᠢ ᠠᠵᠥ ᠠᠬᠤᠶᠢᠯᠠᠯ ᠢ ᠵᠤᠯᠭᠠᠭᠤᠯᠬᠤ ᠤᠷᠳᠤ ᠬᠤᠭᠤᠴᠠᠭᠠᠨ ᠤ ᠪᠦᠳᠦᠮᠵᠢᠳᠡᠢ ᠲᠤᠭᠳᠠᠴᠠ᠂ ᠲᠦᠷᠦᠯ ᠵᠦᠢᠯ ᠤᠨ ᠮᠦᠷᠳᠡᠨ ᠨᠠᠶᠢᠳᠠᠪᠤᠷᠢᠵᠢᠭᠤᠯᠬᠤ ᠲᠤᠭᠳᠠᠴᠠ ᠶᠢ ᠪᠠᠶᠢᠭᠤᠯᠵᠥ᠂ ᠪᠠᠷᠢᠴᠠᠭᠠᠨ ᠤ ᠰᠢᠰᠲ᠋ᠧᠮᠵᠢ ᠶᠢ ᠲᠠᠰᠤᠷᠠᠯᠳᠡ ᠦᠭᠡᠢ ᠲᠡᠬᠦᠯᠳᠡᠷᠵᠢᠬᠦᠯᠵᠥ᠂ ᠨᠡᠶᠢᠬᠡᠮ ᠤᠨ ᠢᠳᠡᠬᠡᠮᠵᠢ ᠶᠢᠨ ᠰᠢᠰᠲ᠋ᠧᠮ ᠎ ᠤᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ ᠬᠡᠵᠥ ᠵᠢᠭᠠᠵᠥ ᠭᠠᠷᠭᠠᠪᠠ᠃      ᠵᠠᠰᠠᠭ ᠤᠨ ᠤᠷᠳᠤᠨ ᠪᠠᠩᠬᠢ ᠠᠵᠥ ᠠᠬᠤᠶᠢᠯᠠᠯ ᠤᠨ ᠲᠦᠷᠦᠯ ᠵᠦᠢᠯ ᠤᠨ ᠬᠠᠮᠳᠤᠷᠠᠯᠴᠠᠭᠠᠨ ᠤ ᠭᠡᠷ᠎ᠡ ᠲᠤᠭᠳᠠᠬᠤ ᠶᠤᠰᠤᠯᠠᠯ ᠲᠡᠭᠡᠷ᠎ᠡ᠂ 13 ᠮᠥᠩᠬᠦᠨ ᠬᠦᠢᠯᠬᠡᠬᠡ ᠶᠢᠨ ᠪᠠᠶᠢᠭᠤᠯᠤᠮᠵᠢ 2 ᠠᠶᠢᠮᠠᠭ ᠬᠤᠳᠠ ᠲᠠᠢ ᠪᠠᠶᠢᠯᠳᠤᠬᠤ ᠪᠤᠳᠤᠯᠭ᠎ᠠ ᠶᠢᠨ ᠬᠠᠮᠳᠤᠷᠠᠯᠴᠠᠭᠠᠨ ᠤ ᠵᠦᠪᠯᠡᠯᠴᠡᠬᠡᠷ ᠲᠤᠬᠢᠷᠠᠯᠴᠠᠵᠥ᠂ 3 — 5 ᠵᠢᠯ ᠳᠤ ᠭᠡᠷ᠎ᠡ ᠲᠤᠭᠳᠠᠭᠰᠠᠠ ᠠᠶᠢᠮᠠᠭ ᠬᠤᠳᠠ ᠳᠤ 2116 ᠳ᠋ᠦᠩᠰᠢᠭᠤᠷ ᠲᠦᠬᠦᠷᠢᠭ ᠪᠡᠯᠡ ᠤᠷᠤᠭᠤᠯᠬᠤ ᠪᠠᠷ ᠲᠦᠯᠥᠪᠯᠡᠪᠡ︔ 26 ᠮᠥᠩᠬᠦᠨ ᠬᠦᠢᠯᠬᠡᠬᠡ ᠶᠢᠨ ᠪᠠᠶᠢᠭᠤᠯᠤᠮᠵᠢ 27 ᠭᠤᠤᠯᠳᠠᠯᠭ᠎ᠠ ᠲᠠᠢ ᠲᠦᠷᠦᠯ ᠵᠦᠢᠯ ᠤᠨ ᠨᠢᠬᠡᠴᠡ ᠲᠠᠢ 473.7 ᠳ᠋ᠦᠩᠰᠢᠭᠤᠷ ᠲᠦᠬᠦᠷᠢᠭ ᠤᠨ ᠪᠡᠯᠡ ᠴᠤᠭᠯᠠᠭᠤᠯᠬᠤ ᠰᠠᠨᠠᠮᠵᠢ ᠲᠤᠬᠢᠷᠠᠯᠴᠠᠵᠥ᠂ 8 ᠮᠥᠩᠬᠦᠨ ᠬᠦᠢᠯᠬᠡᠬᠡ ᠶᠢᠨ ᠪᠠᠶᠢᠭᠤᠯᠤᠮᠵᠢ 11 ᠲᠦᠷᠦᠯ ᠵᠦᠢᠯ ᠤᠨ ᠨᠢᠬᠡᠴᠡ ᠲᠠᠢ 19.4 ᠳ᠋ᠦᠩᠰᠢᠭᠤᠷ ᠲᠦᠬᠦᠷᠢᠭ ᠤᠨ ᠬᠤᠷᠢᠶᠠᠬᠤ ᠵᠤᠬᠢᠰᠳᠠᠢ ᠵᠤᠭᠤᠰ ᠤᠨ ᠪᠡᠯᠡ ᠴᠤᠭᠯᠠᠭᠤᠯᠬᠤ ᠰᠠᠨᠠᠮᠵᠢ ᠲᠤᠬᠢᠷᠠᠯᠴᠠᠪᠠ᠃      ᠬᠤᠷᠠᠯ ᠲᠡᠭᠡᠷ᠎ᠡ᠂ ᠦᠪᠡᠷᠳᠡᠭᠡᠨ ᠵᠠᠰᠠᠬᠤ ᠤᠷᠤᠨ ᠤ ᠮᠦᠩᠬᠦᠨ ᠬᠦᠢᠯᠬᠡᠬᠡ ᠶᠢᠨ ᠠᠯᠪᠠᠨ ᠭᠡᠷ᠂ ᠠᠷᠠᠳ ᠤᠨ ᠪᠠᠩᠬᠢ ᠶᠢᠨ ᠬᠦᠬᠡᠬᠤᠳᠠ ᠶᠢᠨ ᠭᠤᠤᠯ ᠰᠠᠯᠪᠤᠷᠢ ᠪᠠᠩᠬᠢ᠂ ᠦᠪᠤᠷ ᠮᠤᠩᠭᠤᠯ ᠤᠨ ᠪᠠᠩᠬᠢ ᠶᠢᠨ ᠦᠢᠯᠡᠰ ᠤᠨ ᠬᠢᠨᠠᠯᠳᠠ ᠬᠠᠮᠢᠶᠠᠷᠤᠯᠳᠠ ᠶᠢᠨ ᠲᠤᠪᠴᠢᠶ᠎ᠠ ᠵᠡᠷᠬᠡ 6 ᠰᠠᠯᠠᠭ᠎ᠠ ᠮᠦᠴᠢᠷ ᠨᠢᠬᠡᠴᠡ  ᠶᠢᠨ ᠬᠠᠷᠢᠭᠤᠴᠠᠯᠭᠠᠲᠠᠨ ᠦᠭᠡ ᠬᠡᠯᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号