| | | ᠰᠤᠷᠪᠤᠯᠵᠢᠯᠠᠭᠰᠠᠨ ᠴᠠᠭ᠄ | 2017 ᠤᠨ ᠤ 7 ᠳ᠋ᠤᠭᠠᠷ ᠰᠠᠷ᠎ᠠ ᠶᠢᠨ 17 ᠤ ᠡᠳᠦᠷ ᠤᠨ ᠦᠳᠡ ᠶᠢᠨ ᠡᠮᠦᠨᠡᠬᠢ 10 ᠴᠠᠭ ᠲᠤ | ᠰᠤᠷᠪᠤᠯᠵᠢᠯᠠᠭᠰᠠᠨ ᠵᠣᠴᠢᠨ᠄ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ | ᠰᠤᠷᠪᠤᠯᠵᠢᠯᠠᠭ᠎ᠠ ᠶᠢᠨ ᠲᠣᠪᠴᠢ ᠲᠠᠨᠢᠯᠴᠠᠭᠤᠯᠭ᠎ᠠ᠄ | ᠦᠢᠷ᠎ᠠ ᠶᠢᠨ ᠬᠤᠭᠤᠴᠠᠭ᠎ᠠ᠂ ︽ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ | ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ | ᠤᠯᠠᠮ ᠨᠢᠭᠡ ᠠᠯᠬᠤᠮ ᠵᠤᠬᠢᠴᠠᠬᠤ ᠪᠠ ᠲᠡᠭᠦᠨ ᠢ ᠡᠵᠡᠮᠳᠡᠵᠦ᠂ ᠮᠠᠨ ᠤ ᠣᠷᠣᠨ ᠤ ᠪᠣᠳᠠᠲᠤ ᠴᠤᠭᠴᠠᠲᠤ ᠵᠢᠵᠢᠭᠯᠡᠨ | ᠬᠤᠳᠠᠯᠳᠤᠬᠤ ᠶᠢᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ | ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ | ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ | ᠲᠠᠷᠬᠠᠭᠠᠪᠠ᠃ ︽ᠬᠡᠷᠡᠭᠵᠢᠭᠦᠯᠬᠦ ᠲᠥᠰᠦᠯ︾ ᠢ ᠨᠠᠷᠢᠨ ᠣᠶᠢᠯᠠᠭᠠᠬᠤ ᠶᠢᠨ ᠲᠥᠯᠥᠭᠡ᠂ ᠣᠶᠢᠷ᠎ᠠ ᠳᠤ ᠪᠢᠳᠡ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ ᠢ ︽ | ᠳᠤᠮᠳᠠᠳᠤ ᠤᠯᠤᠰ · ᠥᠪᠥᠷ ᠮᠣᠩᠭᠤᠯ︾ ᠰᠦᠯᠵᠢᠶᠡᠨ ᠳᠤ ᠤᠷᠢᠯ᠎ᠠ᠃ ᠥᠷᠭᠡᠨ ᠣᠯᠠᠨ ᠰᠦᠯᠵᠢᠶᠡᠨ | ᠠᠨᠳᠠ ᠶᠢᠨ ᠢᠳᠡᠪᠬᠢᠲᠡᠶ ᠪᠠᠷ ᠣᠷᠣᠯᠴᠠᠬᠤ ᠶᠢ ᠪᠠᠶᠠᠷᠯᠠᠨ ᠤᠭᠲᠤᠶ᠎ᠠ︕ | | | ᠰᠤᠷᠪᠤᠯᠵᠢᠯᠠᠭ᠎ᠠ ᠶᠢᠨ ᠪᠣᠳᠠᠲᠤ ᠲᠡᠮᠳᠡᠭᠯᠡᠯ᠄ | | | ᠬᠥᠲᠥᠯᠥᠭᠴᠢ᠄ | ᠥᠷᠭᠡᠨ ᠣᠯᠠᠨ ᠰᠦᠯᠵᠢᠶᠡᠨ ᠠᠨᠳᠠ ᠮᠠᠨᠢ ᠰᠠᠶᠢᠨ ᠪᠠᠶᠢᠵᠠᠭᠠᠨ᠎ᠠ ᠤᠤ︕ ︽ᠳᠤᠮᠳᠠᠳᠤ ᠤᠯᠤᠰ · ᠥᠪᠥᠷ | ᠮᠣᠩᠭᠤᠯ︾ ᠤᠨ ᠲᠤᠰ ᠬᠤᠭᠤᠴᠠᠭᠠᠨ ᠤ ᠰᠦᠯᠵᠢᠶᠡᠨ ᠳᠠᠬᠢ ᠰᠤᠷᠪᠤᠯᠵᠢᠯᠠᠭ᠎ᠠ ᠶᠢᠨ ᠪᠤᠯᠤᠩ ᠢ ᠬᠦᠯᠢᠶᠡᠨ ᠠᠪᠴᠤ | ᠦᠵᠡᠭᠰᠡᠨ ᠲᠠ ᠪᠦᠬᠦᠨ ᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠪᠢᠳᠡᠨ ᠤ ᠤᠷᠢᠭᠰᠠᠨ ᠵᠣᠴᠢᠨ ᠪᠣᠯ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠳᠡᠳ᠋ ᠳᠠᠷᠤᠭ᠎ᠠ ᠯᠢ ᠵᠢᠶᠦ᠋ᠨ | ᠪᠤᠯᠤᠨ᠎ᠠ᠃ ᠯᠢ ᠲᠢᠩᠬᠢᠮ ᠤᠨ ᠳᠠᠷᠤᠭ᠎ᠠ ᠡ᠂ ᠰᠤᠷᠪᠤᠯᠵᠢᠯᠠᠭ᠎ᠠ ᠶᠢᠨ ᠬᠤᠶᠢᠮᠤᠷ ᠲᠤ ᠰᠠᠭᠠᠲᠠᠭᠰᠠᠨ ᠳᠤ ᠪᠠᠶᠠᠷᠯᠠᠯ᠎ᠠ︕ | | ᠯᠢ ᠵᠢᠶᠦ᠋ᠨ᠄ | ᠬᠥᠲᠥᠯᠥᠭᠴᠢ ᠰᠠᠶᠢᠨ ᠤᠤ᠂ ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠤᠤ︕ | ᠬᠥᠲᠥᠯᠥᠭᠴᠢ᠄ | ᠯᠢ ᠲᠢᠩᠬᠢᠮ ᠤᠨ ᠳᠠᠷᠤᠭ᠎ᠠ ᠡ᠂ ᠦᠢᠷ᠎ᠠ ᠶᠢᠨ ᠬᠤᠭᠤᠴᠠᠭᠠᠨ ᠳᠤ᠂ ︽ᠪᠣᠳᠠᠲᠤ ᠴᠤᠭᠴᠠᠲᠤ ᠵᠢᠵᠢᠭᠯᠡᠨ | ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠶᠢᠨ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ | ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠤᠯᠠᠮ ᠨᠢᠭᠡ ᠠᠯᠬᠤᠮ ᠵᠤᠬᠢᠴᠠᠬᠤ ᠪᠠ ᠲᠡᠭᠦᠨ ᠢ | ᠡᠵᠡᠮᠳᠡᠵᠦ᠂ ᠮᠠᠨ ᠤ ᠣᠷᠣᠨ ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠶᠢᠨ ᠰᠢᠨ᠎ᠡ ᠶᠢ ᠡᠭᠦᠳᠦᠨ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ | ᠪᠠᠳᠠᠷᠠᠭᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠪᠠ᠃ ᠲᠤᠰ ︽ᠬᠡᠷᠡᠭᠵᠢᠭᠦᠯᠬᠦ ᠲᠥᠰᠦᠯ︾ ᠢ | ᠲᠣᠭᠲᠠᠭᠠᠭᠰᠠᠨ ᠠᠬᠤᠶ ᠪᠠᠶᠢᠳᠠᠯ ᠢ ᠲᠠ ᠤᠴᠢᠷᠯᠠᠵᠤ ᠦᠭᠬᠦ ᠤᠤ︖ | ᠯᠢ ᠵᠢᠶᠦ᠋ᠨ᠄ | ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠪᠣᠯ ᠲᠠᠸᠠᠷ ᠤᠨ ᠭᠦᠢᠯᠭᠡᠭᠡᠨ ᠤ ᠴᠢᠬᠤᠯᠠ ᠰᠠᠭᠤᠷᠢ ᠪᠤᠯᠬᠤ | ᠶᠤᠮ᠃ ᠥᠭᠡᠷᠡᠴᠢᠯᠡᠯᠲᠡ ᠬᠢᠵᠦ ᠴᠢᠯᠦᠭᠡᠲᠡᠢ ᠶᠠᠪᠤᠯᠴᠠᠭᠰᠠᠨ ᠠᠴᠠ ᠨᠠᠰᠢ᠂ ᠪᠣᠳᠠᠲᠤ ᠴᠤᠭᠴᠠᠲᠤ ᠵᠢᠵᠢᠭᠯᠡᠨ | ᠬᠤᠳᠠᠯᠳᠤᠬᠤ ᠨᠢ ᠲᠦᠷᠭᠡᠨ ᠢᠶᠠᠷ ᠬᠦᠭᠵᠢᠵᠦ᠂ ᠬᠡᠪᠴᠢᠶ᠎ᠡ ᠨᠢ ᠲᠠᠰᠤᠷᠠᠯᠲᠠ ᠦᠭᠡᠢ ᠦᠷᠭᠡᠵᠢᠨ᠂ ᠨᠡᠶᠢᠭᠡᠮ ᠤᠨ | ᠬᠡᠷᠡᠭᠯᠡᠭᠡᠨ ᠤ ᠵᠦᠢᠯ ᠳᠤ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭᠠᠨ ᠤ 90% ᠤᠷᠴᠢᠮ ᠤᠨ ᠬᠤᠪᠢ ᠶᠢᠨ | ᠵᠢᠩ ᠢ ᠡᠵᠡᠯᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠬᠦ ᠳᠤ ᠢᠳᠡᠪᠬᠢᠲᠡᠶ ᠬᠤᠪᠢ ᠨᠡᠮᠡᠷᠢ ᠦᠵᠡᠭᠦᠯᠵᠡᠢ᠃ ᠣᠶᠢᠷ᠎ᠠ ᠶᠢᠨ ᠵᠢᠯ ᠠᠴᠠ᠂ | ᠡᠵᠡᠩᠨᠡᠯᠲᠡ ᠶᠢᠨ ᠥᠪᠡᠷ ᠤᠨ ᠦᠷᠳᠡᠭ ᠵᠠᠯᠭᠠᠪᠠᠷ ᠨᠡᠮᠡᠭᠳᠡᠭᠰᠡᠨ ᠪᠠ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ | ᠪᠦᠲᠦᠴᠡ ᠶᠢᠨ ᠬᠤᠪᠢᠷᠠᠯᠲᠠ᠂ ᠰᠦᠯᠵᠢᠶᠡᠨ ᠳᠤ ᠵᠢᠵᠢᠭᠯᠡᠨ ᠬᠤᠳᠠᠯᠳᠤᠬᠤ ᠶᠢᠨ ᠲᠦᠷᠭᠡᠨ ᠬᠥᠭᠵᠢᠯᠲᠡ ᠵᠡᠷᠭᠡ | ᠬᠦᠴᠦᠨ ᠵᠦᠢᠯ ᠤᠨ ᠨᠥᠯᠥᠭᠡᠯᠡᠯ ᠢᠶᠠᠷ᠂ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠶᠢᠨ ᠭᠤᠣᠯ ᠪᠤᠯᠬᠤ | ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠤᠳᠠᠭᠠᠰᠢᠷᠠᠵᠤ᠂ ᠵᠠᠷᠢᠮ ᠠᠵᠤ ᠠᠬᠤᠶᠢᠯᠠᠯ ᠤᠨ | ᠡᠵᠡᠩᠨᠡᠯᠲᠡ ᠨᠢ ᠬᠦᠴᠢᠷᠳᠡᠨ᠂ ᠡᠭᠦᠳᠡ ᠪᠠᠨ ᠬᠠᠭᠠᠬᠤ ᠦᠵᠡᠭᠳᠡᠯ ᠤᠯᠠᠰᠢᠷᠠᠯ᠎ᠠ᠃ ᠲᠥᠷᠥ ᠶᠢᠨ ᠶᠠᠪᠤᠳᠠᠯ ᠤᠨ | ᠬᠤᠷᠢᠶᠠᠨ ᠤ ᠠᠯᠪᠠᠨ ᠲᠢᠩᠬᠢᠮ ︽ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ | ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠲᠤᠬᠠᠶ ᠰᠠᠨᠠᠯ︾ ᠢ ᠨᠡᠶᠢᠲᠡᠯᠡᠭᠰᠡᠨ ᠨᠢ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠬᠢᠭᠤᠯᠵᠤ᠂ ᠪᠣᠳᠠᠲᠤ ᠴᠤᠭᠴᠠᠲᠤ ᠠᠵᠤ ᠠᠬᠤᠶ ᠶᠢᠨ ᠥᠪᠡᠷ ᠤᠨ | ᠦᠷᠳᠡᠭ ᠢ ᠪᠠᠭᠤᠷᠠᠭᠤᠯᠬᠤ ᠴᠢᠬᠤᠯᠠ ᠠᠷᠭ᠎ᠠ ᠬᠡᠮᠵᠢᠶ᠎ᠡ ᠮᠦᠷᠲᠡᠭᠡᠨ ᠤᠯᠤᠰ ᠠᠴᠠ ᠪᠣᠳᠠᠲᠤ ᠴᠤᠭᠴᠠᠲᠤ ᠵᠢᠵᠢᠭᠯᠡᠨ | ᠬᠤᠳᠠᠯᠳᠤᠬᠤ ᠶᠢ ᠬᠠᠯᠠᠮᠵᠢᠯᠠᠨ ᠠᠩᠬᠠᠷᠴᠤ ᠪᠠᠶᠢᠭ᠎ᠠ ᠪᠠ ᠲᠡᠭᠦᠨ ᠳᠤ ᠳᠡᠮᠵᠢᠯᠭᠡ ᠦᠵᠡᠭᠦᠯᠵᠦ ᠪᠠᠶᠢᠬᠤ ᠶᠢ ᠭᠦᠢᠴᠡᠳ | ᠬᠠᠷᠠᠭᠤᠯᠵᠤ ᠪᠠᠶᠢᠭ᠎ᠠ ᠪᠤᠯᠬᠤᠷ᠂ ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠶᠢᠨ ᠰᠢᠨ᠎ᠡ ᠶᠢ ᠡᠭᠦᠳᠦᠨ | ᠬᠡᠯᠪᠡᠷᠢ ᠪᠠᠨ ᠬᠤᠪᠢᠷᠠᠭᠤᠯᠬᠤ ᠢᠲᠡᠭᠡᠯ ᠵᠤᠷᠢᠭ ᠢ ᠬᠦᠪᠴᠢᠯᠡᠬᠦ ᠳᠤ ᠢᠳᠡᠪᠬᠢᠲᠡᠶ ᠦᠢᠯᠡᠳᠦᠯ ᠦᠵᠡᠭᠦᠯᠬᠦ ᠨᠢ ᠳᠠᠮᠵᠢᠭ | ᠦᠭᠡᠢ᠃ | ᠪᠣᠳᠠᠲᠤ ᠴᠤᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠬᠤ ᠰᠠᠨᠠᠯ ᠤᠨ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠠᠵᠢᠯ ᠤᠨ | ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠦᠵᠡᠯ ᠰᠠᠨᠠᠭ᠎ᠠ ᠪᠠ ᠠᠵᠢᠯᠯᠠᠭ᠎ᠠ ᠪᠠᠨ ᠲᠦᠷᠦ ᠶᠢᠨ | ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠲᠦᠷᠭᠡᠬᠡᠨ ᠨᠢᠭᠡᠳᠦᠭᠦᠯᠵᠦ᠂ | ᠪᠡᠷᠬᠡᠲᠡᠢ ᠪᠣᠭᠤᠮᠢ ᠪᠠ ᠰᠤᠯᠠ ᠬᠦᠯᠢᠶᠡᠰᠦᠯᠡᠯ ᠢ ᠦᠨᠡᠨ ᠬᠦ ᠰᠢᠪᠲᠤᠯᠤᠨ᠂ ᠠᠵᠤ ᠠᠬᠤᠶᠢᠯᠠᠯ ᠤᠨ ᠰᠢᠨ᠎ᠡ ᠶᠢ | ᠡᠬᠦᠳᠦᠨ ᠬᠡᠯᠪᠡᠷᠢ ᠪᠠᠨ ᠬᠤᠪᠢᠷᠠᠭᠤᠯᠬᠤ ᠬᠦᠭᠵᠢᠯᠲᠡ ᠶᠢ ᠪᠠᠭᠲᠠᠭᠠᠬᠤ ᠪᠠ ᠲᠡᠭᠦᠨ ᠳᠤ ᠳᠡᠮᠵᠢᠯᠭᠡ ᠦᠵᠡᠭᠦᠯᠬᠦ ᠶᠢᠨ | ᠲᠤᠰᠠᠳᠠ᠂ ᠥᠪᠡᠷᠲᠡᠭᠡᠨ ᠵᠠᠰᠠᠬᠤ ᠣᠷᠣᠨ ︽ᠬᠡᠷᠡᠭᠵᠢᠭᠦᠯᠬᠦ ᠲᠥᠰᠦᠯ︾ ᠢ ᠲᠤᠭᠲᠠᠭᠠᠬᠤ ᠨᠢ ᠨᠢᠭᠡᠨᠲᠡ ᠠᠬᠤᠢ | ᠠᠮᠢᠳᠤᠷᠠᠯ ᠪᠠ ᠴᠠᠭ ᠤᠨ ᠪᠠᠶᠢᠳᠠᠯ ᠤᠨ ᠲᠤᠯᠭᠠᠮ᠎ᠠ ᠱᠠᠭᠠᠷᠳᠠᠯᠭ᠎ᠠ ᠪᠤᠯᠪᠠ᠃ | ᠬᠥᠲᠥᠯᠥᠭᠴᠢ᠄ | ᠮᠠᠨ ᠤ ᠣᠷᠣᠨ ᠤ ᠵᠢᠵᠢᠭᠯᠡᠨ ᠬᠤᠳᠠᠯᠳᠤᠬᠤ ᠦᠢᠯᠡᠰ ᠤᠨ ᠤᠳᠤᠬᠢ ᠪᠠᠶᠢᠳᠠᠯ ᠶᠠᠮᠠᠷ ᠪᠠᠶᠢᠨ᠎ᠠ ᠤᠤ︖ ᠲᠠ | ᠳᠥᠭᠦᠮ ᠶᠠᠷᠢᠵᠤ ᠦᠭᠭᠦᠨᠡᠦ᠃ | ᠯᠢ ᠵᠢᠶᠦ᠋ᠨ᠄ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠪᠦᠲᠦᠴᠡ ᠶᠢ ᠰᠢᠯᠢᠳᠡᠭᠵᠢᠭᠦᠯᠬᠦ᠂ ᠰᠢᠨ᠎ᠡ ᠶᠢ ᠡᠭᠦᠳᠬᠦ ᠶᠢ | ᠲᠦᠷᠭᠡᠳᠬᠡᠬᠦ᠂ ᠬᠤᠷᠳᠤᠴᠠ ᠶᠢ ᠪᠠᠭᠤᠷᠠᠭᠤᠯᠵᠤ ᠴᠢᠨᠠᠷ ᠢ ᠳᠡᠭᠡᠭᠰᠢᠯᠡᠭᠦᠯᠬᠦ ᠪᠠᠷ ᠣᠨᠴᠠᠯᠢᠭ ᠪᠣᠯᠭᠠᠭᠰᠠᠨ ᠠᠵᠤ | ᠠᠬᠤᠢ ᠶᠢᠨ ᠰᠢᠨ᠎ᠡ ᠬᠡᠪ ᠪᠠᠶᠢᠳᠠᠯ ᠤᠨ ᠪᠤᠢ ᠪᠤᠯᠬᠤ ᠶᠢ ᠳᠠᠭᠠᠯᠳᠤᠨ᠂ ᠮᠠᠨ ᠤ ᠣᠷᠣᠨ ᠤ ᠵᠢᠵᠢᠭᠯᠡᠨ ᠬᠤᠳᠠᠯᠳᠤᠬᠤ | ᠦᠢᠯᠡᠰ ᠲᠤ ᠲᠦᠮᠡᠨ ᠤᠯᠠᠨ ᠤ ᠬᠡᠷᠡᠭᠯᠡᠭᠡ ᠲᠤᠭᠲᠠᠭᠤᠨ ᠢᠶᠠᠷ ᠨᠡᠮᠡᠭᠳᠡᠵᠦ᠂ ᠬᠡᠷᠡᠭᠯᠡᠭᠡ ᠶᠢᠨ ᠬᠠᠯᠠᠭᠤᠷᠠᠯ ᠨᠢ ᠮᠡᠳᠡᠭᠡ | ᠵᠠᠩᠭᠢ ᠶᠢᠨ ᠬᠡᠷᠡᠭᠯᠡᠭᠡ᠂ ᠡᠷᠡᠭᠦᠯ ᠰᠠᠷᠠᠭᠤᠯ ᠵᠤᠭ᠎ᠠ ᠴᠡᠩᠭᠡᠭᠡᠨ ᠲᠡᠰᠢ ᠰᠢᠯᠵᠢᠨ᠂ ᠵᠢᠵᠢᠭ ᠬᠡᠯᠪᠡᠷᠢ ᠶᠢᠨ᠂ ᠳᠦᠭᠦᠮ | ᠠᠪᠰᠠᠷᠬᠠᠨ᠂ ᠬᠢᠮᠳᠠ ᠪᠤᠯᠬᠤ ᠵᠢᠵᠢᠭᠯᠡᠨ ᠬᠤᠳᠠᠯᠳᠤᠬᠤ ᠡᠵᠡᠩᠨᠡᠯᠲᠡ ᠶᠢᠨ ᠪᠠᠶᠢᠳᠠᠯ ᠲᠦᠷᠭᠡᠨ ᠢᠶᠠᠷ ᠬᠥᠭᠵᠢᠵᠦ᠂ | ᠡᠵᠡᠩᠨᠡᠨ ᠪᠣᠷᠣᠯᠠᠭᠤᠯᠬᠤ ᠠᠷᠭ᠎ᠠ ᠮᠠᠶ᠋ᠢᠭ ᠲᠤ ᠪᠠᠶᠡᠴᠢᠯᠡᠨ ᠤᠷᠤᠯᠴᠠᠬᠤ ᠬᠡᠯᠪᠡᠷᠢ᠂ ᠮᠡᠳᠡᠯᠭᠡ ᠶᠢᠨ ᠴᠢᠨᠠᠷᠲᠠᠶ ᠲᠡᠰᠢ | ᠬᠤᠪᠢᠷᠠᠬᠤ ᠮᠡᠲᠦ ᠶᠢᠨ ᠰᠢᠨ᠎ᠡ ᠣᠨᠴᠠᠯᠢᠭ ᠢᠯᠡᠷᠡᠪᠡ᠃ | ᠨᠢᠭᠡ ᠳᠤ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠪᠠ᠃ | ᠳᠠᠪᠠᠭᠤᠯᠢᠭ ᠡᠵᠡᠩᠨᠡᠯᠲᠡ ᠶᠢᠨ ᠪᠠᠶᠢᠳᠠᠯ ᠪᠤᠯᠤᠨ ᠨᠡᠷᠡᠳᠦ ᠱᠤᠰᠢᠭ᠎ᠠ ᠪᠠᠷ ᠬᠦᠲᠦᠴᠢ ᠪᠤᠯᠭᠠᠭᠰᠠᠨ᠂ ᠤᠯᠤᠰ ᠤᠨ | ᠳᠣᠲᠣᠭᠠᠳᠤ ᠳᠤ ᠥᠷᠢᠰᠥᠯᠳᠦᠬᠦ ᠬᠦᠴᠦᠨ ᠪᠦᠬᠦᠢ ᠵᠢᠵᠢᠭᠯᠡᠨ ᠬᠤᠳᠠᠯᠳᠤᠬᠤ ᠦᠢᠯᠡᠰ ᠤᠨ ᠪᠦᠯᠦᠭᠯᠡᠯ ᠠᠩᠬ᠎ᠠ | ᠠᠯᠬᠤᠮ ᠪᠦᠷᠢᠯᠳᠦᠨ᠂ ᠠᠵᠤ ᠠᠬᠤᠶᠢᠯᠠᠯ ᠤᠨ ᠵᠣᠬᠢᠶᠠᠨ ᠪᠠᠶᠢᠭᠤᠯᠤᠯᠵᠢᠭᠤᠯᠤᠬᠤ ᠬᠢᠷᠢ ᠲᠦᠪᠰᠢᠨ᠂ ᠪᠦᠬᠦᠯᠢ | ᠴᠣᠭᠴᠠ ᠪᠠᠷ ᠬᠡᠪᠴᠢᠶᠡᠵᠢᠭᠦᠯᠬᠦ ᠪᠠ ᠡᠷᠴᠢᠮᠵᠢᠭᠦᠯᠵᠦ ᠡᠵᠡᠩᠨᠡᠬᠦ ᠬᠢᠷᠢ ᠬᠡᠮᠵᠢᠶ᠎ᠡ ᠴᠥᠮ ᠵᠣᠬᠢᠬᠤ ᠬᠡᠮᠵᠢᠶ᠎ᠡ ᠪᠠᠷ | ᠳᠡᠭᠡᠭᠰᠢᠯᠡᠵᠡᠢ᠃ ᠵᠢᠵᠢᠭᠯᠡᠨ ᠬᠤᠳᠠᠯᠳᠤᠬᠤ ᠶᠢᠨ ᠲᠣᠣᠷ ᠴᠢᠭ᠋ ᠨᠢ ᠮᠠᠯᠵᠢᠬᠤ ᠲᠠᠷᠢᠶᠠᠯᠠᠬᠤ ᠣᠷᠣᠨ᠂ ᠪᠤᠶᠢᠳᠠ | ᠪᠥᠭᠯᠡᠭᠦᠦ ᠭᠠᠵᠠᠷ ᠣᠷᠣᠨ ᠪᠣᠯᠤᠨ ᠦᠨᠳᠦᠰᠦᠨ ᠱᠠᠲᠤᠨ ᠤ ᠨᠡᠶᠢᠭᠡᠮ ᠲᠣᠭᠤᠷᠢᠭ ᠲᠡᠰᠢ ᠦᠷᠭᠡᠳᠴᠦ᠂ ᠲᠣᠮᠤ | ᠬᠡᠯᠪᠡᠷᠢ ᠶᠢᠨ ᠬᠡᠯᠬᠢᠶᠡᠵᠢᠭᠰᠡᠨ ᠬᠡᠳᠦ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠬᠦᠲᠦᠴᠢ | ᠠᠵᠤ ᠠᠬᠤᠶᠢᠯᠠᠯ ᠪᠠ ᠲᠤᠰᠬᠠᠶ ᠮᠡᠷᠭᠡᠵᠢᠯ ᠢᠶᠠᠷ ᠬᠤᠷᠰᠢᠭᠰᠠᠨ ᠬᠥᠳᠡᠭᠡ ᠲᠣᠰᠬᠤᠨ ᠤ ᠵᠣᠬᠢᠶᠠᠨ ᠪᠠᠶᠢᠭᠤᠯᠤᠯᠲᠠ ᠶᠢᠨ | ᠵᠠᠯᠭᠠᠯᠳᠤᠬᠤ ᠪᠠᠶᠢᠷᠢᠰᠢᠯ ᠶᠠᠭ ᠠᠯᠭᠤᠷ ᠲᠤᠳᠤᠷᠠᠵᠤ ᠪᠠᠶᠢᠨ᠎ᠠ᠃ ᠬᠤᠶᠠᠷ ᠲᠤ ᠵᠢᠵᠢᠭᠯᠡᠨ ᠬᠤᠳᠠᠯᠳᠤᠬᠤ ᠶᠢᠨ | ᠪᠤᠷᠤᠯᠠᠭᠤᠯᠭ᠎ᠠ ᠶᠢᠨ ᠰᠦᠯᠵᠢᠶ᠎ᠡ ᠨᠢ ᠡᠳᠦᠷ ᠢᠷᠡᠬᠦᠶ᠎ᠡ ᠪᠦᠷᠢᠨᠰᠢᠪᠡ᠃ ᠭᠡᠷ ᠤᠨ ᠴᠠᠬᠢᠯᠭᠠᠨ ᠬᠡᠷᠡᠭᠰᠡᠯ ᠤᠨ ᠬᠡᠯᠬᠢᠶᠡᠲᠦ | ᠳᠡᠯᠭᠡᠭᠦᠷ᠂ ᠪᠦᠷᠢᠨ ᠪᠠᠷᠠᠭ᠎ᠠ᠂ ᠬᠡᠳᠦ ᠳᠡᠯᠭᠡᠭᠦᠷ ᠵᠡᠷᠭᠡ ᠤᠯᠠᠮᠵᠢᠯᠠᠯᠲᠤ ᠵᠢᠵᠢᠭᠯᠡᠨ ᠬᠤᠳᠠᠯᠳᠤᠬᠤ ᠠᠵᠤ | ᠠᠬᠤᠶᠢᠯᠠᠯ ᠤᠳ ᠰᠦᠯᠵᠢᠶᠡᠨ ᠲᠠᠪᠴᠠᠩ ᠤᠨ ᠬᠠᠩᠭᠠᠭᠰᠠᠨ ᠮᠡᠳᠡᠭᠡ ᠵᠠᠩᠭᠢ ᠶᠢᠨ ᠳᠠᠪᠰᠢᠭᠰᠠᠨ ᠮᠡᠷᠭᠡᠵᠢᠯ ᠢ | ᠠᠰᠢᠭᠯᠠᠨ᠂ ︽ᠪᠣᠳᠠᠲᠤ ᠴᠤᠭᠴᠠᠲᠤ ᠳᠡᠯᠭᠡᠭᠦᠷ ᠲᠤ ᠠᠷᠠᠯᠵᠢᠶᠠᠯᠠᠬᠤ + ᠰᠦᠯᠵᠢᠶ᠎ᠡ ᠪᠠᠷ ᠬᠤᠳᠠᠯᠳᠤᠨ ᠠᠪᠬᠤ︾ | ᠮᠠᠶ᠋ᠢᠭ ᠤᠨ ᠵᠢᠵᠢᠭᠯᠡᠨ ᠬᠤᠳᠠᠯᠳᠤᠬᠤ ᠰᠢᠨ᠎ᠡ ᠵᠠᠭᠪᠤᠷ ᠢ ᠡᠭᠦᠳᠴᠦ᠂ ᠡᠯᠧᠺᠲᠷᠣᠨ ᠬᠤᠳᠠᠯᠳᠤᠭᠠᠨ ᠤ ᠶᠠᠪᠤᠳᠠᠯ ᠲᠠᠢ | ᠬᠠᠷᠢᠯᠴᠠᠨ ᠠᠭᠤᠰᠤᠯᠴᠠᠬᠤ ᠶᠢ ᠠᠩᠬ᠎ᠠ ᠠᠯᠬᠤᠮ ᠪᠡᠶᠡᠯᠡᠭᠦᠯᠪᠡ᠃ ᠭᠤᠷᠪᠠ ᠳᠤ ᠵᠢᠭᠤᠯᠴᠢᠯᠠᠯ᠂ ᠰᠣᠶᠣᠯ ᠪᠡᠶ᠎ᠡ ᠶᠢᠨ | ᠲᠠᠮᠢᠷ᠂ ᠡᠷᠡᠭᠦᠯ ᠡᠩᠬᠡ ᠵᠡᠷᠭᠡ ᠦᠢᠯᠡᠴᠢᠯᠡᠭᠡᠨ ᠤ ᠴᠢᠨᠠᠷᠲᠠᠶ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠨᠡᠮᠡᠭᠳᠡᠪᠡ᠃ | ᠰᠢᠯᠵᠢᠮᠡᠯ ᠢᠨᠲ᠋ᠧᠷ ᠰᠦᠯᠵᠢᠶ᠎ᠡ᠂ ᠪᠤᠳᠠᠰᠯᠢᠭ ᠬᠤᠯᠪᠤᠭᠠᠲᠤ ᠰᠦᠯᠵᠢᠶ᠎ᠡ ᠵᠡᠷᠭᠡ ᠮᠡᠳᠡᠭᠡ ᠵᠠᠩᠭᠢ ᠶᠢᠨ ᠬᠡᠷᠡᠭᠯᠡᠭᠡ᠂ | ᠪᠤᠬᠢᠷᠳᠤᠯ ᠦᠭᠡᠢ ᠬᠡᠷᠡᠭᠯᠡᠭᠡ᠂ ᠵᠢᠭᠤᠯᠴᠢᠯᠠᠵᠤ ᠰᠡᠯᠡᠭᠦᠴᠡᠬᠦ ᠬᠡᠷᠡᠭᠯᠡᠭᠡ᠂ ᠰᠤᠷᠭᠠᠨ ᠬᠦᠮᠦᠵᠢᠭᠦᠯᠬᠦ ᠠᠰᠠᠭᠤᠳᠠᠯ ᠤᠨ | ᠬᠡᠷᠡᠭᠯᠡᠭᠡ᠂ ᠨᠠᠰᠤᠵᠢᠯ ᠡᠷᠡᠭᠦᠯ ᠡᠩᠬᠡ ᠭᠡᠷ ᠤᠨ ᠠᠳᠡᠯ ᠠᠬᠤᠢ ᠶᠢᠨ ᠬᠡᠷᠡᠭᠯᠡᠭᠡ ᠶᠢᠨ ᠬᠠᠷᠢᠴᠠᠯ ᠲᠠᠰᠤᠷᠠᠯᠲᠠ ᠦᠭᠡᠢ | ᠳᠡᠭᠡᠭᠰᠢᠯᠡᠵᠦ ᠡᠬᠢᠯᠡᠯ᠎ᠡ᠃ | ᠮᠠᠨ ᠤ ᠣᠷᠣᠨ ᠤ ᠵᠢᠵᠢᠭᠯᠡᠨ ᠬᠤᠳᠠᠯᠳᠤᠬᠤ ᠦᠢᠯᠡᠰ ᠬᠥᠭᠵᠢᠨ ᠮᠠᠨᠳᠤᠬᠤ ᠶᠢᠨ ᠬᠠᠮᠲᠤ᠂ ᠬᠥᠭᠵᠢᠯᠲᠡ ᠶᠢᠨ | ᠠᠷᠭ᠎ᠠ ᠮᠠᠶ᠋ᠢᠭ ᠢᠶᠠᠷ ᠪᠦᠳᠦᠭᠦᠯᠢᠭ᠂ ᠪᠦᠬᠦᠯᠢ ᠴᠣᠭᠴᠠ ᠶᠢᠨ ᠬᠢᠷᠢ ᠬᠡᠮᠵᠢᠶ᠎ᠡ ᠪᠠᠷ ᠳᠣᠣᠷ᠎ᠠ᠂ ᠪᠦᠲᠦᠮᠵᠢᠲᠡᠶ | ᠬᠠᠩᠭᠠᠯᠭ᠎ᠠ ᠪᠠᠷ ᠬᠦᠷᠦᠯᠴᠡᠬᠦ ᠦᠭᠡᠢ᠂ ᠠᠵᠢᠯᠯᠠᠭᠠᠨ ᠤ ᠦᠷ᠎ᠡ ᠠᠰᠢᠭ ᠢᠶᠠᠷ ᠠᠨᠠᠢ ᠵᠡᠷᠭᠡ ᠳᠤᠪᠤᠶᠢᠮ᠎ᠠ ᠠᠰᠠᠭᠤᠳᠠᠯ | ᠢᠯᠡᠷᠡᠵᠡᠢ᠃ ᠬᠤᠳᠠᠯᠳᠤᠭᠠᠨ ᠤ ᠶᠠᠪᠤᠳᠠᠯ ᠤᠨ ᠶᠠᠮᠤᠨ ᠤ ᠵᠢᠵᠢᠭᠯᠡᠨ ᠬᠤᠳᠠᠯᠳᠤᠬᠤ ᠦᠢᠯᠡᠰ ᠤᠨ ᠨᠡᠶᠢᠲᠡᠯᠢᠭ ᠠᠵᠤ | ᠠᠬᠤᠶᠢᠯᠠᠯ ᠤᠨ ᠪᠦᠷᠢᠳᠬᠡᠭᠰᠡᠨ ᠲᠤᠭ᠎ᠠ ᠪᠠᠷᠢᠮᠲᠠ ᠳᠤ ᠢᠯᠡᠷᠡᠭᠰᠡᠨ ᠢᠶᠠᠷ᠂ ᠠᠵᠢᠯ ᠲᠦᠷᠦᠯ ᠤᠨ | ᠪᠣᠷᠣᠯᠠᠭᠤᠯᠤᠯᠲᠠ ᠶᠢᠨ ᠲᠤᠭ᠎ᠠ᠂ ᠬᠠᠤᠯᠢ ᠶᠢᠨ ᠡᠷᠬᠡᠲᠡᠨ ᠤ ᠠᠵᠤ ᠠᠬᠤᠶᠢᠯᠠᠯ ᠤᠨ ᠲᠤᠭ᠎ᠠ᠂ ᠠᠵᠢᠯᠯᠠᠭᠰᠠᠳ ᠤᠨ | ᠲᠤᠭ᠎ᠠ᠂ ᠡᠵᠡᠩᠨᠡᠯᠲᠡ ᠶᠢᠨ ᠲᠠᠯᠠᠪᠠᠶ ᠵᠡᠷᠭᠡ ᠡᠯ᠎ᠡ ᠵᠦᠢᠯ ᠤᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ | ᠬᠤᠷᠳᠤᠴᠠ ᠨᠢ ᠴᠥᠮ ᠵᠣᠬᠢᠬᠤ ᠬᠡᠮᠵᠢᠶ᠎ᠡ ᠪᠠᠷ ᠤᠳᠠᠭᠠᠰᠢᠷᠠᠵᠤ᠂ ᠠᠰᠢᠭ ᠣᠯᠬᠤ ᠴᠢᠳᠠᠪᠤᠷᠢ ᠨᠢ ᠡᠳᠦᠢ ᠲᠡᠳᠦᠢ | ᠪᠠᠭᠤᠷᠠᠪᠠ᠃ ᠪᠣᠳᠠᠲᠤ ᠴᠣᠭᠴᠠᠲᠤ ᠶᠢᠨ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠦᠨ ᠬᠡᠯᠪᠡᠷᠢ ᠪᠠᠨ | ᠬᠤᠪᠢᠷᠠᠭᠤᠯᠬᠤ ᠶᠢ ᠭᠦᠨᠵᠡᠭᠡᠶ ᠬᠡᠷᠡᠭᠵᠢᠭᠦᠯᠬᠦ ᠪᠣᠯ ᠡᠳᠡᠭᠡᠷ ᠬᠦᠴᠢᠷᠳᠡᠯ ᠪᠣᠯᠤᠨ ᠠᠰᠠᠭᠤᠳᠠᠯ ᠢ ᠰᠢᠶᠳᠪᠦᠷᠢᠯᠡᠬᠦ | ᠪᠦᠲᠦᠮᠵᠢᠲᠡᠶ ᠠᠷᠭ᠎ᠠ ᠵᠠᠮ ᠪᠣᠯᠬᠤ ᠶᠤᠮ᠃ | ᠬᠥᠲᠥᠯᠥᠭᠴᠢ᠄ | ᠯᠢ ᠲᠢᠩᠬᠢᠮ ᠤᠨ ᠳᠠᠷᠤᠭ᠎ᠠ ᠡ᠂ ︽ᠬᠡᠷᠡᠭᠵᠢᠭᠦᠯᠬᠦ ᠲᠥᠰᠦᠯ︾ ᠳᠤ ᠶᠠᠮᠠᠷ ᠶᠠᠮᠠᠷ ᠠᠭᠤᠯᠭ᠎ᠠ ᠪᠠᠭᠲᠠᠵᠤ | ᠪᠠᠶᠢᠬᠤ ᠪᠤᠢ︖ | ᠯᠢ ᠵᠢᠶᠦ᠋ᠨ᠄ | ︽ᠬᠡᠷᠡᠭᠵᠢᠭᠦᠯᠬᠦ ᠲᠥᠰᠦᠯ︾ ᠳᠤ ︽ᠬᠤᠳᠠᠯᠳᠤᠭᠠᠨ ᠤ ᠪᠦᠲᠦᠴᠡ ᠳᠤ ᠲᠤᠬᠢᠷᠠᠭᠤᠯᠤᠯᠲᠠ ᠬᠢᠬᠦ᠂ | ᠬᠥᠭᠵᠢᠯᠲᠡ ᠶᠢᠨ ᠠᠷᠭ᠎ᠠ ᠮᠠᠶ᠋ᠢᠭ ᠲᠤ ᠰᠢᠨ᠎ᠡ ᠶᠢ ᠡᠭᠦᠳᠬᠦ᠂ ᠠᠵᠢᠯ ᠲᠥᠷᠥᠯ ᠠᠯᠭᠠᠰᠠᠵᠤ ᠤᠶᠠᠯᠳᠤᠬᠤ ᠶᠢ | ᠠᠬᠢᠭᠤᠯᠬᠤ︾ ᠭᠤᠷᠪᠠᠨ ᠲᠠᠯ᠎ᠠ ᠠᠴᠠ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ 9 ᠵᠦᠢᠯ ᠤᠨ | ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠪᠠ᠂ ᠡᠭᠦᠨ ᠳᠤ ᠬᠤᠲᠠ ᠬᠥᠳᠡᠭᠡ ᠶᠢᠨ ᠬᠤᠳᠠᠯᠳᠤᠭ᠎ᠠ ᠶᠢᠨ | ᠪᠦᠲᠦᠴᠡ ᠳᠤ ᠲᠣᠬᠢᠷᠠᠭᠤᠯᠤᠯᠲᠠ ᠬᠢᠬᠦ᠂ ᠬᠤᠳᠠᠯᠳᠤᠭᠠᠨ ᠤ ᠡᠵᠡᠩᠨᠡᠯᠲᠡ ᠶᠢᠨ ᠪᠠᠶᠢᠳᠠᠯ ᠤᠨ ᠪᠦᠲᠦᠴᠡ ᠳᠤ | ᠲᠣᠬᠢᠷᠠᠭᠤᠯᠤᠯᠲᠠ ᠬᠢᠬᠦ᠂ ᠲᠠᠸᠠᠷ ᠤᠨ ᠪᠦᠲᠦᠴᠡ ᠳᠤ ᠲᠣᠬᠢᠷᠠᠭᠤᠯᠤᠯᠲᠠ ᠬᠢᠬᠦ᠂ ᠰᠠᠭᠤᠭᠠᠯᠢ ᠠᠷᠠᠳ ᠤᠨ | ᠬᠡᠷᠡᠭᠯᠡᠭᠡᠨ ᠤ ᠪᠦᠲᠦᠴᠡ ᠶᠢᠨ ᠲᠡᠰ ᠳᠡᠪᠰᠢᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠᠭᠲᠠᠵᠡᠢ︔ ᠵᠣᠬᠢᠶᠠᠨ | ᠪᠠᠶᠢᠭᠤᠯᠤᠯᠲᠠ ᠶᠢᠨ ᠬᠡᠯᠪᠡᠷᠢ ᠳᠤ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠬᠤ᠂ ᠡᠵᠡᠩᠨᠡᠯᠲᠡ ᠶᠢᠨ | ᠲᠣᠭᠲᠠᠴᠠ ᠳᠤ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠴᠤ᠂ ᠦᠢᠯᠡᠴᠢᠯᠡᠭᠡᠨ ᠤ ᠪᠡᠶᠡᠴᠢᠯᠡᠨ ᠣᠷᠣᠯᠴᠠᠬᠤ | ᠳᠤ ᠰᠢᠨ᠎ᠡ ᠶᠢ ᠡᠭᠦᠳᠬᠦ ᠶᠢ ᠬᠥᠲᠥᠯᠥᠨ ᠵᠢᠯᠣᠭᠤᠳᠴᠤ᠂ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ | ᠦᠢᠯᠡᠰ ᠤᠨ ᠭᠤᠣᠯᠯᠠᠬᠤ ᠥᠷᠢᠰᠥᠯᠳᠦᠬᠦ ᠬᠦᠴᠦᠨ ᠢ ᠴᠢᠩᠭᠠᠷᠠᠭᠤᠯᠤᠨ᠎ᠠ︔ ᠰᠦᠯᠵᠢᠶᠡᠨ ᠳᠠᠬᠢ ᠪᠠ ᠰᠦᠯᠵᠢᠶᠡᠨ ᠤ | ᠭᠠᠳᠠᠭᠤᠷᠬᠢ ᠶᠢ ᠠᠭᠤᠰᠤᠯᠴᠠᠭᠤᠯᠵᠤ᠂ ᠤᠯᠠᠨ ᠬᠦᠷᠢᠶ᠎ᠡ ᠴᠠᠷᠠᠭ᠎ᠠ ᠳᠤ ᠬᠠᠮᠵᠢᠯᠴᠠᠭᠤᠯᠬᠤ᠂ ᠳᠣᠲᠣᠭᠠᠳᠤ | ᠭᠠᠳᠠᠭᠠᠳᠤ ᠶᠢᠨ ᠠᠷᠠᠯᠵᠢᠶ᠎ᠠ ᠶᠢ ᠨᠢᠭᠡ ᠴᠤᠭᠴᠠᠴᠢᠭᠤᠯᠬᠤ ᠶᠢ ᠠᠬᠢᠭᠤᠯᠵᠤ᠂ ᠵᠢᠵᠢᠭᠯᠡᠨ ᠬᠤᠳᠠᠯᠳᠤᠬᠤ ᠰᠢᠨ᠎ᠡ | ᠪᠠᠶᠢᠷᠢᠰᠢᠯ ᠢ ᠪᠣᠢ ᠪᠣᠯᠭᠠᠨ᠎ᠠ᠃ | ᠬᠥᠲᠥᠯᠥᠭᠴᠢ᠄ | ᠶᠠᠭᠤᠨ ᠳᠤ 9 ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠣᠬᠢᠷᠠᠭᠤᠯᠤᠭᠰᠠᠨ ᠪᠣᠢ︖ | ᠯᠢ ᠵᠢᠶᠦ᠋ᠨ᠄ | ︽ᠬᠡᠷᠡᠭᠵᠢᠭᠦᠯᠬᠦ ᠲᠥᠰᠦᠯ︾ ᠢ ᠲᠤᠭᠤᠷᠪᠢᠬᠤ ᠳᠤ ᠭᠤᠣᠯᠳᠠᠭᠤ ᠲᠦᠷᠪᠡᠨ ᠲᠠᠯ᠎ᠠ ᠶᠢ ᠪᠣᠳᠣᠯᠬᠢᠯᠠᠭᠰᠠᠨ ᠶᠤᠮ᠃ | ᠨᠢᠭᠡ ᠳᠤ ︽ᠰᠠᠨᠠᠯ︾ ᠳᠠᠬᠢ ᠡᠯ᠎ᠡ ᠵᠦᠢᠯ ᠤᠨ ᠡᠭᠦᠷᠭᠡ ᠶᠢ ᠲᠣᠪᠣᠶᠢᠯᠭᠠᠨ ᠨᠠᠶᠢᠳᠠᠪᠤᠷᠢᠵᠢᠭᠤᠯᠤᠨ᠎ᠠ᠃ ᠬᠤᠶᠠᠷ ᠲᠤ | ᠪᠣᠳᠠᠲᠤ ᠪᠠᠶᠢᠳᠠᠯ ᠢ ᠲᠣᠪᠣᠶᠢᠯᠭᠠᠵᠤ᠂ ᠣᠳᠣᠬᠢ ᠪᠠᠶᠢᠳᠠᠯ ᠲᠠᠢ ᠤᠶᠠᠯᠳᠤᠭᠤᠯᠤᠨ᠂ ᠪᠠᠭᠤᠷᠠᠶ ᠲᠠᠯ᠎ᠠ ᠳᠤ | ᠬᠠᠨᠳᠤᠭᠤᠯᠤᠨ ᠪᠦᠳᠦᠬᠡᠨ ᠪᠠᠶᠢᠭᠤᠯᠬᠤ ᠶᠢ ᠴᠢᠩᠭᠠᠳᠬᠠᠨ᠎ᠠ᠃ ᠭᠤᠷᠪᠠ ᠳᠤ ᠰᠢᠨ᠎ᠡ ᠶᠢ ᠡᠭᠦᠳᠬᠦ᠂ ᠵᠣᠬᠢᠴᠠᠩᠭᠤᠢ᠂ | ᠪᠣᠬᠢᠷᠳᠣᠯ ᠦᠭᠡᠢ᠂ ᠨᠡᠭᠡᠭᠡᠯᠲᠡ ᠲᠠᠢ᠂ ᠬᠠᠮᠲᠤᠪᠠᠷ ᠬᠦᠷᠲᠡᠬᠦ ᠲᠠᠪᠤᠨ ᠶᠡᠭᠡ ᠬᠥᠭᠵᠢᠯᠲᠡ ᠶᠢᠨ ᠣᠨᠣᠯᠵᠢᠬᠤᠨ ᠢ | ᠲᠣᠪᠣᠶᠢᠯᠭᠠᠨ ᠦᠢᠯᠡᠳᠦᠯᠭᠡᠵᠢᠭᠦᠯᠦᠨ᠎ᠡ᠃ ᠲᠦᠷᠪᠡ ᠳᠤ ᠲᠦᠷᠦ ᠶᠢᠨ ᠪᠤᠳᠤᠯᠭ᠎ᠠ ᠪᠠᠷ ᠪᠠᠲᠤᠯᠠᠬᠤ ᠠᠷᠭ᠎ᠠ ᠬᠡᠮᠵᠢᠶ᠎ᠡ ᠶᠢ | ᠲᠣᠪᠣᠶᠢᠯᠭᠠᠨ᠎ᠠ᠃ | ᠬᠥᠲᠥᠯᠥᠭᠴᠢ᠄ | ︽ᠬᠡᠷᠡᠭᠵᠢᠭᠦᠯᠬᠦ ᠲᠥᠰᠦᠯ︾ ᠤᠨ ᠬᠡᠷᠡᠭᠵᠢᠭᠦᠯᠦᠯᠲᠡ ᠶᠢᠨ ᠢᠯᠭᠤᠮ ᠤᠷᠤᠭᠰᠢᠲᠠᠢ ᠶᠠᠪᠤᠭᠳᠠᠬᠤ ᠶᠢ | ᠪᠠᠲᠤᠯᠠᠬᠤ ᠶᠢᠨ ᠲᠣᠰᠠᠳᠠ ᠥᠪᠡᠷᠲᠡᠭᠡᠨ ᠵᠠᠰᠠᠬᠤ ᠣᠷᠣᠨ ᠠᠴᠠ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ | ᠪᠤᠢ︖ | ᠯᠢ ᠵᠢᠶᠦ᠋ᠨ᠄ | ︽ᠬᠡᠷᠡᠭᠵᠢᠭᠦᠯᠬᠦ ᠲᠥᠰᠦᠯ︾ ᠪᠣᠯ ᠤᠯᠤᠰ ᠤᠨ ᠳᠦᠷᠦ ᠶᠢᠨ ᠪᠤᠳᠤᠯᠭ᠎ᠠ ᠬᠢᠭᠡᠳ ᠥᠪᠥᠷ ᠮᠣᠩᠭᠤᠯ ᠤᠨ | ᠪᠣᠳᠠᠲᠤ ᠪᠠᠶᠢᠳᠠᠯ ᠲᠠᠢ ᠬᠠᠷᠢᠯᠴᠠᠨ ᠤᠶᠠᠯᠳᠤᠭᠰᠠᠨ ᠪᠣᠳᠠᠲᠠᠢ ᠠᠷᠭ᠎ᠠ ᠬᠡᠮᠵᠢᠶ᠎ᠡ ᠪᠠᠶᠢᠵᠤ᠂ ᠬᠤᠶᠢᠰᠢᠳᠠ ᠶᠢᠨ ᠨᠢᠭᠡᠨ | ᠬᠤᠭᠤᠴᠠᠭᠠᠨ ᠳᠤ ᠥᠪᠡᠷᠲᠡᠭᠡᠨ ᠵᠠᠰᠠᠬᠤ ᠣᠷᠣᠨ ᠠᠴᠠ ᠵᠢᠵᠢᠭᠯᠡᠨ ᠬᠤᠳᠠᠯᠳᠤᠬᠤ ᠦᠢᠯᠡᠰ ᠤᠨ ᠬᠥᠭᠵᠢᠯᠲᠡ ᠶᠢ | ᠰᠠᠶᠢᠲᠤᠷ ᠠᠳᠬᠤᠬᠤ ᠲᠦᠷᠦ ᠶᠢᠨ ᠪᠤᠲᠤᠯᠭ᠎ᠠ ᠶᠢᠨ ᠦᠨᠳᠦᠰᠦᠯᠡᠯ ᠪᠣᠯᠬᠤ ᠶᠤᠮ᠃ ᠪᠠᠲᠤᠯᠠᠭ᠎ᠠ ᠶᠢᠨ ᠠᠷᠭ᠎ᠠ | ᠬᠡᠮᠵᠢᠶ᠎ᠡ ᠨᠢ ᠭᠤᠣᠯᠳᠠᠭᠤ ︽ᠪᠠᠲᠤᠯᠠᠭ᠎ᠠ ᠶᠢᠨ ᠲᠥᠷᠥ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠬᠥᠭᠵᠢᠯᠲᠡ ᠶᠢᠨ | ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠠᠨ ᠨᠡᠶᠢᠲᠠ ᠶᠢᠨ ᠦᠢᠯᠡᠴᠢᠯᠡᠭᠡᠨ ᠢ ᠪᠦᠷᠢᠨᠰᠢᠭᠦᠯᠬᠦ︾ ᠭᠤᠷᠪᠠᠨ | ᠲᠠᠯ᠎ᠠ ᠠᠴᠠ ᠠᠷᠪᠠᠨ ᠭᠤᠷᠪᠠᠨ ᠵᠦᠢᠯ ᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠳᠤᠷᠠᠳᠴᠠᠶ᠄ | ᠨᠢᠭᠡ ᠳᠤ ᠲᠣᠣᠷ ᠴᠢᠬ ᠤᠨ ᠲᠥᠯᠥᠪᠵᠢᠭᠦᠯᠭᠡ ᠶᠢᠨ ᠲᠦᠷᠦ ᠶᠢᠨ ᠪᠤᠳᠤᠯᠭ᠎ᠠ ᠶᠢ ᠴᠢᠩᠭᠠᠷᠠᠭᠤᠯᠤᠨ᠎ᠠ᠃ | ᠣᠳᠣᠬᠢ ᠬᠤᠳᠠᠯᠳᠤᠭᠠᠨ ᠤ ᠪᠡᠯᠡᠳᠬᠡᠮᠵᠢ ᠶᠢᠨ ᠡᠬᠢ ᠪᠠᠶᠠᠯᠢᠭ ᠢ ᠵᠠᠬ᠎ᠠ ᠳᠡᠯᠭᠡᠭᠦᠷᠴᠢᠯᠡᠭᠰᠡᠨ ᠠᠷᠭ᠎ᠠ ᠮᠠᠶ᠋ᠢᠭ ᠢᠶᠠᠷ | ᠴᠢᠯᠦᠭᠡᠲᠡᠢ ᠭᠦᠢᠯᠭᠡᠭᠡᠵᠦ᠂ ᠨᠡᠶᠢᠭᠡᠮ ᠤᠨ ᠰᠤᠯᠠ ᠪᠠᠶᠢᠭ᠎ᠠ ᠡᠬᠢ ᠪᠠᠶᠠᠯᠢᠭ ᠢ ᠰᠢᠯᠢᠳᠡᠭᠵᠢᠭᠦᠯᠦᠨ᠎ᠡ᠃ ᠬᠤᠶᠠᠷ ᠲᠤ | ᠵᠠᠰᠠᠭ ᠢ ᠴᠣᠮᠬᠠᠳᠬᠠᠨ ᠡᠷᠬᠡ ᠶᠢ ᠳᠤᠷᠤᠭᠰᠢ ᠪᠠᠭᠤᠯᠭᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ᠳᠡᠯᠭᠡᠭᠦᠷ ᠢ ᠤᠷᠠᠯᠠᠵᠤ ᠴᠢᠮᠡᠭᠯᠡᠬᠦ᠂ ᠳᠡᠯᠭᠡᠭᠦᠷ ᠢ ᠵᠠᠰᠠᠵᠤ ᠥᠭᠡᠷᠡᠴᠢᠯᠡᠬᠦ᠂ ᠭᠠᠳᠠᠭᠤᠷᠬᠢ ᠶᠢᠨ ᠡᠵᠡᠩᠨᠡᠨ | ᠪᠣᠷᠣᠯᠠᠭᠤᠯᠬᠤ ᠬᠢᠵᠠᠭᠠᠷᠯᠠᠯ ᠢ ᠠᠭᠤᠵᠢᠭᠤ ᠪᠣᠯᠭᠠᠨ᠎ᠠ᠃ ᠬᠡᠯᠬᠢᠶᠡᠲᠦ ᠠᠵᠤ ᠠᠬᠤᠶᠢᠯᠠᠯ ᠠᠴᠠ ᠬᠠᠤᠯᠢ ᠶᠢᠨ | ᠪᠤᠰᠤ ᠡᠷᠬᠡᠲᠡᠨ ᠤ ᠡᠭᠦᠳᠡᠨ ᠳᠡᠯᠭᠡᠭᠦᠷ ᠪᠣᠯᠤᠨ ᠲᠣᠬᠢᠷᠠᠭᠤᠯᠤᠨ ᠬᠦᠷᠭᠡᠬᠦ ᠭᠠᠵᠠᠷ ᠪᠠᠶᠢᠭᠤᠯᠬᠤ ᠶᠢ ᠳᠡᠮᠵᠢᠵᠦ᠂ | ᠬᠤᠳᠠ ᠶᠢᠨ ᠲᠣᠬᠢᠷᠠᠭᠤᠯᠤᠨ ᠬᠦᠷᠭᠡᠬᠦ ᠲᠡᠷᠭᠡ ᠬᠥᠰᠬᠡ ᠨᠡᠪᠲᠡᠷᠡᠬᠦ ᠳᠦᠷᠢᠮ ᠢ ᠪᠥᠷᠢᠨᠰᠢᠭᠦᠯᠦᠨ᠎ᠡ᠃ ᠭᠤᠷᠪᠠ ᠳᠤ | ᠭᠠᠶᠢᠯᠢ ᠶᠢ ᠬᠥᠩᠭᠡᠯᠡᠵᠦ ᠭᠠᠶᠢᠯᠢ ᠠᠴᠠ ᠬᠡᠯᠲᠦᠷᠢᠭᠦᠯᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠲᠥᠪ ᠭᠤᠣᠯᠴᠢ ᠪᠠᠷ ᠥᠷᠢᠰᠥᠯᠳᠦᠬᠦ ᠭᠠᠶᠢᠯᠢ ᠲᠠᠲᠠᠪᠤᠷᠢ ᠶᠢᠨ | ᠣᠷᠴᠢᠨ ᠨᠥᠬᠦᠴᠡᠯ ᠢ ᠪᠤᠢ ᠪᠣᠯᠭᠠᠵᠤ᠂ ᠶᠡᠷᠦᠩᠬᠡᠶ ᠬᠤᠪᠢᠶᠠᠷᠢ ᠰᠠᠯᠪᠤᠷᠢ ᠪᠠᠶᠢᠭᠤᠯᠤᠮᠵᠢ ᠭᠠᠶᠢᠯᠢ ᠪᠠᠨ ᠬᠤᠮᠣᠷᠭᠠᠯᠠᠨ | ᠨᠡᠶᠢᠯᠡᠭᠦᠯᠦᠨ ᠲᠤᠰᠢᠶᠠᠬᠤ᠂ ᠰᠤᠳᠤᠯᠤᠨ ᠨᠡᠭᠡᠭᠡᠬᠦ ᠵᠠᠷᠤᠳᠠᠯ ᠢ ᠨᠡᠶᠢᠯᠡᠭᠦᠯᠦᠨ ᠪᠤᠳᠤᠵᠤ ᠰᠠᠭᠤᠯᠭᠠᠨ ᠠᠪᠬᠤ᠂ | ᠪᠠᠷᠢᠮᠲᠠ ᠲᠡᠮᠳᠡᠭ ᠤᠨ ᠦᠷᠳᠡᠭ ᠤᠨ ᠵᠠᠷᠤᠳᠠᠯ ᠢ ᠬᠦᠴᠦᠨ ᠦᠭᠡᠢ ᠪᠣᠯᠭᠠᠬᠤ ᠵᠡᠷᠭᠡ ᠭᠠᠶᠢᠯᠢ ᠰᠦᠢᠳᠬᠡᠯ ᠳᠤ | ᠳᠡᠮᠵᠢᠯᠭᠡ ᠦᠵᠡᠭᠦᠯᠬᠦ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠴᠠᠬᠢᠯᠭᠠᠨ ᠤ ᠦᠨ᠎ᠡ᠂ ᠺᠠᠷᠲ | ᠪᠠᠷ ᠲᠣᠭᠠᠴᠠᠭ᠎ᠠ ᠬᠢᠬᠦ ᠳᠤ ᠬᠡᠷᠡᠭᠰᠡᠬᠦ ᠵᠠᠷᠤᠳᠠᠯ ᠮᠥᠩᠭᠦ ᠳᠤ ᠦᠨ᠎ᠡ ᠲᠣᠭᠲᠠᠭᠠᠬᠤ ᠲᠣᠭᠲᠠᠴᠠ ᠶᠢᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠤᠨ᠎ᠠ᠃ ᠲᠦᠷᠪᠡ ᠳᠤ ᠡᠳ᠋ ᠤᠨ ᠵᠠᠰᠠᠭ ᠤᠨ ᠮᠥᠩᠭᠦᠨ ᠭᠦᠢᠯᠭᠡᠭᠡᠨ ᠤ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠪᠠᠶᠢᠭᠤᠯᠬᠤ | ᠶᠢ ᠵᠣᠷᠢᠭᠵᠢᠭᠤᠯᠤᠨ᠂ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠲᠠᠬᠢ | ᠣᠷᠣᠭᠤᠯᠤᠯᠲᠠ ᠪᠠᠨ ᠨᠡᠮᠡᠭᠳᠡᠭᠦᠯᠵᠦ᠂ ᠬᠡᠷᠡᠭᠯᠡᠭᠡᠨ ᠤ ᠮᠥᠩᠭᠦᠨ ᠭᠦᠢᠯᠭᠡᠭᠡᠨ ᠤ ᠺᠣᠮᠫᠠᠨᠢ ᠶᠢᠨ ᠲᠤᠷᠰᠢᠯᠲᠠ ᠶᠢ | ᠯᠠᠪᠳᠠᠭᠤᠨ ᠢᠶᠠᠷ ᠠᠬᠢᠭᠤᠯᠤᠨ᠎ᠠ᠃ ᠲᠠᠪᠤ ᠳᠤ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠤᠨ᠎ᠠ᠃ ᠰᠠᠯᠠᠭ᠎ᠠ ᠮᠥᠴᠢᠷ | ᠤᠨ ᠬᠤᠯᠪᠣᠭᠠᠯᠠᠨ ᠬᠥᠳᠡᠯᠦᠯᠴᠡᠬᠦ ᠪᠠ ᠣᠷᠣᠨ ᠪᠦᠰᠡ ᠢᠶᠠᠷ ᠬᠠᠮᠵᠢᠯᠴᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ | ᠠᠬᠢᠭᠤᠯᠵᠤ᠂ ᠵᠠᠬ᠎ᠠ ᠳᠡᠯᠭᠡᠭᠦᠷ ᠢᠶᠠᠷ ᠬᠢᠨᠠᠨ ᠬᠠᠮᠢᠶᠠᠷᠬᠤ ᠠᠷᠭ᠎ᠠ ᠪᠠᠷᠢᠯ ᠢ ᠲᠡᠭᠦᠯᠳᠡᠷᠵᠢᠭᠦᠯᠦᠨ ᠂ ᠦᠢᠯᠡᠳᠪᠦᠷᠢᠯᠡᠯ | ᠬᠢᠭᠡᠳ ᠭᠦᠢᠯᠭᠡᠭᠡᠨ ᠤ ᠬᠦᠷᠢᠶ᠎ᠡ ᠴᠠᠷᠠᠭᠠᠨ ᠳᠤ ᠬᠠᠮᠵᠢᠯᠴᠠᠵᠤ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ | ᠶᠢ ᠨᠢᠭᠡ ᠴᠣᠭᠴᠠᠵᠢᠭᠤᠯᠤᠭᠰᠠᠨ ᠬᠢᠨᠠᠨ ᠬᠠᠮᠢᠶᠠᠷᠬᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ ᠵᠢᠷᠭᠤᠭ᠎ᠠ ᠳᠤ | ᠲᠥᠪ ᠭᠤᠣᠯᠴᠢ ᠥᠷᠢᠰᠥᠯᠳᠦᠭᠡᠨ ᠢ ᠠᠬᠢᠭᠤᠯᠤᠨ᠎ᠠ᠃ ᠴᠢᠨᠠᠷ ᠮᠠᠭᠤ ᠬᠠᠭᠤᠷᠮᠠᠭ ᠲᠠᠸᠠᠷ ᠦᠢᠯᠡᠳᠦᠨ | ᠪᠣᠷᠣᠯᠠᠭᠤᠯᠬᠤ᠂ ᠮᠡᠳᠡᠯᠭᠡ ᠶᠢᠨ ᠥᠮᠴᠢᠯᠡᠬᠦ ᠡᠷᠬᠡ ᠳᠤ ᠬᠠᠯᠳᠠᠭᠰᠠᠨ᠂ ᠭᠤᠣᠯᠴᠢ ᠪᠤᠰᠤ ᠪᠠᠷ ᠥᠷᠢᠰᠥᠯᠳᠦᠬᠦ ᠵᠡᠷᠭᠡ | ᠦᠢᠯᠡ ᠠᠵᠢᠯᠯᠠᠭ᠎ᠠ ᠳᠤ ᠴᠣᠬᠢᠯᠲᠠ ᠥᠭᠴᠦ᠂ ᠮᠣᠨᠣᠫᠣᠯᠢᠴᠢᠯᠠᠯ ᠤᠨ ᠬᠡᠯᠡᠯᠴᠡᠭᠡᠷ᠂ ᠵᠠᠬ᠎ᠠ ᠳᠡᠯᠭᠡᠭᠦᠷ ᠤᠨ | ᠲᠤᠬᠢᠷᠠᠭᠤᠯᠬᠤ ᠪᠠᠶᠢᠷᠢ ᠰᠠᠭᠤᠷᠢ ᠶᠢ ᠳᠤᠷ᠎ᠠ ᠪᠠᠷ ᠢᠶᠠᠨ ᠬᠡᠷᠡᠭᠯᠡᠬᠦ ᠵᠡᠷᠭᠡ ᠥᠷᠢᠰᠥᠯᠳᠦᠭᠡᠨ ᠢ ᠭᠠᠳᠠᠭᠤᠷᠴᠢᠯᠠᠵᠤ | ᠬᠢᠵᠠᠭᠠᠷᠯᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ ᠲᠤᠯᠤᠭ᠎ᠠ ᠳᠤ | ᠢᠲᠡᠭᠡᠮᠵᠢ ᠶᠢᠨ ᠰᠢᠰᠲ᠋ᠧᠮᠵᠢ ᠶᠢ ᠪᠦᠷᠢᠨᠰᠢᠭᠦᠯᠦᠨ᠎ᠡ᠃ ᠡᠯ᠎ᠡ ᠱᠠᠲᠤᠨ ᠤ ᠢᠲᠡᠭᠡᠮᠵᠢ ᠶᠢᠨ ᠮᠡᠳᠡᠭᠡ ᠵᠠᠩᠭᠢ ᠶᠢ | ᠬᠠᠮᠲᠤ ᠪᠠᠷ ᠬᠦᠷᠲᠡᠬᠦ ᠲᠠᠪᠴᠠᠩ ᠢ ᠠᠰᠢᠭᠯᠠᠨ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢ | ᠬᠠᠮᠤᠷᠤᠭᠰᠠᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠬᠤᠷᠢᠶᠠᠨ ᠴᠤᠭᠯᠠᠭᠤᠯᠵᠤ ᠪᠠᠶᠢᠭᠠᠳ | ᠬᠠᠮᠲᠤ ᠪᠠᠷ ᠬᠦᠷᠲᠡᠬᠦ ᠪᠠ ᠬᠡᠷᠡᠭᠯᠡᠬᠦ ᠲᠣᠭᠲᠠᠴᠠ ᠶᠢ ᠪᠠᠶᠢᠭᠤᠯᠤᠨ᠎ᠠ᠃ ᠨᠠᠢᠮᠠ ᠳᠤ ᠶᠠᠷᠢᠶ᠎ᠠ ᠬᠡᠯᠡᠯᠴᠡᠭᠡᠨ ᠤ ᠠᠭᠤᠷ | ᠠᠮᠢᠰᠬᠤᠯ ᠢ ᠪᠤᠢ ᠪᠣᠯᠭᠠᠨ᠎ᠠ᠃ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠦᠢᠯᠡᠰ ᠤᠨ ᠰᠢᠨ᠎ᠡ ᠶᠢ ᠡᠭᠦᠳᠦᠨ | ᠬᠡᠯᠪᠡᠷᠢ ᠪᠠᠨ ᠬᠤᠪᠢᠷᠠᠭᠤᠯᠬᠤ ᠳᠤ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠣᠷᠴᠢᠨ ᠨᠥᠬᠦᠴᠡᠯ ᠢ ᠪᠤᠢ ᠪᠣᠯᠭᠠᠵᠤ᠂ | ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠳᠤ ᠬᠦᠴᠦᠨ | ᠨᠡᠮᠡᠷᠢᠯᠡᠬᠦ ᠪᠠ ᠬᠡᠯᠪᠡᠷᠢ ᠪᠠᠨ ᠬᠤᠪᠢᠷᠠᠭᠤᠯᠬᠤ ᠶᠢᠨ ᠵᠢᠱᠢᠯᠲᠡ ᠶᠢ ᠬᠥᠭᠵᠢᠭᠡᠨ᠎ᠡ᠃ ᠶᠢᠰᠦ ᠳᠤ ᠳᠦᠷᠢᠮ ᠤᠨ | ᠪᠠᠷᠢᠮᠵᠢᠶ᠎ᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠪᠥᠬᠦ ᠣᠷᠣᠨ ᠤ ᠬᠡᠯᠬᠢᠶᠡᠲᠦ ᠡᠵᠡᠩᠨᠡᠯᠲᠡ᠂ ᠡᠯᠧᠺᠲᠷᠣᠨ | ᠬᠤᠳᠠᠯᠳᠤᠠᠭ᠋ᠨ ᠤ ᠶᠠᠪᠤᠳᠠᠯ᠂ ᠠᠷᠠᠯᠵᠢᠶ᠎ᠠ ᠬᠤᠳᠠᠯᠳᠤᠠᠭ᠋ᠨ ᠤ ᠡᠳ᠋ ᠪᠠᠷᠠᠭᠠᠨ ᠤ ᠭᠦᠢᠯᠭᠡᠭᠡ᠂ ᠬᠠᠩᠭᠠᠯᠭ᠎ᠠ ᠶᠢᠨ | ᠬᠡᠯᠬᠢᠶᠡᠨ ᠤ ᠦᠢᠯᠡᠴᠢᠯᠡᠭᠡ ᠵᠡᠷᠭᠡ ᠬᠦᠷᠢᠶ᠎ᠡ ᠴᠠᠷᠠᠭᠠᠨ ᠳᠠᠬᠢ ᠪᠠᠷᠢᠮᠵᠢᠶ᠎ᠠ ᠶᠢᠨ ᠰᠢᠰᠲ᠋ᠧᠮᠵᠢ ᠶᠢ ᠲᠦᠷᠭᠡᠳᠭᠡᠨ | ᠪᠠᠶᠢᠭᠤᠯᠵᠤ᠂ ᠣᠷᠣᠨ ᠨᠤᠲᠤᠭ ᠤᠨ ᠪᠠᠷᠢᠮᠵᠢᠶ᠎ᠠ ᠲᠣᠭᠲᠠᠭᠠᠬᠤ ᠶᠢ ᠴᠢᠩᠭᠠᠳᠬᠠᠵᠤ᠂ ᠪᠠᠷᠢᠮᠵᠢᠶ᠎ᠠ ᠶᠢᠨ | ᠬᠡᠷᠡᠭᠵᠢᠭᠦᠯᠦᠯᠲᠡ ᠬᠡᠷᠡᠭᠯᠡᠯᠲᠡ ᠶᠢ ᠴᠢᠩᠭᠠᠷᠠᠭᠤᠯᠤᠨ᠎ᠠ᠃ ᠠᠷᠪᠠ ᠳᠤ ᠲᠤᠭ᠎ᠠ ᠪᠦᠷᠢᠳᠬᠡᠯ ᠤᠨ ᠰᠢᠨᠵᠢᠯᠲᠡ ᠶᠢ | ᠴᠢᠩᠭᠠᠳᠬᠠᠨ᠎ᠠ᠃ ᠵᠢᠵᠢᠭᠯᠡᠨ ᠬᠤᠳᠠᠯᠳᠤᠬᠤ ᠦᠢᠯᠡᠰ ᠤᠨ ᠲᠤᠭ᠎ᠠ ᠪᠦᠷᠢᠳᠬᠡᠯ ᠤᠨ ᠬᠢᠨᠠᠨ ᠰᠢᠨᠵᠢᠯᠲᠡ ᠪᠠ | ᠠᠵᠢᠯᠯᠠᠭᠠᠨ ᠢ ᠰᠢᠨᠵᠢᠯᠡᠨ ᠵᠠᠳᠠᠯᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠵᠢᠵᠢᠭᠯᠡᠨ ᠬᠤᠳᠠᠯᠳᠤᠬᠤ | ᠦᠢᠯᠡᠰ ᠤᠨ ᠬᠥᠭᠵᠢᠯᠲᠡ ᠶᠢᠨ ᠣᠷᠴᠢᠨ ᠨᠥᠬᠦᠴᠡᠯ ᠢ ᠲᠤᠰᠬᠠᠭᠰᠠᠨ ᠦᠨᠡᠯᠡᠯᠲᠡ ᠶᠢᠨ ᠭᠦᠢᠴᠡᠳᠬᠡᠯ ᠲᠣᠭᠠᠨ ᠤ | ᠰᠢᠰᠲ᠋ᠧᠮᠵᠢ ᠶᠢ ᠪᠠᠶᠢᠭᠤᠯᠤᠨ᠎ᠠ᠃ ᠠᠷᠪᠠᠨ ᠨᠢᠭᠡ ᠳᠤ ᠤᠯᠠᠨ ᠨᠡᠶᠢᠲᠡ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠎ᠡ᠃ | ᠬᠤᠳᠠᠯᠳᠤᠭᠠᠨ ᠤ ᠶᠠᠪᠤᠳᠠᠯ ᠤᠨ ᠤᠯᠠᠨ ᠨᠡᠶᠢᠳᠡ ᠶᠢᠨ ᠦᠢᠯᠡᠴᠢᠯᠡᠭᠡᠨ ᠤ ᠡᠭᠦᠯᠡᠨ ᠲᠠᠪᠴᠠᠩ ᠢ ᠰᠤᠳᠤᠯᠤᠨ | ᠪᠠᠶᠢᠭᠤᠯᠵᠤ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ ᠣᠯᠠᠨ ᠠᠷᠭ᠎ᠠ ᠵᠠᠮ ᠢᠶᠠᠷ ᠠᠵᠤ | ᠠᠬᠤᠶᠢᠯᠠᠯ ᠤᠨ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠳᠤ ᠮᠡᠷᠭᠡᠵᠢᠯ᠂ ᠬᠠᠮᠢᠶᠠᠷᠤᠯᠲᠠ᠂ ᠯᠠᠪᠯᠠᠭ᠎ᠠ᠂ | ᠮᠡᠳᠡᠭᠡ ᠵᠠᠩᠭᠢ ᠵᠡᠷᠭᠡ ᠨᠢᠭᠡ ᠴᠤᠭᠴᠠᠵᠢᠭᠰᠠᠨ ᠲᠤᠯᠭᠠᠭᠤᠷᠢᠯᠠᠯ ᠪᠣᠯᠬᠤ ᠦᠢᠯᠡᠴᠢᠯᠡᠭᠡ ᠬᠠᠩᠭᠠᠨ᠎ᠠ᠃ ᠠᠷᠪᠠᠨ ᠬᠤᠶᠠᠷ | ᠲᠤ ᠪᠣᠯᠪᠠᠰᠤᠷᠠᠭᠤᠯᠵᠤ ᠰᠣᠯᠢᠯᠴᠠᠬᠤ ᠶᠢ ᠴᠢᠩᠭᠠᠳᠬᠠᠨ᠎ᠠ᠃ ᠤᠯᠠᠨ ᠠᠷᠭ᠎ᠠ ᠵᠠᠮ ᠢᠶᠠᠷ ᠲᠤᠬᠠᠶᠢᠯᠠᠭᠰᠠᠨ ᠠᠵᠢᠯ ᠤᠨ | ᠰᠣᠯᠢᠯᠴᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠲᠤᠰᠬᠠᠶ ᠮᠡᠷᠭᠡᠵᠢᠯ ᠤᠨ ᠴᠢᠨᠠᠷᠲᠠᠢ ᠮᠡᠷᠭᠡᠵᠢᠯ ᠤᠨ ᠴᠢᠳᠠᠪᠤᠷᠢᠲᠠᠨ ᠢ | ᠬᠥᠮᠦᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠬᠠᠮ ᠬᠡᠯᠪᠡᠷᠢ ᠶᠢᠨ ᠳᠡᠭᠡᠳᠦ ᠲᠡᠰ ᠤᠨ ᠴᠢᠳᠠᠪᠤᠷᠢᠲᠠᠨ ᠢ | ᠵᠣᠬᠢᠰᠲᠠᠶ ᠰᠢᠯᠵᠢᠭᠦᠯᠬᠦ ᠶᠢ ᠠᠬᠢᠭᠤᠯᠵᠤ᠂ ᠤᠯᠠᠨ ᠳᠡᠰ ᠳᠠᠪᠬᠤᠷᠭ᠎ᠠ ᠪᠦᠬᠦᠢ ᠵᠢᠵᠢᠭᠯᠡᠨ ᠬᠤᠳᠠᠯᠳᠤᠬᠤ ᠦᠢᠯᠡᠰ ᠤᠨ | ᠴᠢᠳᠠᠪᠤᠷᠢᠲᠠᠨ ᠤ ᠡᠩᠨᠡᠭᠡ ᠶᠢ ᠪᠦᠷᠢᠨᠰᠢᠭᠦᠯᠵᠦ᠂ ᠠᠵᠢᠯᠯᠠᠭᠴᠢᠳ ᠤᠨ ᠰᠢᠨ᠎ᠡ ᠶᠢ ᠡᠭᠦᠳᠬᠦ ᠶᠡᠷᠦᠩᠬᠡᠶᠢᠯᠡᠭᠰᠡᠨ | ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠠᠷᠪᠠᠨ ᠭᠤᠷᠪᠠ ᠳᠤ ᠬᠡᠪ ᠳᠠᠭᠤᠷᠢᠶᠠᠯ ᠢᠶᠠᠷ ᠳᠠᠶᠢᠴᠢᠯᠠᠨ ᠳᠠᠭᠠᠭᠤᠯᠬᠤ ᠶᠢ | ᠲᠦᠭᠡᠮᠡᠯᠵᠢᠭᠦᠯᠦᠨ᠎ᠡ᠃ ᠲᠣᠪᠣᠶᠢᠮ᠎ᠠ ᠣᠨᠴᠠᠯᠢᠭ ᠪᠠ ᠲᠥᠯᠥᠭᠡᠯᠡᠬᠦ ᠴᠢᠨᠠᠷ ᠪᠦᠬᠦᠢ ᠠᠶᠢᠮᠠᠭ ᠬᠤᠳᠠ ᠪᠤᠶᠤ | ᠬᠤᠳᠠᠯᠳᠤᠭᠠᠨ ᠤ ᠬᠦᠷᠢᠶᠡᠨ ᠤ ᠬᠢᠨ ᠢ ᠰᠣᠩᠭᠤᠵᠤ᠂ ᠵᠢᠵᠢᠭᠯᠡᠨ ᠬᠤᠳᠠᠯᠳᠤᠬᠤ ᠠᠵᠤ ᠠᠬᠤᠶᠢᠯᠠᠯ ᠳᠤ ᠬᠡᠯᠪᠡᠷᠢ ᠪᠠᠨ | ᠬᠤᠪᠢᠷᠠᠭᠤᠯᠵᠤ ᠰᠢᠨ᠎ᠡ ᠶᠢ ᠡᠭᠦᠳᠬᠦ ᠲᠤᠷᠰᠢᠯᠲᠠ ᠶᠢ ᠥᠷᠨᠢᠭᠦᠯᠵᠦ᠂ ᠬᠡᠪ ᠳᠠᠭᠤᠷᠢᠶᠠᠯ ᠢᠶᠠᠷ ᠰᠢᠨ᠎ᠡ ᠶᠢ ᠡᠭᠦᠳᠦᠨ | ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ ᠳᠠᠭᠠᠭᠤᠯᠤᠨ᠎ᠠ᠃ | ᠬᠦᠲᠦᠯᠦᠭᠴᠢ᠄ | ᠰᠦᠯᠵᠢᠶᠡᠨ ᠪᠣᠷᠣᠯᠠᠭᠤᠯᠭ᠎ᠠ ᠶᠢᠨ ᠲᠦᠷᠭᠡᠨ ᠬᠥᠭᠵᠢᠯᠲᠡ ᠨᠢ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ | ᠦᠢᠯᠡᠰ ᠲᠤ ᠶᠠᠮᠠᠷ ᠶᠠᠮᠠᠷ ᠳᠠᠭᠠᠷᠢᠯᠲᠠ ᠠᠪᠴᠢᠷᠠᠭᠰᠠᠨ ᠪᠣᠢ︖ | ᠯᠢ ᠵᠢᠶᠦ᠋ᠨ᠄ | ᠣᠶᠢᠷ᠎ᠠ ᠶᠢᠨ ᠵᠢᠯ ᠳᠤ᠂ ᠰᠦᠯᠵᠢᠶᠡᠨ ᠳᠤ ᠵᠢᠵᠢᠭᠯᠡᠨ ᠬᠤᠳᠠᠯᠳᠤᠬᠤ ᠮᠠᠰᠢ ᠲᠦᠷᠭᠡᠨ ᠢᠶᠠᠷ ᠬᠦᠭᠵᠢᠵᠦ᠂ | ᠪᠣᠳᠠᠲᠤ ᠴᠣᠭᠴᠠᠲᠤ ᠳᠡᠯᠭᠡᠭᠦᠷ ᠤᠨ ᠨᠡᠮᠡᠭᠳᠡᠯ ᠤᠨ ᠬᠤᠷᠳᠤᠴᠠ ᠬᠠᠷᠢᠨ ᠬᠠᠷᠢᠴᠠᠩᠭᠤᠶ ᠪᠠᠷ ᠤᠳᠠᠭᠠᠰᠢᠷᠠᠨ᠂ | ᠬᠤᠶᠠᠭᠤᠯᠠ ᠶᠢᠨ ᠬᠤᠭᠤᠷᠤᠨᠳᠤ ᠢᠯᠡ ᠲᠣᠳᠣ ᠬᠠᠷᠢᠴᠠᠭᠤᠯᠤᠯ ᠪᠣᠯᠵᠠᠢ᠃ ᠵᠠᠷᠢᠮ ᠲᠤᠰᠬᠠᠶ ᠮᠡᠷᠭᠡᠵᠢᠯᠲᠡᠨ᠂ ᠠᠵᠤ | ᠠᠬᠤᠶᠢᠯᠠᠯᠲᠠᠨ᠂ ᠨᠡᠶᠢᠭᠡᠮ ᠤᠨ ᠬᠦᠮᠦᠰ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢ ᠡᠰᠡᠷᠭᠦ ᠳᠡᠰᠡᠷᠭᠦ | ᠪᠠᠶᠢᠷᠢᠨ ᠳᠤ ᠲᠠᠯᠪᠢᠵᠤ᠂ ᠰᠦᠯᠵᠢᠶᠡᠨ ᠳᠤ ᠵᠢᠵᠢᠭᠯᠡᠨ ᠬᠤᠳᠠᠯᠳᠤᠬᠤ ᠨᠢ ᠪᠣᠳᠠᠲᠤ ᠴᠣᠭᠴᠠᠲᠤ ᠳᠡᠯᠭᠡᠭᠦᠷ ᠲᠤ ᠮᠠᠰᠢ | ᠶᠡᠭᠡ ᠳᠠᠷᠤᠯᠲᠠ ᠠᠪᠴᠢᠷᠠᠨ᠂ ᠨᠡᠩ ᠴᠢᠨᠠᠭᠰᠢᠯᠠᠪᠠᠯ ᠰᠦᠯᠵᠢᠶᠡᠨ ᠳᠤ ᠵᠢᠵᠢᠭᠯᠡᠨ ᠬᠤᠳᠠᠯᠳᠤᠬᠤ ᠨᠢ ᠪᠣᠳᠠᠲᠤ | ᠴᠣᠭᠴᠠᠲᠤ ᠳᠡᠯᠭᠡᠭᠦᠷ ᠢ ᠣᠷᠣᠯᠠᠬᠤ ᠶᠤᠮ ᠭᠡᠵᠦ ᠦᠵᠡᠴᠢᠬᠡᠵᠡᠢ᠃ ᠪᠠᠶᠢᠴᠠᠭᠠᠨ ᠰᠣᠳᠤᠯᠤᠯᠲᠠ ᠠᠴᠠ ᠦᠵᠡᠪᠡᠯ᠂ | ᠰᠦᠯᠵᠢᠶᠡᠨ ᠵᠠᠬᠢᠶᠠᠯᠠᠭ᠎ᠠ ᠶᠢᠨ ᠬᠥᠭᠵᠢᠯᠲᠡ ᠶᠢᠨ ᠠᠩᠬᠠᠨ ᠤ ᠬᠤᠭᠤᠴᠠᠭᠠᠨ ᠳᠤ᠂ ᠰᠦᠯᠵᠢᠶᠡᠨ ᠳᠠᠬᠢ ᠪᠠ | ᠰᠦᠯᠵᠢᠶᠡᠨ ᠤ ᠭᠠᠳᠠᠭᠤᠷᠬᠢ ᠥᠷᠢᠰᠥᠯᠳᠦᠭᠡᠨ ᠥᠨᠡᠨᠬᠦ ᠣᠷᠤᠰᠢᠳᠠᠭ᠃ ᠭᠡᠪᠡᠴᠦ ᠰᠦᠯᠵᠢᠶᠡᠨ ᠵᠠᠬᠢᠶᠠᠯᠠᠭ᠎ᠠ ᠶᠢᠨ | ᠲᠠᠰᠤᠷᠠᠯᠲᠠ ᠦᠭᠡᠢ ᠬᠥᠭᠵᠢᠬᠦ ᠶᠢ ᠳᠠᠭᠠᠯᠳᠤᠨ᠂ ᠡᠶᠢᠮᠦ ᠥᠷᠢᠰᠥᠯᠳᠦᠭᠡᠨ ᠨᠢ ᠠᠯᠬᠤᠮ ᠠᠯᠬᠤᠮ ᠢᠶᠠᠷ | ᠬᠤᠷᠰᠢᠯᠴᠠᠭ᠎ᠠ᠂ ᠠᠭᠤᠰᠤᠯᠴᠠᠭ᠎ᠠ ᠪᠣᠯᠵᠤ ᠬᠤᠪᠢᠷᠠᠨ᠎ᠠ᠃ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ | ᠠᠭᠤᠰᠤᠯᠴᠠᠨ ᠬᠦᠭᠵᠢᠬᠦ ᠨᠢ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠦᠬᠦᠪᠦᠷᠢᠯᠡᠳᠡᠭ ᠠᠴᠠ ᠡᠨᠡ ᠨᠢ ᠵᠢᠵᠢᠭᠯᠡᠨ | ᠬᠤᠳᠠᠯᠳᠤᠬᠤ ᠦᠢᠯᠡᠰ ᠤᠨ ᠢᠷᠡᠭᠡᠳᠦᠶ ᠶᠢᠨ ᠬᠥᠭᠵᠢᠬᠦ ᠬᠠᠨᠳᠤᠰᠢ ᠪᠣᠯᠬᠤ ᠶᠤᠮ᠃ ᠵᠢᠱᠢᠶᠡᠯᠡᠪᠡᠯ ᠰᠦᠯᠵᠢᠶᠡᠨ ᠳᠤ | ᠬᠤᠳᠠᠯᠳᠤᠬᠤ ᠶᠢᠨ ᠳᠠᠪᠠᠭᠤᠯᠢᠭ ᠨᠢ ᠲᠠᠸᠠᠷ ᠤᠨ ᠭᠦᠢᠯᠭᠡᠭᠡᠨ᠂ ᠮᠡᠳᠡᠭᠡ ᠵᠠᠩᠭᠢ ᠶᠢᠨ ᠭᠦᠢᠯᠭᠡᠭᠡᠨ ᠪᠣᠯᠤᠨ ᠪᠡᠯᠡ | ᠮᠦᠩᠭᠦᠨ ᠤ ᠭᠦᠢᠯᠭᠡᠭᠡᠨ ᠪᠣᠯᠣᠨ᠎ᠠ᠃ ᠲᠠᠸᠠᠷ ᠤᠨ ᠭᠦᠢᠯᠭᠡᠭᠡᠨ ᠤ ᠲᠠᠯ᠎ᠠ ᠪᠠᠷ᠂ ᠰᠦᠯᠵᠢᠶᠡᠨ ᠵᠠᠬᠢᠶᠠᠯᠠᠭ᠎ᠠ ᠨᠢ | ᠵᠠᠪᠰᠠᠷ ᠤᠨ ᠭᠤᠭᠴᠤᠭ᠎ᠠ ᠶᠢ ᠴᠥᠬᠡᠳᠬᠡᠵᠦ᠂ ᠦᠢᠯᠡᠳᠪᠦᠷᠢᠯᠡᠭᠴᠢ ᠪᠣᠯᠣᠨ ᠬᠡᠷᠡᠭᠯᠡᠭᠴᠢ ᠶᠢ ᠰᠢᠭᠤᠳ ᠵᠤᠯᠭᠠᠭᠤᠯᠤᠨ᠎ᠠ᠃ | ᠮᠡᠳᠡᠭᠡ ᠵᠠᠩᠭᠢ ᠶᠢᠨ ᠭᠦᠢᠯᠭᠡᠭᠡᠨ ᠤ ᠲᠠᠯ᠎ᠠ ᠪᠠᠷ᠂ ᠰᠦᠯᠵᠢᠶᠡᠨ ᠵᠠᠬᠢᠶᠠᠯᠠᠭ᠎ᠠ ᠶᠢᠨ ᠮᠡᠳᠡᠭᠡ ᠵᠠᠩᠭᠢ ᠳᠤ | ᠬᠡᠷᠡᠭᠯᠡᠭᠴᠢᠳ ᠤᠨ ᠨᠠᠰᠤ ᠵᠢᠯ᠂ ᠠᠵᠢᠯ ᠮᠡᠷᠭᠡᠵᠢᠯ᠂ ᠬᠦᠢᠰᠦ ᠢᠯᠭᠠᠯ᠂ ᠣᠷᠣᠨ ᠪᠦᠰᠡ ᠲᠣᠳᠣ ᠢᠯᠡᠷᠡᠳᠡᠭ ᠪᠠ | ᠡᠳᠡᠭᠡᠷ ᠮᠡᠳᠡᠭᠡ ᠵᠠᠩᠭᠢ ᠨᠢ ᠴᠢᠪ ᠬᠡᠮᠡᠨ ᠬᠡᠷᠡᠭᠯᠡᠭᠡ ᠶᠢᠨ ᠬᠠᠨᠳᠤᠯᠭ᠎ᠠ ᠶᠢ ᠲᠤᠰᠬᠠᠵᠤ ᠴᠢᠳᠠᠳᠠᠭ᠃ ᠪᠡᠯᠡ | ᠮᠥᠩᠭᠦᠨ ᠤ ᠭᠦᠢᠯᠭᠡᠭᠡᠨ ᠤ ᠲᠠᠯ᠎ᠠ ᠪᠠᠷ᠂ ᠲᠣᠭᠠᠴᠠᠭ᠎ᠠ ᠬᠢᠬᠦ ᠳᠤ ᠳᠥᠭᠦᠮ ᠮᠦᠷᠲᠡᠭᠡᠨ ᠲᠥᠷᠭᠡᠨ ᠪᠣᠯᠣᠭᠰᠠᠨ ᠠᠴᠠ | ᠳᠠᠪᠠᠭᠤᠯᠢᠭ ᠨᠢ ᠨᠡᠩ ᠴᠦ ᠢᠯᠡᠷᠬᠡᠢ ᠪᠣᠯᠵᠠᠢ᠃ ᠬᠠᠷᠢᠨ ᠪᠣᠳᠠᠲᠤ ᠴᠣᠭᠴᠠᠲᠤ ᠳᠡᠯᠭᠡᠭᠦᠷ ᠨᠢ ᠪᠠᠷᠠᠭᠠᠨ ᠤ ᠭᠦᠢᠯᠭᠡᠭᠡᠨ᠂ | ᠦᠢᠯᠡᠴᠢᠯᠡᠭᠡ ᠪᠣᠯᠤᠨ ᠪᠡᠶᠡᠴᠢᠯᠡᠨ ᠣᠷᠤᠯᠴᠠᠬᠤ ᠲᠠᠯ᠎ᠠ ᠪᠠᠷ ᠳᠠᠪᠠᠭᠤᠯᠢᠭ ᠪᠠᠶᠢᠷᠢ ᠶᠢ ᠡᠵᠡᠯᠡᠳᠡᠭ᠃ ︽ᠬᠠᠮᠤᠭ ᠤᠨ | ᠡᠴᠦᠰ ᠤᠨ ᠨᠢᠭᠡ ᠺᠢᠯᠣᠮᠧᠲᠷ︾ ᠬᠦᠷᠲᠡᠯ᠎ᠡ ᠲᠣᠬᠢᠷᠠᠭᠤᠯᠤᠨ ᠬᠦᠷᠭᠡᠬᠦ ᠱᠠᠭᠠᠷᠳᠠᠯᠭ᠎ᠠ ᠦᠭᠡᠢ ᠠᠴᠠ᠂ ᠪᠣᠳᠠᠲᠤ | ᠴᠣᠭᠴᠠᠲᠤ ᠳᠡᠯᠭᠡᠭᠦᠷ ᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠨᠢ ᠰᠦᠯᠵᠢᠶᠡᠨ | ᠵᠠᠬᠢᠶᠠᠯᠠᠭ᠎ᠠ ᠶᠢᠨ ᠬᠢ ᠠᠴᠠ ᠬᠤᠯᠠ ᠳᠣᠣᠷ᠎ᠠ ᠶᠤᠮ᠃ ᠬᠡᠷᠪᠡ ᠪᠣᠳᠠᠲᠤ ᠴᠣᠭᠴᠠᠲᠤ ᠳᠡᠯᠭᠡᠭᠦᠷ ᠤᠨ ᠲᠠᠷᠬᠠᠯᠲᠠ ᠨᠢ | ᠵᠢᠭᠳᠡ᠂ ᠰᠦᠯᠵᠢᠶᠡᠨ ᠳᠤ ᠵᠠᠬᠢᠶᠠᠯᠠᠪᠠᠯ ᠳᠡᠯᠭᠡᠭᠦᠷ ᠠᠴᠠ ᠠᠪᠬᠤ᠂ ᠰᠦᠯᠵᠢᠶᠡᠨ ᠳᠤ ᠵᠠᠬᠢᠶᠠᠯᠠᠪᠠᠯ ᠳᠡᠯᠭᠡᠭᠦᠷ ᠨᠢ | ᠬᠦᠷᠭᠡᠬᠦ ᠶᠢ ᠬᠥᠭᠵᠢᠭᠦᠯᠪᠡᠯ᠂ ᠪᠠᠷᠠᠭᠠᠨ ᠤ ᠭᠦᠢᠯᠭᠡᠭᠡᠨ ᠤ ᠳᠠᠪᠠᠭᠤᠯᠢᠭ ᠢ ᠢᠯᠡᠳᠲᠡ ᠪᠠᠳᠠᠷᠠᠭᠤᠯᠬᠤ ᠪᠣᠯᠣᠨ᠎ᠠ᠃ | ᠡᠭᠦᠨ ᠠᠴᠠ ᠭᠠᠳᠠᠨ᠎ᠠ᠂ ᠦᠢᠯᠡᠴᠢᠯᠡᠭᠡ᠂ ᠪᠡᠶᠡᠴᠢᠯᠡᠨ ᠣᠷᠤᠯᠴᠠᠬᠤ ᠶᠢ ᠪᠦᠷ ᠨᠢᠭᠤᠷᠳᠠᠵᠤ ᠭᠦᠢᠴᠡᠳᠬᠡᠳᠡᠭ ᠲᠤᠯᠠ | ᠪᠣᠳᠠᠲᠤ ᠴᠣᠭᠴᠠᠲᠤ ᠳᠡᠯᠭᠡᠭᠦᠷ ᠤᠨ ᠳᠠᠪᠠᠭᠤᠯᠢᠭ ᠨᠡᠩ ᠴᠦ ᠳᠤᠪᠤᠶᠢᠮ᠎ᠡ ᠪᠣᠯᠵᠠᠢ᠃ ᠬᠡᠷᠪᠡ ᠰᠦᠯᠵᠢᠶᠡᠨ ᠳᠠᠬᠢ | ᠲᠠᠸᠠᠷ ᠤᠨ ᠭᠦᠢᠯᠭᠡᠭᠡᠨ᠂ ᠮᠡᠳᠡᠭᠡ ᠵᠠᠩᠭᠢ ᠶᠢᠨ ᠭᠦᠢᠯᠭᠡᠭᠡᠨ᠂ ᠪᠡᠯᠡ ᠮᠦᠩᠭᠦᠨ ᠤ ᠭᠦᠢᠯᠭᠡᠭᠡᠨ ᠤ ᠳᠠᠪᠠᠭᠤᠯᠢᠭ | ᠬᠢᠭᠡᠳ ᠰᠦᠯᠵᠢᠶᠡᠨ ᠠᠴᠠ ᠭᠠᠳᠠᠭᠤᠷᠬᠢ ᠪᠠᠷᠠᠭᠠᠨ ᠤ ᠭᠦᠢᠯᠭᠡᠭᠡᠨ᠂ ᠦᠢᠯᠡᠴᠢᠯᠡᠭᠡ᠂ ᠪᠡᠶᠡᠴᠢᠯᠡᠨ ᠣᠷᠤᠯᠴᠠᠬᠤ ᠶᠢᠨ | ᠳᠠᠪᠠᠭᠤᠯᠢᠭ ᠢ ᠨᠢᠭᠲᠠ ᠤᠶᠠᠯᠳᠤᠭᠤᠯᠪᠠᠯ᠂ ᠵᠢᠵᠢᠭᠯᠡᠨ ᠬᠤᠳᠠᠯᠳᠤᠬᠤ ᠦᠢᠯᠡᠰ ᠤᠨ ᠳᠠᠪᠠᠭᠤᠯᠢᠭ ᠦᠳᠲᠡᠷ | ᠲᠣᠳᠣᠷᠠᠵᠤ᠂ ︽ᠭᠦᠢᠯᠭᠡᠭᠡᠨ ᠤ ᠬᠤᠪᠢᠰᠬᠠᠯ︾ ᠤᠳᠠᠯ ᠦᠭᠡᠢ ᠬᠦᠷᠴᠦ ᠢᠷᠡᠬᠦ ᠪᠣᠯᠣᠨ᠎ᠠ᠃ ︽ᠬᠡᠷᠡᠭᠵᠢᠭᠦᠯᠬᠦ | ᠲᠥᠰᠦᠯ︾ ᠨᠢ ᠰᠦᠯᠵᠢᠶᠡᠨ ᠳᠠᠬᠢ ᠪᠠ ᠰᠦᠯᠵᠢᠶᠡᠨ ᠠᠴᠠ ᠭᠠᠳᠠᠭᠤᠷᠬᠢ ᠶᠢ ᠠᠭᠤᠰᠤᠯᠴᠠᠭᠤᠯᠬᠤ ᠪᠠ | ᠵᠣᠬᠢᠴᠠᠭᠤᠯᠤᠨ ᠬᠥᠭᠵᠢᠭᠦᠯᠬᠦ ᠵᠣᠷᠢᠯᠭ᠎ᠠ ᠲᠠᠢ᠃ | ᠬᠦᠲᠦᠯᠦᠭᠴᠢ᠄ | ᠳᠠᠷᠠᠭᠠᠴᠢ ᠪᠠᠷ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠳᠤ ᠰᠢᠨ᠎ᠡ ᠶᠢ ᠡᠭᠦᠳᠦᠨ ᠬᠡᠯᠪᠡᠷᠢ ᠶᠢ ᠨᠢ | ᠬᠤᠪᠢᠷᠠᠭᠤᠯᠬᠤ ᠶᠢ ᠠᠬᠢᠭᠤᠯᠬᠤ ᠲᠠᠯ᠎ᠠ ᠪᠠᠷ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠨᠢ | ᠶᠠᠮᠠᠷ ᠦᠢᠯᠡᠳᠦᠯ ᠪᠠᠳᠠᠷᠠᠭᠤᠯᠬᠤ ᠪᠤᠢ︖ | ᠯᠢ ᠵᠢᠶᠦ᠋ᠨ᠄ | ᠵᠠᠰᠠᠭ ᠤᠨ ᠣᠷᠳᠣᠨ ᠭᠤᠣᠯᠳᠠᠭᠤ ᠬᠠᠨᠳᠤᠰᠢ ᠶᠢ ᠨᠢ ᠲᠣᠭᠲᠠᠭᠠᠬᠤ᠂ ᠣᠷᠴᠢᠨ ᠨᠥᠬᠦᠴᠡᠯ ᠢ ᠨᠢ ᠡᠭᠦᠳᠴᠦ | ᠥᠭᠬᠦ᠂ ᠤᠯᠠᠨ ᠨᠡᠶᠢᠲᠡ ᠶᠢᠨ ᠦᠢᠯᠡᠴᠢᠯᠡᠭᠡᠨ ᠪᠠ ᠲᠦᠷᠦ ᠶᠢᠨ ᠪᠤᠳᠤᠯᠭ᠎ᠠ ᠪᠠᠷ ᠠᠬᠢᠭᠤᠯᠬᠤ ᠲᠠᠯ᠎ᠠ ᠳᠤ ᠰᠠᠶᠢᠲᠤᠷ | ᠠᠵᠢᠯ ᠬᠢᠬᠦ ᠴᠢᠬᠤᠯᠠᠲᠠᠢ᠃ ᠨᠢᠭᠡ ᠳᠤ ᠴᠢᠭᠯᠡᠯ ᠢ ᠨᠢ ᠲᠣᠭᠲᠠᠭᠠᠨ᠎ᠠ᠃ ᠠᠵᠤ ᠠᠬᠤᠶᠢᠯᠠᠯ ᠢ ᠬᠥᠲᠥᠯᠥᠨ | ᠵᠢᠯᠣᠭᠤᠳᠴᠤ ᠪᠠᠶᠢᠭᠠᠳ ᠬᠡᠷᠡᠭᠯᠡᠭᠡᠨ ᠤ ᠬᠡᠷᠡᠭᠴᠡᠭᠡ ᠱᠠᠭᠠᠷᠳᠠᠯᠭ᠎ᠠ ᠶᠢᠨ ᠰᠢᠨ᠎ᠡ ᠬᠤᠪᠢᠷᠠᠯᠲᠠ ᠳᠤ ᠰᠠᠭᠤᠷᠢᠯᠠᠭᠤᠯᠵᠤ᠂ | ᠢᠨᠲ᠋ᠧᠷ ᠰᠦᠯᠵᠢᠶ᠎ᠡ᠂ ᠪᠣᠳᠠᠰᠯᠢᠭ ᠬᠤᠯᠪᠣᠭᠠᠲᠤ ᠰᠦᠯᠵᠢᠶ᠎ᠡ᠂ ᠲᠤᠮᠤ ᠳ᠋ᠠᠶᠢᠲ᠋ᠠ ᠵᠡᠷᠭᠡ ᠣᠲᠣ ᠦᠶ᠎ᠡ ᠶᠢᠨ ᠮᠡᠳᠡᠭᠡ | ᠵᠠᠩᠭᠢ ᠶᠢᠨ ᠮᠡᠷᠭᠡᠵᠢᠯ ᠢ ᠬᠡᠷᠡᠭᠯᠡᠵᠦ ᠳᠤᠲᠠᠭᠤᠳᠠᠯ ᠢᠶᠠᠨ ᠨᠦᠬᠦᠪᠦᠷᠢᠯᠡᠨ᠂ ᠳᠠᠪᠠᠭᠤᠯᠢᠭ ᠢᠶᠠᠨ ᠨᠡᠮᠡᠭᠳᠡᠭᠦᠯᠵᠦ᠂ | ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ ᠠᠭᠤᠰᠤᠯᠴᠠᠨ ᠬᠥᠭᠵᠢᠬᠦ ᠶᠢ ᠪᠡᠶᠡᠯᠡᠭᠦᠯᠬᠦ ᠬᠡᠷᠡᠭᠲᠡᠶ᠃ | ᠬᠤᠶᠠᠷ ᠲᠤ ᠣᠷᠴᠢᠨ ᠨᠥᠬᠦᠴᠡᠯ ᠢ ᠡᠭᠦᠳᠴᠦ ᠥᠭᠭᠦᠨ᠎ᠡ᠃ ᠲᠣᠣᠷ ᠴᠢᠭ᠋ ᠤᠨ ᠲᠥᠯᠥᠪᠵᠢᠭᠦᠯᠭᠡ ᠶᠢ ᠰᠢᠨᠵᠢᠯᠡᠬᠦ | ᠤᠬᠠᠭᠠᠨᠴᠢ ᠪᠠᠷ ᠲᠣᠭᠲᠠᠭᠠᠬᠤ ᠪᠠᠷ ᠳᠠᠮᠵᠢᠨ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠵᠣᠬᠢᠰᠲᠠᠶ | ᠪᠠᠷ ᠪᠠᠶᠢᠷᠢᠯᠠᠭᠤᠯᠵᠦ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ ᠨᠢᠭᠡ ᠴᠣᠭᠴᠠᠵᠢᠭᠰᠠᠨ ᠬᠢᠨᠠᠨ | ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ ᠲᠥᠪ ᠭᠤᠣᠯᠴᠢ ᠪᠠᠷ ᠥᠷᠢᠰᠥᠯᠳᠦᠬᠦ ᠵᠠᠬ᠎ᠠ ᠳᠡᠯᠭᠡᠭᠦᠷ ᠤᠨ ᠣᠷᠴᠢᠨ | ᠨᠦᠭᠦᠴᠡᠯ ᠢ ᠡᠭᠦᠳᠴᠦ ᠥᠭᠬᠦ ᠬᠡᠷᠡᠭᠲᠡᠢ᠃ ᠭᠤᠷᠪᠠ ᠳᠤ ᠤᠯᠠᠨ ᠨᠡᠶᠢᠲᠡ ᠶᠢᠨ ᠦᠢᠯᠡᠴᠢᠯᠡᠭᠡᠨ ᠢ ᠴᠢᠩᠭᠠᠳᠬᠠᠨ᠎ᠠ᠃ | ᠵᠠᠰᠠᠭ ᠤᠨ ᠣᠷᠳᠣᠨ ᠨᠢ ᠠᠳᠠᠯᠢ ᠪᠤᠰᠤ ᠡᠵᠡᠩᠨᠡᠯᠲᠡ ᠶᠢᠨ ᠪᠠᠶᠢᠳᠠᠯ᠂ ᠣᠷᠣᠨ ᠪᠦᠰᠡ᠂ ᠲᠠᠸᠠᠷ ᠤᠨ ᠮᠡᠳᠡᠭᠡ | ᠵᠠᠩᠭᠢ ᠶᠢ ᠢᠯᠡ ᠪᠠᠷ ᠨᠡᠶᠢᠲᠡᠯᠡᠵᠦ᠂ ᠲᠣᠣᠷ ᠴᠢᠭ᠋ ᠢ ᠬᠥᠲᠥᠯᠥᠨ ᠵᠢᠯᠣᠭᠤᠳᠬᠤ ᠪᠠᠶᠢᠭᠠᠳ ᠵᠣᠬᠢᠰᠲᠠᠶ ᠪᠠᠷ | ᠪᠠᠶᠢᠷᠢᠯᠠᠭᠤᠯᠬᠤ ᠪᠠ ᠡᠷᠡᠭᠦᠯ ᠢᠶᠠᠷ ᠬᠥᠭᠵᠢᠭᠦᠯᠬᠦ ᠬᠡᠷᠡᠭᠲᠡᠶ᠃ ᠲᠦᠷᠪᠡ ᠳᠤ ᠲᠦᠷᠦ ᠶᠢᠨ ᠪᠤᠳᠤᠯᠭ᠎ᠠ ᠶᠢ | ᠲᠡᠭᠦᠯᠳᠡᠷᠵᠢᠭᠦᠯᠦᠨ᠎ᠡ᠃ ᠪᠣᠳᠠᠲᠤ ᠴᠣᠭᠴᠠᠲᠤ ᠵᠢᠵᠢᠭᠯᠡᠨ ᠬᠤᠳᠠᠯᠳᠤᠬᠤ ᠳᠤ ᠲᠤᠯᠭᠠᠷᠠᠵᠤ ᠪᠠᠶᠢᠭ᠎ᠠ ᠪᠠᠶᠢᠭᠤᠯᠤᠯ | ᠲᠣᠭᠲᠠᠴᠠ ᠶᠢᠨ ᠵᠠᠷᠢᠮ ᠰᠠᠭᠠᠳ ᠢ ᠠᠷᠢᠯᠭᠠᠬᠤ ᠬᠡᠷᠡᠭᠲᠡᠶ᠃ | ᠬᠦᠲᠦᠯᠦᠭᠴᠢ᠄ | ᠭᠠᠶᠢᠯᠢ ᠲᠠᠲᠠᠪᠤᠷᠢ ᠪᠣᠯᠣᠨ ᠬᠢᠨᠠᠯᠲᠠ ᠬᠠᠮᠢᠶᠠᠷᠤᠯᠲᠠ ᠶᠢᠨ ᠲᠠᠯ᠎ᠠ ᠪᠠᠷ ᠰᠦᠯᠵᠢᠶᠡᠨ ᠳᠠᠬᠢ ᠪᠠ ᠰᠦᠯᠵᠢᠶᠡᠨ ᠤ | ᠭᠠᠳᠠᠭᠤᠷᠬᠢ ᠳᠤ ᠭᠤᠣᠯᠴᠢ ᠪᠤᠰᠤ ᠥᠷᠢᠰᠥᠯᠳᠦᠭᠡᠨ ᠣᠷᠤᠰᠢᠵᠤ ᠪᠠᠶᠢᠨ᠎ᠠ ᠭᠡᠳᠡᠭ ᠬᠡᠯᠡᠯᠭᠡ ᠶᠢ ᠲᠠ ᠶᠠᠭᠠᠬᠢᠵᠤ | ᠦᠵᠡᠬᠦ ᠪᠤᠢ︖ | ᠯᠢ ᠵᠢᠶᠦ᠋ᠨ᠄ | ᠲᠥᠪ ᠭᠤᠣᠯᠴᠢ ᠥᠷᠢᠰᠥᠯᠳᠦᠭᠡᠨ ᠢ ᠬᠠᠮᠠᠭᠠᠯᠠᠨ᠂ ᠬᠠᠤᠯᠢ ᠪᠠᠷ ᠵᠠᠰᠠᠵᠢᠬᠤ ᠡᠵᠡᠩᠨᠡᠯᠲᠡ ᠶᠢᠨ ᠣᠷᠴᠢᠨ | ᠨᠦᠭᠦᠴᠡᠯ ᠢ ᠪᠠᠶᠢᠭᠤᠯᠬᠤ ᠨᠢ ᠤᠶᠢᠷ᠎ᠠ ᠶᠢᠨ ᠬᠡᠳᠦᠨ ᠵᠢᠯ ᠳᠠᠬᠢ ᠬᠤᠳᠠᠯᠳᠤᠭᠠᠨ ᠤ ᠶᠠᠪᠤᠳᠠᠯ ᠤᠨ ᠰᠠᠯᠠᠭ᠎ᠠ | ᠮᠥᠴᠢᠷ ᠤᠨ ᠨᠢᠭᠡᠨ ᠭᠤᠤᠯᠳᠠᠯᠭ᠎ᠠ ᠲᠠᠢ ᠠᠵᠢᠯ ᠪᠣᠯᠣᠨ᠎ᠠ᠃ ᠤᠯᠠᠮᠵᠢᠯᠠᠯᠲᠤ ᠬᠢᠨᠠᠨ ᠬᠠᠮᠢᠶᠠᠷᠬᠤ ᠵᠠᠭᠪᠤᠷ ᠢ ᠪᠣᠯ | ᠬᠠᠷᠢᠶ᠎ᠠ ᠭᠠᠵᠠᠷ ᠤᠨ ᠬᠠᠮᠢᠶᠠᠷᠤᠯᠲᠠ᠂ ᠡᠯ᠎ᠡ ᠵᠠᠩᠭᠢᠯᠠᠭ᠎ᠠ ᠶᠢᠨ ᠬᠠᠮᠢᠶᠠᠷᠤᠯᠲᠠ᠂ ᠠᠵᠢᠯ ᠲᠥᠷᠥᠯ ᠤᠨ ᠬᠠᠮᠢᠶᠠᠷᠤᠯᠲᠠ | ᠪᠠᠷ ᠵᠢᠷᠤᠵᠤ ᠲᠥᠯᠥᠪᠯᠡᠭᠰᠡᠨ ᠶᠤᠮ᠂ ᠬᠠᠷᠢᠨ ᠰᠦᠯᠵᠢᠶᠡᠨ ᠳᠠᠬᠢ ᠠᠵᠤ ᠠᠬᠤᠶᠢᠯᠠᠯ ᠨᠢ ᠣᠷᠣᠨ ᠪᠦᠰᠡ᠂ ᠡᠯ᠎ᠡ | ᠵᠠᠩᠭᠢᠯᠠᠭ᠎ᠠ᠂ ᠠᠵᠢᠯ ᠲᠥᠷᠥᠯ ᠳᠤ ᠬᠢᠵᠠᠭᠠᠷᠯᠠᠭᠳᠠᠬᠤ ᠦᠭᠡᠢ ᠪᠣᠯᠬᠤᠷ ᠲᠡᠭᠦᠨ ᠢ ᠬᠢᠨᠠᠨ ᠬᠠᠮᠢᠶᠠᠷᠬᠤ ᠳᠤ ᠬᠦᠴᠢᠷᠲᠡᠢ | ᠪᠣᠯᠵᠤ᠂ ᠰᠦᠯᠵᠢᠶᠡᠨ ᠳᠠᠬᠢ ᠪᠠ ᠰᠦᠯᠵᠢᠶᠡᠨ ᠤ ᠭᠠᠳᠠᠭᠤᠷᠬᠢ ᠶᠢᠨ ᠬᠢᠨᠠᠯᠲᠠ ᠬᠠᠮᠢᠶᠠᠷᠤᠯᠲᠠ ᠶᠢᠨ ᠢᠯᠭᠠᠭ᠎ᠠ ᠶᠢ ᠪᠣᠢ | ᠪᠣᠯᠭᠠᠵᠠᠢ᠃ ᠡᠨᠡᠬᠦ ᠦᠵᠡᠭᠳᠡᠯ ᠤᠨ ᠲᠤᠬᠠᠶ᠂ ᠣᠳᠣᠬᠠᠨ ᠳᠤ᠂ ᠬᠤᠳᠠᠯᠳᠤᠭᠠᠨ ᠤ ᠶᠠᠪᠤᠳᠠᠯ ᠤᠨ ᠶᠠᠮᠤᠨ ︽ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠠᠤᠯᠢ︾ ᠶᠢᠨ ᠬᠠᠤᠯᠢ ᠲᠣᠭᠲᠠᠭᠠᠬᠤ ᠠᠬᠢᠴᠠ ᠶᠢ ᠲᠥᠷᠭᠡᠳᠬᠡᠵᠦ᠂ | ︽ᠰᠦᠯᠵᠢᠶᠡᠨ ᠳᠤ ᠵᠢᠵᠢᠭᠯᠡᠨ ᠬᠤᠳᠠᠯᠳᠤᠬᠤ ᠶᠢ ᠭᠤᠷᠪᠠᠳᠡᠬᠢ ᠡᠲᠡᠭᠡᠳ ᠤᠨ ᠲᠠᠪᠴᠠᠩ ᠳᠤ ᠠᠷᠠᠯᠵᠢᠶᠠᠯᠠᠬᠤ | ᠲᠦᠷᠢᠮ ᠢ ᠲᠣᠭᠲᠠᠭᠠᠬᠤ ᠵᠢᠷᠤᠮ ᠤᠨ ᠲᠣᠭᠲᠠᠭᠠᠯ︾ ᠢ ᠨᠡᠶᠢᠲᠡᠯᠡᠨ᠂ ︽ᠡᠯᠧᠺᠲᠷᠣᠨ ᠬᠤᠳᠠᠯᠳᠤᠭᠠᠨ ᠤ ᠶᠠᠪᠤᠳᠠᠯ | ᠤᠨ ᠡᠵᠡᠩᠨᠡᠯᠲᠡ ᠶᠢᠨ ᠦᠢᠯᠡᠴᠢᠯᠡᠭᠡᠨ ᠤ ᠵᠢᠷᠤᠮᠵᠢᠯ︾ ᠵᠡᠷᠭᠡ ᠠᠯᠢ ᠤᠯᠠᠨ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ | ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ | ᠲᠦᠷᠢᠮ ᠤᠨ ᠪᠠᠲᠤᠯᠠᠭ᠎ᠠ ᠶᠢ ᠲᠠᠰᠤᠷᠠᠯᠲᠠ ᠦᠭᠡᠢ ᠪᠦᠷᠢᠨᠰᠢᠭᠦᠯᠵᠦ ᠪᠠᠶᠢᠨ᠎ᠠ᠃ ᠬᠤᠶᠠᠷ ᠲᠤ᠂ ᠢᠨᠲ᠋ᠧᠷ | ᠰᠦᠯᠵᠢᠶᠡᠨ ᠤ ᠬᠦᠷᠢᠶ᠎ᠡ ᠴᠠᠷᠠᠭᠠᠨ ᠳᠤ ᠡᠷᠬᠡ ᠠᠰᠢᠭ ᠲᠤ ᠬᠠᠯᠳᠠᠵᠤ ᠬᠠᠭᠤᠷᠮᠠᠭ ᠵᠦᠢᠯ ᠵᠣᠬᠢᠶᠠᠬᠤ ᠦᠢᠯᠡ | ᠠᠵᠢᠯᠯᠠᠭ᠎ᠠ ᠶᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠥᠷᠨᠢᠭᠦᠯᠪᠡ᠃ ᠭᠤᠷᠪᠠ ᠳᠤ᠂ ᠣᠷᠣᠨ ᠪᠦᠰᠡ ᠶᠢᠨ | ᠬᠠᠮᠵᠢᠯᠴᠠᠭ᠎ᠠ ᠶᠢ ᠠᠬᠢᠭᠤᠯᠵᠤ ᠡᠬᠢᠯᠡᠯ᠎ᠡ᠃ | ᠬᠦᠲᠦᠯᠦᠭᠴᠢ᠄ | ᠯᠢ ᠲᠢᠩᠬᠢᠮ ᠤᠨ ᠳᠠᠷᠤᠭ᠎ᠠ ᠶᠢᠨ ᠬᠥᠯᠢᠴᠡᠩᠭᠦᠢ ᠪᠠᠷ ᠲᠠᠶᠢᠯᠤᠮᠵᠢ ᠬᠢᠭᠰᠡᠨ ᠳᠤ ᠮᠠᠰᠢ ᠲᠠᠯᠠᠷᠬᠠᠵᠤ ᠪᠠᠶᠢᠨ᠎ᠠ᠃ | ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠭᠦᠷᠦᠭᠡᠳ ᠦᠨᠳᠦᠷᠯᠡᠯ᠎ᠡ᠂ ᠲᠠᠷᠠᠭᠠᠴᠢ ᠶᠢᠨ ᠫᠷᠤᠭ᠍ᠷᠠᠮ ᠳᠤ ᠪᠠᠶᠠᠷᠲᠠᠶ | ᠵᠣᠯᠭᠠᠶ᠎ᠠ︕ |