ᠥᠪᠥᠷ ᠮᠣᠩᠭᠤᠯ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠵᠤ  10 ᠲᠦᠮᠡᠨ ᠬᠥᠮᠦᠨ ᠳᠤ ᠠᠵᠢᠯ ᠣᠯᠭᠤᠬᠤ ᠶᠢ ᠲᠠᠶᠢᠴᠢᠯᠠᠪᠠ
ᠨᠡᠶᠢᠲᠡᠯᠡᠭᠰᠡᠨ ᠴᠠᠭ᠄
2017/8/16
     ᠣᠳᠣᠬᠠᠨ ᠳᠤ ᠥᠪᠥᠷ ᠮᠣᠩᠭᠤᠯ ᠨᠢᠭᠡᠨᠲᠡ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠰᠢᠰᠲ᠋ᠧᠮᠵᠢ ᠶᠢ ᠠᠩᠬ᠎ᠠ ᠠᠯᠬᠤᠮ ᠪᠠᠶᠢᠭᠤᠯᠤᠨ᠂10 ᠲᠦᠮᠡᠨ ᠬᠦᠮᠥᠨ ᠳᠤ ᠠᠵᠢᠯ ᠣᠯᠭᠤᠬᠤ ᠶᠢ ᠳᠠᠶᠢᠴᠢᠯᠠᠪᠠ᠃      2015 ᠣᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮᠵᠢ ᠪᠠᠶᠢᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠤᠤᠯ ᠴᠣᠭᠴᠠ᠂ ᠦᠢᠯᠡᠴᠢᠯᠡᠭᠡᠨ ᠤ ᠠᠵᠤ ᠠᠬᠤᠶᠢᠯᠠᠯ ᠪᠣᠯᠣᠨ ᠣᠷᠣᠨ ᠪᠦᠰᠡ ᠶᠢᠨ ᠴᠢᠨᠠᠷᠲᠠᠶ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠨᠡᠶᠢᠭᠡᠮᠯᠢᠭ ᠵᠡᠷᠭᠡ ᠠᠵᠢᠯ ᠲᠦᠷᠦᠯ ᠤᠨ ᠵᠣᠬᠢᠶᠠᠨ ᠪᠠᠶᠢᠭᠤᠯᠤᠯᠲᠠ ᠶᠢ ᠪᠣᠶᠢᠵᠢᠭᠤᠯᠵᠤ᠂ ᠤᠯᠠᠨ ᠵᠦᠢᠯ ᠤᠨ ᠬᠡᠯᠪᠡᠷᠢ ᠪᠠᠷ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠪᠣᠯᠪᠠᠰᠤᠷᠠᠭᠤᠯᠤᠯ ᠢ ᠦᠷᠨᠢᠭᠦᠯᠦᠨ᠂ ᠦᠨᠳᠦᠰᠦᠨ ᠱᠠᠲᠤᠨ ᠤ ᠵᠠᠰᠠᠭ ᠤᠨ ᠣᠷᠳᠣᠨ᠂ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠪᠣᠯᠣᠨ ᠲᠠᠷᠢᠶᠠᠴᠢᠳ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠳᠡᠯᠭᠡᠷᠡᠭᠦᠯᠦᠨ ᠬᠡᠷᠡᠭᠯᠡᠬᠦ ᠴᠢᠳᠠᠪᠤᠷᠢ ᠶᠢ ᠨᠢ ᠳᠡᠭᠡᠭᠰᠢᠯᠡᠭᠦᠯᠦᠭᠰᠡᠨ ᠤ ᠬᠠᠮᠲᠤ ︽ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠲᠥᠷᠭᠡᠨ ᠬᠥᠭᠵᠢᠬᠦ ᠶᠢ ᠲᠦᠯᠬᠢᠨ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠎ ᠢ ᠲᠣᠭᠲᠠᠭᠠᠵᠤ᠂ ᠠ ᠯᠢ᠂ ᠵᠢᠩ ᠳ᠋ᠦᠩ᠂ ᠰᠦ ᠨᠢᠩ᠂ ᠰᠢᠦᠳᠠᠨ ᠦᠢᠯᠡᠰ ᠵᠡᠷᠭᠡ ᠪᠦᠬᠦ ᠤᠯᠤᠰ ᠤᠨ ᠴᠢᠨᠠᠷᠲᠠᠶ ᠲᠠᠪᠴᠠᠩ ᠢ ᠣᠷᠣᠭᠤᠯᠤᠨ ᠠᠪᠴᠢᠷᠠᠵᠤ᠂ ᠰᠢᠶᠠᠨ ᠤ ᠬᠡᠪᠴᠢᠶᠡᠨ ᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠶᠢᠨ ᠭᠤᠣᠯ ᠴᠣᠭᠴᠠ ᠶᠢ ᠪᠤᠵᠠᠭᠠᠶᠢᠷᠠᠭᠤᠯᠪᠠ᠃ ᠣᠳᠣᠬᠠᠨ ᠪᠣᠯᠲᠠᠯ᠎ᠠ᠂  10 ᠲᠦᠮᠡᠨ ᠬᠥᠮᠦᠨ ᠳᠤ ᠠᠵᠢᠯ ᠣᠯᠭᠤᠬᠤ ᠶᠢ ᠳᠠᠶᠢᠴᠢᠯᠠᠵᠤ᠂ ᠮᠠᠯᠵᠢᠬᠤ ᠲᠠᠷᠢᠶᠠᠯᠠᠬᠤ ᠣᠷᠣᠨ ᠤ ᠡᠯᠧᠺᠲᠷᠣᠨ ᠬᠤᠳᠠᠯᠳᠤᠭᠠᠨ ᠤ ᠬᠥᠭᠵᠢᠯᠲᠡ ᠶᠢᠨ ᠬᠠᠯᠠᠭᠤᠨ ᠥᠷᠨᠢᠯᠲᠡ ᠶᠢ ᠪᠣᠢ ᠪᠣᠯᠭᠠᠭᠰᠠᠨ ᠪᠠᠶᠢᠨ᠎ᠠ᠃  
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号