| | 8 ᠳ᠋ᠤᠭᠠᠷ ᠰᠠᠷ᠎ᠠ ᠶᠢᠨ 13 ᠤ ᠡᠳᠦᠷ ᠥᠪᠥᠷ ᠮᠣᠩᠭᠤᠯ ᠤᠨ ᠲᠠᠮᠢᠷᠴᠢᠨ ᠶᠠᠩ ᠵᠢᠶᠠ ᠢᠦᠶ 2017 | ᠤᠨ ᠤ ᠯᠤᠨᠳᠤᠨ ᠤ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠳᠡᠯᠡᠬᠡᠶ ᠶᠢᠨ ᠮᠠᠩᠯᠠᠶ ᠰᠢᠯᠭᠠᠷᠠᠭᠤᠯᠬᠤ | ᠤᠷᠤᠯᠳᠤᠭᠠᠨ ᠤ ᠡᠮᠡᠭᠲᠡᠶ ᠶᠢᠨ 20 ᠺᠢᠯᠣᠮᠧᠲᠷ ᠤᠨ ᠠᠯᠬᠤᠬᠤ ᠤᠷᠤᠯᠳᠤᠭᠠᠨ ᠳᠤ ᠠᠯᠲᠠ ᠮᠧᠳᠠᠯ ᠤᠯᠪᠠ᠃ | ᠳᠤᠮᠳᠠᠳᠤ ᠤᠯᠤᠰ ᠤᠨ ᠠᠩᠭᠢ ᠪᠠᠨ ᠲᠥᠯᠥᠭᠡᠯᠡᠨ ᠤᠷᠤᠯᠳᠤᠵᠤ ᠪᠠᠶᠢᠭ᠎ᠠ ᠥᠪᠥᠷ ᠮᠣᠩᠭᠤᠯ ᠤᠨ ᠲᠠᠮᠢᠷᠴᠢᠨ | ᠶᠠᠩ ᠵᠢᠶᠠ ᠢᠦᠶ ᠬᠠᠮᠤᠭ ᠡᠴᠦᠰ ᠤᠨ ᠬᠦᠴᠦᠲᠦ ᠰᠢᠪᠲᠤᠯᠤᠯᠲᠠ ᠪᠠᠷ ᠳᠠᠮᠵᠢᠨ 1 ᠴᠠᠭ 26 ᠮᠢᠨᠦ᠋ᠲ18 | ᠰᠧᠺᠦ᠋ᠨ᠋ᠳ᠋ ᠤᠨ ᠦᠷ᠎ᠡ ᠪᠦᠲᠦᠮᠵᠢ ᠪᠠᠷ ᠮᠧᠺᠰᠢᠺᠤ ᠶᠢᠨ ᠦᠷᠢᠰᠦᠯᠳᠦᠭᠴᠢ ᠶᠢ ᠢᠯᠠᠵᠤ᠂ ᠤᠷᠤᠯᠳᠤᠭᠠᠨ ᠤ ᠠᠯᠲᠠᠨ | ᠮᠧᠳᠠᠯ ᠢ ᠤᠯᠤᠭᠰᠠᠨ ᠪᠠᠶᠢᠨ᠎ᠠ᠃ | ᠶᠠᠩ ᠵᠢᠶᠠ ᠢᠦᠶ 1996 ᠣᠨ ᠳᠤ ᠦᠬᠠᠶ ᠬᠤᠲᠠ ᠳᠤ ᠲᠦᠷᠦᠪᠡ᠂ ᠤᠷᠢᠳ ᠬᠤᠵᠢᠳ 2014 ᠣᠨ | ᠳᠤ ᠪᠤᠯᠤᠭᠰᠠᠨ ᠣᠯᠠᠨ ᠤᠯᠤᠰ ᠤᠨ ᠬᠦᠨᠳᠦ ᠬᠥᠩᠭᠡᠨ ᠪᠡᠶ᠎ᠡ ᠶᠢᠨ ᠲᠠᠮᠢᠷ ᠤᠨ ᠬᠤᠯᠪᠣᠭᠠᠨ ᠤ ᠳᠡᠯᠡᠬᠡᠶ ᠶᠢᠨ | ᠬᠤᠨᠳᠠᠭᠠᠲᠤ ᠠᠯᠬᠤᠬᠤ ᠤᠷᠤᠯᠳᠤᠭᠠᠨ ᠤ ᠡᠮᠡᠭᠲᠡᠶ ᠶᠢᠨ 10 ᠺᠢᠯᠣᠮᠧᠲᠷ ᠤᠨ ᠠᠯᠬᠤᠬᠤ ᠤᠷᠤᠯᠳᠤᠭᠠᠨ ᠳᠤ | ᠳᠡᠳ᠋ᠯᠡᠵᠦ᠂ 2015 ᠣᠨ ᠳᠤ ᠪᠤᠯᠤᠭᠰᠠᠨ ᠺᠣᠷᠢᠶᠠ ᠶᠢᠨ ᠭᠤᠸᠠᠩ ᠵᠸᠤ ᠶᠢᠨ ᠳᠡᠯᠡᠬᠡᠶ ᠶᠢᠨ ᠤᠶᠤᠲᠠᠳ ᠤᠨ | ᠲᠠᠮᠢᠷ ᠤᠨ ᠴᠤᠭᠯᠠᠭᠠᠨ ᠤ ᠡᠮᠡᠭᠲᠡᠶ ᠶᠢᠨ 20 ᠺᠢᠯᠣᠮᠧᠲᠷ ᠤᠨ ᠠᠯᠬᠤᠬᠤ ᠤᠷᠤᠯᠳᠤᠭᠠᠨ ᠳᠤ ᠬᠤᠪᠢ ᠬᠥᠮᠦᠨ ᠤ | ᠲᠠᠪᠤᠳᠤᠭᠠᠷ ᠨᠡᠷᠡᠰ ᠲᠤ ᠤᠷᠤᠵᠤ᠂ 2016 ᠣᠨ ᠳᠤ ᠪᠤᠯᠤᠭᠰᠠᠨ ᠪᠦᠬᠦ ᠤᠯᠤᠰ ᠤᠨ ᠠᠯᠬᠤᠬᠤ ᠤᠷᠤᠯᠳᠤᠭᠠᠨ ᠤ | ᠱᠠᠩᠨᠠᠯᠲᠤ ᠤᠷᠤᠯᠳᠤᠭᠠᠨ ᠵᠢᠴᠢ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠰᠤᠩᠭᠤᠯᠲᠠ ᠶᠢᠨ | ᠤᠷᠤᠯᠳᠤᠭᠠᠨ ᠤ ᠡᠮᠡᠭᠲᠡᠶ ᠶᠢᠨ ᠲᠣᠮᠣᠴᠤᠤᠯ ᠤᠨ ᠳᠤᠭᠤᠶᠢᠯᠠᠩ ᠤᠨ 20 ᠺᠢᠯᠣᠮᠧᠲᠷ ᠤᠨ ᠤᠷᠤᠯᠳᠤᠭᠠᠨ ᠳᠤ | ᠭᠤᠷᠪᠠᠳᠤᠭᠠᠷ ᠲᠤ ᠤᠷᠤᠭᠰᠠᠨ ᠶᠤᠮ᠃ |