ᠥᠪᠥᠷ ᠮᠣᠩᠭᠤᠯ ᠭᠠᠩ ᠭᠠᠴᠢᠭ ᠠᠴᠠ ᠠᠪᠤᠷᠠᠬᠤ 2.2 ᠳ᠋ᠦᠩᠰᠢᠭᠤᠷ ᠲᠥᠭᠦᠷᠢᠭ ᠪᠡᠯᠡ ᠮᠥᠩᠭᠦ ᠶᠢ ᠪᠦᠬᠦᠨ ᠢ ᠳᠣᠷᠣᠭᠰᠢ ᠪᠠᠭᠤᠯᠭᠠᠵᠤ ᠪᠤᠲᠠᠶᠢᠵᠢᠭᠤᠯᠪᠠ
ᠨᠡᠶᠢᠲᠡᠯᠡᠭᠰᠡᠨ ᠴᠠᠭ᠄
2017/8/16
     ᠡᠨᠡ ᠬᠠᠪᠤᠷ ᠠᠴᠠ ᠨᠠᠰᠢ ᠣᠯᠠᠩᠬᠢ ᠠᠶᠢᠮᠠᠭ ᠬᠤᠳᠠ ᠳᠤ ᠬᠦᠨᠳᠦ ᠨᠣᠴᠢᠲᠠᠶ ᠭᠠᠩ ᠬᠠᠭᠰᠠᠷᠠᠭᠠᠨ ᠲᠤᠬᠢᠶᠠᠯᠳᠤᠭᠰᠠᠨ ᠠᠴᠠ᠂ ᠪᠠᠴᠢᠮ ᠶᠠᠪᠤᠳᠠᠯ ᠢ ᠪᠠᠴᠢᠮ ᠰᠢᠶᠳᠪᠦᠷᠢᠯᠡᠬᠦ᠂ ᠣᠨᠴᠠᠭᠠᠶ ᠬᠡᠷᠡᠭ ᠢ ᠣᠨᠴᠠᠭᠠᠶ ᠪᠠᠷ ᠰᠢᠶᠳᠪᠦᠷᠢᠯᠡᠬᠦ ᠵᠠᠷᠴᠢᠮ ᠶᠤᠰᠤᠭᠠᠷ᠂ ᠥᠪᠥᠷ ᠮᠣᠩᠭᠤᠯ ᠤᠨ ᠡᠳ᠋ ᠤᠨ ᠵᠠᠰᠠᠭ ᠤᠨ ᠲᠢᠩᠬᠢᠮ ᠤᠯᠠᠨ ᠲᠠᠯ᠎ᠠ ᠠᠴᠠ ᠴᠤᠭᠯᠠᠭᠤᠯᠤᠭᠰᠠᠨ 2.2 ᠳ᠋ᠦᠩᠰᠢᠭᠤᠷ ᠲᠥᠭᠦᠷᠢᠭ ᠤᠨ ᠪᠡᠯᠡ ᠮᠦᠩᠭᠦ ᠶᠢ ᠪᠦᠬᠦᠨ ᠢ ᠭᠠᠮᠰᠢᠭᠳᠠᠭᠰᠠᠨ ᠠᠶᠢᠮᠠᠭ ᠬᠤᠲᠠ ᠳᠤ ᠰᠢᠯᠵᠢᠭᠦᠯᠦᠨ ᠥᠭᠴᠦ᠂ ᠭᠠᠮᠰᠢᠭᠳᠠᠭᠰᠠᠨ ᠮᠠᠯᠵᠢᠬᠤ ᠣᠷᠣᠨ ᠤ ᠬᠥᠮᠦᠨ ᠮᠠᠯ ᠤᠨ ᠤᠤᠭᠤᠬᠤ ᠤᠰᠤ᠂ ᠭᠠᠩ ᠲᠠᠢ ᠲᠡᠮᠡᠴᠡᠬᠦ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ᠂ ᠡᠪᠡᠰᠦ ᠪᠣᠷᠳᠤᠭ᠎ᠠ ᠵᠥᠭᠡᠭᠡᠪᠦᠷᠢᠯᠡᠬᠦ ᠵᠡᠷᠭᠡ ᠎ ᠳᠤ ᠭᠤᠣᠯᠳᠠᠯᠭ᠎ᠠ ᠲᠠᠢ ᠬᠡᠷᠡᠭᠯᠡᠭᠦᠯᠬᠦ ᠪᠠᠷ ᠪᠤᠯᠪᠠ᠃      ᠡᠨᠡ ᠬᠠᠪᠤᠷ ᠠᠴᠠ ᠨᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠯᠠᠩᠬᠢ ᠠᠶᠢᠮᠠᠭ ᠬᠤᠲᠠ ᠳᠤ ᠤᠯᠢᠭᠲᠠᠢ ᠪᠤᠷᠤᠭᠠᠨ ᠬᠤᠷ᠎ᠠ ᠤᠷᠤᠭᠰᠠᠨ ᠦᠭᠡᠢ᠂ ᠬᠥᠷᠥᠰᠥᠨ ᠤ ᠴᠢᠭᠢᠭ ᠤᠨ ᠠᠭᠤᠷᠰᠢᠯ ᠬᠦᠨᠳᠦ ᠪᠠᠶᠢᠵᠤ᠂ ᠪᠦᠬᠦ ᠣᠷᠣᠨ ᠤ ᠤᠰᠤ ᠴᠢᠭᠢᠭ ᠳᠤᠲᠠᠭᠳᠠᠬᠤ ᠲᠠᠯᠠᠪᠠᠶ 2630 ᠲᠦᠮᠡᠨ ᠮᠥ ᠳᠤ ᠬᠦᠷᠴᠦ᠂ 647 ᠲᠦᠮᠡᠨ ᠮᠦ ᠲᠠᠷᠢᠮᠠᠯ ᠭᠠᠩᠳᠠᠵᠤ᠂ ᠭᠠᠩ ᠭᠠᠴᠢᠭ ᠤᠨ ᠬᠠᠷᠠᠭ᠎ᠠ ᠪᠠᠷ 12 ᠲᠦᠮᠡᠨ ᠬᠥᠮᠦᠨ᠂ 101 ᠲᠦᠮᠡᠨ ᠮᠠᠯ ᠎ ᠳᠤ ᠤᠤᠭᠤᠬᠤ ᠤᠰᠤᠨ ᠤ ᠬᠦᠴᠢᠷᠳᠡᠯ ᠲᠤᠯᠭᠠᠷᠠᠪᠠ᠃ ᠣᠳᠣᠬᠠᠨ ᠪᠣᠯᠲᠠᠯ᠎ᠠ᠂ ᠥᠪᠥᠷ ᠮᠣᠩᠭᠤᠯ ᠲᠦᠪ ᠤᠨ ᠲᠠᠷᠢᠶᠠᠯᠠᠩ ᠮᠠᠯ ᠠᠵᠤ ᠠᠬᠤᠶ ᠶᠢᠨ ᠦᠢᠯᠡᠳᠪᠦᠷᠢᠯᠡᠯ ᠤᠨ ᠭᠠᠮᠰᠢᠭ ᠠᠴᠠ ᠠᠪᠤᠷᠠᠬᠤ ᠪᠠ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ ᠶᠢ ᠨᠡᠶᠢᠲᠡ 1.6 ᠳ᠋ᠦᠩᠰᠢᠭᠤᠷ ᠲᠥᠭᠦᠷᠢᠭ ᠤᠯᠪᠠ᠃ ᠮᠠᠯᠵᠢᠬᠤ ᠣᠷᠣᠨ ᠤ ᠭᠠᠩ ᠬᠠᠭᠰᠠᠷᠠᠭᠠᠨ ᠮᠥᠨ ᠯᠡ ᠬᠡᠴᠡᠭᠦᠳᠡᠵᠦ ᠪᠠᠶᠢᠭ᠎ᠠ ᠪᠠᠶᠢᠳᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠲᠡᠷᠢᠭᠦᠯᠡᠭᠴᠢ ᠶᠢᠨ ᠪᠡᠯᠡᠳᠬᠡᠯ ᠵᠠᠷᠤᠳᠠᠯ ᠢ ᠬᠤᠶᠠᠷ ᠤᠳᠠᠭ᠎ᠠ ᠨᠡᠶᠢᠲᠡ 6000 ᠲᠦᠮᠡᠨ ᠲᠦᠬᠦᠷᠢᠭ ᠬᠦᠳᠡᠯᠭᠡᠵᠦ᠂ ᠵᠡᠭᠦᠨ ᠬᠡᠰᠡᠭ ᠤᠨ ᠮᠠᠯᠵᠢᠬᠤ ᠣᠷᠣᠨ ᠤ ᠭᠠᠩ ᠬᠠᠭᠰᠠᠷᠠᠭᠠᠨ ᠲᠠᠢ ᠲᠡᠮᠡᠴᠡᠵᠦ ᠭᠠᠮᠰᠢᠭ ᠠᠴᠠ ᠠᠪᠤᠷᠠᠬᠤ ᠳᠤ ᠬᠡᠷᠡᠭᠯᠡᠪᠡ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号