| | | ᠵᠤᠨ ᠤ ᠠᠮᠠᠷᠠᠯᠲᠠ ᠶᠢᠨ ᠵᠢᠭᠤᠯᠴᠢᠯᠠᠯ ᠤᠨ ᠵᠥᠭᠡᠭᠡᠪᠦᠷᠢ ᠶᠢᠨ ᠬᠥᠭ ᠤᠯᠠᠷᠢᠯ ᠬᠦᠷᠴᠦ ᠢᠷᠡᠬᠦ ᠶᠢ | ᠳᠠᠭᠠᠯᠳᠤᠨ᠂ 7 ᠳ᠋ᠤᠭᠠᠷ ᠰᠠᠷ᠎ᠠ ᠶᠢᠨ 1 ᠤ ᠡᠳᠦᠷ ᠤᠨ 22 ᠴᠠᠭ 30 ᠮᠢᠨᠦ᠋ᠲ ᠳᠤ᠂ I 0920 ᠡᠭᠡᠯᠵᠢ ᠶᠢᠨ | ᠨᠢᠰᠬᠡᠯ ᠡᠷᠢᠶᠡᠨ ᠬᠤᠳᠠ ᠶᠢᠨ ᠨᠢᠰᠬᠡᠯ ᠤᠨ ᠪᠠᠭᠤᠳᠠᠯ ᠳᠤ ᠠᠯᠭᠤᠷ ᠢᠶᠠᠷ ᠪᠠᠭᠤᠭᠰᠠᠨ ᠶᠠᠪᠤᠳᠠᠯ ᠨᠢ ᠤᠯᠠᠭᠠᠨ ᠦᠳᠡ | — ᠡᠷᠢᠶᠡᠨ ᠬᠤᠲᠠ ᠶᠢᠨ ᠵᠢᠭᠤᠯᠴᠢᠯᠠᠯ ᠤᠨ ᠨᠢᠰᠬᠡᠯ ᠤᠨ ᠠᠭᠠᠷ ᠤᠨ ᠠᠶᠠᠯᠠᠯ ᠤᠨ ᠱᠤᠭᠤᠮ ᠵᠢᠩᠬᠢᠨᠢ ᠪᠠᠷ | ᠨᠡᠪᠲᠡᠷᠡᠭᠰᠡᠨ ᠢ ᠬᠠᠷᠠᠭᠤᠯᠪᠠ᠂ ᠡᠨᠡ ᠨᠢ ᠡᠷᠢᠶᠡᠨ ᠬᠤᠳᠠ ᠶᠢᠨ ᠨᠢᠰᠬᠡᠯ ᠤᠨ ᠪᠠᠭᠤᠳᠠᠯ ᠵᠤᠨ ᠤ ᠠᠮᠠᠷᠠᠯᠲᠠ ᠶᠢᠨ | ᠬᠤᠭᠤᠴᠠᠭᠠᠨ ᠳᠤ ᠨᠡᠭᠡᠭᠡᠭᠰᠡᠨ ᠣᠯᠠᠨ ᠤᠯᠤᠰ ᠤᠨ ᠵᠢᠭᠤᠯᠴᠢᠯᠠᠯ ᠤᠨ ᠨᠢᠰᠬᠡᠯ ᠤᠨ ᠠᠭᠠᠷ ᠤᠨ ᠠᠶᠠᠯᠠᠯ ᠤᠨ | ᠠᠩᠬᠠᠳᠠᠭᠴᠢ ᠱᠤᠭᠤᠮ ᠪᠣᠯᠬᠤ ᠪᠦᠭᠡᠳ ᠪᠠᠰᠠ ᠴᠤ ᠡᠷᠢᠶᠡᠨ ᠬᠤᠳᠠ ᠶᠢᠨ ᠨᠢᠰᠬᠡᠯ ᠤᠨ ᠪᠠᠭᠤᠳᠠᠯ ᠤᠨ ᠨᠡᠭᠡᠭᠡᠭᠰᠡᠨ | ᠣᠷᠣᠰ ᠲᠤ ᠨᠡᠪᠲᠡᠷᠡᠬᠦ ᠠᠭᠠᠷ ᠤᠨ ᠠᠶᠠᠯᠠᠯ ᠤᠨ ᠠᠩᠬᠠᠳᠠᠭᠴᠢ ᠱᠤᠭᠤᠮ ᠪᠣᠯᠣᠨ᠎ᠠ᠃ | ᠤᠯᠠᠭᠠᠨ ᠦᠳᠡ — ᠡᠷᠢᠶᠡᠨ ᠬᠤᠲᠠ ᠶᠢᠨ ᠠᠭᠠᠷ ᠤᠨ ᠠᠶᠠᠯᠠᠯ ᠤᠨ ᠱᠤᠭᠤᠮ ᠳᠤ ᠣᠷᠣᠰ ᠤᠨ ᠢᠯ | ᠠᠭᠠᠷ ᠤᠨ ᠠᠶᠠᠯᠠᠯ ᠤᠨ SU95 ᠠᠶᠠᠨᠴᠢᠨ ᠤ ᠨᠢᠰᠬᠡᠯ ᠠᠶᠠᠯᠠᠯ ᠭᠦᠶᠴᠡᠳᠬᠡᠵᠤ᠂ 100 ᠰᠠᠭᠤᠳᠠᠯ ᠲᠠᠢ ᠪᠦᠭᠡᠳ | ᠭᠠᠷᠠᠭ ᠪᠦᠷᠢ ᠶᠢᠨ ᠵᠢᠷᠭᠤᠭᠠᠨ ᠳᠤ ᠨᠢᠭᠡ ᠡᠭᠡᠯᠵᠢ ᠨᠢᠰᠴᠦ᠂ ᠠᠭᠠᠷ ᠤᠨ ᠨᠢᠰᠦᠯᠲᠡ ᠨᠢ ᠵᠥᠪᠬᠡᠨ 1.5 ᠴᠠᠭ | ᠬᠡᠷᠡᠭᠰᠡᠨ᠎ᠡ᠂ ᠡᠭᠡᠯᠵᠢ ᠶᠢᠨ ᠨᠢᠰᠬᠡᠯ ᠤᠨ ᠨᠢᠰᠬᠦ ᠪᠠᠭᠤᠬᠤ ᠴᠠᠭ ᠨᠢ ᠳᠣᠣᠷᠠᠬᠢ ᠮᠡᠲᠦ᠄ I 0920 ᠤᠯᠠᠭᠠᠨ ᠦᠳᠡ | ᠠᠴᠠ 09:30 ᠳᠤ ᠨᠢᠰᠴᠦ᠂ 11:00 ᠴᠠᠭ ᠲᠤ ᠡᠷᠢᠶᠡᠨ ᠬᠤᠲᠠ ᠳᠤ ᠪᠠᠭᠤᠨ᠎ᠡ᠃ I 0921 ᠡᠷᠢᠶᠡᠨ | ᠬᠤᠲᠠ ᠠᠴᠠ 12᠄ 00 ᠴᠠᠭ ᠲᠤ ᠨᠢᠰᠴᠦ᠂ 13:30 ᠳᠤ ᠤᠯᠠᠭᠠᠨ ᠦᠳᠡ ᠳᠤ ᠪᠠᠭᠤᠨ᠎ᠡ᠃ | ᠤᠯᠠᠭᠠᠨ ᠦᠳᠡ — ᠡᠷᠢᠶᠡᠨ ᠬᠤᠲᠠ ᠶᠢᠨ ᠠᠭᠠᠷ ᠤᠨ ᠠᠶᠠᠯᠠᠯ ᠤᠨ ᠱᠤᠭᠤᠮ ᠨᠡᠪᠲᠡᠷᠡᠬᠦ ᠶᠢ ᠳᠠᠭᠠᠯᠳᠤᠨ᠂ | ᠥᠪᠥᠷ ᠮᠣᠩᠭᠤᠯ ᠬᠢᠭᠡᠳ ᠤᠯᠠᠭᠠᠨ ᠦᠳᠡ ᠤᠨ ᠵᠢᠭᠤᠯᠴᠢᠯᠠᠯ ᠤᠨ ᠳᠥᠭᠦᠮ ᠳᠥᠲᠡ ᠵᠠᠮ ᠢ ᠨᠡᠪᠲᠡᠷᠡᠭᠰᠡᠨ ᠢᠶᠠᠷ᠂ | ᠮᠣᠩᠭᠤᠯ ᠣᠷᠣᠰ ᠤᠨ ᠨᠡᠩ ᠣᠯᠠᠨ ᠠᠶᠠᠨᠴᠢᠤᠨ ᠡᠨᠡ ᠬᠦ ᠱᠤᠭᠤᠮ ᠢᠶᠠᠷ ᠬᠤᠶᠠᠷ ᠤᠯᠤᠰ ᠤᠨ ᠬᠤᠭᠤᠷᠣᠨᠳᠤ | ᠵᠣᠷᠴᠢᠵᠤ ᠪᠣᠯᠣᠨ᠎ᠠ᠃ ᠲᠤᠬᠠᠢ ᠶᠢᠨ ᠦᠶ᠎ᠡ ᠳᠤ᠂ ᠡᠷᠢᠶᠡᠨ ᠬᠤᠳᠠ ᠶᠢᠨ ᠨᠢᠰᠬᠡᠯ ᠤᠨ ᠪᠠᠭᠤᠳᠠᠯ ᠨᠢ ᠵᠤᠨ ᠤ | ᠠᠮᠠᠷᠠᠯᠲᠠ ᠶᠢᠨ ᠬᠤᠭᠤᠴᠠᠭᠠᠨ ᠳᠤ ᠮᠣᠩᠭᠤᠯ ᠣᠷᠣᠰ ᠤᠨ ᠵᠢᠭᠤᠯᠴᠢᠤᠨ ᠲᠤ ᠬᠠᠨᠳᠤᠭᠤᠯᠵᠤ ᠨᠡᠩ ᠤᠯᠠᠨ | ᠵᠢᠭᠤᠯᠴᠢᠯᠠᠯ ᠤᠨ ᠠᠶᠠᠯᠠᠯ ᠤᠨ ᠱᠤᠭᠤᠮ ᠢ ᠨᠡᠪᠲᠡᠷᠡᠭᠦᠯᠬᠦ ᠪᠣᠯᠣᠨ᠎ᠠ᠂ ᠵᠢᠱᠢᠯᠲᠡ ᠪᠠᠷ 7 ᠳ᠋ᠤᠭᠠᠷ ᠰᠠᠷ᠎ᠠ ᠶᠢᠨ 10 ᠤ | ᠡᠳᠦᠷ ᠡᠷᠢᠶᠡᠨ ᠬᠤᠲᠠ — ᠵᠢᠨᠠᠨ᠂ 7 ᠳ᠋ᠤᠭᠠᠷ ᠰᠠᠷ᠎ᠠ ᠶᠢᠨ 16 ᠤ ᠡᠳᠦᠷ ᠡᠷᠢᠶᠡᠨ ᠬᠤᠲᠠ — ᠴᠢᠨ | ᠬᠤᠸᠠᠩ ᠳ᠋ᠤᠤ — ᠳ᠋ᠠᠯᠢᠶᠠᠨ ᠤ ᠠᠶᠠᠯᠠᠯ ᠤᠨ ᠱᠤᠭᠤᠮ ᠢ ᠨᠡᠭᠡᠭᠡᠵᠦ᠂ ᠬᠤᠶᠠᠷ ᠤᠯᠤᠰ ᠤᠨ ᠠᠶᠠᠨᠴᠢᠳ ᠤᠨ | ᠠᠶᠠᠯᠠᠯ ᠳᠤ ᠨᠡᠩ ᠳᠥᠭᠦᠮ ᠳᠥᠲᠡ ᠨᠥᠬᠦᠴᠡᠯ ᠣᠯᠭᠤᠨ ᠥᠭᠬᠦ ᠪᠣᠯᠣᠨ᠎ᠠ᠃ | |