ᠥᠪᠥᠷ ᠮᠣᠩᠭᠤᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠳᠠᠳᠤᠯᠭ᠎ᠠ ᠶᠢᠨ ᠠᠵᠢᠯ ᠤᠨ ᠪᠠᠶᠢᠷᠢ ᠶᠢ ᠪᠦᠷᠢᠳᠬᠡᠨ ᠴᠤᠭᠯᠠᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2017/8/1
     ᠥᠪᠥᠷ ᠮᠣᠩᠭᠤᠯ ᠤᠨ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠳᠠᠳᠤᠯᠭ᠎ᠠ ᠶᠢᠨ ᠠᠵᠢᠯ ᠤᠨ ᠪᠠᠶᠢᠷᠢ ᠶᠢ ᠪᠦᠷᠢᠳᠬᠡᠨ ᠴᠤᠭᠯᠠᠭᠤᠯᠬᠤ ᠪᠠᠷ ᠪᠠᠶᠢᠨ᠎ᠠ᠃ ᠲᠤᠰ ᠤᠳᠠᠭᠠᠨ ᠤ ᠪᠦᠷᠢᠳᠬᠡᠨ ᠴᠤᠭᠯᠠᠭᠤᠯᠬᠤ ᠬᠡᠪᠴᠢᠶ᠎ᠡ ᠪᠣᠯ ᠪᠦᠬᠦ ᠣᠷᠣᠨ ᠤ ᠬᠡᠪᠴᠢᠶᠡᠨ ᠳᠣᠲᠣᠷᠠᠬᠢ ᠡᠯ᠎ᠡ ᠱᠠᠲᠤᠨ ᠤ ᠠᠯᠪᠠᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠡ ᠪᠣᠯᠣᠨ ᠬᠠᠤᠯᠢ ᠶᠣᠰᠣᠭᠠᠷ ᠳᠠᠩᠰᠠᠯᠠᠭᠤᠯᠤᠨ ᠪᠠᠶᠢᠭᠤᠯᠤᠭᠰᠠᠨ᠂ ᠨᠡᠶᠢᠭᠡᠮ ᠤᠨ ᠬᠠᠷᠢᠭᠤᠴᠠᠯᠭ᠎ᠠ ᠪᠠᠷ ᠴᠢᠩᠭ᠎ᠠ᠂ ᠬᠡᠪ ᠤᠨ ᠦᠢᠯᠡᠳᠪᠦᠷᠢᠯᠡᠯ ᠡᠵᠡᠩᠨᠡᠯᠲᠡ ᠲᠠᠢ᠂ ᠬᠠᠮᠢᠶᠠᠷᠤᠯᠲᠠ ᠨᠢ ᠵᠢᠷᠤᠮᠵᠢᠭᠰᠠᠨ ᠡᠯ᠎ᠡ ᠲᠦᠷᠦᠯ ᠤᠨ ᠠᠵᠤ ᠠᠬᠤᠶᠢᠯᠠᠯ ᠪᠣᠯᠣᠨ᠎ᠠ᠃ ᠠᠵᠢᠯ ᠣᠯᠭᠤᠬᠤ ᠳᠠᠳᠤᠯᠭ᠎ᠠ ᠶᠢᠨ ᠠᠵᠢᠯ ᠳᠤ ᠣᠷᠤᠯᠴᠠᠬᠤ ᠰᠠᠨᠠᠭ᠎ᠠ ᠲᠠᠢ ᠡᠯ᠎ᠡ ᠲᠦᠷᠦᠯ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠠᠵᠢᠯ ᠣᠯᠭᠤᠬᠤ ᠳᠠᠳᠤᠯᠭ᠎ᠠ ᠶᠢᠨ ᠰᠠᠭᠤᠷᠢᠨ ᠭᠠᠵᠠᠷ ᠪᠣᠯᠬᠤ ᠎ ᠪᠠᠷ ᠭᠤᠶᠤᠴᠢᠯᠠᠨ ᠵᠥᠪᠰᠢᠶᠡᠷᠡᠭᠦᠯᠦᠭᠰᠡᠨ ᠤ ᠬᠤᠶᠢᠨ᠎ᠠ ᠰᠠᠶ᠋ᠢ ᠠᠵᠢᠯ ᠣᠯᠭᠤᠬᠤ ᠳᠠᠳᠤᠯᠭ᠎ᠠ ᠶᠢᠨ ᠠᠵᠢᠯ ᠥᠷᠨᠢᠭᠦᠯᠵᠦ ᠪᠣᠯᠣᠨ᠎ᠠ᠃      ᠣᠶᠢᠯᠠᠭᠠᠭᠰᠠᠨ ᠢᠶᠠᠷ᠂ ᠠᠵᠢᠯ ᠣᠯᠭᠤᠬᠤ ᠳᠠᠳᠤᠯᠭ᠎ᠠ ᠶᠢᠨ ᠰᠠᠭᠤᠷᠢᠨ ᠭᠠᠵᠠᠷ ᠢ ᠭᠤᠶᠤᠴᠢᠯᠠᠨ ᠪᠠᠶᠢᠭᠤᠯᠬᠤ ᠦᠨᠳᠦᠰᠦᠨ ᠨᠥᠬᠦᠴᠡᠯ ᠪᠣᠯ ᠥᠪᠥᠷ ᠮᠣᠩᠭᠤᠯ ᠤᠨ ᠬᠠᠷᠢᠶᠠᠨ ᠳᠠᠬᠢ ᠬᠠᠤᠯᠢ ᠶᠣᠰᠣᠭᠠᠷ ᠳᠠᠩᠰᠠᠯᠠᠭᠤᠯᠤᠨ ᠪᠠᠶᠢᠭᠤᠯᠤᠭᠰᠠᠨ᠂ ᠵᠣᠬᠢᠬᠤ ᠬᠡᠪᠴᠢᠶ᠎ᠡ ᠪᠠ ᠨᠡᠶᠢᠭᠡᠮ ᠳᠤ ᠰᠠᠶᠢᠨ ᠰᠠᠶᠢᠬᠠᠨ ᠢᠲᠡᠭᠡᠮᠵᠢᠲᠡᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠᠶᠢᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠤᠬᠢᠷᠠᠬᠤ ᠵᠣᠬᠢᠬᠤ ᠬᠡᠮᠵᠢᠶᠡᠨ ᠤ ᠬᠠᠮᠢᠶᠠᠷᠤᠯᠲᠠ ᠪᠤᠶᠤ ᠮᠡᠷᠭᠡᠵᠢᠯ᠂ ᠮᠡᠷᠭᠡᠵᠢᠯ ᠤᠨ ᠠᠭᠤᠯᠬᠤᠨ ᠲᠠᠢ ᠳᠠᠳᠤᠯᠭ᠎ᠠ ᠬᠢᠬᠦ ᠠᠵᠢᠯ ᠤᠨ ᠪᠠᠶᠢᠷᠢ ᠣᠯᠭᠤᠵᠣ ᠴᠢᠳᠠᠬᠤ ᠪᠦᠭᠡᠳ ᠠᠳᠠᠯᠢ ᠪᠤᠰᠤ ᠲᠤᠰᠬᠠᠶ ᠮᠡᠷᠭᠡᠵᠢᠯ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠮᠡᠷᠭᠡᠵᠢᠯ ᠴᠢᠳᠠᠪᠤᠷᠢ ᠶᠢᠨ ᠬᠢᠷᠢ ᠲᠥᠪᠰᠢᠨ ᠪᠣᠯᠣᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠂ ᠭᠤᠶᠤᠴᠢᠯᠠᠨ ᠮᠡᠳᠡᠭᠦᠯᠬᠦ ᠨᠢᠭᠡᠴᠡ ᠨᠦᠭᠦᠳ ᠵᠢᠯ ᠤᠨ ᠬᠠᠩᠭᠠᠵᠤ ᠳᠡᠶᠢᠯᠬᠦ ᠳᠠᠳᠤᠯᠭ᠎ᠠ ᠶᠢᠨ ᠠᠵᠢᠯ ᠤᠨ ᠪᠠᠶᠢᠷᠢ ᠶᠢᠨ ᠲᠤᠭ᠎ᠠ᠂ ᠡᠭᠦᠷᠭᠡ ᠬᠠᠷᠢᠭᠤᠴᠠᠯᠭ᠎ᠠ᠂ ᠱᠠᠭᠠᠷᠳᠠᠯᠭ᠎ᠠ ᠪᠣᠯᠣᠨ ᠳᠠᠳᠤᠯᠭ᠎ᠠ ᠬᠢᠬᠦ ᠴᠠᠭ ᠬᠤᠭᠤᠴᠠᠭ᠎ᠠ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠲᠣᠳᠣᠷᠬᠠᠶᠢᠯᠠᠬᠤ   ᠬᠡᠷᠡᠭᠲᠡᠢ᠃      ᠠᠵᠢᠯ ᠣᠯᠭᠤᠬᠤ ᠳᠠᠳᠤᠯᠭ᠎ᠠ ᠬᠢᠯᠭᠡᠭᠰᠡᠳ ᠪᠣᠯ ᠰᠤᠷᠭᠠᠭᠤᠯᠢ ᠠᠴᠠ ᠪᠠᠨ ᠰᠠᠯᠤᠭᠠᠳ ᠨᠢᠭᠡ ᠵᠢᠯ ᠤᠨ ᠳᠣᠲᠣᠷ᠎ᠠ ᠠᠵᠢᠯ ᠣᠯᠤᠭᠠᠳᠤᠶ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ︵ᠡᠭᠦᠨ ᠳᠤ ᠮᠠᠰᠲ᠋ᠧᠷ ᠤᠨ ᠳᠡᠭᠡᠳᠦ ᠰᠤᠷᠭᠠᠭᠤᠯᠢ ᠶᠢᠨ ᠳᠡᠭᠡᠳᠦ ᠮᠡᠷᠭᠡᠵᠢᠯᠲᠡᠢ ᠠᠵᠢᠯᠴᠢᠨ ᠤ ᠠᠩᠭᠢ᠂ ᠪᠡᠯᠡᠳᠬᠡᠯ ᠮᠠᠰᠲ᠋ᠧᠷ ᠤᠨ ᠠᠩᠭᠢ ᠪᠠ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠶᠢᠨ ᠰᠤᠷᠭᠠᠨ ᠬᠥᠮᠦᠵᠢᠯ ᠤᠨ ᠲᠥᠷᠥᠯ ᠤᠨ ᠮᠡᠷᠭᠡᠵᠢᠯ ᠠᠴᠠ ᠲᠡᠭᠦᠰᠦᠭᠰᠡᠨ ᠰᠣᠷᠣᠭᠴᠢ ᠪᠠᠭᠲᠠᠨ᠎ᠠ︶ ᠪᠣᠯᠣᠨ᠎ᠠ᠂ ᠳᠠᠳᠤᠯᠭ᠎ᠠ ᠶᠢᠨ ᠬᠤᠭᠤᠴᠠᠭ᠎ᠠ ᠨᠢ 6 ᠰᠠᠷ᠎ᠠ᠃ ᠳᠠᠳᠤᠯᠭ᠎ᠠ ᠬᠢᠬᠦ ᠰᠤᠷᠤᠬᠴᠢ ᠎ ᠨᠢ ᠳᠠᠳᠤᠯᠭ᠎ᠠ ᠬᠢᠯᠭᠡᠭᠴᠢ ᠨᠢᠭᠡᠴᠡ ᠯᠦᠭᠡ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠳᠠᠳᠤᠯᠭ᠎ᠠ ᠶᠢᠨ ᠵᠥᠪᠳᠡᠯᠴᠡᠭᠡᠷ︾ ᠲᠣᠭᠲᠠᠬᠤ ᠪᠦᠭᠡᠳ ᠠᠵᠢᠯ ᠤᠨ ᠪᠠᠶᠢᠷᠢᠨ ᠳᠡᠭᠡᠷ᠎ᠡ ᠪᠦᠬᠦᠯᠢ 6 ᠰᠠᠷ᠎ᠠ ᠠᠵᠢᠯᠯᠠᠪᠠᠯ ᠳᠠᠳᠤᠯᠭ᠎ᠠ ᠶᠢᠨ ᠬᠤᠭᠤᠴᠠᠭ᠎ᠠ ᠨᠢ ᠳᠦᠭᠦᠷᠴᠦ ᠬᠢᠷᠢ ᠲᠡᠩᠴᠡᠭᠰᠡᠨ ᠢᠶᠠᠷ ᠦᠵᠡᠨ᠎ᠡ᠃ ᠳᠠᠳᠤᠯᠭ᠎ᠠ ᠶᠢᠨ ᠬᠤᠭᠤᠴᠠᠭ᠎ᠠ ᠨᠢ ᠳᠦᠭᠦᠷᠴᠦ ᠬᠢᠷᠢ ᠲᠡᠩᠴᠡᠭᠰᠡᠨ ᠳᠠᠳᠤᠯᠭ᠎ᠠ ᠶᠢᠨ ᠰᠤᠷᠤᠬᠴᠢ ᠳᠤ ᠵᠠᠰᠠᠭ ᠤᠨ ᠣᠷᠳᠣᠨ ᠠᠴᠠ ᠬᠥᠮᠦᠨ ᠪᠦᠷᠢ ᠳᠤ ᠰᠠᠷ᠎ᠠ ᠪᠦᠷᠢ 700 ᠲᠥᠭᠦᠷᠢᠭ ᠤᠨ ᠳᠠᠳᠤᠯᠭ᠎ᠠ ᠶᠢᠨ ᠨᠥᠬᠦᠪᠥᠷᠢ ᠣᠯᠭᠤᠨ᠎ᠠ︔ ᠳᠠᠳᠤᠯᠭ᠎ᠠ ᠶᠢᠨ ᠬᠤᠭᠤᠴᠠᠭ᠎ᠠ ᠨᠢ ᠳᠦᠭᠦᠷᠴᠦ ᠦᠯᠡᠳᠡᠭᠡᠨ ᠬᠡᠷᠡᠭᠯᠡᠬᠦ ᠨᠤᠷᠮ᠎ᠠ ᠨᠢ 50%᠎ ᠳᠤ ᠬᠦᠷᠦᠭᠰᠡᠨ ᠮᠦᠷᠲᠡᠭᠡᠨ ᠦᠯᠡᠳᠡᠭᠡᠨ ᠬᠡᠷᠡᠭᠯᠡᠬᠦ ᠬᠦᠮᠦᠨ ᠯᠦᠭᠡ 1 ᠵᠢᠯ ᠠᠴᠠ ᠳᠡᠭᠡᠭᠰᠢᠬᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠣᠯ᠂ ᠳᠠᠳᠤᠯᠭ᠎ᠠ ᠶᠢᠨ ᠰᠤᠷᠤᠭᠴᠢ ᠶᠢᠨ ᠨᠥᠬᠦᠪᠥᠷᠢ ᠮᠥᠩᠭᠦ ᠶᠢ ᠨᠢ 1000 ᠲᠥᠭᠦᠷᠢᠭ ᠪᠣᠯᠭᠠᠨ ᠳᠡᠭᠡᠭᠰᠢᠯᠡᠭᠦᠯᠦᠨ᠎ᠡ᠃ ᠳᠠᠳᠤᠯᠭ᠎ᠠ ᠶᠢᠨ ᠰᠠᠭᠤᠷᠢᠨ ᠭᠠᠵᠠᠷ ᠨᠢ ᠲᠤᠰ ᠳᠠᠳᠤᠯᠭ᠎ᠠ ᠶᠢᠨ ᠰᠠᠭᠤᠷᠢᠨ ᠭᠠᠵᠠᠷ ᠲᠤ ᠳᠠᠳᠤᠯᠭ᠎ᠠ ᠬᠢᠬᠦ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠵᠣᠬᠢᠬᠤ ᠬᠡᠮᠵᠢᠶᠡᠨ ᠤ ᠠᠮᠢᠳᠤᠷᠠᠯ ᠤᠨ ᠨᠥᠬᠦᠪᠥᠷᠢ ᠣᠯᠭᠤᠬᠤ ᠪᠥᠭᠡᠳ ᠪᠡᠶ᠎ᠡ ᠮᠠᠬᠠᠪᠤᠳ ᠤᠨ ᠰᠠᠨᠠᠭᠠᠨ ᠳᠤ ᠦᠭᠡᠢ ᠰᠢᠷᠬᠠᠲᠤᠯ ᠤᠨ ᠳᠠᠭᠠᠳᠬᠠᠯ ᠢ ᠭᠦᠢᠴᠡᠳᠬᠡᠨ ᠥᠭᠭᠦᠨ᠎ᠡ᠂ ᠪᠣᠳᠠᠲᠠᠶ ᠪᠠᠷᠢᠮᠵᠢᠶ᠎ᠠ ᠶᠢ ᠨᠢ ᠳᠠᠳᠤᠯᠭ᠎ᠠ ᠶᠢᠨ ᠰᠠᠭᠤᠷᠢᠨ ᠭᠠᠵᠠᠷ ᠲᠣᠭᠲᠠᠭᠠᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号