ᠥᠪᠥᠷ ᠵᠠᠰᠠᠭ ᠠᠯᠪᠠᠨ ᠲᠠᠷᠬᠠᠭᠠᠭᠰᠠᠨ ﹇2017﹈ 15 ᠳ᠋ᠤᠭᠠᠷ ᠲᠤᠭᠠᠳᠤ | 2017 ᠣᠨ ᠤ 2 ᠳ᠋ᠤᠭᠠᠷ ᠰᠠᠷ᠎ᠠ ᠶᠢᠨ 5 ᠤ ᠡᠳᠦᠷ | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠦᠰᠦᠯᠲᠡ ᠯᠦᠭᠡ ᠬᠤᠯᠪᠤᠵᠤ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ | ᠲᠤᠬᠠᠢ ᠤᠯᠤᠰ ᠤᠨ ᠬᠠᠮᠢᠶ᠎ᠠ ᠪᠦᠬᠦᠢ ᠱᠠᠭᠠᠷᠳᠠᠯᠭ᠎ᠠ ᠶᠢ ᠲᠣᠣᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ | ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠵᠣᠬᠢᠴᠠᠬᠤ᠂ ᠡᠵᠡᠮᠰᠢᠬᠦ ᠪᠠ ᠬᠦᠲᠦᠯᠦᠨ | ᠳᠠᠭᠠᠭᠤᠯᠵᠤ᠂ ᠣᠳᠣᠬᠠᠨ ᠤ ᠦᠨ᠎ᠡ ᠬᠠᠩᠰᠢ ᠶᠢᠨ ᠠᠵᠢᠯᠯᠠᠭᠠᠨ ᠤ ᠰᠢᠨ᠎ᠡ ᠣᠨᠴᠠᠯᠢᠭ᠂ ᠰᠢᠨ᠎ᠡ ᠬᠤᠪᠢᠷᠠᠯᠲᠠ ᠶᠢ | ᠪᠦᠲᠦᠮᠵᠢᠲᠡᠢ ᠠᠷᠭᠠᠴᠠᠵᠤ᠂ ᠬᠠᠮᠲᠤᠷᠠᠨ ᠬᠦᠳᠡᠯᠦᠯᠴᠡᠬᠦ ᠲᠣᠭᠲᠠᠴᠠ ᠶᠢᠨ ᠦᠢᠯᠡᠳᠦᠯ ᠢ ᠨᠡᠩ ᠰᠠᠶᠢᠨ ᠢᠶᠠᠷ | ᠪᠠᠳᠠᠷᠠᠭᠤᠯᠵᠤ᠂ ᠮᠠᠨ ᠤ ᠣᠷᠣᠨ ᠤ ᠬᠦᠴᠢᠷᠳᠡᠯᠲᠡᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠬᠢᠷᠢ | ᠲᠦᠪᠰᠢᠨ ᠨᠢ ᠪᠠᠷᠠᠭᠠᠨ ᠤ ᠦᠨ᠎ᠡ ᠶᠢᠨ ᠦᠰᠦᠯᠲᠡ ᠠᠴᠠ ᠪᠣᠯᠵᠤ ᠳᠣᠷᠣᠭᠰᠢᠯᠠᠬᠤ ᠦᠭᠡᠢ ᠪᠠᠶᠢᠬᠤ ᠶᠢ | ᠪᠠᠲᠤᠯᠠᠬᠤ ᠶᠢᠨ ᠲᠤᠰᠠᠳᠠ᠂ ᠮᠠᠨ ᠤ ᠣᠷᠣᠨ ᠤ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ | ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ ᠦᠰᠦᠯᠲᠡ ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ︵ | ᠳᠣᠷᠣᠭᠰᠢ ᠬᠠᠮᠲᠤᠷᠠᠨ ᠬᠦᠳᠡᠯᠦᠯᠴᠡᠬᠦ ᠲᠣᠭᠲᠠᠴᠠ ᠭᠡᠵᠦ ᠲᠣᠪᠴᠢᠯᠠᠨ᠎ᠠ︶ ᠶᠢᠨ ᠬᠤᠯᠪᠣᠭᠳᠠᠯ ᠪᠦᠬᠦᠢ ᠤᠴᠢᠷ ᠢ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠦᠪᠰᠢᠶᠡᠷᠡᠭᠦᠯᠦᠭᠡᠳ᠂ ᠡᠳᠦᠭᠡ ᠳᠣᠣᠷᠠᠬᠢ | ᠮᠡᠲᠦ ᠮᠡᠳᠡᠭᠳᠡᠪᠠ᠄ | ᠨᠢᠭᠡ᠂ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠡᠬᠢᠯᠡᠭᠦᠯᠬᠦ | ᠬᠠᠮᠲᠤᠷᠠᠨ ᠬᠦᠳᠡᠯᠦᠯᠴᠡᠬᠦ ᠲᠣᠭᠲᠠᠴᠠ ᠶᠢ ᠡᠬᠢᠯᠡᠭᠦᠯᠬᠦ ᠨᠦᠬᠦᠴᠡᠯ᠄ ᠪᠦᠬᠦ ᠣᠷᠣᠨ ᠤ ᠰᠠᠭᠤᠭᠠᠯᠢ | ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠭᠦᠢᠴᠡᠳᠭᠡᠯ ᠲᠤᠭ᠎ᠠ ︵CPI︶ ᠭᠠᠭᠴᠠ ᠰᠠᠷ᠎ᠠ ᠶᠢᠨ ᠠᠳᠠᠯᠢ | ᠬᠤᠭᠤᠴᠠᠭᠠᠨ ᠤ ᠬᠢ ᠲᠠᠢ ᠠᠳᠠᠯᠢᠳᠬᠠᠬᠤ ᠥᠰᠴᠡ ᠨᠢ 3% ᠳᠤ ᠬᠦᠷᠦᠭᠰᠡᠨ ᠪᠤᠶᠤ ᠪᠦᠬᠦ ᠣᠷᠣᠨ ᠤ | CPI ᠳᠠᠬᠢ ᠢᠳᠡᠭᠡᠨ ᠤ ᠵᠦᠢᠯ ᠤᠨ ᠦᠨ᠎ᠡ ᠬᠠᠩᠰᠢ ᠶᠢᠨ ᠭᠠᠭᠴᠠ ᠰᠠᠷ᠎ᠠ ᠶᠢᠨ ᠠᠳᠠᠯᠢ ᠬᠤᠭᠤᠴᠠᠭᠠᠨ ᠤ ᠬᠢ ᠲᠠᠢ | ᠠᠳᠠᠯᠢᠳᠬᠠᠬᠤ ᠦᠰᠴᠡ ᠨᠢ 6% ᠳᠤ ᠬᠦᠷᠦᠭᠰᠡᠨ ᠪᠣᠯ᠂ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠡᠬᠢᠯᠡᠭᠦᠯᠵᠦ | ᠪᠣᠯᠣᠨ᠎ᠠ᠃ | ᠬᠤᠶᠠᠷ᠂ ᠨᠦᠬᠦᠪᠦᠷᠢ ᠥᠭᠬᠦ ᠡᠲᠡᠭᠡᠳ | ᠬᠠᠮᠲᠤᠷᠠᠨ ᠬᠦᠳᠡᠯᠦᠯᠴᠡᠬᠦ ᠲᠣᠭᠲᠠᠴᠠ ᠶᠢᠨ ᠨᠦᠬᠦᠪᠦᠷᠢ ᠥᠭᠬᠦ ᠡᠲᠡᠭᠡᠳ ᠲᠤ᠄ ᠤᠯᠤᠰ ᠤᠨ ᠲᠣᠭᠲᠠᠭᠰᠠᠨ | ᠬᠤᠭᠤᠴᠠᠭᠠᠨ ᠤ ᠠᠰᠠᠷᠠᠮᠵᠢ ᠶᠢᠨ ᠨᠦᠬᠦᠪᠦᠷᠢ ᠬᠦᠷᠲᠡᠭᠰᠡᠨ ᠠᠰᠠᠷᠠᠮᠵᠢ ᠬᠦᠷᠲᠡᠬᠦ ᠡᠲᠡᠭᠡᠳ᠂ ᠬᠤᠲᠠ ᠬᠦᠳᠡᠭᠡ ᠶᠢᠨ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠠᠢ ᠬᠦᠮᠦᠰ᠂ ᠠᠵᠢᠯ | ᠠᠯᠳᠠᠭᠰᠠᠳ ᠤᠨ ᠳᠠᠭᠠᠳᠬᠠᠯ ᠤᠨ ᠮᠦᠩᠬᠦ ᠠᠪᠴᠤ ᠪᠠᠶᠢᠭ᠎ᠠ ᠬᠦᠮᠦᠰ᠂ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ | ᠪᠠ ᠠᠰᠠᠷᠠᠮᠵᠢ ᠶᠢᠨ ᠪᠠᠶᠢᠭᠤᠯᠤᠮᠵᠢ ᠳᠤ ᠲᠦᠪᠯᠡᠷᠡᠭᠦᠯᠦᠨ ᠠᠰᠠᠷᠠᠨ ᠲᠡᠵᠢᠭᠡᠭᠰᠡᠨ ᠦᠨᠦᠴᠢᠨ ᠬᠡᠤᠬᠡᠳ᠂ ᠳᠡᠭᠡᠲᠥ | ᠰᠤᠷᠭᠠᠭᠤᠯᠢ ᠶᠢᠨ ᠭᠡᠷ ᠪᠦᠯᠢ ᠶᠢᠨ ᠠᠵᠤ ᠠᠬᠤᠢ ᠨᠢ ᠬᠦᠴᠢᠷᠳᠡᠯᠲᠠᠢ ᠰᠤᠷᠤᠭᠴᠢᠳ ᠢ ᠪᠠᠭᠲᠠᠭᠠᠨ᠎ᠠ᠃ | ᠭᠤᠷᠪᠠ᠂ ᠨᠦᠬᠦᠪᠦᠷᠢ ᠥᠭᠬᠦ ᠪᠠᠷᠢᠮᠵᠢᠶ᠎ᠠ | ᠦᠨ᠎ᠡ ᠬᠠᠩᠰᠢ ᠶᠢᠨ ᠲᠦᠷ ᠴᠠᠭ ᠤᠨ ᠨᠦᠬᠦᠪᠦᠷᠢ ᠨᠢ ᠥᠪᠡᠷᠲᠡᠭᠡᠨ ᠵᠠᠰᠠᠬᠤ ᠣᠷᠣᠨ ᠢᠶᠠᠷ ᠨᠢᠭᠡᠴᠢ ᠪᠣᠯᠭᠠᠨ | ᠨᠢᠭᠡᠳᠦᠯᠲᠡᠢ ᠨᠦᠬᠦᠪᠦᠷᠢ ᠶᠢᠨ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠨᠦᠬᠦᠪᠦᠷᠢ ᠶᠢᠨ ᠪᠠᠷᠢᠮᠵᠢᠶ᠎ᠠ ᠶᠢ ᠳᠣᠣᠷᠠᠬᠢ | ᠲᠣᠮᠢᠶ᠎ᠠ ᠶᠣᠰᠤᠭᠠᠷ ᠰᠠᠷ᠎ᠠ ᠪᠠᠷ ᠪᠣᠳᠣᠨ᠎ᠠ᠄ ᠬᠤᠲᠠ ᠶᠢᠨ ᠦᠨ᠎ᠡ ᠬᠠᠩᠰᠢ ᠶᠢᠨ ᠲᠦᠷ ᠴᠠᠭ ᠤᠨ ᠨᠦᠬᠦᠪᠦᠷᠢ ᠶᠢᠨ | ᠪᠠᠷᠢᠮᠵᠢᠶ᠎ᠠ = ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ | ᠪᠠᠲᠤᠯᠠᠬᠤ ᠪᠠᠷᠢᠮᠵᠢᠶ᠎ᠠ × ᠬᠤᠲᠠ ᠪᠠᠯᠭᠠᠰᠤ ᠶᠢᠨ ᠳᠣᠣᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ | ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ ᠭᠦᠢᠴᠡᠳᠭᠡᠯ ᠲᠤᠭ᠎ᠠ ︵SCPI︶ ᠶᠢᠨ ᠠᠳᠠᠯᠢ | ᠬᠤᠭᠤᠴᠠᠭᠠᠨ ᠤ ᠬᠢ ᠲᠠᠢ ᠠᠳᠠᠯᠢᠳᠬᠠᠬᠤ ᠦᠰᠴᠡ︔ ᠮᠠᠯᠵᠢᠬᠤ ᠲᠠᠷᠢᠶᠠᠯᠠᠬᠤ ᠣᠷᠣᠨ ᠤ ᠦᠨ᠎ᠡ ᠬᠠᠩᠰᠢ ᠶᠢᠨ | ᠲᠦᠷ ᠴᠠᠭ ᠤᠨ ᠨᠦᠬᠦᠪᠦᠷᠢ ᠶᠢᠨ ᠪᠠᠷᠢᠮᠵᠢᠶ᠎ᠠ = ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠲᠤᠯᠠᠬᠤ ᠪᠠᠷᠢᠮᠵᠢᠶ᠎ᠠ × ᠬᠤᠲᠠ ᠪᠠᠯᠭᠠᠰᠤ ᠶᠢᠨ ᠳᠣᠣᠷ᠎ᠠ | ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ ᠬᠠᠩᠰᠢ ᠶᠢᠨ | ᠭᠦᠢᠴᠡᠳᠭᠡᠯ ᠲᠤᠭ᠎ᠠ ︵SCPI︶ ᠶᠢᠨ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠬᠤ ᠦᠰᠴᠡ᠃ | ᠠᠵᠢᠯ ᠠᠯᠳᠠᠭᠰᠠᠳ ᠤᠨ ᠳᠠᠭᠠᠳᠬᠠᠯ ᠤᠨ ᠮᠦᠩᠬᠦ ᠠᠪᠤᠭᠰᠠᠳ ᠤᠨ ᠨᠦᠬᠦᠪᠦᠷᠢ ᠶᠢᠨ ᠪᠠᠷᠢᠮᠵᠢᠶ᠎ᠠ ᠨᠢ | ᠬᠤᠲᠠ ᠶᠢᠨ ᠨᠦᠬᠦᠪᠦᠷᠢ ᠥᠭᠬᠦ ᠡᠲᠡᠭᠡᠳ ᠤᠨ ᠨᠦᠬᠦᠪᠦᠷᠢ ᠥᠭᠬᠦ ᠪᠠᠷᠢᠮᠵᠢᠶ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠬᠦ | ᠬᠡᠷᠡᠭᠲᠡᠢ᠃ | ᠬᠠᠮᠲᠤᠷᠠᠨ ᠬᠦᠳᠡᠯᠦᠯᠴᠡᠬᠦ ᠲᠣᠭᠲᠠᠴᠠ ᠶᠢ ᠡᠬᠢᠯᠡᠭᠦᠯᠦᠭᠰᠡᠨ ᠤ ᠳᠠᠷᠠᠭ᠎ᠠ᠂ ᠬᠤᠲᠠ ᠶᠢᠨ ᠬᠦᠮᠦᠨ ᠪᠦᠷᠢ ᠶᠢᠨ | ᠰᠠᠷ᠎ᠠ ᠶᠢᠨ ᠨᠦᠬᠦᠪᠦᠷᠢ ᠨᠢ 30 ᠲᠥᠭᠦᠷᠢᠭ ᠬᠦᠷᠬᠦ ᠦᠭᠡᠢ ᠶᠢ ᠨᠢ 30 ᠲᠥᠭᠦᠷᠢᠭ ᠢᠶᠠᠷ ᠦᠭᠴᠦ᠂ 30 | ᠲᠥᠭᠦᠷᠢᠭ ᠠᠴᠠ ᠳᠠᠪᠠᠭᠰᠠᠨ ᠢ ᠪᠣᠳᠠᠲᠤ ᠪᠠᠶᠢᠳᠠᠯ ᠢ ᠦᠨᠳᠦᠰᠦᠯᠡᠨ ᠥᠭᠬᠦ ᠬᠡᠷᠡᠭᠲᠡᠢ︔ ᠮᠠᠯᠵᠢᠬᠤ ᠲᠠᠷᠢᠶᠠᠯᠠᠬᠤ | ᠣᠷᠣᠨ ᠤ ᠬᠦᠮᠦᠨ ᠪᠦᠷᠢ ᠶᠢᠨ ᠰᠠᠷ᠎ᠠ ᠶᠢᠨ ᠨᠦᠬᠦᠪᠦᠷᠢ ᠨᠢ 15 ᠲᠦᠭᠦᠷᠢᠭ ᠬᠦᠷᠬᠦ ᠦᠭᠡᠢ ᠶᠢ ᠨᠢ 15 | ᠲᠥᠭᠦᠷᠢᠭ ᠢᠶᠠᠷ ᠥᠭᠴᠦ᠂ 15 ᠲᠥᠭᠦᠷᠢᠭ ᠠᠴᠠ ᠳᠠᠪᠠᠭᠰᠠᠨ ᠢ ᠪᠣᠳᠠᠲᠤ ᠪᠠᠶᠢᠳᠠᠯ ᠢ ᠦᠨᠳᠦᠰᠦᠯᠡᠨ ᠥᠭᠬᠦ | ᠬᠡᠷᠡᠭᠲᠡᠢ᠃ | ᠳᠥᠷᠪᠡ᠂ ᠪᠡᠯᠡ ᠮᠦᠩᠬᠦ ᠶᠢᠨ ᠢᠷᠡᠯᠲᠡ | ᠤᠯᠤᠰ ᠤᠨ ᠲᠣᠭᠲᠠᠮᠠᠯ ᠬᠤᠭᠤᠴᠠᠭ᠎ᠠ ᠲᠠᠢ ᠠᠰᠠᠷᠠᠮᠵᠢ ᠶᠢᠨ ᠨᠦᠬᠦᠪᠦᠷᠢ ᠬᠦᠷᠲᠡᠵᠦ ᠪᠠᠶᠢᠭ᠎ᠠ ᠠᠰᠠᠷᠠᠮᠵᠢ ᠶᠢᠨ | ᠡᠲᠡᠭᠡᠳ᠂ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ᠂ ᠣᠨᠴᠠ | ᠬᠦᠴᠢᠷᠲᠡᠯᠲᠠᠢ ᠬᠦᠮᠦᠰ᠂ ᠨᠡᠶᠢᠭᠡᠮ ᠤᠨ ᠲᠠᠷᠠᠬᠠᠢ ᠰᠠᠭᠤᠵᠤ ᠪᠠᠶᠢᠭ᠎ᠠ ᠪᠠ ᠠᠰᠠᠷᠠᠮᠵᠢ ᠶᠢᠨ ᠪᠠᠶᠢᠭᠤᠯᠤᠮᠵᠢ ᠳᠤ | ᠲᠦᠪᠯᠡᠷᠡᠭᠦᠯᠦᠨ ᠠᠰᠠᠷᠠᠨ ᠲᠡᠵᠢᠭᠡᠭᠰᠡᠨ ᠦᠨᠦᠴᠢᠨ ᠬᠡᠤᠬᠡᠳ᠂ ᠳᠡᠭᠡᠲᠥ ᠰᠤᠷᠭᠠᠭᠤᠯᠢ ᠶᠢᠨ ᠭᠡᠷ ᠪᠦᠯᠢ ᠶᠢᠨ ᠠᠵᠤ | ᠠᠬᠤᠢ ᠨᠢ ᠬᠦᠴᠢᠷᠳᠡᠯᠲᠠᠢ ᠰᠤᠷᠤᠭᠴᠢᠳ ᠤᠨ ᠬᠠᠮᠲᠤᠷᠠᠨ ᠬᠦᠳᠡᠯᠦᠯᠴᠡᠬᠦ ᠨᠦᠬᠦᠪᠦᠷᠢ ᠶᠢᠨ ᠮᠦᠩᠬᠦ ᠶᠢ ᠠᠳᠠᠯᠢ | ᠱᠠᠲᠤᠨ ᠤ ᠵᠠᠰᠠᠭ ᠤᠨ ᠣᠷᠳᠣᠨ ᠤ ᠡᠳ᠋ ᠤᠨ ᠵᠠᠰᠠᠠᠭ ᠤᠨ ᠲᠥᠰᠥᠪ ᠲᠤ ᠣᠷᠤᠭᠤᠯᠵᠤ᠂ ᠥᠪᠡᠷᠲᠡᠭᠡᠨ ᠵᠠᠰᠠᠬᠤ | ᠣᠷᠣᠨ ᠠᠴᠠ ᠭᠤᠣᠯᠳᠠᠭᠤ ᠱᠠᠩᠨᠠᠨ ᠨᠦᠬᠦᠪᠦᠷᠢᠯᠡᠬᠦ ᠬᠡᠯᠪᠡᠷᠢ ᠮᠠᠶ᠋ᠢᠭ ᠢᠶᠠᠷ ᠳᠠᠮᠵᠢᠵᠤ ᠠᠶᠢᠮᠠᠭ ᠬᠤᠲᠠ᠂ ᠬᠤᠰᠢᠭᠤ | ᠰᠢᠶᠠᠨ ︵ᠬᠤᠲᠠ᠂ ᠲᠣᠭᠤᠷᠢᠭ︶ ᠤ ᠬᠠᠮᠲᠤᠷᠠᠨ ᠬᠦᠳᠡᠯᠦᠯᠴᠡᠬᠦ ᠨᠦᠬᠦᠪᠦᠷᠢ ᠶᠢᠨ ᠮᠦᠩᠭᠦ ᠪᠠᠷ ᠨᠦᠬᠦᠪᠦᠷᠢᠯᠡᠨ | ᠥᠭᠴᠦ᠂ ᠪᠣᠳᠠᠲᠠᠢ ᠨᠦᠬᠦᠪᠦᠷᠢᠯᠡᠬᠦ ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ | ᠲᠢᠩᠬᠢᠮ ᠠᠴᠠ ᠠᠰᠲᠠᠭᠠᠨ ᠲᠣᠭᠲᠠᠭᠠᠵᠤ ᠣᠯᠭᠤᠨ᠎ᠠ᠃ ᠬᠤᠲᠠ ᠬᠦᠳᠡᠭᠡ ᠶᠢᠨ ᠠᠮᠢᠳᠤᠷᠠᠯ ᠤᠨ ᠨᠠᠭᠠᠲᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ᠂ ᠣᠨᠴᠠ ᠬᠦᠴᠢᠷᠳᠡᠯᠲᠠᠢ ᠬᠦᠮᠦᠰ ᠲᠤ ᠦᠨ᠎ᠡ ᠬᠠᠩᠰᠢ ᠶᠢᠨ ᠲᠦᠷ ᠴᠠᠭ ᠤᠨ ᠨᠦᠬᠦᠪᠦᠷᠢ | ᠣᠯᠭᠤᠬᠤ ᠳᠤ ᠣᠷᠣᠨ ᠨᠤᠲᠤᠭ ᠤᠨ ᠬᠦᠴᠢᠷᠳᠡᠯᠲᠠᠢ ᠣᠯᠠᠨ ᠲᠦᠮᠡᠨ ᠤ ᠦᠨᠳᠦᠰᠦᠨ ᠠᠮᠢᠳᠤᠷᠠᠯ ᠤᠨ | ᠲᠠᠩᠬᠡᠷᠡᠭᠦᠯᠦᠨ ᠲᠤᠰᠠᠯᠠᠬᠤ ᠪᠡᠯᠡ ᠮᠦᠩᠬᠦ ᠠᠴᠠ ᠵᠢᠭ᠌ᠰᠡᠭᠠᠨ ᠭᠠᠷᠭᠠᠨ᠎ᠠ᠃ ᠠᠵᠢᠯ ᠠᠯᠳᠠᠭᠰᠠᠳ ᠤᠨ ᠳᠠᠭᠠᠳᠬᠠᠯ ᠤᠨ | ᠮᠦᠩᠬᠦ ᠠᠪᠴᠤ ᠪᠠᠶᠢᠭ᠎ᠠ ᠬᠦᠮᠦᠰ ᠤᠨ ᠬᠠᠮᠲᠤᠷᠠᠨ ᠬᠦᠳᠡᠯᠦᠯᠴᠡᠬᠦ ᠨᠦᠬᠦᠪᠦᠷᠢ ᠶᠢᠨ ᠮᠦᠩᠬᠦ ᠶᠢ ᠠᠵᠢᠯ | ᠠᠯᠳᠠᠭᠰᠠᠳ ᠤᠨ ᠳᠠᠭᠠᠳᠬᠠᠯ ᠤᠨ ᠰᠠᠭᠤᠷᠢ ᠮᠥᠩᠭᠦ ᠠᠴᠠ ᠵᠢᠭᠰᠠᠭᠠᠨ ᠭᠠᠷᠭᠠᠵᠤ᠂ ᠪᠣᠳᠠᠲᠠᠢ ᠨᠦᠬᠦᠪᠦᠷᠢᠯᠡᠬᠦ | ᠠᠷᠭ᠎ᠠ ᠶᠢ ᠥᠪᠡᠷᠲᠡᠭᠡᠨ ᠵᠠᠰᠠᠬᠤ ᠣᠷᠣᠨ ᠤ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠠᠴᠠ ᠠᠰᠳᠠᠭᠠᠨ ᠲᠣᠭᠲᠠᠭᠠᠵᠤ ᠣᠯᠭᠤᠨ᠎ᠠ᠃ | ᠲᠠᠪᠤ᠂ ᠨᠦᠬᠦᠪᠦᠷᠢ ᠥᠭᠬᠦ ᠠᠷᠭ᠎ᠠ ᠮᠠᠶ᠋ᠢᠭ | ᠦᠨ᠎ᠡ ᠬᠠᠩᠰᠢ ᠶᠢᠨ ᠲᠦᠷ ᠴᠠᠭ ᠤᠨ ᠨᠦᠬᠦᠪᠦᠷᠢ ᠳᠤ ︽ᠰᠠᠷ᠎ᠠ ᠪᠠᠷ ᠪᠣᠳᠣᠵᠤ᠂ ᠰᠠᠷ᠎ᠠ ᠪᠠᠷ ᠣᠯᠭᠤᠬᠤ︾ | ᠠᠷᠭ᠎ᠠ ᠶᠢ ᠠᠪᠬᠤ ᠬᠡᠷᠡᠭᠲᠡᠢ᠃ ᠡᠬᠢᠯᠡᠭᠦᠯᠬᠦ ᠨᠦᠬᠦᠴᠡᠯ ᠳᠤ ᠬᠦᠷᠦᠭᠰᠡᠨ ᠪᠣᠯ᠂ ᠲᠦᠰᠦᠭᠡᠯᠡᠨ ᠲᠤᠭᠲᠠᠭᠠᠭᠰᠠᠨ | ᠦᠨ᠎ᠡ ᠬᠠᠩᠰᠢ ᠶᠢᠨ ᠭᠦᠢᠴᠡᠳᠭᠡᠯ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ ᠳᠠᠷᠦ᠋ᠢᠬᠠᠨ ᠬᠠᠮᠲᠤᠷᠠᠨ ᠬᠦᠳᠡᠯᠦᠯᠴᠡᠬᠦ | ᠲᠣᠭᠲᠠᠴᠠ ᠶᠢ ᠡᠬᠢᠯᠡᠭᠦᠯᠬᠦ ᠶᠢᠨ ᠬᠠᠮᠳᠤ᠂ ᠭᠦᠢᠴᠡᠳᠭᠡᠯ ᠲᠤᠭ᠎ᠠ ᠶᠢ ᠨᠡᠶᠢᠲᠡᠯᠡᠭᠰᠡᠨ ᠤ ᠳᠠᠷᠠᠭ᠎ᠠ 20 ᠠᠵᠢᠯᠯᠠᠬᠤ | ᠡᠳᠦᠷ ᠤᠨ ᠳᠣᠲᠣᠷ᠎ᠠ ᠦᠨ᠎ᠡ ᠬᠠᠩᠰᠢ ᠶᠢᠨ ᠲᠦᠷ ᠴᠠᠭ ᠤᠨ ᠨᠦᠬᠦᠪᠦᠷᠢ ᠣᠯᠭᠤᠬᠤ ᠠᠵᠢᠯ ᠢ ᠪᠡᠶᠡᠯᠡᠭᠦᠯᠬᠦ ᠶᠢ | ᠥᠨᠡᠨᠬᠦ ᠪᠠᠲᠤᠯᠠᠬᠤ ᠭᠡᠷᠡᠭᠲᠡᠢ᠃ ᠣᠳᠣ ᠶᠢᠨ ᠪᠠᠶᠢᠭ᠎ᠠ ᠠᠷᠭ᠎ᠠ ᠵᠠᠮ ᠢᠶᠠᠷ ᠳᠠᠮᠵᠢᠵᠤ ᠬᠦᠴᠢᠷᠳᠡᠯᠲᠠᠢ ᠣᠯᠠᠨ | ᠲᠦᠮᠡᠨ ᠳᠤ ᠦᠨ᠎ᠡ ᠬᠠᠩᠰᠢ ᠶᠢᠨ ᠲᠦᠷ ᠴᠠᠭ ᠤᠨ ᠨᠦᠬᠦᠪᠦᠷᠢ ᠣᠯᠭᠤᠬᠤ ᠳᠤ᠂ ᠣᠯᠭᠤᠨ ᠥᠭᠬᠦ ᠨᠦᠬᠦᠪᠦᠷᠢ ᠨᠢ ︽ | ᠦᠨ᠎ᠡ ᠬᠠᠩᠰᠢ ᠶᠢᠨ ᠲᠦᠷ ᠴᠠᠭ ᠤᠨ ᠨᠦᠬᠦᠪᠦᠷᠢ︾ ᠭᠡᠳᠡᠭ ᠢ ᠲᠣᠳᠣᠷᠬᠠᠶᠢᠯᠠᠬᠤ ᠬᠡᠷᠡᠭᠲᠡᠢ᠃ ᠲᠤᠰ ᠰᠠᠷ᠎ᠠ ᠶᠢᠨ | ᠠᠯᠢᠪᠠ ᠡᠬᠢᠯᠡᠭᠦᠯᠬᠦ ᠨᠦᠬᠦᠴᠡᠯ ᠨᠢ ᠴᠦᠮ ᠬᠠᠨᠤᠮᠵᠢ ᠦᠭᠡᠢ ᠪᠠᠶᠢᠪᠠᠯ᠂ ᠳᠠᠷᠤᠢ ᠬᠠᠮᠲᠤᠷᠠᠨ ᠬᠦᠳᠡᠯᠦᠯᠴᠡᠬᠦ | ᠲᠣᠭᠲᠠᠴᠠ ᠶᠢ ᠵᠣᠭᠰᠣᠭᠠᠵᠤ᠂ ᠦᠨ᠎ᠡ ᠬᠠᠩᠰᠢ ᠶᠢᠨ ᠲᠦᠷ ᠴᠠᠭ ᠤᠨ ᠨᠦᠬᠦᠪᠦᠷᠢ ᠣᠯᠭᠤᠬᠤ ᠶᠢ ᠵᠣᠭᠰᠣᠭᠠᠬᠤ | ᠬᠡᠷᠡᠭᠲᠡᠢ᠃ | ᠵᠢᠷᠭᠤᠭ᠎ᠠ᠂ ᠬᠤᠯᠪᠣᠭᠳᠠᠯ ᠪᠦᠬᠦᠢ ᠱᠠᠭᠠᠷᠳᠠᠯᠭ᠎ᠠ | ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠲᠣᠰ ᠮᠡᠳᠡᠭᠳᠡᠯ ᠤᠨ ᠱᠠᠭᠠᠷᠳᠠᠯᠭ᠎ᠠ ᠶᠣᠰᠤᠭᠠᠷ | ᠲᠣᠰ ᠭᠠᠵᠠᠷ ᠣᠷᠣᠨ ᠤ ᠪᠠᠨ ᠬᠠᠮᠲᠣᠷᠠᠨ ᠬᠦᠳᠡᠯᠦᠯᠴᠡᠬᠦ ᠲᠣᠭᠲᠠᠴᠠ ᠶᠢᠨ ᠬᠡᠷᠡᠭᠵᠢᠭᠦᠯᠬᠦ ᠠᠷᠭ᠎ᠠ ᠪᠠᠨ ᠲᠦᠷᠭᠡᠳᠭᠡᠨ | ᠲᠡᠭᠦᠯᠳᠡᠷᠵᠢᠭᠦᠯᠵᠦ᠂ ᠦᠨ᠎ᠡ ᠬᠠᠩᠰᠢ ᠶᠢᠨ ᠨᠦᠬᠦᠪᠦᠷᠢ ᠶᠢᠨ ᠬᠠᠮᠲᠤᠷᠠᠨ ᠬᠦᠳᠡᠯᠦᠯᠴᠡᠬᠦ ᠲᠣᠭᠲᠠᠴᠠ ᠶᠢᠨ | ᠵᠣᠬᠢᠴᠠᠭᠤᠯᠬᠤ ᠪᠠᠶᠢᠭᠤᠯᠤᠮᠵᠢ ᠪᠠᠶᠢᠭᠤᠯᠵᠤ᠂ ᠵᠦᠪᠳᠡᠯᠴᠡᠬᠦ ᠳᠦᠷᠢᠮ ᠪᠠᠶᠢᠭᠤᠯᠤᠨ᠂ ᠵᠣᠬᠢᠶᠠᠨ ᠪᠠᠶᠢᠭᠤᠯᠤᠯᠲᠠ ᠶᠢᠨ | ᠤᠳᠤᠷᠢᠳᠤᠯᠭ᠎ᠠ ᠶᠢ ᠴᠢᠩᠭᠠᠳᠬᠠᠵᠤ᠂ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠠᠵᠢᠯ ᠤᠨ ᠡᠭᠦᠷᠭᠡ | ᠬᠠᠷᠢᠭᠤᠴᠠᠯᠭ᠎ᠠ ᠶᠢ ᠲᠣᠳᠣᠷᠬᠠᠶᠢᠯᠠᠨ᠂ ᠤᠬᠠᠭᠤᠯᠤᠨ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠳᠣᠣᠷ᠎ᠠ | ᠣᠷᠣᠯᠭ᠎ᠠ ᠲᠠᠢ ᠰᠠᠭᠤᠭᠠᠯᠢ ᠠᠷᠠᠳ ᠤᠨ ᠠᠮᠢᠳᠤᠷᠠᠯ ᠤᠨ ᠲᠦᠷ ᠴᠠᠭ ᠤᠨ ᠨᠦᠬᠦᠪᠦᠷᠢ ᠥᠭᠬᠦ ᠠᠵᠢᠯ ᠢ ᠴᠠᠭ | ᠲᠤᠬᠠᠢ ᠳᠤᠨᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠥᠨᠡᠨᠬᠦ ᠪᠠᠲᠤᠯᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ ᠶᠢᠨ ᠵᠦᠪᠯᠡᠯ ᠬᠠᠮᠲᠤᠷᠠᠨ | ᠬᠦᠳᠡᠯᠦᠯᠴᠡᠬᠦ ᠲᠣᠭᠲᠠᠴᠠ ᠶᠢ ᠡᠬᠢᠯᠡᠭᠦᠯᠬᠦ ᠪᠠ ᠵᠣᠭᠰᠣᠭᠠᠬᠤ ᠰᠠᠨᠠᠭᠤᠯᠭ᠎ᠠ ᠲᠣᠷᠠᠳᠣᠨ ᠭᠠᠷᠭᠠᠬᠤ ᠶᠢ ᠬᠠᠷᠢᠭᠤᠴᠠᠵᠤ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠦᠪᠰᠢᠶᠡᠷᠡᠭᠦᠯᠦᠭᠰᠡᠨ ᠤ | ᠳᠠᠷᠠᠭ᠎ᠠ ᠬᠡᠷᠡᠭᠵᠢᠭᠦᠯᠬᠦ ᠶᠢᠨ ᠬᠠᠮᠲᠤ ᠬᠠᠮᠳᠤᠷᠠᠨ ᠬᠦᠳᠡᠯᠦᠯᠴᠡᠬᠦ ᠲᠣᠭᠲᠠᠴᠠ ᠶᠢ ᠲᠦᠷᠦᠭᠦᠯᠦᠨ ᠵᠣᠬᠢᠶᠠᠨ ᠪᠠᠶᠢᠭᠤᠯᠵᠤ | ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠬᠡᠷᠡᠭᠵᠢᠭᠦᠯᠦᠭᠰᠡᠨ | ᠪᠠᠶᠢᠳᠠᠯ ᠢᠶᠠᠨ ᠮᠡᠳᠡᠭᠦᠯᠬᠦ ᠬᠡᠷᠡᠭᠲᠡᠢ᠃ ᠥᠪᠥᠷ ᠮᠣᠩᠭᠤᠯ ᠤᠨ ᠰᠣᠳᠣᠯᠣᠨ ᠪᠠᠶᠢᠴᠠᠭᠠᠬᠤ ᠶᠡᠷᠦᠩᠬᠡᠢ ᠠᠩᠭᠢ | ᠥᠪᠡᠷᠲᠡᠭᠡᠨ ᠵᠠᠰᠠᠬᠤ ᠣᠷᠣᠨ ᠤ ᠬᠦᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠠᠷᠠᠳ ᠤᠨ ᠶᠠᠪᠤᠳᠠᠯ᠂ | ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠵᠡᠷᠭᠡ ᠰᠠᠯᠠᠭ᠎ᠠ ᠮᠦᠴᠢᠷ ᠤᠳ ᠲᠤ ᠰᠠᠷ᠎ᠠ | ᠪᠦᠷᠢ ᠶᠢᠨ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠬᠠᠩᠰᠢ ᠶᠢᠨ ᠭᠦᠢᠴᠡᠳᠭᠡᠯ ᠲᠤᠭ᠎ᠠ ᠵᠡᠷᠭᠡ ᠰᠠᠭᠤᠷᠢ | ᠲᠤᠭ᠎ᠠ ᠪᠠᠷᠢᠮᠲᠠ ᠶᠢᠨ ᠮᠡᠳᠡᠭᠡ ᠵᠠᠩᠭᠢ ᠬᠠᠭᠠᠬᠤ ᠶᠢ ᠬᠠᠷᠢᠭᠤᠴᠠᠬᠤ ᠶᠢᠨ ᠬᠠᠮᠳᠤ ᠪᠦᠬᠦ ᠣᠷᠣᠨ ᠤ ︽ᠬᠤᠲᠠ | ᠪᠠᠯᠭᠠᠰᠤ ᠶᠢᠨ ᠳᠣᠣᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ ᠵᠠᠷᠤᠳᠠᠯ ᠤᠨ ᠦᠨ᠎ᠡ | ᠬᠠᠩᠰᠢ ᠶᠢᠨ ᠭᠦᠢᠴᠡᠳᠭᠡᠯ ᠲᠤᠭ᠎ᠠ︾ ᠶᠢᠨ ᠨᠠᠶᠢᠷᠠᠭᠤᠯᠤᠨ ᠵᠣᠬᠢᠶᠠᠬᠤ ᠠᠵᠢᠯ ᠢ ᠬᠠᠷᠢᠭᠤᠴᠠᠬᠤ ᠬᠡᠷᠡᠭᠲᠡᠢ᠃ ᠪᠦᠬᠦ | ᠣᠷᠣᠨ ᠤ ︽ᠬᠤᠲᠠ ᠪᠠᠯᠭᠠᠰᠤ ᠶᠢᠨ ᠳᠣᠣᠷ᠎ᠠ ᠣᠷᠣᠯᠭ᠎ᠠ ᠲᠠᠢ ᠰᠠᠭᠤᠭᠠᠯᠢ ᠠᠷᠠᠳ ᠤᠨ ᠦᠨᠳᠦᠰᠦᠨ ᠠᠮᠢᠳᠤᠷᠠᠯ ᠤᠨ | ᠵᠠᠷᠤᠳᠠᠯ ᠤᠨ ᠦᠨ᠎ᠡ ᠬᠠᠩᠰᠢ ᠶᠢᠨ ᠭᠦᠢᠴᠡᠳᠭᠡᠯ ᠲᠤᠭ᠎ᠠ︾ ᠶᠢ ᠨᠠᠶᠢᠷᠠᠭᠤᠯᠤᠨ ᠵᠣᠬᠢᠶᠠᠬᠤ ᠳᠤ ᠬᠡᠷᠡᠭᠯᠡᠬᠦ ᠵᠠᠷᠤᠳᠠᠯ ᠢ | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ | ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠤᠭᠤᠯᠬᠤ | ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠲᠤᠰ | ᠱᠠᠲᠤᠨ ᠤ ᠬᠠᠮᠲᠤᠷᠠᠨ ᠬᠦᠳᠡᠯᠦᠯᠴᠡᠬᠦ ᠨᠦᠬᠦᠪᠦᠷᠢ ᠶᠢᠨ ᠮᠦᠩᠬᠦ ᠶᠢ ᠬᠠᠷᠢᠭᠤᠴᠠᠨ ᠨᠠᠶᠢᠳᠠᠪᠤᠷᠢᠵᠢᠭᠤᠯᠬᠤ ᠶᠢᠨ ᠬᠠᠮᠳᠤ | ᠡᠯ᠎ᠡ ᠠᠶᠢᠮᠠᠭ ᠬᠤᠲᠠ ᠶᠢᠨ ᠨᠦᠬᠦᠪᠦᠷᠢ ᠶᠢᠨ ᠮᠦᠩᠬᠦ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠬᠢᠨᠠᠯᠲᠠ | ᠪᠠᠶᠢᠴᠠᠭᠠᠯᠲᠠ ᠬᠢᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ᠂ ᠬᠦᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠰᠤᠷᠭᠠᠨ ᠬᠦᠮᠦᠵᠢᠯ ᠤᠨ ᠲᠢᠩᠬᠢᠮ ᠤᠳ | ᠥᠪᠡᠷᠲᠡᠭᠡᠨ ᠵᠠᠰᠠᠬᠤ ᠣᠷᠣᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠲᠤ ᠪᠦᠬᠦ ᠣᠷᠣᠨ ᠤ ᠬᠤᠲᠠ | ᠬᠦᠳᠡᠭᠡ ᠶᠢᠨ ᠳᠣᠣᠷ᠎ᠠ ᠣᠷᠣᠯᠭ᠎ᠠ ᠲᠠᠢ ᠬᠦᠮᠦᠰ ᠤᠨ ᠰᠠᠭᠤᠷᠢ ᠲᠤᠭ᠎ᠠ ᠪᠠᠷᠢᠮᠲᠠ ᠶᠢ ᠬᠠᠩᠭᠠᠵᠤ᠂ ᠨᠦᠬᠦᠪᠦᠷᠢ ᠶᠢᠨ | ᠮᠦᠩᠬᠦ ᠣᠯᠭᠤᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢᠨ ᠬᠠᠮᠲᠤ ᠣᠯᠭᠤᠭᠰᠠᠨ ᠪᠠᠶᠢᠳᠠᠯ ᠢᠶᠠᠨ | ᠬᠤᠷᠢᠶᠠᠩᠭᠤᠶᠢᠯᠠᠨ ᠨᠡᠪᠲᠡᠷᠡᠭᠦᠯᠬᠦ ᠬᠡᠷᠡᠭᠲᠡᠢ᠃ | ᠳᠣᠯᠤᠭ᠎ᠠ᠂ ᠬᠢᠨᠠᠯᠲᠠ ᠲᠠᠯᠪᠢᠨ ᠪᠠᠶᠢᠴᠠᠭᠠᠬᠤ | ᠬᠠᠮᠲᠤᠷᠠᠨ ᠬᠦᠳᠡᠯᠦᠯᠴᠡᠬᠦ ᠲᠣᠭᠲᠠᠴᠠ ᠶᠢ ᠬᠡᠷᠡᠭᠵᠢᠭᠦᠯᠦᠭᠰᠡᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ | ᠡᠯ᠎ᠡ ᠬᠠᠮᠢᠶ᠎ᠠ ᠪᠦᠬᠦᠢ ᠰᠠᠯᠭ᠎ᠠ ᠮᠦᠴᠢᠷ ᠤᠳ ᠰᠢᠮᠳᠠᠭᠤᠯᠤᠨ ᠪᠠᠶᠢᠴᠠᠭᠠᠬᠤ ᠲᠤᠭᠤᠶᠢᠯᠠᠩ ᠪᠦᠷᠢᠯᠳᠦᠵᠦ᠂ ᠡᠯ᠎ᠡ | ᠭᠠᠵᠠᠷ ᠣᠷᠣᠨ ᠤ ᠬᠠᠮᠲᠤᠷᠠᠨ ᠬᠦᠳᠡᠯᠦᠯᠴᠡᠬᠦ ᠲᠣᠭᠲᠠᠴᠠ ᠶᠢᠨ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠯᠲᠠ | ᠬᠢᠵᠦ᠂ ᠱᠠᠭᠠᠷᠳᠠᠯᠭ᠎ᠠ ᠶᠣᠰᠤᠭᠠᠷ ᠲᠣᠣᠱᠯᠠᠭᠤᠯᠤᠨ ᠨᠠᠶᠢᠳᠠᠪᠤᠷᠢᠵᠢᠭᠤᠯᠤᠭᠰᠠᠨ ᠦᠭᠡᠢ ᠭᠠᠵᠠᠷ ᠣᠷᠣᠨ ᠪᠠ ᠰᠠᠯᠠᠭ᠎ᠠ | ᠮᠦᠴᠢᠷ ᠢ ᠨᠡᠪᠲᠡᠷᠡᠭᠦᠯᠦᠨ ᠰᠢᠭᠦᠮᠵᠢᠯᠡᠬᠦ ᠶᠢᠨ ᠬᠠᠮᠳᠤ ᠬᠤᠯᠪᠣᠭᠳᠠᠯ ᠪᠦᠬᠦᠢ ᠤᠳᠤᠷᠢᠳᠤᠯᠭ᠎ᠠ ᠪᠠ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠡᠬᠡᠮᠵᠢᠯᠡᠬᠦ ᠪᠠᠷ ᠰᠠᠨᠠᠭᠤᠯᠬᠤ ᠬᠡᠷᠡᠭᠲᠡᠢ᠃ | ᠲᠤᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠃ ᠤᠤᠯ ᠤᠨ ︽ | ᠨᠡᠶᠢᠭᠡᠮ ᠤᠨ ᠲᠡᠩᠬᠡᠷᠡᠭᠦᠯᠦᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠦᠯᠲᠡ ᠯᠦᠭᠡ ᠬᠤᠯᠪᠣᠵᠤ ᠬᠠᠮᠲᠤᠷᠠᠨ ᠬᠦᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ | ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2014﹈ 56 ᠳ᠋ᠤᠭᠠᠷ ᠲᠣᠭᠠᠲᠤ︶ ᠪᠢᠴᠢᠭ | ᠮᠠᠲ᠋ᠧᠷᠢᠶᠠᠯ ᠢ ᠬᠠᠮᠲᠦ ᠳᠤᠨᠢ ᠬᠦᠴᠦᠨ ᠦᠭᠡᠢ ᠪᠣᠯᠭᠠᠨ᠎ᠠ᠃ |