ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠬᠦ ᠲᠦᠷ ᠴᠠᠬ ᠲᠤᠰᠢᠶᠠᠯ ᠡᠭᠦᠷᠭᠡᠯᠡᠬᠦ ᠺᠠᠳ᠋ᠷᠴᠤᠳ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2017/8/11
      ᠤᠶᠢᠷ᠎ᠠ ᠳᠤ᠂ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢ ᠬᠦᠨᠵᠡᠭᠡᠶᠢᠷᠡᠭᠦᠯᠬᠦ ᠲᠦᠷ ᠴᠠᠬ ᠲᠤᠰᠢᠶᠠᠯ ᠡᠭᠦᠷᠭᠡᠯᠡᠬᠦ ᠺᠠᠳ᠋ᠷᠴᠤᠳ ᠤᠨ ᠶᠠᠷᠢᠯᠴᠠᠬᠤ ᠬᠤᠷᠠᠯ ᠬᠦᠬᠡᠬᠤᠲᠠ ᠳᠤ ᠬᠤᠷᠠᠯᠳᠤᠪᠠ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠲᠡᠷᠢᠭᠦᠯᠡᠭᠴᠢ ᠵᠠᠩ ᠵᠢᠶᠠᠨ ᠮᠢᠨ ᠶᠠᠷᠢᠯᠴᠠᠬᠤ ᠬᠤᠷᠠᠯ ᠳᠤ ᠤᠷᠤᠯᠴᠠᠪᠠ᠃ ᠬᠤᠷᠠᠯ ᠠᠴᠠ ᠡᠮᠦᠨ᠎ᠡ᠂ ᠦᠪᠡᠷᠲᠡᠭᠡᠨ ᠵᠠᠰᠠᠬᠤ ᠤᠷᠤᠨ ᠎ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠽᠧᠩ ᠢ ᠴᠦᠨ ᠪᠡᠭᠡᠵᠢᠩ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠲᠠ ᠶᠢᠨ ᠳᠠᠷᠤᠭ᠎ᠠ ᠵᠠᠩ ᠭᠦᠩ ᠨᠠᠷ ᠲᠠᠢ ᠠᠭᠤᠯᠵᠠᠵᠠᠢ᠃      ᠵᠠᠩ ᠭᠦᠩ ᠪᠡᠭᠡᠵᠢᠩ ᠬᠤᠲᠠ ᠶᠢ ᠲᠦᠯᠦᠭᠡᠯᠡᠨ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠲᠦᠷ ᠴᠠᠬ ᠲᠤᠰᠢᠶᠠᠯ ᠡᠭᠦᠷᠭᠡᠯᠡᠬᠦ ᠺᠠᠳ᠋ᠷᠴᠤᠳ ᠢ ᠳᠡᠭᠡᠳᠦ ᠬᠡᠮᠵᠢᠶ᠎ᠡ ᠪᠠᠷ ᠢᠲᠡᠭᠡᠵᠦ᠂ ᠪᠦᠬᠦ ᠰᠡᠳᠬᠢᠯ ᠢᠶᠠᠷ ᠢᠶᠠᠨ ᠬᠠᠯᠠᠮᠵᠢᠯᠠᠵᠦ ᠪᠠᠶᠢᠭ᠎ᠠ ᠳᠤ ᠲᠠᠯᠠᠷᠬᠠᠵᠦ ᠪᠠᠶᠢᠭ᠎ᠠ ᠪᠠᠨ ᠢᠯᠡᠳᠬᠡᠬᠦ ᠶᠢᠨ ᠬᠠᠮᠲᠤ ᠲᠦᠷ ᠴᠠᠬ ᠲᠤᠰᠢᠶᠠᠯ ᠡᠭᠦᠷᠭᠡᠯᠡᠬᠦ ᠺᠠᠳ᠋ᠷᠴᠤᠳ ᠢ ᠦᠷᠬᠦᠯᠵᠢᠯᠡᠨ ᠬᠡᠪ ᠳᠠᠭᠤᠷᠢᠶᠠᠯ ᠪᠤᠯᠵᠤ᠂ ᠵᠢᠱᠢᠶ᠎ᠠ ᠦᠵᠡᠭᠦᠯᠵᠦ᠂ ᠪᠡᠭᠡᠵᠢᠩ ᠤᠨ ᠬᠠᠪᠰᠤᠷᠤᠨ ᠲᠡᠳᠬᠦᠬᠦ ᠡᠬᠢ ᠪᠠᠶᠠᠯᠢᠬ ᠵᠢᠴᠢ ᠦᠪᠦᠷ ᠮᠤᠩᠭᠤᠯ ᠤᠨ ᠶᠠᠳᠠᠭᠤ ᠠᠴᠠ ᠠᠩᠬᠢᠵᠢᠷᠠᠭᠤᠯᠬᠤ ᠪᠤᠭᠤᠮᠲᠠ ᠰᠢᠪᠲᠤᠯᠬᠤ ᠬᠡᠷᠡᠭᠴᠡᠭᠡ ᠶᠢ ᠰᠠᠶᠢᠳᠤᠷ ᠨᠢᠭᠡᠳᠦᠯᠲᠡᠢ ᠲᠦᠯᠦᠪᠵᠢᠭᠦᠯᠵᠦ᠂ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠠᠬᠢᠭᠤᠯᠬᠤ ᠬᠡᠷᠡᠭᠲᠡᠢ᠃ ᠲᠤᠬᠠᠢ ᠶᠢᠨ ᠭᠠᠵᠠᠷ ᠎ ᠤᠨ ᠶᠠᠳᠠᠭᠤ ᠠᠴᠠ ᠠᠩᠬᠢᠵᠢᠷᠠᠭᠤᠯᠬᠤ ᠲᠦᠯᠦᠪᠯᠡᠭᠡ ᠪᠠ ᠬᠡᠷᠡᠭᠴᠡᠭᠡ ᠶᠢ ᠬᠦᠨᠵᠡᠭᠡᠢ ᠤᠶᠢᠯᠠᠭᠠᠵᠤ᠂ ᠵᠢᠮ᠎ᠠ ᠶᠤᠰᠤ ᠶᠢ ᠲᠠᠰᠤᠷᠠᠯᠲᠡ ᠦᠭᠡᠢ ᠡᠵᠡᠮᠰᠢᠵᠦ᠂ ᠪᠠᠶᠢᠳᠠᠯ ᠢ ᠮᠠᠭᠠᠳᠯᠠᠵᠤ᠂ ᠪᠦᠳᠦᠮᠵᠢᠳᠠᠢ ᠠᠵᠢᠯ ᠤᠨ ᠳᠦᠷᠢᠮ ᠢ ᠰᠢᠨᠵᠢᠯᠡᠨ ᠰᠤᠳᠤᠯᠵᠤ᠂ ᠶᠠᠳᠠᠭᠤ ᠶᠢ ᠳᠡᠳᠬᠦᠬᠦ ᠠᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠵᠤᠷᠢᠬᠵᠢᠭᠤᠯᠪᠠ᠃      ᠵᠠᠩ ᠵᠢᠶᠠᠨ ᠮᠢᠨ ᠪᠡᠭᠡᠵᠢᠩ ᠬᠤᠲᠠ ᠵᠢᠴᠢ ᠪᠡᠭᠡᠵᠢᠩ ᠤᠨ ᠲᠦᠷ ᠴᠠᠬ ᠲᠤᠰᠢᠶᠠᠯ ᠡᠭᠦᠷᠭᠡᠯᠡᠬᠦ ᠺᠠᠳ᠋ᠷᠴᠤᠳ ᠎ ᠤᠨ ᠤᠯᠠᠨ ᠵᠢᠯ ᠤᠨ ᠲᠤᠷᠰᠢ ᠦᠪᠦᠷ ᠮᠤᠩᠭᠤᠯ ᠤᠨ ᠬᠦᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠲᠡᠷᠡ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ︽ᠭᠤᠷᠪᠠᠨ ᠬᠤᠷᠢᠭ᠎ᠠ ᠱᠤᠭᠤᠮ︾᠎ ᠢ ᠪᠠᠳᠤ ᠰᠠᠬᠢᠬᠤ᠂ ︽ᠲᠠᠪᠤᠨ ᠲᠠᠯ᠎ᠠ︾᠎ ᠶᠢ ᠵᠤᠬᠢᠴᠠᠭᠤᠯᠬᠤ ᠪᠠ ︽ᠲᠤᠯᠤᠭᠠᠨ ᠲᠤᠤᠷ︾᠎ ᠢ ᠬᠠᠮᠲᠤᠪᠡᠷ ᠪᠠᠶᠢᠭᠤᠯᠵᠤ᠂ ︽ᠲᠤᠯᠤᠭᠠᠨ ᠦᠢᠯᠡᠰ︾᠎ ᠢ ᠬᠠᠮᠲᠤᠪᠡᠷ ᠮᠠᠨᠳᠤᠭᠤᠯᠬᠤ ᠵᠢᠴᠢ ᠬᠤᠷᠢᠨᠬᠡᠷ ᠤᠨ ᠰᠢᠨ᠎ᠡ ᠲᠤᠭᠤᠷᠢᠬ ᠢ ᠪᠦᠲᠦᠭᠡᠨ ᠪᠠᠶᠢᠭᠤᠯᠬᠤ ᠵᠡᠷᠭᠡ ᠬᠦᠭᠵᠢᠯᠲᠡ ᠶᠢᠨ ᠰᠡᠳᠬᠢᠴᠡ ᠵᠢᠴᠢ ᠪᠠᠶᠢᠷᠢᠯᠠᠭᠤᠯᠤᠯᠲᠠ ᠶᠢ ᠳᠤᠷᠠᠳᠴᠠᠢ᠃ ᠨᠠᠮ ᠤᠨ ᠲᠦᠪ ᠬᠤᠷᠢᠶ᠎ᠠ ᠠᠴᠠ ᠳᠠᠷᠤᠮᠠᠯᠯᠠᠨ ᠲᠠᠷᠬᠠᠭᠠᠬᠰᠠᠨ ︽ᠵᠡᠭᠦᠨ ᠪᠠᠷᠠᠭᠤᠨ ᠤᠷᠤᠨ ᠤ ᠶᠠᠳᠠᠭᠤ ᠶᠢ ᠳᠡᠳᠬᠦᠬᠦ ᠬᠠᠮᠵᠢᠯᠴᠠᠭᠠᠨ ᠤ ᠠᠵᠢᠯ ᠢ ᠤᠯᠠᠮ ᠴᠢᠨᠠᠬᠰᠢᠲᠠ ᠴᠢᠩᠭᠠᠳᠬᠠᠬᠤ ᠵᠢᠯᠤᠭᠤᠳᠬᠤ ᠰᠠᠨᠠᠯ︾᠎ ᠳᠤ᠂ ᠪᠡᠭᠡᠵᠢᠩ ᠦᠪᠦᠷ ᠮᠤᠩᠭᠤᠯ ᠤᠨ ᠶᠠᠳᠠᠭᠤ ᠶᠢ ᠳᠡᠳᠬᠦᠬᠦ ᠬᠠᠮᠵᠢᠯᠴᠠᠭ᠎ᠠ ᠶᠢᠨ ᠬᠠᠷᠢᠯᠴᠠᠭ᠎ᠠ ᠵᠢᠴᠢ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭᠠᠨ ᠤ ᠤᠷᠤᠨ ᠵᠠᠢ ᠨᠡᠯᠢᠶᠡᠳ ᠶᠡᠭᠡ ᠪᠠᠶᠢᠬᠤ ᠶᠢ ᠳᠤᠳᠤᠷᠬᠠᠶᠢᠯᠠᠪᠠ ᠭᠡᠵᠦ ᠲᠠᠨᠢᠯᠴᠠᠭᠤᠯᠤᠨ ᠬᠡᠯᠡᠪᠡ᠃      ᠵᠠᠩ ᠵᠢᠶᠠᠨ ᠮᠢᠨ᠂ ᠪᠡᠭᠡᠵᠢᠩ ᠬᠤᠲᠠ ᠶᠢᠨ ᠦᠪᠦᠷ ᠮᠤᠩᠭᠤᠯ ᠳᠠᠬᠢ ᠬᠠᠪᠰᠤᠷᠤᠯᠭ᠎ᠠ ᠳᠡᠮᠵᠢᠯᠭᠡ ᠨᠢ ᠳᠤᠪᠤᠶᠢᠮ᠎ᠠ ᠦᠷ᠎ᠡ ᠪᠦᠲᠦᠮᠵᠢ ᠤᠯᠵᠠᠢ᠃ ᠬᠤᠶᠢᠰᠢᠲᠠ ᠺᠠᠳ᠋ᠷᠴᠤᠳ ᠤᠨ ᠰᠤᠯᠢᠯᠴᠠᠭ᠎ᠠ ᠶᠢᠨ ᠬᠦᠨᠴᠡ ᠦᠷᠭᠡᠴᠡ ᠶᠢ ᠦᠷᠬᠦᠯᠵᠢᠯᠡᠨ ᠨᠡᠮᠡᠭᠳᠡᠬᠦᠯᠵᠦ᠂ ᠴᠢᠳᠠᠪᠤᠷᠢᠲᠠᠨ ᠢ ᠬᠠᠮᠲᠤᠪᠡᠷ ᠡᠳ᠋ᠯᠡᠬᠦ ᠵᠢᠴᠢ ᠠᠵᠢᠯ ᠦᠢᠯᠡᠰ ᠤᠨ ᠬᠠᠮᠲᠤᠷᠠᠯᠴᠠᠭ᠎ᠠ ᠶᠢᠨ ᠬᠡᠪᠴᠢᠶ᠎ᠡ ᠶᠢ ᠦᠷᠭᠡᠳᠬᠡᠵᠦ᠂ ᠴᠢᠳᠠᠪᠤᠷᠢᠲᠠᠨ ᠤ ᠪᠤᠯᠪᠠᠰᠤᠷᠠᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠲᠤᠷᠠᠯᠴᠠᠭ᠎ᠠ ᠶᠢ ᠪᠠᠶᠠᠯᠢᠬᠵᠢᠭᠤᠯᠪᠠᠯ ᠵᠤᠬᠢᠨ᠎ᠠ᠂ ᠦᠪᠦᠷ ᠮᠤᠩᠭᠤᠯ ᠤᠨ ᠬᠢᠨ ᠪᠠᠰᠠ ᠰᠠᠨᠠᠭᠠᠴᠢᠯᠠᠭ᠎ᠠ ᠲᠠᠢ ᠪᠠᠷ ᠠᠵᠢᠯᠯᠠᠵᠤ᠂ ᠪᠡᠭᠡᠵᠢᠩ ᠦᠪᠦᠷ ᠮᠤᠩᠭᠤᠯ ᠤᠨ ᠠᠵᠢᠯ ᠲᠦᠷᠦᠯ ᠢᠶᠠᠷ ᠢᠶᠠᠨ ᠬᠠᠪᠰᠤᠷᠤᠨ ᠲᠡᠳᠬᠦᠬᠦ ᠬᠠᠮᠲᠤᠷᠠᠯᠴᠠᠭ᠎ᠠ ᠶᠢ ᠨᠡᠩ ᠤᠯᠠᠨ ᠦᠷ᠎ᠡ ᠪᠦᠲᠦᠭᠡᠯ ᠲᠠᠢ ᠪᠤᠯᠭᠠᠨ᠎ᠠ ᠭᠡᠵᠦ ᠵᠢᠭᠠᠵᠤ ᠭᠠᠷᠭᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号