ᠥᠪᠥᠷ ᠵᠠᠰᠠᠭ ᠲᠠᠷᠬᠠᠭᠠᠭᠰᠠᠨ ﹇2017﹈ 23 ᠳ᠋ᠤᠭᠠᠷ ᠲᠤᠭᠠᠳᠤ | 2017 ᠣᠨ ᠤ 2 ᠳ᠋ᠤᠭᠠᠷ ᠰᠠᠷ᠎ᠠ ᠶᠢᠨ 21 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠣᠯᠣᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ | ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠵᠢᠴᠢ ᠦᠪᠦᠷ ᠮᠣᠩᠭᠤᠯ ᠢ | ᠰᠢᠨᠵᠢᠯᠡᠨ ᠪᠠᠶᠢᠴᠠᠭᠠᠬᠤ ᠳᠠᠭᠠᠨ ᠶᠠᠷᠢᠭᠰᠠᠨ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ | ᠦᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠤᠨ | ᠠᠵᠢᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠨ᠂ ᠮᠠᠨ ᠤ ᠣᠷᠣᠨ ᠤ ᠳᠡᠭᠡᠳᠦ ᠵᠡᠷᠭᠡ ᠶᠢᠨ ᠰᠤᠷᠭᠠᠨ | ᠬᠦᠮᠦᠵᠢᠯ ᠤᠨ ᠬᠦᠷᠢᠶ᠎ᠡ ᠴᠠᠷᠠᠭᠠᠨ ᠤ ᠶᠡᠷᠦᠩᠬᠡᠶᠢᠯᠡᠭᠰᠡᠨ ᠦᠭᠡᠷᠡᠴᠢᠯᠡᠯᠲᠡ ᠶᠢ ᠨᠢᠭᠡᠲᠦᠯᠲᠡᠢ ᠲᠦᠯᠦᠪᠯᠡᠨ | ᠠᠬᠢᠭᠤᠯᠬᠤ ᠶᠢᠨ ᠲᠤᠰᠠᠳᠠ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠴᠢᠨᠠᠷᠯᠢᠭ ᠪᠦᠭᠡᠳ ᠲᠥᠷᠭᠡᠨ ᠬᠥᠭᠵᠢᠬᠦ ᠶᠢ | ᠳᠡᠮᠵᠢᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠳᠡᠭᠡᠳᠦ ᠵᠡᠷᠭᠡ ᠶᠢᠨ ᠰᠤᠷᠭᠠᠨ ᠬᠦᠮᠦᠵᠢᠯ ᠢ ᠡᠷᠬᠢᠯᠡᠬᠦ ᠲᠣᠬᠠᠢ | ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠴᠢᠳᠠᠪᠤᠷᠢᠲᠠᠨ ᠬᠦᠮᠦᠵᠢᠭᠦᠯᠬᠦ ᠵᠠᠭᠪᠤᠷ ᠤᠨ ᠰᠢᠨ᠎ᠡ ᠶᠢ ᠡᠭᠦᠳᠴᠦ᠂ ᠳᠡᠭᠡᠳᠦ ᠬᠡᠪ ᠪᠣᠯᠪᠠᠰᠤᠷᠠᠯ ᠲᠠᠢ | ᠴᠢᠳᠠᠪᠤᠷᠢᠲᠠᠨ ᠢ ᠶᠡᠬᠡᠪᠡᠷ ᠬᠦᠮᠦᠵᠢᠭᠦᠯᠦᠨ᠎ᠡ | ︵ᠨᠢᠭᠡ︶ ᠶᠤᠰᠤ ᠮᠤᠷᠠᠯ ᠢ ᠡᠷᠬᠢᠮᠯᠡᠨ ᠴᠢᠳᠠᠪᠦᠷᠢᠲᠠᠨ ᠬᠦᠮᠦᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠡᠷᠬᠡᠪᠰᠢ ᠴᠢᠳᠠᠪᠤᠷᠢᠲᠠᠨ ᠬᠦᠮᠦᠵᠢᠭᠦᠯᠬᠦ | ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠪᠠᠷ ᠭᠤᠣᠯ ᠪᠤᠯᠭᠠᠬᠤ ᠶᠢ ᠪᠠᠲᠤ ᠡᠵᠡᠮᠰᠢᠵᠦ᠂ ᠤᠯᠤᠰ | ᠲᠥᠷᠥ ᠶᠢᠨ ᠦᠵᠡᠯ ᠤᠬᠠᠮᠰᠠᠷ ᠢᠶᠠᠨ ᠴᠢᠩᠭᠠᠷᠠᠭᠤᠯᠤᠨ᠂ ᠬᠦᠰᠡᠯᠡᠩ ᠢᠲᠡᠭᠡᠯ ᠵᠣᠷᠢᠭ ᠢᠶᠠᠨ ᠬᠥᠪᠴᠢᠯᠡᠵᠦ᠂ ᠨᠡᠶᠢᠭᠡᠮ | ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠪᠣᠢ ᠪᠣᠯᠭᠠᠬᠤ ᠪᠠ ᠦᠢᠯᠡᠳᠦᠯᠭᠡᠵᠢᠭᠦᠯᠬᠦ ᠶᠢ ᠴᠢᠳᠠᠪᠦᠷᠢᠲᠠᠨ | ᠬᠦᠮᠦᠵᠢᠭᠦᠯᠬᠦ ᠶᠢᠨ ᠪᠦᠬᠦ ᠶᠠᠪᠤᠴᠠ ᠳᠤ ᠠᠭᠤᠰᠤᠯᠴᠠᠭᠤᠯᠤᠨ᠂ ᠵᠠᠯᠠᠭᠤ ᠰᠤᠷᠤᠭᠴᠢᠳ ᠤᠨ ᠨᠡᠶᠢᠭᠡᠮ ᠤᠨ | ᠬᠠᠷᠢᠭᠤᠴᠠᠯᠭᠠᠲᠤ ᠰᠡᠳᠬᠢᠯᠭᠡ᠂ ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠦᠢᠯᠡᠳᠦᠯᠭᠡᠵᠢᠭᠦᠯᠬᠦ ᠴᠢᠳᠠᠪᠤᠷᠢ ᠪᠣᠯᠣᠨ | ᠬᠠᠤᠯᠢ ᠪᠠᠷ ᠵᠠᠰᠠᠬᠤ ᠦᠵᠡᠯ ᠤᠬᠠᠮᠰᠠᠷ ᠢ ᠲᠠᠰᠤᠷᠠᠯᠲᠠ ᠦᠭᠡᠢ ᠴᠢᠩᠭᠠᠳᠬᠠᠵᠤ᠂ ᠲᠡᠳᠡᠨᠦᠰ ᠢ ᠦᠨᠡᠨᠬᠦ ᠶᠤᠰᠤ ᠮᠤᠷᠠᠯ | ᠤᠶᠤᠨ ᠤᠬᠠᠭᠠᠨ ᠪᠡᠶ᠎ᠡ ᠮᠠᠬᠠᠪᠤᠳ ᠭᠤᠸ᠎ᠠ ᠰᠠᠶᠢᠬᠠᠨ ᠪᠦᠬᠦ ᠲᠠᠯ᠎ᠠ ᠪᠠᠷ ᠬᠥᠭᠵᠢᠭᠰᠡᠨ ᠳᠤᠮᠳᠠᠳᠤ ᠤᠯᠤᠰ ᠤᠨ | ᠣᠨᠴᠠᠯᠢᠭ ᠪᠦᠬᠦᠢ ᠨᠡᠶᠢᠭᠡᠮ ᠵᠢᠷᠤᠮᠲᠤ ᠦᠢᠯᠡᠰ ᠤᠨ ᠬᠢᠷᠢ ᠲᠡᠩᠴᠡᠭᠰᠡᠨ ᠪᠦᠲᠦᠭᠡᠨ ᠪᠠᠶᠢᠭᠤᠯᠤᠭᠴᠢ ᠪᠠ | ᠨᠠᠶᠢᠳᠠᠪᠤᠷᠢᠲᠠᠢ ᠵᠠᠯᠭᠠᠮᠵᠢᠯᠠᠭᠴᠢ ᠪᠣᠯᠭᠠᠨ ᠬᠦᠮᠦᠵᠢᠭᠦᠯᠦᠨ᠎ᠡ᠃ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠣᠨᠣᠯ ᠤᠨ ᠰᠢᠰᠲ᠋ᠧᠮᠵᠢ ᠶᠢ ᠵᠢᠭᠠᠬᠤ ᠮᠠᠲ᠋ᠧᠷᠢᠶᠠᠯ ᠳᠤ ᠣᠷᠤᠭᠤᠯᠬᠤ᠂ ᠬᠢᠴᠢᠶᠡᠯ ᠤᠨ ᠲᠠᠩᠬᠢᠮ ᠳᠤ | ᠣᠷᠤᠭᠤᠯᠬᠤ᠂ ᠰᠤᠷᠤᠭᠴᠢᠳ ᠤᠨ ᠤᠶᠤᠨ ᠲᠠᠷᠢᠬᠢᠨ ᠳᠤ ᠣᠷᠤᠭᠤᠯᠬᠤ ︽ᠭᠤᠷᠪᠠᠨ ᠣᠷᠤᠭᠤᠯᠬᠤ ᠠᠵᠢᠯ︾ ᠢ | ᠶᠡᠬᠡᠪᠡᠷ ᠠᠬᠢᠭᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠪᠠᠶᠢᠷᠢᠯᠠᠭᠤᠯᠤᠯᠲᠠ ᠶᠢ | ᠰᠢᠯᠢᠳᠡᠭᠵᠢᠭᠦᠯᠦᠨ᠂ ᠬᠢᠴᠢᠶᠡᠯ ᠤᠨ ᠦᠵᠡᠯ ᠰᠠᠨᠠᠭᠠᠲᠤ ᠴᠢᠨᠠᠷ᠂ ᠴᠢᠭᠯᠡᠭᠦᠯᠦᠯᠲᠦ ᠴᠢᠨᠠᠷ ᠪᠣᠯᠣᠨ ᠨᠦᠯᠦᠭᠡᠯᠡᠬᠦ | ᠴᠢᠳᠠᠯ ᠢ ᠳᠡᠭᠡᠭᠰᠢᠯᠡᠭᠦᠯᠵᠦ᠂ ᠵᠠᠯᠠᠭᠤ ᠰᠤᠷᠤᠭᠴᠢᠳ ᠤᠨ ᠢᠷᠡᠭᠡᠳᠦᠢ ᠶᠢᠨ ᠵᠠᠮ ᠤᠨ ᠢᠲᠡᠭᠡᠯ᠂ ᠤᠨᠤᠯ ᠤᠨ ᠢᠲᠡᠭᠡᠯ᠂ | ᠳᠦᠷᠢᠮ ᠤᠨ ᠢᠲᠡᠭᠡᠯ ᠪᠣᠯᠣᠨ ᠰᠤᠶᠤᠯ ᠤᠨ ᠢᠲᠡᠭᠡᠯ ᠢ ᠦᠨᠡᠨᠬᠦ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ | ᠰᠤᠷᠭᠠᠭᠤᠯᠢ ᠶᠢᠨ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢ ᠮᠡᠳᠡᠭᠦᠯᠬᠦ ᠳᠦᠷᠢᠮ ᠢ ᠪᠦᠷᠢᠨᠰᠢᠭᠦᠯᠦᠨ | ᠲᠡᠭᠦᠯᠳᠡᠷᠵᠢᠭᠦᠯᠬᠦ ᠶᠢ ᠳᠡᠮᠵᠢᠵᠦ᠂ ᠡᠯ᠎ᠡ ᠱᠠᠲᠤᠨ ᠤ ᠨᠠᠮ ᠵᠠᠰᠠᠭ ᠤᠨ ᠤᠳᠤᠷᠢᠳᠬᠤ ᠺᠠᠳ᠋ᠷ᠂ ᠲᠡᠷᠢᠭᠦᠨ ᠤ ᠵᠢᠱᠢᠶᠡᠴᠢ | ᠬᠦᠮᠦᠰ᠂ ᠠᠬᠠᠮᠠᠳ ᠬᠤᠪᠢᠰᠬᠠᠯᠴᠢ᠂ ᠰᠢᠯᠢᠳᠡᠭ ᠡᠷᠳᠡᠮᠳᠡᠨ ᠮᠡᠷᠭᠡᠵᠢᠯᠲᠡᠨ᠂ ᠠᠮᠵᠢᠯᠲᠠ ᠤᠯᠤᠭᠰᠠᠳ ᠢ | ᠰᠤᠷᠭᠠᠭᠤᠯᠢ ᠳᠤ ᠤᠷᠢᠨ ᠴᠠᠭ ᠤᠨ ᠪᠠᠶᠢᠳᠠᠯ ᠲᠥᠷᠥ ᠶᠢᠨ ᠪᠣᠳᠣᠯᠭ᠎ᠠ ᠶᠢᠨ ᠬᠢᠴᠢᠶᠡᠯ ᠣᠷᠤᠭᠤᠯᠤᠨ᠎ᠠ᠃ ᠦᠪᠡᠷᠲᠡᠭᠡᠨ | ᠵᠠᠰᠠᠬᠤ ᠣᠷᠣᠨ ᠤ ᠦᠭᠡᠷᠡᠴᠢᠯᠡᠯᠲᠡ ᠬᠥᠭᠵᠢᠯᠲᠡ ᠶᠢᠨ ᠪᠤᠲᠠᠲᠠᠢ ᠲᠠᠢ ᠨᠢᠭᠲᠠ ᠤᠶᠠᠯᠳᠤᠭᠤᠯᠤᠨ᠂ ᠨᠠᠮ ᠤᠨ | ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢᠨ ᠤᠬᠠᠭᠤᠯᠤᠯ ᠬᠦᠮᠦᠵᠢᠯ ᠢ ᠶᠡᠬᠡᠪᠡᠷ ᠦᠷᠨᠢᠭᠦᠯᠵᠦ᠂ | ᠰᠤᠷᠤᠭᠴᠢᠳ ᠢ ᠬᠦᠲᠦᠯᠦᠨ ᠵᠢᠯᠤᠭᠤᠳᠴᠤ ᠪᠠᠶᠢᠭᠠᠳ ︽ᠬᠤᠶᠠᠷ ᠬᠠᠮᠲᠤᠪᠠᠷ︾ ᠤᠨ ᠭᠤᠣᠯ ᠰᠡᠳᠦᠪ ᠢ | ᠣᠨᠣᠪᠴᠢᠲᠠᠢ ᠡᠵᠡᠮᠰᠢᠭᠦᠯᠦᠨ᠂ ︽ᠭᠤᠷᠪᠠᠨ ᠰᠠᠯᠵᠤ ᠪᠤᠯᠤᠰᠢ ᠦᠭᠡᠢ︾ ᠦᠵᠡᠯ ᠰᠠᠨᠠᠭ᠎ᠠ ᠶᠢ ᠪᠠᠲᠤ ᠪᠠᠬᠢ ᠪᠣᠢ | ᠪᠣᠯᠭᠠᠵᠤ᠂ ︽ᠲᠠᠪᠤᠨ ᠵᠥᠪᠰᠢᠶᠡᠷᠡᠬᠦ︾ ᠶᠢ ᠲᠠᠰᠤᠷᠠᠯᠲᠠ ᠦᠭᠡᠢ ᠴᠢᠩᠭᠠᠷᠠᠭᠤᠯᠤᠨ᠂ ᠤᠯᠤᠰ ᠤᠨ ᠨᠢᠭᠡᠲᠦᠯ ᠪᠣᠯᠣᠨ | ᠦᠨᠳᠦᠰᠦᠲᠡᠨ ᠤ ᠪᠦᠯᠬᠦᠮᠳᠡᠯ ᠢ ᠤᠬᠠᠮᠰᠠᠷ ᠠᠴᠠ ᠪᠠᠨ ᠬᠠᠮᠠᠭᠠᠯᠠᠵᠤ᠂ ᠦᠪᠦᠷ ᠮᠣᠩᠭᠤᠯ ᠤᠨ ᠤᠶᠤᠲᠠᠳ ᠤᠨ ᠶᠤᠰᠤ | ᠮᠤᠷᠠᠯ ᠤᠨ ᠬᠦᠮᠦᠵᠢᠯ ᠤᠨ ᠦᠪᠡᠷᠮᠢᠴᠡ ᠣᠨᠴᠠᠯᠢᠭ ᠢ ᠪᠣᠢ ᠪᠣᠯᠭᠠᠨ᠎ᠠ᠃ | ︵ᠬᠤᠶᠠᠷ︶ ᠴᠢᠳᠠᠪᠤᠷᠢᠲᠠᠨ ᠬᠦᠮᠦᠵᠢᠭᠦᠯᠬᠦ ᠵᠠᠭᠪᠤᠷ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ | ᠳᠡᠭᠡᠳᠦ ᠵᠡᠷᠭᠡ ᠶᠢᠨ ᠰᠤᠷᠭᠠᠭᠤᠯᠢ ᠶᠢᠨ ᠡᠩ ᠤᠨ ᠳᠡᠭᠡᠳᠦ ᠵᠡᠷᠭᠡ ᠶᠢᠨ ᠰᠤᠷᠭᠠᠭᠤᠯᠢ ᠶᠢᠨ ᠵᠢᠩᠬᠢᠨᠢ ᠠᠩᠭᠢ ᠶᠢᠨ | ᠲᠤᠰᠬᠠᠢ ᠮᠡᠷᠭᠡᠵᠢᠯ ᠤᠨ ᠭᠠᠷᠴᠠᠭᠯᠠᠯ ᠪᠠ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠲᠤᠰᠬᠠᠢ ᠮᠡᠷᠭᠡᠵᠢᠯ ᠤᠨ | ᠳᠡᠭᠡᠳᠦ ᠰᠤᠷᠭᠠᠭᠤᠯᠢ ᠶᠢᠨ ᠰᠤᠷᠭᠠᠨ ᠬᠦᠮᠦᠵᠢᠯ ᠤᠨ ᠵᠢᠯᠤᠭᠤᠳᠬᠤ ᠴᠢᠨᠠᠷᠲᠠᠢ ᠲᠤᠰᠬᠠᠢ ᠮᠡᠷᠭᠡᠵᠢᠯ ᠤᠨ | ᠭᠠᠷᠴᠠᠭᠯᠠᠯ ᠤᠨ ᠳᠤᠲᠤᠷᠠᠬᠢ ᠪᠣᠢ ᠪᠦᠬᠦᠢ ᠲᠤᠰᠬᠠᠢ ᠮᠡᠷᠭᠡᠵᠢᠯ ︵ᠤᠯᠤᠰ ᠠᠴᠠ ᠡᠵᠡᠮᠰᠢᠵᠦ ᠪᠦᠬᠦᠢ ᠴᠡᠭ ᠤᠨ | ᠲᠤᠰᠬᠠᠢ ᠮᠡᠷᠭᠡᠵᠢᠯ ᠠᠴᠠ ᠪᠤᠰᠤᠳ︶ ᠢ ᠦᠪᠡᠰᠦᠪᠡᠨ ᠪᠠᠶᠢᠷᠢᠯᠠᠭᠤᠯᠬᠤ ᠶᠢ ᠳᠡᠮᠵᠢᠵᠦ᠂ ᠮᠡᠳᠡᠭᠡ ᠵᠠᠩᠭᠢ ᠶᠢᠨ | ᠰᠢᠨᠵᠢᠯᠡᠬᠦ ᠤᠬᠠᠭᠠᠨ᠂ ᠠᠮᠢ ᠨᠠᠰᠤᠨ ᠤ ᠰᠢᠨᠵᠢᠯᠡᠬᠦ ᠤᠬᠠᠭᠠᠨ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠤᠨ | ᠰᠢᠨᠵᠢᠯᠡᠬᠦ ᠤᠬᠠᠭᠠᠨ᠂ ᠰᠢᠨ᠎ᠡ ᠬᠡᠯᠪᠡᠷᠢ ᠶᠢᠨ ᠲᠤᠨᠤᠭ ᠲᠥᠭᠦᠭᠡᠷᠦᠮᠵᠢ ᠶᠢ ᠦᠢᠯᠡᠳᠬᠦ᠂ ᠰᠢᠨ᠎ᠡ ᠡᠮ ᠡᠮᠨᠡᠯᠭᠡ ᠶᠢᠨ | ᠰᠢᠨᠵᠢᠯᠡᠬᠦ ᠤᠬᠠᠭᠠᠨ᠂ ᠡᠬᠢ ᠪᠠᠶᠠᠯᠢᠭ ᠣᠷᠴᠢᠨ ᠲᠣᠭᠤᠷᠢᠨ ᠤ ᠰᠢᠨᠵᠢᠯᠡᠬᠦ ᠤᠬᠠᠭᠠᠨ ᠵᠡᠷᠭᠡ ᠳᠡᠭᠡᠳᠦ ᠰᠢᠨ᠎ᠡ | ᠮᠡᠷᠭᠡᠵᠢᠯ ᠤᠨ ᠲᠦᠷᠦᠯ ᠤᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠪᠣᠯᠣᠨ ᠢᠨᠲ᠋ᠧᠷ ᠰᠦᠯᠵᠢᠶ᠎ᠡ᠂ ᠪᠣᠬᠢᠷᠳᠤᠯ | ᠦᠭᠡᠢ ᠠᠵᠤ ᠠᠬᠤᠢ᠂ ᠳᠣᠣᠷ᠎ᠠ ᠨᠡᠭᠦᠷᠡᠰᠦᠳᠦ᠋ᠷᠦᠭᠴᠢᠲᠦ ᠠᠵᠤ ᠠᠬᠤᠢ᠂ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠮᠡᠷᠭᠡᠵᠢᠯ᠂ ᠠᠮᠢᠳᠤ ᠪᠤᠳᠠᠰ ᠤᠨ ᠡᠮ ᠡᠮᠨᠡᠯᠭᠡ ︵ᠮᠤᠩᠭᠤᠯ ᠬᠢᠲᠠᠳ ᠡᠮ ᠡᠮᠨᠡᠯᠭᠡ ᠪᠠᠭᠲᠠᠨ᠎ᠠ︶᠂ | ᠮᠦᠩᠭᠦᠨ ᠭᠦᠢᠯᠭᠡᠭᠡᠨ ᠪᠠ ᠬᠦᠷᠦᠩᠭᠡ ᠶᠢᠨ ᠠᠵᠢᠯᠯᠠᠭᠠᠨ᠂ ᠰᠤᠶᠤᠯ ᠵᠢᠭᠤᠯᠴᠢᠯᠠᠯ ᠤᠨ ᠠᠵᠤ ᠦᠢᠯᠡᠰ ᠤᠨ | ᠠᠭᠤᠰᠤᠯᠴᠠᠯ᠂ ᠡᠷᠡᠭᠦᠯᠵᠢᠯ ᠨᠠᠰᠤᠵᠢᠯ᠂ ᠪᠡᠶ᠎ᠡ ᠶᠢᠨ ᠲᠠᠮᠢᠷ ᠪᠡᠶ᠎ᠡ ᠴᠢᠬᠢᠷᠠᠭᠵᠢᠭᠤᠯᠤᠯᠲᠠ ᠵᠡᠷᠭᠡ ᠦᠪᠡᠷᠲᠡᠭᠡᠨ ᠵᠠᠰᠠᠬᠤ | ᠣᠷᠣᠨ ᠤ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ᠂ ᠳᠠᠪᠠᠭᠤᠯᠢᠭ | ᠣᠨᠴᠠᠯᠢᠭᠲᠤ ᠠᠵᠤ ᠦᠢᠯᠡᠰ ᠵᠢᠴᠢ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠯᠦᠭᠡ | ᠵᠣᠬᠢᠴᠠᠭᠰᠠᠨ ᠲᠤᠰᠬᠠᠢ ᠮᠡᠷᠭᠡᠵᠢᠯ ᠢ ᠤᠷᠢᠳᠠᠪᠠᠷ ᠬᠥᠭᠵᠢᠭᠦᠯᠬᠦ ᠶᠢ ᠵᠣᠷᠢᠬᠵᠢᠭᠤᠯᠵᠤ᠂ ᠲᠤᠰᠬᠠᠢ ᠮᠡᠷᠭᠡᠵᠢᠯ ᠤᠨ | ᠴᠡᠭ ᠢ ᠵᠣᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ᠵᠢᠩᠬᠢᠨᠢ ᠠᠩᠭᠢ ᠶᠢᠨ ᠳᠡᠭᠡᠳᠦ ᠰᠤᠷᠭᠠᠭᠤᠯᠢ ᠶᠢᠨ ᠦᠪᠡᠷᠲᠡᠭᠡᠨ | ᠵᠠᠰᠠᠬᠤ ᠣᠷᠣᠨ ᠤ ︽ᠰᠤᠷᠤᠯᠭ᠎ᠠ ᠶᠢᠨ ᠬᠤᠪᠢ ᠶᠢᠨ ᠳᠦᠷᠢᠮ︾ ᠤᠨ ᠲᠣᠷᠰᠢᠯᠲᠠ ᠶᠢᠨ ᠴᠢᠬ ᠤᠨ ᠲᠣᠷᠰᠢᠯᠭ᠎ᠠ ᠶᠢ | ᠬᠢᠨᠠᠮᠠᠭᠠᠢ ᠳ᠋ᠦ᠋ᠶᠢᠩᠨᠡᠵᠦ ᠲᠣᠯᠢᠳᠠᠭᠰᠠᠨ ᠰᠠᠭᠤᠷᠢᠨ ᠳᠡᠭᠡᠷ᠎ᠡ᠂ ᠲᠤᠰ ᠪᠡᠶ᠎ᠡ ᠶᠢᠨ ᠪᠤᠲᠠᠲᠠᠢ ᠲᠠᠢ ᠪᠠᠨ ᠤᠶᠠᠯᠳᠤᠭᠤᠯᠤᠨ | ᠰᠤᠷᠤᠯᠭ᠎ᠠ ᠶᠢᠨ ᠬᠤᠪᠢ ᠶᠢᠨ ᠳᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ | ᠬᠢᠴᠢᠶᠡᠯ᠂ ᠰᠤᠷᠤᠯᠴᠠᠬᠤ ᠠᠬᠢᠴᠠ ᠪᠠ ᠬᠢᠴᠢᠶᠡᠯᠯᠡᠬᠦ ᠪᠠᠭᠰᠢ ᠵᠡᠷᠭᠡ ᠪᠠᠨ ᠰᠤᠷᠤᠭᠴᠢᠳ ᠦᠪᠡᠰᠦᠪᠡᠨ ᠰᠤᠩᠭᠤᠬᠤ | ᠲᠣᠭᠲᠠᠴᠠ ᠶᠢ ᠠᠯᠬᠤᠮ ᠠᠯᠬᠤᠮ ᠢᠶᠠᠷ ᠪᠣᠢ ᠪᠣᠯᠭᠠᠵᠤ᠂ ᠰᠤᠷᠤᠯᠭ᠎ᠠ ᠶᠢᠨ ᠬᠤᠪᠢ ᠶᠢᠨ ᠳᠦᠷᠢᠮ ᠯᠦᠭᠡ ᠢᠵᠢ | ᠪᠦᠷᠢᠳᠦᠭᠦᠯᠦᠭᠰᠡᠨ ᠰᠤᠷᠤᠭᠴᠢ ᠶᠢᠨ ᠬᠠᠮᠢᠶᠠᠷᠤᠯᠲᠠ᠂ ᠰᠤᠷᠤᠯᠭ᠎ᠠ ᠶᠢᠨ ᠦᠨᠡᠯᠡᠯᠲᠡ᠂ ᠪᠠᠭᠰᠢ ᠶᠢᠨ ᠦᠨᠡᠯᠡᠯᠲᠡ ᠵᠡᠷᠭᠡ | ᠳᠦᠷᠢᠮ ᠤᠨ ᠰᠢᠰᠲ᠋ᠧᠮᠵᠢ ᠶᠢ ᠪᠠᠶᠢᠭᠤᠯᠤᠨ᠎ᠠ᠃ ᠬᠡᠰᠡᠭ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ | ᠰᠤᠷᠤᠯᠭ᠎ᠠ ᠶᠢᠨ ᠬᠤᠪᠢ ᠶᠢᠨ ᠳᠦᠷᠢᠮ ᠢ ᠠᠯᠬᠤᠮ ᠠᠯᠬᠤᠮ ᠢᠶᠠᠷ ᠶᠠᠪᠤᠭᠳᠠᠭᠤᠯᠬᠤ ᠶᠢ ᠳᠡᠮᠵᠢᠨ᠎ᠡ᠃ ᠳᠡᠭᠡᠳᠦ | ᠵᠡᠷᠭᠡ ᠶᠢᠨ ᠰᠤᠷᠭᠠᠭᠤᠯᠢ ᠶᠢᠨ ᠮᠤᠩᠭᠤᠯ ᠢᠶᠠᠷ ᠬᠢᠴᠢᠶᠡᠯᠯᠡᠬᠦ ᠲᠤᠰᠬᠠᠢ ᠮᠡᠷᠭᠡᠵᠢᠯ ᠤᠨ ᠬᠢᠴᠢᠶᠡᠯ ᠤᠨ ᠰᠢᠰᠲ᠋ᠧᠮᠵᠢ ᠶᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠶᠢ ᠳᠡᠮᠵᠢᠵᠦ᠂ ᠲᠤᠰᠬᠠᠢ ᠮᠡᠷᠭᠡᠵᠢᠯ ᠤᠨ ᠴᠢᠭᠯᠡᠯ ᠢ ᠰᠢᠨᠵᠢᠯᠡᠬᠦ | ᠤᠬᠠᠭᠠᠨᠴᠢ ᠪᠠᠷ ᠪᠠᠶᠢᠷᠢᠯᠠᠭᠤᠯᠤᠨ᠂ ᠮᠣᠩᠭᠤᠯ ᠢᠶᠠᠷ ᠬᠢᠴᠢᠶᠡᠯᠯᠡᠬᠦ ᠰᠤᠷᠤᠭᠴᠢᠳ ᠢ ᠬᠦᠮᠦᠵᠢᠭᠦᠯᠬᠦ ᠶᠢᠨ ᠣᠯᠠᠨ | ᠶᠠᠩᠵᠤᠴᠢᠯᠠᠭᠰᠠᠨ ᠵᠠᠭᠪᠤᠷ ᠢ ᠪᠠᠶᠢᠭᠤᠯᠤᠨ᠎ᠠ᠃ | ︵ᠭᠤᠷᠪᠠ︶ ᠠᠰᠫᠢᠷᠠᠨᠲ ᠤᠨ ᠰᠤᠷᠭᠠᠨ ᠬᠦᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠡᠭᠡᠳᠦ | ᠵᠡᠷᠭᠡ ᠶᠢᠨ ᠰᠤᠷᠭᠠᠭᠤᠯᠢ ᠶᠢᠨ ᠠᠰᠫᠢᠷᠠᠨᠲ ᠤᠨ ᠰᠤᠷᠭᠠᠨ ᠬᠦᠮᠦᠵᠢᠯ ᠤᠨ ᠬᠦᠮᠦᠵᠢᠭᠦᠯᠬᠦ ᠵᠠᠭᠪᠤᠷ ᠪᠣᠯᠣᠨ | ᠲᠣᠭᠲᠠᠴᠠ ᠶᠢᠨ ᠦᠭᠡᠷᠡᠴᠢᠯᠡᠯᠲᠡ ᠶᠢ ᠠᠬᠢᠭᠤᠯᠬᠤ ᠶᠢ ᠵᠣᠷᠢᠬᠵᠢᠭᠤᠯᠤᠨ ᠳᠡᠮᠵᠢᠵᠦ᠂ ᠰᠢᠨᠵᠢᠯᠡᠬᠦ ᠤᠬᠠᠭᠠᠨ ᠰᠤᠷᠭᠠᠨ | ᠬᠦᠮᠦᠵᠢᠯ ᠢ ᠤᠶᠠᠯᠳᠤᠭᠤᠯᠬᠤ ᠪᠠ ᠠᠵᠤ ᠦᠢᠯᠡᠰ ᠰᠤᠷᠭᠠᠨ ᠬᠦᠮᠦᠵᠢᠯ ᠢ ᠤᠶᠠᠯᠳᠤᠭᠤᠯᠬᠤ ᠶᠢ ᠪᠠᠷᠢᠮᠲᠠᠯᠠᠨ᠂ | ᠨᠡᠯᠢᠶᠡᠳ ᠰᠢᠨ᠎ᠡ ᠶᠢ ᠡᠭᠦᠳᠬᠦ ᠪᠠ ᠦᠢᠯᠡᠳᠦᠯᠭᠡᠵᠢᠭᠦᠯᠬᠦ ᠴᠢᠳᠠᠪᠤᠷᠢ ᠲᠠᠢ ᠳᠡᠭᠡᠳᠦ ᠳᠡᠰ ᠳᠠᠪᠬᠤᠷᠭ᠎ᠠ ᠶᠢᠨ | ᠬᠡᠷᠡᠭᠯᠡᠭᠡᠨ ᠤ ᠴᠢᠳᠠᠪᠤᠷᠢᠲᠠᠨ ᠢ ᠶᠡᠬᠡᠪᠡᠷ ᠬᠥᠮᠦᠵᠢᠭᠦᠯᠦᠨ᠎ᠡ᠃ ᠵᠢᠯᠤᠭᠤᠳᠬᠤ ᠪᠠᠭᠰᠢ ᠶᠢᠨ ᠡᠷᠳᠡᠮ ᠰᠢᠨᠵᠢᠯᠡᠭᠡᠨ ᠤ | ᠰᠤᠯᠢᠯᠴᠠᠭ᠎ᠠ᠂ ᠰᠤᠷᠪᠤᠯᠵᠢᠯᠠᠨ ᠰᠤᠷᠤᠯᠴᠠᠬᠤ ᠠᠵᠢᠯ ᠢ ᠦᠷᠨᠢᠭᠦᠯᠬᠦ ᠪᠠ ᠠᠵᠢᠯ ᠲᠦᠷᠦᠯ ᠠᠵᠤ ᠠᠬᠤᠶᠢᠯᠠᠯ ᠤᠨ | ᠦᠢᠯᠡᠳᠦᠯᠭᠡ ᠳᠤ ᠣᠷᠤᠯᠴᠠᠬᠤ ᠶᠢ ᠵᠣᠷᠢᠬᠵᠢᠭᠤᠯᠤᠨ ᠳᠡᠮᠵᠢᠵᠦ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ | ᠤᠬᠠᠭᠠᠨ ᠰᠤᠳᠤᠯᠭᠠᠨ ᠤ ᠬᠦᠷᠢᠶᠡᠯᠡᠩ ᠭᠠᠵᠠᠷ ᠪᠠ ᠠᠵᠤ ᠠᠬᠤᠶᠢᠯᠠᠯ ᠤᠨ ᠬᠤᠭᠤᠷᠤᠨᠲᠤ ᠪᠠᠨ ᠴᠢᠳᠠᠪᠤᠷᠢᠲᠠᠨ ᠤ | ᠰᠤᠯᠢᠯᠴᠠᠭ᠎ᠠ ᠬᠢᠬᠦ ᠪᠠ ᠬᠠᠮᠲᠤᠪᠠᠷ ᠬᠦᠷᠲᠡᠬᠦ ᠶᠢ ᠴᠢᠩᠭᠠᠳᠬᠠᠵᠤ᠂ ᠲᠤᠰᠬᠠᠢ ᠪᠠ ᠲᠤᠰᠢᠶᠠᠯ ᠬᠠᠪᠰᠤᠷᠭᠠᠬᠤ ᠶᠢ | ᠤᠶᠠᠯᠳᠤᠭᠤᠯᠤᠭᠰᠠᠨ ᠵᠢᠯᠤᠭᠤᠳᠬᠤ ᠪᠠᠭᠰᠢ ᠶᠢᠨ ᠡᠩᠨᠡᠭᠡ ᠶᠢ ᠪᠠᠶᠢᠭᠤᠯᠤᠨ᠂ ᠰᠤᠷᠭᠠᠭᠤᠯᠢ ᠪᠣᠯᠣᠨ ᠰᠤᠳᠤᠯᠭᠠᠨ ᠤ | ᠭᠠᠵᠠᠷ᠂ ᠰᠤᠷᠭᠠᠭᠤᠯᠢ ᠪᠣᠯᠣᠨ ᠠᠵᠤ ᠠᠬᠤᠶᠢᠯᠠᠯ ᠤᠨ ᠬᠤᠣᠰ ᠵᠢᠯᠤᠭᠤᠳᠬᠤ ᠪᠠᠭᠰᠢ ᠶᠢᠨ ᠳᠦᠷᠢᠮ ᠢ | ᠲᠡᠭᠦᠯᠳᠡᠷᠵᠢᠭᠦᠯᠵᠦ᠂ ᠵᠢᠯᠤᠭᠤᠳᠬᠤ ᠪᠠᠭᠰᠢ ᠶᠢᠨ ᠡᠩᠨᠡᠭᠡ ᠶᠢᠨ ᠪᠦᠬᠦᠯᠢ ᠴᠤᠭᠴᠠ ᠶᠢᠨ ᠬᠢᠷᠢ ᠬᠡᠮᠵᠢᠶ᠎ᠡ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ ᠠᠰᠫᠢᠷᠠᠨᠲ ᠤᠨ ᠬᠢᠴᠢᠶᠡᠯ ᠬᠦᠮᠦᠵᠢᠯ ᠤᠨ ᠪᠠᠶᠢᠭᠤᠯᠤᠯᠲᠠ ᠶᠢ ᠴᠢᠩᠭᠠᠳᠬᠠᠵᠤ᠂ | ᠨᠢᠭᠡ ᠪᠦᠯᠦᠭ ᠠᠰᠫᠢᠷᠠᠨᠲ ᠤᠨ ᠬᠤᠯᠪᠣᠭᠠᠯᠠᠨ ᠬᠦᠮᠦᠵᠢᠭᠦᠯᠬᠦ ᠰᠠᠭᠤᠷᠢᠨ ᠭᠠᠵᠠᠷ ᠢ ᠪᠠᠶᠢᠭᠤᠯᠬᠤ ᠶᠢ ᠳᠡᠮᠵᠢᠨ᠎ᠡ᠃ | ᠠᠰᠫᠢᠷᠠᠨᠲ ᠤᠨ ᠡᠷᠳᠡᠮ ᠰᠢᠨᠵᠢᠯᠡᠭᠡᠨ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠠᠵᠢᠯᠯᠠᠭ᠎ᠠ ᠦᠷᠨᠢᠭᠦᠯᠬᠦ ᠶᠢ | ᠵᠣᠷᠢᠬᠵᠢᠭᠤᠯᠤᠨ ᠳᠡᠮᠵᠢᠨ᠎ᠡ᠃ ᠠᠰᠫᠢᠷᠠᠨᠲ ᠤᠨ ᠰᠤᠷᠭᠠᠨ ᠬᠦᠮᠦᠵᠢᠯ ᠤᠨ ᠶᠠᠰᠤ ᠴᠢᠨᠠᠷ ᠤᠨ ᠬᠢᠨᠠᠯᠲᠠ ᠲᠠᠯᠪᠢᠯᠲᠠ | ᠪᠠ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠳ᠋ᠣᠺᠲ᠋ᠣᠷ᠂ ᠮᠠᠭᠢᠰᠲ᠋ᠧᠷ ᠤᠨ | ᠡᠷᠳᠡᠮ ᠤᠨ ᠴᠣᠯᠠ ᠶᠢᠨ ᠡᠷᠬᠡ ᠣᠯᠭᠤᠬᠤ ᠴᠡᠭ ᠤᠨ ᠬᠢᠷᠢ ᠲᠡᠩᠴᠡᠬᠦ ᠶᠢ ᠦᠨᠡᠯᠡᠨ ᠵᠢᠱᠢᠬᠦ ᠪᠠ ᠲᠤᠰᠬᠠᠶᠢᠯᠠᠨ | ᠦᠨᠡᠯᠡᠨ ᠵᠢᠱᠢᠬᠦ ᠠᠵᠢᠯ ᠢ ᠦᠷᠨᠢᠭᠦᠯᠦᠨ᠂ ᠳ᠋ᠣᠺᠲ᠋ᠣᠷ᠂ ᠮᠠᠭᠢᠰᠲ᠋ᠧᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ | ᠴᠡᠭ ᠢ ᠬᠦᠳᠡᠯᠦᠩᠭᠦᠢ ᠪᠠᠷ ᠲᠣᠬᠢᠷᠠᠭᠤᠯᠬᠤ ᠪᠠ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ ᠬᠡᠷᠡᠭᠵᠢᠭᠦᠯᠦᠨ᠎ᠡ᠃ | ᠮᠠᠭᠢᠰᠲ᠋ᠧᠷ ᠤᠨ ᠡᠷᠳᠡᠮ ᠤᠨ ᠴᠣᠯᠠ ᠬᠠᠮᠠᠭᠠᠯᠠᠬᠤ ᠦᠭᠦᠯᠡᠯ ᠤᠨ ᠰᠤᠭᠤᠴᠠᠨ ᠪᠠᠶᠢᠴᠠᠭᠠᠬᠤ ᠳᠦᠷᠢᠮ ᠢ | ᠬᠡᠷᠡᠭᠵᠢᠭᠦᠯᠵᠦ᠂ ᠦᠪᠡᠷᠲᠡᠭᠡᠨ ᠵᠠᠰᠬᠠᠤ ᠣᠷᠣᠨ ᠤ ᠰᠢᠯᠢᠳᠡᠭ ᠳ᠋ᠣᠺᠲ᠋ᠣᠷ᠂ ᠮᠠᠭᠢᠰᠲ᠋ᠧᠷ ᠤᠨ ᠡᠷᠳᠡᠮ ᠤᠨ ᠴᠣᠯᠠ | ᠬᠠᠮᠠᠭᠠᠯᠠᠬᠤ ᠦᠭᠦᠯᠡᠯ ᠢ ᠰᠤᠩᠭᠤᠨ ᠰᠢᠯᠭᠠᠷᠠᠭᠤᠯᠤᠨ᠎ᠠ᠃ | ︵ᠳᠥᠷᠪᠡ︶ ᠵᠢᠩᠭᠢᠨᠢ ᠠᠩᠭᠢ ᠶᠢᠨ ᠵᠢᠭᠠᠨ ᠰᠤᠷᠭᠠᠯᠲᠠ ᠶᠢᠨ ᠬᠢᠨᠠᠨ ᠬᠠᠷᠭᠤᠭᠤᠯᠵᠤ ᠦᠨᠡᠯᠡᠨ ᠵᠢᠱᠢᠬᠦ | ᠠᠵᠢᠯ ᠢ ᠯᠠᠪᠳᠠᠭᠤᠨ ᠪᠠᠲᠤᠲᠠᠢ ᠪᠠᠷ ᠠᠬᠢᠭᠤᠯᠤᠨ᠎ᠠ᠃ ᠬᠡᠰᠡᠭ ᠳᠡᠭᠡᠳᠦ ᠰᠤᠷᠭᠠᠭᠤᠯᠢ ᠶᠢᠨ ᠵᠢᠩᠬᠢᠨᠢ ᠠᠩᠭᠢ ᠶᠢᠨ | ᠵᠢᠭᠠᠨ ᠰᠤᠷᠭᠠᠯᠲᠠ ᠶᠢᠨ ᠬᠢᠨᠠᠨ ᠬᠠᠷᠭᠤᠭᠤᠯᠵᠤ ᠦᠨᠡᠯᠡᠨ ᠵᠢᠱᠢᠬᠦ ᠠᠵᠢᠯ ᠢ ᠰᠠᠶᠢᠲᠤᠷ ᠬᠢᠬᠦ ᠶᠢ ᠳᠡᠮᠵᠢᠨ᠎ᠡ᠃ | ᠦᠨᠡᠯᠡᠨ ᠵᠢᠱᠢᠬᠦ ᠪᠠᠷ ᠠᠨᠢᠰᠤ ᠪᠣᠯᠭᠠᠨ᠂ ︽ᠳᠦᠷᠪᠡᠨ ᠬᠡᠮᠵᠢᠶ᠎ᠡ︾ ᠶᠢᠨ ᠭᠤᠣᠯ ᠱᠤᠭᠤᠮ ᠤᠨ ᠲᠣᠭᠤᠷᠢᠨ ᠳᠤ | ᠰᠤᠷᠭᠠᠭᠤᠯᠢ ᠡᠷᠬᠢᠯᠡᠬᠦ ᠶᠢᠨ ᠪᠠᠶᠢᠷᠢ ᠲᠣᠭᠲᠠᠭᠠᠯᠲᠠ ᠬᠢᠭᠡᠳ ᠴᠢᠳᠠᠪᠤᠷᠢᠲᠠᠨ ᠬᠦᠮᠦᠵᠢᠭᠦᠯᠬᠦ ᠬᠠᠷᠠᠯᠲᠠ ᠪᠠᠨ ᠤᠯᠠᠮ | ᠨᠢᠭᠡ ᠠᠯᠬᠤᠮ ᠲᠣᠬᠢᠷᠠᠭᠤᠯᠤᠨ ᠲᠤᠳᠤᠷᠬᠠᠶᠢᠯᠠᠵᠤ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ | ᠵᠢᠭᠠᠨ ᠰᠤᠷᠭᠠᠯᠲᠠ ᠶᠢᠨ ᠡᠬᠢ ᠪᠠᠶᠠᠯᠢᠭ ᠤᠨ ᠪᠠᠶᠢᠳᠠᠯ ᠢ ᠰᠠᠶᠢᠵᠢᠷᠠᠭᠤᠯᠵᠤ᠂ ᠰᠤᠷᠭᠠᠨ ᠬᠦᠮᠦᠵᠢᠯ ᠵᠢᠭᠠᠨ | ᠰᠤᠷᠭᠠᠯᠲᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠰᠤᠷᠤᠭᠴᠢᠳ ᠤᠨ ᠪᠦᠬᠦ ᠲᠠᠯ᠎ᠠ ᠪᠠᠷ ᠬᠥᠭᠵᠢᠬᠦ ᠶᠢ | ᠠᠬᠢᠭᠤᠯᠵᠤ᠂ ᠵᠢᠭᠠᠨ ᠰᠤᠷᠭᠠᠯᠲᠠ ᠶᠢᠨ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠂ ᠰᠤᠷᠭᠠᠭᠤᠯᠢ ᠡᠷᠬᠢᠯᠡᠬᠦ ᠶᠢᠨ ᠪᠠᠶᠢᠷᠢ ᠲᠣᠭᠲᠠᠭᠠᠯᠲᠠ ᠪᠠ ᠴᠢᠳᠠᠪᠤᠷᠢᠲᠠᠨ ᠬᠦᠮᠦᠵᠢᠭᠦᠯᠬᠦ | ᠬᠠᠷᠠᠯᠲᠠ ᠶᠢᠨ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠯᠤᠭ᠎ᠠ ᠵᠣᠬᠢᠴᠠᠬᠤ ᠬᠡᠮᠵᠢᠶ᠎ᠡ᠂ ᠪᠠᠭᠰᠢ ᠪᠠ ᠵᠢᠭᠠᠨ | ᠰᠤᠷᠭᠠᠯᠲᠠ ᠶᠢᠨ ᠡᠬᠢ ᠪᠠᠶᠠᠯᠢᠭ ᠨᠢ ᠰᠤᠷᠭᠠᠭᠤᠯᠢ ᠶᠢᠨ ᠴᠢᠳᠠᠪᠤᠷᠢᠲᠠᠨ ᠬᠦᠮᠦᠵᠢᠭᠦᠯᠬᠦ ᠳᠤ ᠪᠠᠲᠤᠯᠠᠭ᠎ᠠ ᠦᠵᠡᠭᠦᠯᠬᠦ | ᠬᠡᠮᠵᠢᠶ᠎ᠡ᠂ ᠰᠤᠷᠤᠭᠴᠢ ᠪᠠ ᠨᠡᠶᠢᠭᠡᠮ ᠤᠨ ᠬᠦᠮᠦᠨ ᠬᠡᠷᠡᠭᠯᠡᠬᠦ ᠨᠢᠭᠡᠴᠡ ᠶᠢᠨ ᠰᠡᠳᠬᠢᠯ ᠬᠠᠨᠤᠮᠵᠢᠲᠠᠢ ᠪᠠᠶᠢᠬᠤ ᠬᠡᠮᠵᠢᠶ᠎ᠡ᠂ | ᠵᠢᠭᠠᠨ ᠰᠤᠷᠭᠠᠯᠲᠠ ᠪᠠ ᠶᠠᠰᠤ ᠴᠢᠨᠠᠷ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠠᠵᠢᠯᠯᠠᠭᠠᠨ ᠤ ᠦᠷ᠎ᠡ ᠪᠦᠲᠦᠮᠵᠢᠲᠦ | ᠬᠡᠮᠵᠢᠶ᠎ᠡ ᠶᠢ ᠦᠨᠡᠨᠬᠦ ᠳᠡᠭᠡᠭᠰᠢᠯᠡᠭᠦᠯᠵᠦ᠂ ᠴᠢᠳᠠᠪᠤᠷᠢᠲᠠᠨ ᠬᠦᠮᠦᠵᠢᠭᠦᠯᠬᠦ ᠶᠠᠰᠤ ᠴᠢᠨᠠᠷ ᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︵ᠲᠠᠪᠤ︶ ᠰᠢᠨ᠎ᠡ ᠶᠢ ᠡᠭᠦᠳᠴᠦ ᠠᠳᠠᠯ ᠦᠢᠯᠡᠰ ᠴᠤᠭᠴᠠᠯᠠᠬᠤ ᠰᠤᠷᠭᠠᠨ ᠬᠦᠮᠦᠵᠢᠯ ᠤᠨ ᠰᠢᠰᠲ᠋ᠧᠮᠵᠢ ᠶᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠤᠭᠴᠢ ᠡᠯᠰᠡᠬᠦ᠂ | ᠬᠦᠮᠦᠵᠢᠭᠦᠯᠬᠦ ᠪᠠ ᠠᠵᠢᠯ ᠣᠯᠭᠤᠵᠣ ᠠᠳᠠᠯ ᠦᠢᠯᠡᠰ ᠴᠤᠭᠴᠠᠯᠠᠬᠤ ᠶᠢᠨ ᠬᠤᠯᠪᠣᠭᠠᠯᠠᠨ ᠬᠦᠳᠡᠯᠦᠯᠴᠡᠬᠦ | ᠲᠣᠭᠲᠠᠴᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠲᠥᠷᠦᠯ ᠢᠯᠭᠠᠯ | ᠶᠤᠰᠤᠭᠠᠷ ᠰᠤᠷᠤᠭᠴᠢ ᠡᠯᠰᠡᠬᠦ ᠪᠠ ᠬᠦᠮᠦᠵᠢᠭᠦᠯᠬᠦ ᠶᠢ ᠵᠣᠷᠢᠬᠵᠢᠭᠤᠯᠤᠨ᠂ ᠬᠡᠷᠡᠭᠴᠡᠭᠡ ᠱᠠᠭᠠᠷᠳᠠᠯᠭ᠎ᠠ ᠪᠠᠷ | ᠤᠳᠤᠷᠢᠳᠤᠮᠵᠢ ᠪᠣᠯᠭᠠᠭᠰᠠᠨ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠦᠲᠦᠴᠡ ᠶᠢ ᠪᠠᠶᠢᠭᠤᠯᠤᠨ᠎ᠠ᠃ | ᠰᠢᠨ᠎ᠡ ᠶᠢ ᠡᠭᠦᠳᠬᠦ ᠵᠣᠷᠢᠭ ᠰᠠᠨᠠᠭ᠎ᠠ᠂ ᠰᠢᠨ᠎ᠡ ᠶᠢ ᠡᠭᠦᠳᠬᠦ ᠦᠵᠡᠯ ᠤᠬᠠᠮᠰᠠᠷ ᠪᠠ ᠰᠢᠨ᠎ᠡ ᠶᠢ ᠡᠭᠦᠳᠦᠨ ᠠᠳᠠᠯ | ᠦᠢᠯᠡᠰ ᠴᠤᠭᠴᠠᠯᠠᠬᠤ ᠴᠢᠳᠠᠪᠤᠷᠢ ᠶᠢ ᠬᠦᠮᠦᠵᠢᠭᠦᠯᠬᠦ ᠶᠢ ᠠᠭᠤᠰᠤᠯᠴᠠᠭᠤᠯᠤᠭᠰᠠᠨ ᠰᠢᠨ᠎ᠡ ᠴᠢᠳᠠᠪᠤᠷᠢᠲᠠᠨ | ᠬᠦᠮᠦᠵᠢᠭᠦᠯᠬᠦ ᠲᠦᠰᠦᠯ ᠢ ᠲᠣᠭᠲᠠᠭᠠᠨ ᠲᠡᠭᠦᠯᠳᠡᠷᠵᠢᠭᠦᠯᠵᠦ᠂ ᠳᠡᠰ ᠳᠠᠷᠠᠭᠠᠯᠠᠯ ᠢᠶᠠᠷ ᠢᠶᠠᠨ ᠳᠠᠪᠰᠢᠨ ᠠᠬᠢᠵᠤ᠂ | ᠤᠷᠭᠠᠨᠢᠭ ᠢᠶᠠᠷ ᠵᠤᠯᠭᠠᠭᠤᠯᠤᠭᠰᠠᠨ᠂ ᠰᠢᠨᠵᠢᠯᠡᠬᠦ ᠤᠬᠠᠭᠠᠨᠴᠢ ᠪᠦᠭᠡᠳ ᠵᠦᠢ ᠵᠣᠬᠢᠰᠲᠠᠢ ᠪᠠᠷ ᠰᠢᠨ᠎ᠡ ᠶᠢ ᠡᠭᠦᠳᠴᠦ | ᠠᠳᠠᠯ ᠦᠢᠯᠡᠰ ᠴᠤᠭᠴᠠᠯᠠᠬᠤ ᠰᠤᠷᠭᠠᠨ ᠬᠦᠮᠦᠵᠢᠯ ᠤᠨ ᠲᠤᠰᠬᠠᠢ ᠬᠢᠴᠢᠶᠡᠯ ᠤᠨ ᠰᠦᠷᠦᠭᠵᠢᠯ ᠢ ᠪᠠᠶᠢᠭᠤᠯᠤᠨ᠂ | ᠠᠵᠢᠯ ᠣᠯᠭᠤᠵᠣ ᠠᠳᠠᠯ ᠦᠢᠯᠡᠰ ᠴᠤᠭᠴᠠᠯᠠᠬᠤ ᠪᠠᠷ ᠤᠳᠤᠷᠢᠳᠤᠮᠵᠢ ᠪᠣᠯᠭᠠᠭᠰᠠᠨ ᠴᠢᠳᠠᠪᠤᠷᠢᠲᠠᠨ ᠬᠦᠮᠦᠵᠢᠭᠦᠯᠬᠦ | ᠵᠠᠭᠪᠤᠷ ᠢ ᠪᠣᠢ ᠪᠣᠯᠭᠠᠵᠤ᠂ ᠴᠢᠳᠠᠪᠤᠷᠢᠲᠠᠨ ᠬᠦᠮᠦᠵᠢᠭᠦᠯᠬᠦ ᠶᠢ ᠦᠪᠡᠷᠲᠡᠭᠡᠨ ᠵᠠᠰᠠᠬᠤ ᠣᠷᠣᠨ ᠤ ᠠᠵᠤ ᠠᠬᠤᠢ | ᠨᠡᠶᠢᠭᠡᠮ ᠤᠨ ᠬᠥᠭᠵᠢᠯᠲᠡ᠂ ᠠᠳᠠᠯ ᠦᠢᠯᠡᠰ ᠴᠤᠭᠴᠠᠯᠠᠵᠤ ᠠᠵᠢᠯ ᠣᠯᠭᠤᠬᠤ ᠬᠡᠷᠡᠭᠴᠡᠭᠡ ᠱᠠᠭᠠᠷᠳᠠᠯᠭ᠎ᠠ ᠯᠤᠭ᠎ᠠ | ᠨᠢᠭᠲᠠ ᠵᠠᠯᠭᠠᠯᠳᠤᠭᠤᠯᠬᠤ ᠶᠢ ᠠᠬᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠨᠢᠭᠡ ᠪᠦᠯᠦᠭ | ᠤᠶᠤᠲᠠᠳ ᠤᠨ ᠰᠤᠷᠭᠠᠭᠤᠯᠢ ᠶᠢᠨ ᠭᠠᠳᠠᠨ᠎ᠠ ᠦᠢᠯᠡᠳᠦᠯᠭᠡᠵᠢᠬᠦ ᠰᠤᠷᠭᠠᠨ ᠬᠦᠮᠦᠵᠢᠯ ᠤᠨ ᠰᠠᠭᠤᠷᠢᠨ ᠭᠠᠵᠠᠷ᠂ ᠠᠳᠠᠯ | ᠦᠢᠯᠡᠰ ᠴᠤᠭᠴᠠᠯᠠᠬᠤ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠠᠳᠠᠯ | ᠦᠢᠯᠡᠰ ᠴᠤᠭᠴᠠᠯᠠᠬᠤ ᠶᠢᠨ ᠳᠠᠳᠤᠯᠭ᠎ᠠ ᠬᠢᠬᠦ ᠰᠠᠭᠤᠷᠢᠨ ᠭᠠᠵᠠᠷ᠂ ᠵᠠᠯᠠᠭᠤᠴᠤᠳ ᠤᠨ ᠠᠵᠢᠯ ᠣᠯᠵᠤ ᠠᠳᠠᠯ ᠦᠢᠯᠡᠰ | ᠴᠤᠭᠴᠠᠯᠠᠬᠤ ᠳᠠᠳᠤᠯᠭ᠎ᠠ ᠶᠢᠨ ᠰᠠᠭᠤᠷᠢᠨ ᠭᠠᠵᠠᠷ ᠵᠡᠷᠭᠡ ᠶᠢ ᠪᠠᠶᠢᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ᠃ | ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠢ ᠪᠣᠯᠪᠠᠰᠤᠷᠠᠭᠤᠯᠤᠯ ᠤᠨ ᠲᠦᠯᠦᠪᠯᠡᠭᠡ ᠶᠢ ᠦᠪᠡᠰᠦᠪᠡᠨ | ᠨᠠᠶᠢᠷᠠᠭᠤᠯᠤᠨ ᠵᠣᠬᠢᠶᠠᠬᠤ ᠪᠤᠶᠤ ᠨᠦᠬᠦᠴᠡᠯ ᠲᠠᠢ ᠰᠤᠷᠭᠠᠨ ᠬᠦᠮᠦᠵᠢᠯ ᠤᠨ ᠪᠣᠯᠪᠠᠰᠤᠷᠠᠭᠤᠯᠤᠯ ᠤᠨ ᠪᠠᠶᠢᠭᠤᠯᠤᠮᠵᠢ᠂ | ᠠᠵᠢᠯ ᠲᠦᠷᠦᠯ ᠤᠨ ᠨᠡᠶᠢᠭᠡᠮᠯᠢᠭ᠂ ᠣᠯᠠᠨ ᠲᠦᠮᠡᠨᠴᠢ ᠪᠦᠯᠭᠦᠮ ᠤᠨ ᠵᠣᠬᠢᠶᠠᠨ ᠪᠠᠶᠢᠭᠤᠯᠤᠯᠲᠠ᠂ ᠠᠵᠤ | ᠠᠬᠤᠶᠢᠯᠠᠯ ᠯᠤᠭ᠎ᠠ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠲᠦᠷᠦᠯ ᠵᠦᠢᠯ ᠢ ᠬᠤᠯᠪᠣᠭᠠᠯᠠᠨ ᠨᠡᠭᠡᠭᠡᠨ | ᠬᠥᠭᠵᠢᠭᠦᠯᠬᠦ ᠶᠢ ᠵᠣᠷᠢᠬᠵᠢᠭᠤᠯᠤᠨ᠎ᠠ᠃ ᠲᠤᠮᠤ ᠠᠵᠤ ᠠᠬᠤᠶᠢᠯᠠᠯ ᠤᠨ ᠲᠦᠭ ᠲᠦᠮᠡᠨ ᠢᠶᠠᠷ ᠢᠶᠠᠨ ᠠᠳᠠᠯ ᠦᠢᠯᠡᠰ | ᠴᠤᠭᠴᠠᠯᠠᠬᠤ ᠳᠤ ᠦᠢᠯᠡᠴᠢᠯᠡᠬᠦ ᠨᠡᠭᠡᠭᠡᠯᠲᠡᠲᠦ ᠰᠢᠨ᠎ᠡ ᠶᠢ ᠡᠭᠦᠳᠬᠦ ᠲᠡᠪᠴᠡᠩ ᠢ ᠪᠠᠶᠢᠭᠤᠯᠬᠤ ᠶᠢ ᠵᠣᠷᠢᠬᠵᠢᠭᠤᠯᠵᠤ᠂ | ᠨᠡᠶᠢᠭᠡᠮ ᠤᠨ ᠬᠦᠴᠦᠨ ᠴᠢᠳᠠᠯ ᠤᠨ ᠬᠢᠨ ᠤ ᠠᠳᠠᠯ ᠦᠢᠯᠡᠰ ᠴᠤᠭᠴᠠᠯᠠᠬᠤ ᠰᠠᠯᠤᠨ᠂ ᠠᠳᠠᠯ ᠦᠢᠯᠡᠰ ᠴᠤᠭᠴᠠᠯᠠᠬᠤ | ᠶᠠᠷᠢᠶᠠᠨ ᠤ ᠲᠠᠩᠬᠢᠮ᠂ ᠠᠳᠠᠯ ᠦᠢᠯᠡᠰ ᠴᠤᠭᠴᠠᠯᠠᠬᠤ ᠪᠣᠯᠪᠠᠰᠤᠷᠠᠭᠤᠯᠤᠯ ᠤᠨ ᠭᠠᠵᠠᠷ ᠵᠡᠷᠭᠡ ᠠᠳᠠᠯ ᠦᠢᠯᠡᠰ | ᠴᠤᠭᠴᠠᠯᠠᠬᠤ ᠪᠣᠯᠪᠠᠰᠤᠷᠠᠭᠤᠯᠤᠯ ᠤᠨ ᠠᠵᠢᠯᠯᠠᠭ᠎ᠠ ᠡᠷᠬᠢᠯᠡᠬᠦ ᠶᠢ ᠳᠡᠮᠵᠢᠨ᠎ᠡ᠃ | ᠬᠤᠶᠠᠷ᠂ ︽ᠬᠤᠣᠰ ᠲᠡᠷᠢᠭᠦᠨ ᠤ ᠳᠡᠰ︾ ᠤᠨ ᠪᠦᠲᠦᠭᠡᠨ ᠪᠠᠶᠢᠭᠤᠯᠤᠯᠲᠠ ᠶᠢ ᠴᠢᠩᠭᠠᠷᠠᠭᠤᠯᠵᠤ᠂ | ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ | ︵ᠨᠢᠭᠡ︶ ︽ᠬᠤᠣᠰ ᠲᠡᠷᠢᠭᠦᠨ ᠤ ᠳᠡᠰ︾ ᠢ ᠪᠦᠲᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠤᠨ᠎ᠠ᠃ | ᠳᠡᠯᠡᠬᠡᠢ ᠶᠢᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠪᠣᠯᠣᠨ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠢ | ᠪᠦᠲᠦᠭᠡᠨ ᠪᠠᠶᠢᠭᠤᠯᠬᠤ ᠲᠣᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ | ᠶᠡᠭᠡ ᠪᠠᠶᠢᠯᠳᠤᠬᠤ ᠪᠣᠳᠤᠯᠭ᠎ᠠ ᠶᠢᠨ ᠰᠢᠢᠳᠪᠦᠷᠢᠲᠦ ᠪᠣᠳᠣᠯᠭ᠎ᠠ ᠪᠠ ᠤᠯᠤᠰ ᠤᠨ ᠳᠤᠲᠤᠭᠠᠲᠤ ᠪᠣᠯᠣᠨ ᠳᠡᠯᠡᠬᠡᠢ ᠶᠢᠨ | ᠲᠡᠷᠢᠭᠦᠨ ᠤ ᠳᠡᠰ ᠤᠨ ᠶᠡᠭᠡ ᠰᠤᠷᠭᠠᠭᠤᠯᠢ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠪᠦᠲᠦᠭᠡᠨ | ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠬᠤ ᠲᠣᠬᠠᠢ ᠦᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠶᠡᠷᠦᠩᠬᠡᠢ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠤᠷᠭᠠᠨ ᠬᠦᠮᠦᠵᠢᠯ ᠤᠨ ᠶᠠᠮᠦᠨ᠂ ᠡᠳ᠋ ᠤᠨ ᠵᠠᠰᠠᠭ ᠤᠨ ᠶᠠᠮᠤᠨ᠂ ᠤᠯᠤᠰ ᠤᠨ ᠬᠥᠭᠵᠢᠭᠦᠯᠦᠯᠲᠡ | ᠦᠭᠡᠷᠡᠴᠢᠯᠡᠯᠲᠡ ᠶᠢᠨ ᠵᠦᠪᠯᠡᠯ ᠤᠨ ︽ᠳᠡᠯᠡᠬᠡᠢ ᠶᠢᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠪᠣᠯᠣᠨ ᠲᠡᠷᠢᠭᠦᠨ ᠤ | ᠳᠡᠰ ᠤᠨ ᠬᠢᠴᠢᠶᠡᠯ ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ ᠠᠬᠢᠭᠤᠯᠬᠤ ᠶᠢᠨ | ᠬᠡᠷᠡᠭᠵᠢᠭᠦᠯᠬᠦ ᠠᠷᠭ᠎ᠠ ︵ᠲᠦᠷ ᠬᠡᠷᠡᠭᠵᠢᠭᠦᠯᠬᠦ︶︾ ︵ᠰᠤᠷᠭᠠᠨ ᠰᠤᠳᠤᠯᠭᠠᠨ ﹇2017﹈ 2 ᠳ᠋ᠤᠭᠠᠷ ᠲᠣᠭᠠᠲᠤ︶ | ᠶᠢ ᠬᠢᠨᠠᠮᠠᠭᠠᠢ ᠬᠡᠷᠡᠭᠵᠢᠭᠦᠯᠦᠨ᠂ ᠰᠤᠷᠭᠠᠭᠤᠯᠢ ᠶᠢᠨ ᠬᠢᠨ ᠤ ᠤᠯᠤᠰ ᠤᠨ ᠲᠡᠷᠢᠭᠦᠨ ᠤ ᠳᠡᠰ ᠤᠨ ᠶᠡᠭᠡ ᠰᠤᠷᠭᠠᠭᠤᠯᠢ | ᠪᠣᠯᠣᠨ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠪᠦᠲᠦᠭᠡᠨ ᠪᠠᠶᠢᠭᠤᠯᠤᠯᠲᠠ ᠶᠢ ᠨᠢᠭᠡᠲᠦᠯᠲᠡᠢ ᠲᠦᠯᠦᠪᠯᠡᠨ | ᠠᠬᠢᠭᠤᠯᠬᠤ ᠠᠵᠠ ᠳᠣᠬᠢᠶᠠᠯ ᠢ ᠴᠢᠩᠭ᠎ᠠ ᠡᠵᠡᠮᠰᠢᠬᠦ ᠶᠢ ᠳᠡᠮᠵᠢᠵᠦ᠂ ︽ᠤᠯᠤᠰ ᠤᠨ ᠳᠤᠲᠤᠭᠠᠲᠤ ᠶᠢᠨ ᠲᠡᠷᠢᠭᠦᠨ ᠤ | ᠳᠡᠰ ᠢ ᠴᠢᠷᠮᠠᠶᠢᠨ ᠡᠭᠦᠳᠴᠦ᠂ ᠳᠡᠯᠡᠬᠡᠢ ᠶᠢᠨ ᠬᠢᠷᠢ ᠬᠡᠮᠵᠢᠶ᠎ᠡ ᠳᠤ ᠬᠠᠨᠳᠤᠭᠤᠯᠬᠤ︾ ᠪᠦᠲᠦᠭᠡᠨ ᠪᠠᠶᠢᠭᠤᠯᠤᠯᠲᠠ ᠶᠢᠨ | ᠰᠡᠳᠬᠢᠮᠵᠢ ᠶᠤᠰᠤᠭᠠᠷ᠂ ᠦᠪᠡᠷᠲᠡᠭᠡᠨ ᠵᠠᠰᠬᠠᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠰᠢᠨ᠎ᠡ | ᠬᠢᠷᠢ ᠬᠡᠮᠵᠢᠶ᠎ᠡ ᠳᠤ ᠬᠦᠷᠦᠭᠦᠯᠬᠦ ᠶᠢ ᠠᠬᠢᠭᠤᠯᠤᠨ᠎ᠠ᠃ ᠮᠠᠨ ᠤ ᠣᠷᠣᠨ ᠤ ︽ᠬᠤᠣᠰ ᠲᠡᠷᠢᠭᠦᠨ ᠤ ᠳᠡᠰ︾ ᠤᠨ | ᠪᠦᠲᠦᠭᠡᠨ ᠪᠠᠶᠢᠭᠤᠯᠤᠯᠲᠠ ᠶᠢᠨ ᠪᠤᠲᠠᠲᠠᠢ ᠠᠷᠭ᠎ᠠ ᠶᠢ ᠲᠣᠭᠲᠠᠭᠠᠬᠤ ᠪᠠ ᠬᠡᠷᠡᠭᠵᠢᠭᠦᠯᠵᠦ᠂ ᠭᠤᠣᠯᠳᠠᠯᠭ᠎ᠠ ᠲᠠᠢ | ᠪᠦᠲᠦᠭᠡᠨ ᠪᠠᠶᠢᠭᠤᠯᠤᠯᠲᠠ ᠦᠭᠡᠷᠡᠴᠢᠯᠡᠯᠲᠡ ᠶᠢᠨ ᠡᠭᠦᠷᠭᠡ ᠪᠠ ᠪᠠᠲᠤᠯᠠᠭ᠎ᠠ ᠬᠢᠨᠠᠯᠲᠠ ᠲᠠᠯᠪᠢᠯᠲᠠ ᠵᠡᠷᠭᠡ ᠶᠢᠨ ᠠᠷᠭ᠎ᠠ | ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ᠃ 4 — 6 ᠶᠡᠭᠡ ᠰᠤᠷᠭᠠᠭᠤᠯᠢ ᠪᠣᠯᠣᠨ 50 ᠰᠢᠬᠠᠮ ᠤᠨ ᠬᠢᠴᠢᠶᠡᠯ | ᠰᠢᠨᠵᠢᠯᠡᠭᠡᠨ ᠢ ᠲᠤᠰ ᠵᠠᠭᠤᠨ ᠤ ᠳᠤᠮᠳᠠᠴᠢ ᠦᠶ᠎ᠡ ᠪᠠᠷ ᠤᠯᠤᠰ ᠤᠨ ᠳᠤᠲᠤᠭᠠᠲᠤ ᠶᠢᠨ ᠲᠡᠷᠢᠭᠦᠨ ᠤ ᠳᠡᠰ ᠤᠨ | ᠡᠩᠨᠡᠭᠡᠨ ᠳᠤ ᠣᠷᠤᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ᠃ ᠦᠪᠦᠷ ᠮᠣᠩᠭᠤᠯ ᠤᠨ ᠶᠡᠭᠡ ᠰᠤᠷᠭᠠᠭᠤᠯᠢ ᠶᠢ 10 | ᠵᠢᠯ ᠤᠨ ᠳᠠᠷᠠᠭ᠎ᠠ ᠤᠯᠤᠰ ᠤᠨ ᠲᠤᠳᠤᠭᠠᠲᠤ ᠶᠢᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠪᠣᠯᠭᠠᠬᠤ ᠶᠢ | ᠭᠤᠣᠯᠳᠠᠯᠭ᠎ᠠ ᠲᠠᠢ ᠳᠡᠮᠵᠢᠵᠦ᠂ ᠡᠷᠲᠡ ᠨᠢᠭᠡᠨ ᠡᠳᠦᠷ ᠳᠡᠯᠡᠬᠡᠢ ᠶᠢᠨ ᠲᠡᠷᠢᠭᠦᠨ ᠤ ᠳᠡᠰ ᠤᠨ ᠶᠡᠭᠡ ᠰᠤᠷᠭᠠᠭᠤᠯᠢ ᠶᠢᠨ | ᠬᠢᠷᠢ ᠬᠡᠮᠵᠢᠶ᠎ᠡ ᠳᠤ ᠬᠦᠷᠦᠭᠦᠯᠬᠦ ᠪᠠᠷ ᠴᠢᠷᠮᠠᠶᠢᠨ᠂ 10 ᠰᠢᠬᠠᠮ ᠤᠨ ᠬᠢᠴᠢᠶᠡᠯ ᠰᠢᠨᠵᠢᠯᠡᠭᠡᠨ ᠢ ᠳᠡᠯᠡᠬᠡᠢ ᠶᠢᠨ | ᠲᠡᠷᠢᠭᠦᠨ ᠤ ᠳᠡᠰ ᠤᠨ ᠬᠢᠷᠢ ᠬᠡᠮᠵᠢᠶ᠎ᠡ ᠳᠤ ᠠᠯᠬᠤᠮ ᠠᠯᠬᠤᠮ ᠢᠶᠠᠷ ᠴᠢᠷᠮᠠᠶᠢᠨ ᠬᠦᠷᠦᠭᠦᠯᠦᠨ᠎ᠡ᠃ 2020 ᠣᠨ | ᠪᠤᠯᠲᠠᠯ᠎ᠠ᠂ ᠦᠨᠳᠦᠰᠦᠲᠡᠨ ᠤ ᠰᠤᠳᠤᠯᠭᠠᠨ᠂ ᠳᠤᠮᠳᠠᠳᠤ ᠤᠯᠤᠰ ᠤᠨ ᠬᠡᠯᠡ ᠤᠳᠬ᠎ᠠ ᠵᠣᠬᠢᠶᠠᠯ ︵ᠮᠤᠩᠭᠤᠯ ᠬᠡᠯᠡ | ᠤᠳᠬ᠎ᠠ ᠵᠣᠬᠢᠶᠠᠯ︶᠂ ᠳᠤᠮᠳᠠᠳᠤ ᠤᠯᠤᠰ ᠤᠨ ᠲᠡᠦᠬᠡ᠂ ᠬᠢᠮᠢ᠂ ᠠᠮᠢᠳᠤ ᠪᠤᠳᠠᠰ ᠤᠨ ᠤᠬᠠᠭᠠᠨ᠂ ᠠᠮᠢ | ᠠᠬᠤᠢ ᠶᠢᠨ ᠤᠬᠠᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠡᠦᠬᠡ᠂ ᠮᠠᠲ᠋ᠧᠷᠢᠶᠠᠯ ᠤᠨ ᠰᠢᠨᠵᠢᠯᠡᠬᠦ ᠤᠬᠠᠭᠠᠨ ᠪᠠ | ᠢᠨᠵᠧᠨᠧᠷᠢᠩ ︵ᠬᠤᠪᠣᠷ ᠰᠢᠷᠤᠢ ᠶᠢᠨ ᠢᠨᠵᠧᠨᠧᠷᠢᠩ ᠪᠠᠭᠲᠠᠨ᠎ᠠ︶᠂ ᠬᠢᠮᠢ ᠶᠢᠨ ᠢᠨᠵᠧᠨᠧᠷᠢᠩ ᠪᠠ ᠮᠡᠷᠭᠡᠵᠢᠯ ︵ | ᠬᠤᠪᠣᠷ ᠰᠢᠷᠤᠢ ᠶᠢᠨ ᠢᠨᠵᠧᠨᠧᠷᠢᠩ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠪᠠᠭᠲᠠᠨ᠎ᠠ︶᠂ ᠬᠦᠳᠡᠭᠡ ᠠᠵᠤ | ᠠᠬᠤᠢ ᠶᠢᠨ ᠢᠨᠵᠧᠨᠧᠷᠢᠩ᠂ ᠢᠳᠡᠭᠡᠨ ᠤ ᠰᠢᠨᠵᠢᠯᠡᠬᠦ ᠤᠬᠠᠭᠠᠨ ᠬᠢᠭᠡᠳ ᠢᠨᠵᠧᠨᠧᠷᠢᠩ᠂ ᠮᠠᠯ ᠠᠵᠤ ᠠᠬᠤᠢ ᠶᠢᠨ | ᠤᠬᠠᠭᠠᠨ᠂ ᠣᠢ ᠰᠢᠭᠤᠢ ᠶᠢᠨ ᠰᠤᠳᠤᠯᠭᠠᠨ᠂ ᠡᠪᠡᠰᠦ ᠪᠡᠯᠴᠢᠭᠡᠷ ᠤᠨ ᠰᠤᠳᠤᠯᠭᠠᠨ᠂ ᠮᠤᠩᠭᠤᠯ ᠠᠨᠠᠭᠠᠬᠤ ᠤᠬᠠᠭᠠᠨ | ᠂ ᠮᠤᠩᠭᠤᠯ ᠡᠮ ᠤᠨ ᠤᠬᠠᠭᠠᠨ ᠵᠡᠷᠭᠡ 16 ᠰᠢᠬᠠᠮ ᠤᠨ ᠬᠢᠴᠢᠶᠡᠯ ᠰᠢᠨᠵᠢᠯᠡᠭᠡᠨ ᠢ ᠤᠯᠤᠰ ᠤᠨ ᠳᠤᠲᠤᠭᠠᠲᠤ ᠶᠢᠨ | ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠡᠩᠨᠡᠭᠡ ᠳᠤ ᠣᠷᠤᠭᠤᠯᠬᠤ ᠶᠢ ᠭᠤᠣᠯᠳᠠᠯᠭ᠎ᠠ ᠲᠠᠢ ᠳᠡᠮᠵᠢᠨ᠎ᠡ᠂ | ᠡᠭᠦᠨ ᠳᠤ ᠦᠨᠳᠦᠰᠦᠲᠡᠨ ᠤ ᠰᠤᠳᠤᠯᠭᠠᠨ᠂ ᠳᠤᠮᠳᠠᠳᠤ ᠤᠯᠤᠰ ᠤᠨ ᠬᠡᠯᠡ ᠤᠳᠬ᠎ᠠ ᠵᠣᠬᠢᠶᠠᠯ ︵ᠮᠣᠩᠭᠤᠯ ᠬᠡᠯᠡ | ᠤᠳᠬ᠎ᠠ ᠵᠣᠬᠢᠶᠠᠯ︶᠂ ᠠᠮᠢᠳᠤ ᠪᠤᠳᠠᠰ ᠤᠨ ᠤᠬᠠᠭᠠᠨ᠂ ᠮᠤᠩᠭᠤᠯ ᠠᠨᠠᠭᠠᠬᠤ ᠤᠬᠠᠭᠠᠨ᠂ ᠮᠣᠩᠭᠤᠯ ᠡᠮ ᠤᠨ | ᠤᠬᠠᠭᠠᠨ ᠵᠡᠷᠭᠡ 5 ᠰᠢᠬᠠᠮ ᠤᠨ ᠬᠢᠴᠢᠶᠡᠯ ᠰᠢᠨᠵᠢᠯᠡᠭᠡᠨ ᠢ ᠤᠯᠤᠰ ᠤᠨ ᠳᠣᠲᠤᠭᠠᠲᠤ ᠶᠢᠨ ᠲᠡᠷᠢᠭᠦᠨ ᠤ ᠳᠡᠰ ᠤᠨ | ᠬᠢᠴᠢᠶᠡᠯ ᠰᠢᠨᠵᠢᠯᠡᠭᠡᠨ ᠤ ᠲᠡᠷᠢᠭᠦᠨ ᠤ ᠡᠩᠨᠡᠭᠡ ᠳᠤ ᠣᠷᠣᠭᠤᠯᠬᠤ ᠪᠠᠷ ᠴᠢᠷᠮᠠᠶᠢᠨ᠎ᠠ᠃ | ︵ᠬᠤᠶᠠᠷ︶ ︽ᠦᠨᠳᠦᠷ ᠬᠡᠷᠡᠭᠴᠡᠭᠡᠨ ᠤ ᠬᠢᠴᠢᠶᠡᠯ ᠰᠢᠨᠵᠢᠯᠡᠭᠡᠨ︾ ᠢ ᠬᠦᠴᠦᠯᠡᠨ ᠪᠣᠢ ᠪᠣᠯᠭᠠᠨ᠎ᠠ᠃ | ᠳᠡᠭᠡᠳᠦ ᠵᠡᠷᠭᠡ ᠶᠢᠨ ᠰᠤᠷᠭᠠᠭᠤᠯᠢ ᠶᠢᠨ ᠤᠯᠤᠰ ᠪᠠ ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠰᠠᠨᠠᠭᠠᠴᠢᠯᠠᠭ᠎ᠠ ᠲᠠᠢ ᠪᠠᠷ ᠦᠢᠯᠡᠴᠢᠯᠡᠬᠦ ᠬᠡᠷᠡᠭᠴᠡᠭᠡ ᠱᠠᠭᠠᠷᠳᠠᠯᠭ᠎ᠠ ᠠᠴᠠ ᠡᠭᠦᠰᠬᠦ ᠶᠢ ᠳᠡᠮᠵᠢᠵᠦ᠂ | ᠤᠯᠤᠰ ᠪᠠ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠴᠢᠩᠭ᠎ᠠ | ᠠᠵᠢᠭᠯᠠᠨ᠂ ᠲᠤᠰ ᠪᠡᠶ᠎ᠡ ᠶᠢᠨ ᠰᠤᠷᠭᠠᠭᠤᠯᠢ ᠡᠷᠬᠢᠯᠡᠬᠦ ᠳᠠᠪᠠᠭᠤᠯᠢᠭ ᠪᠠ ᠦᠪᠡᠷᠮᠢᠴᠡ ᠣᠨᠴᠠᠯᠢᠭ ᠢᠶᠠᠨ | ᠳᠤᠪᠤᠶᠢᠯᠭᠠᠵᠤ᠂ ︽ᠶᠡᠷᠦᠮᠳᠡᠭ ᠬᠡᠷᠡᠭᠴᠡᠭᠡᠨ ᠤ ᠬᠢᠴᠢᠶᠡᠯ ᠰᠢᠨᠵᠢᠯᠡᠭᠡᠨ︾ ᠢ ᠪᠠᠭᠠᠰᠬᠠᠨ᠂ ᠨᠡᠩ ᠣᠯᠠᠨ ︽ᠦᠨᠳᠦᠷ | ᠬᠡᠷᠡᠭᠴᠡᠭᠡᠨ ᠤ ᠬᠢᠴᠢᠶᠡᠯ ᠰᠢᠨᠵᠢᠯᠡᠭᠡᠨ︾ ᠢ ᠪᠣᠢ ᠪᠣᠯᠭᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠠᠯᠢ ᠶᠢ ᠨᠢ | ᠬᠢᠵᠦ ᠪᠣᠯᠬᠤ ᠪᠠ ᠦᠯᠦ ᠬᠢᠵᠦ ᠪᠣᠯᠬᠤ ᠪᠦᠲᠦᠭᠡᠨ ᠪᠠᠶᠢᠭᠤᠯᠤᠯᠲᠠ ᠶᠢᠨ ᠵᠠᠷᠴᠢᠮ ᠶᠣᠰᠤᠭᠠᠷ᠂ ᠡᠬᠢ ᠪᠠᠶᠠᠯᠢᠭ ᠢᠶᠠᠨ | ᠡᠮᠬᠢᠯᠡᠨ ᠨᠡᠶᠢᠯᠡᠭᠦᠯᠵᠦ᠂ ᠬᠦᠴᠦᠨ ᠴᠢᠳᠠᠯ ᠢᠶᠠᠨ ᠲᠦᠪᠯᠡᠷᠡᠭᠦᠯᠦᠨ᠂ ᠳᠠᠪᠠᠭᠤᠯᠢᠭ ᠣᠨᠴᠠᠯᠢᠭᠲᠤ ᠬᠢᠴᠢᠶᠡᠯ | ᠰᠢᠨᠵᠢᠯᠡᠭᠡᠨ ᠢ ᠪᠣᠢ ᠪᠣᠯᠭᠠᠵᠤ᠂ ᠬᠢᠴᠢᠶᠡᠯ ᠰᠢᠨᠵᠢᠯᠡᠭᠡᠨ ᠤ ᠭᠤᠣᠯᠯᠠᠭᠴᠢ ᠦᠷᠢᠰᠦᠯᠳᠦᠬᠦ ᠬᠦᠴᠦᠨ ᠢᠶᠠᠨ | ᠳᠡᠭᠡᠭᠰᠢᠯᠡᠭᠦᠯᠬᠦ ᠶᠢ ᠵᠣᠷᠢᠬᠵᠢᠭᠤᠯᠤᠨ᠎ᠠ᠃ ᠦᠪᠦᠷ ᠮᠣᠩᠭᠤᠯ ᠤᠨ ᠠᠨᠠᠭᠠᠬᠤ ᠤᠬᠠᠭᠠᠨ ᠰᠢᠨᠵᠢᠯᠡᠬᠦ ᠤᠬᠠᠭᠠᠨ ᠤ ᠶᠡᠭᠡ | ᠰᠤᠷᠭᠠᠭᠤᠯᠢ᠂ ᠦᠪᠦᠷ ᠮᠣᠩᠭᠤᠯ ᠤᠨ ᠦᠨᠳᠦᠰᠦᠲᠡᠨ ᠤ ᠶᠡᠭᠡ ᠰᠤᠷᠭᠠᠭᠤᠯᠢ ᠶᠢᠨ ᠦᠪᠡᠷᠲᠡᠭᠡᠨ ᠵᠠᠰᠬᠠᠤ ᠣᠷᠣᠨ ᠤ | ᠳᠡᠰ ᠤᠨ ᠳ᠋ᠣᠺᠲ᠋ᠣᠷ ᠤᠨ ᠨᠢᠭᠡᠴᠡ ᠶᠢᠨ ᠰᠡᠳᠦᠪ ᠲᠣᠭᠲᠠᠭᠠᠬᠤ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠶᠢ | ᠳᠡᠮᠵᠢᠨ᠎ᠡ᠃ ᠦᠪᠦᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ᠂ ᠤᠯᠠᠭᠠᠠᠬᠠᠳᠠ | ᠳᠡᠭᠡᠳᠦ ᠰᠤᠷᠭᠠᠭᠤᠯᠢ᠂ ᠬᠦᠯᠦᠨ ᠪᠤᠶᠢᠷ ᠳᠡᠭᠡᠳᠦ ᠰᠤᠷᠭᠠᠭᠤᠯᠢ ᠵᠡᠷᠭᠡ ᠳᠡᠭᠡᠳᠦ ᠵᠡᠷᠭᠡ ᠶᠢᠨ ᠰᠤᠷᠭᠠᠭᠤᠯᠢ ᠶᠢᠨ | ᠳ᠋ᠣᠺᠲ᠋ᠣᠷ᠂ ᠠᠰᠫᠢᠷᠠᠨᠲ ᠤᠨ ᠨᠢᠭᠡᠴᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠨ᠎ᠡ᠃ ᠳᠡᠭᠡᠳᠦ | ᠵᠡᠷᠭᠡ ᠶᠢᠨ ᠰᠤᠷᠭᠠᠭᠤᠯᠢ ᠶᠢᠨ ᠤᠯᠤᠰ ᠤᠨ ᠰᠢᠨ᠎ᠡ ᠨᠢᠭᠡᠨ ᠡᠭᠡᠯᠵᠢ ᠶᠢᠨ ᠳ᠋ᠣᠺᠲ᠋ᠣᠷ᠂ ᠠᠰᠫᠢᠷᠠᠨᠲ ᠤᠨ ᠡᠷᠳᠡᠮ ᠤᠨ | ᠴᠣᠯᠠ ᠶᠢᠨ ᠡᠷᠬᠡ ᠣᠯᠭᠤᠬᠤ ᠶᠢ ᠬᠢᠨᠠᠨ ᠬᠠᠷᠭᠤᠭᠤᠯᠬᠤ ᠳᠤᠮᠳᠠ᠂ ᠳ᠋ᠣᠺᠲ᠋ᠣᠷ᠂ ᠠᠰᠫᠢᠷᠠᠨᠲ ᠤᠨ ᠡᠷᠬᠡ ᠣᠯᠭᠤᠬᠤ | ᠬᠢᠴᠢᠶᠡᠯ ᠰᠢᠨᠵᠢᠯᠡᠭᠡᠨ ᠪᠠ ᠲᠤᠰᠬᠠᠢ ᠮᠡᠷᠭᠡᠵᠢᠯ ᠤᠨ ᠬᠦᠷᠢᠶ᠎ᠡ ᠴᠠᠷᠠᠭ᠎ᠠ ᠪᠠᠨ ᠤᠯᠠᠮ ᠨᠢᠭᠡ ᠠᠯᠬᠤᠮ ᠥᠷᠭᠡᠳᠭᠡᠬᠦ ᠶᠢ | ᠳᠡᠮᠵᠢᠵᠦ᠂ ᠦᠪᠡᠷᠲᠡᠭᠡᠨ ᠵᠠᠰᠠᠬᠤ ᠣᠷᠣᠨ ᠤ ᠡᠷᠳᠡᠮ ᠤᠨ ᠴᠣᠯᠠ ᠶᠢᠨ ᠡᠷᠬᠡ ᠣᠯᠭᠤᠬᠤ ᠶᠢᠨ ᠬᠤᠭᠤᠰᠤᠨ ᠢ | ᠴᠢᠷᠮᠠᠶᠢᠨ ᠨᠦᠬᠦᠵᠦ᠂ ᠢᠯᠠᠩᠭᠤᠶ᠎ᠠ ᠭᠦᠨ ᠤᠬᠠᠭᠠᠨ᠂ ᠠᠵᠤ ᠠᠬᠤᠢ ᠶᠢᠨ ᠤᠬᠠᠭᠠᠨ᠂ ᠬᠠᠤᠯᠢ ᠶᠢᠨ ᠤᠬᠠᠭᠠᠨ᠂ | ᠬᠠᠮᠢᠶᠠᠷᠤᠯᠲᠠ ᠶᠢᠨ ᠤᠬᠠᠭᠠᠨ᠂ ᠤᠷᠠᠯᠢᠭ ᠤᠨ ᠤᠬᠠᠭᠠᠨ ᠵᠢᠴᠢ ᠪᠠᠷᠢᠯᠭ᠎ᠠ ᠶᠢᠨ ᠤᠬᠠᠭᠠᠨ ᠪᠠ ᠠᠨᠠᠭᠠᠬᠤ ᠤᠬᠠᠭᠠᠨ ᠤ | ᠬᠦᠷᠢᠶ᠎ᠡ ᠴᠠᠷᠠᠭᠠᠨ ᠳᠠᠬᠢ ᠳ᠋ᠣᠺᠲ᠋ᠣᠷ ᠤᠨ ᠡᠷᠳᠡᠮ ᠤᠨ ᠴᠣᠯᠠ ᠶᠢᠨ ᠡᠷᠬᠡ ᠣᠯᠭᠤᠬᠤ ᠶᠢ ᠨᠡᠮᠡᠨ ᠵᠢᠭᠰᠠᠭᠠᠵᠤ᠂ | ᠦᠪᠡᠷᠲᠡᠭᠡᠨ ᠵᠠᠰᠠᠬᠤ ᠣᠷᠣᠨ ᠤ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ ᠬᠦᠮᠦᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠎ᠡ᠃ | ︵ᠭᠤᠷᠪᠠ︶ ᠳᠡᠭᠡᠳᠦ ᠵᠡᠷᠭᠡ ᠶᠢᠨ ᠰᠤᠷᠭᠠᠭᠤᠯᠢ ᠶᠢᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ᠤᠯᠤᠰ ᠪᠠ ᠦᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠯ ᠤᠨ | ᠲᠣᠭᠲᠠᠴᠠ ᠶᠢᠨ ᠦᠭᠡᠷᠡᠴᠢᠯᠡᠯᠲᠡ ᠶᠢᠨ ᠳᠦᠷᠢᠮ ᠤᠨ ᠪᠣᠷᠣ ᠲᠥᠯᠦᠪ ᠤᠨ ᠳᠣᠣᠷ᠎ᠠ᠂ ᠳᠡᠭᠡᠳᠦ ᠵᠡᠷᠭᠡ ᠶᠢᠨ | ᠰᠤᠷᠭᠠᠭᠤᠯᠢ ᠶᠢᠨ ᠡᠷᠳᠡᠮ ᠰᠢᠨᠵᠢᠯᠡᠭᠡᠨ ᠤ ᠰᠡᠳᠦᠪ ᠲᠣᠭᠲᠠᠭᠠᠬᠤ ᠠᠵᠢᠯ᠂ ᠬᠦᠮᠦᠨ ᠡᠳ᠋ ᠪᠤᠳᠠᠰ ᠤᠨ ᠬᠠᠮᠢᠶᠠᠷᠤᠯᠲᠠ | ᠂ ᠡᠷᠳᠡᠮ ᠰᠢᠨᠵᠢᠯᠡᠭᠡᠨ ᠤ ᠴᠢᠭᠯᠡᠯ ᠪᠣᠯᠣᠨ ᠮᠡᠷᠭᠡᠵᠢᠯ ᠤᠨ ᠵᠠᠮ ᠱᠤᠭᠤᠮ ᠤᠨ ᠰᠤᠩᠭᠤᠯᠲᠠ᠂ ᠣᠯᠠᠨ ᠤᠯᠤᠰ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠰᠤᠯᠢᠯᠴᠠᠭ᠎ᠠ ᠬᠠᠮᠲᠤᠷᠠᠯᠴᠠᠭ᠎ᠠ ᠵᠡᠷᠭᠡ ᠲᠠᠯ᠎ᠠ ᠪᠠᠷ ᠬᠢ ᠡᠵᠡᠨ ᠮᠡᠳᠡᠬᠦ ᠡᠷᠬᠡ ᠶᠢ | ᠥᠷᠭᠡᠳᠭᠡᠨ᠂ ᠡᠷᠳᠡᠮ ᠰᠢᠨᠵᠢᠯᠡᠭᠡᠨ ᠤ ᠲᠦᠷᠦᠯ ᠵᠦᠢᠯ ᠤᠨ ᠵᠠᠷᠤᠳᠠᠯ ᠤᠨ ᠬᠠᠮᠢᠶᠠᠷᠤᠯᠲᠠ᠂ ᠲᠥᠷᠦᠯ ᠬᠤᠪᠢᠶᠠᠨ | ᠦᠨᠡᠯᠡᠬᠦ ᠠᠵᠢᠯ᠂ ᠦᠷ᠎ᠡ ᠪᠦᠲᠦᠭᠡᠯ ᠢ ᠤᠯᠠᠷᠢᠯᠠᠭᠤᠯᠤᠨ ᠬᠤᠪᠢᠷᠠᠭᠤᠯᠬᠤ ᠪᠠ ᠬᠤᠪᠢᠶᠠᠷᠢᠯᠠᠬᠤ ᠳᠦᠷᠢᠮ ᠵᠡᠷᠭᠡ | ᠵᠠᠩᠭᠢᠯᠠᠭ᠎ᠠ ᠶᠢᠨ ᠲᠠᠯ᠎ᠠ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ | ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠎ᠡ᠃ ᠦᠷᠭᠦᠯᠵᠢᠯᠡᠨ ᠲᠣᠭᠲᠠᠭᠤᠨ | ᠣᠷᠤᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠠᠭᠤᠷᠢ ᠴᠢᠨᠠᠷᠲᠠᠢ᠂ ᠡᠮᠦᠨ᠎ᠡ ᠵᠠᠬ᠎ᠠ ᠶᠢᠨ ᠴᠢᠨᠠᠷᠲᠠᠢ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ | ᠰᠢᠨᠵᠢᠯᠡᠬᠦ ᠤᠬᠠᠭᠠᠨ ᠤ ᠰᠤᠳᠤᠯᠭᠠᠨ ᠦᠷᠨᠢᠭᠦᠯᠬᠦ ᠶᠢ ᠳᠡᠮᠵᠢᠵᠦ᠂ ᠠᠩᠬᠠᠨ ᠤ ᠰᠢᠨ᠎ᠡ ᠶᠢ ᠡᠭᠦᠳᠬᠦ ᠴᠢᠳᠠᠪᠤᠷᠢ ᠶᠢ | ᠨᠡᠮᠡᠭᠳᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ | ᠰᠢᠰᠲ᠋ᠧᠮᠵᠢ ᠶᠢᠨ ᠪᠠᠶᠢᠭᠤᠯᠤᠯᠲᠠ ᠳᠤ ᠣᠷᠤᠯᠴᠠᠬᠤ ᠶᠢ ᠳᠡᠮᠵᠢᠵᠦ᠂ ᠨᠡᠭᠡᠭᠡᠯᠲᠡ ᠲᠠᠢ ᠪᠦᠭᠡᠳ ᠬᠠᠮᠵᠢᠯᠴᠠᠭᠰᠠᠨ᠂ | ᠦᠨᠳᠦᠷ ᠦᠷ᠎ᠡ ᠪᠦᠲᠦᠮᠵᠢᠲᠠᠢ ᠡᠷᠳᠡᠮ ᠰᠢᠨᠵᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠰᠦᠪᠡᠭᠴᠢᠯᠡᠨ | ᠪᠠᠶᠢᠭᠤᠯᠤᠨ᠎ᠠ᠃ ᠤᠯᠤᠰ ᠪᠠ ᠦᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠨᠢᠭᠡ ᠪᠦᠯᠦᠭ ᠬᠠᠮᠵᠢᠯᠴᠠᠨ ᠰᠢᠨ᠎ᠡ ᠶᠢ ᠡᠭᠦᠳᠬᠦ ᠲᠥᠪ ᠢ | ᠡᠭᠦᠳᠴᠦ᠂ 2 — 3 ᠲᠣᠷᠰᠢᠯᠲᠠ ᠶᠢᠨ ᠲᠠᠰᠤᠭ ᠢ ᠭᠤᠣᠯᠳᠠᠯᠭ᠎ᠠ ᠲᠠᠢ ᠳᠡᠮᠵᠢᠵᠦ ᠪᠠᠶᠢᠭᠠᠳ ᠮᠤᠵᠢ ᠶᠠᠮᠦᠨ ᠤ | ᠬᠠᠮᠲᠤᠪᠠᠷ ᠪᠠᠶᠢᠭᠤᠯᠤᠭᠰᠠᠨ ᠤᠯᠤᠰ ᠤᠨ ᠭᠤᠣᠯᠳᠠᠯᠭ᠎ᠠ ᠲᠠᠢ ᠲᠣᠷᠰᠢᠯᠲᠠ ᠶᠢᠨ ᠲᠠᠰᠤᠭ ᠪᠣᠯᠭᠠᠨ ᠪᠠᠶᠢᠭᠤᠯᠵᠤ᠂ | ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ᠂ ᠡᠨᠧᠷᠬᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠳᠡᠭᠡᠳᠦ | ᠳᠡᠰ ᠤᠨ ᠲᠤᠨᠤᠭ ᠲᠥᠭᠦᠭᠡᠷᠦᠮᠵᠢ᠂ ᠲᠣᠮᠣ ᠳ᠋ᠡᠶᠢᠲ᠋ᠠ ᠶᠢᠨ ᠡᠭᠦᠯᠡᠨ ᠪᠤᠳᠤᠯᠲᠠ᠂ ᠠᠮᠢᠳᠤ ᠪᠤᠳᠠᠰ ᠤᠨ ᠰᠢᠨᠵᠢᠯᠡᠬᠦ | ᠤᠬᠠᠭᠠᠨ ᠮᠡᠷᠭᠡᠵᠢᠯ᠂ ᠮᠤᠩᠭᠤᠯ ᠬᠢᠲᠠᠳ ᠡᠮ ᠡᠮᠨᠡᠯᠭᠡ ᠵᠡᠷᠭᠡ ᠪᠠᠶᠢᠯᠳᠤᠬᠤ ᠪᠣᠳᠣᠯᠭ᠎ᠠ ᠶᠢᠨ ᠰᠢᠨ᠎ᠡ ᠪᠠᠷ ᠪᠣᠢ | ᠪᠣᠯᠣᠭᠰᠠᠨ ᠠᠵᠤ ᠦᠢᠯᠡᠰ ᠤᠨ ᠬᠦᠷᠢᠶ᠎ᠡ ᠴᠠᠷᠠᠭᠠᠨ ᠳᠤ ᠳᠡᠭᠡᠳᠦ ᠵᠡᠷᠭᠡ ᠶᠢᠨ ᠰᠤᠷᠭᠠᠭᠤᠯᠢ ᠳᠤ ᠲᠦᠰᠢᠭᠯᠡᠨ ᠮᠤᠵᠢ | ᠶᠠᠮᠦᠨ ᠤ ᠳᠡᠰ ᠤᠨ ᠭᠤᠣᠯᠳᠠᠯᠭ᠎ᠠ ᠲᠠᠢ ᠲᠣᠷᠰᠢᠯᠭ᠎ᠠ ᠶᠢᠨ ᠲᠠᠰᠤᠭ᠂ ᠪᠠᠷᠢᠯᠭ᠎ᠠ ᠶᠢᠨ ᠮᠡᠷᠭᠡᠵᠢᠯ ᠤᠨ ᠰᠤᠳᠤᠯᠭᠠᠨ ᠤ | ᠲᠥᠪ ᠤᠳ ᠢ ᠪᠦᠲᠦᠭᠡᠨ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠭᠦᠨ ᠤᠬᠠᠭᠠᠨ ᠨᠡᠶᠢᠭᠡᠮ ᠤᠨ | ᠰᠢᠨᠵᠢᠯᠡᠬᠦ ᠤᠬᠠᠭᠠᠨ ᠤ ᠬᠢᠴᠢᠶᠡᠯ ᠰᠢᠨᠵᠢᠯᠡᠭᠡᠨ ᠪᠠ ᠴᠢᠳᠠᠪᠤᠷᠢᠲᠠᠨ ᠤ ᠳᠠᠪᠠᠭᠤᠯᠢᠭ ᠢ ᠪᠠᠳᠠᠷᠠᠭᠤᠯᠵᠤ᠂ ᠨᠠᠮ ᠪᠣᠯᠣᠨ | ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠦᠢᠯᠡᠴᠢᠯᠡᠬᠦ | ᠨᠢᠭᠡ ᠪᠦᠯᠦᠭ ᠰᠢᠨ᠎ᠡ ᠬᠡᠯᠪᠡᠷᠢ ᠶᠢᠨ ᠳᠡᠭᠡᠳᠦ ᠵᠡᠷᠭᠡ ᠶᠢᠨ ᠰᠤᠷᠭᠠᠭᠤᠯᠢ ᠶᠢᠨ ᠤᠶᠤᠨ ᠤ ᠬᠦᠮᠦᠷᠭᠡ ᠶᠢ | ᠪᠤᠶᠢᠵᠢᠭᠤᠯᠤᠨ᠎ᠠ᠃ | ᠭᠤᠷᠪᠠ᠂ ᠴᠢᠳᠠᠪᠤᠷᠢᠲᠠᠨ ᠢ ᠬᠦᠮᠦᠵᠢᠭᠦᠯᠬᠦ ᠪᠠ ᠣᠷᠤᠭᠤᠯᠤᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠤ᠂ | ᠪᠠᠭᠰᠢ ᠶᠢᠨ ᠡᠩᠨᠡᠭᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ | ︵ᠨᠢᠭᠡ︶ ᠪᠠᠭᠰᠢ ᠶᠢᠨ ᠶᠤᠰᠤ ᠮᠤᠷᠠᠯ ᠤᠨ ᠬᠦᠮᠦᠵᠢᠯ ᠢ ᠴᠢᠩᠭᠠᠳᠬᠠᠨ᠎ᠠ᠃ ᠳᠡᠭᠡᠳᠦ ᠵᠡᠷᠭᠡ ᠶᠢᠨ | ᠰᠤᠷᠭᠠᠭᠤᠯᠢ ᠨᠢ ᠨᠡᠶᠢᠭᠡᠮ ᠵᠢᠷᠤᠮ ᠤᠨ ᠭᠤᠣᠯᠯᠠᠭᠴᠢ ᠥᠷᠳᠡᠭ ᠤᠨ ᠦᠵᠡᠯᠲᠡ ᠶᠢᠨ ᠬᠦᠮᠦᠵᠢᠯ᠂ ᠬᠦᠰᠡᠯᠡᠩ ᠢᠲᠡᠭᠡᠯ | ᠵᠣᠷᠢᠭ ᠤᠨ ᠬᠦᠮᠦᠵᠢᠯ ᠵᠡᠷᠭᠡ ᠪᠠᠷ ᠭᠤᠣᠯᠳᠠᠯᠭ᠎ᠠ ᠪᠠᠨ ᠪᠣᠯᠭᠠᠭᠰᠠᠨ ᠪᠠᠭᠰᠢ ᠶᠢᠨ ᠶᠤᠰᠤ ᠮᠤᠷᠠᠯ ᠤᠨ ᠬᠦᠮᠦᠵᠢᠯ ᠤᠨ | ᠠᠵᠢᠯᠯᠠᠭ᠎ᠠ ᠶᠢ ᠥᠷᠭᠡᠨ ᠳᠡᠯᠭᠡᠷ ᠢᠶᠠᠷ ᠦᠷᠨᠢᠭᠦᠯᠵᠦ᠂ ᠥᠷᠭᠡᠨ ᠣᠯᠠᠨ ᠪᠠᠭᠰᠢ ᠶᠢ ᠬᠦᠲᠦᠯᠦᠨ ᠵᠢᠯᠤᠭᠤᠳᠴᠤ | ᠪᠠᠶᠢᠭᠠᠳ ︽ᠠᠯᠢᠪᠠ ᠪᠦᠬᠦᠨ ᠪᠦᠷ ᠰᠤᠷᠤᠭᠴᠢ ᠶᠢᠨ ᠲᠦᠯᠦᠭᠡ᠂ ᠰᠤᠷᠤᠭᠴᠢ ᠶᠢᠨ ᠠᠯᠢᠪᠠ ᠪᠦᠬᠦᠨ ᠤ ᠲᠦᠯᠦᠭᠡ᠂ | ᠠᠯᠢᠪᠠ ᠰᠤᠷᠤᠭᠴᠢ ᠶᠢᠨ ᠲᠦᠯᠦᠭᠡ︾ ᠭᠡᠬᠦ ᠰᠤᠷᠭᠠᠨ ᠬᠦᠮᠦᠵᠢᠯ ᠤᠨ ᠣᠨᠣᠯᠵᠢᠬᠤᠨ ᠢ ᠪᠠᠲᠤ ᠪᠠᠬᠢ ᠪᠣᠢ ᠪᠣᠯᠭᠠᠵᠤ᠂ | ᠠᠵᠢᠯ ᠮᠡᠷᠭᠡᠵᠢᠯ ᠤᠨ ᠶᠤᠰᠤ ᠮᠤᠷᠠᠯ ᠤᠨ ᠵᠢᠷᠤᠮᠵᠢᠯ ᠢ ᠵᠢᠷᠤᠮᠯᠡᠨ᠂ ᠰᠠᠶᠢᠨ ᠰᠠᠶᠢᠬᠠᠨ ᠵᠢᠭᠠᠨ ᠰᠤᠷᠭᠠᠯᠲᠠ ᠶᠢᠨ ᠬᠡᠪ | ᠰᠤᠷᠲᠠᠯ ᠢ ᠪᠣᠢ ᠪᠣᠯᠭᠠᠨ᠂ ᠥᠷᠭᠡᠨ ᠣᠯᠠᠨ ᠪᠠᠭᠰᠢ ᠶᠢᠨ ︽ᠳᠥᠷᠪᠡ ᠲᠠᠢ︾ ᠪᠠᠭᠰᠢ ᠪᠣᠯᠬᠤ ᠪᠠᠷ ᠴᠢᠷᠮᠠᠶᠢᠬᠤ ᠶᠢ | ᠵᠣᠷᠢᠬᠵᠢᠭᠤᠯᠤᠨ᠎ᠠ᠃ ᠡᠷᠳᠡᠮ ᠰᠢᠨᠵᠢᠯᠡᠭᠡᠨ ᠤ ᠰᠤᠳᠤᠯᠭᠠᠨ ᠨᠢ ᠬᠤᠷᠢᠭᠠᠲᠠᠢ ᠭᠠᠵᠠᠷ ᠦᠭᠡᠢ᠂ ᠬᠢᠴᠢᠶᠡᠯ ᠤᠨ | ᠲᠠᠩᠬᠢᠮ ᠤᠨ ᠬᠢᠴᠢᠶᠡᠯᠯᠡᠭᠡ ᠨᠢ ᠰᠠᠬᠢᠯᠭ᠎ᠠ ᠪᠠᠲᠤ ᠲᠠᠢ᠂ ᠢᠯᠡ ᠪᠠᠷ ᠶᠠᠷᠢᠵᠤ ᠬᠡᠯᠡᠬᠦ ᠨᠢ ᠳᠦᠷᠢᠮ ᠢ ᠰᠠᠬᠢᠭᠰᠠᠨ | ᠪᠠᠶᠢᠬᠤ ᠶᠢ ᠪᠠᠷᠢᠮᠲᠠᠯᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ᠂ ᠪᠠᠭᠰᠢ᠂ ᠰᠤᠷᠤᠭᠴᠢ᠂ ᠭᠡᠷ ᠤᠨ ᠠᠬᠠᠮᠠᠳ ᠪᠣᠯᠣᠨ | ᠨᠡᠶᠢᠭᠡᠮ ᠤᠨ ᠣᠯᠠᠨ ᠲᠠᠯ᠎ᠠ ᠶᠢᠨ ᠣᠷᠤᠯᠴᠠᠭᠰᠠᠨ ᠪᠠᠭᠰᠢ ᠶᠢᠨ ᠶᠤᠰᠤ ᠮᠤᠷᠠᠯ ᠳᠤ ᠬᠢᠨᠠᠯᠲᠠ ᠲᠠᠯᠪᠢᠬᠤ ᠰᠢᠰᠲ᠋ᠧᠮᠵᠢ ᠶᠢ | ᠢᠳᠡᠪᠬᠢᠲᠡᠢ ᠪᠠᠷ ᠰᠡᠲᠦᠨ ᠪᠠᠶᠢᠭᠤᠯᠵᠤ᠂ ᠪᠠᠭᠰᠢ ᠶᠢᠨ ᠶᠤᠰᠤ ᠮᠤᠷᠠᠯ ᠤᠨ ᠵᠢᠷᠤᠮᠯᠠᠯ ᠠᠯᠳᠠᠬᠤ ᠠᠵᠢᠯᠯᠠᠭ᠎ᠠ ᠶᠢ | ᠪᠦᠲᠦᠮᠵᠢᠲᠡᠢ ᠰᠡᠷᠭᠡᠶᠢᠯᠡᠨ ᠬᠤᠷᠢᠭᠯᠠᠨ᠎ᠠ᠃ ︽ᠳᠡᠭᠡᠳᠦ ᠵᠡᠷᠭᠡ ᠶᠢᠨ ᠰᠤᠷᠭᠠᠭᠤᠯᠢ ᠶᠢᠨ ᠡᠷᠳᠡᠮ ᠰᠢᠨᠵᠢᠯᠡᠭᠡᠨ ᠤ | ᠲᠥᠪ ᠪᠤᠰᠤ ᠦᠢᠯᠡ ᠠᠵᠢᠯᠯᠠᠭ᠎ᠠ ᠶᠢ ᠰᠡᠷᠭᠡᠶᠢᠯᠡᠬᠦ ᠪᠠ ᠰᠢᠢᠳᠪᠦᠷᠢᠯᠡᠬᠦ ᠠᠷᠭ᠎ᠠ︾ ︵ᠰᠤᠷᠭᠠᠨ ᠬᠦᠮᠦᠵᠢᠯ ᠤᠨ | ᠶᠠᠮᠦᠨ ᠤ ᠵᠠᠷᠯᠢᠭ 40 ᠳ᠋ᠤᠭᠡᠷ ᠲᠣᠭᠠᠲᠤ︶ ᠪᠠ ︽ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠶᠤᠰᠤ | ᠮᠤᠷᠠᠯ ᠤᠨ ᠪᠠᠶᠢᠭᠤᠯᠤᠯᠲᠠ ᠶᠢᠨ ᠤᠷᠲᠤ ᠬᠤᠭᠤᠴᠠᠭ᠎ᠠ ᠬᠦᠴᠦᠨ ᠲᠠᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ | ᠲᠣᠬᠠᠢ ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠰᠤᠷᠭᠠᠨ ᠬᠦᠮᠦᠵᠢᠯ ᠤᠨ ᠲᠢᠩᠭᠢᠮ ᠤᠨ | ᠵᠢᠯᠤᠭᠤᠳᠬᠤ ᠰᠠᠨᠠᠯ︾ ︵ᠦᠪᠦᠷ ᠰᠤᠷᠭᠠᠨ ᠪᠠᠭᠰᠢ ᠦᠰᠦᠭ ﹇2015﹈ 55 ᠳ᠋ᠤᠭᠠᠷ ᠲᠣᠭᠠᠲᠤ︶ ᠢ | ᠨᠠᠶᠢᠳᠠᠪᠤᠷᠢᠵᠢᠭᠤᠯᠵᠤ᠂ ᠡᠷᠳᠡᠮ ᠰᠢᠨᠵᠢᠯᠡᠭᠡᠨ ᠤ ᠰᠤᠷᠲᠠᠯ ᠤᠨ ᠪᠠᠶᠢᠭᠤᠯᠤᠯᠲᠠ ᠶᠢᠨ ᠪᠠᠶᠢᠭᠤᠯᠤᠮᠵᠢ᠂ ᠡᠷᠳᠡᠮ | ᠰᠢᠨᠵᠢᠯᠡᠭᠡᠨ ᠤ ᠵᠢᠷᠤᠮᠵᠢᠯ ᠤᠨ ᠳᠦᠷᠢᠮ ᠪᠣᠯᠣᠨ ᠲᠥᠪ ᠪᠤᠰᠤ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ | ᠲᠣᠭᠲᠠᠴᠠ ᠭᠤᠷᠪᠠ ᠶᠢ ᠨᠠᠶᠢᠳᠠᠪᠤᠷᠢᠵᠢᠭᠤᠯᠤᠨ ᠭᠤᠷᠪᠠ ᠶᠢ ᠢᠯᠡ ᠪᠣᠯᠭᠠᠬᠤ ᠶᠢ ᠠᠬᠢᠭᠤᠯᠤᠨ᠂ ᠰᠠᠶᠢᠨ ᠰᠠᠶᠢᠬᠠᠨ | ᠡᠷᠳᠡᠮ ᠰᠢᠨᠵᠢᠯᠡᠭᠡᠨ ᠤ ᠣᠷᠴᠢᠨ ᠨᠦᠬᠦᠴᠡᠯ ᠢ ᠪᠣᠢ ᠪᠣᠯᠭᠠᠨ᠎ᠠ᠃ | ︵ᠬᠤᠶᠠᠷ︶ ᠴᠢᠳᠠᠪᠤᠷᠢᠲᠠᠨ ᠢ ᠣᠷᠤᠭᠤᠯᠤᠨ ᠠᠪᠴᠢᠷᠠᠬᠤ ︽ᠰᠠᠭᠠᠳ ᠦᠭᠡᠢ ᠨᠡᠪᠲᠡᠷᠡᠬᠦ ᠵᠠᠮ︾ ᠢ | ᠲᠡᠭᠦᠯᠳᠡᠷᠵᠢᠭᠦᠯᠦᠨ᠎ᠡ᠃ ᠦᠪᠡᠷᠲᠡᠭᠡᠨ ᠵᠠᠰᠬᠠᠤ ᠣᠷᠣᠨ ᠤ ᠴᠢᠳᠠᠪᠤᠷᠢᠲᠠᠨ ᠢ ᠣᠷᠤᠭᠤᠯᠤᠨ ᠠᠪᠴᠢᠷᠠᠬᠤ ︽ᠰᠠᠭᠠᠳ | ᠦᠭᠡᠢ ᠨᠡᠪᠲᠡᠷᠡᠬᠦ ᠵᠠᠮ︾ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ | ᠦᠪᠡᠷᠲᠡᠭᠡᠨ ᠵᠠᠰᠠᠬᠤ ᠣᠷᠣᠨ ᠤ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠶᠢᠨ ︽ᠰᠠᠭᠠᠳ ᠦᠭᠡᠢ ᠨᠡᠪᠲᠡᠷᠡᠬᠦ | ᠵᠠᠮ︾ ᠢᠶᠠᠷ ᠳᠠᠮᠵᠢᠭᠤᠯᠤᠨ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠱᠠᠩᠨᠠᠯ᠂ ᠤᠯᠤᠰ ᠤᠨ | ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ | ᠱᠠᠩᠨᠠᠯ ᠤᠨ ᠰᠢᠯᠢᠳᠡᠭ ᠱᠠᠩᠨᠠᠯ ᠣᠯᠣᠭᠴᠢ᠂ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ | ᠮᠦᠩᠭᠦ ᠶᠢᠨ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠲᠦᠷᠦᠯ ᠵᠦᠢᠯ ᠤᠨ ᠡᠷᠬᠢᠯᠡᠭᠴᠢ᠂ ᠤᠯᠤᠰ ᠤᠨ | ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠩᠭᠦ ᠶᠢᠨ ᠴᠢᠬᠤᠯᠠ ᠶᠡᠭᠡ ᠲᠦᠷᠦᠯ ᠵᠦᠢᠯ ᠤᠨ ᠡᠷᠬᠢᠯᠡᠭᠴᠢ᠂ | ᠤᠯᠤᠰ ᠤᠨ ︽ᠮᠢᠩᠭᠠᠨ ᠬᠦᠮᠦᠨ ᠤ ᠲᠦᠯᠦᠪᠯᠡᠭᠡ︾᠂ ︽ᠲᠦᠮᠡᠨ ᠬᠦᠮᠦᠨ ᠤ ᠲᠦᠯᠦᠪᠯᠡᠭᠡ︾ ᠳᠤ | ᠰᠤᠩᠭᠤᠭᠳᠠᠭᠰᠠᠳ᠂ ᠪᠦᠬᠦ ᠤᠯᠤᠰ ᠤᠨ ᠭᠠᠷᠮᠠᠭᠠᠢ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠢᠷᠠᠭᠤ ᠠᠯᠳᠠᠷ ᠢ | ᠣᠯᠣᠭᠴᠢ᠂ ᠤᠯᠤᠰ ᠤᠨ ᠭᠠᠷᠮᠠᠭᠠᠢ ᠵᠠᠯᠠᠭᠤᠴᠤᠳ ᠤᠨ ᠰᠢᠨᠵᠢᠯᠡᠬᠦ ᠤᠬᠠᠭᠠᠨ ᠤ ᠰᠠᠭᠤᠷᠢ ᠮᠦᠩᠭᠦ ᠶᠢ ᠤᠯᠤᠭᠴᠢ᠂ | ︽ᠵᠠᠭᠤᠨ ᠮᠢᠩᠭᠠᠨ ᠲᠦᠮᠡᠨ ᠴᠢᠳᠠᠪᠤᠷᠢᠲᠠᠨ ᠤ ᠢᠨᠵᠧᠨᠧᠷᠢᠩ ᠤᠨ ᠤᠯᠤᠰ ᠤᠨ ᠳᠡᠰ ᠤᠨ ᠵᠢᠱᠢᠭᠳᠡᠭᠴᠢ︾᠂ ︽ | ᠬᠦᠬᠡᠮᠦ᠋ᠷᠡᠨ ᠨᠡᠷᠡᠮᠵᠢᠲᠦ ᠱᠠᠩᠨᠠᠯ ᠢ ᠤᠯᠤᠭᠰᠠᠨ ᠡᠷᠳᠡᠮᠳᠡᠨ︾᠂ ᠤᠯᠤᠰ ᠤᠨ ᠭᠤᠣᠯᠳᠠᠯᠭ᠎ᠠ ᠲᠠᠢ ᠬᠢᠴᠢᠶᠡᠯ | ᠰᠢᠨᠵᠢᠯᠡᠭᠡᠨ᠂ ᠲᠣᠷᠰᠢᠯᠭ᠎ᠠ ᠶᠢᠨ ᠲᠠᠰᠤᠭ᠂ ᠪᠠᠷᠢᠯᠭ᠎ᠠ ᠶᠢᠨ ᠮᠡᠷᠭᠡᠵᠢᠯ ᠤᠨ ᠰᠤᠳᠤᠯᠭᠠᠨ ᠤ ᠲᠥᠪ ᠤᠨ ᠡᠷᠳᠡᠮ | ᠰᠢᠨᠵᠢᠯᠡᠭᠡᠨ ᠤ ᠳᠠᠭᠠᠭᠤᠯᠤᠭᠴᠢ ︵ᠮᠡᠷᠭᠡᠵᠢᠯ ᠤᠨ ᠳᠠᠭᠠᠭᠤᠯᠤᠭᠴᠢ︶᠂ ᠳ᠋ᠣᠺᠲ᠋ᠣᠷ᠂ ᠤᠯᠤᠰ ᠲᠠᠭᠠᠨ ᠪᠣᠴᠠᠵᠤ | ᠢᠷᠡᠭᠰᠡᠨ ᠭᠠᠳᠠᠭᠠᠲᠤ ᠳᠤ ᠰᠤᠷᠤᠯᠴᠠᠭᠰᠠᠨ ᠰᠢᠯᠢᠳᠡᠭ ᠠᠰᠫᠢᠷᠠᠨᠲ᠂ ᠵᠢᠩᠬᠢᠨᠢ ᠳᠡᠭᠡᠳᠦ ᠵᠡᠷᠭᠡ ᠶᠢᠨ ᠮᠡᠷᠭᠡᠵᠢᠯ ᠤᠨ | ᠴᠣᠯᠠ ᠵᠡᠷᠭᠡ ᠶᠢ ᠤᠯᠤᠭᠰᠠᠨ ᠳᠡᠭᠡᠳᠦ ᠳᠡᠰ ᠳᠠᠪᠬᠤᠷᠭ᠎ᠠ ᠶᠢᠨ ᠴᠢᠳᠠᠪᠤᠷᠢᠲᠠᠨ᠂ ᠪᠠᠴᠢᠮ ᠬᠡᠷᠡᠭᠴᠡᠭᠡᠨ ᠤ | ᠳᠤᠳᠠᠭᠳᠠᠵᠤ ᠪᠠᠶᠢᠭ᠎ᠠ ᠴᠢᠳᠠᠪᠤᠷᠢᠲᠠᠨ ᠢ ᠣᠷᠤᠭᠤᠯᠤᠨ ᠠᠪᠴᠢᠷᠠᠬᠤ ᠶᠢ ᠵᠣᠷᠢᠬᠵᠢᠭᠤᠯᠤᠨ ᠳᠡᠮᠵᠢᠨ᠎ᠡ᠃ ᠳᠡᠭᠡᠳᠦ | ᠵᠡᠷᠭᠡ ᠶᠢᠨ ᠰᠤᠷᠭᠠᠭᠤᠯᠢ ᠶᠢᠨ ᠪᠤᠰᠤᠳ ᠴᠢᠳᠠᠪᠤᠷᠢᠲᠠᠨ ᠢ ᠡᠵᠡᠨ ᠮᠡᠳᠡᠨ ᠢᠯᠡ ᠡᠯᠰᠡᠬᠦ ᠶᠢ ᠵᠣᠷᠢᠬᠵᠢᠭᠤᠯᠤᠨ | ᠳᠡᠮᠵᠢᠨ᠎ᠡ᠃ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠰᠤᠯᠢᠯᠴᠠᠭ᠎ᠠ᠂ ᠲᠦᠷᠦᠯ ᠵᠦᠢᠯ ᠤᠨ | ᠬᠠᠮᠲᠤᠷᠠᠯᠴᠠᠭ᠎ᠠ᠂ ᠲᠤᠰᠢᠶᠠᠯ ᠬᠠᠪᠰᠤᠷᠭᠠᠬᠤ ᠵᠡᠷᠭᠡ ᠠᠷᠭ᠎ᠠ ᠮᠠᠶ᠋ᠢᠭ ᠢᠶᠠᠷ ᠤᠯᠤᠰ ᠤᠨ ᠭᠠᠳᠠᠨᠠᠬᠢ᠂ ᠣᠷᠣᠨ ᠤ | ᠭᠠᠳᠠᠨᠠᠬᠢ ᠭᠤᠣᠯᠳᠠᠯᠭ᠎ᠠ ᠲᠠᠢ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ ᠭᠠᠵᠠᠷ ᠵᠡᠷᠭᠡ ᠲᠤᠮᠤ | ᠬᠡᠯᠪᠡᠷᠢ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠠᠴᠠ ᠡᠯ᠎ᠡ ᠲᠦᠷᠦᠯ ᠤᠨ ᠳᠡᠭᠡᠳᠦ ᠳᠡᠰ | ᠳᠠᠪᠬᠤᠷᠭ᠎ᠠ ᠶᠢᠨ ᠴᠢᠳᠠᠪᠤᠷᠢᠲᠠᠨ ᠢ ᠤᠶᠠᠨ ᠬᠠᠳᠠᠨ ᠴᠢᠨᠠᠷᠲᠠᠢ ᠪᠠᠷ ᠣᠷᠤᠭᠤᠯᠤᠨ ᠠᠪᠴᠢᠷᠠᠬᠤ ᠶᠢ ᠵᠣᠷᠢᠬᠵᠢᠭᠤᠯᠤᠨ | ᠳᠡᠮᠵᠢᠨ᠎ᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ︽ᠰᠠᠭᠠᠳ ᠦᠭᠡᠢ ᠨᠡᠪᠲᠡᠷᠡᠬᠦ ᠵᠠᠮ︾ ᠢᠶᠠᠷ ᠳᠠᠮᠵᠢᠨ | ᠣᠯᠠᠨ ᠤᠯᠤᠰ ᠤᠨ ᠮᠡᠷᠭᠡᠵᠢᠯ ᠴᠢᠳᠠᠪᠤᠷᠢ ᠶᠢᠨ ᠣᠷᠤᠯᠳᠤᠭᠠᠨ ᠤ ᠱᠠᠩᠨᠠᠯ ᠢ ᠤᠯᠤᠭᠴᠢ᠂ ᠳᠤᠮᠳᠠᠳᠤ ᠶᠢᠨ ᠮᠡᠷᠭᠡᠵᠢᠯ | ᠴᠢᠳᠠᠪᠤᠷᠢ ᠶᠢᠨ ᠤᠷᠤᠯᠳᠤᠭᠠᠨ ᠤ ᠱᠠᠩᠨᠠᠯ ᠢ ᠤᠯᠤᠭᠴᠢ᠂ ᠪᠦᠬᠦ ᠤᠯᠤᠰ ᠤᠨ ᠮᠡᠷᠭᠡᠵᠢᠯ ᠤᠨ ᠭᠠᠷᠮᠠᠭᠠᠶᠢᠯᠠᠭᠴᠢ᠂ | ᠤᠯᠤᠰ ᠤᠨ ᠳᠡᠰ ᠤᠨ ᠮᠡᠷᠭᠡᠵᠢᠯ ᠴᠢᠳᠠᠪᠤᠷᠢ ᠶᠢᠨ ᠮᠠᠰᠲ᠋ᠧᠷ ᠤᠨ ᠠᠵᠢᠯᠯᠠᠬᠤ ᠭᠠᠵᠠᠷ ᠤᠨ ᠭᠤᠣᠯ ᠬᠠᠷᠢᠭᠤᠴᠠᠯᠭᠠᠲᠠᠨ᠂ | ᠮᠤᠵᠢ ᠶᠢᠨ ᠳᠡᠰ ᠤᠨ ᠵᠠᠰᠠᠭ ᠤᠨ ᠣᠷᠳᠣᠨ ᠠᠴᠠ ᠰᠢᠯᠭᠠᠷᠠᠭᠤᠯᠤᠭᠰᠠᠨ ᠬᠠᠮᠤᠭ ᠤᠨ ᠳᠡᠭᠡᠳᠦ ᠳᠡᠰ | ᠳᠠᠪᠬᠤᠷᠭ᠎ᠠ ᠶᠢᠨ ᠮᠡᠷᠭᠡᠵᠢᠯ ᠴᠢᠳᠠᠪᠤᠷᠢ ᠶᠢᠨ ᠴᠢᠳᠠᠪᠤᠷᠢᠲᠠᠨ ᠵᠡᠷᠭᠡ ᠪᠠᠴᠢᠮ ᠬᠡᠷᠡᠭᠴᠡᠭᠡᠨ ᠤ ᠳᠤᠳᠠᠭᠳᠠᠵᠤ ᠪᠠᠶᠢᠭ᠎ᠠ | ᠴᠢᠳᠠᠪᠤᠷᠢᠲᠠᠨ ᠢ ᠣᠷᠤᠭᠤᠯᠤᠨ ᠠᠪᠴᠢᠷᠠᠬᠤ ᠶᠢ ᠵᠣᠷᠢᠬᠵᠢᠭᠤᠯᠤᠨ ᠳᠡᠮᠵᠢᠨ᠎ᠡ᠃ ᠵᠢᠩᠭᠢᠨᠢ ᠠᠩᠭᠢ ᠶᠢᠨ ᠳᠡᠭᠡᠳᠦ | ᠰᠤᠷᠭᠠᠭᠤᠯᠢ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠵᠣᠬᠢᠬᠤ ᠬᠠᠷᠢᠴᠠᠯ ᠤᠨ ᠬᠦᠳᠡᠯᠦᠩᠭᠦᠢ ᠠᠵᠢᠯ ᠤᠨ | ᠣᠷᠣᠨ ᠪᠠᠶᠢᠷᠢ ᠶᠢ ᠪᠠᠶᠢᠭᠤᠯᠵᠤ᠂ ᠰᠢᠨ᠎ᠡ ᠶᠢ ᠡᠭᠦᠳᠦᠭᠰᠡᠨ ᠦᠢᠯᠡᠳᠦᠯᠭᠡ ᠶᠢᠨ ᠲᠣᠷᠰᠢᠯᠭ᠎ᠠ ᠲᠠᠢ ᠡᠯ᠎ᠡ ᠲᠦᠷᠦᠯ ᠤᠨ | ᠴᠢᠳᠠᠪᠤᠷᠢᠲᠠᠨ ᠢ ᠲᠠᠲᠠᠨ ᠣᠷᠤᠭᠤᠯᠵᠤ ᠲᠤᠰᠢᠶᠠᠯ ᠬᠠᠪᠰᠤᠷᠭᠠᠬᠤ ᠶᠢ ᠵᠥᠪᠰᠢᠶᠡᠷᠡᠨ᠎ᠡ᠃ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠨ ᠨᠢ ᠲᠤᠰ ᠨᠢᠭᠡᠴᠡ ᠶᠢᠨ ᠡᠷᠳᠡᠮ ᠰᠢᠨᠵᠢᠯᠡᠭᠡᠨ᠂ | ᠵᠢᠭᠠᠨ ᠰᠤᠷᠭᠠᠯᠲᠠ ᠵᠡᠷᠭᠡ ᠶᠢᠨ ᠡᠭᠦᠷᠭᠡ ᠪᠠᠨ ᠪᠡᠶᠡᠯᠡᠭᠦᠯᠦᠭᠰᠡᠨ ᠤᠷᠢᠳᠠᠯ ᠳᠣᠣᠷ᠎ᠠ᠂ ᠪᠠᠶᠢᠭ᠎ᠠ ᠨᠢᠭᠡᠴᠡ ᠶᠢᠨ ᠢᠶᠠᠨ | ᠵᠥᠪᠰᠢᠶᠡᠷᠡᠯ ᠢ ᠣᠯᠪᠠᠯ᠂ ᠠᠵᠤ ᠠᠬᠤᠶᠢᠯᠠᠯ ᠪᠣᠯᠣᠨ ᠪᠤᠰᠤᠳ ᠡᠷᠳᠡᠮ ᠰᠢᠨᠵᠢᠯᠡᠭᠡᠨ ᠤ ᠪᠠᠶᠢᠭᠤᠯᠤᠮᠵᠢ᠂ ᠳᠡᠭᠡᠳᠦ | ᠵᠡᠷᠭᠡ ᠶᠢᠨ ᠰᠤᠷᠭᠠᠭᠤᠯᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠣᠴᠢᠵᠤ ᠲᠤᠰᠢᠶᠠᠯ ᠬᠠᠪᠰᠤᠷᠭᠠᠬᠤ ᠶᠢᠨ | ᠬᠠᠮᠲᠤ ᠬᠦᠯᠦᠰᠦ ᠬᠠᠷᠠᠮᠵᠢ ᠣᠯᠵᠣ ᠪᠣᠯᠣᠨ᠎ᠠ᠃ | ︵ᠭᠤᠷᠪᠠ︶ ᠲᠦᠷᠦᠭᠦᠦ ᠮᠡᠷᠭᠡᠵᠢᠯᠲᠡᠨ᠂ ᠠᠬᠠᠯᠠᠭᠴᠢ ᠳ᠋ᠣᠺᠲ᠋ᠣᠷ ᠵᠡᠷᠭᠡ ᠳᠦᠷᠢᠮ ᠢ ᠪᠠᠶᠢᠭᠤᠯᠤᠨ | ᠪᠦᠷᠢᠨᠰᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ᠂ ᠡᠷᠳᠡᠮ ᠰᠢᠨᠵᠢᠯᠡᠭᠡᠨ ᠤ | ᠬᠦᠷᠢᠶᠡᠯᠡᠩ ᠭᠠᠵᠠᠷ ᠠᠴᠠ ᠵᠢᠯ ᠪᠦᠷᠢ 20 — 30 ᠨᠡᠷᠡᠰ ᠬᠢᠴᠢᠶᠡᠯ ᠰᠢᠨᠵᠢᠯᠡᠭᠡᠨ ᠤ ᠲᠤᠰᠬᠠᠢ ᠮᠡᠷᠭᠡᠵᠢᠯ ᠤᠨ | ᠳᠠᠭᠠᠭᠤᠯᠤᠭᠴᠢ ᠶᠢ ᠰᠢᠯᠭᠠᠷᠠᠭᠤᠯᠤᠨ ᠲᠦᠷᠦᠭᠦᠦ ᠮᠡᠷᠭᠡᠵᠢᠯᠲᠡᠨ ᠪᠣᠯᠭᠠᠵᠤ᠂ ᠲᠦᠷᠦᠭᠦᠦ ᠮᠡᠷᠭᠡᠵᠢᠯᠲᠡᠨ ᠤ | ᠦᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ ᠦᠢᠯᠡᠰ᠂ ᠴᠢᠬᠤᠯᠠ ᠶᠡᠭᠡ ᠲᠦᠷᠦᠯ ᠵᠦᠢᠯ᠂ ᠴᠢᠬᠤᠯᠠ | ᠡᠷᠳᠡᠮ ᠰᠢᠨᠵᠢᠯᠡᠭᠡᠨ ᠤ ᠰᠢᠨ᠎ᠡ ᠶᠢ ᠡᠭᠦᠳᠬᠦ ᠲᠡᠪᠴᠡᠩ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠪᠣᠯᠣᠨ | ᠳᠠᠪᠠᠭᠤᠯᠢᠭ ᠠᠵᠤ ᠦᠢᠯᠡᠰ ᠤᠨ ᠬᠥᠭᠵᠢᠯᠲᠡ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠠᠴᠠ ᠡᠭᠦᠰᠴᠦ | ᠡᠷᠳᠡᠮ ᠰᠢᠨᠵᠢᠯᠡᠭᠡᠨ ᠤ ᠪᠦᠯᠬᠦᠮ ᠨᠡᠶᠢᠲᠡ ᠶᠢ ᠵᠣᠬᠢᠶᠠᠨ ᠪᠠᠶᠢᠭᠤᠯᠬᠤ᠂ ᠴᠢᠬᠤᠯᠠ ᠶᠡᠭᠡ ᠠᠩᠬᠠᠨ ᠤ ᠡᠭᠦᠳᠦᠯᠲᠡ ᠶᠢᠨ | ᠴᠢᠨᠠᠷᠲᠠᠢ ᠰᠤᠳᠤᠯᠭᠠᠨ ᠪᠠ ᠬᠡᠷᠡᠭᠯᠡᠭᠡᠨ ᠤ ᠰᠤᠳᠤᠯᠭᠠᠨ ᠢ ᠦᠷᠨᠢᠭᠦᠯᠬᠦ ᠶᠢ ᠵᠣᠷᠢᠬᠵᠢᠭᠤᠯᠤᠨ ᠳᠡᠮᠵᠢᠵᠦ᠂ ᠬᠦᠲᠦᠯᠦᠨ | ᠳᠠᠭᠠᠭᠤᠯᠵᠤ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ ᠨᠢ ᠪᠠᠳᠠᠷᠠᠭᠤᠯᠤᠨ᠎ᠠ᠃ ᠳᠡᠭᠡᠳᠦ ᠵᠡᠷᠭᠡ ᠶᠢᠨ | ᠰᠤᠷᠭᠠᠭᠤᠯᠢ ᠶᠢᠨ ᠴᠢᠳᠠᠪᠤᠷᠢᠲᠠᠨ ᠣᠷᠤᠭᠤᠯᠤᠨ ᠠᠪᠴᠢᠷᠠᠬᠤ ᠳᠤᠮᠳᠠᠬᠢ ᠠᠬᠠᠯᠠᠭᠴᠢ ᠳ᠋ᠣᠺᠲ᠋ᠣᠷ ᠤᠨ ᠳᠦᠷᠢᠮ ᠤᠨ | ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠵᠤ᠂ ᠠᠬᠠᠯᠠᠭᠴᠢ ᠳ᠋ᠣᠺᠲ᠋ᠣᠷ ᠤᠨ ᠨᠡᠭᠦᠳᠡᠯ ᠥᠷᠲᠡᠭᠡ ᠪᠣᠯᠣᠨ | ᠠᠵᠢᠯᠯᠠᠬᠤ ᠥᠷᠲᠡᠭᠡ ᠶᠢᠨ ᠥᠷᠲᠡᠭᠡ ᠪᠠᠶᠢᠭᠤᠯᠤᠭᠰᠠᠨ ᠨᠢᠭᠡᠴᠡ ᠳᠤ ᠨᠦᠬᠦᠪᠦᠷᠢ ᠥᠭᠬᠦ ᠪᠠᠷᠢᠮᠵᠢᠶ᠎ᠠ ᠶᠢ | ᠳᠡᠭᠡᠭᠰᠢᠯᠡᠭᠦᠯᠦᠨ᠂ ᠥᠷᠲᠡᠭᠡ ᠳᠤ ᠪᠠᠶᠢᠭ᠎ᠠ ᠠᠬᠠᠯᠠᠭᠴᠢ ᠳ᠋ᠣᠺᠲ᠋ᠣᠷ ᠤᠨ ᠠᠮᠢᠳᠤᠷᠠᠯ ᠤᠨ ᠨᠦᠬᠦᠪᠦᠷᠢ ᠶᠢᠨ ᠳᠦᠷᠢᠮ ᠢ | ᠪᠠᠶᠢᠭᠤᠯᠤᠨ᠎ᠠ᠃ | ︵ᠳᠥᠷᠪᠡ︶ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠢᠨᠵᠧᠨᠧᠷᠢᠩ ᠢ ᠭᠦᠨᠵᠡᠭᠡᠢ | ᠬᠡᠷᠡᠭᠵᠢᠭᠦᠯᠦᠨ᠎ᠡ᠃ ᠳᠡᠭᠡᠳᠦ ᠳᠡᠰ ᠳᠠᠪᠬᠤᠷᠭ᠎ᠠ ᠶᠢᠨ ᠰᠤᠳᠤᠯᠤᠨ ᠰᠤᠷᠤᠯᠴᠠᠬᠤ ᠠᠩᠭᠢ᠂ ᠦᠪᠡᠷᠲᠡᠭᠡᠨ ᠵᠠᠰᠠᠬᠤ | ᠣᠷᠣᠨ ᠤ ︽ᠲᠠᠯ᠎ᠠ ᠨᠤᠲᠤᠭ ᠤᠨ ᠴᠢᠳᠠᠪᠤᠷᠢᠲᠠᠨ︾ ᠤ ᠢᠨᠵᠧᠨᠧᠷᠢᠩ᠂ ᠦᠪᠡᠷᠲᠡᠭᠡᠨ ᠵᠠᠰᠠᠬᠤ ᠣᠷᠣᠨ ᠤ ︽511 | ᠴᠢᠳᠠᠪᠤᠷᠢᠲᠠᠨ ᠬᠦᠮᠦᠵᠢᠭᠦᠯᠬᠦ ᠢᠨᠵᠧᠨᠧᠷᠢᠩ︾᠂ ︽ᠰᠢᠨ᠎ᠡ ᠡᠷᠡᠨ ᠵᠠᠭᠤᠨ ᠤ 321 ᠴᠢᠳᠠᠪᠤᠷᠢᠲᠠᠨ ᠤ | ᠢᠨᠵᠧᠨᠧᠷᠢᠩ︾᠂ ︽ᠴᠦᠬᠡᠨ ᠲᠣᠭᠠᠲᠤ ᠦᠨᠳᠦᠰᠦᠲᠡᠨ ᠤ ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠣᠨᠴᠤᠭᠤᠢ | ᠬᠦᠮᠦᠵᠢᠭᠦᠯᠦᠯ ᠤᠨ ᠲᠦᠯᠦᠪᠯᠡᠭᠡ︾᠂ ︽ᠰᠢᠨ᠎ᠡ ᠶᠢ ᠡᠭᠦᠳᠬᠦ ᠵᠠᠯᠠᠭᠤ ᠴᠢᠳᠠᠪᠤᠷᠢᠲᠠᠨ ᠢ ᠰᠢᠯᠭᠠᠷᠠᠭᠤᠯᠬᠤ | ᠲᠥᠯᠦᠪᠯᠡᠭᠡ︾ ᠵᠡᠷᠭᠡ ᠭᠤᠣᠯᠳᠠᠯᠭ᠎ᠠ ᠲᠠᠢ ᠴᠢᠳᠠᠪᠤᠷᠢᠲᠠᠨ ᠬᠦᠮᠦᠵᠢᠭᠦᠯᠬᠦ ᠢᠨᠵᠧᠨᠧᠷᠢᠩ ᠤᠨ ᠵᠢᠱᠢᠶ᠎ᠡ ᠦᠵᠡᠭᠦᠯᠦᠨ | ᠬᠦᠲᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡ ᠪᠦᠯᠦᠭ ᠰᠢᠨ᠎ᠡ ᠶᠢ ᠡᠭᠦᠳᠬᠦ | ᠣᠷᠦ᠋ᠢᠯᠠᠭᠰᠠᠨ ᠴᠢᠳᠠᠪᠤᠷᠢᠲᠠᠨ ᠢ ᠬᠦᠮᠦᠵᠢᠭᠦᠯᠦᠨ ᠪᠣᠢ ᠪᠣᠯᠭᠠᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ | ᠰᠢᠨ᠎ᠡ ᠶᠢ ᠡᠭᠦᠳᠬᠦ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ︔ ᠳᠡᠭᠡᠳᠦ ᠵᠡᠷᠭᠡ ᠶᠢᠨ ᠰᠤᠷᠭᠠᠭᠤᠯᠢ ᠶᠢᠨ ᠵᠠᠯᠠᠭᠤ | ᠪᠠᠭᠰᠢ ᠨᠠᠷ ᠢ ᠬᠦᠮᠦᠵᠢᠭᠦᠯᠬᠦ ᠪᠠ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠰᠢᠯᠭᠠᠷᠠᠭᠤᠯᠬᠤ᠂ ᠬᠦᠮᠦᠵᠢᠭᠦᠯᠬᠦ | ᠵᠡᠷᠭᠡ ᠲᠠᠯ᠎ᠠ ᠪᠠᠷ ᠳᠡᠭᠡᠳᠦ ᠵᠡᠷᠭᠡ ᠶᠢᠨ ᠰᠤᠷᠭᠠᠭᠤᠯᠢ ᠲᠡᠰᠢ ᠵᠣᠬᠢᠬᠤ ᠬᠡᠮᠵᠢᠶ᠎ᠡ ᠪᠠᠷ ᠬᠡᠯᠪᠠᠶᠢᠯᠭᠡᠵᠦ᠂ ᠳᠡᠭᠡᠳᠦ | ᠵᠡᠷᠭᠡ ᠶᠢᠨ ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠳᠡᠮᠵᠢᠨ᠂ ᠳᠡᠭᠡᠳᠦ ᠵᠡᠷᠭᠡ ᠶᠢᠨ | ᠰᠤᠷᠭᠠᠭᠤᠯᠢ ᠶᠢᠨ ᠪᠠᠭᠰᠢ ᠶᠢᠨ ᠡᠩᠨᠡᠭᠡ ᠶᠢᠨ ᠪᠦᠬᠦᠯᠢ ᠴᠤᠭᠴᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢ | ᠠᠬᠢᠭᠤᠯᠤᠨ᠎ᠠ᠃ ︽13 · 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠳᠤ ᠦᠪᠡᠷᠲᠡᠭᠡᠨ ᠵᠠᠰᠠᠬᠤ | ᠣᠷᠣᠨ ᠠᠴᠠ 200 ᠦᠪᠡᠷᠲᠡᠭᠡᠨ ᠵᠠᠰᠠᠬᠤ ᠣᠷᠣᠨ ᠤ ᠳᠡᠰ ᠤᠨ ᠵᠢᠭᠠᠨ ᠰᠤᠷᠭᠠᠯᠲᠠ ᠶᠢᠨ ᠪᠦᠯᠬᠦᠮ ᠨᠡᠶᠢᠲᠡ ᠶᠢ | ᠪᠠᠶᠢᠭᠤᠯᠵᠤ᠂ ᠵᠢᠭᠠᠨ ᠰᠤᠷᠭᠠᠯᠲᠠ ᠶᠢᠨ ᠨᠡᠷᠡᠲᠦ ᠪᠠᠭᠰᠢ ᠪᠣᠯᠣᠨ ᠰᠤᠷᠭᠠᠨ ᠬᠦᠮᠦᠵᠢᠯ ᠤᠨ ᠲᠡᠪᠴᠡᠩ ᠤᠨ ᠰᠢᠨ᠎ᠡ | ᠰᠣᠳᠣᠨ ᠢ ᠲᠤᠰ ᠲᠤᠰ 200 ᠰᠢᠯᠭᠠᠷᠠᠭᠤᠯᠤᠨ᠎ᠠ᠃ | ︵ᠲᠠᠪᠤ︶ ᠮᠡᠷᠭᠡᠵᠢᠯ ᠤᠨ ᠴᠣᠯᠠ ᠬᠢᠨᠠᠨ ᠲᠣᠭᠲᠠᠭᠠᠬᠤ᠂ ᠠᠵᠢᠯ ᠤᠨ ᠪᠠᠶᠢᠷᠢ ᠪᠠᠶᠢᠷᠢᠯᠠᠭᠤᠯᠬᠤ ᠳᠤᠮᠳᠠᠬᠢ | ᠳᠡᠭᠡᠳᠦ ᠵᠡᠷᠭᠡ ᠶᠢᠨ ᠰᠤᠷᠭᠠᠭᠤᠯᠢ ᠶᠢᠨ ᠭᠤᠣᠯ ᠴᠤᠭᠴᠠ ᠶᠢᠨ ᠦᠢᠯᠡᠳᠦᠯ ᠢ ᠴᠢᠩᠭᠠᠷᠠᠭᠤᠯᠤᠨ᠎ᠠ᠃ ᠳᠡᠭᠡᠳᠦ | ᠵᠡᠷᠭᠡ ᠶᠢᠨ ᠰᠤᠷᠭᠠᠭᠤᠯᠢ ᠶᠢ ᠬᠦᠲᠦᠯᠦᠨ ᠵᠢᠯᠤᠭᠤᠳᠴᠤ ᠪᠠᠶᠢᠭᠠᠳ ᠪᠠᠭᠰᠢ ᠶᠢᠨ ᠶᠤᠰᠤ ᠮᠤᠷᠠᠯ ᠢ ᠲᠡᠷᠢᠭᠦᠨ ᠳᠤ | ᠲᠠᠯᠪᠢᠵᠤ᠂ ᠵᠢᠭᠠᠨ ᠰᠤᠷᠭᠠᠯᠲᠠ ᠪᠠᠷ ᠭᠤᠣᠯ ᠪᠣᠯᠭᠠᠨ᠂ ᠡᠷᠳᠡᠮ ᠰᠢᠨᠵᠢᠯᠡᠭᠡᠨ ᠢᠶᠠᠷ ᠰᠠᠭᠤᠷᠢ ᠪᠣᠯᠭᠠᠬᠤ ᠶᠢ | ᠪᠠᠷᠢᠮᠲᠠᠯᠠᠵᠤ᠂ ᠮᠤᠷᠠᠯ ᠴᠢᠳᠠᠪᠤᠷᠢ ᠪᠠ ᠠᠵᠢᠯ ᠤᠨ ᠪᠤᠳᠠᠳᠤ ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ | ᠳᠤᠪᠤᠶᠢᠯᠭᠠᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠪᠠᠭᠰᠢ ᠨᠠᠷ ᠤᠨ ᠮᠡᠷᠭᠡᠵᠢᠯ ᠤᠨ ᠴᠣᠯᠠ ᠶᠢ ᠬᠢᠨᠠᠨ | ᠲᠣᠭᠲᠠᠭᠠᠬᠤ ᠨᠦᠬᠦᠴᠡᠯ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠦᠪᠡᠷᠲᠡᠭᠡᠨ ᠵᠠᠰᠬᠠᠤ ᠣᠷᠣᠨ ᠤ ᠳᠡᠭᠡᠳᠦ | ᠵᠡᠷᠭᠡ ᠶᠢᠨ ᠰᠤᠷᠭᠠᠭᠤᠯᠢ ᠶᠢᠨ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠦᠨ᠂ | ᠰᠢᠯᠭᠠᠬᠤ ᠪᠠ ᠦᠨᠡᠯᠡᠬᠦ ᠶᠢ ᠤᠶᠠᠯᠳᠤᠭᠤᠯᠬᠤ᠂ ᠨᠢᠭᠤᠷᠳᠠᠨ ᠰᠢᠯᠭᠠᠬᠤ ᠪᠠ ᠨᠣᠮ ᠬᠠᠶᠠᠯᠴᠠᠬᠤ᠂ ᠪᠣᠲᠠᠲᠠᠶᠢᠵᠢᠭᠤᠯᠤᠨ | ᠬᠢᠨᠠᠨ ᠲᠣᠭᠲᠠᠭᠠᠬᠤ᠂ ᠰᠦᠯᠵᠢᠶᠡᠨ ᠳᠡᠭᠡᠷ᠎ᠡ ᠬᠢᠨᠠᠨ ᠲᠣᠭᠲᠠᠭᠠᠬᠤ ᠵᠡᠷᠭᠡ ᠠᠷᠭ᠎ᠠ ᠮᠠᠶ᠋ᠢᠭ ᠢᠶᠠᠷ ᠦᠨᠡᠯᠡᠯᠲᠡ ᠶᠢᠨ | ᠶᠠᠰᠤ ᠴᠢᠨᠠᠷ ᠢ ᠳᠡᠭᠡᠭᠰᠢᠯᠡᠭᠦᠯᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠠᠵᠢᠯ ᠤᠨ | ᠪᠠᠶᠢᠷᠢ ᠶᠢ ᠪᠠᠶᠢᠷᠢᠯᠠᠭᠤᠯᠬᠤ ᠬᠠᠷᠢᠴᠠᠯ ᠢᠶᠠᠨ ᠰᠢᠯᠢᠳᠡᠭᠵᠢᠭᠦᠯᠬᠦ ᠶᠢ ᠳᠡᠮᠵᠢᠵᠦ᠂ ᠦᠨᠳᠦᠷ ᠳᠤᠮᠳᠠ ᠵᠡᠷᠭᠡ ᠶᠢᠨ | ᠠᠵᠢᠯ ᠤᠨ ᠪᠠᠶᠢᠷᠢ ᠶᠢᠨ ᠬᠠᠷᠢᠴᠠᠯ ᠢ ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠂ ᠠᠩᠬ᠎ᠠ ᠵᠡᠷᠭᠡ ᠶᠢᠨ ᠠᠵᠢᠯ ᠤᠨ | ᠪᠠᠶᠢᠷᠢ ᠶᠢᠨ ᠲᠤᠭ᠎ᠠ ᠶᠢ ᠪᠠᠭᠠᠰᠬᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠬᠢᠨᠠᠨ ᠲᠣᠭᠲᠠᠭᠠᠭᠰᠠᠨ ᠠᠵᠢᠯ ᠤᠨ | ᠪᠠᠶᠢᠷᠢ ᠶᠢᠨ ᠶᠡᠷᠦᠩᠬᠡᠢ ᠬᠡᠮᠵᠢᠶ᠎ᠡ᠂ ᠪᠦᠲᠦᠴᠡ ᠶᠢᠨ ᠬᠠᠷᠢᠴᠠᠯ ᠪᠣᠯᠣᠨ ᠬᠠᠮᠤᠭ ᠤᠨ ᠦᠨᠳᠦᠷ ᠠᠵᠢᠯ ᠤᠨ ᠪᠠᠶᠢᠷᠢ ᠶᠢᠨ | ᠳᠡᠰ ᠵᠡᠷᠭᠡ ᠶᠢᠨ ᠬᠢᠵᠠᠭᠠᠷᠯᠠᠭᠰᠠᠨ ᠲᠤᠭ᠎ᠠ ᠳᠤᠲᠤᠷ᠎ᠠ᠂ ᠡᠯᠰᠡᠨ ᠬᠡᠷᠡᠭᠯᠡᠬᠦ ᠨᠦᠬᠦᠴᠡᠯ ᠢ ᠡᠵᠡᠨ ᠮᠡᠳᠡᠨ ᠲᠣᠭᠲᠠᠭᠠᠵᠤ᠂ | ᠡᠵᠡᠨ ᠮᠡᠳᠡᠵᠦ ᠤᠷᠢᠨ ᠬᠡᠷᠡᠭᠯᠡᠵᠦ ᠪᠣᠯᠣᠨ᠎ᠠ᠃ | ︵ᠵᠢᠷᠭᠤᠭ᠎ᠠ︶ ᠮᠤᠩᠭᠤᠯ ᠢᠶᠠᠷ ᠬᠢᠴᠢᠶᠡᠯᠯᠡᠵᠦ ᠪᠠᠶᠢᠭ᠎ᠠ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠷᠠᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠮᠣᠩᠭᠤᠯ ᠢᠶᠠᠷ ᠬᠢᠴᠢᠶᠡᠯᠯᠡᠬᠦ ᠡᠯ᠎ᠡ ᠬᠢᠴᠢᠶᠡᠯ | ᠰᠢᠨᠵᠢᠯᠡᠭᠡᠨ ᠤ ᠲᠤᠰᠬᠠᠢ ᠮᠡᠷᠭᠡᠵᠢᠯ ᠤᠨ ᠪᠠᠭᠰᠢ ᠶᠢᠨ ᠡᠩᠨᠡᠭᠡ ᠶᠢᠨ ᠪᠦᠲᠦᠴᠡ ᠶᠢᠨ ᠴᠢᠨᠠᠷᠲᠠᠢ ᠳᠤᠲᠠᠭᠤᠳᠠᠯ᠂ | ᠨᠠᠰᠤᠨ ᠤ ᠪᠦᠲᠦᠴᠡ ᠨᠢ ᠵᠦᠢ ᠵᠣᠬᠢᠰ ᠦᠭᠡᠢ᠂ ᠨᠦᠬᠦᠪᠦᠷᠢᠯᠡᠬᠦ ᠲᠣᠭᠲᠠᠴᠠ ᠨᠢ ᠪᠦᠷᠢᠨ ᠲᠡᠭᠦᠯᠳᠡᠷ ᠪᠤᠰᠤ ᠵᠡᠷᠭᠡ | ᠲᠠᠯ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠳᠡᠮᠵᠢᠵᠦ᠂ ᠮᠣᠩᠭᠤᠯ ᠢᠶᠠᠷ ᠬᠢᠴᠢᠶᠡᠯᠯᠡᠵᠦ ᠪᠠᠶᠢᠭ᠎ᠠ ᠪᠠᠭᠰᠢ ᠶᠢᠨ | ᠰᠤᠩᠭᠤᠵᠤ ᠤᠷᠢᠬᠤ ᠳᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠮᠣᠩᠭᠤᠯ ᠢᠶᠠᠷ ᠬᠢᠴᠢᠶᠡᠯᠯᠡᠵᠦ ᠪᠠᠶᠢᠭ᠎ᠠ | ᠢᠳᠡᠷ ᠵᠠᠯᠠᠭᠤ ᠪᠠᠭᠰᠢ ᠨᠠᠷ ᠢ ᠲᠦᠯᠦᠪᠯᠡᠭᠡ ᠲᠠᠢ ᠪᠠᠷ ᠰᠤᠩᠭᠤᠨ ᠲᠣᠮᠢᠯᠠᠵᠤ ᠤᠯᠤᠰ ᠤᠨ ᠭᠠᠳᠠᠭᠠᠲᠤ ᠪᠠ | ᠤᠯᠤᠰ ᠤᠨ ᠭᠤᠣᠯᠳᠠᠯᠭ᠎ᠠ ᠲᠠᠢ ᠳᠡᠭᠡᠳᠦ ᠵᠡᠷᠭᠡ ᠶᠢᠨ ᠰᠤᠷᠭᠠᠭᠤᠯᠢ᠂ ᠡᠷᠳᠡᠮ ᠰᠢᠨᠵᠢᠯᠡᠭᠡᠨ ᠤ ᠬᠦᠷᠢᠶᠡᠯᠡᠩ | ᠭᠠᠵᠠᠷ ᠲᠤ ᠣᠴᠢᠭᠤᠯᠤᠨ ᠰᠤᠷᠤᠯᠴᠠᠭᠤᠯᠬᠤ ᠪᠠ ᠰᠤᠳᠤᠯᠤᠨ ᠰᠤᠷᠤᠯᠴᠠᠭᠤᠯᠤᠨ᠎ᠠ᠃ | ᠳᠥᠷᠪᠡ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠲᠦᠷᠭᠡᠳᠭᠡᠨ ᠠᠬᠢᠭᠤᠯᠵᠤ᠂ ᠰᠤᠷᠭᠠᠭᠤᠯᠢ | ᠡᠷᠬᠢᠯᠡᠬᠦ ᠣᠨᠣᠯᠵᠢᠬᠤᠨ ᠢᠶᠠᠨ ᠦᠨᠡᠨᠬᠦ ᠬᠤᠪᠢᠷᠠᠭᠤᠯᠤᠨ᠎ᠠ | ︵ᠨᠢᠭᠡ︶ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠳᠤ | ᠰᠠᠨᠠᠭᠠᠴᠢᠯᠠᠭ᠎ᠠ ᠠᠴᠠ ᠪᠠᠨ ᠵᠣᠬᠢᠴᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢ ᠬᠦᠲᠦᠯᠦᠨ ᠵᠢᠯᠤᠭᠤᠳᠴᠤ | ᠪᠠᠶᠢᠭᠠᠳ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠢᠳᠡᠪᠬᠢᠲᠡᠢ ᠪᠠᠷ ᠵᠣᠬᠢᠴᠠᠭᠤᠯᠵᠤ᠂ | ᠰᠤᠷᠭᠠᠭᠤᠯᠢ ᠡᠷᠬᠢᠯᠡᠬᠦ ᠪᠠᠶᠢᠷᠢ ᠲᠣᠭᠲᠠᠭᠠᠯᠲᠠ ᠪᠠᠨ ᠲᠤᠳᠤᠷᠬᠠᠶᠢᠯᠠᠨ᠂ ᠰᠤᠷᠭᠠᠭᠤᠯᠢ ᠡᠷᠬᠢᠯᠡᠬᠦ ᠰᠡᠳᠬᠢᠮᠵᠢ ᠪᠠᠨ | ᠦᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠬᠤ ᠬᠥᠭᠵᠢᠯᠲᠡ ᠳᠤ | ᠦᠢᠯᠡᠴᠢᠯᠡᠬᠦ ᠳᠡᠭᠡᠷ᠎ᠡ ᠦᠨᠡᠨᠬᠦ ᠰᠢᠯᠵᠢᠭᠦᠯᠵᠦ᠂ ᠬᠡᠷᠡᠭᠯᠡᠭᠡᠨ ᠤ ᠬᠡᠯᠪᠡᠷᠢ ᠶᠢᠨ ᠰᠠᠭᠤᠷᠢ ᠮᠡᠷᠭᠡᠵᠢᠯ ᠴᠢᠳᠠᠪᠤᠷᠢ ᠶᠢᠨ | ᠴᠢᠳᠠᠪᠤᠷᠢᠲᠠᠨ ᠢ ᠬᠦᠮᠦᠵᠢᠭᠦᠯᠬᠦ ᠳᠡᠭᠡᠷ᠎ᠡ ᠰᠢᠯᠵᠢᠭᠦᠯᠦᠨ᠂ ᠰᠤᠷᠤᠭᠴᠢᠳ ᠤᠨ ᠠᠵᠢᠯ ᠣᠯᠵᠤ ᠠᠳᠠᠯ ᠦᠢᠯᠡᠰ | ᠴᠤᠭᠴᠠᠯᠠᠬᠤ ᠴᠢᠳᠠᠪᠤᠷᠢ ᠶᠢ ᠳᠡᠭᠡᠭᠰᠢᠯᠡᠭᠦᠯᠬᠦ ᠳᠡᠭᠡᠷ᠎ᠡ ᠰᠢᠯᠵᠢᠭᠦᠯᠦᠨ᠎ᠡ᠃ ᠦᠪᠡᠷᠲᠡᠭᠡᠨ ᠵᠠᠰᠠᠬᠤ ᠣᠷᠣᠨ ᠤ ᠠᠵᠤ | ᠠᠬᠤᠢ ᠨᠡᠶᠢᠭᠡᠮ ᠤᠨ ᠬᠥᠭᠵᠢᠯᠲᠡ ᠳᠤ ᠰᠠᠨᠠᠭᠠᠴᠢᠯᠠᠭ᠎ᠠ ᠲᠠᠢ ᠪᠠᠷ ᠦᠢᠯᠡᠴᠢᠯᠡᠵᠦ᠂ ᠰᠢᠨ᠎ᠡ ᠶᠢ ᠡᠭᠦᠳᠬᠦ ᠪᠠᠷ | ᠬᠥᠭᠵᠢᠯᠲᠡ ᠶᠢᠨ ᠬᠦᠳᠡᠯᠭᠡᠭᠦᠷ ᠪᠣᠯᠭᠠᠭᠰᠠᠨ᠂ ᠳᠤᠮᠳᠠᠳᠤ ᠤᠯᠤᠰ ᠦᠢᠯᠡᠳᠬᠦ 2025᠂ ᠢᠨᠲ᠋ᠧᠷ ᠰᠦᠯᠵᠢᠶ᠎ᠡ +᠂ | ᠲᠦᠭ ᠲᠦᠮᠡᠨ ᠢᠶᠠᠷ ᠢᠶᠠᠨ ᠠᠳᠠᠯ ᠦᠢᠯᠡᠰ ᠴᠤᠭᠴᠠᠯᠠᠨ ᠲᠦᠮᠡᠨ ᠤᠯᠠᠨ ᠢᠶᠠᠷ ᠢᠶᠠᠨ ᠰᠢᠨ᠎ᠡ ᠶᠢ ᠡᠭᠦᠳᠬᠦ᠂ ︽ᠨᠢᠭᠡ | ᠪᠦᠰᠡ ᠨᠢᠭᠡ ᠵᠠᠮ︾ ᠵᠡᠷᠭᠡ ᠴᠢᠬᠤᠯᠠ ᠶᠡᠭᠡ ᠪᠠᠶᠢᠯᠳᠤᠬᠤ ᠪᠣᠳᠤᠯᠭ᠎ᠠ ᠲᠠᠢ ᠨᠢᠭᠲᠠ ᠤᠶᠠᠯᠳᠤᠭᠤᠯᠤᠨ᠂ ᠦᠪᠡᠷᠲᠡᠭᠡᠨ | ᠵᠠᠰᠠᠬᠤ ᠣᠷᠣᠨ ᠤ ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ᠂ ᠮᠡᠳᠡᠭᠡ ᠵᠠᠩᠬᠢᠵᠢᠯᠲᠠ᠂ ᠬᠤᠲᠠ | ᠪᠠᠯᠭᠠᠰᠤᠵᠢᠯᠲᠠ᠂ ᠲᠠᠷᠢᠶᠠᠯᠠᠩ ᠮᠠᠯ ᠠᠵᠤ ᠠᠬᠤᠢ ᠶᠢᠨ ᠤᠳᠤᠬᠢᠴᠢᠯᠠᠯᠲᠠ᠂ ᠪᠣᠬᠢᠷᠳᠤᠯ ᠦᠭᠡᠶᠢᠵᠢᠭᠦᠯᠬᠦ ᠶᠢ ᠵᠡᠷᠭᠡᠪᠡᠷ | ᠬᠥᠭᠵᠢᠭᠦᠯᠬᠦ ᠶᠢ ᠠᠬᠢᠭᠤᠯᠵᠤ᠂ ᠲᠠᠯ᠎ᠠ ᠨᠤᠲᠤᠭ ᠤᠨ ᠠᠮᠢ ᠠᠬᠤᠢ᠂ ᠬᠤᠪᠤᠷ ᠰᠢᠷᠤᠢ ᠶᠢ ᠶᠡᠷᠦᠩᠬᠡᠶᠢᠯᠡᠨ ᠠᠰᠢᠭᠯᠠᠬᠤ | ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠮᠣᠩᠭᠤᠯ ᠬᠢᠲᠠᠳ ᠡᠮ ᠡᠮᠨᠡᠯᠭᠡ᠂ ᠴᠡᠪᠡᠷ ᠡᠨᠧᠷᠬᠢ ᠶᠢ ᠨᠡᠭᠡᠭᠡᠨ | ᠬᠥᠭᠵᠢᠭᠦᠯᠬᠦ ᠪᠠ ᠠᠰᠢᠭᠯᠠᠬᠤ᠂ ᠮᠣᠩᠭᠤᠯ ᠬᠡᠯᠡ ᠪᠣᠯᠣᠨ ᠮᠡᠳᠡᠭᠡ ᠵᠠᠩᠭᠢ ᠶᠢ ᠰᠢᠢᠳᠪᠦᠷᠢᠯᠡᠬᠦ ᠵᠡᠷᠭᠡ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠪᠣᠯᠣᠨ ᠮᠡᠷᠭᠡᠵᠢᠯ ᠤᠨ ᠲᠣᠭᠤᠷᠢᠨ ᠳᠤ᠂ ᠠᠵᠤ ᠦᠢᠯᠡᠰ ᠰᠤᠷᠭᠠᠨ | ᠬᠦᠮᠦᠵᠢᠯ ᠢ ᠠᠭᠤᠰᠤᠯᠴᠠᠭᠤᠯᠬᠤ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ ᠪᠠᠷ ᠰᠢᠪᠲᠤᠯᠤᠯᠲᠠ ᠶᠢᠨ ᠴᠡᠭ | ᠪᠣᠯᠭᠠᠵᠤ᠂ ᠰᠤᠷᠭᠠᠭᠤᠯᠢ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠠᠬᠢᠭᠤᠯᠤᠨ᠎ᠠ᠃ ᠦᠪᠡᠷᠲᠡᠭᠡᠨ | ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠪᠠ ᠳᠡᠭᠡᠳᠦ ᠵᠡᠷᠭᠡ ᠶᠢᠨ | ᠰᠤᠷᠭᠠᠨ ᠬᠦᠮᠦᠵᠢᠯ ᠤᠨ ᠪᠦᠬᠦ ᠲᠠᠯ᠎ᠠ ᠶᠢᠨ ᠪᠠᠶᠢᠷᠢᠰᠢᠭᠤᠯᠤᠯᠲᠠ ᠶᠢ ᠦᠨᠳᠦᠰᠦᠯᠡᠨ᠂ ᠬᠡᠯᠪᠡᠷᠢ ᠪᠠᠨ ᠬᠤᠪᠢᠷᠠᠭᠤᠯᠤᠨ | ᠬᠥᠭᠵᠢᠭᠦᠯᠬᠦ ᠶᠢᠨ ᠬᠡᠷᠡᠭᠵᠢᠭᠦᠯᠬᠦ ᠲᠦᠰᠦᠯ ᠢ ᠲᠣᠭᠲᠠᠭᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠠᠵᠢᠯ ᠢ | ᠢᠳᠡᠪᠬᠢᠲᠡᠢ ᠪᠦᠭᠡᠳ ᠯᠠᠪᠳᠠᠭᠤᠨ ᠢᠶᠠᠷ ᠠᠬᠢᠭᠤᠯᠤᠨ᠎ᠠ᠃ ᠬᠡᠯᠪᠡᠷᠢ ᠪᠠᠨ ᠬᠤᠪᠢᠷᠠᠭᠤᠯᠬᠤ ᠲᠣᠷᠰᠢᠯᠲᠠ ᠶᠢᠨ ᠴᠢᠬ ᠤᠨ | ᠳᠡᠭᠡᠳᠦ ᠰᠤᠷᠭᠠᠭᠤᠯᠢ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠬᠡᠯᠪᠡᠷᠢᠲᠦ ᠳᠡᠭᠡᠳᠦ | ᠰᠤᠷᠭᠠᠭᠤᠯᠢ ᠶᠢᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ᠎ᠡ᠃ ᠳᠤᠮᠳᠠ ᠳᠡᠭᠡᠳᠦ ᠵᠡᠷᠭᠡ ᠶᠢᠨ ᠠᠵᠢᠯ | ᠮᠡᠷᠭᠡᠵᠢᠯ ᠤᠨ ᠰᠤᠷᠭᠠᠨ ᠬᠦᠮᠦᠵᠢᠯ ᠯᠦᠭᠡ ᠵᠤᠯᠭᠠᠭᠤᠯᠬᠤ ᠶᠢ ᠴᠢᠩᠭᠠᠳᠬᠠᠵᠤ᠂ ᠳᠡᠭᠡᠳᠦ ᠳᠡᠰ ᠳᠠᠪᠬᠤᠷᠭ᠎ᠠ ᠶᠢᠨ | ᠮᠡᠷᠭᠡᠵᠢᠯ ᠪᠣᠯᠣᠨ ᠮᠡᠷᠭᠡᠵᠢᠯ ᠴᠢᠳᠠᠪᠤᠷᠢ ᠶᠢᠨ ᠬᠡᠯᠪᠡᠷᠢᠲᠦ ᠴᠢᠳᠠᠪᠤᠷᠢᠲᠠᠨ ᠢ ᠬᠦᠮᠦᠵᠢᠭᠦᠯᠦᠨ᠎ᠡ᠃ ᠦᠪᠡᠷᠲᠡᠭᠡᠨ | ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠷᠠᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠲᠡᠭᠦᠰᠦᠭᠰᠡᠳ ᠤᠨ | ᠠᠵᠢᠯ ᠣᠯᠭᠤᠯᠲᠠ ᠶᠢᠨ ᠬᠠᠷᠢᠭᠤ ᠲᠤᠰᠬᠠᠯ ᠤᠨ ᠲᠣᠭᠲᠠᠴᠠ ᠶᠢ ᠪᠠᠶᠢᠭᠤᠯᠤᠨ᠂ ᠲᠤᠮᠤ ᠳ᠋ᠡᠶᠢᠲ᠋ᠠ ᠶᠢ ᠠᠰᠢᠭᠯᠠᠵᠤ᠂ | ᠣᠷᠣᠨ ᠪᠦᠰᠡ᠂ ᠠᠵᠢᠯ ᠲᠦᠷᠦᠯ ᠤᠨ ᠬᠠᠨᠳᠤᠰᠢ ᠳᠤ ᠵᠠᠳᠠᠯᠤᠯᠲᠠ ᠬᠢᠬᠦ ᠪᠠᠨ ᠴᠢᠩᠭᠠᠳᠬᠠᠨ᠂ ᠳᠡᠭᠡᠳᠦ ᠵᠡᠷᠭᠡ ᠶᠢᠨ | ᠰᠤᠷᠭᠠᠭᠤᠯᠢ ᠶᠢᠨ ᠬᠢᠴᠢᠶᠡᠯ ᠰᠢᠨᠵᠢᠯᠡᠭᠡᠨ ᠤ ᠪᠠᠶᠢᠷᠢᠯᠠᠭᠤᠯᠤᠯᠲᠠ ᠶᠢ ᠲᠣᠬᠢᠷᠠᠭᠤᠯᠤᠨ ᠰᠢᠯᠢᠳᠡᠭᠵᠢᠭᠦᠯᠵᠦ᠂ | ᠰᠤᠷᠭᠠᠭᠤᠯᠢ ᠡᠷᠬᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ ᠳᠤ ᠦᠨᠳᠦᠰᠦ ᠪᠠᠷᠢᠮᠲᠠ ᠬᠠᠩᠭᠠᠨ᠎ᠠ᠃ | ︵ᠬᠤᠶᠠᠷ︶ ᠭᠠᠳᠠᠭᠠᠲᠤ ᠲᠠᠢ ᠴᠢᠯᠦᠭᠡᠲᠡᠢ ᠶᠠᠪᠤᠯᠴᠠᠨ ᠰᠤᠷᠭᠠᠭᠤᠯᠢ ᠡᠷᠬᠢᠯᠡᠬᠦ ᠶᠢ ᠲᠠᠰᠤᠷᠠᠯᠲᠠ ᠦᠭᠡᠢ | ᠥᠷᠭᠡᠳᠭᠡᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠦᠨᠳᠦᠷ ᠬᠢᠷᠢ ᠬᠡᠮᠵᠢᠶ᠎ᠡ ᠲᠠᠢ ᠪᠦᠭᠡᠳ ᠴᠢᠨᠠᠷᠯᠢᠭ ᠰᠠᠶᠢᠨ | ᠣᠯᠠᠨ ᠤᠯᠤᠰ ᠤᠨ ᠰᠤᠯᠢᠯᠴᠠᠭ᠎ᠠ ᠪᠣᠯᠣᠨ ᠬᠠᠮᠲᠤᠷᠠᠯᠴᠠᠭ᠎ᠠ ᠶᠢ ᠦᠷᠨᠢᠭᠦᠯᠬᠦ ᠶᠢ ᠬᠦᠲᠦᠯᠦᠨ ᠵᠢᠯᠤᠭᠤᠳᠬᠤ ᠪᠠ | ᠳᠡᠮᠵᠢᠵᠦ᠂ ᠰᠤᠷᠭᠠᠭᠤᠯᠢ ᠡᠷᠬᠢᠯᠡᠬᠦ ᠶᠢᠨ ᠪᠤᠳᠠᠳᠤ ᠬᠦᠴᠦᠨ᠂ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢ ᠠᠬᠢᠭᠤᠯᠤᠨ᠎ᠠ᠃ ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠤᠯᠭ᠎ᠠ ᠶᠢᠨ | ᠲᠣᠭᠤᠷᠢᠨ ᠳᠤ ᠳᠤᠮᠳᠠᠳᠤ ᠮᠤᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠪᠠᠶᠢᠭᠤᠯᠤᠯᠲᠠ ᠶᠢ | ᠠᠬᠢᠭᠤᠯᠤᠨ᠎ᠠ᠃ ᠦᠪᠦᠷ ᠮᠣᠩᠭᠤᠯ ᠤᠨ ᠭᠠᠵᠠᠷ ᠵᠦᠢ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠦᠪᠡᠷᠲᠡᠭᠡᠨ | ᠵᠠᠰᠠᠬᠤ ᠣᠷᠣᠨ ᠤ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠭᠠᠳᠠᠭᠠᠲᠤ ᠲᠠᠢ ᠴᠢᠯᠦᠭᠡᠲᠡᠢ ᠶᠠᠪᠤᠯᠴᠠᠬᠤ | ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠭᠠᠳᠠᠭᠠᠲᠤ ᠲᠠᠢ | ᠴᠢᠯᠦᠭᠡᠲᠡᠢ ᠶᠠᠪᠤᠯᠴᠠᠬᠤ ᠣᠨᠴᠠᠯᠢᠭ ᠪᠠ ᠨᠡᠷᠡᠲᠦ ᠲᠦᠷᠦᠯ ᠲᠡᠮᠲᠡᠭᠲᠦ ᠶᠢ ᠪᠣᠢ ᠪᠣᠯᠭᠠᠨ᠎ᠠ᠃ ᠮᠣᠩᠭᠤᠯ ᠤᠯᠤᠰ᠂ | ᠣᠷᠣᠰ ᠵᠢᠴᠢ ᠪᠤᠰᠤᠳ ᠤᠯᠤᠰ ᠤᠨ ᠤᠯᠤᠰ ᠤᠨ ᠢᠯᠭᠠᠯ ᠪᠠ ᠣᠷᠣᠨ ᠪᠦᠰᠡ ᠶᠢᠨ ᠰᠤᠳᠤᠯᠭᠠᠨ ᠢ ᠭᠦᠨᠵᠡᠭᠡᠢ | ᠦᠷᠨᠢᠭᠦᠯᠵᠦ᠂ ︽ᠮᠣᠩᠭᠤᠯ ᠤᠯᠤᠰ ᠤᠨ ᠰᠤᠳᠤᠯᠭᠠᠨ ᠤ ᠲᠥᠪ︾ ᠤᠨ ᠪᠠᠶᠢᠭᠤᠯᠤᠯᠲᠠ ᠶᠢ ᠠᠬᠢᠭᠤᠯᠤᠨ᠎ᠠ᠃ | ᠳᠡᠭᠡᠳᠦ ᠵᠡᠷᠭᠡ ᠶᠢᠨ ᠰᠤᠷᠭᠠᠭᠤᠯᠢ ᠶᠢᠨ ᠡᠯ᠎ᠡ ᠲᠦᠷᠦᠯ ᠤᠨ ᠰᠤᠷᠤᠯᠭ᠎ᠠ ᠶᠢᠨ ᠱᠠᠩᠨᠠᠯ ᠤᠨ ᠮᠦᠩᠭᠦ ᠶᠢ ᠠᠰᠢᠭᠯᠠᠨ᠂ | ᠭᠠᠳᠠᠭᠠᠲᠤ ᠳᠤ ᠰᠤᠷᠤᠯᠴᠠᠬᠤ ᠰᠤᠷᠤᠭᠴᠢ ᠶᠢᠨ ᠬᠡᠪᠴᠢᠶᠡᠵᠢᠯ ᠢ ᠥᠷᠭᠡᠳᠭᠡᠵᠦ᠂ ᠪᠡᠭᠡᠵᠢᠩ ᠲᠢᠶᠠᠨᠵᠢᠨ ᠾᠧᠪᠧᠢ ᠶᠢ | ᠵᠣᠬᠢᠴᠠᠯᠳᠤᠭᠤᠯᠤᠨ ᠬᠥᠭᠵᠢᠭᠦᠯᠬᠦ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠣᠷᠣᠨ ᠤ ᠭᠠᠳᠠᠨᠠᠬᠢ ᠳᠡᠭᠡᠳᠦ | ᠰᠤᠷᠭᠠᠭᠤᠯᠢ ᠯᠤᠭ᠎ᠠ ᠭᠤᠣᠯᠳᠠᠯᠭ᠎ᠠ ᠲᠠᠢ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ᠂ ᠪᠠᠭᠰᠢ ᠶᠢᠨ ᠰᠤᠯᠢᠯᠴᠠᠭ᠎ᠠ᠂ | ᠬᠤᠯᠪᠣᠭᠠᠯᠠᠨ ᠰᠤᠷᠭᠠᠭᠤᠯᠢ ᠡᠷᠬᠢᠯᠡᠬᠦ ᠵᠡᠷᠭᠡ ᠲᠠᠯ᠎ᠠ ᠪᠠᠷ ᠬᠢ ᠬᠠᠮᠲᠤᠷᠯᠠᠴᠠᠭᠠ ᠶᠢ ᠴᠢᠩᠭᠠᠳᠬᠠᠨ᠎ᠠ᠃ ᠦᠪᠦᠷ | ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠦᠪᠦᠷ ᠮᠣᠩᠭᠤᠯ ᠤᠨ ᠶᠡᠭᠡ ᠰᠤᠷᠭᠠᠭᠤᠯᠢ᠂ ᠦᠪᠦᠷ ᠮᠣᠩᠭᠤᠯ ᠤᠨ | ᠦᠨᠳᠦᠰᠦᠲᠡᠨ ᠤ ᠶᠡᠭᠡ ᠰᠤᠷᠭᠠᠭᠤᠯᠢ ᠵᠡᠷᠭᠡ ᠨᠦᠬᠦᠴᠡᠯ ᠢᠶᠠᠷ ᠪᠣᠯᠪᠠᠰᠤᠷᠠᠩᠭᠤᠢ ᠳᠡᠭᠡᠳᠦ ᠵᠡᠷᠭᠡ ᠶᠢᠨ | ᠰᠤᠷᠭᠠᠭᠤᠯᠢ ᠶᠢᠨ ᠬᠢᠯᠢ ᠶᠢᠨ ᠭᠠᠳᠠᠨᠠᠬᠢ ᠶᠡᠭᠡ ᠰᠤᠷᠭᠠᠭᠤᠯᠢ ᠯᠤᠭ᠎ᠠ ᠬᠠᠮᠲᠤᠷᠠᠯᠴᠠᠭ᠎ᠠ ᠪᠠᠶᠢᠭᠤᠯᠤᠨ ᠰᠠᠭᠤᠷᠢ ᠰᠤᠷᠭᠠᠨ | ᠬᠦᠮᠦᠵᠢᠯ ᠤᠨ ᠰᠤᠷᠭᠠᠭᠤᠯᠢ᠂ ᠮᠣᠩᠭᠤᠯ ᠡᠮ ᠡᠮᠨᠡᠯᠭᠡ ᠶᠢᠨ ᠳᠡᠭᠡᠳᠦ ᠰᠤᠷᠭᠠᠭᠤᠯᠢ᠂ ᠤᠯᠠᠮᠵᠢᠯᠠᠯᠲᠤ ᠮᠤᠩᠭᠤᠯ | ᠬᠡᠯᠡ ᠶᠢᠨ ᠳᠡᠭᠡᠳᠦ ᠰᠤᠷᠭᠠᠭᠤᠯᠢ ᠪᠠᠶᠢᠭᠤᠯᠬᠤ ᠶᠢ ᠳᠡᠮᠵᠢᠨ᠎ᠡ᠃ ᠰᠤᠷᠭᠠᠨ ᠬᠦᠮᠦᠵᠢᠯ ᠤᠨ ᠶᠠᠮᠦᠨ ᠤ ︽ᠴᠢᠯᠦᠭᠡᠲᠡᠢ | ᠶᠠᠪᠤᠯᠴᠠᠬᠤ ᠶᠡᠭᠡ ᠰᠤᠷᠭᠠᠭᠤᠯᠢ ᠶᠢ ᠰᠠᠶᠢᠲᠤᠷ ᠡᠷᠬᠢᠯᠡᠬᠦ ᠲᠣᠬᠠᠢ ᠰᠠᠨᠠᠯ︾ ︵ᠰᠤᠷᠭᠠᠨ ᠠᠵᠢᠯᠲᠠᠨ ᠨᠠᠰᠤᠨ ᠳᠤ | ᠬᠦᠷᠦᠭᠰᠡᠨ ﹇2016﹈ 2 ᠳ᠋ᠤᠭᠠᠷ ᠲᠣᠭᠠᠲᠤ︶ ᠢ ᠨᠠᠶᠢᠳᠠᠪᠤᠷᠢᠵᠢᠭᠤᠯᠵᠤ᠂ ᠦᠪᠦᠷ ᠮᠣᠩᠭᠤᠯ ᠤᠨ ᠷᠠᠳᠢᠣ᠋ | ᠲᠧᠯᠸᠢᠰ ᠤᠨ ᠶᠡᠭᠡ ᠰᠤᠷᠭᠠᠭᠤᠯᠢ ᠶᠢᠨ ᠴᠢᠨᠠᠷᠯᠢᠭ ᠪᠦᠭᠡᠳ ᠲᠥᠷᠭᠡᠨ ᠬᠥᠭᠵᠢᠯᠲᠡ ᠶᠢ ᠠᠬᠢᠭᠤᠯᠤᠨ᠎ᠠ᠃ | ︵ᠭᠤᠷᠪᠠ︶ ᠠᠵᠤ ᠦᠢᠯᠡᠰ ᠪᠠ ᠰᠤᠷᠭᠠᠨ ᠬᠦᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠶᠢ | ᠠᠬᠢᠭᠤᠯᠤᠨ᠎ᠠ᠃ ᠠᠵᠤ ᠦᠢᠯᠡᠰ ᠪᠠ ᠰᠤᠷᠭᠠᠨ ᠬᠦᠮᠦᠵᠢᠯ ᠢ ᠠᠭᠤᠰᠤᠯᠴᠠᠭᠤᠯᠤᠨ ᠬᠥᠭᠵᠢᠭᠦᠯᠬᠦ ᠢᠨᠵᠧᠨᠧᠷᠢᠩ ᠢ | ᠭᠦᠨᠵᠡᠭᠡᠢ ᠬᠡᠷᠡᠭᠵᠢᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠴᠢᠳᠠᠪᠤᠷᠢᠲᠠᠨ ᠤ ᠬᠦᠮᠦᠵᠢᠭᠦᠯᠦᠯ᠂ ᠰᠢᠨᠵᠢᠯᠡᠬᠦ | ᠤᠬᠠᠭᠠᠨ ᠤ ᠰᠤᠳᠤᠯᠭᠠᠨ᠂ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠵᠡᠷᠭᠡ ᠲᠠᠯ᠎ᠠ ᠪᠠᠷ ᠦᠪᠡᠷᠲᠡᠭᠡᠨ ᠵᠠᠰᠠᠬᠤ | ᠣᠷᠣᠨ ᠤ ᠬᠠᠮᠢᠶ᠎ᠠ ᠪᠦᠬᠦᠢ ᠠᠵᠤ ᠦᠢᠯᠡᠰ ᠤᠨ ᠬᠥᠭᠵᠢᠯᠲᠡ ᠯᠦᠭᠡ ᠬᠠᠷᠢᠯᠴᠠᠨ ᠠᠭᠤᠰᠤᠯᠴᠠᠭᠤᠯᠬᠤ ᠶᠢ | ᠵᠣᠷᠢᠬᠵᠢᠭᠤᠯᠤᠨ ᠳᠡᠮᠵᠢᠵᠦ᠂ ᠠᠳᠠᠯᠢ ᠪᠤᠰᠤ ᠴᠢᠭᠯᠡᠯ ᠪᠠ ᠬᠦᠷᠢᠶ᠎ᠡ ᠴᠠᠷᠠᠭᠠᠨ ᠳᠤ ᠲᠦᠷᠦᠯ ᠬᠤᠪᠢᠶᠠᠨ ᠬᠥᠭᠵᠢᠭᠦᠯᠵᠦ | ᠂ ᠣᠨᠴᠠᠯᠢᠭ ᠲᠠᠢ ᠡᠷᠬᠢᠯᠡᠨ᠂ ᠲᠡᠷᠢᠭᠦᠨ ᠤ ᠳᠡᠰ ᠢ ᠴᠢᠷᠮᠠᠶᠢᠨ ᠡᠭᠦᠳᠴᠦ᠂ ᠦᠪᠡᠷᠲᠡᠭᠡᠨ ᠵᠠᠰᠠᠬᠤ ᠣᠷᠣᠨ ᠤ ᠳᠡᠭᠡᠳᠦ | ᠵᠡᠷᠭᠡ ᠶᠢᠨ ᠰᠤᠷᠭᠠᠨ ᠬᠦᠮᠦᠵᠢᠯ ᠤᠨ ᠠᠵᠤ ᠠᠬᠤᠢ ᠨᠡᠶᠢᠭᠡᠮ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠳᠤ | ᠦᠢᠯᠡᠴᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠰᠤᠷᠭᠠᠭᠤᠯᠢ ᠪᠣᠯᠣᠨ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠵᠣᠬᠢᠴᠠᠯᠳᠤᠭᠤᠯᠤᠨ ᠠᠬᠢᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠳᠡᠭᠡᠳᠦ | ᠵᠡᠷᠭᠡ ᠶᠢᠨ ᠰᠤᠷᠭᠠᠭᠤᠯᠢ ᠶᠢᠨ ᠬᠠᠮᠢᠶ᠎ᠠ ᠪᠦᠬᠦᠢ ᠠᠵᠢᠯ ᠲᠦᠷᠦᠯ ᠠᠵᠤ ᠠᠬᠤᠶᠢᠯᠠᠯ ᠯᠤᠭ᠎ᠠ ᠬᠠᠮᠲᠤᠪᠠᠷ ᠲᠤᠰᠬᠠᠢ | ᠮᠡᠷᠭᠡᠵᠢᠯ ᠪᠠᠶᠢᠭᠤᠯᠬᠤ᠂ ᠴᠢᠳᠠᠪᠤᠷᠢᠲᠠᠨ ᠬᠦᠮᠦᠵᠢᠭᠦᠯᠬᠦ ᠲᠦᠰᠦᠯ᠂ ᠬᠢᠴᠢᠶᠡᠯ ᠤᠨ ᠪᠠᠶᠢᠷᠢᠯᠠᠭᠤᠯᠤᠯᠲᠠ ᠶᠢ | ᠲᠣᠭᠲᠠᠭᠠᠨ ᠲᠡᠭᠦᠯᠳᠡᠷᠵᠢᠭᠦᠯᠬᠦ ᠶᠢ ᠵᠣᠷᠢᠬᠵᠢᠭᠤᠯᠤᠨ ᠳᠡᠮᠵᠢᠵᠦ᠂ ᠳᠠᠳᠤᠯᠭ᠎ᠠ ᠬᠢᠬᠦ ᠪᠣᠲᠠᠲᠠᠢ ᠪᠣᠯᠪᠠᠰᠤᠷᠠᠭᠤᠯᠤᠯ ᠤᠨ | ᠰᠠᠭᠤᠷᠢᠨ ᠭᠠᠵᠠᠷ ᠢ ᠬᠠᠮᠲᠤᠪᠠᠷ ᠪᠠᠶᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠳᠡᠭᠡᠳᠦ | ᠵᠡᠷᠭᠡ ᠶᠢᠨ ᠰᠤᠷᠭᠠᠭᠤᠯᠢ ᠳᠤ ᠰᠤᠳᠤᠯᠤᠨ ᠨᠡᠭᠡᠭᠡᠬᠦ ᠲᠥᠪ ᠪᠠᠶᠢᠭᠤᠯᠬᠤ ᠶᠢ ᠵᠣᠷᠢᠬᠵᠢᠭᠤᠯᠤᠨ ᠳᠡᠮᠵᠢᠵᠦ᠂ ᠬᠤᠶᠠᠷ | ᠡᠲᠡᠭᠡᠳ ᠢᠶᠠᠷ ᠢᠶᠠᠨ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠪᠠ ᠴᠢᠬᠤᠯᠠ ᠶᠡᠭᠡ ᠲᠦᠷᠦᠯ ᠵᠦᠢᠯ ᠢ | ᠰᠤᠳᠤᠯᠤᠨ ᠨᠡᠭᠡᠭᠡᠬᠦ ᠠᠵᠢᠯ ᠢ ᠬᠠᠮᠲᠤᠷᠠᠯᠴᠠᠨ ᠦᠷᠨᠢᠭᠦᠯᠦᠨ᠎ᠡ᠃ | ᠲᠠᠪᠤ᠂ ᠬᠠᠮᠢᠶᠠᠷᠤᠯᠲᠠ ᠶᠢᠨ ᠪᠠᠶᠢᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠤᠳᠤᠭᠠᠲᠤ ᠶᠢᠨ | ᠰᠤᠷᠭᠠᠭᠤᠯᠢ ᠡᠷᠬᠢᠯᠡᠬᠦ ᠬᠦᠳᠡᠯᠭᠡᠬᠦ ᠬᠦᠴᠦᠨ ᠢ ᠬᠥᠭᠵᠢᠭᠡᠨ᠎ᠡ | ︵ᠨᠢᠭᠡ︶ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠤᠨ᠎ᠠ᠃ ᠳᠡᠭᠡᠳᠦ | ᠵᠡᠷᠭᠡ ᠶᠢᠨ ᠰᠤᠷᠭᠠᠭᠤᠯᠢ ᠨᠢ ᠶᠡᠭᠡ ᠰᠤᠷᠭᠠᠭᠤᠯᠢ ᠶᠢᠨ ᠳᠦᠷᠢᠮ ᠲᠣᠭᠲᠠᠭᠠᠯ ᠢᠶᠠᠷ ᠰᠠᠭᠤᠷᠢ ᠪᠣᠯᠭᠠᠵᠤ᠂ ᠨᠠᠮ ᠤᠨ | ᠬᠤᠷᠢᠶ᠎ᠠ ᠶᠢᠨ ᠤᠳᠤᠷᠢᠳᠤᠯᠭ᠎ᠠ ᠳᠣᠣᠷᠠᠬᠢ ᠰᠤᠷᠭᠠᠭᠤᠯᠢ ᠶᠢᠨ ᠵᠠᠬᠢᠷᠤᠯ ᠤᠨ ᠬᠠᠷᠢᠭᠤᠴᠠᠯᠭ᠎ᠠ ᠶᠢᠨ ᠳᠦᠷᠢᠮ ᠢᠶᠠᠷ | ᠭᠤᠣᠯᠯᠠᠭᠴᠢ ᠪᠣᠯᠭᠠᠨ᠂ ᠡᠷᠳᠡᠮ ᠰᠢᠨᠵᠢᠯᠡᠭᠡᠨ ᠤ ᠺᠣᠮᠢᠰ᠂ ᠫᠷᠣᠹᠧᠰᠰᠣᠷ ᠤᠨ ᠺᠣᠮᠢᠰ᠂ ᠬᠡᠷᠡᠭ ᠡᠷᠬᠢᠯᠡᠭᠴᠢᠳ ᠤᠨ | ᠬᠤᠷᠠᠯ ᠢᠶᠠᠷ ᠲᠤᠯᠭᠠᠭᠤᠷᠢᠯᠠᠭᠰᠠᠨ ᠣᠳᠣ ᠦᠶ᠎ᠡ ᠶᠢᠨ ᠶᠡᠭᠡ ᠰᠤᠷᠭᠠᠭᠤᠯᠢ ᠶᠢᠨ ᠳᠦᠷᠢᠮ ᠤᠨ ᠪᠦᠬᠦᠯᠢ ᠴᠤᠭᠴᠠ ᠶᠢᠨ | ᠪᠤᠷᠣ ᠲᠥᠯᠦᠪ ᠢ ᠲᠦᠷᠭᠡᠳᠭᠡᠨ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠨᠠᠮ ᠤᠨ ᠬᠤᠷᠢᠶ᠎ᠠ ᠨᠢ | ᠤᠳᠤᠷᠢᠳᠬᠤ ᠭᠤᠣᠯᠯᠠᠭᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠵᠠᠬᠢᠷᠤᠯ ᠤᠨ | ᠡᠷᠬᠡ ᠲᠤᠰᠢᠶᠠᠯ ᠢᠶᠠᠨ ᠬᠠᠤᠯᠢ ᠶᠤᠰᠤᠭᠠᠷ ᠲᠤᠰᠠᠭᠠᠷ ᠬᠡᠷᠡᠭᠵᠢᠭᠦᠯᠬᠦ ᠶᠢ ᠳᠡᠮᠵᠢᠵᠦ᠂ ᠨᠠᠮ ᠤᠨ ᠬᠤᠷᠢᠶ᠎ᠠ ᠠᠴᠠ | ᠨᠢᠭᠡᠲᠦᠯᠲᠡᠢ ᠤᠳᠤᠷᠢᠳᠤᠬᠤ᠂ ᠨᠠᠮ ᠵᠠᠰᠠᠭ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠬᠤ᠂ ᠵᠣᠬᠢᠴᠠᠯᠳᠤᠭᠤᠯᠤᠨ | ᠠᠵᠢᠯᠯᠠᠭᠤᠯᠬᠤ ᠠᠵᠢᠯ ᠤᠨ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠤ ᠪᠠᠬᠢᠯᠡᠯᠲᠡ ᠶᠢᠨ ᠦᠢᠯᠡᠳᠦᠯ ᠪᠠ ᠨᠠᠮ ᠤᠨ ᠭᠡᠰᠢᠭᠦᠨ ᠤ | ᠬᠤᠰᠢᠭᠤᠴᠢ ᠵᠢᠱᠢᠶ᠎ᠡ ᠦᠢᠯᠡᠳᠦᠯ ᠢ ᠭᠦᠢᠴᠡᠳ ᠪᠠᠳᠠᠷᠠᠭᠤᠯᠵᠤ᠂ ᠳᠡᠭᠡᠳᠦ ᠰᠤᠷᠭᠠᠭᠤᠯᠢ ᠶᠢᠨ ᠶᠡᠷᠦᠩᠬᠡᠶᠢᠯᠡᠭᠰᠡᠨ | ᠦᠭᠡᠷᠡᠴᠢᠯᠡᠯᠲᠡ ᠶᠢ ᠠᠬᠢᠭᠤᠯᠬᠤ ᠬᠦᠴᠦᠷᠬᠡᠭ ᠶᠡᠭᠡ ᠨᠡᠶᠢᠯᠡᠮᠡᠯ ᠬᠦᠴᠦᠨ ᠢ ᠬᠤᠷᠠᠮᠳᠤᠭᠤᠯᠤᠨ᠎ᠠ᠃ ᠳᠦᠷᠢᠮ | ᠲᠣᠭᠲᠠᠭᠠᠯ ᠢᠶᠠᠷ ᠭᠤᠣᠯ ᠪᠣᠯᠭᠠᠭᠰᠠᠨ ᠳᠦᠷᠢᠮ ᠤᠨ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ | ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠲᠣᠭᠲᠠᠴᠠ ᠶᠢ ᠪᠦᠷᠢᠨᠰᠢᠭᠦᠯᠦᠨ᠂ ᠳᠡᠰ ᠳᠠᠷᠠᠭᠠᠯᠠᠯ ᠢ ᠵᠢᠷᠤᠮᠵᠢᠭᠤᠨ | ᠬᠡᠷᠡᠭᠵᠢᠭᠦᠯᠵᠦ᠂ ᠰᠤᠷᠭᠠᠭᠤᠯᠢ ᠶᠢᠨ ᠠᠵᠢᠯᠯᠠᠭᠠᠨ ᠢ ᠵᠢᠷᠤᠮᠯᠠᠬᠤ ᠠᠴᠠ ᠳᠦᠷᠢᠮ ᠲᠠᠢ᠂ ᠵᠢᠷᠤᠮᠯᠠᠬᠤ ᠠᠴᠠ ᠦᠨᠳᠦᠰᠦ | ᠪᠠᠷᠢᠮᠲᠠ ᠲᠠᠢ ᠪᠣᠯᠭᠠᠵᠤ᠂ ᠡᠵᠡᠨ ᠮᠡᠳᠡᠵᠦ ᠰᠤᠷᠭᠠᠭᠤᠯᠢ ᠡᠷᠬᠢᠯᠡᠬᠦ᠂ ᠦᠪᠡᠷ ᠢ ᠪᠠᠨ ᠬᠢᠵᠠᠭᠠᠷᠯᠠᠬᠤ᠂ | ᠨᠡᠶᠢᠭᠡᠮ ᠤᠨ ᠬᠢᠨ ᠬᠢᠨᠠᠯᠲᠠ ᠲᠠᠯᠪᠢᠬᠤ ᠤᠷᠲᠤ ᠬᠤᠭᠤᠴᠠᠭ᠎ᠠ ᠬᠦᠴᠦᠨ ᠲᠠᠢ ᠲᠣᠭᠲᠠᠴᠠ ᠶᠢ ᠪᠦᠷᠢᠯᠳᠦᠭᠦᠯᠦᠨ᠎ᠡ᠃ | ︵ᠬᠤᠶᠠᠷ︶ ᠠᠷᠠᠳᠴᠢᠯᠠᠭᠰᠠᠨ ᠬᠠᠮᠢᠶᠠᠷᠤᠯᠲᠠ᠂ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠴᠢᠩᠭᠠᠳᠬᠠᠨ᠎ᠠ᠃ | ᠳᠡᠭᠡᠳᠦ ᠵᠡᠷᠭᠡ ᠶᠢᠨ ᠰᠤᠷᠭᠠᠭᠤᠯᠢ ᠨᠢ ᠫᠷᠣᠹᠧᠰᠰᠣᠷ ᠤᠨ ᠺᠣᠮᠢᠰ᠂ ᠡᠷᠳᠡᠮ ᠰᠢᠨᠵᠢᠯᠡᠭᠡᠨ ᠤ ᠺᠤᠮᠢᠰ᠂ ᠡᠷᠳᠡᠮ ᠤᠨ | ᠴᠣᠯᠠ ᠶᠢ ᠬᠢᠨᠠᠨ ᠲᠣᠭᠲᠠᠭᠠᠬᠤ ᠺᠤᠮᠢᠰ᠂ ᠮᠡᠷᠭᠡᠵᠢᠯ ᠤᠨ ᠴᠣᠯᠠ ᠬᠢᠨᠠᠨ ᠲᠣᠭᠲᠠᠭᠠᠬᠤ ᠺᠤᠮᠢᠰ ᠵᠡᠷᠭᠡ ᠡᠷᠳᠡᠮ | ᠰᠢᠨᠵᠢᠯᠡᠭᠡᠨ ᠤ ᠪᠠᠶᠢᠭᠤᠯᠤᠮᠵᠢ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠡᠳᠡᠭᠡᠷ ᠪᠠᠶᠢᠭᠤᠯᠤᠮᠵᠢ ᠶᠢᠨ ᠡᠷᠳᠡᠮ | ᠰᠢᠨᠵᠢᠯᠡᠭᠡᠨ ᠤ ᠪᠠᠶᠢᠭᠤᠯᠤᠯᠲᠠ᠂ ᠲᠤᠰᠬᠠᠢ ᠮᠡᠷᠭᠡᠵᠢᠯ ᠤᠨ ᠪᠠᠶᠢᠷᠢᠯᠠᠭᠤᠯᠤᠯᠲᠠ᠂ ᠮᠡᠷᠭᠡᠵᠢᠯ ᠤᠨ ᠴᠣᠯᠠ ᠲᠣᠭᠲᠠᠭᠠᠨ | ᠤᠷᠢᠬᠤ᠂ ᠪᠠᠭᠰᠢ ᠤᠷᠢᠨ ᠲᠤᠮᠢᠯᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ | ᠬᠤᠪᠢᠶᠠᠷᠢᠯᠠᠯᠲᠠ᠂ ᠡᠷᠳᠡᠮ ᠰᠢᠨᠵᠢᠯᠡᠭᠡᠨ ᠤ ᠦᠨᠡᠯᠡᠯᠲᠡ᠂ ᠡᠷᠳᠡᠮ ᠰᠢᠨᠵᠢᠯᠡᠭᠡᠨ ᠤ ᠬᠥᠭᠵᠢᠯᠲᠡ ᠵᠡᠷᠭᠡ ᠲᠦᠷᠦᠯ | ᠵᠦᠢᠯ ᠳᠡᠭᠡᠷᠡᠬᠢ ᠦᠭᠡ ᠬᠡᠯᠡᠬᠦ ᠡᠷᠬᠡ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠡᠷᠬᠡ ᠪᠠ ᠣᠷᠤᠯᠴᠠᠬᠤ ᠡᠷᠬᠡ ᠶᠢ | ᠭᠦᠢᠴᠡᠳ ᠪᠠᠲᠤᠯᠠᠨ᠎ᠠ᠃ ᠪᠠᠭᠰᠢ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠬᠤᠷᠠᠯ ᠤᠨ ᠴᠢᠬᠤᠯᠠ | ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠭᠠᠭᠤᠯᠢ ᠶᠢᠨ ᠬᠥᠭᠵᠢᠯᠲᠡ ᠳᠤ ᠬᠤᠯᠪᠣᠭᠳᠠᠬᠤ ᠴᠢᠬᠤᠯᠠ ᠶᠡᠭᠡ | ᠵᠦᠢᠯᠡᠰ ᠢ ᠪᠠᠭᠰᠢ ᠠᠵᠢᠯᠲᠠᠨ ᠠᠵᠢᠯᠴᠢᠨ ᠤ ᠲᠦᠯᠦᠭᠡᠯᠡᠭᠴᠢᠳ ᠤᠨ ᠬᠤᠷᠠᠯ ᠳᠤ ᠳᠡᠪᠰᠢᠭᠦᠯᠦᠨ ᠶᠠᠷᠢᠯᠴᠠᠭᠤᠯᠵᠤ᠂ | ᠪᠠᠭᠰᠢ ᠠᠵᠢᠯᠲᠠᠨ ᠠᠵᠢᠯᠴᠢᠨ ᠤ ᠰᠤᠷᠭᠠᠭᠤᠯᠢ ᠶᠢᠨ ᠠᠷᠠᠳᠴᠢᠯᠠᠭᠰᠠᠨ ᠬᠠᠮᠢᠶᠠᠷᠤᠯᠲᠠ ᠪᠣᠯᠣᠨ ᠬᠢᠨᠠᠯᠲᠠ | ᠲᠠᠯᠪᠢᠯᠲᠠ ᠳᠤ ᠣᠷᠤᠯᠴᠠᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠢᠨ ᠡᠵᠡᠨ ᠮᠡᠳᠡᠬᠦ ᠡᠷᠬᠡ ᠶᠢ | ᠪᠠᠲᠤᠯᠠᠨ᠎ᠠ᠃ ᠡᠷᠬᠡ ᠶᠢ ᠳᠤᠷᠤᠭᠰᠢ ᠪᠠᠭᠤᠯᠭᠠᠬᠤ ᠬᠠᠮᠢᠶᠠᠷᠬᠤ ᠦᠢᠯᠡᠴᠢᠯᠡᠬᠦ ᠶᠢᠨ ᠦᠭᠡᠷᠡᠴᠢᠯᠡᠯᠲᠡ ᠶᠢ ᠳᠡᠭᠡᠳᠦ | ᠵᠡᠷᠭᠡ ᠶᠢᠨ ᠰᠤᠷᠭᠠᠭᠤᠯᠢ ᠶᠢᠨ ᠲᠤᠳᠤᠭᠠᠲᠤ ᠶᠢᠨ ᠵᠠᠰᠠᠯᠲᠠ ᠶᠢᠨ ᠪᠦᠲᠦᠴᠡ ᠶᠢ ᠪᠦᠷᠢᠨᠰᠢᠭᠦᠯᠬᠦ ᠯᠦᠭᠡ ᠵᠡᠷᠭᠡᠪᠡᠷ | ᠠᠬᠢᠭᠤᠯᠬᠤ ᠶᠢ ᠪᠠᠷᠢᠮᠲᠠᠯᠠᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠶᠢᠨ ᠡᠵᠡᠨ ᠮᠡᠳᠡᠬᠦ | ᠡᠷᠬᠡ ᠶᠢ ᠳᠤᠷᠤᠭᠰᠢ ᠪᠠᠭᠤᠯᠭᠠᠵᠤ ᠳᠡᠶᠢᠯᠬᠦ᠂ ᠬᠦᠯᠢᠶᠡᠨ ᠠᠪᠴᠤ ᠳᠡᠶᠢᠯᠬᠦ᠂ ᠰᠠᠶᠢᠲᠤᠷ ᠬᠡᠷᠡᠭᠯᠡᠵᠦ ᠳᠡᠶᠢᠯᠬᠦ ᠶᠢ | ᠦᠨᠡᠨᠬᠦ ᠪᠠᠲᠤᠯᠠᠨ᠂ ᠢᠯᠠᠩᠭᠤᠶ᠎ᠠ ᠰᠢᠨᠵᠢᠯᠡᠬᠦ ᠤᠬᠠᠭᠠᠨ ᠮᠡᠷᠭᠡᠵᠢᠯ᠂ ᠠᠵᠢᠯᠲᠠᠨ ᠤ ᠶᠠᠪᠤᠳᠠᠯ᠂ ᠡᠳ᠋ ᠤᠨ ᠶᠠᠪᠤᠳᠠᠯ᠂ | ᠡᠳ᠋ ᠬᠦᠷᠦᠩᠭᠡ ᠶᠢᠨ ᠬᠠᠮᠢᠶᠠᠷᠤᠯᠲᠠ ᠶᠢᠨ ᠡᠵᠡᠨ ᠮᠡᠳᠡᠬᠦ ᠡᠷᠬᠡ ᠵᠡᠷᠭᠡ ᠲᠠᠯ᠎ᠠ ᠪᠠᠷ ᠬᠠᠮᠵᠢᠯᠴᠠᠨ ᠬᠤᠯᠪᠣᠭᠠᠯᠠᠨ | ᠬᠦᠳᠡᠯᠦᠯᠴᠡᠬᠦ ᠪᠠᠨ ᠴᠢᠩᠭᠠᠳᠬᠠᠨ᠂ ᠵᠠᠰᠠᠭ ᠢ ᠴᠤᠮᠬᠠᠳᠬᠠᠨ ᠡᠷᠬᠡ ᠶᠢ ᠳᠤᠷᠤᠭᠰᠢ ᠪᠠᠭᠤᠯᠭᠠᠬᠤ ᠶᠢ ᠲᠦᠷᠭᠡᠳᠭᠡᠨ | ᠠᠬᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠶᠡᠭᠡ ᠰᠤᠷᠭᠠᠭᠤᠯᠢ ᠶᠢᠨ ᠳᠦᠷᠢᠮ ᠲᠣᠭᠲᠠᠭᠠᠯ ᠢᠶᠠᠷ ᠭᠤᠣᠯ | ᠴᠦᠮ᠎ᠡ ᠪᠣᠯᠭᠠᠭᠰᠠᠨ ᠣᠳᠣ ᠦᠶ᠎ᠡ ᠶᠢᠨ ᠶᠡᠭᠡ ᠰᠤᠷᠭᠠᠭᠤᠯᠢ ᠶᠢᠨ ᠳᠦᠷᠢᠮ ᠢ ᠪᠠᠶᠢᠭᠤᠯᠵᠤ᠂ ᠳᠤᠲᠤᠭᠠᠲᠤ ᠶᠢᠨ | ᠵᠠᠰᠠᠯᠲᠠ ᠶᠢᠨ ᠪᠦᠲᠦᠴᠡ ᠪᠣᠯᠣᠨ ᠡᠷᠬᠡ ᠶᠢᠨ ᠠᠵᠢᠯᠯᠠᠭᠠᠨ ᠤ ᠳᠦᠷᠢᠮ ᠶᠤᠰᠤ ᠶᠢ ᠪᠦᠷᠢᠨᠰᠢᠭᠦᠯᠦᠨ᠂ ᠰᠤᠷᠭᠠᠭᠤᠯᠢ | ᠡᠷᠬᠢᠯᠡᠬᠦ ᠶᠢᠨ ᠡᠵᠡᠨ ᠮᠡᠳᠡᠬᠦ ᠡᠷᠬᠡ ᠶᠢᠨ ᠠᠵᠢᠯᠯᠠᠭᠠᠨ ᠪᠠ ᠬᠢᠨᠠᠯᠲᠠ ᠲᠠᠯᠪᠢᠯᠲᠠ ᠶᠢ ᠵᠢᠷᠤᠮᠯᠠᠬᠤ ᠠᠴᠠ ᠳᠦᠷᠢᠮ ᠲᠠᠢ᠂ | ᠵᠢᠷᠤᠮᠯᠠᠬᠤ ᠠᠴᠠ ᠦᠨᠳᠦᠰᠦ ᠪᠠᠷᠢᠮᠲᠠ ᠲᠠᠢ ᠪᠠᠶᠢᠯᠭᠠᠬᠤ ᠶᠢ ᠦᠨᠡᠨᠬᠦ ᠪᠠᠲᠤᠯᠠᠨ᠎ᠠ᠃ ᠳᠡᠭᠡᠳᠦ ᠵᠡᠷᠭᠡ ᠶᠢᠨ | ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠳᠦᠷᠢᠮ ᠤᠨ ᠦᠭᠡᠷᠡᠴᠢᠯᠡᠯᠲᠡ ᠶᠢ ᠲᠦᠷᠭᠡᠳᠭᠡᠨ | ᠠᠬᠢᠭᠤᠯᠤᠨ᠎ᠠ᠃ | ︵ᠳᠥᠷᠪᠡ︶ ᠳᠡᠭᠡᠳᠦ ᠵᠡᠷᠭᠡ ᠶᠢᠨ ᠰᠤᠷᠭᠠᠭᠤᠯᠢ ᠶᠢᠨ ᠠᠮᠦᠷ ᠲᠥᠪᠰᠢᠨ ᠪᠦᠭᠡᠳ ᠲᠣᠭᠲᠠᠭᠤᠨ ᠪᠠᠶᠢᠬᠤ ᠶᠢ | ᠡᠷᠡᠰ ᠬᠠᠮᠠᠭᠠᠯᠠᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠨᠢ ᠤᠯᠤᠰ ᠲᠥᠷᠥ ᠶᠢᠨ ᠦᠵᠡᠯ ᠤᠬᠠᠮᠰᠠᠷ᠂ ᠵᠠᠰᠠᠭ ᠤᠨ | ᠡᠷᠬᠡ ᠶᠢᠨ ᠦᠵᠡᠯ ᠤᠬᠠᠮᠰᠠᠷ᠂ ᠵᠢᠭᠰᠠᠭᠠᠯ ᠤᠨ ᠭᠠᠵᠠᠷ ᠤᠨ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠵᠤ | ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠳᠦᠷᠢᠮ ᠤᠨ ᠬᠡᠷᠡᠭᠵᠢᠭᠦᠯᠬᠦ ᠠᠷᠭ᠎ᠠ ᠵᠢᠴᠢ ᠬᠠᠮᠢᠶ᠎ᠠ ᠪᠦᠬᠦᠢ ᠨᠠᠷᠢᠨ ᠳᠦᠷᠢᠮ ᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠦᠵᠡᠯ ᠤᠬᠠᠮᠰᠠᠷ ᠤᠨ | ᠬᠡᠯᠪᠡᠷᠢ ᠶᠢᠨ ᠬᠠᠮᠢᠶᠠᠷᠤᠯᠲᠠ ᠶᠢ ᠴᠢᠩᠭᠠᠷᠠᠭᠤᠯᠤᠨ᠎ᠠ᠃ ᠳᠠᠶᠢᠰᠤᠩᠨᠠᠬᠤ ᠬᠦᠴᠦᠨ ᠤ ᠨᠡᠪᠴᠢᠯᠲᠡ ᠶᠢ ᠡᠷᠡᠰ | ᠰᠡᠷᠭᠡᠶᠢᠯᠡᠨ ᠡᠰᠡᠷᠭᠦᠴᠡᠵᠦ᠂ ᠮᠠᠷᠺᠰ ᠤᠨ ᠦᠵᠡᠯ ᠤᠨ ᠵᠢᠯᠤᠭᠤᠳᠬᠤ ᠪᠠᠶᠢᠷᠢ ᠰᠠᠭᠤᠷᠢ ᠶᠢ ᠲᠠᠰᠤᠷᠠᠯᠲᠠ ᠦᠭᠡᠢ | ᠪᠠᠬᠢᠵᠢᠭᠦᠯᠦᠨ᠎ᠡ᠃ ᠦᠵᠡᠯ ᠰᠠᠨᠠᠭ᠎ᠠ ᠤᠯᠤᠰ ᠲᠥᠷᠥ ᠶᠢᠨ ᠣᠨᠣᠯ ᠤᠨ ᠬᠢᠴᠢᠶᠡᠯ ᠤᠨ ᠪᠠᠶᠢᠭᠤᠯᠤᠯᠲᠠ ᠶᠢ | ᠴᠢᠩᠭᠠᠳᠬᠠᠵᠤ᠂ ᠪᠦᠬᠦᠯᠢ ᠴᠤᠭᠴᠠ ᠶᠢᠨ ᠤᠯᠤᠰ ᠤᠨ ᠠᠮᠦᠷ ᠲᠥᠪᠰᠢᠨ ᠤ ᠦᠵᠡᠯᠲᠡ ᠶᠢᠨ ᠬᠦᠮᠦᠵᠢᠯ ᠢ | ᠭᠦᠨᠵᠡᠭᠡᠶᠢᠷᠡᠭᠦᠯᠦᠨ᠂ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠮᠦᠨ ᠬᠦᠮᠦᠵᠢᠭᠦᠯᠬᠦ ᠴᠢᠳᠠᠮᠵᠢ ᠶᠢ | ᠭᠦᠢᠴᠡᠳ ᠪᠠᠳᠠᠷᠠᠭᠤᠯᠤᠨ᠎ᠠ᠃ ᠢᠨᠲ᠋ᠤᠷ ᠰᠦᠯᠵᠢᠶ᠎ᠡ ᠪᠠᠷ ᠶᠠᠷᠢᠶ᠎ᠠ ᠬᠡᠯᠡᠯᠴᠡᠭᠡ ᠶᠢ ᠬᠦᠲᠦᠯᠦᠨ ᠵᠢᠯᠤᠭᠤᠳᠬᠤ ᠶᠢ | ᠦᠨᠡᠨᠬᠦ ᠴᠢᠩᠭᠠᠳᠬᠠᠵᠤ᠂ ᠰᠤᠷᠭᠠᠭᠤᠯᠢ ᠶᠢᠨ ᠬᠦᠷᠢᠶᠡᠨ ᠤ ᠲᠣᠣᠷ ᠰᠦᠯᠵᠢᠶ᠎ᠡ ᠶᠢᠨ ᠠᠮᠦᠷ ᠲᠥᠪᠰᠢᠨ ᠤ | ᠬᠠᠮᠢᠶᠠᠷᠤᠯᠲᠠ ᠶᠢ ᠴᠢᠩᠭᠠᠷᠠᠭᠤᠯᠤᠨ᠂ ᠡᠷᠡᠭᠦᠯ ᠰᠠᠷᠠᠭᠤᠯ ᠲᠣᠣᠷ ᠰᠦᠯᠵᠢᠶᠡᠨ ᠤ ᠰᠤᠶᠤᠯ ᠢ ᠪᠣᠢ ᠪᠣᠯᠭᠠᠨ᠎ᠠ᠃ | ᠬᠢᠴᠢᠶᠡᠯ ᠤᠨ ᠵᠢᠭᠠᠨ ᠰᠤᠷᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠪᠠᠭᠰᠢ ᠨᠠᠷ ᠤᠨ ᠠᠵᠢᠯᠯᠠᠭ᠎ᠠ ᠶᠢᠨ | ᠵᠢᠷᠤᠮᠵᠢᠯ ᠤᠨ ᠬᠦᠮᠦᠵᠢᠯ ᠢ ᠴᠢᠩᠭᠠᠷᠠᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠳᠤ ᠱᠠᠰᠢᠨ ᠰᠤᠷᠲᠠᠬᠤᠨ | ᠤᠯᠠᠮᠵᠢᠯᠠᠬᠤ᠂ ᠱᠠᠰᠢᠨ ᠰᠤᠷᠲᠠᠬᠤᠨ ᠤ ᠪᠦᠯᠬᠦᠮ ᠪᠣᠶᠣ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ᠂ ᠰᠦᠰᠦᠭᠲᠡᠨ | ᠬᠥᠭᠵᠢᠭᠦᠯᠬᠦ᠂ ᠱᠠᠰᠢᠨ ᠰᠤᠷᠲᠠᠬᠤᠨ ᠤ ᠠᠵᠢᠯᠯᠠᠭᠠᠨ ᠤ ᠲᠠᠯᠠᠪᠤᠷ ᠢ ᠪᠠᠶᠢᠭᠤᠯᠬᠤ᠂ ᠱᠠᠰᠢᠨ ᠰᠤᠷᠲᠠᠬᠤᠨ ᠤ | ᠠᠵᠢᠯᠯᠠᠭ᠎ᠠ ᠶᠢ ᠡᠷᠬᠢᠯᠡᠬᠦ᠂ ᠱᠠᠰᠢᠨ ᠰᠤᠷᠲᠠᠬᠤᠨ ᠤ ᠲᠦᠷᠦᠯ ᠤᠨ ᠬᠡᠪᠯᠡᠭᠳᠡᠭᠦᠨ ᠵᠢᠴᠢ ᠤᠬᠠᠭᠤᠯᠭ᠎ᠠ ᠶᠢᠨ ᠮᠠᠲ᠋ᠧᠷᠢᠶᠠᠯ | ᠵᠡᠷᠭᠡ ᠶᠢ ᠲᠠᠷᠬᠠᠭᠠᠬᠤ ᠶᠢ ᠡᠷᠡᠰ ᠴᠠᠭᠠᠵᠠᠯᠠᠨ᠎ᠠ᠃ | ᠵᠢᠷᠭᠤᠭ᠎ᠠ᠂ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ ᠶᠢ | ᠪᠤᠲᠠᠲᠠᠶᠢᠵᠢᠭᠤᠯᠬᠤ ᠶᠢ ᠦᠨᠡᠨᠬᠦ ᠪᠠᠲᠤᠯᠠᠨ᠎ᠠ | ︵ᠨᠢᠭᠡ︶ ᠤᠳᠤᠷᠢᠳᠤᠯᠭ᠎ᠠ ᠪᠠᠨ ᠴᠢᠩᠭᠠᠳᠬᠠᠵᠤ ᠨᠢᠭᠡᠲᠦᠯᠲᠡᠢ ᠲᠦᠯᠦᠪᠯᠡᠨ ᠠᠬᠢᠭᠤᠯᠤᠨ᠎ᠠ᠃ ᠳᠡᠭᠡᠳᠦ | ᠵᠡᠷᠭᠡ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠢᠭᠡᠳ ᠬᠥᠭᠵᠢᠯᠲᠡ ᠨᠢ ᠲᠡᠭᠦᠨ ᠤ ᠲᠤᠰ ᠪᠡᠶ᠎ᠡ ᠶᠢᠨ ᠵᠢᠮ᠎ᠡ | ᠶᠤᠰᠤ ᠪᠠ ᠣᠨᠴᠠᠯᠢᠭ ᠰᠢᠨᠵᠢ ᠲᠠᠢ ᠪᠠᠶᠢᠳᠠᠭ ᠪᠣᠯᠬᠤᠷ ᠦᠪᠡᠷᠲᠡᠭᠡᠨ ᠵᠠᠰᠠᠬᠤ ᠣᠷᠣᠨ ᠠᠴᠠ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠲᠦᠯᠲᠡᠢ ᠲᠦᠯᠦᠪᠯᠡᠭᠡ ᠪᠠᠨ ᠴᠢᠩᠭᠠᠳᠬᠠᠨ᠎ᠠ᠃ ᠦᠪᠡᠷᠲᠡᠭᠡᠨ ᠵᠠᠰᠠᠬᠤ | ᠣᠷᠣᠨ ᠤ ᠰᠤᠷᠭᠠᠨ ᠬᠦᠮᠦᠵᠢᠯ ᠤᠨ ᠲᠢᠩᠭᠢᠮ ᠲᠦᠷᠦᠭᠦᠯᠡᠨ ᠨᠢᠭᠡᠲᠦᠯᠲᠡᠢ ᠲᠦᠯᠦᠪᠯᠡᠨ ᠵᠣᠬᠢᠴᠠᠭᠤᠯᠬᠤ | ᠲᠣᠭᠲᠠᠴᠠ ᠶᠢ ᠪᠠᠶᠢᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ | ᠨᠢᠭᠡᠲᠦᠯᠲᠡᠢ ᠲᠦᠯᠦᠪᠯᠡᠨ ᠠᠬᠢᠭᠤᠯᠵᠤ᠂ ᠳᠡᠭᠡᠳᠦ ᠵᠡᠷᠭᠡ ᠶᠢᠨ ᠰᠤᠷᠭᠠᠨ ᠬᠦᠮᠦᠵᠢᠯ ᠤᠨ ᠦᠭᠡᠷᠡᠴᠢᠯᠡᠯᠲᠡ ᠬᠢᠭᠡᠳ | ᠬᠥᠭᠵᠢᠯᠲᠡ ᠳᠤᠮᠳᠠᠬᠢ ᠳᠤᠪᠤᠶᠢᠮ᠎ᠠ ᠠᠰᠠᠭᠤᠳᠠᠯ ᠤᠳ ᠢ ᠰᠤᠳᠤᠯᠤᠨ ᠰᠢᠢᠳᠪᠦᠷᠢᠯᠡᠨ᠎ᠡ᠃ ᠡᠯ᠎ᠡ ᠬᠤᠯᠪᠤᠭᠳᠠᠯ ᠪᠦᠬᠦᠢ | ᠰᠠᠯᠠᠭ᠎ᠠ ᠮᠦᠴᠢᠷ ᠨᠢ ᠬᠡᠷᠡᠭᠵᠢᠭᠦᠯᠦᠭᠦᠰᠢᠲᠡᠢ ᠳᠦᠬᠦᠷᠵᠢᠭᠦᠯᠬᠦ ᠠᠷᠭ᠎ᠠ ᠬᠡᠮᠵᠢᠶ᠎ᠡ ᠶᠢ ᠲᠣᠭᠲᠠᠭᠠᠬᠤ ᠪᠠ ᠨᠡᠶᠢᠲᠡᠯᠡᠵᠦ᠂ | ᠨᠢᠮᠪᠠᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠯ᠎ᠡ ᠵᠦᠢᠯ ᠤᠨ ᠳᠡᠮᠵᠢᠯᠭᠡ ᠶᠢᠨ ᠠᠷᠭ᠎ᠠ ᠬᠡᠮᠵᠢᠶ᠎ᠡ ᠶᠢ | ᠪᠣᠳᠠᠳᠠᠶᠢᠵᠢᠭᠤᠯᠬᠤ ᠶᠢ ᠦᠨᠡᠨᠬᠦ ᠪᠠᠲᠤᠯᠠᠨ᠎ᠠ᠃ ᠡᠯ᠎ᠡ ᠳᠡᠭᠡᠳᠦ ᠵᠡᠷᠭᠡ ᠶᠢᠨ ᠰᠤᠷᠭᠠᠭᠤᠯᠢ ᠶᠢᠨ ᠨᠠᠮ ᠤᠨ ᠬᠤᠷᠢᠶ᠎ᠠ ᠨᠢ | ᠬᠥᠭᠵᠢᠯᠲᠡ ᠶᠢᠨ ᠰᠡᠳᠬᠢᠮᠵᠢ ᠪᠠᠨ ᠤᠯᠠᠮ ᠨᠢᠭᠡ ᠠᠯᠬᠤᠮ ᠰᠢᠯᠤᠭᠤᠳᠬᠠᠵᠤ᠂ ᠬᠥᠭᠵᠢᠯᠲᠡ ᠶᠢᠨ ᠪᠠᠶᠢᠷᠢ | ᠲᠣᠭᠲᠠᠭᠠᠯᠲᠠ ᠪᠠᠨ ᠲᠤᠳᠤᠷᠬᠠᠶᠢᠯᠠᠨ᠂ ᠳᠣᠲᠤᠭᠠᠲᠤ ᠶᠢᠨ ᠬᠦᠳᠡᠯᠭᠡᠬᠦ ᠬᠦᠴᠦᠨ ᠢ ᠨᠡᠮᠡᠭᠳᠡᠭᠦᠯᠵᠦ᠂ ᠬᠥᠭᠵᠢᠯᠲᠡ ᠶᠢᠨ | ᠠᠵᠠ ᠳᠣᠬᠢᠶᠠᠯ ᠢ ᠪᠠᠲᠤ ᠪᠠᠬᠢ ᠡᠵᠡᠮᠳᠡᠨ᠂ ᠰᠤᠷᠭᠠᠭᠤᠯᠢ ᠡᠷᠬᠢᠯᠡᠬᠦ ᠶᠢᠨ ᠶᠠᠰᠤ ᠴᠢᠨᠠᠷ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ︵ᠬᠤᠶᠠᠷ︶ ᠵᠠᠷᠤᠳᠠᠯ ᠤᠨ ᠣᠷᠤᠭᠤᠯᠤᠯᠲᠠ ᠶᠢ ᠦᠨᠡᠨᠬᠦ ᠪᠠᠲᠤᠯᠠᠨ᠎ᠠ᠃ ᠦᠪᠡᠷᠲᠡᠭᠡᠨ ᠵᠠᠰᠠᠬᠤ ᠣᠷᠣᠨ ᠤ | ᠲᠤᠰ ᠱᠠᠲᠤᠨ ᠤ ᠰᠢᠭᠤᠳ ᠬᠠᠷᠢᠶ᠎ᠠ ᠳᠡᠭᠡᠳᠦ ᠵᠡᠷᠭᠡ ᠶᠢᠨ ᠰᠤᠷᠭᠠᠭᠤᠯᠢ ᠶᠢ ᠨᠢᠭᠡᠳᠦᠭᠡᠷ ᠳᠡᠰ ᠤᠨ ᠲᠦᠰᠦᠪ ᠤᠨ | ᠨᠢᠭᠡᠴᠡ ᠶᠢᠨ ᠬᠠᠮᠢᠶᠠᠷᠤᠯᠲᠠ ᠳᠤ ᠣᠷᠤᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠲᠦᠰᠦᠪ ᠤᠨ ᠵᠣᠭᠤᠰ | ᠰᠢᠯᠵᠢᠭᠦᠯᠦᠨ ᠥᠭᠬᠦ ᠳᠦᠷᠢᠮ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠣᠷᠣᠨ | ᠨᠣᠲᠤᠭ ᠤᠨ ᠵᠠᠰᠠᠭ ᠤᠨ ᠣᠷᠳᠣᠨ ᠢ ᠰᠢᠮᠳᠠᠭᠤᠯᠵᠤ ᠪᠠᠶᠢᠭᠠᠳ ᠬᠠᠷᠢᠶ᠎ᠠ ᠳᠡᠭᠡᠳᠦ ᠵᠡᠷᠭᠡ ᠶᠢᠨ ᠰᠤᠷᠭᠠᠭᠤᠯᠢ ᠶᠢᠨ | ᠵᠠᠷᠤᠳᠠᠯ ᠤᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠰᠢᠨᠵᠢᠯᠡᠬᠦ ᠤᠬᠠᠭᠠᠨᠴᠢ ᠪᠦᠭᠡᠳ ᠵᠢᠷᠤᠮᠵᠢᠭᠤᠨ᠂ | ᠲᠥᠪ ᠭᠤᠣᠯᠴᠢ ᠪᠦᠭᠡᠳ ᠤᠳᠤᠷᠢᠳᠤᠮᠵᠢ ᠨᠢ ᠢᠯᠡ ᠲᠤᠳᠤ᠂ ᠦᠷ᠎ᠡ ᠪᠦᠲᠦᠮᠵᠢ ᠶᠢ ᠡᠷᠬᠢᠮᠯᠡᠭᠰᠡᠨ ᠲᠦᠰᠦᠪ ᠤᠨ | ᠵᠣᠭᠤᠰ ᠰᠢᠯᠵᠢᠭᠦᠯᠦᠨ ᠥᠭᠬᠦ ᠳᠦᠷᠢᠮ ᠢ ᠠᠯᠬᠤᠮ ᠠᠯᠬᠤᠮ ᠢᠶᠠᠷ ᠰᠡᠲᠦᠨ ᠪᠠᠶᠢᠭᠤᠯᠵᠤ᠂ ᠲᠦᠷᠦᠯ ᠵᠦᠢᠯ ᠤᠨ | ᠪᠠᠶᠢᠷᠢᠯᠠᠭᠤᠯᠤᠯᠲᠠ ᠶᠢ ᠰᠢᠯᠢᠳᠡᠭᠵᠢᠭᠦᠯᠦᠨ᠂ ᠲᠦᠷᠦᠯ ᠵᠦᠢᠯ ᠢᠶᠠᠷ ᠬᠦᠲᠦᠯᠦᠨ ᠵᠢᠯᠤᠭᠤᠳᠬᠤ ᠪᠠᠨ ᠴᠢᠩᠭᠠᠷᠠᠭᠤᠯᠵᠤ᠂ | ᠲᠡᠷᠢᠭᠦᠨ ᠤ ᠳᠡᠰ ᠤᠨ ᠶᠡᠭᠡ ᠰᠤᠷᠭᠠᠭᠤᠯᠢ᠂ ᠲᠡᠷᠢᠭᠦᠨ ᠤ ᠳᠡᠰ ᠤᠨ ᠬᠢᠴᠢᠶᠡᠯ ᠰᠢᠨᠵᠢᠯᠡᠭᠡᠨ ᠤ ᠪᠠᠶᠢᠭᠤᠯᠤᠯᠲᠠ ᠶᠢᠨ | ᠢᠨᠵᠧᠨᠧᠷᠢᠩ ᠵᠡᠷᠭᠡ ᠭᠤᠣᠯᠳᠠᠯᠭ᠎ᠠ ᠲᠠᠢ ᠪᠦᠲᠦᠭᠡᠨ ᠪᠠᠶᠢᠭᠤᠯᠬᠤ ᠢᠨᠵᠧᠨᠧᠷᠢᠩ ᠢ ᠤᠷᠢᠳᠠᠪᠠᠷ ᠪᠠᠲᠤᠯᠠᠨ᠂ ᠡᠳ᠋ ᠤᠨ | ᠵᠠᠰᠠᠭ ᠤᠨ ᠪᠡᠯᠡ ᠮᠦᠩᠭᠦ ᠶᠢᠨ ᠳᠡᠮᠵᠢᠯᠭᠡ ᠶᠢᠨ ᠡᠷᠴᠢᠮ ᠢ ᠴᠢᠩᠭᠠᠷᠠᠭᠤᠯᠵᠤ᠂ ᠡᠳ᠋ ᠤᠨ ᠵᠠᠰᠠᠭ ᠤᠨ ᠵᠠᠷᠤᠳᠠᠯ ᠤᠨ | ᠣᠷᠤᠭᠤᠯᠤᠯᠲᠠ ᠶᠢ ᠪᠠᠲᠤᠯᠠᠨ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠵᠠᠭᠪᠤᠷ ᠢᠶᠠᠨ | ᠬᠤᠪᠢᠷᠠᠭᠤᠯᠬᠤ ᠶᠢ ᠵᠣᠷᠢᠬᠵᠢᠭᠤᠯᠬᠤ ᠪᠠ ᠬᠦᠲᠦᠯᠦᠨ ᠵᠢᠯᠤᠭᠤᠳᠴᠤ᠂ ᠰᠤᠷᠭᠠᠭᠤᠯᠢ ᠡᠷᠬᠢᠯᠡᠬᠦ ᠣᠨᠴᠠᠯᠢᠭ ᠢ | ᠳᠤᠪᠤᠶᠢᠯᠭᠠᠨ᠂ ᠲᠡᠷᠢᠭᠦᠨ ᠤ ᠳᠡᠰ ᠢ ᠴᠢᠷᠮᠠᠶᠢᠨ ᠡᠭᠦᠳᠦᠨ᠎ᠡ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠪᠦᠲᠦᠭᠡᠨ | ᠪᠠᠶᠢᠭᠤᠯᠤᠯᠲᠠ ᠶᠢᠨ ᠣᠷᠤᠭᠤᠯᠤᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠪᠠ | ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭ᠎ᠠ ︵PPP︶ ᠶᠢ ᠢᠳᠡᠪᠬᠢᠲᠡᠢ ᠰᠦᠪᠡᠭᠴᠢᠯᠡᠨ᠎ᠡ᠃ ᠠᠵᠤ ᠦᠢᠯᠡᠰ | ᠪᠠ ᠵᠢᠭᠠᠨ ᠰᠤᠷᠭᠠᠯᠲᠠ ᠶᠢ ᠠᠭᠤᠰᠤᠯᠴᠠᠭᠤᠯᠤᠨ ᠬᠥᠭᠵᠢᠭᠦᠯᠬᠦ ᠵᠠᠰᠠᠭ ᠤᠨ ᠣᠷᠳᠤᠨ ᠤ ᠬᠦᠲᠦᠯᠦᠨ ᠵᠢᠯᠤᠭᠤᠳᠬᠤ | ᠰᠠᠭᠤᠷᠢ ᠮᠦᠩᠭᠦ ᠶᠢ ᠰᠤᠳᠤᠯᠤᠨ ᠪᠠᠶᠢᠭᠤᠯᠤᠨ᠎ᠠ᠃ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠤ ᠠᠬᠤᠶᠢᠯᠠᠯ ᠯᠤᠭ᠎ᠠ | ᠮᠡᠷᠭᠡᠵᠢᠯ ᠤᠨ ᠨᠡᠭᠡᠭᠡᠯᠲᠡ ᠬᠥᠭᠵᠢᠭᠦᠯᠦᠯᠲᠡ᠂ ᠮᠡᠷᠭᠡᠵᠢᠯ ᠤᠨ ᠯᠠᠪᠯᠠᠯᠲᠠ᠂ ᠮᠡᠷᠭᠡᠵᠢᠯ ᠤᠨ ᠦᠢᠯᠡᠴᠢᠯᠡᠭᠡ ᠶᠢ | ᠦᠷᠨᠢᠭᠦᠯᠬᠦ ᠵᠡᠷᠭᠡ ᠬᠦᠨᠳᠡᠯᠡᠨ ᠢᠶᠠᠷ ᠬᠠᠮᠲᠤᠷᠠᠯᠴᠠᠬᠤ ᠲᠦᠷᠦᠯ ᠵᠦᠢᠯ ᠤᠨ ᠵᠠᠷᠤᠳᠠᠯ ᠤᠨ ᠬᠠᠮᠢᠶᠠᠷᠤᠯᠲᠠ ᠶᠢᠨ | ᠳᠦᠷᠢᠮ ᠢ ᠲᠡᠭᠦᠯᠳᠡᠷᠵᠢᠭᠦᠯᠵᠦ᠂ ᠳᠡᠭᠡᠳᠦ ᠵᠡᠷᠭᠡ ᠶᠢᠨ ᠰᠤᠷᠭᠠᠭᠤᠯᠢ ᠶᠢᠨ ᠠᠵᠤ ᠠᠬᠤᠶᠢᠯᠠᠯ ᠯᠤᠭ᠎ᠠ ᠠᠵᠤ ᠠᠬᠤᠶᠢᠯᠠᠯ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠬᠠᠮᠲᠤᠷᠠᠯᠴᠠᠭ᠎ᠠ ᠦᠷᠨᠢᠭᠦᠯᠬᠦ ᠶᠢ ᠵᠣᠷᠢᠬᠵᠢᠭᠤᠯᠤᠨ᠎ᠠ᠃ | |