ᠮᠠᠨ ᠤ ᠤᠷᠤᠨ ᠳᠡᠭᠡᠷ᠎ᠡ ᠬᠠᠭᠠᠰ ᠵᠢᠯ ᠳᠤ ᠬᠤᠲᠠ ᠪᠠᠯᠭᠠᠰᠤᠨ ᠤ 14.85 ᠲᠦᠮᠠᠨ ᠬᠦᠮᠤᠨ ᠳᠤ ᠰᠢᠨ᠎ᠠ ᠪᠠᠷ ᠠᠵᠢᠯ ᠤᠯᠭᠤᠪᠠ
ᠨᠡᠶᠢᠲᠡᠯᠡᠭᠰᠡᠨ ᠴᠠᠭ᠄
2017/8/1
      7 ᠳ᠋ᠤᠭᠠᠷ ᠰᠠᠷ᠎ᠠ ᠶᠢᠨ 31᠎ ᠤ ᠡᠳᠤᠷ ᠶᠠᠪᠣᠭᠳᠠᠭᠰᠠᠨ ᠦᠪᠠᠷᠲᠠᠬᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ ᠨᠠᠶᠢᠬᠡᠮ ᠤᠨ ᠪᠠᠲᠤᠯᠠᠭ᠎ᠠ ᠶᠢᠨ ᠲᠢᠩᠬᠢᠮ ᠤᠨ ᠰᠤᠨᠢᠨ ᠮᠡᠲᠡᠭᠡ ᠨᠠᠶᠢᠲᠠᠯᠠᠬᠦ ᠬᠤᠷᠠᠯ ᠠᠴᠠ ᠤᠶᠢᠯᠠᠭᠠᠭᠰᠠᠨ ᠢᠶᠠᠷ᠂ ᠡᠨᠡ ᠵᠢᠯ ᠤᠨ 1 — 6 ᠳ᠋ᠤᠭᠠᠷ ᠰᠠᠷ᠎ᠠ ᠳᠤ᠂ ᠮᠠᠨ ᠤ ᠤᠷᠤᠨ ᠬᠤᠲᠠ ᠪᠠᠯᠭᠠᠰᠤᠨ ᠤ 14.85 ᠲᠦᠮᠠᠨ ᠬᠦᠮᠤᠨ ᠳᠤ ᠰᠢᠨ᠎ᠠ ᠪᠠᠷ ᠠᠵᠢᠯ ᠤᠯᠭᠤᠵᠤ᠂ ᠵᠢᠯ ᠤᠨ ᠲᠦᠯᠤᠪᠯᠡᠭᠡ ᠶᠢᠨ ᠢᠶᠠᠨ 59.4%᠎ ᠶᠢ ᠪᠠᠶᠠᠯᠡᠬᠦᠯᠵᠠᠢ᠃ ᠪᠦᠬᠦ ᠤᠷᠤᠨ ᠤ ᠬᠤᠲᠠ ᠪᠠᠯᠭᠠᠰᠤᠨ ᠤ ᠲᠠᠩᠰᠠᠯᠠᠭᠤᠯᠤᠭᠰᠠᠨ ᠠᠵᠢᠯ ᠠᠯᠲᠠᠭᠰᠠᠨ ᠨᠤᠷᠮ᠎ᠠ 3.6%᠎ ᠳᠤ ᠬᠦᠷᠴᠤ᠂ ᠵᠢᠯ ᠤᠨ ᠡᠬᠢᠨ ᠳᠤ ᠲᠤᠭᠲᠠᠭᠰᠠᠨ 4%᠎ ᠶᠢᠨ ᠬᠢᠵᠠᠭᠠᠷᠯᠠᠬᠤ ᠬᠠᠷᠠᠯᠲᠠ ᠠᠴᠠ ᠲᠤᠤᠷ᠎ᠠ   ᠪᠤᠯᠪᠠ᠃      1 — 6 ᠳ᠋ᠤᠭᠠᠷ ᠰᠠᠷ᠎ᠠ ᠳᠤ᠂ ᠪᠦᠬᠦ ᠤᠷᠤᠨ ᠤ ᠶᠡᠭᠡ ᠲᠠᠬᠡᠲᠤ ᠰᠤᠷᠭᠠᠭᠤᠯᠢ ᠲᠠᠬᠦᠰᠦᠭᠰᠡᠠ 7.15 ᠲᠦᠮᠡᠨ ᠰᠤᠷᠤᠭᠴᠢ ᠠᠵᠢᠯ ᠤᠯᠤᠭᠰᠠᠨ ᠪᠤᠶᠤ ᠠᠵᠢᠯ ᠤᠯᠬᠤ ᠴᠢᠭᠯᠡᠯ ᠲᠠᠢ ᠪᠣᠯᠵᠣ᠂ ᠵᠢᠯ ᠤᠨ ᠲᠦᠯᠦᠪᠯᠡᠭᠡ ᠶᠢᠨ ᠎ ᠢᠶᠠᠨ 55%᠎ ᠶᠢ ᠪᠠᠶᠠᠯᠡᠬᠦᠯᠵᠤ᠂ ᠨᠢᠲᠤᠨᠤᠨ ᠵᠢᠯ ᠤᠨ ᠠᠲᠠᠯᠢ ᠬᠤᠭᠤᠴᠠᠭᠠᠨ ᠤ ᠬᠢ ᠠᠴᠠ ᠪᠠᠨ 15% ᠨᠡᠮᠡᠭᠲᠠᠵᠠᠢ ᠃ ᠬᠦᠴᠦ ᠶᠠᠪᠤᠭᠴᠢ ᠮᠠᠯᠴᠢᠨ ᠲᠠᠷᠢᠶᠠᠴᠢᠨ ᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠬᠦᠷᠢᠶᠠᠯᠠᠩ ᠳᠣᠭᠤᠷᠢᠭ ᠤᠨ ᠪᠦᠲᠦᠬᠡᠨ ᠪᠠᠶᠢᠭᠤᠯᠤᠯᠲᠠ ᠶᠢ ᠢᠲᠠᠪᠬᠢᠲᠠᠢ ᠠᠬᠢᠭᠤᠯᠤᠨ᠂ ᠬᠦᠴᠦ ᠶᠠᠪᠤᠭᠴᠢ ᠮᠠᠯᠴᠢᠨ ᠲᠠᠷᠢᠶᠠᠴᠢᠨ ᠎ ᠤ ᠨᠤᠲᠤᠭ ᠲᠠᠭᠠᠨ ᠪᠤᠴᠠᠵᠤ ᠦᠢᠯᠡᠰ ᠪᠤᠰᠬᠠᠬᠤ ᠶᠢ ᠵᠤᠷᠢᠡᠡᠵᠢᠭᠤᠯᠤᠨ ᠲᠠᠮᠵᠢᠵᠤ᠂ ᠮᠡᠷᠬᠡᠵᠢᠯ ᠴᠢᠲᠠᠪᠤᠷᠢ ᠶᠢᠨ ᠪᠤᠯᠪᠠᠰᠤᠷᠠᠯ ᠢ ᠬᠦᠨᠵᠡᠬᠡᠢ ᠦᠷᠨᠢᠬᠦᠯᠵᠦ᠂ ︽ᠬᠠᠪᠣᠷ ᠤᠨ ᠤᠷᠢᠬᠠᠨ ᠰᠠᠯᠬᠢ ᠠᠵᠢᠯᠯᠠᠭ᠎ᠠ︾ ᠵᠡᠷᠬᠡ ᠠᠵᠢᠯᠯᠠᠭ᠎ᠠ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠮᠠᠯᠵᠢᠬᠤ ᠲᠠᠷᠢᠶᠠᠯᠠᠬᠤ ᠤᠷᠤᠨ ᠤ ᠬᠦᠲᠠᠯᠮᠤᠷᠢ ᠬᠦᠴᠤᠨ ᠢ ᠡᠮᠬᠢ ᠵᠢᠷᠤᠮ ᠲᠠᠢ ᠰᠢᠯᠵᠢᠬᠦᠯᠤᠨ ᠠᠵᠢᠯ ᠤᠯᠭᠤᠬᠤ ᠶᠢ ᠠᠬᠢᠭᠤᠯᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号