ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ 7 | ᠳ᠋ᠤᠭᠠᠷ ᠰᠠᠷ᠎ᠠ ᠶᠢᠨ 31 ᠤ ᠡᠳᠦᠷ ᠬᠥᠬᠡᠬᠤᠲᠠ ᠳᠤ 2017 ᠣᠨ ᠤ ᠬᠤᠶᠠᠳᠤᠭᠠᠷ ᠤᠯᠠᠷᠢᠯ ᠤᠨ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ | ᠰᠠᠭᠤᠭᠠᠯᠢ ᠠᠷᠠᠳ ᠤᠨ ᠰᠡᠳᠬᠢᠯ ᠲᠠᠯᠪᠢᠵᠤ ᠪᠠᠶᠢᠭ᠎ᠠ ᠨᠠᠰᠤᠵᠢᠯ ᠤᠨ ᠠᠰᠠᠷᠠᠮᠵᠢ᠂ ᠨᠡᠶᠢᠭᠡᠮ ᠤᠨ ᠪᠠᠲᠤᠯᠠᠭ᠎ᠠ ᠵᠡᠷᠭᠡ | ᠲᠠᠯ᠎ᠠ ᠪᠠᠷ ᠬᠢ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃ | ᠣᠶᠢᠯᠠᠭᠠᠭᠰᠠᠨ ᠢᠶᠠᠷ᠂ ᠥᠪᠥᠷ ᠮᠣᠩᠭᠤᠯ ᠣᠨᠳᠣᠣ ᠭᠠᠵᠠᠷ ᠲᠤ ᠡᠮᠨᠡᠭᠦᠯᠦᠭᠰᠡᠨ ᠵᠠᠷᠤᠳᠠᠯ ᠢ ᠰᠢᠭᠤᠳ | ᠲᠠᠰᠤᠯᠤᠨ ᠪᠣᠳᠣᠬᠤ ︽ᠵᠠᠭᠤᠨ ᠡᠳᠦᠷ ᠤᠨ ᠪᠠᠬᠢᠯᠡᠯᠲᠡ ᠰᠢᠪᠲᠤᠯᠬᠤ ᠲᠥᠯᠥᠪᠯᠡᠭᠡ︾ ᠶᠢ ᠡᠬᠢᠯᠡᠨ ᠬᠡᠷᠡᠭᠵᠢᠭᠦᠯᠵᠦ᠂ | 8 ᠳ᠋ᠤᠭᠠᠷ ᠰᠠᠷ᠎ᠠ ᠶᠢᠨ ᠡᠴᠦᠰ ᠠᠴᠠ ᠡᠮᠦᠨ᠎ᠡ ᠠᠵᠢᠯ ᠠᠴᠠ ᠪᠠᠨ ᠪᠠᠭᠤᠭᠰᠠᠳ ᠢ ᠣᠨᠳᠣᠤ ᠭᠠᠵᠠᠷ ᠲᠤ | ᠲᠥᠪᠬᠢᠨᠡᠭᠦᠯᠦᠭᠰᠡᠨ᠂ ᠤᠷᠲᠤ ᠬᠤᠭᠤᠴᠠᠭ᠎ᠠ ᠪᠠᠷ ᠣᠨᠳᠣᠣ ᠭᠠᠵᠠᠷ ᠲᠤ ᠣᠷᠣᠰᠢᠨ ᠰᠠᠭᠤᠵᠤ ᠪᠠᠶᠢᠭ᠎ᠠ᠂ ᠣᠨᠳᠣᠣ | ᠭᠠᠵᠠᠷ ᠲᠤ ᠪᠠᠶᠢᠩᠭᠤ ᠰᠠᠭᠤᠵᠤ ᠠᠵᠢᠯᠯᠠᠵᠤ ᠪᠠᠶᠢᠭ᠎ᠠ᠂ ᠰᠢᠯᠵᠢᠭᠦᠯᠦᠨ ᠡᠮᠨᠡᠬᠦ ᠲᠣᠭᠲᠠᠭᠠᠯ ᠳᠤ ᠨᠡᠶᠢᠴᠡᠭᠰᠡᠨ ᠵᠡᠷᠭᠡ | ᠳᠥᠷᠪᠡᠨ ᠲᠥᠷᠥᠯ ᠤᠨ ᠬᠥᠮᠥᠰ ᠤᠨ ᠣᠨᠳᠣᠣ ᠭᠠᠵᠠᠷ ᠲᠤ ᠡᠮᠨᠡᠭᠦᠯᠦᠭᠰᠡᠨ ᠪᠠ ᠡᠮᠨᠡᠯᠭᠡ ᠳᠤ ᠰᠠᠭᠤᠭᠰᠠᠨ ᠵᠠᠷᠤᠳᠠᠯ ᠢ | ᠰᠢᠭᠤᠳ ᠲᠠᠰᠤᠯᠤᠨ ᠪᠣᠳᠤᠬᠤ ᠶᠢ ᠪᠡᠶᠡᠯᠡᠭᠦᠯᠬᠦ ᠪᠠᠷ ᠪᠠᠶᠢᠨ᠎ᠠ᠃ | ᠠᠵᠢᠯ ᠠᠴᠠ ᠪᠠᠨ ᠪᠠᠭᠤᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠠᠰᠠᠭᠤᠳᠠᠯ ᠤᠨ ᠲᠣᠬᠠᠢ᠃ | ᠤᠯᠤᠰ ᠠᠴᠠ ᠲᠣᠭᠲᠠᠭᠠᠭᠰᠠᠨ ᠨᠢ᠄ 2017 ᠣᠨ ᠳᠤ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢᠨ | ᠶᠡᠷᠦᠩᠬᠡᠶ ᠬᠢᠷᠢ ᠲᠥᠪᠰᠢᠨ ᠢ ᠲᠣᠬᠢᠷᠠᠭᠤᠯᠵᠤ᠂ ᠡᠯ᠎ᠡ ᠮᠤᠵᠢ᠂ ᠬᠤᠲᠠ᠂ ᠥᠪᠡᠷᠲᠡᠭᠡᠨ ᠵᠠᠰᠠᠬᠤ ᠣᠷᠣᠨ ᠤ 2016 | ᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠬᠢᠭᠡᠳ ᠠᠵᠤ ᠠᠬᠤᠶᠢᠯᠠᠯ ᠤᠨ ᠠᠵᠢᠯ ᠠᠴᠠ ᠪᠠᠨ | ᠪᠠᠭᠤᠭᠰᠠᠨ ᠬᠥᠮᠦᠰ ᠤᠨ ᠡᠷᠬᠡ ᠨᠡᠮᠡᠭᠰᠡᠨ ᠳᠤᠮᠳᠠᠴᠢ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠬᠢᠷᠢ | ᠬᠡᠮᠵᠢᠶ᠎ᠡ ᠶᠢᠨ 5.5% ᠪᠠᠷ ᠲᠣᠭᠲᠠᠭᠠᠨ᠎ᠠ᠃ ᠮᠠᠨ ᠤ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ | ᠬᠢᠭᠡᠳ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠥᠮᠦᠰ ᠤᠨ ᠡᠷᠬᠡ ᠨᠡᠮᠡᠭᠰᠡᠨ ᠳᠤᠮᠳᠠᠴᠢ | ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠬᠢᠷᠢ ᠲᠦᠪᠰᠢᠨ ᠨᠢ 2660 ᠲᠥᠭᠦᠷᠢᠭ ᠪᠣᠯᠣᠨ᠎ᠠ᠂ 5.5% ᠪᠠᠷ | ᠪᠣᠳᠣᠪᠠᠯ᠂ ᠬᠥᠮᠦᠨ ᠪᠦᠷᠢ ᠶᠢᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠤᠮᠳᠠᠴᠢ ᠪᠠᠷ 146 ᠲᠥᠭᠦᠷᠢᠭ | ᠪᠣᠯᠭᠠᠨ ᠲᠣᠬᠢᠷᠠᠭᠤᠯᠤᠭᠠᠳ᠂ ᠥᠪᠥᠷ ᠮᠣᠩᠭᠤᠯ ᠤᠨ ᠶᠡᠬᠡᠩᠬᠢ ᠬᠡᠰᠡᠭ ᠬᠤᠰᠢᠭᠤ ᠰᠢᠶᠠᠨ ᠨᠢ ᠴᠥᠮ | ᠬᠠᠲᠠᠭᠤᠵᠢᠯᠲᠠᠶ ᠠᠯᠤᠰ ᠬᠢᠵᠠᠭᠠᠷ ᠭᠠᠵᠠᠷ ᠣᠷᠣᠨ ᠪᠣᠯᠬᠤ ᠶᠢ ᠪᠣᠳᠣᠯᠬᠢᠯᠠᠨ᠂ ᠤᠯᠤᠰ ᠠᠴᠠ ᠮᠠᠨ ᠤ ᠣᠷᠣᠨ ᠤ | ᠬᠥᠮᠦᠨ ᠪᠦᠷᠢ ᠳᠤ ᠳᠤᠮᠳᠠᠴᠢ ᠪᠠᠷ 151 ᠲᠥᠭᠦᠷᠢᠭ ᠪᠣᠯᠭᠠᠨ ᠨᠡᠮᠡᠭᠳᠡᠭᠦᠯᠬᠦ ᠪᠠᠷ ᠴᠣᠬᠤᠯᠠᠪᠤᠷᠢᠯᠠᠪᠠ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ ᠪᠢᠴᠢᠭ | ᠮᠠᠲ᠋ᠧᠷᠢᠶᠠᠯ ᠢ ᠨᠢᠭᠡᠨᠲᠡ ᠪᠠᠭᠤᠯᠭᠠᠵᠤ᠂ 7 ᠳ᠋ᠤᠭᠠᠷ ᠰᠠᠷ᠎ᠠ ᠶᠢᠨ 25 ᠤ ᠡᠳᠦᠷ ᠪᠦᠬᠦ ᠣᠷᠣᠨ ᠤ ᠠᠵᠢᠯ ᠠᠴᠠ ᠪᠠᠨ | ᠪᠠᠭᠤᠭᠰᠠᠨ ᠬᠥᠮᠦᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ ᠲᠤᠬᠠᠶ ᠲᠧᠯᠸᠢᠰ | ᠳ᠋ᠢᠶᠠᠩᠬᠤᠸᠠ ᠬᠤᠷᠠᠯ ᠬᠤᠷᠠᠯᠳᠤᠭᠤᠯᠤᠨ ᠪᠠᠶᠢᠷᠢᠯᠠᠭᠤᠯᠤᠯᠲᠠ ᠬᠢᠵᠦ᠂ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ | ᠮᠥᠴᠢᠷ ᠤᠨ ᠬᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠨᠠᠷᠢᠨ | ᠨᠢᠭᠲᠠ ᠲᠣᠬᠢᠷᠠᠭᠤᠯᠤᠯᠲᠠ ᠬᠢᠵᠦ᠂ ᠠᠵᠢᠯ ᠠᠴᠠ ᠪᠠᠨ ᠪᠠᠭᠤᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ | ᠮᠥᠩᠭᠦ ᠶᠢ ᠲᠣᠬᠢᠷᠠᠭᠤᠯᠬᠤ ᠠᠵᠢᠯ ᠢ ᠬᠢᠨᠠᠮᠠᠭᠠᠶ ᠰᠠᠶᠢᠲᠤᠷ ᠬᠢᠵᠦ᠂ ᠲᠣᠬᠢᠷᠠᠭᠤᠯᠤᠨ ᠨᠡᠮᠡᠭᠰᠡᠨ ᠨᠠᠰᠤᠵᠢᠯ ᠤᠨ | ᠠᠰᠠᠷᠠᠮᠵᠢ ᠶᠢᠨ ᠮᠥᠩᠭᠦ ᠶᠢ ᠦᠨᠳᠦᠰᠦᠨ ᠳᠡᠭᠡᠨ ᠣᠯᠭᠤᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠨᠠᠰᠤᠵᠢᠯ ᠤᠨ | ᠠᠰᠠᠷᠠᠮᠵᠢ ᠶᠢᠨ ᠳᠠᠭᠠᠳᠬᠠᠯ ᠳᠤ ᠣᠷᠣᠭᠤᠯᠤᠭᠰᠠᠨ ᠦᠭᠡᠢ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ᠂ | ᠬᠠᠮᠤᠭ ᠤᠨ ᠠᠲᠠᠭ ᠲᠠᠭᠠᠨ 9 ᠳ᠋ᠦ᠋ᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠯᠭᠤᠬᠤ ᠬᠡᠷᠡᠭᠲᠡᠢ ᠭᠡᠵᠦ | ᠱᠠᠭᠠᠷᠳᠠᠪᠠ᠃ |