ᠥᠪᠥᠷ ᠮᠣᠩᠭᠤᠯ ᠠᠵᠢᠯ ᠠᠴᠠ ᠪᠠᠨ ᠪᠠᠭᠤᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠣᠬᠢᠷᠠᠭᠤᠯᠪᠠ
ᠨᠡᠶᠢᠲᠡᠯᠡᠭᠰᠡᠨ ᠴᠠᠭ᠄
2017/8/1
     ᠥᠪᠥᠷ ᠮᠣᠩᠭᠤᠯ ᠠᠵᠢᠯ ᠠᠴᠠ ᠪᠠᠨ ᠪᠠᠭᠤᠭᠰᠠᠨ ᠬᠥᠮᠦᠰ ᠤᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ ᠪᠠᠷ ᠲᠣᠭᠲᠠᠪᠠ᠂ ᠡᠨᠡ ᠤᠳᠠᠭᠠᠨ ᠤ ᠲᠣᠬᠢᠷᠠᠭᠤᠯᠬᠤ ᠬᠡᠪᠴᠢᠶ᠎ᠡ ᠨᠢ ᠪᠦᠬᠦ ᠣᠷᠣᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ᠂ ᠠᠵᠤ ᠠᠬᠤᠶᠢᠯᠠᠯ ᠤᠨ 2016 ᠣᠨ ᠤ 12 ᠳ᠋ᠤᠭᠠᠷ ᠰᠠᠷ᠎ᠠ ᠎ ᠶᠢᠨ 31᠎ ᠤ ᠡᠳᠦᠷ ᠠᠴᠠ ᠡᠮᠦᠨ᠎ᠡ ᠲᠣᠭᠲᠠᠭᠠᠯ ᠶᠣᠰᠣᠭᠠᠷ ᠠᠵᠢᠯ ᠠᠴᠠ ᠪᠠᠨ ᠪᠠᠭᠤᠭᠰᠠᠨ ᠬᠥᠮᠦᠰ ᠪᠣᠯᠣᠨ᠎ᠠ᠂ ᠲᠣᠬᠢᠷᠠᠭᠤᠯᠵᠤ ᠨᠡᠮᠡᠭᠰᠡᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ 2017 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠵᠦ ᠣᠯᠭᠤᠨ᠎ᠠ᠃      ᠡᠨᠡ ᠤᠳᠠᠭ᠎ᠠ ᠶᠢᠨ ᠠᠵᠢᠯ ᠠᠴᠠ ᠪᠠᠨ ᠪᠠᠭᠤᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠲᠣᠬᠢᠷᠠᠭᠤᠯᠬᠤ ᠪᠠᠷᠢᠮᠵᠢᠶ᠎ᠠ ᠳᠣᠲᠣᠷ᠎ᠠ ᠨᠤᠷᠮ᠎ᠠ ᠲᠣᠭᠲᠠᠭᠠᠨ ᠲᠣᠬᠢᠷᠠᠭᠤᠯᠬᠤ ᠲᠠᠯ᠎ᠠ ᠪᠠᠷ ᠠᠵᠢᠯ ᠠᠴᠠ ᠪᠠᠨ ᠪᠠᠭᠤᠭᠰᠠᠨ ᠬᠥᠮᠦᠨ ᠪᠦᠷᠢ ᠳᠤ ᠰᠠᠷ᠎ᠠ ᠳᠤ 47 ᠲᠥᠭᠦᠷᠢᠭ ᠨᠡᠮᠡᠨ᠎ᠡ᠂ ᠨᠠᠰᠤᠵᠢᠯ ᠤᠨ ᠠᠰᠠᠷᠠᠮᠵᠢ ᠶᠢᠨ ᠮᠥᠩᠭᠦ ᠨᠢ 700 ᠲᠥᠭᠦᠷᠢᠭ ᠠᠴᠠ ᠳᠣᠣᠷ᠎ᠠ ᠪᠠᠶᠢᠪᠠᠯ᠂ ᠤᠷᠢᠳᠠᠪᠠᠷ 700 ᠲᠥᠭᠦᠷᠢᠭ ᠬᠦᠷᠲᠡᠯ᠎ᠡ ᠲᠣᠬᠢᠷᠠᠭᠤᠯᠤᠭᠰᠠᠨ ᠤ ᠳᠠᠷᠠᠭ᠎ᠠ ᠳᠠᠬᠢᠨ ᠲᠤᠰ ᠵᠦᠢᠯ ᠢᠶᠠᠷ ᠲᠤᠬᠢᠷᠠᠭᠤᠯᠤᠨ᠎ᠡ︔ ᠬᠤᠯᠪᠣᠭᠳᠠᠭᠤᠯᠤᠨ ᠲᠣᠬᠢᠷᠠᠭᠤᠯᠬᠤ ᠲᠠᠯ᠎ᠠ ᠪᠠᠷ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠥᠪᠰᠢᠨ ᠲᠠᠢ ᠲᠣᠰ ᠪᠦᠷᠢ ᠬᠤᠯᠪᠣᠭᠳᠠᠭᠤᠯᠤᠨ ᠲᠣᠬᠢᠷᠠᠭᠤᠯᠤᠨ᠎ᠠ︔ ᠠᠵᠢᠯ ᠠᠴᠠ ᠪᠠᠨ ᠪᠠᠭᠤᠭᠰᠠᠨ ᠲᠤᠰ ᠬᠥᠮᠦᠨ ᠤ 2016 ᠣᠨ ᠤ 12 ᠰᠠᠷ᠎ᠠ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢᠨ ᠬᠢᠷᠢ ᠲᠥᠪᠰᠢᠨ ᠤ 2%᠎ ᠢᠶᠠᠷ ᠦᠨᠳᠦᠰᠦᠨ ᠨᠠᠰᠤᠵᠢᠯ ᠤᠨ ᠠᠰᠠᠷᠠᠮᠵᠢ ᠶᠢᠨ ᠮᠥᠩᠭᠦ ︵ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠠᠵᠢᠯ ᠠᠴᠠ ᠪᠠᠨ ᠪᠠᠭᠤᠭᠰᠠᠨ ᠬᠥᠮᠦᠰ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠥᠭᠴᠦ ᠣᠯᠭᠤᠬᠤ ᠲᠦᠷᠦᠯ ᠵᠦᠢᠯ ᠳᠤ ᠣᠷᠣᠭᠤᠯᠤᠭᠰᠠᠨ ᠢᠶᠠᠷ ᠪᠠᠷᠢᠮᠵᠢᠶ᠎ᠠ ᠪᠣᠯᠭᠠᠨ᠎ᠠ︶ ᠨᠡᠮᠡᠵᠦ᠂ ᠰᠦᠢᠳᠬᠡᠯ ᠲᠤᠰᠢᠶᠠᠭᠰᠠᠨ ᠣᠨ ᠵᠢᠯ ᠲᠠᠢ ᠨᠢ ᠬᠤᠯᠪᠣᠭᠳᠠᠭᠤᠯᠤᠨ ᠲᠣᠬᠢᠷᠠᠭᠤᠯᠤᠨ᠎ᠠ︔ ᠠᠵᠢᠯ ᠠᠴᠠ ᠪᠠᠨ ᠪᠠᠭᠤᠭᠰᠠᠨ ᠬᠥᠮᠦᠰ ᠤᠨ ᠰᠦᠢᠳᠬᠡᠯ ᠲᠤᠰᠢᠶᠠᠭᠰᠠᠨ ᠴᠠᠭ ᠬᠤᠭᠤᠴᠠᠭ᠎ᠠ ᠨᠢ ᠪᠦᠬᠦᠯᠢ ᠨᠢᠭᠡ ᠵᠢᠯ ᠪᠣᠯᠬᠤ ᠪᠦᠷᠢ ᠳᠤ 1.5 ᠲᠥᠭᠦᠷᠢᠭ ︵ᠰᠦᠢᠳᠬᠡᠯ ᠲᠤᠰᠢᠶᠠᠭᠰᠠᠨ ᠵᠢᠯ ᠬᠤᠭᠤᠴᠠᠭ᠎ᠠ ᠳᠤ ᠬᠤᠪᠢ ᠬᠥᠮᠦᠨ ᠨᠠᠰᠤᠵᠢᠯ ᠤᠨ ᠦᠨᠳᠦᠰᠦᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠶᠢ ᠲᠣᠭᠲᠠᠭᠠᠯ ᠶᠣᠰᠣᠭᠠᠷ ᠬᠡᠷᠡᠭᠵᠢᠭᠦᠯᠬᠦ ᠠᠴᠠ ᠡᠮᠦᠨᠡᠬᠢ ᠵᠠᠯᠭᠠᠭ᠎ᠠ ᠪᠠᠷ ᠠᠵᠢᠯᠯᠠᠭᠰᠠᠨ ᠣᠨ ᠵᠢᠯ ᠢ ᠪᠠᠭᠲᠠᠭᠠᠨ᠎ᠠ᠂ 1 ᠵᠢᠯ ᠪᠣᠯᠤᠭᠠᠳᠤᠶ ᠪᠣᠯ 1 ᠵᠢᠯ ᠢᠶᠠᠷ ᠪᠣᠳᠣᠵᠣ ᠲᠣᠬᠢᠷᠠᠭᠤᠯᠤᠨ᠎ᠠ︶ ᠨᠡᠮᠡᠵᠦ᠂ ᠲᠣᠬᠢᠷᠠᠭᠤᠯᠤᠭᠰᠠᠨ ᠤ ᠳᠠᠷᠠᠭ᠎ᠠ 22.5 ᠲᠥᠭᠦᠷᠢᠭ ᠬᠦᠷᠬᠦ ᠦᠭᠡᠢ ᠪᠣᠯ᠂ 22.5 ᠲᠥᠭᠦᠷᠢᠭ ᠢᠶᠠᠷ ᠲᠣᠬᠢᠷᠠᠭᠤᠯᠤᠨ᠎ᠠ᠃ ᠡᠭᠦᠨ ᠠᠴᠠ ᠭᠠᠳᠠᠨ᠎ᠠ᠂ ᠬᠡᠯᠪᠡᠶᠢᠯᠭᠡᠨ ᠲᠣᠬᠢᠷᠠᠭᠤᠯᠬᠤ ᠲᠠᠯ᠎ᠠ ᠪᠠᠷ ᠥᠲᠡᠭᠦᠰ ᠎ ᠢ ᠬᠠᠷᠠᠭᠠᠯᠵᠠᠬᠤ ᠵᠦᠭ ᠬᠡᠯᠪᠡᠶᠢᠯᠭᠡᠨ ᠲᠣᠬᠢᠷᠠᠭᠤᠯᠵᠦ᠂ 2016 ᠣᠨ ᠤ 12 ᠳ᠋ᠤᠭᠠᠷ ᠰᠠᠷ᠎ᠠ ᠶᠢᠨ 31᠎ ᠤ ᠡᠳᠦᠷ ᠪᠣᠯᠬᠤ ᠳᠤ᠂ ᠪᠦᠬᠦᠯᠢ 70 ᠨᠠᠰᠤ ᠬᠦᠷᠦᠭᠰᠡᠨ ᠠᠵᠢᠯ ᠠᠴᠠ ᠪᠠᠨ ᠪᠠᠭᠤᠭᠰᠠᠨ ᠬᠥᠮᠦᠨ ᠪᠦᠷᠢ ᠳᠤ ᠰᠠᠷ᠎ᠠ ᠳᠤ 30 ᠲᠥᠭᠦᠷᠢᠭ ᠨᠡᠮᠡᠵᠦ ᠣᠯᠭᠤᠨ᠎ᠠ︔ 70 ᠨᠠᠰᠤ ᠠᠴᠠ ᠳᠡᠭᠡᠭᠰᠢᠬᠢ ᠠᠵᠢᠯ ᠠᠴᠠ ᠪᠠᠨ ᠪᠠᠭᠤᠭᠰᠠᠨ ᠬᠥᠮᠦᠰ ᠲᠤ ᠨᠢᠭᠡ ᠨᠠᠰᠤ ᠨᠡᠮᠡᠭᠳᠡᠬᠦ ᠪᠦᠷᠢ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠨᠢ 3 ᠲᠥᠭᠦᠷᠢᠭ ᠨᠡᠮᠡᠵᠦ ᠣᠯᠭᠤᠨ᠎ᠠ᠃ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠴᠡᠷᠢᠭ ᠠᠴᠠ ᠰᠢᠯᠵᠢᠭᠰᠡᠨ ᠺᠠᠳ᠋ᠷ ᠤᠨ ᠨᠠᠰᠤᠵᠢᠯ ᠤᠨ ᠠᠰᠠᠷᠠᠮᠵᠢ ᠶᠢᠨ ᠮᠥᠩᠭᠦ ᠶᠢ ᠳᠡᠭᠡᠷ᠎ᠡ ᠳᠤᠷᠠᠳᠤᠭᠰᠠᠨ ᠪᠠᠷᠢᠮᠵᠢᠶ᠎ᠠ ᠪᠠᠷ ᠲᠣᠬᠢᠷᠠᠭᠤᠯᠤᠭᠰᠠᠨ ᠤ ᠳᠠᠷᠠᠭ᠎ᠠ᠂ ᠲᠥᠪ ᠠᠯᠪᠠᠨ ᠲᠠᠷᠬᠠᠭᠠᠭᠰᠠᠨ ﹇2003﹈ 29 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠥᠮᠦᠰ ᠤᠨ ᠰᠠᠷ᠎ᠠ ᠶᠢᠨ ᠳᠤᠮᠳᠠᠴᠢ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠬᠢᠷᠢ ᠲᠦᠪᠰᠢᠨ ᠠᠴᠠ ᠳᠣᠣᠷ᠎ᠠ ᠪᠠᠶᠢᠪᠠᠯ᠂ ᠲᠤᠬᠠᠶ ᠶᠢᠨ ᠭᠠᠵᠠᠷ ᠤᠨ ᠠᠵᠤ ᠠᠬᠤᠶᠢᠯᠠᠯ ᠤᠨ ᠠᠵᠢᠯ ᠠᠴᠠ ᠪᠠᠨ ᠪᠠᠭᠤᠭᠰᠠᠨ ᠬᠥᠮᠦᠰ ᠤᠨ ᠳᠤᠮᠳᠠᠴᠢ ᠨᠠᠰᠤᠵᠢᠯ ᠤᠨ ᠠᠰᠠᠷᠠᠮᠵᠢ ᠶᠢᠨ ᠮᠥᠩᠭᠦᠨ ᠤ ᠬᠢᠷᠢ ᠲᠦᠪᠰᠢᠨ ᠳᠤ ᠬᠦᠷᠲᠡᠯ᠎ᠡ ᠣᠯᠭᠤᠨ᠎ᠠ᠃ ᠡᠭᠦᠨ ᠤ ᠬᠠᠮᠲᠤ᠂ ᠠᠵᠢᠯ ᠠᠴᠠ ᠪᠠᠨ ᠪᠠᠭᠤᠭᠰᠠᠨ ᠠᠵᠢᠯᠲᠠᠨ ᠪᠦᠷᠢ ᠎ ᠳᠤ ᠰᠠᠷ᠎ᠠ ᠳᠤ 47 ᠲᠥᠭᠦᠷᠢᠭ ᠨᠡᠮᠡᠵᠦ ᠣᠯᠭᠤᠨ᠎ᠠ︔ ᠠᠵᠢᠯ ᠠᠴᠠ ᠪᠠᠨ ᠪᠠᠭᠤᠭᠰᠠᠳ ᠤᠨ ᠠᠮᠢᠳᠤᠷᠠᠯ ᠤᠨ ᠵᠠᠷᠤᠳᠠᠯ ᠤᠨ ᠬᠢᠷᠢ ᠬᠡᠮᠵᠢᠶ᠎ᠡ ᠶᠢᠨ 2%᠎ ᠢᠶᠠᠷ ᠠᠵᠢᠯ ᠠᠴᠠ ᠪᠠᠨ ᠪᠠᠭᠤᠭᠰᠠᠳ ᠤᠨ ᠠᠮᠢᠳᠤᠷᠠᠯ ᠤᠨ ᠵᠠᠷᠤᠳᠠᠯ ᠢ ᠨᠢ ᠨᠡᠮᠡᠵᠦ ᠣᠯᠭᠤᠨ᠎ᠠ︔ ᠲᠤᠰᠢᠶᠠᠭᠰᠠᠨ ᠴᠠᠭ ᠬᠤᠭᠤᠴᠠᠭ᠎ᠠ ᠨᠢ ᠪᠦᠬᠦᠯᠢ ᠨᠢᠭᠡ ᠵᠢᠯ ᠪᠣᠯᠬᠤ ᠪᠦᠷᠢ 1.5 ᠲᠥᠭᠦᠷᠢᠭ ᠨᠡᠮᠡᠵᠦ᠂ ᠲᠣᠬᠢᠷᠠᠭᠤᠯᠤᠭᠰᠠᠨ ᠤ ᠳᠠᠷᠠᠭ᠎ᠠ 22.5 ᠲᠥᠭᠦᠷᠢᠭ ᠬᠦᠷᠬᠦ ᠦᠭᠡᠢ ᠪᠣᠯ᠂ 22.5 ᠲᠥᠭᠦᠷᠢᠭ ᠎ ᠢᠶᠠᠷ ᠲᠣᠬᠢᠷᠠᠭᠤᠯᠤᠨ᠎ᠠ᠃       ᠣᠶᠢᠯᠠᠭᠠᠭᠰᠠᠨ ᠢᠶᠠᠷ᠂ ᠡᠨᠡ ᠤᠳᠠᠭᠠᠨ ᠤ ᠲᠣᠬᠢᠷᠠᠭᠤᠯᠤᠯᠲᠠ ᠳᠤ ᠬᠡᠷᠡᠭᠰᠡᠬᠦ ᠪᠡᠯᠡ ᠮᠥᠩᠭᠦ ᠶᠢ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠵᠢᠭᠦᠯᠭᠡ ᠳᠤ ᠤᠷᠤᠯᠴᠠᠭᠰᠠᠨ ᠪᠣᠯ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠤᠨ ᠰᠠᠭᠤᠷᠢ ᠮᠥᠩᠭᠦ ᠠᠴᠠ ᠭᠠᠷᠭᠠᠨ᠎ᠠ︔ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠨᠢᠭᠡᠳᠦᠯᠲᠡᠶ ᠲᠥᠯᠥᠪᠵᠢᠭᠦᠯᠭᠡ ᠳᠤ ᠣᠷᠣᠯᠴᠠᠭᠰᠠᠨ ᠪᠣᠯ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠵᠠᠷᠤᠯᠭ᠎ᠠ ᠠᠴᠠ ᠭᠠᠷᠭᠠᠨ᠎ᠠ᠃ ᠠᠵᠢᠯᠳᠠᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠳᠤ ᠣᠷᠣᠯᠴᠠᠭᠰᠠᠨ ᠦᠭᠡᠢ ᠪᠣᠯ ᠲᠣᠬᠢᠷᠠᠭᠤᠯᠤᠯᠲᠠ ᠳᠤ ᠬᠡᠷᠡᠭᠰᠡᠬᠦ ᠪᠡᠯᠡ ᠮᠥᠩᠭᠦ ᠶᠢ ᠤᠤᠯ ᠤᠨ ᠠᠷᠭ᠎ᠠ ᠵᠠᠮ ᠢᠶᠠᠷ ᠰᠢᠢᠳᠪᠦᠷᠢᠯᠡᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号