︽︿ᠨᠢᠭᠡ ᠪᠦᠰᠡ ᠨᠢᠭᠡ ᠵᠠᠮ﹀ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠶᠡᠭᠡ ᠠᠵᠠ ᠲᠣᠬᠢᠶᠠᠯ ᠢ | ᠵᠠᠪᠳᠤᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠲᠥᠷᠭᠡᠨ ᠪᠦᠲᠦᠭᠡᠨ | ᠪᠠᠶᠢᠭᠤᠯᠤᠶ᠎ᠠ᠃︾ ᠲᠦᠷᠦᠭᠦᠬᠡᠨ ᠬᠤᠷᠠᠯᠳᠤᠭᠤᠯᠤᠭᠰᠠᠨ ᠪᠥᠬᠦ ᠣᠷᠣᠨ ᠤ ︽ᠨᠢᠭᠡ ᠪᠦᠰᠡ ᠨᠢᠭᠡ ᠵᠠᠮ︾ ᠤᠨ | ᠪᠦᠲᠦᠭᠡᠨ ᠪᠠᠶᠢᠭᠤᠯᠤᠯᠲᠠ ᠵᠢᠴᠢ ᠭᠠᠳᠠᠭᠠᠳᠤ ᠲᠠᠢ ᠴᠢᠯᠥᠭᠡᠲᠡᠶ ᠶᠠᠪᠤᠯᠴᠠᠬᠤ ᠠᠵᠢᠯ ᠤᠨ ᠬᠤᠷᠠᠯ ᠳᠡᠭᠡᠷ᠎ᠡ᠂ ᠯᠢ ᠵᠢᠶ | ᠾᠧᠩ ᠱᠦᠵᠢ ᠶᠢᠨ ᠶᠠᠷᠢᠶ᠎ᠠ ᠨᠢ ᠮᠠᠨ ᠤ ᠣᠷᠣᠨ ᠤ ᠭᠠᠳᠠᠭᠰᠢ ᠨᠡᠭᠡᠭᠡᠯᠲᠡ ᠬᠢᠬᠦ ᠴᠢᠭᠯᠡᠯ ᠬᠢᠭᠡᠳ ᠬᠠᠷᠠᠯᠲᠠ ᠶᠢ | ᠤᠯᠠᠮ ᠨᠢᠭᠡ ᠠᠯᠬᠤᠮ ᠲᠤᠲᠤᠷᠬᠠᠶᠢᠯᠠᠪᠠ᠃ | ᠡ᠊ᠨᠡ ᠬᠦ ᠬᠠᠷᠠᠯᠲᠠ ᠶᠢ ᠪᠡᠶᠡᠯᠡᠭᠦᠯᠬᠦ ᠳᠤ᠂ ᠮᠠᠨ ᠤ ᠣᠷᠣᠨ ᠳᠤ ᠥᠷᠥᠭᠡᠯ ᠪᠤᠰᠤᠳ ᠲᠤ ᠦᠭᠡᠢ ᠳᠠᠪᠠᠭᠤᠯᠢᠭ | ᠲᠠᠯ᠎ᠠ ᠲᠠᠢ ᠶᠤᠮ᠃ ᠥᠪᠥᠷ ᠮᠣᠩᠭᠤᠯ ᠪᠣᠯ ᠮᠠᠨ ᠤ ᠤᠯᠤᠰ ᠤᠨ ᠤᠮᠠᠷᠠᠲᠤ ᠬᠢᠯᠢ ᠬᠢᠵᠠᠭᠠᠷ ᠲᠤ ᠪᠠᠶᠢᠷᠢᠰᠢᠵᠤ᠂ | ᠭᠤᠷᠪᠠᠨ ᠤᠮᠠᠷᠠᠲᠤ ᠶᠢ ᠰᠤᠨᠳᠠᠯᠠᠨ᠂ ᠭᠠᠳᠠᠭᠰᠢ ᠪᠠᠨ ᠣᠷᠣᠰ ᠮᠣᠩᠭᠤᠯ ᠲᠠᠢ ᠬᠢᠯᠢ ᠨᠡᠶᠢᠯᠡᠨ᠂ ᠲᠤᠲᠤᠭᠠᠳᠤ ᠪᠠᠨ | ᠨᠠᠢᠮᠠᠨ ᠮᠤᠵᠢ ᠣᠷᠣᠨ ᠲᠠᠢ ᠬᠦᠷᠰᠢᠯᠡᠵᠦ᠂ ᠤᠷᠤᠰ ᠮᠣᠩᠭᠤᠯ ᠬᠤᠶᠠᠷ ᠤᠯᠤᠰ ᠯᠤᠭ᠎ᠠ ᠶᠢᠨ ᠬᠢᠯᠢ ᠶᠢᠨ ᠱᠤᠭᠤᠮ ᠨᠢ | 4200 ᠭᠠᠷᠤᠢ ᠺᠢᠯᠣᠮᠧᠲᠷ ᠪᠠᠶᠢᠳᠠᠭ︔ ᠬᠠᠭᠤᠷᠠᠶ ᠵᠠᠮ ᠤᠨ ᠴᠢᠯᠦᠭᠡᠲᠦ ᠪᠣᠭᠤᠮᠲᠠ14᠂ ᠣᠯᠠᠨ ᠤᠯᠤᠰ ᠤᠨ | ᠠᠭᠠᠷ ᠤᠨ ᠭᠠᠷᠠᠮ 4 ᠪᠠᠶᠢᠵᠤ᠂ ᠮᠠᠨᠵᠤᠤᠷ᠂ ᠡᠷᠢᠶᠡᠨ ᠪᠣᠯ ᠮᠠᠨ ᠤ ᠤᠯᠤᠰ ᠤᠨ ᠣᠷᠣᠰ ᠮᠣᠩᠭᠤᠯ ᠬᠤᠶᠠᠷ ᠤᠯᠤᠰ | ᠲᠠᠢ ᠵᠠᠯᠭᠠᠯᠳᠤᠭᠰᠠᠨ ᠬᠠᠮᠤᠭ ᠤᠨ ᠲᠣᠮᠣ ᠬᠠᠭᠤᠷᠠᠶ ᠵᠠᠮ ᠤᠨ ᠪᠣᠭᠤᠮᠲᠠ ᠪᠣᠯᠵᠤ᠂ ᠤᠯᠤᠰ ᠠᠴᠠ ᠭᠠᠳᠠᠭᠠᠳᠤ ᠲᠠᠢ | ᠴᠢᠯᠥᠭᠡᠲᠡᠶ ᠶᠠᠪᠤᠯᠴᠠᠬᠤ ᠶᠡᠭᠡ ᠪᠠᠶᠢᠷᠢᠰᠢᠯ ᠳᠤ ᠪᠠᠶᠢᠯᠳᠤᠬᠤ ᠪᠣᠳᠣᠯᠭ᠎ᠠ ᠶᠢᠨ ᠴᠢᠬᠤᠯᠠ ᠪᠠᠶᠢᠷᠢ ᠰᠠᠭᠤᠷᠢ ᠲᠠᠢ | ᠪᠠᠶᠢᠳᠠᠭ᠃ | ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠲᠠ᠂ ᠪᠡᠭᠡᠵᠢᠩ ᠲᠢᠶᠠᠨᠵᠢᠨ ᠡᠾᠧᠪᠸᠢ ᠶᠢᠨ | ᠬᠠᠮᠵᠢᠯᠴᠠᠭᠰᠠᠨ ᠬᠥᠭᠵᠢᠯᠲᠡ᠂ ᠬᠢᠯᠢ ᠳᠠᠭᠠᠤ ᠣᠷᠣᠨ ᠤ ᠨᠡᠭᠡᠭᠡᠯᠳᠡ ᠬᠢᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠶ | ᠬᠡᠷᠡᠭᠵᠢᠭᠦᠯᠬᠦ ᠶᠢ ᠳᠠᠭᠠᠯᠳᠤᠨ᠂ ᠢᠯᠠᠩᠭᠤᠶ᠎ᠠ ᠤᠯᠤᠰ ᠠᠴᠠ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ | ᠬᠤᠩᠭᠢᠯ ᠢ ︽ᠨᠢᠭᠡ ᠪᠦᠰᠡ ᠨᠢᠭᠡ ᠵᠠᠮ︾ ᠤᠨ ᠵᠢᠷᠭᠤᠭᠠᠨ ᠶᠡᠭᠡ ᠠᠵᠤ ᠠᠬᠤᠢ ᠶᠢᠨ ᠬᠤᠩᠬᠢᠯ ᠤᠨ ᠨᠢᠭᠡ | ᠪᠣᠯᠭᠠᠭᠰᠠᠨ ᠤ ᠬᠤᠪᠢ ᠳᠤ᠂ ᠮᠠᠨ ᠤ ᠣᠷᠣᠨ ᠤ ᠨᠡᠭᠡᠭᠡᠯᠲᠡᠲᠦ ᠬᠥᠭᠵᠢᠯᠲᠡ ᠶᠢᠨ ᠭᠠᠵᠠᠷ ᠣᠷᠣᠨ ᠤ ᠳᠠᠪᠠᠭᠤᠯᠢᠭ | ᠲᠠᠯ᠎ᠠ ᠤᠯᠠᠮ ᠳᠣᠪᠤᠶᠢᠮ᠎ᠠ ᠪᠣᠯᠵᠠᠢ᠃ ᠤᠯᠤᠰ ᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ | ᠬᠤᠩᠭᠢᠯ ᠢ ᠪᠠᠶᠢᠭᠤᠯᠬᠤ ᠲᠥᠯᠥᠪᠵᠢᠭᠦᠯᠭᠡ ᠶᠢᠨ ᠲᠣᠪᠴᠢ︾ ᠳᠤ ᠲᠥᠯᠥᠪᠵᠢᠭᠦᠯᠦᠭᠰᠡᠨ7 ᠵᠣᠷᠪᠤᠰ ᠲᠡᠮᠦᠷ ᠵᠡᠮ ᠤᠨ | 6 ᠵᠣᠷᠪᠤᠰ ᠨᠢ ᠮᠠᠨ ᠤ ᠣᠷᠣᠨ ᠢᠶᠠᠷ ᠥᠩᠭᠡᠷᠡᠵᠦ᠂ ᠲᠥᠯᠥᠪᠵᠢᠭᠦᠯᠭᠡ ᠶᠢᠨ 3 ᠵᠣᠷᠪᠤᠰ ᠳᠤᠮᠳᠠᠳᠤ ᠧᠦ᠋ᠷᠣᠫᠠ ᠶᠢᠨ | ᠡᠭᠡᠯᠵᠢᠨ ᠤ ᠴᠤᠪᠤᠭ᠎ᠠ ᠲᠡᠷᠭᠡ ᠶᠢᠨ ᠱᠤᠭᠤᠮ ᠳᠣᠲᠣᠷᠠᠬᠢ ᠬᠤᠶᠠᠷ ᠵᠣᠷᠪᠤᠰ ᠨᠢ ᠮᠠᠨ ᠤ ᠣᠷᠣᠨ ᠠᠴᠠ ᠬᠢᠯᠢ | ᠥᠩᠭᠡᠷᠡᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠶᠢᠨ | ᠳᠤᠮᠳᠠ ᠥᠪᠥᠷ ᠮᠣᠩᠭᠤᠯ ᠤᠨ ᠴᠢᠬᠤᠯᠠ ᠪᠠᠶᠢᠷᠢ ᠰᠠᠭᠤᠷᠢ ᠶᠢ ᠳᠣᠪᠤᠶᠢᠮ᠎ᠠ ᠢᠯᠡᠷᠡᠭᠦᠯᠵᠡᠢ᠃ | ᠡᠨᠡ ᠬᠦ ᠬᠠᠷᠠᠯᠲᠠ ᠶᠢ ᠪᠡᠶᠡᠯᠡᠭᠦᠯᠬᠦ ᠳᠤ᠂ ᠮᠠᠨ ᠤ ᠣᠷᠣᠨ ᠳᠤ 70 ᠵᠢᠯ ᠤᠨ ᠭᠠᠳᠠᠭᠠᠳᠤ ᠳᠤ ᠨᠡᠭᠡᠭᠡᠯᠲᠡ | ᠬᠢᠵᠦ ᠬᠥᠭᠵᠢᠭᠰᠡᠨ ᠪᠠᠲᠤ ᠪᠠᠬᠢ ᠶᠡᠭᠡ ᠰᠠᠭᠤᠷᠢ ᠲᠠᠢ ᠶᠤᠮ᠃ 70 ᠵᠢᠯ ᠤᠨ ᠬᠥᠭᠵᠢᠯᠲᠡ ᠪᠠᠷ ᠳᠠᠮᠵᠢᠭᠠᠳ᠂ | ᠮᠠᠨ ᠤ ᠣᠷᠣᠨ ᠤ ᠭᠠᠳᠠᠭᠠᠳᠤ ᠨᠡᠭᠡᠭᠡᠯᠲᠡ ᠶᠢᠨ ᠬᠢᠷᠢ ᠲᠥᠪᠰᠢᠨ ᠪᠦᠬᠦ ᠲᠠᠯ᠎ᠠ ᠪᠠᠷ ᠳᠡᠭᠡᠭᠰᠢᠯᠡᠪᠡ᠃ | ᠪᠣᠭᠤᠮᠲᠠ ᠶᠢᠨ ᠲᠠᠯ᠎ᠠ ᠪᠠᠷ᠂ ᠣᠷᠣᠰ ᠲᠤ ᠬᠠᠨᠳᠤᠭᠤᠯᠤᠭᠰᠠᠨ 4 ᠬᠢᠯᠢ ᠶᠢᠨ ᠪᠣᠭᠤᠮᠲᠠ ᠲᠠᠢ ᠂ ᠮᠣᠩᠭᠤᠯ ᠳᠤ | ᠬᠠᠨᠳᠤᠭᠤᠯᠤᠭᠰᠠᠨ 10 ᠬᠢᠯᠢ ᠶᠢᠨ ᠪᠣᠭᠤᠮᠲᠠ ᠲᠠᠢ ᠪᠠᠶᠢᠵᠤ᠂ ᠳᠤᠮᠳᠠᠳᠤ ᠣᠷᠣᠰ ᠤᠨ ᠬᠠᠭᠤᠷᠠᠶ ᠵᠠᠮ ᠤᠨ | ᠲᠡᠭᠡᠭᠡᠪᠦᠷᠢ ᠶᠢᠨ ᠡᠳ᠋ ᠪᠠᠷᠠᠭᠠᠨ ᠤ ᠶᠡᠷᠦᠩᠬᠡᠶ ᠬᠡᠮᠵᠢᠶ᠎ᠡ ᠶᠢᠨ 65% ᠪᠠ ᠳᠤᠮᠳᠠᠳᠤ ᠮᠣᠩᠭᠤᠯ ᠤᠨ ᠬᠤᠭᠤᠷᠣᠨᠳᠣᠬᠢ | ᠪᠠᠷᠠᠭᠠᠨ ᠤ ᠲᠡᠭᠡᠭᠡᠪᠦᠷᠢ ᠶᠢᠨ ᠶᠡᠷᠦᠩᠬᠡᠶ ᠬᠡᠮᠵᠢᠶ᠎ᠡ ᠶᠢᠨ 95% ᠶᠢ ᠲᠤᠰ ᠲᠤᠰ ᠡᠭᠦᠷᠭᠡᠯᠡᠵᠤ ᠪᠠᠶᠢᠨ᠎ᠠ᠃ 2016 | ᠣᠨ ᠳᠤ᠂ ᠮᠠᠨᠵᠤᠤᠷ ᠤᠨ ᠲᠡᠮᠦᠷ ᠵᠠᠮ ᠤᠨ ᠪᠣᠭᠤᠮᠲᠠ ᠪᠠᠷ ︽ᠳᠤᠮᠳᠠᠳᠤ ᠧᠦ᠋ᠷᠣᠫᠠ ︾ ᠶᠢᠨ ᠡᠭᠡᠯᠵᠢᠨ ᠤ | ᠴᠤᠪᠤᠭ᠎ᠠ ᠲᠡᠷᠭᠡ ᠨᠡᠶᠢᠲᠡ 1036 ᠡᠭᠡᠯᠵᠢ᠂ 7.29 ᠲᠦᠮᠡᠨ ᠪᠠᠷᠢᠮᠵᠢᠶᠠᠲᠤ ᠬᠠᠶᠢᠷᠴᠠᠭ ᠣᠷᠣᠭᠤᠯᠵᠤ ᠭᠠᠷᠭᠠᠵᠤ᠂ | 25 ᠡᠭᠡᠯᠵᠢᠨ ᠤ ᠴᠤᠪᠤᠭ᠎ᠠ ᠲᠡᠷᠭᠡ ᠶᠢᠨ ᠱᠤᠭᠤᠮ ᠲᠠᠢ ᠪᠠᠶᠢᠨ᠎ᠠ᠃ ᠡᠷᠢᠶᠡᠨ ᠪᠣᠭᠤᠮᠲᠠ ᠪᠠᠷ ᠳᠤᠮᠳᠠᠳᠤ | ᠧᠦ᠋ᠷᠣᠫᠠ ᠶᠢᠨ ᠡᠭᠡᠯᠵᠢᠨ ᠤ ᠴᠤᠪᠤᠭ᠎ᠠ ᠲᠡᠷᠭᠡ 166 ᠡᠭᠡᠯᠵᠢ᠂ 7734 ᠬᠠᠶᠢᠷᠴᠠᠭ ᠢ ᠣᠷᠣᠭᠤᠯᠵᠤ ᠭᠠᠷᠭᠠᠨ᠂ | ᠳᠤᠮᠳᠠᠳᠤ ᠧᠦ᠋ᠷᠣᠫᠠ ᠶᠢᠨ ᠡᠭᠡᠯᠵᠢᠨ ᠤ ᠴᠤᠪᠤᠭ᠎ᠠ ᠲᠡᠷᠭᠡ ᠶᠢᠨ ᠠᠶᠠᠯᠠᠯ ᠤᠨ ᠱᠤᠭᠤᠮ 7 ᠵᠤᠷᠪᠤᠰ ᠪᠣᠯᠵᠤ | ᠨᠡᠮᠡᠭᠳᠡᠵᠡᠢ᠃ ᠡᠭᠦᠨ ᠠᠴᠠ ᠭᠠᠳᠠᠨ᠎ᠠ᠂ ᠪᠤᠭᠤᠲᠤ᠂ ᠤᠯᠠᠭᠠᠨᠴᠠᠪ ᠳᠤᠮᠳᠠᠳᠤ ᠠᠽᠢᠶ᠎ᠠ ᠶᠢᠨ ᠡᠭᠡᠯᠵᠢᠨ ᠤ ᠴᠤᠪᠤᠭ᠎ᠠ | ᠲᠡᠷᠭᠡ ᠶᠢ ᠡᠬᠢᠯᠡᠭᠦᠯᠦᠨ ᠠᠶᠠᠯᠠᠭᠤᠯᠪᠠ᠃ | ᠭᠠᠳᠠᠭᠠᠳᠤ ᠠᠷᠠᠯᠵᠢᠶᠠᠨ ᠤ ᠲᠠᠯ᠎ᠠ ᠪᠠᠷ᠂ 2012 ᠠᠴᠠ 2016 ᠣᠨ ᠪᠣᠯᠲᠠᠯ᠎ᠠ ᠮᠠᠨ ᠤ ᠣᠷᠣᠨ ᠤ | ᠭᠠᠳᠠᠭᠠᠳᠤ ᠣᠷᠤᠭᠤᠯᠤᠯᠲᠠ ᠭᠠᠷᠭᠠᠯᠲᠠ 5 ᠵᠢᠯ ᠳᠤ 622.9 ᠳ᠋ᠦᠩᠰᠢᠭᠤᠷ ᠳ᠋ᠣᠯᠯᠠᠷ ᠲᠤ ᠬᠦᠷᠴᠦ᠂ ︽11· | 5︾ ᠶᠢᠨ ᠬᠤᠭᠤᠴᠠᠭᠠᠨ ᠤ 1.63 ᠳᠠᠬᠢᠨ ᠪᠣᠯᠵᠤ᠂ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 | ᠵᠢᠯ ᠤᠨ ᠲᠤᠷᠰᠢᠬᠢ ᠭᠠᠳᠠᠭᠠᠳᠤ ᠣᠷᠤᠭᠤᠯᠤᠯᠲᠠ ᠭᠠᠷᠭᠠᠯᠲᠠ ᠶᠢᠨ ᠶᠡᠷᠦᠩᠬᠡᠶ ᠲᠤᠭ᠎ᠠ ᠶᠢᠨ 42.9% ᠶᠢ ᠡᠵᠡᠯᠡᠪᠡ᠃ | 2016 ᠣᠨ ᠤ ᠵᠢᠯ ᠤᠨ ᠡᠴᠦᠰ ᠪᠣᠯᠬᠤ ᠳᠤ᠂ ᠮᠠᠨ ᠤ ᠣᠷᠣᠨ ᠤ ᠳᠠᠩᠰᠠᠯᠠᠭᠤᠯᠤᠭᠰᠠᠨ ᠬᠢᠯᠢ ᠶᠢᠨ ᠭᠠᠳᠠᠨ᠎ᠠ | ᠪᠡᠯᠡ ᠣᠷᠣᠭᠤᠯᠬᠤ ᠠᠵᠤ ᠠᠬᠤᠶᠢᠯᠠᠯ ᠨᠡᠶᠢᠲᠡ 553 ᠪᠣᠯᠵᠤ᠂ ᠭᠠᠳᠠᠭᠠᠳᠤ ᠳᠤ ᠪᠡᠯᠡ ᠣᠷᠣᠭᠤᠯᠤᠨ ᠬᠠᠮᠲᠤᠷᠠᠨ | ᠠᠵᠢᠯᠯᠠᠬᠤ ᠲᠤᠬᠠᠶᠢᠯᠠᠭᠰᠠᠨ ᠠᠵᠢᠯ ᠨᠢᠭᠡᠨᠲᠡ ᠲᠠᠪᠤᠨ ᠶᠡᠭᠡ ᠲᠢᠪ ᠤᠨ 31 ᠤᠯᠤᠰ ᠪᠠ ᠣᠷᠣᠨ ᠳᠤ ᠬᠦᠷᠲᠡᠯ᠎ᠡ | ᠥᠷᠭᠡᠳᠴᠦ᠂ ᠪᠡᠯᠡ ᠣᠷᠣᠭᠤᠯᠤᠯᠲᠠ ᠶᠢᠨ ᠬᠦᠷᠢᠶ᠎ᠡ ᠬᠡᠪᠴᠢᠶ᠎ᠡ ᠨᠢ ᠲᠠᠷᠢᠶᠠᠯᠠᠩ ᠤᠢ ᠰᠢᠭᠤᠶ ᠮᠠᠯ ᠠᠵᠤ ᠠᠬᠤᠶ | ᠵᠢᠭᠠᠰᠤᠨ ᠠᠵᠤ ᠠᠬᠤᠶ᠂ ᠠᠭᠤᠷᠬᠠᠶ ᠨᠡᠭᠡᠭᠡᠬᠦ ᠦᠢᠯᠡᠰ᠂ ᠦᠢᠯᠡᠳᠬᠦ ᠦᠢᠯᠡᠰ᠂ ᠪᠥᠭᠡᠮ ᠢᠶᠠᠷ ᠬᠤᠳᠠᠯᠳᠤᠬᠤ ᠪᠠ | ᠵᠢᠵᠢᠭᠯᠡᠨ ᠬᠤᠳᠠᠯᠳᠤᠬᠤ ᠦᠢᠯᠡᠰ ᠂ ᠬᠤᠨᠤᠭ ᠪᠠ ᠢᠳᠡᠭᠡᠨ ᠤᠮᠳᠠᠭᠠᠨ ᠤ ᠦᠢᠯᠡᠰ᠂ ᠭᠡᠷ ᠭᠠᠵᠠᠷ ᠤᠨ | ᠬᠥᠷᠥᠩᠭᠡ ᠶᠢᠨ ᠦᠢᠯᠡᠰ᠂ ᠮᠡᠳᠡᠭᠡ ᠵᠠᠩᠭᠢ ᠶᠢᠨ ᠮᠡᠷᠭᠡᠵᠢᠯ ᠤᠨ ᠦᠢᠯᠡᠴᠢᠯᠡᠭᠡᠨ ᠤ ᠦᠢᠯᠡᠰ᠂ ᠪᠠᠷᠢᠯᠭ᠎ᠠ ᠶᠢᠨ ᠦᠢᠯᠡᠰ᠂ | ᠵᠠᠮ ᠲᠡᠭᠡᠭᠡᠪᠦᠷᠢ ᠬᠥᠮᠥᠷᠭᠡᠯᠡᠨ ᠬᠠᠳᠠᠭᠠᠯᠠᠯ ᠨᠥᠭᠡᠴᠡᠯᠡᠯ ᠤᠨ ᠦᠢᠯᠡᠰ᠂ ᠤᠰᠤᠨ ᠠᠰᠢᠭᠯᠠᠯᠲᠠ ᠬᠠᠮᠢᠶᠠᠷᠤᠯᠲᠠ ᠶᠢᠨ | ᠦᠢᠯᠡᠰ᠂ ᠰᠣᠨᠢᠨ ᠮᠡᠳᠡᠭᠡ ᠬᠡᠪᠯᠡᠯ ᠤᠨ ᠦᠢᠯᠡᠰ᠂ ᠴᠠᠬᠢᠯᠭᠠᠨ ᠬᠦᠴᠦᠨ ᠢᠯᠴᠢ ᠶᠢᠨ ᠬᠦᠴᠦᠨ ᠪᠣᠯᠤᠨ ᠤᠰᠤᠨ ᠤ | ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ᠂ ᠰᠣᠶᠣᠯ ᠤᠷᠠᠯᠢᠭ ᠤᠨ ᠦᠢᠯᠡᠰ ᠵᠡᠷᠭᠡ ᠣᠯᠠᠨ ᠠᠵᠢᠯ ᠲᠥᠷᠥᠯ ᠢ | ᠬᠠᠮᠤᠷᠴᠠᠢ᠃ | ᠬᠥᠮᠦᠨ ᠰᠣᠶᠣᠯ ᠤᠨ ᠰᠣᠯᠢᠯᠴᠠᠭᠠᠨ ᠤ ᠲᠠᠯ᠎ᠠ ᠪᠠᠷ᠂ 11ᠤᠯᠤᠰ ᠯᠤᠭ᠎ᠠ 41 ᠬᠤᠣᠰ ᠨᠥᠬᠦᠷᠰᠡᠭ ᠭᠠᠵᠠᠷ | ᠣᠷᠣᠨ ᠤ ᠬᠠᠷᠢᠴᠠᠭ᠎ᠠ ᠪᠠᠶᠢᠭᠤᠯᠵᠠᠢ᠂ ᠡᠭᠦᠨ ᠳᠤ᠂ ᠮᠣᠩᠭᠤᠯ ᠤᠯᠤᠰ ᠤᠨ ᠭᠤᠪᠢ — ᠠᠯᠲᠠᠢ ᠠᠶᠢᠮᠠᠭ ᠵᠡᠷᠭᠡ 13 | ᠭᠠᠵᠠᠷ ᠣᠷᠣᠨ ᠪᠣᠯᠤᠨ ᠣᠷᠣᠰ ᠤᠨ ᠭᠠᠳᠠᠭᠠᠳᠤ ᠪᠠᠶᠢᠭᠠᠯ ᠬᠢᠯᠢ ᠬᠢᠵᠠᠭᠠᠷ ᠣᠷᠣᠨ ᠵᠡᠷᠭᠡ 9 ᠭᠠᠵᠠᠷ ᠣᠷᠣᠨ ᠯᠤᠭ᠎ᠠ | ᠨᠥᠬᠦᠷᠰᠡᠭ ᠬᠠᠷᠢᠴᠠᠭ᠎ᠠ ᠪᠠᠶᠢᠭᠤᠯᠵᠤ᠂ ᠤᠯᠠᠨ ᠳᠡᠰ ᠳᠠᠪᠬᠤᠷᠭ᠎ᠠ ᠶᠢᠨ ᠵᠥᠪᠳᠡᠯᠴᠡᠨ ᠬᠡᠯᠡᠯᠴᠡᠬᠦ ᠠᠭᠤᠯᠵᠠᠯᠲᠠ | ᠲᠠᠰᠤᠷᠠᠯᠲᠠ ᠦᠭᠡᠢ ᠭᠦᠨᠵᠡᠭᠡᠶᠢᠷᠡᠪᠡ᠃ ᠭᠠᠳᠠᠭᠠᠳᠤ ᠳᠤ ᠲᠤᠰᠠᠯᠠᠮᠵᠢ ᠦᠵᠡᠭᠦᠯᠬᠦ ᠠᠵᠢᠯ ᠢ ᠯᠠᠪᠳᠠᠭᠤᠨ ᠪᠠᠲᠤᠲᠠᠶ | ᠥᠷᠨᠢᠭᠦᠯᠵᠦ᠂ ᠰᠥᠮᠪᠥᠷ — ᠬᠠᠯᠬ᠎ᠠ ᠭᠤᠣᠯ ᠤᠨ ᠵᠠᠰᠠᠮᠠᠯ ᠵᠠᠮ ᠢ ᠥᠭᠡᠷᠡᠴᠢᠯᠡᠨ ᠪᠠᠶᠢᠭᠤᠯᠬᠤ ᠂ ᠵᠠᠮ ᠤᠨ | ᠡᠭᠦᠳᠡ ᠶᠢᠨ ᠵᠠᠯᠠᠭᠤᠴᠤᠳ ᠪᠠᠭᠠᠴᠤᠳ ᠤᠨ ᠬᠥᠯ ᠪᠥᠮᠪᠥᠭᠡᠨ ᠤ ᠰᠣᠯᠢᠯᠴᠠᠭᠠᠨ ᠤ ᠰᠠᠭᠤᠷᠢᠨ ᠭᠠᠵᠠᠷ ᠵᠡᠷᠭᠡ | ᠲᠥᠷᠥᠯ ᠵᠦᠢᠯ ᠢ ᠲᠤᠰᠠᠯᠠᠨ ᠪᠠᠶᠢᠭᠤᠯᠪᠠ᠃ ᠭᠠᠳᠠᠭᠠᠳᠤ ᠶᠢᠨ ᠰᠤᠷᠤᠭᠴᠢᠳ ᠲᠤ ᠵᠢᠯ ᠪᠦᠷᠢ 1200 ᠭᠠᠷᠤᠶ | ᠲᠦᠮᠡᠨ ᠲᠥᠭᠦᠷᠢᠭ ᠤᠨ ᠰᠤᠷᠤᠯᠭ᠎ᠠ ᠶᠢᠨ ᠱᠠᠩᠨᠠᠯ ᠤᠨ ᠮᠥᠩᠭᠦ ᠣᠯᠭᠤᠵᠤ᠂ 2016 ᠣᠨ ᠳᠤ 3666 | ᠭᠠᠳᠠᠭᠠᠳᠤ ᠶᠢᠨ ᠰᠤᠷᠤᠭᠴᠢᠳ ᠢ ᠬᠦᠯᠢᠶᠡᠨ ᠠᠪᠤᠪᠠ᠃ ᠣᠷᠣᠰ᠂ ᠮᠣᠩᠭᠤᠯ ᠤᠯᠤᠰ ᠤᠨ ᠡᠪᠡᠳᠴᠢᠲᠡᠨ ᠢ ᠵᠢᠯ | ᠪᠦᠷᠢ 3 ᠲᠦᠮᠡᠨ ᠬᠥᠮᠦᠨ ᠤᠳᠠᠭ᠎ᠠ ᠬᠥᠯᠢᠶᠡᠨ ᠠᠪᠴᠤ ᠡᠮᠴᠢᠯᠡᠨ᠂ ᠮᠣᠩᠭᠤᠯ ᠤᠯᠤᠰ ᠲᠤ ᠠᠯᠪᠠᠨ ᠵᠢᠷᠤᠮ ᠤᠨ | ᠡᠮᠴᠢᠯᠡᠭᠡ ᠬᠢᠬᠦ ᠠᠵᠢᠯᠯᠠᠭ᠎ᠠ ᠶᠢ 7 ᠵᠢᠯ ᠳᠠᠷᠠᠭᠠᠯᠠᠨ ᠶᠠᠪᠤᠭᠳᠠᠭᠤᠯᠪᠠ᠃ ᠠᠩᠬᠠᠳᠤᠭᠠᠷ ᠬᠤᠭᠤᠴᠠᠭᠠᠨ ᠤ ᠳᠤᠮᠳᠠᠳᠤ | ᠮᠣᠩᠭᠤᠯ ᠤᠨ ᠦᠵᠡᠭᠦᠯᠦᠯᠭᠡ ᠶᠢᠨ ᠴᠤᠭᠯᠠᠭᠠᠨ ᠂ ᠳᠤᠮᠳᠠᠳᠤ ᠮᠣᠩᠭᠤᠯ ᠣᠷᠣᠰ ᠤᠨ ᠬᠤᠶᠠᠳᠤᠭᠠᠷ ᠬᠤᠭᠤᠴᠠᠭᠠᠨ ᠤ | ᠣᠶᠤᠨ ᠤ ᠬᠥᠮᠥᠷᠭᠡ ᠶᠢᠨ ᠶᠠᠷᠢᠶᠠᠨ ᠤ ᠲᠠᠪᠴᠠᠩ᠂ ᠤᠯᠠᠭᠠᠨᠪᠠᠭᠠᠲᠤᠷ᠂ ᠳᠤᠮᠳᠠᠳᠤ ᠤᠯᠤᠰ ᠤᠨ ᠥᠪᠥᠷ | ᠮᠣᠩᠭᠤᠯ ᠤᠨ ᠰᠣᠶᠣᠯ ᠤᠨ ᠭᠠᠷᠠᠭ᠂ ᠳᠤᠮᠳᠠᠳᠤ ᠮᠣᠩᠭᠤᠯ ᠤᠨ ᠰᠣᠨᠢᠨ ᠮᠡᠳᠡᠭᠡᠨ ᠤ ᠶᠠᠷᠢᠶᠠᠨ ᠤ ᠲᠠᠪᠴᠠᠩ ᠵᠡᠷᠭᠡ | ᠶᠢ ᠠᠮᠵᠢᠯᠲᠠ ᠲᠠᠢ ᠡᠷᠬᠢᠯᠡᠪᠡ᠃ | ︽ᠡᠷᠬᠢᠮ ᠳᠡᠭᠡᠳᠦ ᠦᠢᠯᠡᠰ ᠢ ᠪᠦᠲᠦᠭᠡᠬᠦ ᠳᠤ ᠢᠲᠡᠭᠡᠯ ᠵᠣᠷᠢᠭ ᠲᠠᠢ ᠪᠠᠶᠢᠵᠤ᠂ ᠦᠨᠢᠷ ᠪᠠᠶᠠᠯᠢᠭ ᠠᠮᠵᠢᠯᠲᠠ | ᠣᠯᠬᠤ ᠳᠤ ᠠᠵᠢᠯᠴᠢ ᠬᠥᠳᠡᠯᠮᠦᠷᠢᠴᠢ ᠪᠠᠶᠢᠬᠤ ᠬᠡᠷᠡᠭᠲᠡᠶ︾᠃ ᠲᠡᠦᠬᠡ ᠶᠢᠨ ᠰᠢᠨ᠎ᠡ ᠡᠬᠢᠯᠡᠯᠲᠡ ᠶᠢᠨ ᠴᠢᠭ᠋ ᠳᠡᠭᠡᠷ᠎ᠡ | ᠠᠴᠠ ᠠᠵᠢᠪᠠᠯ᠂ ᠥᠪᠥᠷ ᠮᠣᠩᠭᠤᠯ ᠤᠷᠢᠳ ᠡᠮᠦᠨ᠎ᠡ ᠭᠠᠷᠤᠭᠠᠳᠤᠢ ᠴᠢᠯᠥᠭᠡᠲᠡᠶ ᠶᠠᠪᠤᠯᠴᠠᠬᠤ ᠪᠠᠶᠢᠳᠠᠯ ᠢᠶᠠᠷ ᠢᠶᠠᠨ | ᠳᠡᠯᠡᠬᠡᠶ ᠳ᠋ᠠᠬᠢᠨ ᠲᠠᠢ ᠠᠭᠤᠰᠤᠯᠴᠠᠨ ᠨᠡᠶᠢᠯᠡᠯᠴᠡᠬᠦ ᠪᠣᠯᠣᠨ᠎ᠠ᠃ |