ᠥᠪᠥᠷ ᠮᠣᠩᠭᠤᠯ ᠡᠯ᠎ᠡ ᠲᠦᠷᠦᠯ ᠤᠨ ᠤᠰᠤ ᠠᠷᠪᠢᠯᠠᠬᠤ ᠵᠢᠱᠢᠶ᠎ᠡ ᠦᠵᠡᠭᠦᠯᠬᠦ ᠠᠴᠢᠶᠠᠯᠠᠭᠴᠢ ᠶᠢ 400 ᠭᠠᠷᠤᠶ ᠪᠠᠶᠢᠭᠤᠯᠪᠠ
ᠨᠡᠶᠢᠲᠡᠯᠡᠭᠰᠡᠨ ᠴᠠᠭ᠄
2017/8/16
     ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠵᠤ᠂ ᠰᠢᠰᠲ᠋ᠧᠮ ᠲᠠᠢ ᠵᠠᠰᠠᠵᠤ᠂ ᠬᠤᠶᠠᠷ ᠲᠠᠯ᠎ᠠ ᠪᠠᠷ ᠬᠦᠴᠦᠯᠡᠬᠦ︾ ᠤᠰᠤᠨ ᠠᠰᠢᠭᠯᠠᠯᠲᠠ ᠶᠢᠨ ᠠᠵᠢᠯ ᠤᠨ ᠴᠢᠭᠯᠡᠯᠲᠡ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠰᠤ ᠶᠢ ᠠᠷᠪᠢᠯᠠᠨ ᠭᠠᠮᠨᠠᠬᠤ ᠶᠠᠪᠤᠳᠠᠯ ᠢ ᠠᠵᠤ ᠠᠬᠤᠶ ᠨᠡᠶᠢᠭᠡᠮ ᠤᠨ ᠬᠥᠭᠵᠢᠯᠲᠡ ᠪᠣᠯᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠵᠤ᠂ ᠤᠰᠤᠨ ᠤ ᠡᠬᠢ ᠪᠠᠶᠠᠯᠢᠭ ᠤᠨ ᠬᠤᠷᠣᠭᠳᠠᠯ ᠤᠨ ᠶᠡᠷᠦᠩᠬᠡᠶ ᠬᠡᠮᠵᠢᠶ᠎ᠡ ᠪᠠ ᠬᠤᠷᠣᠭᠳᠠᠭᠤᠯᠤᠯ ᠤᠨ ᠡᠷᠴᠢᠮ ᠤᠨ ᠴᠢᠩᠭ᠎ᠠ ᠬᠢᠵᠠᠭᠠᠷᠯᠠᠯ ᠢᠶᠠᠷ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠮᠠᠶ᠋ᠢᠭ ᠪᠠ ᠤᠰᠤ ᠬᠡᠷᠡᠭᠯᠡᠬᠦ ᠠᠷᠭ᠎ᠠ ᠮᠠᠶ᠋ᠢᠭ ᠢ ᠬᠤᠪᠢᠷᠠᠭᠤᠯᠬᠤ ᠶᠢ ᠠᠬᠢᠭᠤᠯᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠢᠯᠡᠳᠲᠡ ᠠᠮᠵᠢᠯᠲᠠ ᠪᠦᠲᠦᠮᠵᠢ ᠣᠯᠵᠠᠶ᠃ 2016 ᠣᠨ ᠎ ᠳᠤ᠂ ᠪᠦᠬᠦ ᠣᠷᠣᠨ ᠤ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ 190.29 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠪᠦᠬᠦ ᠣᠷᠣᠨ ᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠢ 2010 ᠣᠨ ᠳᠤ 5618.4 ᠳ᠋ᠦᠩᠰᠢᠭᠤᠷ ᠲᠥᠭᠦᠷᠢᠭ ᠪᠠᠶᠢᠭᠰᠠᠨ ᠠᠴᠠ ᠨᠢ 2016 ᠣᠨ ᠳᠤ 7758.24 ᠳ᠋ᠦᠩᠰᠢᠭᠤᠷ ᠲᠥᠭᠦᠷᠢᠭ ᠪᠣᠯᠲᠠᠯ᠎ᠠ ᠨᠡᠮᠡᠭᠳᠡᠭᠦᠯᠬᠦ ᠶᠢ ᠪᠠᠲᠤᠯᠠᠭᠰᠠᠨ ᠤ ᠬᠠᠮᠲᠤ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠤᠰᠤ ᠬᠡᠷᠡᠭᠯᠡᠬᠦ ᠬᠡᠮᠵᠢᠶ᠎ᠡ ᠶᠢ 2010 ᠣᠨ ᠳᠤ ᠲᠦᠮᠡᠨ ᠲᠥᠭᠦᠷᠢᠭ ᠪᠦᠷᠢ ᠳᠤ 40.19 ᠪᠣᠰᠤᠭ᠎ᠠ ᠳᠥᠷᠪᠡᠯᠵᠢᠨ ᠮᠧᠲᠷ ᠪᠠᠶᠢᠭᠰᠠᠨ ᠠᠴᠠ ᠨᠢ 2016 ᠣᠨ ᠳᠤ ᠲᠦᠮᠡᠨ ᠲᠥᠭᠦᠷᠢᠭ ᠪᠦᠷᠢ ᠳᠤ 22.4 ᠪᠣᠰᠤᠭ᠎ᠠ ᠳᠥᠷᠪᠡᠯᠵᠢᠨ ᠮᠧᠲᠷ ᠬᠦᠷᠲᠡᠯ᠎ᠡ ᠪᠠᠭᠠᠰᠬᠠᠬᠤ ᠶᠢ ᠪᠡᠶᠡᠯᠡᠭᠦᠯᠪᠡ︔ ᠲᠠᠷᠢᠶᠠᠨ ᠭᠠᠵᠠᠷ ᠤᠨ ᠤᠰᠤᠯᠠᠯᠲᠠ ᠶᠢᠨ ᠪᠦᠲᠦᠮᠵᠢᠲᠦ ᠠᠰᠢᠭᠯᠠᠯᠲᠠ ᠶᠢᠨ ᠢᠯᠡᠳᠬᠡᠮᠵᠢ ᠲᠤᠭ᠎ᠠ 0.53᠎ ᠳᠤ ᠬᠦᠷᠴᠡᠶ᠃      ᠥᠪᠥᠷ ᠮᠣᠩᠭᠤᠯ ᠪᠣᠯ ᠡᠬᠡ ᠤᠯᠤᠰ ᠤᠨ ᠤᠮᠠᠷᠠᠲᠤ ᠶᠢᠨ ᠬᠢᠯᠢ ᠬᠢᠵᠠᠭᠠᠷ ᠲᠤ ᠪᠠᠶᠢᠷᠢᠯᠠᠵᠤ᠂ ᠨᠤᠲᠤᠭ ᠳᠡᠪᠢᠰᠬᠡᠷ ᠥᠷᠭᠡᠨ ᠠᠭᠤᠳᠠᠮ᠂ ᠭᠠᠵᠠᠷ ᠤᠨ ᠪᠠᠶᠢᠴᠠ ᠪᠤᠳᠤᠯᠢᠶᠠᠨᠲᠠᠶ ᠪᠥᠭᠡᠳ ᠣᠯᠠᠨ ᠶᠠᠩᠵᠤ ᠪᠠᠶᠢᠳᠠᠭ᠂ ᠶᠡᠭᠡ ᠪᠠᠭ᠎ᠠ ᠭᠤᠣᠯ ᠮᠥᠷᠡᠨ 4000 ᠭᠠᠷᠤᠶ ᠵᠦᠢᠯ ᠪᠠᠶᠢᠵᠤ᠂ ᠡᠭᠦᠨ ᠳᠤ 1000 ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠰᠠᠪᠠ ᠭᠠᠵᠠᠷ ᠤᠨ ᠲᠠᠯᠠᠪᠠᠶ ᠨᠢ 296 ᠪᠠᠶᠢᠵᠤ᠂ ᠪᠥᠬᠦ ᠣᠷᠣᠨ ᠤ ᠣᠯᠠᠨ ᠵᠢᠯ ᠤᠨ ᠳᠤᠮᠳᠠᠴᠢ ᠤᠰᠤᠨ ᠤ ᠡᠬᠢ ᠪᠠᠶᠠᠯᠢᠭ ᠤᠨ ᠶᠡᠷᠦᠩᠬᠡᠶ ᠬᠡᠮᠵᠢᠶ᠎ᠡ 545.95 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠪᠠᠶᠢᠨ᠎ᠠ᠃      ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠶᠢᠨ ᠳᠣᠰᠠᠳᠠ᠂ ᠥᠪᠡᠷᠲᠡᠭᠡᠨ ᠵᠠᠰᠠᠬᠤ ᠣᠷᠣᠨ ᠤᠰᠤ ᠠᠷᠪᠢᠯᠠᠵᠤ ᠠᠮᠤ ᠪᠤᠳᠠᠭ᠎ᠠ ᠶᠢ ᠨᠡᠮᠡᠭᠳᠡᠭᠦᠯᠬᠦ᠂ ᠲᠤᠮᠤ ᠳᠤᠮᠳᠠ ᠬᠡᠯᠪᠡᠷᠢ ᠶᠢᠨ ᠤᠰᠤᠯᠠᠯᠲᠠ ᠶᠢᠨ ᠣᠷᠣᠨ ᠳᠤ ᠤᠰᠤ ᠠᠷᠪᠢᠯᠠᠬᠤ ᠥᠭᠡᠷᠡᠴᠢᠯᠡᠯᠲᠡ ᠬᠢᠬᠦ᠂ ᠤᠰᠤᠨ ᠤ ᠡᠷᠬᠡ ᠶᠢ ᠰᠢᠯᠵᠢᠭᠦᠯᠦᠨ ᠥᠭᠬᠦ ᠵᠡᠷᠭᠡ ᠲᠠᠷᠢᠶᠠᠯᠠᠩ ᠤᠨ ᠤᠰᠤ ᠠᠷᠪᠢᠯᠠᠬᠤ ᠤᠰᠤᠯᠠᠯᠲᠠ ᠶᠢᠨ ᠪᠠᠷᠢᠯᠭ᠎ᠠ ᠶᠢᠨ ᠪᠦᠳᠦᠬᠡᠨ ᠪᠠᠶᠢᠭᠤᠯᠤᠯᠲᠠ ᠶᠢ ᠭᠤᠣᠯᠳᠠᠯᠭ᠎ᠠ ᠲᠠᠢ ᠥᠷᠨᠢᠭᠦᠯᠵᠦ᠂ ᠥᠪᠥᠷ ᠮᠣᠩᠭᠤᠯ ᠤᠨ ᠠᠮᠤ ᠪᠤᠳᠠᠭᠠᠨ ᠤ ᠠᠮᠤᠷ ᠲᠦᠪᠰᠢᠨ᠂ ᠠᠮᠢ ᠠᠬᠤᠶ ᠶᠢᠨ ᠠᠮᠤᠷ ᠲᠦᠪᠰᠢᠨ ᠪᠠ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠳᠤ ᠬᠦᠴᠦᠲᠡᠶ ᠪᠠᠲᠤᠯᠠᠭ᠎ᠠ ᠣᠯᠭᠤᠪᠠ᠃ ᠡᠭᠦᠨ ᠤ ᠬᠠᠮᠲᠤ᠂ ᠨᠢᠭᠡᠨᠲᠡ ᠪᠠᠶᠢᠭᠤᠯᠤᠭᠰᠠᠨ ᠲᠥᠷᠥᠯ ᠵᠦᠢᠯ ᠤᠨ ᠤᠰᠤ ᠬᠡᠷᠡᠭᠯᠡᠬᠦ ᠬᠠᠮᠢᠶᠠᠷᠤᠯᠲᠠ ᠪᠠ ᠤᠰᠤᠨ ᠤ ᠲᠡᠩᠴᠡᠭᠦᠷᠢ ᠶᠢ ᠰᠢᠯᠭᠠᠨ ᠬᠡᠮᠵᠢᠬᠦ ᠬᠠᠮᠢᠶᠠᠷᠤᠯᠲᠠ ᠶᠢᠨ ᠲᠥᠯᠥᠪᠯᠡᠭᠡ ᠶᠢ ᠴᠢᠩᠭᠠᠳᠬᠠᠵᠤ᠂ ᠰᠢᠨ᠎ᠡ ᠪᠠᠷ ᠪᠠᠶᠢᠭᠤᠯᠬᠤ ᠠᠵᠤ ᠦᠢᠯᠡᠳᠪᠦᠷᠢ ᠶᠢᠨ ᠲᠥᠷᠥᠯ ᠵᠦᠢᠯ ᠤᠨ ᠤᠰᠤ ᠠᠷᠪᠢᠯᠠᠬᠤ ᠬᠢᠷᠢ ᠬᠡᠮᠵᠢᠶ᠎ᠡ ᠶᠢ ᠡᠷᠴᠢᠮᠲᠡᠢ ᠳᠥᠯᠭᠢᠨ ᠠᠬᠢᠭᠤᠯᠵᠠᠢ᠃ ᠬᠤᠳᠠ ᠪᠠᠯᠭᠠᠰᠤᠨ ᠤ ᠠᠮᠢᠳᠤᠷᠠᠯ ᠤᠨ ᠬᠡᠷᠡᠭᠯᠡᠭᠡᠨ ᠤ ᠤᠰᠤ ᠠᠷᠪᠢᠯᠠᠬᠤ ᠠᠯᠪᠠᠳᠠᠯᠭ᠎ᠠ ᠶᠢᠨ ᠴᠢᠨᠠᠷᠲᠠᠶ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠵᠦ᠂ ᠪᠦᠬᠦ ᠣᠷᠣᠨ ᠤ 12 ᠠᠶᠢᠮᠠᠭ ᠬᠤᠳᠠ ᠶᠢᠨ ᠪᠠᠶᠢᠭ᠎ᠠ ᠭᠠᠵᠠᠷ ᠲᠤ ᠰᠠᠭᠤᠭᠠᠯᠢ ᠠᠷᠠᠳ ᠤᠨ ᠱᠠᠲᠤᠯᠢᠭ ᠤᠰᠤᠨ ᠤ ᠦᠨ᠎ᠡ ᠶᠢᠨ ᠲᠥᠷᠢᠮ᠂ ᠰᠠᠭᠤᠭᠠᠯᠢ ᠠᠷᠠᠳ ᠤᠨ ᠪᠤᠰᠤ ᠬᠡᠷᠡᠭᠯᠡᠬᠦ ᠤᠰᠤᠨ ᠤ ᠲᠥᠯᠥᠪᠯᠡᠭᠡ ᠠᠴᠠ ᠳᠠᠪᠠᠭᠤᠯᠤᠭᠰᠠᠨ ᠪᠤᠶᠤ ᠲᠣᠭᠲᠠᠭᠰᠠᠨ ᠨᠤᠷᠮ᠎ᠠ ᠠᠴᠠ ᠳᠠᠪᠠᠭᠤᠯᠤᠭᠰᠠᠨ ᠢ ᠠᠬᠢᠭᠤᠯᠤᠨ ᠪᠤᠳᠤᠵᠤ ᠦᠨ᠎ᠡ ᠨᠡᠮᠡᠬᠦ ᠲᠥᠷᠢᠮ ᠢ ᠨᠡᠶᠢᠲᠡᠯᠡᠨ ᠬᠡᠷᠡᠭᠵᠢᠭᠦᠯᠵᠦ᠂ ᠠᠮᠢᠳᠤᠷᠠᠯ ᠤᠨ ᠬᠡᠷᠡᠭᠯᠡᠭᠡᠨ ᠤ ᠤᠰᠤ ᠶᠢ ᠪᠦᠷᠢᠯᠭᠡᠨ ᠰᠦᠢᠳᠬᠡᠬᠦ ᠦᠵᠡᠭᠳᠡᠯ ᠢ ᠢᠳᠡᠭ ᠢᠳᠡᠭ ᠢᠶᠠᠷ ᠪᠠᠭᠠᠰᠬᠠᠵᠠᠢ᠃      ᠥᠪᠥᠷ ᠮᠣᠩᠭᠤᠯ ᠪᠠᠰᠠ ᠤᠰᠤ ᠬᠡᠷᠡᠭᠯᠡᠬᠦ ᠶᠢ ᠬᠢᠨᠠᠨ ᠡᠵᠡᠮᠳᠡᠬᠦ ᠬᠠᠮᠢᠶᠠᠷᠤᠯᠲᠠ ᠪᠠᠨ ᠴᠢᠩᠭᠠᠳᠬᠠᠨ᠂ ᠤᠰᠤ ᠶᠢ ᠲᠥᠯᠥᠪᠦᠷᠢ ᠲᠠᠢ ᠪᠠᠷ ᠬᠡᠷᠡᠭᠯᠡᠬᠦ ᠲᠦᠷᠢᠮ ᠢ ᠴᠢᠩᠭ᠎ᠠ ᠬᠡᠷᠡᠭᠵᠢᠭᠦᠯᠵᠦ᠂ ᠠᠵᠤ ᠠᠬᠤᠶ ᠶᠢᠨ ᠬᠥᠰᠢᠭᠦᠷᠭᠡ ᠪᠠᠷ ᠤᠰᠤ ᠶᠢ ᠵᠦᠢ ᠵᠣᠬᠢᠰᠲᠠᠶ ᠨᠡᠭᠡᠭᠡᠨ ᠠᠰᠢᠭᠯᠠᠬᠤ ᠶᠢ ᠠᠬᠢᠭᠤᠯᠤᠨ᠂ ᠰᠢᠯᠢᠳᠡᠭᠵᠢᠭᠦᠯᠦᠨ ᠲᠣᠬᠢᠷᠠᠭᠤᠯᠤᠭᠰᠠᠨ ᠪᠠ ᠠᠷᠪᠢᠯᠠᠨ ᠬᠠᠮᠠᠭᠠᠯᠠᠵᠠᠢ᠃ ᠲᠥᠯᠥᠪᠯᠡᠭᠡ᠂ ᠲᠣᠭᠲᠠᠭᠰᠠᠨ ᠬᠡᠮᠵᠢᠶ᠎ᠡ ᠠᠴᠠ ᠪᠠᠨ ᠳᠠᠪᠠᠭᠤᠯᠤᠨ ᠤᠰᠤ ᠬᠡᠷᠡᠭᠯᠡᠬᠦ ᠳᠤ᠂  ᠠᠬᠢᠭᠤᠯᠤᠨ ᠪᠤᠳᠤᠵᠤ ᠦᠨ᠎ᠡ ᠨᠡᠮᠡᠬᠦ ᠬᠡᠯᠪᠡᠷᠢ ᠪᠠᠷ ᠤᠰᠤᠨ ᠤ ᠵᠠᠷᠤᠳᠠᠯ ᠲᠠᠲᠠᠪᠤᠷᠢᠯᠠᠭᠰᠠᠨ ᠪᠦᠭᠡᠳ ᠲᠤᠰ ᠱᠠᠲᠤᠨ ᠤ ᠤᠰᠤᠨ ᠤ ᠵᠠᠷᠤᠳᠠᠯ ᠢ ᠥᠪᠡᠷᠲᠡᠭᠡᠨ ᠵᠠᠰᠠᠭ ᠤᠷᠤᠨ ᠤ ᠡᠳ᠋ ᠤᠨ ᠵᠠᠰᠠᠭ ᠤᠨ ᠲᠥᠰᠦᠪ ᠲᠤ ᠣᠷᠤᠭᠤᠯᠵᠤ᠂ ᠭᠤᠣᠯᠳᠠᠭᠤ ᠤᠰᠤ ᠠᠷᠪᠢᠯᠠᠬᠤ᠂ ᠬᠠᠮᠠᠭᠠᠯᠠᠬᠤ ᠪᠠ ᠬᠠᠮᠢᠶᠠᠷᠬᠤ ᠳᠤ ᠬᠡᠷᠡᠭᠯᠡᠵᠡᠢ᠃ 2016 ᠣᠨ ᠳᠤ᠂ ᠥᠪᠥᠷ ᠮᠣᠩᠭᠤᠯ ᠨᠡᠶᠢᠲᠡ 1 ᠲᠦᠮᠡ ᠭᠠᠷᠤᠶ ᠡᠷᠦᠬᠡ ᠶᠢ ᠤᠰᠤ ᠬᠡᠷᠡᠭᠯᠡᠬᠦ ᠶᠢ ᠵᠥᠪᠰᠢᠶᠡᠷᠡᠬᠦ ᠬᠠᠮᠢᠶᠠᠷᠤᠯᠲᠠ ᠳᠤ ᠣᠷᠤᠭᠤᠯᠤᠭᠰᠠᠨ ᠪᠠ ᠤᠯᠠᠨ ᠨᠡᠶᠢᠲᠡ ᠶᠢᠨ ᠬᠤᠭᠤᠯᠠᠶ ᠭᠤᠤᠷᠰᠤ ᠶᠢᠨ ᠲᠣᠣᠷ ᠤᠨ ᠪᠦᠷᠬᠦᠴᠡ ᠶᠢᠨ ᠬᠡᠪᠴᠢᠶᠡᠨ ᠳᠠᠬᠢ ᠵᠠᠷᠢᠮ ᠤᠰᠤ ᠬᠡᠷᠡᠭᠯᠡᠬᠦ ᠲᠣᠮᠤ ᠡᠷᠦᠬᠡ ᠳᠤ ᠲᠦᠯᠦᠪᠯᠡᠭᠡ ᠲᠠᠢ ᠪᠠᠷ ᠤᠰᠤ ᠬᠡᠷᠡᠭᠯᠡᠬᠦ ᠬᠠᠮᠢᠶᠠᠷᠤᠯᠲᠠ ᠶᠢ ᠬᠡᠷᠡᠭᠵᠢᠭᠦᠯᠵᠦ᠂ ᠲᠥᠯᠥᠪᠯᠡᠭᠡ ᠠᠴᠠ ᠪᠠᠨ ᠳᠠᠪᠠᠭᠤᠯᠤᠨ ᠤᠰᠤ ᠬᠡᠷᠡᠭᠯᠡᠭᠰᠡᠨ ᠡᠷᠦᠬᠡ ᠳᠤ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠵᠡᠢ᠃ ᠪᠦᠬᠦ ᠣᠷᠣᠨ ᠤ ᠡᠯ᠎ᠡ ᠱᠠᠲᠤᠨ ᠤ ᠲᠠᠲᠠᠪᠤᠷᠢᠯᠠᠭᠰᠠᠨ ᠤᠰᠤᠨ ᠵᠠᠷᠤᠳᠠᠯ ᠨᠢ 9.02 ᠳ᠋ᠥᠩᠰᠢᠭᠤᠷ ᠲᠥᠭᠦᠷᠢᠭ ᠲᠤ ᠬᠦᠷᠴᠦ᠂ 2015 ᠣᠨ ᠤ ᠬᠢ ᠠᠴᠠ 48% ᠳᠡᠭᠡᠭᠰᠢᠯᠡᠪᠡ᠃      ᠥᠪᠥᠷ ᠮᠣᠩᠭᠤᠯ ᠤᠰᠤ ᠠᠷᠪᠢᠯᠠᠬᠤ ᠠᠴᠢᠶᠠᠯᠠᠪᠤᠷᠢ ᠶᠢᠨ ᠪᠥᠳᠥᠭᠡᠨ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠠᠢ᠃ 2007 ᠣᠨ ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ ᠨᠡᠶᠢᠲᠡ 2500 ᠲᠦᠮᠡᠨ ᠲᠥᠭᠦᠷᠢᠭ ᠤᠨ ᠤᠰᠤᠨ ᠤ ᠵᠠᠷᠤᠳᠠᠯ ᠲᠣᠬᠢᠷᠠᠭᠤᠯᠵᠤ᠂ 5 ᠪᠦᠯᠦᠭ ᠬᠤᠪᠢᠶᠠᠨ ᠤᠰᠤ ᠠᠷᠪᠢᠯᠠᠬᠤ ᠬᠡᠯᠪᠡᠷᠢ ᠶᠢᠨ 130 ᠨᠢᠭᠡᠴᠡ ᠶᠢ ︽ᠱᠠᠩᠨᠠᠯ ᠢᠶᠠᠷ ᠨᠦᠬᠦᠪᠦᠷᠢ ᠶᠢ ᠣᠷᠣᠯᠠᠭᠤᠯᠬᠤ︾ ᠠᠷᠭ᠎ᠠ ᠪᠠᠷ ᠬᠥᠬᠢᠭᠦᠯᠦᠨ ᠰᠠᠶᠢᠰᠢᠶᠠᠪᠠ᠃ ᠪᠣᠯᠣᠳ ᠲᠡᠮᠦᠷ᠂ ᠴᠢᠯᠠᠭᠤᠨ ᠲᠣᠰᠣ ᠪᠣᠯᠪᠠᠰᠤᠷᠠᠭᠤᠯᠬᠤ᠂ ᠨᠡᠬᠡᠮᠡᠯ ᠤᠨ ᠳᠠᠷᠤᠮᠠᠯᠯᠠᠨ ᠪᠤᠳᠤᠬᠤ᠂ ᠴᠠᠭᠠᠰᠤ ᠦᠢᠯᠡᠳᠪᠦᠷᠢᠯᠡᠬᠦ ᠪᠠ ᠢᠯᠴᠢ ᠶᠢᠨ ᠴᠠᠬᠢᠯᠭᠠᠨ ᠵᠡᠷᠭᠡ ᠤᠰᠤ ᠶᠡᠭᠡ ᠬᠤᠷᠣᠭᠳᠠᠭᠤᠯᠳᠠᠭ 5 ᠠᠵᠢᠯ ᠲᠦᠷᠦᠯ ᠳᠤ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ ᠪᠠᠶᠢᠭᠤᠯᠤᠭᠰᠠᠨ ᠨᠤᠷᠮ᠎ᠠ 63%᠎ ᠳᠤ ᠬᠦᠷᠪᠡ᠃ ᠲᠡᠷᠡᠴᠢᠯᠡᠨ ᠤᠰᠤ ᠬᠡᠷᠡᠭᠯᠡᠬᠦ ᠬᠠᠮᠢᠶᠠᠷᠤᠯᠲᠠ ᠶᠢ ᠵᠢᠷᠤᠮᠵᠢᠭᠤᠯᠤᠨ᠂ ᠤᠰᠤ ᠬᠡᠷᠡᠭᠯᠡᠬᠦ ᠬᠢᠨᠠᠨ ᠪᠣᠳᠤᠯᠲᠠ ᠶᠢ ᠴᠢᠩᠭᠠᠳᠬᠠᠵᠤ᠂ ᠤᠰᠤᠨ ᠤ ᠦᠨ᠎ᠡ ᠶᠢᠨ ᠲᠣᠭᠲᠠᠴᠠ ᠶᠢ ᠪᠠᠶᠢᠭᠤᠯᠤᠨ᠂ ᠳᠠᠬᠢᠯᠳᠠ ᠤᠰᠤ ᠶᠢ ᠠᠰᠢᠭᠯᠠᠬᠤ ᠵᠡᠷᠭᠡ ᠠᠷᠭ᠎ᠠ ᠪᠠᠷᠢᠯ ᠢᠶᠠᠷ ᠳᠠᠮᠵᠢᠭᠤᠯᠵᠤ᠂ ᠰᠢᠶᠠᠨ ᠤ ᠬᠡᠪᠴᠢᠶ᠎ᠡ ᠪᠠᠷ ᠨᠢᠭᠡᠴᠡ ᠪᠣᠯᠭᠠᠭᠰᠠᠨ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠪᠡ᠃ ᠨᠢᠳᠤᠨᠤᠨ ᠤ ᠵᠢᠯ ᠤᠨ ᠡᠴᠦᠰ ᠪᠣᠯᠲᠠᠯ᠎ᠠ᠂ ᠪᠥᠬᠦ ᠣᠷᠣᠨ ᠳᠤ ᠤᠰᠤ ᠠᠷᠪᠢᠯᠠᠬᠤ ᠬᠡᠯᠪᠡᠷᠢ ᠶᠢᠨ ᠠᠵᠤ ᠠᠬᠤᠶᠢᠯᠠᠯ᠂ ᠠᠯᠪᠠᠨ ᠪᠠᠶᠢᠭᠤᠯᠭ᠎ᠠ᠂ ᠰᠤᠷᠭᠠᠭᠤᠯᠢ᠂ ᠬᠡᠦᠬᠡᠳ ᠤᠨ ᠴᠡᠴᠡᠷᠯᠢᠭ᠂ ᠨᠡᠶᠢᠭᠡᠮ ᠲᠣᠭᠤᠷᠢᠭ ᠵᠡᠷᠭᠡ ᠡᠯ᠎ᠡ ᠲᠥᠷᠦᠯ ᠤᠨ ᠤᠰᠤ ᠠᠷᠪᠢᠯᠠᠬᠤ ᠵᠢᠱᠢᠶ᠎ᠡ ᠦᠵᠡᠭᠦᠯᠬᠦ ᠠᠴᠢᠶᠠᠯᠠᠭᠴᠢ ᠶᠢ ᠨᠡᠶᠢᠲᠡ 400 ᠭᠠᠷᠤᠶ ᠪᠠᠶᠢᠭᠤᠯᠪᠠ᠃ 2016 ᠣᠨ ᠳᠤ᠂ ᠥᠪᠥᠷ ᠮᠣᠩᠭᠤᠯ ᠤᠨ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠰᠣᠶᠣᠯ ᠤᠨ ᠮᠦᠽᠧᠶ ᠨᠢ ᠪᠦᠬᠦ ᠤᠯᠤᠰ ᠤᠨ ᠬᠤᠶᠠᠳᠤᠭᠠᠷ ᠪᠦᠯᠦᠭ ᠤᠨ ᠤᠰᠤᠨ ᠤ ᠪᠠᠶᠢᠳᠠᠯ ᠤᠨ ᠬᠥᠮᠦᠵᠢᠯ ᠤᠨ ᠰᠠᠭᠤᠷᠢᠨ ᠭᠠᠵᠠᠷ ᠢᠶᠠᠷ ᠦᠨᠡᠯᠡᠭᠳᠡᠵᠦ᠂ ᠨᠢᠭᠡᠨᠲᠡ 10 ᠲᠦᠮᠡ ᠭᠠᠷᠤᠶ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ ᠤᠰᠤ ᠠᠷᠪᠢᠯᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠪᠣᠯᠪᠠᠰᠤᠷᠠᠯ ᠬᠦᠷᠲᠡᠭᠡᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号