ᠳᠡᠭᠡᠷ᠎ᠡ ᠬᠠᠭᠠᠰ ᠵᠢᠯ ᠳᠤ ᠪᠥᠬᠦ ᠣᠷᠣᠨ ᠤ ᠠᠳᠠᠯ ᠦᠶᠯᠡᠰ ᠴᠤᠭᠴᠠᠯᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠦᠢᠯᠡᠳᠦᠯ ᠢᠯᠡᠳᠲᠡ ᠳᠤᠪᠤᠶᠢᠭᠰᠠᠨ ᠪᠠᠶᠢᠨ᠎ᠠ
ᠨᠡᠶᠢᠲᠡᠯᠡᠭᠰᠡᠨ ᠴᠠᠭ᠄
2017/8/16
     ᠡᠨᠡ ᠵᠢᠯ ᠤᠨ ᠳᠡᠭᠡᠷ᠎ᠡ ᠬᠠᠭᠠᠰ ᠵᠢᠯ ᠳᠤ᠂ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠰᠢᠨ᠎ᠡ ᠪᠠᠷ ᠳᠠᠩᠰᠠᠯᠠᠭᠤᠯᠤᠭᠰᠠᠨ ᠡᠷᠦᠬᠡ ᠶᠢᠨ ᠲᠤᠭ᠎ᠠ ᠰᠢᠨ᠎ᠡ ᠪᠠᠷ ᠳᠠᠩᠰᠠᠯᠠᠭᠤᠯᠤᠭᠰᠠᠨ ᠠᠵᠤ ᠠᠬᠤᠶᠢᠯᠠᠯ ᠤᠨ ᠶᠡᠷᠦᠩᠬᠡᠶ ᠲᠣᠭᠠᠨ ᠤ 93.58%᠎ ᠶᠢ ᠡᠵᠡᠯᠡᠵᠦ᠂ ᠳᠠᠩᠰᠠᠯᠠᠭᠤᠯᠤᠭᠰᠠᠨ ᠬᠦᠷᠦᠩᠭᠡ ︵ᠮᠥᠩᠭᠦ︶᠎ ᠨᠢ 56.31%᠎ ᠶᠢ ᠡᠵᠡᠯᠡᠪᠡ︔ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠰᠢᠨ᠎ᠡ ᠪᠠᠷ ᠳᠠᠩᠰᠠᠯᠠᠭᠤᠯᠤᠭᠰᠠᠨ ᠡᠷᠦᠬᠡ ᠶᠢᠨ ᠲᠤᠭ᠎ᠠ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠪᠦᠬᠦ ᠲᠤᠭᠠᠨ ᠤ 76.7%᠎ ᠶᠢ ᠡᠵᠡᠯᠡᠪᠡ᠃ ᠣᠳᠣᠬᠠᠨ ᠪᠣᠯᠲᠠᠯ᠎ᠠ᠂ ᠪᠦᠬᠦ ᠣᠷᠣᠨ ᠤ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠠᠵᠢᠯᠯᠠᠵᠤ ᠪᠠᠶᠢᠭ᠎ᠠ ᠬᠦᠮᠦᠨ ᠤ ᠲᠤᠭ᠎ᠠ 549.72 ᠲᠦᠮᠡ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6.0% ᠨᠡᠮᠡᠭᠳᠡᠪᠡ᠃ ᠠᠳᠠᠯ ᠦᠢᠯᠡᠰ ᠴᠤᠭᠴᠠᠯᠠᠵᠤ ᠰᠢᠨ᠎ᠡ ᠶᠢ ᠡᠭᠦᠳᠬᠦ ᠬᠥᠮᠦᠰ ᠲᠥᠪᠯᠡᠷᠡᠭᠰᠡᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠬᠢᠭᠡᠳ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠦᠷᠭᠦᠯᠵᠢᠯᠡᠨ ᠨᠡᠮᠡᠭᠳᠡᠬᠦ ᠪᠠᠶᠢᠳᠠᠯ ᠲᠠᠢ ᠪᠠᠶᠢᠨ᠎ᠠ᠃ 5.2 ᠲᠦᠮᠡᠨ ᠬᠦᠮᠦᠨ ᠪᠡᠯᠡ ᠤᠷᠤᠭᠤᠯᠤᠨ ᠬᠤᠪᠢ ᠶᠢᠨ ᠡᠵᠡᠩᠨᠡᠯᠲᠡ ᠶᠢᠨ ᠠᠵᠤ ᠠᠬᠤᠶᠢᠯᠠᠯ ᠪᠠᠶᠢᠭᠤᠯᠵᠤ᠂ 11.96 ᠲᠦᠮᠡᠨ ᠬᠦᠮᠦᠨ ᠳᠤ ᠠᠵᠢᠯ ᠤᠯᠭᠤᠪᠠ︔ 29.89 ᠲᠦᠮᠡᠨ ᠬᠥᠮᠦᠨ ᠬᠤᠪᠢ ᠶᠢᠨ ᠡᠵᠡᠩᠨᠡᠯᠲᠡ ᠶᠢᠨ ᠬᠦᠷᠢᠶᠡᠨ ᠎ ᠳᠤ ᠠᠵᠢᠯ ᠤᠯᠵᠤ᠂ ᠠᠵᠢᠯ ᠣᠯᠭᠤᠬᠤ ᠳᠠᠷᠤᠯᠲᠠ ᠶᠢ ᠪᠦᠲᠦᠮᠵᠢᠲᠡᠶ ᠪᠠᠷ ᠨᠠᠮᠳᠠᠭᠤᠯᠪᠠ᠃ ᠬᠤᠪᠢ ᠶᠢᠨ ᠡᠵᠡᠩᠨᠡᠯᠲᠡ ᠶᠢᠨ ᠠᠵᠤ ᠠᠬᠤᠶ ᠶᠢᠨ ᠬᠦᠷᠢᠶ᠎ᠡ ᠨᠢ ᠮᠠᠨ ᠤ ᠣᠷᠣᠨ ᠤ ᠠᠳᠠᠯ ᠦᠢᠯᠡᠰ ᠴᠣᠭᠴᠠᠯᠠᠬᠤ ᠶᠢ ᠵᠤᠷᠢᠭᠵᠢᠭᠤᠯᠬᠤ᠂ ᠠᠵᠢᠯ ᠤᠯᠭᠤᠨ ᠲᠥᠪᠬᠢᠨᠡᠭᠦᠯᠬᠦ ᠠᠷᠭ᠎ᠠ ᠵᠠᠮ ᠪᠤᠯᠵᠤ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号