ᠥᠪᠥᠷ ᠵᠠᠰᠠᠭ ᠲᠠᠷᠬᠠᠭᠠᠭᠰᠠᠨ ﹇2017﹈ 33 ᠳ᠋ᠤᠭᠠᠷ ᠲᠤᠭᠠᠳᠤ | 3 ᠳ᠋ᠤᠭᠠᠷ ᠰᠠᠷ᠎ᠠ ᠶᠢᠨ 8 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠬᠥᠯᠥᠨ ᠪᠤᠶᠢᠷ ᠪᠣᠯ ᠮᠠᠨ ᠤ ᠤᠯᠤᠰ ᠤᠨ ᠭᠦᠷᠰᠢ ᠵᠡᠷᠭᠡᠯᠡᠳᠡᠭᠡ ᠪᠠᠶᠢᠭ᠎ᠠ ᠣᠷᠣᠰ ᠮᠣᠩᠭᠤᠯ᠂ ᠵᠡᠭᠦᠨ | ᠬᠤᠶᠢᠲᠤ ᠠᠽᠢᠶ᠎ᠠ ᠳᠤ ᠬᠠᠨᠳᠣᠭᠤᠯᠣᠭᠰᠠᠨ᠂ ᠧᠦ᠋ᠷᠣᠫᠠ ᠶᠢᠨ ᠲᠣᠳᠣᠷ᠎ᠠ ᠭᠠᠵᠠᠷ ᠲᠤ ᠨᠡᠪᠲᠡᠷᠡᠭᠰᠡᠨ ᠴᠢᠬᠤᠯᠠ | ᠡᠭᠦᠳᠡ ᠡᠷᠤᠭᠡ ᠪᠣᠯᠣᠨ᠎ᠠ᠂ ᠤᠯᠤᠰ ᠤᠨ ︽ᠨᠢᠭᠡ ᠪᠦᠰᠡ ᠨᠢᠭᠡ ᠵᠠᠮ︾ ᠢ ᠠᠬᠢᠭᠤᠯᠬᠤ᠂ ᠳᠤᠮᠳᠠᠳᠤ ᠮᠣᠩᠭᠤᠯ | ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ | ᠪᠤᠳᠤᠯᠭ᠎ᠠ ᠶᠢᠨ ᠲᠤᠯᠤᠭᠴᠢ ᠴᠡᠭ ᠪᠣᠯᠣᠨ᠎ᠠ᠃ ᠬᠥᠯᠥᠨ ᠪᠤᠶᠢᠷ ᠲᠠᠬᠢ ᠳᠤᠮᠳᠠᠳᠤ ᠣᠷᠣᠰ ᠮᠣᠩᠭᠤᠯ ᠤᠨ | ᠬᠠᠮᠲᠤᠷᠠᠯᠴᠠᠭ᠎ᠠ ᠶᠢᠨ ᠬᠤᠰᠢᠭᠤᠴᠢ ᠣᠷᠣᠨ ︵ᠳᠣᠷᠣᠭᠰᠢ ᠬᠤᠰᠢᠭᠤᠴᠢ ᠣᠷᠣᠨ ᠭᠡᠵᠦ ᠲᠣᠪᠴᠢᠯᠠᠨ᠎ᠠ︶ ᠢ | ᠪᠦᠲᠦᠭᠡᠨ ᠪᠠᠶᠢᠭᠤᠯᠬᠤ ᠪᠣᠯ᠂ ᠮᠠᠨ ᠤ ᠤᠯᠤᠰ ᠤᠨ ᠨᠡᠭᠡᠭᠡᠯᠳ᠋ᠨ ᠪᠠᠷ ᠬᠥᠭᠵᠢᠯᠲᠡ ᠶᠢ ᠠᠬᠢᠭᠤᠯᠬᠤ ᠪᠠ ᠬᠢᠯᠢ ᠬᠢᠵᠠᠭᠠᠷ | ᠣᠷᠣᠨ ᠢ ᠬᠥᠭᠵᠢᠭᠦᠯᠦᠨ ᠠᠷᠠᠳ ᠢ ᠪᠠᠶᠠᠵᠢᠭᠤᠯᠬᠤ᠂ ᠡᠪ ᠨᠠᠶᠢᠷᠠᠮᠳᠠᠭᠤ ᠨᠥᠬᠦᠷᠰᠡᠭ ᠬᠥᠷᠰᠢ ᠶᠢ ᠪᠡᠶᠡᠯᠡᠭᠦᠯᠬᠦ ᠶᠢᠨ | ᠴᠢᠬᠤᠯᠠ ᠠᠷᠭ᠎ᠠ ᠪᠠᠷᠢᠯ ᠪᠠᠶᠢᠵᠣ᠂ ᠮᠠᠨ ᠤ ᠣᠷᠣᠨ ᠤ ᠪᠦᠬᠦ ᠲᠠᠯ᠎ᠠ ᠪᠠᠷ ᠭᠠᠳᠠᠭᠠᠳᠣ ᠳᠤ ᠨᠡᠭᠡᠭᠡᠯᠳᠠ ᠬᠢᠭᠦ ᠰᠢᠨ᠎ᠡ | ᠪᠠᠶᠢᠳᠠᠯ ᠢ ᠴᠣᠭᠴᠠᠯᠠᠬᠤ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠤ ᠠᠵᠤ ᠠᠬᠤᠶ ᠨᠡᠶᠢᠭᠡᠮ ᠤᠨ | ᠬᠥᠭᠵᠢᠯᠲᠡ ᠶᠢ ᠲᠦᠷᠭᠡᠣᠡᠭᠡᠭᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠬᠤᠰᠢᠭᠤᠴᠢ ᠣᠷᠣᠨ ᠤ ᠪᠦᠲᠦᠭᠡᠨ | ᠪᠠᠶᠢᠭᠤᠯᠤᠯᠲᠠ ᠶᠢ ᠲᠦᠷᠭᠡᠳᠬᠡᠨ᠂ ᠮᠠᠨ ᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠳᠡ ᠬᠢᠬᠦ ᠠᠵᠢᠯ ᠢ ᠳᠠᠬᠢᠨ | ᠰᠢᠨ᠎ᠡ ᠨᠢᠭᠡᠨ ᠳᠡᠭᠲᠡᠷ ᠲᠤ ᠭᠠᠷᠭᠠᠬᠤ ᠶᠢᠨ ᠲᠣᠰᠠᠳᠠ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠬᠢᠯᠢ ᠶᠢᠨ ᠪᠣᠭᠤᠮᠲᠠ ᠪᠠᠷ ᠨᠠᠪᠳᠠᠷᠠᠭᠦ ᠵᠠᠮ ᠤᠨ ᠲᠤᠯᠭᠠᠭᠤᠷᠢᠯᠠᠵᠣ ᠪᠠᠲᠤᠯᠠᠬᠤ ᠴᠢᠳᠠᠪᠤᠷᠢ ᠶᠢ | ᠳᠡᠭᠡᠭᠰᠢᠯᠡᠭᠦᠯᠦᠨ᠎ᠡ | ᠬᠢᠯᠢ ᠶᠢᠨ ᠪᠣᠭᠤᠮᠲᠠ ᠪᠠ ᠨᠡᠪᠳᠡᠷᠡᠭᠦ ᠵᠠᠮ ᠤᠨ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠂ ᠡᠳ᠋ ᠪᠠᠷᠠᠭ᠎ᠠ᠂ | ᠭᠦᠮᠣᠰ ᠢ ᠦᠩᠭᠡᠷᠡᠭᠦᠯᠭᠦ ᠴᠢᠳᠠᠪᠣᠷᠢ ᠪᠠᠨ ᠳᠡᠭᠡᠭᠰᠢᠯᠡᠭᠦᠯᠵᠦ᠂ ᠬᠤᠰᠢᠭᠤᠴᠢ ᠣᠷᠣᠨ ᠢ ᠧᠦ᠋ᠷᠣᠫᠠ ᠠᠽᠢᠶ᠎ᠠ ᠶᠢᠨ | ᠡᠭᠡ ᠬᠠᠭᠤᠷᠠᠶ ᠶᠢᠨ ᠬᠥᠭᠦᠷᠭᠡ ᠶᠢᠨ ᠴᠢᠬᠤᠯᠠ ᠬᠦᠢᠰᠦ ᠪᠣᠯᠭᠠᠨ ᠪᠦᠳᠣᠭᠡᠨ ᠪᠠᠶᠢᠭᠤᠯᠣᠨ᠎ᠠ᠃ | ︵ᠨᠢᠭᠡ︶ ᠭᠤᠣᠯᠳᠠᠯᠭ᠎ᠠ ᠲᠠᠢ ᠬᠢᠯᠢ ᠶᠢᠨ ᠪᠣᠭᠤᠮᠲᠠ ᠶᠢᠨ ᠪᠦᠳᠣᠭᠡᠨ ᠪᠠᠶᠢᠭᠤᠯᠣᠯᠳᠠ ᠶᠢ ᠴᠢᠩᠭᠠᠣᠠᠬᠠᠨ᠎ᠠ᠃ | ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠲᠦᠷᠣᠯ ᠤᠨ | ᠪᠡᠯᠡ ᠮᠥᠩᠭᠦ ᠶᠢ ᠬᠤᠰᠢᠭᠤᠴᠢ ᠣᠷᠣᠨ ᠲᠡᠰᠢ ᠬᠡᠯᠪᠠᠶᠢᠯᠭᠡᠵᠦ᠂ ᠬᠢᠯᠢ ᠶᠢᠨ ᠪᠣᠭᠤᠮᠲᠠ ᠶᠢᠨ ᠰᠠᠭᠤᠷᠢ | ᠪᠡᠯᠡᠣᠡᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠳᠡᠮᠵᠢᠨ᠎ᠠ᠃ ᠡᠪᠦᠳᠦᠭ᠂ ᠠᠷᠣ ᠬᠠᠰᠢᠶᠠᠳᠣ ᠳᠤ | ᠲᠣᠰᠠᠭᠠᠷ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠪᠠᠶᠢᠭᠤᠯᠤᠮᠵᠢ ᠪᠠᠶᠢᠭᠤᠯᠬᠤ ᠶᠢ ᠲᠦᠷᠭᠡᠣᠡᠭᠡᠨ | ᠠᠬᠢᠭᠤᠯᠬᠤ ᠶᠢᠨ ᠬᠠᠮᠳᠣ᠂ ᠵᠢᠯ ᠲᠤᠷᠰᠢ ᠴᠢᠯᠣᠭᠡᠳᠠᠢ ᠨᠡᠭᠡᠭᠡᠬᠦ ᠶᠢ ᠪᠡᠶᠡᠯᠡᠭᠦᠯᠣᠨ᠎ᠠ᠃ ᠾᠧᠢ ᠱᠠᠨ ᠳᠧᠦ ᠪᠠ | ᠡᠪᠦᠳᠦᠭ ᠬᠢᠯᠢ ᠶᠢᠨ ᠪᠣᠭᠤᠮᠲᠠ ᠶᠢ ᠣᠷᠣᠰ ᠮᠣᠩᠭᠤᠯ ᠳᠤ ᠴᠢᠭᠯᠡᠭᠦᠯᠣᠭ᠍ᠰᠡᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠵᠢᠭᠠᠨ ᠲᠣᠭᠲᠠᠭᠠᠭᠰᠠᠨ ᠬᠢᠯᠢ ᠶᠢᠨ ᠪᠣᠭᠤᠮᠲᠠ ᠪᠣᠯᠭᠠᠬᠤ ᠪᠠᠷ ᠴᠢᠷᠮᠠᠶᠢᠨ᠎ᠠ᠃ ᠰᠢᠪᠡᠭᠡ ᠬᠢᠯᠢ ᠶᠢᠨ | ᠪᠣᠭᠤᠮᠳᠠ ᠶᠢᠨ ᠠᠶᠠᠨᠴᠢᠳ ᠤᠨ ᠲᠡᠭᠡᠭᠡᠪᠦᠷᠢ᠂ ᠠᠶᠠᠨᠴᠢᠳ ᠢ ᠪᠠᠶᠢᠴᠠᠭᠠᠬᠤ ᠲᠤᠬᠠᠶᠢᠯᠠᠭᠰᠠᠨ ᠠᠵᠢᠯ ᠦᠷᠨᠢᠭᠦᠯᠭᠦ ᠶᠢ | ᠠᠬᠢᠭᠤᠯᠣᠨ᠂ ᠣᠯᠣᠴᠢ ᠬᠢᠯᠢ ᠶᠢᠨ ᠪᠣᠭᠤᠮᠳᠠ ᠶᠢ ᠲᠤᠰᠠᠯᠠᠨ ᠪᠠᠶᠢᠭᠤᠯᠬᠤ ᠠᠬᠢᠴᠠ ᠶᠢ ᠲᠦᠷᠭᠡᠳᠬᠡᠨ᠎ᠠ᠃ | ︵ᠬᠤᠶᠠᠷ︶ ᠬᠢᠯᠢ ᠶᠢᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠵᠠᠭᠪᠣᠷ ᠤᠨ ᠰᠢᠨ᠎ᠡ ᠶᠢ ᠡᠭᠦᠳᠣᠨ᠎ᠠ᠃ | ᠳᠠᠩ ᠭᠠᠭᠴᠨ ᠴᠣᠩᠬᠤᠪᠴᠢ ᠪᠠᠷ ᠦᠢᠯᠡᠴᠢᠯᠡᠭᠦ ᠪᠠ ᠲᠤᠮᠤ ᠳ᠋ᠠᠶᠢᠲ᠋ᠠ ᠶᠢᠨ ᠲᠠᠪᠴᠠᠩ ᠤᠨ ᠪᠠᠶᠢᠭᠤᠯᠤᠯᠲᠠ ᠶᠢ | ᠠᠬᠢᠭᠤᠯᠵᠤ᠂ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠮᠡᠳᠡᠭᠡ ᠵᠠᠩᠭᠢ ᠪᠠᠨ | ᠬᠠᠷᠢᠯᠴᠠᠨ ᠰᠣᠯᠢᠯᠴᠠᠬᠤ᠂ ᠬᠢᠨᠠᠯᠲᠠ ᠬᠠᠮᠢᠶᠠᠷᠤᠯᠲᠠ ᠪᠠᠨ ᠬᠠᠷᠢᠯᠴᠠᠨ ᠮᠡᠳᠡᠷᠡᠯᠴᠡᠬᠦ᠂ ᠬᠠᠤᠯᠢ ᠬᠡᠷᠡᠭᠵᠢᠭᠦᠯᠬᠦ ᠳᠡᠭᠡᠨ | ᠬᠠᠷᠢᠯᠴᠠᠨ ᠬᠠᠮᠵᠢᠯᠴᠠᠬᠤ ᠶᠢ ᠠᠬᠢᠭᠤᠯᠣᠨ᠂ ᠬᠢᠯᠢ ᠶᠢᠨ ᠪᠣᠭᠤᠮᠲᠠ ᠶᠢᠨ ᠪᠦᠳᠦᠮᠵᠢᠳᠡᠢ ᠠᠵᠢᠯᠯᠠᠭᠠᠨ ᠢ | ᠲᠦᠷᠭᠡᠣᠡᠭᠡᠨ᠎ᠠ᠃ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ᠂ ᠬᠢᠯᠢ ᠶᠢᠨ ᠬᠠᠮᠠᠭᠠᠯᠠᠯᠳᠠ ᠶᠢᠨ | ᠪᠠᠶᠢᠴᠠᠭᠠᠯᠲᠠ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠢᠨᠠᠯᠳᠠ ᠬᠠᠮᠢᠶᠠᠷᠣᠯᠳᠠ ᠶᠢᠨ ᠵᠠᠭᠪᠤᠷ ᠤᠨ ᠰᠢᠨ᠎ᠡ ᠶᠢ | ᠡᠭᠦᠳᠴᠣ᠂ ︽ᠬᠠᠷᠢᠯᠴᠠᠨ ᠮᠡᠳᠡᠭᠦᠯᠭᠦ᠂ ᠬᠠᠷᠢᠯᠴᠠᠨ ᠪᠠᠶᠢᠴᠠᠭᠠᠬᠤ᠂ ᠬᠠᠷᠢᠯᠴᠠᠨ ᠦᠩᠭᠡᠷᠡᠭᠡᠭᠦ︾᠂ ︽ | ᠭᠠᠳᠠᠭᠠᠳᠤ ᠳᠤ ᠭᠠᠷᠭᠠᠬᠤ ᠶᠢ ᠨᠢ ᠰᠢᠭᠤᠳ ᠭᠠᠷᠭᠠᠬᠤ᠂ ᠭᠠᠳᠠᠭᠠᠳᠤ ᠠᠴᠠ ᠣᠷᠣᠭᠤᠯᠬᠤ ᠶᠢ ᠨᠢ ᠰᠢᠭᠤᠳ | ᠦᠡᠭᠬᠡᠷᠡᠬᠦᠯᠬᠦ︾ ᠶᠢᠨ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠶᠢᠨ ᠨᠢᠭᠡ ᠴᠤᠭᠴᠠᠵᠢᠯᠳᠠ ᠶᠢ ᠪᠦᠭᠦ ᠳᠠᠯ᠎ᠠ ᠪᠠᠷ | ᠠᠬᠢᠭᠤᠯᠣᠨ᠎ᠠ᠃ ᠮᠠᠨᠵᠤᠤᠷ ᠤᠨ ᠤᠯᠠᠨ ᠤᠯᠤᠰ ᠤᠨ ᠠᠷᠠᠯᠵᠢᠶᠠᠨ ᠤ ︽ᠳᠠᠩ ᠭᠠᠭᠴᠠ ᠴᠣᠩᠬᠤᠪᠴᠢ ᠪᠠᠷ | ᠦᠢᠯᠡᠴᠢᠯᠡᠭᠦ︾ ᠶᠢ ᠤᠷᠢᠳᠠᠪᠠᠷ ᠲᠤᠷᠰᠢᠨ ᠬᠡᠷᠡᠭᠵᠢᠭᠦᠯᠭᠦ ᠶᠢ ᠳᠡᠮᠵᠢᠨ᠎ᠠ᠃ ATA ᠭᠠᠭᠴᠨ ᠦᠨᠡᠮᠯᠡᠯ ᠤᠨ | ᠳᠡᠪᠳᠠᠷ ᠤᠨ ᠲᠣᠭᠲᠠᠴᠠ ᠶᠢ ᠬᠡᠷᠡᠭᠵᠢᠭᠦᠯᠭᠦ ᠶᠢ ᠠᠬᠢᠭᠤᠯᠣᠨ᠎ᠠ᠃ | ︵ᠭᠤᠷᠪᠠ︶ ᠣᠷᠣᠰ ᠮᠣᠩᠭᠤᠯ ᠯᠤᠭ᠎ᠠ ᠶᠢᠨ ᠪᠣᠭᠤᠮᠲᠠ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ | ᠬᠠᠮᠳᠣᠷᠠᠯᠴᠠᠭ᠎ᠠ ᠶᠢ ᠠᠬᠢᠭᠤᠯᠣᠨ᠎ᠠ᠃ ᠳᠤᠮᠳᠠᠳᠤ ᠣᠷᠣᠰ ᠤᠨ ᠪᠣᠭᠤᠮᠲᠠ ᠶᠢᠨ ᠳ᠋ᠠᠶᠢᠲ᠋ᠠ ᠰᠣᠯᠢᠯᠴᠠᠬᠤ ︽ᠰᠠᠭᠠᠳ | ᠥᠭᠡᠢ ᠨᠡᠪᠲᠡᠷᠡᠬᠦ ᠵᠠᠮ︾ ᠤᠨ ᠬᠠᠮᠲᠤᠷᠠᠯᠴᠠᠭᠠᠨ ᠤ ᠲᠦᠷᠦᠯ ᠵᠦᠢᠯ ᠤᠨ ᠲᠤᠷᠰᠢᠯᠲᠠ ᠶᠢᠨ ᠠᠵᠤ ᠠᠬᠤᠶᠢᠯᠠᠯ ᠤᠨ | ᠬᠡᠪᠴᠢᠶ᠎ᠡ ᠶᠢ ᠥᠷᠭᠡᠳᠬᠡᠨ᠂ ︽ᠰᠠᠭᠠᠳ ᠥᠭᠡᠢ ᠨᠡᠪᠲᠡᠷᠡᠬᠦ ᠵᠠᠮ︾ ᠤᠨ ᠪᠣᠷᠣ ᠲᠦᠯᠣᠪ ᠳᠠᠬᠢ ᠪᠠᠷᠠᠭ᠎ᠠ ᠶᠢ | ᠪᠣᠭᠤᠮᠲᠠ ᠪᠠᠷ ᠥᠩᠭᠡᠷᠡᠭᠡᠭᠦ ᠬᠢᠨᠠᠯᠳᠠ ᠬᠠᠮᠢᠶᠠᠷᠣᠯᠳᠠ ᠶᠢᠨ ᠳᠡᠰ ᠳᠠᠷᠠᠭᠠᠯᠠᠯ ᠢ ᠲᠤᠪᠴᠢᠯᠠᠨ᠎ᠠ᠃ ᠤᠷᠤᠰ | ᠮᠣᠩᠭᠤᠯ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠦᠷ᠎ᠡ ᠳ᠋ᠦ᠋ᠶᠢᠩ ᠢ ᠬᠠᠷᠢᠯᠴᠠᠨ ᠮᠡᠳᠡᠷᠡᠯᠴᠡᠭᠦ | ᠲᠤᠷᠰᠢᠯᠲᠠ ᠶᠢ ᠥᠷᠨᠢᠭᠦᠯᠵᠦ᠂ ᠤᠷᠤᠰ ᠮᠣᠩᠭᠤᠯ ᠤᠨ ᠪᠣᠭᠤᠮᠲᠠ ᠯᠤᠭ᠎ᠠ ᠶᠢᠨ ︽ᠢᠳᠡᠭᠡᠮᠵᠢᠳᠠᠢ ᠰᠠᠭᠠᠣᠨ ᠦᠭᠡᠢ | ᠨᠡᠪᠳᠡᠷᠡᠭᠦ ᠵᠠᠮ︾ ᠤᠨ ᠪᠠᠶᠢᠭᠤᠯᠤᠯᠲᠠ ᠶᠢ ᠠᠬᠢᠭᠤᠯᠣᠨ᠎ᠠ᠃ ᠤᠷᠤᠰ ᠮᠣᠩᠭᠤᠯ ᠤᠨ ᠰᠢᠯᠭᠠᠨ ᠪᠠᠶᠢᠴᠠᠭᠠᠬᠤ ᠬᠢᠵᠢᠭ | ᠪᠠᠶᠢᠴᠠᠭᠠᠬᠤ ᠪᠠᠶᠢᠭᠤᠯᠤᠮᠵᠢ ᠯᠤᠭ᠎ᠠ ᠶᠢᠨ ᠮᠡᠷᠭᠡᠵᠢᠯ ᠬᠠᠤᠯᠢ ᠲᠣᠭᠲᠠᠭᠠᠯ᠂ ᠪᠠᠷᠢᠮᠵᠢᠶ᠎ᠠ᠂ ᠬᠢᠷᠢ ᠲᠡᠩᠴᠡᠬᠦ ᠶᠢ ᠦᠨᠡᠯᠡᠨ | ᠲᠣᠭᠲᠠᠭᠠᠬᠤ ᠭᠦᠷᠢᠶ᠎ᠡ ᠴᠠᠷᠠᠭ᠎ᠠ ᠳᠠᠬᠢ ᠬᠠᠮᠲᠤᠷᠠᠯᠴᠠᠭ᠎ᠠ ᠶᠢ ᠴᠢᠩᠭᠠᠳᠬᠠᠵᠤ᠂ ᠬᠢᠵᠢᠭ ᠡᠪᠡᠳᠴᠢᠨ ᠬᠢᠵᠢᠭ ᠤᠨ | ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠨᠡᠪᠳᠡᠷᠡᠭᠦᠯᠭᠦ ᠲᠣᠭᠲᠠᠴᠠ ᠶᠢ ᠪᠠᠶᠢᠭᠤᠯᠣᠨ᠎ᠠ᠃ | ︵ᠲᠦᠷᠪᠡ︶ ᠣᠨᠴᠣᠭᠤᠢ ᠲᠠᠸᠠᠷ ᠤᠨ ᠪᠣᠭᠤᠮᠲᠠ ᠪᠠᠷ ᠥᠩᠭᠡᠷᠡᠭᠦ ᠶᠢ ᠵᠥᠪᠰᠢᠶᠡᠷᠡᠭᠦ ᠪᠠᠨ ᠥᠷᠭᠡᠳᠬᠡᠨ᠎ᠠ᠃ | ᠬᠤᠰᠢᠭᠤᠴᠢ ᠣᠷᠣᠨ ᠤ ᠬᠢᠵᠠᠭᠠᠷᠯᠠᠬᠤ ᠳᠦᠷᠦᠯ ᠤᠨ ᠲᠠᠸᠠᠷ ᠤᠨ ᠭᠠᠳᠠᠭᠠᠳᠤ ᠠᠴᠠ ᠣᠷᠣᠭᠤᠯᠬᠤ ᠶᠢ ᠬᠠᠮᠢᠶᠠᠷᠴᠣ | ᠬᠢᠵᠠᠭᠠᠷᠯᠠᠬᠤ ᠪᠠ ᠵᠥᠪᠰᠢᠶᠡᠷᠡᠬᠦ ᠶᠢ ᠠᠭᠤᠵᠢᠭᠤ ᠲᠠᠯᠪᠢᠬᠤ ᠪᠠᠷ ᠴᠢᠷᠮᠠᠶᠢᠵᠣ᠂ ᠭᠠᠳᠠᠭᠠᠳᠤ ᠠᠴᠠ ᠣᠷᠣᠭᠤᠯᠬᠤ | ᠪᠣᠭᠤᠮᠲᠠ ᠶᠢᠨ ᠭᠠᠶᠢᠯᠢ ᠶᠢᠨ ᠳᠤᠬᠢᠷᠠᠭᠤᠯᠤᠯᠳᠠ ᠶᠢᠨ ᠬᠡᠮᠵᠢᠶ᠎ᠠ ᠶᠢ ᠨᠡᠮᠡᠭᠳᠡᠭᠦᠯᠣᠨ᠎ᠠ᠃ ᠬᠢᠯᠢ ᠶᠢᠨ ᠪᠣᠭᠤᠮᠲᠠ ᠶᠢᠨ | ᠮᠢᠬᠠᠨ ᠤ ᠵᠦᠢᠯ᠂ ᠠᠮᠤ ᠪᠤᠳᠠᠭ᠎ᠠ᠂ ᠤᠰᠤᠨ ᠭᠠᠷᠤᠯᠲᠠ᠂ ᠲᠡᠵᠢᠭᠡᠯ ᠪᠣᠷᠳᠤᠭ᠎ᠠ᠂ ᠮᠠᠰᠢᠨ ᠲᠡᠷᠭᠡ ᠵᠡᠷᠭᠡ | ᠭᠠᠳᠠᠭᠠᠳᠤ ᠠᠴᠠ ᠣᠷᠣᠭᠤᠯᠬᠤ ᠲᠠᠸᠠᠷ ᠤᠨ ᠲᠦᠷᠣᠯ ᠵᠦᠢᠯ ᠪᠣᠯᠤᠨ ᠲᠤᠭ᠎ᠠ ᠬᠡᠮᠵᠢᠶ᠎ᠡ ᠶᠢ ᠥᠷᠭᠡᠳᠬᠡᠭᠦ ᠶᠢ | ᠳᠡᠮᠵᠢᠨ᠎ᠠ᠃ ᠠᠮᠤ ᠪᠤᠳᠠᠭ᠎ᠠ᠂ ᠮᠢᠬᠠᠨ ᠤ ᠵᠦᠢᠯ᠂ ᠠᠮᠢᠳᠤ ᠠᠮᠢᠲᠠᠨ᠂ ᠲᠡᠵᠢᠭᠡᠯ ᠪᠣᠷᠳᠤᠭ᠎ᠠ᠂ ᠮᠣᠳᠣᠨ | ᠮᠠᠲ᠋ᠧᠷᠢᠶᠠᠯ ᠢ ᠭᠠᠳᠠᠭᠠᠳᠤ ᠠᠴᠠ ᠣᠷᠣᠭᠤᠯᠬᠤ ᠶᠢᠨ ᠵᠢᠭᠠᠨ ᠲᠣᠭᠲᠠᠭᠠᠭᠰᠠᠨ ᠬᠢᠯᠢ ᠶᠢᠨ ᠪᠣᠭᠤᠮᠲᠠ ᠪᠠᠷ | ᠭᠤᠶᠣᠴᠢᠯᠠᠵᠣ ᠮᠡᠳᠡᠭᠦᠯᠭᠦ ᠶᠢ ᠳᠡᠮᠵᠢᠨ᠎ᠠ᠃ | ︵ᠲᠠᠪᠤ︶ ᠭᠤᠣᠯᠳᠠᠯᠭ᠎ᠠ ᠲᠠᠢ ᠨᠡᠪᠳᠡᠷᠡᠭᠦ ᠵᠠᠮ ᠤᠨ ᠪᠥᠳᠥᠭᠡᠨ ᠪᠠᠶᠢᠭᠤᠯᠤᠯᠲᠠ ᠶᠢ ᠳᠡᠮᠵᠢᠨ᠎ᠠ᠃ ᠤᠯᠤᠰ ᠤᠨ | ᠲᠤᠰᠬᠠᠶ ᠲᠦᠷᠣᠯ ᠤᠨ ᠲᠥᠯᠥᠪᠵᠢᠭᠦᠯᠭᠡ ᠳᠤ ᠣᠷᠣᠭᠤᠯᠣᠭᠰᠠᠨ ᠬᠢᠯᠢ ᠠᠯᠣᠰᠯᠠᠭᠰᠠᠨ ᠲᠡᠮᠦᠷ ᠵᠠᠮ᠂ ᠵᠠᠰᠠᠮᠠᠯ | ᠵᠠᠮ ᠤᠨ ᠲᠥᠷᠥᠯ ᠵᠦᠢᠯ ᠢ ᠲᠦᠷᠭᠡᠣᠡᠭᠡᠨ ᠪᠠᠶᠢᠭᠤᠯᠵᠤ᠂ ᠲᠡᠮᠦᠷ ᠵᠠᠮ ᠤᠨ ᠬᠦᠢᠰᠦ᠂ ᠰᠣᠯᠢᠵᠤ ᠠᠴᠢᠶᠠᠯᠠᠬᠤ | ᠦᠷᠳᠡᠭᠡ ᠶᠢᠨ ᠴᠢᠳᠠᠪᠣᠷᠢ ᠶᠢ ᠦᠷᠭᠡᠣᠡᠭᠡᠨ ᠦᠭᠡᠷᠡᠴᠢᠯᠡᠭᠦ ᠶᠢ ᠠᠬᠢᠭᠤᠯᠣᠨ᠎ᠠ᠃ ᠠᠽᠢᠶ᠎ᠠ ᠲᠢᠪ ᠤᠨ ᠪᠡᠯᠡ | ᠣᠷᠣᠭᠤᠯᠤᠯᠲᠠ ᠶᠢᠨ ᠪᠠᠩᠬᠢ᠂ ᠲᠣᠷᠭᠠᠨ ᠵᠠᠮ ᠤᠨ ᠰᠠᠭᠤᠷᠢ ᠮᠥᠩᠭᠦ ᠠᠴᠠ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠡᠮᠵᠢᠯᠭᠡ ᠶᠢ ᠣᠯᠬᠤ ᠪᠠᠷ ᠢᠳᠡᠪᠬᠢᠳᠠᠢ | ᠴᠢᠷᠮᠠᠶᠢᠵᠣ᠂ ᠳᠠᠭᠠᠳᠬᠠᠯ ᠤᠨ ᠪᠡᠯᠡ ᠮᠥᠩᠭᠦ ᠶᠢᠨ ᠠᠪᠴᠠᠭᠠᠨ ᠤ ᠡᠷᠬᠡ᠂ ᠰᠲ᠋ᠣᠺ ᠤᠨ ᠡᠷᠬᠡ ᠵᠡᠷᠭᠡ ᠬᠡᠯᠪᠡᠷᠢ | ᠮᠠᠶ᠋ᠢᠭ ᠢᠶᠠᠷ ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠳᠤ ᠪᠡᠯᠡ ᠣᠷᠣᠭᠤᠯᠬᠤ ᠶᠢ ᠵᠣᠷᠢᠬᠵᠢᠭᠤᠯᠤᠨ | ᠬᠥᠲᠥᠯᠥᠨ ᠵᠢᠯᠣᠭᠤᠳᠣᠨ᠎ᠠ᠃ ᠮᠠᠨᠵᠤᠤᠷ ᠬᠢᠯᠢ ᠶᠢᠨ ᠪᠣᠭᠤᠮᠳᠠ ᠪᠠᠷ ᠬᠢᠯᠢ ᠭᠠᠷᠬᠤ ᠳᠤᠮᠳᠠᠳᠤ ᠧᠦ᠋ᠷᠣᠫᠠ ᠶᠢᠨ | ᠡᠭᠡᠯᠵᠢᠨ ᠤ ᠴᠤᠪᠤᠭ᠎ᠠ ᠶᠢᠨ ᠬᠡᠪᠰᠢᠵᠢᠭᠦᠯᠭᠦ᠂ ᠬᠡᠪᠴᠢᠶᠡᠵᠢᠭᠦᠯᠭᠦ ᠠᠵᠢᠯᠯᠠᠭᠠᠨ ᠢ ᠳᠡᠮᠵᠢᠨ᠎ᠠ᠃ ᠬᠤᠰᠢᠭᠤᠴᠢ | ᠣᠷᠣᠨ ᠤ ᠬᠢᠯᠢ ᠶᠢᠨ ᠪᠣᠭᠤᠮᠲᠠ ᠪᠠ ᠵᠡᠭᠦᠨ ᠬᠤᠶᠢᠲᠤ ᠣᠷᠣᠨ᠂ ᠤᠮᠠᠷᠠᠲᠤ ᠣᠷᠣᠨ ᠤ ᠴᠢᠬᠤᠯᠠ ᠭᠠᠷᠠᠮ ᠤᠨ | ᠬᠤᠭᠤᠷᠣᠨᠳᠣᠬᠢ ᠤᠯᠠᠨ ᠬᠡᠯᠪᠡᠷᠢ ᠶᠢᠨ ᠬᠤᠯᠪᠣᠭᠠᠯᠠᠨ ᠵᠦᠭᠡᠭᠡᠪᠣᠷᠢᠯᠡᠭᠦ ᠪᠠ ᠪᠣᠭᠤᠮᠲᠠ ᠥᠩᠭᠡᠷᠡᠬᠦ ᠬᠠᠮᠵᠢᠯᠴᠠᠭ᠎ᠠ ᠶᠢ | ᠥᠷᠭᠡᠳᠬᠡᠨ᠎ᠠ᠃ | ︵ᠵᠢᠷᠭᠤᠭ᠎ᠠ︶ ᠤᠯᠠᠨ ᠤᠯᠤᠰ ᠤᠨ ᠠᠭᠠᠷ ᠤᠨ ᠭᠠᠷᠠᠮ ᠤᠨ ᠵᠥᠭᠡᠭᠡᠪᠦᠷᠢᠯᠡᠬᠦ ᠴᠢᠳᠠᠪᠣᠷᠢ ᠶᠢ | ᠳᠡᠭᠡᠭᠰᠢᠯᠡᠭᠦᠯᠣᠨ᠎ᠠ᠃ ᠬᠠᠶᠢᠯᠠᠷ ᠤᠨ ᠨᠢᠰᠬᠡᠯ ᠤᠨ ᠪᠠᠭᠤᠳᠠᠯ᠂ ᠮᠠᠨᠵᠤᠤᠷ ᠤᠨ ᠨᠢᠰᠭᠡᠯ ᠤᠨ ᠪᠠᠭᠤᠳᠠᠯ ᠢ | ᠥᠭᠡᠷᠡᠴᠢᠯᠡᠵᠦ ᠥᠷᠭᠡᠳᠬᠡᠨ ᠪᠠᠶᠢᠭᠤᠯᠬᠤ ᠵᠢᠴᠢ ᠰᠢᠨ᠎ᠡ ᠪᠠᠷᠭᠤ ᠪᠠᠷᠠᠭᠤᠨ ᠬᠤᠰᠢᠭᠤ ᠵᠡᠷᠭᠡ ᠨᠡᠶᠢᠳᠡᠮ ᠬᠡᠷᠡᠭᠯᠡᠭᠡᠨ ᠤ | ᠨᠢᠰᠬᠡᠯ ᠤᠨ ᠪᠠᠭᠤᠳᠠᠯ ᠤᠨ ᠪᠦᠳᠦᠭᠡᠠ ᠪᠠᠶᠢᠭᠤᠯᠣᠯᠳᠠ ᠶᠢ ᠲᠦᠷᠭᠡᠳᠬᠡᠨ᠎ᠠ᠃ ᠮᠠᠨᠵᠤᠤᠷ᠂ ᠬᠠᠶᠢᠯᠠᠷ ᠤᠨ ᠣᠯᠠᠨ | ᠤᠯᠤᠰ ᠤᠨ ᠠᠭᠠᠷ ᠤᠨ ᠭᠠᠷᠠᠮ ᠨᠢ ᠪᠠᠷᠠᠭ᠎ᠠ ᠲᠡᠭᠡᠭᠡᠪᠦᠷᠢ ᠶᠢᠨ ᠠᠶᠠᠯᠠᠯ ᠤᠨ ᠱᠤᠭᠤᠮ ᠢ ᠨᠡᠪᠲᠡᠷᠡᠭᠦᠯᠭᠦ᠂ ᠣᠯᠠᠨ | ᠣᠯᠣᠰ ᠤᠨ ᠪᠠ ᠤᠯᠤᠰ ᠤᠨ ᠳᠣᠲᠣᠭᠠᠳᠤ ᠶᠢᠨ ᠠᠶᠠᠨᠴᠢᠳ ᠵᠦᠭᠡᠭᠡᠪᠣᠷᠢᠯᠡᠭᠦ ᠠᠶᠠᠯᠠᠯ ᠤᠨ ᠱᠤᠭᠤᠮ ᠢ ᠨᠡᠮᠡᠵᠣ | ᠨᠡᠪᠳᠡᠷᠡᠭᠦᠯᠭᠦ ᠶᠢ ᠳᠡᠮᠵᠢᠵᠣ᠂ ᠣᠷᠣᠰ ᠮᠣᠩᠭᠤᠯ ᠳᠤ ᠴᠢᠭᠯᠡᠭᠦᠯᠣᠭ᠍ᠰᠡᠨ ᠠᠶᠠᠨᠴᠢᠣᠨ ᠵᠥᠭᠡᠭᠡᠪᠦᠷᠢᠯᠡᠭᠦ ᠠᠶᠠᠯᠠᠯ ᠤᠨ | ᠱᠤᠭᠤᠮ ᠤᠨ ᠣᠬᠤᠷ ᠵᠠᠮ ᠤᠨ ᠵᠦᠭᠡᠭᠡᠪᠣᠷᠢ ᠶᠢᠨ ᠱᠣᠭᠤᠮ ᠪᠠ ᠨᠡᠶᠢᠳᠡᠮ ᠬᠡᠷᠡᠭᠯᠡᠭᠡᠨ ᠤ ᠠᠭᠠᠷ ᠠᠶᠠᠯᠠᠯ ᠤᠨ | ᠨᠦᠭᠦᠪᠣᠷᠢ ᠶᠢᠨ ᠲᠤᠭ᠎ᠠ ᠬᠡᠮᠵᠢᠶ᠎ᠡ ᠶᠢ ᠨᠡᠮᠡᠭᠳᠡᠭᠦᠯᠣᠨ᠎ᠠ᠃ | ᠬᠤᠶᠠᠷ᠂ ᠭᠤᠤᠯᠳᠠᠯᠭ᠎ᠠ ᠲᠠᠢ ᠨᠡᠭᠡᠭᠡᠨ ᠬᠥᠭᠵᠢᠭᠦᠯᠵᠦ ᠴᠢᠯᠣᠭᠡᠳᠠᠢ ᠳᠠᠯᠪᠢᠬᠤ ᠲᠠᠪᠴᠠᠩ ᠤᠨ | ᠪᠠᠶᠢᠭᠤᠯᠤᠯᠲᠠ ᠶᠢ ᠠᠬᠢᠭᠤᠯᠣᠨ᠎ᠠ | ᠭᠠᠳᠠᠭᠠᠳᠤ ᠨᠡᠭᠡᠭᠡᠯᠳᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠬᠤᠰᠢᠭᠤᠴᠢ ᠣᠷᠣᠨ ᠢ | ᠤᠯᠤᠰ ᠤᠨ ᠬᠢᠯᠢ ᠳᠠᠭᠠᠤ ᠣᠷᠣᠨ ᠤ ᠨᠠᠭᠡᠭᠡᠯᠳᠡ ᠶᠢᠨ ᠬᠠᠮᠲᠤᠷᠠᠯᠴᠠᠨ ᠬᠦ᠋ᠭᠵᠢᠭᠦ ᠴᠢᠬᠤᠯᠠ ᠣᠷᠣᠨ ᠪᠦᠰᠨ ᠪᠣᠯᠭᠠᠨ | ᠪᠦᠳᠣᠭᠡᠨ ᠪᠠᠶᠢᠭᠤᠯᠣᠨ᠎ᠠ᠃ | ︵ᠲᠤᠯᠤᠭ᠎ᠠ︶ ᠣᠨᠴᠣᠭᠤᠢ ᠬᠢᠨᠠᠯᠳᠠ ᠬᠠᠮᠢᠶᠠᠷᠣᠯᠳᠠ ᠶᠢᠨ ᠣᠷᠣᠨ᠃ ᠮᠠᠨᠵᠤᠤᠷ ᠤᠨ ᠶᠡᠷᠦᠩᠬᠡᠶᠢᠯᠡᠭᠰᠡᠨ | ᠭᠠᠶᠢᠯᠢ ᠪᠠᠲᠤᠯᠠᠬᠤ ᠣᠷᠣᠨ ᠤ ᠤᠷᠤᠭᠰᠢᠲᠠᠶ ᠡᠵᠡᠩᠨᠡᠯᠳᠠ ᠶᠢ ᠪᠠᠳᠣᠯᠠᠵᠣ᠂ ᠮᠠᠨᠵᠤᠤᠷ ᠤᠨ ᠠᠭᠠᠷ ᠠᠶᠠᠯᠠᠯ ᠤᠨ | ᠬᠢᠯᠢ ᠶᠢᠨ ᠪᠣᠭᠤᠮᠲᠠ ᠵᠢᠴᠢ ᠵᠠᠰᠠᠮᠠᠯ ᠵᠠᠮ ᠤᠨ ᠬᠢᠯᠢ ᠶᠢᠨ ᠪᠣᠭᠤᠮᠲᠠ ᠶᠢᠨ ᠬᠢᠯᠢ ᠪᠠᠷ ᠣᠷᠣᠭᠤᠯᠬᠤ ᠶᠢᠨ | ᠭᠠᠶᠢᠯᠢ ᠠᠴᠠ ᠬᠡᠯᠲᠦᠷᠢᠭᠦᠯᠬᠦ ᠳᠡᠯᠭᠡᠭᠦᠷ ᠭᠠᠷᠭᠠᠬᠤ ᠶᠢ ᠳᠡᠮᠵᠢᠨ᠎ᠠ᠃ ᠬᠠᠶᠢᠯᠠᠷ ᠤᠨ ᠠᠭᠠᠷ ᠠᠶᠠᠯᠠᠯ ᠤᠨ ᠬᠢᠯᠢ ᠶᠢᠨ | ᠪᠣᠭᠤᠮᠲᠠ ᠳᠤ ᠬᠢᠯᠢ ᠶᠢᠨ ᠪᠣᠭᠤᠮᠳᠠ ᠶᠢᠨ ᠭᠠᠶᠢᠯᠢ ᠠᠴᠠ ᠬᠡᠯᠲᠦᠷᠢᠭᠦᠯᠭᠦ ᠳᠡᠯᠭᠡᠭᠦᠷ᠂ ᠭᠠᠶᠢᠯᠢ ᠶᠢ ᠪᠠᠳᠣᠯᠠᠬᠤ ᠰᠠᠩ | ᠬᠥᠮᠥᠷᠭᠡ ᠪᠠᠶᠢᠭᠤᠯᠬᠤ ᠪᠠᠷ ᠴᠢᠷᠮᠠᠶᠢᠨ᠎ᠠ᠃ | ︵ᠨᠠᠢᠮᠠ︶ ᠭᠤᠣᠯᠳᠠᠯᠭ᠎ᠠ ᠲᠠᠢ ᠬᠢᠯᠢ ᠠᠯᠤᠰᠯᠠᠭᠰᠠᠨ ᠬᠠᠮᠲᠤᠷᠠᠯᠴᠠᠭᠠᠨ ᠤ ᠣᠷᠣᠨ᠃ ᠳᠤᠮᠳᠠᠳᠤ ᠣᠷᠣᠰ | ᠮᠣᠩᠭᠤᠯ ᠭᠤᠷᠪᠠᠨ ᠲᠠᠯ᠎ᠠ ᠪᠠᠷ ᠢᠶᠠᠨ ᠬᠢᠯᠢ ᠶᠢᠨ ᠠᠷᠠᠯᠵᠢᠶ᠎ᠠ ᠦᠷᠨᠢᠭᠦᠯᠭᠦ ᠶᠢ ᠵᠣᠷᠢᠬᠵᠢᠭᠤᠯᠣᠨ᠎ᠠ᠃ ᠮᠠᠨᠵᠤᠤᠷ | ᠬᠤᠲᠠ ᠶᠢᠨ ᠬᠠᠷᠢᠯᠴᠠᠨ ᠵᠠᠬ᠎ᠠ ᠳᠡᠯᠭᠡᠭᠦᠷ ᠭᠠᠷᠭᠠᠬᠤ ᠠᠷᠠᠯᠵᠢᠶᠠᠨ ᠤ ᠲᠣᠭᠤᠷᠢᠭ ᠪᠠ ᠶᠡᠷᠦᠩᠬᠡᠶᠢᠯᠡᠭᠰᠡᠨ ᠭᠠᠶᠢᠯᠢ | ᠪᠠᠲᠤᠯᠠᠬᠤ ᠣᠷᠣᠨ ᠬᠤᠯᠪᠣᠯᠳᠤᠨ ᠬᠥᠭᠵᠢᠭᠦ ᠶᠢ ᠳᠡᠮᠵᠢᠵᠣ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠭᠠᠶᠢᠯᠢ | ᠪᠠᠲᠤᠯᠠᠵᠣ ᠪᠠᠷᠠᠭ᠎ᠠ ᠪᠡᠯᠡᠣᠡᠭᠡᠭᠦ᠂ ᠬᠠᠷᠢᠯᠴᠠᠨ ᠵᠠᠬ᠎ᠠ ᠳᠡᠯᠭᠡᠭᠦᠷ ᠭᠠᠷᠭᠠᠬᠤ ᠠᠷᠠᠯᠵᠢᠶᠠᠨ ᠤ ᠲᠣᠭᠤᠷᠢᠭ | ᠲᠥᠪᠯᠡᠷᠡᠭᠦᠯᠦᠨ ᠠᠷᠠᠯᠵᠢᠶᠠᠯᠠᠬᠤ ᠶᠢ ᠬᠡᠷᠩᠵᠢᠭᠦᠯᠣᠨ᠎ᠠ᠃ ᠳᠤᠮᠳᠠᠳᠤ ᠣᠷᠣᠰ ᠮᠠᠨᠵᠤᠤᠷ — ᠠᠷᠣ ᠪᠠᠶᠢᠭᠠᠯ | ᠬᠤᠳᠠ ᠶᠢᠨ ᠬᠢᠯᠢ ᠶᠢᠨ ᠠᠷᠠᠳ ᠤᠨ ᠠᠷᠠᠯᠵᠢᠶᠠᠨ ᠤ ᠲᠣᠭᠤᠷᠢᠭ ᠤᠨ ᠨᠡᠭᠡᠭᠡᠯᠳᠠ ᠶᠢ ᠥᠷᠭᠡᠳᠬᠡᠬᠦ ᠶᠢ | ᠠᠬᠢᠭᠤᠯᠣᠨ᠎ᠠ᠃ | ︵ᠶᠢᠰᠦ︶ ᠵᠢᠭᠤᠯᠴᠢᠯᠠᠯ ᠨᠡᠭᠡᠭᠡᠯᠲᠡ ᠶᠢᠨ ᠲᠠᠪᠴᠠᠩ᠃ ᠤᠯᠤᠰ ᠤᠨ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠪᠠ ᠤᠯᠤᠰ ᠤᠨ ᠳᠡᠰ ᠤᠨ ᠵᠢᠭᠤᠯᠴᠢᠯᠠᠯ ᠤᠨ ᠦᠢᠯᠡᠰ ᠤᠨ | ᠥᠭᠡᠷᠡᠴᠢᠯᠡᠯᠲᠡ ᠰᠢᠨ᠎ᠡ ᠡᠭᠦᠳᠣᠯᠳᠠ ᠶᠢᠨ ᠬᠤᠰᠢᠭᠤᠴᠢ ᠣᠷᠣᠨ ᠢ ᠢᠳᠡᠪᠬᠢᠲᠡᠶ ᠡᠭᠦᠳᠦᠨ ᠪᠠᠶᠢᠭᠤᠯᠵᠤ᠂ 5 A | ᠲᠠᠰ ᠤᠨ ᠵᠢᠭᠤᠯᠴᠢᠯᠠᠯ ᠤᠨ ᠦᠵᠡᠮᠵᠢᠲᠦ ᠣᠷᠣᠨ ᠪᠠ ᠤᠯᠤᠰ ᠤᠨ ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ | ᠴᠣᠭᠴᠠᠯᠠᠨ᠎ᠠ᠃ ᠬᠢᠯᠢ ᠬᠢᠵᠠᠭᠠᠷ ᠤᠨ ᠵᠢᠭᠤᠯᠴᠢᠯᠠᠯ ᠤᠨ ᠲᠤᠷᠰᠢᠯᠲᠠ ᠶᠢᠨ ᠣᠷᠣᠨ ᠪᠠᠶᠢᠭᠤᠯᠬᠤ ᠶᠢ ᠳᠡᠮᠵᠢᠵᠦ᠂ | ᠳᠤᠮᠳᠠᠳᠤ ᠣᠷᠣᠰ ᠤᠨ ᠬᠢᠯᠢ ᠠᠯᠤᠰᠯᠠᠭᠰᠠᠨ ᠵᠢᠭᠤᠯᠴᠢᠯᠠᠯ ᠤᠨ ᠬᠠᠮᠲᠤᠷᠠᠯᠴᠠᠭᠠᠨ ᠤ ᠣᠷᠣᠨ ᠤ ᠪᠦᠳᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠣᠨ᠎ᠠ᠃ | ︵ᠠᠷᠪᠠ︶ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠠᠪᠴᠠᠩ᠃ ᠬᠢᠯᠢ ᠶᠢᠨ ᠪᠣᠭᠤᠮᠲᠠ ᠶᠢᠨ | ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ ᠬᠢᠯᠢ ᠠᠯᠤᠰᠯᠠᠭᠰᠠᠨ ᠰᠠᠩ ᠭᠦᠮᠣᠷᠭᠡ᠂ ᠬᠢᠯᠢ ᠶᠢᠨ ᠭᠠᠳᠠᠨ᠎ᠠ | ᠡᠵᠡᠩᠨᠡᠨ ᠪᠣᠷᠣᠯᠠᠭᠤᠯᠬᠤ ᠲᠣᠣᠷ ᠰᠦᠯᠵᠢᠶ᠎ᠡ ᠪᠠ ᠭᠠᠳᠠᠭᠠᠳᠤ ᠠᠴᠠ ᠣᠷᠣᠭᠤᠯᠵᠣ ᠭᠠᠳᠠᠭᠠᠳᠤ ᠳᠤ ᠭᠠᠷᠭᠠᠬᠤ ᠡᠳ᠋ | ᠪᠠᠷᠠᠭ᠎ᠠ ᠠᠷᠠᠯᠵᠢᠶᠠᠯᠠᠬᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠲᠡᠮᠵᠢᠵᠤ᠂ ᠳᠤᠮᠳᠠᠳᠤ ᠣᠷᠣᠰ ᠮᠣᠩᠭᠤᠯ ᠤᠨ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠥᠭᠵᠢᠯᠲᠡ ᠶᠢ ᠠᠬᠢᠭᠤᠯᠣᠨ᠎ᠠ᠃ ᠬᠥᠯᠥᠨ | ᠪᠤᠶᠢᠷ ᠤᠨ ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ᠂ ᠬᠠᠶᠢᠯᠠᠷ ᠤᠨ | ᠳᠤᠮᠳᠠᠳᠤ ᠣᠷᠣᠰ ᠮᠣᠩᠭᠤᠯ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ᠂ | ᠮᠠᠨᠵᠤᠤᠷ ᠤᠨ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ | ᠰᠠᠭᠤᠷᠢ ᠪᠡᠯᠡᠳᠬᠡᠮᠵᠢ ᠶᠢᠨ ᠪᠥᠳᠥᠭᠡᠨ ᠪᠠᠶᠢᠭᠤᠯᠤᠯᠲᠠ ᠶᠢ ᠲᠦᠷᠭᠡᠳᠬᠡᠨ᠎ᠠ᠃ ᠮᠠᠨᠵᠤᠤᠷ ᠤᠨ ᠤᠯᠠᠨ ᠤᠯᠤᠰ ᠤᠨ | ᠰᠢᠦᠳᠠᠨ ᠤ ᠵᠦᠢᠯ ᠢ ᠰᠣᠯᠢᠯᠴᠠᠬᠤ ᠦᠷᠳᠡᠭᠡ ᠶᠢᠨ ᠠᠵᠢᠯᠯᠠᠭᠠᠨ ᠢ ᠳᠡᠮᠵᠢᠨ᠎ᠠ᠃ | ︵ᠠᠷᠪᠠᠨ ᠨᠢᠭᠡ︶ ᠭᠠᠳᠠᠭᠠᠳᠤ ᠠᠴᠠ ᠣᠷᠣᠭᠤᠯᠵᠣ ᠭᠠᠳᠠᠭᠠᠳᠤ ᠳᠤ ᠭᠠᠷᠭᠠᠬᠤ ᠵᠦᠢᠯ ᠢ ᠡᠳ᠋ᠰᠢᠭᠦᠯᠣᠨ | ᠪᠣᠯᠪᠠᠰᠤᠷᠠᠭᠤᠯᠬᠤ ᠬᠦᠷᠢᠶᠡᠯᠡᠩ ᠲᠣᠭᠤᠷᠢᠭ᠃ ︽ᠬᠠᠶᠢᠯᠠᠷ — ᠴᠢᠲ᠋ᠠ — ᠴᠦᠢᠪᠠᠯᠰᠠᠩ︾ ᠳᠠᠳ᠋ ᠣᠷᠣᠨ | ᠪᠦᠰᠡ ᠶᠢᠨ ᠬᠡᠪᠴᠢᠶᠡᠨ ᠳᠠᠬᠢ ᠣᠷᠣᠰ ᠮᠣᠩᠭᠤᠯ ᠤᠨ ᠲᠠᠷᠢᠶᠠᠯᠠᠩ ᠪᠠ ᠠᠭᠤᠷᠬᠠᠶ ᠶᠢᠨ ᠡᠬᠢ ᠪᠠᠶᠠᠯᠢᠭ ᠡᠯᠪᠡᠭ | ᠬᠤᠷᠠᠭᠰᠠᠨ ᠭᠠᠵᠠᠷ ᠢᠶᠠᠷ ᠭᠤᠣᠯᠳᠠᠯᠭ᠎ᠠ ᠪᠣᠯᠭᠠᠨ᠂ ᠡᠬᠢ ᠪᠠᠶᠠᠯᠢᠭ ᠢ ᠨᠡᠭᠡᠭᠡᠨ ᠠᠭᠤᠳᠠᠯᠵᠣ ᠪᠣᠯᠪᠠᠰᠤᠷᠠᠭᠤᠯᠬᠤ᠂ | ᠪᠠᠷᠢᠯᠭ᠎ᠠ ᠶᠢᠨ ᠮᠠᠲ᠋ᠧᠷᠢᠶᠠᠯ ᠦᠢᠯᠡᠳᠪᠦᠷᠢᠯᠡᠭᠦ᠂ ᠲᠠᠷᠢᠶᠠᠯᠠᠩ ᠢ ᠨᠡᠭᠡᠭᠡᠨ ᠬᠥᠭᠵᠢᠭᠦᠯᠭᠦ ᠵᠡᠷᠭᠡ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠬᠠᠮᠳᠣᠷᠠᠯᠴᠠᠨ ᠪᠦᠳᠣᠭᠡᠨ ᠪᠠᠶᠢᠭᠤᠯᠵᠣ᠂ ᠤᠯᠤᠰ ᠤᠨ ᠡᠳ᠋ᠰᠢᠭᠦᠯᠣᠨ ᠪᠣᠯᠪᠠᠰᠣᠷᠠᠭᠤᠯᠬᠤ | ᠠᠷᠠᠯᠵᠢᠶᠠᠨ ᠤ ᠭᠤᠣᠯᠳᠠᠯᠭ᠎ᠠ ᠲᠠᠢ ᠵᠣᠯᠭᠠᠯᠳᠠ ᠶᠢᠨ ᠭᠠᠵᠠᠷ ᠲᠤ ᠣᠷᠣᠭᠤᠯᠬᠤ ᠪᠠᠷ ᠴᠢᠷᠮᠠᠶᠢᠨ᠎ᠠ᠃ ᠮᠠᠰᠢᠨ | ᠴᠠᠬᠢᠯᠭᠠᠨ ᠤ ᠲᠥᠬᠦᠭᠡᠷᠦᠮᠵᠢ ᠪᠠ ᠡᠬᠢ ᠪᠠᠶᠠᠯᠢᠭ ᠡᠨᠧᠷᠭᠢ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ | ᠭᠠᠷᠭᠠᠬᠤ ᠶᠢ ᠥᠷᠭᠡᠳᠬᠡᠭᠦ ᠶᠢ ᠵᠣᠷᠢᠬᠵᠢᠭᠤᠯᠤᠨ᠎ᠠ᠃ ᠲᠦᠭᠦᠬᠡᠶ ᠴᠢᠯᠠᠭᠤᠨ ᠲᠤᠰᠤ᠂ ᠮᠣᠳᠣᠨ ᠮᠠᠲ᠋ᠧᠷᠢᠶᠠᠯ᠂ | ᠳᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠭᠠᠳᠠᠭᠠᠳᠤ ᠠᠴᠠ ᠣᠷᠣᠭᠤᠯᠵᠣ ᠡᠬᠢ ᠪᠠᠶᠠᠯᠢᠭ ᠢ | ᠪᠤᠳᠠᠳᠠᠢ ᠪᠣᠯᠪᠠᠰᠤᠷᠠᠭᠤᠯᠬᠤ ᠰᠠᠭᠤᠷᠢᠨ ᠭᠠᠵᠠᠷ ᠢ ᠪᠥᠳᠥᠭᠡᠨ ᠪᠠᠶᠢᠭᠤᠯᠬᠤ ᠶᠢ ᠳᠡᠮᠵᠢᠨ᠎ᠠ᠃ | ᠭᠤᠷᠪᠠ᠂ ᠬᠥᠮᠦᠨ ᠰᠣᠶᠣᠯ ᠵᠡᠷᠭᠡ ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠨ᠎ᠠ | ᠤᠷᠤᠰ ᠮᠣᠩᠭᠤᠯ ᠯᠤᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ᠂ ᠰᠣᠶᠣᠯ ᠡᠷᠡᠭᠦᠯ | ᠬᠠᠮᠠᠭᠠᠯᠠᠯ᠂ ᠬᠢᠯᠢ ᠠᠯᠤᠰᠯᠠᠭᠰᠠᠨ ᠵᠢᠭᠤᠯᠴᠢᠯᠠᠯ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠬᠦᠷᠢᠶᠡᠨ ᠳᠠᠬᠢ ᠰᠣᠯᠢᠯᠴᠠᠭ᠎ᠠ ᠬᠠᠮᠲᠤᠷᠠᠯᠴᠠᠭ᠎ᠠ ᠶᠢ ᠴᠢᠩᠭᠠᠣᠠᠬᠠᠨ᠂ ᠬᠤᠰᠢᠭᠤᠴᠢ ᠣᠷᠣᠨ ᠢ ᠬᠦᠷᠰᠢ | ᠵᠡᠷᠬᠡᠯᠡᠳᠡᠭᠡ ᠶᠢᠨ ᠡᠶᠡᠯᠳᠡᠭ ᠨᠥᠬᠦᠷᠰᠡᠭ ᠪᠠ ᠬᠢᠯᠢ ᠬᠢᠵᠠᠭᠠᠷ ᠤᠨ ᠲᠣᠭᠲᠠᠭᠤᠨ ᠪᠠᠶᠢᠬᠤ ᠶᠢᠨ ᠵᠢᠱᠢᠶ᠎ᠡ ᠦᠵᠡᠭᠦᠯᠬᠦ | ᠣᠷᠣᠨ ᠪᠣᠯᠭᠠᠨ ᠪᠦᠲᠦᠭᠡᠨ ᠪᠠᠶᠢᠭᠤᠯᠤᠨ᠎ᠠ᠃ | ︵ᠠᠷᠪᠠᠨ ᠬᠤᠶᠠᠷ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠵᠡᠷᠭᠡ ᠭᠦᠷᠢᠶ᠎ᠠ ᠴᠠᠷᠠᠭ᠎ᠠ ᠶᠢᠨ | ᠬᠠᠮᠲᠤᠷᠠᠯᠴᠠᠭ᠎ᠠ ᠶᠢ ᠥᠷᠭᠡᠳᠬᠡᠨ᠎ᠠ᠃ ᠣᠷᠣᠰ ᠮᠣᠩᠭᠤᠯ ᠤᠨ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ | ᠤᠬᠠᠭᠠᠨ ᠰᠤᠳᠤᠯᠣᠯ ᠤᠨ ᠬᠦᠷᠢᠶᠡᠯᠡᠩ ᠭᠠᠵᠡᠷ ᠪᠠ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠯᠤᠭ᠎ᠠ ᠶᠢᠨ | ᠬᠠᠮᠲᠤᠷᠠᠯᠴᠠᠭ᠎ᠠ ᠪᠠᠨ ᠴᠢᠩᠭᠠᠣᠠᠬᠠᠬᠤ ᠶᠢ ᠵᠣᠷᠢᠬᠵᠢᠭᠤᠯᠵᠣ᠂ ᠰᠤᠳᠤᠯᠣᠨ ᠨᠡᠭᠡᠭᠡᠬᠦ ᠪᠠ ᠮᠡᠷᠭᠡᠵᠢᠯ ᠰᠢᠯᠵᠢᠭᠦᠯᠬᠦ | ᠪᠠᠶᠢᠭᠤᠯᠤᠮᠵᠢ ᠶᠢ ᠪᠠᠶᠢᠭᠤᠯᠵᠣ ᠬᠠᠮᠲᠤᠷᠠᠨ ᠪᠠᠬᠢᠯᠡᠯᠳᠠ ᠰᠢᠪᠳᠣᠯᠬᠤ ᠶᠢ ᠦᠷᠨᠢᠭᠦᠯᠣᠨ᠂ ᠨᠥᠬᠦᠴᠡᠯ ᠳᠤ ᠨᠡᠶᠢᠴᠡᠭᠦ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭᠠᠨ ᠤ ᠲᠦᠷᠣᠯ ᠵᠦᠢᠯ ᠢ ᠲᠡᠳᠬᠦᠨ ᠳᠡᠮᠵᠢᠨ᠎ᠠ᠃ ᠬᠥᠯᠥᠨ | ᠪᠤᠶᠢᠷ ᠤᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠰᠤᠳᠤᠯᠣᠯ ᠤᠨ ᠬᠦᠷᠢᠶᠡᠯᠡᠩ ᠭᠠᠵᠡᠷ ᠨᠢ ᠣᠷᠣᠰ | ᠮᠣᠩᠭᠤᠯ ᠯᠤᠭ᠎ᠠ ᠤᠶᠤᠡᠳᠣ ᠬᠥᠮᠥᠷᠭᠡ ᠪᠠᠶᠢᠭᠤᠯᠬᠤ᠂ ᠰᠢᠨᠵᠢᠯᠡᠭᠡᠨ ᠰᠤᠳᠤᠯᠭᠠᠨ᠂ ᠬᠠᠮᠳᠣᠷᠠᠯᠴᠠᠵᠣ ᠰᠤᠷᠭᠠᠭᠤᠯᠢ | ᠡᠷᠬᠢᠯᠡᠬᠦ᠂ ᠭᠠᠳᠠᠭᠠᠳᠤ ᠳᠤ ᠰᠤᠷᠤᠯᠴᠠᠭᠤᠯᠬᠤ ᠰᠤᠷᠤᠭᠴᠢ ᠶᠢ ᠬᠠᠷᠢᠯᠴᠠᠨ ᠲᠣᠮᠢᠯᠠᠬᠤ ᠵᠡᠷᠭᠡ ᠲᠠᠯ᠎ᠠ ᠶᠢᠨ | ᠬᠠᠮᠲᠤᠷᠠᠯᠴᠠᠭ᠎ᠠ ᠶᠢ ᠳᠡᠮᠵᠢᠨ᠎ᠠ᠃ | ︵ᠠᠷᠪᠠᠨ ᠭᠤᠷᠪᠠ︶ ᠰᠣᠶᠣᠯ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠵᠡᠷᠭᠡ ᠭᠦᠷᠢᠶ᠎ᠠ ᠴᠠᠷᠠᠭ᠎ᠠ ᠶᠢᠨ | ᠰᠣᠯᠢᠯᠴᠠᠭ᠎ᠠ ᠶᠢ ᠠᠬᠢᠭᠤᠯᠣᠨ᠎ᠠ᠃ ᠣᠨᠴᠠᠯᠢᠭ ᠪᠦᠬᠦᠢ ᠰᠣᠶᠣᠯ ᠲᠣᠭᠯᠠᠭᠠᠮ ᠤᠨ ᠲᠥᠷᠥᠯ ᠵᠦᠢᠯ ᠡᠷᠬᠢᠯᠡᠬᠦ ᠶᠢ | ᠵᠣᠷᠢᠬᠵᠢᠭᠤᠯᠤᠨ᠂ ᠤᠷᠤᠰ ᠮᠣᠩᠭᠤᠯ ᠳᠤ ᠬᠠᠨᠳᠣᠭᠤᠯᠣᠭᠰᠠᠨ ᠤᠬᠠᠭᠤᠯᠬᠤ ᠴᠢᠳᠠᠪᠤᠷᠢ ᠪᠠᠨ ᠳᠡᠭᠡᠭᠰᠢᠯᠡᠭᠦᠯᠦᠨ᠎ᠠ᠃ | ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢᠨ ᠣᠯᠠᠨ ᠤᠯᠤᠰ ᠤᠨ ᠶᠠᠷᠢᠶᠠᠨ ᠤ ᠲᠠᠪᠴᠠᠩ ᠪᠠᠶᠢᠭᠤᠯᠬᠤ ᠶᠢ | ᠠᠬᠢᠭᠤᠯᠣᠨ᠎ᠠ᠃ ᠮᠣᠩᠭᠤᠯ ᠬᠢᠲᠠᠳ ᠡᠮ ᠡᠮᠨᠡᠯᠭᠡ ᠪᠠ ᠭᠠᠳᠠᠭᠠᠳᠤ ᠳᠤ ᠬᠠᠨᠳᠣᠭᠤᠯᠣᠭᠰᠠᠨ ᠡᠮᠴᠢᠯᠡᠭᠡᠨ ᠡᠷᠡᠭᠦᠯᠵᠢᠯ | ᠡᠷᠡᠭᠦᠯ ᠮᠡᠡᠳᠦ ᠶᠢᠨ ᠦᠢᠯᠡᠰ ᠤᠨ ᠬᠥᠭᠵᠢᠯᠲᠡ ᠶᠢ ᠳᠡᠮᠵᠢᠨ᠎ᠠ᠃ ᠣᠷᠣᠰ ᠮᠣᠩᠭᠤᠯ ᠯᠤᠭ᠎ᠠ ᠤᠷᠤᠯᠳᠤᠭᠠᠨ | ᠶᠠᠪᠣᠭᠤᠯᠬᠤ ᠰᠣᠯᠢᠯᠴᠠᠭᠠᠨ ᠤ ᠠᠵᠢᠯᠯᠠᠭ᠎ᠠ ᠥᠷᠨᠢᠭᠦᠯᠭᠦ ᠶᠢ ᠳᠡᠮᠵᠢᠵᠣ᠂ ᠣᠷᠣᠨ ᠨᠣᠳᠤᠭ ᠤᠨ ᠴᠢᠨᠠᠷᠲᠠᠶ | ᠤᠷᠤᠯᠳᠤᠭᠠᠨ ᠤ ᠪᠡᠶ᠎ᠡ ᠶᠢᠨ ᠲᠠᠮᠢᠷ ᠤᠨ ᠳᠠᠪᠠᠭᠤᠯᠢᠭ ᠲᠦᠷᠣᠯ ᠵᠦᠢᠯ ᠤᠨ ᠵᠢᠭᠠᠨ ᠰᠤᠷᠭᠠᠯᠳᠠ ᠰᠤᠳᠤᠯᠤᠨ | ᠶᠠᠷᠢᠯᠴᠠᠬᠤ᠂ ᠬᠠᠮᠲᠤᠷᠠᠯᠴᠠᠨ ᠪᠣᠯᠪᠠᠰᠤᠷᠠᠭᠤᠯᠬᠤ ᠪᠠ ᠬᠠᠷᠢᠯᠴᠠᠨ ᠭᠦᠮᠣᠨ ᠲᠣᠮᠢᠯᠠᠬᠤ ᠪᠠᠨ ᠴᠢᠩᠭᠠᠣᠠᠬᠠᠨ᠎ᠠ᠃ | ︵ᠠᠷᠪᠠᠨ ᠳᠥᠷᠪᠡ︶ ᠵᠢᠭᠤᠯᠴᠢᠯᠠᠯ ᠤᠨ ᠭᠦᠷᠢᠶ᠎ᠡ ᠴᠠᠷᠠᠭ᠎ᠠ ᠶᠢᠨ ᠬᠠᠮᠲᠤᠷᠠᠯᠴᠠᠭ᠎ᠠ ᠪᠠᠨ ᠥᠷᠭᠡᠳᠬᠡᠨ᠎ᠠ᠃ | ᠳᠤᠮᠳᠠᠳᠤ ᠣᠷᠣᠰ ᠮᠣᠩᠭᠤᠯ ᠤᠨ ᠬᠠᠮ ᠵᠢᠭᠤᠯᠴᠢᠯᠠᠯ ᠤᠨ ᠬᠤᠯᠪᠣᠭ᠎ᠠ ᠶᠢ ᠪᠠᠶᠢᠭᠤᠯᠵᠤ᠂ ᠰᠣᠳᠣᠨ ᠬᠢᠯᠢ᠂ ᠬᠢᠯᠢ | ᠠᠯᠤᠰᠯᠠᠭᠰᠠᠨ ᠵᠢᠭᠤᠯᠴᠢᠯᠠᠯ ᠤᠨ ᠵᠠᠮ ᠱᠤᠭᠤᠮ ᠵᠢᠴᠢ ᠱᠤᠭᠤᠮ ᠲᠣᠭᠤᠷᠢᠭᠰᠠᠨ ᠵᠢᠭᠤᠯᠴᠢᠯᠠᠯ ᠤᠨ ᠵᠠᠮ ᠱᠤᠭᠤᠮ ᠢ | ᠪᠣᠢ ᠪᠣᠯᠭᠠᠨ᠎ᠠ᠃ ᠮᠣᠩᠭᠤᠯ ᠤᠯᠤᠰ ᠲᠤ ᠣᠴᠢᠬᠤ ᠵᠢᠭᠤᠯᠴᠢᠯᠠᠯ ᠤᠨ ᠪᠦᠯᠬᠦᠮ ᠢ ᠸᠢᠰᠠᠯᠠᠬᠤ ᠠᠴᠠ ᠬᠡᠯᠳᠣᠷᠢᠭᠦᠯᠭᠦ | ᠲᠦᠷᠣ ᠶᠢᠨ ᠪᠣᠳᠣᠯᠭ᠎ᠠ᠂ ᠣᠷᠣᠰ ᠤᠨ ᠬᠢᠯᠢ ᠪᠠᠷ ᠵᠢᠭᠤᠯᠴᠢᠯᠠᠬᠤ ᠪᠦᠯᠬᠦᠮ ᠤᠨ ᠬᠥᠮᠦᠨ ᠤ ᠲᠤᠭ᠎ᠠ ᠶᠢᠨ | ᠬᠢᠵᠠᠭᠠᠷᠯᠠᠯ ᠢ ᠠᠭᠤᠵᠢᠭᠤ ᠲᠠᠯᠪᠢᠭᠤᠯᠬᠤ ᠪᠠᠷ ᠢᠳᠡᠪᠬᠢᠯᠠᠨ ᠴᠢᠷᠮᠠᠶᠢᠨ᠎ᠠ᠃ ᠣᠷᠣᠰ ᠤᠨ ᠬᠠᠷᠢᠶᠠᠳᠣ᠂ ᠮᠣᠩᠭᠤᠯ | ᠤᠯᠤᠰ ᠤᠨ ᠬᠠᠷᠢᠶᠠᠳᠣ ᠶᠢᠨ ᠠᠶᠠᠨᠴᠢᠨ ᠤ ᠵᠢᠵᠢᠭ ᠮᠠᠰᠢᠨ ᠬᠢᠯᠢ ᠳᠤ ᠣᠷᠣᠬᠤ ᠶᠢᠨ ᠬᠢᠨᠠᠯᠲᠠ ᠬᠠᠮᠢᠶᠠᠷᠤᠯᠲᠠ ᠶᠢᠨ | ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠣᠨ᠎ᠠ᠃ | ︵ᠠᠷᠪᠠᠨ ᠲᠠᠪᠤ︶ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠭ᠎ᠠ ᠶᠢ | ᠳᠡᠭᠦᠯᠳᠡᠷᠵᠢᠭᠦᠯᠣᠨ᠎ᠠ᠃ ᠤᠷᠤᠰ ᠪᠣᠯᠤᠨ ᠮᠣᠩᠭᠤᠯ ᠤᠯᠤᠰ ᠯᠤᠭ᠎ᠠ ᠶᠢᠨ ᠤᠯᠤᠰ ᠠᠯᠤᠰᠯᠠᠭᠰᠠᠨ ᠠᠮᠢ ᠠᠬᠤᠶ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠣᠨ ᠪᠦᠷᠢᠨᠰᠢᠭᠦᠯᠵᠣ᠂ ᠤᠢ | ᠰᠢᠭᠤᠶ᠂ ᠨᠣᠳᠤᠭ ᠪᠡᠯᠴᠢᠭᠡᠷ᠂ ᠭᠤᠣᠯ ᠣᠷᠣᠰᠬᠠᠯ᠂ ᠨᠠᠭᠤᠷ ᠴᠦᠭᠦᠷᠣᠮ᠂ ᠨᠣᠭᠤ ᠭᠠᠵᠠᠷ ᠵᠡᠷᠭᠡ ᠠᠮᠢ ᠠᠬᠤᠶ ᠶᠢᠨ | ᠰᠢᠰᠲ᠋ᠧᠮ ᠢ ᠬᠠᠮᠳᠣᠪᠠᠷ ᠬᠠᠮᠠᠭᠠᠯᠠᠨ᠎ᠠ᠃ ᠤᠢ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠪᠠ ᠣᠢ | ᠰᠢᠭᠤᠢ ᠶᠢᠨ ᠭᠦᠨᠣᠭᠡᠯᠳᠣ ᠠᠮᠢᠳᠣ ᠪᠣᠳᠠᠰ ᠢ ᠰᠡᠷᠭᠡᠶᠢᠯᠠᠨ ᠵᠠᠰᠠᠬᠤ ᠬᠠᠮᠳᠣᠷᠠᠨ ᠰᠡᠷᠭᠡᠶᠢᠯᠡᠵᠣ ᠬᠠᠮᠳᠣᠷᠠᠨ | ᠵᠠᠰᠠᠬᠤ ᠪᠠᠨ ᠴᠢᠩᠭᠠᠣᠠᠬᠠᠨ᠎ᠠ᠃ ᠣᠷᠴᠢᠨ ᠲᠣᠭᠤᠷᠢᠨ ᠢ ᠬᠢᠨᠠᠨ ᠡᠵᠡᠮᠳᠡᠬᠦ ᠮᠡᠳᠡᠭᠡ ᠵᠠᠩᠭᠢ ᠶᠢᠨ ᠲᠠᠪᠴᠠᠩ ᠢ | ᠪᠠᠶᠢᠭᠤᠯᠵᠤ᠂ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠪᠠ ᠬᠢᠯᠢ ᠠᠯᠤᠰᠯᠠᠭᠰᠠᠨ ᠣᠷᠴᠢᠨ ᠲᠣᠭᠤᠷᠢᠨ ᠤ | ᠨᠥᠯᠥᠭᠡᠯᠡᠯ ᠢ ᠦᠨᠡᠯᠡᠨ ᠵᠢᠱᠢᠭᠦ ᠪᠠᠨ ᠴᠢᠩᠭᠠᠣᠠᠬᠠᠨ᠎ᠠ᠃ | ᠲᠦᠷᠪᠡ᠂ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢᠨ ᠲᠦᠷᠦ ᠶᠢᠨ ᠪᠤᠳᠤᠯᠭ᠎ᠠ ᠠᠷᠭ᠎ᠠ | ᠬᠡᠮᠵᠢᠶ᠎ᠡ ᠶᠢ ᠳᠡᠮᠵᠢᠨ᠎ᠠ | ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠬᠠᠮᠲᠤᠷᠠᠯᠴᠠᠭᠠᠨ ᠤ ᠲᠣᠭᠲᠠᠴᠠ ᠶᠢ | ᠪᠦᠷᠢᠨᠰᠢᠭᠦᠯᠣᠨ᠂ ᠬᠤᠰᠢᠭᠤᠴᠢ ᠣᠷᠣᠨ ᠳᠤ ᠤᠯᠤᠰ ᠪᠠ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ | ᠨᠡᠭᠡᠭᠡᠨ ᠬᠥᠭᠵᠢᠭᠦᠯᠵᠦ ᠴᠢᠯᠣᠭᠡᠳᠠᠢ ᠳᠠᠯᠪᠢᠬᠤ ᠲᠤᠷᠰᠢᠯᠲᠠ ᠶᠢᠨ ᠣᠷᠣᠨ ᠤ ᠪᠦᠳᠣᠭᠡᠨ ᠪᠠᠶᠢᠭᠤᠯᠤᠯᠲᠠ ᠶᠢ ᠳᠡᠮᠵᠢᠭᠦ | ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠣᠷᠢᠵᠢᠭᠤᠯᠣᠨ᠂ ᠴᠢᠯᠥᠭᠡᠲᠦ ᠠᠷᠠᠯᠵᠢᠶᠠᠨ ᠤ ᠣᠷᠣᠨ ᠨᠢ | ᠥᠭᠡᠷᠡᠴᠢᠯᠡᠯᠲᠡ ᠶᠢᠨ ᠲᠣᠷᠰᠢᠯᠳᠠ ᠶᠢᠨ ᠴᠢᠬ ᠤᠨ ᠲᠤᠷᠰᠢᠯᠭ᠎ᠠ ᠶᠢ ᠳᠠᠭᠤᠷᠢᠶᠠᠬᠤ ᠶᠢ ᠢᠳᠡᠪᠬᠢᠲᠡᠶ ᠪᠠᠷ | ᠳᠡᠯᠭᠡᠷᠡᠭᠦᠯᠵᠦ᠂ ᠬᠤᠰᠢᠭᠤᠴᠢ ᠣᠷᠣᠨ ᠢ ᠪᠠᠶᠢᠭᠤᠯᠤᠯ ᠲᠣᠭᠲᠠᠴᠠ ᠶᠢᠨ ᠥᠭᠡᠷᠡᠴᠢᠯᠡᠯᠲᠡ ᠰᠢᠨ᠎ᠡ ᠶᠢ ᠡᠭᠦᠳᠣᠭ᠍ᠰᠡᠨ | ᠳᠠᠭᠠᠭᠤᠯᠣᠭᠴᠢ ᠣᠷᠣᠨ ᠪᠣᠯᠭᠠᠵᠣ ᠪᠠᠶᠢᠭᠤᠯᠤᠨ᠎ᠠ᠃ | ︵ᠠᠷᠪᠠᠨ ᠵᠢᠷᠭᠤᠭ᠎ᠠ︶ ᠡᠳ᠋ ᠤᠨ ᠵᠠᠰᠠᠭ ᠭᠠᠶᠢᠯᠢ ᠶᠢᠨ ᠲᠦᠷᠦ ᠶᠢᠨ ᠪᠤᠳᠤᠯᠭ᠎ᠠ᠃ ᠬᠢᠯᠢ ᠬᠢᠵᠠᠭᠠᠷ | ᠣᠷᠣᠨ ᠳᠠᠬᠢ ᠰᠢᠯᠵᠢᠭᠦᠯᠦᠨ ᠥᠭᠬᠦ ᠪᠡᠯᠡ ᠮᠦᠩᠭᠦ ᠶᠢᠨ ᠬᠠᠮᠢᠶᠠᠷᠤᠯᠲᠠ ᠶᠢᠨ ᠠᠷᠭ᠎ᠠ ᠪᠠᠷ᠂ ᠬᠢᠯᠢ ᠬᠢᠵᠠᠭᠠᠷ ᠬᠤᠰᠢᠭᠤ | ᠬᠤᠳᠠ ᠶᠢ ᠲᠡᠳᠬᠦᠭᠦ ᠡᠷᠴᠢᠮ ᠢᠶᠠᠨ ᠴᠢᠩᠭᠠᠷᠠᠭᠤᠯᠤᠨ᠎ᠠ᠃ ᠤᠯᠤᠰ ᠤᠨ ᠵᠡᠭᠦᠨ ᠬᠤᠶᠢᠲᠤ ᠣᠷᠣᠨ ᠢ ᠬᠥᠭᠵᠢᠭᠦᠯᠦᠨ | ᠮᠠᠨᠳᠤᠭᠤᠯᠬᠤ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠬᠢᠯᠢ ᠳᠠᠭᠠᠤ ᠣᠷᠣᠨ ᠢ ᠨᠡᠭᠡᠭᠡᠨ | ᠬᠥᠭᠵᠢᠭᠦᠯᠵᠦ ᠴᠢᠯᠣᠭᠡᠳᠠᠢ ᠳᠠᠯᠪᠢᠬᠤ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠵᠡᠷᠭᠡ ᠣᠷᠣᠨ | ᠪᠦᠰᠡ ᠶᠢᠨ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠣᠷᠢᠵᠢᠭᠤᠯᠣᠨ᠎ᠠ᠃ ᠪᠠᠷᠠᠭᠠᠨ ᠤ | ᠭᠦᠢᠯᠭᠡᠭᠡᠨ ᠤ ᠬᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ᠂ ᠲᠤᠮᠤ | ᠬᠡᠯᠪᠡᠷᠢ ᠶᠢᠨ ᠭᠤᠷᠪᠠᠳᠠᠬᠢ ᠡᠲᠡᠭᠡᠳ ᠤᠨ ᠪᠠᠷᠠᠭᠠᠨ ᠤ ᠭᠦᠢᠯᠭᠡᠭᠡ ᠶᠢᠨ ᠲᠦᠷᠣᠯ ᠵᠦᠢᠯ ᠤᠨ ᠭᠠᠵᠠᠷ ᠰᠢᠷᠣᠶ ᠬᠡᠷᠡᠭᠯᠡᠬᠦ | ᠭᠠᠶᠢᠯᠢ ᠰᠦᠢᠳᠬᠡᠯ ᠢ ᠪᠠᠭᠤᠷᠠᠭᠤᠯᠣᠨ᠎ᠠ᠃ | ︵ᠠᠷᠪᠠᠨ ᠲᠤᠯᠤᠭ᠎ᠠ︶ ᠮᠥᠩᠭᠦᠨ ᠭᠦᠢᠯᠭᠡᠭᠡᠨ ᠤ ᠲᠦᠷᠦ ᠶᠢᠨ ᠪᠤᠳᠤᠯᠭ᠎ᠠ᠃ ᠡᠯ᠎ᠡ ᠪᠠᠩᠬᠢ ᠶᠢᠨ ᠦᠢᠯᠡᠰ | ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠵᠢᠯ ᠤᠨ ᠰᠢᠨ᠎ᠡ ᠪᠠᠷ ᠨᠡᠮᠡᠭᠳᠡᠭᠰᠡᠨ ᠬᠠᠳᠠᠭᠠᠯᠠᠮᠵᠢ ᠶᠢ ᠵᠠᠷᠴᠢᠮ | ᠳᠡᠭᠡᠷ᠎ᠡ ᠪᠠᠨ ᠲᠤᠬᠠᠶ ᠶᠢᠨ ᠭᠠᠵᠠᠷ ᠤᠨ ᠵᠢᠭᠡᠯᠡᠯᠭᠡ ᠳᠤ ᠬᠡᠷᠡᠭᠯᠡᠨ᠂ ᠡᠯ᠎ᠡ ᠰᠢᠶᠠᠨ ᠤ ᠬᠡᠪᠴᠢᠶᠠᠨ ᠤ ᠬᠠᠤᠯᠢ ᠶᠢᠨ | ᠡᠷᠭᠡᠳᠠᠨ ᠤ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠰ ᠵᠢᠯ ᠤᠨ ᠰᠢᠨ᠎ᠡ ᠪᠠᠷ ᠨᠡᠮᠡᠭᠳᠡᠭᠰᠡᠨ ᠬᠠᠳᠠᠭᠠᠯᠠᠮᠵᠢ ᠶᠢ | ᠲᠤᠬᠠᠶ ᠶᠢᠨ ᠭᠠᠵᠠᠷ ᠤᠨ ᠵᠢᠭᠡᠯᠡᠯᠭᠡ ᠳᠤ ᠬᠡᠷᠡᠭᠯᠡᠵᠣ ᠰᠢᠯᠭᠠᠨ ᠬᠢᠨᠠᠯᠳᠠ ᠳᠤ ᠪᠠᠷᠢᠮᠵᠢᠶ᠎ᠠ ᠳᠤ ᠬᠥᠷᠥᠭᠰᠡᠨ ᠪᠣᠯ᠂ | ᠠᠷᠠᠳ ᠤᠨ ᠪᠠᠩᠬᠢ ᠨᠢ ᠬᠠᠳᠠᠭᠠᠯᠠᠮᠵᠢ ᠶᠢᠨ ᠪᠡᠯᠡᠳᠬᠡᠯ ᠮᠥᠩᠭᠦᠨ ᠤ ᠨᠤᠷᠮ᠎ᠠ ᠶᠢ ᠲᠣᠰᠢᠶᠠᠬᠤ ᠦᠶ᠎ᠡ ᠳᠤ ᠲᠥᠷᠥ ᠶᠢᠨ | ᠪᠤᠳᠤᠯᠭ᠎ᠠ ᠶᠢᠨ ᠬᠠᠷᠠᠭᠠᠯᠵᠠᠯ ᠦᠵᠡᠭᠦᠯᠣᠨ᠎ᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠨᠢ ᠬᠤᠰᠢᠭᠤᠴᠢ | ᠣᠷᠣᠨ ᠢ ᠪᠠᠩᠬᠢ ᠶᠢᠨ ᠲᠤᠬᠠᠶᠢᠯᠠᠭᠰᠠᠨ ᠠᠵᠢᠯ ᠢ ᠬᠥᠭᠵᠢᠭᠦᠯᠭᠦ ᠪᠠ ᠵᠢᠭᠡᠯᠡᠯᠭᠡ ᠶᠢ ᠳᠡᠮᠵᠢᠬᠦ ᠶᠢᠨ ᠭᠤᠣᠯᠳᠠᠯᠭᠠᠳᠣ | ᠣᠷᠣᠨ ᠳᠤ ᠵᠢᠭᠰᠠᠭᠠᠵᠣ᠂ ᠵᠢᠭᠡᠯᠡᠯᠭᠡ ᠶᠢᠨ ᠡᠷᠭᠡ ᠣᠯᠭᠤᠨ ᠬᠢᠨᠠᠨ ᠵᠥᠪᠰᠢᠶᠡᠷᠡᠬᠦ ᠡᠷᠬᠡ ᠮᠡᠳᠡᠯ ᠪᠠ ᠢᠲᠡᠭᠡᠮᠵᠢ | ᠣᠯᠭᠤᠬᠤ ᠲᠤᠭ᠎ᠠ ᠬᠡᠮᠵᠢᠶ᠎ᠡ ᠶᠢ ᠦᠷᠭᠡᠣᠡᠭᠡᠭᠦ ᠪᠠᠷ ᠶᠡᠷᠣᠩᠬᠡᠢ ᠬᠡᠯᠳᠠᠰ ᠠᠴᠠ ᠢᠳᠡᠪᠬᠢᠳᠠᠢ ᠡᠷᠡᠮᠵᠢᠯᠠᠨᠠ᠃ | ᠬᠤᠰᠢᠭᠤᠴᠢ ᠣᠷᠣᠨ ᠳᠤ ᠪᠡᠯᠡ ᠲᠣᠬᠢᠷᠠᠭᠤᠯᠭ᠎ᠠ ᠶᠢᠨ ᠴᠢᠨᠠᠷᠲᠠᠶ ᠳᠠᠭᠠᠭᠠᠯᠲᠠ ᠬᠢᠬᠦ ᠺᠣᠮᠫᠠᠨᠢ᠂ ᠪᠠᠭ᠎ᠠ ᠲᠣᠭᠠᠠ ᠤ | ᠵᠢᠭᠡᠯᠡᠯᠭᠡ ᠶᠢᠨ ᠺᠣᠮᠫᠠᠨᠢ ᠶᠢ ᠭᠤᠶᠣᠴᠢᠯᠠᠵᠣ ᠪᠠᠶᠢᠭᠤᠯᠬᠤ ᠶᠢ ᠳᠡᠮᠵᠢᠨ᠎ᠠ᠃ ᠡᠯ᠎ᠡ ᠲᠦᠷᠦᠯ ᠤᠨ ᠠᠵᠤ ᠠᠬᠤᠶᠢᠯᠠᠯ ᠪᠠ | ᠪᠡᠯᠡ ᠲᠣᠬᠢᠷᠠᠭᠤᠯᠭ᠎ᠠ ᠶᠢᠨ ᠲᠠᠪᠴᠠᠩ ᠤᠨ ᠵᠠᠬ᠎ᠠ ᠳᠡᠯᠭᠡᠭᠦᠷ ᠲᠤ ᠭᠠᠷᠬᠤ᠂ ᠫᠠᠶᠢᠰᠨ ᠡᠯᠭᠦᠭᠦ᠂ ᠪᠡᠯᠡ | ᠲᠣᠬᠢᠷᠠᠭᠤᠯᠭ᠎ᠠ᠂ ᠵᠢᠭᠡᠯᠡᠯᠭᠡ ᠲᠠᠯᠪᠢᠬᠤ ᠶᠢ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | ︵ᠠᠷᠪᠠᠨ ᠨᠠᠢᠮᠠ︶ ᠭᠠᠵᠠᠷ ᠰᠢᠷᠣᠶ ᠶᠢᠨ ᠲᠦᠷᠦ ᠶᠢᠨ ᠪᠤᠳᠤᠯᠭ᠎ᠠ᠃ ᠬᠤᠰᠢᠭᠤᠴᠢ ᠣᠷᠣᠨ ᠤ ᠣᠨ ᠤ | ᠪᠦᠳᠦᠭᠡᠨ ᠪᠠᠶᠢᠭᠤᠯᠤᠯᠲᠠ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠠᠰᠢᠭᠯᠠᠭᠠᠳᠤᠶ ᠭᠠᠵᠠᠷ ᠢ | ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠢᠳᠡᠪᠬᠢᠳᠠᠢ ᠳᠡᠮᠵᠢᠵᠣ᠂ ᠪᠦᠳᠦᠭᠡᠠ ᠪᠠᠶᠢᠭᠤᠯᠤᠯᠲᠠ ᠳᠤ ᠬᠡᠷᠡᠭᠯᠡᠬᠦ ᠭᠠᠵᠠᠷ ᠢ | ᠰᠢᠨ᠎ᠠ ᠪᠠᠷ ᠨᠡᠮᠡᠭᠳᠡᠭᠦᠯᠭᠦ ᠲᠥᠯᠥᠪᠯᠡᠭᠡ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠬᠤ ᠦᠶ᠎ᠡ ᠳᠤ ᠬᠡᠯᠪᠠᠶᠢᠨᠠ᠃ | ᠵᠢᠭᠤᠯᠴᠢᠯᠠᠯ ᠤᠨ ᠣᠷᠣᠨ ᠳᠠᠬᠢ ᠲᠠᠷᠢᠶᠠᠯᠠᠩ ᠳᠤ ᠬᠡᠷᠡᠭᠯᠡᠬᠦ ᠭᠠᠵᠠᠷ ᠤᠨ ᠰᠢᠨᠵᠢ ᠴᠢᠨᠠᠷ ᠲᠠᠢ ᠪᠠᠶᠢᠭᠠᠯᠢ ᠶᠢᠨ ᠦᠵᠡᠮᠵᠢ | ᠦᠵᠡᠰᠭᠦᠯᠡᠩ ᠳᠤ ᠬᠡᠷᠡᠭᠯᠡᠬᠦ ᠭᠠᠵᠠᠷ᠂ ᠠᠮᠢ ᠠᠬᠤᠶ᠂ ᠤᠰᠦᠠ ᠤ ᠭᠠᠳᠠᠷᠭᠤ ᠶᠢᠨ ᠬᠡᠷᠡᠭᠯᠡᠬᠦ ᠭᠠᠵᠠᠷ ᠵᠡᠷᠭᠡ ᠳᠤ | ᠬᠠᠷᠢᠶᠠᠯᠠᠭᠳᠠᠬᠤ᠂ ᠬᠡᠷᠡᠭᠴᠡᠭᠡ ᠶᠢ ᠨᠢ ᠬᠤᠪᠢᠷᠠᠭᠤᠯᠤᠭᠰᠠᠨ ᠦᠭᠡᠢ ᠪᠠᠶᠢᠬᠤ ᠳᠤ ᠨᠥᠬᠦᠪᠥᠷᠢ ᠨᠢ ᠪᠣᠳᠠᠲᠠᠶᠢᠵᠢᠭᠰᠠᠨ | ᠪᠣᠯ᠂ ᠭᠠᠵᠠᠷ ᠰᠢᠷᠣᠶ ᠶᠢ ᠲᠠᠷᠢᠶᠠᠯᠠᠩ ᠠᠴᠠ ᠬᠤᠪᠢᠷᠠᠭᠤᠯᠣᠨ ᠬᠡᠷᠩᠯᠡᠭᠦ ᠭᠠᠷᠳᠠᠮ ᠢ ᠭᠦᠢᠴᠡᠳᠬᠡᠭᠦ ᠦᠭᠡᠢ ᠪᠠᠶᠢᠵᠣ | ᠪᠣᠯᠣᠨ᠎ᠠ᠃ | ︵ᠠᠷᠪᠠ ᠶᠢᠰᠦ︶ ᠭᠠᠳᠠᠭᠠᠳᠤ ᠭᠤᠪᠢᠭᠤᠯᠭ᠎ᠠ ᠶᠢᠨ ᠲᠦᠷᠣ ᠶᠢᠨ ᠪᠣᠳᠣᠯᠭ᠎ᠠ᠃ ᠬᠤᠪᠢ ᠬᠥᠮᠦᠨ ᠤ | ᠭᠠᠳᠠᠭᠠᠳᠤ ᠶᠢᠨ ᠵᠣᠭᠤᠰ ᠰᠣᠯᠢᠬᠤ ᠶᠢ ᠣᠨᠴᠨ ᠵᠦᠪᠰᠢᠶᠡᠷᠡᠭᠦ ᠲᠤᠬᠠᠶᠢᠯᠠᠭᠰᠠᠨ ᠠᠵᠢᠯ ᠤᠨ ᠲᠤᠷᠰᠢᠯᠲᠠ ᠶᠢ | ᠠᠬᠢᠭᠤᠯᠵᠣ᠂ ᠬᠠᠶᠢᠯᠠᠷ ᠤᠨ ᠣᠯᠠᠨ ᠤᠯᠤᠰ ᠤᠨ ᠨᠢᠰᠬᠡᠯ ᠤᠨ ᠪᠠᠭᠤᠳᠠᠯ᠂ ᠮᠠᠨᠵᠤᠤᠷ ᠤᠨ ᠣᠯᠠᠨ ᠤᠯᠤᠰ ᠤᠨ | ᠨᠢᠰᠬᠡᠯ ᠤᠨ ᠪᠠᠭᠤᠳᠠᠯ ᠵᠢᠴᠢ ᠾᠧᠢ ᠱᠠᠨ ᠳᠧᠦ᠂ ᠰᠢᠪᠡᠭᠡ᠂ ᠠᠷᠣ ᠬᠠᠰᠢᠶᠠᠳᠣ ᠪᠠ ᠡᠪᠦᠳᠦᠭ ᠬᠢᠯᠢ ᠶᠢᠨ | ᠪᠣᠭᠤᠮᠲᠠ ᠳᠤ ᠷᠦᠪᠯᠢ᠂ ᠮᠣᠩᠭᠤᠯ ᠲᠦᠭᠦᠷᠢᠭ ᠵᠡᠷᠭᠡ ᠵᠣᠭᠤᠰ ᠢ ᠴᠢᠯᠣᠭᠡᠳᠠᠢ ᠪᠠᠷ ᠰᠣᠯᠢᠬᠤ ᠲᠣᠬᠠᠶᠢᠯᠠᠭᠰᠠᠨ ᠠᠵᠢᠯ | ᠥᠷᠨᠢᠭᠦᠯᠭᠦ ᠶᠢ ᠳᠡᠮᠵᠢᠨ᠎ᠠ᠃ ᠳᠠᠭᠠᠳᠬᠠᠯ ᠤᠨ ᠪᠠᠶᠢᠭᠤᠯᠤᠮᠵᠢ ᠶᠢᠨ ᠦᠢᠯᠡᠴᠢᠯᠡᠭᠡᠨ ᠤ ᠦᠢᠯᠡᠣᠡᠭᠦᠨ ᠤ ᠰᠢᠨ᠎ᠡ ᠶᠢ | ᠡᠭᠦᠳᠭᠦ ᠶᠢ ᠵᠣᠷᠢᠬᠵᠢᠭᠤᠯᠣᠨ᠂ ᠭᠠᠳᠠᠭᠠᠳᠤ ᠭᠠᠷᠭᠠᠯᠲᠠ ᠶᠢᠨ ᠢᠲᠡᠭᠡᠮᠵᠢ ᠶᠢᠨ ᠳᠠᠭᠠᠳᠬᠠᠯ ᠢ ᠬᠥᠭᠵᠢᠭᠦᠯᠵᠣ᠂ | ᠬᠢᠯᠢ ᠶᠢᠨ ᠠᠷᠠᠯᠵᠢᠶᠠᠨ ᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠳᠠᠭᠠᠭᠠᠴᠢᠯᠠᠬᠤ᠂ ᠬᠢᠯᠢ | ᠠᠯᠤᠰᠯᠠᠭᠰᠠᠨ ᠠᠷᠠᠯᠵᠢᠶᠠᠨ ᠤ ᠠᠷᠠᠳ ᠤᠨ ᠵᠣᠭᠤᠰ ᠢᠶᠠᠷ ᠲᠠᠰᠤᠯᠤᠨ ᠪᠤᠳᠤᠬᠤ ᠲᠣᠬᠠᠶᠢᠯᠠᠭᠰᠠᠨ ᠠᠵᠢᠯ ᠢ | ᠳᠠᠭᠠᠭᠠᠴᠢᠯᠠᠬᠤ ᠶᠢ ᠦᠷᠨᠢᠭᠦᠯᠣᠨ᠎ᠠ᠃ | ︵ᠬᠤᠷᠢ︶ ᠣᠷᠣᠰ ᠮᠣᠩᠭᠤᠯ ᠤᠨ ᠭᠠᠵᠡᠷ ᠣᠷᠣᠨ ᠤ ᠬᠤᠭᠤᠷᠣᠨᠳᠣᠬᠢ ᠬᠠᠮᠲᠤᠷᠠᠯᠴᠠᠭ᠎ᠠ ᠶᠢᠨ | ᠲᠣᠭᠲᠠᠴᠠ ᠶᠢ ᠪᠦᠷᠢᠨᠰᠢᠭᠦᠯᠣᠨ᠎ᠠ᠃ ᠤᠷᠤᠰ ᠮᠣᠩᠭᠤᠯ ᠯᠤᠭ᠎ᠠ ᠶᠢᠨ ᠣᠷᠣᠨ ᠨᠤᠲᠤᠭ ᠤᠨ ᠵᠠᠰᠠᠭ ᠤᠨ ᠣᠷᠳᠣᠨ ᠤ | ᠬᠤᠭᠤᠷᠣᠨᠳᠣᠬᠢ ᠲᠣᠭᠲᠠᠮᠠᠯ ᠬᠤᠭᠤᠴᠠᠭ᠎ᠠ ᠲᠠᠢ ᠪᠠᠷ ᠠᠭᠤᠯᠵᠠᠯᠲᠠ ᠬᠢᠭᠦ ᠪᠠ ᠶᠠᠷᠢᠯᠴᠠᠨ ᠵᠥᠪᠳᠡᠯᠴᠡᠭᠦ ᠠᠵᠢᠯ ᠤᠨ | ᠲᠣᠭᠲᠠᠴᠠ ᠶᠢ ᠳᠡᠭᠦᠯᠳᠡᠷᠵᠢᠭᠦᠯᠣᠨ᠎ᠠ᠃ ︽ᠬᠠᠶᠢᠯᠠᠷ — ᠴᠢᠲ᠋ᠠ — ᠴᠦᠢᠪᠠᠯᠰᠠᠩ︾ ᠳᠡᠳ᠋ ᠣᠷᠣᠨ | ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠣᠨ᠎ᠠ᠃ ᠰᠠᠭᠤᠷᠢ ᠪᠡᠯᠡᠣᠡᠭᠡᠮᠵᠢ᠂ ᠬᠢᠯᠢ ᠶᠢᠨ ᠪᠣᠭᠤᠮᠲᠠ ᠶᠢᠨ | ᠬᠠᠮᠢᠶᠠᠷᠤᠯᠲᠠ᠂ ᠲᠥᠷᠥ ᠶᠢᠨ ᠪᠣᠳᠣᠯᠭ᠎ᠠ ᠶᠢᠨ ᠵᠣᠯᠭᠠᠯᠳᠠ᠂ ᠮᠥᠩᠭᠦᠨ ᠭᠦᠢᠯᠭᠡᠭᠡ ᠵᠣᠭᠤᠰ᠂ ᠬᠢᠯᠢ ᠶᠢᠨ ᠬᠡᠷᠡᠭ | ᠶᠠᠪᠤᠳᠠᠯ᠂ ᠺᠤᠨᠰᠦ᠋ᠯ ᠤᠨ ᠬᠠᠮᠲᠤᠷᠠᠯᠴᠠᠭ᠎ᠠ ᠵᠡᠷᠭᠡ ᠲᠠᠯ᠎ᠠ ᠪᠠᠷ ᠳᠡᠳ᠋ ᠣᠷᠣᠨ ᠪᠦᠰᠡ ᠶᠢᠨ ᠬᠠᠮᠲᠤᠷᠠᠯᠴᠠᠭᠠᠨ ᠤ ᠪᠣᠷᠣ | ᠲᠦᠯᠣᠪ ᠢ ᠪᠠᠶᠢᠭᠤᠯᠣᠨ᠎ᠠ᠃ | ︵ᠬᠤᠷᠢᠨ ᠨᠢᠭᠡ︶ ᠵᠣᠬᠢᠶᠠᠨ ᠪᠠᠶᠢᠭᠤᠯᠣᠯᠳᠠ ᠶᠢᠨ ᠤᠳᠤᠷᠢᠳᠣᠯᠭ᠎ᠠ ᠪᠠᠨ ᠴᠢᠩᠭᠠᠳᠬᠠᠨ᠎ᠠ᠃ ᠥᠪᠡᠷᠲᠡᠭᠡᠨ | ᠵᠠᠰᠠᠬᠤ ᠣᠷᠣᠨ ᠠᠴᠠ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠵᠣᠬᠢᠴᠠᠭᠤᠯᠤᠨ ᠤᠳᠤᠷᠢᠳᠬᠤ | ᠳᠤᠭᠤᠶᠢᠯᠠᠩ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠷᠠᠯ ᠬᠤᠷᠠᠯᠳᠤᠭᠤᠯᠵᠤ ᠴᠢᠬᠤᠯᠠ ᠶᠡᠭᠡ | ᠠᠰᠠᠭᠤᠳᠠᠯ ᠢ ᠰᠤᠳᠤᠯᠣᠨ ᠠᠬᠢᠭᠤᠯᠵᠣ᠂ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ ᠰᠢᠮᠳᠠᠭᠤᠯᠣᠨ | ᠪᠠᠶᠢᠴᠠᠭᠠᠨ᠎ᠠ᠃ ᠬᠥᠯᠥᠨ ᠪᠦᠢᠷ ᠬᠤᠳᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠰᠢᠭᠤᠴᠢ ᠣᠷᠣᠨ ᠤ | ᠪᠦᠲᠦᠭᠡᠨ ᠪᠠᠶᠢᠭᠤᠯᠤᠯᠲᠠ ᠶᠢ ᠲᠣᠰᠬᠠᠢ ᠲᠦᠷᠣᠯ ᠢᠶᠠᠷ ᠠᠬᠢᠭᠤᠯᠬᠤ ᠲᠣᠭᠤᠶᠢᠯᠠᠩ ᠪᠠᠶᠢᠭᠤᠯᠵᠤ᠂ ᠤᠯᠤᠰ ᠠᠴᠠ | ᠴᠣᠬᠤᠯᠠᠪᠣᠷᠢᠯᠠᠭᠰᠠᠨ ︽ᠬᠥᠯᠥᠨ ᠪᠤᠶᠢᠷ ᠤᠨ ᠳᠤᠮᠳᠠᠳᠤ ᠣᠷᠣᠰ ᠮᠣᠩᠭᠤᠯ ᠤᠨ ᠬᠠᠮᠲᠤᠷᠠᠯᠴᠠᠭ᠎ᠠ ᠶᠢᠨ ᠬᠤᠰᠢᠭᠤᠴᠢ | ᠣᠷᠣᠨ ᠤ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ︾ ᠶᠢᠨ ᠱᠠᠭᠠᠷᠳᠠᠯᠭ᠎ᠠ ᠲᠠᠢ ᠤᠶᠠᠯᠳᠤᠭᠤᠯᠤᠨ᠂ | ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠵᠤ᠂ ᠬᠤᠰᠢᠭᠤᠴᠢ ᠣᠷᠣᠨ ᠤ ᠪᠦᠲᠦᠭᠡᠨ ᠪᠠᠶᠢᠭᠤᠯᠤᠯᠲᠠ ᠶᠢ ᠡᠮᠬᠢ | ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠩᠳᠠᠢ᠃ |