ᠳᠦᠷᠪᠡᠳᠦᠭᠡᠷ ᠬᠤᠭᠤᠴᠠᠭᠠᠨ ᠤ ᠦᠪᠦᠷ ᠮᠤᠩᠭᠤᠯ ︵ᠤᠯᠠᠨ ᠤᠯᠤᠰ︶᠎ ᠤᠨ ᠮᠤᠷᠢᠨ ᠮᠡᠷᠭᠡᠵᠢᠯ ᠤᠨ ᠨᠠᠶᠢᠷ ᠬᠦᠬᠡᠬᠤᠲᠠ ᠳᠤ ᠡᠬᠢᠯᠡᠵᠦ ᠪᠦ᠋ ᠰᠢᠶᠣᠣ ᠯᠢᠨ ᠨᠠᠶᠢᠷ ᠡᠬᠢᠯᠡᠭᠰᠡᠨ ᠢ ᠨᠡᠶᠢᠲᠡᠯᠡᠪᠡ
ᠨᠡᠶᠢᠲᠡᠯᠡᠭᠰᠡᠨ ᠴᠠᠭ᠄
2017/8/14
     8 ᠳ᠋ᠤᠭᠠᠷ ᠰᠠᠷ᠎ᠠ ᠶᠢᠨ 12᠎ ᠤ ᠦᠳᠡ ᠶᠢᠨ ᠡᠮᠦᠨ᠎ᠠ᠂ ᠲᠦᠷᠪᠡᠳᠦᠭᠡᠷ ᠬᠤᠭᠤᠴᠠᠭᠠᠨ ᠤ ᠦᠪᠦᠷ ᠮᠤᠩᠭᠤᠯ ︵ᠤᠯᠠᠨ ᠤᠯᠤᠰ︶᠎ ᠤᠨ ᠮᠤᠷᠢᠨ ᠮᠡᠷᠭᠡᠵᠢᠯ ᠤᠨ ᠨᠠᠶᠢᠷ ᠬᠦᠬᠡᠬᠤᠳᠠ ᠳᠤ ᠡᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠮᠤᠷᠢᠨ ᠮᠡᠷᠭᠡᠵᠢᠯ ᠤᠨ ᠨᠠᠶᠢᠷ ᠡᠬᠢᠯᠡᠭᠰᠡᠨ ᠢ ᠨᠡᠶᠢᠲᠡᠯᠡᠵᠦ᠂ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠷᠧᠨ ᠶᠠ ᠫᠢᠩ᠂ ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠸᠠᠩ ᠯᠢ ᠰᠢᠶᠠ᠂ ᠽᠧᠩ ᠢ ᠴᠦᠨ᠂ ᠪᠠᠢ ᠢᠤᠢ ᠭᠠᠩ᠂ ᠡᠦ ᠲᠤᠸᠠᠨ ᠶᠢᠩ᠂ ᠸᠠᠩ ᠵᠦᠩ ᠾᠧ᠂ ᠵᠠᠩ ᠶᠢᠩ ᠺᠦᠢ ᠡᠬᠢᠯᠡᠭᠦ ᠶᠤᠰᠤᠯᠠᠯ ᠳᠤ ᠤᠷᠤᠯᠴᠠᠵᠤ᠂ ᠦᠪᠡᠷᠳᠡᠬᠡᠨ ᠵᠠᠰᠠᠬᠤ ᠤᠷᠤᠨ ᠤ ᠲᠡᠳ᠋ ᠲᠠᠷᠢᠬᠦᠯᠡᠭᠴᠢ ᠯᠢᠦ ᠰᠢᠨ ᠯᠧ ᠪᠠᠶᠠᠷ ᠤᠨ ᠦᠭᠡ ᠬᠡᠯᠡᠪᠡ᠃      ᠡᠬᠢᠯᠡᠭᠦ ᠶᠤᠰᠤᠯᠠᠯ ᠤᠨ ᠲᠠᠯᠠᠪᠠᠢ ᠪᠠᠶᠠᠷ ᠬᠦᠷ ᠢᠶᠠᠷ ᠪᠢᠯᠬᠠᠨ ᠬᠦᠭᠵᠢᠶᠡᠨ ᠨᠠᠷᠬᠢᠶᠠᠨ ᠢᠶᠠᠷ ᠴᠠᠯᠬᠢᠯᠠᠨ᠎ᠠ᠂ ᠰᠤᠳᠤᠨ ᠰᠠᠶᠢᠬᠠᠨ ᠲᠤᠭᠯᠠᠯᠳᠠ ᠨᠤᠭᠤᠳ ᠢᠳᠡ ᠬᠦᠭ ᠲᠠᠢ ᠶᠠᠪᠤᠬᠳᠠᠵᠤ ᠠᠵᠢᠯᠯᠠᠭ᠎ᠠ ᠶᠢ ᠤᠷᠬᠢᠯ ᠳᠤ ᠬᠦᠷᠭᠡᠪᠠ᠃ ᠤᠯᠠᠨ ᠵᠦᠢᠯ ᠤᠨ ᠪᠠᠶᠠᠯᠢᠭ ᠠᠭᠤᠯᠭ᠎ᠠ ᠲᠠᠢ ᠮᠤᠷᠢᠨ ᠮᠡᠷᠭᠡᠵᠢᠯ ᠤᠨ ᠲᠤᠬᠯᠠᠯᠳᠠ ᠦᠵᠡᠭᠴᠢᠳ ᠤᠨ ᠬᠠᠷᠠᠭ᠎ᠠ ᠶᠢ ᠪᠠᠶᠠᠰᠬᠠᠨ᠂ ᠨᠣᠳᠤᠭ ᠤᠨ ᠮᠤᠷᠢ ᠶᠢᠨ 2000 ᠮᠧᠲᠷ ᠤᠨ ᠣᠷᠣᠯᠳᠣᠭᠠᠨ ᠪᠤᠯᠤᠨ ᠴᠡᠪᠡᠷ ᠤᠳᠤᠮ ᠤᠨ ᠮᠤᠷᠢ ᠶᠢᠨ 2000 ᠮᠧᠲᠷ ᠤᠨ ᠤᠷᠤᠯᠳᠤᠭᠠᠨ ᠨᠢ ᠳᠣᠬᠠᠢ ᠶᠢᠨ ᠲᠠᠯᠠᠪᠠᠢ ᠶᠢ ᠪᠠᠶᠠᠷ ᠤᠨ ᠳᠠᠯᠠᠢ ᠪᠣᠯᠭᠠᠨ ᠬᠦᠭᠵᠢᠬᠡᠵᠤ᠂ ᠠᠬᠠᠷ ᠲᠠᠬᠢ᠂ ᠤᠳᠤᠢ ᠮᠤᠷᠢ ᠪᠠ ᠪᠠᠭᠠᠴᠣᠳ ᠤᠨ ᠮᠤᠷᠢᠳᠠᠨ ᠤ ᠡᠩᠨᠡᠭᠡ ᠡᠩᠨᠡᠷᠡᠨ ᠵᠢᠬᠰᠠᠵᠤ ᠬᠠᠮᠳᠤᠪᠡᠷ ᠪᠦᠵᠢᠭᠯᠡᠨ ᠲᠤᠮᠤ ᠬᠡᠯᠪᠡᠷᠢ ᠶᠢᠨ ᠲᠤᠤᠯᠢᠰᠳᠦ ᠵᠦᠴᠦᠭᠡ ︽ᠸᠠᠩ ᠵᠤᠤ ᠵᠢᠶᠦ᠋ᠨ︾᠎ ᠳᠠᠬᠢ — ︽ᠬᠠᠳᠤᠨ ᠡᠷᠭᠦᠮᠵᠢᠯᠡᠭᠰᠡᠨ ᠦᠪᠡᠳᠡᠭᠰᠢ ᠶᠤᠰᠤᠯᠠᠯ︾᠎ ᠤᠨ ᠬᠡᠰᠡᠭ ᠪᠠ ᠡᠯᠡᠰᠦᠨ ᠨᠤᠳᠤᠭ ᠤᠨ ᠦᠪᠡᠷᠮᠢᠴᠠ ᠤᠨᠴᠠᠯᠢᠭ ᠪᠦᠬᠦᠢ ᠲᠡᠮᠡᠭᠡᠨ ᠪᠦᠮᠪᠦᠭᠡ ᠶᠢᠨ ᠲᠤᠬᠯᠠᠯᠳᠠ ᠵᠡᠷᠭᠡ ᠨᠢ ᠦᠵᠡᠭᠴᠢᠳ ᠤᠨ ᠨᠢᠵᠢᠬᠢᠨᠡᠭᠰᠡᠨ ᠬᠠᠯᠠᠭᠤᠨ ᠠᠯᠠᠭ᠎ᠠ ᠲᠠᠰᠢᠯᠳᠠ ᠶᠢ ᠣᠯᠵᠠᠢ᠃      ᠦᠪᠦᠷ ᠮᠤᠩᠭᠤᠯ ︵ᠤᠯᠠᠨ ᠤᠯᠤᠰ︶᠎ ᠤᠨ ᠮᠤᠷᠢᠨ ᠮᠡᠷᠭᠡᠵᠢᠯ ᠤᠨ ᠨᠠᠶᠢᠷ ᠪᠤᠯ ︽ᠤᠯᠤᠰ ᠤᠨ ᠪᠡᠶ᠎ᠠ ᠶᠢᠨ ᠲᠠᠮᠢᠷ ᠵᠢᠭᠤᠯᠴᠢᠯᠠᠯ ᠤᠨ ᠰᠤᠳᠤᠨ ᠤᠷᠤᠯᠳᠤᠭᠠᠨ ᠤ ᠵᠦᠢᠯ︾᠎ ᠢᠶᠠᠷ ᠰᠤᠩᠭᠤᠬᠳᠠᠬᠰᠠᠨ ᠴᠤᠷ ᠤᠨ ᠭᠠᠭᠴᠠ ᠮᠤᠷᠢ ᠪᠠᠷ ᠭᠤᠤᠯ ᠰᠠᠳᠤᠪ ᠪᠤᠯᠭᠠᠬᠰᠠᠨ ᠤᠷᠤᠯᠳᠤᠭᠠᠨ ᠤ ᠵᠦᠢᠯ ᠪᠤᠯᠬᠤ ᠶᠤᠮ᠃ ᠲᠤᠰ ᠣᠳᠠᠭ᠎ᠠ ᠶᠢᠨ ᠮᠤᠷᠢᠨ ᠮᠡᠷᠭᠡᠵᠢᠯ ᠤᠨ ᠨᠠᠶᠢᠷ ᠨᠢ ︽ᠪᠠᠶᠠᠷ ᠬᠦᠷ ᠲᠠᠢ · ᠤᠯᠠᠮᠵᠢᠯᠠᠵᠣ ᠵᠠᠯᠭᠠᠮᠵᠢᠯᠠᠬᠤ︾᠎ ᠪᠠᠷ ᠭᠤᠤᠯ ᠰᠡᠳᠦᠪ ᠢᠶᠠᠨ ᠪᠤᠯᠭᠠᠵᠤ ᠂ ᠦᠪᠡᠷᠳᠡᠭᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠪᠠᠨ ᠪᠡᠯᠭᠡᠯᠡᠭᠦ ᠭᠤᠤᠯᠳᠠᠯᠭ᠎ᠠ ᠲᠠᠢ ᠪᠡᠶ᠎ᠠ ᠶᠢᠨ ᠲᠠᠮᠢᠷ ᠤᠨ ᠠᠵᠢᠯᠯᠠᠭ᠎ᠠ ᠶᠢᠨ ᠨᠢᠭᠡ ᠪᠤᠯᠤᠨ᠎ᠠ᠃ ᠮᠤᠷᠢᠨ ᠮᠡᠷᠭᠡᠵᠢᠯ ᠤᠨ ᠨᠠᠶᠢᠷ 5 ᠰᠠᠷ᠎ᠠ ᠦᠷᠭᠦᠯᠵᠢᠯᠡᠵᠦ᠂ 9 ᠬᠤᠪᠢᠶᠠᠷᠢ ᠤᠷᠤᠯᠳᠤᠭᠠᠨ ᠤ ᠳᠠᠯᠠᠪᠠᠢ  ᠪᠠᠶᠢᠷᠢᠯᠠᠭᠤᠯᠤᠨ ᠪᠦᠬᠦ ᠤᠷᠤᠨ ᠤ 1.2 ᠲᠦᠮᠡ ᠭᠠᠷᠤᠢ ᠲᠠᠮᠢᠷᠴᠢᠨ ᠪᠠ ᠲᠦᠮᠡ ᠰᠢᠬᠠᠮ ᠮᠤᠷᠢ 7 ᠲᠤᠮᠤ ᠲᠦᠷᠦᠯ ᠤᠨ 24 ᠪᠠᠭ᠎ᠠ ᠲᠦᠷᠦᠯ ᠤᠨ 100 ᠭᠠᠷᠤᠢ ᠲᠠᠯᠠᠪᠠᠢ ᠤᠷᠤᠯᠳᠤᠭᠠᠨ ᠤ ᠵᠦᠢᠯ ᠳᠤ ᠤᠷᠤᠯᠴᠠᠨ᠎ᠠ᠃ ᠮᠠᠨ ᠤ ᠤᠷᠤᠨ ᠦᠨᠳᠦᠰᠦᠳᠡᠨ ᠤ ᠤᠨᠴᠠᠯᠢᠭ᠂ ᠤᠷᠤᠨ ᠪᠦᠰᠡ ᠶᠢᠨ ᠤᠨᠴᠠᠯᠢᠬ ᠲᠠᠢ ᠪᠡᠶ᠎ᠠ ᠶᠢᠨ ᠲᠠᠮᠢᠷ ᠤᠨ ᠲᠦᠷᠦᠯ ᠲᠡᠮᠳᠡᠭᠳᠦ ᠤᠷᠤᠯᠳᠤᠭᠠᠨ ᠤ ᠵᠦᠢᠯ ᠪᠠ ᠪᠡᠶ᠎ᠠ ᠶᠢᠨ ᠲᠡᠮᠢᠷ ᠵᠢᠭᠤᠯᠴᠢᠯᠠᠯ ᠤᠨ ᠨᠠᠶᠢᠷ ᠨᠠᠶᠢᠢᠷ ᠨᠠᠭᠠᠳᠣᠮ ᠤᠨ ᠠᠵᠢᠯᠯᠠᠭ᠎ᠠ ᠶᠢ ᠦᠷᠨᠢᠭᠦᠯᠬᠦ ᠪᠠᠷ ᠲᠠᠮᠵᠢᠨ ᠪᠡᠶ᠎ᠠ ᠶᠢᠨ ᠲᠡᠮᠢᠷ ᠬᠢᠭᠡᠳ ᠰᠤᠶᠤᠯ᠂ ᠵᠢᠭᠤᠯᠴᠢᠯᠠᠯ᠂ ᠡᠷᠡᠭᠦᠯ ᠴᠢᠬᠢᠷᠠᠭ ᠤᠨ ᠬᠦᠨᠵᠡᠭᠡᠢ ᠠᠭᠤᠰᠤᠯᠴᠠᠯ ᠢ ᠠᠬᠢᠭᠤᠯᠵᠤ᠂ ᠲᠠᠯ᠎ᠠ ᠨᠤᠳᠤᠭ ᠤᠨ ᠰᠤᠶᠤᠯ ᠢ ᠴᠢᠨᠠᠬᠰᠢᠳᠠ ᠤᠯᠠᠮᠵᠢᠯᠠᠵᠤ ᠵᠠᠯᠭᠠᠮᠵᠢᠯᠠᠨ ᠪᠠᠳᠠᠷᠠᠭᠤᠯᠵᠤ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ ︽ᠦᠵᠡᠰᠭᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠭᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠭᠦᠳᠦ ᠪᠠᠨ ᠬᠠᠮᠳᠤᠪᠡᠷ ᠲᠡᠷᠬᠡᠯᠰᠢᠭᠦᠯᠭᠦ︾ ᠬᠠᠯᠠᠭᠤᠨ ᠰᠡᠳᠬᠢᠯᠭᠡ ᠶᠢ ᠬᠦᠭᠵᠢᠭᠡᠵᠤ᠂ ᠡᠭᠡ ᠤᠯᠤᠰ ᠤᠨ ᠤᠮᠠᠷᠠᠳᠦ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠲᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠪᠣᠯᠦᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号