ᠭᠡᠨᠡᠳᠲᠡ ᠶᠢᠨ ᠬᠡᠷᠡᠭ ᠢ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ ᠡᠯ᠎ᠡ | ᠵᠦᠢᠯ ᠤᠨ ᠭᠡᠨᠡᠳᠲᠡ ᠶᠢᠨ ᠬᠡᠷᠡᠭ ᠠᠴᠠ ᠪᠤᠯᠵᠤ ᠠᠷᠠᠳ ᠲᠦᠮᠡᠨ ᠤ ᠪᠡᠶ᠎ᠡ ᠰᠡᠳᠬᠢᠯ ᠤᠨ ᠡᠷᠡᠭᠦᠯ ᠮᠡᠨᠳᠦ ᠪᠤᠯᠤᠨ | ᠠᠮᠢ ᠨᠠᠰᠤᠨ ᠤ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠶᠢ ᠪᠦᠲᠦᠮᠵᠢᠲᠠᠢ ᠪᠠᠭᠠᠰᠬᠠᠬᠤ ᠶᠢᠨ | ᠲᠤᠯᠠᠳᠠ᠂ ᠤᠷᠴᠢᠮᠬᠠᠨ ᠥᠪᠡᠷᠲᠡᠭᠡᠨ ᠵᠠᠰᠠᠬᠤ ᠣᠷᠣᠨ ︽ᠭᠡᠨᠡᠳᠲᠡ ᠶᠢᠨ ᠬᠡᠷᠡᠭ ᠢ ᠪᠠᠴᠢᠮ ᠡᠮᠴᠢᠯᠡᠭᠡ ᠪᠠᠷ ᠠᠪᠤᠷᠠᠨ | ᠲᠤᠰᠠᠯᠠᠬᠤ ᠲᠤᠬᠠᠶ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ᠃ | 2020 ᠣᠨ ᠤ ᠡᠴᠦᠰ ᠪᠣᠯᠬᠤ ᠳᠤ᠂ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠬᠠᠮᠢᠶᠠᠷᠤᠯᠲᠠ ᠶᠢᠨ | ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠶᠢᠮᠠᠭ ᠬᠤᠳᠠ᠂ ᠬᠤᠰᠢᠭᠤ | ᠰᠢᠶᠠᠨ ᠭᠤᠷᠪᠠᠨ ᠱᠠᠲᠤᠨ ᠤ ᠲᠤᠬᠠᠶ ᠶᠢᠨ ᠲᠠᠯᠠᠪᠤᠷ ᠲᠤᠨᠢ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠵᠤ | ᠰᠢᠶᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠣᠷᠣᠨ ᠤ ᠣᠨᠴᠠᠯᠢᠭ ᠲᠤ ᠲᠤᠬᠢᠷᠠᠭᠰᠠᠨ | ᠲᠤᠰᠬᠠᠶ ᠲᠤᠰᠢᠶᠠᠯ ᠪᠠ ᠬᠠᠪᠰᠤᠷᠭᠠᠭᠰᠠᠨ ᠲᠤᠰᠢᠶᠠᠯ ᠢ ᠤᠶᠠᠯᠳᠤᠭᠤᠯᠤᠭᠰᠠᠨ᠂ ᠱᠠᠲᠤ ᠬᠤᠪᠢᠶᠠᠨ ᠲᠥᠷᠥᠯ | ᠬᠤᠪᠢᠶᠠᠭᠰᠠᠨ᠂ ᠠᠭᠠᠷ ᠬᠠᠭᠤᠷᠠᠶ ᠶᠢ ᠨᠢᠭᠡ ᠴᠤᠭᠴᠠᠵᠢᠭᠤᠯᠤᠭᠰᠠᠨ᠂ ᠪᠦᠬᠦ ᠣᠷᠣᠨ ᠢ ᠬᠠᠮᠤᠷᠤᠭᠰᠠᠨ᠂ ᠲᠣᠣᠷ | ᠰᠦᠯᠵᠢᠶ᠎ᠡ ᠪᠠᠷ ᠬᠠᠮᠢᠶᠠᠷᠤᠭᠰᠠᠨ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠰᠢᠰᠲ᠋ᠧᠮᠵᠢ ᠶᠢ ᠪᠠᠶᠢᠭᠤᠯᠵᠤ᠂ | ᠲᠤᠬᠠᠶ ᠶᠢᠨ ᠲᠠᠯᠠᠪᠤᠷ ᠲᠤᠨᠢ ᠰᠢᠶᠳᠪᠦᠷᠢᠯᠡᠬᠦ᠂ ᠵᠠᠮ ᠳᠠᠭᠠᠨ ᠰᠢᠯᠵᠢᠬᠦᠯᠬᠦ᠂ ᠠᠷᠤ ᠲᠠᠯ᠎ᠠ ᠠᠴᠠ ᠶᠡᠷᠦᠩᠭᠡᠶᠢᠯᠡᠨ | ᠠᠪᠤᠷᠠᠨ ᠲᠤᠰᠠᠯᠠᠬᠤ ᠶᠢ ᠪᠠᠲᠤᠯᠠᠬᠤ ᠭᠤᠷᠪᠠᠨ ᠭᠤᠣᠯ ᠭᠤᠭᠴᠤᠭ᠎ᠠ ᠶᠢᠨ ᠪᠠᠴᠢᠮ ᠡᠮᠴᠢᠯᠡᠭᠡ ᠪᠠᠷ ᠠᠪᠤᠷᠠᠨ | ᠲᠤᠰᠠᠯᠠᠬᠤ ᠠᠵᠢᠯ ᠤᠨ ᠶᠠᠪᠤᠴᠠ ᠶᠢ ᠭᠤᠣᠯᠳᠠᠯᠭ᠎ᠠ ᠲᠠᠢ ᠪᠦᠷᠢᠨᠰᠢᠬᠦᠯᠦᠨ ᠴᠢᠩᠭᠠᠳᠬᠠᠵᠤ᠂ ᠠᠪᠤᠷᠠᠨ ᠲᠤᠰᠠᠯᠠᠬᠤ ᠶᠢ | ᠲᠤᠰᠬᠠᠶᠢᠵᠢᠭᠤᠯᠬᠤ᠂ ᠵᠢᠷᠤᠮᠵᠢᠭᠤᠯᠬᠤ᠂ ᠮᠡᠳᠡᠭᠡ ᠵᠠᠩᠬᠢᠴᠢᠯᠠᠬᠤ ᠠᠬᠢᠴᠠ ᠶᠢ ᠲᠠᠰᠤᠷᠠᠯᠲᠠ ᠦᠭᠡᠢ ᠲᠦᠯᠬᠢᠨ | ᠠᠬᠢᠭᠤᠯᠵᠤ᠂ ᠣᠷᠣᠨ ᠤ ᠳᠤᠲᠤᠷᠠᠬᠢ ᠭᠡᠨᠡᠳᠲᠡ ᠶᠢᠨ ᠬᠡᠷᠡᠭ ᠤᠨ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ | ᠬᠡᠷᠡᠭᠴᠡᠭᠡ ᠶᠢ ᠪᠦᠲᠦᠮᠵᠢᠲᠡᠶ ᠪᠠᠷ ᠬᠠᠨᠭ᠍ᠭᠠᠬᠤ ᠶᠢᠨ ᠬᠠᠮᠲᠤ ᠮᠠᠨ ᠤ ᠣᠷᠣᠨ ᠤ ᠪᠦᠬᠦ ᠤᠯᠤᠰ ᠲᠠᠬᠢ ᠪᠠᠴᠢᠮ | ᠡᠮᠴᠢᠯᠡᠭᠡ ᠪᠠᠷ ᠠᠪᠤᠷᠠᠨ ᠲᠤᠰᠠᠯᠠᠬᠤ ᠠᠵᠢᠯ ᠤᠨ ᠳᠤᠮᠳᠠᠬᠢ ᠦᠢᠯᠡᠳᠦᠯ ᠢ ᠪᠠᠳᠠᠷᠠᠭᠤᠯᠤᠨ᠎ᠠ᠃ | ᠭᠡᠨᠡᠳᠲᠡ ᠶᠢᠨ ᠬᠡᠷᠡᠭ ᠢ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠶᠢᠨ ᠬᠦᠷᠪᠡᠰᠦ ᠵᠤᠬᠢᠬᠤ ᠭᠤᠣᠯ | ᠬᠦᠢᠴᠡᠳᠭᠡᠯ ᠲᠤᠭ᠎ᠠ ᠨᠢ ᠬᠡᠪᠡᠯ᠄ ᠨᠢᠭᠡ ᠳᠤ ᠲᠤᠬᠠᠶ ᠶᠢᠨ ᠲᠠᠯᠠᠪᠤᠷ ᠲᠤᠨᠢ ᠪᠠᠴᠢᠮ ᠡᠮᠴᠢᠯᠡᠭᠡ ᠪᠠᠷ ᠠᠪᠤᠷᠠᠨ | ᠲᠤᠰᠠᠯᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠬᠦᠯᠦᠨ᠎ᠡ᠃ ᠤᠯᠤᠰ ᠤᠨ ᠳᠡᠰ ᠤᠨ ᠪᠠᠴᠢᠮ ᠡᠮᠴᠢᠯᠡᠭᠡ ᠪᠠᠷ | ᠠᠪᠤᠷᠠᠨ ᠲᠤᠰᠠᠯᠠᠬᠤ 1 ᠡᠩᠨᠡᠭᠡ ᠶᠢ ᠲᠥᠯᠥᠪᠵᠢᠭᠦᠯᠦᠨ ᠪᠥᠳᠥᠭᠡᠨ ᠪᠠᠶᠢᠭᠤᠯᠤᠨ᠎ᠠ︔ ᠥᠪᠡᠷᠲᠡᠭᠡᠨ ᠵᠠᠰᠠᠬᠤ | ᠣᠷᠣᠨ ᠤ ᠳᠡᠰ ᠤᠨ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ 11 ᠡᠩᠨᠡᠭᠡ ᠶᠢ ᠲᠥᠯᠥᠪᠵᠢᠭᠦᠯᠦᠨ ᠪᠥᠳᠥᠭᠡᠨ | ᠪᠠᠶᠢᠭᠤᠯᠤᠨ᠎ᠠ︔ ᠠᠶᠢᠮᠠᠭ ᠬᠤᠳᠠ ᠪᠣᠯᠤᠨ ᠬᠤᠰᠢᠭᠤ ᠰᠢᠶᠠᠨ ᠨᠢ ᠣᠷᠣᠨ ᠨᠤᠲᠤᠭ ᠤᠨ ᠭᠡᠨᠡᠳᠲᠡ ᠶᠢᠨ ᠬᠡᠷᠡᠭ ᠢ | ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠡᠩᠨᠡᠭᠡ ᠶᠢ ᠲᠤᠰ ᠲᠤᠰ ᠪᠦᠲᠦᠭᠡᠨ ᠪᠠᠶᠢᠭᠤᠯᠵᠤ᠂ ᠡᠩᠨᠡᠭᠡ ᠶᠢ | ᠵᠢᠷᠤᠮᠵᠢᠭᠤᠯᠤᠨ ᠪᠠᠶᠢᠭᠤᠯᠬᠤ ᠶᠢᠨ ᠪᠠᠷᠢᠮᠵᠢᠶ᠎ᠠ ᠳᠤ ᠬᠦᠷᠬᠦ ᠨᠤᠷᠮ᠎ᠠ ᠶᠢ 90% ᠠᠴᠠ ᠳᠡᠭᠡᠭᠰᠢ ᠳᠤ ᠬᠦᠷᠦᠬᠦᠯᠦᠨ᠎ᠡ᠃ | ᠬᠤᠶᠠᠷ ᠲᠤ᠂ ᠪᠥᠬᠦ ᠣᠷᠣᠨ ᠤ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠲᠣᠣᠷ ᠰᠦᠯᠵᠢᠶ᠎ᠡ ᠶᠢ ᠠᠩᠬ᠎ᠠ | ᠠᠯᠬᠤᠮ ᠪᠦᠷᠢᠯᠳᠦᠬᠦᠯᠦᠨ᠎ᠡ᠃ ᠪᠦᠬᠦ ᠤᠯᠤᠰ ᠤᠨ ᠤᠯᠤᠰ ᠤᠨ ᠳᠡᠰ ᠤᠨ ᠪᠠᠴᠢᠮ ᠡᠮᠴᠢᠯᠡᠭᠡ ᠪᠠᠷ ᠠᠪᠤᠷᠠᠨ | ᠲᠤᠰᠠᠯᠠᠬᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠥᠯᠥᠪᠵᠢᠭᠦᠯᠭᠡ ᠶᠢᠨ ᠪᠠᠶᠢᠷᠢᠯᠠᠭᠤᠯᠤᠯᠲᠠ ᠶᠣᠰᠣᠭᠠᠷ᠂ | ᠤᠯᠤᠰ ᠤᠨ ᠳᠡᠰ ᠤᠨ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠰᠠᠭᠤᠷᠢᠨ ᠭᠠᠵᠠᠷ 1 ᠶᠢ ᠪᠠᠶᠢᠭᠤᠯᠬᠤ᠂ | ᠥᠪᠡᠷᠲᠡᠭᠡᠨ ᠵᠠᠰᠠᠬᠤ ᠣᠷᠣᠨ ᠤ ᠳᠡᠰ ᠤᠨ ᠣᠷᠣᠨ ᠪᠦᠰᠡ ᠶᠢᠨ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠲᠥᠪ | 2 ᠢ ᠪᠦᠲᠦᠭᠡᠨ ᠪᠠᠶᠢᠭᠤᠯᠬᠤ ᠪᠠᠷ ᠴᠢᠷᠮᠠᠶᠢᠵᠤ᠂ 12 ᠠᠶᠢᠮᠠᠭ ᠬᠤᠳᠠ ᠶᠢ ᠵᠢᠯᠤᠭᠤᠳᠴᠦ ᠪᠠᠶᠢᠭᠠᠳ ᠲᠤᠰ | ᠲᠤᠰ ᠤᠨ ᠭᠠᠵᠠᠷ ᠣᠷᠣᠨ ᠤ ᠣᠨᠴᠠᠯᠢᠭ ᠢᠶᠠᠨ ᠦᠨᠳᠦᠰᠦᠯᠡᠨ᠂ ᠣᠷᠣᠨ ᠪᠦᠰᠡ ᠶᠢᠨ ᠪᠠᠴᠢᠮ ᠡᠮᠴᠢᠯᠡᠭᠡ ᠪᠠᠷ | ᠠᠪᠤᠷᠠᠨ ᠲᠤᠰᠠᠯᠠᠬᠤ ᠲᠥᠪ ᠢ ᠪᠦᠲᠦᠭᠡᠨ ᠪᠠᠶᠢᠭᠤᠯᠵᠤ᠂ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ | ᠰᠢᠶᠠᠩ ᠪᠠᠯᠭᠠᠰᠤ ᠶᠢᠨ ᠳᠡᠰ ᠤᠨ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠥᠷᠲᠡᠭᠡ ᠴᠢᠭ᠋ ᠤᠨ | ᠪᠠᠶᠢᠭᠤᠯᠤᠯᠲᠠ ᠶᠢ ᠲᠥᠯᠬᠢᠨ ᠠᠬᠢᠭᠤᠯᠵᠤ᠂ ᠪᠦᠬᠦ ᠣᠷᠣᠨ ᠤ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠶᠢ | ᠬᠠᠮᠤᠷᠤᠭᠰᠠᠨ ᠲᠣᠣᠷ ᠰᠦᠯᠵᠢᠶ᠎ᠡ ᠶᠢ ᠪᠤᠢ ᠪᠤᠯᠭᠠᠨ᠎ᠠ᠃ ᠥᠪᠡᠷᠲᠡᠭᠡᠨ ᠵᠠᠰᠠᠬᠤ ᠣᠷᠣᠨ ᠤ ᠲᠦᠷᠭᠡᠨ ᠴᠢᠨᠠᠷᠲᠠᠶ | ᠬᠤᠣᠷᠳᠠᠭᠳᠠᠯ᠂ ᠴᠥᠮ᠎ᠡ ᠪᠤᠯᠤᠨ ᠰᠠᠴᠤᠷᠠᠯᠲᠠ ᠶᠢ ᠡᠮᠴᠢᠯᠡᠭᠡ ᠪᠠᠷ ᠠᠪᠤᠷᠠᠨ ᠲᠤᠰᠠᠯᠠᠬᠤ ᠲᠥᠪ ᠢ ᠪᠦᠷᠢᠨᠰᠢᠬᠦᠯᠦᠨ | ᠳᠡᠰ ᠳᠡᠪᠰᠢᠬᠦᠯᠦᠨ᠎ᠡ᠃ ᠭᠤᠷᠪᠠ ᠳᠤ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠠᠵᠢᠯ ᠤᠨ ᠰᠠᠭᠤᠷᠢ ᠶᠢ ᠤᠯᠠᠮ | ᠨᠢᠭᠡ ᠠᠯᠬᠤᠮ ᠪᠠᠬᠢᠵᠢᠬᠦᠯᠦᠨ᠎ᠡ᠃ ᠡᠯ᠎ᠡ ᠱᠠᠲᠤᠨ ᠤ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠠᠵᠢᠯ ᠤᠨ | ᠵᠠᠰᠠᠭ ᠵᠠᠬᠢᠷᠭᠠᠨ ᠤ ᠰᠠᠯᠠᠭ᠎ᠠ ᠮᠥᠴᠢᠷ ᠪᠣᠯᠤᠨ ᠰᠢᠶᠠᠨ ᠤ ᠱᠠᠲᠤᠨ ᠠᠴᠠ ᠳᠡᠭᠡᠭᠰᠢᠬᠢ ᠡᠮ ᠡᠮᠨᠡᠯᠭᠡ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠶᠢᠨ ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠮᠡᠳᠡᠭᠡ ᠵᠠᠩᠭᠢ ᠶᠢᠨ ᠵᠢᠷᠤᠮᠵᠢᠭᠰᠠᠨ | ᠮᠡᠳᠡᠭᠦᠯᠦᠯᠲᠡ ᠶᠢᠨ ᠨᠤᠷᠮ᠎ᠠ ᠶᠢ 95% ᠠᠴᠠ ᠳᠡᠭᠡᠭᠰᠢ ᠳᠤ ᠬᠦᠷᠦᠬᠦᠯᠦᠨ᠎ᠡ᠃ ᠪᠠᠴᠢᠮ ᠡᠮᠴᠢᠯᠡᠭᠡ ᠪᠠᠷ ᠠᠪᠤᠷᠠᠨ | ᠲᠤᠰᠠᠯᠠᠬᠤ ᠠᠵᠢᠯ ᠢ ᠬᠢᠵᠦ ᠪᠠᠶᠢᠭ᠎ᠠ ᠡᠮ ᠡᠮᠨᠡᠯᠭᠡ ᠡᠷᠡᠭᠦᠯ ᠬᠠᠮᠠᠭᠠᠯᠠᠯ ᠤᠨ ᠲᠤᠰᠬᠠᠶ ᠮᠡᠷᠭᠡᠵᠢᠯ ᠤᠨ ᠠᠵᠢᠯᠲᠠᠨ ᠢ | ᠪᠣᠯᠪᠠᠰᠤᠷᠠᠭᠤᠯᠬᠤ ᠨᠤᠷᠮ᠎ᠠ ᠶᠢ 95% ᠠᠴᠠ ᠳᠡᠭᠡᠭᠰᠢ ᠳᠤ ᠬᠦᠷᠦᠬᠦᠯᠵᠤ᠂ ᠲᠤᠰᠬᠠᠶ ᠮᠡᠷᠭᠡᠵᠢᠯ ᠤᠨ ᠠᠵᠢᠯᠳᠠᠨ ᠤ | ᠪᠠᠴᠢᠮ ᠡᠮᠴᠢᠯᠡᠭᠡ ᠪᠠᠷ ᠠᠪᠤᠷᠠᠨ ᠲᠤᠰᠠᠯᠠᠬᠤ ᠬᠠᠮᠢᠶ᠎ᠠ ᠪᠦᠬᠦᠢ ᠪᠤᠯᠪᠠᠰᠤᠷᠠᠭᠤᠯᠤᠯ ᠬᠢᠬᠦ ᠰᠢᠶᠠᠩ ᠪᠠᠯᠭᠠᠰᠤ ᠶᠢᠨ | ᠡᠷᠡᠭᠦᠯ ᠬᠠᠮᠠᠭᠠᠯᠠᠯ ᠤᠨ ᠬᠤᠷᠢᠶ᠎ᠠ ᠪᠤᠯᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ | ᠲᠥᠪ ᠢ 75% ᠠᠴᠠ ᠳᠡᠭᠡᠭᠰᠢ ᠳᠤ ᠬᠦᠷᠦᠬᠦᠯᠦᠨ᠎ᠡ᠃ |